ᠰᠢᠯᠤᠭᠤᠨ ᠬᠥᠬᠡ ᠬᠤᠰᠢᠭᠤᠨ ᠤ ᠮᠤᠩᠭᠤᠯ ᠦᠨᠳᠤᠰᠤᠲᠡᠨ ᠤ ᠳᠡᠭᠡᠳᠦ ᠵᠡᠷᠭᠡ ᠶᠢᠨ ᠳᠤᠮᠳᠠᠳᠦ ᠰᠤᠷᠭᠠᠭᠤᠯᠢ ᠎ ᠶᠢᠨ ᠮᠤᠩᠭᠤᠯ ᠬᠤᠪᠴᠠᠰᠦ ᠵᠠᠰᠠᠯ ᠤᠨ ᠤᠷ᠎ᠠ ᠮᠡᠷᠭᠡᠵᠢᠯ ᠤᠨ ᠳᠤᠰᠬᠠᠢ ᠮᠡᠷᠭᠡᠵᠢᠯ ᠤᠨ ᠠᠩᠬᠢ ᠶᠢᠨ  ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/6/12
                              ᠮᠠᠨ ᠤ ᠰᠤᠷᠭᠠᠭᠤᠯᠢ ᠨᠢ ᠮᠤᠩᠭᠤᠯ ᠦᠨᠳᠤᠰᠤᠲᠡᠨ ᠤ ᠪᠠᠨ ᠤᠯᠠᠮᠵᠢᠯᠠᠯᠲᠦ ᠬᠤᠪᠴᠠᠰᠦ ᠵᠠᠰᠠᠯ ᠤᠨ ᠤᠷᠠᠯᠢᠭ ᠢ ᠦᠪᠯᠡᠨ ᠤᠯᠠᠮᠵᠢᠯᠠᠵᠦ ᠬᠥᠭᠵᠢᠭᠦᠯᠬᠦ ᠪᠠ ᠦᠷᠭᠡᠨ ᠤᠯᠠᠨ  ᠮᠤᠩᠭᠤᠯ ᠬᠡᠷᠡᠭᠯᠡᠭᠴᠢᠳ ᠲᠤ ᠪᠠᠨ ᠨᠡᠩ ᠰᠠᠶᠢᠨ ᠤᠶᠢᠯᠡᠴᠢᠯᠡᠬᠦ ᠎ ᠶᠢᠨ ᠳᠤᠰᠠᠲᠠ ᠰᠤᠷᠭᠠᠭᠤᠯᠢ ᠳᠤ ᠪᠠᠨ ᠲᠤᠰ ᠳᠤᠰᠬᠠᠢ ᠮᠡᠷᠭᠡᠵᠢᠯ ᠳᠤ ᠳᠤᠷ᠎ᠠ ᠪᠠᠭ᠋ᠠᠲᠠᠢ ᠰᠤᠷᠤᠭᠴᠢᠳ ᠪᠠ ᠨᠡᠶᠢᠭᠡᠮ ᠤᠨ ᠠᠵᠢᠯ ᠲᠥᠷᠦᠯ ᠤᠨ ᠬᠦᠮᠤᠰ ᠲᠤ ᠬᠠᠨᠳᠤᠭᠤᠯᠤᠨ᠂ ᠮᠤᠩᠭᠤᠯ ᠬᠤᠪᠴᠠᠰᠦ ᠵᠠᠰᠠᠯ ᠤᠨ ᠡᠰᠬᠡᠵᠦ ᠤᠶᠤᠬᠤ ᠤᠷ᠎ᠠ ᠮᠡᠷᠭᠡᠵᠢᠯ ᠤᠨ ᠪᠤᠯᠪᠠᠰᠤᠷᠠᠯ ᠤᠨ ᠠᠩᠬᠢ ᠶᠢ ᠡᠷᠬᠢᠯᠡᠭᠰᠡᠭᠡᠷ ᠢᠷᠡᠭᠰᠡᠨ ᠪᠢᠯᠡ᠃ 2017 ᠣᠨ ᠠᠴᠠ ᠡᠬᠢᠯᠡᠨ ᠡᠳᠤᠭᠡ ᠬᠦᠷᠲᠡᠯ᠎ᠡ ᠬᠤᠶᠠᠷ ᠤᠳᠠᠭᠠᠨ ᠤ ᠪᠤᠯᠪᠠᠰᠤᠷᠠᠯ ᠳᠤ ᠨᠡᠶᠢᠲᠡ 75 ᠨᠡᠷ᠎ᠡ ᠰᠤᠷᠤᠭᠴᠢᠳ ᠤᠷᠤᠯᠴᠠᠨ᠂ ᠰᠤᠷᠤᠯᠭ᠎ᠠ ᠳᠡᠭᠦᠰᠬᠦ ᠦᠨᠡᠮᠯᠡᠯ ᠭᠠᠷᠳᠠᠭᠰᠠᠨ ᠪᠠᠶᠢᠨ᠎ᠠ᠃ ᠪᠤᠯᠪᠠᠰᠤᠷᠠᠯ ᠤᠨ ᠠᠩᠬᠢ ᠨᠢ ᠰᠤᠷᠤᠭᠴᠢᠳ ᠤᠨ ᠳᠤᠰᠬᠠᠢ ᠮᠡᠷᠭᠡᠵᠢᠯ ᠤᠨ ᠳᠡᠭᠡᠭᠰᠢᠯᠡᠯᠲᠡ ᠪᠠ ᠬᠠᠷᠢᠯᠴᠠᠨ ᠰᠤᠷᠤᠯᠴᠠᠬᠤ᠂ ᠳᠤᠷᠰᠢᠯᠭ᠎ᠠ ᠪᠠᠨ ᠰᠤᠯᠢᠯᠴᠠᠬᠤ ᠲᠠᠪᠴᠠᠩ ᠢ ᠬᠠᠩᠭᠠᠵᠤ᠂ ᠬᠤᠰᠢᠭᠤ ᠨᠤᠲᠤᠭ ᠤᠨ ᠰᠤᠶᠤᠯ ᠵᠢᠭᠤᠯᠴᠢᠯᠠᠯ ᠤᠨ ᠤᠶᠢᠯᠡᠰ  ᠪᠠ  ᠤᠯᠠᠮᠵᠢᠯᠠᠯᠲᠦ ᠮᠤᠩᠭᠤᠯ ᠬᠤᠪᠴᠠᠰᠦ ᠵᠠᠰᠠᠯ ᠤᠨ ᠠᠵᠦ ᠤᠶᠢᠯᠡᠰᠵᠢᠯ ᠳᠤ ᠳᠤᠲᠠᠭᠳᠠᠵᠤ ᠪᠤᠯᠤᠰᠢ ᠦᠭᠡᠢ ᠳᠤᠰᠬᠠᠢ ᠮᠡᠷᠭᠡᠵᠢᠯ ᠤᠨ ᠪᠠᠲᠦ ᠪᠠᠬᠢ ᠰᠠᠭᠤᠷᠢ ᠶᠢ ᠲᠠᠯᠪᠢᠵᠦ ᠪᠠᠶᠢᠨ᠎ᠠ᠃     ᠤᠯᠤᠰ ᠤᠷᠤᠨ ᠤ ᠠᠵᠦ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠲᠥᠪᠰᠢᠨ ᠡᠳᠦᠷ ᠠᠴᠠ ᠡᠳᠦᠷ ᠳᠡᠭᠡᠭᠰᠢᠯᠡᠵᠦ ᠪᠠᠶᠢᠭ᠎ᠠ ᠦᠨᠤᠲᠤᠷ ᠮᠤᠩᠭᠤᠯ ᠬᠤᠪᠴᠠᠰᠦ ᠵᠠᠰᠠᠯ ᠨᠢ ᠡᠩ ᠤᠨ ᠠᠮᠢᠳᠤᠷᠠᠯ ᠤᠨ ᠦᠷᠭᠡᠨ ᠬᠡᠷᠡᠭᠯᠡᠭᠡᠨ ᠳᠤ ᠤᠷᠤᠭᠰᠠᠨ ᠢᠶᠠᠷ ᠪᠠᠷᠠᠬᠤ ᠦᠭᠡᠢ ᠶᠠᠩᠵᠤ ᠬᠡᠯᠪᠡᠷᠢ᠂ ᠶᠠᠰᠦ ᠴᠢᠨᠠᠷ ᠲᠤ ᠲᠠᠰᠤᠷᠠᠯᠲᠡ ᠦᠭᠡᠢ ᠬᠤᠪᠢᠷᠠᠯᠲᠡ ᠭᠠᠷᠴᠦ᠂ ᠡᠰᠬᠡᠬᠦ ᠤᠶᠤᠬᠤ ᠤᠷ᠎ᠠ ᠮᠡᠷᠭᠡᠵᠢᠯ ᠪᠠ ᠵᠠᠬ᠎ᠠ ᠳᠡᠯᠭᠡᠭᠦᠷ ᠤᠨ ᠱᠠᠭᠠᠷᠳᠠᠯᠭ᠎ᠠ ᠴᠤ ᠡᠳᠦᠷ ᠠᠴᠠ ᠡᠳᠦᠷ ᠦᠨᠳᠤᠷ ᠪᠤᠯᠵᠤ ᠪᠠᠶᠢᠨ᠎ᠠ᠃ ᠮᠠᠨ ᠤ ᠰᠤᠷᠭᠠᠭᠤᠯᠢ ᠨᠢ ᠮᠤᠩᠭᠤᠯ ᠬᠤᠪᠴᠠᠰᠦ ᠵᠠᠰᠠᠯ ᠤᠨ ᠡᠰᠬᠡᠵᠦ ᠤᠶᠤᠬᠤ ᠤᠷ᠎ᠠ ᠮᠡᠷᠭᠡᠵᠢᠯ ᠤᠨ ᠠᠩᠬᠢ ᠶᠢ ᠦᠷᠭᠦᠯᠵᠢᠯᠡᠨ ᠴᠢᠨᠠᠷᠵᠢᠭᠤᠨ ᠡᠷᠬᠢᠯᠡᠵᠦ᠂ ᠭᠠᠵᠠᠷ ᠤᠷᠤᠨ ᠨᠡᠶᠢᠭᠡᠮ ᠨᠠᠶᠢᠲᠡ ᠶᠢᠨ ᠬᠡᠷᠡᠭᠯᠡᠭᠡᠨ ᠳᠤ ᠳᠤᠬᠢᠷᠠᠭᠰᠠᠨ ᠳᠤᠰᠬᠠᠢ ᠮᠡᠷᠭᠡᠵᠢᠯᠲᠡᠨ ᠢ ᠬᠦᠮᠤᠵᠢᠭᠦᠯᠬᠦ ᠪᠠᠷ ᠦᠷᠭᠦᠯᠵᠢᠯᠡᠨ ᠴᠢᠷᠮᠠᠶᠢᠬᠤ ᠪᠤᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号