| 6 ᠰᠠᠷ᠎ᠠ ᠶᠢᠨ 8 ᠤ ᠡᠳᠦᠷ᠂ ᠨᠠᠨ ᠺᠠᠢ ᠶᠡᠭᠡ ᠰᠣᠷᠭᠠᠭᠤᠯᠢ ᠶᠢᠨ ᠫᠷᠤᠹᠧᠰᠰᠣᠷ᠂ ᠳ᠋ᠣᠺᠲ᠋ᠤᠷᠠᠨᠲ ᠤᠨ | ᠵᠢᠯᠤᠭᠤᠳᠣᠭᠴᠢ ᠱᠢ ᠫᠧᠢ ᠬᠤᠸᠠ ᠵᠡᠷᠭᠡ ᠳᠣᠰᠬᠠᠢ ᠮᠡᠷᠭᠡᠵᠢᠯᠳᠡᠨ ᠮᠠᠨ ᠤ ᠬᠤᠰᠢᠭᠤᠨ ᠳᠤ ᠰᠣᠳᠣᠯᠣᠨ | ᠪᠠᠶᠢᠴᠠᠭᠠᠯᠳᠠ ᠬᠢᠭᠰᠡᠨ ᠤ ᠬᠠᠮᠳᠣ ᠰᠠᠭᠤᠳᠠᠯ ᠤᠨ ᠬᠤᠷᠠᠯ ᠬᠤᠷᠠᠯᠳᠣᠭᠤᠯᠤᠨ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠦᠷᠢᠶᠡᠯᠡᠩ ᠤᠨ ᠲᠦᠯᠦᠪᠵᠢᠭᠦᠯᠭᠡ ᠶᠢᠨ ᠳᠣᠬᠠᠢ ᠶᠠᠷᠢᠯᠴᠠᠪᠠ᠃ ᠠᠶᠢᠮᠠᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ | ᠬᠤᠷᠢᠶᠠᠨ ᠤ ᠱᠦᠵᠢ ᠾᠥᠸᠧ ᠶᠢᠨ ᠪᠢᠩ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠪᠤᠶᠠᠨᠳᠣ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ | ᠤᠨ ᠣᠷᠳᠣᠨ ᠤ ᠪᠠᠶᠢᠩᠭᠤ ᠶᠢᠨ ᠬᠤᠰᠢᠭᠤ ᠲᠡᠳ᠋ ᠳᠠᠷᠤᠭ᠎ᠠ ᠪᠠᠳᠠᠷᠠᠯᠳᠣ᠂ ᠬᠤᠰᠢᠭᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠸᠠᠩ ᠵᠢᠢ ᠷᠥᠩ᠂ ᠬᠤᠰᠢᠭᠤ ᠣᠯᠣᠰ | ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠢᠯᠢᠭᠳᠦ᠂ ᠠᠶᠢᠮᠠᠭ ᠤᠨ ᠦᠪ ᠤᠨ ᠬᠠᠮᠢᠶᠠᠷᠣᠯᠳᠠ ᠶᠢᠨ | ᠳᠣᠪᠴᠢᠶ᠎ᠠ ᠵᠢᠴᠢ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠨᠠᠷ ᠬᠤᠷᠠᠯ ᠳᠤ | ᠣᠷᠣᠯᠴᠠᠪᠠ᠃ | ᠰᠠᠭᠤᠳᠠᠯ ᠤᠨ ᠬᠤᠷᠠᠯ ᠲᠡᠭᠡᠷ᠎ᠡ᠂ ᠾᠥᠸᠧ ᠶᠢᠨ ᠪᠢᠩ ᠱᠦᠵᠢ᠂ ᠪᠤᠶᠠᠨᠳᠣ ᠬᠤᠰᠢᠭᠤ ᠳᠠᠷᠤᠭ᠎ᠠ ᠮᠠᠨ ᠤ | ᠬᠤᠰᠢᠭᠤᠨ ᠤ ᠬᠦᠭᠵᠢᠯᠳᠡ ᠶᠢᠨ ᠪᠠᠶᠢᠳᠠᠯ᠂ ᠲᠡᠣᠭᠡ ᠰᠣᠶᠣᠯ ᠤᠨ ᠣᠯᠪᠠᠭ᠎ᠠ᠂ ᠰᠣᠶᠣᠯ ᠵᠢᠭᠤᠯᠴᠢᠯᠠᠯ ᠤᠨ ᠠᠵᠤ | ᠦᠢᠯᠡᠰ ᠢ ᠬᠦᠭᠵᠢᠭᠦᠯᠬᠦ ᠠᠵᠢᠯ ᠤᠨ ᠳᠠᠯ᠎ᠠ ᠪᠠᠷ ᠲᠦᠭᠦᠮ ᠳᠠᠨᠢᠯᠴᠠᠭᠤᠯᠭ᠎ᠠ ᠬᠢᠪᠠ᠃ ᠱᠢ ᠫᠷᠤᠹᠧᠰᠰᠣᠷ ᠰᠣᠳᠣᠯᠣᠨ | ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠠᠨ᠂ ᠠᠵᠢᠯ ᠤᠨ ᠪᠤᠳᠠᠳᠣ ᠳᠣᠷᠰᠢᠯᠭ᠎ᠠ ᠲᠠᠢ ᠪᠠᠨ ᠣᠶᠠᠯᠳᠣᠭᠤᠯᠤᠨ᠂ | ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠬᠦᠭᠵᠢᠯᠳᠡ ᠶᠢᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠳᠠᠢ | ᠵᠦᠢᠯ ᠢ ᠪᠤᠰᠣᠳᠴᠢ ᠪᠠᠷ ᠵᠠᠳᠠᠯᠬᠤ ᠶᠢᠨ ᠬᠠᠮᠳᠣ ᠪᠠᠭᠤᠷᠢ ᠶᠢᠨ ᠮᠦᠽᠧᠢ᠂ ᠪᠠᠭᠤᠷᠢ ᠶᠢᠨ ᠵᠢᠭᠤᠯᠴᠢᠳ ᠲᠤ | ᠦᠢᠯᠡᠴᠢᠯᠡᠬᠦ ᠲᠦᠪ᠂ ᠪᠠᠭᠤᠷᠢ ᠶᠢᠨ ᠴᠡᠴᠡᠷᠯᠢᠭ ᠤᠨ ᠲᠦᠷᠦᠯ ᠵᠦᠢᠯ ᠢ ᠦᠨᠳᠦᠷ ᠪᠠᠷᠢᠮᠵᠢᠶ᠎ᠠ ᠲᠠᠢ ᠪᠠᠶᠢᠭᠤᠯᠬᠤ | ᠳᠠᠯ᠎ᠠ ᠪᠠᠷ ᠵᠢᠯᠤᠭᠤᠳᠬᠤ ᠴᠢᠨᠠᠷᠳᠠᠢ ᠰᠠᠨᠠᠯ ᠳᠣᠷᠠᠳᠪᠠ᠃ ᠲᠤᠰ ᠣᠳᠠᠭᠠᠨ ᠤ ᠰᠠᠭᠤᠳᠠᠯ ᠤᠨ ᠬᠤᠷᠠᠯ ᠨᠢ | ᠬᠤᠶᠢᠰᠢᠳᠠ ᠶᠢᠨ ᠬᠠᠮᠵᠢᠯᠴᠠᠭ᠎ᠠ ᠳᠤ ᠪᠠᠳᠣ ᠪᠠᠬᠢ ᠰᠠᠭᠤᠷᠢ ᠶᠢ ᠳᠠᠯᠪᠢᠵᠤ ᠴᠢᠳᠠᠭᠰᠠᠨ ᠪᠠᠶᠢᠨ᠎ᠠ᠃ | ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ | |