ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠰᠠᠭᠠᠯᠢ ᠶᠢᠨ ᠦᠢᠯᠡᠰ ᠢ  ᠬᠦᠭᠵᠢᠬᠦᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ  ᠲᠤᠬᠠᠢ ᠰᠠᠨᠠᠯ ᠲᠠᠷᠬᠠᠭᠠᠪᠠ
ᠨᠡᠶᠢᠲᠡᠯᠡᠭᠰᠡᠨ ᠴᠠᠭ᠄
2018/6/13
         ᠲᠦᠷᠦᠬᠦᠭᠡᠨ ᠳᠤ᠂ ᠲᠦᠷᠦ  ᠎ ᠶᠢᠨ  ᠶᠠᠪᠤᠳᠠᠯ ᠤᠨ  ᠬᠤᠷᠢᠶᠠᠨ ᠤ  ᠠᠯᠪᠠᠨ  ᠲᠢᠩᠬᠢᠮ  ︽ᠰᠠᠭᠠᠯᠢ  ᠎ ᠶᠢᠨ  ᠦᠢᠯᠡᠰ ᠢ ᠬᠦᠭᠵᠢᠬᠦᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠲᠤᠬᠠᠢ ᠰᠠᠨᠠᠯ︾ ︵ᠲᠤᠷᠤᠭᠰᠢ  ︽ᠰᠠᠨᠠᠯ︾ ᠭᠡᠵᠤ ᠲᠤᠪᠴᠢᠯᠠᠨ᠎ᠠ︶᠎ ᠢ ᠲᠠᠷᠬᠠᠭᠠᠵᠤ᠂ ᠰᠠᠭᠠᠯᠢ ᠶᠢᠨ ᠦᠢᠯᠡᠰ ᠤᠨ ᠬᠦᠭᠵᠢᠯᠲᠡ ᠶᠢ ᠲᠦᠷᠭᠡᠳᠭᠡᠨ  ᠴᠠᠭᠠᠨ  ᠢᠳᠡᠭᠡᠨ ᠤ  ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ᠃          ︽ᠰᠠᠨᠠᠯ︾᠎ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ  ᠪᠠ  ᠠᠷᠪᠠ  ᠶᠢᠰᠦᠳᠦᠭᠡᠷ  ᠬᠤᠭᠤᠴᠠᠭᠠᠨ ᠤ  ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ  ᠶᠤᠰᠤᠭᠠᠷ᠂  ᠴᠢᠨᠠᠷ  ᠰᠠᠶᠢᠲᠠᠢ  ᠪᠦᠭᠡᠳ  ᠠᠮᠤᠷ ᠲᠦᠪᠰᠢᠨ ᠪᠠᠶᠢᠯᠭᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠬᠠᠷᠠᠯᠲᠠ ᠪᠤᠯᠭᠠᠵᠤ᠂ ᠬᠠᠨᠭ᠍ᠭᠠᠯᠭ᠎ᠠ ᠶᠢᠨ ᠲᠠᠯ᠎ᠠ  ᠎ ᠶᠢᠨ  ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠨ᠂ ᠦᠪᠡᠷ ᠤᠨ  ᠦᠷᠲᠡᠭ ᠢ  ᠪᠠᠭᠤᠷᠠᠭᠤᠯᠬᠤ᠂  ᠪᠦᠲᠦᠴᠡ  ᠎ ᠶᠢ ᠰᠢᠯᠢᠳᠡᠭᠵᠢᠬᠦᠯᠬᠦ᠂ ᠶᠠᠰᠤ ᠴᠢᠨᠠᠷ ᠢ ᠲᠡᠭᠡᠭᠰᠢᠯᠡᠬᠦᠯᠬᠦ᠂ ᠨᠡᠷᠡᠳᠤ ᠲᠡᠮᠳᠡᠭ ᠡᠬᠦᠳᠬᠦ᠂  ᠠᠮᠢᠳᠤᠯᠢᠭ  ᠬᠦᠴᠦᠨ ᠢ  ᠨᠡᠮᠡᠭᠳᠡᠬᠦᠯᠬᠦ  ᠎ ᠪᠠᠷ ᠬᠦᠴᠦᠯᠡᠬᠦ ᠴᠡᠭ ᠢᠶᠠᠨ ᠪᠤᠯᠭᠠᠵᠤ᠂  ᠤᠳᠤ  ᠦᠶ᠎ᠡ  ᠎ ᠶᠢᠨ  ᠰᠠᠭᠠᠯᠢ  ᠎ ᠶᠢᠨ  ᠦᠢᠯᠡᠰ ᠤᠨ  ᠠᠵᠤ  ᠦᠢᠯᠡᠰ ᠤᠨ  ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ  ᠪᠠ  ᠶᠠᠰᠤ  ᠴᠢᠨᠠᠷ ᠤᠨ  ᠠᠮᠤᠷ  ᠲᠦᠪᠰᠢᠨ ᠤ  ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠠᠭᠠᠯᠢ ᠶᠢᠨ ᠦᠢᠯᠡᠰ ᠤᠨ ᠬᠦᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ  ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠬᠦᠯᠵᠤ᠂ ᠰᠠᠭᠠᠯᠢ ᠶᠢᠨ ᠦᠢᠯᠡᠰ ᠤᠨ ᠤᠳᠤᠬᠢᠴᠢᠯᠠᠯᠲᠠ ᠶᠢ ᠶᠡᠭᠡ ᠪᠠᠷ ᠠᠬᠢᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠤᠷᠢᠳᠤ ᠢᠯᠡᠯᠲᠡ ᠶᠢ ᠤᠯᠬᠤ ᠳᠤ ᠬᠦᠴᠦᠲᠠᠢ ᠲᠡᠮᠵᠢᠯᠭᠡ ᠬᠠᠨᠭ᠍ᠭᠠᠬᠤ ᠬᠡᠷᠡᠭᠲᠠᠢ ᠭᠡᠵᠤ ᠱᠠᠭᠠᠷᠳᠠᠵᠠᠢ᠃          ︽ᠰᠠᠨᠠᠯ︾᠎ ᠳᠤ ᠲᠤᠷᠠᠳᠤᠭᠰᠠᠨ ᠨᠢ᠂ 2020 ᠤᠨ ᠪᠤᠯᠬᠤ ᠳᠤ ᠰᠠᠭᠠᠯᠢ ᠶᠢᠨ ᠦᠢᠯᠡᠰ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠲᠠᠯ᠎ᠠ ᠪᠠᠷ ᠦᠨᠡᠨ ᠪᠤᠲᠠᠲᠠᠢ ᠦᠷ᠎ᠡ ᠪᠦᠲᠦᠮᠵᠢ ᠤᠯᠵᠤ᠂ ᠰᠠᠭᠠᠯᠢ  ᠎ ᠶᠢᠨ ᠦᠢᠯᠡᠰ ᠤᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠢᠯᠡᠳᠲᠡ  ᠠᠬᠢᠭᠤᠯᠤᠨ᠎ᠠ᠃  100  ᠲᠤᠯᠤᠭᠠᠢ  ᠎ ᠠᠴᠠ ᠲᠡᠭᠡᠭᠰᠢ ᠬᠡᠪᠴᠢᠶ᠎ᠠ ᠪᠦᠬᠦᠢ ᠲᠡᠵᠢᠭᠡᠨ ᠦᠷᠡᠵᠢᠬᠦᠯᠬᠦ ᠦᠢᠯᠡᠰ ᠤᠨ ᠡᠵᠡᠯᠡᠬᠦ ᠬᠠᠷᠢᠴᠠᠯ ᠢ 65%  ᠎ ᠠᠴᠠ  ᠲᠡᠭᠡᠭᠰᠢ  ᠪᠤᠯᠭᠠᠵᠤ᠂ ᠰᠦᠨ ᠤ ᠢᠷᠡᠯᠲᠡ ᠶᠢᠨ ᠦᠪᠡᠷ ᠢ ᠪᠠᠨ ᠬᠠᠨᠭ᠍ᠭᠠᠬᠤ  ᠨᠤᠷᠮ᠎ᠠ  ᠎ ᠶᠢ  70%  ᠎ ᠠᠴᠠ  ᠲᠡᠭᠡᠭᠰᠢ  ᠪᠤᠯᠭᠠᠨ᠎ᠠ᠃  ᠨᠢᠯᠬ᠎ᠠ  ᠨᠢᠷᠠᠢ ᠬᠡᠦᠭᠡᠳ ᠤᠨ ᠨᠠᠶᠢᠷᠠᠯᠭᠠᠳᠤ ᠰᠦᠨ ᠲᠠᠯᠬ᠎ᠠ ᠶᠢᠨ ᠴᠢᠨᠠᠷ ᠴᠢᠨᠰᠠᠭ᠎ᠠ᠂ ᠦᠷᠢᠰᠦᠯᠳᠦᠬᠦ ᠬᠦᠴᠦᠨ ᠪᠠ ᠨᠡᠷ᠎ᠡ  ᠠᠯᠳᠠᠷ ᠢ  ᠢᠯᠡᠳᠲᠡ ᠲᠡᠭᠡᠭᠰᠢᠯᠡᠬᠦᠯᠵᠤ᠂ ᠴᠠᠭᠠᠨ ᠢᠳᠡᠭᠡᠨ ᠤ ᠬᠠᠨᠭ᠍ᠭᠠᠯᠭ᠎ᠠ ᠪᠠ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠨ ᠵᠤᠬᠢᠴᠠᠭᠤᠯᠤᠨ᠎ᠠ᠃ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠶᠡᠭᠡ ᠪᠠᠷ ᠲᠡᠭᠡᠭᠰᠢᠯᠡᠬᠦᠯᠵᠤ᠂  ᠬᠡᠷᠡᠭᠯᠡᠭᠡᠨ ᠤ  ᠢᠳᠡᠭᠡᠯ ᠢ ᠮᠡᠳᠡᠭᠳᠡᠬᠦ᠋ᠢᠴᠡ  ᠴᠢᠩᠭᠠᠷᠠᠭᠤᠯᠤᠨ᠎ᠠ᠃          2025  ᠤᠨ  ᠪᠤᠯᠬᠤ  ᠎ ᠳᠤ᠂  ᠰᠠᠭᠠᠯᠢ  ᠎ ᠶᠢᠨ  ᠦᠢᠯᠡᠰ ᠢ  ᠪᠦᠬᠦ  ᠲᠠᠯ᠎ᠠ  ᠎ ᠪᠠᠷ ᠬᠦᠭᠵᠢᠬᠦᠯᠵᠤ᠂ ᠰᠦᠨ ᠤ ᠢᠷᠡᠯᠲᠡ ᠶᠢᠨ ᠰᠠᠭᠤᠷᠢᠨ ᠭᠠᠵᠠᠷ᠂  ᠦᠢᠯᠡᠳᠬᠦᠨ ᠤ  ᠪᠤᠯᠪᠠᠰᠤᠷᠠᠭᠤᠯᠤᠯᠲᠠ᠂  ᠴᠠᠭᠠᠨ  ᠢᠳᠡᠭᠡᠨ ᠤ ᠶᠠᠰᠤ ᠴᠢᠨᠠᠷ ᠪᠠ ᠠᠵᠤ ᠦᠢᠯᠡᠰ ᠤᠨ ᠦᠷᠢᠰᠦᠯᠳᠦᠬᠦ ᠬᠦᠴᠦᠨ ᠤ ᠪᠦᠬᠦ᠋ᠢᠯᠡ ᠬᠢᠷᠢ ᠲᠦᠪᠰᠢᠨ ᠢ  ᠲᠡᠯᠡᠭᠡᠢ  ᠎ ᠶᠢᠨ  ᠲᠡᠷᠢᠬᠦᠨ ᠤ ᠡᠩᠨᠡᠭᠡ ᠳᠤ ᠤᠷᠤᠭᠤᠯᠤᠨ᠎ᠠ᠃  ᠤᠤᠯ ᠠᠭᠤᠯᠭ᠎ᠠ᠄http://paper.people.com.cn/rmrb/html/2018-06/12/nw.D110000renmrb_20180612_1-02.htm
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号