ᠰᠢᠯᠤᠭᠤᠨ ᠬᠦᠬᠡ ᠬᠤᠰᠢᠭᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠠᠵᠢᠯ ᠎ ᠳᠤ ᠲᠠᠬᠢᠨ ᠪᠠᠶᠢᠷᠢᠯᠠᠭᠤᠯᠤᠯᠳᠠ ᠬᠢᠭᠰᠡᠨ
ᠨᠡᠶᠢᠲᠡᠯᠡᠭᠰᠡᠨ ᠴᠠᠭ᠄
2018/6/15
       6 ᠰᠠᠷ᠎ᠠ ᠶᠢᠨ 14᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠤ ᠠᠴᠠ ᠰᠢᠯᠤᠭᠤᠨ ᠬᠦᠬᠡ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠠᠵᠢᠯ ᠢ ︽ᠲᠡᠬᠢᠨ ᠪᠠᠳᠤᠳᠬᠠᠵᠦ︾ ᠱᠠᠭᠠᠷᠳᠠᠬᠤ ᠶᠢᠨ ᠲᠠᠭᠠᠤ ᠴᠡᠭᠴᠡᠯᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠦ᠂ ᠲᠡᠬᠢᠨᠳᠡ ᠲᠠᠶᠢᠴᠢᠯᠠᠵᠦ᠂ ᠲᠡᠬᠢᠨᠳᠡ ᠪᠠᠶᠢᠷᠢᠯᠠᠭᠤᠯᠤᠨ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠠᠵᠢᠯ ᠢ ︽ᠲᠡᠬᠢᠨ ᠪᠠᠳᠤᠳᠬᠠᠵᠦ ︾ ᠱᠠᠭᠠᠷᠳᠠᠬᠤ ᠶᠢᠨ ᠲᠠᠭᠠᠤ ᠴᠡᠭᠴᠡᠯᠡᠬᠦ ᠠᠵᠢᠯ ᠢ ᠲᠡᠬᠢᠨᠳᠡ ᠬᠦᠨᠵᠡᠬᠡᠶᠢᠷᠡᠬᠦᠯᠪᠡ᠃ ᠬᠤᠰᠢᠭᠤ ᠲᠡᠳ᠋ ᠲᠠᠷᠤᠭ᠎ᠠ ᠭᠠᠩᠪᠦ᠋ᠬᠡ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠠᠵᠢᠯ ᠢ ︽ᠲᠡᠬᠢᠨ ᠪᠠᠳᠤᠳᠬᠠᠵᠦ︾ ᠱᠠᠭᠠᠷᠳᠠᠬᠤ ᠶᠢᠨ ᠲᠠᠭᠠᠤ ᠴᠡᠭᠴᠡᠯᠡᠬᠦ ᠠᠵᠢᠯ ᠤᠨ ᠤᠳᠤᠷᠢᠳᠬᠤ ᠲᠤᠭᠤᠶᠢᠯᠠᠩ ᠤᠨ ᠬᠡᠰᠢᠬᠦᠳ ᠬᠤᠷᠠᠯ ᠳᠤ ᠤᠷᠤᠯᠴᠠᠪᠠ᠃
       ◀ᠬᠤᠰᠢᠭᠤ ᠠᠮᠢ ᠠᠬᠤᠢ ᠶᠢᠨ ᠬᠠᠮᠠᠭᠠᠯᠠᠯᠳᠠ ᠶᠢᠨ ᠲᠤᠪᠴᠢᠶᠠᠨ ᠤ ᠲᠠᠷᠤᠭ᠎ᠠ ᠤᠷᠬᠢᠯ ᠠᠴᠠ ︽ᠰᠢᠯᠤᠭᠤᠨ ᠬᠦᠬᠡ ᠬᠤᠰᠢᠭᠤᠨ ᠤ ᠨᠤᠳᠤᠭ ᠪᠡᠯᠴᠢᠬᠡᠷ ᠢ ᠬᠡᠷᠡᠭᠯᠡᠬᠦ ᠭᠠᠷ ᠬᠦᠢᠴᠡᠳᠬᠡᠯ ᠦᠬᠡᠢ ᠪᠠᠷ ᠨᠤᠳᠤᠭ ᠪᠡᠯᠴᠢᠬᠡᠷ ᠡᠵᠡᠯᠡᠨ ᠬᠡᠷᠡᠭᠯᠡᠭᠰᠡᠨ ᠲᠦᠷᠦᠯ ᠵᠦᠢᠯ ᠢ ᠴᠡᠭᠴᠡᠯᠡᠨ ᠵᠠᠰᠠᠬᠤ ᠠᠵᠢᠯ ᠤᠨ ᠲᠦᠰᠦᠪ︾᠎ ᠢ ᠤᠩᠰᠢᠨ ᠨᠡᠶᠢᠳᠡᠯᠡᠭᠰᠡᠨ ᠪᠠᠶᠢᠨ᠎ᠠ᠃
      ◀ ᠬᠤᠰᠢᠭᠤ ᠲᠡᠳ᠋ ᠲᠠᠷᠤᠭ᠎ᠠ ᠭᠠᠩᠪᠦ᠋ᠬᠡ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠠᠴᠠ ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ ᠠᠰᠠᠭᠤᠳᠠᠯ ᠎ ᠢ ᠪᠠᠶᠢᠴᠠᠭᠠᠨ ᠰᠢᠢᠳᠪᠤᠷᠢᠯᠡᠵᠦ ᠪᠠᠶᠢᠭ᠎ᠠ ᠠᠯᠬᠤᠮ ᠲᠠᠷᠠᠭᠠᠯᠠᠯ ᠢ ᠵᠠᠳᠠᠯᠤᠨ ᠨᠡᠶᠢᠳᠡᠯᠡᠪᠡ᠃
      ◀ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠤ ᠬᠠᠷᠢᠭᠤᠴᠠᠯᠭ᠎ᠠ ᠎ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠬᠤ᠂ ᠴᠡᠭᠴᠡᠯᠡᠨ ᠵᠠᠰᠠᠪᠤᠷᠢᠯᠠᠯᠳᠠ ᠶᠢ ᠰᠠᠶᠢᠳᠦᠷ ᠠᠳᠬᠤᠬᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠵᠡᠷᠬᠡ ᠭᠤᠷᠪᠠᠨ ᠲᠠᠯ᠎ᠠ ᠠᠴᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠠᠵᠢᠯ ᠢ ︽ᠲᠡᠬᠢᠨ ᠪᠠᠳᠤᠳᠬᠠᠵᠦ︾ ᠱᠠᠭᠠᠷᠳᠠᠬᠤ ᠶᠢᠨ ᠲᠠᠭᠠᠤ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠪᠠᠶᠢᠭᠤᠯᠭ᠎ᠠ ᠨᠢᠬᠡᠴᠡ ᠶᠢᠨ ᠬᠢᠨ ᠬᠠᠷᠢᠭᠤᠴᠠᠯᠭ᠎ᠠ ᠪᠠᠨ ᠤᠯᠠᠮ ᠪᠠᠳᠤᠵᠢᠭᠤᠯᠵᠦ᠂ ᠠᠷᠭ᠎ᠠ ᠬᠡᠮᠵᠢᠶ᠎ᠠ ᠪᠠᠨ ᠪᠤᠳᠠᠳᠠᠶᠢᠵᠢᠭᠤᠯᠤᠨ᠂ ᠠᠯᠬᠤᠮ ᠲᠠᠷᠠᠭᠠᠯᠠᠯ ᠢᠶᠠᠨ ᠲᠦᠷᠢᠮᠵᠢᠬᠦᠯᠵᠦ᠂ ᠠᠰᠠᠭᠤᠳᠠᠯ ᠢ ᠪᠠᠶᠢᠴᠠᠭᠠᠨ ᠰᠢᠢᠳᠪᠤᠷᠢᠯᠡᠬᠦ ᠪᠠ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠨ ᠬᠢᠬᠦ ᠬᠡᠷᠡᠭᠳᠡᠢ ᠬᠡᠵᠦ ᠱᠠᠭᠠᠷᠳᠠᠵᠠᠢ᠃ ︵ᠮᠦᠳᠡᠭ ᠤᠷᠴᠢᠭᠤᠯᠤᠨ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号