ᠰᠢᠯᠤᠭᠤᠨ ᠭᠦᠭᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠰᠢᠭᠤ ᠤᠪᠤᠭᠠᠨ ᠲᠠᠬᠢᠯᠭ᠎ᠠ ᠶᠢᠨ ᠨᠠᠶᠢᠷ ᠤᠨ ᠤᠯᠠᠮᠵᠢᠯᠠᠯᠳᠤ ᠰᠤᠷ ᠬᠠᠷᠪᠤᠯᠳᠠ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2018/6/20
        6 ᠰᠠᠷ᠎ᠠ ᠶᠢᠨ19᠎ ᠤ ᠡᠳᠤᠷ᠂ ᠰᠢᠯᠤᠭᠤᠨ ᠭᠦᠭᠡ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠰᠢᠭᠤ ᠤᠪᠤᠭᠠᠨ ᠲᠠᠬᠢᠯᠭ᠎ᠠ ᠶᠢᠨ ᠨᠠᠶᠢᠷ ᠤᠨ ᠤᠯᠠᠮᠵᠢᠯᠠᠯᠳᠤ ᠰᠤᠷ ᠬᠠᠷᠪᠤᠯᠳᠠ ᠶᠢᠨ ᠤᠷᠤᠯᠳᠤᠭᠠᠨ ᠬᠤᠪᠢᠯᠠᠢ ᠠᠭᠤᠳᠠᠮ ᠲᠠᠯᠠᠪᠠᠢ ᠳᠤ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃
       ᠲᠤᠰ ᠤᠳᠠᠭᠠᠨ ᠤ ᠰᠤᠷ ᠬᠠᠷᠪᠤᠯᠳᠠ ᠶᠢᠨ ᠤᠷᠤᠯᠳᠤᠭᠠᠨ ᠢ ᠰᠢᠯᠤᠭᠤᠨ ᠭᠦᠭᠡ ᠬᠤᠰᠢᠭᠤᠨ ᠤ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠬᠤᠰᠢᠭᠤ ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠭᠦ ᠲᠤᠪᠴᠢᠶ᠎ᠠ ᠠᠴᠠ ᠭᠤᠤᠯᠯᠠᠨ ᠡᠷᠬᠢᠯᠡᠵᠤ᠂ ᠮᠠᠨ ᠤ ᠬᠤᠰᠢᠭᠤᠨ ᠤ ︽ᠵᠢᠷᠭᠤᠭᠠᠳᠠᠢ︾ ᠤᠯᠠᠮᠵᠢᠯᠠᠯᠳᠤ ᠰᠤᠷ ᠬᠠᠷᠪᠤᠯᠳᠠ ᠶᠢᠨ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠵᠠᠢ᠃ ᠤᠷᠤᠯᠳᠤᠭᠠᠨ ᠳᠤ ᠬᠤᠪᠢ ᠭᠦᠮᠤᠨ ᠤ ᠤᠷᠤᠯᠳᠤᠭᠠᠨ ᠢ ᠲᠤᠬᠢᠷᠠᠭᠤᠯᠵᠤ᠂ ᠪᠠᠶᠠᠨᠨᠠᠭᠤᠷ ᠬᠤᠳᠠ᠂ ᠤᠷᠳᠤᠰ ᠬᠤᠳᠠ᠂ ᠡᠷᠢᠶᠠᠨ ᠬᠤᠳᠠ ᠪᠠ ᠠᠪᠠᠭ᠎ᠠ᠂ ᠵᠡᠭᠦᠨ ᠪᠠᠷᠠᠭᠤᠨ ᠦᠵᠤᠮᠤᠴᠢᠨ᠂ ᠵᠡᠭᠦᠨ ᠪᠠᠷᠠᠭᠤᠨ ᠰᠦᠨᠢᠤᠨ᠂ ᠰᠢᠯᠤᠭᠤᠨ ᠭᠦᠪᠡᠭᠡᠳᠤ ᠴᠠᠭᠠᠨ ᠬᠤᠰᠢᠭᠤ᠂ ᠭᠦᠪᠡᠭᠡᠳᠤ ᠰᠢᠷ᠎ᠠ ᠬᠤᠰᠢᠭᠤ᠂ ᠰᠢᠯᠤᠭᠤᠨ ᠭᠦᠭᠡ ᠬᠤᠰᠢᠭᠤ ᠵᠡᠷᠭᠡ ᠭᠠᠵᠠᠷ ᠤᠷᠤᠨ ᠤ 200 ᠭᠠᠷᠤᠢ ᠰᠤᠷ ᠬᠠᠷᠪᠤᠭᠠᠴᠢᠨ ᠤᠷᠤᠯᠳᠤᠭᠠᠨ ᠳᠤ ᠤᠷᠤᠯᠴᠠᠵᠠᠢ᠃
       ᠤᠷᠤᠯᠳᠤᠭᠠᠨ ᠤ ᠠᠬᠤᠢ ᠲᠠᠯᠠᠪᠠᠢ ᠳᠤ ᠦᠨᠳᠤᠰᠤᠳᠡᠨ ᠤ ᠬᠤᠪᠴᠠᠰᠤ ᠵᠠᠰᠠᠯ ᠢᠶᠠᠷ ᠢᠶᠠᠨ ᠦᠩᠭᠡ ᠢᠯᠭᠠᠷᠠᠳᠠᠯ᠎ᠠ ᠬᠤᠪᠴᠠᠰᠤᠯᠠᠭᠰᠠᠨ ᠡᠷᠡᠭᠳᠠᠢ ᠡᠮᠡᠭᠳᠠᠢ ᠰᠤᠷ ᠬᠠᠷᠪᠤᠭᠠᠴᠢᠨ ᠬᠠᠷᠪᠤᠬᠤ ᠰᠤᠮᠤ ᠪᠦᠷᠢ ᠳᠡᠭᠡᠨ ᠬᠢᠨᠠᠮᠠᠭᠠᠢ ᠬᠠᠨᠳᠤᠨ᠂ ᠰᠢᠯᠢᠳᠡᠭ ᠬᠢᠷᠢ ᠪᠦᠳᠤᠮᠵᠢ ᠤᠯᠬᠤ ᠪᠠᠷ ᠴᠢᠷᠮᠠᠶᠢᠵᠠᠭᠠᠨ᠎ᠠ᠃
       ᠨᠢᠭᠡ ᠡᠳᠤᠷ ᠤᠨ ᠬᠤᠷᠴᠠ ᠰᠢᠷᠦᠭᠦᠨ ᠦᠷᠢᠰᠤᠯᠳᠤᠭᠡᠨ ᠢᠶᠠᠷ ᠲᠠᠮᠵᠢᠵᠤ᠂ ᠵᠡᠭᠦᠨ ᠰᠦᠨᠢᠤᠨ ᠬᠤᠰᠢᠭᠤᠨ ᠎ ᠤ ᠤᠯᠠᠭᠠᠨᠵᠠᠨ᠎ᠠ ᠰᠤᠷ ᠬᠠᠷᠪᠤᠯᠳᠠ ᠶᠢᠨ ᠤᠷᠤᠯᠳᠤᠭᠠᠨ ᠤ ᠲᠡᠷᠢᠭᠦᠨ ᠪᠠᠶᠢᠷᠢᠨ ᠳᠤ ᠲᠤᠳᠤᠷᠠᠵᠤ᠂ ᠰᠢᠯᠤᠭᠤᠨ ᠭᠦᠭᠡ ᠬᠤᠰᠢᠭᠤᠨ ᠤ ᠠᠭᠤᠯᠠ ᠪᠠ ᠡᠷᠢᠶᠠᠨ ᠬᠤᠳᠠ ᠶᠢᠨ ᠴᠤᠯᠮᠤᠡᠭᠡᠷᠡᠯ ᠲᠤᠰᠪᠤᠷᠢ ᠬᠤᠶᠠᠷ᠂ ᠭᠤᠷᠪᠠᠳᠤᠭᠠᠷ ᠲᠤ ᠰᠢᠯᠭᠠᠷᠠᠵᠤ᠂ ᠱᠠᠩᠨᠠᠯ ᠭᠦᠭᠢᠭᠦᠯᠦᠯ ᠢᠶᠠᠷ ᠡᠩᠭᠡᠷ ᠢᠶᠠᠨ ᠮᠢᠯᠢᠶᠠᠯᠭᠠᠭᠰᠠᠨ ᠪᠠᠶᠢᠨ᠎ᠠ᠃               ︵ᠤᠶᠤᠩᠭᠤᠸ᠎ᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号