| ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠤᠰᠢᠭᠤᠨ ᠤ ᠭᠠᠴᠠᠭ᠎ᠠ ᠳᠣᠰᠬᠤᠨ᠂ ᠨᠠᠶᠢᠭᠡᠮ | ᠳᠣᠭᠤᠷᠢᠭ ᠤᠨ ︽ᠬᠤᠶᠠᠷ ᠵᠦᠪᠯᠡᠯ︾ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠳᠠᠶᠢᠴᠢᠯᠠᠯᠳᠠ ᠶᠢᠨ ᠬᠤᠷᠠᠯ | ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠤᠨ ᠨᠠᠶᠢᠳᠠᠪᠤᠷᠢᠵᠢᠭᠤᠯᠵᠤ᠂ ︽ᠶᠠᠳᠠᠭᠤ ᠠᠴᠠ | ᠠᠩᠬᠢᠵᠢᠷᠠᠭᠤᠯᠬᠤ ᠰᠢᠪᠳᠣᠯᠣᠯᠳᠠ︾ ᠶᠢᠨ ᠢᠨᠵᠧᠨᠧᠷᠢᠩ ᠢ ᠯᠠᠪᠳᠠᠭᠤᠨ ᠠᠬᠢᠭᠤᠯᠬᠤ ᠶᠢᠨ ᠳᠣᠯᠠᠳᠠ᠂ ᠰᠠᠩ ᠤᠨ | ᠳᠠᠯᠠᠢ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ | ᠦᠨᠳᠦᠰᠦᠯᠠᠨ᠂ ᠵᠠᠰᠠᠭ ᠤᠨ ᠣᠷᠳᠣᠨ ᠤ ᠠᠯᠪᠠᠨ ᠭᠡᠷ 5 ᠰᠠᠷ᠎ᠠ ᠶᠢᠨ 30 ᠤ ᠡᠳᠦᠷ ︽ᠨᠠᠮ ᠤᠨ ᠡᠳᠦᠷ︾ ᠤᠨ | ᠰᠣᠳᠣᠯᠣᠨ ᠰᠣᠷᠣᠯᠴᠠᠬᠤ ᠰᠢᠷᠢᠰ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃ | | ᠲᠤᠰ ᠣᠳᠠᠭᠠᠨ ᠤ ᠠᠵᠢᠯᠯᠠᠭ᠎ᠠ ᠨᠢ ᠨᠢᠭᠡ ᠡᠳᠦᠷ ᠤᠨ ᠴᠠᠭ ᠢ ᠠᠰᠢᠭᠯᠠᠨ᠂ ᠣᠷᠢᠳ ᠬᠤᠵᠢᠳ ᠰᠠᠩ ᠤᠨ | ᠳᠠᠯᠠᠢ ᠪᠠᠯᠭᠠᠰᠣᠨ ᠤ ᠡᠩᠭᠡᠪᠤᠯᠠᠭ ᠭᠠᠴᠠᠭᠠᠨ ᠤ ᠨᠠᠮ ᠤᠨ ᠭᠡᠰᠢᠭᠦᠨ ᠤ ᠭᠤᠤᠯᠳᠠᠯᠭᠠᠳᠣ ᠡᠷᠦᠭᠡ᠂ | ᠣᠳᠣᠬᠢᠴᠢᠯᠠᠭᠰᠠᠨ ᠮᠠᠯ ᠠᠵᠤ ᠠᠬᠤᠢ ᠶᠢᠨ ᠭᠠᠪᠰᠢᠭᠠᠶᠢᠯᠠᠭᠴᠢ ᠠᠪᠢᠷᠮᠢᠳ᠂ ᠪᠤᠱᠣᠣᠳᠠᠢ ᠰᠣᠮᠣᠨ ᠤ ᠡᠩᠭᠡᠷ | ᠭᠠᠴᠠᠭᠠᠨ ᠤ ︽ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ︾ ᠵᠡᠷᠭᠡ ᠭᠠᠵᠠᠷ ᠢᠶᠠᠷ ᠬᠦᠷᠴᠦ ᠰᠣᠷᠣᠯᠴᠠᠨ᠂ | ᠨᠠᠮ ᠤᠨ ᠳᠠᠩᠭᠠᠷᠢᠭ ᠬᠢᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠠᠩ ᠤᠨ ᠳᠠᠯᠠᠢ ᠪᠠᠯᠭᠠᠰᠣᠨ ᠤ | ᠵᠠᠰᠠᠭ ᠤᠨ ᠣᠷᠳᠣᠨ ᠤ ᠬᠠᠮᠢᠶ᠎ᠠ ᠪᠦᠬᠦᠢ ᠣᠳᠣᠷᠢᠳᠬᠤ ᠺᠠᠳ᠋ᠷ ᠪᠠ ᠭᠠᠴᠠᠭᠠᠨ ᠤ ᠬᠤᠶᠠᠷ ᠵᠦᠪᠯᠡᠯ ᠤᠨ ᠭᠡᠰᠢᠭᠦᠨ | ᠵᠢᠴᠢ ᠨᠢᠭᠡ ᠪᠦᠯᠦᠭ ᠨᠠᠮ ᠤᠨ ᠭᠡᠰᠢᠭᠦᠨ᠂ ᠮᠠᠯᠴᠢᠳ ᠤᠨ ᠲᠦᠯᠦᠭᠡᠯᠡᠭᠴᠢ ᠵᠡᠷᠭᠡ ᠨᠡᠶᠢᠳᠡ 30 ᠬᠦᠮᠦᠨ | ᠠᠵᠢᠯᠯᠠᠭᠠᠨ ᠳᠤ ᠣᠷᠣᠯᠴᠠᠪᠠ᠃ | | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠨᠢ ᠭᠠᠴᠠᠭᠠᠨ ᠳᠤ ᠳᠣᠮᠢᠯᠠᠭᠳᠠᠨ ᠰᠠᠭᠤᠵᠤ ᠠᠵᠢᠯᠯᠠᠬᠤ | ᠪᠠᠶᠢᠭᠤᠯᠭ᠎ᠠ ᠪᠤᠯᠤᠭᠰᠠᠨ ᠤ ᠬᠤᠪᠢ ᠳᠤ ᠠᠯᠪᠠᠨ ᠭᠡᠷ ᠤᠨ ᠭᠤᠤᠯ ᠣᠳᠣᠷᠢᠳᠣᠯᠭ᠎ᠠ ᠦᠪᠡᠷ ᠤᠨ ᠪᠡᠶ᠎ᠡ ᠪᠠᠷ ᠢᠶᠠᠨ | ᠠᠵᠢᠯᠯᠠᠭᠠᠨ ᠳᠤ ᠣᠷᠣᠯᠴᠠᠨ᠂ ᠭᠠᠴᠠᠭᠠᠨ ᠳᠤ ᠳᠣᠮᠢᠯᠠᠨ ᠰᠠᠭᠤᠭ᠎ᠠ ᠠᠵᠢᠯᠯᠠᠬᠤ ᠳᠣᠭᠤᠶᠢᠯᠠᠩ ᠤᠨ ᠨᠢᠭᠡᠳᠣᠭᠡᠷ | ᠱᠦᠵᠢ ᠪᠠ ᠠᠵᠢᠯᠯᠠᠬᠤ ᠳᠣᠭᠤᠶᠢᠯᠠᠩ ᠤᠨ ᠪᠠᠶᠢᠩᠭᠤ ᠶᠢᠨ ᠲᠡᠳ᠋ ᠳᠠᠷᠤᠭ᠎ᠠ ᠶᠢ ᠳᠠᠶᠢᠴᠢᠯᠠᠨ ᠲᠤᠰ ᠣᠳᠠᠭᠠᠨ ᠤ | ᠰᠢᠷᠢᠰ ᠠᠵᠢᠯᠯᠠᠭᠠᠨ ᠳᠤ ᠣᠷᠣᠯᠴᠠᠭᠤᠯᠵᠤ᠂ ᠭᠠᠴᠠᠭᠠᠨ ᠤ ︽ᠬᠤᠶᠠᠷ ᠵᠦᠪᠯᠡᠯ︾᠂ ᠨᠠᠮ ᠤᠨ ᠭᠡᠰᠢᠭᠦᠨ ᠵᠢᠴᠢ | ᠮᠠᠯᠴᠢᠳ ᠤᠨ ᠲᠦᠯᠦᠭᠡᠯᠡᠭᠴᠢ ᠲᠠᠢ ᠰᠠᠭᠤᠳᠠᠯ ᠤᠨ ᠬᠤᠷᠠᠯ ᠬᠤᠷᠠᠯᠳᠣᠭᠤᠯᠤᠨ ᠶᠡᠷᠢᠯᠴᠡᠬᠤ ᠶᠢᠨ ᠬᠠᠮᠳᠣ | ᠦᠨᠳᠦᠰᠦᠨ ᠱᠠᠳᠣᠨ ᠤ ᠨᠠᠮ ᠤᠨ ᠪᠠᠶᠢᠭᠤᠯᠤᠯᠳᠠ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠪᠠ ᠬᠠᠮᠳᠣ | ᠶᠢᠨ ᠠᠵᠤ ᠠᠬᠤᠢ ᠶᠢ ᠬᠦᠭᠵᠢᠭᠦᠯᠬᠦ ᠳᠠᠯ᠎ᠠ ᠪᠠᠷ ᠵᠠᠰᠠᠭ ᠤᠨ ᠣᠷᠳᠣᠨ ᠤ ᠠᠯᠪᠠᠨ ᠭᠡᠷ ᠨᠢ ᠦᠷᠭᠦᠯᠵᠢᠯᠠᠨ | ᠬᠠᠯᠠᠮᠵᠢᠯᠠᠨ ᠳᠡᠮᠵᠢᠵᠦ᠂ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠭᠠᠴᠠᠭᠠᠨ ᠤ ︽ᠬᠤᠶᠠᠷ | ᠵᠦᠪᠯᠡᠯ︾ ᠲᠠᠢ ᠢᠳᠡᠪᠬᠢᠳᠠᠢ ᠵᠤᠬᠢᠴᠠᠯᠳᠣᠨ᠂ ᠭᠠᠴᠠᠭᠠᠨ ᠳᠤ ᠳᠣᠮᠢᠯᠠᠨ ᠰᠠᠭᠤᠭ᠎ᠠ ᠠᠵᠢᠯᠯᠠᠬᠤ ᠳᠣᠭᠤᠶᠢᠯᠠᠩ ᠤᠨ | ᠬᠠᠮᠢᠶᠠᠷᠣᠯᠳᠠ ᠪᠠᠨ ᠣᠯᠠᠮ ᠴᠢᠩᠭᠠᠳᠬᠠᠨ᠂ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ | ᠪᠡᠶᠡᠯᠡᠭᠦᠯᠦᠨ᠎ᠡ ᠭᠡᠵᠡᠢ᠃ | | ᠭᠠᠴᠠᠭᠠᠨ ᠤ ︽ᠬᠤᠶᠠᠷ ᠵᠦᠪᠯᠡᠯ︾ ᠤᠨ ᠭᠡᠰᠢᠭᠦᠨ ᠪᠠ ᠨᠠᠮ ᠤᠨ ᠭᠡᠰᠢᠭᠦᠨ᠂ ᠮᠠᠯᠴᠢᠳ ᠤᠨ | ᠲᠦᠯᠦᠭᠡᠯᠡᠭᠴᠢ ᠨᠠᠷ ᠢᠳᠡᠪᠬᠢᠳᠠᠢ ᠪᠠᠷ ᠰᠠᠨᠠᠯ ᠢᠶᠠᠨ ᠢᠯᠡᠳᠭᠡᠨ ᠶᠠᠷᠢᠯᠴᠠᠵᠤ᠂ ᠬᠡᠷᠬᠢᠨ ᠠᠵᠤ ᠦᠢᠯᠡᠰ ᠢᠶᠠᠷ ᠶᠠᠳᠠᠭᠤ | ᠶᠢ ᠲᠡᠳᠬᠦᠬᠦ᠂ ᠠᠵᠤ ᠦᠢᠯᠡᠰ ᠤᠨ ᠪᠦᠳᠦᠴᠡ ᠶᠢᠨ ᠳᠣᠬᠢᠷᠠᠭᠤᠯᠤᠯᠳᠠ ᠶᠢ ᠠᠬᠢᠭᠤᠯᠬᠤ ᠪᠠ ᠬᠠᠮᠳᠣ ᠶᠢᠨ ᠠᠵᠤ | ᠠᠬᠤᠢ ᠶᠢᠨ ᠬᠦᠭᠵᠢᠯᠳᠡ ᠶᠢ ᠰᠦᠪᠡᠭᠴᠢᠯᠡᠬᠦ ᠵᠡᠷᠭᠡ ᠪᠤᠳᠠᠳᠣ ᠠᠰᠠᠭᠤᠳᠠᠯ ᠤᠨ ᠳᠣᠭᠤᠷᠢᠨ ᠳᠤ ᠰᠠᠨᠠᠯ ᠰᠠᠨᠠᠭᠤᠯᠭ᠎ᠠ | ᠪᠠᠨ ᠢᠯᠡᠳᠭᠡᠪᠡ᠃ | ᠳᠠᠷᠠᠭ᠎ᠠ ᠨᠢ᠂ ︽ᠨᠠᠮ ᠤᠨ ᠡᠳᠦᠷ︾ ᠤᠨ ᠰᠢᠷᠢᠰ ᠠᠵᠢᠯᠯᠠᠭᠠᠨ ᠳᠤ ᠣᠷᠣᠯᠴᠠᠭᠰᠠᠨ ᠪᠦᠬᠦ ᠬᠦᠮᠦᠰ ᠰᠠᠩ | ᠤᠨ ᠳᠠᠯᠠᠢ ᠪᠠᠯᠭᠠᠰᠣᠨ ᠤ ᠨᠠᠮ ᠵᠠᠰᠠᠭ ᠤᠨ ᠠᠯᠪᠠᠨ ᠠᠰᠠᠷ ᠤᠨ ᠬᠤᠷᠠᠯ ᠤᠨ ᠭᠡᠷ ᠲᠤ ᠬᠦᠷᠦᠯᠴᠡᠨ᠂ ᠭᠠᠴᠠᠭᠠᠨ ᠤ | ︽ᠬᠤᠶᠠᠷ ᠵᠦᠪᠯᠡᠯ︾ ᠤᠨ ᠬᠤᠭᠤᠴᠠᠭ᠎ᠠ ᠬᠠᠯᠠᠬᠤ ᠳᠠᠶᠢᠴᠢᠯᠠᠯᠳᠠ ᠶᠢᠨ ᠬᠤᠷᠠᠯ ᠢ ᠬᠤᠷᠠᠯᠳᠣᠭᠤᠯᠪᠠ᠃ ᠬᠤᠷᠠᠯ ᠢ | ᠪᠠᠯᠭᠠᠰᠣᠨ ᠤ ᠵᠠᠰᠠᠭ ᠤᠨ ᠣᠷᠳᠣᠨ ᠤ ᠲᠡᠳ᠋ ᠳᠠᠷᠤᠭ᠎ᠠ ᠮᠦᠩᠭᠡᠪᠠᠭᠠᠳᠣᠷ ᠡᠷᠬᠢᠯᠡᠨ ᠶᠠᠪᠤᠭᠳᠠᠭᠤᠯᠵᠤ᠂ ᠬᠤᠷᠠᠯ ᠢᠶᠠᠷ | ᠳᠠᠮᠵᠢᠨ᠂ ︽ᠲᠠᠪᠤᠨ ᠣᠳᠣ ᠭᠠᠴᠠᠭᠠᠨ ᠤ ᠨᠠᠮ ᠤᠨ ᠡᠭᠦᠷ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠷᠭ᠎ᠠ | ︾ ᠪᠠ ︽ᠲᠠᠪᠤᠨ ᠣᠳᠣ ᠭᠠᠴᠠᠭᠠᠨ ᠤ ᠨᠠᠮ ᠤᠨ ᠵᠦᠪᠯᠡᠯ ᠤᠨ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠷᠭ᠎ᠠ︾ | ᠶᠢ ᠰᠣᠳᠣᠯᠣᠨ ᠵᠦᠪᠰᠢᠶᠡᠷᠡᠭᠦᠯᠵᠦ᠂ ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠤᠨ ᠴᠠᠭ ᠬᠤᠭᠤᠴᠠᠭ᠎ᠠ | ᠪᠠ ᠡᠭᠦᠷᠭᠡ ᠬᠠᠷᠢᠭᠤᠴᠠᠯᠭ᠎ᠠ ᠶᠢ ᠳᠣᠳᠣᠷᠬᠠᠶᠢᠯᠠᠪᠠ᠃ ( ᠣᠶᠣᠨᠰᠡᠷᠭᠦᠯᠡᠩ ᠤᠷᠴᠢᠭᠤᠯᠵᠤ᠂ ᠮᠦᠳᠡᠭ ᠬᠢᠨᠠᠪᠠ) |