ᠦᠪᠦᠷ ᠮᠤᠩᠭᠤᠯ ᠤᠨ ᠴᠡᠴᠡᠭ ᠤᠨ ᠣᠯᠠᠷᠢᠯ ᠳᠠᠬᠢ ᠵᠢᠭᠤᠯᠴᠢᠯᠠᠯ ᠤᠨ ᠰᠢᠷ᠎ᠠ ᠳᠠᠯ᠎ᠠ ᠶᠢᠨ ᠴᠡᠴᠡᠭ ᠰᠣᠨᠢᠷᠬᠠᠬᠤ ᠨᠠᠶᠢᠷ ᠵᠢᠴᠢ ᠰᠢᠯᠢ ᠶᠢᠨ ᠭᠤᠤᠯ ᠤᠨ ︽ᠬᠤᠶᠠᠷ ᠨᠠᠶᠢᠰᠯᠠᠯ ᠤᠨ ᠠᠶᠠᠨ ᠤ ᠵᠠᠮ︾ ᠢ ᠳᠣᠭᠤᠯᠬᠤ ᠵᠢᠭᠤᠯᠴᠢᠯᠠᠯ ᠤᠨ ᠠᠵᠢᠯᠯᠠᠭᠠᠨ ᠤ ᠮᠡᠳᠡᠭᠳᠡᠯ
ᠨᠡᠶᠢᠲᠡᠯᠡᠭᠰᠡᠨ ᠴᠠᠭ᠄
2018/7/9
            ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠳᠡ ᠶᠢᠨ ᠵᠦᠪᠯᠡᠯ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠤ᠂ ᠰᠢᠯᠢ ᠶᠢᠨ ᠭᠤᠤᠯ ᠠᠶᠢᠮᠠᠭ  ᠤᠨ ᠵᠢᠭᠤᠯᠴᠢᠯᠠᠯ ᠤᠨ ᠬᠦᠭᠵᠢᠭᠦᠯᠦᠯᠳᠡ ᠶᠢᠨ ᠵᠦᠪᠯᠡᠯ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠬᠦ 2018 ᠣᠨ ᠤ ᠦᠪᠦᠷ ᠮᠤᠩᠭᠤᠯ ᠤᠨ ᠴᠡᠴᠡᠭ ᠤᠨ ᠣᠯᠠᠷᠢᠯ ᠳᠠᠬᠢ ᠵᠢᠭᠤᠯᠴᠢᠯᠠᠯ ᠤᠨ ᠰᠢᠷ᠎ᠠ ᠳᠠᠯ᠎ᠠ ᠶᠢᠨ ᠴᠡᠴᠡᠭ ᠰᠣᠨᠢᠷᠬᠠᠬᠤ ᠨᠠᠶᠢᠷ ᠵᠢᠴᠢ ᠰᠢᠯᠢ ᠶᠢᠨ ᠭᠤᠤᠯ ᠤᠨ ︽ᠬᠤᠶᠠᠷ ᠨᠠᠶᠢᠰᠯᠠᠯ ᠤᠨ ᠠᠶᠠᠨ ᠤ ᠵᠠᠮ︾ ᠢ ᠳᠣᠭᠤᠯᠬᠤ ᠵᠢᠭᠤᠯᠴᠢᠯᠠᠯ ᠤᠨ ᠠᠵᠢᠯᠯᠠᠭ᠎ᠠ ᠶᠢ 2018 ᠣᠨ ᠤ 7 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 16 ᠤ ᠡᠳᠦᠷ ᠪᠤᠯᠳᠠᠯ᠎ᠠ᠂ ᠰᠢᠯᠤᠭᠤᠨ ᠬᠦᠬᠡ ᠬᠤᠰᠢᠭᠤᠨ ᠤ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠣ ᠣᠷᠣᠨ ᠳᠤ ᠶᠠᠪᠤᠭᠳᠠᠭᠤᠯᠬᠤ ᠪᠠᠷ ᠪᠤᠯᠤᠯ᠎ᠠ᠃             ᠠᠵᠢᠯᠯᠠᠭᠠᠨ ᠤ ᠠᠭᠤᠯᠭ᠎ᠠ          ᠨᠢᠭᠡ᠂ 2018 ᠣᠨ ᠤ ᠦᠪᠦᠷ ᠮᠤᠩᠭᠤᠯ ᠤᠨ ᠴᠡᠴᠡᠭ ᠤᠨ ᠣᠯᠠᠷᠢᠯ ᠳᠠᠬᠢ ᠵᠢᠭᠤᠯᠴᠢᠯᠠᠯ ᠰᠢᠷ᠎ᠠ ᠳᠠᠯ᠎ᠠ ᠶᠢᠨ ᠴᠡᠴᠡᠭ ᠰᠣᠨᠢᠷᠬᠠᠬᠤ ᠨᠠᠶᠢᠷ ᠵᠢᠴᠢ ᠰᠢᠯᠢ ᠶᠢᠨ ᠭᠤᠤᠯ ᠤᠨ ︽ᠬᠤᠶᠠᠷ ᠨᠠᠶᠢᠰᠯᠠᠯ ᠤᠨ ᠠᠶᠠᠨ ᠤ ᠵᠠᠮ︾  ᠢ ᠳᠣᠭᠤᠯᠬᠤ ᠵᠢᠭᠤᠯᠴᠢᠯᠠᠯ ᠤᠨ ᠠᠵᠢᠯᠯᠠᠭᠠᠨ ᠤ ᠡᠬᠢᠯᠡᠬᠦ ᠶᠤᠰᠣᠯᠠᠯ ᠢ ᠶᠠᠪᠤᠭᠳᠠᠭᠤᠯᠤᠨ᠎ᠠ᠃          ᠬᠤᠶᠠᠷ᠂ ᠰᠢᠯᠢ ᠶᠢᠨ ᠭᠤᠤᠯ ᠤᠨ ︽ᠬᠤᠶᠠᠷ ᠨᠠᠶᠢᠰᠯᠠᠯ ᠤᠨ ᠠᠶᠠᠨ ᠤ ᠵᠠᠮ︾ ᠢ ᠳᠣᠭᠤᠯᠬᠤ ᠵᠢᠭᠤᠯᠴᠢᠯᠠᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃          ᠭᠤᠷᠪᠠ᠂ ᠠᠷᠪᠠᠨ ᠲᠠᠪᠤᠳᠣᠭᠠᠷ ᠬᠤᠭᠤᠴᠠᠭᠠᠨ ᠤ ᠮᠤᠩᠭᠤᠯ ᠦᠨᠳᠦᠰᠦᠳᠠᠨ ᠤ ᠬᠤᠪᠴᠠᠰᠣ ᠵᠠᠰᠠᠯ ᠤᠨ ᠣᠷᠠᠯᠢᠭ ᠤᠨ ᠨᠠᠶᠢᠷ ᠤᠨ ᠠᠯᠳᠠᠩᠬᠤᠸ᠎ᠠ ᠴᠡᠴᠡᠭ ᠤᠨ ᠣᠯᠠᠷᠢᠯ ᠳᠠᠬᠢ ᠪᠡᠯᠡᠳᠭᠡᠯ ᠣᠷᠣᠯᠳᠣᠭᠠᠨ ᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃          ᠲᠦᠷᠪᠡ᠂ ᠠᠯᠳᠠᠩᠬᠤᠸ᠎ᠠ ᠴᠡᠴᠡᠭ ᠢ ᠵᠤᠬᠢᠶᠠᠨ ᠪᠠᠶᠢᠭᠤᠯᠤᠨ ᠰᠣᠨᠢᠷᠬᠠᠭᠤᠯᠤᠨ᠎ᠠ᠃          ᠲᠠᠪᠤ᠂ ᠦᠪᠦᠷ ᠮᠤᠩᠭᠤᠯ ᠤᠨ ᠣᠬᠢ ᠠᠮᠳᠠ ︽ᠰᠢᠯᠢ ᠶᠢᠨ ᠭᠤᠤᠯ ᠤᠨ ᠮᠤᠩᠭᠤᠯ ᠢᠳᠡᠭᠡᠨ︾ ᠢ ᠵᠠᠷᠯᠠᠬᠤ ᠶᠤᠰᠣᠯᠠᠯ ᠢ ᠦᠷᠨᠢᠭᠦᠯᠦᠨ᠎ᠡ᠃          ᠵᠢᠷᠭᠤᠭ᠎ᠠ᠂ ᠰᠢᠯᠢ ᠶᠢᠨ ᠭᠤᠤᠯ ᠤᠨ ︽ᠬᠤᠶᠠᠷ ᠨᠡᠶᠢᠰᠯᠠᠯ ᠤᠨ ᠠᠶᠠᠨ ᠤ ᠵᠠᠮ︾ ᠢ ᠳᠣᠭᠤᠯᠬᠤ ᠵᠢᠭᠤᠯᠴᠢᠯᠠᠯ ᠤᠨ ᠠᠵᠢᠯᠯᠠᠭᠠᠨ ᠤ ᠳᠣᠰᠬᠠᠢ ᠰᠡᠳᠣᠪᠳᠣ ᠨᠠᠭᠠᠳᠣᠮ ᠢ ᠡᠷᠬᠢᠯᠡᠨ ᠶᠠᠪᠤᠭᠳᠠᠭᠤᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号