ᠠᠯᠳᠠᠨ ᠰᠢᠷᠭᠠᠯ ᠨᠠᠮᠤᠷ ᠤᠨ ᠰᠡᠷᠢᠬᠦᠨ ᠲᠠᠭᠠᠯᠠᠮᠵᠢᠳᠠᠢ ᠤᠯᠠᠷᠢᠯ ᠪᠤᠯᠬᠤ ᠳᠤ ᠰᠢᠯᠤᠭᠤᠨ ᠬᠥᠭᠡ ᠬᠤᠰᠢᠭᠤᠨ  ᠳᠤ ᠵᠤᠭᠠᠴᠬᠠᠰᠠᠥᠨ ᠤᠯᠠᠨ ᠪᠤᠯᠤᠯ᠎ᠠ
ᠨᠡᠶᠢᠲᠡᠯᠡᠭᠰᠡᠨ ᠴᠠᠭ᠄
2018/8/21
                   ᠨᠠᠮᠤᠷ ᠤᠨ ᠠᠭᠤᠷ ᠤᠷᠤᠠᠠᠰᠠᠠ ᠠᠴᠠ ᠨᠠᠰᠢ ᠠᠭᠤᠷ ᠠᠮᠢᠰᠬᠤᠯ ᠰᠡᠷᠢᠬᠦᠨ ᠲᠠᠭᠠᠯᠠᠮᠵᠢᠳᠠᠢ ᠪᠤᠯᠵᠤ ᠵᠤᠭᠠᠴᠬᠠᠰᠠᠥᠨ ᠤᠨ ᠭᠠᠳ᠋ᠬᠠᠰᠢ ᠭᠠᠷᠬᠤ ᠬᠠᠮᠤᠭ ᠲᠤᠬᠢᠷᠠᠮᠵᠢᠳᠠᠢ ᠴᠠᠭ ᠪᠤᠯᠥᠯ᠎ᠠ︔ ᠤᠶᠢᠷ᠎ᠠ ᠶᠢᠨ ᠡᠳᠥᠷ ᠰᠤᠷᠪᠤᠯᠵᠢᠯᠬᠠᠴᠢ ᠰᠢᠯᠤᠭᠤᠨ ᠬᠥᠭᠡ ᠬᠤᠰᠢᠭᠤᠨ ᠤ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠥᠵᠡᠮᠵᠢ  ᠶᠢᠨ ᠤᠷᠤᠨ ᠳᠤ ᠬᠥᠷᠬᠦ ᠳᠤ ᠤᠯᠠᠨ ᠵᠤᠭᠠᠴᠬᠠᠴᠢ ᠲᠠᠯ᠎ᠠ ᠨᠤᠳᠤᠭ ᠤᠨ ᠥᠵᠡᠮᠵᠢ ᠶᠢ ᠰᠤᠨᠢᠷᠬᠠᠨ ᠪᠠᠶᠢᠬᠤ ᠶᠢᠨ ᠬᠠᠮᠳᠤ ᠵᠢᠷᠤᠭ ᠰᠡᠬᠦᠳᠡᠷ ᠲᠠᠳᠠᠵᠤ ᠪᠠᠶᠠᠷ ᠬᠥᠷ ᠲᠠᠢ ᠨᠠᠭᠠᠳᠤᠨ ᠵᠤᠭᠠᠯᠠᠵᠤ ᠪᠠᠶᠢᠬᠤ ᠶᠢ ᠤᠯᠵᠤ ᠬᠠᠷᠠᠯ᠎ᠠ᠃            ᠰᠤᠷᠪᠤᠯᠵᠢᠯᠠᠬᠴᠢ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠮᠦᠽᠸᠢ ᠳᠤ ᠬᠥᠷᠬᠦ ᠳᠤ ᠮᠦᠽᠸᠢ ᠶᠢᠨ ᠲᠡᠷᠭᠡᠨ ᠵᠤᠠᠠᠰᠤᠭᠠᠯ ᠳᠤ ᠲᠡᠷᠭᠡ ᠲᠥᠬᠦᠷᠡᠳᠡᠯ᠎ᠠ ᠵᠤᠠᠠᠰᠤᠵᠤ ᠬᠥᠮᠥᠰ ᠨᠠᠰᠢ ᠴᠠᠰᠢ ᠵᠥᠷᠢᠯᠳᠤᠨ ᠪᠠᠶᠢᠯ᠎ᠠ᠂ ᠮᠦᠽᠸᠢ ᠶᠢᠨ ᠤᠷᠳᠤᠨ ᠤ ᠲᠤᠳᠤᠷ᠎ᠠ ᠵᠤᠭᠠᠴᠬᠠᠴᠢ ᠶᠢᠨ ᠵᠠᠷᠢᠮ ᠨᠢ ᠲᠡᠥᠭᠡ ᠲᠤᠷᠠᠰᠬᠠᠯ ᠤᠨ ᠵᠥᠢᠯᠡᠰ ᠢ ᠮᠠᠰᠢ ᠰᠤᠨᠢᠷᠬᠠᠯᠳᠠᠢ ᠪᠠᠭ᠋ᠠᠷᠬᠠᠵᠤ᠂ ᠵᠠᠷᠢᠮ ᠨᠢ ᠲᠠᠶᠢᠯᠪᠤᠷᠢᠯᠬᠠᠴᠢ ᠶᠢᠨ ᠲᠠᠭᠠᠭᠤᠯᠭ᠎ᠠ ᠪᠠᠷ ᠡᠯ᠎ᠠ ᠲᠡᠯᠭᠡᠨ ᠥᠵᠡᠬᠦᠯᠭᠡ  ᠶᠢᠨ ᠲᠢᠩᠬᠢᠮ ᠢᠶᠠᠷ ᠲᠤᠭᠤᠷᠢᠵᠤ ᠲᠡᠳᠡᠨ ᠤ ᠲᠠᠨᠢᠯᠴᠠᠭᠤᠯᠭ᠎ᠠ ᠶᠢ ᠰᠤᠨᠤᠰᠴᠤ᠂ ᠶᠤᠸᠠᠨ ᠬᠥᠷᠤᠨ ᠤ ᠲᠡᠥᠭᠡ ᠰᠤᠶᠤᠯ ᠪᠤᠯᠥᠨ ᠮᠤᠩᠭᠤᠯ ᠶᠤᠸᠠᠨ ᠤ ᠰᠤᠶᠤᠯ ᠤᠨ ᠲᠤᠬᠠᠢ ᠤᠶᠢᠯᠠᠭᠠᠵᠦ ᠪᠠᠶᠢᠯ᠎ᠠ᠃ ᠮᠦᠽᠸᠢ ᠶᠢᠨ ᠠᠵᠢᠯᠳᠠᠥᠨ ᠤᠨ ᠲᠠᠨᠢᠯᠴᠠᠭᠤᠯᠬᠤ ᠪᠠᠷ ᠡᠨᠡ ᠵᠢᠯ ᠮᠦᠽᠸᠢ ᠪᠠᠷ ᠵᠤᠭᠠᠴᠬᠠᠰᠠᠥᠨ ᠨᠢᠳᠤᠨᠥᠨ ᠢ ᠪᠤᠳᠤᠪᠠᠯ ᠶᠡᠭᠡ ᠪᠠᠷ ᠨᠡᠮᠡᠭᠳᠡᠵᠤ᠂ ᠵᠥᠪᠭᠡᠨ ᠡᠨᠡ ᠭᠡᠳᠥᠨ ᠡᠳᠥᠷ ᠤᠨ ᠡᠳᠥᠷ ᠪᠥᠷᠢ ᠶᠢᠨ ᠵᠤᠭᠠᠴᠬᠠᠴᠢ ᠶᠢᠨ ᠲᠤᠭ᠎ᠠ5000 ᠤᠷᠴᠢᠮ ᠬᠥᠮᠥᠨ ᠤᠳᠠᠭ᠎ᠠ ᠳᠤ ᠬᠥᠷᠴᠤ ᠪᠠᠶᠢᠯ᠎ᠠ᠃            ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠮᠦᠽᠸᠢ ᠶᠢᠨ ᠲᠠᠷᠤᠭ᠎ᠠ ᠯᠢ ᠬᠠᠢ ᠯᠢᠶᠠᠩ ᠤᠨ ᠬᠡᠯᠡᠬᠦ ᠪᠠᠷ᠄ ᠡᠨᠡ ᠵᠢᠯ ᠤᠨ 5 ᠰᠠᠷ᠎ᠠ ᠠᠴᠠ ᠡᠬᠢᠯᠡᠵᠤ ᠤᠳᠤ ᠪᠤᠯᠳᠠᠯ᠎ᠠ ᠨᠡᠶᠢᠳᠠ 25 ᠲᠥᠮᠡᠨ ᠬᠥᠮᠥᠨ ᠤᠳᠠᠭ᠎ᠠ ᠵᠤᠭᠠᠴᠬᠠᠰᠠᠥᠨ ᠢ ᠬᠥᠯᠢᠶᠡᠨ ᠵᠤᠴᠢᠯᠠᠵᠤ ᠪᠤᠢ᠂ ᠤᠨᠴᠠᠭᠠᠶᠢᠯᠠᠨ 8 ᠰᠠᠷ᠎ᠠ ᠠᠴᠠ ᠨᠠᠰᠢ ᠤᠷᠴᠢᠮ ᠤᠨ ᠭᠡᠳᠥᠨ ᠡᠳᠥᠷ ᠵᠤᠭᠠᠴᠬᠠᠴᠢ ᠮᠡᠳᠡᠭᠳᠡᠮ᠎ᠠ ᠨᠡᠮᠡᠭᠳᠡᠭᠰᠠᠠ ᠪᠠᠶᠢᠨ᠎ᠠ᠃ ᠲᠡᠭᠡᠷ᠎ᠠ ᠭᠠᠷᠠᠭ ᠤᠨ ᠵᠢᠷᠭᠤᠭᠠᠨ ᠤ ᠡᠳᠥᠷ ᠵᠤᠭᠠᠴᠬᠠᠴᠢ ᠶᠢᠨ ᠲᠤᠭ᠎ᠠ9000 ᠬᠥᠮᠥᠨ ᠤᠳᠠᠭ᠎ᠠ ᠳᠤ ᠬᠥᠷᠴᠤ ᠲᠡᠥᠭᠡᠳᠤ ᠴᠢᠨᠠᠷᠳᠠᠢ ᠰᠢᠪᠳᠤᠯᠥᠯᠳᠠ ᠶᠢ ᠪᠡᠶᠡᠯᠡᠬᠦᠯᠦᠭᠰᠡᠨ᠂ ᠲᠠᠷᠠᠭᠠᠴᠢ ᠶᠢᠨ ᠠᠯᠬᠤᠮ ᠳᠤ ᠪᠢᠳᠠ ᠵᠤᠭᠠᠴᠬᠠᠰᠠᠥᠨ ᠤᠨ ᠲᠤᠭ᠎ᠠ ᠨᠡᠮᠡᠭᠳᠡᠵᠤ ᠪᠠᠶᠢᠭ᠎ᠠ ᠪᠠᠶᠢᠳᠠᠯ ᠳᠤ ᠴᠢᠭᠯᠡᠬᠦᠯᠥᠨ᠂ ᠡᠯ᠎ᠠ ᠲᠥᠷᠥᠯ ᠤᠨ ᠥᠢᠯᠡᠴᠢᠯᠡᠭᠡᠨ ᠤ ᠴᠢᠨᠠᠷᠵᠢᠯ ᠢᠶᠠᠨ ᠤᠯᠠᠮ ᠢᠶᠠᠷ ᠲᠡᠭᠡᠭᠰᠢᠯᠡᠬᠦᠯᠥᠨ᠂ ᠵᠤᠭᠠᠴᠬᠠᠰᠠᠥᠨ ᠲᠤ ᠨᠢᠭᠡᠨ ᠠᠮᠤᠷ ᠲᠥᠪᠰᠢᠨ᠂ ᠲᠠᠭᠠᠯᠠᠮᠵᠢᠳᠠᠢ ᠰᠠᠶᠢᠬᠠᠨ ᠲᠤᠭᠤᠷᠢᠨ ᠵᠤᠭᠠᠴᠠᠬᠤ ᠤᠷᠴᠢᠨ ᠨᠥᠬᠦᠴᠡᠯ ᠢ ᠪᠥᠷᠢᠯᠳᠥᠬᠦᠯᠥᠨ᠎ᠠ ᠬᠡᠵᠦ ᠪᠠᠶᠢᠯ᠎ᠠ᠃            ᠤᠶᠢᠯᠠᠭᠠᠭᠰᠠᠨ ᠢᠶᠠᠷ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠮᠦᠽᠸᠢ ᠨᠢ ᠨᠢᠭᠡ ᠪᠥᠯᠥᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠬᠤᠨ ᠢᠶᠠᠷ ᠥᠨᠳᠥᠷ᠂ ᠠᠭᠤᠯᠭ᠎ᠠ ᠭᠡᠯᠪᠡᠷᠢ ᠪᠠᠷ ᠪᠠᠶᠠᠯᠢᠭ ᠲᠡᠯᠭᠡᠨ ᠦᠵᠡᠭᠦᠯᠦᠯᠬᠡ ᠶᠢᠨ ᠲᠢᠩᠬᠢᠮ ᠨᠡᠮᠡᠵᠤ ᠪᠠᠶᠢᠭᠤᠯᠥᠨ᠂ ᠮᠦᠽᠸᠢ ᠶᠢᠨ ᠡᠯ᠎ᠠ ᠲᠡᠯᠭᠡᠨ ᠦᠵᠡᠭᠦᠯᠦᠯᠬᠡ ᠶᠢᠨ ᠲᠢᠩᠬᠢᠮ  ᠤᠨ ᠲᠤᠳᠤᠭᠠᠳᠤ ᠳᠠᠬᠢ ᠲᠡᠥᠭᠡ ᠶᠢᠨ ᠵᠥᠢᠯᠡᠰ᠂ ᠵᠠᠰᠠᠯ ᠴᠢᠮᠡᠭᠯᠡᠯ ᠢ ᠤᠯᠠᠮ ᠢᠶᠠᠷ ᠲᠡᠬᠦᠯᠳᠡᠷᠵᠢᠬᠦᠯᠬᠦ ᠪᠠᠷ ᠪᠡᠯᠡᠥᠠᠭᠡᠵᠤ ᠪᠤᠢ᠃             ᠢᠷᠡᠯᠳᠡ᠄ ᠱᠠᠩᠳᠣ ᠶᠢᠨ ᠰᠣᠨᠢᠨ ᠮᠡᠳᠡᠭᠡ  ᠰᠡᠴᠡᠩᠭᠤᠸ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号