ᠬᠦᠶᠦᠭᠴᠢ ᠤᠷᠤᠯᠳᠤᠭᠠᠨ ᠤ ︽ᠦᠵᠡᠰᠬᠦᠯᠡᠩᠳᠦ ᠱᠠᠩᠳᠦ︾ ᠪᠡᠶ᠎ᠡ ᠴᠢᠬᠢᠷᠠᠭᠵᠢᠭᠤᠯᠬᠤ  ᠠᠵᠢᠯᠯᠠᠭ᠎ᠠ ᠪᠤᠯᠵᠤᠭ᠎ᠠ ᠶᠤᠰᠤᠭᠠᠷ ᠶᠠᠪᠤᠭᠳᠠᠯ᠎ᠠ
ᠨᠡᠶᠢᠲᠡᠯᠡᠭᠰᠡᠨ ᠴᠠᠭ᠄
2018/9/10
        9 ᠰᠠᠷ᠎ᠠ ᠶᠢᠨ 8 ᠤ ᠡᠳᠦᠷ᠂ 2018 ᠤᠨ ᠤ ᠦᠪᠦᠷ ᠮᠤᠩᠭᠤᠯ ᠤᠨ ᠶᠤᠸᠠᠨ ᠤ ᠲᠡᠭᠡᠳᠦ ᠨᠡᠶᠢᠰᠯᠡᠯ ᠤᠯᠠᠨ ᠤᠯᠤᠰ ᠤᠨ ᠬᠦᠶᠦᠭᠴᠢ ᠤᠷᠤᠯᠳᠤᠭᠠᠨ ᠤ ᠨᠢᠭᠡ ᠠᠭᠤᠯᠭ᠎ᠠ ᠪᠤᠯᠬᠤ ︽ᠦᠵᠡᠰᠬᠦᠯᠡᠩᠳᠦ ᠱᠠᠩᠳᠦ︾ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠪᠤᠯᠵᠤᠭ᠎ᠠ ᠶᠤᠰᠤᠭᠠᠷ ᠶᠠᠪᠤᠭᠳᠠᠯ᠎ᠠ᠃          ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ 1500 ᠤᠷᠤᠯᠴᠭᠴᠢ ᠢᠳᠡᠷᠡᠬᠦᠨ ᠵᠢᠪᠬᠤᠭᠠᠯᠢᠭ ᠠᠯᠬᠤᠭ᠎ᠠ  ᠪᠠᠷ ᠬᠤᠪᠢᠯᠠᠢ ᠠᠭᠤᠳᠠᠮ ᠲᠠᠯᠠᠪᠠᠢ ᠠᠴᠠ ᠡᠬᠢᠯᠡᠨ ᠭᠠᠷᠴᠦ᠂ ᠬᠤᠪᠢᠯᠠᠢ ᠠᠭᠤᠳᠠᠮ ᠲᠠᠯᠠᠪᠠᠢ ᠶᠢᠨ ᠡᠮᠦᠨ᠎ᠡ ᠵᠡᠭᠡᠯᠢ᠂ ᠲᠡᠬᠦᠯᠢᠯᠳᠡ ᠵᠠᠮ ᠢᠶᠠᠷ ᠲᠠᠮᠵᠢᠨ᠂ ᠡᠴᠦᠰ ᠤᠨ ᠴᠡᠭ ᠪᠤᠯᠬᠤ ᠨᠤᠭᠤ ᠭᠠᠵᠠᠷ ᠤᠨ ᠴᠡᠴᠡᠷᠯᠢᠭ ᠲᠡᠰᠢ ᠠᠯᠬᠤᠭᠰᠠᠨ ᠪᠠᠶᠢᠨ᠎ᠠ᠃        ᠠᠵᠢᠯᠯᠠᠭ᠎ᠠ ᠳᠤ ᠤᠯᠠᠨ ᠬᠡᠤᠬᠡᠳ ᠪᠠᠭᠠᠴᠤᠳ ᠪᠤᠯᠤᠨ ᠨᠠᠰᠤᠳᠠᠳ ᠴᠦ ᠢᠳᠡᠪᠬᠢᠯᠠᠨ ᠤᠷᠤᠯᠴᠠᠵᠤ᠂ ᠰᠢᠯᠤᠭᠤᠨ ᠬᠦᠬᠡ ᠬᠤᠰᠢᠭᠤᠨ ᠤ ᠬᠦᠮᠦᠨ ᠠᠷᠠᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠲᠦᠷᠢ ᠲᠦᠷᠬᠦ ᠶᠢ ᠬᠠᠷᠠᠭᠤᠯᠤᠨ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠡᠷᠡᠬᠦᠯ ᠴᠢᠬᠢᠷᠠᠭ ᠠᠮᠢᠳᠤᠷᠠᠯ ᠤᠨ ᠦᠵᠡᠯᠳᠡ ᠶᠢ ᠰᠠᠨᠠᠭᠠᠴᠢᠯᠠᠯ᠎ᠠ᠃       ᠡᠨᠡ ᠵᠢᠯ ᠠᠴᠠ ᠨᠠᠰᠢ ᠮᠠᠨ ᠤ ᠬᠤᠰᠢᠭᠤ ᠤᠷᠢᠳ ᠬᠤᠵᠢᠳ ᠠᠩᠬᠠᠳᠤᠭᠠᠷ ᠤᠳᠠᠭᠠᠨ ᠤ ︽ᠬᠤᠯᠠᠨ ᠰᠢᠷᠭ᠎ᠠ︾ ᠶᠠᠪᠠᠭᠠᠨ ᠠᠶᠠᠯᠠᠯ᠂ ︽ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠮᠢᠩᠭᠠᠨ ᠬᠦᠮᠦᠨ ᠤ ᠪᠡᠶ᠎ᠡ ᠴᠢᠬᠢᠷᠠᠭᠵᠢᠭᠤᠯᠬᠤ ᠠᠯᠬᠤᠭ᠎ᠠ ᠶᠢᠨ ᠬᠤᠯᠪᠤᠭᠠᠳᠦ ᠠᠵᠢᠯᠯᠠᠭ᠎ᠠ︾ ᠵᠡᠷᠭᠡ ᠤᠷᠤᠨ ᠨᠤᠳᠤᠭ ᠤᠨ ᠤᠨᠴᠠᠯᠢᠭᠳᠦ ᠰᠤᠶᠤᠯ ᠢ ᠬᠠᠷᠠᠭᠤᠯᠤᠭᠰᠠᠨ ᠠᠵᠢᠯᠯᠠᠭ᠎ᠠ ᠨᠤᠭᠤᠳ ᠢ ᠶᠠᠪᠤᠭᠳᠠᠭᠤᠯᠤᠭᠰᠠᠨ ᠢᠶᠠᠷ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃             ︵ ᠡᠭᠡᠰᠢᠭ ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号