ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠶᠤᠸᠠᠨ ᠤ ᠳᠡᠭᠡᠳᠦ ᠨᠡᠶᠢᠰᠯᠡᠯ ᠨᠡᠷᠡᠮᠵᠢᠳᠦ ᠣᠯᠠᠨ ᠤᠯᠤᠰ ᠤᠨ ᠭᠦᠶᠦᠭᠴᠢ ᠶᠢᠨ ᠤᠷᠤᠯᠳᠤᠭᠠᠨ ᠰᠢᠯᠤᠭᠤᠨ ᠬᠥᠬᠡ ᠬᠤᠰᠢᠭᠤᠨ ᠳᠤ ᠲᠡᠭᠦᠰ ᠠᠮᠵᠢᠯᠳᠠᠲᠠᠢ ᠶᠠᠪᠣᠭᠳᠠᠪᠠ
ᠨᠡᠶᠢᠲᠡᠯᠡᠭᠰᠡᠨ ᠴᠠᠭ᠄
2019/10/14
         ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ︽ᠭᠦᠶᠦᠭᠴᠢ︾ ᠰᠣᠶᠣᠯ ᠲᠠᠮᠢᠷ ᠤᠨ ᠨᠡᠷᠡᠲᠦ ᠲᠡᠮᠳᠡᠭ ᠢ ᠡᠭᠦᠳᠦᠨ᠂ ᠪᠦᠬᠦ ᠬᠤᠰᠢᠭᠤᠨ ᠤ ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠳᠠᠪᠰᠢᠯᠲᠠ ᠶᠢ ᠠᠬᠢᠭᠤᠯᠬᠤ ᠶᠢᠨ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠶᠤᠸᠠᠨ ᠤ ᠳᠡᠭᠡᠳᠦ ᠨᠡᠶᠢᠰᠯᠡᠯ ᠨᠡᠷᠡᠮᠵᠢᠳᠦ ᠣᠯᠠᠨ ᠤᠯᠤᠰ ᠤᠨ ᠭᠦᠶᠦᠭᠴᠢ ᠶᠢᠨ ᠤᠷᠤᠯᠳᠤᠭᠠᠨ︾ 10 ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠰᠢᠯᠤᠭᠤᠨ ᠬᠥᠬᠡ ᠬᠤᠰᠢᠭᠤᠨ ᠳᠤ ᠦᠪᠡᠳᠡᠭᠰᠢ ᠶᠡᠬᠡᠪᠡᠷ ᠶᠠᠪᠤᠭᠳᠠᠪᠠ᠃          ᠲᠣᠰ ᠬᠤᠭᠤᠴᠠᠭᠠᠨ ᠤ ᠤᠷᠤᠯᠳᠤᠭᠠᠨ ᠨᠢ ︽90 ᠺᠢᠯᠣᠮᠧᠲᠷ ᠤᠨ ᠭᠦᠶᠦᠭᠴᠢ ᠶᠢᠨ ᠤᠷᠤᠯᠳᠤᠭᠠᠨ︾᠂ ︽15 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠠᠯᠬᠤᠬᠤ ᠤᠷᠤᠯᠳᠤᠭᠠᠨ︾ ᠪᠠ ︽5 ᠺᠢᠯᠣᠮᠧᠲᠷ ᠤᠨ ᠣᠬᠤᠷ ᠭᠦᠶᠦᠯᠲᠡ ᠶᠢᠨ ᠤᠷᠤᠯᠳᠤᠭᠠᠨ︾ ᠭᠡᠬᠦ ᠭᠤᠷᠪᠠᠨ ᠬᠡᠰᠡᠭ ᠢᠶᠠᠷ ᠪᠦᠷᠢᠯᠳᠦᠵᠦ᠂ ᠤᠷᠤᠯᠳᠤᠭᠠᠨ ᠳᠤ ᠤᠷᠤᠯᠴᠠᠭᠰᠠᠨ ᠬᠥᠮᠦᠨ ᠤ ᠲᠤᠭ᠎ᠠ ᠨᠢ 2500 ᠶᠢ ᠳᠠᠪᠠᠭᠰᠠᠨ ᠪᠠᠶᠢᠨ᠎ᠠ᠃ ᠡᠭᠦᠨ ᠳᠤ ︽90 ᠺᠢᠯᠣᠮᠧᠲᠷ ᠤᠨ ᠭᠦᠶᠦᠭᠴᠢ ᠶᠢᠨ ᠤᠷᠤᠯᠳᠤᠭᠠᠨ︾ ᠳᠤ ᠮᠣᠩᠭᠤᠯ ᠤᠯᠤᠰ᠂ ᠺᠧᠨᠢᠶᠠ᠂ ᠡᠸ᠋ᠽᠢᠤᠫᠢᠶ᠎ᠠ᠂ ᠡᠮᠦᠨᠡᠲᠦ ᠠᠹᠷᠢᠺᠠ᠂ ᠨᠢᠭᠧᠷᠢᠶ᠎ᠠ᠂ ᠰᠧᠨᠧᠭᠠᠯ᠂ ᠦᠭᠠᠨᠳᠠ᠂ ᠲᠠᠨᠽᠠᠨᠢᠶ᠎ᠠ᠂ ᠪᠥᠬᠦᠳᠡ ᠨᠠᠶᠢᠷᠠᠮᠳᠠᠬᠤ ᠭᠠᠨᠠ ᠤᠯᠤᠰ ᠵᠡᠷᠭᠡ 9 ᠤᠯᠤᠰ ᠤᠨ 13 ᠲᠠᠮᠢᠷᠴᠢᠨ ᠪᠣᠯᠤᠨ ᠪᠡᠭᠡᠵᠢᠩ᠂ ᠲᠢᠶᠠᠨᠵᠢᠨ᠂ ᠾᠧᠪᠧᠶ᠂ ᠯᠢᠶᠣᠤᠨᠢᠩ᠂ ᠠᠨᠾᠦ᠋ᠢ ᠵᠡᠷᠭᠡ ᠣᠯᠠᠨ ᠮᠣᠵᠢ ᠬᠤᠲᠠ ᠥᠪᠡᠷᠲᠡᠭᠡᠨ ᠵᠠᠰᠠᠬᠤ ᠣᠷᠣᠨ ᠤ 300 ᠭᠠᠷᠤᠶ ᠲᠠᠮᠢᠷᠴᠢᠨ ᠣᠷᠣᠯᠴᠠᠵᠠᠶ᠃ ᠳᠡᠯᠡᠬᠡᠶ ᠶᠢᠨ ᠮᠠᠷᠠᠽᠤᠨ ᠤᠷᠤᠯᠳᠤᠭᠠᠨ ᠤ ᠳᠡᠳ᠋ ᠨᠡᠷ᠎ᠡ᠂ ᠤᠯᠤᠰ ᠤᠨ ᠳᠣᠲᠣᠭᠠᠳᠤ ᠶᠢᠨ ᠣᠯᠠᠨ ᠤᠳᠠᠭᠠᠨ ᠤ ᠮᠠᠷᠠᠽᠤᠨ ᠤᠷᠤᠯᠳᠤᠭᠠᠨ ᠤ ᠮᠠᠩᠯᠠᠶ ᠯᠢᠶᠠᠩ ᠵᠢᠩ᠂ ︽2018 ᠳᠤᠮᠳᠠᠳᠤ ᠤᠯᠤᠰ ᠤᠨ ᠱᠠᠨᠲ᠋ᠧᠦ ᠶᠢᠨ ᠣᠯᠠᠨ ᠤᠯᠤᠰ ᠤᠨ ᠮᠠᠷᠠᠽᠤᠨ ᠤᠷᠤᠯᠳᠤᠭᠠᠨ︾ ᠤ ᠡᠷᠡᠭᠲᠡᠶ ᠶᠢᠨ ᠳᠤᠭᠤᠶᠢᠯᠠᠩ ᠤᠨ ᠤᠷᠤᠯᠳᠤᠭᠠᠨ ᠤ ᠮᠠᠩᠯᠠᠶ ᠵᠠᠩ ᠵᠧᠨ ᠯᠦᠩ ᠵᠡᠷᠭᠡ ᠰᠢᠯᠢᠳᠡᠭ ᠲᠠᠮᠢᠷᠴᠢᠳ ᠲᠣᠰ ᠤᠳᠠᠭᠠᠨ ᠤ ᠤᠷᠤᠯᠳᠤᠭᠠᠨ ᠳᠤ ᠣᠷᠣᠯᠴᠠᠪᠠ᠃          ᠲᠣᠯᠭᠠᠳᠠᠨ ᠬᠠᠮᠲᠤᠯᠢᠭ ᠪᠣᠯᠤᠨ ᠰᠢᠯᠤᠭᠤᠨ ᠬᠥᠬᠡ ᠬᠤᠰᠢᠭᠤᠨ ᠤ ᠤᠯᠠᠭᠠᠨᠮᠥ᠋ᠴᠢᠷ ᠤᠨ ᠬᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠤᠷᠤᠯᠳᠤᠭᠠᠨ ᠳᠤ ᠣᠷᠣᠯᠴᠠᠭᠰᠠᠳ ᠪᠣᠯᠤᠨ ᠦᠵᠡᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠵᠠᠢ᠃          ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠸᠧᠶ ᠭᠦᠸᠧ ᠪᠠᠶᠠᠷ ᠤᠨ ᠦᠭᠡ ᠶᠠᠷᠢᠪᠠ᠃          ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ 90 k m ᠤᠨ ᠭᠦᠶᠦᠭᠴᠢ ᠶᠢᠨ ᠳᠤᠭᠤᠶᠢᠯᠠᠩ ᠳᠤ ᠲᠤᠭ ᠳᠠᠮᠵᠢᠭᠤᠯᠪᠠ᠃          ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠤᠶᠠᠨᠲᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠧᠶ ᠳᠤ ︽ᠭᠦᠶᠦᠭᠴᠢ︾ ᠮᠥᠩᠭᠦᠨ ᠶᠤᠸᠠᠮᠪᠤᠤ  ᠶᠢ ᠪᠡᠯᠡᠭᠯᠡᠪᠡ᠃          ︽15 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠠᠯᠬᠤᠬᠤ ᠤᠷᠤᠯᠳᠤᠭᠠᠨ︾ ᠳᠤ 200 ᠬᠦᠮᠦᠨ᠂ ︽5 ᠺᠢᠯᠣᠮᠧᠲᠷ ᠤᠨ ᠣᠬᠤᠷ ᠭᠦᠶᠦᠯᠲᠡ ᠶᠢᠨ ᠤᠷᠤᠯᠳᠤᠭᠠᠨ︾ ᠳᠤ 2000 ᠬᠥᠮᠥᠨ ᠣᠷᠣᠯᠴᠠᠵᠤ᠂ ᠤᠷᠤᠯᠴᠠᠭᠰᠠᠳ ᠪᠦᠬᠦᠨ ᠳᠤ ᠳᠤᠷᠠᠰᠬᠠᠯ ᠤᠨ ᠪᠤᠳᠠᠰ ᠭᠠᠷᠳᠠᠭᠤᠯᠤᠭᠰᠠᠨ ᠪᠠᠶᠢᠨ᠎ᠠ᠃          ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠠᠨᠾᠦ᠋ᠢ ᠮᠤᠵᠢ ᠶᠢᠨ ᠲᠠᠮᠢᠷᠴᠢᠨ ᠯᠢᠶᠠᠩ ᠵᠢᠩ 6 ᠴᠠᠭ 53 ᠮᠢᠨᠦ᠋ᠲ 26 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠷᠡᠭᠲᠡᠶ ᠶᠢᠨ 90 ᠺᠢᠯᠣᠮᠧᠲᠷ ᠤᠨ ᠤᠷᠤᠯᠳᠤᠭᠠᠨ ᠳᠤ ᠮᠠᠩᠯᠠᠶᠢᠯᠠᠵᠤ᠂ ᠪᠤᠭᠤᠲᠤ ᠶᠢᠨ ᠲᠠᠮᠢᠷᠴᠢᠨ ᠯᠢᠦ ᠲᠤᠤ 7 ᠴᠠᠭ 13 ᠮᠢᠨᠦ᠋ᠲ 56 ᠰᠧᠺᠦ᠋ᠨ᠋ᠳ᠋ ᠤᠨ ᠬᠢᠷᠢ ᠪᠦᠲᠦᠮᠵᠢ ᠪᠠᠷ ᠳᠡᠳ᠋ᠯᠠᠨ᠂ ᠮᠣᠩᠭᠤᠯ ᠤᠯᠤᠰ ᠤᠨ ᠲᠠᠮᠢᠷᠴᠢᠨ ᠣᠳᠬᠤᠨᠪᠠᠭᠠᠲᠤᠷ 7 ᠴᠠᠭ 56 ᠮᠢᠨᠦ᠋ᠲ 05 ᠰᠧᠺᠦ᠋ᠨ᠋ᠳ᠋ ᠤᠨ ᠬᠢᠷᠢ ᠪᠦᠲᠦᠮᠵᠢ ᠪᠠᠷ ᠭᠤᠳᠠᠭᠠᠷ ᠨᠡᠷ᠎ᠡ ᠳᠤ ᠲᠤᠳᠤᠷᠠᠵᠠᠢ᠃ ᠮᠣᠩᠭᠤᠯ ᠤᠯᠤᠰ ᠤᠨ ᠲᠠᠮᠢᠷᠴᠢᠨ ᠰᠠᠷᠠᠩᠭᠤᠸ᠎ᠠ 8 ᠴᠠᠭ 27 ᠮᠢᠨᠦ᠋ᠲ 02 ᠰᠧᠺᠦ᠋ᠨ᠋ᠳ᠋ ᠤᠨ ᠬᠢᠷᠢ ᠪᠦᠲᠦᠮᠵᠢ ᠪᠠᠷ ᠡᠮᠡᠭᠳᠡᠢ ᠶᠢᠨ 90 ᠺᠢᠯᠣᠮᠧᠲᠷ ᠤᠨ ᠤᠷᠤᠯᠳᠤᠭᠠᠨ ᠳᠤ ᠮᠠᠩᠯᠠᠶᠢᠯᠠᠵᠤ᠂ ᠮᠣᠩᠭᠤᠯ ᠤᠯᠤᠰ ᠤᠨ ᠲᠠᠮᠢᠷᠴᠢᠨ ᠤᠤᠭᠠᠨᠲᠤᠶᠠᠭ᠎ᠠ 9 ᠴᠠᠭ 26 ᠮᠢᠨᠦ᠋ᠲ 15 ᠰᠧᠺᠦ᠋ᠨ᠋ᠳ᠋ ᠤᠨ ᠬᠢᠷᠢ ᠪᠦᠲᠦᠮᠵᠢ ᠪᠠᠷ ᠳᠡᠳ᠋ᠯᠡᠨ᠂ ᠯᠢᠶᠣᠤᠨᠢᠩ ᠤᠨ ᠲᠠᠮᠢᠷᠴᠢᠨ ᠵᠠᠩ ᠴᠢᠶᠠᠨ 9 ᠴᠠᠭ 32 ᠮᠢᠨᠦ᠋ᠲ 47 ᠰᠧᠺᠦ᠋ᠨ᠋ᠳ᠋ ᠤᠨ ᠬᠢᠷᠢ ᠪᠦᠲᠦᠮᠵᠢ ᠪᠠᠷ ᠭᠤᠳᠠᠭᠠᠷ ᠨᠡᠷ᠎ᠡ ᠳᠤ ᠲᠤᠳᠤᠷᠠᠵᠠᠢ᠃ 90 ᠺᠢᠯᠣᠮᠧᠲᠷ ᠤᠨ ᠡᠷᠡᠭᠲᠡᠶ ᠡᠮᠡᠭᠲᠡᠶ ᠶᠢᠨ ᠳᠤᠭᠤᠶᠢᠯᠠᠩ ᠤᠨ ᠲᠦᠷᠦᠭᠦᠤ ᠭᠤᠷᠪᠠᠨ ᠨᠡᠷ᠎ᠡ ᠳᠤ ᠲᠣᠰ ᠲᠣᠰ 12560 ᠲᠥᠭᠦᠷᠢᠭ᠂ 8000 ᠲᠥᠭᠦᠷᠢᠭ ᠪᠠ 5000 ᠲᠥᠭᠦᠷᠢᠭ ᠤᠨ ᠱᠠᠩᠨᠠᠯ ᠤᠨ ᠮᠥᠩᠭᠦ ᠣᠯᠭᠤᠭᠰᠠᠨ ᠪᠥᠭᠡᠳ ᠮᠥᠩᠭᠦᠨ ᠶᠤᠸᠠᠮᠪᠤᠤ ᠭᠠᠷᠳᠠᠭᠤᠯᠤᠭᠰᠠᠨ ᠪᠠᠶᠢᠨ᠎ᠠ᠃          ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠶ ᠸᠧᠶ ᠭᠦᠸᠧ᠂ ᠥᠪᠡᠷᠲᠡᠭᠡᠨ ᠵᠠᠰᠠᠬᠤ ᠣᠷᠣᠨ ᠤ ᠲᠠᠮᠢᠷ ᠤᠨ ᠲᠤᠪᠴᠢᠶᠠᠨ ᠤ ᠣᠯᠠᠨ ᠲᠥᠮᠡᠨ ᠤ ᠲᠠᠮᠢᠷ ᠤᠨ ᠭᠠᠵᠠᠷ ᠤᠨ ᠳᠠᠷᠤᠭ᠎ᠠ ᠯᠢᠦ ᠬᠦᠶ ᠱᠧᠩ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠵᠠᠰᠠᠭ ᠤᠨ ᠣᠷᠳᠣᠨ ᠤ ᠳᠠᠷᠤᠭ᠎ᠠ ᠪᠤᠶᠠᠨᠲᠤ᠂ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠡᠳ᠋ ᠳᠠᠷᠤᠭ᠎ᠠ ᠰᠣᠶᠣᠯᠳᠣ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠶᠢᠨ ᠬᠤᠯᠪᠣᠭᠠᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠲᠣᠮᠢᠯᠠᠨ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠶ ᠳᠠᠷᠤᠭ᠎ᠠ ᠱᠢ ᠴᠢᠩ ᠵᠢᠴᠢ ᠬᠤᠰᠢᠭᠤ ᠳᠥᠷᠪᠡᠨ ᠶᠡᠭᠡ ᠤᠳᠤᠷᠢᠳᠬᠤ ᠪᠠᠭ᠂ ᠰᠢᠭᠦᠬᠦ ᠬᠤᠷᠢᠶᠠᠨ ᠤ ᠳᠠᠷᠤᠭ᠎ᠠ ᠡᠬᠢᠯᠡᠯᠲᠡ᠂ ᠲᠡᠭᠦᠰᠬᠡᠯ ᠤᠨ ᠶᠣᠰᠣᠯᠠᠯ ᠳᠤ ᠣᠷᠣᠯᠴᠠᠵᠤ ᠲᠠᠮᠢᠷᠴᠢᠳ ᠲᠤ ᠱᠠᠩᠨᠠᠯ ᠭᠠᠷᠳᠠᠭᠤᠯᠪᠠ᠃          ᠣᠶᠢᠷ᠎ᠠ ᠶᠢᠨ ᠵᠢᠯ ᠠᠴᠠ᠂ ᠰᠢᠯᠤᠭᠤᠨ ᠬᠥᠬᠡ ᠬᠤᠰᠢᠭᠤ ᠣᠯᠠᠨ ᠤᠯᠤᠰ ᠤᠨ ᠭᠦᠶᠦᠭᠴᠢ ᠶᠢᠨ ᠤᠷᠤᠯᠳᠤᠭᠠᠨ ᠢ ᠦᠨᠳᠦᠰᠦᠲᠡᠨ ᠤ ᠰᠣᠶᠣᠯ ᠢ ᠤᠯᠠᠮᠵᠢᠯᠠᠨ ᠬᠥᠭᠵᠢᠭᠦᠯᠬᠦ ᠰᠣᠶᠣᠯ ᠲᠠᠮᠢᠷ ᠤᠨ ᠨᠡᠷᠡᠲᠦ ᠲᠡᠮᠳᠡᠭ ᠤᠨ ᠨᠢᠭᠡ ᠪᠣᠯᠭᠠᠨ ᠡᠷᠬᠢᠯᠡᠨ ᠶᠠᠪᠤᠭᠳᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠲᠤᠶᠢᠯ ᠤᠨ ᠶᠡᠭᠡ ᠨᠥᠯᠥᠭᠡ ᠦᠵᠡᠭᠦᠯᠪᠡ᠃ ᠳᠤᠮᠳᠠᠳᠤ ᠤᠯᠤᠰ ᠤᠨ 600 ᠭᠠᠷᠤᠶ ᠵᠢᠯ ᠤᠨ ᠡᠮᠦᠨ᠎ᠡ ᠰᠢᠯᠤᠭᠤᠨ ᠬᠥᠬᠡ ᠬᠤᠰᠢᠭᠤᠨ ᠤ ᠶᠤᠸᠠᠨ ᠤ ᠳᠡᠭᠡᠳᠦ ᠨᠡᠶᠢᠰᠯᠡᠯ ᠳᠤ ᠣᠯᠠᠨ ᠤᠯᠤᠰ ᠤᠨ ᠭᠦᠶᠦᠭᠴᠢ ᠤᠷᠤᠯᠳᠤᠭᠠᠨ ᠢ ᠡᠷᠬᠢᠯᠡᠨ ᠶᠠᠪᠤᠭᠳᠠᠭᠤᠯᠤᠭᠰᠠᠨ ᠢᠶᠠᠷ ᠢᠶᠠᠨ ︽ᠬᠦᠶᠦᠭᠴᠢ︾ ᠣᠯᠠᠨ ᠣᠯᠣᠰ ᠤᠨ ᠣᠷᠣᠯᠳᠣᠭᠠᠨ ᠨᠢ ᠲᠡᠣᠬᠡ ᠰᠤᠶᠤᠯ ᠤᠨ ᠭᠦᠨ ᠠᠭᠤᠯᠤᠭᠳᠠᠬᠤᠨ ᠲᠠᠢ ᠪᠠᠶᠢᠳᠠᠭ᠃ ᠡᠷᠴᠢ ᠵᠣᠷᠢᠭ᠂ ᠡᠷ᠎ᠡ ᠰᠢᠨᠳᠠᠰᠤ ᠶᠢ ᠰᠣᠷᠢᠭᠰᠠᠨ ᠭᠦᠶᠦᠭᠴᠢ ᠶᠢᠨ ᠣᠷᠣᠯᠳᠣᠭᠠᠨ ᠳᠤ ᠣᠷᠣᠯᠴᠠᠬᠤ ᠨᠢ ᠠᠮᠢ ᠨᠠᠰᠤ᠂ ᠠᠮᠢᠵᠢᠷᠠᠯ ᠤᠨ ᠬᠦᠴᠦᠨ ᠢ ᠣᠶᠢᠯᠠᠭᠠᠨ᠂ ᠪᠡᠶ᠎ᠡ ᠲᠠᠮᠢᠷ ᠤᠨ ᠬᠦᠳᠡᠯᠭᠡᠭᠡᠨ ᠠᠴᠠ ᠠᠪᠴᠢᠷᠠᠭᠰᠠᠨ ᠪᠠᠶᠠᠷ ᠪᠠᠭ᠋ᠠᠳᠤᠯ ᠢ ᠡᠳ᠋ᠯᠡᠵᠦ ᠴᠢᠳᠠᠬᠤ ᠪᠠᠷ ᠪᠠᠷᠠᠬᠤ ᠦᠭᠡᠢ᠂ ᠪᠡᠭᠡᠵᠢᠩ ᠤᠨ ᠤᠮᠠᠷᠠᠳᠠᠬᠢ ᠲᠠᠯ᠎ᠠ ᠨᠤᠲᠤᠭ ᠤᠨ ᠮᠠᠯᠵᠢᠬᠤ ᠣᠷᠣᠨ ᠤ ᠭᠤᠶᠢᠳᠠ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ ᠴᠠᠬᠠᠷ ᠵᠠᠩ ᠠᠭᠠᠯᠢ ᠶᠢ ᠣᠶᠢᠯᠠᠭᠠᠵᠤ ᠴᠢᠳᠠᠨ᠎ᠠ᠃  ︵ ᠣᠶᠠᠩᠭ᠎ᠠ᠂ ᠣᠶᠣᠨᠰᠡᠷᠭᠦᠯᠡᠩ ᠤᠷᠴᠢᠭᠤᠯᠵᠤ᠂ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号