ᠴᠠᠬᠠᠷ  ᠵᠠᠩ ᠦᠢᠯᠡ  — ᠵᠥᠭᠡᠬᠡᠢ
ᠨᠡᠶᠢᠲᠡᠯᠡᠭᠰᠡᠨ ᠴᠠᠭ᠄
2019/11/19
          ᠰᠠᠭᠠᠭᠰᠠᠨ ᠰᠦ ᠪᠠᠨ ᠰᠢᠭᠦᠵᠦ ᠰᠠᠪᠠᠨ ᠳᠤ ᠬᠢᠵᠦ ᠡᠳᠦᠷ ᠢᠯᠡᠭᠦᠦ ᠳᠣᠭᠲᠠᠭᠤᠨ ᠪᠠᠶᠢᠯᠭᠠᠪᠠᠯ ︵ᠰᠡᠷᠢᠭᠦᠨ ᠴᠠᠭ ᠲᠤ 2᠎ ᠠᠴᠠ 3 ᠡᠳᠦᠷ︶ ᠰᠦᠨ ᠤ ᠡᠭᠡᠳᠡᠬᠦ ᠶᠢ ᠳᠠᠭᠠᠯᠳᠣᠨ ᠳᠡᠭᠡᠷ᠎ᠡ ᠨᠢ ᠬᠥᠷᠦᠰᠦᠯᠡᠨ ᠰᠠᠭᠤᠭᠰᠠᠨ ᠳᠣᠰᠣᠯᠢᠭ ᠳᠠᠪᠬᠤᠷᠭ᠎ᠠ ᠶᠢ ᠵᠥᠭᠡᠬᠡᠢ ᠭᠡᠨ᠎ᠡ᠃ ᠵᠥᠭᠡᠬᠡᠢ ᠶᠢ ᠲᠡᠷᠡ  ᠬᠡᠪ ᠢᠶᠠᠷ ᠨᠢ ᠢᠳᠡᠬᠦ ᠪᠣᠶᠤ ᠴᠠᠢ ᠨᠡᠶᠢᠯᠡᠭᠦᠯᠵᠦ ᠪᠣᠯᠳᠠᠭ᠃ ᠪᠣᠷᠠᠮ᠂ ᠡᠯᠡᠰᠦᠨ ᠰᠢᠬᠢᠷ ᠵᠡᠷᠭᠡ ᠪᠠᠷ ᠠᠮᠲᠠ ᠵᠣᠬᠢᠴᠠᠭᠤᠯᠣᠨ ᠬᠠᠭᠤᠷᠠᠢ ᠪᠣᠳᠠᠭ᠎ᠠ ᠲᠠᠢ ᠬᠤᠳᠬᠤᠵᠣ ᠢᠳᠡᠬᠦ ᠪᠣᠶᠤ ᠪᠣᠰᠣᠳ ᠢᠳᠡᠭᠡᠨ ᠢ ᠳᠦᠷᠦᠵᠦ ᠢᠳᠡᠵᠦ ᠪᠣᠯᠳᠠᠭ᠃ ᠵᠥᠭᠡᠬᠡᠢ ᠨᠢ ᠳᠣᠰᠣᠯᠢᠭ ᠴᠢᠨᠠᠷ ᠢᠶᠠᠷ ᠮᠠᠰᠢ ᠴᠢᠩᠭ᠎ᠠ᠂ ᠰᠢᠷ᠎ᠠ ᠳᠣᠰᠤᠨ ᠤ ᠡᠬᠢ ᠮᠠᠲ᠋ᠧᠷᠢᠶᠠᠯ ᠪᠣᠯᠳᠠᠭ ᠰᠦᠨ ᠤ ᠣᠬᠢ ᠱᠦᠯᠲᠦ ᠶᠣᠮ᠃       ᠢᠷᠡᠯᠳᠡ᠄ ︽ᠴᠠᠬᠠᠷ ᠵᠠᠩ ᠦᠢᠯᠡ︾ ᠭᠡᠬᠦ ᠨᠤᠮ ᠠᠴᠠ ᠮᠠᠶᠢᠯᠠᠰᠣ ᠰᠡᠶᠢᠷᠡᠬᠦᠯᠪᠡ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号