ᠰᠢᠯᠤᠭᠤᠨ ᠬᠥᠬᠡ ᠬᠤᠰᠢᠭᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ 5 A ᠲᠡᠰ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2019/11/22
          11 ᠰᠠᠷ᠎ᠠ ᠶᠢᠨ 19 ᠤ ᠡᠳᠦᠷ᠂ ᠰᠢᠯᠤᠭᠤᠨ ᠬᠥᠬᠡ ᠬᠤᠰᠢᠭᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ 5 A ᠲᠡᠰ ᠤᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠲᠥᠯᠥᠪᠵᠢᠭᠦᠯᠭᠡ ᠶᠢᠨ ᠶᠠᠷᠢᠯᠴᠠᠬᠤ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠪᠠᠳᠠᠷᠠᠯᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠧᠩ ᠱᠣ᠋ ᠵᠢᠦᠸᠠᠨ᠂ ᠭᠠᠩᠪᠦ᠋ᠬᠡ᠂ ᠹᠧᠩ ᠵᠢᠶᠠᠨ ᠵᠢᠶᠦ᠋ᠨ᠂ ᠠᠶᠢᠮᠠᠭ ᠤᠨ ᠶᠤᠸᠠᠨ ᠤ ᠳᠡᠭᠡᠳᠦ ᠨᠡᠶᠢᠰᠯᠡᠯ ᠤᠨ ᠰᠣᠶᠣᠯ ᠤᠨ ᠥᠪ ᠤᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠯᠢᠦ ᠰᠢᠤᠸᠠᠢ ᠮᠢᠨ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢ ᠤᠯᠤᠰ ᠤᠨ A A A A A ᠲᠡᠰ ᠤᠨ ᠦᠵᠡᠮᠵᠢ ᠶᠢᠨ ᠣᠷᠣᠨ ᠪᠣᠯᠭᠠᠨ ᠪᠦᠳᠦᠭᠡᠨ ᠪᠠᠶᠢᠭᠤᠯᠬᠤ ᠶᠡᠷᠦᠩᠬᠡᠶ ᠲᠥᠯᠦᠪᠵᠢᠭᠦᠯᠭᠡ︾ ᠶᠢᠨ ᠲᠣᠪᠬᠢᠮᠠᠯ ᠢ ᠪᠡᠭᠡᠵᠢᠩ ᠤᠨ ᠵᠥᠩ ᠺᠧ ᠵᠢᠩ ᠶᠤᠸᠠᠨ ᠬᠤᠲᠠ ᠬᠥᠳᠡᠭᠡ ᠶᠢᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠳᠤ ᠨᠠᠶᠢᠳᠠᠵᠤ ᠨᠠᠶᠢᠷᠠᠭᠤᠯᠤᠨ ᠵᠣᠬᠢᠶᠠᠯᠭᠠᠵᠤ᠂ ᠨᠠᠨᠺᠠᠢ ᠶᠡᠭᠡ ᠰᠤᠷᠭᠠᠭᠤᠯᠢ ᠶᠢᠨ ᠫᠷᠣᠫᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠱᠢ ᠫᠧᠢ ᠬᠤᠸᠠ ᠠᠵᠢᠯ ᠤᠨ ᠦᠢᠯᠡᠳᠦᠯᠭᠡ ᠲᠤᠷᠰᠢᠯᠭ᠎ᠠ ᠲᠠᠢ ᠪᠠᠨ ᠤᠶᠠᠯᠳᠤᠭᠤᠯᠵᠤ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢ ᠤᠯᠤᠰ ᠤᠨ A A A A A ᠲᠡᠰ ᠤᠨ ᠦᠵᠡᠮᠵᠢ ᠶᠢᠨ ᠣᠷᠣᠨ ᠪᠣᠯᠭᠠᠨ ᠪᠦᠳᠦᠭᠡᠨ ᠪᠠᠶᠢᠭᠤᠯᠬᠤ ᠶᠡᠷᠦᠩᠬᠡᠶ ᠲᠥᠯᠦᠪᠵᠢᠭᠦᠯᠭᠡ︾ ᠶᠢᠨ ᠲᠣᠪᠬᠢᠮᠠᠯ ᠳᠤ ᠨᠠᠷᠢᠨ ᠵᠠᠳᠠᠯᠤᠯᠲᠠ ᠬᠢᠭᠰᠡᠨ ᠪᠥᠭᠡᠳ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠪᠤᠰᠤᠳᠴᠢ ᠪᠠᠷ ᠵᠠᠳᠠᠯᠤᠭᠰᠠᠨ ᠤ ᠬᠠᠮᠲᠤ ᠡᠷᠲᠡᠨ ᠤ ᠪᠠᠭᠤᠷᠢ ᠶᠢᠨ ᠮᠦᠽᠧᠶ᠂ ᠪᠠᠭᠤᠷᠢ ᠶᠢᠨ ᠵᠢᠭᠤᠯᠴᠢᠯᠠᠭᠰᠠᠳ ᠤᠨ ᠲᠥᠪ᠂ ᠪᠠᠭᠤᠷᠢ ᠶᠢᠨ ᠴᠡᠴᠡᠷᠯᠢᠭ ᠤᠨ ᠲᠥᠷᠥᠯ ᠵᠦᠢᠯ ᠵᠢᠴᠢ ᠲᠥᠷᠥᠯ ᠵᠦᠢᠯ ᠢ ᠪᠡᠶᠡᠴᠢᠯᠡᠨ ᠣᠶᠢᠯᠠᠭᠠᠬᠤ ᠲᠥᠪ ᠲᠤ ᠥᠨᠳᠦᠷ ᠪᠠᠷᠢᠮᠵᠢᠶ᠎ᠠ ᠲᠠᠢ ᠵᠢᠯᠣᠭᠤᠳᠬᠤ ᠰᠠᠨᠠᠯ ᠳᠤᠷᠠᠳᠴᠠᠶ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠠᠴᠠ ᠰᠣᠶᠣᠯ ᠵᠢᠭᠤᠯᠴᠢᠯᠠᠯ᠂ ᠦᠵᠡᠮᠵᠢ ᠶᠢᠨ ᠣᠷᠣᠨ ᠤ ᠲᠥᠯᠦᠪᠵᠢᠭᠦᠯᠭᠡ᠂ ᠬᠥᠭᠵᠢᠯᠲᠡ ᠶᠢᠨ ᠴᠢᠭᠯᠡᠯ ᠵᠢᠴᠢ ᠳᠠᠷᠠᠭᠠᠴᠢ ᠶᠢᠨ ᠠᠯᠬᠤᠮ ᠤᠨ ᠬᠦᠭᠵᠢᠯᠲᠡ ᠵᠡᠷᠭᠡ ᠲᠠᠯ᠎ᠠ ᠪᠠᠷ ᠲᠤᠰ ᠲᠤᠰ ᠰᠠᠨᠠᠯ ᠢᠶᠠᠨ ᠲᠤᠷᠠᠳᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠢ 5 A ᠲᠡᠰ ᠤᠨ ᠦᠵᠡᠮᠵᠢ ᠶᠢᠨ ᠣᠷᠣᠨ ᠪᠣᠯᠭᠠᠨ ᠪᠦᠳᠦᠭᠡᠨ ᠪᠠᠶᠢᠭᠤᠯᠬᠤ ᠠᠵᠢᠯ ᠢ ᠴᠢᠬᠤᠯᠠᠴᠢᠯᠠᠨ ᠦᠵᠡᠵᠦ᠂ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠶᠢ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠲᠥᠯᠦᠪᠵᠢᠭᠦᠯᠭᠡ ᠲᠤᠭᠤᠷᠪᠢᠬᠤ ᠨᠢᠭᠡᠴᠡ ᠯᠦᠭᠡ ᠨᠡᠪᠲᠡᠷᠡᠯᠴᠡᠨ ᠵᠣᠬᠢᠴᠠᠭᠤᠯᠬᠤ ᠶᠢ ᠢᠳᠡᠪᠬᠢᠲᠡᠢ ᠳᠠᠮᠵᠢᠵᠤ᠂ ᠨᠠᠷᠢᠨ ᠮᠠᠲ᠋ᠧᠷᠢᠶᠠᠯ ᠬᠠᠩᠭᠠᠨ᠂ ᠨᠠᠶᠢᠷᠠᠭᠤᠯᠤᠨ ᠵᠣᠬᠢᠶᠠᠬᠤ ᠨᠢᠭᠡᠴᠡ ᠠᠴᠠ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢ ᠤᠯᠤᠰ ᠤᠨ A A A A A ᠲᠡᠰ ᠤᠨ ᠦᠵᠡᠮᠵᠢ ᠶᠢᠨ ᠣᠷᠣᠨ ᠪᠣᠯᠭᠠᠨ ᠪᠦᠳᠦᠭᠡᠨ ᠪᠠᠶᠢᠭᠤᠯᠬᠤ ᠶᠡᠷᠦᠩᠬᠡᠶ ᠲᠥᠯᠦᠪᠵᠢᠭᠦᠯᠭᠡ︾ ᠶᠢ ᠥᠨᠳᠥᠷ ᠪᠠᠷᠢᠮᠵᠢᠶ᠎ᠠ᠂ ᠥᠨᠳᠦᠷ ᠳᠦᠪᠰᠢᠨ ᠢᠶᠠᠷ ᠨᠠᠶᠢᠷᠠᠭᠤᠯᠤᠨ ᠵᠣᠬᠢᠶᠠᠬᠤ ᠢ ᠳᠡᠮᠵᠢᠬᠦ ᠬᠡᠷᠡᠭᠲᠡᠶ ᠭᠡᠪᠡ᠃ ᠦᠳᠡ ᠶᠢᠨ ᠬᠤᠶᠢᠨ᠎ᠠ ᠪᠠᠳᠠᠷᠠᠯᠳᠤ᠂ ᠯᠢᠦ ᠰᠢᠤᠸᠠᠢ ᠮᠢᠨ ᠨᠠᠷ ᠱᠢ ᠫᠸᠢ ᠬᠤᠸᠠ ᠫᠷᠤᠹᠧᠰᠰᠤᠷ ᠲᠤ ᠪᠠᠷ᠎ᠠ ᠪᠣᠯᠵᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠬᠠᠮᠢᠶ᠎ᠠ ᠪᠦᠬᠦᠢ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠣᠳᠣᠬᠠᠨ ᠤ ᠬᠢᠵᠦ ᠪᠠᠶᠢᠭ᠎ᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠳᠠᠷᠠᠭᠠᠴᠢ ᠶᠢᠨ ᠠᠯᠬᠤᠮ ᠳᠤ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠴᠡᠴᠡᠷᠯᠢᠭ ᠢ ᠤᠯᠤᠰ ᠤᠨ A A A A A ᠲᠡᠰ ᠤᠨ ᠦᠵᠡᠮᠵᠢ ᠶᠢᠨ ᠣᠷᠣᠨ ᠪᠣᠯᠭᠠᠨ ᠪᠦᠳᠦᠭᠡᠨ ᠪᠠᠶᠢᠭᠤᠯᠬᠤ ᠶᠡᠷᠦᠩᠬᠡᠶ ᠲᠥᠯᠥᠪᠵᠢᠭᠦᠯᠪᠡ︾ ᠶᠢ ᠨᠠᠷᠢᠯᠢᠭᠵᠢᠭᠤᠯᠬᠤ ᠲᠠᠯ᠎ᠠ ᠪᠠᠷ ᠰᠠᠨᠠᠯ ᠢᠶᠠᠨ ᠰᠣᠯᠢᠯᠴᠠᠵᠠᠶ ᠃ ︵ᠤᠷᠠᠯᠢᠭ ᠣᠷᠴᠢᠭᠤᠯᠵᠤ ᠮᠦᠳᠡᠭ ᠬᠢᠨᠠᠪᠠ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号