ᠨᠠᠷᠠᠳᠤ ᠰᠤᠮᠤ ᠮᠠᠯᠴᠢᠤᠨ ᠤᠨ ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019/11/26
             ᠴᠢᠮᠡᠭᠡᠯᠡᠭᠴᠢ  ᠲᠤ᠋᠂ ᠤᠶᠤᠨᠪᠢᠯᠢᠭ᠌        11 ᠰᠠᠷ᠎ᠠ ᠶᠢᠨ 17 ᠤ ᠡᠳᠤᠷ᠂ ᠰᠢᠯᠤᠭᠤᠨ ᠭᠦᠭᠡ ᠬᠤᠰᠢᠭᠤᠨ ᠤ ᠨᠠᠷᠠᠳᠤ ᠰᠤᠮᠤ ᠤᠯᠤᠰ ᠤᠨ ᠬᠤᠶᠠᠳᠤᠭᠠᠷ ᠲᠡᠰ ᠤᠨ ᠰᠡᠳᠬᠢᠴᠡ ᠶᠢᠨ ᠵᠢᠯᠤᠭᠤᠳᠤᠭᠴᠢ ᠤᠳᠬᠠᠡᠭᠡᠷᠡᠯ ᠪᠠᠭᠰᠢ ᠶᠢ ᠤᠷᠢᠨ ᠵᠠᠯᠠᠵᠤ᠂ ᠨᠠᠷᠠᠳᠤ ᠰᠤᠮᠤᠨ ᠤ ᠭᠤᠭᠤᠰᠤᠳᠠᠢ ᠂ ᠴᠠᠭᠠᠨ ᠤᠪᠤᠭ᠎ᠠ᠂ ᠪᠠᠶᠠᠨᠳᠠᠯ᠎ᠠ᠂ ᠪᠠᠶᠠᠨᠮᠡᠨᠳᠤ ᠵᠡᠷᠭᠡ 4 ᠭᠠᠴᠠᠭᠠᠨ ᠳᠤ ᠰᠢᠨ᠎ᠡ ᠡᠷᠡᠨ ᠤ ᠮᠠᠯᠴᠢᠤᠨ ᠤᠨ ᠪᠤᠯᠪᠠᠰᠤᠷᠠᠯ ᠡᠷᠬᠢᠯᠡᠵᠤ᠂ 4 ᠭᠠᠴᠠᠭᠠᠨ ᠤ 70 ᠭᠠᠷᠤᠢ ᠮᠠᠯᠴᠢᠨ ᠤᠷᠤᠯᠴᠠᠭᠰᠠᠨ ᠪᠠᠶᠢᠨ᠎ᠠ᠃         ᠪᠤᠯᠪᠠᠰᠤᠷᠠᠯ ᠲᠡᠭᠡᠷ᠎ᠡ᠂ ᠤᠳᠬᠠᠡᠭᠡᠷᠡᠯ ᠪᠠᠭᠰᠢ ᠠᠴᠠ ᠪᠠᠶ᠎ᠠ ᠰᠡᠳᠬᠢᠴᠡ ᠶᠢᠨ ᠡᠷᠡᠭᠦᠯ ᠮᠠᠨᠳᠤ ᠪᠠ ᠨᠡᠶᠢᠭᠡᠮ ᠵᠢᠷᠤᠮ  ᠤᠨ ᠭᠤᠤᠯᠯᠠᠭᠴᠢ ᠦᠷᠳᠡᠭ ᠤᠨ ᠦᠵᠡᠯᠳᠡ᠂ ᠲᠤᠮᠳᠠᠳᠤ ᠶᠢᠨ ᠦᠨᠳᠤᠰᠤᠳᠡᠨ ᠤ ᠤᠯᠠᠮᠵᠢᠯᠠᠯᠳᠤ ᠶᠤᠰᠤ ᠰᠤᠷᠳᠠᠬᠤᠨ ᠲᠠᠢ ᠨᠢᠬᠳᠠ ᠤᠶᠠᠯᠳᠤᠭᠤᠯᠤᠨ᠂ ᠨᠠᠮ ᠪᠠ ᠨᠠᠮ ᠤᠨ ᠲᠦᠷᠤ ᠶᠢᠨ ᠪᠤᠳᠤᠯᠭ᠎ᠠ᠂ ᠨᠠᠶᠢᠭᠡᠮ᠂ ᠲᠡᠷᠭᠡᠳᠡᠬᠢ ᠭᠦᠮᠤᠰ ᠲᠡᠭᠡᠨ ᠪᠠᠶᠢᠩᠭᠤ ᠲᠠᠯᠠᠷᠬᠠᠵᠤ᠂ ᠦᠭᠡᠳᠡᠷᠭᠡᠭ ᠰᠡᠳᠬᠢᠯ ᠢᠶᠠᠷ ᠠᠮᠢᠳᠤᠷᠠᠯ ᠳᠠᠭᠠᠨ ᠬᠠᠨᠳᠤᠵᠤ᠂ ᠦᠪᠡᠷ ᠤᠨ ᠰᠡᠳᠬᠢᠯ ᠢᠶᠠᠨ ᠴᠠᠭ ᠢᠮᠠᠭᠳᠠ ᠡᠵᠡᠮᠳᠡᠨ᠂ ᠰᠡᠳᠬᠢᠴᠡ ᠶᠢᠨ ᠡᠷᠡᠭᠦᠯ ᠮᠠᠨᠳᠤ ᠪᠠᠨ ᠠᠩᠬᠠᠷᠴᠤ᠂ ᠤᠷᠤᠭᠰᠢᠯᠠᠨ ᠲᠠᠪᠰᠢᠬᠤ ᠢᠳᠡᠭᠡᠯ ᠵᠤᠷᠢᠭ ᠢ ᠭᠦᠪᠴᠢᠯᠡᠭᠦ ᠭᠡᠷᠡᠭᠳᠠᠢ᠃ ᠡᠭᠦᠨ ᠤ ᠬᠠᠮᠳᠤ ᠠᠶᠢᠯ ᠰᠠᠭᠠᠬᠠᠯᠳᠠ᠂ ᠭᠡᠷ ᠪᠦᠯᠢ ᠶᠢᠨ ᠪᠦᠯᠭᠦᠮᠳᠡᠯ ᠢᠶᠠᠨ ᠵᠤᠵᠠᠭᠠᠳᠬᠠᠵᠤ᠂ ᠨᠠᠰᠤᠳᠠᠨ ᠢᠶᠠᠨ ᠬᠠᠶᠢᠷᠠᠯᠠᠨ᠂ ᠨᠢᠯᠬᠠᠰ ᠢᠶᠠᠨ ᠬᠠᠷᠠᠭᠠᠯᠵᠠᠵᠤ᠂ ᠦᠨᠡᠨᠴᠢ ᠰᠡᠳᠬᠢᠯ ᠢᠶᠠᠷ ᠪᠤᠰᠤᠤᠨ ᠲᠤ ᠬᠠᠨᠳᠤᠨ᠂ ᠪᠤᠰᠤᠤᠨ ᠢ ᠬᠠᠯᠠᠮᠵᠢᠯᠠᠨ ᠤᠬᠢ ᠰᠠᠶᠢᠬᠠᠨ ᠠᠮᠢᠳᠤᠷᠠᠯ ᠤᠨ ᠤᠷᠴᠢᠨ ᠢ ᠡᠭᠦᠳᠭᠦ ᠭᠡᠷᠡᠭᠳᠠᠢ ᠭᠡᠯ᠎ᠡ᠃        ᠨᠢᠭᠡ ᠡᠳᠤᠷ ᠤᠨ ᠬᠢᠴᠢᠶᠡᠯ ᠲᠠᠶᠢᠯᠤᠮᠵᠢ ᠪᠠᠷ ᠲᠠᠮᠵᠢᠨ᠂ ᠮᠠᠯᠴᠢᠤᠨ ᠲᠤ ᠶᠡᠭᠡᠭᠡᠨ ᠵᠤᠷᠢᠭᠵᠢᠭᠤᠯᠤᠯ ᠪᠤᠯᠵᠤ᠂ ᠮᠠᠯᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠭᠦᠭᠡᠭᠡᠴᠡᠯᠳᠤᠭᠦ ᠢᠳᠡᠭᠡᠯ ᠵᠤᠷᠢᠭ ᠢ ᠨᠢ ᠭᠦᠪᠴᠢᠯᠡᠭᠰᠡᠨ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号