ᠭᠦᠢᠳᠡᠨ ᠳᠤ ᠠᠵᠢᠯᠯᠠᠬᠤ ᠪᠡᠷᠭᠡ ᠲᠠᠢ ᠴᠦ  ᠬᠠᠯᠠᠮᠵᠢ ᠶᠢᠨ ᠨᠠᠷᠠ ᠲᠠᠢ ᠪᠤᠯ ᠲᠤᠯᠠᠭᠠᠬᠠᠨ
ᠨᠡᠶᠢᠲᠡᠯᠡᠭᠰᠡᠨ ᠴᠠᠭ᠄
2019/11/26
           ᠴᠢᠮᠡᠭᠡᠯᠡᠭᠴᠢ  ᠸᠠᠩ᠊᠂ ᠮᠦᠩᠭᠡᠪᠠᠶᠠᠷ        ᠲᠠᠭᠠᠷᠠᠵᠤ ᠶᠠᠪᠤᠭ᠎ᠠ ᠭᠦᠮᠤᠰ ᠲᠤ ᠲᠠᠬᠤ ᠭᠦᠷᠭᠡᠵᠤ ᠦᠭᠭᠦ ᠳᠤ ᠲᠡᠳᠡ ᠪᠦᠷ ᠰᠡᠳᠬᠢᠯ ᠠᠴᠠ ᠪᠠᠨ ᠲᠤᠯᠠᠭᠠᠴᠠᠵᠤ᠂ ᠢᠳᠡᠭᠡᠯ ᠵᠤᠷᠢᠭ ᠨᠢ ᠭᠦᠪᠴᠢᠯᠡᠭᠳᠡᠨ᠂ ᠠᠵᠢᠯ ᠤᠨ ᠤᠷᠮ᠎ᠠ ᠰᠡᠷᠭᠦᠳᠡᠭ᠃ ᠭᠦᠮᠤᠰ ᠪᠡᠶ᠎ᠡ ᠪᠡᠶ᠎ᠡ ᠳᠡᠭᠡᠨ ᠤᠷᠮ᠎ᠠ ᠦᠭᠴᠤ ᠪᠠᠶᠢᠶ᠎ᠠ ᠭᠡᠵᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠦᠭᠰᠡᠨ ᠮᠠᠯᠴᠢᠨ ᠦᠯᠵᠡᠶᠢᠮᠦ᠋ᠷᠡᠨ ᠢ ᠲᠤᠷᠠᠳᠬᠤ ᠳᠤ ᠤᠷᠮ᠎ᠠ  ᠲᠠᠢ ᠪᠠᠶᠢᠨ᠎ᠠ᠃        ᠤᠶᠢᠷ᠎ᠠ ᠶᠢᠨ ᠡᠳᠤᠷ᠂ ᠰᠢᠯᠤᠭᠤᠨ ᠭᠦᠭᠡ ᠬᠤᠰᠢᠭᠤᠨ ᠤ ᠰᠠᠩ ᠤᠨ ᠲᠠᠯᠠᠢ ᠪᠠᠯᠭᠠᠰᠤᠨ ᠤ ᠤᠷᠬᠢᠬᠤ ᠪᠤᠯᠠᠭ ᠭᠠᠴᠠᠭᠠᠨ ᠤ ᠮᠠᠯᠴᠢᠨ ᠦᠯᠵᠡᠶᠢᠮᠦ᠋ᠷᠡᠨ ᠡᠪᠤᠯ ᠤᠨ ᠭᠦᠢᠳᠡᠨ ᠳᠤ ᠦᠷ ᠢᠶᠠᠷ ᠪᠤᠰᠴᠤ ᠦᠳᠡᠰᠢ ᠪᠠᠷ ᠪᠤᠴᠠᠨ᠂ ᠲᠠᠭᠠᠷᠠᠵᠤ ᠪᠡᠭᠡᠷᠡᠭᠦ ᠶᠢ ᠬᠠᠯᠠᠰᠢᠷᠡᠯ ᠦᠭᠡᠢ ᠵᠡᠭᠡᠯᠢ ᠭᠤᠳᠤᠮᠵᠢ ᠶᠢᠨ ᠬᠤᠭ ᠨᠤᠪᠰᠢ ᠶᠢ ᠴᠡᠪᠡᠷᠯᠡᠨ ᠤᠯᠠᠨ ᠲᠦᠮᠡᠨ ᠳᠤ ᠴᠡᠪᠡᠷ ᠲᠠᠭᠠᠯᠠᠮᠵᠢᠳᠠᠢ ᠤᠷᠴᠢᠨ ᠲᠤᠭᠤᠷᠢᠨ ᠬᠠᠩᠭᠠᠵᠤ ᠶᠠᠪᠤᠭ᠎ᠠ ᠰᠠᠩ ᠤᠨ ᠲᠠᠯᠠᠢ ᠪᠠᠯᠭᠠᠰᠤᠨ ᠤ 23 ᠤᠷᠴᠢᠨ ᠲᠤᠭᠤᠷᠢᠨ ᠢ ᠴᠡᠪᠡᠷᠯᠡᠭᠦ ᠠᠵᠢᠯᠴᠢᠨ ᠢ ᠡᠪᠤᠯ ᠤᠨ ᠱᠠᠬᠠᠢ᠂ ᠪᠡᠭᠡᠯᠡᠢ ᠵᠡᠷᠭᠡ ᠪᠤᠳᠠᠰ ᠢᠶᠠᠷ ᠲᠤᠰᠠᠯᠠᠵᠤ ᠬᠠᠶᠢᠷ᠎ᠠ ᠬᠠᠯᠠᠮᠵᠢ ᠪᠠᠨ ᠭᠦᠷᠳᠡᠭᠡᠵᠤ ᠂ ᠤᠯᠠᠨ ᠤ ᠬᠠᠯᠠᠭᠤᠨ ᠭᠦᠷᠢᠶᠡᠯᠡᠯ ᠢ ᠤᠯᠤᠭᠰᠠᠨ ᠢᠶᠠᠷ ᠰᠢᠯᠤᠭᠤᠨ ᠭᠦᠭᠡ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠲᠤᠪᠴᠢᠶᠠᠨ ᠠᠴᠠ ᠦᠯᠵᠡᠶᠢᠮᠦ᠋ᠷᠡᠨ ᠳᠤ ᠭᠡᠮᠡᠷᠯᠢᠭ ᠲᠤᠭ ᠭᠦᠷᠭᠡᠨ ᠪᠠᠶᠠᠷ ᠲᠠᠯᠠᠷᠬᠠᠯ ᠢᠶᠠᠨ ᠢᠯᠡᠳᠭᠡᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号