2019 · ᠰᠢᠯᠢ ᠶᠢᠨ ᠭᠤᠤᠯ ᠤᠨ ᠡᠪᠤᠯ ᠤᠨ ᠵᠢᠭᠤᠯᠴᠢᠯᠠᠯ ᠤᠨ ᠡᠬᠢᠯᠡᠯᠳᠡ ᠶᠢᠨ ᠶᠤᠰᠤᠯᠠᠯ  ᠵᠢᠴᠢ ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠨᠠᠭᠠᠳᠤᠮ ᠰᠢᠯᠤᠭᠤᠨ ᠭᠦᠭᠡ ᠬᠤᠰᠢᠭᠤᠨ ᠳᠤ ᠦᠪᠡᠳᠡᠭᠰᠢ ᠶᠡᠭᠡᠪᠡᠷ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2019/12/13
          ᠪᠦᠭᠦ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠤᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠶᠠᠷᠢᠯᠴᠠᠨ ᠰᠤᠳᠤᠯᠬᠤ ᠪᠠᠷ ᠲᠠᠮᠵᠢᠵᠤ 2019 · ᠰᠢᠯᠢ  ᠶᠢᠨ ᠭᠤᠤᠯ ᠤᠨ ᠡᠪᠤᠯ ᠤᠨ ᠵᠢᠭᠤᠯᠴᠢᠯᠠᠯ ᠤᠨ ᠡᠬᠢᠯᠡᠯᠳᠡ ᠶᠢᠨ ᠶᠤᠰᠤᠯᠠᠯ ᠵᠢᠴᠢ ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠨᠠᠭᠠᠳᠤᠮ 12 ᠰᠠᠷ᠎ᠠ ᠶᠢᠨ 21 ᠤ ᠡᠳᠤᠷ ᠰᠢᠯᠤᠭᠤᠨ ᠭᠦᠭᠡ ᠬᠤᠰᠢᠭᠤᠨ ᠳᠤ ᠦᠪᠡᠳᠡᠭᠰᠢ ᠶᠡᠭᠡᠪᠡᠷ ᠶᠠᠪᠤᠭᠳᠠᠬᠤ ᠪᠠᠷ ᠪᠤᠯᠤᠭᠰᠠᠨ ᠪᠠᠶᠢᠨ᠎ᠠ᠃           ᠦᠨᠢᠷ ᠪᠠᠶᠠᠯᠢᠭ ᠲᠡᠤᠭᠡ ᠰᠤᠶᠤᠯ ᠤᠨ ᠡᠬᠢ ᠪᠠᠶᠠᠯᠢᠭ᠂ ᠤᠨᠴᠠᠯᠢᠬᠳᠤ ᠪᠠᠶᠢᠭᠠᠯᠢ ᠶᠢᠨ ᠠᠮᠢ ᠠᠬᠤᠢ  ᠶᠢᠨ ᠦᠵᠡᠮᠵᠢ᠂ ᠲᠠᠪᠠᠭᠤᠯᠢᠭ ᠤᠷᠤᠨ ᠲᠤᠭᠤᠷᠢᠭ ᠪᠠ ᠲᠦᠭᠦᠮ ᠲᠦᠳᠡ ᠵᠠᠮ ᠨᠡᠪᠳᠡᠷᠡᠯᠭᠡ ᠶᠢᠨ ᠨᠦᠭᠦᠴᠡᠯ ᠨᠢ ᠰᠢᠯᠤᠭᠤᠨ ᠭᠦᠭᠡ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠭᠦᠭᠵᠢᠯᠳᠡ ᠳᠤ ᠪᠠᠳᠤ ᠪᠠᠭᠢ ᠰᠠᠭᠤᠷᠢ ᠲᠠᠯᠪᠢᠭᠰᠠᠨ ᠶᠤᠮ᠃ ᠤᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠭᠦᠭᠡ ᠬᠤᠰᠢᠭᠤ ᠨᠢ ᠵᠢᠭᠤᠯᠴᠢᠯᠠᠯ ᠤᠨ ᠦᠢᠯᠡᠰ ᠢ ᠰᠢᠢᠳᠪᠤᠷᠢᠳᠤ ᠪᠤᠳᠤᠯᠭ᠎ᠠ ᠶᠢᠨ ᠴᠢᠨᠠᠷᠳᠠᠢ ᠲᠤᠯᠭᠠᠭᠤᠷᠢᠯᠠᠭᠤᠯᠬᠤ ᠠᠵᠤ ᠦᠢᠯᠡᠰ ᠪᠠ ᠪᠦᠳᠤᠴᠡ ᠶᠢᠨ ᠲᠤᠬᠢᠷᠠᠭᠤᠯᠤᠯᠳᠠ ᠶᠢᠨ ᠭᠤᠤᠯ ᠰᠢᠪᠳᠤᠯᠤᠯᠳᠠ ᠵᠢᠨ‌‍ᠴᠢᠭᠯᠡᠯ ᠢᠶᠠᠨ ᠪᠤᠯᠭᠠᠵᠤ᠂ ᠲᠦᠷᠪᠡᠨ ᠤᠯᠠᠷᠢᠯ ᠤᠨ ᠵᠢᠭᠤᠯᠴᠢᠯᠠᠯ  ᠤᠨ ᠰᠢᠨ᠎ᠡ ᠲᠦᠷᠰᠤ ᠪᠠᠶᠢᠳᠠᠯ ᠢ ᠡᠭᠦᠳᠦᠭᠰᠡᠨ ᠪᠠᠶᠢᠨ᠎ᠠ᠃ ᠡᠪᠤᠯ ᠤᠨ ᠤᠯᠠᠷᠢᠯ ᠤᠨ ᠵᠢᠭᠤᠯᠴᠢᠯᠠᠯ ᠤᠨ ᠭᠦᠭᠵᠢᠯᠳᠡ  ᠶᠢ ᠲᠦᠯᠬᠢᠨ ᠠᠬᠢᠭᠤᠯᠬᠤ ᠶᠢᠨ ᠲᠦᠯᠦᠭᠡ ᠰᠢᠯᠤᠭᠤᠨ ᠭᠦᠭᠡ ᠬᠤᠰᠢᠭᠤ ︽ᠬᠤᠯᠠᠨ ᠰᠢᠷᠭ᠎ᠠ︾ ᠡᠪᠤᠯ ᠤᠨ ᠤᠯᠠᠷᠢᠯ  ᠤᠨ ᠨᠠᠭᠠᠳᠤᠮ ᠢ ᠠᠷᠪᠠᠨ ᠵᠢᠷᠭᠤᠭᠠᠨ ᠬᠤᠭᠤᠴᠠᠭ᠎ᠠ ᠠᠮᠵᠢᠯᠳᠠᠳᠠᠢ ᠡᠷᠬᠢᠯᠡᠨ ᠶᠠᠪᠤᠭᠳᠠᠭᠤᠯᠵᠤ᠂ ᠰᠢᠯᠤᠭᠤᠨ ᠭᠦᠭᠡ ᠬᠤᠰᠢᠭᠤᠨ ᠤ ᠪᠠᠨ ᠨᠡᠷ᠎ᠡ ᠠᠯᠳᠠᠷᠰᠢᠯ ᠢ ᠲᠡᠭᠡᠭᠰᠢᠯᠡᠭᠦᠯᠵᠤ᠂ ᠤᠯᠤᠰ ᠤᠨ ᠲᠤᠳᠤᠭᠠᠳᠤ ᠭᠠᠳᠠᠭᠠᠳᠤ ᠳᠤ ᠶᠡᠭᠡᠭᠡᠨ ᠨᠦᠯᠦᠭᠡ ᠦᠵᠡᠭᠦᠯᠦᠭᠰᠡᠨ ᠪᠠᠶᠢᠨ᠎ᠠ᠃           2019 · ᠰᠢᠯᠢ ᠶᠢᠨ ᠭᠤᠤᠯ ᠤᠨ ᠡᠪᠤᠯ ᠤᠨ ᠵᠢᠭᠤᠯᠴᠢᠯᠠᠯ ᠤᠨ ᠡᠬᠢᠯᠡᠯᠳᠡ ᠶᠢᠨ ᠶᠤᠰᠤᠯᠠᠯ ᠵᠢᠴᠢ ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠤᠯᠠᠷᠢᠯ ᠤᠨ ᠨᠠᠭᠠᠳᠤᠮ ᠤᠨ ᠭᠤᠤᠯ ᠰᠡᠳᠤᠪ ᠨᠢ ᠲᠤᠪᠤᠶᠢᠮ᠎ᠠ᠂ ᠠᠭᠤᠯᠭ᠎ᠠ ᠨᠢ ᠪᠠᠶᠠᠯᠢᠭ᠂ ᠤᠨᠴᠠᠯᠢᠭ ᠨᠢ ᠰᠢᠨ᠎ᠡ ᠰᠡᠪᠡᠭᠦᠨ ᠪᠤᠯᠤᠨ᠎ᠠ᠃ ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠳᠤ ᠦᠶ᠎ᠡ ᠶᠢᠨ ᠲᠠᠯ᠎ᠠ ᠨᠤᠳᠤᠭ ᠤᠨ ᠮᠦᠰᠤ ᠴᠠᠰᠤᠨ ᠤ ᠵᠢᠭᠤᠯᠴᠢᠯᠠᠯ ᠢ ᠪᠦᠭᠦ ᠲᠠᠯ᠎ᠠ ᠪᠠᠷ ᠡᠬᠢᠯᠡᠭᠦᠯᠵᠤ᠂ ᠤᠨᠴᠠᠭᠠᠶᠢᠯᠠᠨ ︽ᠬᠤᠯᠠᠨ ᠰᠢᠷᠭ᠎ᠠ︾ ᠡᠯᠡᠰᠤᠨ ᠤ ᠮᠦᠰᠤ ᠴᠠᠰᠤᠨ ᠤ ᠵᠢᠭᠤᠯᠴᠢᠯᠠᠯ  ᠢᠶᠠᠷ ᠭᠤᠤᠯ ᠰᠡᠳᠤᠪ ᠢᠶᠠᠨ ᠪᠤᠯᠭᠠᠵᠤ᠂ ᠦᠨᠳᠤᠰᠤᠳᠡᠨ ᠤ ᠰᠤᠶᠤᠯ ᠢ ᠪᠠᠳᠠᠷᠠᠭᠤᠯᠵᠤ᠂ ᠦᠨᠳᠤᠰᠤᠳᠡᠨ ᠤ ᠪᠦᠯᠭᠦᠮᠳᠡᠯ ᠢ ᠠᠬᠢᠭᠤᠯᠤᠨ᠂ ᠰᠢᠯᠤᠭᠤᠨ ᠭᠦᠭᠡ ᠬᠤᠰᠢᠭᠤᠨ ᠤ ᠦᠨᠢᠷ ᠪᠠᠶᠠᠯᠢᠭ ᠦᠨᠳᠤᠰᠤᠳᠡᠨ ᠤ ᠰᠤᠶᠤᠯ ᠪᠠ ᠪᠠᠶᠢᠭᠠᠯᠢ ᠶᠢᠨ ᠡᠬᠢ ᠪᠠᠶᠠᠯᠢᠭ ᠵᠢᠴᠢ ᠤᠷᠤᠨ ᠨᠤᠳᠤᠭ ᠤᠨ ᠠᠵᠤ ᠠᠬᠤᠢ ᠶᠢᠨ ᠭᠦᠭᠵᠢᠯᠳᠡ ᠶᠢᠨ ᠦᠷ᠎ᠡ ᠪᠦᠳᠤᠭᠡᠯ  ᠢ ᠭᠦᠢᠴᠡᠤᠨ ᠬᠠᠷᠠᠭᠤᠯᠬᠤ ᠪᠠᠷ ᠪᠠᠶᠢᠨ᠎ᠠ᠃           2019 · ᠰᠢᠯᠢ ᠶᠢᠨ ᠭᠤᠤᠯ ᠤᠨ ᠡᠪᠤᠯ ᠤᠨ ᠵᠢᠭᠤᠯᠴᠢᠯᠠᠯ ᠤᠨ ᠡᠬᠢᠯᠡᠯᠳᠡ ᠶᠢᠨ ᠶᠤᠰᠤᠯᠠᠯ ᠵᠢᠴᠢ ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠨᠠᠭᠠᠳᠤᠮ ᠤᠨ ᠠᠭᠤᠯᠭ᠎ᠠ ᠳᠤ 128 ᠪᠦᠭᠡ ᠶᠢᠨ ᠪᠠᠷᠢᠯᠳᠤᠭᠠᠨ᠂1 5 ᠺᠢᠯᠦᠮᠧᠲᠷ ᠤᠨ ᠲᠡᠮᠡᠭᠡᠨ ᠤ ᠤᠷᠤᠯᠳᠤᠭᠠᠨ᠂ 10 ᠺᠢᠯᠦᠮᠧᠲᠷ ᠤᠨ ᠲᠤᠷᠤᠮ ᠤᠨ ᠤᠷᠤᠯᠳᠤᠭᠠᠨ᠂ ᠭᠠᠩᠭᠠᠡᠭ ᠲᠡᠮᠡᠭᠡᠨ ᠤ ᠰᠢᠯᠭᠠᠷᠠᠭᠤᠯᠤᠯᠳᠠ᠂ ᠲᠤᠷᠤᠮ ᠰᠤᠷᠭᠠᠬᠤ᠂ ᠭᠠᠩᠭᠠᠡᠭ ᠮᠤᠷᠢ ᠰᠢᠯᠭᠠᠷᠠᠭᠤᠯᠬᠤ᠂ 10 ᠺᠢᠯᠦᠮᠧᠲᠷ ᠤᠨ ᠡᠮᠡᠭᠡᠯᠳᠤ ᠮᠤᠷᠢᠨ ᠤ ᠤᠷᠤᠯᠳᠤᠭᠠᠨ᠂ 10 ᠺᠢᠯᠦᠮᠧᠲᠷ ᠤᠨ ᠠᠵᠢᠷᠭ᠎ᠠ ᠶᠢᠨ ᠤᠷᠤᠯᠳᠤᠭᠠᠨ᠂ ᠰᠤᠷ ᠬᠠᠷᠪᠤᠯᠳᠠ᠂ ᠮᠤᠩᠭᠤᠯ ᠬᠤᠪᠴᠠᠰᠤ ᠵᠠᠰᠠᠯ ᠤᠨ ᠤᠷᠤᠯᠳᠤᠭᠠᠨ᠂ ᠮᠦᠰᠤᠨ ᠲᠡᠭᠡᠷᠡᠬᠢ ᠱᠠᠭ᠎ᠠ  ᠶᠢᠨ ᠤᠷᠤᠯᠳᠣᠭᠠᠨ᠂ ᠱᠠᠭ᠎ᠠ ᠪᠠᠷ ᠮᠤᠷᠢ ᠤᠷᠤᠯᠳᠤᠬᠤ᠂ ᠪᠤᠭᠤ ᠵᠢᠷᠬᠢᠭᠡ ᠪᠠ ᠡᠪᠤᠯ ᠤᠨ ᠤᠯᠠᠷᠢᠯ ᠤᠨ ︽ᠬᠤᠯᠠᠨ ᠰᠢᠷᠭ᠎ᠠ︾ ᠭᠠᠷ ᠤᠳᠠᠰᠤᠨ ᠤ ᠭᠡᠷᠡᠯ ᠵᠢᠷᠤᠭ ᠤᠨ ᠠᠳᠠᠯᠢᠳᠬᠠᠨ ᠰᠢᠯᠭᠠᠷᠠᠭᠤᠯᠤᠯᠳᠠ᠂ ᠴᠠᠰᠤᠨ ᠴᠢᠷᠭ᠎ᠠ ᠶᠢᠨ ᠤᠷᠤᠯᠳᠤᠭᠠᠨ ᠵᠢᠴᠢ ᠲᠡᠭᠡᠰᠤ ᠲᠠᠳᠠᠬᠤ᠂ ᠠᠷᠭᠠᠯ ᠲᠡᠭᠦᠭᠦ ᠵᠡᠷᠭᠡ ᠤᠷᠤᠯᠳᠤᠭᠠᠨ ᠤ ᠲᠦᠷᠤᠯ ᠵᠤᠶᠢᠯ ᠢ ᠬᠠᠮᠤᠷᠤᠭᠰᠠᠨ ᠪᠠᠶᠢᠨ᠎ᠠ᠃           ᠡᠭᠦᠨ ᠤ ᠵᠡᠷᠭᠡᠪᠡᠷ ᠵᠤᠭᠠᠴᠠᠭᠰᠠᠤᠨ ᠲᠤ ᠬᠠᠨᠳᠤᠭᠤᠯᠤᠨ ᠦᠭᠡᠷ ᠤᠨ ᠮᠢᠬ᠎ᠠ ᠠᠮᠳᠠᠯᠠᠬᠤ᠂ ᠦᠨᠳᠤᠰᠤᠳᠡᠨ ᠤ ᠬᠤᠪᠴᠠᠰᠤ ᠵᠠᠰᠠᠯ ᠰᠡᠭᠦᠳᠡᠷᠯᠡᠭᠦ᠂ ᠶᠠᠪᠠᠭᠠᠨ ᠢᠶᠠᠷ ︽ᠬᠤᠯᠠᠨ ᠰᠢᠷᠭ᠎ᠠ︾ ᠶᠢ ᠲᠤᠭᠤᠯᠬᠤ ᠠᠵᠢᠯᠯᠠᠭ᠎ᠠ᠂ ᠮᠦᠰᠤᠨ ᠲᠡᠭᠡᠷᠡᠬᠢ ᠱᠠᠭ᠎ᠠ ᠲᠤᠭᠯᠠᠭᠠᠮ᠂ ᠱᠠᠭ᠎ᠠ ᠪᠠᠷ ᠮᠤᠷᠢ ᠤᠷᠤᠯᠳᠤᠬᠤ᠂ ᠪᠤᠭᠤ ᠵᠢᠷᠬᠢᠭᠡ᠂ ᠡᠪᠤᠯ  ᠤᠨ ᠤᠯᠠᠷᠢᠯ ᠤᠨ ︽ᠬᠤᠯᠠᠨ ᠰᠢᠷᠭ᠎ᠠ︾ ᠭᠠᠷ ᠤᠳᠠᠰᠤ ᠪᠠᠷ ᠰᠡᠭᠦᠳᠡᠷᠯᠡᠭᠦ᠂ ᠴᠠᠰᠤᠨ ᠴᠢᠷᠭ᠎ᠠ᠂ ᠠᠷᠭᠠᠯ ᠲᠡᠭᠦᠭᠦ᠂ ᠲᠡᠭᠡᠰᠤ ᠲᠠᠳᠠᠬᠤ ᠵᠢᠴᠢ ᠡᠪᠤᠯ ᠤᠨ ᠤᠯᠠᠷᠢᠯ ᠤᠨ ᠮᠠᠯᠴᠢᠨ ᠠᠶᠢᠯ ᠤᠨ ᠦᠢᠯᠡᠳᠪᠤᠷᠢᠯᠡᠯ ᠠᠮᠢᠳᠤᠷᠠᠯ ᠢ ᠤᠶᠢᠯᠠᠭᠠᠬᠤ ᠵᠡᠷᠭᠡ ᠲᠦᠷᠤᠯ ᠵᠤᠶᠢᠯ ᠢ ᠲᠤᠬᠢᠷᠠᠭᠤᠯᠤᠭᠰᠠᠨ ᠪᠠᠶᠢᠨ᠎ᠠ᠃       ᠴᠠᠭ᠄ 2019 ᠤᠨ ᠤ 12 ᠰᠠᠷ᠎ᠠ ᠶᠢᠨ 21 ᠤ ᠡᠳᠤᠷ       ᠭᠠᠵᠠᠷ᠄ ᠰᠠᠶᠢᠨᠬᠤᠳᠳᠤᠭ ᠰᠤᠮᠤᠨ ᠤ ᠪᠠᠶᠢᠭᠠᠯᠢ ᠠᠮᠢ ᠠᠬᠤᠢ ᠶᠢᠨ ᠵᠢᠭᠤᠯᠴᠢᠯᠠᠯ ᠤᠨ ᠮᠠᠯᠵᠢᠯ ᠤᠨ ᠲᠠᠯᠠᠪᠠᠢ      ᠡᠬᠢᠯᠡᠯᠳᠡ ᠶᠢᠨ ᠶᠤᠰᠤᠯᠠᠯ᠄ 12 ᠰᠠᠷ᠎ᠠ ᠶᠢᠨ 21 ᠤ ᠦᠳᠡ ᠶᠢᠨ ᠡᠮᠤᠨ᠎ᠡ ᠶᠢᠨ 9 ᠴᠠᠭ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号