︽ᠬᠤᠯᠠᠨ ᠰᠢᠷᠭ᠎ᠠ︾ ᠡᠪᠤᠯ ᠤᠨ ᠨᠠᠭᠠᠳᠤᠮ ᠤᠶᠢᠷᠠᠳᠬᠤ ᠪᠠᠷ ︽ᠨᠠᠷᠠᠨ ᠮᠤᠩᠭᠤᠯ ᠤᠶᠤᠳᠠᠯ︾ ᠤᠨ ᠭᠠᠵᠠᠷ ᠨᠢ ᠤᠯᠠᠮ ᠶᠠᠭᠠᠷᠠᠤ ᠪᠤᠯᠤᠯ᠎ᠠ
ᠨᠡᠶᠢᠲᠡᠯᠡᠭᠰᠡᠨ ᠴᠠᠭ᠄
2019/12/20
 ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠤᠶᠤᠩᠭᠤᠸ᠎ᠠ    ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠨᠠᠭᠠᠳᠤᠮ ᠤᠳᠠᠯ ᠦᠭᠡᠢ ᠶᠠᠪᠤᠭᠳᠠᠬᠤ ᠪᠠᠷ ᠪᠠᠶᠢᠭ᠎ᠠ ᠴᠢᠮᠡᠭᠡ ᠭᠠᠳᠠᠨ᠎ᠠ ᠲᠤᠳᠤᠨ᠎ᠠ ᠶᠢᠨ ᠵᠤᠭᠠᠴᠠᠭᠰᠠᠤᠨ ᠤᠨ ᠰᠡᠳᠬᠢᠯ ᠢ ᠡᠷᠭᠡ ᠦᠭᠡᠢ ᠲᠠᠳᠠᠨ ᠤᠶᠢᠷ᠎ᠠ ᠶᠢᠨ ᠡᠳᠤᠷ ᠭᠦᠮᠤᠰ ᠡᠪᠤᠯ ᠤᠨ ᠨᠠᠭᠠᠳᠤᠮ ᠠᠴᠠ ᠡᠮᠤᠨ᠎ᠡ ᠤᠶᠤᠭᠤᠯᠤᠭᠰᠠᠨ ᠲᠡᠪᠡᠯ ᠢᠶᠠᠨ ᠠᠪᠬᠤ ᠭᠡᠵᠤ ᠶᠠᠭᠠᠷᠠᠵᠠᠭᠠᠨ᠎ᠠ᠃   ᠰᠤᠷᠪᠤᠯᠵᠢᠯᠠᠭᠴᠢ ᠱᠠᠩᠳᠤ ᠪᠠᠯᠭᠠᠰᠤᠨ ᠤ ︽ᠨᠠᠷᠠᠨ ᠮᠤᠩᠭᠤᠯ ᠤᠶᠤᠳᠠᠯ︾ ᠤᠨ ᠭᠠᠵᠠᠷ ᠭᠦᠷᠭᠦ ᠳᠤ ᠡᠵᠡᠨᠳᠡᠨ ᠨᠠᠷᠠᠩᠭᠤᠸ᠎ᠠ ᠤᠶᠤᠳᠠᠯᠴᠢᠨ ᠲᠠᠢ ᠪᠠᠨ ᠬᠠᠮᠳᠤ ᠡᠪᠤᠯ ᠤᠨ ᠲᠡᠪᠡᠯ ᠤᠶᠤᠵᠤ ᠶᠠᠭᠠᠷᠠᠵᠠᠭᠠᠨ᠎ᠠ᠃ ᠲᠡᠭᠦᠨ ᠤ ᠤᠶᠤᠳᠠᠯ ᠤᠨ ᠭᠠᠵᠠᠷ ᠲᠤ ᠶᠡᠷᠤ ᠠᠴᠠ ᠲᠡᠪᠡᠯ ᠤᠶᠤᠭᠤᠯᠬᠤ ᠭᠦᠮᠤᠨ ᠲᠠᠰᠤᠷᠠᠳᠠᠭ ᠦᠭᠡᠢ ᠪᠠᠶᠢᠵᠤ᠂ ᠸᠢᠴᠠᠲ᠂ ᠭᠠᠷ ᠤᠳᠠᠰᠤ ᠢᠶᠠᠷ ᠲᠡᠪᠡᠯ ᠲᠤᠭᠳᠠᠬᠤ ᠪᠤᠶᠤ ᠤᠶᠤᠳᠠᠯ ᠤᠨ ᠭᠠᠵᠠᠷ ᠲᠤᠨᠢ ᠢᠷᠡᠵᠤ ᠲᠡᠪᠡᠯ ᠤᠶᠤᠭᠤᠯᠳᠠᠭ᠃ ᠡᠨᠡ ᠭᠡᠳᠤᠨ ᠡᠳᠤᠷ ᠲᠡᠳᠡᠨ ᠤ ᠤᠶᠤᠳᠠᠯ ᠤᠨ ᠭᠠᠵᠠᠷ ᠲᠤ ᠲᠡᠪᠡᠯ ᠤᠶᠤᠭᠤᠯᠤᠭᠰᠠᠨ ᠭᠦᠮᠤᠰ ᠠᠷᠤ ᠠᠷᠤ ᠠᠴᠠ ᠪᠠᠨ ᠤᠳᠠᠰᠤ ᠢᠷᠡᠭᠦᠯᠵᠤ᠂ ᠠᠷᠪᠠᠨ ᠲᠤᠯᠤᠳᠤᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ ᠨᠠᠭᠠᠳᠤᠮ ᠠᠴᠠ ᠡᠮᠤᠨ᠎ᠡ ᠲᠡᠪᠡᠯ ᠢ ᠤᠶᠤᠭᠠᠤᠨ ᠠᠯᠢ ᠭᠡᠵᠤ ᠱᠠᠭᠠᠷᠳᠠᠭᠰᠠᠨ ᠢᠶᠠᠷ ᠡᠨᠡᠭᠦ ᠤᠶᠤᠳᠠᠯ ᠤᠨ ᠭᠠᠵᠠᠷ ᠤᠨ ᠤᠶᠤᠳᠠᠯᠴᠢᠨ ᠴᠠᠭ ᠨᠡᠮᠡᠵᠤ ᠠᠵᠢᠯᠯᠠᠭᠰᠠᠨ ᠪᠠᠶᠢᠨ᠎ᠠ᠃   ᠤᠶᠤᠳᠠᠯ ᠤᠨ ᠭᠠᠵᠠᠷ ᠤᠨ ᠡᠵᠡᠨᠳᠡᠨ ᠨᠠᠷᠠᠩᠭᠤᠸ᠎ᠠ ᠪᠤᠯ ᠰᠢᠯᠤᠭᠤᠨ ᠭᠦᠭᠡ ᠬᠤᠰᠢᠭᠤᠨ ᠤ ᠪᠤᠱᠤᠤᠳᠠᠢ ᠰᠤᠮᠤᠨ ᠤ ᠡᠩᠭᠡᠷ ᠭᠠᠴᠠᠭᠠᠨ ᠤ ᠭᠦᠮᠤᠨ᠃ ᠪᠠᠭ᠎ᠠ ᠠᠴᠠ ᠪᠠᠨ ᠤᠶᠤᠳᠠᠯ ᠳᠤ ᠪᠠᠭ᠋ᠠᠳᠠᠢ ᠪᠠᠶᠢᠵᠤ᠂ ᠲᠡᠪᠡᠯ ᠬᠤᠪᠴᠠᠰᠤ ᠤᠶᠤᠬᠤ ᠳᠤ ᠤᠨᠴᠠᠭᠠᠢ ᠠᠪᠢᠶᠠᠰ ᠲᠠᠢ ᠪᠠᠶᠢᠳᠠᠭ᠃ 1997 ᠤᠨ ᠠᠴᠠ ᠡᠬᠢᠯᠡᠨ ᠬᠤᠰᠢᠭᠤᠨ ᠤ ᠦᠨᠳᠤᠰᠤᠳᠡᠨ ᠤ ᠬᠤᠪᠴᠠᠰᠤ ᠵᠠᠰᠠᠯ  ᠤᠨ ᠭᠠᠵᠠᠷ ᠲᠡᠪᠡᠯ ᠬᠤᠪᠴᠠᠰᠤ ᠤᠶᠤᠬᠤ ᠶᠢᠨ ᠲᠠᠭᠠᠤ ᠰᠤᠷᠤᠯᠴᠠᠵᠤ᠂ ᠲᠡᠭᠦᠨ ᠤ ᠲᠦᠰᠤᠪᠯᠡᠵᠤ ᠲᠦᠯᠦᠪᠯᠡᠭᠰᠡᠨ ᠤᠶᠤᠵᠤ ᠡᠰᠭᠡᠭᠦ ᠮᠡᠷᠭᠡᠵᠢᠯ᠂ ᠭᠡᠪ ᠨᠠᠮᠪᠠ᠂ ᠦᠩᠭᠡ ᠪᠤᠳᠤᠭ᠂ ᠶᠠᠩᠵᠤ ᠭᠡᠯᠪᠡᠷᠢ ᠨᠢ ᠦᠷᠭᠡᠨ ᠤᠯᠠᠨ ᠭᠡᠷᠡᠭᠯᠡᠭᠴᠢᠤᠨ ᠤᠨ ᠭᠦᠷᠢᠶᠡᠯᠡᠯ  ᠢ ᠤᠯᠳᠠᠭ ᠪᠠᠶᠢᠨ᠎ᠠ᠃ ᠰᠡᠭᠦᠯᠡᠷ ᠨᠢ ᠲᠡᠷᠡ ᠦᠪᠡᠷ ᠤᠨ ᠤᠷ᠎ᠠ ᠮᠡᠷᠭᠡᠵᠢᠯ ᠳᠡᠭᠡᠨ ᠲᠦᠰᠢᠭᠯᠡᠨ ᠭᠡᠷ ᠲᠡᠭᠡᠨ ᠤᠶᠤᠳᠠᠯ ᠬᠢᠵᠤ ᠡᠬᠢᠯᠡᠭᠰᠡᠨ ᠪᠠᠶᠢᠨ᠎ᠠ᠃ ᠤᠶᠤᠳᠠᠯ ᠤᠨ ᠮᠡᠷᠭᠡᠵᠢᠯ ᠢᠶᠠᠨ ᠤᠯᠠᠮ ᠨᠢᠭᠡ ᠠᠯᠬᠤᠮ ᠲᠡᠭᠡᠭᠰᠢᠯᠡᠭᠦᠯᠭᠦ ᠶᠢᠨ ᠲᠦᠯᠦᠭᠡ 2012 ᠤᠨ ᠳᠤ ᠭᠦᠭᠡᠬᠤᠳᠠ ᠳᠤ ᠤᠴᠢᠵᠤ ᠦᠨᠳᠤᠰᠤᠳᠡᠨ ᠤ ᠬᠤᠪᠴᠠᠰᠤ ᠵᠠᠰᠠᠯ ᠤᠨ ᠮᠡᠷᠭᠡᠵᠢᠯ ᠰᠤᠷᠤᠯᠴᠠᠨ᠂ 2013 ᠤᠨ  ᠳᠤ ᠲᠠᠬᠢᠨ ᠮᠤᠩᠭᠤᠯ ᠤᠯᠤᠰ ᠲᠤ ᠭᠦᠷᠴᠤ᠂ ᠤᠶᠤᠳᠠᠯ ᠤᠨ ᠤᠷ᠎ᠠ ᠮᠡᠷᠭᠡᠵᠢᠯ ᠢ ᠰᠢᠰᠲ᠋ᠧᠮ ᠲᠠᠢ ᠰᠤᠷᠤᠯᠴᠠᠭᠰᠠᠨ ᠪᠠᠶᠢᠨ᠎ᠠ ᠃ 2014 ᠤᠨ ᠳᠤ ᠲᠡᠷᠡ ᠭᠡᠷ ᠲᠡᠭᠡᠨ ᠲᠡᠪᠡᠯ ᠤᠶᠤᠵᠤ ᠪᠠᠶᠢᠭᠰᠠᠨ ᠢᠶᠠᠨ ᠱᠠᠩᠳᠤ ᠪᠠᠯᠭᠠᠰᠤᠨ ᠤ ᠤᠤᠯ ᠤᠨ ᠨᠠᠮ ᠤᠨ ᠰᠤᠷᠭᠠᠭᠤᠯᠢ ᠶᠢᠨ ᠭᠤᠳᠤᠮᠵᠢᠨ ᠳᠤ ᠨᠡᠭᠦᠨ ᠤᠴᠢᠵᠤ᠂ 230 ᠲᠡᠭᠰᠢ ᠲᠦᠷᠪᠡᠯᠵᠢᠨ ᠮᠧᠲᠷ ᠪᠦᠭᠦᠢ ᠵᠡᠭᠡᠯᠢ ᠨᠢᠭᠤᠷᠯᠠᠭᠰᠠᠨ ᠠᠰᠠᠷ ᠢ ᠬᠤᠳᠠᠯᠳᠤᠨ ᠠᠪᠴᠤ᠂ ︽ᠨᠠᠷᠠᠨ ᠮᠤᠩᠭᠤᠯ ᠤᠶᠤᠳᠠᠯ︾ ᠢᠶᠠᠨ ᠡᠷᠬᠢᠯᠡᠭᠰᠡᠨ ᠪᠠᠶᠢᠨ᠎ᠠ᠃ ᠲᠡᠷᠡ ᠲᠤᠷᠭ᠎ᠠ ᠲᠤᠷᠳᠤᠩ᠂ ᠤᠶᠤᠳᠠᠯ ᠤᠨ ᠴᠢᠨᠠᠷ ᠢ ᠪᠠᠳᠤᠯᠠᠵᠤ᠂ ᠶᠠᠩᠵᠤ ᠭᠡᠯᠪᠡᠷᠢ ᠪᠠᠨ ᠤᠯᠠᠨ ᠶᠠᠩᠵᠤ ᠪᠤᠯᠭᠠᠭᠰᠠᠨ ᠢᠶᠠᠷ ᠭᠡᠷᠡᠭᠯᠡᠭᠴᠢᠤᠨ ᠤᠨ ᠭᠦᠷᠢᠶᠡᠯᠡᠯ ᠢ ᠶᠡᠭᠡᠪᠡᠷ ᠤᠯᠵᠠᠢ᠃ ︽ᠨᠠᠷᠠᠨ ᠮᠤᠩᠭᠤᠯ ᠤᠶᠤᠳᠠᠯ︾ ᠤᠨ ᠭᠠᠵᠠᠷ ᠨᠢ ᠵᠢᠯ ᠳᠤ ᠮᠢᠩᠭ᠎ᠠ ᠭᠠᠷᠤᠢ ᠲᠡᠪᠡᠯ ᠤᠶᠤᠵᠤ᠂ ᠤᠶᠤᠳᠠᠯ ᠤᠨ ᠭᠠᠵᠠᠷ ᠲᠠᠭᠠᠨ13 ᠤᠶᠤᠳᠠᠯᠴᠢᠨ ᠲᠠᠢ᠃ ᠡᠳᠡᠭᠡᠷ ᠤᠶᠤᠳᠠᠯᠴᠢᠤᠨ ᠤᠨ ᠵᠠᠷᠢᠮ  ᠨᠢ ᠭᠡᠤᠭᠡᠤᠨ ᠢᠶᠠᠨ ᠬᠠᠷᠠᠵᠤ ᠬᠠᠷᠠᠭᠠᠯᠵᠠᠵᠤ ᠪᠠᠶᠢᠭ᠎ᠠ ᠮᠠᠯᠴᠢᠤᠨ ᠪᠤᠶᠤ ᠬᠤᠳᠠ ᠪᠠᠯᠭᠠᠰᠤᠨ ᠤ ᠰᠠᠭᠤᠭᠠᠯᠢ ᠠᠷᠠᠤᠨ ᠪᠤᠯᠤᠨ᠎ᠠ ᠃ ᠠᠳᠡ ᠤᠶᠤᠳᠠᠯᠴᠢᠤᠨ ᠰᠠᠷ᠎ᠠ ᠪᠦᠷᠢ 3000 ᠲᠦᠭᠦᠷᠢᠭ ᠠᠴᠠ 6000 ᠲᠦᠭᠦᠷᠢᠭ ᠤᠨ ᠭᠦᠯᠤᠰᠤ ᠤᠯᠭᠤᠮᠵᠢ ᠤᠯᠳᠠᠭ᠃   ᠮᠤᠩᠭᠤᠯ ᠦᠨᠳᠤᠰᠤᠳᠡᠨ ᠤ ᠬᠤᠪᠴᠠᠰᠤ ᠵᠠᠰᠠᠯ ᠪᠤᠯ ᠮᠤᠩᠭᠤᠯ ᠦᠨᠳᠤᠰᠤᠳᠡᠨ ᠤ ᠰᠤᠶᠤᠯ ᠤᠨ ᠰᠠᠯᠵᠤ ᠪᠤᠯᠤᠰᠢ ᠦᠭᠡᠢ ᠴᠢᠬᠤᠯᠠ ᠪᠦᠷᠢᠯᠳᠦᠭᠦᠨ ᠪᠤᠯᠤᠨ᠎ᠠ᠃ ᠰᠢᠯᠤᠭᠤᠨ ᠭᠦᠭᠡ ᠬᠤᠰᠢᠭᠤ ᠲᠦᠷᠪᠡᠨ ᠤᠯᠠᠷᠢᠯ ᠤᠨ ᠵᠤᠭᠠᠴᠠᠯ ᠢ ᠶᠡᠭᠡ ᠭᠦᠴᠤᠨ  ᠢᠶᠠᠷ ᠡᠭᠦᠳᠭᠦ ᠶᠢ ᠲᠠᠭᠠᠯᠳᠤᠨ ᠦᠨᠳᠤᠰᠤᠳᠡᠨ ᠤ ᠬᠤᠪᠴᠠᠰᠤ ᠵᠠᠰᠠᠯ ᠤᠨ ᠭᠦᠭᠵᠢᠯᠳᠡ ᠶᠢᠨ ᠤᠷᠤᠨ ᠵᠠᠢ ᠴᠦ ᠭᠦᠭᠵᠢᠨ ᠪᠤᠵᠠᠭᠠᠶᠢᠷᠠᠵᠤ᠂ ᠦᠨᠳᠤᠰᠤᠳᠡᠨ ᠤ ᠬᠤᠪᠴᠠᠰᠤ ᠵᠠᠰᠠᠯ ᠨᠢ ᠭᠠᠶᠢᠬᠠᠮᠰᠢᠬᠳᠤ ᠤᠨᠴᠠᠯᠢᠭ ᠢᠶᠠᠷ ᠢᠶᠠᠨ ᠨᠠᠶᠢᠷ ᠨᠠᠭᠠᠳᠤᠮ ᠳᠤ ᠠᠭᠤᠰᠤᠯᠴᠠᠨ ᠨᠡᠩ ᠤᠯᠠᠨ ᠭᠦᠮᠤᠨ ᠤ ᠲᠠᠭᠠᠰᠢᠶᠠᠯ ᠢ ᠤᠯᠤᠭᠰᠠᠨ ᠪᠠᠶᠢᠨ᠎ᠠ᠃                
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号