2016 ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/3/11
ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠤᠭᠡᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠮᠠᠲ᠋ᠧᠷᠢᠶᠠᠯ ︵ᠠᠷᠪᠠᠨ ᠬᠤᠶᠠᠷ︶                           ᠵᠠᠰᠠᠭ ᠤᠨ ᠤᠷᠳᠤᠨ ᠤ ᠠᠵᠢᠯ ᠤᠨ ᠢᠯᠡᠳᠬᠡᠯ                                    2016 ᠣᠨ ᠤ 3 ᠰᠠᠷ᠎ᠠ ᠶᠢᠨ 17᠎ ᠤ ᠡᠳᠦᠷ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠣᠭᠠᠨ ᠲᠡᠭᠡᠷ᠎ᠡ                       ᠬᠤᠰᠢᠭᠤ ᠳᠠᠷᠤᠭ᠎ᠠ   ᠪᠤᠶᠠᠨᠲᠤᠲᠦᠯᠦᠭᠡᠯᠡᠭᠴᠢᠳ ᠡ᠄         ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠤᠯᠠᠨ ᠢᠶᠠᠷ ᠢᠶᠠᠨ ︽ᠰᠢᠯᠤᠭᠤᠨ ᠬᠦᠬᠡ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠡ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ ᠨᠤᠤᠷᠠᠭ︶︾ ᠎ ᠶᠢᠨ ᠬᠠᠮᠳᠤ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠬᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ︕          ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠠ 2015 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠷᠬᠢᠴᠡᠬᠦᠯᠦᠯ          ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠬᠦᠭᠵᠢᠯᠳᠡ ᠶᠢᠨ ᠶᠠᠪᠤᠴᠠ ᠲᠤᠮᠳᠠᠬᠢ ᠴᠢᠬᠤᠯᠠ ᠪᠡᠯᠭᠡ ᠲᠡᠮᠳᠡᠭ ᠪᠦᠬᠦᠢ ᠴᠠᠭ ᠬᠤᠭᠤᠴᠠᠭ᠎ᠠ ᠪᠤᠯᠤᠨ᠎ᠠ᠃ ᠦᠩᠭᠡᠷᠡᠭᠰᠡᠨ ᠲᠠᠪᠤᠨ ᠵᠢᠯ ᠳᠤ᠂ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠰᠢᠭᠤ ᠨᠢ ᠨᠠᠷᠢᠨ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠦᠭᠡᠷᠡᠴᠢᠯᠡᠯᠳᠡ ᠬᠦᠭᠵᠢᠯᠳᠡ ᠲᠤᠬᠳᠠᠭᠤᠨ ᠤ ᠬᠦᠴᠢᠷ ᠪᠡᠷᠬᠡᠰᠢᠶᠡᠯᠳᠠᠢ ᠡᠭᠦᠷᠭᠡ ᠶᠢᠨ ᠡᠮᠦᠨ᠎ᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ︽ᠠᠮᠢ ᠠᠬᠤᠢ ᠪᠠᠷ ᠬᠤᠰᠢᠭᠤ ᠎ ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠮᠠᠯ ᠲᠠᠷᠢᠶᠠᠯᠠᠩ ᠢᠶᠠᠷ ᠬᠤᠰᠢᠭᠤ ᠪᠠᠨ ᠲᠤᠬᠳᠠᠪᠤᠷᠢᠵᠢᠭᠤᠯᠬᠤ᠂ ᠵᠢᠭᠤᠯᠴᠢᠯᠠᠯ ᠢᠶᠠᠷ ᠬᠤᠰᠢᠭᠤ ᠪᠠᠨ ᠴᠢᠨᠡᠭᠡᠯᠢᠭᠵᠢᠬᠦᠯᠬᠦ᠂ ᠰᠤᠷᠭᠠᠨ ᠬᠦᠮᠦᠵᠢᠯ ᠢᠶᠠᠷ ᠬᠤᠰᠢᠭᠤ ᠪᠠᠨ ᠮᠠᠨᠳᠤᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠬᠤᠰᠢᠭᠤ ᠪᠠᠨ ᠬᠦᠭᠵᠢᠶᠡᠨᠳᠠᠢ ᠪᠤᠯᠭᠠᠬᠤ︾ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠬᠠᠷᠢᠯᠴᠠᠨ ᠬᠠᠪᠰᠤᠷᠦᠯᠴᠠᠨ᠂ ᠵᠤᠷᠢᠬᠳᠠᠢ ᠪᠠᠷ ᠤᠷᠤᠬᠰᠢᠯᠠᠵᠤ᠂ ᠬᠤᠰᠢᠭᠤ ᠲᠠᠶᠠᠭᠠᠷ ᠤᠨ ᠬᠠᠮᠳᠤ ᠶᠢᠨ ᠴᠢᠷᠮᠠᠶᠢᠯᠭ᠎ᠠ ᠪᠠᠷ ᠲᠠᠮᠵᠢᠨ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ᠂ ᠬᠤᠳᠠ ᠬᠦᠳᠡᠭᠡ ᠶᠢᠨ ᠬᠦᠭᠵᠢᠯᠳᠡ ᠶᠢᠨ ᠲᠦᠷᠰᠦ ᠪᠠᠶᠢᠳᠠᠯ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠤ ᠲᠠᠯ᠎ᠠ ᠪᠠᠷ ᠬᠢ ᠰᠢᠨ᠎ᠡ ᠦᠰᠦᠷᠦᠯᠳᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠲᠦᠷᠰᠦ ᠪᠠᠶᠢᠳᠠᠯ ᠢ ᠡᠭᠦᠳᠪᠡ᠃          ︵ᠨᠢᠬᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠲᠠᠪᠤᠨ ᠵᠢᠯ ᠤᠨ ᠲᠤᠷᠰᠢ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠪᠦᠷᠢ ᠲᠤᠮᠳᠠᠴᠢ ᠪᠠᠷ 11.7%᠎ ᠪᠠᠷ ᠨᠡᠮᠡᠭᠳᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠵᠢᠯ ᠪᠦᠷᠢ ᠲᠤᠮᠳᠠᠴᠢ ᠪᠠᠷ 15%᠎ ᠪᠠᠷ ᠨᠡᠮᠡᠭᠳᠡᠨ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 7.6%᠎ ᠪᠠᠷ ᠨᠡᠮᠡᠭᠳᠡᠪᠡ᠃ ᠲᠠᠷᠢᠶᠠᠯᠠᠩ ᠤᠨ ᠮᠠᠯ ᠠᠵᠤ ᠠᠬᠤᠢ ᠶᠢᠨ ᠶᠠᠰᠤ ᠴᠢᠨᠠᠷ ᠲᠡᠭᠡᠭᠰᠢᠯᠡᠨ᠂ ᠦᠷ᠎ᠡ ᠠᠰᠢᠭ ᠨᠢ ᠨᠡᠮᠡᠭᠳᠡᠵᠦ᠂ ᠰᠦ᠂ ᠮᠢᠬ᠎ᠠ᠂ ᠨᠤᠤᠰᠤ ᠨᠤᠯᠤᠤᠷ᠂ ᠢᠳᠡᠰᠢᠨ ᠨᠤᠭᠤᠭ᠎ᠠ᠂ ᠡᠪᠡᠰᠦ ᠪᠤᠷᠳᠤᠭ᠎ᠠ ᠵᠡᠷᠭᠡ ᠲᠠᠪᠤᠨ ᠭᠤᠤᠯᠳᠠᠯᠭ᠎ᠠ ᠲᠠᠢ ᠠᠵᠤ ᠦᠢᠯᠡᠰ ᠎ ᠢ ᠴᠢᠬᠤᠯᠠᠴᠢᠯᠠᠨ ᠬᠦᠭᠵᠢᠬᠦᠯᠵᠦ᠂ ᠪᠤᠬᠢᠷᠳᠤᠯ ᠦᠭᠡᠢ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠠᠵᠤ ᠦᠢᠯᠡᠰᠵᠢᠭᠰᠡᠨ ᠪᠦᠳᠦᠭᠡᠨ ᠪᠠᠶᠢᠭᠤᠯᠤᠯᠳᠠ ᠶᠢᠨ ᠬᠡᠯᠪᠡᠷᠢ ᠠᠩᠬ᠎ᠠ ᠠᠯᠬᠤᠮ ᠪᠦᠷᠢᠯᠳᠦᠪᠡ︔ 2015 ᠤᠨ ᠤᠨ ᠮᠠᠯᠵᠢᠯ ᠤᠨ ᠤᠨ ᠳᠤ ᠦᠬᠡᠷ ᠤᠨ ᠲᠤᠭ᠎ᠠ ᠲᠤᠯᠤᠭᠠᠢ 24.6 ᠲᠦᠮᠡᠨ ᠲᠤᠯᠤᠭᠠᠢ ᠳᠤ ᠬᠦᠷᠴᠦ᠂ ᠮᠠᠯ ᠎ ᠤᠨ ᠶᠡᠷᠦᠩᠬᠡᠢ ᠲᠤᠭᠠᠨ ᠤ 34.7%᠎ ᠶᠢ ᠡᠵᠡᠯᠡᠨ᠂ ᠵᠢᠯ ᠪᠦᠷᠢ ᠲᠤᠮᠳᠠᠴᠢ ᠪᠠᠷ 3.5%᠎ ᠪᠠᠷ ᠨᠡᠮᠡᠭᠳᠡᠵᠤ᠂ ᠲᠠᠷᠢᠮᠠᠯ ᠤᠨ ᠶᠡᠷᠦᠩᠬᠡᠢ ᠲᠠᠯᠠᠪᠠᠢ 31.4 ᠲᠦᠮᠡᠨ ᠮᠤ᠋ ᠳᠤ ᠬᠦᠷᠴᠦ᠂ ᠦᠨᠳᠦᠰᠦᠨ ᠳᠡᠭᠡᠨ ᠲᠤᠬᠳᠠᠪᠤᠷᠢᠳᠠᠢ ᠪᠠᠶᠢᠬᠤ ᠶᠢ ᠪᠠᠳᠤᠯᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠲᠤᠪᠤᠶᠢᠨ᠂ ᠱᠠᠩᠳᠤ ᠴᠠᠬᠢᠯᠭᠠᠨ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠨᠢ ᠠᠰᠢᠬᠯᠠᠯᠳᠠ ᠳᠤ ᠤᠷᠤᠵᠤ᠂ ᠴᠠᠬᠢᠯᠭᠠᠨ ᠦᠢᠯᠡᠳᠪᠦᠷᠢ ᠪᠠᠷ ᠲᠤᠯᠤᠭᠠᠶᠢᠯᠠᠬᠴᠢ ᠪᠤᠯᠭᠠᠬᠰᠠᠨ ᠴᠠᠬᠢᠯᠭᠠᠨ ᠬᠦᠴᠦᠨ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠪᠦᠷᠢ ᠲᠤᠮᠳᠠᠴᠢ ᠪᠠᠷ 11.6%᠎ ᠪᠠᠷ ᠨᠡᠮᠡᠭᠳᠡᠵᠦ᠂ ᠡᠭᠦᠨ ᠳᠤ᠂ ᠱᠠᠩᠳᠤ ᠴᠠᠬᠢᠯᠭᠠᠨ ᠦᠢᠯᠡᠳᠪᠦᠷᠢ ᠨᠢ ᠨᠡᠶᠢᠳᠡ 922 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠪᠠ᠃ ᠵᠢᠭᠤᠯᠴᠢᠯᠠᠯ ᠤᠨ ᠠᠵᠤ ᠦᠢᠯᠡᠰ ᠦᠳᠳᠡᠷ ᠲᠦᠷᠭᠡᠨ ᠬᠦᠭᠵᠢᠨ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ ᠨᠡᠶᠢᠳᠡ 216 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ 11.5 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠦᠨ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠲᠠᠢ ᠠᠳᠠᠯᠢᠳᠬᠠᠪᠠᠯ ᠲᠤᠰ ᠲᠤᠰ 44% ᠪᠠ 120%᠎ ᠪᠠᠷ ᠨᠡᠮᠡᠭᠳᠡᠪᠡ᠃ ᠲᠦᠰᠦᠯ ᠤᠨ ᠪᠠᠶᠢᠭᠤᠯᠤᠯᠳᠠ ᠲᠤᠪᠤᠶᠢᠮ᠎ᠠ ᠦᠷ᠎ᠡ ᠪᠦᠳᠦᠮᠵᠢ ᠣᠯᠵᠤ᠂ ᠲᠠᠪᠤᠨ ᠵᠢᠯ ᠤᠨ ᠳᠣᠷᠰᠢᠳᠠ᠂ ᠠᠷᠠᠯᠵᠢᠶᠠᠴᠢᠨ ᠤᠷᠢᠵᠤ ᠪᠠᠯᠡ ᠲᠠᠳᠠᠬᠤ ᠲᠦᠰᠦᠯ ᠢ ᠨᠡᠶᠢᠳᠡ 103᠎ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠨ ᠎ ᠳᠤ᠂ ᠭᠡᠷ᠎ᠡ ᠲᠤᠬᠳᠠᠬᠰᠠ ᠲᠦᠰᠦᠯ 70 ᠪᠠᠶᠢᠵᠤ᠂ ᠨᠡᠶᠢᠳᠡ 120 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠎ ᠶᠢ ᠪᠡᠶᠡᠯᠡᠭᠦᠯᠪᠡ᠃          ︵ᠬᠤᠶᠠᠷ︶ ᠬᠦᠭᠵᠢᠯᠳᠡ ᠶᠢᠨ ᠪᠠᠳᠤᠯᠠᠭ᠎ᠠ ᠶᠢᠨ ᠴᠢᠳᠠᠪᠤᠷᠢ ᠣᠯᠠᠮ ᠨᠢᠭᠡ ᠠᠯᠬᠤᠮ ᠲᠡᠭᠡᠭᠰᠢᠯᠡᠪᠡ᠃ ᠰᠠᠭᠤᠷᠢ ᠲᠦᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠵᠤ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠨᠡᠶᠢᠳᠡ 580 ᠺᠢᠯᠤᠮᠧᠲᠷ ᠭᠠᠴᠠᠭ᠎ᠠ ᠲᠤᠰᠬᠤᠨ ᠤ ᠽᠧᠮᠨ᠋ᠲ ᠵᠠᠮ ᠢ ᠵᠠᠰᠠᠵᠤ᠂ 326 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ S27 ᠲᠦᠷᠭᠡᠨ ᠤ ᠵᠠᠮ ᠪᠤᠯᠤᠨ ᠪᠡᠭᠡᠵᠢᠩ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ ᠢ ᠪᠠᠶᠢᠭᠤᠯᠵᠤ ᠲᠠᠭᠤᠰᠬᠠᠨ ᠲᠡᠷᠭᠡ ᠨᠡᠪᠳᠡᠷᠡᠪᠡ︔ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ᠂ ᠰᠢᠯᠢᠩᠬᠤᠳᠠ ᠠᠴᠠ ᠲᠤᠯᠤᠨ ᠨᠤᠤᠷ ᠬᠦᠷᠬᠦ ᠲᠡᠮᠦᠷ ᠵᠠᠮ ᠤᠨ ᠲᠠᠪᠬᠤᠷ ᠱᠤᠭᠤᠮ ᠪᠤᠯᠤᠨ ᠰᠢᠯᠤᠭᠤᠨ ᠬᠦᠬᠡ ᠠᠴᠠ ᠪᠤᠷᠤᠬᠤᠳᠠ ᠬᠦᠷᠬᠦ ᠲᠡᠮᠦᠷ ᠵᠠᠮ ᠤᠨ ᠪᠠᠶᠢᠭᠤᠯᠤᠯᠳᠠ ᠶᠢ ᠢᠯᠭᠤᠮ ᠠᠬᠢᠭᠤᠯᠵᠤ᠂ ᠰᠢᠯᠢ ᠶᠢᠨ ᠭᠤᠤᠯ ᠠᠶᠢᠮᠠᠭ ᠠᠴᠠ ᠵᠢᠨᠠᠨ ᠬᠦᠷᠬᠦ ᠤᠨᠴᠠ ᠦᠨᠳᠦᠷ ᠬᠦᠴᠦᠯᠳᠠᠳᠤ ᠴᠠᠬᠢᠯᠭᠠᠨ ᠬᠦᠴᠦᠨ ᠢ ᠭᠠᠳᠠᠬᠰᠢ ᠬᠦᠷᠭᠡᠬᠦ ᠵᠠᠮ ᠢ ᠡᠬᠢᠯᠡᠨ ᠪᠠᠶᠢᠭᠤᠯᠪᠠ᠃ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠨᠢᠭᠡᠳᠦᠯᠳᠠᠢ ᠲᠦᠯᠦᠪᠵᠢᠨ ᠠᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠤᠭᠤᠴᠠᠭᠠᠨ ᠡᠴᠦᠰ ᠪᠤᠯᠬᠤ ᠳᠤ᠂ ᠱᠠᠩᠳᠤ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠢ 13.73 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ︽ᠲᠦᠷᠪᠡᠨ ᠭᠤᠤᠯᠳᠤ ᠵᠢᠷᠭᠤᠭᠠᠨ ᠬᠦᠨᠳᠡᠯᠡᠨ︾ ᠵᠠᠮ ᠱᠤᠭᠤᠮ ᠤᠨ ᠲᠤᠤᠷ ᠰᠦᠯᠵᠢᠶ᠎ᠡ ᠦᠨᠳᠦᠰᠦᠨ ᠳᠡᠭᠡᠨ ᠪᠦᠷᠢᠯᠳᠦᠨ᠂ ᠲᠦᠬᠡᠭᠡᠯ ᠤᠰᠤ᠂ ᠨᠡᠶᠢᠳᠡ ᠶᠢᠨ ᠲᠤᠯᠠᠭᠠᠯᠭ᠎ᠠ ᠪᠤᠯᠤᠨ ᠪᠤᠬᠢᠷ ᠤᠰᠤᠨ ᠤ ᠰᠢᠢᠳᠪᠦᠷᠢᠯᠡᠯᠳᠡ ᠶᠢᠨ ᠨᠤᠷᠮ᠎ᠠ ᠲᠤᠰᠪᠤᠷᠢ 96.4 %᠂ 64 %᠂ 81%᠎ ᠳᠤ ᠬᠦᠷᠴᠦ᠂ ᠪᠦᠬᠦ ᠬᠤᠰᠢᠭᠤᠨ ᠤ ᠨᠤᠭᠤᠭᠠᠷᠠᠭᠤᠯᠤᠯᠳᠠ ᠶᠢᠨ ᠶᠡᠷᠦᠩᠬᠡᠢ ᠲᠠᠯᠠᠪᠠᠢ 496 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ ᠬᠦᠮᠦᠨ ᠪᠦᠷᠢ ᠳᠤ ᠲᠡᠭᠰᠢᠳᠭᠡᠭᠰᠡᠨ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠲᠠᠯᠠᠪᠠᠢ 83.7 ᠲᠡᠭᠰᠢ ᠲᠦᠷᠪᠡᠯᠵᠢᠨ ᠮᠧᠲᠷ ᠲᠤ ᠬᠦᠷᠦᠨ᠂ ᠬᠤᠳᠠ ᠶᠢᠨ ᠨᠤᠭᠤᠭᠠᠷᠠᠭᠤᠯᠤᠯᠳᠠ ᠶᠢᠨ ᠪᠦᠷᠬᠦᠴᠡ ᠶᠢᠨ ᠨᠤᠷᠮ᠎ᠠ 36.4%᠎ ᠳᠤ ᠬᠦᠷᠴᠦ᠂ ᠦᠪᠡᠷᠳᠡᠭᠡᠨ ᠵᠠᠰᠠᠬᠤ ᠤᠷᠤᠨ ᠤ ᠴᠡᠴᠡᠷᠯᠢᠭᠵᠢᠭᠰᠡᠨ ᠬᠤᠰᠢᠭᠤ ᠰᠢᠶᠠᠨ ᠬᠤᠳᠠ ᠪᠠᠷ ᠰᠤᠩᠭᠤᠬᠳᠠᠨ᠂ ᠰᠠᠩ ᠤᠨ ᠲᠠᠯᠠᠢ ᠪᠠᠯᠭᠠᠰᠤᠨ ᠤ ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠲᠦᠯᠦᠪᠵᠢᠭᠦᠯᠭᠡ ᠶᠢ ᠲᠤᠭᠤᠷᠪᠢᠵᠤ ᠲᠠᠭᠤᠰᠬᠠᠪᠠ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠨᠢ ᠨᠡᠶᠢᠳᠡ 6.8 ᠳ᠋ᠦᠩᠰᠢᠭᠤᠷ ᠲᠦᠭᠦᠷᠢᠭ ᠤᠷᠤᠭᠤᠯᠵᠤ᠂ ᠪᠦᠬᠦ ᠬᠤᠰᠢᠭᠤᠨ ᠤ 80%᠎ ᠶᠢᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠪᠦᠬᠦᠨ ᠢ ᠪᠦᠷᠬᠦᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠶᠡᠭᠡ ᠪᠠᠷ ᠲᠡᠭᠡᠭᠰᠢᠯᠡᠵᠤ᠂ ᠠᠵᠤ ᠦᠢᠯᠡᠰᠵᠢᠭᠰᠡᠨ ᠬᠦᠭᠵᠢᠯᠳᠡ ᠳᠤ ᠬᠦᠴᠦᠳᠠᠢ ᠪᠠᠳᠤᠯᠠᠭ᠎ᠠ ᠬᠠᠩᠭᠠᠪᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠢᠯᠡᠳᠳᠡ ᠦᠷ᠎ᠡ ᠪᠦᠳᠦᠮᠵᠢ ᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠤᠭᠤᠴᠠᠭᠠᠨ ᠳᠤ ᠨᠡᠶᠢᠳᠡ 83.6 ᠲᠦᠮᠡᠨ ᠮᠤ᠋ ᠲᠠᠯᠠᠪᠠᠢ ᠳᠤ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠢᠨᠵᠧᠨᠧᠷᠢᠩ ᠢ ᠪᠡᠶᠡᠯᠡᠭᠦᠯᠵᠦ᠂ 1.49 ᠲᠦᠮᠡᠨ ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠤᠨ᠂ ᠤᠢ ᠰᠢᠭᠤᠢ ᠶᠢᠨ ᠶᠡᠷᠦᠩᠬᠡᠢ ᠲᠠᠯᠠᠪᠠᠢ 672 ᠲᠦᠮᠡᠨ ᠮᠤ᠋ ᠳᠤ ᠬᠦᠷᠴᠦ᠂ ᠤᠢ ᠮᠤᠳᠤᠨ ᠤ ᠪᠦᠷᠬᠦᠴᠡ ᠶᠢᠨ ᠨᠤᠷᠮ᠎ᠠ 20.5%᠎ ᠳᠤ ᠬᠦᠷᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠡᠮᠦᠨ᠎ᠡ ᠬᠢᠵᠠᠭᠠᠷ ᠢ ᠬᠦᠨᠳᠡᠯᠡᠨ ᠲᠤᠭᠤᠯᠤᠬᠰᠠᠨ ᠨᠤᠭᠤᠭᠠᠨ ᠦᠩᠭᠡᠳᠦ ᠠᠮᠢ ᠠᠬᠤᠢ ᠶᠢᠨ ᠬᠠᠯᠬᠠᠪᠴᠢ ᠠᠩᠬ᠎ᠠ ᠠᠯᠬᠤᠮ ᠪᠦᠷᠢᠯᠳᠦᠪᠡ᠃          ︵ᠭᠤᠷᠪᠠ︶ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠯᠠᠮ ᠨᠢᠭᠡ ᠠᠯᠬᠤᠮ ᠲᠡᠭᠦᠯᠳᠡᠷᠵᠢᠪᠡ᠃ ᠲᠠᠪᠤᠨ ᠵᠢᠯ ᠤᠨ ᠲᠤᠷᠰᠢ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠲᠠᠯ᠎ᠠ ᠳᠤ ᠨᠡᠶᠢᠳᠡ 31.8 ᠳ᠋ᠦᠩᠰᠢᠭᠤᠷ ᠲᠦᠭᠦᠷᠢᠭ ᠤᠷᠤᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 3.2 ᠲᠠᠬᠢᠨ ᠢᠶᠠᠷ ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠮᠳᠠᠴᠢ ᠡᠵᠡᠮᠳᠡᠵᠦ ᠪᠤᠯᠬᠤᠶᠢᠴᠠ ᠤᠷᠤᠯᠭ᠎ᠠ ᠵᠢᠯ ᠪᠦᠷᠢ ᠲᠤᠮᠳᠠᠴᠢ ᠪᠠᠷ 11.5% ᠪᠠ 15.1%᠎ ᠪᠠᠷ ᠨᠡᠮᠡᠭᠳᠡᠵᠦ᠂ ᠬᠤᠳᠠ ᠬᠦᠳᠡᠭᠡ ᠶᠢᠨ ᠤᠷᠤᠯᠭ᠎ᠠ ᠶᠢᠨ ᠵᠦᠷᠢᠶ᠎ᠡ ᠨᠢ ᠤᠤᠯ ᠎ ᠤᠨ 2.3᠄ 1᠎ ᠠᠴᠠ ᠪᠠᠨ 2.2᠄ 1 ᠪᠤᠯᠤᠨ ᠪᠠᠭᠤᠷᠠᠪᠠ᠃ ᠨᠡᠶᠢᠭᠡᠮ ᠤᠨ ᠪᠠᠳᠤᠯᠠᠭ᠎ᠠ ᠶᠢᠨ ᠪᠦᠷᠬᠦᠴᠡ ᠶᠢᠨ ᠬᠡᠮᠵᠢᠶ᠎ᠡ ᠲᠤᠬᠳᠠᠭᠤᠨ ᠢᠶᠠᠷ ᠨᠡᠮᠡᠭᠳᠡᠵᠦ᠂ ᠮᠠᠯᠴᠢᠨ ᠲᠠᠷᠢᠶᠠᠴᠢᠳ ᠤᠨ ᠬᠤᠷᠰᠢᠬᠰᠠᠨ ᠡᠮᠨᠡᠯᠭᠡ ᠶᠢᠨ ᠲᠠᠭᠠᠳᠬᠠᠯ ᠳᠤ ᠤᠷᠤᠯᠴᠠᠬᠰᠠᠨ ᠨᠤᠷᠮ᠎ᠠ 98.3%᠎ ᠠᠴᠠ ᠲᠡᠭᠡᠭᠰᠢ ᠳᠤ ᠬᠦᠷᠦᠨ᠂ ᠨᠠᠰᠤᠵᠢᠯ ᠤᠨ ᠲᠠᠭᠠᠳᠬᠠᠯ ᠤᠨ ᠪᠠᠳᠤᠯᠠᠭ᠎ᠠ ᠶᠢᠨ ᠰᠢᠰᠲ᠋ᠧᠮ ᠨᠢ ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠳ᠂ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠤᠯᠤᠨ ᠠᠮᠢᠳᠤᠯᠢᠭ ᠢᠶᠠᠷ ᠠᠵᠢᠯ ᠤᠯᠭᠤᠬᠤ ᠬᠦᠮᠦᠰ ᠢ ᠦᠨᠳᠦᠰᠦᠨ ᠳᠡᠭᠡᠨ ᠪᠦᠷᠬᠦᠪᠡ᠃ ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠪᠠ ᠦᠢᠯᠡᠰ ᠪᠤᠰᠬᠠᠵᠤ ᠠᠵᠢᠯ ᠤᠯᠭᠤᠬᠤ ᠢᠨᠵᠧᠨᠧᠷᠢᠩ ᠢ ᠬᠦᠴᠦᠳᠠᠢ ᠬᠡᠷᠡᠭᠵᠢᠭᠦᠯᠵᠦ᠂ ᠲᠠᠪᠤᠨ ᠵᠢᠯ ᠤᠨ ᠲᠤᠷᠰᠢ 7621 ᠬᠦᠮᠦᠨ ᠢ ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠤᠨ᠂ ᠬᠤᠳᠠ ᠪᠠᠯᠭᠠᠰᠤᠨ ᠤ ᠰᠢᠨ᠎ᠡ ᠎ ᠪᠠᠷ ᠨᠡᠮᠡᠭᠳᠡᠭᠰᠡᠨ ᠠᠵᠢᠯ ᠤᠯᠤᠬᠰᠠᠨ ᠬᠦᠮᠦᠨ 8760᠎ ᠳᠤ ᠬᠦᠷᠴᠦ᠂ ᠦᠢᠯᠡᠰ ᠪᠤᠰᠬᠠᠯᠳᠠ ᠪᠠᠷ ᠠᠵᠢᠯ ᠤᠯᠭᠤᠯᠳᠠ ᠶᠢ ᠲᠠᠶᠢᠴᠢᠯᠠᠨ 5500 ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ ᠠᠯᠳᠠᠬᠰᠠᠳ ᠤᠨ ᠨᠤᠷᠮ᠎ᠠ ᠶᠢ 3.5%᠎ ᠶᠢᠨ ᠲᠤᠳᠤᠷ᠎ᠠ ᠬᠢᠵᠠᠭᠠᠷᠯᠠᠪᠠ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠲᠡᠯᠡᠬᠡᠢ ᠶᠢᠨ ᠰᠤᠶᠤᠯ ᠤᠨ ᠦᠪ ᠢᠶᠠᠷ ᠠᠮᠵᠢᠯᠳᠠ ᠲᠠᠢ ᠪᠠᠷ ᠡᠷᠡᠮᠡᠯᠵᠡᠯᠡᠨ ᠪᠦᠷᠢᠳᠬᠡᠭᠦᠯᠵᠦ᠂ ᠤᠯᠤᠰ ᠤᠨ ᠪᠠ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠰᠦᠯ ᠲᠤᠰᠪᠤᠷᠢ 2 ᠲᠦᠷᠦᠯ ᠪᠠ 11 ᠲᠦᠷᠦᠯ ᠪᠠᠶᠢᠵᠤ᠂ ᠷᠠᠳᠢᠤ᠋᠂ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ ᠶᠢᠨ ᠨᠤᠷᠮ᠎ᠠ ᠲᠤᠰᠪᠤᠷᠢ 96% ᠪᠠ 97%᠎ ᠳᠤ ᠬᠦᠷᠪᠡ︔ ᠪᠦᠬᠦ ᠬᠤᠰᠢᠭᠤᠨ ᠤ ᠰᠦᠢᠳᠬᠡᠯ ᠬᠡᠯᠳᠦᠷᠢᠭᠦᠯᠬᠦ ᠰᠤᠷᠭᠠᠨ ᠬᠦᠮᠦᠵᠢᠯ ᠢ ᠦᠨᠳᠦᠷ ᠲᠤᠮᠳᠠᠳᠤ ᠶᠢᠨ ᠱᠠᠳᠤᠨ ᠳᠤ ᠬᠦᠷᠳᠡᠯ᠎ᠡ ᠲᠦᠭᠡᠮᠡᠯᠵᠢᠭᠦᠯᠵᠦ᠂ ᠡᠯ᠎ᠡ ᠰᠤᠷᠭᠠᠭᠤᠯᠢ ᠨᠢ ᠴᠦᠮ ᠰᠤᠷᠭᠠᠭᠤᠯᠢ ᠡᠷᠬᠢᠯᠡᠬᠦ ᠨᠦᠬᠦᠴᠡᠯ ᠤᠨ ᠪᠠᠷᠢᠮᠵᠢᠶᠠᠵᠢᠬᠰᠠᠨ ᠬᠢᠷᠢ ᠲᠦᠪᠰᠢᠨ ᠢ ᠪᠡᠶᠡᠯᠡᠭᠦᠯᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠡᠷᠡᠭᠦᠯ ᠬᠠᠮᠠᠭᠠᠯᠠᠯ ᠤᠨ ᠲᠠᠰᠤᠭ ᠢ ᠪᠠᠭᠳᠠᠭᠠᠨ᠎ᠠ︶ 87᠂ ᠡᠪᠡᠳᠴᠢᠳᠡᠨ ᠤ ᠤᠷᠤ 363᠎ ᠳᠤ ᠲᠤᠰ ᠲᠤᠰ ᠬᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠬᠤᠭᠤᠴᠠᠭ᠎ᠠ ᠰᠡᠭᠦᠯᠴᠢ ᠶᠢᠨ ᠬᠢ ᠠᠴᠠ ᠲᠤᠰᠪᠤᠷᠢ 12% ᠪᠠ 28%᠎ ᠪᠠᠷ ᠨᠡᠮᠡᠭᠳᠡᠭᠰᠡᠨ ᠪᠠᠶᠢᠨ᠎ᠠ᠃          ︵ᠲᠦᠷᠪᠡ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠤᠯᠠᠮ ᠨᠢᠭᠡ ᠠᠯᠬᠤᠮ ᠴᠢᠩᠭᠠᠷᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠰᠠᠬᠢᠯᠭ᠎ᠠ ᠵᠢᠷᠤᠮ ᠢ ᠴᠢᠩᠭ᠎ᠠ ᠵᠢᠷᠤᠮᠯᠠᠵᠤ᠂ ᠲᠦᠪ ᠤᠨ ᠨᠠᠢᠮᠠᠨ ᠵᠤᠷᠪᠤᠰ ᠲᠤᠬᠳᠠᠭᠠᠯ᠂ ᠦᠪᠡᠷᠳᠡᠭᠡᠨ ᠵᠠᠰᠠᠬᠤ ᠤᠷᠤᠨ ᠤ 28 ᠢᠵᠢ ᠪᠦᠷᠢᠳᠦᠭᠰᠡᠨ ᠲᠦᠷᠢᠮ ᠲᠤᠬᠳᠠᠭᠠᠯ ᠪᠤᠯᠤᠨ ᠠᠶᠢᠮᠠᠭ ᠎ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠢᠵᠢ ᠪᠦᠷᠢᠳᠦᠭᠰᠡᠨ ᠲᠦᠷᠢᠮ ᠲᠤᠬᠳᠠᠭᠠᠯ ᠢ ᠴᠢᠩᠭ᠎ᠠ ᠬᠡᠷᠡᠭᠵᠢᠭᠦᠯᠦᠨ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠭᠤᠷᠪᠠᠨ ᠴᠢᠩᠭ᠎ᠠ ᠭᠤᠷᠪᠠᠨ ᠪᠤᠳᠠᠳᠠᠢ ︾ ᠲᠤᠰᠬᠠᠢ ᠰᠡᠳᠦᠪᠳᠦ ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠪᠡ᠃ ᠨᠠᠮ ᠤᠨ ᠰᠤᠷᠳᠠᠯ ᠴᠢᠬᠡᠴᠢ ᠵᠠᠰᠠᠭ ᠎ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠪᠠ ᠬᠢᠨᠠᠨ ᠪᠤᠳᠤᠬᠤ ᠬᠦᠴᠦᠯᠡᠴᠡ ᠶᠢ ᠨᠡᠮᠡᠭᠳᠡᠭᠦᠯᠵᠦ᠂ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠬᠤᠷᠢᠬᠯᠠᠬᠤ ᠲᠤᠬᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠎ ᠤᠨ ᠪᠤᠰᠤ ᠬᠦᠮᠦᠰ ᠤᠨ ᠰᠠᠨᠠᠯ ᠢ ᠨᠠᠷᠢᠨ ᠬᠢᠨᠠᠮᠠᠭᠠᠢ ᠰᠤᠨᠤᠰᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ 91 ᠵᠤᠷᠪᠤᠰ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ᠬᠦᠴᠦᠨ ᠦᠭᠡᠢ ᠪᠤᠯᠭᠠᠵᠤ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠳᠤ ᠬᠡᠷᠡᠭᠯᠡᠬᠦ ᠭᠡᠷ ᠪᠠ ᠲᠡᠷᠭᠡ ᠎ ᠶᠢ ᠪᠦᠬᠦ ᠲᠠᠯ᠎ᠠ ᠪᠠᠷ ᠴᠡᠪᠡᠷᠯᠡᠨ᠂ ︽ᠭᠤᠷᠪᠠᠨ ᠲᠦᠷᠦᠯ ᠤᠨ ᠠᠯᠪᠠᠨ ᠵᠠᠷᠤᠳᠠᠯ︾᠎ ᠢ ᠪᠦᠬᠦ ᠬᠦᠴᠦᠨ ᠢᠶᠠᠷ ᠢᠶᠠᠨ ᠪᠠᠭᠠᠰᠬᠠᠪᠠ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠡᠶᠡᠳᠦᠭᠦᠯᠬᠦ ᠲᠤᠬᠳᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠵᠦ᠂ ᠨᠡᠶᠢᠭᠡᠮ ᠤᠨ ᠠᠮᠤᠷ ᠲᠦᠪᠰᠢᠨ ᠢ ᠵᠠᠰᠠᠬᠤ ᠬᠢᠷᠢ ᠲᠦᠪᠰᠢᠨ ᠲᠤᠬᠳᠠᠭᠤᠨ ᠢᠶᠠᠷ ᠲᠡᠭᠡᠭᠰᠢᠯᠡᠨ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠬᠳᠠᠪᠤᠷᠢᠵᠢᠵᠤ᠂ ᠤᠯᠠᠨ ᠲᠦᠮᠡᠨ ᠤ ᠠᠮᠤᠷ ᠲᠦᠪᠰᠢᠨ ᠰᠡᠳᠬᠢᠯᠭᠡ ᠪᠠ ᠰᠡᠳᠬᠢᠯ ᠬᠠᠨᠤᠮᠵᠢᠳᠠᠢ ᠪᠠᠶᠢᠬᠤ ᠬᠡᠮᠵᠢᠶ᠎ᠡ ᠢᠯᠡᠳᠳᠡ ᠲᠡᠭᠡᠭᠰᠢᠯᠡᠪᠡ᠃          ᠲᠦᠯᠦᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠠᠮᠤᠭ ᠡᠴᠦᠰ ᠎ ᠤᠨ ᠵᠢᠯ ᠮᠦᠨ᠃ ᠦᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠎ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠬᠳᠠᠭᠤᠨ ᠢᠶᠠᠷ ᠨᠡᠮᠡᠭᠳᠡᠭᠦᠯᠬᠦ᠂ ᠪᠦᠳᠦᠴᠡ ᠶᠢ ᠲᠤᠬᠢᠷᠠᠭᠤᠯᠬᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠭᠡ ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠬᠰᠠᠨ ᠢᠶᠠᠷ ᠡᠯ᠎ᠡ ᠲᠦᠷᠦᠯ ᠤᠨ ᠠᠵᠢᠯ ᠬᠦᠴᠦᠳᠠᠢ ᠠᠬᠢᠵᠦ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠦᠷᠭᠦᠯᠵᠢᠯᠡᠨ ᠡᠷᠡᠭᠦᠯ ᠲᠤᠬᠳᠠᠭᠤᠨ ᠎ ᠢᠶᠠᠷ ᠬᠦᠭᠵᠢᠪᠡ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 69.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.5 %᠎ ᠪᠠᠷ ᠨᠡᠮᠡᠭᠳᠡᠭᠦᠯᠪᠡ︔ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠎ ᠢ 7 ᠳ᠋ᠦᠩᠰᠢᠭᠤᠷ ᠲᠦᠭᠦᠷᠢᠭ ᠪᠡᠶᠡᠯᠡᠭᠦᠯᠦᠨ᠂ 4.7 %᠎ ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 47.3 ᠳ᠋ᠦᠩᠰᠢᠭᠤᠷ ᠲᠦᠭᠦᠷᠢᠭ ᠪᠡᠶᠡᠯᠡᠭᠦᠯᠦᠨ᠂ 7.9 %᠎ ᠪᠠᠷ ᠨᠡᠮᠡᠭᠳᠡᠭᠦᠯᠵᠦ  ︵ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 42.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.5 %᠎ ᠪᠠᠷ ᠨᠡᠮᠡᠭᠳᠡᠭᠦᠯᠪᠡ︶ ᠂ ᠭᠤᠷᠪᠠᠳᠤᠭᠠᠷ ᠠᠵᠤ ᠦᠢᠯᠡᠰ ᠤᠨ ᠨᠠᠮᠡᠭᠳᠡᠯ ᠦᠷᠳᠡᠭ ᠢ 15.4 ᠳ᠋ᠦᠩᠰᠢᠭᠤᠷ ᠲᠦᠭᠦᠷᠢᠭ ᠪᠡᠶᠡᠯᠡᠭᠦᠯᠦᠨ᠂ 7.4 % ᠎ ᠪᠠᠷ ᠨᠡᠮᠡᠭᠳᠡᠭᠦᠯᠪᠡ︔ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 52.2 ᠳ᠋ᠦᠩᠰᠢᠭᠤᠷ ᠲᠦᠭᠦᠷᠢᠭ ᠪᠡᠶᠡᠯᠡᠭᠦᠯᠦᠨ᠂ 14 %᠎ ᠪᠠᠷ ᠨᠡᠮᠡᠭᠳᠡᠭᠦᠯᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 6.1 %᠎ ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠢ 12.7 ᠳ᠋ᠦᠩᠰᠢᠭᠤᠷ ᠲᠦᠭᠦᠷᠢᠭ ᠲᠤ ᠬᠦᠷᠭᠡᠵᠦ᠂ 7 %᠎ ᠪᠠᠷ ᠨᠡᠮᠡᠭᠳᠡᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ ᠲᠤᠰ ᠲᠤᠰ 29933 ᠲᠦᠭᠦᠷᠢᠭ ᠪᠠ 13639 ᠲᠦᠭᠦᠷᠢᠭ ᠲᠤ ᠬᠦᠷᠭᠡᠨ᠂ ᠲᠤᠰᠪᠤᠷᠢ 8.1 % ᠪᠠ 7.7 %᠎ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠦᠰᠦᠪᠯᠡᠭᠰᠡᠨ ᠡᠯ᠎ᠡ ᠲᠦᠷᠦᠯ ᠤᠨ ᠬᠠᠷᠠᠯᠳᠠ ᠡᠭᠦᠷᠭᠡ ᠪᠠᠨ ᠨᠡᠯᠢᠶᠡᠳ ᠰᠠᠶᠢᠳᠤᠷ ᠪᠡᠶᠡᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠲᠤᠤᠷᠠᠬᠢ ᠬᠡᠳᠦᠨ ᠲᠠᠯ᠎ᠠ ᠶᠢᠨ ᠠᠵᠢᠯ ᠎ ᠢ ᠬᠢᠪᠡ᠃          ︵ᠨᠢᠭᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠤᠬᠳᠠᠪᠤᠷᠢᠵᠢᠭᠤᠯᠪᠠ᠃ ᠮᠠᠯ ᠲᠠᠷᠢᠶᠠᠯᠠᠩ ᠤᠨ ᠠᠵᠤ ᠦᠢᠯᠡᠰᠵᠢᠭᠰᠡᠨ ᠬᠦᠭᠵᠢᠯᠳᠡ ᠶᠢ ᠢᠳᠡᠪᠬᠢᠳᠠᠢ ᠲᠡᠮᠵᠢᠪᠡ᠃ ᠮᠠᠯᠵᠢᠯ ᠤᠨ ᠤᠨ ᠤ ᠮᠠᠯ ᠤᠨ ᠶᠡᠷᠦᠩᠬᠡᠢ ᠲᠤᠭ᠎ᠠ ᠲᠤᠯᠤᠭᠠᠢ 66.6 ᠲᠦᠮᠡ ᠳᠤ ᠬᠦᠷᠴᠦ᠂ 40 ᠲᠦᠮᠡᠨ ᠲᠤᠯᠤᠭᠠᠢ ᠮᠠᠯ ᠵᠠᠷᠤᠴᠠᠭᠤᠯᠤᠨ᠂ 9.4 ᠲᠦᠮᠡᠨ ᠲᠤᠯᠤᠭᠠᠢ ᠦᠨᠢᠶᠡᠨ ᠳᠤ ᠢᠴᠡᠭᠡᠯ ᠦᠷ᠎ᠡ ᠶᠢᠨ ᠬᠡᠬᠡᠯᠳᠦᠬᠦᠯᠭᠡ ᠬᠢᠪᠡ︔ 4 ᠰᠠᠭᠤᠷᠢ ᠰᠠᠭᠠᠯᠢ ᠶᠢᠨ ᠦᠨᠢᠶᠡᠨ ᠤ ᠪᠠᠷᠢᠮᠵᠢᠶᠠᠵᠢᠵᠤ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ᠂ 43 ᠰᠠᠭᠤᠷᠢ ᠠᠯᠠᠰᠢᠨ ᠦᠬᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠪᠤᠶᠤ ᠦᠷᠭᠡᠳᠭᠡᠨ ᠪᠠᠶᠢᠭᠤᠯᠵᠤ᠂ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ ᠎ ᠢ 27᠂ ᠴᠠᠬᠠᠷ ᠬᠤᠨᠢᠨ ᠤ ᠭᠤᠤᠯᠳᠠᠯᠭᠠᠳᠤ ᠰᠦᠷᠦᠭ ᠢ 12᠎ ᠢ ᠲᠤᠰ ᠲᠤᠰ ᠭᠠᠷᠭᠠᠵᠤ᠂ 2.65 ᠳ᠋ᠦᠩᠰᠢᠭᠤᠷ ᠺᠢᠯᠤᠭ᠍ᠷᠠᠮ ᠡᠪᠡᠰᠦ ᠬᠠᠳᠤᠵᠤ ᠬᠤᠷᠢᠶᠠᠨ᠂ ᠠᠮᠤ ᠪᠤᠳᠠᠭᠠᠨ ᠤ ᠶᠡᠷᠦᠩᠬᠡᠢ ᠤᠨᠠᠯᠳᠠ 3.03 ᠲᠦᠮᠡᠨ ᠲᠤᠨ ᠳᠤ ᠬᠦᠷᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠤᠯᠳᠠ ᠶᠢ ᠴᠢᠩᠭᠠᠳᠬᠠᠪᠠ᠃ ᠱᠠᠩᠳᠤ ᠴᠠᠬᠢᠯᠭᠠᠨ ᠦᠢᠯᠡᠳᠪᠦᠷᠢ ᠨᠢ ᠪᠦᠬᠦ ᠵᠢᠯ ᠳᠤ 173 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠤ᠂ ᠭᠤᠷᠪᠠᠨ ᠬᠠᠪᠴᠢᠯ ᠤᠨ ᠭᠡᠷᠡᠯᠯᠢᠭ ᠴᠠᠬᠢᠯᠭᠠᠨ ᠵᠡᠷᠭᠡ 5 ᠡᠷᠦᠬᠡ ᠰᠢᠨ᠎ᠡ ᠡᠨᠧᠷᠬᠢ ᠶᠢᠨ ᠠᠵᠤ ᠠᠬᠤᠶᠢᠯᠠᠯ ᠨᠢ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠭᠡᠨ ᠳᠤ ᠤᠷᠤᠵᠤ᠂ ᠵᠢᠯ ᠤᠨ ᠲᠤᠳᠤᠷ᠎ᠠ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 16 ᠡᠷᠦᠬᠡ ᠳᠤ ᠬᠦᠷᠪᠡ᠃ ᠬᠤᠸᠠ ᠶᠢ ᠠᠷᠤ ᠬᠦᠪ ᠤᠨ ᠰᠠᠯᠬᠢᠨ ᠴᠠᠬᠢᠯᠭᠠᠨ᠂ ᠰᠢ ᠪᠸᠢ ᠴᠠᠭᠠᠨ ᠢᠳᠡᠭᠡ ᠡᠳ᠋ᠰᠢᠭᠦᠯᠦᠨ ᠪᠤᠯᠪᠠᠰᠤᠷᠠᠭᠤᠯᠬᠤ ᠭᠠᠵᠠᠷ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ ᠮᠠᠲ᠋ᠧᠷᠢᠶᠠᠯ᠂ ᠹᠦ᠋ ᠶᠠᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠦᠷᠢ ᠶᠢᠨ ᠲᠦᠰᠦᠯ ᠢ ᠭᠤᠤᠯᠳᠠᠯᠭ᠎ᠠ ᠲᠠᠢ ᠠᠬᠢᠭᠤᠯᠪᠠ᠃ ᠵᠢᠭᠤᠯᠴᠢᠯᠠᠯ ᠤᠨ ᠦᠢᠯᠡᠰ ᠢᠶᠠᠷ ᠦᠢᠯᠡᠴᠢᠯᠡᠭᠡᠨ ᠤ ᠦᠢᠯᠡᠰ ᠤᠨ ᠵᠡᠷᠭᠡ ᠲᠡᠰ ᠲᠡᠪᠰᠢᠬᠦ ᠰᠢᠪᠳᠤᠯᠤᠯᠳᠠ ᠪᠤᠯᠭᠠᠬᠤ ᠶᠢ ᠪᠠᠷᠢᠮᠳᠠᠯᠠᠨ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ 54 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ 3.4 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠪᠡ︔ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢᠳᠣ ᠣᠷᠣᠨ ᠨᠢ ᠤᠯᠤᠰ ᠤᠨ 4A ᠲᠡᠰ ᠤᠨ ᠦᠵᠡᠮᠵᠢᠳᠦ ᠤᠷᠤᠨ ᠢᠶᠠᠷ ᠦᠨᠡᠯᠡᠭᠳᠡᠵᠦ᠂ ︽2015 ᠤᠨ ᠤ ᠪᠦᠬᠦ ᠤᠯᠤᠰ ᠤᠨ ᠰᠢᠯᠢᠳᠡᠭ ᠵᠢᠭᠤᠯᠴᠢᠯᠠᠯ ᠤᠨ ᠲᠦᠰᠦᠯ ᠤᠨ ᠨᠡᠷᠡᠰ︾᠎ ᠲᠤ ᠠᠮᠵᠢᠯᠳᠠ ᠲᠠᠢ ᠪᠠᠷ ᠰᠤᠩᠭᠤᠬᠳᠠᠨ ᠤᠷᠤᠵᠤ᠂ ᠦᠪᠡᠷᠳᠡᠭᠡᠨ ᠵᠠᠰᠠᠬᠤ ᠤᠷᠤᠨ ᠠᠴᠠ 14 ᠤᠷᠤᠨ ᠤ ᠲᠡᠰ ᠤᠨ ᠨᠡᠷᠡᠳᠦ ᠵᠢᠭᠤᠯᠴᠢᠯᠠᠯ ᠤᠨ ᠦᠵᠡᠮᠵᠢᠳᠦ ᠤᠷᠤᠨ ᠤ ᠨᠢᠭᠡ ᠪᠠᠷ ᠵᠢᠬᠰᠠᠭᠠᠨ᠂ ᠶᠤᠸᠠᠨ ᠤ ᠲᠡᠭᠡᠳᠦ ᠨᠡᠶᠢᠰᠯᠡᠯ ᠤᠨ ᠦᠨᠳᠦᠰᠦᠳᠡᠨ ᠤ ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠨᠢ ᠤᠯᠤᠰ ᠤᠨ 2015 ᠤᠨ ᠤ ᠲᠤᠷᠭᠠᠨ ᠵᠠᠮ ᠤᠨ ᠰᠤᠶᠤᠯ ᠎ ᠤᠨ ᠠᠵᠤ ᠦᠢᠯᠡᠰ ᠤᠨ ᠭᠤᠤᠯᠳᠠᠯᠭ᠎ᠠ ᠲᠠᠢ ᠲᠦᠰᠦᠯ ᠪᠤᠯᠪᠠ︔ ᠡᠯᠧᠺᠲᠷᠤᠨ ᠬᠤᠳᠠᠯᠳᠤᠭᠠᠨ ᠤ ᠠᠵᠢᠯ ᠲᠦᠷᠦᠯ ᠤᠯᠠᠮ ᠨᠢᠭᠡ ᠠᠯᠬᠤᠮ ᠬᠦᠭᠵᠢᠵᠦ᠂ ᠪᠦᠬᠦ ᠠᠶᠢᠮᠠᠭ ᠤᠨ ᠴᠤᠷᠢ ᠶᠢᠨ ᠭᠠᠭᠴᠠ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ ᠎ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠬᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠪᠤᠯᠵᠠᠢ᠃          ︵ᠬᠤᠶᠠᠷ︶ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠪᠠ᠃ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠪᠠ ᠠᠮᠢ ᠠᠬᠤᠢ ᠶᠢᠨ ᠰᠡᠷᠡᠮᠵᠢ ᠶᠢᠨ ᠱᠤᠭᠤᠮ ᠤᠨ ᠬᠠᠮᠠᠭᠠᠯᠠᠯᠳᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠎ ᠤᠨ ᠠᠵᠢᠯ ᠢ ᠢᠳᠡᠪᠬᠢᠳᠠᠢ ᠠᠬᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠎ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠵᠤ᠂ ᠪᠡᠯᠴᠢᠭᠡᠷᠯᠡᠭᠦᠯᠬᠦ ᠶᠢ ᠵᠤᠭᠰᠣᠭᠠᠬᠤ ᠪᠠ ᠮᠠᠯ ᠪᠡᠯᠴᠢᠭᠡᠷ ᠢ ᠲᠠᠩᠴᠠᠭᠦᠷᠢᠰᠢᠭᠦᠯᠬᠦ ᠲᠦᠷᠢᠮ ᠢ ᠪᠠᠷᠢᠮᠳᠠᠯᠠᠨ᠂ ᠪᠠᠶᠢᠭᠠᠯᠢ ᠶᠢᠨ ᠪᠡᠯᠴᠢᠭᠡᠷ ᠤᠨ ᠲᠠᠯᠠᠪᠠᠢ ᠶᠢᠨ ᠬᠠᠮᠢᠶᠠᠷᠤᠯᠳᠠ ᠶᠢ ᠴᠢᠩᠭᠠᠳᠬᠠᠪᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠨᠠᠮᠡᠭᠳᠡᠭᠦᠯᠦᠨ᠂ 5.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ ᠫᠧᠩ᠂ 11.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ ᠪᠤᠯᠤᠨ 0.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠡᠪᠡᠰᠦ ᠬᠠᠳᠠᠭᠠᠯᠠᠬᠤ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠎ ᠲᠠᠢ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ᠂ 5.9 ᠲᠦᠮᠡᠨ ᠮᠤ᠋ ᠲᠠᠯᠠᠪᠠᠢ ᠳᠤ ᠡᠯᠡᠰᠤᠨ ᠤ ᠡᠬᠢ ᠶᠢ ᠵᠠᠰᠠᠬᠤ ᠤᠶᠢᠵᠢᠭᠤᠯᠤᠯᠳᠠ ᠶᠢ ᠪᠡᠶᠡᠯᠡᠭᠦᠯᠵᠦ᠂ 3000 ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠪᠠ᠃ ᠱᠠᠩᠳᠤ ᠶᠢᠨ ᠭᠤᠤᠯ ᠤᠨ ᠨᠤᠭᠤ ᠭᠠᠵᠠᠷ ᠢ ᠵᠠᠰᠠᠬᠤ ᠬᠦᠴᠦᠯᠡᠴᠡ ᠶᠢ ᠨᠡᠮᠡᠭᠳᠡᠭᠦᠯᠵᠦ᠂ ᠨᠤᠭᠤ ᠭᠠᠵᠠᠷ ᠤᠨ ᠬᠠᠮᠠᠭᠠᠯᠠᠯᠳᠠ ᠶᠢᠨ ᠤᠷᠤᠨ ᠪᠤᠯᠤᠨ ᠵᠦᠯᠭᠡᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠤᠰᠤᠨ ᠰᠢᠰᠲ᠋ᠧᠮ ᠤᠨ ᠠᠮᠢ ᠠᠬᠤᠢ ᠶᠢᠨ ᠠᠮᠤᠷ ᠲᠦᠪᠰᠢᠨ ᠢ ᠪᠦᠳᠦᠮᠵᠢᠳᠠᠢ ᠪᠠᠳᠤᠯᠠᠪᠠ᠃          ︵ᠭᠤᠷᠪᠠ︶ ᠨᠡᠶᠢᠭᠡᠮ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠢ ᠨᠢᠭᠡᠳᠦᠯᠲᠠᠢ ᠲᠦᠯᠦᠪᠵᠢᠭᠦᠯᠦᠨ ᠠᠬᠢᠭᠤᠯᠪᠠ᠃ ᠠᠷᠠᠳ ᠤᠨ ᠠᠮᠢᠳᠦᠷᠠᠯ ᠤᠨ ᠲᠠᠯ᠎ᠠ ᠪᠠᠷ ᠬᠢ ᠪᠡᠯᠡ ᠮᠥᠩᠭᠦᠨ ᠤ ᠤᠷᠤᠭᠤᠯᠤᠯᠳᠠ ᠶᠢᠨ ᠬᠦᠴᠦᠯᠡᠴᠡ ᠶᠢ ᠨᠡᠮᠡᠭᠳᠡᠭᠦᠯᠵᠦ᠂ ᠪᠦᠬᠦ ᠵᠢᠯ ᠳᠤ ︽ᠨᠢᠭᠡ ᠺᠠᠷᠲ︾᠎ ᠪᠠᠷ ᠲᠠᠮᠵᠢᠭᠤᠯᠤᠨ 2.32 ᠳ᠋ᠦᠩᠰᠢᠭᠤᠷ ᠲᠥᠭᠦᠷᠢᠭ ᠤᠨ ᠠᠷᠠᠳ ᠤᠨ ᠠᠮᠢᠳᠤᠷᠠᠯ ᠤᠨ ᠨᠦᠬᠦᠪᠦᠷᠢ ᠶᠢᠨ ᠪᠡᠯᠡ ᠮᠥᠩᠭᠦ ᠶᠢ ᠲᠠᠷᠬᠠᠭᠠᠵᠦ᠂ ᠢᠲᠡᠭᠡᠮᠵᠢ ᠶᠢᠨ ᠬᠤᠯᠪᠤᠭᠠᠳᠤ ᠬᠤᠷᠰᠢᠶ᠎ᠠ ᠲᠠᠢ ᠵᠤᠬᠢᠴᠠᠯᠳᠤᠨ᠂ ᠮᠠᠯᠵᠢᠬᠤ ᠲᠠᠷᠢᠶᠠᠯᠠᠬᠤ ᠤᠷᠤᠨ ᠳᠤ 1.5 ᠳ᠋ᠦᠩᠰᠢᠭᠤᠷ ᠲᠥᠭᠦᠷᠢᠭ ᠤᠨ ᠪᠠᠭ᠎ᠠ ᠳᠣᠭᠠᠨ ᠤ ᠵᠢᠭᠡᠯᠡᠯᠭᠡ ᠲᠠᠯᠪᠢᠪᠠ᠃《ᠠᠷᠪᠠ ᠶᠢ ᠨᠠᠶᠢᠳᠠᠮ ᠪᠦᠷᠬᠦᠭᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ 3.72 ᠳ᠋ᠦᠩᠰᠢᠭᠤᠷ ᠲᠥᠭᠦᠷᠢᠭ ᠤᠨ ᠪᠡᠯᠡ ᠤᠷᠦᠭᠤᠯᠤᠯᠳᠠ ᠶᠢ ᠪᠡᠶᠡᠯᠡᠭᠦᠯᠥᠭᠰᠡᠨ ᠪᠦᠭᠡᠳ ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠢᠨᠵᠧᠨᠧᠷᠢᠩ ᠢ ᠯᠠᠪᠲᠠᠭᠤᠨ ᠪᠠᠳᠤᠲᠠᠢ ᠠᠬᠢᠭᠤᠯᠤᠨ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ 7214 ᠲᠥᠮᠡᠨ ᠲᠥᠭᠦᠷᠢᠭ ᠨᠠᠶᠢᠳᠠᠪᠤᠷᠢᠵᠢᠭᠤᠯᠵᠤ᠂ 761 ᠬᠦᠮᠥᠨ ᠢ ᠶᠠᠳᠠᠭᠤ ᠠᠴᠠ ᠨᠢ ᠠᠩᠭᠢᠵᠢᠷᠠᠭᠤᠯᠪᠠ ᠃ ᠴᠠᠭᠠᠨ ᠵᠤᠳ ᠤᠨ ᠭᠠᠮᠰᠢᠭ ᠢ ᠢᠳᠡᠪᠬᠢᠲᠠᠢ ᠠᠷᠭᠠᠴᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠤᠷᠳᠤᠭ᠎ᠠ ᠶᠢ 500 ᠲᠥᠮᠡᠨ ᠺᠢᠯᠦᠭᠷᠡᠮ ᠲᠥᠪᠯᠡᠷᠡᠭᠦᠯᠥᠨ ᠨᠥᠭᠡᠴᠡᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠤ ᠪᠡᠯᠡ ᠮᠥᠩᠭᠦ ᠶᠢ 294 ᠲᠥᠮᠡᠨ ᠲᠥᠭᠦᠷᠢᠭ ᠪᠠᠭᠤᠯᠭᠠᠪᠠ᠃ ᠠᠷᠠᠳ ᠤᠯᠠᠨ ᠤ ᠠᠮᠤᠭᠤᠯᠠᠩ ᠰᠠᠭᠤᠴᠠ ᠶᠢᠨ ᠢᠨᠵᠧᠨᠧᠷᠢᠩ ᠪᠤᠯᠤᠨ ᠦᠢᠯᠡᠰ ᠪᠥᠳᠦᠭᠡᠵᠦ ᠠᠵᠢᠯ ᠣᠯᠭᠤᠬᠤ ᠢᠨᠵᠧᠨᠧᠷᠢᠩ ᠢ ᠠᠬᠢᠭᠤᠯᠤᠨ᠂ ᠵᠢᠯ ᠤᠨ ᠲᠤᠳᠤᠷ᠎ᠠ 120 ᠢᠵᠢ ᠬᠢᠮᠳᠠ ᠲᠥᠷᠢᠶᠡᠰᠥᠨ ᠤᠷᠣᠨ ᠰᠠᠭᠤᠴᠠ ᠪᠤᠯᠤᠨ 160 ᠢᠵᠢ ᠨᠡᠶᠢᠳᠠ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠤᠨ᠂ ᠪᠦᠷᠬᠡ ᠲᠤᠭᠤᠷᠢᠭ ᠤᠨ ᠥᠭᠡᠷᠡᠴᠢᠯᠡᠯᠳᠠ ᠪᠠᠷ 450 ᠡᠷᠦᠬᠡ ᠶᠢᠨ ᠭᠡᠷ ᠪᠠᠶᠢᠰᠢᠩ ᠢ ᠦᠭᠡᠷᠡᠴᠢᠯᠡᠨ ᠵᠠᠰᠠᠵᠦ ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠦᠮᠥᠨ 1808᠎ ᠳᠤ ᠬᠦᠷᠪᠡ᠃ ᠨᠡᠶᠢᠭᠡᠮ ᠤᠨ ᠡᠯ᠎ᠡ ᠲᠥᠷᠦᠯ ᠤᠨ ᠠᠵᠢᠯ ᠦᠢᠯᠡᠰ ᠵᠤᠬᠢᠴᠠᠩᠭᠤᠢ ᠲᠤᠭᠲᠠᠭᠤᠨ ᠢᠶᠠᠷ ᠬᠦᠭᠵᠢᠵᠦ᠂ ᠪᠦᠬᠦ ᠠᠶᠢᠮᠠᠭ ᠤᠨ ᠣᠶᠣᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠲᠠᠭᠠᠭᠠᠴᠢᠯᠠᠨ ᠡᠷᠬᠢᠯᠡᠵᠦ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠮᠥᠽᠸᠢ ᠪᠤᠯᠤᠨ ᠰᠤᠶᠤᠯ ᠲᠠᠮᠢᠷ ᠤᠨ ᠲᠥᠪ ᠨᠢ ᠵᠢᠩᠬᠢᠨᠢ ᠪᠠᠷ ᠠᠰᠢᠭᠯᠠᠯᠳᠠ ᠳᠤ ᠤᠷᠣᠪᠠ︔ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠡᠯ᠎ᠡ ᠪᠠᠷ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ ᠤᠷᠤᠬᠤ ᠨᠤᠷᠮ᠎ᠠ ᠲᠡᠭᠡᠷ᠎ᠡ ᠵᠢᠯ ᠤᠨ ᠬᠢ ᠠᠴᠠ 34%᠎ ᠪᠠᠷ ᠲᠡᠭᠡᠭᠰᠢᠯᠡᠪᠡ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠥᠨ᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠡ ᠯᠤᠭ᠎ᠠ ᠶᠢᠨ ᠬᠠᠮᠳᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠦ᠂ ᠮᠤᠩᠭᠤᠯ ᠡᠮᠨᠡᠯᠭᠡ ᠶᠢᠨ ᠬᠤᠷᠢᠶ᠎ᠠ ᠨᠢ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠡᠮᠨᠡᠯᠭᠡ ᠶᠢᠨ ᠬᠤᠷᠢᠶᠠᠨ ᠤ ︽ᠬᠤᠶᠠᠷ ᠬᠦᠬᠡ ᠲᠡᠰ︾᠎ ᠤᠨ ᠬᠢᠨᠠᠨ ᠰᠢᠯᠭᠠᠯᠳᠠ ᠶᠢ ᠬᠦᠯᠢᠶᠡᠪᠡ᠃          ︵ᠲᠦᠷᠪᠡ︶ ᠨᠡᠶᠢᠭᠡᠮ ᠤᠨ ᠠᠮᠤᠷ ᠳᠣᠭᠳᠠᠭᠤᠨ ᠢ ᠵᠠᠰᠠᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠪᠡ᠃ ︽ᠠᠮᠣᠷ ᠲᠣᠭᠳᠠᠭᠤᠨ ᠰᠢᠯᠤᠭᠤᠨ ᠬᠦᠬᠡ︾᠎ ᠶᠢ ᠪᠦᠳᠦᠭᠡᠨ ᠪᠠᠶᠢᠭᠤᠯᠬᠤ ᠠᠴᠠ ᠭᠠᠷᠳᠠᠨ᠂ ᠠᠮᠤᠷ ᠲᠤᠬᠳᠠᠭᠤᠨ ᠤ ᠡᠭᠦᠳᠦᠯᠳᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠡᠶᠢᠭᠡᠮ ᠤᠨ ᠤᠷᠴᠢᠨ ᠠᠬᠤᠢ ᠣᠯᠠᠮ ᠨᠢᠭᠡ ᠠᠯᠬᠤᠮ ᠡᠶ᠎ᠡ ᠵᠤᠬᠢᠴᠠᠨ ᠲᠤᠬᠳᠠᠪᠤᠷᠢᠵᠢᠪᠠ᠃ ︽1328︾ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠯ ᠤᠨ ᠳᠣᠳᠣᠷ᠎ᠠ ᠡᠯ᠎ᠡ ᠲᠦᠷᠦᠯ ᠤᠨ ᠵᠥᠷᠢᠴᠠᠯ ᠮᠥᠷᠭᠦᠯᠳᠦᠭᠡᠨ ᠢ 139 ᠬᠤᠪᠢ ᠪᠠᠶᠢᠴᠠᠭᠠᠨ ᠢᠯᠡᠷᠡᠭᠦᠯᠵᠦ᠂ 115 ᠬᠤᠪᠢ ᠶᠢ ᠨᠢ ᠠᠮᠵᠢᠯᠳᠠ ᠲᠠᠢ ᠪᠠᠷ ᠡᠶᠡᠯᠳᠦᠭᠦᠯᠥᠨ ᠨᠠᠮᠳᠠᠭᠤᠯᠪᠠ᠃ ᠭᠤᠯᠳᠠᠯᠭ᠎ᠠ ᠲᠠᠢ ᠠᠵᠢᠯ ᠲᠥᠷᠦᠯ ᠤᠨ ᠤᠷᠴᠢᠨ ᠲᠤᠭᠤᠷᠢᠨ ᠤ ᠬᠢᠨᠠᠨ ᠬᠠᠮᠢᠶᠠᠷᠣᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠵᠢᠯ ᠤᠨ ᠡᠨᠧᠷᠬᠢ ᠠᠷᠪᠢᠯᠠᠵᠤ ᠪᠤᠬᠢᠷ ᠢ ᠭᠠᠳᠠᠭᠰᠢᠯᠠᠭᠤᠯᠬᠤ ᠬᠠᠷᠠᠯᠳᠠ ᠡᠭᠦᠷᠭᠡ ᠶᠢ ᠠᠮᠵᠢᠯᠳᠠ ᠲᠠᠢ ᠪᠡᠶᠡᠯᠡᠭᠦᠯᠪᠡ᠃ ︽ᠨᠠᠮ ᠵᠠᠰᠠᠭ ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠳᠤ ᠬᠤᠶᠠᠷ ᠵᠦᠢᠯ ᠤᠨ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠎ ᠳᠠᠭᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ︾᠎ ᠶᠢ ᠴᠢᠩᠭ᠎ᠠ ᠨᠠᠶᠢᠳᠠᠪᠤᠷᠢᠵᠢᠭᠤᠯᠤᠨ᠂ ᠡᠮ ᠲᠠᠩ ᠤᠨ ᠠᠮᠤᠷ ᠲᠥᠪᠰᠢᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠠᠵᠢᠯ ᠲᠥᠷᠦᠯ ᠤᠨ ᠬᠦᠷᠢᠶᠡᠨ ᠳᠤ ᠲᠠᠯᠳᠠ ᠬᠡᠮ ᠢ ᠪᠠᠶᠢᠴᠠᠭᠠᠨ ᠵᠠᠰᠠᠬᠤ ᠠᠵᠢᠯᠯᠠᠭ᠎ᠠ ᠶᠢ ᠬᠦᠴᠦᠲᠠᠢ ᠦᠷᠨᠢᠭᠦᠯᠥᠰᠡᠨ ᠢᠶᠠᠷ ᠪᠦᠬᠦ ᠬᠤᠰᠢᠭᠤᠨ ᠳᠤ ᠬᠦᠨᠳᠦ ᠣᠨᠴᠠ ᠶᠡᠭᠡ ᠠᠶᠦᠯᠬᠦᠢ ᠦᠢᠯᠡᠳᠪᠦᠷᠢᠯᠡᠯ ᠤᠨ ᠤᠰᠤᠯ ᠠᠳᠡᠯ ᠡᠭᠦᠰᠦᠭᠰᠡᠨ ᠦᠭᠡᠢ᠃          ᠲᠥᠯᠦᠭᠡᠯᠡᠭᠴᠢᠳ ᠡ᠂ ᠥᠩᠭᠡᠷᠭᠰᠡᠨ ᠲᠠᠪᠣᠨ ᠵᠢᠯ ᠤᠨ ᠬᠦᠭᠵᠢᠯᠳᠠ ᠶᠢᠨ ᠶᠠᠪᠤᠴᠠ ᠪᠠᠨ ᠡᠷᠭᠢᠴᠠᠭᠦᠯᠪᠡᠯ᠂ ᠲᠠᠪᠤᠨ ᠵᠢᠯ ᠤᠨ ᠲᠤᠷᠰᠢ ᠮᠠᠨ ᠤ ᠬᠤᠰᠢᠭᠤᠨ ᠤ ᠬᠦᠭᠵᠢᠯᠳᠠ ᠶᠢᠨ ᠬᠡᠯᠪᠡᠷᠢ ᠮᠠᠶ᠋ᠢᠭ ᠨᠡᠩ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠤᠯᠵᠤ᠂ ᠬᠦᠭᠵᠢᠯᠳᠠ ᠶᠢᠨ ᠰᠠᠭᠤᠷᠢ ᠨᠡᠩ ᠪᠠᠳᠤᠵᠢᠨ᠂ ᠬᠦᠭᠵᠢᠯᠳᠡ ᠶᠢᠨ ᠣᠷᠴᠢᠨ ᠨᠡᠩ ᠰᠢᠯᠢᠳᠡᠭᠵᠢᠨ ᠡᠶ᠎ᠡ ᠵᠤᠬᠢᠴᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠣᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠵᠡᠷᠭᠡ ᠨᠢ ᠪᠦᠬᠦ ᠲᠠᠯ᠎ᠠ ᠶᠢᠨ ᠠᠬᠢᠯᠳᠠ ᠲᠠᠢ ᠪᠤᠯᠵᠤ᠂ ᠬᠤᠳᠠ ᠬᠦᠳᠡᠭᠡ ᠶᠢᠨ ᠲᠦᠷᠢ ᠲᠦᠷᠬᠦ ᠢᠯᠡᠳᠳᠡ ᠰᠠᠶᠢᠵᠢᠷᠠᠨ᠂ ᠠᠷᠠᠳ ᠤᠯᠠᠨ ᠨᠡᠩ ᠠᠷᠪᠢᠨ ᠬᠠᠷᠠᠭᠠᠯᠵᠠᠯ ᠬᠦᠷᠳᠡᠬᠦ ᠪᠤᠯᠵᠠᠢ᠃ ᠡᠨᠡᠬᠦ ᠲᠠᠪᠤᠨ ᠵᠢᠯ ᠤᠨ ᠠᠵᠢᠯ ᠢ ᠬᠤᠷᠢᠶᠠᠩᠭᠤᠶᠢᠯᠠᠪᠠᠯ ᠲᠤᠤᠷᠠᠬᠢ ᠬᠡᠳᠦᠨ ᠲᠠᠯ᠎ᠠ ᠪᠤᠢ᠄ ᠨᠢᠭᠡ ᠳᠤ᠂ ᠠᠵᠤ ᠠᠬᠤᠢ ᠶᠢᠨ ᠲᠤᠬᠳᠠᠭᠤᠨ ᠨᠡᠮᠡᠭᠳᠡᠯ ᠢ ᠪᠡᠶᠡᠯᠡᠭᠦᠯᠪᠡ᠃ ᠪᠦᠬᠦᠶᠢᠯᠡ ᠴᠤᠬᠴᠠ ᠶᠢᠨ ᠠᠵᠤ ᠠᠬᠤᠢ ᠶᠢᠨ ᠦᠷᠭᠦᠯᠵᠢᠯᠡᠨ ᠤᠷᠤᠭᠤᠳᠠᠬᠤ ᠲᠠᠷᠤᠯᠳᠠ ᠶᠢ ᠲᠡᠪᠴᠢᠨ᠂ ᠡᠯ᠎ᠡ ᠲᠦᠷᠦᠯ ᠤᠨ ᠴᠢᠬᠤᠯᠠ ᠠᠵᠤ ᠠᠬᠤᠢ ᠶᠢᠨ ᠭᠦᠢᠴᠡᠳᠬᠡᠯ ᠨᠤᠷᠮ᠎ᠠ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠪᠦᠬᠦᠶᠢᠯᠡ ᠴᠤᠬᠴᠠ ᠶᠢᠨ ᠠᠵᠤ ᠠᠬᠤᠢ ᠶᠢᠨ ᠪᠤᠳᠠᠳᠤ ᠬᠦᠴᠦᠨ ᠨᠢ ᠪᠦᠬᠦ ᠠᠶᠢᠮᠠᠭ ᠤᠨ ᠲᠤᠮᠳᠠ ᠠᠴᠠ ᠲᠡᠭᠡᠭᠰᠢᠬᠢ ᠬᠢᠷᠢ ᠲᠦᠪᠰᠢᠨ ᠳᠤ ᠪᠠᠶᠢᠬᠤ ᠶᠢ ᠦᠷᠭᠦᠯᠵᠢᠯᠡᠨ ᠪᠠᠳᠤᠯᠠᠵᠤ᠂ ᠠᠵᠤ ᠠᠬᠤᠢ ᠶᠢᠨ ᠬᠦᠭᠵᠢᠯᠳᠡ ᠶᠢᠨ ᠲᠠᠯ᠎ᠠ ᠪᠠᠷ ᠲᠤᠬᠳᠠᠭᠤᠨ ᠤ ᠲᠤᠮᠳᠠ ᠠᠬᠢᠯᠳᠠ ᠲᠠᠢ ᠪᠠᠶᠢᠬᠤ ᠶᠢ ᠪᠡᠶᠡᠯᠡᠭᠦᠯᠪᠡ᠃ ᠬᠤᠶᠠᠷ ᠲᠤ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠪᠠᠳᠤᠯᠠᠭ᠎ᠠ ᠶᠢ ᠴᠢᠩᠭᠠᠳᠬᠠᠪᠠ᠃ ᠡᠵᠡᠮᠳᠡᠵᠦ ᠪᠤᠯᠬᠤᠶᠢᠴᠠ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠬᠤ ᠲᠠᠷᠤᠯᠳᠠ ᠶᠢ ᠲᠡᠪᠴᠢᠨ᠂ ᠵᠠᠷᠤᠯᠭ᠎ᠠ ᠶᠢ ᠦᠨᠳᠤᠰᠤᠨ ᠱᠠᠳᠤ ᠪᠤᠯᠤᠨ ᠠᠷᠠᠳ ᠤᠨ ᠠᠮᠢᠳᠤᠷᠠᠯ ᠤᠨ ᠲᠠᠯ᠎ᠠ ᠲᠡᠰᠢ ᠬᠡᠯᠪᠡᠶᠢᠯᠭᠡᠬᠦ ᠶᠢ ᠪᠡᠶᠡᠯᠡᠭᠦᠯᠦᠨ᠂ ᠲᠠᠪᠤᠨ ᠵᠢᠯ ᠤᠨ ᠲᠤᠷᠰᠢ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ ᠨᠢ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠎ ᠤᠨ ᠵᠠᠷᠤᠯᠭ᠎ᠠ ᠶᠢᠨ 52 %᠎ ᠠᠴᠠ ᠲᠡᠭᠡᠭᠰᠢ ᠶᠢ ᠡᠵᠡᠯᠡᠬᠦ ᠶᠢ ᠪᠠᠳᠤᠯᠠᠵᠤ᠂ ᠡᠭᠦᠨ ᠳᠤ 2015 ᠤᠨ ᠳᠤ᠂ 9.34 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠵᠠᠷᠤᠯᠭ᠎ᠠ ᠶᠢᠨ 61.7 %᠎ ᠶᠢ ᠡᠵᠡᠯᠡᠨ᠂ ᠲᠡᠤᠬᠡ ᠶᠢᠨ ᠬᠠᠮᠤᠭ ᠦᠨᠳᠦᠷ ᠲᠡᠮᠳᠡᠭᠯᠡᠯ ᠢ ᠡᠭᠦᠳᠴᠠᠢ᠃ ᠭᠤᠷᠪᠠ ᠳᠤ᠂ ᠠᠵᠤ ᠦᠢᠯᠡᠰ ᠤᠨ ᠪᠦᠳᠦᠴᠡ ᠵᠤᠬᠢᠬᠤ ᠬᠡᠮᠵᠢᠶ᠎ᠡ ᠪᠠᠷ ᠰᠢᠯᠢᠳᠡᠭᠵᠢᠪᠡ᠃ ᠠᠵᠤ ᠦᠢᠯᠡᠰ ᠤᠨ ᠬᠦᠭᠵᠢᠯᠳᠡ ᠬᠠᠷᠢᠴᠠᠩᠭᠤᠢ ᠬᠤᠴᠤᠷᠤᠩᠭᠤᠢ ᠪᠠᠶᠢᠬᠤ ᠲᠠᠷᠤᠯᠳᠠ ᠶᠢ ᠲᠡᠪᠴᠢᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠰᠤᠶᠤᠯ ᠵᠢᠭᠤᠯᠴᠢᠯᠠᠯ ᠵᠡᠷᠭᠡ ᠬᠦᠷᠢᠶᠡᠨ ᠳᠠᠬᠢ ᠤᠯᠠᠨ ᠵᠦᠢᠯ ᠤᠨ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ ᠭᠤᠷᠪᠠᠨ ᠠᠵᠤ ᠦᠢᠯᠡᠰ ᠤᠨ ᠬᠠᠷᠢᠴᠠᠯ ᠎ ᠢ ᠤᠤᠯ ᠤᠨ 11.8᠄ 68.1᠄ 20.1᠎ ᠠᠴᠠ 10᠄ 67.9᠄ 22.1 ᠪᠤᠯᠭᠠᠨ ᠲᠤᠬᠢᠷᠠᠭᠤᠯᠵᠤ᠂ ᠤᠯᠠᠨ ᠡᠰᠢᠴᠢᠯᠡᠭᠰᠡᠨ ᠬᠦᠭᠵᠢᠯᠳᠡ ᠪᠠ ᠤᠯᠠᠨ ᠠᠵᠤ ᠦᠢᠯᠡᠰ ᠲᠤᠯᠭᠠᠭᠤᠷᠢᠯᠠᠬᠰᠠᠨ ᠬᠡᠪ ᠵᠠᠬᠪᠤᠷ ᠲᠡᠰᠢ ᠨᠡᠩ ᠤᠶᠢᠷᠠᠳᠪᠠ᠃ ᠲᠦᠷᠪᠡ ᠳᠤ᠂ ᠦᠨᠳᠦᠰᠦᠨ ᠱᠠᠳᠤᠨ ᠤ ᠠᠵᠢᠯ ᠨᠡᠩ ᠪᠠᠳᠤᠵᠢᠪᠠ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠪᠠ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠬᠦ ᠪᠠᠷ ᠲᠠᠮᠵᠢᠭᠤᠯᠤᠨ ᠮᠢᠩᠭᠠᠨ ᠨᠡᠷ᠎ᠡ ᠺᠠᠳ᠋ᠷ ᠦᠨᠳᠤᠰᠦᠨ ᠱᠠᠳᠤᠨ ᠳᠤ ᠪᠠᠭᠤᠵᠤ᠂ ᠭᠠᠴᠠᠭ᠎ᠠ ᠲᠤᠰᠬᠤᠨ ᠠᠶᠢᠯ ᠡᠷᠦᠬᠡ ᠪᠠᠷ ᠬᠦᠨᠵᠡᠭᠡᠶᠢᠷᠡᠨ᠂ ᠨᠠᠮ ᠤᠯᠠᠨ ᠲᠦᠮᠡᠨ᠂ ᠺᠠᠳ᠋ᠷ ᠤᠯᠠᠮ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠬᠳᠠᠷᠠᠭᠤᠯᠵᠤ᠂ ᠡᠯ᠎ᠡ ᠦᠨᠳᠦᠰᠦᠳᠡᠨ ᠤ ᠠᠷᠠᠳ ᠲᠦᠮᠡᠨ ᠤ ᠮᠠᠬᠳᠠᠭᠠᠯ ᠰᠠᠶᠢᠰᠢᠶᠠᠯ ᠢ ᠤᠯᠵᠤ᠂ ᠡᠭᠦᠨ ᠤ ᠤᠯᠠᠮ ᠢᠶᠠᠷ ᠬᠤᠳᠠ ᠬᠦᠳᠡᠭᠡ ᠶᠢᠨ ᠡᠶ᠎ᠡ ᠵᠤᠬᠢᠴᠠᠯ ᠲᠠᠢ᠂ ᠡᠮᠬᠢ ᠲᠢᠭᠯᠢᠮ ᠲᠠᠢ ᠬᠦᠭᠵᠢᠯᠳᠡ ᠶᠢ ᠪᠦᠳᠦᠮᠵᠢᠳᠠᠢ ᠠᠬᠢᠭᠤᠯᠪᠠ᠃ ᠲᠠᠪᠤ ᠳᠤ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠰᠤᠷᠠᠯᠳᠠ ᠦᠭᠡᠢ ᠲᠡᠭᠡᠭᠰᠢᠯᠡᠪᠡ᠃ ᠤᠯᠤᠰ ᠤᠨ ︽ᠨᠢᠭᠡ ᠪᠦᠰᠡ ᠨᠢᠭᠡ ᠵᠠᠮ︾ ᠪᠠ ᠪᠡᠭᠡᠵᠢᠩ ᠲᠢᠶᠠᠨᠵᠢᠨ ᠾᠧᠪᠸᠢ ᠯᠤᠭ᠎ᠠ ᠶᠢᠨ ᠬᠠᠮᠳᠤᠷᠠᠬᠰᠠᠨ ᠬᠦᠭᠵᠢᠯᠳᠡ ᠳᠤ ᠢᠳᠡᠪᠬᠢᠳᠠᠢ ᠤᠷᠤᠯᠴᠠᠨ᠂ ᠡᠷᠬᠢᠨ ᠲᠤᠭᠤᠷᠢᠨ ᠤ ᠮᠤᠵᠢ ᠤᠷᠤᠨ ᠬᠤᠳᠠ ᠬᠤᠰᠢᠭᠤ ᠰᠢᠶᠠᠨ ᠯᠤᠭ᠎ᠠ ᠶᠢᠨ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ︔ ᠤᠮᠠᠷᠠᠰᠢᠬᠢ ᠨᠡᠭᠡᠭᠡᠯᠳᠡ ᠶᠢ ᠬᠦᠨᠵᠡᠭᠡᠶᠢᠷᠡᠭᠦᠯᠬᠦ ᠠᠵᠢᠯ ᠰᠢᠨ᠎ᠡ ᠠᠬᠢᠯᠳᠠ ᠲᠠᠢ ᠪᠤᠯᠵᠤ᠂ ᠮᠤᠩᠭᠤᠯ ᠤᠯᠤᠰ ᠤᠨ ᠴᠢᠩᠬᠢᠰ ᠬᠤᠳᠠ ᠯᠤᠭ᠎ᠠ ᠨᠦᠬᠦᠷᠰᠡᠭ ᠬᠤᠳᠠ ᠶᠢᠨ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠨ᠂ ᠰᠤᠶᠤᠯ ᠤᠷᠠᠯᠢᠭ ᠤᠨ ᠰᠤᠯᠢᠯᠴᠠᠭ᠎ᠠ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠨᠡᠭᠡᠭᠡᠯᠳᠡ ᠵᠡᠷᠭᠡ ᠬᠦᠷᠢᠶᠡᠨ ᠳᠠᠬᠢ ᠬᠦᠨᠵᠡᠭᠡᠢ ᠬᠠᠮᠳᠤᠷᠠᠯᠴᠠᠭ᠎ᠠ ᠳᠤ ᠰᠠᠭᠤᠷᠢ ᠲᠠᠯᠪᠢᠬᠰᠠᠨ ᠤ ᠬᠠᠮᠳᠤ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠭᠤᠴᠠ ᠰᠤᠩᠭᠤᠬᠤ ᠮᠡᠳᠡᠭᠦᠯᠦᠯᠳᠡ ᠨᠢ ᠲᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠤᠪᠴᠢᠶᠠᠨ ᠤ ᠵᠦᠪᠰᠢᠶᠡᠷᠡᠯ ᠢ ᠤᠯᠵᠤ᠂ ᠬᠦᠭᠵᠢᠯᠳᠡ ᠶᠢᠨ ᠤᠷᠤᠨ ᠵᠠᠢ ᠨᠡᠩ ᠦᠷᠭᠡᠵᠢᠪᠡ᠃ ᠵᠢᠷᠭᠤᠭ᠎ᠠ ᠳᠤ᠂ ᠦᠭᠡᠷᠡᠴᠢᠯᠡᠯᠳᠡ ᠶᠢᠨ ᠲᠠᠯ᠎ᠠ ᠪᠠᠷ ᠴᠢᠬᠤᠯᠠ ᠦᠷ᠎ᠡ ᠪᠦᠳᠦᠮᠵᠢ ᠤᠯᠪᠠ᠃ ᠭᠠᠵᠠᠷ ᠰᠢᠷᠤᠢ ᠪᠠ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠨᠤᠳᠠᠯᠠᠬᠤ ᠠᠵᠢᠯ ᠲᠤᠬᠳᠠᠭᠤᠨ ᠢᠶᠠᠷ ᠠᠬᠢᠵᠤ᠂ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠢᠵᠢ ᠪᠦᠷᠢᠳᠦᠭᠰᠡᠨ ᠦᠭᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠤᠨ᠂ ᠭᠠᠶᠢᠯᠢ ᠰᠦᠢᠳᠬᠡᠯ ᠤᠨ ᠦᠭᠡᠷᠡᠴᠢᠯᠡᠯᠳᠡ ᠶᠢᠨ ᠲᠦᠷᠦ ᠎ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ ᠲᠦᠷᠢᠮ ᠢ ᠪᠦᠬᠦ ᠲᠠᠯ᠎ᠠ ᠪᠠᠷ ᠦᠷᠨᠢᠭᠦᠯᠤᠨ᠂ ᠦᠭᠡᠷᠡᠴᠢᠯᠡᠯᠳᠡ ᠶᠢᠨ ᠦᠷ᠎ᠡ ᠪᠦᠳᠦᠮᠵᠢ ᠨᠢ ᠢᠷᠡᠭᠡᠳᠦᠢ ᠳᠤ ᠨᠡᠩ ᠪᠦᠬᠦ ᠲᠠᠯ᠎ᠠ ᠪᠠᠷ ᠢᠯᠡᠷᠡᠬᠦ ᠪᠤᠯᠤᠨ᠎ᠠ᠃          ᠲᠦᠯᠦᠭᠡᠯᠡᠭᠴᠢᠳ ᠡ᠂ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠢᠳᠡ ᠬᠢᠯᠪᠠᠷ ᠪᠤᠰᠤ ᠠᠮᠵᠢᠯᠳᠠ ᠶᠢ ᠲᠡᠮᠡᠴᠡᠨ ᠤᠯᠤᠬᠰᠠᠨ ᠶᠤᠮ᠃ ᠡᠨᠡᠬᠦ ᠠᠮᠵᠢᠯᠳᠠ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠴᠢᠩᠭ᠎ᠠ ᠬᠢᠨᠠᠯᠳᠠ ᠶᠢᠨ ᠦᠷ᠎ᠡ ᠳ᠋ᠦᠩ ᠮᠦᠨ︔ ᠨᠡᠩ ᠴᠦ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠬᠠᠮᠳᠤ ᠪᠠᠷ ᠴᠢᠷᠮᠠᠶᠢᠵᠤ᠂ ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠲᠦᠯᠦᠭᠡᠯᠡᠭᠴᠢᠳ ᠲᠤ ᠪᠠᠨ᠂ ᠬᠡᠰᠢᠭᠦᠳ ᠲᠤ ᠪᠠᠨ᠂ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ ᠬᠦᠳᠡᠯᠮᠦᠷᠢᠯᠡᠵᠦ ᠪᠠᠶᠢᠭ᠎ᠠ ᠨᠦᠬᠦᠳ ᠲᠤ ᠪᠠᠨ᠂᠂ ᠮᠦᠨᠴᠦ ᠮᠠᠨ ᠤ ᠰᠢᠯᠤᠭᠤᠨ ᠬᠦᠬᠡ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠵᠦ ᠪᠠᠶᠢᠭ᠎ᠠ ᠪᠦᠬᠦᠶᠢᠯᠡ ᠬᠠᠯᠠᠭᠤᠨ ᠰᠡᠳᠬᠢᠯᠳᠦ ᠬᠦᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ︕          ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠡᠭᠦᠷᠭᠡ ᠪᠠ  2016 ᠣᠨ ᠤ ᠭᠤᠤᠯᠳᠠᠯᠭ᠎ᠠ ᠲᠠᠢ ᠠᠵᠢᠯ          ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ ᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠰᠢᠢᠳᠪᠦᠷᠢᠯᠡᠬᠦ ᠴᠢᠨᠠᠷᠳᠠᠢ ᠴᠠᠭ ᠬᠤᠭᠤᠴᠠᠭ᠎ᠠ ᠮᠦᠨ︔ ᠪᠠᠰᠠᠴᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠰᠢᠪᠳᠤᠯᠤᠯᠳᠠ ᠶᠢᠨ ᠴᠢᠨᠠᠷᠳᠠᠢ ᠴᠠᠭ ᠬᠤᠭᠤᠴᠠᠭ᠎ᠠ ᠮᠦᠨ ᠪᠦᠭᠡᠳ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠵᠠᠩᠬᠢᠯᠠᠭ᠎ᠠ ᠶᠢᠨ ᠴᠢᠨᠠᠷᠳᠠᠢ ᠴᠠᠭ ᠬᠤᠭᠤᠴᠠᠭ᠎ᠠ ᠮᠦᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ ᠰᠢᠨ᠎ᠡ ᠶᠢ ᠡᠭᠦᠳᠬᠦ᠂ ᠵᠤᠬᠢᠴᠠᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠬᠢᠬᠦ᠂ ᠬᠦᠭᠵᠢᠯᠳᠡ ᠶᠢ ᠬᠠᠮᠳᠤᠪᠡᠷ ᠡᠳ᠋ᠯᠡᠬᠦ ︽ᠲᠠᠪᠤᠨ ᠶᠡᠭᠡ ᠬᠦᠭᠵᠢᠯᠳᠡ ᠶᠢᠨ ᠤᠶᠢᠯᠠᠭᠠᠬᠳᠠᠬᠤᠨ︾᠎ ᠢ ᠲᠤᠷᠠᠳᠴᠤ᠂ ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠤᠯᠤᠨ ᠬᠤᠷᠸ᠎ᠠ ᠲᠤᠬᠢᠷᠠᠭᠤᠯᠭ᠎ᠠ ᠎ ᠶᠢᠨ ᠲᠦᠷᠦ ᠶᠢᠨ ᠪᠤᠳᠤᠯᠭ᠎ᠠ ᠲᠤᠬᠳᠠᠭᠤᠨ ᠪᠠᠶᠢᠬᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠤᠨᠤᠪᠴᠢᠳᠠᠢ ᠪᠠᠶᠢᠬᠤ᠂ ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ ᠪᠠᠶᠢᠬᠤ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠪᠤᠳᠠᠳᠠᠢ ᠪᠠᠶᠢᠬᠤ ᠂ ᠨᠡᠶᠢᠭᠡᠮ ᠤᠨ ᠲᠦᠷᠦ ᠶᠢᠨ ᠪᠤᠳᠤᠯᠭ᠎ᠠ ᠲᠤᠶᠢᠯᠪᠤᠷᠢᠳᠠᠢ ᠪᠠᠶᠢᠬᠤ ︽ᠲᠠᠪᠤᠨ ᠶᠡᠭᠡ ᠲᠦᠷᠦ ᠶᠢᠨ ᠪᠤᠳᠤᠯᠭ᠎ᠠ ᠶᠢᠨ ᠲᠤᠯᠭᠠᠭᠤᠷᠢ︾ ᠪᠠ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠠᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ᠂ ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ ᠨᠦᠬᠦᠪᠦᠷᠢᠯᠡᠬᠦ ︽ᠭᠤᠷᠪᠠ ᠶᠢ ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ ᠶᠢᠨ ᠱᠠᠭᠠᠷᠳᠠᠯᠭ᠎ᠠ ᠶᠢ ᠲᠤᠷᠠᠳᠤᠨ ᠭᠠᠷᠭᠠᠬᠰᠠᠨ ᠪᠠᠶᠢᠨ᠎ᠠ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠨ ᠤᠷᠤᠬᠰᠢᠯᠠᠵᠤ᠂ ᠮᠠᠨ ᠤ ᠬᠤᠰᠢᠭᠤᠨ ᠤ ᠬᠦᠭᠵᠢᠯᠳᠡ ᠨᠢ ᠰᠢᠨ᠎ᠡ ᠲᠡᠤᠬᠡᠨ ᠡᠬᠢᠯᠡᠯᠳᠡ ᠶᠢᠨ ᠴᠡᠭ ᠲᠡᠭᠡᠷ᠎ᠡ ᠢᠷᠡᠯ᠎ᠡ ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠠ ᠭᠤᠤᠯᠳᠠᠯᠭ᠎ᠠ ᠲᠠᠢ ᠡᠭᠦᠷᠭᠡ ᠶᠢ ︽ᠰᠢᠯᠤᠭᠤᠨ ᠬᠦᠬᠡ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠬᠦᠭᠵᠢᠯᠳᠡ ᠶᠢᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ ᠨᠤᠤᠷᠠᠭ︶︾᠎ ᠳᠤ ᠪᠦᠬᠦ ᠲᠠᠯ᠎ᠠ ᠪᠠᠷ ᠲᠤᠳᠤᠷᠬᠠᠶᠢᠯᠠᠵᠤ᠂ ᠨᠢᠭᠡᠨᠳᠡ ᠲᠤᠰ ᠬᠤᠷᠠᠯ ᠳᠤ ᠲᠡᠪᠰᠢᠭᠦᠯᠦᠨ ᠬᠢᠨᠡᠨ ᠵᠦᠪᠯᠡᠭᠦᠯᠦᠭᠰᠡᠨ ᠪᠠᠶᠢᠨ᠎ᠠ᠃ ᠪᠢᠳᠡ ᠠᠵᠤ ᠠᠬᠤᠢ ᠶᠢᠨ ᠬᠦᠭᠵᠢᠯᠳᠡ ᠎ ᠶᠢᠨ ᠰᠢᠨ᠎ᠠ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠨ᠂ ᠵᠦᠪ ᠤᠨᠤᠪᠴᠢᠳᠠᠢ ᠡᠵᠡᠮᠰᠢᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠠᠬᠢ ᠡᠭᠦᠷᠭᠡ ᠶᠢ ᠬᠦᠨᠵᠡᠭᠡᠢ ᠲᠠᠨᠢᠨ᠂ ᠠᠶᠤᠯ ᠲᠦᠭᠰᠢᠭᠦᠷᠢ ᠪᠤᠯᠤᠨ ᠦᠷᠢᠰᠤᠯᠳᠤᠭᠡᠨ ᠢ ᠵᠤᠷᠢᠬᠳᠠᠢ ᠠᠷᠭᠠᠴᠠᠭᠠᠵᠤ᠂ ᠰᠢᠷᠭᠠᠭᠤ ᠠᠵᠢᠯᠯᠠᠨ᠂ ᠡᠳᠡᠭᠡᠷ ᠬᠠᠷᠠᠯᠳᠠ ᠡᠭᠦᠷᠭᠡ ᠎ ᠶᠢ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃          ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠦᠭᠵᠢᠯᠳᠡ ᠭᠡᠬᠦ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠬᠤ ᠬᠡᠷᠡᠭᠲᠠᠢ᠃ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠣ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠠᠵᠤ ᠠᠬᠤᠢ ᠶᠢᠨ ᠲᠤᠮᠳᠠ ᠲᠦᠷᠭᠡᠨ ᠬᠤᠷᠳᠤᠴᠠ ᠪᠠᠷ ᠨᠡᠮᠡᠭᠳᠡᠬᠦ ᠶᠢ ᠴᠢᠷᠮᠠᠶᠢᠨ ᠪᠠᠳᠤᠯᠠᠵᠤ᠂ ᠠᠵᠤ ᠦᠢᠯᠡᠰ ᠤᠨ ᠬᠦᠭᠵᠢᠯᠳᠡ ᠶᠢᠨ ᠲᠤᠮᠳᠠ ᠦᠨᠳᠦᠷ ᠱᠠᠲᠤ ᠵᠦᠭ ᠲᠠᠪᠰᠢᠬᠤ ᠶᠢ ᠠᠬᠢᠭᠤᠯᠤᠨ᠂ ᠤᠯᠠᠨ ᠡᠰᠢᠴᠢᠯᠡᠭᠰᠡᠨ ᠬᠦᠭᠵᠢᠯᠳᠡ ᠪᠠ ᠤᠯᠠᠨ ᠲᠠᠯ᠎ᠠ ᠠᠴᠠ ᠲᠤᠯᠭᠠᠭᠤᠷᠢᠯᠠᠭᠰᠠᠨ ᠤᠳᠤᠬᠢᠴᠢᠯᠠᠬᠰᠠᠨ ᠠᠵᠤ ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠤᠨ᠎ᠡ᠃ ᠰᠢᠨ᠎ᠡ ᠶᠢ ᠡᠭᠦᠳᠴᠦ ᠬᠦᠭᠵᠢᠭᠦᠯᠬᠦ ᠶᠢ ᠪᠠᠷᠢᠮᠲᠠᠯᠠᠨ᠎ᠠ᠃ ᠬᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠴᠢᠷᠮᠠᠶᠢᠨ ᠲᠡᠭᠡᠭᠰᠢᠯᠡᠭᠦᠯᠵᠦ᠂ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠭᠦᠨ ᠡᠳ᠋ᠰᠢᠭᠦᠯᠬᠦ ᠠᠵᠦ ᠦᠢᠯᠡᠰ ᠢ ᠶᠡᠭᠡ ᠬᠦᠴᠦᠨ ᠢᠶᠠᠷ ᠢᠶᠠᠨ ᠬᠦᠭᠵᠢᠭᠦᠯᠥᠨ᠂ ᠬᠦᠭᠵᠢᠯᠳᠡ ᠎ ᠶᠢᠨ ᠬᠡᠯᠪᠡᠷᠢ ᠮᠠᠶ᠋ᠢᠭ ᠤᠨ ᠢᠳᠡᠪᠬᠢᠳᠠᠢ ᠬᠤᠪᠢᠷᠠᠯᠳᠠ ᠶᠢ ᠴᠢᠷᠮᠠᠶᠢᠨ ᠪᠡᠶᠡᠯᠡᠭᠦᠯᠵᠦ᠂ ᠰᠢᠨᠡᠴᠢᠯᠡᠯᠳᠡ ᠪᠠᠷ ᠲᠤᠯᠭᠠᠭᠤᠷᠢ ᠪᠤᠯᠭᠠᠭᠰᠠᠨ ᠮᠠᠯ ᠲᠠᠷᠢᠶᠠᠯᠩ ᠤᠨ ᠠᠵᠦ ᠠᠬᠤᠢ ᠶᠢᠨ ᠰᠢᠰᠲ᠋ᠧᠮ ᠪᠠ ᠬᠦᠭᠵᠢᠯᠳᠠ ᠶᠢᠨ ᠬᠡᠪ ᠵᠠᠭᠪᠤᠷ ᠢ ᠪᠦᠷᠢᠯᠳᠦᠬᠦᠯᠦᠨ᠎ᠡ᠃ ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠨ᠎ᠠ᠃ ᠨᠢᠭᠡ ᠲᠠᠯ᠎ᠠ ᠪᠠᠷ᠂ ᠬᠤᠳᠠ ᠬᠦᠳᠡᠭᠡ ᠶᠢᠨ ᠨᠢᠭᠡᠳᠦᠯᠲᠠᠢ ᠲᠥᠯᠥᠪᠵᠢᠬᠦᠯᠥᠨ ᠵᠤᠬᠢᠴᠠᠭᠤᠯᠤᠭᠰᠠᠨ ᠬᠦᠭᠵᠢᠯᠳᠠ ᠪᠠᠷ ᠰᠠᠭᠤᠷᠢ ᠪᠤᠯᠭᠠᠵᠤ᠂ ᠬᠤᠳᠠ ᠬᠦᠳᠡᠭᠡ ᠶᠢᠨ ᠨᠢᠭᠡ ᠴᠤᠬᠴᠠᠵᠢᠬᠰᠠᠨ ᠬᠦᠭᠵᠢᠯᠳᠡ ᠶᠢ ᠠᠬᠢᠭᠤᠯᠤᠨ᠂ ᠨᠦᠭᠦᠭᠡ ᠲᠠᠯ᠎ᠠ ᠪᠠᠷ᠂ ᠠᠵᠤ ᠠᠬᠤᠢ ᠶᠢᠨ ᠬᠡᠯᠪᠠᠷᠢ ᠶᠢᠨ ᠬᠤᠪᠢᠷᠠᠯᠳᠠ ᠪᠤᠯᠤᠨ ᠰᠢᠯᠢᠳᠡᠭᠵᠢᠭᠦᠯᠦᠨ ᠲᠡᠰ ᠲᠡᠪᠰᠢᠭᠦᠯᠬᠦ ᠶᠢ ᠲᠦᠷᠭᠡᠳᠭᠡᠨ ᠠᠬᠢᠭᠤᠯᠵᠦ᠂ ᠤᠷᠴᠢᠯᠳᠤ ᠠᠵᠦ ᠠᠬᠤᠢ ᠶᠢᠨ ᠳᠠᠭᠠᠭᠠᠮᠠᠭᠠᠢ ᠵᠤᠬᠢᠴᠠᠩᠭᠤᠢ ᠬᠦᠭᠵᠢᠯᠳᠠ ᠶᠢ ᠪᠡᠶᠡᠯᠡᠭᠦᠯᠦᠨ᠎ᠡ᠃ ᠨᠡᠭᠡᠭᠡᠯᠳᠡᠳᠦ ᠬᠦᠭᠵᠢᠯᠳᠠ ᠶᠢ ᠪᠠᠷᠢᠮᠳᠠᠯᠠᠨ᠎ᠡ᠃ ᠶᠤᠸᠠᠨ ᠤ ᠲᠡᠭᠡᠳᠦ ᠨᠡᠶᠢᠰᠯᠠᠯ ᠤᠨ ᠰᠤᠶᠤᠯ ᠤᠨ ᠠᠭᠤᠯᠤᠭᠳᠠᠬᠤᠨ ᠪᠠ ᠵᠢᠭᠤᠯᠴᠢᠯᠠᠯ ᠤᠨ ᠦᠨ᠎ᠠ ᠦᠷᠳᠡᠭ ᠢ ᠭᠦᠨᠵᠡᠬᠡᠢ ᠠᠭᠤᠳᠠᠯᠯᠠᠵᠤ ᠂ ︽ᠲᠠᠯ᠎ᠠ ᠨᠤᠳᠤᠭ ᠤᠨ ᠰᠤᠶᠤᠯ ᠤᠨ ᠣᠨᠴᠠᠯᠢᠭ ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ ᠪᠦᠷᠢᠯᠳᠦᠭᠦᠯᠦᠭᠰᠡᠨ︾ ᠰᠤᠶᠤᠯ ᠵᠢᠭᠤᠯᠴᠢᠯᠠᠯ ᠤᠨ ᠦᠵᠡᠮᠵᠢᠳᠦ ᠣᠷᠣᠨ ᠢ ᠪᠦᠳᠦᠭᠡᠨ ᠪᠠᠶᠢᠭᠤᠯᠵᠣ᠂ ᠭᠠᠳᠠᠭᠰᠢ ᠲᠠᠯᠭᠡᠨ ᠦᠵᠡᠭᠦᠯᠬᠦ ᠨᠠᠷᠠᠳᠦ ᠲᠡᠮᠳᠡᠭ ᠪᠠ ᠭᠡᠭᠡᠪᠴᠢ ᠶᠢ ᠡᠭᠦᠳᠦᠨ᠎ᠡ᠃ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠨ᠎ᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠵᠤ᠂ ᠲᠠᠯ᠎ᠠ ᠨᠤᠳᠤᠭ ᠤᠨ ᠤᠷᠭᠤᠮᠠᠯ ᠤᠨ ᠪᠦᠷᠬᠦᠴᠠ ᠶᠢᠨ ᠪᠦᠷᠬᠦᠯᠳᠡ ᠶᠢᠨ ᠬᠡᠮᠵᠢᠶ᠎ᠡ ᠪᠠ ᠤᠢ ᠮᠤᠳᠤᠨ ᠤ ᠪᠦᠷᠬᠦᠴᠠ ᠶᠢᠨ ᠬᠡᠮᠵᠢᠶ᠎ᠡ ᠶᠢ ᠦᠷᠭᠦᠯᠵᠢᠯᠡᠨ ᠲᠡᠭᠡᠭᠰᠢᠯᠡᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠂ ᠭᠤᠤᠯ ᠪᠤᠬᠢᠷᠳᠤᠯ ᠲᠠᠢ ᠪᠤᠳᠠᠰ ᠤᠨ ᠭᠠᠳᠠᠬᠰᠢᠯᠠᠭᠤᠯᠤᠯᠳᠠ ᠶᠢᠨ ᠶᠡᠷᠥᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠠᠮᠢ ᠠᠬᠤᠢ ᠶᠢᠨ ᠤᠷᠴᠢᠨ ᠢ ᠣᠯᠠᠮ ᠨᠢᠭᠡ ᠠᠯᠬᠤᠮ ᠰᠠᠶᠢᠵᠢᠷᠠᠭᠤᠯᠵᠤ᠂ ︽ᠠᠭᠠᠷ ᠨᠢ ᠴᠡᠯᠮᠡᠭ᠂ ᠣᠰᠣ ᠨᠢ ᠲᠤᠩᠭᠠᠯᠠᠭ᠂ ᠡᠪᠡᠰᠦ ᠨᠢ ᠨᠤᠭᠤᠭᠠᠨ︾ ᠦᠵᠡᠮᠵᠢᠳᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠤᠨ᠎ᠠ᠃ ᠬᠦᠭᠵᠢᠯᠳᠡ ᠶᠢ ᠬᠠᠮᠳᠣᠪᠠᠷ ᠡᠳ᠋ᠯᠡᠬᠦ ᠎ ᠶᠢ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠬᠦᠭᠵᠢᠯᠳᠠ ᠶᠢᠨ ᠬᠠᠷᠠᠯᠳᠠ ᠪᠠ ᠡᠴᠦᠰ ᠎ ᠤᠨ ᠵᠤᠷᠢᠯᠭ᠎ᠠ ᠪᠤᠯᠭᠠᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠠᠰᠤᠵᠢᠯ ᠤᠨ ᠲᠠᠭᠠᠳᠬᠠᠯ ᠵᠡᠷᠭᠡ ᠠᠵᠢᠯ ᠦᠢᠯᠡᠰ ᠤᠨ ᠲᠤᠭᠲᠠᠭᠤᠨ ᠬᠦᠭᠵᠢᠯᠳᠡ ᠶᠢ ᠠᠬᠢᠭᠤᠯᠤᠨ᠂ ᠬᠤᠳᠠ ᠬᠦᠳᠡᠭᠡ ᠶᠢᠨ ᠦᠨᠳᠦᠰᠦᠨ ᠤᠯᠠᠨ ᠨᠡᠶᠢᠳᠠ ᠎ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠳᠠᠢ ᠬᠢᠷᠢ ᠲᠥᠪᠰᠢᠨ ᠢ ᠲᠡᠭᠡᠭᠰᠢᠯᠡᠭᠦᠯᠵᠦ᠂ ᠠᠷᠠᠳ ᠤᠯᠠᠨ ᠤ ᠦᠵᠡᠯ ᠰᠠᠨᠠᠭ᠎ᠠ ᠶᠣᠰᠤ ᠰᠤᠷᠳᠠᠬᠤᠨ᠂ ᠰᠢᠨᠵᠢᠯᠡᠬᠦ ᠣᠬᠠᠭᠠᠨ ᠰᠤᠶᠤᠯ ᠪᠠ ᠡᠷᠡᠭᠦᠯ ᠴᠠᠭᠢᠷᠠᠭ ᠬᠡᠪ ᠪᠤᠯᠪᠠᠰᠤᠷᠠᠯ ᠢ ᠲᠡᠭᠡᠭᠰᠢᠯᠡᠭᠦᠯᠥᠨ᠂ ᠡᠯ᠎ᠡ ᠦᠨᠳᠦᠰᠦᠳᠡᠨ ᠤ ᠠᠷᠠᠳ ᠲᠥᠮᠡᠨ ᠤ ᠴᠢᠨᠡᠭᠡᠯᠢᠭ ᠨᠡᠶᠢᠭᠡᠮ ᠳᠤ ᠬᠠᠮᠳᠤᠪᠡᠷ ᠠᠯᠬᠤᠨ ᠤᠷᠤᠬᠤ ᠬᠠᠷᠠᠯᠳᠠ ᠶᠢ ᠪᠠᠶᠠᠯᠠᠭᠦᠯᠦᠨ᠎ᠡ᠃ ᠡᠶ᠎ᠡ ᠵᠤᠬᠢᠴᠠᠯᠲᠦ ᠰᠢᠯᠤᠭᠤᠨ ᠬᠦᠬᠡ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠣᠨ᠎ᠠ᠃ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠰᠠᠨ᠂ ᠡᠶ᠎ᠡ ᠵᠤᠬᠢᠴᠠᠯ ᠲᠠᠢ ᠨᠡᠶᠢᠭᠡᠮ ᠵᠢᠷᠤᠮᠳᠤ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠎ ᠪᠠᠷ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠦᠨᠳᠦᠰᠦᠨ ᠳᠡᠭᠡᠨ ᠪᠠᠶᠢᠭᠤᠯᠵᠤ᠂ ᠪᠦᠬᠦ ᠠᠷᠠᠳ ᠢᠶᠠᠷ ᠎ ᠢᠶᠠᠨ ᠬᠠᠮᠳᠤᠪᠡᠷ ᠪᠠᠶᠢᠭᠤᠯᠵᠤ ᠬᠠᠮᠳᠤᠪᠠᠷ ᠡᠳ᠋ᠯᠡᠭᠰᠡᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠬᠤᠢ ᠪᠠᠶᠢᠳᠠᠯ ᠢ ᠪᠤᠢ ᠪᠤᠯᠭᠠᠨ᠎ᠠ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ ᠬᠤᠷᠳᠤᠴᠠ ᠶᠢ ᠨᠡᠮᠡᠭᠳᠡᠭᠦᠯᠬᠦ᠂ ᠡᠳ᠋ ᠤᠨ ᠵᠠᠰᠠᠭ ᠎ ᠤᠨ ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ ᠵᠢᠭᠤᠯᠴᠢᠯᠠᠯ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠢᠯᠢᠭ ᠵᠠᠮ ᠬᠠᠷᠢᠯᠴᠠᠭ᠎ᠠ᠂ ᠦᠨᠳᠦᠰᠦᠳᠡᠨ ᠤ ᠵᠠᠩ ᠦᠢᠯᠡ ᠪᠤᠯᠤᠨ ᠪᠡᠶ᠎ᠡ ᠲᠠᠮᠢᠷ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠵᠡᠷᠭᠡ ᠲᠠᠯ᠎ᠠ ᠪᠠᠷ ︽ᠨᠠᠢᠮᠠᠨ ᠬᠡᠪ ᠲᠠᠭᠤᠷᠢᠶᠠᠯ ᠵᠢᠱᠢᠶ᠎ᠡ ᠦᠵᠡᠭᠦᠯᠬᠦ︾᠎ ᠶᠢ ᠪᠡᠶᠡᠯᠡᠭᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠡ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ ᠲᠦᠬᠦᠭᠡᠷᠦᠮᠵᠢ ᠦᠢᠯᠡᠳᠬᠦ ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ︽ᠵᠢᠷᠭᠤᠭᠠᠨ ᠰᠢᠪᠳᠤᠯᠤᠯᠳᠠ︾᠎ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠪᠡᠶ᠎ᠡ ᠶᠢᠨ ᠬᠡᠪ ᠲᠠᠭᠤᠷᠢᠶᠠᠯ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃          ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠪᠢᠳᠡᠨ ᠤ ᠡᠮᠦᠨ᠎ᠡ ᠠᠵᠠ ᠲᠤᠬᠢᠶᠠᠯ ᠪᠤᠯᠤᠨ ᠦᠷᠢᠰᠦᠯᠳᠦᠭᠡᠨ ᠵᠡᠷᠭᠡᠪᠡᠷ ᠤᠷᠤᠰᠢᠵᠤ ᠪᠤᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠰᠤᠷᠠᠭ ᠵᠠᠩᠬᠢᠵᠢᠯᠳᠡ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠦᠨᠵᠡᠭᠡᠢ ᠠᠬᠢᠬᠤ ᠎ ᠶᠢ ᠲᠠᠭᠠᠯᠳᠤᠨ᠂ ᠮᠠᠨ ᠤ ᠬᠤᠰᠢᠭᠤᠨ ᠤ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠪᠤᠯᠤᠨ ᠰᠡᠯᠡᠭᠦᠴᠡᠯ ᠵᠢᠭᠤᠯᠴᠢᠯᠠᠯ ᠤᠨ ᠵᠠᠬ᠎ᠠ ᠲᠡᠯᠭᠡᠭᠦᠷ ᠢ ᠨᠡᠭᠡᠭᠡᠬᠦ ᠳᠤ ᠠᠵᠠ ᠲᠤᠬᠢᠶᠠᠯ ᠬᠠᠩᠭᠠᠨ ᠦᠭᠴᠠᠢ︔ ᠵᠠᠰᠠᠭ ᠢ ᠴᠤᠮᠬᠠᠳᠬᠠᠵᠤ ᠡᠷᠬᠡ ᠎ ᠶᠢ ᠲᠠᠯᠪᠢᠬᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ᠂ ᠪᠡᠯᠡ ᠤᠷᠤᠭᠤᠯᠤᠯᠳᠠ ᠪᠠ ᠪᠡᠯᠡ ᠬᠤᠷᠠᠮᠳᠣᠭᠤᠯᠬᠤ ᠶᠢᠨ ᠪᠠᠶᠢᠭᠤᠯᠤᠮᠵᠢ᠂ ᠦᠨ᠎ᠡ ᠬᠠᠩᠰᠢ ᠶᠢᠨ ᠲᠤᠬᠳᠠᠯᠴᠠᠭ᠎ᠠ ᠵᠡᠷᠭᠡ ᠦᠭᠡᠷᠡᠴᠢᠯᠡᠯᠳᠡ ᠶᠢᠨ ᠪᠦᠬᠦ ᠲᠠᠯ᠎ᠠ ᠪᠠᠷ ᠠᠬᠢᠬᠤ ᠶᠢ ᠲᠠᠭᠠᠯᠳᠤᠨ ᠠᠵᠤ ᠠᠬᠤᠢ ᠶᠢᠨ ᠬᠦᠭᠵᠢᠯᠳᠡ ᠶᠢᠨ ᠲᠦᠷᠢᠮ ᠤᠨ ᠤᠷᠴᠢᠨ ᠤᠯᠠᠮ ᠨᠢᠭᠡ ᠠᠯᠬᠤᠮ ᠰᠢᠯᠢᠳᠡᠭᠵᠢᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠪᠠᠳᠠᠷᠠᠭᠤᠯᠬᠤ ᠪᠤᠯᠤᠨ᠎ᠠ᠃ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠯᠤᠭ᠎ᠠ ᠬᠠᠮᠳᠤᠷᠠᠨ ᠬᠦᠭᠵᠢᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠳᠡ ᠶᠢ ᠲᠠᠭᠠᠯᠳᠤᠨ ᠭᠠᠳᠠᠬᠰᠢᠬᠢ ᠨᠡᠭᠡᠭᠡᠯᠳᠡ ᠶᠢᠨ ᠠᠯᠬᠤᠴᠠ ᠲᠦᠷᠭᠡᠳᠴᠦ᠂ ᠠᠵᠤ ᠠᠬᠤᠢ ᠶᠢᠨ ᠨᠡᠮᠡᠭᠳᠡᠯ ᠳᠤ ᠰᠢᠨ᠎ᠡ ᠦᠰᠦᠯᠳᠡ ᠎ ᠶᠢᠨ ᠤᠷᠤᠨ ᠵᠠᠢ ᠶᠢ ᠪᠦᠷᠢᠯᠳᠦᠭᠦᠯᠦᠭᠰᠡᠨ ᠬᠠᠮᠳᠤ ᠠᠵᠤ ᠦᠢᠯᠡᠰ ᠤᠨ ᠰᠢᠯᠵᠢᠯᠳᠡ ᠶᠢ ᠵᠠᠯᠭᠠᠮᠵᠢᠯᠠᠬᠤ ᠳᠤ ᠠᠵᠠ ᠲᠤᠬᠢᠶᠠᠯ ᠬᠠᠩᠭᠠᠪᠠ︔ ︽ᠭᠤᠷᠪᠠ ᠶᠢ ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ ᠎ ᠶᠢᠨ ᠠᠭᠠᠵᠢᠮ ᠢᠶᠠᠷ ᠬᠡᠷᠡᠭᠵᠢᠭᠦᠯᠦᠭᠳᠡᠬᠦ ᠶᠢ ᠲᠠᠭᠠᠯᠳᠤᠨ᠂ ᠮᠠᠨ ᠤ ᠬᠤᠰᠢᠭᠤᠨ ᠤ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ᠂ ᠬᠦᠰᠢᠭᠦᠷᠭᠡ ᠶᠢ ᠠᠷᠢᠯᠭᠠᠬᠤ ᠶᠢᠨ ᠲᠠᠷᠤᠯᠳᠠ ᠬᠠᠷᠢᠴᠠᠩᠭᠤᠢ ᠪᠠᠷ ᠪᠠᠭᠠᠰᠴᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ ᠨᠦᠬᠦᠪᠦᠷᠢᠯᠡᠬᠦ ᠳᠤ ᠤᠴᠠᠷᠠᠭᠤᠯᠤᠬᠰᠠᠨ ᠠᠰᠢᠬᠳᠠᠢ ᠬᠦᠴᠦᠨ ᠵᠦᠢᠯ ᠨᠢ ᠬᠠᠷᠢᠨ ᠨᠡᠩ ᠤᠯᠠᠨ ᠪᠠᠶᠢᠵᠤ᠂ ᠠᠵᠤ ᠠᠬᠤᠢ ᠶᠢᠨ ᠪᠦᠳᠦᠴᠡ ᠶᠢᠨ ᠬᠡᠯᠪᠡᠷᠢ ᠶᠢᠨ ᠬᠤᠪᠢᠷᠠᠭᠤᠯᠤᠯᠳᠠ ᠶᠢᠨ ᠲᠡᠰ ᠲᠡᠪᠰᠢᠬᠦ ᠳᠤ ᠨᠦᠬᠦᠴᠡᠯ ᠡᠭᠦᠳᠦᠨ ᠦᠭᠪᠡ︔ ᠤᠯᠤᠰ ᠤᠨ ᠪᠠᠷᠠᠭᠤᠨ ᠤᠷᠤᠨ ᠎ ᠢ ᠶᠡᠬᠡᠪᠡᠷ ᠨᠡᠭᠡᠭᠡᠨ ᠬᠦᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢᠨ ᠦᠷᠭᠦᠯᠵᠢᠯᠡᠨ ᠬᠡᠷᠡᠭᠵᠢᠭᠦᠯᠦᠭᠳᠡᠬᠦ ᠶᠢ ᠲᠠᠭᠠᠯᠳᠤᠨ ᠬᠢᠯᠢ ᠬᠢᠵᠠᠭᠠᠷ ᠤᠷᠤᠨ᠂ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠤᠯᠠᠮ ᠨᠢᠭᠡ ᠠᠯᠬᠤᠮ ᠨᠠᠶᠢᠳᠠᠪᠤᠷᠢᠵᠢᠬᠳᠠᠵᠤ᠂ ᠮᠠᠨ ᠤ ᠬᠤᠰᠢᠭᠤᠨ ᠤ ᠰᠢᠨ᠎ᠡ ᠪᠠᠷ ᠮᠠᠨᠳᠤᠬᠰᠠᠨ ᠠᠵᠤ ᠦᠢᠯᠡᠰ ᠎ ᠢ ᠪᠤᠶᠢᠵᠢᠭᠤᠯᠤᠨ ᠬᠦᠭᠵᠢᠭᠦᠯᠵᠦ᠂ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠦᠷᠦ ᠶᠢᠨ ᠪᠤᠳᠤᠯᠭ᠎ᠠ ᠎ ᠶᠢᠨ ᠤᠷᠴᠢᠨ ᠨᠢ ᠨᠡᠩ ᠰᠢᠯᠢᠳᠡᠭᠵᠢᠨ ᠲᠡᠭᠦᠯᠳᠡᠷᠵᠢᠬᠦ ᠪᠤᠯᠤᠨ᠎ᠠ᠃ ᠡᠭᠦᠨ ᠤ ᠬᠠᠮᠳᠤ᠂ ᠪᠢᠳᠡ ᠬᠤᠶᠢᠰᠢᠳᠠ ᠶᠢᠨ ᠲᠠᠪᠤᠨ ᠵᠢᠯ ᠳᠤ ᠲᠤᠬᠢᠶᠠᠯᠳᠤᠬᠤ ᠬᠦᠴᠢᠷᠳᠡᠯ ᠪᠠ ᠢᠯᠡᠷᠡᠵᠦ ᠮᠡᠳᠡᠬᠦ ᠠᠰᠠᠭᠤᠳᠠᠯ ᠢ ᠰᠡᠷᠭᠡᠭ ᠢᠶᠠᠷ ᠤᠯᠵᠤ ᠲᠠᠨᠢᠬᠤ ᠬᠡᠷᠡᠭᠳᠠᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠲᠤᠰ ᠪᠡᠶ᠎ᠡ ᠎ ᠶᠢᠨ ᠡᠳ᠋ ᠤᠨ ᠬᠦᠴᠦᠨ ᠪᠠᠭᠤᠷᠠᠢ᠂ ᠠᠶᠤᠯ ᠲᠦᠭᠰᠢᠭᠦᠷᠢ ᠪᠠ ᠬᠡᠯᠪᠡᠯᠵᠡᠯᠳᠡ ᠶᠢ ᠰᠡᠷᠬᠡᠶᠢᠯᠡᠬᠦ ᠴᠢᠳᠠᠪᠤᠷᠢ ᠴᠢᠩᠭ᠎ᠠ ᠪᠢᠰᠢ᠂ ᠬᠤᠳᠠ ᠬᠦᠳᠡᠭᠡ᠂ ᠤᠷᠤᠨ ᠲᠤᠭᠤᠷᠢᠭ ᠤᠨ ᠬᠦᠭᠵᠢᠯᠳᠡ ᠶᠢᠨ ᠵᠤᠬᠢᠴᠠᠭᠤᠯᠭ᠎ᠠ ᠬᠦᠷᠦᠯᠴᠡᠬᠦ ᠦᠭᠡᠢ ᠪᠠᠶᠢᠵᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠪᠠᠰᠠ ᠨᠡᠯᠢᠶᠡᠳ ᠬᠤᠴᠤᠷᠤᠩᠭᠤᠢ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠬᠢᠷᠢ ᠲᠦᠪᠰᠢᠨ ᠲᠤᠤᠷ᠎ᠠ ᠪᠠᠶᠢᠨ᠎ᠠ︔ ᠡᠬᠢ ᠪᠠᠶᠠᠯᠢᠭ ᠤᠨ ᠤᠷᠴᠢᠨ ᠲᠤᠭᠤᠷᠢᠨ ᠤ ᠬᠢᠵᠠᠭᠠᠷᠯᠠᠯ ᠠᠴᠠ ᠠᠪᠴᠤ ᠦᠵᠡᠪᠡᠯ᠂ ᠪᠦᠬᠦ ᠬᠤᠰᠢᠭᠤᠨ ᠤ ᠠᠮᠢ ᠠᠬᠤᠢ ᠶᠢᠨ ᠰᠢᠰᠲ᠋ᠧᠮ ᠮᠦᠨ ᠯᠡ ᠪᠠᠭᠤᠷᠠᠢ ᠪᠠᠶᠢᠵᠤ᠂ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ ᠠᠨᠠᠢ᠂ ᠲᠠᠯ᠎ᠠ ᠨᠤᠳᠤᠭ ᠤᠨ ᠡᠯᠡᠰᠦᠷᠬᠡᠭᠵᠢᠯ ᠤᠨ ᠬᠠᠨᠳᠤᠰᠢ ᠶᠢ ᠬᠠᠷᠠᠬᠠᠨ ᠬᠤᠪᠢᠷᠠᠭᠤᠯᠵᠤ ᠲᠡᠶᠢᠯᠦᠭᠡᠳᠦᠢ ᠪᠠᠶᠢᠬᠰᠠᠭᠠᠷ︔ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠂ ᠤᠰᠤ ᠴᠠᠬᠢᠯᠭᠠᠨ ᠵᠠᠮ ᠤᠨ ᠲᠤᠤᠷ ᠰᠦᠯᠵᠢᠶ᠎ᠡ ᠬᠠᠷᠠᠬᠠᠨ ᠲᠡᠭᠦᠯᠳᠡᠷᠵᠢᠭᠡᠳᠦᠢ ᠪᠠᠶᠢᠭ᠎ᠠ ᠪᠦᠭᠡᠳ ᠨᠡᠶᠢᠭᠡᠮ ᠤᠨ ᠠᠷᠠᠳ ᠤᠨ ᠠᠮᠢᠳᠤᠷᠠᠯ ᠤᠨ ᠲᠠᠯ᠎ᠠ ᠪᠠᠷ᠂ ᠰᠤᠷᠭᠠᠨ ᠬᠦᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠢ ᠬᠦᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ ᠨᠡᠯᠢᠶᠡᠳ ᠶᠡᠭᠡ ᠵᠦᠷᠢᠶ᠎ᠡ ᠤᠷᠤᠰᠢᠵᠤ ᠪᠤᠢ︔ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨ ᠯᠡ ᠨᠡᠯᠢᠶᠡᠳ ᠲᠤᠪᠤᠶᠢᠮ᠎ᠠ ᠪᠠᠶᠢᠵᠤ᠂ ᠭᠠᠵᠠᠷ ᠣᠷᠣᠨ ᠤ ᠵᠠᠰᠠᠭ ᠤᠨ ᠤᠷᠳᠤᠨ ᠤ ᠦᠷᠢ ᠰᠢᠷᠢ ᠶᠢᠨ ᠲᠠᠷᠤᠭᠠᠰᠤ ᠶᠡᠭᠡ ᠪᠠᠶᠢᠭ᠎ᠠ ᠪᠦᠭᠡᠳ ᠠᠵᠤ ᠠᠬᠤᠢ ᠶᠢᠨ ᠲᠤᠬᠢᠷᠠᠭᠤᠯᠭ᠎ᠠ᠂ ᠤᠯᠠᠨ ᠨᠡᠶᠢᠳᠡ ᠶᠢᠨ ᠦᠢᠯᠡᠴᠢᠯᠡᠭᠡ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠳᠠᠢ ᠪᠠᠶᠢᠨ᠎ᠠ᠃ ᠶᠡᠷᠦᠩᠬᠡᠶᠢᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ᠂ ᠮᠠᠨ ᠤᠨ ᠬᠤᠰᠢᠭᠤᠨ ᠎ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠤᠪᠤᠷᠬᠠᠨ ᠲᠤᠬᠢᠶᠠᠯᠳᠤᠬᠤ ᠠᠵᠠ ᠲᠤᠬᠢᠶᠠᠯ ᠤᠷᠤᠰᠢᠵᠤ ᠪᠠᠶᠢᠬᠤ ᠪᠠᠷ ᠪᠠᠷᠠᠬᠤ ᠦᠭᠡᠢ ᠪᠠᠰᠠ ᠬᠤᠷᠴᠠ ᠰᠢᠷᠦᠭᠦᠨ ᠦᠷᠢᠰᠦᠯᠳᠦᠭᠡᠨ ᠲᠤᠯᠭᠠᠷᠠᠵᠤ ᠪᠠᠶᠢᠭ᠎ᠠ ᠪᠤᠯᠪᠠᠴᠤ ᠪᠦᠬᠦᠶᠢᠯᠡ ᠴᠤᠬᠴᠠ ᠶᠢᠨ ᠲᠠᠯ᠎ᠠ ᠠᠴᠠ ᠠᠪᠴᠤ ᠦᠵᠡᠪᠡᠯ ᠲᠤᠩ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠲᠠᠢ ᠴᠠᠭ ᠬᠤᠭᠤᠴᠠᠭ᠎ᠠ ᠪᠤᠯᠬᠤ ᠶᠤᠮ᠃ ᠪᠢᠳᠡ ᠡᠷᠬᠡᠪᠰᠢ ᠲᠡᠭᠡᠳᠦ ᠬᠡᠮᠵᠢᠶᠡᠨ ᠤ ᠬᠠᠷᠢᠭᠤᠴᠠᠯᠭᠠᠳᠤ ᠵᠤᠷᠢᠭ ᠰᠠᠨᠠᠭ᠎ᠠ ᠶᠢ ᠡᠪᠦᠷᠯᠡᠨ᠂ ᠯᠠᠪᠳᠠᠭᠤᠨ ᠪᠠᠳᠤᠳᠠᠢ ᠠᠵᠢᠯ ᠪᠠ ᠭᠤᠶᠢᠪᠢᠰᠢ ᠦᠭᠡᠢ ᠴᠢᠷᠮᠠᠶᠢᠯᠭ᠎ᠠ ᠪᠠᠷ ᠢᠶᠠᠨ ᠡᠳᠡᠭᠡᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠰᠢᠨ᠎ᠡ ᠡᠬᠢᠯᠡᠯᠳᠡ ᠶᠢᠨ ᠴᠡᠭ ᠲᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠮᠵᠢᠯᠳᠠ ᠎ ᠶᠢ ᠤᠯᠬᠤ ᠪᠠᠷ ᠴᠢᠷᠮᠠᠶᠢᠬᠤ ᠬᠡᠷᠡᠭᠳᠠᠢ᠃          ᠡᠨᠡ ᠵᠢᠯ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠡᠬᠢᠯᠡᠯᠳᠡ ᠎ ᠶᠢᠨ ᠵᠢᠯ ᠪᠠᠶᠢᠵᠤ᠂ ᠡᠯ᠎ᠡ ᠲᠦᠷᠦᠯ ᠤᠨ ᠠᠵᠢᠯ ᠢ ᠰᠠᠶᠢᠳᠤᠷ ᠪᠡᠶᠡᠯᠡᠭᠦᠯᠬᠦ ᠨᠢ ᠲᠤᠩ ᠶᠡᠭᠡ ᠠᠴᠢ ᠬᠤᠯᠪᠤᠬᠳᠠᠯ ᠲᠠᠢ ᠶᠤᠮ︔ ᠪᠢᠳᠡ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠡᠬᠢᠯᠡᠯᠳᠡ ᠶᠢᠨ ᠵᠢᠯ ᠳᠠᠬᠢ ᠬᠦᠭᠵᠢᠯᠳᠡ ᠶᠢᠨ ᠠᠵᠠ ᠲᠤᠬᠢᠶᠠᠯ ᠢ ᠬᠦᠢᠴᠡᠳ ᠡᠵᠡᠮᠰᠢᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ‍ᠤᠨ‌ᠡᠯ᠎ᠡ ᠲᠦᠷᠦᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠤᠨ᠎ᠠ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠮᠠᠨ ᠤ ᠤᠷᠤᠨ ᠳᠤ ᠲᠤᠭᠤᠷᠢᠨ ᠪᠠᠶᠢᠴᠠᠭᠠᠬᠤ ᠦᠶᠡᠰ ᠲᠠᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠶᠤᠰᠤᠭᠠᠷ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨᠡᠴᠢᠯᠡᠬᠦ᠂ ᠵᠤᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠎ ᠲᠠᠢ᠂ ᠬᠦᠭᠵᠢᠯᠳᠡ ᠶᠢ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠶᠢᠯᠠᠭᠠᠬᠳᠠᠬᠤᠨ ᠢ ᠪᠠᠳᠤ ᠪᠤᠢ ᠪᠤᠯᠭᠠᠨ᠂ ᠠᠵᠤ ᠠᠬᠤᠢ ᠎ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠵᠤ᠂ ᠲᠤᠬᠳᠠᠭᠤᠨ ᠤ ᠲᠤᠮᠳᠠ ᠤᠷᠤᠬᠰᠢᠯᠠᠬᠤ ᠠᠵᠢᠯ ᠤᠨ ᠶᠡᠷᠦᠩᠬᠡᠢ ᠠᠶᠢᠵᠠᠮ ᠢ ᠪᠠᠷᠢᠮᠳᠠᠯᠠᠨ᠂ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠨᠢ ᠲᠤᠬᠳᠠᠪᠤᠷᠢᠳᠠᠢ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠨᠢ ᠤᠨᠤᠪᠴᠢᠳᠠᠢ᠂ ᠬᠤᠮᠠᠬᠢ ᠲᠦᠷᠦ ᠶᠢᠨ ᠪᠤᠳᠤᠯᠭ᠎ᠠ ᠨᠢ ᠠᠮᠢᠳᠤᠯᠢᠭ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠨᠢ ᠪᠤᠳᠠᠳᠠᠢ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠲᠤᠶᠢᠯᠪᠤᠷᠢᠳᠠᠢ ᠪᠠᠶᠢᠬᠤ ᠶᠡᠷᠦᠩᠬᠡᠢ ᠰᠡᠳᠬᠢᠴᠡ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠰᠠᠭᠤᠷᠢᠨ ᠭᠠᠵᠠᠷ︾ ᠪᠠ ︽ᠲᠦᠷᠪᠡᠨ ᠵᠠᠭᠤᠨ ᠳ᠋ᠦᠩᠰᠢᠭᠤᠷ︾᠎ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠦᠭᠵᠢᠯᠳᠡ ᠶᠢᠨ ᠪᠤᠳᠠᠳᠤ ᠬᠦᠴᠦᠨ ᠢ ᠴᠢᠩᠭᠠᠳᠬᠠᠨ᠂ ᠠᠷᠠᠳ ᠤᠯᠠᠨ ᠤ ᠪᠤᠶᠠᠨ ᠠᠰᠠᠷᠠᠮᠵᠢ ᠶᠢ ᠨᠡᠮᠡᠭᠳᠡᠭᠦᠯᠵᠦ᠂ ᠰᠡᠳᠬᠢᠯ ᠰᠠᠨᠠᠭ᠎ᠠ ᠪᠠᠨ ᠨᠢᠭᠡᠳᠭᠡᠨ ᠬᠦᠴᠦᠨ ᠴᠢᠳᠠᠯ ᠢᠶᠠᠨ ᠬᠠᠮᠳᠤᠳᠬᠠᠵᠤ᠂ ᠦᠨᠡᠨ ᠪᠤᠳᠠᠳᠠᠢ ᠠᠵᠢᠯᠯᠠᠨ᠂ ᠬᠦᠴᠢᠷ ᠪᠡᠷᠬᠡᠰᠢᠶᠡᠯ ᠢ ᠲᠡᠪᠴᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠰᠠᠶᠢᠳᠤᠷ ᠡᠬᠢᠯᠡᠭᠦᠯᠬᠦ ᠶᠢ ᠦᠨᠡᠨᠬᠦ ᠪᠠᠳᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ ᠪᠡᠶᠡᠯᠡᠭᠦᠯᠬᠦ ᠶᠢᠨ ᠲᠤᠰᠠᠳᠠ ᠴᠢᠷᠮᠠᠶᠢᠨ ᠲᠡᠮᠡᠴᠡᠨ᠎ᠡ᠃          ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠭᠤᠤᠯ ᠲᠦᠰᠦᠪᠯᠡᠭᠰᠡᠨ ᠬᠠᠷᠠᠯᠳᠠ ᠪᠤᠯ᠄ ᠭᠠᠵᠠᠷ ᠤᠷᠤᠨ ᠎ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 74.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 9.7 %᠎ ᠪᠠᠷ ᠨᠡᠮᠡᠭᠳᠡᠭᠦᠯᠦᠨ᠎ᠡ︔ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 7.5 ᠳ᠋ᠦᠩᠰᠢᠭᠤᠷ ᠲᠦᠭᠦᠷᠢᠭ ᠪᠡᠶᠡᠯᠡᠭᠦᠯᠦᠨ᠂ 5.9 %᠎ ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 50 ᠳ᠋ᠦᠩᠰᠢᠭᠤᠷ ᠲᠦᠭᠦᠷᠢᠭ ᠪᠡᠶᠡᠯᠡᠭᠦᠯᠦᠨ᠂ 10.7 %᠎ ᠪᠠᠷ ᠨᠡᠮᠡᠭᠳᠡᠭᠦᠯᠵᠦ ︵ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠎ ᠢ 45 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11.2 %᠎ ᠢᠶᠠᠷ ᠨᠠᠮᠡᠭᠳᠡᠭᠦᠯᠦᠨ᠎ᠡ︶᠂ ᠭᠤᠷᠪᠠᠳᠤᠭᠠᠷ ᠠᠵᠤ ᠦᠢᠯᠡᠰ ᠎ ᠤᠨ ᠨᠠᠮᠡᠭᠳᠡᠯ ᠦᠷᠳᠡᠭ ᠢ 17 ᠳ᠋ᠦᠩᠰᠢᠭᠤᠷ ᠲᠦᠭᠦᠷᠢᠭ ᠪᠡᠶᠡᠯᠡᠭᠦᠯᠦᠨ᠂ 9 %᠎ ᠪᠠᠷ ᠨᠡᠮᠡᠭᠳᠡᠭᠦᠯᠦᠨ᠎ᠡ︔ ᠤᠯᠠᠨ ᠨᠡᠶᠢᠳᠡ ᠎ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.56 ᠳ᠋ᠦᠩᠰᠢᠭᠤᠷ ᠲᠦᠭᠦᠷᠢᠭ ᠲᠤ ᠬᠦᠷᠭᠡᠵᠦ᠂ 11 %᠎ ᠪᠠᠷ ᠨᠡᠮᠡᠭᠳᠡᠭᠦᠯᠦᠨ᠂ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 56.6 ᠳ᠋ᠦᠩᠰᠢᠭᠤᠷ ᠲᠦᠭᠦᠷᠢᠭ ᠲᠤ ᠬᠦᠷᠭᠡᠨ᠂ 8.3 %᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠢ 14.1 ᠳ᠋ᠦᠩᠰᠢᠭᠤᠷ ᠲᠦᠭᠦᠷᠢᠭ ᠲᠤ ᠬᠦᠷᠭᠡᠵᠦ᠂ 11 %᠎ ᠪᠠᠷ ᠨᠡᠮᠡᠭᠳᠡᠭᠦᠯᠦᠨ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ ᠲᠤᠰ ᠲᠤᠰ 32630 ᠲᠦᠭᠦᠷᠢᠭ ᠪᠠ 14870 ᠲᠦᠭᠦᠷᠢᠭ ᠲᠤ ᠬᠦᠷᠭᠡᠨ᠂ ᠲᠤᠰᠪᠤᠷᠢ 9 %᠎ ᠪᠠᠷ ᠨᠡᠮᠡᠭᠳᠡᠭᠦᠯᠤᠨ᠎ᠡ᠃ ᠲᠡᠭᠡᠷᠡᠬᠢ ᠬᠠᠷᠠᠯᠳᠠ ᠡᠭᠦᠷᠭᠡ ᠶᠢ ᠢᠯᠭᠤᠮ ᠪᠡᠶᠡᠯᠡᠭᠦᠯᠬᠦ ᠶᠢᠨ ᠲᠤᠰᠠᠳᠠ ᠡᠨᠡ ᠵᠢᠯ ᠲᠤᠤᠷᠠᠬᠢ ᠬᠡᠳᠦᠨ ᠲᠦᠷᠦᠯ ᠤᠨ ᠠᠵᠢᠯ ᠎ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃          ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡᠦᠢᠯᠡᠳᠪᠦᠷᠢᠯᠡᠯ ᠤᠨ ᠬᠡᠯᠪᠡᠷᠢ ᠮᠠᠶ᠋ᠢᠭ ᠢᠶᠠᠨ ᠬᠤᠪᠢᠷᠠᠭᠤᠯᠵᠤ᠂ ᠤᠷᠤᠨ ᠲᠤᠭᠤᠷᠢᠭ ᠤᠨ ᠪᠠᠶᠢᠷᠢᠰᠢᠯ ᠢ ᠰᠢᠯᠢᠳᠡᠭᠵᠢᠭᠦᠯᠦᠨ᠂ ᠬᠤᠨᠢᠨ ᠤ ᠲᠤᠭ᠎ᠠ ᠶᠢ ᠴᠦᠬᠡᠳᠬᠡᠨ ᠦᠬᠡᠷ ᠢ ᠨᠡᠮᠡᠭᠳᠡᠭᠦᠯᠵᠦ᠂ ᠴᠦᠭᠡᠨ ᠲᠡᠵᠢᠭᠡᠵᠦ ᠨᠠᠷᠢᠯᠢᠭ ᠠᠷᠠᠴᠢᠯᠠᠨ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠵᠦ᠂ ᠮᠠᠯ ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ ᠎ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠦᠨ᠎ᠡ᠃ ᠮᠠᠯ ᠠᠵᠤ ᠠᠬᠤᠢ ᠶᠢ ᠵᠢᠯᠤᠭᠤᠳᠤᠨ ᠡᠷᠴᠢᠮᠵᠢᠭᠰᠡᠨ᠂ ᠦᠨᠳᠦᠷ ᠦᠷ᠎ᠡ ᠠᠰᠢᠭ ᠲᠠᠢ᠂ ᠦᠨᠳᠦᠷ ᠦᠷ᠎ᠡ ᠪᠦᠳᠦᠮᠵᠢ ᠲᠠᠢ ᠠᠵᠤ ᠦᠢᠯᠡᠰ ᠤᠨ ᠬᠡᠯᠪᠡᠷᠢ ᠲᠡᠰᠢ ᠬᠤᠪᠢᠷᠠᠭᠤᠯᠤᠨ᠂ ᠮᠠᠯᠵᠢᠬᠤ ᠤᠷᠤᠨ ᠤ ᠠᠵᠤ ᠠᠬᠤᠢ ᠶᠢᠨ ᠬᠦᠭᠵᠢᠯᠳᠡ ᠶᠢ ᠰᠢᠨ᠎ᠡ ᠴᠠᠭ ᠦᠶ᠎ᠡ ᠶᠢᠨ ᠲᠠᠯ᠎ᠠ ᠨᠤᠳᠤᠭ ᠤᠨ ᠪᠤᠯᠪᠠᠰᠤᠨ ᠤ ᠪᠠᠶᠢᠭᠤᠯᠤᠯᠳᠠ ᠶᠢᠨ ᠱᠠᠭᠠᠷᠳᠠᠯᠭ᠎ᠠ ᠲᠠᠢ ᠨᠡᠩ ᠵᠤᠬᠢᠴᠠᠭᠤᠯᠵᠤ᠂ ᠡᠨᠡ ᠵᠢᠯ 6.28 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ ᠫᠧᠩ᠂ 5.18 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ᠂ 0.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠡᠪᠡᠰᠦ ᠬᠠᠳᠠᠭᠠᠯᠠᠬᠤ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠲᠠᠢ ᠨᠤᠭᠤᠭᠠᠨ ᠲᠠᠷᠤᠰᠢ ᠶᠢᠨ ᠵᠤᠭᠤᠷᠢ᠂ 1 ᠲᠦᠮᠡᠨ ᠮᠤ᠋ ᠶᠢᠨ ᠬᠦᠮᠦᠨ ᠤ ᠬᠦᠴᠦ ᠪᠠᠷ ᠡᠪᠡᠰᠦ ᠪᠤᠷᠳᠤᠭ᠎ᠠ ᠲᠠᠷᠢᠬᠤ ᠰᠠᠭᠤᠷᠢᠨ ᠭᠠᠵᠠᠷ ᠪᠤᠯᠤᠨ 6000 ᠲᠤᠨ ᠤ ᠡᠪᠡᠰᠦ ᠪᠤᠷᠳᠤᠭ᠎ᠠ ᠬᠠᠳᠠᠭᠠᠯᠠᠬᠤ ᠬᠦᠮᠦᠷᠭᠡ 1 ᠰᠠᠭᠤᠷᠢ ᠶᠢ ᠲᠤᠰ ᠲᠤᠰ ᠰᠢᠨ᠎ᠡ ᠪᠠᠷ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠲᠦᠬᠦᠬᠡᠷᠦᠮᠵᠢ ᠶᠢ ᠤᠯᠠᠨ ᠨᠢᠭᠡ ᠠᠯᠬᠤᠮ ᠲᠡᠭᠦᠯᠳᠡᠷᠵᠢᠭᠦᠯᠦᠨ᠎ᠡ᠃ ᠢᠳᠡᠰᠢᠨ ᠨᠤᠭᠤᠭᠠᠨ ᠤ ᠲᠤᠮᠤ ᠰᠠᠷᠠᠪᠴᠢ᠂ ᠲᠤᠯᠠᠭᠠᠨ ᠬᠦᠯᠡᠮᠵᠢ ᠶᠢᠨ ᠢᠳᠡᠰᠢᠨ ᠨᠤᠭᠤᠭᠠᠨ ᠤ ᠰᠠᠭᠤᠷᠢᠨ ᠭᠠᠵᠠᠷ ᠪᠤᠯᠤᠨ ᠲᠤᠯᠠᠭᠠᠨ ᠢ ᠲᠡᠩᠴᠡᠬᠦᠯᠦᠭᠰᠡᠨ ᠰᠢᠨ᠎ᠡ ᠰᠤᠷᠭᠤᠭ ᠢ ᠪᠠᠳᠤᠯᠠᠬᠤ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠬᠦ ᠬᠦᠴᠦᠯᠡᠴᠡ ᠶᠢ ᠨᠡᠮᠡᠭᠳᠡᠭᠦᠯᠦᠨ᠂ ᠲᠠᠷᠢᠮᠠᠯ ᠤᠨ ᠦᠷ᠎ᠡ ᠠᠰᠢᠭ ᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠡ᠃ ᠴᠠᠭ ᠠᠭᠤᠷ ᠎ ᠤᠨ ᠤᠳᠤᠬᠢᠴᠢᠯᠠᠬᠰᠠᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠵᠦ ᠲᠦᠭᠰᠢᠭᠦᠷᠢ ᠶᠢ ᠳᠣᠯᠬᠤ ᠴᠢᠳᠠᠪᠤᠷᠢ ᠶᠢ ᠨᠡᠮᠡᠭᠳᠡᠭᠦᠯᠵᠦ᠂ ᠠᠮᠢᠳᠠᠨ ᠤ ᠬᠢᠵᠢᠭ ᠭᠡᠮ ᠪᠠ ᠬᠦᠮᠦᠨ ᠮᠠᠯ ᠳᠤ ᠵᠡᠷᠭᠡᠪᠡᠷ ᠡᠪᠡᠳᠴᠢᠨ ᠲᠤᠰᠬᠤ ᠶᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠠ᠃ ᠮᠠᠯ ᠲᠠᠷᠢᠶᠠᠯᠠᠩ ᠤᠨ ᠠᠵᠤ ᠦᠢᠯᠡᠰᠵᠢᠯᠳᠠ ᠎ ᠶᠢᠨ ᠬᠦᠭᠵᠢᠨ ᠪᠤᠵᠠᠭᠠᠶᠢᠷᠠᠬᠤ ᠶᠢ ᠲᠡᠮᠵᠢᠨ᠎ᠡ᠃  ᠮᠢᠬᠠᠨ ᠤ ᠦᠭᠡᠷ ᠢ ᠬᠦᠭᠵᠢᠭᠦᠯᠬᠦ ᠲᠦᠯᠦᠪᠵᠢᠭᠦᠯᠭᠡ ᠶᠢ ᠲᠤᠬᠳᠠᠭᠠᠨ ᠬᠡᠷᠡᠭᠵᠢᠭᠦᠯᠵᠦ᠂ ᠤᠯᠤᠰ ᠤᠨ ᠲᠡᠰ ᠤᠨ ᠴᠢᠨᠠᠷ ᠰᠠᠶᠢᠳᠠᠢ ᠠᠯᠠᠰᠢᠨ ᠦᠬᠡᠷ ᠠᠯᠠᠰᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ 2000 ᠲᠤᠯᠤᠭᠠᠢ ᠴᠡᠪᠡᠷ ᠡᠭᠦᠯᠳᠡᠷ ᠤᠨ ᠰᠢᠮᠧᠨ᠋ᠲᠷ ᠦᠬᠡᠷ ᠤᠷᠤᠭᠤᠯᠵᠤ᠂ ᠰᠢᠮᠧᠨ᠋ᠲᠷ ᠦᠬᠡᠷ ᠤᠨ ᠭᠤᠤᠯᠳᠠᠯᠭ᠎ᠠ ᠲᠠᠢ ᠡᠭᠦᠯᠳᠡᠷ ᠪᠤᠶᠢᠵᠢᠭᠤᠯᠬᠤ ᠲᠠᠯᠠᠪᠠᠢ ᠶᠢ 3 ᠰᠠᠭᠤᠷᠢ᠂ ᠤᠳᠤᠬᠢᠴᠢᠯᠠᠬᠰᠠᠨ ᠠᠯᠠᠰᠢᠨ ᠦᠭᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 83 ᠰᠠᠭᠤᠷᠢ ᠲᠤᠰ ᠲᠤᠰ ᠰᠢᠨ᠎ᠡ ᠪᠠᠷ ᠪᠠᠶᠢᠭᠤᠯᠵᠤ᠂ 3 ᠰᠠᠭᠤᠷᠢ ᠨᠢ ᠲᠤᠰ ᠲᠤᠰ ᠰᠢᠨ᠎ᠡ ᠪᠠᠷ ᠰᠠᠭᠠᠯᠢ ᠶᠢᠨ ᠦᠨᠢᠶᠡᠨ ᠤ ᠪᠠᠷᠢᠮᠵᠢᠶᠠᠵᠢᠵᠦ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ ᠶᠢ ᠦᠷᠭᠡᠳᠭᠡᠨ ᠪᠠᠶᠢᠭᠤᠯᠵᠤ᠂ ᠤᠯᠤᠰ ᠤᠨ ᠲᠡᠰ ᠤᠨ ᠴᠠᠬᠠᠷ ᠬᠤᠨᠢᠨ ᠤ ᠭᠤᠤᠯᠳᠠᠯᠭᠠᠳᠤ ᠡᠭᠦᠯᠳᠡᠷ ᠪᠤᠶᠢᠵᠢᠭᠤᠯᠬᠤ ᠲᠠᠯᠠᠪᠠᠢ ᠶᠢ 2 ᠰᠠᠭᠤᠷᠢ ᠪᠠᠶᠢᠭᠤᠯᠤᠨ᠂ ᠴᠠᠬᠠᠷ ᠬᠤᠨᠢᠨ ᠤ ᠭᠤᠤᠯᠳᠠᠯᠭᠠᠳᠤ ᠰᠦᠷᠦᠭ ᠢ 5᠎ ᠶᠢ ᠰᠢᠨ᠎ᠡ ᠪᠠᠷ ᠭᠠᠷᠭᠠᠵᠤ᠂ ᠬᠡᠪᠴᠢᠶᠡᠵᠢᠭᠰᠡᠨ ᠠᠷᠠᠴᠢᠯᠠᠨ ᠮᠠᠯᠵᠢᠬᠤ ᠬᠢᠷᠢ ᠲᠦᠪᠰᠢᠨ ᠢ 85%᠎ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ︽ᠲᠠᠷᠢᠶᠠᠨ ᠭᠠᠵᠠᠷ ᠢ ᠬᠠᠮᠠᠭᠠᠯᠠᠬᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢ ᠲᠡᠭᠡᠭᠰᠢᠯᠡᠭᠦᠯᠬᠦ ᠵᠡᠷᠭᠡ ᠠᠷᠭ᠎ᠠ ᠠᠪᠴᠢᠯ ᠢᠶᠠᠷ ᠲᠠᠮᠵᠢᠭᠤᠯᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠬᠦ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠳᠠ ᠪᠠ ᠲᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠤᠨ᠂ ᠲᠠᠷᠢᠮᠠᠯ ᠤᠨ ᠲᠠᠷᠢᠬᠤ ᠲᠠᠯᠠᠪᠠᠢ ᠶᠢ ᠲᠤᠬᠳᠠᠪᠤᠷᠢᠵᠢᠭᠤᠯᠤᠬᠰᠠᠨ ᠤ ᠰᠠᠭᠤᠷᠢᠨ ᠲᠡᠭᠡᠷ᠎ᠡ ᠲᠦᠬᠦᠭᠡᠷᠦᠮᠵᠢᠳᠦ ᠲᠠᠷᠢᠶᠠᠯᠠᠩ ᠤᠨ ᠬᠠᠷᠢᠴᠠᠯ ᠢ ᠦᠷᠭᠦᠯᠵᠢᠯᠡᠨ ᠲᠡᠭᠡᠭᠰᠢᠯᠡᠭᠦᠯᠵᠦ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠶᠢ 21017 ᠾᠧᠺᠲ᠋ᠡᠷ ᠪᠠ ᠲᠦᠯᠦᠪᠵᠢᠭᠦᠯᠦᠭᠰᠡᠨ ᠦᠨᠳᠦᠰᠦᠨ ᠲᠠᠷᠢᠶᠠᠨ ᠤ ᠬᠠᠮᠠᠭᠠᠯᠠᠯᠳᠠ ᠶᠢᠨ ᠲᠠᠯᠠᠪᠠᠢ ᠶᠢ 17338 ᠾᠧᠺᠲ᠋ᠡᠷ ᠠᠴᠠ ᠪᠠᠭᠤᠷᠠᠭᠤᠯᠬᠤ ᠦᠭᠡᠢ ᠪᠠᠶᠢᠬᠤ ᠪᠠ ᠶᠠᠰᠤ ᠴᠢᠨᠠᠷ ᠢ ᠮᠠᠭᠤᠳᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠲᠠᠷᠢᠵᠤ ᠲᠡᠵᠢᠭᠡᠨ ᠦᠷᠡᠵᠢᠭᠦᠯᠬᠦ ᠬᠡᠯᠪᠡᠷᠢ ᠮᠠᠶ᠋ᠢᠭ ᠢ ᠢᠳᠡᠪᠬᠢᠳᠠᠢ ᠰᠢᠨᠡᠴᠢᠯᠡᠨ ᠰᠠᠶᠢᠵᠢᠷᠠᠭᠤᠯᠤᠨ᠎ᠠ᠃ ᠮᠠᠯᠴᠢᠨ ᠲᠠᠷᠢᠶᠠᠴᠢᠳ ᠎ ᠢ ᠵᠢᠯᠤᠭᠤᠳᠤᠨ ︽ᠪᠦᠬᠦ ᠵᠢᠯ ᠳᠤ ᠵᠠᠷᠤᠴᠠᠭᠤᠯᠬᠤ᠂ ᠲᠡᠩᠴᠡᠭᠦᠷᠢᠳᠠᠢ ᠪᠠᠷ ᠵᠠᠬ᠎ᠠ ᠳᠤ ᠭᠠᠷᠭᠠᠬᠤ︾ ᠬᠡᠯᠪᠡᠷᠢ ᠮᠠᠶ᠋ᠢᠭ ᠢ ᠰᠦᠪᠡᠭᠴᠢᠯᠡᠨ᠂ ᠵᠢᠯ ᠤᠨ ᠲᠤᠳᠤᠷ᠎ᠠ 55 ᠲᠦᠮᠡᠨ ᠲᠤᠯᠤᠭᠠᠢ ᠤᠷᠴᠢᠮ ᠮᠠᠯ ᠢ ᠵᠠᠷᠤᠴᠠᠭᠤᠯᠬᠤ ᠪᠠᠷ ᠲᠦᠯᠦᠪᠯᠡᠵᠦ᠂ ᠡᠭᠦᠨ ᠎ ᠳᠤ 9 ᠲᠦᠮᠡᠨ ᠲᠤᠯᠤᠭᠠᠢ ᠮᠠᠯ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠎ᠠ᠃ ︽ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠠᠷᠠᠴᠢᠯᠠᠨ ᠮᠠᠯᠵᠢᠬᠤ ᠪᠠᠷ ᠭᠤᠤᠯ ᠪᠤᠯᠭᠠᠬᠤ᠂ ᠤᠯᠠᠨ ᠵᠦᠢᠯ ᠤᠨ ᠡᠵᠡᠩᠨᠡᠯᠳᠡ︾᠎ ᠶᠢᠨ ᠰᠡᠳᠬᠢᠴᠡ ᠶᠤᠰᠤᠭᠠᠷ ᠲᠠᠷᠢᠶᠠᠯᠠᠬᠤ ᠤᠷᠤᠨ ᠤ ᠮᠠᠯ ᠠᠵᠤ ᠠᠬᠤᠢ ᠶᠢ ᠬᠦᠭᠵᠢᠭᠦᠯᠤᠨ᠂ ᠬᠠᠰᠢᠶᠠᠯᠠᠨ ᠪᠤᠷᠳᠤᠨ ᠲᠠᠷᠭᠤᠯᠠᠭᠤᠯᠵᠤ᠂ ︽ᠪᠤᠭ ᠮᠠᠯ ᠢ ᠪᠦᠬᠦ ᠵᠢᠯ ᠢᠶᠠᠷ ᠪᠡᠯᠴᠢᠭᠡᠷᠯᠡᠭᠦᠯᠬᠦ ᠶᠢ ᠵᠤᠬᠰᠤᠭᠠᠬᠤ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠲᠠᠷᠢᠶᠠᠯᠠᠬᠤ ᠤᠷᠤᠨ ᠤ ᠤᠨᠴᠠᠯᠢᠬᠳᠤ ᠲᠠᠷᠢᠵᠤ ᠤᠷᠭᠤᠭᠤᠯᠬᠤ ᠦᠢᠯᠡᠰ ᠢ ᠬᠦᠭᠵᠢᠭᠦᠯᠬᠦ ᠶᠢ ᠵᠤᠷᠢᠬᠵᠢᠭᠤᠯᠤᠨ᠂ ᠲᠦᠬᠦᠭᠡᠷᠤᠮᠵᠢᠳᠤ ᠵᠢᠮᠢᠰ ᠪᠤᠯᠤᠨ ᠢᠳᠡᠰᠢᠨ ᠨᠤᠭᠤᠭ᠎ᠠ ᠲᠠᠷᠢᠵᠤ ᠤᠷᠭᠤᠭᠤᠯᠵᠤ ᠪᠠᠶᠢᠭ᠎ᠠ ᠲᠠᠷᠢᠶᠠᠯᠠᠬᠤ ᠡᠷᠦᠬᠡ ᠶᠢ ᠡᠩ ᠲᠡᠷᠢᠭᠦᠨ ᠳᠤ ᠲᠡᠮᠵᠢᠬᠦ ᠠᠵᠢᠯᠯᠠᠭ᠎ᠠ ᠶᠢ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠪᠤᠯᠤᠨ ᠠᠵᠤ ᠦᠢᠯᠡᠳᠪᠦᠷᠢ ᠶᠢᠨ ᠬᠦᠨᠵᠡᠭᠡᠢ ᠵᠤᠬᠢᠴᠠᠯᠳᠤᠭ᠎ᠠ ᠶᠢ ᠠᠬᠢᠭᠤᠯᠤᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ ᠠᠵᠢᠯ ᠲᠦᠷᠦᠯ ᠤᠨ ᠲᠤᠯᠤᠭᠠᠶᠢᠯᠠᠬᠴᠢ ᠠᠵᠤ ᠠᠬᠤᠶᠢᠯᠠᠯ ᠢ ᠲᠡᠮᠵᠢᠬᠦ ᠬᠦᠴᠦᠯᠡᠴᠡ ᠶᠢ ᠨᠡᠮᠡᠭᠳᠡᠭᠦᠯᠤᠨ᠂ ᠠᠵᠤ ᠦᠢᠯᠡᠳᠪᠦᠷᠢ ᠶᠢᠨ ᠮᠠᠯ ᠲᠠᠷᠢᠶᠠᠯᠠᠩ ᠢ ᠲᠤᠰᠠᠯᠠᠬᠤ ᠴᠢᠳᠠᠪᠤᠷᠢ ᠢ ᠨᠢ ᠴᠢᠩᠭᠠᠳᠬᠠᠨ᠎ᠠ︔ ᠮᠠᠯ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ᠂ ᠡᠯᠧᠺᠲᠷᠤᠨ ᠬᠤᠳᠠᠯᠳᠤᠭᠠᠨ ᠤ ᠦᠢᠯᠡᠰ ᠵᠡᠷᠬᠡ ᠠᠷᠭ᠎ᠠ ᠵᠠᠮ ᠢᠶᠠᠷ ᠲᠠᠮᠵᠢᠭᠤᠯᠤᠨ ᠮᠠᠯ ᠲᠠᠷᠢᠶᠠᠯᠠᠩ ᠤᠨ ᠤᠤᠯ ᠪᠦᠳᠦᠭᠡᠭᠳᠡᠬᠦᠨ ᠢ ᠤᠶᠢᠷ᠎ᠠ ᠵᠠᠭᠤᠷ᠎ᠠ ᠳᠤᠨᠢ ᠬᠡᠷᠡᠭᠯᠡᠭᠡᠨ ᠤ ᠬᠦᠷᠢᠶᠡᠨ ᠳᠤ ᠤᠷᠤᠭᠤᠯᠵᠤ᠂ ᠡᠭᠦᠨ ᠤ ᠤᠯᠠᠮ ᠢᠶᠠᠷ ᠠᠵᠢᠯ ᠤᠯᠭᠤᠯᠳᠠ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠶᠢ ᠰᠢᠭᠤᠳ ᠲᠠᠶᠢᠴᠢᠯᠠᠨ᠎ᠠ᠃ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠪᠦᠬᠦ ᠬᠦᠴᠦᠨ ᠎ ᠢᠶᠠᠷ ᠢᠶᠠᠨ ᠰᠠᠶᠢᠳᠤᠷ ᠠᠳᠬᠤᠨ᠎ᠠ᠃ ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠨᠢᠭᠤᠷᠯᠠᠯ ᠳᠤ ᠬᠦᠳᠡᠯᠤᠩᠭᠦᠢ ᠬᠠᠮᠢᠶᠠᠷᠤᠯᠳᠠ ᠶᠢ ᠭᠡᠷᠡᠭᠵᠢᠭᠦᠯᠦᠨ᠂ ᠳᠣᠰᠬᠠᠢ ᠲᠦᠷᠦᠯ ᠢᠶᠠᠷ ᠶᠠᠳᠠᠭᠤ ᠶᠢ ᠲᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ ᠲᠡᠳᠬᠦᠬᠦ ᠪᠠ ᠨᠠᠶᠢᠭᠡᠮ ᠠᠴᠠ ᠶᠠᠳᠠᠭᠤ ᠶᠢ ᠲᠡᠳᠬᠦᠬᠦ ᠶᠢ ᠨᠢᠭᠡᠳᠣᠯᠳᠠᠢ ᠲᠦᠯᠦᠪᠵᠢᠭᠦᠯᠦᠨ ᠠᠬᠢᠭᠤᠯᠵᠤ᠂ 21 ᠭᠠᠴᠠᠭ᠎ᠠ ᠲᠤᠰᠬᠤᠨ ᠤ ︽ᠭᠤᠷᠪᠠ ᠶᠢ ᠭᠠᠴᠠᠭ᠎ᠠ ᠲᠤᠰᠬᠤᠨ ᠪᠠ ᠡᠷᠦᠬᠡ ᠳᠤ ᠨᠠᠶᠢᠳᠠᠪᠤᠷᠢᠵᠢᠭᠤᠯᠬᠤ︾ ᠲᠦᠰᠦᠯ ᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠡ ᠵᠢᠯ ᠶᠠᠳᠠᠭᠤ ᠬᠦᠴᠢᠷᠳᠠᠢ ᠡᠷᠦᠬᠡ ᠳᠤ 146 ᠰᠠᠭᠤᠷᠢ ᠫᠧᠩ ᠬᠤᠷᠤᠭ᠎ᠠ ᠶᠢ ᠰᠢᠨ᠎ᠡ ᠪᠠᠷ ᠪᠠᠶᠢᠭᠤᠯᠤᠨ ᠦᠭᠴᠦ᠂ 725 ᠲᠤᠯᠤᠭᠠᠢ ᠦᠬᠡᠷ ᠬᠤᠳᠠᠯᠳᠤᠨ ᠤᠷᠤᠭᠤᠯᠬᠤ ᠪᠠᠷ ᠲᠦᠯᠦᠪᠯᠡᠵᠦ ᠪᠤᠢ︔ ᠲᠠᠷᠢᠶᠠᠯᠠᠩ ᠤᠨ ᠪᠠᠩᠬᠢ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠦᠨ᠂ 5000 ᠲᠦᠮᠡᠨ ᠲᠦᠭᠦᠷᠢᠭ ᠤᠨ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ ᠲᠠᠯᠪᠢᠬᠤ ᠪᠠᠷ ᠴᠢᠷᠮᠠᠶᠢᠵᠤ᠂ ᠦᠢᠯᠳᠪᠦᠷᠢᠯᠡᠯ ᠡᠵᠡᠩᠨᠡᠯᠳᠡ ᠶᠢᠨ ᠴᠢᠳᠠᠪᠤᠷᠢᠳᠠᠢ ᠶᠠᠳᠠᠭᠤ ᠬᠦᠴᠢᠷᠳᠠᠢ ᠮᠠᠯᠵᠢᠬᠤ ᠲᠠᠷᠢᠶᠠᠯᠠᠬᠤ ᠡᠷᠦᠬᠡ ᠶᠢ ᠲᠡᠮᠵᠢᠬᠦ ᠳᠤ ᠭᠤᠤᠯᠳᠠᠯᠭ᠎ᠠ ᠲᠠᠢ ᠵᠠᠷᠤᠴᠠᠭᠤᠯᠤᠨ᠂ ᠲᠤᠰ ᠵᠢᠯ ᠳᠤ ᠵᠢᠭᠡᠯᠡᠯᠭᠡ ᠠᠪᠬᠤ ᠨᠦᠬᠦᠴᠡᠯ ᠳᠤ ᠲᠤᠬᠢᠷᠠᠬᠰᠠᠨ ᠭᠠᠴᠠᠭ᠎ᠠ ᠲᠤᠰᠬᠤᠨ ᠳᠤ ᠴᠦᠮ ᠵᠢᠭᠡᠯᠡᠯᠭᠡ ᠤᠯᠭᠤᠬᠤ ᠪᠠᠷ ᠴᠢᠷᠮᠠᠶᠢᠨ᠎ᠠ᠃ ᠭᠤᠷᠪᠠ ᠳᠤ᠂ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠢ ᠦᠷᠨᠢᠬᠦᠯᠦᠨ 300 ᠬᠦᠮᠦᠨ ᠤᠳᠠᠭ᠎ᠠ ᠠᠴᠠ ᠲᠡᠭᠡᠭᠰᠢ ᠳᠤ ᠪᠤᠯᠪᠠᠰᠤᠷᠠᠯ ᠬᠦᠷᠳᠡᠭᠡᠨ᠎ᠡ᠃ ᠠᠵᠢᠯ ᠤᠯᠭᠤᠯᠳᠠ᠂ ᠰᠤᠷᠭᠠᠨ ᠬᠦᠮᠦᠵᠢᠯ᠂ ᠵᠢᠭᠤᠯᠴᠢᠯᠠᠯ᠂ ᠡᠯᠺᠧᠲᠷᠤᠨ ᠬᠤᠳᠠᠯᠳᠤᠭ᠎ᠠ ᠵᠡᠷᠭᠡ ᠠᠵᠢᠯ ᠲᠦᠷᠦᠯ ᠤᠨ ᠶᠠᠳᠠᠭᠤ ᠶᠢ ᠲᠡᠳᠬᠦᠬᠦ ᠶᠢ ᠠᠬᠢᠭᠤᠯᠤᠨ᠂ ᠬᠦᠳᠡᠯᠮᠦᠷᠢᠯᠡᠬᠦ ᠴᠢᠳᠠᠪᠤᠷᠢ ᠪᠠᠨ ᠪᠦᠬᠦᠨ ᠢ ᠪᠤᠶᠤ ᠬᠠᠭᠠᠰ ᠲᠤᠳᠠᠭᠤ ᠠᠯᠳᠠᠬᠰᠠᠨ ᠶᠠᠳᠠᠭᠤ ᠬᠦᠴᠢᠷᠳᠠᠢ ᠬᠦᠮᠦᠰ ᠢ ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠠᠴᠠ ᠨᠢ ᠲᠤᠶᠢᠯᠪᠤᠷᠢᠳᠠᠢ ᠠᠩᠬᠢᠵᠢᠷᠠᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠶᠠᠳᠠᠭᠤ ᠶᠢ ᠲᠡᠳᠬᠦᠬᠦ ᠠᠵᠢᠯ ᠳᠤ ᠤᠷᠤᠯᠴᠠᠭᠤᠯᠤᠨ᠂ ᠪᠤᠶᠠᠨᠰᠠᠭ ᠡᠮ ᠡᠮᠨᠡᠯᠭᠡ ᠶᠢᠨ ᠨᠠᠷᠠᠨ ᠬᠡᠷᠡᠯᠳᠦ ᠠᠪᠤᠷᠠᠨ ᠲᠤᠰᠠᠯᠠᠬᠤ ᠢᠨᠵᠧᠨᠧᠷᠢᠩ ᠢ ᠬᠡᠷᠡᠭᠵᠢᠭᠦᠯᠤᠨ᠎ᠡ᠃ 2016 ᠤᠨ ᠤ ᠡᠴᠦᠰ ᠪᠤᠯᠬᠤ ᠳᠤ 871 ᠡᠷᠦᠬᠡ ᠶᠢᠨ 2141 ᠬᠦᠮᠦᠨ ᠢ ᠶᠠᠳᠠᠭᠤ ᠠᠴᠠ ᠨᠢ ᠠᠩᠬᠢᠵᠢᠷᠠᠭᠤᠯᠬᠤ ᠶᠢ ᠦᠨᠡᠨᠬᠦ ᠪᠡᠶᠡᠯᠡᠭᠦᠯᠵᠦ᠂ ᠤᠷᠤᠨ ᠤ ᠲᠡᠰ ᠤᠨ ᠶᠠᠳᠠᠭᠤ ᠬᠦᠴᠢᠷᠳᠠᠢ ᠬᠤᠰᠢᠭᠤ ᠰᠢᠶᠠᠨ ᠤ ᠨᠡᠷ᠎ᠡ ᠶᠢ ᠲᠠᠶᠠᠬᠳᠠᠨ᠂ ᠶᠠᠳᠠᠭᠤ ᠬᠦᠴᠢᠷᠳᠠᠢ ᠡᠷᠦᠬᠡ ᠶᠢᠨ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠ ᠬᠦᠮᠦᠨ ᠲᠤᠮᠳᠠᠴᠢ ᠎ ᠶᠢᠨ ᠴᠡᠪᠡᠷ ᠤᠷᠤᠯᠭ᠎ᠠ ᠶᠢ 6000 ᠲᠦᠭᠦᠷᠢᠭ ᠠᠴᠠ ᠲᠡᠭᠡᠭᠰᠢ ᠳᠤ ᠬᠦᠷᠭᠡᠬᠦ ᠬᠠᠷᠠᠯᠳᠠ ᠶᠢ ᠪᠡᠶᠡᠯᠡᠭᠦᠯᠦᠨ᠎ᠡ᠃ ︽ᠠᠷᠪᠠ ᠎ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ ᠪᠦᠬᠦ ᠬᠤᠰᠢᠭᠤᠨ ᠤ 9 ᠰᠤᠮᠤ ᠪᠠᠯᠭᠠᠰᠤ ᠲᠠᠯᠠᠪᠠᠢ᠂ 118 ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ 808 ᠬᠤᠳᠠ᠂ 77 ᠪᠠᠶᠢᠭᠠᠯᠢᠯᠢᠭ ᠲᠤᠰᠬᠤᠨ᠂ 19 ᠮᠠᠯ ᠲᠠᠷᠢᠶᠠᠯᠠᠩ ᠣᠢ ᠰᠢᠭᠤᠢ ᠶᠢᠨ ᠬᠤᠪᠢᠶᠠᠷᠢ ᠲᠠᠯᠠᠪᠠᠢ᠂ 11 ᠤᠳᠤ ᠶᠢᠨ ᠰᠤᠮᠤ ᠪᠠ ᠤᠤᠯ ᠤᠨ ᠰᠤᠮᠤ ᠶᠢ ᠦᠬᠡᠶᠢᠰᠬᠡᠨ ᠪᠠᠯᠭᠠᠰᠤ ᠪᠤᠯᠭᠠᠨ ᠦᠷᠭᠡᠳᠭᠡᠭᠰᠡᠨ ᠭᠠᠵᠠᠷ ᠤᠨ ᠰᠠᠭᠤᠭ᠎ᠠ ᠭᠠᠵᠠᠷ ᠢ ᠪᠦᠷᠬᠦᠵᠦ᠂ ᠡᠨᠡ ᠨᠢ 2.3 ᠲᠦᠮᠡᠨ ᠡᠷᠦᠬᠡ ᠶᠢᠨ 5.8 ᠲᠦᠮᠡᠨ ᠬᠦᠮᠦᠨ ᠲᠠᠢ ᠬᠤᠯᠪᠤᠬᠳᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠤ 2853 ᠡᠷᠦᠬᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠮᠠᠯ ᠲᠠᠷᠢᠶᠠᠯᠠᠩ ᠤᠢ ᠰᠢᠭᠤᠢ ᠶᠢᠨ ᠲᠠᠯᠠᠪᠠᠢ ᠶᠢᠨ 474 ᠡᠷᠦᠬᠡ ᠎ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠠᠮᠢ ᠠᠬᠤᠢ ᠮᠠᠭᠤᠳᠠᠬᠰᠠᠨ ᠤᠷᠤᠨ ᠤ 133 ᠡᠷᠦᠬᠡ ᠎ ᠶᠢᠨ ᠠᠷᠠᠳ ᠢ ᠨᠡᠭᠦᠯᠭᠡᠨ᠎ᠡ︔ ᠤᠰᠤ ᠬᠠᠩᠭᠠᠬᠤ ᠬᠤᠳᠳᠤᠭ 93᠎ ᠶᠢ ᠰᠢᠨ᠎ᠡ ᠪᠠᠷ ᠮᠠᠯᠳᠠᠵᠤ᠂ 629 ᠬᠦᠮᠦᠨ ᠤ ᠴᠡᠪᠡᠷ ᠤᠰᠤ ᠤᠤᠭᠤᠬᠤ ᠪᠠ 2300 ᠲᠤᠯᠤᠭᠠᠢ ᠮᠠᠯ ᠤᠨ ᠤᠰᠤ ᠤᠤᠭᠤᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ︔ 75.1 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ 2000 ᠢᠵᠢ ᠷᠠᠳᠢᠤ᠋ ᠲᠧᠯᠸᠢᠰ ᠢ ᠡᠷᠦᠬᠡ ᠪᠦᠷᠢ ᠳᠤ ᠨᠡᠪᠳᠡᠷᠡᠭᠦᠯᠬᠦ ᠲᠦᠬᠦᠭᠡᠷᠦᠮᠵᠢ ᠶᠢ ᠤᠬᠰᠠᠷᠠᠨ᠂ 2 ᠰᠠᠭᠤᠷᠢ ᠭᠠᠵᠠᠷ ᠲᠡᠭᠡᠷᠡᠬᠢ ᠲᠤᠭᠠᠴᠢᠯᠠᠬᠰᠠᠨ ᠰᠢᠭᠤᠳ ᠲᠠᠮᠵᠢᠭᠤᠯᠬᠤ ᠦᠷᠳᠡᠭᠡ ᠶᠢ ᠪᠠᠶᠢᠭᠤᠯᠤᠨ᠎ᠠ︔ ᠪᠤᠷᠤᠬᠤᠳᠠ ᠪᠠᠭ᠎ᠠ ᠰᠤᠷᠭᠠᠭᠤᠯᠢ ᠶᠢᠨ 630 ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠶᠢᠷᠢ ᠶᠢᠨ ᠭᠡᠷ ᠢ ᠦᠭᠡᠷᠡᠴᠢᠯᠡᠨ ᠵᠠᠰᠠᠵᠤ᠂ 23 ᠰᠠᠭᠤᠷᠢ ᠪᠠᠷᠢᠮᠵᠢᠶᠠᠵᠢᠬᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠎ ᠪᠠᠷ ᠪᠠᠶᠢᠭᠤᠯᠤᠨ᠂ 12 ᠰᠠᠭᠤᠷᠢ ᠠᠷᠠᠳ ᠲᠤ ᠲᠦᠭᠦᠮ ᠦᠵᠡᠭᠦᠯᠬᠦ ᠬᠡᠳᠦ ᠲᠡᠯᠭᠡᠭᠦᠷ ᠢ ᠦᠭᠡᠷᠡᠴᠢᠯᠡᠨ ᠵᠠᠰᠠᠵᠤ᠂ ᠨᠡᠶᠢᠭᠡᠮ ᠎ ᠤᠨ ᠪᠠᠳᠤᠯᠠᠭ᠎ᠠ ᠶᠢᠨ ᠲᠠᠯ᠎ᠠ ᠪᠠᠷ ᠪᠠᠳᠤᠯᠠᠬᠤ ᠵᠤᠬᠢᠰᠳᠠᠢ ᠶᠢ ᠴᠢᠳᠠᠯ ᠤᠨ ᠬᠢᠷᠢ ᠪᠠᠷ ᠪᠠᠳᠤᠯᠠᠬᠤ ᠶᠢ ᠪᠡᠶᠡᠯᠡᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ ᠤ ᠪᠦᠬᠦᠶᠢᠯᠡ ᠴᠤᠬᠴᠠ ᠶᠢᠨ ᠬᠡᠪ ᠲᠦᠷᠬᠦ ᠶᠢ ᠬᠦᠴᠦᠯᠡᠨ ᠲᠡᠭᠡᠭᠰᠢᠯᠡᠭᠦᠯᠦᠨ᠎ᠡ᠃ ᠪᠡᠯᠡ ᠮᠦᠩᠬᠦ ᠴᠣᠭᠯᠠᠭᠤᠯᠬᠤ ᠬᠦᠴᠦᠯᠡᠴᠡ ᠶᠢ ᠨᠡᠮᠡᠭᠳᠡᠭᠦᠯᠦᠨ᠂ ᠠᠵᠤ ᠠᠬᠤᠶᠢᠯᠠᠯ ᠪᠤᠯᠤᠨ ᠨᠡᠶᠢᠭᠡᠮ ᠢ ᠲᠠᠶᠢᠴᠢᠯᠠᠨ ᠪᠡᠯᠡ ᠤᠷᠤᠭᠤᠯᠬᠤ ᠪᠠ ᠮᠠᠯᠴᠢᠨ ᠲᠠᠷᠢᠶᠠᠴᠢᠳ ᠢ ᠲᠠᠶᠢᠴᠢᠯᠠᠨ ᠬᠦᠳᠡᠯᠮᠤᠷᠢ ᠬᠦᠴᠦ ᠤᠷᠤᠭᠤᠯᠵᠤ᠂ ᠭᠠᠴᠠᠭ᠎ᠠ ᠲᠤᠰᠬᠤᠨ ᠤ ᠲᠦᠷᠢ ᠲᠦᠷᠬᠦ ᠶᠢ ᠴᠡᠭᠴᠡᠯᠡᠨ ᠵᠠᠰᠠᠵᠤ᠂ 4710 ᠡᠷᠦᠬᠡ ᠶᠢᠨ ᠬᠠᠭᠤᠴᠢᠨ ᠰᠢᠪᠠᠷ ᠪᠠᠶᠢᠰᠢᠩ ᠢ ᠨᠤᠷᠠᠭᠠᠨ᠂ 467 ᠡᠷᠦᠬᠡ ᠶᠢᠨ ᠭᠡᠷ ᠪᠠᠶᠢᠰᠢᠩ ᠢ ᠰᠢᠨᠡᠳᠬᠡᠵᠤ᠂ 101 ᠲᠦᠮᠡᠨ ᠤᠷᠳᠤᠳᠬᠠᠬᠰᠠᠨ ᠮᠧᠲᠷ ᠤᠨ ᠬᠡᠷᠡᠮ ᠪᠤᠯᠤᠨ 2 ᠲᠦᠮᠡᠨ ᠲᠡᠭᠰᠢ ᠲᠦᠷᠪᠡᠯᠵᠢᠨ ᠮᠧᠲᠷ ᠤᠨ ᠰᠤᠶᠤᠯ ᠤᠨ ᠬᠡᠷᠡᠮ ᠢ ᠰᠢᠨ᠎ᠡ ᠪᠠᠷ ᠪᠠᠶᠢᠭᠤᠯᠵᠤ᠂ 363.9 ᠺᠢᠯᠤᠮᠧᠲᠷ ᠤᠨ ᠽᠧᠮᠨ᠋ᠲ ᠵᠠᠮ ᠢ ᠲᠡᠪᠢᠰᠦᠨ᠂ 49.5 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠮᠦᠷᠦ ᠶᠢ ᠬᠠᠳᠠᠭᠤᠷᠠᠭᠤᠯᠤᠨ᠂ 330 ᠰᠠᠭᠤᠷᠢ ᠬᠤᠭ ᠤᠨ ᠤᠩᠭᠤᠴᠠ ᠪᠤᠯᠤᠨ 110 ᠰᠠᠭᠤᠷᠢ ᠨᠠᠶᠢᠳᠠ ᠶᠢᠨ ᠵᠤᠷᠯᠤᠩ ᠢ ᠪᠠᠷᠢᠬᠤ ᠪᠠᠷ ᠲᠦᠯᠦᠪᠯᠡᠵᠦ ᠪᠠᠶᠢᠨ᠎ᠡ᠃ ᠪᠡᠯᠡ ᠮᠦᠩᠬᠦ ᠲᠤᠬᠢᠷᠠᠭᠤᠯᠬᠤ ᠪᠤᠶᠤ ᠱᠠᠩᠨᠠᠯ ᠨᠦᠬᠦᠪᠦᠷᠢ ᠤᠯᠭᠤᠬᠤ ᠬᠡᠯᠪᠡᠷᠢ ᠮᠠᠶ᠋ᠢᠭ ᠢᠶᠠᠷ ᠲᠠᠮᠵᠢᠭᠤᠯᠤᠨ᠂ ᠪᠦᠬᠦ ᠠᠷᠠᠳ ᠎ ᠤᠨ ᠬᠠᠷᠠᠵᠤ ᠬᠠᠮᠠᠭᠠᠯᠠᠬᠤ ᠠᠵᠢᠯ ᠳᠤ ᠤᠷᠤᠯᠴᠠᠬᠤ ᠶᠢ ᠵᠤᠷᠢᠬᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠪᠦᠬᠦᠶᠢᠯᠡ ᠴᠤᠬᠴᠠ ᠶᠢᠨ ᠲᠠᠯ᠎ᠠ ᠪᠠᠷ ᠰᠠᠶᠢᠵᠢᠷᠠᠯᠳᠠ ᠲᠠᠢ ᠪᠤᠯᠭᠠᠨ᠎ᠠ᠃          ︵ᠬᠤᠶᠠᠷ︶ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ          ︽ᠪᠠᠶᠢᠭᠠᠯᠢᠯᠢᠭ ᠢᠶᠠᠷ ᠤᠷᠤᠨ ᠢᠶᠠᠨ ᠴᠢᠨᠡᠭᠡᠯᠢᠭᠵᠢᠭᠦᠯᠬᠦ᠂ ᠪᠠᠶᠢᠭᠠᠯᠢᠯᠢᠭ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ᠂ ᠪᠠᠶᠢᠭᠠᠯᠢᠯᠢᠭ ᠢᠶᠠᠷ ᠠᠷᠠᠳ ᠢ ᠬᠠᠷᠠᠭᠠᠯᠵᠠᠬᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ ᠎ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ ᠠᠴᠠ ᠳᠣᠳᠣᠷᠬᠠᠢ ᠲᠤᠷᠠᠳᠤᠬᠰᠠᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠬᠠᠷᠠᠯᠳᠠ ᠪᠤᠯᠤᠨ᠎ᠠ᠃ ᠮᠠᠨ ᠤ ᠬᠤᠰᠢᠭᠤ ᠨᠢ ᠬᠤᠯᠠᠨ ᠰᠢᠷᠭ᠎ᠠ ᠲᠠᠭ᠎ᠠ ᠶᠢᠨ ᠡᠯᠡᠰᠤᠨ ᠎ ᠤ ᠬᠡᠪᠡᠯᠢ ᠳᠤ ᠪᠠᠶᠢᠷᠢᠰᠢᠵᠤ᠂ ᠪᠦᠬᠦ ᠠᠶᠢᠮᠠᠭ ᠤᠨ ᠲᠠᠯ᠎ᠠ ᠨᠤᠳᠤᠭ ᠤᠨ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠤᠷᠤᠨ ᠪᠤᠯᠤᠨ᠎ᠠ᠃ ᠪᠢᠳᠡᠨ ᠳᠤ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠡᠭᠦᠷᠭᠡ ᠬᠠᠷᠢᠭᠤᠴᠠᠯᠭ᠎ᠠ ᠪᠠᠶᠢᠭ᠎ᠠ ᠪᠦᠭᠡᠳ ᠨᠡᠩ ᠴᠦ ᠲᠠᠯ᠎ᠠ ᠨᠤᠳᠤᠭ ᠤᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠂ ᠪᠢᠳᠡᠨ ᠤ ᠤᠷᠤᠰᠢᠨ ᠰᠠᠭᠤᠷᠢᠰᠢᠬᠤ ᠨᠤᠳᠤᠭ ᠤᠷᠤᠨ ᠢᠶᠠᠨ ᠦᠨᠢ ᠡᠭᠦᠷᠢᠳᠡ ᠦᠵᠡᠰᠬᠦᠯᠡᠩ ᠰᠠᠶᠢᠬᠠᠨ ᠪᠤᠯᠭᠠᠬᠤ ᠢᠳᠡᠭᠡᠯ ᠪᠠ ᠡᠷᠡᠰ ᠵᠤᠷᠢᠭ ᠪᠠᠶᠢᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠎ᠠ᠃  ᠡᠨᠡ ᠵᠢᠯ ᠤᠯᠤᠰ ᠠᠴᠠ ᠬᠤᠶᠠᠳᠤᠭᠠᠷ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠭᠦᠯᠵᠦ᠂ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠪᠠᠷᠢᠮᠵᠢᠶ᠎ᠠ ᠶᠢ ᠲᠡᠭᠡᠭᠰᠢᠯᠡᠭᠦᠯᠦᠨ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠪᠠ ᠬᠢᠨᠠᠨ ᠬᠠᠮᠢᠶᠠᠷᠤᠯᠳᠠ ᠶᠢᠨ ᠲᠤᠬᠳᠠᠯᠴᠠᠭ᠎ᠠ ᠶᠢ ᠲᠡᠭᠦᠯᠳᠡᠷᠵᠢᠭᠦᠯᠵᠠᠢ᠃ ᠮᠠᠨ ᠤ ᠬᠤᠰᠢᠭᠤ ᠨᠢ 1372.93 ᠲᠦᠮᠡᠨ ᠮᠤ᠋ ᠲᠠᠯᠠᠪᠠᠢ ᠳᠤ ᠱᠠᠩᠨᠠᠯ ᠨᠦᠬᠦᠪᠦᠷᠢ ᠶᠢᠨ ᠲᠤᠬᠳᠠᠯᠴᠠᠭ᠎ᠠ ᠶᠢ ᠬᠡᠷᠡᠭᠵᠢᠭᠦᠯᠬᠦ ᠪᠠᠷ ᠲᠦᠯᠦᠪᠯᠡᠵᠦ᠂ ᠡᠭᠦᠨ ᠳᠤ ᠪᠡᠯᠴᠢᠭᠡᠷᠯᠡᠭᠦᠯᠬᠦ ᠶᠢ ᠵᠤᠬᠰᠤᠭᠠᠬᠰᠠᠨ ᠲᠠᠯᠠᠪᠠᠢ 381.73 ᠲᠦᠮᠡᠨ ᠮᠤ᠋᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠢ 991.2 ᠲᠦᠮᠡᠨ ᠮᠤ᠋ ᠪᠠᠶᠢᠨ᠎ᠠ᠃ ᠪᠡᠯᠴᠢᠭᠡᠷᠯᠡᠭᠦᠯᠬᠦ ᠎ ᠶᠢ ᠵᠤᠬᠰᠤᠭᠠᠬᠰᠠᠨ ᠲᠤᠭᠤᠷᠢᠭ ᠨᠢ ᠮᠠᠯ ᠮᠠᠯᠵᠢᠬᠤ ᠶᠢ ᠡᠷᠡᠰ ᠬᠤᠷᠢᠬᠯᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠤᠭᠤᠷᠢᠭ ᠨᠢ ᠬᠠᠮᠢᠶᠠᠳᠠᠢ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠤᠨ ᠲᠠᠯᠠᠪᠠᠢ ᠶᠢᠨ ᠪᠠᠶᠢᠳᠠᠯ ᠪᠠ ᠮᠠᠯ ᠤᠨ ᠲᠠᠭᠠᠭᠠᠴᠠ ᠶᠢᠨ ᠪᠠᠷᠢᠮᠵᠢᠶ᠎ᠠ ᠶᠢ ᠦᠨᠳᠦᠰᠦᠯᠡᠨ᠂ ᠡᠪᠡᠰᠦᠨ ᠤ ᠬᠡᠮᠵᠢᠶ᠎ᠡ ᠪᠠᠷ ᠮᠠᠯ ᠤᠨ ᠲᠤᠭ᠎ᠠ ᠲᠤᠯᠤᠭᠠᠢ ᠶᠢ ᠲᠤᠬᠳᠠᠭᠠᠨ᠎ᠠ᠃ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠲᠠᠷᠬᠠᠭᠠᠯᠳᠠ ᠶᠢ ᠪᠡᠯᠴᠢᠭᠡᠷᠯᠡᠬᠦᠯᠬᠦ ᠶᠢ ᠵᠤᠬᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠳᠠ ᠵᠢᠴᠢ ᠠᠷᠠᠴᠢᠯᠠᠨ ᠮᠠᠯᠵᠢᠬᠤ ᠬᠡᠯᠪᠡᠷᠢ ᠮᠠᠶ᠋ᠢᠭ ᠎ ᠢ ᠬᠠᠯᠠᠨ ᠰᠠᠶᠢᠵᠢᠷᠠᠭᠤᠯᠬᠤ ᠵᠡᠷᠭᠡ ᠲᠠᠢ ᠬᠤᠯᠪᠤᠬᠳᠠᠭᠤᠯᠤᠨ᠂ ᠪᠡᠯᠡ ᠮᠦᠩᠭᠦᠨ ᠤ ᠨᠦᠬᠦᠪᠦᠷᠢᠯᠡᠬᠦ᠂ ᠱᠠᠩᠨᠠᠬᠤ᠂ ᠤᠷᠮᠠᠰᠢᠭᠤᠯᠬᠤ᠂ ᠬᠢᠵᠠᠭᠠᠷᠯᠠᠬᠤ ᠵᠡᠷᠭᠡ ᠲᠠᠯ᠎ᠠ ᠪᠠᠷ ᠬᠢ ᠤᠯᠠᠨ ᠵᠦᠢᠯ ᠤᠨ ᠦᠢᠯᠡᠳᠦᠯ ᠢ ᠪᠠᠳᠤᠯᠠᠨ᠎ᠠ᠃ ᠲᠠᠯ᠎ᠠ ᠨᠤᠳᠤᠭ ᠎ ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠢ ᠴᠢᠩᠭ᠎ᠠ ᠢᠯᠭᠠᠨ ᠲᠤᠬᠳᠠᠭᠠᠨ᠎ᠠ᠃ ︽ᠠᠮᠢ ᠠᠬᠤᠢ ᠎ ᠶᠢᠨ ᠬᠠᠮᠠᠭᠠᠯᠠᠯᠳᠠ ᠶᠢᠨ ᠠᠵᠢᠯ ᠤᠨ ᠬᠢᠨᠠᠨ ᠰᠢᠯᠭᠠᠯᠳᠠ ᠶᠢᠨ ᠠᠷᠭ᠎ᠠ︾ ᠪᠠ ︽ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠤᠨ ᠬᠡᠷᠡᠭᠵᠢᠭᠦᠯᠬᠦ ᠲᠦᠰᠦᠪ︾᠎ ᠢ ᠲᠤᠬᠳᠠᠭᠠᠨ᠂ ᠰᠡᠷᠡᠮᠵᠢ ᠶᠢᠨ ᠱᠤᠭᠤᠮ ᠤᠨ ᠬᠡᠪᠴᠢᠶᠡᠨ ᠲᠤᠳᠤᠷᠠᠬᠢ ᠤᠤᠯ ᠤᠨ ᠪᠠᠶᠢᠬᠰᠠᠨ ᠨᠡᠭᠡᠭᠡᠯᠳᠡ ᠶᠢᠨ ᠠᠵᠢᠯᠯᠠᠭ᠎ᠠ ᠶᠢ ᠴᠡᠪᠡᠷᠯᠡᠨ ᠴᠡᠭᠴᠡᠯᠡᠵᠤ᠂ ᠤᠷᠴᠢᠨ ᠲᠤᠭᠤᠷᠢᠨ ᠪᠤᠯᠤᠨ ᠡᠬᠢ ᠪᠠᠶᠠᠯᠢᠭ ᠤᠨ ᠲᠠᠯ᠎ᠠ ᠪᠠᠷ ᠬᠢ ᠡᠪᠳᠡᠯᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠨᠤᠳᠤᠭ ᠪᠡᠯᠴᠢᠭᠡᠷ ᠪᠠ ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ ᠨᠤᠳᠠᠯᠠᠬᠤ ᠠᠵᠢᠯ ᠢ ᠪᠡᠶᠡᠯᠡᠭᠦᠯᠵᠦ᠂ ᠪᠠᠶᠢᠭᠠᠯᠢ ᠶᠢᠨ ᠡᠪᠡᠰᠦ ᠪᠡᠯᠴᠢᠭᠡᠷ ᠎ ᠤᠨ ᠲᠠᠯᠠᠪᠠᠢ ᠶᠢᠨ ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠠᠷᠠᠯᠵᠢᠶᠠᠨ ᠤ ᠴᠢᠨᠠᠷᠳᠠᠢ ᠠᠰᠢᠬᠯᠠᠯᠳᠠ ᠶᠢ ᠴᠢᠩᠭ᠎ᠠ ᠬᠢᠵᠠᠭᠠᠷᠯᠠᠵᠤ᠂ ᠲᠠᠯᠬᠢᠬᠳᠠᠯ ᠤᠨ ᠴᠢᠨᠠᠷᠳᠠᠢ ᠡᠵᠡᠩᠨᠡᠯᠳᠡ ᠶᠢ ᠡᠷᠡᠰ ᠬᠤᠷᠢᠬᠯᠠᠨ᠂ ︽ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠳᠠ ᠶᠢᠨ ᠠᠷᠭ᠎ᠠ︾᠎ ᠶᠢ ᠲᠤᠬᠳᠠᠭᠠᠵᠤ᠂ ᠡᠪᠡᠰᠦ ᠬᠠᠳᠤᠵᠤ ᠨᠦᠭᠡᠴᠡᠯᠡᠬᠦ ᠪᠠ ᠨᠤᠳᠤᠭ ᠪᠡᠯᠴᠢᠭᠡᠷ ᠢᠶᠠᠨ ᠲᠦᠷᠢᠶᠡᠰᠦᠯᠡᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠭᠦᠯᠦᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠰᠠᠶᠢᠳᠤᠷ ᠬᠡᠷᠡᠭᠵᠢᠭᠦᠯᠤᠨ᠂ 7.7 ᠲᠦᠮᠡᠨ ᠮᠤ᠋ ᠤᠢ ᠰᠢᠭᠤᠢ ᠶᠢᠨ ᠪᠦᠳᠦᠭᠡᠨ ᠪᠠᠶᠢᠭᠤᠯᠤᠯᠳᠠ᠂ 7500 ᠮᠤ᠋ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠳᠠ ᠪᠤᠯᠤᠨ 5 ᠲᠦᠮᠡᠨ ᠮᠤ᠋ ᠪᠢᠳᠡᠭᠦᠮᠵᠢᠯᠡᠨ ᠤᠶᠢᠵᠢᠭᠤᠯᠬᠤ ᠶᠢ ᠪᠡᠶᠡᠯᠡᠭᠦᠯᠵᠦ᠂ 2500 ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠤᠨ᠂ 5 ᠲᠦᠮᠡᠨ ᠣᠷᠳᠣᠳᠬᠠᠭᠰᠠᠨ ᠮᠧᠲᠷ ᠎ ᠤᠨ ᠭᠤᠤᠯᠳᠠᠯᠭ᠎ᠠ ᠲᠠᠢ ᠨᠡᠶᠢᠳᠡ ᠶᠢᠨ ᠠᠰᠢᠬᠳᠤ ᠤᠢ ᠶᠢ ᠬᠦᠷᠢᠶᠡᠯᠡᠨ ᠬᠠᠮᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠤᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠳᠣᠭᠤᠷᠢᠭ᠂ ᠭᠤᠤᠯᠳᠠᠯᠭ᠎ᠠ ᠎ ᠲᠠᠢ ᠠᠮᠢ ᠠᠬᠤᠢ ᠶᠢᠨ ᠴᠢᠳᠠᠪᠬᠢ ᠶᠢᠨ ᠤᠷᠤᠨ ᠪᠤᠯᠤᠨ ᠤᠯᠤᠰ ᠪᠠ ᠮᠤᠵᠢ ᠶᠢᠨ ᠵᠠᠮ ᠤᠨ ᠬᠤᠶᠠᠷ ᠬᠠᠵᠠᠭᠤ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠪᠠᠭ᠎ᠠ ᠵᠢᠭᠠᠰᠤᠳᠠᠢ ᠨᠠᠭᠤᠷ ᠤᠨ ᠡᠷᠬᠢᠨ ᠲᠤᠭᠤᠷᠢᠨ ᠳᠠᠬᠢ ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠯᠡᠰᠤᠨ ᠤ ᠡᠬᠢ ᠶᠢ ᠵᠠᠰᠠᠬᠤ ᠢᠨᠵᠧᠨᠧᠷᠢᠩ ᠤᠨ ᠲᠤᠭᠤᠷᠢᠨ ᠳᠤ ᠨᠢᠰᠬᠡᠯ ᠢᠶᠠᠷ ᠤᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠲᠤᠬᠳᠠᠪᠤᠷᠢᠵᠢᠭᠤᠯᠬᠤ ᠵᠡᠷᠭᠡ ᠲᠦᠰᠦᠯ ᠢ ᠨᠡᠶᠢᠯᠡᠭᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠬᠡᠪᠡᠯᠢ ᠳᠤ ︽ᠵᠠᠭᠤᠨ ᠲᠦᠮᠡᠨ ᠮᠤ᠋ ᠶᠢᠨ ᠰᠢᠷ᠎ᠠ ᠪᠤᠷᠭᠠᠰᠤᠨ ᠤ ᠰᠠᠭᠤᠷᠢᠨ ᠭᠠᠵᠠᠷ︾ ᠪᠠ ︽ᠵᠠᠭᠤᠨ ᠲᠦᠮᠡᠨ ᠮᠤ᠋ ᠶᠢᠨ ᠪᠤᠳᠠ ᠮᠤᠳᠤᠨ ᠤ ᠰᠠᠭᠤᠷᠢᠨ ᠭᠠᠵᠠᠷ︾᠎ ᠢ ᠪᠠᠶᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃  ᠪᠤᠬᠢᠷᠳᠤᠯ ᠢ ᠵᠠᠰᠠᠬᠤ ᠎ ᠶᠢ ᠪᠦᠬᠦ ᠲᠠᠯ᠎ᠠ ᠪᠠᠷ ᠴᠢᠩᠭᠠᠳᠬᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ ᠵᠦᠷᠢᠴᠡᠭᠰᠡᠨ ᠲᠦᠰᠦᠯ ᠢ ᠴᠡᠪᠡᠷᠯᠡᠨ ᠴᠡᠭᠴᠡᠯᠡᠬᠦ ᠶᠢ ᠪᠡᠶᠡᠯᠡᠭᠦᠯᠵᠦ᠂ ᠤᠷᠴᠢᠨ ᠲᠤᠭᠤᠷᠢᠨ ᠤ ᠬᠠᠤᠯᠢ ᠶᠢ ᠵᠦᠷᠢᠴᠡᠭᠰᠡᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠰᠢᠢᠳᠬᠡᠨ᠎ᠡ᠃ ᠴᠠᠬᠢᠯᠭᠠᠨ ᠦᠢᠯᠡᠳᠪᠦᠷᠢ ᠶᠢᠨ ᠡᠨᠧᠷᠬᠢ ᠠᠷᠪᠢᠯᠠᠵᠤ ᠪᠤᠬᠢᠷᠳᠤᠯ ᠢ ᠭᠠᠳᠠᠬᠰᠢᠯᠠᠭᠤᠯᠬᠤ ᠮᠡᠷᠭᠡᠵᠢᠯ ᠎ ᠤᠨ ᠦᠭᠡᠷᠡᠴᠢᠯᠡᠯᠳᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠡᠮ᠂ ᠬᠢᠮᠢ ᠶᠢᠨ ᠪᠤᠷᠳᠤᠭᠤᠷ᠂ ᠰᠦᠯᠢᠶᠤᠤ ᠪᠦᠷᠬᠦᠪᠴᠢ ᠎ ᠶᠢᠨ ᠬᠡᠷᠡᠭᠯᠡᠭᠡ ᠶᠢ ᠪᠠᠭᠠᠰᠬᠠᠵᠤ᠂ ᠪᠤᠬᠢᠷᠳᠤᠯ ᠦᠭᠡᠢ ᠠᠭᠤᠷᠬᠠᠢ ᠪᠡ ᠡᠶ᠎ᠡ ᠵᠤᠬᠢᠴᠠᠯᠳᠤ ᠠᠭᠤᠷᠬᠠᠢ ᠶᠢᠨ ᠲᠤᠭᠤᠷᠢᠭ ᠢ ᠪᠠᠶᠢᠭᠤᠯᠤᠨ᠎ᠠ᠃ ᠰᠢᠨ᠎ᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠶᠢ ᠯᠠᠪᠳᠠᠭᠤᠨ ᠪᠠᠳᠤᠳᠠᠢ ᠦᠷᠨᠢᠭᠦᠯᠦᠨ᠂ ᠭᠤᠤᠯᠳᠠᠯᠭ᠎ᠠ ᠎ ᠲᠠᠢ ᠠᠵᠤ ᠠᠬᠤᠶᠢᠯᠠᠯ ᠤᠨ ᠪᠤᠬᠢᠷᠳᠤᠯ ᠤᠨ ᠰᠤᠷᠪᠤᠯᠵᠢ ᠶᠢᠨ ᠠᠬᠤᠢ ᠲᠠᠯᠠᠪᠠᠢ ᠳᠠᠬᠢ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠳᠤ ᠲᠤᠬᠢᠷᠠᠮᠵᠢᠳᠠᠢ ᠲᠦᠬᠦᠭᠡᠷᠦᠮᠵᠢ ᠶᠢᠨ ᠬᠡᠷᠡᠭᠯᠡᠯᠳᠡ ᠶᠢᠨ ᠨᠤᠷᠮ᠎ᠠ ᠶᠢ 95%᠎ ᠠᠴᠠ ᠲᠡᠭᠡᠭᠰᠢ ᠳᠤ ᠬᠦᠷᠭᠡᠵᠦ᠂ ᠪᠠᠷᠢᠮᠵᠢᠶᠠᠨ ᠳᠤ ᠬᠦᠷᠦᠭᠰᠡᠨ ᠨᠤᠷᠮ᠎ᠠ ᠶᠢ 100 %᠎ ᠳᠤ ᠬᠦᠷᠭᠡᠨ᠎ᠡ᠃          ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠪᠠ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ          ᠠᠵᠤ ᠠᠬᠤᠢ ᠶᠢᠨ ᠲᠤᠬᠳᠠᠭᠤᠨ ᠨᠡᠮᠡᠭᠳᠡᠯ ᠢ ᠪᠠᠳᠤᠯᠠᠬᠤ ᠳᠤ ᠰᠠᠭᠤᠷᠢᠯᠠᠨ᠂ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠴᠢᠩᠭᠠᠳᠬᠠᠵᠤ᠂ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠭ᠎ᠠ ᠶᠢ ᠡᠷᠴᠢᠮᠵᠢᠭᠦᠯᠦᠨ᠂ ᠠᠵᠤ ᠠᠬᠤᠢ ᠶᠢᠨ ᠬᠦᠭᠵᠢᠯᠳᠡ ᠶᠢᠨ ᠲᠤᠬᠳᠠᠭᠤᠨ ᠤ ᠲᠤᠮᠳᠠ ᠰᠠᠶᠢᠵᠢᠷᠠᠯᠳᠠ ᠲᠠᠢ ᠪᠤᠯᠬᠤ᠂ ᠲᠤᠬᠳᠠᠭᠤᠨ ᠤ ᠲᠤᠮᠳᠠ ᠲᠡᠰ ᠲᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠤᠯ ᠴᠤᠬᠴᠠ ᠎ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ ᠲᠠᠪᠠᠭᠤᠯᠢᠭ ᠲᠠᠭᠠᠭᠤᠯᠤᠬᠴᠢ ᠠᠵᠤ ᠦᠢᠯᠡᠰ ᠢ ᠪᠠᠬᠢᠵᠢᠭᠦᠯᠦᠨ ᠬᠦᠭᠵᠢᠬᠦᠯᠬᠦ ᠪᠠ ᠦᠯᠡᠬᠦᠦ ᠦᠢᠯᠡᠳᠪᠦᠷᠢᠯᠡᠯ ᠤᠨ ᠴᠢᠳᠠᠪᠬᠢ ᠶᠢᠨ ᠬᠤᠭᠤᠷᠤᠨᠳᠤᠬᠢ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ ᠱᠠᠩᠳᠤ ᠴᠠᠬᠢᠯᠭᠠᠨ ᠦᠢᠯᠡᠳᠪᠤᠷᠢ ᠶᠢᠨ ᠪᠦᠬᠦ ᠵᠢᠯ ᠤᠨ ᠴᠠᠬᠢᠯᠭᠠᠨ ᠭᠠᠷᠭᠠᠯᠳᠠ ᠶᠢᠨ ᠬᠡᠮᠵᠢᠶ᠎ᠡ ᠶᠢ 163 ᠳ᠋ᠦᠩᠰᠢᠭᠤᠷ ᠺᠷᠡᠳᠦ᠋ᠰ ᠲᠤ ᠬᠦᠷᠭᠡᠬᠦ ᠪᠠᠷ ᠴᠢᠷᠮᠠᠶᠢᠨ᠂ ᠰᠠᠯᠬᠢᠨ ᠴᠠᠬᠢᠯᠭᠠᠨ᠂ ᠭᠡᠷᠡᠯᠯᠢᠭ ᠴᠠᠬᠢᠯᠭᠠᠨ ᠵᠡᠷᠭᠡ ᠰᠢᠨ᠎ᠡ ᠡᠨᠧᠷᠬᠢ ᠶᠢᠨ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠩ ᠠᠷᠪᠢᠨ ᠴᠠᠬᠢᠯᠭᠠᠨ ᠭᠠᠷᠭᠠᠬᠤ ᠨᠤᠷᠮ᠎ᠠ ᠶᠢ ᠤᠯᠬᠤ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠪᠦᠬᠦᠨ ᠢ ᠠᠰᠢᠬᠯᠠᠯᠳᠠ ᠳᠤ ᠣᠷᠣᠭᠤᠯᠬᠤ ᠶᠢ ᠠᠬᠢᠭᠤᠯᠤᠨ᠂ ᠡᠭᠦᠨ ᠤ ᠤᠯᠠᠮ ᠢᠶᠠᠷ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠲᠠᠶᠢᠴᠢᠯᠠᠵᠤ᠂ ᠠᠵᠤ ᠠᠬᠤᠶᠢᠯᠠᠯ ᠢ ᠬᠡᠪᠴᠢᠶᠡᠵᠢᠯ ᠠᠴᠠ ᠲᠡᠭᠡᠭᠰᠢᠬᠢ ᠪᠠᠷᠢᠮᠵᠢᠶᠠᠨ ᠳᠤ ᠬᠦᠷᠭᠡᠬᠦ ᠬᠦᠴᠦᠯᠡᠴᠡ ᠶᠢ ᠨᠡᠮᠡᠭᠳᠡᠭᠦᠯᠦᠨ᠂ ᠵᠢᠯ ᠤᠨ ᠲᠤᠳᠤᠷ᠎ᠠ 3 — 5 ᠡᠷᠦᠬᠡ ᠠᠵᠤ ᠠᠬᠤᠶᠢᠯᠠᠯ ᠢ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠭᠡᠨ ᠳᠤ ᠤᠷᠤᠭᠤᠯᠤᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠵᠠᠮ᠂ ᠤᠰᠤ᠂ ᠪᠤᠬᠢᠷ ᠢ ᠭᠠᠳᠠᠬᠰᠢᠯᠠᠭᠤᠯᠬᠤ᠂ ᠨᠡᠶᠢᠳᠡ ᠶᠢᠨ ᠲᠤᠯᠠᠭᠠᠯᠭ᠎ᠠ᠂ ᠨᠤᠭᠤᠭᠠᠷᠠᠭᠤᠯᠤᠯᠳᠠ ᠵᠡᠷᠭᠡ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠵᠢᠯ ᠤᠷᠤᠨ ᠎ ᠤ ᠲᠡᠰ ᠤᠨ ᠠᠵᠤ ᠦᠢᠯᠡᠳᠪᠦᠷᠢ ᠶᠢᠨ ᠲᠤᠭᠤᠷᠢᠭ ᠢᠶᠠᠷ ᠲᠡᠰ ᠲᠡᠪᠰᠢᠭᠦᠯᠦᠨ ᠡᠷᠡᠮᠡᠯᠵᠡᠯᠡᠨ ᠮᠡᠳᠡᠭᠦᠯᠬᠦ ᠪᠠᠷ ᠴᠢᠷᠮᠠᠶᠢᠵᠤ᠂ ᠶᠤᠸᠠᠨ ᠤ ᠲᠡᠭᠡᠳᠦ ᠨᠠᠶᠢᠰᠯᠠᠯ ᠤᠨ ᠦᠨᠳᠦᠰᠦᠳᠡᠨ ᠤ ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠨᠡᠩ ᠤᠯᠠᠨ ᠠᠵᠤ ᠠᠬᠤᠶᠢᠯᠠᠯ ᠢ ᠲᠠᠳᠠᠨ ᠰᠠᠭᠤᠷᠢᠰᠢᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠨᠡ ᠵᠢᠯ ᠮᠠᠨ ᠤ ᠬᠤᠰᠢᠭᠤ ᠨᠢ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠰᠦᠯ ᠢ 81 ᠵᠤᠷᠪᠤᠰ ᠠᠬᠢᠭᠤᠯᠬᠤ ᠎ ᠪᠠᠷ ᠲᠦᠯᠦᠪᠯᠡᠵᠦ᠂ ᠡᠭᠦᠨ ᠳᠤ ᠭᠤᠤᠯᠳᠠᠯᠭ᠎ᠠ ᠲᠠᠢ ᠲᠦᠰᠦᠯ 40 ᠵᠤᠷᠪᠤᠰ ᠪᠠᠶᠢᠵᠤ᠂ 39.1 ᠳ᠋ᠦᠩᠰᠢᠭᠤᠷ ᠲᠦᠭᠦᠷᠢᠭ ᠎ ᠤᠨ ᠪᠡᠯᠡ ᠤᠷᠤᠭᠤᠯᠬᠤ ᠪᠠᠷ ᠲᠦᠯᠦᠪᠯᠡᠵᠦ ᠪᠤᠢ᠃ ᠭᠠᠵᠠᠷ ᠤᠨ ᠲᠡᠰ ᠤᠨ ᠤᠳᠤᠷᠢᠳᠬᠤ ᠺᠠᠳ᠋ᠷ ᠭᠤᠤᠯᠳᠠᠯᠭ᠎ᠠ ᠲᠠᠢ ᠲᠦᠰᠦᠯ ᠲᠠᠢ ᠬᠠᠷᠢᠯᠴᠠᠬᠤ ᠠᠵᠢᠯ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠲᠦᠰᠦᠯ`᠎ ᠤᠨ ᠠᠵᠢᠯ ᠤᠨ ᠴᠠᠭ ᠢ ᠲᠤᠩᠭᠤᠷᠠᠭᠤ ᠵᠢᠬᠰᠠᠭᠠᠨ᠂ ᠬᠦᠢᠴᠡᠳᠭᠡᠯ ᠨᠤᠷᠮ᠎ᠠ ᠶᠢ ᠬᠡᠷᠡᠮ ᠲᠡᠭᠡᠷ᠎ᠡ ᠭᠠᠷᠭᠠᠬᠤ ᠶᠢ ᠪᠠᠷᠢᠮᠳᠠᠯᠠᠨ᠎ᠠ᠃ ᠱᠠᠩᠳᠤ ᠴᠠᠬᠢᠯᠭᠠᠨ ᠦᠢᠯᠡᠳᠪᠦᠷᠢ ᠶᠢᠨ ᠲᠦᠷᠪᠡᠳᠦᠭᠡᠷ ᠬᠤᠭᠤᠴᠠᠭᠠᠨ ᠤ ᠲᠦᠰᠦᠯ ᠢ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ ᠴᠠᠬᠢᠯᠭᠠᠨ ᠡᠭᠦᠰᠬᠡᠭᠴᠢ ᠴᠡᠭ ᠤᠨ ᠬᠦᠭᠵᠢᠯᠳᠡ ᠶᠢᠨ ᠲᠦᠯᠦᠪᠵᠢᠭᠦᠯᠭᠡ︾ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠴᠠᠬᠢᠯᠭᠠᠨ ᠲᠤᠤᠷ ᠤᠨ ᠲᠦᠯᠦᠪᠵᠢᠭᠦᠯᠭᠡ︾᠎ ᠳᠤ ᠤᠷᠤᠭᠤᠯᠬᠤ ᠪᠠᠷ ᠴᠢᠷᠮᠠᠶᠢᠨ᠂ ᠤᠯᠤᠰ ᠤᠨ ᠴᠠᠬᠢᠯᠭᠠᠨ ᠤ ᠯᠦᠩ ᠶᠤᠸᠠᠨ ᠂ ᠬᠤᠸᠠ ᠶᠢ ᠰᠠᠯᠬᠢᠨ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ ᠮᠠᠲ᠋ᠧᠷᠢᠶᠠᠯ᠂ ᠹᠦ᠋ ᠶᠠᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠰᠦᠯ ᠤᠨ ᠪᠦᠳᠦᠭᠡᠨ ᠪᠠᠶᠢᠭᠤᠯᠤᠯᠳᠠ ᠎ ᠪᠠᠨ ᠡᠬᠢᠯᠡᠭᠦᠯᠬᠦ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠤᠰ ᠵᠢᠯ ᠳᠤ 33 ᠳ᠋ᠦᠩᠰᠢᠭᠤᠷ ᠲᠦᠭᠦᠷᠢᠭ ᠤᠨ ᠠᠶᠢᠮᠠᠭ ᠤᠨ ᠭᠠᠳᠠᠨᠠᠬᠢ ᠪᠡᠯᠡ ᠮᠦᠩᠭᠦ ᠶᠢ ᠲᠠᠳᠠᠨ ᠤᠷᠤᠭᠤᠯᠬᠤ ᠪᠠᠷ ᠴᠢᠷᠮᠠᠶᠢᠨ᠎ᠠ᠃ ᠨᠡᠩ ᠲᠡᠭᠦᠯᠳᠡᠷᠵᠢᠭᠰᠡᠨ ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠴᠠᠬᠢᠯᠭᠠᠨ ᠲᠤᠤᠷ ᠢ ᠲᠠᠰ ᠲᠡᠪᠰᠢᠭᠦᠯᠦᠨ ᠦᠭᠡᠷᠡᠴᠢᠯᠡᠬᠦ ᠪᠠ ᠱᠠᠩᠳᠤ ᠪᠠᠯᠭᠠᠰᠤᠨ ᠤ 110 ᠺᠢᠯᠤᠸᠤᠯᠲ ᠤᠨ ᠬᠦᠴᠦᠳᠡᠯ ᠦᠭᠡᠷᠡᠴᠢᠯᠡᠬᠦ ᠦᠷᠳᠡᠭᠡ ᠶᠢ ᠦᠷᠭᠡᠳᠭᠡᠨ ᠪᠠᠶᠢᠭᠤᠯᠬᠤ ᠵᠡᠷᠭᠡ ᠴᠠᠬᠢᠯᠭᠠᠨ ᠬᠦᠴᠦᠨ ᠤ ᠲᠦᠰᠦᠯ ᠢ ᠠᠬᠢᠭᠤᠯᠵᠤ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ ᠢ ᠡᠨᠡ ᠵᠢᠯ ᠪᠠᠶᠢᠭᠤᠯᠵᠤ ᠲᠠᠭᠤᠰᠬᠠᠨ ᠠᠰᠢᠬᠯᠠᠯᠳᠠ ᠳᠤ ᠤᠷᠤᠭᠤᠯᠤᠨ᠂ ᠬᠠᠪᠢᠷᠭ᠎ᠠ ᠠᠴᠠ ᠰᠢᠯᠤᠭᠤᠨ ᠬᠦᠪᠡᠭᠡᠳᠦ ᠴᠠᠭᠠᠨ ᠬᠤᠰᠢᠭᠤ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠬᠦ ᠶᠢᠨ ᠬᠠᠮᠳᠤ ᠱᠠᠩᠳᠤ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ᠂ ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠤᠨ ᠲᠦᠰᠦᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ ᠶᠢ ᠠᠬᠢᠭᠤᠯᠤᠨ᠎ᠠ᠃  ᠪᠡᠯᠡ ᠬᠤᠷᠠᠮᠳᠤᠭᠤᠯᠬᠤ ᠬᠡᠯᠪᠡᠷᠢ ᠮᠠᠶ᠋ᠢᠭ ᠢ ᠰᠢᠨᠡᠴᠢᠯᠡᠨ᠎ᠡ᠃ ᠠᠵᠤ ᠠᠬᠤᠶᠢᠯᠠᠯ ᠤᠨ ᠢᠳᠡᠭᠡᠮᠵᠢᠳᠦ ᠰᠢᠰᠲ᠋ᠧᠮ ᠢ ᠪᠠᠶᠢᠭᠤᠯᠤᠨ᠂ ︽ᠬᠠᠷᠢᠯᠴᠠᠨ ᠬᠠᠪᠰᠤᠷᠤᠯᠴᠠᠬᠤ ᠪᠠᠳᠤᠯᠠᠭᠠᠳᠤ ᠵᠢᠭᠡᠯᠡᠯᠭᠡ︾ ᠵᠡᠷᠭᠡ ᠮᠦᠩᠭᠦᠨ ᠭᠦᠢᠯᠭᠡᠭᠡᠨ ᠤ ᠲᠤᠬᠠᠶᠢᠯᠠᠬᠰᠠᠨ ᠠᠵᠢᠯ ᠢ ᠰᠠᠶᠢᠳᠤᠷ ᠬᠢᠵᠦ᠂ ᠮᠦᠩᠭᠦᠨ ᠭᠦᠢᠯᠭᠡᠭᠡᠨ ᠤ ᠪᠤᠳᠠᠳᠤ ᠠᠵᠤ ᠠᠬᠤᠢ ᠶᠢᠨ ᠬᠦᠭᠵᠢᠯᠳᠡ ᠶᠢ ᠲᠡᠮᠵᠢᠬᠦ ᠶᠠᠰᠤ ᠴᠢᠨᠠᠷ ᠪᠠ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠤ ᠭᠠᠷᠬᠤ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ︽ᠰᠢᠨ᠎ᠡ ᠭᠤᠷᠪᠠᠨ ᠲᠠᠪᠴᠠᠩ︾᠎ ᠤᠨ ᠫᠠᠶᠢᠰᠠ ᠡᠯᠭᠦᠭᠦ ᠶᠢ ᠵᠤᠷᠢᠬᠵᠢᠭᠤᠯᠤᠨ᠎ᠠ︔ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠳᠤᠷᠠᠯᠴᠠᠬᠤ ᠬᠡᠯᠪᠡᠷᠢ ᠮᠠᠶ᠋ᠢᠭ ᠢ ᠰᠢᠨᠡᠴᠢᠯᠡᠨ᠂ ᠬᠤᠰᠢᠭᠤ ᠲᠤᠭᠤᠷᠢᠭ ᠤᠨ ᠮᠦᠩᠭᠦᠨ ᠭᠦᠢᠯᠭᠡᠭᠡᠨ ᠤ ᠢᠨᠵᠧᠨᠧᠷᠢᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠦᠰᠦᠯ ᠢ ᠠᠬᠢᠭᠤᠯᠵᠤ᠂ ᠶᠤᠸᠠᠨ ᠤ ᠲᠡᠭᠡᠳᠦ ᠨᠡᠶᠢᠰᠯᠡᠯ ᠤᠨ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠳᠠ ᠶᠢᠨ ᠺᠤᠮᠫᠠᠨᠢ ᠵᠡᠷᠭᠡ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠡᠳ᠋ ᠤᠨ ᠵᠠᠰᠠᠭ ᠤᠨ ᠪᠡᠯᠡ ᠮᠦᠩᠭᠦᠨ ᠤ ᠲᠠᠭᠠᠭᠤᠯᠬᠤ ᠦᠢᠯᠡᠳᠦᠯ ᠢ ᠦᠷᠭᠡᠳᠭᠡᠵᠦ᠂ ppp᠎ ᠶᠢᠨ ᠬᠡᠪ ᠵᠠᠭᠪᠤᠷ ᠢᠶᠠᠷ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠷᠦᠩᠬᠡ ᠶᠢᠨ ᠬᠠᠮᠳᠣᠷᠠᠯᠴᠠᠭ᠎ᠠ ᠶᠢ ᠠᠬᠢᠭᠤᠯᠵᠤ᠂ ᠨᠡᠶᠢᠭᠡᠮ ᠤᠨ ᠪᠡᠯᠡ ᠤᠷᠤᠭᠤᠯᠤᠯᠳᠠ ᠎ ᠶᠢᠨ ᠲᠠᠯᠳᠠ ᠴᠢᠳᠠᠪᠤᠷᠢ ᠶᠢ ᠤᠯᠠᠮ ᠨᠢᠬᠡ ᠠᠯᠬᠤᠮ ᠪᠠᠳᠠᠷᠠᠭᠤᠯᠤᠨ᠂ ᠨᠡᠩ ᠠᠷᠪᠢᠨ ᠨᠡᠶᠢᠭᠡᠮ ᠤᠨ ᠬᠦᠷᠦᠩᠭᠡ ᠶᠢ ᠰᠠᠭᠤᠷᠢ ᠲᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠪᠠᠶᠢᠭᠤᠯᠤᠯᠳᠠ ᠳᠤ ᠤᠷᠤᠭᠤᠯᠬᠤ ᠶᠢᠨ ᠬᠠᠮᠳᠤ ᠡᠯ᠎ᠡ ᠵᠦᠢᠯ ᠎ ᠤᠨ ᠲᠦᠭᠰᠢᠭᠦᠷᠢ ᠶᠢᠨ ᠰᠤᠷᠪᠤᠯᠵᠢ ᠶᠢ ᠪᠠᠶᠢᠴᠠᠭᠠᠨ ᠰᠤᠳᠤᠯᠤᠨ ᠮᠠᠭᠠᠳᠯᠠᠬᠤ ᠪᠠ ᠬᠢᠨᠠᠨ ᠬᠡᠮᠵᠢᠵᠦ ᠤᠷᠢᠳᠴᠢᠯᠡᠨ ᠰᠡᠷᠡᠮᠵᠢᠯᠡᠭᠦᠯᠬᠦ ᠶᠢ ᠴᠢᠩᠭᠠᠳᠬᠠᠨ᠂ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠵᠦ ᠨᠠᠮᠳᠠᠭᠤᠯᠤᠨ᠎ᠠ᠃ ᠠᠵᠤ ᠦᠢᠯᠡᠰ ᠤᠨ ᠲᠡᠰ ᠲᠡᠪᠰᠢᠯᠳᠡ ᠪᠠ ᠰᠢᠨᠡᠴᠢᠯᠡᠯᠳᠡ ᠶᠢᠨ ᠬᠦᠳᠡᠯᠭᠡᠬᠦ ᠬᠦᠴᠦᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠵᠦᠷᠢᠶᠡᠳᠠᠢ᠂ ᠨᠠᠷᠢᠯᠢᠭ ᠤᠨᠤᠪᠴᠢᠳᠠᠢ ᠠᠵᠤ ᠦᠢᠯᠡᠰ ᠤᠨ ᠲᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠬᠦᠮᠦᠵᠢᠭᠦᠯᠦᠨ ᠪᠤᠵᠠᠭᠠᠶᠢᠷᠠᠭᠤᠯᠤᠨ᠎ᠠ᠃ ᠨᠡᠭᠦᠷᠡᠰᠦᠨ ᠨᠤᠨᠳᠠᠭ᠂ ᠬᠦᠬᠦᠷ ᠠᠷᠢᠯᠭᠠᠬᠰᠠᠨ ᠵᠤᠭᠠᠩ ᠵᠡᠷᠭᠡ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠬᠳᠠᠮᠠᠯ ᠢ ᠶᠡᠷᠦᠩᠬᠡᠶᠢᠯᠡᠨ ᠨᠡᠭᠡᠭᠡᠨ ᠠᠰᠢᠬᠯᠠᠬᠤ ᠪᠠᠷ ᠭᠤᠤᠯ ᠪᠤᠯᠭᠠᠬᠰᠠᠨ ᠤᠷᠴᠢᠯᠳᠤ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ ᠂ ᠲᠦᠬᠦᠭᠡᠷᠤᠮᠵᠢ ᠦᠢᠯᠡᠳᠬᠦ᠂ ᠪᠤᠬᠢᠷᠳᠤᠯ ᠦᠭᠡᠢ ᠴᠡᠪᠡᠷ ᠡᠨᠧᠷᠬᠢ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠭᠦᠨ ᠡᠳ᠋ᠰᠢᠭᠦᠯᠬᠦ ᠵᠡᠷᠭᠡ ᠠᠵᠤ ᠠᠬᠤᠶᠢᠯᠠᠯ ᠢ ᠢᠳᠡᠪᠬᠢᠳᠠᠢ ᠲᠠᠳᠠᠨ ᠤᠷᠤᠭᠤᠯᠵᠤ᠂ ᠤᠯᠠᠮᠵᠢᠯᠠᠯᠳᠤ ᠠᠵᠤ ᠦᠢᠯᠡᠰ ᠤᠨ ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠪᠠᠷ ᠬᠢ ᠤᠷᠤᠭᠤᠯᠤᠯᠳᠠ ᠎ ᠪᠠᠨ ᠨᠡᠮᠡᠭᠳᠡᠭᠦᠯᠬᠦ ᠶᠢ ᠵᠤᠷᠢᠬᠵᠢᠭᠤᠯᠤᠨ᠂ ᠤᠷᠤᠨ ᠤ ᠳᠣᠳᠣᠨ᠎ᠠ ᠭᠠᠳᠠᠨᠠᠬᠢ ᠶᠡᠭᠡ ᠲᠡᠭᠡᠳᠦ ᠰᠤᠷᠭᠠᠭᠤᠯᠢ ᠪᠤᠯᠤᠨ ᠡᠷᠳᠡᠮ ᠰᠢᠨᠵᠢᠯᠡᠭᠡᠨ ᠤ ᠬᠦᠷᠢᠶᠡᠯᠡᠩ ᠲᠠᠢ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠬᠤ ᠪᠠᠷ ᠴᠢᠷᠮᠠᠶᠢᠨ᠂ ᠵᠠᠩᠬᠢᠯᠠᠭ᠎ᠠ ᠶᠢᠨ ᠴᠢᠨᠠᠷᠳᠠᠢ ᠮᠡᠷᠭᠡᠵᠢᠯ ᠤᠨ ᠪᠤᠭᠤᠮᠳᠠ ᠰᠢᠪᠳᠤᠯᠬᠤ ᠪᠠ ᠬᠡᠷᠡᠭᠯᠡᠭᠡᠨ ᠤ ᠦᠷ᠎ᠡ ᠪᠦᠳᠦᠮᠵᠢ ᠶᠢᠨ ᠬᠤᠪᠢᠷᠠᠭᠠᠯᠳᠠ ᠶᠢ ᠠᠬᠢᠭᠤᠯᠤᠨ᠎ᠠ᠃   (ᠲᠦᠷᠪᠡ)ᠰᠤᠶᠤᠯ ᠵᠢᠭᠤᠯᠴᠢᠯᠠᠯ ᠤᠨ ᠦᠢᠯᠡᠰ ᠢ ᠪᠦᠬᠦ ᠬᠦᠴᠦᠨ ᠢᠶᠠᠷ ᠢᠶᠠᠨ ᠬᠦᠭᠵᠢᠭᠦᠯᠵᠦ᠂ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃         ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠨᠡᠷᠡᠳᠣ ᠳᠡᠮᠳᠡᠭ ᠡᠭᠦᠳᠬᠦ ᠳᠤ ᠰᠠᠭᠤᠷᠢᠯᠠᠨ᠂ ︽ᠲᠠᠯ᠎ᠠ ᠨᠤᠳᠤᠭ ᠤᠨ ᠰᠤᠶᠤᠯ ᠤᠨ ᠤᠨᠴᠠᠯᠢᠭ ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ ᠪᠦᠷᠢᠯᠳᠦᠭᠦᠯᠦᠭᠰᠡᠨ ᠵᠢᠭᠤᠯᠴᠢᠯᠠᠯ᠂ ᠠᠮᠠᠷᠠᠯᠳᠠ ᠰᠡᠯᠡᠬᠦᠴᠡᠯ ᠤᠨ ᠰᠠᠭᠤᠷᠢᠨ ᠭᠠᠵᠠᠷ︾᠎ ᠢ ᠪᠦᠳᠦᠭᠡᠨ ᠪᠠᠶᠢᠭᠤᠯᠬᠤ ᠦᠨᠳᠦᠷᠴᠡ ᠠᠴᠠ᠂ ᠰᠣᠶᠣᠯ ᠵᠢᠭᠤᠯᠴᠢᠯᠠᠯ ᠤᠨ ᠦᠢᠯᠡᠰ ᠢᠶᠠᠷ ᠳᠣᠯᠣᠭᠠᠶᠢᠯᠠᠭᠴᠢ ᠪᠤᠯᠭᠠᠭᠰᠠᠨ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠲᠦᠷᠭᠡᠨ ᠬᠦᠭᠵᠢᠯᠳᠡ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠲᠦᠰᠦᠯ ᠤᠨ ᠪᠠᠶᠢᠭᠤᠯᠤᠯᠳᠠ ᠶᠢ ᠪᠦᠬᠦ ᠬᠦᠴᠦᠨ ᠎ ᠢᠶᠠᠷ ᠢᠶᠠᠨ ᠠᠬᠢᠭᠤᠯᠤᠨ᠎ᠠ᠃ ︽ᠰᠢᠯᠤᠭᠤᠨ ᠬᠦᠬᠡ ᠬᠤᠰᠢᠭᠤᠨ ᠤ ᠲᠡᠣᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠵᠢᠴᠢ ᠵᠢᠭᠤᠯᠴᠢᠯᠠᠯ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠭᠦᠯᠭᠡ︾ ᠪᠠ ︽ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠦᠵᠡᠭᠦᠯᠦᠯᠭᠡ ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ︾᠎ ᠶᠢ ᠪᠡᠶᠡᠯᠡᠭᠦᠯᠦᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠣᠨᠴᠠᠯᠢᠭᠳᠣ ᠰᠣᠶᠣᠯ ᠤᠨ ᠠᠵᠤ ᠦᠢᠯᠡᠰ ᠤᠨ ᠪᠦᠰᠡ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠶᠤᠸᠠᠨ ᠎ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠦ ᠤᠷᠤᠨ ᠤ ᠬᠠᠮᠠᠭᠠᠯᠠᠯᠳᠠ ᠪᠠ ᠢᠵᠢ ᠪᠦᠷᠢᠳᠦᠭᠰᠡᠨ ᠲᠦᠬᠦᠭᠡᠷᠦᠮᠵᠢ ᠎ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠤᠯᠠᠭᠠᠨᠳᠠᠢ ᠤᠪᠤᠭ᠎ᠠ ᠶᠢ ᠰᠡᠷᠭᠦᠭᠡᠨ᠂ ᠬᠤᠪᠢᠯᠠᠢ ᠺᠢᠨᠤ᠋ ᠲᠧᠯᠸᠢᠰ ᠰᠡᠭᠦᠳᠡᠷᠯᠡᠬᠦ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ ᠲᠧᠯᠸᠢᠰ ᠵᠦᠴᠦᠭᠡ ︽ᠬᠤᠪᠢᠯᠠᠢ︾᠎ ᠶᠢ ᠡᠬᠢᠯᠡᠨ ᠰᠡᠭᠦᠳᠡᠷᠯᠡᠵᠦ᠂ ᠶᠤᠸᠠᠨ ᠱᠠᠩ ᠲᠢᠶᠠᠨ ᠳ᠋ᠢ ᠦᠵᠡᠮᠵᠢᠳᠦ ᠤᠷᠤᠨ᠂ ᠱᠠᠩᠳᠤ ᠨᠠᠭᠤᠷ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢᠳᠦ ᠤᠷᠤᠨ᠂ ᠠᠽᠢᠶ᠎ᠠ ᠲᠢᠪ ᠤᠨ ᠪᠠ ᠬᠠ ᠬᠡᠬᠡᠷᠡᠯᠡᠨ ᠠᠶᠠᠯᠠᠬᠤ ᠮᠠᠰᠢᠨ ᠲᠡᠷᠭᠡᠨ ᠤ ᠬᠦᠴᠦᠨ ᠵᠠᠯᠭᠠᠬᠤ ᠤᠷᠤᠯᠳᠤᠭᠠᠨ ᠵᠡᠷᠭᠡ ᠲᠦᠰᠦᠯ ᠢ ᠰᠢᠨ᠎ᠡ ᠠᠬᠢᠯᠳᠠ ᠲᠠᠢ ᠪᠤᠯᠭᠠᠵᠤ᠂ ᠰᠤᠶᠤᠯ ᠵᠢᠭᠤᠯᠴᠢᠯᠠᠯ ᠤᠨ ᠲᠦᠰᠦᠯ ᠤᠨ ᠶᠡᠷᠦᠩᠬᠡᠢ ᠪᠡᠯᠡ ᠤᠷᠤᠭᠤᠯᠤᠯᠳᠠ ᠶᠢ 3.3 ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠵᠢᠭᠤᠯᠴᠢᠯᠠᠯ ᠎ ᠤᠨ ᠦᠢᠯᠡᠴᠢᠯᠡᠭᠡᠨ ᠤ ᠦᠢᠯᠡᠰ ᠤᠨ ᠢᠵᠢ ᠪᠦᠷᠢᠳᠦᠭᠰᠡᠨ ᠲᠦᠭᠦᠭᠡᠷᠦᠮᠵᠢ ᠶᠢ ᠣᠯᠠᠮ ᠨᠢᠭᠡ ᠠᠯᠬᠤᠮ ᠲᠡᠭᠦᠯᠳᠡᠷᠵᠭᠦᠯᠦᠨ᠎ᠡ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠣ ᠣᠷᠣᠨ ᠤ ᠵᠢᠭᠤᠯᠴᠢᠯᠠᠯ ᠤᠨ ᠲᠦᠪᠯᠡᠷᠡᠭᠦᠯᠵᠦ ᠲᠠᠷᠬᠠᠭᠠᠬᠤ ᠲᠦᠪ᠂ ᠠᠰᠠᠭᠤᠨ ᠯᠠᠪᠯᠠᠬᠤ ᠲᠦᠪ ᠪᠤᠯᠤᠨ ᠦᠢᠯᠡᠴᠢᠯᠡᠭᠡᠨ ᠤ ᠲᠦᠪ ᠤᠨ ᠢᠵᠢ ᠪᠦᠷᠢᠳᠦᠭᠰᠡᠨ ᠪᠠᠶᠢᠭᠤᠯᠤᠯᠳᠠ ᠶᠢ ᠨᠡᠩ ᠲᠡᠭᠦᠯᠳᠡᠷᠵᠢᠭᠦᠯᠦᠨ᠂ ᠦᠵᠡᠮᠵᠢᠳᠦ ᠤᠷᠤᠨ ᠤ ᠴᠢᠳᠠᠪᠬᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠬᠤᠪᠢᠰᠬᠠᠯ ᠤᠨ ᠰᠠᠭᠤᠷᠢᠨ ᠭᠠᠵᠠᠷ ᠤᠨ ᠦᠵᠡᠮᠵᠢᠳᠣ ᠣᠷᠣᠨ᠂ ᠡᠯᠡᠰᠦᠨ ᠤ ᠪᠠᠶᠢᠭᠠᠯᠢ ᠶᠢᠨ ᠦᠵᠡᠮᠵᠢ ᠪᠠ ᠪᠠᠯᠠᠷ ᠣᠢ ᠶᠢᠨ ᠦᠵᠡᠮᠵᠢ ᠶᠢ ᠳᠣᠬᠢᠷᠠᠯᠴᠠᠭᠤᠯᠤᠨ᠂ ᠪᠦᠷᠢᠨ ᠲᠡᠭᠦᠯᠳᠡᠷ ᠵᠢᠭᠤᠯᠴᠢᠯᠠᠯ ᠤᠨ ᠵᠠᠮ ᠱᠣᠭᠤᠮ ᠢ ᠡᠭᠦᠳᠴᠦ᠂ ︽ᠨᠢᠭᠡ ᠭᠤᠤᠯ ᠤᠯᠠᠨ ᠴᠡᠭ︾ ᠪᠦᠬᠦᠢ ᠰᠤᠶᠤᠯ ᠵᠢᠭᠤᠯᠴᠢᠯᠠᠯ ᠤᠨ ᠪᠠᠶᠢᠷᠢᠰᠢᠯ ᠢ ᠪᠦᠷᠢᠯᠳᠦᠭᠦᠯᠦᠨ᠂ ᠪᠦᠬᠦ ᠵᠢᠯ ᠤᠨ ᠵᠢᠭᠤᠯᠴᠢᠳ ᠤᠨ ᠲᠤᠭ᠎ᠠ ᠶᠢ 62 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ ᠴᠢᠷᠮᠠᠶᠢᠵᠤ᠂ 3.8 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠦᠨ᠎ᠡ᠃ ᠡᠯᠡᠰᠦᠨ ᠵᠢᠷᠤᠭ᠂ ᠪᠤᠷᠭᠠᠰᠣᠨ ᠬᠦᠷᠦᠮᠠᠯ ᠵᠡᠷᠭᠡ ᠦᠨᠳᠦᠰᠦᠳᠡᠨ ᠤ ᠣᠨᠴᠠᠯᠢᠭᠳᠣ ᠭᠠᠷ ᠣᠷᠠᠯᠠᠯ ᠎ ᠤᠨ ᠪᠦᠳᠦᠭᠡᠭᠳᠡᠭᠦᠨ ᠤ ᠠᠵᠤ ᠠᠬᠤᠶᠢᠯᠠᠯ ᠤᠨ ᠬᠦᠭᠵᠢᠯᠳᠡ ᠶᠢ ᠪᠤᠵᠠᠭᠠᠶᠢᠷᠠᠭᠤᠯᠤᠨ᠎ᠡ︔ A ᠲᠡᠰ ᠤᠨ ᠦᠵᠡᠮᠵᠢᠳᠣ ᠤᠷᠤᠨ᠂ ︽ᠮᠠᠯᠴᠢᠨ ᠠᠶᠢᠯ︾ ᠪᠠ ︽ᠭᠡᠷ ᠪᠦᠯᠢ ᠶᠢᠨ ᠪᠠᠭᠤᠳᠠᠯ︾᠎ ᠤᠨ ᠡᠷᠡᠭᠦᠯ ᠬᠠᠮᠠᠭᠠᠯᠠᠯ ᠤᠨ ᠲᠦᠬᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠵᠢᠭᠤᠯᠴᠢᠯᠠᠯ ᠤᠨ ᠠᠵᠢᠯ ᠦᠢᠯᠡᠰ ᠡᠷᠬᠢᠯᠡᠵᠦ ᠪᠠᠶᠢᠭ᠎ᠠ ᠬᠦᠮᠦᠰ ᠢ ᠪᠤᠯᠪᠠᠰᠣᠷᠠᠭᠤᠯᠬᠤ ᠡᠷᠴᠢᠮ ᠢ ᠴᠢᠩᠭᠠᠳᠬᠠᠵᠤ᠂ ᠣᠬᠢ ᠰᠠᠶᠢᠨ ᠲᠦᠷᠢ ᠲᠦᠷᠬᠦ ᠶᠢ ᠪᠤᠢ ᠪᠤᠯᠭᠠᠨ᠎ᠠ᠃ ᠦᠢᠯᠡᠴᠢᠯᠡᠭᠡᠨ ᠤ ᠦᠢᠯᠡᠰ ᠤᠨ ︽ᠢᠨᠲ᠋ᠧᠷᠨ᠋ᠲ ᠰᠦᠯᠵᠢᠶ᠎ᠡ +︾᠎ ᠶᠢᠨ ᠬᠡᠪ ᠵᠠᠬᠪᠤᠷ ᠢ ᠢᠳᠡᠪᠬᠢᠳᠠᠢ ᠠᠬᠢᠭᠤᠯᠤᠨ᠎ᠠ᠃ ᠶᠡᠭᠡ ᠲᠤᠭ᠎ᠠ ᠪᠠᠷᠢᠮᠳᠠ ᠶᠢᠨ ᠬᠦᠭᠵᠢᠯᠳᠡ ᠶᠢ ᠲᠦᠯᠦᠪᠯᠡᠭᠡ ᠶᠢ ᠭᠡᠷᠡᠭᠵᠢᠭᠦᠯᠵᠦ᠂ ᠡᠯᠺᠧᠲᠷᠦᠨ ᠬᠤᠳᠠᠯᠳᠤᠭ᠎ᠠ ᠪᠠᠷ ᠰᠢᠨᠡᠴᠢᠯᠡᠯᠳᠡ ᠶᠢᠨ ᠴᠡᠭ ᠪᠤᠯᠭᠠᠨ᠂ ᠦᠢᠯᠡᠴᠢᠯᠡᠭᠡᠨ ᠤ ᠦᠢᠯᠡᠰ ᠢ ᠲᠠᠶᠢᠴᠢᠯᠠᠨ ︽ᠢᠨᠲ᠋ᠧᠷᠨ᠋ᠲ ᠰᠦᠯᠵᠢᠶ᠎ᠡ +︾᠎ ᠳᠤ ᠣᠷᠣᠭᠤᠯᠤᠨ᠎ᠠ᠃ ᠡᠯᠺᠧᠲᠷᠦᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠲᠦᠰᠦᠯ ᠳᠤ ᠲᠦᠰᠢᠭᠯᠡᠨ᠂ ᠬᠤᠳᠠᠯᠳᠣᠭᠠᠨ ᠤ ᠶᠠᠪᠤᠳᠠᠯ᠂ ᠶᠠᠳᠠᠭᠤ ᠶᠢ ᠲᠡᠳᠬᠦᠬᠦ᠂ ᠬᠠᠩᠭᠠᠨ ᠪᠤᠷᠤᠯᠠᠭᠤᠯᠭ᠎ᠠ᠂ ᠠᠵᠢᠯ ᠤᠯᠭᠤᠯᠳᠠ᠂ ᠰᠢᠤᠳᠠᠨ ᠵᠡᠷᠭᠡ ᠡᠬᠢ ᠪᠠᠶᠠᠯᠢᠭ ᠢ ᠪᠦᠳᠦᠮᠵᠢᠳᠠᠢ ᠨᠡᠶᠢᠯᠡᠭᠦᠯᠦᠨ᠂ ᠰᠤᠮᠤ ᠪᠠᠯᠭᠠᠰᠤ ᠲᠠᠯᠠᠪᠠᠢ ᠶᠢᠨ ᠲᠤᠬᠢᠷᠠᠭᠤᠯᠤᠨ ᠬᠦᠷᠭᠡᠬᠦ ᠲᠦᠪ᠂ ᠭᠠᠴᠠᠭ᠎ᠠ ᠲᠤᠰᠬᠤᠨ ᠤ ᠦᠢᠯᠡᠴᠢᠯᠡᠭᠡᠨ ᠎ ᠤ ᠲᠦᠪ ᠪᠠ ᠭᠤᠷᠪᠠᠨ ᠱᠠᠳᠤᠨ ᠤ ᠪᠤᠳᠠᠰ ᠤᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠤᠨ ᠳᠣᠭᠳᠠᠯᠴᠠᠭᠠᠨ ᠤ ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ︔ ᠲᠡᠭᠡᠭᠰᠢ ᠪᠤᠳᠠᠰ ᠤᠨ ᠭᠦᠢᠯᠬᠡᠬᠡᠨ ᠤ ᠲᠦᠷᠭᠡᠨ ᠲᠠᠮᠵᠢᠭᠤᠯᠭ᠎ᠠ ᠶᠢᠨ ᠡᠬᠢ ᠪᠠᠶᠠᠯᠢᠭ ᠢ ᠨᠡᠶᠢᠯᠡᠭᠦᠯᠵᠦ᠂ ᠲᠤᠷᠤᠬᠰᠢ ᠦᠢᠯᠡᠴᠢᠯᠡᠭᠡᠨ ᠤ ᠵᠤᠬᠰᠤᠯᠳᠠ ᠴᠡᠭ ᠤᠨ ᠲᠤᠤᠷ ᠰᠦᠯᠵᠢᠶ᠎ᠡ ᠶᠢ ᠵᠤᠯᠭᠠᠯᠳᠤᠭᠤᠯᠤᠨ ᠂ ᠬᠤᠳᠠᠯᠳᠣᠭᠠᠨ ᠤ ᠦᠢᠯᠡᠰ ᠤᠨ ᠰᠢᠨ᠎ᠡ ᠶᠢ ᠡᠭᠦᠳᠦᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ︔ ᠬᠢᠯᠢ ᠠᠯᠤᠰᠯᠠᠭᠰᠠᠨ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠵᠤᠷᠢᠭᠵᠢᠭᠤᠯᠵᠤ᠂ ᠭᠠᠳᠠᠭᠠᠳᠣ ᠠᠵᠤ ᠠᠬᠤᠢ ᠠᠷᠠᠯᠵᠢᠶᠠᠨ ᠎ ᠤ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠪᠦᠬᠦᠶᠢᠯᠡ ᠴᠣᠭᠴᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠣᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳᠦᠷ ᠳᠣᠳᠣᠮ ᠤᠨ ᠭᠡᠷᠡᠭᠯᠡᠭᠡᠨ ᠤ ᠪᠤᠳᠠᠰ ᠤᠨ ᠶᠡᠷᠦᠳᠡ ᠎ ᠶᠢᠨ ᠬᠠᠩᠭᠠᠯᠭ᠎ᠠ ᠪᠠ ᠦᠨ᠎ᠡ ᠬᠠᠩᠰᠢ ᠶᠢᠨ ᠳᠣᠭᠳᠠᠪᠤᠷᠢᠳᠠᠢ ᠪᠠᠶᠢᠬᠤ ᠶᠢ ᠪᠠᠳᠣᠯᠠᠵᠤ᠂ ᠬᠤᠳᠠ ᠬᠦᠳᠡᠭᠡ ᠶᠢᠨ ᠵᠠᠬ᠎ᠠ ᠲᠡᠯᠭᠡᠭᠦᠷ ᠢ ᠬᠦᠭᠵᠢᠭᠦᠯᠦᠨ᠂ ᠬᠤᠳᠠᠯᠳᠣᠭᠠᠨ ᠤ ᠶᠠᠪᠤᠳᠠᠯ ᠤᠨ ᠬᠠᠤᠯᠢ ᠭᠡᠷᠡᠭᠵᠢᠭᠦᠯᠬᠦ ᠡᠷᠴᠢᠮ ᠢ ᠴᠢᠩᠭᠠᠳᠬᠠᠵᠤ᠂ ᠭᠡᠷᠡᠭᠯᠡᠭᠴᠢᠳ ᠤᠨ ᠠᠮᠣᠷ ᠲᠦᠪᠰᠢᠨ ᠢ ᠦᠨᠡᠨᠬᠦ ᠪᠠᠳᠣᠯᠠᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠢ ᠰᠣᠯᠢᠯᠴᠠᠬᠤ ᠵᠠᠬ᠎ᠠ ᠲᠡᠯᠭᠡᠭᠦᠷ ᠤᠨ ᠪᠠᠶᠢᠭᠤᠯᠤᠯᠳᠠ ᠶᠢ ᠲᠦᠷᠭᠡᠳᠭᠡᠵᠦ᠂ ᠮᠢᠬ᠎ᠠ᠂ ᠨᠣᠭᠤᠭ᠎ᠠ᠂ ᠬᠢᠳᠡᠳ ᠡᠮ᠂ ᠡᠪᠡᠰᠦᠨ ᠡᠮ ᠤᠨ ᠮᠦᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠳᠤᠭ ᠤᠨ ᠣᠨᠴᠠᠯᠢᠭᠳᠣ ᠨᠡᠷᠡᠳᠣ ᠳᠡᠮᠳᠡᠭ ᠤᠨ ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠪᠤᠳᠠᠰ ᠤᠨ ᠭᠦᠢᠯᠭᠡᠭᠡ᠂ ᠰᠣᠶᠣᠯ ᠳᠠᠮᠢᠷ᠂ ᠨᠠᠭᠠᠳᠣᠮ ᠴᠠᠩᠭᠡᠯ᠂ ᠠᠳᠠᠯ ᠠᠬᠤᠢ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠭᠡᠷᠡᠭᠯᠡᠭᠡᠨ ᠤ ᠪᠦᠳᠦᠴᠡ ᠶᠢᠨ ᠲᠡᠰ ᠲᠠᠪᠰᠢᠯᠳᠠ ᠶᠢ ᠳᠠᠶᠢᠴᠢᠯᠠᠨ᠎ᠠ︔ ᠨᠠᠰᠣᠳᠠᠨ ᠢ ᠠᠰᠠᠷᠠᠬᠤ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠨᠠᠶᠢᠭᠡᠮ ᠨᠠᠶᠢᠳᠠ ᠠᠴᠠ ᠪᠡᠯᠡ ᠣᠷᠣᠭᠤᠯᠤᠨ ᠨᠠᠰᠣᠳᠠᠨ ᠢ ᠠᠰᠠᠷᠠᠬᠤ ᠪᠠᠶᠢᠭᠤᠯᠤᠮᠵᠢ ᠶᠢ ᠡᠭᠦᠰᠭᠡᠨ ᠪᠠᠶᠢᠭᠤᠯᠬᠤ ᠶᠢ ᠵᠤᠷᠢᠭᠵᠢᠭᠤᠯᠤᠨ᠎ᠡ᠃ ᠠᠮᠤ ᠪᠤᠳᠠᠭᠠᠨ ᠤ ᠠᠮᠤᠷ ᠲᠦᠪᠰᠢᠨ ᠢ ᠪᠠᠳᠣᠯᠠᠵᠤ᠂ ᠣᠯᠣᠰ ᠪᠠ ᠣᠷᠣᠨ ᠨᠤᠳᠤᠭ ᠤᠨ ᠨᠦᠭᠡᠴᠡ ᠠᠮᠤ ᠶᠢ ᠬᠦᠮᠦᠷᠭᠡᠯᠡᠬᠦ ᠡᠭᠦᠷᠭᠡ ᠶᠢ ᠳᠣᠭᠳᠠᠭᠰᠠᠨ ᠴᠠᠭ ᠲᠠᠭᠠᠨ ᠪᠠᠶᠠᠯᠠᠭᠦᠯᠦᠨ᠎ᠡ᠃          ︵ᠲᠠᠪᠤ︶ ᠦᠭᠡᠷᠡᠴᠢᠯᠡᠯᠳᠡ ᠶᠢᠨ ᠰᠢᠪᠳᠣᠯᠣᠯᠳᠠ ᠶᠢᠨ ᠬᠦᠴᠦᠯᠡᠴᠡ ᠶᠢ ᠴᠢᠩᠭᠠᠳᠬᠠᠵᠤ᠂ ᠦᠭᠡᠷᠡᠴᠢᠯᠡᠯᠳᠡ ᠎ ᠶᠢᠨ ᠠᠷᠭ᠎ᠠ ᠬᠡᠮᠵᠢᠶ᠎ᠠ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠣᠯᠠᠨ᠎ᠠ᠃          ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠭᠡ ᠶᠢ ᠳᠠᠯᠪᠢᠬᠤ᠂ ᠦᠨ᠎ᠡ ᠬᠠᠩᠰᠢ ᠶᠢᠨ ᠵᠠᠬ᠎ᠠ ᠲᠡᠯᠭᠡᠭᠦᠷᠴᠢᠯᠡᠯᠳᠡ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡ᠂ ᠮᠠᠯᠵᠢᠬᠤ ᠲᠠᠷᠢᠶᠠᠯᠠᠬᠤ ᠤᠷᠤᠨ᠂ ᠬᠤᠳᠠ ᠶᠢᠨ ᠬᠠᠮᠢᠶᠠᠷᠣᠯᠳᠠ ᠶᠢᠨ ᠪᠠᠶᠢᠭᠤᠯᠤᠮᠵᠢ ᠵᠢᠴᠢ ᠰᠣᠷᠭᠠᠨ ᠬᠦᠮᠦᠵᠢᠯ ᠡᠮ ᠡᠮᠨᠡᠯᠭᠡ᠂ ᠨᠠᠰᠣᠵᠢᠯ ᠤᠨ ᠳᠠᠭᠠᠳᠬᠠᠯ ᠵᠡᠷᠭᠡ ᠬᠦᠷᠢᠶᠠᠨ ᠳᠠᠬᠢ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠳᠣᠭᠳᠠᠭᠤᠨ ᠨᠡᠮᠡᠭᠳᠡᠯ᠂ ᠪᠦᠳᠦᠴᠡ ᠶᠢᠨ ᠳᠣᠬᠢᠷᠠᠭᠤᠯᠤᠯᠳᠠ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠪᠠᠷ ᠬᠢ ᠦᠭᠡᠷᠡᠴᠢᠯᠡᠯᠳᠡ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠦᠭᠡᠷᠡᠴᠢᠯᠡᠯᠳᠡ ᠶᠢᠨ ᠳᠣᠷᠰᠢᠯᠳᠠ ᠶᠢᠨ ᠴᠡᠭ ᠤᠨ ᠬᠡᠪᠴᠢᠶᠡᠨ ᠳᠤ ᠣᠷᠣᠬᠤ ᠪᠠᠷ ᠴᠢᠷᠮᠠᠶᠢᠵᠤ᠂ ᠤᠷᠢᠳᠡᠪᠡᠷ ᠭᠡᠷᠡᠭᠵᠢᠭᠦᠯᠵᠦ ᠣᠷᠢᠳᠡᠪᠡᠷ ᠳᠣᠷᠰᠢᠬᠤ ᠶᠢ ᠵᠤᠷᠢᠭᠳᠠᠢ ᠪᠠᠷ ᠭᠡᠷᠡᠭᠵᠢᠭᠦᠯᠦᠨ᠂ ᠦᠭᠡᠷᠡᠴᠢᠯᠡᠯᠳᠡ ᠶᠢᠨ ᠠᠵᠠ ᠳᠣᠬᠢᠶᠠᠯ ᠢ ᠰᠠᠶᠢᠳᠣᠷ ᠠᠳᠬᠤᠨ᠎ᠠ᠃ ᠦᠭᠡᠷᠡᠴᠢᠯᠡᠯᠳᠡ ᠶᠢᠨ ᠲᠠᠯ᠎ᠠ ᠪᠠᠷ ᠬᠢ ᠡᠭᠦᠷᠭᠡ ᠶᠢᠨ ᠰᠣᠳᠣᠯᠤᠨ ᠪᠠᠶᠢᠷᠢᠯᠠᠭᠤᠯᠤᠯᠳᠠ᠂ ᠳᠣᠬᠢᠷᠠᠭᠤᠯᠤᠨ ᠵᠠᠳᠠᠯᠤᠯᠳᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠪᠠ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠪᠦᠬᠦ ᠶᠠᠪᠤᠴᠠ ᠶᠢ ᠮᠦᠷᠳᠡᠬᠦ᠂ ᠪᠦᠬᠦ ᠶᠠᠪᠤᠴᠠ ᠶᠢ ᠬᠠᠷᠢᠭᠤᠴᠠᠬᠤ ᠪᠠ ᠳᠣᠣᠱᠳᠠᠢ ᠠᠳᠬᠤᠬᠤ ᠶᠢ ᠪᠠᠶᠠᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃  ᠲᠠᠷᠢᠶᠠᠯᠠᠩ ᠪᠤᠯᠤᠨ ᠠᠵᠤ ᠠᠬᠤᠶᠢᠯᠠᠯ ᠤᠨ ᠠᠰᠢᠭ ᠳᠣᠰᠠ ᠶᠢ ᠬᠤᠯᠪᠤᠬᠤ ᠳᠣᠭᠳᠠᠴᠠᠯᠭ᠎ᠠ ᠶᠢ ᠲᠡᠭᠦᠯᠳᠡᠷᠵᠢᠭᠦᠯᠵᠦ᠂ ᠠᠵᠤ ᠦᠢᠯᠡᠰᠵᠢᠭᠰᠡᠨ ᠡᠵᠡᠩᠨᠡᠯᠳᠡ ᠳᠣᠮᠳᠠᠬᠢ ᠮᠠᠯᠴᠢᠨ ᠲᠠᠷᠢᠶᠠᠴᠢᠨ ᠤ ᠢᠳᠡᠪᠬᠢᠵᠢᠯ ᠢ ᠲᠡᠭᠡᠭᠰᠢᠯᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ ᠳᠣᠮᠣ ᠡᠷᠦᠬᠡ ᠪᠠ ᠮᠠᠯᠴᠢᠨ ᠲᠠᠷᠢᠶᠠᠴᠢᠨ ᠤ ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠣᠭᠴᠠ ᠶᠢ ᠢᠳᠡᠪᠬᠢᠳᠠᠢ ᠬᠦᠮᠦᠵᠢᠭᠦᠯᠵᠦ᠂ ᠤᠯᠠᠨ ᠵᠦᠢᠯ ᠤᠨ ᠬᠡᠯᠪᠡᠷᠢ ᠮᠠᠶ᠋ᠢᠭ ᠤᠨ ᠵᠤᠬᠢᠰᠳᠠᠢ ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠦᠨ᠎ᠡ᠃ ᠵᠠᠰᠠᠭ ᠪᠤᠯᠤᠨ ᠠᠵᠢᠯ ᠦᠢᠯᠡᠰ ᠢ ᠰᠠᠯᠭᠠᠬᠤ᠂ ᠨᠠᠶᠢᠭᠡᠮ ᠪᠤᠯᠤᠨ ᠠᠵᠤ ᠠᠬᠤᠶᠢᠯᠠᠯ ᠢ ᠰᠠᠯᠭᠠᠬᠤ ᠴᠢᠭᠯᠡᠯᠳᠡ ᠶᠣᠰᠣᠭᠠᠷ᠂ ᠬᠠᠩᠭᠠᠨ ᠪᠤᠷᠣᠯᠠᠭᠤᠯᠬᠤ ᠬᠤᠷᠰᠢᠶᠠᠨ ᠤ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠬᠦᠷᠢᠶᠠᠨ ᠳᠠᠬᠢ ᠦᠭᠡᠷᠡᠴᠢᠯᠡᠯᠳᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠦᠷᠢ ᠰᠢᠷᠢ ᠶᠢᠨ ᠬᠦᠰᠦᠨᠦᠭ ᠢ ᠰᠢᠨᠵᠢᠯᠡᠭᠦ ᠣᠬᠠᠭᠠᠨᠴᠢ ᠪᠠᠷ ᠳᠣᠭᠤᠷᠪᠢᠵᠤ᠂ ᠣᠳᠣᠷᠢᠳᠬᠤ ᠺᠠᠳ᠋ᠷ ᠤᠨ ᠳᠣᠰᠢᠶᠠᠯ ᠠᠴᠠ ᠪᠠᠨ ᠰᠠᠯᠠᠬᠤ ᠦᠶᠡᠰ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠤᠳᠣᠯᠳᠠ ᠶᠢ ᠨᠠᠶᠢᠳᠠᠪᠤᠷᠢᠵᠢᠭᠤᠯᠤᠨ᠎ᠠ︔ ᠪᠤᠬᠢᠷ ᠢ ᠭᠠᠳᠠᠭᠰᠢᠯᠠᠭᠤᠯᠬᠤ ᠶᠢ ᠵᠦᠪᠰᠢᠶᠡᠷᠡᠬᠦ ᠪᠠ ᠪᠤᠬᠢᠷ ᠢ ᠭᠠᠳᠠᠭᠰᠢᠯᠠᠭᠤᠯᠬᠤ ᠡᠷᠭᠡ ᠶᠢ ᠲᠦᠯᠦᠪᠦᠷᠢᠳᠠᠢ ᠭᠡᠷᠡᠭᠯᠡᠬᠦ ᠲᠦᠷᠢᠮ ᠢ ᠭᠡᠷᠡᠭᠵᠢᠭᠦᠯᠵᠦ᠂ ᠪᠤᠬᠢᠷ ᠢ ᠭᠠᠳᠠᠭᠰᠢᠯᠠᠭᠤᠯᠬᠤ ᠦᠪᠡᠷ ᠤᠨ ᠦᠷᠳᠡᠭ ᠢ ᠨᠡᠮᠡᠭᠳᠡᠭᠦᠯᠤᠨ᠂ ᠳᠠᠮᠫᠣᠷᠠᠭᠰᠠᠨ ᠠᠵᠤ ᠠᠬᠤᠶᠢᠯᠠᠯ ᠤᠨ ᠭᠠᠳᠠᠭᠰᠢᠯᠠᠭᠤᠯᠤᠯᠳᠠ ᠎ ᠶᠢ ᠪᠠᠭᠠᠰᠬᠠᠨ᠎ᠠ︔ ᠠᠮᠢ ᠠᠬᠤᠢ ᠶᠢᠨ ᠣᠷᠴᠢᠨ ᠳᠣᠭᠤᠷᠢᠨ ᠢ ᠬᠤᠬᠢᠷᠠᠭᠤᠯᠬᠤ ᠬᠠᠷᠢᠭᠤᠴᠠᠯᠭ᠎ᠠ ᠶᠢ ᠦᠨᠢ ᠡᠭᠦᠷᠢᠳᠠ ᠨᠡᠭᠡᠮᠵᠢᠯᠡᠬᠦ ᠲᠦᠷᠢᠮ ᠪᠠ ᠣᠰᠣᠨ ᠤ ᠡᠬᠢ ᠰᠣᠷᠪᠤᠯᠵᠢ ᠶᠢᠨ ᠴᠢᠩᠭ᠎ᠠ ᠲᠦᠷᠢᠮ ᠢ ᠭᠡᠷᠡᠭᠵᠢᠭᠦᠯᠦᠨ᠎ᠡ︔ ᠭᠠᠵᠠᠷ ᠰᠢᠨᠵᠢᠯᠡᠭᠡᠨ ᠎ ᠤ ᠣᠷᠴᠢᠨ ᠳᠣᠭᠤᠷᠢᠨ ᠤ ᠬᠠᠮᠠᠭᠠᠯᠠᠯᠳᠠ ᠵᠠᠰᠠᠯᠳᠠ ᠶᠢ ᠴᠢᠩᠭᠠᠳᠬᠠᠵᠤ᠂ ᠣᠯᠠᠨ ᠲᠦᠷᠦᠯ ᠵᠦᠢᠯ ᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠲᠡᠪᠴᠡᠩ ᠢ ᠪᠠᠶᠢᠭᠤᠯᠵᠤ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠳᠠ ᠪᠠ ᠠᠰᠢᠭᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ  ᠃ ᠣᠯᠣᠰ ᠤᠨ ᠦᠮᠴᠢᠯᠡᠯᠳᠣ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠪᠠ ᠬᠠᠮᠳᠣ ᠶᠢᠨ ᠣᠢ ᠰᠢᠭᠤᠢ ᠶᠢᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠦᠭᠡᠷᠡᠴᠢᠯᠡᠯᠳᠡ ᠶᠢᠨ ᠡᠭᠦᠷᠭᠡ ᠶᠢ ᠳᠣᠭᠳᠠᠭᠰᠠᠨ ᠬᠤᠭᠤᠴᠠᠭᠠᠨ ᠳᠠᠭᠠᠨ ᠪᠠᠶᠠᠯᠡᠭᠦᠯᠬᠦ ᠶᠢ ᠪᠠᠳᠣᠯᠠᠨ᠎ᠠ᠃ ᠵᠠᠬ᠎ᠠ ᠲᠡᠯᠭᠡᠭᠦᠷᠵᠢᠭᠰᠡᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ ︽ᠣᠷᠢᠳᠡᠪᠡᠷ ᠳᠡᠮᠳᠡᠭ᠂ ᠳᠠᠷᠠᠭ᠎ᠠ ᠨᠢ ᠦᠨᠡᠮᠯᠡᠯ︾ ᠎ ᠤᠨ ᠦᠭᠡᠷᠡᠴᠢᠯᠡᠯᠳᠡ ᠶᠢ ᠠᠬᠢᠭᠤᠯᠵᠤ᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾᠎ ᠤᠨ ᠳᠠᠩᠰᠠᠯᠠᠬᠤ ᠬᠡᠯᠪᠷᠢ ᠶᠢ ᠭᠡᠷᠡᠭᠵᠢᠭᠦᠯᠦᠨ᠎ᠡ᠃ ᠨᠠᠶᠢᠳᠠ ᠶᠢᠨ ᠦᠮᠴᠢᠯᠡᠯᠳᠣ ᠪᠤᠰᠣ ᠠᠵᠤ ᠠᠬᠤᠢ ᠶᠢ ᠪᠦᠬᠦ ᠬᠦᠴᠦᠨ ᠢᠶᠠᠷ ᠎ ᠢᠶᠠᠨ ᠬᠦᠭᠵᠢᠭᠦᠯᠵᠦ᠂ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠤᠨ᠂ ᠠᠯᠬᠤᠮ ᠶᠠᠪᠤᠴᠠ ᠶᠢ ᠴᠣᠮᠬᠠᠳᠭᠬᠠᠨ᠂ ᠵᠠᠬ᠎ᠠ ᠲᠡᠯᠭᠡᠭᠦᠷ ᠢ ᠦᠷᠭᠡᠳᠭᠡᠬᠦ ᠵᠡᠷᠭᠡ ᠲᠠᠯ᠎ᠠ ᠪᠠᠷ ᠬᠢ ᠲᠡᠮᠵᠢᠯᠭᠡ ᠎ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠣᠯᠢᠯᠴᠠᠭᠠᠨ ᠤ ᠦᠪᠡᠷ ᠤᠨ ᠦᠷᠳᠡᠭ ᠢ ᠪᠠᠭᠤᠷᠠᠭᠤᠯᠵᠤ᠂ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠣᠷᠮ᠎ᠠ ᠢ ᠬᠦᠭᠵᠢᠭᠡᠨ᠎ᠡ᠃ ᠭᠠᠳᠠᠭᠠᠳᠣ ᠳᠣᠳᠣᠭᠠᠳᠣ ᠳᠠᠬᠢ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠨ᠎ᠡ᠃ ᠪᠡᠭᠡᠵᠢᠩ — ᠴᠢᠭᠤᠯᠤᠯᠳᠣ ᠬᠠᠭᠠᠯᠭ᠎ᠠ ᠡᠪᠤᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠣᠭᠯᠠᠭᠠᠨ ᠢ ᠡᠷᠭᠢᠯᠡᠬᠦ ᠳᠣᠬᠢᠶᠠᠯ ᠢ ᠠᠰᠢᠭᠯᠠᠨ᠂ ᠮᠠᠨ ᠤ ᠬᠤᠰᠢᠭᠤᠨ ᠤ ᠣᠷᠣᠨ ᠪᠠᠶᠢᠷᠢᠰᠢᠯ᠂ ᠵᠠᠮ ᠨᠡᠪᠳᠡᠷᠡᠭᠦᠯᠭᠡ ᠵᠡᠷᠭᠡ ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ ᠬᠦᠷᠰᠢ ᠵᠡᠷᠭᠡᠯᠳᠡᠭᠡ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠨ᠂ ᠦᠨᠳᠦᠷ ᠬᠢᠷᠢ ᠲᠦᠪᠰᠢᠨ ᠲᠠᠢ ᠠᠵᠤ ᠦᠢᠯᠡᠰ ᠤᠨ ᠰᠢᠯᠵᠢᠯᠳᠠ ᠶᠢ ᠵᠠᠯᠭᠠᠮᠵᠢᠯᠠᠵᠤ᠂ ᠰᠣᠶᠣᠯ ᠤᠨ ᠠᠵᠤ ᠦᠢᠯᠡᠰ ᠤᠨ ᠲᠠᠪᠴᠡᠩ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠣᠷᠣᠨ ᠤ ᠭᠠᠳᠠᠭᠰᠢ ᠪᠠ ᠬᠢᠯᠢ ᠠᠴᠠ ᠭᠠᠳᠠᠭᠰᠢ ᠬᠠᠮᠳᠣᠷᠠᠨ ᠠᠵᠢᠯᠯᠠᠵᠤ᠂ ᠬᠠᠮᠳᠣ ᠳᠠᠭᠠᠨ ᠠᠰᠢᠭ ᠬᠦᠷᠳᠡᠬᠦ ᠬᠦᠭᠵᠢᠯᠳᠡ ᠶᠢᠨ ᠳᠣᠭᠳᠠᠯᠴᠠᠭ᠎ᠠ ᠶᠢ ᠭᠤᠤᠯᠳᠠᠯᠭ᠎ᠠ ᠎ ᠲᠠᠢ ᠠᠬᠢᠭᠤᠯᠤᠨ᠎ᠠ᠃         ︵ᠵᠢᠷᠭᠤᠭ᠎ᠠ︶ ᠠᠷᠠᠳ ᠤᠨ ᠠᠮᠢᠳᠣᠷᠠᠯ ᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠣᠯᠠᠨ ᠨᠠᠶᠢᠳᠠ ᠎ ᠶᠢᠨ ᠦᠢᠯᠡᠴᠢᠯᠡᠭᠡ ᠪᠠ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ          ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠠᠬᠢ ᠲᠤᠳᠠᠬᠳᠠᠯ ᠢᠶᠠᠨ ᠨᠦᠬᠦᠪᠦᠷᠢᠯᠡᠬᠦ ᠠᠰᠢᠭᠳᠠᠢ ᠲᠤᠬᠢᠶᠠᠯ ᠢ ᠠᠰᠢᠬᠯᠠᠵᠤ᠂ ᠬᠤᠳᠠ ᠬᠦᠳᠡᠭᠡ ᠶᠢᠨ ᠣᠷᠣᠨ ᠳᠣᠭᠤᠷᠢᠭ ᠢ ᠨᠢᠭᠡᠳᠣᠯᠳᠠᠢ ᠲᠦᠯᠦᠪᠵᠢᠭᠦᠯᠦᠨ ᠬᠦᠭᠵᠢᠭᠦᠯᠬᠦ ᠶᠢ ᠠᠬᠢᠭᠤᠯᠤᠨ᠂ ᠨᠠᠶᠢᠭᠡᠮ ᠤᠨ ᠠᠷᠠᠳ ᠤᠨ ᠠᠮᠢᠳᠣᠷᠠᠯ ᠤᠨ ᠡᠯ᠎ᠡ ᠲᠦᠷᠦᠯ ᠤᠨ ᠠᠵᠢᠯ ᠦᠢᠯᠡᠰ ᠤᠨ ᠵᠤᠬᠢᠴᠠᠩᠭᠤᠢ ᠳᠠᠪᠰᠢᠯᠳᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠱᠠᠩᠳᠣ ᠪᠠᠯᠭᠠᠰᠣ᠂ ᠰᠠᠩ ᠤᠨ ᠲᠠᠯᠠᠢ ᠪᠠᠯᠭᠠᠰᠣ᠂ ᠬᠠᠪᠢᠷᠭ᠎ᠠ ᠪᠠᠯᠭᠠᠰᠣᠨ ᠤ ᠣᠷᠣᠨ ᠵᠠᠢ ᠶᠢᠨ ᠪᠠᠶᠢᠷᠢᠰᠢᠯ ᠪᠠ ᠴᠢᠳᠠᠪᠬᠢ ᠶᠢ ᠣᠯᠠᠮ ᠨᠢᠭᠡ ᠠᠯᠬᠤᠮ ᠳᠣᠬᠢᠷᠠᠭᠤᠯᠤᠨ ᠰᠢᠯᠢᠳᠡᠭᠵᠢᠭᠦᠯᠵᠤ᠂ ᠬᠤᠲᠠ ᠪᠠᠯᠭᠠᠰᠤᠨ ᠤ ᠬᠦᠷᠢᠶ᠎ᠡ ᠬᠡᠪᠴᠢᠶ᠎ᠡ ᠪᠤᠯᠤᠨ ᠬᠠᠮᠠᠭᠠᠯᠠᠯᠲᠠ ᠶᠢᠨ ᠴᠢᠨᠠᠷᠲᠠᠢ ᠣᠷᠣᠨ ᠵᠠᠢ ᠶᠢ ᠵᠤᠬᠢᠰᠲᠠᠢ ᠲᠤᠬᠳᠠᠭᠠᠨ᠂ ᠱᠠᠩᠳᠣ ᠪᠠᠯᠭᠠᠰᠣ ᠪᠠᠷ ᠲᠦᠪ ᠪᠤᠯᠭᠠᠨ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ᠂ ᠠᠵᠢᠯᠯᠠᠬᠤ ᠪᠠ ᠵᠣᠭᠠᠴᠠᠬᠤ ᠳᠤ ᠲᠤᠬᠢᠷᠠᠮᠵᠢᠲᠠᠢ ᠣᠳᠤᠬᠢᠴᠢᠯᠠᠭᠰᠠᠨ ᠪᠤᠯᠪᠠᠰᠤᠨ ᠬᠤᠲᠠ ᠪᠠᠯᠭᠠᠰᠤ ᠶᠢ ᠪᠠᠶᠢᠭᠤᠯᠤᠨ᠎ᠠ᠃ ᠨᠡᠶᠢᠳᠡ ᠶᠢᠨ ᠲᠤᠯᠠᠭᠠᠯᠭ᠎ᠠ᠂ ᠪᠤᠬᠢᠷ ᠢ ᠭᠠᠳᠠᠭᠰᠢᠯᠠᠭᠤᠯᠬᠤ ᠵᠡᠷᠭᠡ ᠭᠠᠵᠠᠷ ᠲᠤᠤᠷᠠᠬᠢ ᠬᠤᠭᠤᠯᠠᠢ ᠰᠤᠪᠠᠭ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠲᠡᠭᠦᠯᠳᠡᠷᠵᠢᠭᠦᠯᠵᠤ᠂ 34 ᠺᠢᠯᠤᠮᠧᠲᠷ ᠤᠨ ᠡᠯ᠎ᠡ ᠲᠦᠷᠦᠯ ᠤᠨ ᠬᠤᠭᠤᠯᠠᠢ ᠰᠣᠪᠠᠭ ᠢ ᠦᠭᠡᠷᠡᠴᠢᠯᠡᠨ᠂ ᠬᠤᠳᠠ ᠪᠠᠯᠭᠠᠰᠣᠨ ᠎ ᠤ ᠬᠠᠳᠠᠭᠤᠷᠠᠭᠤᠯᠤᠯᠳᠠ᠂ ᠭᠡᠷᠡᠯᠳᠦᠭᠦᠯᠭᠡ᠂ ᠨᠤᠭᠤᠭᠠᠷᠠᠭᠤᠯᠤᠯᠳᠠ᠂ ᠭᠤᠶᠤᠵᠢᠭᠤᠯᠳᠠ ᠶᠢᠨ ᠠᠵᠢᠯ ᠢ ᠰᠠᠶᠢᠳᠣᠷ ᠪᠠᠶᠠᠯᠡᠭᠦᠯᠵᠦ᠂ 16 ᠲᠦᠮᠡᠨ ᠲᠡᠭᠰᠢ ᠲᠦᠷᠪᠡᠯᠵᠢᠨ ᠮᠧᠲᠷ ᠤᠨ ᠵᠠᠰᠠᠮᠠᠯ ᠵᠠᠮ ᠢ ᠴᠡᠷᠳᠡᠵᠦ᠂ 6 ᠺᠢᠯᠤᠮᠧᠲᠷ ᠵᠠᠮ ᠤᠨ ᠬᠠᠵᠠᠭᠤᠳᠠᠬᠢ ᠲᠡᠪᠢᠰᠦᠭᠰᠡᠨ ᠨᠧᠲ᠋ᠤᠨ ᠳᠣᠭᠤᠰᠬ᠎ᠠ ᠶᠢ ᠰᠢᠨᠡᠳᠭᠡᠨ ᠰᠣᠯᠢᠵᠤ᠂ ᠪᠢᠨ ᠾᠧ ᠡᠮᠦᠨ᠎ᠡ ᠵᠠᠮ ᠤᠨ ᠨᠤᠭᠤᠭᠠᠷᠠᠭᠤᠯᠤᠯᠳᠠ ᠪᠠ ᠵᠦᠯᠭᠡᠨ ᠴᠡᠴᠡᠷᠯᠢᠭ ᠤᠨ ᠭᠡᠷᠡᠯᠳᠦᠭᠦᠯᠭᠡ ᠶᠢ ᠭᠦᠢᠴᠡᠳᠭᠡᠵᠦ᠂ ᠣᠪᠣᠭ᠎ᠠ ᠰᠢᠷᠡᠭᠡ ᠴᠡᠴᠡᠷᠯᠢᠭ ᠤᠨ ᠨᠤᠭᠤᠭᠠᠷᠠᠭᠤᠯᠤᠯᠳᠠ ᠶᠢ ᠲᠡᠰ ᠲᠡᠪᠰᠢᠭᠦᠯᠦᠨ ᠦᠭᠡᠷᠡᠴᠢᠯᠡᠪᠠ᠃ ᠪᠠᠶᠢᠭᠤᠯᠤᠯᠳᠠ ᠪᠠ ᠬᠠᠮᠢᠶᠠᠷᠣᠯᠳᠠ ᠶᠢ ᠬᠠᠮᠳᠣ ᠳᠤᠨᠢ ᠴᠢᠬᠤᠯᠠᠴᠢᠯᠠᠬᠤ ᠶᠢ ᠪᠠᠷᠢᠮᠳᠠᠯᠠᠵᠤ᠂ ᠬᠤᠲᠠ ᠪᠠᠯᠭᠠᠰᠤᠨ ᠤ ᠨᠠᠷᠢᠯᠢᠭᠵᠢᠭᠰᠡᠨ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠠᠷᠠᠳ ᠲᠦᠮᠡᠨ ᠤ ᠠᠮᠢᠳᠣᠷᠠᠯ ᠤᠨ ᠬᠢᠷᠢ ᠲᠦᠪᠰᠢᠨ ᠢ ᠦᠨᠡᠨᠬᠦ ᠰᠠᠶᠢᠵᠢᠷᠠᠭᠤᠯᠤᠨ᠎ᠠ᠃ ᠳᠣᠳᠠᠭᠤ ᠳᠣᠷᠭᠤᠨ ᠪᠠᠷᠢᠭᠰᠠᠨ ᠠᠰᠠᠷ ᠢ ᠴᠡᠭᠴᠡᠯᠡᠨ ᠵᠠᠰᠠᠬᠤ ᠬᠦᠴᠦᠯᠡᠴᠡ ᠶᠢ ᠨᠡᠮᠡᠭᠳᠡᠭᠦᠯᠵᠦ᠂ ᠨᠢᠭᠡᠨᠳᠡ ᠪᠦᠳᠦᠭᠡᠨ ᠪᠠᠶᠢᠭᠤᠯᠤᠭᠰᠠᠨ ᠠᠰᠠᠷ ᠢ ᠵᠤᠬᠢᠰᠳᠠᠢ ᠪᠠᠷ ᠠᠰᠢᠭᠯᠠᠯᠳᠠ ᠳᠤ ᠣᠷᠣᠭᠤᠯᠵᠤ᠂ ᠭᠡᠷ ᠬᠦᠷᠦᠩᠭᠡ ᠶᠢᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠨᠠᠶᠢᠭᠡᠮ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠡᠨᠡ ᠵᠢᠯ ᠰᠠᠩ ᠤᠨ ᠲᠠᠯᠠᠢ ᠮᠤᠩᠭᠤᠯ ᠦᠨᠳᠦᠰᠦᠳᠡᠨ ᠤ ᠰᠤᠷᠭᠠᠭᠤᠯᠢ᠂ ᠬᠠᠪᠢᠷᠭ᠎ᠠ ᠪᠠᠭ᠎ᠠ ᠰᠤᠷᠭᠠᠭᠤᠯᠢ᠂ ᠪᠤᠷᠤᠬᠤᠳᠠ ᠪᠠᠭ᠎ᠠ ᠰᠤᠷᠭᠠᠭᠤᠯᠢ ᠨᠢ ᠪᠠᠷᠢᠮᠵᠢᠶᠠᠵᠢᠭᠰᠠᠨ ᠰᠤᠷᠠᠭᠠᠭᠤᠯᠢ ᠶᠢᠨ ᠬᠢᠨᠠᠨ ᠰᠢᠯᠭᠠᠯᠳᠠ ᠶᠢ ᠬᠦᠯᠢᠶᠡᠵᠦ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣᠨ ᠤ ᠰᠤᠷᠭᠠᠭᠤᠯᠢ ᠳᠤ ᠤᠷᠤᠬᠤ ᠨᠤᠷᠮ᠎ᠠ ᠶᠢ 100%᠎ ᠳᠤ ᠳᠣᠭᠳᠠᠪᠤᠷᠢᠵᠢᠭᠤᠯᠤᠨ᠎ᠠ︔ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠵᠦ᠂ ᠡᠨᠡ ᠵᠢᠯ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠳᠦᠷᠦᠯ ᠤᠨ ᠴᠡᠴᠡᠷᠯᠢᠭ ᠪᠤᠯᠤᠨ ᠵᠢᠱᠢᠶ᠎ᠡ ᠦᠵᠡᠭᠦᠯᠬᠦ ᠴᠡᠴᠡᠷᠯᠢᠭ ᠢ ᠲᠤᠰᠪᠦᠷᠢ 1 ᠰᠠᠭᠤᠷᠢ ᠪᠠᠶᠢᠭᠤᠯᠤᠨ᠂ ᠠᠷᠠᠳ ᠠᠴᠠ ᠡᠷᠬᠢᠯᠡᠵᠤ ᠠᠯᠪᠠᠨ ᠠᠴᠠ ᠳᠣᠰᠠᠯᠠᠬᠤ ᠬᠡᠯᠪᠡᠷᠢ ᠪᠠᠷ ᠵᠢᠭᠠᠰᠣᠳᠠᠢ ᠰᠣᠮᠣ᠂ ᠨᠠᠷᠠᠳᠣ ᠰᠣᠮᠣ ᠪᠠ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠴᠡᠴᠡᠷᠯᠢᠭ ᠲᠤ ᠣᠷᠦᠬᠤ ᠨᠤᠷᠮ᠎ᠠ ᠶᠢ 88%᠎ ᠠᠴᠠ ᠲᠡᠭᠡᠭᠰᠢ ᠳᠤ ᠬᠦᠷᠭᠡᠨ᠎ᠡ︔ ᠰᠤᠷᠭᠠᠨ ᠭᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠡᠨ ᠵᠢᠯ ᠤᠨ ᠠᠵᠢᠯᠯᠠᠭᠠᠨ ᠤ ᠲᠦᠯᠦᠪᠯᠡᠭᠡ ᠎ ᠶᠢ ᠦᠷᠬᠦᠯᠵᠢᠯᠠᠨ ᠭᠡᠷᠡᠭᠵᠢᠭᠦᠯᠵᠦ᠂ ᠮᠣᠩᠭᠤᠯ ᠳᠣᠮᠳᠠᠳᠣ ᠰᠣᠷᠭᠠᠭᠤᠯᠢ ᠨᠢ ᠦᠨᠳᠦᠰᠦᠳᠡᠨ ᠤ ᠰᠤᠷᠭᠠᠨ ᠬᠦᠮᠦᠵᠢᠯ ᠤᠨ ᠰᠢᠯᠢᠳᠡᠭ ᠰᠤᠷᠭᠠᠭᠤᠯᠢ ᠶᠢ ᠡᠭᠦᠳᠦᠨ᠂ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠨ ᠣᠷᠣᠬᠤ ᠨᠤᠷᠮ᠎ᠠ ᠎ ᠶᠢ 43%᠎ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠳᠡ ᠪᠤᠯᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠡᠯᠪᠡᠷᠢ ᠮᠠᠶ᠋ᠢᠭ ᠎ ᠤᠨ ᠦᠭᠡᠷᠡᠴᠢᠯᠡᠯᠳᠡ ᠶᠢ ᠠᠬᠢᠭᠤᠯᠵᠤ᠂ ︽ᠵᠢᠵᠢᠭ ᠡᠮ ᠤᠨ ᠬᠠᠶᠢᠷᠴᠠᠭ︾᠎ ᠤᠨ ᠲᠦᠭᠡᠮᠡᠯᠵᠢᠭᠦᠯᠦᠯᠳᠡ ᠶᠢ ᠪᠠᠶᠠᠯᠡᠭᠦᠯᠤᠨ᠂ ᠡᠮ ᠡᠮᠨᠡᠯᠭᠡ ᠶᠢᠨ ᠬᠠᠶᠠᠬᠳᠠᠮᠠᠯ ᠪᠤᠳᠠᠰ ᠢ ᠬᠤᠤᠷ ᠦᠭᠡᠢ ᠰᠢᠢᠳᠪᠦᠷᠢᠯᠡᠬᠦ ᠲᠦᠰᠦᠯ ᠢ ᠡᠬᠢᠯᠡᠨ ᠬᠡᠷᠡᠭᠵᠢᠭᠦᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠪᠤᠯᠤᠨ ᠰᠤᠷᠠᠭ ᠵᠠᠩᠭᠢᠵᠢᠭᠰᠠᠨ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠡᠷᠡᠭᠦᠯ ᠬᠦᠭᠵᠢᠯᠳᠠ ᠶᠢ ᠲᠡᠮᠵᠢᠵᠦ᠂ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠦᠮᠦᠨ ᠠᠮᠠ ᠶᠢᠨ ᠨᠠᠰᠣᠵᠢᠬᠤ ᠶᠢ ᠠᠷᠭᠠᠴᠠᠭᠠᠬᠤ ᠠᠵᠢᠯᠯᠠᠭ᠎ᠠ ᠶᠢ ᠦᠷᠨᠢᠭᠦᠯᠵᠦ᠂ ᠡᠮᠡᠭᠳᠠᠶᠢᠴᠣᠳ ᠪᠠ ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠪᠠᠳᠣᠯᠠᠨ᠂ ᠵᠡᠮᠳᠡᠭᠴᠣᠳ ᠢ ᠲᠡᠳᠬᠦᠨ ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠯᠭᠤᠯᠳᠠ᠂ ᠦᠢᠯᠡᠰ ᠪᠤᠰᠬᠠᠯᠳᠠ ᠪᠠ ᠨᠠᠶᠢᠭᠡᠮ ᠤᠨ ᠪᠠᠳᠣᠯᠠᠭ᠎ᠠ ᠶᠢᠨ ᠠᠵᠢᠯ ᠎ ᠢ ᠰᠠᠶᠢᠳᠣᠷ ᠪᠠᠶᠠᠯᠡᠭᠦᠯᠦᠨ᠎ᠡ᠃ ᠤᠯᠠᠨ ᠨᠡᠶᠢᠳᠡ ᠦᠢᠯᠡᠰ ᠡᠭᠦᠳᠬᠦ᠂ ᠤᠯᠠᠨ ᠲᠦᠮᠡᠨ ᠰᠢᠨ᠎ᠠ ᠶᠢ ᠡᠭᠦᠳᠬᠦ ︽ᠬᠤᠤᠰ ᠡᠭᠦᠳᠦᠯᠲᠡ︾᠎ ᠶᠢᠨ ᠠᠵᠢᠯᠯᠠᠭ᠎ᠠ ᠶᠢ ᠢᠳᠡᠪᠬᠢᠲᠠᠢ ᠲᠦᠯᠬᠢᠨ ᠠᠬᠢᠭᠤᠯᠵᠦ᠂ ᠡᠨᠡ ᠵᠢᠯ 7500 ᠠᠵᠢᠯ ᠤᠨ ᠪᠠᠶᠢᠷᠢ ᠴᠤᠭᠯᠠᠭᠤᠯᠤᠨ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠦᠮᠦᠰ ᠢ 1250᠎ ᠳᠤ ᠬᠦᠷᠭᠡᠵᠦ᠂ ᠰᠢᠯᠵᠢᠭᠦᠯᠦᠨ ᠠᠵᠢᠯ ᠤᠯᠭᠤᠬᠤ ᠬᠦᠮᠦᠰ ᠢ 2200᠎ ᠳᠤ ᠬᠦᠷᠭᠡᠨ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ ᠠᠯᠳᠠᠬᠰᠠᠳ ᠤᠨ ᠨᠤᠷᠮ᠎ᠠ ᠶᠢ 3.2% ᠳᠤᠳᠤᠷ᠎ᠠ ᠬᠢᠵᠠᠭᠠᠷᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠦᠨᠳᠦᠰᠦᠳᠡᠨ ᠤ ᠰᠣᠶᠣᠯ ᠤᠨ ᠤᠨᠴᠠᠯᠢᠭᠳᠣ ᠠᠵᠣ ᠦᠢᠯᠡᠰ ᠤᠨ ᠬᠦᠷᠢᠶᠠᠯᠠᠩ᠂ ᠰᠡᠬᠡᠬᠡᠳᠡᠨ ᠦᠢᠯᠡᠰ ᠪᠤᠰᠬᠠᠬᠤ ᠲᠤᠭᠤᠷᠢᠭ ᠵᠡᠷᠭᠡ ᠦᠢᠯᠡᠰ ᠪᠤᠰᠬᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠡᠭᠡ ᠲᠡᠭᠡᠳᠦ ᠰᠣᠷᠭᠠᠭᠤᠯᠢ ᠲᠡᠭᠦᠰᠦᠭᠰᠡᠨ ᠣᠶᠣᠳᠠᠨ ᠪᠤᠯᠤᠨ ᠴᠡᠷᠢᠭ ᠠᠴᠠ ᠬᠠᠯᠠᠭᠳᠠᠭᠰᠡᠳ ᠤᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠵᠠᠰᠠᠭ ᠎ ᠤᠨ ᠤᠷᠳᠤᠨ ᠠᠴᠠ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ ᠠᠪᠬᠤ ᠬᠦᠴᠦᠯᠡᠴᠡ ᠶᠢ ᠨᠡᠮᠡᠭᠳᠡᠭᠦᠯᠥᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠶᠢᠯᠪᠤᠷᠢᠳᠠᠢ ᠠᠵᠢᠯ ᠤᠯᠭᠤᠬᠤ ᠲᠤᠭᠳᠠᠯᠴᠠᠭ᠎ᠠ ᠶᠢ ᠠᠭᠠᠵᠢᠮ ᠢᠶᠠᠷ ᠪᠦᠷᠢᠯᠳᠦᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠬᠤ ᠶᠢ ᠵᠤᠷᠢᠭᠵᠢᠭᠤᠯᠤᠨ᠂ ᠨᠠᠶᠢᠭᠡᠮ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠠ ᠶᠢ ᠣᠯᠠᠮ ᠨᠢᠭᠡ ᠠᠯᠬᠤᠮ ᠦᠷᠭᠡᠳᠭᠡᠵᠦ᠂ ᠬᠤᠳᠠ ᠬᠦᠳᠡᠭᠡ ᠶᠢᠨ ᠳᠤᠤᠷ᠎ᠠ ᠪᠠᠲᠤᠯᠠᠭ᠎ᠠ ᠪᠤᠯᠤᠨ ᠲᠠᠪᠦᠨ ᠪᠠᠳᠤᠯᠠᠭ᠎ᠠ ᠶᠢᠨ ᠠᠰᠠᠷᠠᠮᠵᠢ ᠶᠢᠨ ᠪᠠᠷᠢᠮᠵᠢᠶ᠎ᠠ ᠶᠢ 10% ᠣᠷᠴᠢᠮ ᠨᠡᠮᠡᠭᠳᠡᠭᠦᠯᠦᠨ᠎ᠡ᠃ ᠬᠠᠷᠠᠭᠠᠯᠵᠠᠨ ᠳᠣᠬᠢᠨᠠᠭᠤᠯᠬᠤ᠂ ᠦᠳᠡᠯᠦᠭᠡ ᠨᠠᠰᠣᠨ ᠤ ᠨᠦᠬᠦᠪᠦᠷᠢ ᠵᠡᠷᠭᠡ ᠲᠦᠷᠦ ᠶᠢᠨ ᠪᠤᠳᠣᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠨᠠᠶᠢᠭᠡᠮ ᠤᠨ ᠠᠪᠤᠷᠠᠨ ᠳᠣᠰᠠᠯᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠬᠤᠳᠠ ᠬᠦᠳᠡᠭᠡ ᠶᠢᠨ ᠡᠮ ᠡᠮᠨᠡᠯᠭᠡ ᠶᠢᠨ ᠠᠪᠦᠷᠠᠨ ᠲᠤᠰᠠᠯᠠᠬᠤ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠶᠠᠳᠠᠭᠤ ᠬᠦᠴᠢᠷᠳᠡᠯᠳᠡᠢ ᠣᠯᠠᠨ ᠲᠦᠮᠡᠨ ᠤ ᠦᠨᠳᠦᠰᠦᠨ ᠠᠮᠢᠳᠣᠷᠠᠯ ᠤᠨ ᠬᠢᠷᠢ ᠲᠦᠪᠰᠢᠨ ᠢ ᠪᠠᠳᠣᠯᠠᠨ᠂ ᠨᠠᠶᠢᠭᠡᠮ ᠳᠣᠭᠤᠷᠢᠭ ᠤᠨ ᠦᠢᠯᠡᠴᠢᠯᠡᠭᠡᠨ ᠤ ᠠᠵᠢᠯ ᠢ ᠰᠠᠶᠢᠵᠢᠷᠠᠭᠤᠯᠵᠦ᠂ ᠦᠢᠯᠡᠴᠢᠯᠡᠭᠡᠨ ᠤ ᠬᠢᠷᠢ ᠲᠥᠪᠰᠢᠨ ᠢ ᠨᠢ ᠲᠡᠭᠡᠭᠰᠢᠯᠡᠭᠦᠯᠥᠨ᠎ᠡ᠃ ᠠᠷᠠᠳ ᠲᠤ ᠠᠰᠢᠭ ᠬᠦᠷᠳᠡᠭᠡᠬᠦ ᠭᠡᠳᠦᠨ ᠵᠦᠢᠯ ᠤᠨ ᠪᠤᠳᠠᠳᠠᠢ ᠠᠵᠢᠯ ᠢ ᠰᠠᠶᠢᠳᠣᠷ ᠪᠠᠶᠠᠯᠡᠭᠦᠯᠦᠨ᠎ᠡ᠃ ᠠᠷᠠᠳ ᠤᠨ ᠠᠮᠢᠳᠣᠷᠠᠯ ᠢ ᠠᠳᠬᠤᠵᠤ᠂ ᠳᠣᠳᠠᠭᠳᠠᠯ ᠢᠶᠠᠨ ᠨᠦᠬᠦᠪᠦᠷᠢᠯᠡᠬᠦ᠂ ᠣᠯᠠᠨ ᠲᠦᠮᠡᠨ ᠤ ᠪᠤᠶᠠᠨ ᠠᠰᠠᠷᠠᠮᠵᠢ ᠶᠢ ᠨᠡᠮᠡᠭᠳᠡᠭᠦᠯᠬᠦ ᠪᠠᠷ ᠬᠠᠷᠠᠯᠳᠠ ᠪᠤᠯᠭᠠᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠪᠠ ︽ᠠᠷᠪᠠ ᠶᠢ ᠨᠠᠶᠢᠳᠠᠮ ᠪᠦᠷᠬᠦᠬᠦᠯᠬᠦ︾ ᠵᠡᠷᠭᠡ ᠠᠷᠠᠳ ᠤᠨ ᠠᠮᠢᠳᠣᠷᠠᠯ ᠤᠨ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ ᠡᠭᠦᠨ ᠤ ᠬᠠᠮᠳᠣ ︽ᠭᠤᠷᠪᠠᠨ ᠨᠢᠭᠡ︾ ᠠᠷᠠᠳ ᠤᠨ ᠠᠮᠢᠳᠣᠷᠠᠯ ᠤᠨ ᠪᠤᠳᠠᠳᠣ ᠭᠡᠷᠡᠭ ᠠᠴᠠ ᠭᠠᠷᠳᠠᠨ᠂ ︽ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠣᠷᠣᠯᠭ᠎ᠠ ᠲᠠᠢ ᠡᠷᠦᠭᠡ ᠪᠦᠷᠢ ᠳᠤ ᠨᠢᠭᠡ ᠲᠤᠨ ᠨᠡᠭᠦᠷᠡᠰᠦ ᠲᠦᠯᠦᠪᠦᠷᠢ ᠦᠭᠡᠢ ᠦᠭᠭᠦ᠂ ᠬᠤᠳᠠ ᠬᠦᠳᠡᠭᠡ ᠶᠢᠨ ᠳᠣᠣᠷ᠎ᠠ ᠪᠠᠳᠣᠯᠠᠭ᠎ᠠ ᠶᠢᠨ ᠡᠷᠦᠭᠡ ᠶᠢᠨ ᠶᠡᠭᠡ ᠰᠣᠷᠭᠠᠭᠤᠯᠢ ᠶᠢᠨ ᠣᠶᠣᠳᠠᠨ ᠳᠤ ᠵᠢᠯ ᠪᠦᠷᠢ ᠨᠢᠭᠡ ᠲᠦᠮᠡᠨ ᠲᠦᠭᠦᠷᠢᠭ ᠤᠨ ᠰᠣᠷᠣᠯᠭ᠎ᠠ ᠶᠢᠨ ᠲᠡᠳᠬᠦᠮᠵᠢ ᠣᠯᠭᠤᠬᠤ᠂ ᠠᠵᠢᠯ ᠦᠭᠡᠢ ᠭᠡᠷ ᠪᠦᠯᠢ ᠳᠤ ᠠᠳᠠᠭ ᠪᠠᠭ᠎ᠠ ᠳᠠᠭᠠᠨ ᠨᠢᠭᠡ ᠠᠵᠢᠯ ᠤᠨ ᠪᠠᠶᠢᠷᠢ ᠬᠠᠩᠭᠠᠬᠤ︾ ᠠᠷᠠᠳ ᠤᠨ ᠠᠮᠢᠳᠣᠷᠠᠯ ᠤᠨ ᠲᠦᠷᠦ ᠶᠢᠨ ᠪᠤᠳᠣᠯᠭ᠎ᠠ ᠶᠢ ᠰᠠᠶᠢᠳᠣᠷ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠳᠣ᠂ ᠳᠣᠣᠷᠠᠬᠢ ᠭᠡᠳᠦᠨ ᠲᠦᠷᠦᠯ ᠤᠨ ᠠᠵᠢᠯ ᠢ ᠨᠢᠭᠡᠳᠣᠯᠳᠠᠢ ᠲᠦᠯᠦᠪᠵᠢᠭᠦᠯᠦᠨ ᠠᠬᠢᠭᠤᠯᠵᠤ᠂ ᠡᠷᠡᠰ ᠨᠠᠶᠢᠳᠠᠪᠤᠷᠢᠵᠢᠭᠤᠯᠤᠨ᠎ᠠ᠃ ᠨᠢᠭᠡ ᠳᠤ᠂ ᠬᠤᠳᠠ ᠬᠦᠳᠡᠭᠡ ᠶᠢᠨ ᠠᠵᠢᠯ ᠮᠡᠷᠭᠡᠵᠢᠯ ᠤᠨ ᠪᠤᠯᠪᠠᠰᠣᠷᠠᠯ ᠪᠤᠯᠤᠨ ᠦᠢᠯᠡᠰ ᠪᠤᠰᠬᠠᠬᠤ ᠪᠤᠯᠪᠠᠰᠣᠷᠠᠯ ᠢ ᠡᠷᠭᠢᠯᠡᠵᠦ 2070 ᠬᠦᠮᠦᠨ ᠣᠳᠠᠭ᠎ᠠ ᠣᠷᠣᠯᠴᠠᠭᠤᠯᠤᠨ᠂ 1200 ᠲᠦᠮᠡᠨ ᠲᠦᠭᠦᠷᠢᠭ ᠤᠨ ᠪᠠᠭ᠎ᠠ ᠳᠣᠭᠠᠨ ᠤ ᠪᠠᠳᠣᠯᠭᠠᠳᠣ ᠵᠢᠭᠡᠯᠡᠯᠭᠡ ᠳᠠᠯᠪᠢᠨ᠎ᠡ᠃ ᠬᠤᠶᠠᠷ ᠲᠤ᠂ ᠶᠠᠳᠠᠭᠤ ᠬᠦᠴᠢᠷᠳᠠᠢ ᠡᠷᠦᠭᠡ ᠶᠢᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠪᠠ ᠳᠣᠰᠬᠠᠢ ᠮᠡᠷᠭᠡᠵᠢᠯ ᠤᠨ ᠠᠩᠬᠢ ᠳᠤ ᠰᠢᠯᠭᠠᠭᠳᠠᠨ ᠣᠷᠣᠭᠰᠠᠨ ᠣᠶᠣᠳᠠᠨ ᠎ ᠲᠤ ᠨᠢᠭᠡᠯᠡ ᠣᠳᠠᠭ᠎ᠠ ᠳᠤ ᠲᠤᠰ ᠪᠦᠷᠢ 3000 ᠲᠦᠭᠦᠷᠢᠭ ᠪᠠ 2000 ᠲᠦᠭᠦᠷᠢᠭ ᠤᠨ ᠨᠦᠬᠦᠪᠦᠷᠢ ᠣᠯᠭᠤᠨ᠎ᠠ᠃ ᠭᠤᠷᠪᠠ ᠳᠤ᠂ 2015 ᠤᠨ ᠤ ᠰᠠᠭᠤᠷᠢᠨ ᠲᠡᠭᠡᠷ᠎ᠡ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠶᠢᠭᠡᠮ ᠤᠨ ᠨᠠᠰᠣᠵᠢᠯ ᠤᠨ ᠳᠠᠭᠠᠳᠬᠠᠯ ᠤᠨ ᠰᠠᠭᠤᠷᠢ ᠮᠦᠩᠭᠦᠨ ᠤ ᠨᠦᠬᠦᠪᠦᠷᠢ ᠶᠢ ᠲᠡᠬᠢᠨ 5 ᠲᠦᠭᠦᠷᠢᠭ ᠨᠡᠮᠡᠭᠳᠡᠭᠦᠯᠦᠨ᠎ᠡ᠃ ᠲᠦᠷᠪᠡ ᠎ ᠳᠤ᠂ ᠪᠠᠳᠣᠯᠠᠭ᠎ᠠ ᠶᠢᠨ ᠴᠢᠨᠠᠷᠳᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠢ ᠭᠡᠷᠡᠭᠵᠢᠭᠦᠯᠵᠦ᠂ 120 ᠬᠢᠮᠳᠠ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠵᠤ᠂ ᠪᠦᠷᠭᠡ ᠳᠣᠭᠤᠷᠢᠭ ᠤᠨ ᠦᠭᠡᠷᠡᠴᠢᠯᠡᠯᠳᠡ ᠪᠠᠷ 300 ᠡᠷᠦᠭᠡ ᠶᠢᠨ ᠭᠡᠷ ᠪᠠᠶᠢᠰᠢᠩ ᠢ ᠦᠭᠡᠷᠡᠴᠢᠯᠡᠨ ᠵᠠᠰᠠᠨ᠎ᠠ︔ ᠲᠠᠪᠤ ᠳᠤ᠂ ᠱᠠᠩᠳᠣ ᠪᠠᠯᠭᠠᠰᠣᠨ ᠤ 720 ᠰᠠᠭᠤᠭᠠᠯᠢ ᠡᠷᠦᠭᠡ ᠳᠤ ᠪᠠᠶᠢᠭᠠᠯᠢ ᠎ ᠶᠢᠨ ᠰᠢᠳᠠᠮᠠᠬᠠᠢ ᠬᠡᠢ ᠶᠢ ᠨᠡᠪᠳᠡᠷᠡᠭᠦᠯᠦᠨ᠎ᠡ᠃ ᠵᠢᠷᠭᠤᠭ᠎ᠠ ᠳᠤ᠂ ᠮᠠᠯᠵᠢᠬᠤ ᠲᠠᠷᠢᠶᠠᠯᠠᠬᠤ ᠤᠷᠤᠨ ᠤ 1000 ᠡᠷᠦᠭᠡ ᠶᠢᠨ ᠨᠠᠷᠠ ᠰᠠᠯᠬᠢᠨ ᠢ ᠬᠠᠷᠢᠯᠴᠠᠨ ᠨᠦᠬᠦᠪᠦᠷᠢᠯᠡᠭᠦᠯᠦᠭᠰᠡᠨ ᠴᠠᠬᠢᠯᠭᠠᠨ ᠬᠠᠩᠭᠠᠬᠤ ᠲᠦᠭᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠵᠦ᠂ 8487 ᠡᠷᠦᠭᠡ ᠶᠢᠨ ︽ᠨᠢᠭᠡ ᠡᠷᠦᠭᠡ ᠳᠤ ᠨᠢᠭᠡ ᠬᠡᠮᠵᠢᠭᠦᠷ︾᠎ ᠢ ᠲᠡᠰ ᠲᠡᠪᠰᠢᠭᠦᠯᠦᠨ ᠦᠭᠡᠷᠡᠴᠢᠯᠡᠨ᠎ᠡ︔ ᠳᠣᠯᠤᠭ᠎ᠠ ᠳᠤ᠂ ᠮᠠᠯᠴᠢᠨ ᠲᠠᠷᠢᠶᠠᠴᠢᠨ ᠲᠤ ᠲᠦᠯᠦᠪᠦᠷᠢ ᠦᠭᠡᠢ ᠪᠠᠷ ᠪᠡᠶ᠎ᠡ ᠪᠠᠨ ᠪᠠᠶᠢᠴᠠᠭᠠᠬᠤ ᠢᠨᠵᠧᠨᠧᠷᠢᠩ ᠢ ᠦᠷᠭᠦᠯᠵᠢᠯᠡᠨ ᠰᠠᠶᠢᠳᠣᠷ ᠦᠷᠨᠢᠭᠦᠯᠵᠦ᠂ 35 —45 ᠪᠦᠬᠦᠯᠢ ᠨᠠᠰᠣᠨ ᠤ ︵ᠡᠷᠡᠭᠳᠡᠢ︶᠂ 30 — 40 ᠪᠦᠬᠦᠯᠢ ᠨᠠᠰᠣᠨ ᠤ ︵ᠡᠮᠡᠭᠳᠡᠢ︶᠎ ᠳᠤ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ ᠠᠵᠢᠯ ᠤᠨ ᠡᠷᠴᠢᠮ ᠢᠶᠠᠨ ᠣᠯᠠᠮ ᠨᠢᠭᠡ ᠠᠯᠬᠤᠮ ᠨᠡᠮᠡᠭᠳᠡᠭᠦᠯᠵᠦ᠂ ᠬᠤᠳᠠ ᠬᠦᠳᠡᠭᠡ᠂ ᠠᠵᠢᠯ ᠲᠦᠷᠦᠯ ᠤᠨ ᠬᠤᠭᠤᠷᠤᠨᠳᠣᠬᠢ ᠣᠷᠣᠯᠭ᠎ᠠ ᠶᠢᠨ ᠵᠦᠷᠢᠶ᠎ᠠ ᠶᠢ ᠠᠭᠠᠵᠢᠮ ᠢᠶᠠᠷ ᠪᠠᠭᠠᠰᠬᠠᠨ᠎ᠠ᠃ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ︽ᠨᠢᠭᠡ ᠺᠠᠷᠲ︾ ᠎ ᠤᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠳ ᠢ ᠬᠠᠷᠠᠭᠠᠯᠵᠠᠬᠤ ᠨᠦᠬᠦᠪᠦᠷᠢ ᠶᠢᠨ ᠪᠡᠯᠡ ᠮᠦᠩᠬᠦ ᠶᠢ ᠳᠤᠭ᠎ᠠ ᠶᠤᠰᠣᠭᠠᠷ ᠨᠠᠶᠢᠳᠠᠪᠤᠷᠢᠵᠢᠭᠤᠯᠬᠤ ᠶᠢ ᠪᠠᠳᠣᠯᠠᠨ᠎ᠠ︔ ᠲᠦᠷᠦ ᠶᠢᠨ ᠠᠯᠪᠠᠳᠠᠨ ᠤ ᠡᠭᠦᠷᠭᠡ ᠳᠣᠰᠢᠶᠠᠯ ᠪᠤᠯᠤᠨ ᠳᠣᠰᠢᠶᠠᠯ ᠤᠨ ᠵᠡᠷᠭᠡ ᠲᠡᠰ ᠢ ᠵᠡᠷᠭᠡᠪᠡᠷ ᠶᠠᠪᠤᠭᠳᠠᠭᠤᠯᠬᠤ ᠲᠦᠷᠢᠮ ᠢ ᠰᠠᠶᠢᠳᠣᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠣᠷᠠᠯ ᠤᠨ ᠲᠠᠯ᠎ᠠ ᠪᠠᠷ ᠬᠢ ᠵᠠᠷᠣᠯᠭ᠎ᠠ ᠶᠢᠨ ᠬᠠᠷᠢᠴᠠᠯ ᠢ ᠦᠷᠭᠦᠯᠵᠢᠯᠡᠨ ᠨᠡᠮᠡᠭᠳᠡᠭᠦᠯᠵᠦ᠂ ᠦᠷᠭᠡᠨ ᠣᠯᠠᠨ ᠲᠦᠮᠡᠨ ᠳᠤ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠡᠳ᠋ᠯᠠᠭᠦᠯᠦᠨ᠎ᠡ᠃          ︵ᠳᠣᠯᠤᠭ᠎ᠠ︶ ᠣᠶᠣᠨ ᠤ ᠪᠤᠯᠪᠠᠰᠣᠨ ᠤ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠳᠡᠨ ᠤ ᠰᠣᠶᠣᠯ ᠎ ᠤᠨ ᠬᠦᠭᠵᠢᠯ ᠴᠡᠴᠡᠭᠯᠡᠯ ᠢ ᠠᠬᠢᠭᠤᠯᠤᠨ᠎ᠠ᠃         ᠨᠠᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠣᠬᠠᠭᠤᠯᠭ᠎ᠠ ᠬᠦᠮᠦᠵᠢᠯ ᠢ ᠬᠦᠨᠵᠡᠭᠡᠢ ᠠᠬᠢᠭᠤᠯᠤᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠠᠨ ᠣᠷᠣᠭᠰᠢᠯᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠪᠤᠯᠪᠠᠰᠣᠨ ᠬᠦᠳᠡᠭᠡ ᠲᠤᠰᠬᠤᠨ᠂ ᠪᠤᠯᠪᠠᠰᠣᠨ ᠪᠠᠶᠢᠭᠤᠯᠭ᠎ᠠ ᠨᠢᠭᠡᠴᠡ ᠪᠠ ᠪᠤᠯᠪᠠᠰᠣᠨ ᠭᠡᠷ ᠪᠦᠯᠢ ᠶᠢ ᠡᠭᠦᠳᠬᠦ ᠠᠵᠢᠯᠯᠠᠭ᠎ᠠ ᠶᠢ ᠠᠬᠢᠭᠤᠯᠵᠤ᠂ ᠳᠣᠮᠳᠠᠳᠣ ᠶᠢᠨ ᠦᠨᠳᠦᠰᠦᠳᠠᠨ ᠤ ᠤᠯᠠᠮᠵᠢᠯᠠᠯᠳᠣ ᠪᠤᠯᠪᠠᠰᠣᠨ ᠰᠣᠷᠳᠠᠯ ᠢ ᠪᠠᠳᠠᠷᠠᠭᠤᠯᠤᠨ᠂ ᠦᠵᠡᠯ ᠰᠠᠨᠠᠭ᠎ᠠ ᠶᠤᠰᠤ ᠰᠣᠷᠳᠠᠬᠤᠨ ᠪᠠ ᠨᠠᠶᠢᠭᠡᠮ ᠤᠨ ᠢᠳᠡᠭᠡᠮᠵᠢᠳᠣ ᠪᠠᠶᠢᠭᠤᠯᠤᠯᠳᠠ ᠶᠢ ᠴᠢᠩᠭᠠᠳᠬᠠᠨ᠎ᠡ᠃ ᠰᠣᠶᠣᠯ ᠤᠨ ᠵᠠᠬ᠎ᠠ ᠲᠡᠯᠭᠡᠭᠦᠷ ᠲᠠᠬᠢ ᠬᠢᠨᠠᠨ ᠬᠠᠮᠢᠶᠠᠷᠣᠯᠳᠠ ᠶᠢᠨ ᠬᠦᠴᠦᠯᠡᠴᠡ ᠶᠢ ᠴᠢᠩᠭᠠᠳᠬᠠᠵᠤ᠂ ᠶᠡᠷᠢᠶ᠎ᠠ ᠬᠡᠯᠡᠯᠴᠡᠭᠡᠨ ᠤ ᠵᠢᠯᠤᠭᠤᠳᠣᠮᠵᠢ ᠪᠠ ᠲᠤᠤᠷ ᠰᠦᠯᠵᠢᠶᠠᠨ ᠤ ᠤᠬᠠᠭᠤᠯᠭ᠎ᠠ ᠶᠢᠨ ᠬᠠᠮᠢᠶᠠᠷᠣᠯᠳᠠ ᠎ ᠶᠢᠨ ᠠᠵᠢᠯ ᠢ ᠰᠠᠶᠢᠳᠣᠷ ᠬᠢᠵᠤ᠂ ᠭᠤᠤᠯ ᠠᠶᠠᠰ ᠢ ᠲᠡᠯᠭᠡᠷᠡᠭᠦᠯᠵᠦ᠂ ᠵᠦᠪ ᠡᠨᠧᠷᠬᠢ ᠶᠢ ᠳᠠᠮᠵᠢᠭᠤᠯᠤᠨ᠎ᠠ᠃ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠠᠭᠤᠯᠤᠭᠳᠠᠬᠤᠨ ᠢ ᠬᠦᠨᠵᠡᠭᠡᠢ ᠠᠭᠤᠳᠠᠯᠯᠠᠨ᠂ ᠦᠨᠳᠦᠰᠦᠳᠡᠨ ᠤ ᠰᠣᠶᠣᠯ ᠤᠨ ᠬᠦᠴᠦᠷᠭᠡᠭ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ︽ᠳᠤᠮᠳᠠᠳᠤ ᠤᠯᠤᠰ᠂ ᠶᠤᠸᠠᠨ ᠎ ᠤ ᠲᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ ᠦᠨᠳᠦᠰᠦᠳᠡᠨ ᠤ ᠵᠠᠩ ᠦᠢᠯᠡ ᠰᠣᠶᠣᠯ ᠤᠨ ᠰᠢᠷᠢᠰ ᠠᠵᠢᠯᠯᠠᠭ᠎ᠠ ᠶᠢ ᠰᠠᠶᠢᠳᠣᠷ ᠦᠷᠨᠢᠭᠦᠯᠦᠨ᠎ᠡ᠃ ︽ᠳᠣᠮᠳᠠᠳᠣ ᠣᠯᠣᠰ ᠤᠨ ᠮᠤᠩᠭᠤᠯ ᠭᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ︾᠎ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠤᠩᠭᠤᠯ ᠭᠡᠯᠡᠨ ᠤ ᠭᠡᠷᠡᠭᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠨᠡᠪᠳᠡᠷᠡᠭᠦᠯᠦᠭᠴᠢ ᠬᠦᠳᠦᠯᠦᠭᠴᠢ ᠶᠢᠨ ᠤᠷᠤᠯᠳᠤᠭᠠᠨ ᠢ ᠮᠠᠨ ᠤ ᠬᠤᠰᠢᠭᠤᠨ ᠳᠤ ᠶᠠᠪᠤᠭᠳᠠᠭᠤᠯᠬᠤ ᠪᠠᠷ ᠢᠳᠡᠪᠬᠢᠲᠠᠢ ᠴᠢᠷᠮᠠᠶᠢᠨ᠎ᠡ᠃ ᠰᠣᠶᠣᠯ ᠢᠶᠠᠷ ᠠᠷᠠᠳ ᠲᠤ ᠠᠰᠢᠭ ᠣᠯᠭᠤᠬᠤ ᠢᠨᠵᠧᠨᠧᠷᠢᠩ ᠢ ᠠᠬᠢᠭᠤᠯᠵᠤ᠂ ᠰᠤᠶᠤᠯ ᠤᠨ ᠭᠡᠷ᠂ ᠨᠤᠮ ᠤᠨ ᠰᠠᠩ ᠤᠨ ᠬᠢᠷᠢ ᠲᠦᠪᠰᠢᠨ ᠢ ᠲᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠨᠤᠮ ᠣᠩᠰᠢᠬᠤ ᠶᠢ ᠰᠣᠷᠳᠠᠯᠴᠢᠯᠠᠵᠤ᠂ ᠰᠣᠶᠣᠯ ᠣᠷᠠᠯᠢᠭ ᠤᠨ ᠡᠭᠦᠳᠦᠨ ᠪᠦᠳᠦᠭᠡᠯᠳᠡ ᠶᠢ ᠵᠤᠷᠢᠭᠵᠢᠭᠤᠯᠤᠨ᠎ᠠ᠃ ᠪᠤᠳᠠᠳᠣ ᠭᠡᠷᠡᠭᠯᠡᠭᠡᠨ ᠤ ᠰᠢᠨᠵᠢᠯᠡᠭᠡ ᠮᠡᠷᠭᠡᠵᠢᠯ ᠤᠨ ᠪᠤᠯᠪᠠᠰᠣᠷᠠᠯ ᠢ ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ ᠢᠳᠡᠪᠬᠢᠳᠠᠢ ᠣᠷᠢᠨ ᠣᠷᠣᠭᠤᠯᠤᠨ᠎ᠡ᠃ ᠲᠡᠤᠬᠡᠨ ᠳᠣᠷᠠᠰᠬᠠᠯᠳᠣ ᠵᠦᠢᠯᠡᠰ ᠪᠠ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ ᠶᠢ ᠴᠢᠩᠭᠠᠳᠬᠠᠵᠤ᠂ ᠰᠣᠶᠣᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ ᠴᠢᠬᠤᠯᠠᠴᠢᠯᠠᠨ᠎ᠠ᠃  ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠥᠽᠸᠢ ᠶᠢᠨ ᠨᠠᠶᠢᠭᠡᠮ ᠳᠤ ᠦᠢᠯᠡᠴᠢᠯᠡᠬᠦ ᠴᠢᠳᠠᠪᠬᠢ ᠶᠢ ᠲᠡᠭᠡᠭᠰᠢᠯᠡᠭᠦᠯᠵᠦ᠂ ᠣᠯᠣᠰ ᠤᠨ ᠲᠦᠯᠦᠪᠦᠷᠢ ᠦᠭᠡᠢ ᠨᠡᠭᠡᠭᠡᠭᠦ ᠡᠩᠨᠡᠭᠡᠨ ᠳᠤ ᠤᠷᠤᠭᠤᠯᠬᠤ ᠪᠠᠷ ᠴᠢᠷᠮᠠᠶᠢᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠢᠳᠡᠪᠬᠢᠳᠠᠢ ᠦᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠪᠠ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭ᠎ᠠ ᠶᠢ ᠲᠦᠭᠡᠮᠡᠯᠵᠢᠭᠦᠯᠤᠨ᠂ ᠪᠦᠬᠡ ᠵᠡᠷᠭᠡ ᠦᠨᠳᠦᠰᠦᠳᠡᠨ ᠤ ᠪᠡᠶ᠎ᠡ ᠳᠠᠮᠢᠷ ᠤᠨ ᠣᠷ᠎ᠠ ᠮᠡᠷᠭᠡᠵᠢᠯ ᠤᠨ ᠬᠢᠷᠢ ᠲᠦᠪᠰᠢᠨ ᠢ ᠲᠡᠭᠡᠭᠰᠢᠯᠡᠭᠦᠯᠵᠦ᠂ ︽ᠬᠦᠶᠦᠴᠢ︾ ᠬᠤᠯᠠ ᠬᠦᠶᠦᠬᠦ ᠤᠷᠤᠯᠳᠤᠭᠠᠨ ᠵᠡᠷᠭᠡ ᠳᠣᠮᠣ ᠬᠡᠯᠪᠡᠷᠢ ᠶᠢᠨ ᠪᠠᠶ᠎ᠠ ᠲᠠᠮᠢᠷ ᠤᠨ ᠣᠷᠣᠯᠳᠣᠭᠠᠨ ᠢ ᠡᠷᠬᠢᠯᠡᠬᠦ ᠪᠠᠷ ᠴᠢᠷᠮᠠᠶᠢᠨ᠎ᠠ᠃ ᠲᠡᠭᠡᠳᠦ ᠱᠠᠳᠣᠨ ᠤ ᠰᠣᠶᠣᠯ ᠤᠨ ᠠᠵᠤ ᠦᠢᠯᠡᠰ ᠤᠨ ᠰᠠᠭᠤᠷᠢ ᠮᠦᠩᠬᠦ ᠶᠢ ᠣᠯᠬᠤ ᠪᠠᠷ ᠴᠢᠷᠮᠠᠶᠢᠵᠤ᠂ ᠰᠣᠶᠣᠯ ᠵᠢᠭᠤᠯᠴᠢᠯᠠᠯ᠂ ᠰᠢᠨᠵᠢᠯᠡᠭᠡ ᠮᠡᠷᠭᠡᠵᠢᠯ᠂ ᠪᠡᠶ᠎ᠡ ᠳᠠᠮᠢᠷ ᠶᠢᠨ ᠣᠷᠭᠠᠨᠢᠭ ᠵᠤᠬᠢᠴᠠᠯ ᠢ ᠠᠬᠢᠭᠤᠯᠵᠤ᠂ ᠠᠵᠤ ᠠᠬᠤᠢ ᠶᠢᠨ ᠬᠦᠭᠵᠢᠯᠳᠡ ᠳᠤ ᠦᠵᠡᠭᠦᠯᠬᠦ ᠰᠣᠶᠣᠯ ᠤᠨ ᠠᠵᠤ ᠦᠢᠯᠡᠰ ᠤᠨ ᠬᠤᠪᠢ ᠨᠡᠮᠡᠭᠦᠷᠢ ᠶᠢ ᠲᠡᠭᠡᠭᠰᠢᠯᠡᠭᠦᠯᠦᠨ᠎ᠡ᠃          ︵ᠨᠠᠢᠮᠠ︶ ᠵᠠᠰᠠᠭ ᠤᠨ ᠣᠷᠳᠣᠨ ᠤ ᠲᠤᠰ ᠪᠠᠶ᠎ᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ         ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠤ᠂ ᠣᠯᠣᠰ ᠲᠦᠷᠦ ᠶᠢᠨ ᠰᠠᠬᠢᠯᠭ᠎ᠠ ᠪᠠᠳᠣ ᠪᠠ ᠤᠯᠤᠰ ᠲᠦᠷᠦ ᠶᠢᠨ ᠲᠦᠷᠢᠮ ᠶᠤᠰᠣ ᠶᠢ ᠴᠢᠩᠭ᠎ᠠ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠤᠰᠣᠨ ᠤ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠯᠳᠣ ᠬᠠᠣᠯᠢ ᠪᠠᠷ ᠵᠠᠰᠠᠬᠤ ᠪᠠ ᠵᠠᠰᠠᠭ ᠤᠨ ᠣᠷᠳᠣᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠂ ᠠᠷᠠᠳ ᠲᠦᠮᠡᠨ ᠤ ᠬᠠᠣᠯᠢ ᠶᠣᠰᠣᠨ ᠤ ᠡᠷᠭᠡ ᠠᠰᠢᠭ ᠪᠠ ᠨᠠᠶᠢᠭᠡᠮ ᠤᠨ ᠡᠷᠭᠡ ᠲᠡᠭᠰᠢ ᠲᠦᠪ ᠰᠢᠳᠣᠷᠭᠤ ᠶᠣᠰᠣ ᠶᠢ ᠬᠠᠮᠠᠭᠠᠯᠠᠵᠤ᠂ ᠠᠷᠠᠳ ᠤᠨ ᠲᠦᠯᠦᠭᠡ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ ᠪᠠ ᠬᠠᠣᠯᠢ ᠪᠠᠷ ᠵᠠᠰᠠᠬᠤ᠂ ᠰᠢᠨ᠎ᠡ ᠶᠢ ᠡᠭᠦᠳᠬᠦ᠂ ᠦᠨᠳᠦᠷ ᠦᠷ᠎ᠡ ᠪᠦᠳᠦᠮᠵᠢ ᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠲᠦᠷᠭᠡᠳᠭᠡᠨ᠎ᠡ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠂ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ ᠲᠦᠷᠢᠮ︾ ᠪᠠ ︽ᠳᠣᠮᠳᠠᠳᠣ ᠣᠯᠣᠰ ᠤᠨ ᠡᠪ ᠬᠠᠮᠳᠣ ᠨᠠᠮ ᠤᠨ ᠰᠠᠬᠢᠯᠭ᠎ᠠ ᠪᠠᠳᠣ ᠶᠢᠨ ᠰᠢᠢᠳᠭᠡᠯ ᠤᠨ ᠲᠦᠷᠢᠮ︾᠎ ᠢ ᠴᠢᠩᠭ᠎ᠠ ᠰᠠᠬᠢᠵᠤ᠂ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠰᠠᠬᠢᠯᠭ᠎ᠠ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠬᠢᠨᠠᠨ ᠪᠤᠳᠣᠵᠤ ᠬᠢᠨᠠᠯᠳᠠ ᠳᠠᠯᠪᠢᠬᠤ ᠶᠢ ᠴᠢᠩᠭᠠᠳᠬᠠᠵᠤ᠂ ᠲᠣᠰ ᠱᠠᠳᠣᠨ ᠤ ᠲᠦᠰᠦᠪ ᠤᠨ ᠭᠡᠷᠡᠭᠵᠢᠭᠦᠯᠦᠯᠳᠡ ᠶᠢᠨ ᠬᠢᠨᠠᠨ ᠪᠤᠳᠣᠯᠳᠠ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠣᠯᠳᠠ ᠪᠠᠷ ᠭᠤᠤᠯᠳᠠᠯᠭ᠎ᠠ ᠪᠤᠯᠭᠠᠨ᠂ ᠠᠷᠠᠳ ᠤᠨ ᠠᠮᠢᠳᠣᠷᠠᠯ ᠤᠨ ᠢᠨᠵᠧᠨᠧᠷᠢᠩ ᠪᠠ ᠳᠣᠰᠬᠠᠢ ᠲᠦᠷᠦᠯ ᠤᠨ ᠪᠡᠯᠡ ᠮᠦᠩᠬᠦ ᠶᠢ ᠬᠢᠨᠠᠨ ᠪᠤᠳᠣᠬᠤ ᠡᠷᠴᠢᠮ ᠢ ᠴᠢᠩᠭᠠᠳᠬᠠᠨ᠎ᠡ᠃ ᠰᠣᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ︽ᠭᠤᠷᠪᠠᠨ ᠴᠢᠩᠭ᠎ᠠ᠂ ᠭᠤᠷᠪᠠᠨ ᠪᠤᠳᠠᠳᠠᠢ︾᠎ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠭᠡᠷᠡᠭᠵᠢᠭᠦᠯᠵᠦ᠂ ᠵᠠᠰᠠᠭ ᠵᠠᠬᠢᠷᠭᠠᠨ ᠤ ᠡᠰᠡ ᠭᠦᠢᠴᠡᠳᠭᠡᠬᠦ᠂ ᠳᠣᠷ᠎ᠠ ᠪᠠᠷ ᠢᠶᠠᠨ ᠭᠦᠢᠴᠡᠳᠭᠡᠬᠦ ᠪᠠ ᠠᠷᠠᠳ ᠲᠦᠮᠡᠨ ᠤ ᠠᠰᠢᠭ ᠳᠣᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ ᠴᠡᠭᠴᠡᠯᠡᠨ᠎ᠡ᠃ ᠵᠠᠰᠠᠭ ᠵᠠᠬᠢᠷᠭᠠᠨ ᠤ ᠴᠢᠳᠠᠪᠬᠢ ᠶᠢ ᠪᠠᠶᠢᠴᠠᠭᠠᠨ ᠬᠠᠷᠢᠭᠤᠴᠠᠯᠭ᠎ᠠ ᠳᠣᠯᠭᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠵᠤ᠂ ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠭᠡᠷ᠎ᠡ ᠶᠢ ᠬᠢᠨᠠᠨ ᠳᠣᠭᠳᠠᠭᠠᠬᠤ ᠠᠵᠢᠯ ᠢ ᠡᠷᠴᠢᠮᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠲᠦᠷᠢᠮ ᠤᠨ ᠦᠭᠡᠷᠡᠴᠢᠯᠡᠯᠳᠡ ᠶᠢ ᠴᠢᠩᠭᠠᠳᠬᠠᠨ᠂ ᠬᠠᠣᠯᠢ ᠶᠣᠰᠣᠨ ᠤ ᠡᠷᠭᠡ ᠮᠡᠳᠡᠯ᠂ ᠬᠠᠤᠯᠢ ᠳᠤ ᠳᠣᠭᠳᠠᠭᠠᠭᠰᠠᠨ ᠡᠷᠭᠡ ᠶᠢᠨ ᠬᠢᠵᠠᠭᠠᠠᠷ ᠪᠠ ᠡᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠵᠠᠰᠠᠭ ᠤᠨ ᠣᠷᠳᠣᠨ ᠤ ᠠᠯᠢᠪᠡ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠂ ︽ᠬᠠᠤᠯᠢ ᠳᠤ ᠲᠤᠭᠳᠠᠭᠠᠭᠰᠠᠨ ᠡᠭᠦᠷᠭᠡ ᠬᠠᠷᠢᠭᠤᠴᠠᠯᠭ᠎ᠠ ᠎ ᠶᠢ ᠵᠠᠪᠠᠯ ᠭᠦᠢᠴᠡᠳᠭᠡᠬᠦ︾᠎ ᠶᠢ ᠪᠠᠶᠡᠯᠡᠭᠦᠯᠦᠨ᠎ᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠣᠯᠭ᠎ᠠ ᠪᠠ ᠦᠨᠳᠦᠰᠦᠳᠡᠨ ᠎ ᠤ ᠣᠷᠣᠨ ᠤ ᠦᠪᠡᠷᠳᠡᠭᠡᠨ ᠵᠠᠰᠠᠬᠤ ᠲᠦᠷᠢᠮ ᠢ ᠪᠦᠬᠦ ᠲᠠᠯ᠎ᠠ ᠪᠠᠷ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠎ ᠤ ᠪᠦᠯᠬᠦᠮᠲᠡᠯ ᠲᠠᠪᠰᠢᠯᠲᠠ ᠶᠢᠨ ᠡᠭᠦᠳᠦᠯᠳᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ︽ᠲᠦᠷᠪᠡ ᠶᠢ ᠵᠦᠪᠰᠢᠶᠡᠷᠡᠨ ᠮᠡᠳᠡᠷᠡᠬᠦ︾᠎ ᠶᠢ ᠦᠨᠡᠨᠬᠦ ᠴᠢᠩᠭᠠᠳᠬᠠᠨ᠂ ᠡᠷᠭᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠣᠷᠣᠯᠴᠠᠬᠤ᠂ ᠡᠶ᠎ᠡ ᠵᠤᠬᠢᠴᠠᠯᠳᠠᠢ ᠨᠡᠶᠢᠭᠡᠮ ᠵᠢᠷᠤᠮᠳᠣ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠭᠦᠭᠵᠢᠭᠦᠯᠦᠨ᠎ᠡ᠃ ᠮᠤᠩᠭᠤᠯ ᠬᠢᠲᠠᠳ ᠬᠤᠶᠠᠷ ᠬᠡᠯᠡ ᠶᠢ ᠵᠡᠷᠭᠡᠪᠡᠷ ᠬᠡᠷᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠱᠠᠰᠢᠨ ᠰᠣᠷᠳᠠᠬᠤᠨ ᠤ ᠠᠵᠢᠯ ᠤᠨ ᠲᠠᠯ᠎ᠠ ᠪᠠᠷ ᠎ ᠬᠢ ᠨᠠᠮ ᠤᠨ ᠦᠨᠳᠦᠰᠦᠨ ᠴᠢᠭᠯᠡᠯᠳᠡ ᠶᠢ ᠬᠦᠨᠵᠡᠭᠡᠢ ᠳᠣᠣᠱᠯᠠᠭᠤᠯᠤᠨ ᠨᠠᠶᠢᠳᠠᠪᠤᠷᠢᠵᠢᠭᠤᠯᠣᠨ᠎ᠡ᠃ ᠰᠢᠨ᠎ᠠ ᠲᠦᠰᠦᠪ ᠶᠢᠨ ᠬᠠᠤᠯᠢ ᠶᠢ ᠴᠢᠩᠭ᠎ᠠ ᠬᠡᠷᠡᠭᠵᠢᠭᠦᠯᠥᠨ᠂ ᠵᠠᠷᠤᠯᠭ᠎ᠠ ᠶᠢᠨ ᠪᠦᠳᠦᠴᠡ ᠶᠢ ᠤᠯᠠᠮ ᠨᠢᠭᠡ ᠠᠯᠬᠤᠮ ᠳᠣᠬᠢᠷᠠᠭᠤᠯᠤᠨ ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ︽ᠭᠤᠷᠪᠠᠨ ᠲᠥᠷᠥᠯ ᠤᠨ ᠠᠯᠪᠠᠨ ᠵᠠᠷᠤᠳᠠᠯ︾ ᠪᠠ ᠠᠰᠠᠷ ᠲᠠᠭᠳᠤ ᠵᠡᠷᠭᠡ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠵᠠᠷᠤᠯᠭ᠎ᠠ ᠶᠢ ᠪᠠᠭᠠᠰᠬᠠᠨ᠎ᠡ᠃ ᠳᠤᠭ᠎ᠠ ᠪᠦᠷᠢᠳᠭᠡᠯ ᠤᠨ ᠠᠵᠢᠯ ᠤᠨ ᠴᠢᠳᠠᠪᠬᠢ ᠪᠠ ᠬᠢᠷᠢ ᠲᠦᠪᠰᠢᠨ ᠢ ᠳᠠᠰᠣᠷᠠᠯᠳᠡ ᠦᠭᠡᠢ ᠲᠡᠭᠡᠭᠰᠢᠯᠡᠭᠦᠯᠤᠨ᠂ ᠵᠠᠰᠠᠭ ᠤᠨ ᠣᠷᠳᠣᠨ ᠤ ᠳᠤᠭ᠎ᠠ ᠪᠦᠷᠢᠳᠭᠡᠯ ᠤᠨ ᠢᠳᠡᠭᠡᠭᠦᠯᠬᠦ ᠬᠦᠴᠦᠨ ᠢ ᠦᠨᠡᠨᠬᠦ ᠨᠡᠮᠡᠭᠳᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠳᠣ ᠪᠣᠳᠣᠯᠭ᠎ᠠ ᠳᠣᠭᠳᠠᠭᠠᠬᠤ ᠳᠤ ᠰᠢᠨᠵᠢᠯᠡᠬᠦ ᠣᠬᠠᠭᠠᠨᠴᠢ ᠦᠨᠳᠦᠰᠦ ᠪᠠᠷᠢᠮᠳᠠ ᠬᠠᠩᠭᠠᠨ᠎ᠠ︔ ᠪᠦᠬᠦ ᠤᠯᠤᠰ ᠤᠨ ᠭᠤᠷᠪᠠᠳᠣᠭᠠᠷ ᠣᠳᠠᠭᠠᠨ ᠤ ᠲᠡᠷᠢᠶᠠᠯᠠᠩ ᠤᠨ ᠨᠠᠶᠢᠳᠠᠮ ᠪᠠᠶᠢᠴᠠᠭᠠᠯᠳᠠ ᠶᠢᠨ ᠠᠵᠢᠯ ᠢ ᠪᠠᠶᠠᠯᠡᠭᠦᠯᠦᠨ᠎ᠡ᠃ ᠳᠣᠭᠳᠠᠮᠠᠯ ᠬᠦᠷᠦᠩᠭᠡ ᠶᠢ ᠪᠦᠷᠢᠳᠭᠡᠨ ᠲᠠᠩᠰᠠᠯᠠᠬᠤ ᠠᠵᠢᠯ ᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠪᠠ ᠢᠳᠡᠭᠡᠨ ᠤᠮᠳᠠᠭᠠᠨ ᠡᠮ ᠲᠠᠩ ᠤᠨ ᠠᠮᠤᠷ ᠲᠥᠪᠰᠢᠨ ᠤ ᠠᠵᠢᠯ ᠢ ᠰᠠᠶᠢᠳᠦᠷ ᠠᠳᠬᠤᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠡᠯ᠎ᠡ ᠵᠦᠢᠯ ᠤᠨ ᠤᠨᠴᠠ ᠶᠡᠭᠡ ᠤᠰᠤᠯ ᠠᠳᠡᠯ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠠ ᠪᠡᠯᠡᠳᠭᠡᠯ ᠬᠦᠴᠦᠨ ᠎ ᠤ ᠪᠠᠶᠢᠭᠤᠯᠤᠯᠳᠠ ᠶᠢ ᠲᠡᠮᠵᠢᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠤᠨ ᠡᠷᠴᠢᠮ ᠢ ᠨᠡᠮᠡᠭᠳᠡᠭᠦᠯᠵᠦ᠂ ᠴᠡᠷᠢᠭ ᠠᠷᠠᠳ ᠤᠨ ᠬᠠᠮᠳᠣᠷᠠᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠮᠤᠷ ᠲᠤᠭᠳᠠᠭᠤᠨ ᠰᠢᠯᠤᠭᠤᠨ ᠬᠦᠬᠡ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠨᠢᠭᠡ ᠰᠠᠯᠠᠭ᠎ᠠ ᠣᠯᠣᠰ ᠲᠦᠷᠦ ᠶᠢᠨ ᠲᠠᠯ᠎ᠠ ᠪᠠᠷ ᠪᠤᠯᠪᠠᠰᠣᠷᠠᠩᠭᠤᠢ᠂ ᠳᠣᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠳᠣᠳᠣᠭᠠᠳᠣ ᠶᠢ ᠬᠠᠮᠠᠭᠠᠯᠠᠬᠤ ᠴᠠᠭᠳᠠᠭᠠᠨ ᠤ ᠡᠩᠨᠡᠭᠡ ᠶᠢ ᠪᠠᠶᠢᠭᠤᠯᠤᠨ᠎ᠠ᠃ ᠵᠠᠬᠢᠲᠠᠯ ᠰᠤᠷᠪᠤᠯᠵᠢᠯᠠᠭ᠎ᠠ ᠶᠢᠨ ᠲᠤᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠨᠠᠮᠳᠠᠭᠤᠯᠬᠤ ᠠᠵᠢᠯᠯᠠᠭ᠎ᠠ ᠶᠢ ᠭᠥᠨᠵᠡᠭᠡᠢ ᠦᠷᠨᠢᠭᠦᠯᠦᠨ᠂ ᠨᠠᠶᠢᠭᠡᠮ ᠤᠨ ᠡᠶ᠎ᠡ ᠵᠤᠬᠢᠴᠠᠯ᠂ ᠳᠣᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃          ᠲᠦᠯᠦᠭᠡᠯᠡᠭᠴᠢᠳ ᠡ᠂ ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠠᠤᠭ᠎ᠠ ᠬᠦᠰᠢᠭᠡ ᠨᠢᠭᠡᠨᠳᠡ ᠰᠡᠭᠦᠭᠳᠡᠵᠦ᠂ ᠪᠢᠳᠠ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠠᠶᠠᠨ ᠢᠶᠠᠨ ᠡᠬᠢᠯᠡᠭᠦᠯᠦᠯ᠎ᠡ᠃ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠣᠯᠠᠨ ᠲᠦᠮᠡᠨ ᠤ ᠬᠠᠮᠳᠣ ᠶᠢᠨ ᠪᠦᠯᠭᠦᠮᠳᠠᠯ ᠲᠡᠮᠡᠴᠡᠯ ᠳᠣᠣᠷ᠎ᠠ᠂ ᠮᠠᠨ ᠤ ᠰᠢᠯᠤᠭᠤᠨ ᠬᠦᠬᠡ ᠬᠤᠰᠢᠭᠤᠨ ᠤ ᠮᠠᠷᠭᠠᠰᠢ ᠨᠡᠩ ᠰᠠᠶᠢᠨ ᠰᠠᠶᠢᠬᠠᠨ ᠪᠤᠯᠬᠤ ᠳᠤ ᠪᠢᠳᠠ ᠪᠠᠳᠣ ᠢᠳᠡᠭᠡᠯ ᠲᠠᠢ ᠪᠠᠶᠢᠨ᠎ᠡ︕  ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠳᠠᠬᠢ ᠨᠡᠷ᠎ᠡ ᠦᠭᠡ᠂ ᠨᠡᠷ᠎ᠡ ᠲᠤᠮᠢᠶ᠎ᠠ ᠪᠤᠯᠤᠨ ᠬᠤᠷᠢᠶᠠᠩᠭᠤᠢ ᠦᠭᠡ ᠶᠢᠨ ᠲᠠᠶᠢᠯᠪᠤᠷᠢ1᠂ ︽ᠨᠢᠭᠡ ᠪᠦᠰᠡ ᠨᠢᠭᠡ ᠵᠠᠮ︾᠄ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠪᠠ 21 ᠳ᠋ᠤᠭᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ᠃2᠂ ᠬᠠᠩᠭᠠᠯᠭ᠎ᠠ ᠲᠡᠰᠢ ᠬᠡᠯᠪᠡᠶᠢᠬᠦ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ᠄ ᠬᠠᠩᠭᠠᠯᠭ᠎ᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠠᠴᠠ ᠡᠬᠢᠯᠡᠨ᠂ ᠦᠭᠡᠷᠡᠴᠢᠯᠡᠯᠳᠡ ᠶᠢᠨ ᠠᠷᠭ᠎ᠠ ᠬᠡᠯᠪᠡᠷᠢ ᠪᠠᠷ ᠪᠦᠳᠦᠴᠡ ᠶᠢᠨ ᠲᠤᠬᠢᠷᠠᠭᠤᠯᠤᠯᠳᠠ ᠶᠢ ᠠᠬᠢᠭᠤᠯᠵᠤ᠂ ᠪᠦᠳᠦᠮᠵᠢᠳᠠᠢ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠴᠡᠭᠡ ᠱᠠᠭᠠᠷᠳᠠᠯᠭ᠎ᠠ ᠎ ᠶᠢᠨ ᠬᠤᠪᠢᠷᠠᠯᠳᠠ ᠳᠤ ᠵᠤᠬᠢᠴᠠᠬᠤ ᠴᠢᠨᠠᠷ ᠪᠤᠯᠤᠨ ᠠᠮᠢᠳᠤᠯᠢᠭ ᠴᠢᠨᠠᠷ ᠢ ᠲᠡᠭᠡᠭᠰᠢᠯᠡᠭᠦᠯᠦᠨ᠂ ᠪᠦᠬᠦ ᠡᠯᠧᠮᠧᠨ᠋ᠲ ᠶᠢᠨ ᠦᠢᠯᠡᠳᠪᠦᠷᠢᠯᠡᠯ ᠤᠨ ᠨᠤᠷᠮ᠎ᠠ ᠶᠢ ᠲᠡᠭᠡᠭᠰᠢᠯᠡᠭᠦᠯᠵᠦ᠂ ᠦᠷᠭᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠢ ᠨᠡᠩ ᠰᠠᠶᠢᠳᠤᠷ ᠬᠠᠩᠭᠠᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠨᠠᠮ ᠤᠨ ᠲᠦᠪ ᠬᠤᠷᠢᠶ᠎ᠠ ᠠᠴᠠ᠂ ᠪᠦᠳᠦᠴᠡ ᠶᠢᠨ ᠴᠢᠨᠠᠷᠳᠠᠢ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠪᠤᠯ ᠠᠵᠤ ᠠᠬᠤᠢ ᠶᠢᠨ ᠡᠷᠬᠢᠯᠳᠡ ᠲᠤᠮᠳᠠ ᠲᠤᠩ ᠤᠯᠠᠨ ᠬᠦᠴᠢᠷᠳᠡᠯ ᠪᠠ ᠠᠰᠠᠭᠤᠳᠠᠯ ᠤᠴᠠᠷᠠᠭᠤᠯᠬᠤ ᠶᠢᠨ ᠴᠢᠬᠤᠯᠠ ᠰᠢᠯᠳᠠᠭᠠᠨ ᠮᠦᠨ︔ ᠪᠦᠳᠦᠮᠵᠢᠳᠠᠢ ᠬᠠᠩᠭᠠᠯᠭ᠎ᠠ ᠨᠢ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠪᠠ ᠪᠦᠳᠦᠴᠡ ᠶᠢᠨ ᠬᠤᠪᠢᠷᠠᠯᠳᠠ ᠲᠠᠢ ᠵᠤᠬᠢᠴᠠᠵᠤ ᠲᠡᠶᠢᠯᠬᠦ ᠦᠭᠡᠢ ᠪᠠᠶᠢᠳᠠᠯ ᠲᠤᠤᠷ᠎ᠠ᠂ ᠨᠡᠩ ᠤᠯᠠᠨ ᠬᠦᠴᠦ ᠤᠬᠠᠭᠠᠨ ᠢᠶᠠᠨ ᠬᠠᠩᠭᠠᠯᠭ᠎ᠠ ᠲᠡᠰᠢ ᠬᠡᠯᠪᠡᠶᠢᠬᠦ ᠳᠤ ᠲᠠᠯᠪᠢᠨ᠂ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ ᠴᠢᠩᠭᠠᠳᠬᠠᠵᠤ᠂ ᠬᠠᠩᠭᠠᠯᠭ᠎ᠠ ᠶᠢᠨ ᠰᠢᠨᠡᠴᠢᠯᠡᠯᠳᠡ ᠪᠠᠷ ᠱᠠᠭᠠᠷᠳᠠᠯᠭ᠎ᠠ ᠶᠢᠨ ᠨᠡᠮᠡᠭᠳᠡᠯ ᠢ ᠲᠠᠶᠢᠴᠢᠯᠠᠨ᠂ ᠲᠤᠤᠷ᠎ᠠ ᠬᠢᠷᠢ ᠲᠦᠪᠰᠢᠨ ᠲᠠᠢ ᠬᠠᠩᠭᠠᠯᠭ᠎ᠠ ᠬᠡᠷᠡᠭᠴᠡᠭᠡᠨ ᠤ ᠲᠡᠩᠴᠡᠬᠦᠷᠢᠰᠢᠯ ᠢ ᠦᠨᠳᠦᠷ ᠬᠢᠷᠢ ᠲᠦᠪᠰᠢᠨ ᠳᠤ ᠲᠡᠪᠰᠢᠭᠦᠯᠬᠦ ᠶᠢ ᠪᠡᠶᠡᠯᠡᠭᠦᠯᠬᠦ ᠬᠡᠷᠡᠭᠳᠠᠢ ᠬᠡᠵᠦ ᠴᠢᠬᠤᠯᠠᠴᠢᠯᠠᠵᠠᠢ᠃ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠴᠢᠩᠭᠠᠳᠬᠠᠬᠤ ᠎ ᠳᠤ ᠭᠤᠤᠯ ᠨᠢ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ ᠂ ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠯ ᠢᠶᠠᠨ ᠨᠦᠬᠦᠪᠦᠷᠢᠯᠡᠬᠦ ᠲᠠᠪᠤᠨ ᠵᠤᠷᠪᠤᠰ ᠡᠭᠦᠷᠭᠡ ᠶᠢ ᠰᠠᠶᠢᠳᠤᠷ ᠠᠳᠬᠤᠬᠤ ᠳᠤ ᠪᠤᠢ᠃3 ︽ᠨᠠᠢᠮᠠᠨ ᠬᠡᠪ ᠲᠠᠭᠤᠷᠢᠶᠠᠯ ᠵᠢᠱᠢᠶ᠎ᠡ ᠦᠵᠡᠭᠦᠯᠬᠦ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ ᠬᠤᠷᠳᠤᠴᠠ ᠶᠢ ᠨᠡᠮᠡᠭᠳᠡᠭᠦᠯᠬᠦ᠂ ᠡᠳ᠋ ᠤᠨ ᠵᠠᠰᠠᠭ ᠤᠨ ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ ᠵᠢᠭᠤᠯᠴᠢᠯᠠᠯ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠯᠢᠭ ᠵᠠᠮ ᠬᠠᠷᠢᠯᠴᠠᠭ᠎ᠠ᠂ ᠦᠨᠳᠦᠰᠦᠳᠡᠨ ᠤ ᠵᠠᠩ ᠦᠢᠯᠡ ᠪᠠ ᠪᠡᠶ᠎ᠡ ᠲᠠᠮᠢᠷ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ᠃4᠂ ︽ᠵᠢᠷᠭᠤᠭᠠᠨ ᠰᠢᠪᠳᠤᠯᠤᠯᠳᠠ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠢ ᠠᠬᠤᠢ ᠶᠢᠨ ᠤᠷᠴᠢᠨ ᠲᠤᠭᠤᠷᠢᠨ ᠎ ᠤ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ ᠲᠦᠬᠦᠭᠡᠷᠦᠮᠵᠢ ᠦᠢᠯᠡᠳᠬᠦ᠂ ᠮᠠᠯ ᠲᠠᠷᠢᠶᠠᠯᠠᠩ ᠎ ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ᠃5 ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ᠃6᠂ ︽ᠲᠦᠷᠪᠡᠨ ᠪᠦᠬᠦ ᠲᠠᠯ᠎ᠠ︾ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠎ ᠪᠠᠷ ᠪᠦᠳᠦᠭᠡᠨ ᠪᠠᠶᠢᠭᠤᠯᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠬᠠᠤᠯᠢ ᠪᠠᠷ ᠤᠯᠤᠰ ᠢᠶᠠᠨ ᠪᠦᠬᠦ ᠲᠠᠯ᠎ᠠ ᠪᠠᠷ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠃7᠂ ︽ᠵᠢᠷᠭᠤᠭᠠᠨ ᠰᠠᠭᠤᠷᠢᠨ ᠭᠠᠵᠠᠷ︾᠄ ᠪᠡᠭᠡᠵᠢᠩ ᠲᠢᠶᠠᠨᠵᠢᠨ ᠤ ᠠᠮᠢ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠤᠬᠢᠷᠳᠤᠯ ᠦᠭᠡᠢ ᠤᠷᠭᠠᠨᠢᠭ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ᠂ ᠮᠤᠩᠭᠤᠯ ᠶᠤᠸᠠᠨ ᠤ ᠰᠤᠶᠤᠯ ᠵᠢᠭᠤᠯᠴᠢᠯᠠᠯ ᠤᠨ ᠰᠠᠭᠤᠷᠢᠨ ᠭᠠᠵᠠᠷ᠂ ᠪᠤᠬᠢᠷᠳᠤᠯ ᠦᠭᠡᠢ ᠰᠢᠨ᠎ᠡ ᠡᠨᠧᠷᠬᠢ ᠶᠢᠨ ᠰᠠᠭᠤᠷᠢᠨ ᠭᠠᠵᠠᠷ᠂ ᠪᠤᠬᠢᠷᠳᠤᠯ ᠦᠭᠡᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠭᠠᠵᠠᠷ᠂ ᠪᠤᠳᠠᠰ ᠤᠨ ᠭᠦᠢᠯᠭᠡᠭᠡᠨ ᠤ ᠲᠦᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ᠃8᠂ ︽ᠲᠦᠷᠪᠡᠨ ᠵᠠᠭᠤᠨ ᠳ᠋ᠦᠩᠰᠢᠭᠤᠷ︾᠄ ᠡᠨᠧᠷᠬᠢ ᠴᠠᠬᠢᠯᠭᠠᠨ ᠬᠦᠴᠦ᠂ ᠲᠦᠬᠦᠭᠡᠷᠦᠮᠵᠢ ᠦᠢᠯᠡᠳᠬᠦ ᠵᠢᠴᠢ ᠰᠢᠨ᠎ᠡ ᠮᠠᠲ᠋ᠧᠷᠢᠶᠠᠯ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ ᠵᠡᠷᠭᠡ ︽ᠲᠦᠷᠪᠡᠨ ᠵᠠᠭᠤᠨ ᠳ᠋ᠦᠩᠰᠢᠭᠤᠷ︾᠎ ᠤᠨ ᠢᠨᠵᠧᠨᠧᠷᠢᠩ᠃9᠂ ︽ᠵᠢᠷᠭᠤᠭᠠᠨ ᠨᠠᠷᠢᠯᠢᠭ ᠤᠨᠤᠪᠴᠢᠳᠠᠢ︾᠄ ᠶᠠᠳᠠᠭᠤ ᠶᠢ ᠲᠡᠳᠬᠦᠬᠦ ᠨᠢᠭᠤᠷᠯᠠᠯ ᠨᠢ ᠨᠠᠷᠢᠯᠢᠭ ᠤᠨᠤᠪᠴᠢᠳᠠᠢ᠂ ᠲᠦᠰᠦᠯ ᠎ ᠤᠨ ᠪᠠᠶᠢᠷᠢᠯᠠᠭᠤᠯᠤᠯᠳᠠ ᠨᠢ ᠨᠠᠷᠢᠯᠢᠭ ᠤᠨᠤᠪᠴᠢᠳᠠᠢ᠂ ᠪᠡᠯᠡ ᠮᠦᠩᠭᠦᠨ ᠤ ᠬᠡᠷᠡᠭᠯᠡᠭᠡ ᠨᠢ ᠨᠠᠷᠢᠯᠢᠭ ᠤᠨᠤᠪᠴᠢᠳᠠᠢ᠂ ᠠᠷᠭ᠎ᠠ ᠬᠡᠮᠵᠢᠶ᠎ᠡ ᠶᠢ ᠡᠷᠦᠬᠡ ᠳᠤ ᠨᠠᠶᠢᠳᠠᠪᠤᠷᠢᠵᠢᠭᠤᠯᠤᠬᠰᠠᠨ ᠨᠢ ᠨᠠᠷᠢᠯᠢᠭ ᠤᠨᠤᠪᠴᠢᠳᠠᠢ᠂ ᠲᠤᠰᠬᠤᠨ ᠳᠤ ᠲᠤᠮᠢᠯᠠᠬᠰᠠᠨ ᠬᠦᠮᠦᠨ ᠎ ᠨᠢ ᠨᠠᠷᠢᠯᠢᠭ ᠤᠨᠤᠪᠴᠢᠳᠠᠢ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠡ ᠪᠦᠳᠦᠮᠵᠢ ᠨᠢ ᠨᠠᠷᠢᠯᠢᠭ ᠤᠨᠤᠪᠴᠢᠳᠠᠢ᠃10᠂ ︽ᠲᠠᠪᠤᠨ ᠨᠢᠭᠡ ᠪᠦᠯᠦᠭ︾᠄ ᠠᠵᠤ ᠦᠢᠯᠡᠰ ᠢᠶᠠᠷ ᠲᠡᠳᠬᠦᠨ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠰᠢᠯᠵᠢᠭᠦᠯᠦᠨ ᠠᠵᠢᠯ ᠤᠯᠭᠤᠵᠤ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠪᠤᠰᠤᠳ ᠭᠠᠵᠠᠷ ᠲᠤ ᠨᠡᠭᠦᠯᠭᠡᠨ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠠᠮᠢ ᠠᠬᠤᠢ ᠶᠢᠨ ᠬᠠᠮᠠᠭᠠᠯᠠᠯᠳᠠ ᠪᠠᠷ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠢ ᠶᠠᠳᠠᠭᠤ ᠠᠴᠠ ᠎ ᠨᠢ ᠲᠤᠶᠢᠯᠪᠤᠷᠢᠳᠠᠢ ᠠᠩᠬᠢᠵᠢᠷᠠᠭᠤᠯᠬᠤ᠃11᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾᠄ ᠢᠳᠡᠵᠦ ᠡᠮᠦᠰᠬᠦ ᠳᠡᠭᠡᠨ ᠰᠠᠨᠠᠭ᠎ᠠ ᠵᠤᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮᠴᠢᠯᠡᠭᠡ ᠪᠤᠯᠤᠨ ᠤᠷᠤᠨ ᠰᠠᠭᠤᠴᠠ ᠶᠢ ᠪᠠᠳᠤᠯᠠᠬᠤ᠃12᠂ ︽ᠠᠮᠢ ᠠᠬᠤᠢ ᠶᠢᠨ ᠰᠡᠷᠡᠮᠵᠢ ᠶᠢᠨ ᠱᠤᠭᠤᠮ︾᠄ ᠪᠠᠶᠢᠭᠠᠯᠢ ᠶᠢᠨ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ᠂ ᠤᠷᠴᠢᠨ ᠲᠤᠭᠤᠷᠢᠨ ᠤ ᠶᠠᠰᠤ ᠴᠢᠨᠠᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠬᠯᠠᠯᠳᠠ ᠵᠡᠷᠭᠡ ᠲᠠᠯ᠎ᠠ ᠲᠡᠭᠡᠷ᠎ᠡ ᠤᠷᠤᠨ ᠵᠠᠢ ᠶᠢᠨ ᠬᠠᠮᠠᠭᠠᠯᠠᠯᠳᠠ ᠶᠢᠨ ᠵᠠᠬ᠎ᠠ ᠵᠠᠭᠠᠭ ᠪᠠ ᠬᠢᠨᠠᠯᠳᠠ ᠲᠠᠯᠪᠢᠨ ᠬᠠᠮᠢᠶᠠᠷᠬᠤ ᠬᠢᠵᠠᠭᠠᠷᠯᠠᠯ ᠢ ᠴᠢᠩᠭ᠎ᠠ ᠲᠤᠬᠳᠠᠭᠠᠨ᠎ᠠ᠃13. ︽ᠰᠢᠨ᠎ᠡ ᠭᠤᠷᠪᠠᠨ ᠲᠠᠪᠴᠠᠩ︾᠄ ᠪᠦᠬᠦ ᠤᠯᠤᠰ ᠤᠨ ᠲᠤᠮᠳᠠ ᠪᠠᠭ᠎ᠠ ᠠᠵᠤ ᠠᠬᠤᠶᠢᠯᠠᠯ ᠤᠨ ᠬᠤᠪᠢ ᠤᠷᠤᠭᠤᠯᠤᠯᠳᠠ ᠶᠢ ᠰᠢᠯᠵᠢᠭᠦᠯᠬᠦ ᠰᠢᠰᠲ᠋ᠧᠮ ᠮᠦᠨ︔ ᠱᠠᠩᠬᠠᠢ ᠶᠢᠨ ᠰᠤᠯᠢᠯᠴᠠᠭᠠᠨ ᠤ ᠭᠠᠵᠠᠷ ᠪᠤᠯᠤᠨ ᠱᠧᠨᠵᠧᠨ ᠤ ᠰᠤᠯᠢᠯᠴᠠᠭᠠᠨ ᠤ ᠭᠠᠵᠠᠷ ᠤᠨ ᠲᠠᠷᠠᠭᠠᠬᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠦᠪᠰᠢᠶᠡᠷᠡᠨ ᠪᠠᠶᠢᠭᠤᠯᠤᠬᠰᠠᠨ ᠭᠤᠷᠪᠠᠳᠠᠬᠢ ᠡᠷᠦᠬᠡ ᠵᠤᠭᠤᠰᠤᠨ ᠲᠡᠮᠳᠡᠭᠳᠦ ᠶᠢᠨ ᠰᠤᠯᠢᠯᠴᠠᠭᠠᠨ ᠤ ᠭᠠᠵᠠᠷ ᠪᠤᠯᠤᠨ᠎ᠠ︔ ᠵᠠᠬ᠎ᠠ ᠶᠢᠨ ᠪᠤᠰᠤ ᠠᠵᠤ ᠠᠬᠤᠶᠢᠯᠠᠯ ᠤᠨ ᠬᠤᠪᠢᠴᠠᠭ᠎ᠠ ᠶᠢ ᠢᠯᠡ ᠪᠠᠷ ᠰᠢᠯᠵᠢᠭᠦᠯᠬᠦ ᠪᠠ ᠴᠢᠭᠯᠡᠯ ᠲᠠᠢ ᠪᠠᠷ ᠲᠠᠷᠬᠠᠭᠠᠬᠤ ᠤᠷᠤᠨ ᠪᠠᠶᠢᠷᠢ ᠲᠤᠬᠳᠠᠭᠠᠬᠤ᠂ ᠲᠤᠮᠳᠠ ᠪᠠᠭ᠎ᠠ ᠠᠵᠤ ᠠᠬᠤᠶᠢᠯᠠᠯ ᠳᠤ ᠪᠠᠶᠢᠭᠤᠯᠵᠤ ᠦᠭᠭᠦᠭᠰᠡᠨ ᠪᠡᠯᠡ ᠨᠡᠶᠢᠯᠡᠭᠦᠯᠬᠦ ᠲᠠᠪᠴᠠᠩ ᠪᠤᠯᠤᠨ᠎ᠠ᠃14  ︽PPP︾ ᠬᠡᠪ ᠵᠠᠬᠪᠤᠷ᠄  Public ︵ᠨᠡᠶᠢᠳᠡ ᠶᠢᠨ︶ — Private ︵ᠬᠤᠪᠢ ᠬᠦᠮᠦᠨ ᠤ︶ Partnership ︵ᠬᠠᠮᠳᠤᠷᠠᠬᠰᠠᠨ ᠬᠠᠷᠢᠴᠠᠭ᠎ᠠ︶᠎ ᠶᠢᠨ ᠴᠠᠭᠠᠨ ᠲᠤᠯᠤᠭᠠᠢ ᠶᠢᠨ ᠲᠤᠪᠴᠢᠯᠠᠯ ᠪᠤᠯᠤᠨ᠎ᠠ︔ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠮᠦᠩᠬᠦ ᠪᠠᠷ ᠰᠠᠭᠤᠷᠢ ᠲᠦᠬᠦᠭᠡᠷᠦᠮᠵᠢ ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠡᠨ ᠳᠤ ᠪᠠᠶᠢᠭᠤᠯᠤᠬᠰᠠ ᠨᠢᠭᠡ ᠵᠦᠢᠯ ᠤᠨ ᠬᠠᠮᠳᠤᠷᠠᠨ ᠠᠵᠢᠯᠯᠠᠬᠤ ᠬᠠᠷᠢᠴᠠᠭ᠎ᠠ ᠮᠦᠨ᠃ ᠭᠤᠤᠯ ᠨᠢ ᠨᠡᠶᠢᠭᠡᠮ ᠤᠨ ᠬᠦᠷᠦᠩᠭᠡ ᠠᠴᠠ ᠲᠦᠯᠦᠪᠯᠡᠬᠦ᠂ ᠪᠦᠳᠦᠭᠡᠨ ᠪᠠᠶᠢᠭᠤᠯᠬᠤ᠂ ᠡᠵᠡᠩᠨᠡᠬᠦ᠂ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ ᠵᠤᠬᠢᠬᠤ ᠪᠡᠯᠡ ᠶᠢᠨ ᠬᠠᠷᠢᠭᠤ ᠤᠯᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠴᠠ ᠰᠠᠭᠤᠷᠢ ᠲᠦᠬᠦᠭᠡᠷᠦᠮᠵᠢ ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ ᠦᠨ᠎ᠡ ᠬᠠᠩᠰᠢ ᠪᠤᠯᠤᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃15᠂ ︽ᠬᠠᠷᠢᠯᠴᠠᠨ ᠬᠠᠪᠰᠤᠷᠤᠯᠴᠠᠬᠤ ᠪᠠᠳᠤᠯᠭᠠᠳᠤ ᠵᠢᠭᠡᠯᠡᠯᠭᠡ︾᠄ ᠵᠠᠰᠠᠭ ᠤᠨ ᠤᠷᠳᠤᠨ ᠤ ᠬᠠᠮᠢᠶᠠᠳᠠᠢ ᠰᠠᠯᠠᠭ᠎ᠠ ᠮᠦᠴᠢᠷ ᠎ ᠨᠢ ᠬᠠᠮᠳᠤᠷᠠᠨ ᠠᠵᠢᠯᠯᠠᠬᠤ ᠪᠠᠩᠬᠢ ᠲᠠᠢ ᠪᠠᠨ ︽ᠬᠠᠷᠢᠯᠴᠠᠨ ᠬᠠᠪᠰᠤᠷᠤᠯᠴᠠᠬᠤ ᠪᠠᠳᠤᠯᠭᠠᠳᠤ ᠵᠢᠭᠡᠯᠡᠯᠭᠡ ᠶᠢᠨ ᠮᠦᠩᠭᠦᠨ ᠭᠦᠢᠯᠭᠡᠭᠡᠨ ᠤ ᠪᠡᠯᠡ ᠮᠦᠩᠭᠦ︾᠎ ᠶᠢᠨ ᠲᠤᠬᠠᠶᠢᠯᠠᠬᠰᠠᠨ ᠠᠵᠢᠯ ᠤᠨ ᠬᠠᠮᠳᠤᠷᠠᠨ ᠠᠵᠢᠯᠯᠠᠬᠤ ᠭᠡᠷ᠎ᠡ ᠲᠤᠬᠳᠠᠵᠤ᠂ ᠠᠵᠤ ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠲᠤᠭᠤᠷᠢᠭ᠂ ᠠᠵᠤ ᠠᠬᠤᠶᠢᠯᠠᠯ ᠤᠨ ᠪᠦᠯᠦᠭᠯᠡᠯ ᠳᠤ ᠪᠡᠯᠡ ᠮᠦᠩᠭᠦ ᠤᠷᠤᠭᠤᠯᠬᠤ ᠠᠵᠢᠯ ᠢ ᠦᠷᠨᠢᠭᠦᠯᠤᠨ᠂ ᠬᠠᠮᠳᠤᠷᠠᠨ ᠠᠵᠢᠯᠯᠠᠬᠤ ᠬᠡᠪᠴᠢᠶᠡᠨ ᠳᠤ ᠤᠷᠤᠭᠤᠯᠤᠬᠰᠠᠨ ︽ᠲᠤᠮᠳᠠ ᠪᠠᠭ᠎ᠠ ᠠᠵᠤ ᠠᠬᠤᠶᠢᠯᠠᠯ ᠤᠨ ᠪᠦᠯᠦᠭᠯᠡᠯ︾᠎ ᠳᠤ ᠢᠳᠡᠬᠡᠮᠵᠢ ᠬᠠᠩᠭᠠᠨ᠂ ᠭᠤᠶᠤᠴᠢᠯᠠᠬᠰᠠᠨ ᠠᠵᠤ ᠠᠬᠤᠶᠢᠯᠠᠯ ᠠᠴᠠ ᠲᠤᠰᠢᠶᠠᠬᠰᠠᠨ ᠵᠤᠬᠢᠬᠤ ᠬᠠᠷᠢᠴᠠᠯ ᠤᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠮᠦᠩᠭᠦ ᠵᠢᠴᠢ ᠵᠠᠰᠠᠭ ᠤᠨ ᠤᠷᠳᠤᠨ ᠠᠴᠠ ᠬᠠᠩᠭᠠᠬᠰᠠᠨ ᠲᠦᠭᠰᠢᠭᠦᠷᠢ ᠶᠢᠨ ᠲᠦᠯᠦᠪᠦᠷᠢ ᠶᠢᠨ ᠲᠠᠨᠵᠢᠯᠠᠭ᠎ᠠ ᠶᠢᠨ ᠮᠦᠩᠭᠦ ᠪᠠᠷ ᠢᠳᠡᠬᠡᠯ ᠢ ᠨᠡᠮᠡᠭᠳᠡᠭᠦᠯᠬᠦ ᠠᠷᠭ᠎ᠠ ᠠᠪᠴᠢᠯ ᠪᠤᠯᠭᠠᠬᠰᠠᠨ ᠢᠳᠡᠬᠡᠮᠵᠢᠳᠦ ᠠᠵᠢᠯ ᠪᠤᠯᠤᠨ᠎ᠠ᠃16᠂ ︽ᠢᠨᠲ᠋ᠧᠷ ᠰᠦᠯᠵᠢᠶ᠎ᠡ +︾᠄ ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ ᠰᠦᠯᠵᠢᠶᠡᠨ ᠪᠤᠳᠤᠯᠳᠠ᠂ ᠶᠡᠭᠡ ᠲᠤᠭ᠎ᠠ ᠪᠠᠷᠢᠮᠳᠠ ᠵᠡᠷᠭᠡ ᠶᠢ ᠤᠳᠤᠬᠢᠴᠢᠯᠠᠬᠰᠠᠨ ᠦᠢᠯᠡᠳᠬᠦ ᠦᠢᠯᠡᠰ ᠲᠠᠢ ᠤᠶᠠᠯᠳᠤᠭᠤᠯᠵᠤ᠂ ᠡᠯᠺᠧᠲᠷᠤᠨ ᠬᠤᠳᠠᠯᠳᠤᠭ᠎ᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠤ ᠡᠷᠡᠭᠦᠯ ᠬᠦᠭᠵᠢᠯᠳᠡ ᠎ ᠶᠢ ᠠᠬᠢᠭᠤᠯᠬᠤ ᠶᠢ ᠵᠢᠭᠠᠵᠤ ᠪᠤᠢ᠃ ᠢᠨᠲ᠋ᠧᠷ ᠰᠦᠯᠵᠢᠶ᠎ᠡ ᠶᠢ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠬᠦᠨᠵᠡᠭᠡᠢ ᠵᠤᠬᠢᠴᠠᠭᠤᠯᠵᠤ᠂ ᠢᠨᠲ᠋ᠧᠷ ᠰᠦᠯᠵᠢᠶ᠎ᠡ ᠪᠠᠷ ᠰᠠᠭᠤᠷᠢ ᠲᠦᠬᠦᠭᠡᠷᠦᠮᠵᠢ ᠪᠠ ᠰᠢᠨᠡᠴᠢᠯᠡᠯᠳᠡ ᠶᠢᠨ ᠭᠤᠤᠯ ᠬᠦᠴᠦᠨ ᠵᠦᠢᠯ ᠪᠤᠯᠭᠠᠬᠰᠠᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠭᠦᠯᠵᠤ᠂ ᠢᠨᠲ᠋ᠧᠷ ᠰᠦᠯᠵᠢᠶ᠎ᠡ ᠪᠠᠷ ᠭᠤᠤᠯ ᠪᠤᠯᠭᠠᠬᠰᠠᠨ ᠨᠢᠭᠡᠨ ᠢᠵᠢ ᠰᠤᠷᠠᠭ ᠵᠠᠩᠬᠢ ᠶᠢᠨ ᠮᠡᠷᠭᠡᠵᠢᠯ ︵ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ ᠡᠭᠦᠯᠡᠨ ᠪᠤᠳᠤᠯᠳᠠ᠂ ᠶᠡᠭᠡ ᠲᠤᠭ᠎ᠠ ᠪᠠᠷᠢᠮᠳᠠ ᠵᠡᠷᠭᠡ ᠶᠢ ᠪᠠᠭᠳᠠᠭᠠᠨ᠎ᠠ︶᠎ ᠢ ᠠᠵᠤ ᠠᠬᠤᠢ᠂ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶᠡᠨ ᠳᠤ ᠲᠡᠯᠭᠡᠷᠡᠭᠦᠯᠵᠦ᠂ ᠬᠡᠷᠡᠭᠯᠡᠬᠦ ᠶᠠᠪᠤᠴᠠ ᠪᠤᠯᠤᠨ᠎ᠠ᠃17᠂ ︽ᠶᠡᠭᠡ ᠲᠤᠭ᠎ᠠ ᠪᠠᠷᠢᠮᠳᠠ︾᠄ ᠰᠢᠨ᠎ᠡ ᠮᠠᠶ᠋ᠢᠭ ᠤᠨ ᠢᠨᠲ᠋ᠧᠷ ᠰᠦᠯᠵᠢᠶ᠎ᠡ᠂ ᠰᠦᠯᠵᠢᠶᠡᠨ ᠪᠤᠳᠤᠯᠳᠠ ᠶᠢᠨ ᠮᠡᠷᠭᠡᠵᠢᠯ ᠎ ᠳᠤ ᠰᠠᠭᠤᠷᠢᠯᠠᠨ᠂ ᠡᠯ᠎ᠡ ᠵᠦᠢᠯ ᠤᠨ ᠲᠤᠭ᠎ᠠ ᠪᠠᠷᠢᠮᠳᠠ ᠶᠢ ᠲᠠᠷᠬᠠᠭᠠᠯᠳᠠ ᠶᠢᠨ ᠬᠡᠯᠪᠡᠷᠢ ᠲᠠᠢ ᠪᠠᠷ ᠠᠭᠤᠳᠠᠯᠯᠠᠬᠤ᠂ ᠡᠳ᠋ᠰᠢᠬᠦᠯᠬᠦ ᠪᠠ ᠡᠮᠬᠢᠯᠡᠨ ᠲᠢᠭᠯᠢᠵᠦ᠂ ᠪᠠᠭᠳᠠᠭᠠᠮᠵᠢ ᠪᠠᠷ ᠶᠡᠭᠡ᠂ ᠲᠠᠮᠵᠢᠭᠤᠯᠬᠤ ᠨᠢ ᠲᠦᠷᠭᠡᠨ᠂ ᠲᠤᠭ᠎ᠠ ᠪᠠᠷᠢᠮᠳᠠ ᠶᠢᠨ ᠲᠦᠷᠦᠯ ᠵᠦᠢᠯ ᠨᠢ ᠠᠷᠪᠢᠨ ᠵᠡᠷᠭᠡ ᠤᠨᠴᠠᠯᠢᠭ ᠲᠠᠢ᠃18᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾᠄ ᠠᠵᠤ ᠠᠬᠤᠶᠢᠯᠠᠯ ᠪᠦᠷᠢᠳᠭᠡᠨ ᠲᠠᠩᠰᠠᠯᠠᠭᠤᠯᠬᠤ ᠦᠶᠡᠰ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠡᠵᠡᠩᠨᠡᠯᠳᠡ ᠶᠢᠨ ᠦᠨᠡᠮᠯᠡᠯ᠂ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠭᠠᠶᠢᠯᠢ ᠶᠢᠨ ᠶᠠᠪᠤᠳᠠᠯ ᠤᠨ ᠲᠠᠩᠰᠠᠯᠠᠬᠤ ᠦᠨᠡᠮᠯᠡᠯ ᠵᠡᠷᠭᠡ ᠶᠢ ᠨᠢᠭᠡ ᠤᠳᠠᠭ᠎ᠠ ᠭᠤᠶᠤᠴᠢᠯᠠᠬᠤ ᠪᠠᠷ ᠦᠭᠡᠷᠡᠴᠢᠯᠡᠵᠦ᠂ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠭᠡ ᠡᠵᠡᠩᠨᠡᠯᠳᠡ ᠶᠢᠨ ᠦᠨᠡᠮᠯᠡᠯ ᠢ ᠨᠢᠭᠡᠳᠦᠯᠳᠠᠢ ᠬᠢᠨᠠᠨ ᠲᠠᠷᠬᠠᠭᠠᠵᠤ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠎ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠬᠤ ᠦᠨᠡᠮᠯᠡᠯ ᠢ ᠲᠠᠬᠢᠨ ᠲᠠᠷᠬᠠᠭᠠᠬᠤ ᠦᠭᠡᠢ᠃19᠂ ︽ᠨᠢᠭᠡ ᠡᠷᠦᠬᠡ ᠳᠤ ᠨᠢᠭᠡ ᠬᠡᠮᠵᠢᠭᠦᠷ︾᠄ ᠤᠤᠯ ᠤᠨ ᠮᠧᠬᠠᠨᠢᠭ ᠬᠡᠯᠪᠡᠷᠢ ᠶᠢᠨ ᠴᠠᠬᠢᠯᠭᠠᠨ ᠬᠡᠮᠵᠢᠭᠦᠷ ᠢ ᠡᠯᠧᠺᠲᠷᠤᠨ ᠬᠡᠯᠪᠡᠷᠢ ᠶᠢᠨ ᠰᠦᠢᠳᠭᠡᠯ ᠡᠵᠡᠮᠳᠡᠬᠦ ᠴᠠᠬᠢᠯᠭᠠᠨ ᠬᠡᠮᠵᠢᠭᠦᠷ ᠢᠶᠠᠷ ᠦᠭᠡᠷᠡᠴᠢᠯᠡᠨ᠎ᠡ᠃20᠂ ︽ᠲᠦᠷᠪᠡᠨ ᠵᠦᠪᠰᠢᠶᠡᠷᠡᠨ ᠮᠡᠳᠡᠷᠡᠬᠦ︾᠄ ᠠᠭᠤᠤ ᠶᠡᠭᠡ ᠡᠬᠡ ᠤᠯᠤᠰ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ ᠎ ᠶᠢᠨ ᠦᠨᠳᠦᠰᠦᠳᠡᠨ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ ᠶᠢᠨ ᠰᠤᠶᠤᠯ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠨ ᠵᠦᠪᠰᠢᠶᠡᠷᠡᠨ ᠮᠡᠳᠡᠷᠡᠬᠦ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号