ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠤᠭᠡᠷ ᠬᠤᠭᠤᠴᠠᠭᠠᠨ ᠤ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠤᠨ ᠮᠠᠲ᠋ᠧᠷᠢᠶᠠᠯ ︵ᠠᠷᠪᠠᠨ ᠬᠤᠶᠠᠷ︶ | | | | ᠵᠠᠰᠠᠭ ᠤᠨ ᠤᠷᠳᠤᠨ ᠤ ᠠᠵᠢᠯ ᠤᠨ ᠢᠯᠡᠳᠬᠡᠯ | | 2016 ᠣᠨ ᠤ 3 ᠰᠠᠷ᠎ᠠ ᠶᠢᠨ 17 ᠤ ᠡᠳᠦᠷ ᠰᠢᠯᠤᠭᠤᠨ ᠬᠦᠬᠡ ᠬᠤᠰᠢᠭᠤᠨ ᠤ ᠠᠷᠪᠠᠨ ᠲᠦᠷᠪᠡᠳᠦᠭᠡᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠣᠭᠠᠨ | ᠲᠡᠭᠡᠷ᠎ᠡ | ᠬᠤᠰᠢᠭᠤ ᠳᠠᠷᠤᠭ᠎ᠠ ᠪᠤᠶᠠᠨᠲᠤ | | ᠲᠦᠯᠦᠭᠡᠯᠡᠭᠴᠢᠳ ᠡ᠄ | ᠤᠳᠤ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ | ᠬᠢᠶ᠎ᠡ᠂ ᠤᠯᠠᠨ ᠢᠶᠠᠷ ᠢᠶᠠᠨ ︽ᠰᠢᠯᠤᠭᠤᠨ ᠬᠦᠬᠡ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠡ ᠨᠡᠶᠢᠭᠡᠮ ᠤᠨ | ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ ᠨᠤᠤᠷᠠᠭ︶︾ | ᠶᠢᠨ ᠬᠠᠮᠳᠤ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ | ᠤᠷᠤᠯᠴᠠᠬᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠤ︕ | ᠨᠢᠭᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠠ 2015 ᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠡᠷᠬᠢᠴᠡᠬᠦᠯᠦᠯ | ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠬᠦᠭᠵᠢᠯᠳᠡ ᠶᠢᠨ | ᠶᠠᠪᠤᠴᠠ ᠲᠤᠮᠳᠠᠬᠢ ᠴᠢᠬᠤᠯᠠ ᠪᠡᠯᠭᠡ ᠲᠡᠮᠳᠡᠭ ᠪᠦᠬᠦᠢ ᠴᠠᠭ ᠬᠤᠭᠤᠴᠠᠭ᠎ᠠ ᠪᠤᠯᠤᠨ᠎ᠠ᠃ ᠦᠩᠭᠡᠷᠡᠭᠰᠡᠨ ᠲᠠᠪᠤᠨ ᠵᠢᠯ ᠳᠤ᠂ | ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠰᠢᠭᠤ ᠨᠢ ᠨᠠᠷᠢᠨ ᠪᠤᠳᠤᠯᠢᠶᠠᠨᠳᠠᠢ | ᠠᠵᠤ ᠠᠬᠤᠢ ᠶᠢᠨ ᠪᠠᠶᠢᠳᠠᠯ ᠪᠠ ᠦᠭᠡᠷᠡᠴᠢᠯᠡᠯᠳᠡ ᠬᠦᠭᠵᠢᠯᠳᠡ ᠲᠤᠬᠳᠠᠭᠤᠨ ᠤ ᠬᠦᠴᠢᠷ ᠪᠡᠷᠬᠡᠰᠢᠶᠡᠯᠳᠠᠢ ᠡᠭᠦᠷᠭᠡ ᠶᠢᠨ | ᠡᠮᠦᠨ᠎ᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠠᠶᠢᠮᠠᠭ ᠤᠨ ᠨᠠᠮ ᠬᠤᠷᠢᠶ᠎ᠠ᠂ | ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ︽ᠠᠮᠢ ᠠᠬᠤᠢ ᠪᠠᠷ ᠬᠤᠰᠢᠭᠤ | ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠮᠠᠯ ᠲᠠᠷᠢᠶᠠᠯᠠᠩ ᠢᠶᠠᠷ ᠬᠤᠰᠢᠭᠤ ᠪᠠᠨ | ᠲᠤᠬᠳᠠᠪᠤᠷᠢᠵᠢᠭᠤᠯᠬᠤ᠂ ᠵᠢᠭᠤᠯᠴᠢᠯᠠᠯ ᠢᠶᠠᠷ ᠬᠤᠰᠢᠭᠤ ᠪᠠᠨ ᠴᠢᠨᠡᠭᠡᠯᠢᠭᠵᠢᠬᠦᠯᠬᠦ᠂ ᠰᠤᠷᠭᠠᠨ ᠬᠦᠮᠦᠵᠢᠯ ᠢᠶᠠᠷ ᠬᠤᠰᠢᠭᠤ ᠪᠠᠨ | ᠮᠠᠨᠳᠤᠭᠤᠯᠬᠤ᠂ ᠠᠷᠠᠯᠵᠢᠶ᠎ᠠ ᠬᠤᠳᠠᠯᠳᠤᠭ᠎ᠠ ᠪᠠᠷ ᠬᠤᠰᠢᠭᠤ ᠪᠠᠨ ᠬᠦᠭᠵᠢᠶᠡᠨᠳᠠᠢ ᠪᠤᠯᠭᠠᠬᠤ︾ ᠪᠠᠶᠢᠯᠳᠤᠬᠤ ᠪᠤᠳᠤᠯᠭ᠎ᠠ ᠶᠢᠨ | ᠲᠤᠭᠤᠷᠢᠨ ᠳᠤ᠂ ᠬᠠᠷᠢᠯᠴᠠᠨ ᠬᠠᠪᠰᠤᠷᠦᠯᠴᠠᠨ᠂ ᠵᠤᠷᠢᠬᠳᠠᠢ ᠪᠠᠷ ᠤᠷᠤᠬᠰᠢᠯᠠᠵᠤ᠂ ᠬᠤᠰᠢᠭᠤ ᠲᠠᠶᠠᠭᠠᠷ ᠤᠨ ᠬᠠᠮᠳᠤ ᠶᠢᠨ | ᠴᠢᠷᠮᠠᠶᠢᠯᠭ᠎ᠠ ᠪᠠᠷ ᠲᠠᠮᠵᠢᠨ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ᠂ ᠬᠤᠳᠠ | ᠬᠦᠳᠡᠭᠡ ᠶᠢᠨ ᠬᠦᠭᠵᠢᠯᠳᠡ ᠶᠢᠨ ᠲᠦᠷᠰᠦ ᠪᠠᠶᠢᠳᠠᠯ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠪᠠ ᠠᠷᠠᠳ ᠤᠨ | ᠠᠮᠢᠳᠤᠷᠠᠯ ᠤᠨ ᠬᠢᠷᠢ ᠲᠦᠪᠰᠢᠨ ᠤ ᠲᠠᠯ᠎ᠠ ᠪᠠᠷ ᠬᠢ ᠰᠢᠨ᠎ᠡ ᠦᠰᠦᠷᠦᠯᠳᠡ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠲᠦᠷᠰᠦ ᠪᠠᠶᠢᠳᠠᠯ ᠢ ᠡᠭᠦᠳᠪᠡ᠃ | ︵ᠨᠢᠬᠡ︶ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠲᠠᠪᠤᠨ ᠵᠢᠯ ᠤᠨ ᠲᠤᠷᠰᠢ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠪᠦᠷᠢ | ᠲᠤᠮᠳᠠᠴᠢ ᠪᠠᠷ 11.7% ᠪᠠᠷ ᠨᠡᠮᠡᠭᠳᠡᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠵᠢᠯ | ᠪᠦᠷᠢ ᠲᠤᠮᠳᠠᠴᠢ ᠪᠠᠷ 15% ᠪᠠᠷ ᠨᠡᠮᠡᠭᠳᠡᠨ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 7.6% ᠪᠠᠷ | ᠨᠡᠮᠡᠭᠳᠡᠪᠡ᠃ ᠲᠠᠷᠢᠶᠠᠯᠠᠩ ᠤᠨ ᠮᠠᠯ ᠠᠵᠤ ᠠᠬᠤᠢ ᠶᠢᠨ ᠶᠠᠰᠤ ᠴᠢᠨᠠᠷ ᠲᠡᠭᠡᠭᠰᠢᠯᠡᠨ᠂ ᠦᠷ᠎ᠡ ᠠᠰᠢᠭ ᠨᠢ ᠨᠡᠮᠡᠭᠳᠡᠵᠦ᠂ ᠰᠦ᠂ | ᠮᠢᠬ᠎ᠠ᠂ ᠨᠤᠤᠰᠤ ᠨᠤᠯᠤᠤᠷ᠂ ᠢᠳᠡᠰᠢᠨ ᠨᠤᠭᠤᠭ᠎ᠠ᠂ ᠡᠪᠡᠰᠦ ᠪᠤᠷᠳᠤᠭ᠎ᠠ ᠵᠡᠷᠭᠡ ᠲᠠᠪᠤᠨ ᠭᠤᠤᠯᠳᠠᠯᠭ᠎ᠠ ᠲᠠᠢ ᠠᠵᠤ ᠦᠢᠯᠡᠰ | ᠢ ᠴᠢᠬᠤᠯᠠᠴᠢᠯᠠᠨ ᠬᠦᠭᠵᠢᠬᠦᠯᠵᠦ᠂ ᠪᠤᠬᠢᠷᠳᠤᠯ ᠦᠭᠡᠢ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠮᠠᠯ ᠲᠠᠷᠢᠶᠠᠯᠠᠩ ᠤᠨ | ᠦᠢᠯᠡᠳᠪᠦᠷᠢᠯᠡᠯ ᠤᠨ ᠠᠵᠤ ᠦᠢᠯᠡᠰᠵᠢᠭᠰᠡᠨ ᠪᠦᠳᠦᠭᠡᠨ ᠪᠠᠶᠢᠭᠤᠯᠤᠯᠳᠠ ᠶᠢᠨ ᠬᠡᠯᠪᠡᠷᠢ ᠠᠩᠬ᠎ᠠ ᠠᠯᠬᠤᠮ ᠪᠦᠷᠢᠯᠳᠦᠪᠡ︔ | 2015 ᠤᠨ ᠤᠨ ᠮᠠᠯᠵᠢᠯ ᠤᠨ ᠤᠨ ᠳᠤ ᠦᠬᠡᠷ ᠤᠨ ᠲᠤᠭ᠎ᠠ ᠲᠤᠯᠤᠭᠠᠢ 24.6 ᠲᠦᠮᠡᠨ ᠲᠤᠯᠤᠭᠠᠢ ᠳᠤ ᠬᠦᠷᠴᠦ᠂ ᠮᠠᠯ | ᠤᠨ ᠶᠡᠷᠦᠩᠬᠡᠢ ᠲᠤᠭᠠᠨ ᠤ 34.7% ᠶᠢ ᠡᠵᠡᠯᠡᠨ᠂ ᠵᠢᠯ ᠪᠦᠷᠢ ᠲᠤᠮᠳᠠᠴᠢ ᠪᠠᠷ 3.5% ᠪᠠᠷ ᠨᠡᠮᠡᠭᠳᠡᠵᠤ᠂ ᠲᠠᠷᠢᠮᠠᠯ ᠤᠨ | ᠶᠡᠷᠦᠩᠬᠡᠢ ᠲᠠᠯᠠᠪᠠᠢ 31.4 ᠲᠦᠮᠡᠨ ᠮᠤ᠋ ᠳᠤ ᠬᠦᠷᠴᠦ᠂ ᠦᠨᠳᠦᠰᠦᠨ ᠳᠡᠭᠡᠨ ᠲᠤᠬᠳᠠᠪᠤᠷᠢᠳᠠᠢ ᠪᠠᠶᠢᠬᠤ ᠶᠢ ᠪᠠᠳᠤᠯᠠᠪᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠲᠤᠪᠤᠶᠢᠨ᠂ ᠱᠠᠩᠳᠤ ᠴᠠᠬᠢᠯᠭᠠᠨ ᠦᠢᠯᠡᠳᠪᠦᠷᠢ ᠶᠢᠨ | ᠭᠤᠷᠪᠠᠳᠤᠭᠠᠷ ᠬᠤᠭᠤᠴᠠᠭ᠎ᠠ ᠨᠢ ᠠᠰᠢᠬᠯᠠᠯᠳᠠ ᠳᠤ ᠤᠷᠤᠵᠤ᠂ ᠴᠠᠬᠢᠯᠭᠠᠨ ᠦᠢᠯᠡᠳᠪᠦᠷᠢ ᠪᠠᠷ ᠲᠤᠯᠤᠭᠠᠶᠢᠯᠠᠬᠴᠢ | ᠪᠤᠯᠭᠠᠬᠰᠠᠨ ᠴᠠᠬᠢᠯᠭᠠᠨ ᠬᠦᠴᠦᠨ ᠤᠨ ᠠᠵᠤ ᠦᠢᠯᠡᠰ ᠤᠨ ᠬᠦᠭᠵᠢᠯᠳᠡ ᠶᠢ ᠠᠬᠢᠭᠤᠯᠤᠨ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠢᠯ ᠪᠦᠷᠢ ᠲᠤᠮᠳᠠᠴᠢ ᠪᠠᠷ 11. | 6% ᠪᠠᠷ ᠨᠡᠮᠡᠭᠳᠡᠵᠦ᠂ ᠡᠭᠦᠨ ᠳᠤ᠂ ᠱᠠᠩᠳᠤ ᠴᠠᠬᠢᠯᠭᠠᠨ ᠦᠢᠯᠡᠳᠪᠦᠷᠢ ᠨᠢ ᠨᠡᠶᠢᠳᠡ 922 ᠳ᠋ᠦᠩᠰᠢᠭᠤᠷ ᠭᠷᠡᠳᠦ᠋ᠰ | ᠴᠠᠬᠢᠯᠭᠠᠨ ᠭᠠᠷᠭᠠᠪᠠ᠃ ᠵᠢᠭᠤᠯᠴᠢᠯᠠᠯ ᠤᠨ ᠠᠵᠤ ᠦᠢᠯᠡᠰ ᠦᠳᠳᠡᠷ ᠲᠦᠷᠭᠡᠨ ᠬᠦᠭᠵᠢᠨ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ ᠨᠡᠶᠢᠳᠡ 216 | ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ 11.5 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠦᠨ᠂ ︽ᠠᠷᠪᠠᠨ | ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠲᠠᠢ ᠠᠳᠠᠯᠢᠳᠬᠠᠪᠠᠯ ᠲᠤᠰ ᠲᠤᠰ 44% ᠪᠠ 120% ᠪᠠᠷ | ᠨᠡᠮᠡᠭᠳᠡᠪᠡ᠃ ᠲᠦᠰᠦᠯ ᠤᠨ ᠪᠠᠶᠢᠭᠤᠯᠤᠯᠳᠠ ᠲᠤᠪᠤᠶᠢᠮ᠎ᠠ ᠦᠷ᠎ᠡ ᠪᠦᠳᠦᠮᠵᠢ ᠣᠯᠵᠤ᠂ ᠲᠠᠪᠤᠨ ᠵᠢᠯ ᠤᠨ ᠳᠣᠷᠰᠢᠳᠠ᠂ | ᠠᠷᠠᠯᠵᠢᠶᠠᠴᠢᠨ ᠤᠷᠢᠵᠤ ᠪᠠᠯᠡ ᠲᠠᠳᠠᠬᠤ ᠲᠦᠰᠦᠯ ᠢ ᠨᠡᠶᠢᠳᠡ 103 ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠨ | ᠳᠤ᠂ ᠭᠡᠷ᠎ᠡ ᠲᠤᠬᠳᠠᠬᠰᠠ ᠲᠦᠰᠦᠯ 70 ᠪᠠᠶᠢᠵᠤ᠂ ᠨᠡᠶᠢᠳᠡ 120 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ | ᠶᠢ ᠪᠡᠶᠡᠯᠡᠭᠦᠯᠪᠡ᠃ | ︵ᠬᠤᠶᠠᠷ︶ ᠬᠦᠭᠵᠢᠯᠳᠡ ᠶᠢᠨ ᠪᠠᠳᠤᠯᠠᠭ᠎ᠠ ᠶᠢᠨ ᠴᠢᠳᠠᠪᠤᠷᠢ ᠣᠯᠠᠮ ᠨᠢᠭᠡ ᠠᠯᠬᠤᠮ ᠲᠡᠭᠡᠭᠰᠢᠯᠡᠪᠡ᠃ ᠰᠠᠭᠤᠷᠢ | ᠲᠦᠬᠦᠭᠡᠷᠦᠮᠵᠢ ᠲᠠᠰᠤᠷᠠᠯᠳᠠ ᠦᠭᠡᠢ ᠲᠡᠭᠦᠯᠳᠡᠷᠵᠢᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ | ᠨᠡᠶᠢᠳᠡ 580 ᠺᠢᠯᠤᠮᠧᠲᠷ ᠭᠠᠴᠠᠭ᠎ᠠ ᠲᠤᠰᠬᠤᠨ ᠤ ᠽᠧᠮᠨ᠋ᠲ ᠵᠠᠮ ᠢ ᠵᠠᠰᠠᠵᠤ᠂ 326 ᠺᠢᠯᠤᠮᠧᠲᠷ ᠵᠡᠭᠡᠯᠢ ᠭᠤᠳᠤᠮᠵᠢ ᠶᠢ | ᠬᠠᠳᠠᠭᠤᠷᠠᠭᠤᠯᠤᠨ᠂ S27 ᠲᠦᠷᠭᠡᠨ ᠤ ᠵᠠᠮ ᠪᠤᠯᠤᠨ ᠪᠡᠭᠡᠵᠢᠩ ᠬᠦᠷᠬᠦ ᠲᠦᠷᠭᠡᠨ ᠬᠤᠷᠳᠤᠴᠠᠳᠤ ᠵᠠᠰᠠᠮᠠᠯ ᠵᠠᠮ ᠢ | ᠪᠠᠶᠢᠭᠤᠯᠵᠤ ᠲᠠᠭᠤᠰᠬᠠᠨ ᠲᠡᠷᠭᠡ ᠨᠡᠪᠳᠡᠷᠡᠪᠡ︔ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ᠂ | ᠰᠢᠯᠢᠩᠬᠤᠳᠠ ᠠᠴᠠ ᠲᠤᠯᠤᠨ ᠨᠤᠤᠷ ᠬᠦᠷᠬᠦ ᠲᠡᠮᠦᠷ ᠵᠠᠮ ᠤᠨ ᠲᠠᠪᠬᠤᠷ ᠱᠤᠭᠤᠮ ᠪᠤᠯᠤᠨ ᠰᠢᠯᠤᠭᠤᠨ ᠬᠦᠬᠡ ᠠᠴᠠ | ᠪᠤᠷᠤᠬᠤᠳᠠ ᠬᠦᠷᠬᠦ ᠲᠡᠮᠦᠷ ᠵᠠᠮ ᠤᠨ ᠪᠠᠶᠢᠭᠤᠯᠤᠯᠳᠠ ᠶᠢ ᠢᠯᠭᠤᠮ ᠠᠬᠢᠭᠤᠯᠵᠤ᠂ ᠰᠢᠯᠢ ᠶᠢᠨ ᠭᠤᠤᠯ ᠠᠶᠢᠮᠠᠭ ᠠᠴᠠ ᠵᠢᠨᠠᠨ | ᠬᠦᠷᠬᠦ ᠤᠨᠴᠠ ᠦᠨᠳᠦᠷ ᠬᠦᠴᠦᠯᠳᠠᠳᠤ ᠴᠠᠬᠢᠯᠭᠠᠨ ᠬᠦᠴᠦᠨ ᠢ ᠭᠠᠳᠠᠬᠰᠢ ᠬᠦᠷᠭᠡᠬᠦ ᠵᠠᠮ ᠢ ᠡᠬᠢᠯᠡᠨ ᠪᠠᠶᠢᠭᠤᠯᠪᠠ᠃ ᠬᠤᠳᠠ | ᠬᠦᠳᠡᠭᠡ ᠶᠢᠨ ᠪᠦᠳᠦᠭᠡᠨ ᠪᠠᠶᠢᠭᠤᠯᠤᠯᠳᠠ ᠨᠢᠭᠡᠳᠦᠯᠳᠠᠢ ᠲᠦᠯᠦᠪᠵᠢᠨ ᠠᠬᠢᠵᠦ᠂ ︽ᠠᠷᠪᠠᠨ ᠬᠤᠶᠠᠳᠤᠭᠠᠷ ᠲᠠᠪᠤᠨ ᠵᠢᠯ︾ | ᠤᠨ ᠬᠤᠭᠤᠴᠠᠭᠠᠨ ᠡᠴᠦᠰ ᠪᠤᠯᠬᠤ ᠳᠤ᠂ ᠱᠠᠩᠳᠤ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠲᠠᠯᠠᠪᠠᠢ 13.73 | ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ ︽ᠲᠦᠷᠪᠡᠨ ᠭᠤᠤᠯᠳᠤ ᠵᠢᠷᠭᠤᠭᠠᠨ ᠬᠦᠨᠳᠡᠯᠡᠨ︾ ᠵᠠᠮ ᠱᠤᠭᠤᠮ ᠤᠨ | ᠲᠤᠤᠷ ᠰᠦᠯᠵᠢᠶ᠎ᠡ ᠦᠨᠳᠦᠰᠦᠨ ᠳᠡᠭᠡᠨ ᠪᠦᠷᠢᠯᠳᠦᠨ᠂ ᠲᠦᠬᠡᠭᠡᠯ ᠤᠰᠤ᠂ ᠨᠡᠶᠢᠳᠡ ᠶᠢᠨ ᠲᠤᠯᠠᠭᠠᠯᠭ᠎ᠠ ᠪᠤᠯᠤᠨ ᠪᠤᠬᠢᠷ | ᠤᠰᠤᠨ ᠤ ᠰᠢᠢᠳᠪᠦᠷᠢᠯᠡᠯᠳᠡ ᠶᠢᠨ ᠨᠤᠷᠮ᠎ᠠ ᠲᠤᠰᠪᠤᠷᠢ 96.4 %᠂ 64 %᠂ 81% ᠳᠤ ᠬᠦᠷᠴᠦ᠂ ᠪᠦᠬᠦ | ᠬᠤᠰᠢᠭᠤᠨ ᠤ ᠨᠤᠭᠤᠭᠠᠷᠠᠭᠤᠯᠤᠯᠳᠠ ᠶᠢᠨ ᠶᠡᠷᠦᠩᠬᠡᠢ ᠲᠠᠯᠠᠪᠠᠢ 496 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ | ᠬᠦᠮᠦᠨ ᠪᠦᠷᠢ ᠳᠤ ᠲᠡᠭᠰᠢᠳᠭᠡᠭᠰᠡᠨ ᠤᠯᠠᠨ ᠨᠡᠶᠢᠳᠡ ᠶᠢᠨ ᠨᠤᠭᠤᠭᠠᠷᠠᠭᠤᠯᠤᠯᠳᠠ ᠶᠢᠨ ᠲᠠᠯᠠᠪᠠᠢ 83.7 ᠲᠡᠭᠰᠢ | ᠲᠦᠷᠪᠡᠯᠵᠢᠨ ᠮᠧᠲᠷ ᠲᠤ ᠬᠦᠷᠦᠨ᠂ ᠬᠤᠳᠠ ᠶᠢᠨ ᠨᠤᠭᠤᠭᠠᠷᠠᠭᠤᠯᠤᠯᠳᠠ ᠶᠢᠨ ᠪᠦᠷᠬᠦᠴᠡ ᠶᠢᠨ ᠨᠤᠷᠮ᠎ᠠ 36.4% ᠳᠤ | ᠬᠦᠷᠴᠦ᠂ ᠦᠪᠡᠷᠳᠡᠭᠡᠨ ᠵᠠᠰᠠᠬᠤ ᠤᠷᠤᠨ ᠤ ᠴᠡᠴᠡᠷᠯᠢᠭᠵᠢᠭᠰᠡᠨ ᠬᠤᠰᠢᠭᠤ ᠰᠢᠶᠠᠨ ᠬᠤᠳᠠ ᠪᠠᠷ ᠰᠤᠩᠭᠤᠬᠳᠠᠨ᠂ ᠰᠠᠩ ᠤᠨ | ᠲᠠᠯᠠᠢ ᠪᠠᠯᠭᠠᠰᠤᠨ ᠤ ᠵᠢᠵᠢᠭ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠲᠦᠯᠦᠪᠵᠢᠭᠦᠯᠭᠡ ᠶᠢ | ᠲᠤᠭᠤᠷᠪᠢᠵᠤ ᠲᠠᠭᠤᠰᠬᠠᠪᠠ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠨᠢ ᠨᠡᠶᠢᠳᠡ 6.8 ᠳ᠋ᠦᠩᠰᠢᠭᠤᠷ | ᠲᠦᠭᠦᠷᠢᠭ ᠤᠷᠤᠭᠤᠯᠵᠤ᠂ ᠪᠦᠬᠦ ᠬᠤᠰᠢᠭᠤᠨ ᠤ 80% ᠶᠢᠨ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠢ ᠪᠦᠬᠦᠨ ᠢ | ᠪᠦᠷᠬᠦᠬᠦ ᠶᠢ ᠪᠡᠶᠡᠯᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ | ᠲᠦᠪᠰᠢᠨ ᠶᠡᠭᠡ ᠪᠠᠷ ᠲᠡᠭᠡᠭᠰᠢᠯᠡᠵᠤ᠂ ᠠᠵᠤ ᠦᠢᠯᠡᠰᠵᠢᠭᠰᠡᠨ ᠬᠦᠭᠵᠢᠯᠳᠡ ᠳᠤ ᠬᠦᠴᠦᠳᠠᠢ ᠪᠠᠳᠤᠯᠠᠭ᠎ᠠ ᠬᠠᠩᠭᠠᠪᠠ᠃ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠢᠯᠡᠳᠳᠡ ᠦᠷ᠎ᠡ ᠪᠦᠳᠦᠮᠵᠢ ᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ | ᠤᠨ ᠬᠤᠭᠤᠴᠠᠭᠠᠨ ᠳᠤ ᠨᠡᠶᠢᠳᠡ 83.6 ᠲᠦᠮᠡᠨ ᠮᠤ᠋ ᠲᠠᠯᠠᠪᠠᠢ ᠳᠤ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ | ᠢᠨᠵᠧᠨᠧᠷᠢᠩ ᠢ ᠪᠡᠶᠡᠯᠡᠭᠦᠯᠵᠦ᠂ 1.49 ᠲᠦᠮᠡᠨ ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠤᠨ᠂ | ᠤᠢ ᠰᠢᠭᠤᠢ ᠶᠢᠨ ᠶᠡᠷᠦᠩᠬᠡᠢ ᠲᠠᠯᠠᠪᠠᠢ 672 ᠲᠦᠮᠡᠨ ᠮᠤ᠋ ᠳᠤ ᠬᠦᠷᠴᠦ᠂ ᠤᠢ ᠮᠤᠳᠤᠨ ᠤ ᠪᠦᠷᠬᠦᠴᠡ ᠶᠢᠨ ᠨᠤᠷᠮ᠎ᠠ 20. | 5% ᠳᠤ ᠬᠦᠷᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠡᠮᠦᠨ᠎ᠡ ᠬᠢᠵᠠᠭᠠᠷ ᠢ ᠬᠦᠨᠳᠡᠯᠡᠨ ᠲᠤᠭᠤᠯᠤᠬᠰᠠᠨ | ᠨᠤᠭᠤᠭᠠᠨ ᠦᠩᠭᠡᠳᠦ ᠠᠮᠢ ᠠᠬᠤᠢ ᠶᠢᠨ ᠬᠠᠯᠬᠠᠪᠴᠢ ᠠᠩᠬ᠎ᠠ ᠠᠯᠬᠤᠮ ᠪᠦᠷᠢᠯᠳᠦᠪᠡ᠃ | ︵ᠭᠤᠷᠪᠠ︶ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠯᠠᠮ ᠨᠢᠭᠡ ᠠᠯᠬᠤᠮ ᠲᠡᠭᠦᠯᠳᠡᠷᠵᠢᠪᠡ᠃ | ᠲᠠᠪᠤᠨ ᠵᠢᠯ ᠤᠨ ᠲᠤᠷᠰᠢ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠲᠠᠯ᠎ᠠ ᠳᠤ ᠨᠡᠶᠢᠳᠡ 31.8 ᠳ᠋ᠦᠩᠰᠢᠭᠤᠷ | ᠲᠦᠭᠦᠷᠢᠭ ᠤᠷᠤᠭᠤᠯᠵᠤ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 3.2 ᠲᠠᠬᠢᠨ ᠢᠶᠠᠷ | ᠨᠡᠮᠡᠭᠳᠡᠪᠡ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠮᠳᠠᠴᠢ ᠡᠵᠡᠮᠳᠡᠵᠦ ᠪᠤᠯᠬᠤᠶᠢᠴᠠ ᠤᠷᠤᠯᠭ᠎ᠠ ᠵᠢᠯ ᠪᠦᠷᠢ | ᠲᠤᠮᠳᠠᠴᠢ ᠪᠠᠷ 11.5% ᠪᠠ 15.1% ᠪᠠᠷ ᠨᠡᠮᠡᠭᠳᠡᠵᠦ᠂ ᠬᠤᠳᠠ ᠬᠦᠳᠡᠭᠡ ᠶᠢᠨ ᠤᠷᠤᠯᠭ᠎ᠠ ᠶᠢᠨ ᠵᠦᠷᠢᠶ᠎ᠡ ᠨᠢ ᠤᠤᠯ | ᠤᠨ 2.3᠄ 1 ᠠᠴᠠ ᠪᠠᠨ 2.2᠄ 1 ᠪᠤᠯᠤᠨ ᠪᠠᠭᠤᠷᠠᠪᠠ᠃ ᠨᠡᠶᠢᠭᠡᠮ ᠤᠨ ᠪᠠᠳᠤᠯᠠᠭ᠎ᠠ ᠶᠢᠨ ᠪᠦᠷᠬᠦᠴᠡ ᠶᠢᠨ ᠬᠡᠮᠵᠢᠶ᠎ᠡ | ᠲᠤᠬᠳᠠᠭᠤᠨ ᠢᠶᠠᠷ ᠨᠡᠮᠡᠭᠳᠡᠵᠦ᠂ ᠮᠠᠯᠴᠢᠨ ᠲᠠᠷᠢᠶᠠᠴᠢᠳ ᠤᠨ ᠬᠤᠷᠰᠢᠬᠰᠠᠨ ᠡᠮᠨᠡᠯᠭᠡ ᠶᠢᠨ ᠲᠠᠭᠠᠳᠬᠠᠯ ᠳᠤ ᠤᠷᠤᠯᠴᠠᠬᠰᠠᠨ | ᠨᠤᠷᠮ᠎ᠠ 98.3% ᠠᠴᠠ ᠲᠡᠭᠡᠭᠰᠢ ᠳᠤ ᠬᠦᠷᠦᠨ᠂ ᠨᠠᠰᠤᠵᠢᠯ ᠤᠨ ᠲᠠᠭᠠᠳᠬᠠᠯ ᠤᠨ ᠪᠠᠳᠤᠯᠠᠭ᠎ᠠ ᠶᠢᠨ ᠰᠢᠰᠲ᠋ᠧᠮ ᠨᠢ | ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠳ᠂ ᠦᠢᠯᠡᠳᠪᠦᠷᠢ ᠬᠤᠳᠠᠯᠳᠤᠭᠠᠨ ᠤ ᠬᠤᠪᠢ ᠶᠢᠨ ᠡᠷᠦᠬᠡ ᠪᠤᠯᠤᠨ | ᠠᠮᠢᠳᠤᠯᠢᠭ ᠢᠶᠠᠷ ᠠᠵᠢᠯ ᠤᠯᠭᠤᠬᠤ ᠬᠦᠮᠦᠰ ᠢ ᠦᠨᠳᠦᠰᠦᠨ ᠳᠡᠭᠡᠨ ᠪᠦᠷᠬᠦᠪᠡ᠃ ᠶᠠᠳᠠᠭᠤ ᠶᠢ ᠲᠡᠳᠬᠦᠵᠦ ᠨᠡᠭᠡᠭᠡᠨ | ᠬᠦᠭᠵᠢᠭᠦᠯᠬᠦ ᠪᠠ ᠦᠢᠯᠡᠰ ᠪᠤᠰᠬᠠᠵᠤ ᠠᠵᠢᠯ ᠤᠯᠭᠤᠬᠤ ᠢᠨᠵᠧᠨᠧᠷᠢᠩ ᠢ ᠬᠦᠴᠦᠳᠠᠢ ᠬᠡᠷᠡᠭᠵᠢᠭᠦᠯᠵᠦ᠂ ᠲᠠᠪᠤᠨ ᠵᠢᠯ ᠤᠨ | ᠲᠤᠷᠰᠢ 7621 ᠬᠦᠮᠦᠨ ᠢ ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠤᠨ᠂ ᠬᠤᠳᠠ ᠪᠠᠯᠭᠠᠰᠤᠨ ᠤ ᠰᠢᠨ᠎ᠡ | ᠪᠠᠷ ᠨᠡᠮᠡᠭᠳᠡᠭᠰᠡᠨ ᠠᠵᠢᠯ ᠤᠯᠤᠬᠰᠠᠨ ᠬᠦᠮᠦᠨ 8760 ᠳᠤ ᠬᠦᠷᠴᠦ᠂ ᠦᠢᠯᠡᠰ ᠪᠤᠰᠬᠠᠯᠳᠠ ᠪᠠᠷ ᠠᠵᠢᠯ ᠤᠯᠭᠤᠯᠳᠠ ᠶᠢ | ᠲᠠᠶᠢᠴᠢᠯᠠᠨ 5500 ᠬᠦᠮᠦᠨ ᠳᠤ ᠠᠵᠢᠯ ᠤᠯᠭᠤᠵᠤ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ ᠠᠯᠳᠠᠬᠰᠠᠳ ᠤᠨ | ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠪᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ | ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠲᠡᠯᠡᠬᠡᠢ ᠶᠢᠨ ᠰᠤᠶᠤᠯ ᠤᠨ ᠦᠪ ᠢᠶᠠᠷ ᠠᠮᠵᠢᠯᠳᠠ ᠲᠠᠢ ᠪᠠᠷ ᠡᠷᠡᠮᠡᠯᠵᠡᠯᠡᠨ | ᠪᠦᠷᠢᠳᠬᠡᠭᠦᠯᠵᠦ᠂ ᠤᠯᠤᠰ ᠤᠨ ᠪᠠ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠰᠦᠯ ᠲᠤᠰᠪᠤᠷᠢ | 2 ᠲᠦᠷᠦᠯ ᠪᠠ 11 ᠲᠦᠷᠦᠯ ᠪᠠᠶᠢᠵᠤ᠂ ᠷᠠᠳᠢᠤ᠋᠂ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ ᠶᠢᠨ ᠨᠤᠷᠮ᠎ᠠ ᠲᠤᠰᠪᠤᠷᠢ | 96% ᠪᠠ 97% ᠳᠤ ᠬᠦᠷᠪᠡ︔ ᠪᠦᠬᠦ ᠬᠤᠰᠢᠭᠤᠨ ᠤ ᠰᠦᠢᠳᠬᠡᠯ ᠬᠡᠯᠳᠦᠷᠢᠭᠦᠯᠬᠦ ᠰᠤᠷᠭᠠᠨ ᠬᠦᠮᠦᠵᠢᠯ ᠢ ᠦᠨᠳᠦᠷ | ᠲᠤᠮᠳᠠᠳᠤ ᠶᠢᠨ ᠱᠠᠳᠤᠨ ᠳᠤ ᠬᠦᠷᠳᠡᠯ᠎ᠡ ᠲᠦᠭᠡᠮᠡᠯᠵᠢᠭᠦᠯᠵᠦ᠂ ᠡᠯ᠎ᠡ ᠰᠤᠷᠭᠠᠭᠤᠯᠢ ᠨᠢ ᠴᠦᠮ ᠰᠤᠷᠭᠠᠭᠤᠯᠢ ᠡᠷᠬᠢᠯᠡᠬᠦ | ᠨᠦᠬᠦᠴᠡᠯ ᠤᠨ ᠪᠠᠷᠢᠮᠵᠢᠶᠠᠵᠢᠬᠰᠠᠨ ᠬᠢᠷᠢ ᠲᠦᠪᠰᠢᠨ ᠢ ᠪᠡᠶᠡᠯᠡᠭᠦᠯᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ︵ᠡᠷᠡᠭᠦᠯ ᠬᠠᠮᠠᠭᠠᠯᠠᠯ ᠤᠨ ᠲᠠᠰᠤᠭ ᠢ ᠪᠠᠭᠳᠠᠭᠠᠨ᠎ᠠ︶ 87᠂ ᠡᠪᠡᠳᠴᠢᠳᠡᠨ ᠤ ᠤᠷᠤ 363 ᠳᠤ ᠲᠤᠰ | ᠲᠤᠰ ᠬᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾ ᠤᠨ ᠬᠤᠭᠤᠴᠠᠭ᠎ᠠ ᠰᠡᠭᠦᠯᠴᠢ ᠶᠢᠨ ᠬᠢ ᠠᠴᠠ ᠲᠤᠰᠪᠤᠷᠢ 12% | ᠪᠠ 28% ᠪᠠᠷ ᠨᠡᠮᠡᠭᠳᠡᠭᠰᠡᠨ ᠪᠠᠶᠢᠨ᠎ᠠ᠃ | ︵ᠲᠦᠷᠪᠡ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠤᠯᠠᠮ ᠨᠢᠭᠡ ᠠᠯᠬᠤᠮ | ᠴᠢᠩᠭᠠᠷᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠰᠠᠬᠢᠯᠭ᠎ᠠ ᠵᠢᠷᠤᠮ ᠢ ᠴᠢᠩᠭ᠎ᠠ ᠵᠢᠷᠤᠮᠯᠠᠵᠤ᠂ ᠲᠦᠪ ᠤᠨ ᠨᠠᠢᠮᠠᠨ | ᠵᠤᠷᠪᠤᠰ ᠲᠤᠬᠳᠠᠭᠠᠯ᠂ ᠦᠪᠡᠷᠳᠡᠭᠡᠨ ᠵᠠᠰᠠᠬᠤ ᠤᠷᠤᠨ ᠤ 28 ᠢᠵᠢ ᠪᠦᠷᠢᠳᠦᠭᠰᠡᠨ ᠲᠦᠷᠢᠮ ᠲᠤᠬᠳᠠᠭᠠᠯ ᠪᠤᠯᠤᠨ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠢᠵᠢ ᠪᠦᠷᠢᠳᠦᠭᠰᠡᠨ ᠲᠦᠷᠢᠮ ᠲᠤᠬᠳᠠᠭᠠᠯ ᠢ ᠴᠢᠩᠭ᠎ᠠ ᠬᠡᠷᠡᠭᠵᠢᠭᠦᠯᠦᠨ᠂ ᠨᠠᠮ ᠤᠨ | ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠵᠢᠴᠢ ︽ᠭᠤᠷᠪᠠᠨ ᠴᠢᠩᠭ᠎ᠠ ᠭᠤᠷᠪᠠᠨ ᠪᠤᠳᠠᠳᠠᠢ | ︾ ᠲᠤᠰᠬᠠᠢ ᠰᠡᠳᠦᠪᠳᠦ ᠬᠦᠮᠦᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠭᠦᠯᠪᠡ᠃ ᠨᠠᠮ ᠤᠨ ᠰᠤᠷᠳᠠᠯ ᠴᠢᠬᠡᠴᠢ ᠵᠠᠰᠠᠭ | ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠴᠠᠭᠠᠬᠤ ᠪᠠ ᠬᠢᠨᠠᠨ | ᠪᠤᠳᠤᠬᠤ ᠬᠦᠴᠦᠯᠡᠴᠡ ᠶᠢ ᠨᠡᠮᠡᠭᠳᠡᠭᠦᠯᠵᠦ᠂ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠬᠤᠷᠢᠬᠯᠠᠬᠤ | ᠲᠤᠬᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠤᠰᠤᠨ ᠤ ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠶᠢ ᠤᠬᠠᠮᠰᠠᠷ ᠠᠴᠠ ᠪᠠᠨ | ᠬᠦᠯᠢᠶᠡᠵᠦ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ | ᠤᠨ ᠪᠤᠰᠤ ᠬᠦᠮᠦᠰ ᠤᠨ ᠰᠠᠨᠠᠯ ᠢ ᠨᠠᠷᠢᠨ ᠬᠢᠨᠠᠮᠠᠭᠠᠢ ᠰᠤᠨᠤᠰᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠪᠠ ᠵᠠᠰᠠᠭ ᠤᠨ | ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ 91 ᠵᠤᠷᠪᠤᠰ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠲᠦᠷᠦᠯ ᠵᠦᠢᠯ ᠢ ᠬᠦᠴᠦᠨ ᠦᠭᠡᠢ ᠪᠤᠯᠭᠠᠵᠤ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠳᠤ ᠬᠡᠷᠡᠭᠯᠡᠬᠦ ᠭᠡᠷ ᠪᠠ ᠲᠡᠷᠭᠡ | ᠶᠢ ᠪᠦᠬᠦ ᠲᠠᠯ᠎ᠠ ᠪᠠᠷ ᠴᠡᠪᠡᠷᠯᠡᠨ᠂ ︽ᠭᠤᠷᠪᠠᠨ ᠲᠦᠷᠦᠯ ᠤᠨ ᠠᠯᠪᠠᠨ ᠵᠠᠷᠤᠳᠠᠯ︾ ᠢ ᠪᠦᠬᠦ ᠬᠦᠴᠦᠨ ᠢᠶᠠᠷ ᠢᠶᠠᠨ | ᠪᠠᠭᠠᠰᠬᠠᠪᠠ᠃ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠡᠶᠡᠳᠦᠭᠦᠯᠬᠦ ᠲᠤᠬᠳᠠᠯᠴᠠᠭ᠎ᠠ ᠲᠠᠰᠤᠷᠠᠯᠳᠠ ᠦᠭᠡᠢ | ᠲᠡᠭᠦᠯᠳᠡᠷᠵᠢᠵᠦ᠂ ᠨᠡᠶᠢᠭᠡᠮ ᠤᠨ ᠠᠮᠤᠷ ᠲᠦᠪᠰᠢᠨ ᠢ ᠵᠠᠰᠠᠬᠤ ᠬᠢᠷᠢ ᠲᠦᠪᠰᠢᠨ ᠲᠤᠬᠳᠠᠭᠤᠨ ᠢᠶᠠᠷ ᠲᠡᠭᠡᠭᠰᠢᠯᠡᠨ᠂ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠬᠳᠠᠪᠤᠷᠢᠵᠢᠵᠤ᠂ ᠤᠯᠠᠨ ᠲᠦᠮᠡᠨ ᠤ ᠠᠮᠤᠷ ᠲᠦᠪᠰᠢᠨ ᠰᠡᠳᠬᠢᠯᠭᠡ ᠪᠠ | ᠰᠡᠳᠬᠢᠯ ᠬᠠᠨᠤᠮᠵᠢᠳᠠᠢ ᠪᠠᠶᠢᠬᠤ ᠬᠡᠮᠵᠢᠶ᠎ᠡ ᠢᠯᠡᠳᠳᠡ ᠲᠡᠭᠡᠭᠰᠢᠯᠡᠪᠡ᠃ | ᠲᠦᠯᠦᠭᠡᠯᠡᠭᠴᠢᠳ ᠡ᠂ 2015 ᠤᠨ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠬᠠᠮᠤᠭ ᠡᠴᠦᠰ | ᠤᠨ ᠵᠢᠯ ᠮᠦᠨ᠃ ᠦᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ | ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠪᠢᠳᠡ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ | ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠬᠳᠠᠭᠤᠨ ᠢᠶᠠᠷ ᠨᠡᠮᠡᠭᠳᠡᠭᠦᠯᠬᠦ᠂ ᠪᠦᠳᠦᠴᠡ ᠶᠢ ᠲᠤᠬᠢᠷᠠᠭᠤᠯᠬᠤ᠂ | ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠵᠡᠷᠭᠡ ᠡᠯ᠎ᠡ ᠲᠦᠷᠦᠯ ᠤᠨ | ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ | ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠬᠰᠠᠨ ᠢᠶᠠᠷ ᠡᠯ᠎ᠡ ᠲᠦᠷᠦᠯ ᠤᠨ ᠠᠵᠢᠯ | ᠬᠦᠴᠦᠳᠠᠢ ᠠᠬᠢᠵᠦ᠂ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠦᠷᠭᠦᠯᠵᠢᠯᠡᠨ ᠡᠷᠡᠭᠦᠯ ᠲᠤᠬᠳᠠᠭᠤᠨ | ᠢᠶᠠᠷ ᠬᠦᠭᠵᠢᠪᠡ᠃ ᠪᠦᠬᠦ ᠵᠢᠯ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 69.7 ᠳ᠋ᠦᠩᠰᠢᠭᠤᠷ | ᠲᠦᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠭᠦᠯᠪᠡ︔ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ | ᠢ 7 ᠳ᠋ᠦᠩᠰᠢᠭᠤᠷ ᠲᠦᠭᠦᠷᠢᠭ ᠪᠡᠶᠡᠯᠡᠭᠦᠯᠦᠨ᠂ 4.7 % ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ ᠢ 47.3 ᠳ᠋ᠦᠩᠰᠢᠭᠤᠷ ᠲᠦᠭᠦᠷᠢᠭ ᠪᠡᠶᠡᠯᠡᠭᠦᠯᠦᠨ᠂ 7.9 % ᠪᠠᠷ ᠨᠡᠮᠡᠭᠳᠡᠭᠦᠯᠵᠦ ︵ᠡᠭᠦᠨ ᠳᠤ᠂ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠢ 42.7 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.5 % ᠪᠠᠷ ᠨᠡᠮᠡᠭᠳᠡᠭᠦᠯᠪᠡ︶ | ᠂ ᠭᠤᠷᠪᠠᠳᠤᠭᠠᠷ ᠠᠵᠤ ᠦᠢᠯᠡᠰ ᠤᠨ ᠨᠠᠮᠡᠭᠳᠡᠯ ᠦᠷᠳᠡᠭ ᠢ 15.4 ᠳ᠋ᠦᠩᠰᠢᠭᠤᠷ ᠲᠦᠭᠦᠷᠢᠭ ᠪᠡᠶᠡᠯᠡᠭᠦᠯᠦᠨ᠂ 7.4 % | ᠪᠠᠷ ᠨᠡᠮᠡᠭᠳᠡᠭᠦᠯᠪᠡ︔ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 52.2 ᠳ᠋ᠦᠩᠰᠢᠭᠤᠷ | ᠲᠦᠭᠦᠷᠢᠭ ᠪᠡᠶᠡᠯᠡᠭᠦᠯᠦᠨ᠂ 14 % ᠪᠠᠷ ᠨᠡᠮᠡᠭᠳᠡᠭᠦᠯᠵᠦ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 6.1 % ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ | ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠢ 12.7 ᠳ᠋ᠦᠩᠰᠢᠭᠤᠷ ᠲᠦᠭᠦᠷᠢᠭ ᠲᠤ ᠬᠦᠷᠭᠡᠵᠦ᠂ 7 % ᠪᠠᠷ | ᠨᠡᠮᠡᠭᠳᠡᠭᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ | ᠤᠷᠤᠯᠭ᠎ᠠ ᠶᠢ ᠲᠤᠰ ᠲᠤᠰ 29933 ᠲᠦᠭᠦᠷᠢᠭ ᠪᠠ 13639 ᠲᠦᠭᠦᠷᠢᠭ ᠲᠤ ᠬᠦᠷᠭᠡᠨ᠂ ᠲᠤᠰᠪᠤᠷᠢ 8.1 % ᠪᠠ | 7.7 % ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠦᠰᠦᠪᠯᠡᠭᠰᠡᠨ ᠡᠯ᠎ᠡ ᠲᠦᠷᠦᠯ ᠤᠨ ᠬᠠᠷᠠᠯᠳᠠ ᠡᠭᠦᠷᠭᠡ ᠪᠠᠨ | ᠨᠡᠯᠢᠶᠡᠳ ᠰᠠᠶᠢᠳᠤᠷ ᠪᠡᠶᠡᠯᠡᠭᠦᠯᠪᠡ᠃ ᠨᠢᠭᠡ ᠵᠢᠯ ᠤᠨ ᠲᠤᠷᠰᠢ᠂ ᠪᠢᠳᠡ ᠭᠤᠤᠯᠳᠠᠭᠤ ᠲᠤᠤᠷᠠᠬᠢ ᠬᠡᠳᠦᠨ ᠲᠠᠯ᠎ᠠ ᠶᠢᠨ ᠠᠵᠢᠯ | ᠢ ᠬᠢᠪᠡ᠃ | ︵ᠨᠢᠭᠡ︶ ᠠᠵᠤ ᠠᠬᠤᠢ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠲᠤᠬᠳᠠᠪᠤᠷᠢᠵᠢᠭᠤᠯᠪᠠ᠃ ᠮᠠᠯ | ᠲᠠᠷᠢᠶᠠᠯᠠᠩ ᠤᠨ ᠠᠵᠤ ᠦᠢᠯᠡᠰᠵᠢᠭᠰᠡᠨ ᠬᠦᠭᠵᠢᠯᠳᠡ ᠶᠢ ᠢᠳᠡᠪᠬᠢᠳᠠᠢ ᠲᠡᠮᠵᠢᠪᠡ᠃ ᠮᠠᠯᠵᠢᠯ ᠤᠨ ᠤᠨ ᠤ ᠮᠠᠯ ᠤᠨ | ᠶᠡᠷᠦᠩᠬᠡᠢ ᠲᠤᠭ᠎ᠠ ᠲᠤᠯᠤᠭᠠᠢ 66.6 ᠲᠦᠮᠡ ᠳᠤ ᠬᠦᠷᠴᠦ᠂ 40 ᠲᠦᠮᠡᠨ ᠲᠤᠯᠤᠭᠠᠢ ᠮᠠᠯ ᠵᠠᠷᠤᠴᠠᠭᠤᠯᠤᠨ᠂ 9.4 | ᠲᠦᠮᠡᠨ ᠲᠤᠯᠤᠭᠠᠢ ᠦᠨᠢᠶᠡᠨ ᠳᠤ ᠢᠴᠡᠭᠡᠯ ᠦᠷ᠎ᠡ ᠶᠢᠨ ᠬᠡᠬᠡᠯᠳᠦᠬᠦᠯᠭᠡ ᠬᠢᠪᠡ︔ 4 ᠰᠠᠭᠤᠷᠢ ᠰᠠᠭᠠᠯᠢ ᠶᠢᠨ ᠦᠨᠢᠶᠡᠨ ᠤ | ᠪᠠᠷᠢᠮᠵᠢᠶᠠᠵᠢᠵᠤ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ᠂ 43 ᠰᠠᠭᠤᠷᠢ ᠠᠯᠠᠰᠢᠨ ᠦᠬᠡᠷ ᠤᠨ ᠭᠡᠷ ᠪᠦᠯᠢ ᠶᠢᠨ | ᠮᠠᠯᠵᠢᠯ ᠤᠨ ᠲᠠᠯᠠᠪᠠᠢ ᠶᠢ ᠰᠢᠨ᠎ᠡ ᠪᠠᠷ ᠪᠤᠶᠤ ᠦᠷᠭᠡᠳᠭᠡᠨ ᠪᠠᠶᠢᠭᠤᠯᠵᠤ᠂ ᠰᠢᠮᠧᠨ᠋ᠲᠷ ᠦᠬᠡᠷ ᠤᠨ ᠭᠤᠤᠯᠳᠠᠯᠭᠠᠳᠤ ᠰᠦᠷᠦᠭ | ᠢ 27᠂ ᠴᠠᠬᠠᠷ ᠬᠤᠨᠢᠨ ᠤ ᠭᠤᠤᠯᠳᠠᠯᠭᠠᠳᠤ ᠰᠦᠷᠦᠭ ᠢ 12 ᠢ ᠲᠤᠰ ᠲᠤᠰ ᠭᠠᠷᠭᠠᠵᠤ᠂ 2.65 ᠳ᠋ᠦᠩᠰᠢᠭᠤᠷ | ᠺᠢᠯᠤᠭ᠍ᠷᠠᠮ ᠡᠪᠡᠰᠦ ᠬᠠᠳᠤᠵᠤ ᠬᠤᠷᠢᠶᠠᠨ᠂ ᠠᠮᠤ ᠪᠤᠳᠠᠭᠠᠨ ᠤ ᠶᠡᠷᠦᠩᠬᠡᠢ ᠤᠨᠠᠯᠳᠠ 3.03 ᠲᠦᠮᠡᠨ ᠲᠤᠨ ᠳᠤ ᠬᠦᠷᠪᠡ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠤᠯᠳᠠ ᠶᠢ ᠴᠢᠩᠭᠠᠳᠬᠠᠪᠠ᠃ ᠱᠠᠩᠳᠤ ᠴᠠᠬᠢᠯᠭᠠᠨ | ᠦᠢᠯᠡᠳᠪᠦᠷᠢ ᠨᠢ ᠪᠦᠬᠦ ᠵᠢᠯ ᠳᠤ 173 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠤ᠂ ᠭᠤᠷᠪᠠᠨ ᠬᠠᠪᠴᠢᠯ ᠤᠨ ᠭᠡᠷᠡᠯᠯᠢᠭ | ᠴᠠᠬᠢᠯᠭᠠᠨ ᠵᠡᠷᠭᠡ 5 ᠡᠷᠦᠬᠡ ᠰᠢᠨ᠎ᠡ ᠡᠨᠧᠷᠬᠢ ᠶᠢᠨ ᠠᠵᠤ ᠠᠬᠤᠶᠢᠯᠠᠯ ᠨᠢ ᠬᠡᠪᠴᠢᠶᠡᠵᠢᠯ ᠠᠴᠠ ᠲᠡᠭᠡᠭᠰᠢᠬᠢ ᠠᠵᠤ | ᠠᠬᠤᠶᠢᠯᠠᠯ ᠤᠨ ᠡᠩᠨᠡᠭᠡᠨ ᠳᠤ ᠤᠷᠤᠵᠤ᠂ ᠵᠢᠯ ᠤᠨ ᠲᠤᠳᠤᠷ᠎ᠠ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ 16 ᠡᠷᠦᠬᠡ ᠳᠤ ᠬᠦᠷᠪᠡ᠃ ᠬᠤᠸᠠ ᠶᠢ ᠠᠷᠤ ᠬᠦᠪ ᠤᠨ ᠰᠠᠯᠬᠢᠨ ᠴᠠᠬᠢᠯᠭᠠᠨ᠂ ᠰᠢ ᠪᠸᠢ ᠴᠠᠭᠠᠨ | ᠢᠳᠡᠭᠡ ᠡᠳ᠋ᠰᠢᠭᠦᠯᠦᠨ ᠪᠤᠯᠪᠠᠰᠤᠷᠠᠭᠤᠯᠬᠤ ᠭᠠᠵᠠᠷ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ ᠮᠠᠲ᠋ᠧᠷᠢᠶᠠᠯ᠂ ᠹᠦ᠋ | ᠶᠠᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠦᠷᠢ ᠶᠢᠨ ᠲᠦᠰᠦᠯ ᠢ ᠭᠤᠤᠯᠳᠠᠯᠭ᠎ᠠ ᠲᠠᠢ | ᠠᠬᠢᠭᠤᠯᠪᠠ᠃ ᠵᠢᠭᠤᠯᠴᠢᠯᠠᠯ ᠤᠨ ᠦᠢᠯᠡᠰ ᠢᠶᠠᠷ ᠦᠢᠯᠡᠴᠢᠯᠡᠭᠡᠨ ᠤ ᠦᠢᠯᠡᠰ ᠤᠨ ᠵᠡᠷᠭᠡ ᠲᠡᠰ ᠲᠡᠪᠰᠢᠬᠦ ᠰᠢᠪᠳᠤᠯᠤᠯᠳᠠ | ᠪᠤᠯᠭᠠᠬᠤ ᠶᠢ ᠪᠠᠷᠢᠮᠳᠠᠯᠠᠨ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ 54 ᠲᠦᠮᠡᠨ | ᠬᠦᠮᠦᠨ ᠤᠳᠠᠭ᠎ᠠ ᠬᠦᠯᠢᠶᠡᠨ ᠠᠪᠴᠦ᠂ 3.4 ᠳ᠋ᠦᠩᠰᠢᠭᠤᠷ ᠲᠦᠭᠦᠷᠢᠭ ᠤᠨ ᠤᠷᠤᠯᠭ᠎ᠠ ᠡᠭᠦᠳᠪᠡ︔ ᠶᠤᠸᠠᠨ ᠤ ᠲᠡᠭᠡᠳᠦ | ᠨᠡᠶᠢᠰᠯᠡᠯ ᠤᠨ ᠪᠠᠭᠤᠷᠢ ᠶᠢᠨ ᠦᠵᠡᠮᠵᠢᠳᠣ ᠣᠷᠣᠨ ᠨᠢ ᠤᠯᠤᠰ ᠤᠨ 4A ᠲᠡᠰ ᠤᠨ ᠦᠵᠡᠮᠵᠢᠳᠦ ᠤᠷᠤᠨ ᠢᠶᠠᠷ | ᠦᠨᠡᠯᠡᠭᠳᠡᠵᠦ᠂ ︽2015 ᠤᠨ ᠤ ᠪᠦᠬᠦ ᠤᠯᠤᠰ ᠤᠨ ᠰᠢᠯᠢᠳᠡᠭ ᠵᠢᠭᠤᠯᠴᠢᠯᠠᠯ ᠤᠨ ᠲᠦᠰᠦᠯ ᠤᠨ ᠨᠡᠷᠡᠰ︾ ᠲᠤ | ᠠᠮᠵᠢᠯᠳᠠ ᠲᠠᠢ ᠪᠠᠷ ᠰᠤᠩᠭᠤᠬᠳᠠᠨ ᠤᠷᠤᠵᠤ᠂ ᠦᠪᠡᠷᠳᠡᠭᠡᠨ ᠵᠠᠰᠠᠬᠤ ᠤᠷᠤᠨ ᠠᠴᠠ 14 ᠤᠷᠤᠨ ᠤ ᠲᠡᠰ ᠤᠨ ᠨᠡᠷᠡᠳᠦ | ᠵᠢᠭᠤᠯᠴᠢᠯᠠᠯ ᠤᠨ ᠦᠵᠡᠮᠵᠢᠳᠦ ᠤᠷᠤᠨ ᠤ ᠨᠢᠭᠡ ᠪᠠᠷ ᠵᠢᠬᠰᠠᠭᠠᠨ᠂ ᠶᠤᠸᠠᠨ ᠤ ᠲᠡᠭᠡᠳᠦ ᠨᠡᠶᠢᠰᠯᠡᠯ ᠤᠨ ᠦᠨᠳᠦᠰᠦᠳᠡᠨ ᠤ | ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠨᠢ ᠤᠯᠤᠰ ᠤᠨ 2015 ᠤᠨ ᠤ ᠲᠤᠷᠭᠠᠨ ᠵᠠᠮ ᠤᠨ ᠰᠤᠶᠤᠯ | ᠤᠨ ᠠᠵᠤ ᠦᠢᠯᠡᠰ ᠤᠨ ᠭᠤᠤᠯᠳᠠᠯᠭ᠎ᠠ ᠲᠠᠢ ᠲᠦᠰᠦᠯ ᠪᠤᠯᠪᠠ︔ ᠡᠯᠧᠺᠲᠷᠤᠨ ᠬᠤᠳᠠᠯᠳᠤᠭᠠᠨ ᠤ ᠠᠵᠢᠯ ᠲᠦᠷᠦᠯ ᠤᠯᠠᠮ | ᠨᠢᠭᠡ ᠠᠯᠬᠤᠮ ᠬᠦᠭᠵᠢᠵᠦ᠂ ᠪᠦᠬᠦ ᠠᠶᠢᠮᠠᠭ ᠤᠨ ᠴᠤᠷᠢ ᠶᠢᠨ ᠭᠠᠭᠴᠠ ᠤᠯᠤᠰ ᠤᠨ ᠲᠡᠰ ᠤᠨ ᠡᠯᠧᠺᠲᠷᠤᠨ ᠬᠤᠳᠠᠯᠳᠤᠭ᠎ᠠ | ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠤᠬᠰᠠᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠪᠤᠯᠵᠠᠢ᠃ | ︵ᠬᠤᠶᠠᠷ︶ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠪᠠ᠃ ᠦᠨᠳᠦᠰᠦᠨ | ᠨᠤᠳᠤᠭ ᠪᠡᠯᠴᠢᠭᠡᠷ ᠤᠨ ᠬᠠᠮᠠᠭᠠᠯᠠᠯᠳᠠ ᠪᠠ ᠠᠮᠢ ᠠᠬᠤᠢ ᠶᠢᠨ ᠰᠡᠷᠡᠮᠵᠢ ᠶᠢᠨ ᠱᠤᠭᠤᠮ ᠤᠨ ᠬᠠᠮᠠᠭᠠᠯᠠᠯᠳᠠ ᠶᠢᠨ ᠲᠦᠷᠢᠮ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠳᠠ ᠶᠢᠨ ᠴᠡᠭ | ᠤᠨ ᠠᠵᠢᠯ ᠢ ᠢᠳᠡᠪᠬᠢᠳᠠᠢ ᠠᠬᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ | ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠵᠤ᠂ ᠪᠡᠯᠴᠢᠭᠡᠷᠯᠡᠭᠦᠯᠬᠦ ᠶᠢ ᠵᠤᠭᠰᠣᠭᠠᠬᠤ ᠪᠠ ᠮᠠᠯ | ᠪᠡᠯᠴᠢᠭᠡᠷ ᠢ ᠲᠠᠩᠴᠠᠭᠦᠷᠢᠰᠢᠭᠦᠯᠬᠦ ᠲᠦᠷᠢᠮ ᠢ ᠪᠠᠷᠢᠮᠳᠠᠯᠠᠨ᠂ ᠪᠠᠶᠢᠭᠠᠯᠢ ᠶᠢᠨ ᠪᠡᠯᠴᠢᠭᠡᠷ ᠤᠨ ᠲᠠᠯᠠᠪᠠᠢ ᠶᠢᠨ ᠬᠠᠮᠢᠶᠠᠷᠤᠯᠳᠠ ᠶᠢ | ᠴᠢᠩᠭᠠᠳᠬᠠᠪᠠ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ | ᠬᠦᠴᠦᠯᠡᠴᠡ ᠶᠢ ᠨᠠᠮᠡᠭᠳᠡᠭᠦᠯᠦᠨ᠂ 5.4 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ | ᠫᠧᠩ᠂ 11.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ ᠪᠤᠯᠤᠨ 0.4 ᠲᠦᠮᠡᠨ ᠲᠡᠭᠰᠢ | ᠲᠦᠷᠪᠡᠯᠵᠢᠨ ᠮᠧᠲᠷ ᠲᠠᠯᠠᠪᠠᠢ ᠲᠠᠢ ᠡᠪᠡᠰᠦ ᠬᠠᠳᠠᠭᠠᠯᠠᠬᠤ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ | ᠲᠠᠢ ᠨᠤᠭᠤᠭᠠᠨ ᠲᠠᠷᠤᠰᠢ ᠶᠢᠨ ᠵᠤᠭᠤᠷᠢ ᠶᠢ ᠰᠢᠨ᠎ᠡ ᠪᠠᠷ ᠪᠠᠶᠢᠭᠤᠯᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ᠂ 5.9 | ᠲᠦᠮᠡᠨ ᠮᠤ᠋ ᠲᠠᠯᠠᠪᠠᠢ ᠳᠤ ᠡᠯᠡᠰᠤᠨ ᠤ ᠡᠬᠢ ᠶᠢ ᠵᠠᠰᠠᠬᠤ ᠤᠶᠢᠵᠢᠭᠤᠯᠤᠯᠳᠠ ᠶᠢ ᠪᠡᠶᠡᠯᠡᠭᠦᠯᠵᠦ᠂ 3000 ᠮᠤ᠋ ᠶᠢᠨ | ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠪᠠ᠃ ᠱᠠᠩᠳᠤ ᠶᠢᠨ ᠭᠤᠤᠯ ᠤᠨ ᠨᠤᠭᠤ ᠭᠠᠵᠠᠷ ᠢ ᠵᠠᠰᠠᠬᠤ | ᠬᠦᠴᠦᠯᠡᠴᠡ ᠶᠢ ᠨᠡᠮᠡᠭᠳᠡᠭᠦᠯᠵᠦ᠂ ᠨᠤᠭᠤ ᠭᠠᠵᠠᠷ ᠤᠨ ᠬᠠᠮᠠᠭᠠᠯᠠᠯᠳᠠ ᠶᠢᠨ ᠤᠷᠤᠨ ᠪᠤᠯᠤᠨ ᠵᠦᠯᠭᠡᠨ ᠴᠡᠴᠡᠷᠯᠢᠭ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠦ᠂ ᠤᠰᠤᠨ ᠰᠢᠰᠲ᠋ᠧᠮ ᠤᠨ ᠠᠮᠢ ᠠᠬᠤᠢ ᠶᠢᠨ ᠠᠮᠤᠷ ᠲᠦᠪᠰᠢᠨ ᠢ | ᠪᠦᠳᠦᠮᠵᠢᠳᠠᠢ ᠪᠠᠳᠤᠯᠠᠪᠠ᠃ | ︵ᠭᠤᠷᠪᠠ︶ ᠨᠡᠶᠢᠭᠡᠮ ᠤᠨ ᠠᠷᠠᠳ ᠤᠨ ᠶᠠᠪᠤᠳᠠᠯ ᠤᠨ ᠠᠵᠢᠯ ᠦᠢᠯᠡᠰ ᠢ ᠨᠢᠭᠡᠳᠦᠯᠲᠠᠢ ᠲᠦᠯᠦᠪᠵᠢᠭᠦᠯᠦᠨ | ᠠᠬᠢᠭᠤᠯᠪᠠ᠃ ᠠᠷᠠᠳ ᠤᠨ ᠠᠮᠢᠳᠦᠷᠠᠯ ᠤᠨ ᠲᠠᠯ᠎ᠠ ᠪᠠᠷ ᠬᠢ ᠪᠡᠯᠡ ᠮᠥᠩᠭᠦᠨ ᠤ ᠤᠷᠤᠭᠤᠯᠤᠯᠳᠠ ᠶᠢᠨ ᠬᠦᠴᠦᠯᠡᠴᠡ ᠶᠢ | ᠨᠡᠮᠡᠭᠳᠡᠭᠦᠯᠵᠦ᠂ ᠪᠦᠬᠦ ᠵᠢᠯ ᠳᠤ ︽ᠨᠢᠭᠡ ᠺᠠᠷᠲ︾ ᠪᠠᠷ ᠲᠠᠮᠵᠢᠭᠤᠯᠤᠨ 2.32 ᠳ᠋ᠦᠩᠰᠢᠭᠤᠷ ᠲᠥᠭᠦᠷᠢᠭ ᠤᠨ ᠠᠷᠠᠳ ᠤᠨ | ᠠᠮᠢᠳᠤᠷᠠᠯ ᠤᠨ ᠨᠦᠬᠦᠪᠦᠷᠢ ᠶᠢᠨ ᠪᠡᠯᠡ ᠮᠥᠩᠭᠦ ᠶᠢ ᠲᠠᠷᠬᠠᠭᠠᠵᠦ᠂ ᠢᠲᠡᠭᠡᠮᠵᠢ ᠶᠢᠨ ᠬᠤᠯᠪᠤᠭᠠᠳᠤ ᠬᠤᠷᠰᠢᠶ᠎ᠠ ᠲᠠᠢ | ᠵᠤᠬᠢᠴᠠᠯᠳᠤᠨ᠂ ᠮᠠᠯᠵᠢᠬᠤ ᠲᠠᠷᠢᠶᠠᠯᠠᠬᠤ ᠤᠷᠤᠨ ᠳᠤ 1.5 ᠳ᠋ᠦᠩᠰᠢᠭᠤᠷ ᠲᠥᠭᠦᠷᠢᠭ ᠤᠨ ᠪᠠᠭ᠎ᠠ ᠳᠣᠭᠠᠨ ᠤ ᠵᠢᠭᠡᠯᠡᠯᠭᠡ | ᠲᠠᠯᠪᠢᠪᠠ᠃《ᠠᠷᠪᠠ ᠶᠢ ᠨᠠᠶᠢᠳᠠᠮ ᠪᠦᠷᠬᠦᠭᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ 3.72 | ᠳ᠋ᠦᠩᠰᠢᠭᠤᠷ ᠲᠥᠭᠦᠷᠢᠭ ᠤᠨ ᠪᠡᠯᠡ ᠤᠷᠦᠭᠤᠯᠤᠯᠳᠠ ᠶᠢ ᠪᠡᠶᠡᠯᠡᠭᠦᠯᠥᠭᠰᠡᠨ ᠪᠦᠭᠡᠳ ᠶᠠᠳᠠᠭᠤ ᠶᠢ ᠲᠡᠳᠬᠦᠵᠦ ᠨᠡᠭᠡᠭᠡᠨ | ᠬᠦᠭᠵᠢᠭᠦᠯᠬᠦ ᠢᠨᠵᠧᠨᠧᠷᠢᠩ ᠢ ᠯᠠᠪᠲᠠᠭᠤᠨ ᠪᠠᠳᠤᠲᠠᠢ ᠠᠬᠢᠭᠤᠯᠤᠨ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠪᠡᠯᠡ | ᠮᠥᠩᠭᠦ ᠶᠢ 7214 ᠲᠥᠮᠡᠨ ᠲᠥᠭᠦᠷᠢᠭ ᠨᠠᠶᠢᠳᠠᠪᠤᠷᠢᠵᠢᠭᠤᠯᠵᠤ᠂ 761 ᠬᠦᠮᠥᠨ ᠢ ᠶᠠᠳᠠᠭᠤ ᠠᠴᠠ ᠨᠢ ᠠᠩᠭᠢᠵᠢᠷᠠᠭᠤᠯᠪᠠ | ᠃ ᠴᠠᠭᠠᠨ ᠵᠤᠳ ᠤᠨ ᠭᠠᠮᠰᠢᠭ ᠢ ᠢᠳᠡᠪᠬᠢᠲᠠᠢ ᠠᠷᠭᠠᠴᠠᠭᠠᠨ᠂ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠪᠤᠷᠳᠤᠭ᠎ᠠ ᠶᠢ | 500 ᠲᠥᠮᠡᠨ ᠺᠢᠯᠦᠭᠷᠡᠮ ᠲᠥᠪᠯᠡᠷᠡᠭᠦᠯᠥᠨ ᠨᠥᠭᠡᠴᠡᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠤ ᠪᠡᠯᠡ | ᠮᠥᠩᠭᠦ ᠶᠢ 294 ᠲᠥᠮᠡᠨ ᠲᠥᠭᠦᠷᠢᠭ ᠪᠠᠭᠤᠯᠭᠠᠪᠠ᠃ ᠠᠷᠠᠳ ᠤᠯᠠᠨ ᠤ ᠠᠮᠤᠭᠤᠯᠠᠩ ᠰᠠᠭᠤᠴᠠ ᠶᠢᠨ ᠢᠨᠵᠧᠨᠧᠷᠢᠩ | ᠪᠤᠯᠤᠨ ᠦᠢᠯᠡᠰ ᠪᠥᠳᠦᠭᠡᠵᠦ ᠠᠵᠢᠯ ᠣᠯᠭᠤᠬᠤ ᠢᠨᠵᠧᠨᠧᠷᠢᠩ ᠢ ᠠᠬᠢᠭᠤᠯᠤᠨ᠂ ᠵᠢᠯ ᠤᠨ ᠲᠤᠳᠤᠷ᠎ᠠ 120 ᠢᠵᠢ ᠬᠢᠮᠳᠠ | ᠲᠥᠷᠢᠶᠡᠰᠥᠨ ᠤᠷᠣᠨ ᠰᠠᠭᠤᠴᠠ ᠪᠤᠯᠤᠨ 160 ᠢᠵᠢ ᠨᠡᠶᠢᠳᠠ ᠶᠢᠨ ᠲᠦᠷᠢᠶᠡᠰᠦᠨ ᠣᠷᠣᠨ ᠰᠠᠭᠤᠴᠠ ᠶᠢ ᠰᠢᠨ᠎ᠡ ᠪᠠᠷ | ᠪᠠᠶᠢᠭᠤᠯᠤᠨ᠂ ᠪᠦᠷᠬᠡ ᠲᠤᠭᠤᠷᠢᠭ ᠤᠨ ᠥᠭᠡᠷᠡᠴᠢᠯᠡᠯᠳᠠ ᠪᠠᠷ 450 ᠡᠷᠦᠬᠡ ᠶᠢᠨ ᠭᠡᠷ ᠪᠠᠶᠢᠰᠢᠩ ᠢ ᠦᠭᠡᠷᠡᠴᠢᠯᠡᠨ ᠵᠠᠰᠠᠵᠦ | ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠤᠭᠰᠠᠨ ᠬᠦᠮᠥᠨ 1808 ᠳᠤ ᠬᠦᠷᠪᠡ᠃ ᠨᠡᠶᠢᠭᠡᠮ ᠤᠨ | ᠡᠯ᠎ᠡ ᠲᠥᠷᠦᠯ ᠤᠨ ᠠᠵᠢᠯ ᠦᠢᠯᠡᠰ ᠵᠤᠬᠢᠴᠠᠩᠭᠤᠢ ᠲᠤᠭᠲᠠᠭᠤᠨ ᠢᠶᠠᠷ ᠬᠦᠭᠵᠢᠵᠦ᠂ ᠪᠦᠬᠦ ᠠᠶᠢᠮᠠᠭ ᠤᠨ ᠣᠶᠣᠨ ᠤ | ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠢ ᠲᠠᠭᠠᠭᠠᠴᠢᠯᠠᠨ ᠡᠷᠬᠢᠯᠡᠵᠦ᠂ ᠶᠤᠸᠠᠨ ᠤ ᠲᠡᠭᠡᠳᠦ | ᠨᠡᠶᠢᠰᠯᠡᠯ ᠤᠨ ᠪᠠᠭᠤᠷᠢ ᠶᠢᠨ ᠮᠥᠽᠸᠢ ᠪᠤᠯᠤᠨ ᠰᠤᠶᠤᠯ ᠲᠠᠮᠢᠷ ᠤᠨ ᠲᠥᠪ ᠨᠢ ᠵᠢᠩᠬᠢᠨᠢ ᠪᠠᠷ ᠠᠰᠢᠭᠯᠠᠯᠳᠠ ᠳᠤ ᠤᠷᠣᠪᠠ︔ | ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠠᠷ ᠢ ᠪᠦᠬᠦ ᠲᠡᠯ᠎ᠡ ᠪᠠᠷ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠡᠩ ᠤᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠭᠳᠠᠨ | ᠤᠷᠤᠬᠤ ᠨᠤᠷᠮ᠎ᠠ ᠲᠡᠭᠡᠷ᠎ᠡ ᠵᠢᠯ ᠤᠨ ᠬᠢ ᠠᠴᠠ 34% ᠪᠠᠷ ᠲᠡᠭᠡᠭᠰᠢᠯᠡᠪᠡ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠳᠠ ᠶᠢ ᠭᠦᠨᠵᠡᠭᠡᠶᠢᠷᠡᠭᠦᠯᠥᠨ᠂ ᠪᠡᠭᠡᠵᠢᠩ ᠤᠨ ᠠᠨ ᠵᠧᠨ ᠡᠮᠨᠡᠯᠭᠡ ᠶᠢᠨ | ᠬᠤᠷᠢᠶ᠎ᠡ ᠯᠤᠭ᠎ᠠ ᠶᠢᠨ ᠬᠠᠮᠳᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠦ᠂ ᠮᠤᠩᠭᠤᠯ ᠡᠮᠨᠡᠯᠭᠡ ᠶᠢᠨ ᠬᠤᠷᠢᠶ᠎ᠠ ᠨᠢ | ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠡᠮᠨᠡᠯᠭᠡ ᠶᠢᠨ ᠬᠤᠷᠢᠶᠠᠨ ᠤ ︽ᠬᠤᠶᠠᠷ ᠬᠦᠬᠡ ᠲᠡᠰ︾ ᠤᠨ ᠬᠢᠨᠠᠨ | ᠰᠢᠯᠭᠠᠯᠳᠠ ᠶᠢ ᠬᠦᠯᠢᠶᠡᠪᠡ᠃ | ︵ᠲᠦᠷᠪᠡ︶ ᠨᠡᠶᠢᠭᠡᠮ ᠤᠨ ᠠᠮᠤᠷ ᠳᠣᠭᠳᠠᠭᠤᠨ ᠢ ᠵᠠᠰᠠᠬᠤ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠪᠡ᠃ | ︽ᠠᠮᠣᠷ ᠲᠣᠭᠳᠠᠭᠤᠨ ᠰᠢᠯᠤᠭᠤᠨ ᠬᠦᠬᠡ︾ ᠶᠢ ᠪᠦᠳᠦᠭᠡᠨ ᠪᠠᠶᠢᠭᠤᠯᠬᠤ ᠠᠴᠠ ᠭᠠᠷᠳᠠᠨ᠂ ᠠᠮᠤᠷ ᠲᠤᠬᠳᠠᠭᠤᠨ ᠤ | ᠡᠭᠦᠳᠦᠯᠳᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠡᠶᠢᠭᠡᠮ ᠤᠨ ᠤᠷᠴᠢᠨ ᠠᠬᠤᠢ ᠣᠯᠠᠮ ᠨᠢᠭᠡ ᠠᠯᠬᠤᠮ ᠡᠶ᠎ᠡ | ᠵᠤᠬᠢᠴᠠᠨ ᠲᠤᠬᠳᠠᠪᠤᠷᠢᠵᠢᠪᠠ᠃ ︽1328︾ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠢᠯ ᠤᠨ ᠳᠣᠳᠣᠷ᠎ᠠ ᠡᠯ᠎ᠡ ᠲᠦᠷᠦᠯ ᠤᠨ ᠵᠥᠷᠢᠴᠠᠯ ᠮᠥᠷᠭᠦᠯᠳᠦᠭᠡᠨ ᠢ 139 ᠬᠤᠪᠢ ᠪᠠᠶᠢᠴᠠᠭᠠᠨ | ᠢᠯᠡᠷᠡᠭᠦᠯᠵᠦ᠂ 115 ᠬᠤᠪᠢ ᠶᠢ ᠨᠢ ᠠᠮᠵᠢᠯᠳᠠ ᠲᠠᠢ ᠪᠠᠷ ᠡᠶᠡᠯᠳᠦᠭᠦᠯᠥᠨ ᠨᠠᠮᠳᠠᠭᠤᠯᠪᠠ᠃ ᠭᠤᠯᠳᠠᠯᠭ᠎ᠠ ᠲᠠᠢ ᠠᠵᠢᠯ | ᠲᠥᠷᠦᠯ ᠤᠨ ᠤᠷᠴᠢᠨ ᠲᠤᠭᠤᠷᠢᠨ ᠤ ᠬᠢᠨᠠᠨ ᠬᠠᠮᠢᠶᠠᠷᠣᠯᠳᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠵᠢᠯ ᠤᠨ | ᠡᠨᠧᠷᠬᠢ ᠠᠷᠪᠢᠯᠠᠵᠤ ᠪᠤᠬᠢᠷ ᠢ ᠭᠠᠳᠠᠭᠰᠢᠯᠠᠭᠤᠯᠬᠤ ᠬᠠᠷᠠᠯᠳᠠ ᠡᠭᠦᠷᠭᠡ ᠶᠢ ᠠᠮᠵᠢᠯᠳᠠ ᠲᠠᠢ ᠪᠡᠶᠡᠯᠡᠭᠦᠯᠪᠡ᠃ ︽ᠨᠠᠮ ᠵᠠᠰᠠᠭ | ᠵᠡᠷᠭᠡᠪᠡᠷ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠳᠤ ᠬᠤᠶᠠᠷ ᠵᠦᠢᠯ ᠤᠨ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ | ᠳᠠᠭᠠᠨ ᠤᠰᠤᠯᠳᠤᠪᠠᠯ ᠬᠠᠷᠢᠭᠤᠴᠠᠯᠭ᠎ᠠ ᠨᠡᠬᠡᠮᠵᠢᠯᠡᠬᠦ︾ ᠶᠢ ᠴᠢᠩᠭ᠎ᠠ ᠨᠠᠶᠢᠳᠠᠪᠤᠷᠢᠵᠢᠭᠤᠯᠤᠨ᠂ ᠡᠮ ᠲᠠᠩ ᠤᠨ ᠠᠮᠤᠷ | ᠲᠥᠪᠰᠢᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠠᠵᠢᠯ ᠲᠥᠷᠦᠯ ᠤᠨ ᠬᠦᠷᠢᠶᠡᠨ ᠳᠤ | ᠲᠠᠯᠳᠠ ᠬᠡᠮ ᠢ ᠪᠠᠶᠢᠴᠠᠭᠠᠨ ᠵᠠᠰᠠᠬᠤ ᠠᠵᠢᠯᠯᠠᠭ᠎ᠠ ᠶᠢ ᠬᠦᠴᠦᠲᠠᠢ ᠦᠷᠨᠢᠭᠦᠯᠥᠰᠡᠨ ᠢᠶᠠᠷ ᠪᠦᠬᠦ ᠬᠤᠰᠢᠭᠤᠨ ᠳᠤ ᠬᠦᠨᠳᠦ | ᠣᠨᠴᠠ ᠶᠡᠭᠡ ᠠᠶᠦᠯᠬᠦᠢ ᠦᠢᠯᠡᠳᠪᠦᠷᠢᠯᠡᠯ ᠤᠨ ᠤᠰᠤᠯ ᠠᠳᠡᠯ ᠡᠭᠦᠰᠦᠭᠰᠡᠨ ᠦᠭᠡᠢ᠃ | ᠲᠥᠯᠦᠭᠡᠯᠡᠭᠴᠢᠳ ᠡ᠂ ᠥᠩᠭᠡᠷᠭᠰᠡᠨ ᠲᠠᠪᠣᠨ ᠵᠢᠯ ᠤᠨ ᠬᠦᠭᠵᠢᠯᠳᠠ ᠶᠢᠨ ᠶᠠᠪᠤᠴᠠ ᠪᠠᠨ ᠡᠷᠭᠢᠴᠠᠭᠦᠯᠪᠡᠯ᠂ | ᠲᠠᠪᠤᠨ ᠵᠢᠯ ᠤᠨ ᠲᠤᠷᠰᠢ ᠮᠠᠨ ᠤ ᠬᠤᠰᠢᠭᠤᠨ ᠤ ᠬᠦᠭᠵᠢᠯᠳᠠ ᠶᠢᠨ ᠬᠡᠯᠪᠡᠷᠢ ᠮᠠᠶ᠋ᠢᠭ ᠨᠡᠩ ᠰᠢᠨᠵᠢᠯᠡᠬᠦ ᠤᠬᠠᠭᠠᠨᠴᠢ ᠵᠦᠢ | ᠵᠤᠬᠢᠰᠲᠠᠢ ᠪᠤᠯᠵᠤ᠂ ᠬᠦᠭᠵᠢᠯᠳᠠ ᠶᠢᠨ ᠰᠠᠭᠤᠷᠢ ᠨᠡᠩ ᠪᠠᠳᠤᠵᠢᠨ᠂ ᠬᠦᠭᠵᠢᠯᠳᠡ ᠶᠢᠨ ᠣᠷᠴᠢᠨ ᠨᠡᠩ ᠰᠢᠯᠢᠳᠡᠭᠵᠢᠨ ᠡᠶ᠎ᠡ | ᠵᠤᠬᠢᠴᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ | ᠪᠠᠶᠢᠭᠤᠯᠣᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ ᠪᠠ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ | ᠵᠡᠷᠭᠡ ᠨᠢ ᠪᠦᠬᠦ ᠲᠠᠯ᠎ᠠ ᠶᠢᠨ ᠠᠬᠢᠯᠳᠠ ᠲᠠᠢ ᠪᠤᠯᠵᠤ᠂ ᠬᠤᠳᠠ ᠬᠦᠳᠡᠭᠡ ᠶᠢᠨ ᠲᠦᠷᠢ ᠲᠦᠷᠬᠦ ᠢᠯᠡᠳᠳᠡ ᠰᠠᠶᠢᠵᠢᠷᠠᠨ᠂ | ᠠᠷᠠᠳ ᠤᠯᠠᠨ ᠨᠡᠩ ᠠᠷᠪᠢᠨ ᠬᠠᠷᠠᠭᠠᠯᠵᠠᠯ ᠬᠦᠷᠳᠡᠬᠦ ᠪᠤᠯᠵᠠᠢ᠃ ᠡᠨᠡᠬᠦ ᠲᠠᠪᠤᠨ ᠵᠢᠯ ᠤᠨ ᠠᠵᠢᠯ ᠢ ᠬᠤᠷᠢᠶᠠᠩᠭᠤᠶᠢᠯᠠᠪᠠᠯ | ᠲᠤᠤᠷᠠᠬᠢ ᠬᠡᠳᠦᠨ ᠲᠠᠯ᠎ᠠ ᠪᠤᠢ᠄ ᠨᠢᠭᠡ ᠳᠤ᠂ ᠠᠵᠤ ᠠᠬᠤᠢ ᠶᠢᠨ ᠲᠤᠬᠳᠠᠭᠤᠨ ᠨᠡᠮᠡᠭᠳᠡᠯ ᠢ ᠪᠡᠶᠡᠯᠡᠭᠦᠯᠪᠡ᠃ ᠪᠦᠬᠦᠶᠢᠯᠡ | ᠴᠤᠬᠴᠠ ᠶᠢᠨ ᠠᠵᠤ ᠠᠬᠤᠢ ᠶᠢᠨ ᠦᠷᠭᠦᠯᠵᠢᠯᠡᠨ ᠤᠷᠤᠭᠤᠳᠠᠬᠤ ᠲᠠᠷᠤᠯᠳᠠ ᠶᠢ ᠲᠡᠪᠴᠢᠨ᠂ ᠡᠯ᠎ᠡ ᠲᠦᠷᠦᠯ ᠤᠨ ᠴᠢᠬᠤᠯᠠ | ᠠᠵᠤ ᠠᠬᠤᠢ ᠶᠢᠨ ᠭᠦᠢᠴᠡᠳᠬᠡᠯ ᠨᠤᠷᠮ᠎ᠠ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠪᠦᠬᠦᠶᠢᠯᠡ ᠴᠤᠬᠴᠠ ᠶᠢᠨ ᠠᠵᠤ | ᠠᠬᠤᠢ ᠶᠢᠨ ᠪᠤᠳᠠᠳᠤ ᠬᠦᠴᠦᠨ ᠨᠢ ᠪᠦᠬᠦ ᠠᠶᠢᠮᠠᠭ ᠤᠨ ᠲᠤᠮᠳᠠ ᠠᠴᠠ ᠲᠡᠭᠡᠭᠰᠢᠬᠢ ᠬᠢᠷᠢ ᠲᠦᠪᠰᠢᠨ ᠳᠤ ᠪᠠᠶᠢᠬᠤ ᠶᠢ | ᠦᠷᠭᠦᠯᠵᠢᠯᠡᠨ ᠪᠠᠳᠤᠯᠠᠵᠤ᠂ ᠠᠵᠤ ᠠᠬᠤᠢ ᠶᠢᠨ ᠬᠦᠭᠵᠢᠯᠳᠡ ᠶᠢᠨ ᠲᠠᠯ᠎ᠠ ᠪᠠᠷ ᠲᠤᠬᠳᠠᠭᠤᠨ ᠤ ᠲᠤᠮᠳᠠ ᠠᠬᠢᠯᠳᠠ ᠲᠠᠢ | ᠪᠠᠶᠢᠬᠤ ᠶᠢ ᠪᠡᠶᠡᠯᠡᠭᠦᠯᠪᠡ᠃ ᠬᠤᠶᠠᠷ ᠲᠤ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠪᠠᠳᠤᠯᠠᠭ᠎ᠠ ᠶᠢ ᠴᠢᠩᠭᠠᠳᠬᠠᠪᠠ᠃ | ᠡᠵᠡᠮᠳᠡᠵᠦ ᠪᠤᠯᠬᠤᠶᠢᠴᠠ ᠡᠳ᠋ ᠤᠨ ᠬᠦᠴᠦᠨ ᠬᠦᠷᠦᠯᠴᠡᠬᠦ ᠦᠭᠡᠢ ᠪᠠᠶᠢᠬᠤ ᠲᠠᠷᠤᠯᠳᠠ ᠶᠢ ᠲᠡᠪᠴᠢᠨ᠂ ᠵᠠᠷᠤᠯᠭ᠎ᠠ ᠶᠢ | ᠦᠨᠳᠤᠰᠤᠨ ᠱᠠᠳᠤ ᠪᠤᠯᠤᠨ ᠠᠷᠠᠳ ᠤᠨ ᠠᠮᠢᠳᠤᠷᠠᠯ ᠤᠨ ᠲᠠᠯ᠎ᠠ ᠲᠡᠰᠢ ᠬᠡᠯᠪᠡᠶᠢᠯᠭᠡᠬᠦ ᠶᠢ ᠪᠡᠶᠡᠯᠡᠭᠦᠯᠦᠨ᠂ ᠲᠠᠪᠤᠨ ᠵᠢᠯ ᠤᠨ | ᠲᠤᠷᠰᠢ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠵᠠᠷᠤᠯᠭ᠎ᠠ ᠨᠢ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ | ᠤᠨ ᠵᠠᠷᠤᠯᠭ᠎ᠠ ᠶᠢᠨ 52 % ᠠᠴᠠ ᠲᠡᠭᠡᠭᠰᠢ ᠶᠢ ᠡᠵᠡᠯᠡᠬᠦ ᠶᠢ ᠪᠠᠳᠤᠯᠠᠵᠤ᠂ ᠡᠭᠦᠨ ᠳᠤ 2015 ᠤᠨ ᠳᠤ᠂ 9.34 | ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠵᠠᠷᠤᠯᠭ᠎ᠠ ᠶᠢᠨ 61.7 % ᠶᠢ ᠡᠵᠡᠯᠡᠨ᠂ ᠲᠡᠤᠬᠡ ᠶᠢᠨ ᠬᠠᠮᠤᠭ ᠦᠨᠳᠦᠷ | ᠲᠡᠮᠳᠡᠭᠯᠡᠯ ᠢ ᠡᠭᠦᠳᠴᠠᠢ᠃ ᠭᠤᠷᠪᠠ ᠳᠤ᠂ ᠠᠵᠤ ᠦᠢᠯᠡᠰ ᠤᠨ ᠪᠦᠳᠦᠴᠡ ᠵᠤᠬᠢᠬᠤ ᠬᠡᠮᠵᠢᠶ᠎ᠡ ᠪᠠᠷ ᠰᠢᠯᠢᠳᠡᠭᠵᠢᠪᠡ᠃ ᠠᠵᠤ | ᠦᠢᠯᠡᠰ ᠤᠨ ᠬᠦᠭᠵᠢᠯᠳᠡ ᠬᠠᠷᠢᠴᠠᠩᠭᠤᠢ ᠬᠤᠴᠤᠷᠤᠩᠭᠤᠢ ᠪᠠᠶᠢᠬᠤ ᠲᠠᠷᠤᠯᠳᠠ ᠶᠢ ᠲᠡᠪᠴᠢᠨ᠂ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠡᠳ᠋ᠰᠢᠭᠦᠯᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠰᠤᠶᠤᠯ ᠵᠢᠭᠤᠯᠴᠢᠯᠠᠯ ᠵᠡᠷᠭᠡ | ᠬᠦᠷᠢᠶᠡᠨ ᠳᠠᠬᠢ ᠤᠯᠠᠨ ᠵᠦᠢᠯ ᠤᠨ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ ᠭᠤᠷᠪᠠᠨ ᠠᠵᠤ ᠦᠢᠯᠡᠰ ᠤᠨ ᠬᠠᠷᠢᠴᠠᠯ | ᠢ ᠤᠤᠯ ᠤᠨ 11.8᠄ 68.1᠄ 20.1 ᠠᠴᠠ 10᠄ 67.9᠄ 22.1 ᠪᠤᠯᠭᠠᠨ ᠲᠤᠬᠢᠷᠠᠭᠤᠯᠵᠤ᠂ ᠤᠯᠠᠨ | ᠡᠰᠢᠴᠢᠯᠡᠭᠰᠡᠨ ᠬᠦᠭᠵᠢᠯᠳᠡ ᠪᠠ ᠤᠯᠠᠨ ᠠᠵᠤ ᠦᠢᠯᠡᠰ ᠲᠤᠯᠭᠠᠭᠤᠷᠢᠯᠠᠬᠰᠠᠨ ᠬᠡᠪ ᠵᠠᠬᠪᠤᠷ ᠲᠡᠰᠢ ᠨᠡᠩ ᠤᠶᠢᠷᠠᠳᠪᠠ᠃ | ᠲᠦᠷᠪᠡ ᠳᠤ᠂ ᠦᠨᠳᠦᠰᠦᠨ ᠱᠠᠳᠤᠨ ᠤ ᠠᠵᠢᠯ ᠨᠡᠩ ᠪᠠᠳᠤᠵᠢᠪᠠ᠃ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ | ᠪᠠ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠬᠦ ᠪᠠᠷ ᠲᠠᠮᠵᠢᠭᠤᠯᠤᠨ ᠮᠢᠩᠭᠠᠨ | ᠨᠡᠷ᠎ᠡ ᠺᠠᠳ᠋ᠷ ᠦᠨᠳᠤᠰᠦᠨ ᠱᠠᠳᠤᠨ ᠳᠤ ᠪᠠᠭᠤᠵᠤ᠂ ᠭᠠᠴᠠᠭ᠎ᠠ ᠲᠤᠰᠬᠤᠨ ᠠᠶᠢᠯ ᠡᠷᠦᠬᠡ ᠪᠠᠷ ᠬᠦᠨᠵᠡᠭᠡᠶᠢᠷᠡᠨ᠂ ᠨᠠᠮ ᠤᠯᠠᠨ | ᠲᠦᠮᠡᠨ᠂ ᠺᠠᠳ᠋ᠷ ᠤᠯᠠᠮ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠬᠳᠠᠷᠠᠭᠤᠯᠵᠤ᠂ ᠡᠯ᠎ᠡ ᠦᠨᠳᠦᠰᠦᠳᠡᠨ ᠤ | ᠠᠷᠠᠳ ᠲᠦᠮᠡᠨ ᠤ ᠮᠠᠬᠳᠠᠭᠠᠯ ᠰᠠᠶᠢᠰᠢᠶᠠᠯ ᠢ ᠤᠯᠵᠤ᠂ ᠡᠭᠦᠨ ᠤ ᠤᠯᠠᠮ ᠢᠶᠠᠷ ᠬᠤᠳᠠ ᠬᠦᠳᠡᠭᠡ ᠶᠢᠨ ᠡᠶ᠎ᠡ ᠵᠤᠬᠢᠴᠠᠯ ᠲᠠᠢ᠂ | ᠡᠮᠬᠢ ᠲᠢᠭᠯᠢᠮ ᠲᠠᠢ ᠬᠦᠭᠵᠢᠯᠳᠡ ᠶᠢ ᠪᠦᠳᠦᠮᠵᠢᠳᠠᠢ ᠠᠬᠢᠭᠤᠯᠪᠠ᠃ ᠲᠠᠪᠤ ᠳᠤ᠂ ᠬᠦᠭᠵᠢᠯᠳᠡ ᠶᠢᠨ ᠠᠮᠢᠵᠢᠷᠠᠯ ᠤᠨ | ᠬᠦᠴᠦᠨ ᠲᠠᠰᠤᠷᠠᠯᠳᠠ ᠦᠭᠡᠢ ᠲᠡᠭᠡᠭᠰᠢᠯᠡᠪᠡ᠃ ᠤᠯᠤᠰ ᠤᠨ ︽ᠨᠢᠭᠡ ᠪᠦᠰᠡ ᠨᠢᠭᠡ ᠵᠠᠮ︾ ᠪᠠ ᠪᠡᠭᠡᠵᠢᠩ ᠲᠢᠶᠠᠨᠵᠢᠨ | ᠾᠧᠪᠸᠢ ᠯᠤᠭ᠎ᠠ ᠶᠢᠨ ᠬᠠᠮᠳᠤᠷᠠᠬᠰᠠᠨ ᠬᠦᠭᠵᠢᠯᠳᠡ ᠳᠤ ᠢᠳᠡᠪᠬᠢᠳᠠᠢ ᠤᠷᠤᠯᠴᠠᠨ᠂ ᠡᠷᠬᠢᠨ ᠲᠤᠭᠤᠷᠢᠨ ᠤ ᠮᠤᠵᠢ ᠤᠷᠤᠨ | ᠬᠤᠳᠠ ᠬᠤᠰᠢᠭᠤ ᠰᠢᠶᠠᠨ ᠯᠤᠭ᠎ᠠ ᠶᠢᠨ ᠬᠠᠮᠳᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠪᠠ︔ ᠤᠮᠠᠷᠠᠰᠢᠬᠢ | ᠨᠡᠭᠡᠭᠡᠯᠳᠡ ᠶᠢ ᠬᠦᠨᠵᠡᠭᠡᠶᠢᠷᠡᠭᠦᠯᠬᠦ ᠠᠵᠢᠯ ᠰᠢᠨ᠎ᠡ ᠠᠬᠢᠯᠳᠠ ᠲᠠᠢ ᠪᠤᠯᠵᠤ᠂ ᠮᠤᠩᠭᠤᠯ ᠤᠯᠤᠰ ᠤᠨ ᠴᠢᠩᠬᠢᠰ ᠬᠤᠳᠠ ᠯᠤᠭ᠎ᠠ | ᠨᠦᠬᠦᠷᠰᠡᠭ ᠬᠤᠳᠠ ᠶᠢᠨ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠤᠨ᠂ ᠰᠤᠶᠤᠯ ᠤᠷᠠᠯᠢᠭ ᠤᠨ ᠰᠤᠯᠢᠯᠴᠠᠭ᠎ᠠ᠂ | ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠨᠡᠭᠡᠭᠡᠯᠳᠡ ᠵᠡᠷᠭᠡ ᠬᠦᠷᠢᠶᠡᠨ ᠳᠠᠬᠢ ᠬᠦᠨᠵᠡᠭᠡᠢ ᠬᠠᠮᠳᠤᠷᠠᠯᠴᠠᠭ᠎ᠠ ᠳᠤ ᠰᠠᠭᠤᠷᠢ | ᠲᠠᠯᠪᠢᠬᠰᠠᠨ ᠤ ᠬᠠᠮᠳᠤ ᠰᠢᠨ᠎ᠡ ᠪᠠᠷ ᠪᠠᠶᠢᠭᠤᠯᠬᠤ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠭᠤᠴᠠ | ᠰᠤᠩᠭᠤᠬᠤ ᠮᠡᠳᠡᠭᠦᠯᠦᠯᠳᠡ ᠨᠢ ᠲᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠤᠪᠴᠢᠶᠠᠨ ᠤ | ᠵᠦᠪᠰᠢᠶᠡᠷᠡᠯ ᠢ ᠤᠯᠵᠤ᠂ ᠬᠦᠭᠵᠢᠯᠳᠡ ᠶᠢᠨ ᠤᠷᠤᠨ ᠵᠠᠢ ᠨᠡᠩ ᠦᠷᠭᠡᠵᠢᠪᠡ᠃ ᠵᠢᠷᠭᠤᠭ᠎ᠠ ᠳᠤ᠂ ᠦᠭᠡᠷᠡᠴᠢᠯᠡᠯᠳᠡ ᠶᠢᠨ | ᠲᠠᠯ᠎ᠠ ᠪᠠᠷ ᠴᠢᠬᠤᠯᠠ ᠦᠷ᠎ᠡ ᠪᠦᠳᠦᠮᠵᠢ ᠤᠯᠪᠠ᠃ ᠭᠠᠵᠠᠷ ᠰᠢᠷᠤᠢ ᠪᠠ ᠨᠤᠳᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ | ᠨᠤᠳᠠᠯᠠᠬᠤ ᠠᠵᠢᠯ ᠲᠤᠬᠳᠠᠭᠤᠨ ᠢᠶᠠᠷ ᠠᠬᠢᠵᠤ᠂ ᠮᠠᠯᠵᠢᠬᠤ ᠲᠠᠷᠢᠶᠠᠯᠠᠬᠤ ᠤᠷᠤᠨ ᠤ ᠶᠡᠷᠦᠩᠬᠡᠶᠢᠯᠡᠭᠰᠡᠨ ᠢᠵᠢ ᠪᠦᠷᠢᠳᠦᠭᠰᠡᠨ | ᠦᠭᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠤᠨ᠂ ᠭᠠᠶᠢᠯᠢ ᠰᠦᠢᠳᠬᠡᠯ ᠤᠨ ᠦᠭᠡᠷᠡᠴᠢᠯᠡᠯᠳᠡ ᠶᠢᠨ ᠲᠦᠷᠦ | ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠢᠨ᠎ᠡ ᠮᠠᠶ᠋ᠢᠭ ᠤᠨ ᠬᠤᠷᠰᠢᠬᠰᠠᠨ ᠡᠮᠨᠡᠯᠭᠡ ᠶᠢᠨ | ᠲᠦᠷᠢᠮ ᠢ ᠪᠦᠬᠦ ᠲᠠᠯ᠎ᠠ ᠪᠠᠷ ᠦᠷᠨᠢᠭᠦᠯᠤᠨ᠂ ᠦᠭᠡᠷᠡᠴᠢᠯᠡᠯᠳᠡ ᠶᠢᠨ ᠦᠷ᠎ᠡ ᠪᠦᠳᠦᠮᠵᠢ ᠨᠢ ᠢᠷᠡᠭᠡᠳᠦᠢ ᠳᠤ ᠨᠡᠩ ᠪᠦᠬᠦ | ᠲᠠᠯ᠎ᠠ ᠪᠠᠷ ᠢᠯᠡᠷᠡᠬᠦ ᠪᠤᠯᠤᠨ᠎ᠠ᠃ | ᠲᠦᠯᠦᠭᠡᠯᠡᠭᠴᠢᠳ ᠡ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠢᠳᠡ ᠬᠢᠯᠪᠠᠷ | ᠪᠤᠰᠤ ᠠᠮᠵᠢᠯᠳᠠ ᠶᠢ ᠲᠡᠮᠡᠴᠡᠨ ᠤᠯᠤᠬᠰᠠᠨ ᠶᠤᠮ᠃ ᠡᠨᠡᠬᠦ ᠠᠮᠵᠢᠯᠳᠠ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ᠂ ᠬᠤᠰᠢᠭᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠤ ᠴᠢᠩᠭ᠎ᠠ ᠬᠢᠨᠠᠯᠳᠠ ᠶᠢᠨ ᠦᠷ᠎ᠡ | ᠳ᠋ᠦᠩ ᠮᠦᠨ︔ ᠨᠡᠩ ᠴᠦ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠬᠠᠮᠳᠤ ᠪᠠᠷ ᠴᠢᠷᠮᠠᠶᠢᠵᠤ᠂ | ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠵᠠᠰᠠᠭ ᠤᠨ ᠤᠷᠳᠤᠨ ᠢ ᠲᠦᠯᠦᠭᠡᠯᠡᠵᠦ | ᠲᠦᠯᠦᠭᠡᠯᠡᠭᠴᠢᠳ ᠲᠤ ᠪᠠᠨ᠂ ᠬᠡᠰᠢᠭᠦᠳ ᠲᠤ ᠪᠠᠨ᠂ ᠤᠬᠠᠭ᠎ᠠ ᠲᠠᠮᠢᠷ ᠢᠶᠠᠨ ᠰᠢᠪᠬᠠᠨ ᠮᠡᠷᠡᠶᠢᠨ ᠬᠦᠳᠡᠯᠮᠦᠷᠢᠯᠡᠵᠦ ᠪᠠᠶᠢᠭ᠎ᠠ | ᠨᠦᠬᠦᠳ ᠲᠤ ᠪᠠᠨ᠂᠂ ᠮᠦᠨᠴᠦ ᠮᠠᠨ ᠤ ᠰᠢᠯᠤᠭᠤᠨ ᠬᠦᠬᠡ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠵᠦ | ᠪᠠᠶᠢᠭ᠎ᠠ ᠪᠦᠬᠦᠶᠢᠯᠡ ᠬᠠᠯᠠᠭᠤᠨ ᠰᠡᠳᠬᠢᠯᠳᠦ ᠬᠦᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ︕ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠭᠤᠤᠯ ᠡᠭᠦᠷᠭᠡ ᠪᠠ 2016 ᠣᠨ ᠤ ᠭᠤᠤᠯᠳᠠᠯᠭ᠎ᠠ ᠲᠠᠢ ᠠᠵᠢᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠤᠯ ᠮᠠᠨ ᠤ ᠬᠤᠰᠢᠭᠤᠨ ᠤ ᠴᠢᠨᠡᠭᠡᠯᠢᠭ ᠨᠡᠶᠢᠭᠡᠮ | ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠰᠢᠢᠳᠪᠦᠷᠢᠯᠡᠬᠦ ᠴᠢᠨᠠᠷᠳᠠᠢ ᠴᠠᠭ ᠬᠤᠭᠤᠴᠠᠭ᠎ᠠ ᠮᠦᠨ︔ ᠪᠠᠰᠠᠴᠤ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠰᠢᠪᠳᠤᠯᠤᠯᠳᠠ ᠶᠢᠨ ᠴᠢᠨᠠᠷᠳᠠᠢ ᠴᠠᠭ ᠬᠤᠭᠤᠴᠠᠭ᠎ᠠ ᠮᠦᠨ | ᠪᠦᠭᠡᠳ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠵᠠᠩᠬᠢᠯᠠᠭ᠎ᠠ ᠶᠢᠨ ᠴᠢᠨᠠᠷᠳᠠᠢ ᠴᠠᠭ | ᠬᠤᠭᠤᠴᠠᠭ᠎ᠠ ᠮᠦᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ᠠᠴᠠ ᠰᠢᠨ᠎ᠡ ᠶᠢ | ᠡᠭᠦᠳᠬᠦ᠂ ᠵᠤᠬᠢᠴᠠᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠬᠢᠬᠦ᠂ ᠬᠦᠭᠵᠢᠯᠳᠡ ᠶᠢ ᠬᠠᠮᠳᠤᠪᠡᠷ ᠡᠳ᠋ᠯᠡᠬᠦ ︽ᠲᠠᠪᠤᠨ ᠶᠡᠭᠡ | ᠬᠦᠭᠵᠢᠯᠳᠡ ᠶᠢᠨ ᠤᠶᠢᠯᠠᠭᠠᠬᠳᠠᠬᠤᠨ︾ ᠢ ᠲᠤᠷᠠᠳᠴᠤ᠂ ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠠᠵᠢᠯ ᠤᠨ | ᠬᠤᠷᠠᠯ ᠠᠴᠠ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠤᠯᠤᠨ ᠬᠤᠷᠸ᠎ᠠ ᠲᠤᠬᠢᠷᠠᠭᠤᠯᠭ᠎ᠠ | ᠶᠢᠨ ᠲᠦᠷᠦ ᠶᠢᠨ ᠪᠤᠳᠤᠯᠭ᠎ᠠ ᠲᠤᠬᠳᠠᠭᠤᠨ ᠪᠠᠶᠢᠬᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠤᠨᠤᠪᠴᠢᠳᠠᠢ ᠪᠠᠶᠢᠬᠤ᠂ | ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ ᠪᠠᠶᠢᠬᠤ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠪᠤᠳᠠᠳᠠᠢ ᠪᠠᠶᠢᠬᠤ | ᠂ ᠨᠡᠶᠢᠭᠡᠮ ᠤᠨ ᠲᠦᠷᠦ ᠶᠢᠨ ᠪᠤᠳᠤᠯᠭ᠎ᠠ ᠲᠤᠶᠢᠯᠪᠤᠷᠢᠳᠠᠢ ᠪᠠᠶᠢᠬᠤ ︽ᠲᠠᠪᠤᠨ ᠶᠡᠭᠡ ᠲᠦᠷᠦ ᠶᠢᠨ ᠪᠤᠳᠤᠯᠭ᠎ᠠ ᠶᠢᠨ | ᠲᠤᠯᠭᠠᠭᠤᠷᠢ︾ ᠪᠠ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠠᠭᠠᠬᠤ᠂ ᠬᠦᠮᠦᠷᠭᠡ ᠳᠤ ᠬᠠᠳᠠᠭᠠᠯᠠᠬᠤ ᠶᠢ | ᠠᠷᠢᠯᠭᠠᠬᠤ᠂ ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ | ᠨᠦᠬᠦᠪᠦᠷᠢᠯᠡᠬᠦ ︽ᠭᠤᠷᠪᠠ ᠶᠢ ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ | ᠡᠭᠦᠷᠭᠡ ᠶᠢᠨ ᠱᠠᠭᠠᠷᠳᠠᠯᠭ᠎ᠠ ᠶᠢ ᠲᠤᠷᠠᠳᠤᠨ ᠭᠠᠷᠭᠠᠬᠰᠠᠨ ᠪᠠᠶᠢᠨ᠎ᠠ᠃ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠨ ᠤᠷᠤᠬᠰᠢᠯᠠᠵᠤ᠂ ᠮᠠᠨ ᠤ ᠬᠤᠰᠢᠭᠤᠨ ᠤ ᠬᠦᠭᠵᠢᠯᠳᠡ ᠨᠢ ᠰᠢᠨ᠎ᠡ ᠲᠡᠤᠬᠡᠨ ᠡᠬᠢᠯᠡᠯᠳᠡ ᠶᠢᠨ ᠴᠡᠭ ᠲᠡᠭᠡᠷ᠎ᠡ ᠢᠷᠡᠯ᠎ᠡ | ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ | ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠳᠠ ᠪᠠ ᠭᠤᠤᠯᠳᠠᠯᠭ᠎ᠠ ᠲᠠᠢ ᠡᠭᠦᠷᠭᠡ ᠶᠢ ︽ᠰᠢᠯᠤᠭᠤᠨ ᠬᠦᠬᠡ ᠬᠤᠰᠢᠭᠤᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠬᠦᠭᠵᠢᠯᠳᠡ ᠶᠢᠨ ᠲᠦᠯᠦᠪᠵᠢᠭᠦᠯᠭᠡ ᠶᠢᠨ ᠬᠦᠳᠦᠯᠪᠤᠷᠢ ︵ᠡᠬᠡ ᠨᠤᠤᠷᠠᠭ︶︾ ᠳᠤ ᠪᠦᠬᠦ ᠲᠠᠯ᠎ᠠ ᠪᠠᠷ ᠲᠤᠳᠤᠷᠬᠠᠶᠢᠯᠠᠵᠤ᠂ | ᠨᠢᠭᠡᠨᠳᠡ ᠲᠤᠰ ᠬᠤᠷᠠᠯ ᠳᠤ ᠲᠡᠪᠰᠢᠭᠦᠯᠦᠨ ᠬᠢᠨᠡᠨ ᠵᠦᠪᠯᠡᠭᠦᠯᠦᠭᠰᠡᠨ ᠪᠠᠶᠢᠨ᠎ᠠ᠃ ᠪᠢᠳᠡ ᠠᠵᠤ ᠠᠬᠤᠢ ᠶᠢᠨ ᠬᠦᠭᠵᠢᠯᠳᠡ | ᠶᠢᠨ ᠰᠢᠨ᠎ᠠ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠨ᠂ ᠵᠦᠪ ᠤᠨᠤᠪᠴᠢᠳᠠᠢ ᠡᠵᠡᠮᠰᠢᠵᠦ᠂ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭᠠᠨ ᠳᠠᠬᠢ ᠡᠭᠦᠷᠭᠡ ᠶᠢ ᠬᠦᠨᠵᠡᠭᠡᠢ ᠲᠠᠨᠢᠨ᠂ ᠠᠶᠤᠯ | ᠲᠦᠭᠰᠢᠭᠦᠷᠢ ᠪᠤᠯᠤᠨ ᠦᠷᠢᠰᠤᠯᠳᠤᠭᠡᠨ ᠢ ᠵᠤᠷᠢᠬᠳᠠᠢ ᠠᠷᠭᠠᠴᠠᠭᠠᠵᠤ᠂ ᠰᠢᠷᠭᠠᠭᠤ ᠠᠵᠢᠯᠯᠠᠨ᠂ ᠡᠳᠡᠭᠡᠷ ᠬᠠᠷᠠᠯᠳᠠ ᠡᠭᠦᠷᠭᠡ | ᠶᠢ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠦᠭᠵᠢᠯᠳᠡ ᠭᠡᠬᠦ ᠲᠡᠷᠢᠭᠦᠨ ᠴᠢᠬᠤᠯᠠ ᠡᠭᠦᠷᠭᠡ ᠶᠢ ᠪᠠᠷᠢᠮᠳᠠᠯᠠᠬᠤ | ᠬᠡᠷᠡᠭᠲᠠᠢ᠃ ᠪᠦᠬᠦ ᠬᠤᠰᠢᠭᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠣ ᠬᠦᠴᠦᠨ ᠢ ᠲᠠᠰᠤᠷᠠᠯᠳᠠ ᠦᠭᠡᠢ | ᠪᠤᠵᠠᠭᠠᠶᠢᠷᠠᠭᠤᠯᠵᠤ᠂ ᠠᠵᠤ ᠠᠬᠤᠢ ᠶᠢᠨ ᠲᠤᠮᠳᠠ ᠲᠦᠷᠭᠡᠨ ᠬᠤᠷᠳᠤᠴᠠ ᠪᠠᠷ ᠨᠡᠮᠡᠭᠳᠡᠬᠦ ᠶᠢ ᠴᠢᠷᠮᠠᠶᠢᠨ ᠪᠠᠳᠤᠯᠠᠵᠤ᠂ ᠠᠵᠤ | ᠦᠢᠯᠡᠰ ᠤᠨ ᠬᠦᠭᠵᠢᠯᠳᠡ ᠶᠢᠨ ᠲᠤᠮᠳᠠ ᠦᠨᠳᠦᠷ ᠱᠠᠲᠤ ᠵᠦᠭ ᠲᠠᠪᠰᠢᠬᠤ ᠶᠢ ᠠᠬᠢᠭᠤᠯᠤᠨ᠂ ᠤᠯᠠᠨ ᠡᠰᠢᠴᠢᠯᠡᠭᠰᠡᠨ | ᠬᠦᠭᠵᠢᠯᠳᠡ ᠪᠠ ᠤᠯᠠᠨ ᠲᠠᠯ᠎ᠠ ᠠᠴᠠ ᠲᠤᠯᠭᠠᠭᠤᠷᠢᠯᠠᠭᠰᠠᠨ ᠤᠳᠤᠬᠢᠴᠢᠯᠠᠬᠰᠠᠨ ᠠᠵᠤ ᠦᠢᠯᠡᠰ ᠤᠨ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠤᠨ᠎ᠡ᠃ ᠰᠢᠨ᠎ᠡ ᠶᠢ ᠡᠭᠦᠳᠴᠦ ᠬᠦᠭᠵᠢᠭᠦᠯᠬᠦ ᠶᠢ ᠪᠠᠷᠢᠮᠲᠠᠯᠠᠨ᠎ᠠ᠃ ᠬᠦᠭᠵᠢᠯᠳᠠ ᠶᠢᠨ | ᠶᠠᠰᠤ ᠴᠢᠨᠠᠷ ᠪᠤᠯᠤᠨ ᠦᠷ᠎ᠠ ᠠᠰᠢᠭ ᠢ ᠴᠢᠷᠮᠠᠶᠢᠨ ᠲᠡᠭᠡᠭᠰᠢᠯᠡᠭᠦᠯᠵᠦ᠂ ᠪᠤᠬᠢᠷᠳᠤᠯ ᠦᠭᠡᠢ ᠮᠠᠯ ᠲᠠᠷᠢᠶᠠᠯᠠᠩ ᠤᠨ | ᠪᠦᠳᠦᠭᠡᠭᠳᠡᠭᠦᠨ ᠢ ᠨᠠᠷᠢᠯᠢᠭ ᠭᠦᠨ ᠡᠳ᠋ᠰᠢᠭᠦᠯᠬᠦ ᠠᠵᠦ ᠦᠢᠯᠡᠰ ᠢ ᠶᠡᠭᠡ ᠬᠦᠴᠦᠨ ᠢᠶᠠᠷ ᠢᠶᠠᠨ ᠬᠦᠭᠵᠢᠭᠦᠯᠥᠨ᠂ ᠬᠦᠭᠵᠢᠯᠳᠡ | ᠶᠢᠨ ᠬᠡᠯᠪᠡᠷᠢ ᠮᠠᠶ᠋ᠢᠭ ᠤᠨ ᠢᠳᠡᠪᠬᠢᠳᠠᠢ ᠬᠤᠪᠢᠷᠠᠯᠳᠠ ᠶᠢ ᠴᠢᠷᠮᠠᠶᠢᠨ ᠪᠡᠶᠡᠯᠡᠭᠦᠯᠵᠦ᠂ ᠰᠢᠨᠡᠴᠢᠯᠡᠯᠳᠡ ᠪᠠᠷ ᠲᠤᠯᠭᠠᠭᠤᠷᠢ | ᠪᠤᠯᠭᠠᠭᠰᠠᠨ ᠮᠠᠯ ᠲᠠᠷᠢᠶᠠᠯᠩ ᠤᠨ ᠠᠵᠦ ᠠᠬᠤᠢ ᠶᠢᠨ ᠰᠢᠰᠲ᠋ᠧᠮ ᠪᠠ ᠬᠦᠭᠵᠢᠯᠳᠠ ᠶᠢᠨ ᠬᠡᠪ ᠵᠠᠭᠪᠤᠷ ᠢ ᠪᠦᠷᠢᠯᠳᠦᠬᠦᠯᠦᠨ᠎ᠡ᠃ | ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠨ᠎ᠠ᠃ ᠨᠢᠭᠡ ᠲᠠᠯ᠎ᠠ ᠪᠠᠷ᠂ ᠬᠤᠳᠠ ᠬᠦᠳᠡᠭᠡ ᠶᠢᠨ ᠨᠢᠭᠡᠳᠦᠯᠲᠠᠢ | ᠲᠥᠯᠥᠪᠵᠢᠬᠦᠯᠥᠨ ᠵᠤᠬᠢᠴᠠᠭᠤᠯᠤᠭᠰᠠᠨ ᠬᠦᠭᠵᠢᠯᠳᠠ ᠪᠠᠷ ᠰᠠᠭᠤᠷᠢ ᠪᠤᠯᠭᠠᠵᠤ᠂ ᠬᠤᠳᠠ ᠬᠦᠳᠡᠭᠡ ᠶᠢᠨ ᠨᠢᠭᠡ | ᠴᠤᠬᠴᠠᠵᠢᠬᠰᠠᠨ ᠬᠦᠭᠵᠢᠯᠳᠡ ᠶᠢ ᠠᠬᠢᠭᠤᠯᠤᠨ᠂ ᠨᠦᠭᠦᠭᠡ ᠲᠠᠯ᠎ᠠ ᠪᠠᠷ᠂ ᠠᠵᠤ ᠠᠬᠤᠢ ᠶᠢᠨ ᠬᠡᠯᠪᠠᠷᠢ ᠶᠢᠨ ᠬᠤᠪᠢᠷᠠᠯᠳᠠ | ᠪᠤᠯᠤᠨ ᠰᠢᠯᠢᠳᠡᠭᠵᠢᠭᠦᠯᠦᠨ ᠲᠡᠰ ᠲᠡᠪᠰᠢᠭᠦᠯᠬᠦ ᠶᠢ ᠲᠦᠷᠭᠡᠳᠭᠡᠨ ᠠᠬᠢᠭᠤᠯᠵᠦ᠂ ᠤᠷᠴᠢᠯᠳᠤ ᠠᠵᠦ ᠠᠬᠤᠢ ᠶᠢᠨ | ᠳᠠᠭᠠᠭᠠᠮᠠᠭᠠᠢ ᠵᠤᠬᠢᠴᠠᠩᠭᠤᠢ ᠬᠦᠭᠵᠢᠯᠳᠠ ᠶᠢ ᠪᠡᠶᠡᠯᠡᠭᠦᠯᠦᠨ᠎ᠡ᠃ ᠨᠡᠭᠡᠭᠡᠯᠳᠡᠳᠦ ᠬᠦᠭᠵᠢᠯᠳᠠ ᠶᠢ ᠪᠠᠷᠢᠮᠳᠠᠯᠠᠨ᠎ᠡ᠃ ᠶᠤᠸᠠᠨ ᠤ | ᠲᠡᠭᠡᠳᠦ ᠨᠡᠶᠢᠰᠯᠠᠯ ᠤᠨ ᠰᠤᠶᠤᠯ ᠤᠨ ᠠᠭᠤᠯᠤᠭᠳᠠᠬᠤᠨ ᠪᠠ ᠵᠢᠭᠤᠯᠴᠢᠯᠠᠯ ᠤᠨ ᠦᠨ᠎ᠠ ᠦᠷᠳᠡᠭ ᠢ ᠭᠦᠨᠵᠡᠬᠡᠢ ᠠᠭᠤᠳᠠᠯᠯᠠᠵᠤ | ᠂ ︽ᠲᠠᠯ᠎ᠠ ᠨᠤᠳᠤᠭ ᠤᠨ ᠰᠤᠶᠤᠯ ᠤᠨ ᠣᠨᠴᠠᠯᠢᠭ ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ | ᠪᠦᠷᠢᠯᠳᠦᠭᠦᠯᠦᠭᠰᠡᠨ︾ ᠰᠤᠶᠤᠯ ᠵᠢᠭᠤᠯᠴᠢᠯᠠᠯ ᠤᠨ ᠦᠵᠡᠮᠵᠢᠳᠦ ᠣᠷᠣᠨ ᠢ ᠪᠦᠳᠦᠭᠡᠨ ᠪᠠᠶᠢᠭᠤᠯᠵᠣ᠂ ᠭᠠᠳᠠᠭᠰᠢ ᠲᠠᠯᠭᠡᠨ | ᠦᠵᠡᠭᠦᠯᠬᠦ ᠨᠠᠷᠠᠳᠦ ᠲᠡᠮᠳᠡᠭ ᠪᠠ ᠭᠡᠭᠡᠪᠴᠢ ᠶᠢ ᠡᠭᠦᠳᠦᠨ᠎ᠡ᠃ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠨ᠎ᠠ᠃ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠵᠤ᠂ ᠲᠠᠯ᠎ᠠ ᠨᠤᠳᠤᠭ ᠤᠨ ᠤᠷᠭᠤᠮᠠᠯ ᠤᠨ | ᠪᠦᠷᠬᠦᠴᠠ ᠶᠢᠨ ᠪᠦᠷᠬᠦᠯᠳᠡ ᠶᠢᠨ ᠬᠡᠮᠵᠢᠶ᠎ᠡ ᠪᠠ ᠤᠢ ᠮᠤᠳᠤᠨ ᠤ ᠪᠦᠷᠬᠦᠴᠠ ᠶᠢᠨ ᠬᠡᠮᠵᠢᠶ᠎ᠡ ᠶᠢ ᠦᠷᠭᠦᠯᠵᠢᠯᠡᠨ | ᠲᠡᠭᠡᠭᠰᠢᠯᠡᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠂ ᠭᠤᠤᠯ | ᠪᠤᠬᠢᠷᠳᠤᠯ ᠲᠠᠢ ᠪᠤᠳᠠᠰ ᠤᠨ ᠭᠠᠳᠠᠬᠰᠢᠯᠠᠭᠤᠯᠤᠯᠳᠠ ᠶᠢᠨ ᠶᠡᠷᠥᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠠᠮᠢ ᠠᠬᠤᠢ ᠶᠢᠨ | ᠤᠷᠴᠢᠨ ᠢ ᠣᠯᠠᠮ ᠨᠢᠭᠡ ᠠᠯᠬᠤᠮ ᠰᠠᠶᠢᠵᠢᠷᠠᠭᠤᠯᠵᠤ᠂ ︽ᠠᠭᠠᠷ ᠨᠢ ᠴᠡᠯᠮᠡᠭ᠂ ᠣᠰᠣ ᠨᠢ ᠲᠤᠩᠭᠠᠯᠠᠭ᠂ ᠡᠪᠡᠰᠦ ᠨᠢ | ᠨᠤᠭᠤᠭᠠᠨ︾ ᠦᠵᠡᠮᠵᠢᠳᠦ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠤᠨ᠎ᠠ᠃ ᠬᠦᠭᠵᠢᠯᠳᠡ ᠶᠢ ᠬᠠᠮᠳᠣᠪᠠᠷ ᠡᠳ᠋ᠯᠡᠬᠦ | ᠶᠢ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠪᠠᠷ ᠬᠦᠭᠵᠢᠯᠳᠠ ᠶᠢᠨ ᠬᠠᠷᠠᠯᠳᠠ ᠪᠠ ᠡᠴᠦᠰ | ᠤᠨ ᠵᠤᠷᠢᠯᠭ᠎ᠠ ᠪᠤᠯᠭᠠᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠠᠵᠢᠯ ᠤᠯᠭᠤᠯᠳᠠ᠂ ᠨᠠᠰᠤᠵᠢᠯ ᠤᠨ ᠲᠠᠭᠠᠳᠬᠠᠯ ᠵᠡᠷᠭᠡ | ᠠᠵᠢᠯ ᠦᠢᠯᠡᠰ ᠤᠨ ᠲᠤᠭᠲᠠᠭᠤᠨ ᠬᠦᠭᠵᠢᠯᠳᠡ ᠶᠢ ᠠᠬᠢᠭᠤᠯᠤᠨ᠂ ᠬᠤᠳᠠ ᠬᠦᠳᠡᠭᠡ ᠶᠢᠨ ᠦᠨᠳᠦᠰᠦᠨ ᠤᠯᠠᠨ ᠨᠡᠶᠢᠳᠠ | ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠡᠩᠴᠡᠭᠦᠷᠢᠳᠠᠢ ᠬᠢᠷᠢ ᠲᠥᠪᠰᠢᠨ ᠢ ᠲᠡᠭᠡᠭᠰᠢᠯᠡᠭᠦᠯᠵᠦ᠂ ᠠᠷᠠᠳ ᠤᠯᠠᠨ ᠤ | ᠦᠵᠡᠯ ᠰᠠᠨᠠᠭ᠎ᠠ ᠶᠣᠰᠤ ᠰᠤᠷᠳᠠᠬᠤᠨ᠂ ᠰᠢᠨᠵᠢᠯᠡᠬᠦ ᠣᠬᠠᠭᠠᠨ ᠰᠤᠶᠤᠯ ᠪᠠ ᠡᠷᠡᠭᠦᠯ ᠴᠠᠭᠢᠷᠠᠭ ᠬᠡᠪ ᠪᠤᠯᠪᠠᠰᠤᠷᠠᠯ ᠢ | ᠲᠡᠭᠡᠭᠰᠢᠯᠡᠭᠦᠯᠥᠨ᠂ ᠡᠯ᠎ᠡ ᠦᠨᠳᠦᠰᠦᠳᠡᠨ ᠤ ᠠᠷᠠᠳ ᠲᠥᠮᠡᠨ ᠤ ᠴᠢᠨᠡᠭᠡᠯᠢᠭ ᠨᠡᠶᠢᠭᠡᠮ ᠳᠤ ᠬᠠᠮᠳᠤᠪᠡᠷ ᠠᠯᠬᠤᠨ ᠤᠷᠤᠬᠤ | ᠬᠠᠷᠠᠯᠳᠠ ᠶᠢ ᠪᠠᠶᠠᠯᠠᠭᠦᠯᠦᠨ᠎ᠡ᠃ ᠡᠶ᠎ᠡ ᠵᠤᠬᠢᠴᠠᠯᠲᠦ ᠰᠢᠯᠤᠭᠤᠨ ᠬᠦᠬᠡ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠣᠨ᠎ᠠ᠃ | ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠰᠠᠨ᠂ ᠡᠶ᠎ᠡ ᠵᠤᠬᠢᠴᠠᠯ ᠲᠠᠢ ᠨᠡᠶᠢᠭᠡᠮ ᠵᠢᠷᠤᠮᠳᠤ | ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠬᠦᠭᠵᠢᠭᠦᠯᠵᠦ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ | ᠪᠠᠷ ᠠᠬᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠦᠨᠳᠦᠰᠦᠨ ᠳᠡᠭᠡᠨ ᠪᠠᠶᠢᠭᠤᠯᠵᠤ᠂ ᠪᠦᠬᠦ ᠠᠷᠠᠳ ᠢᠶᠠᠷ | ᠢᠶᠠᠨ ᠬᠠᠮᠳᠤᠪᠡᠷ ᠪᠠᠶᠢᠭᠤᠯᠵᠤ ᠬᠠᠮᠳᠤᠪᠠᠷ ᠡᠳ᠋ᠯᠡᠭᠰᠡᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠬᠤᠢ | ᠪᠠᠶᠢᠳᠠᠯ ᠢ ᠪᠤᠢ ᠪᠤᠯᠭᠠᠨ᠎ᠠ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ ᠬᠤᠷᠳᠤᠴᠠ ᠶᠢ ᠨᠡᠮᠡᠭᠳᠡᠭᠦᠯᠬᠦ᠂ ᠡᠳ᠋ ᠤᠨ ᠵᠠᠰᠠᠭ | ᠤᠨ ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ ᠵᠢᠭᠤᠯᠴᠢᠯᠠᠯ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠢᠯᠢᠭ ᠵᠠᠮ ᠬᠠᠷᠢᠯᠴᠠᠭ᠎ᠠ᠂ ᠦᠨᠳᠦᠰᠦᠳᠡᠨ ᠤ ᠵᠠᠩ ᠦᠢᠯᠡ ᠪᠤᠯᠤᠨ ᠪᠡᠶ᠎ᠡ ᠲᠠᠮᠢᠷ᠂ | ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠵᠡᠷᠭᠡ ᠲᠠᠯ᠎ᠠ ᠪᠠᠷ ︽ᠨᠠᠢᠮᠠᠨ ᠬᠡᠪ | ᠲᠠᠭᠤᠷᠢᠶᠠᠯ ᠵᠢᠱᠢᠶ᠎ᠡ ᠦᠵᠡᠭᠦᠯᠬᠦ︾ ᠶᠢ ᠪᠡᠶᠡᠯᠡᠭᠦᠯᠦᠨ᠂ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠢ ᠠᠬᠤᠢ ᠶᠢᠨ | ᠤᠷᠴᠢᠨ ᠲᠤᠭᠤᠷᠢᠨ ᠤ ᠬᠠᠮᠠᠭᠠᠯᠠᠯᠳᠠ ᠪᠡ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ ᠲᠦᠬᠦᠭᠡᠷᠦᠮᠵᠢ ᠦᠢᠯᠡᠳᠬᠦ | ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ︽ᠵᠢᠷᠭᠤᠭᠠᠨ ᠰᠢᠪᠳᠤᠯᠤᠯᠳᠠ︾ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ | ᠰᠢᠯᠢ ᠶᠢᠨ ᠭᠤᠤᠯ ᠠᠶᠢᠮᠠᠭ ᠤᠨ ᠡᠮᠦᠨ᠎ᠡ ᠪᠡᠶ᠎ᠡ ᠶᠢᠨ ᠬᠡᠪ ᠲᠠᠭᠤᠷᠢᠶᠠᠯ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ | ᠪᠠᠶᠢᠭᠤᠯᠤᠨ᠎ᠠ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠢᠳᠡᠨ ᠤ ᠡᠮᠦᠨ᠎ᠡ ᠠᠵᠠ ᠲᠤᠬᠢᠶᠠᠯ | ᠪᠤᠯᠤᠨ ᠦᠷᠢᠰᠦᠯᠳᠦᠭᠡᠨ ᠵᠡᠷᠭᠡᠪᠡᠷ ᠤᠷᠤᠰᠢᠵᠤ ᠪᠤᠢ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠰᠤᠷᠠᠭ | ᠵᠠᠩᠬᠢᠵᠢᠯᠳᠡ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠦᠨᠵᠡᠭᠡᠢ ᠠᠬᠢᠬᠤ | ᠶᠢ ᠲᠠᠭᠠᠯᠳᠤᠨ᠂ ᠮᠠᠨ ᠤ ᠬᠤᠰᠢᠭᠤᠨ ᠤ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠪᠤᠯᠤᠨ ᠰᠡᠯᠡᠭᠦᠴᠡᠯ | ᠵᠢᠭᠤᠯᠴᠢᠯᠠᠯ ᠤᠨ ᠵᠠᠬ᠎ᠠ ᠲᠡᠯᠭᠡᠭᠦᠷ ᠢ ᠨᠡᠭᠡᠭᠡᠬᠦ ᠳᠤ ᠠᠵᠠ ᠲᠤᠬᠢᠶᠠᠯ ᠬᠠᠩᠭᠠᠨ ᠦᠭᠴᠠᠢ︔ ᠵᠠᠰᠠᠭ ᠢ ᠴᠤᠮᠬᠠᠳᠬᠠᠵᠤ ᠡᠷᠬᠡ | ᠶᠢ ᠲᠠᠯᠪᠢᠬᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ᠂ ᠪᠡᠯᠡ ᠤᠷᠤᠭᠤᠯᠤᠯᠳᠠ ᠪᠠ ᠪᠡᠯᠡ ᠬᠤᠷᠠᠮᠳᠣᠭᠤᠯᠬᠤ ᠶᠢᠨ | ᠪᠠᠶᠢᠭᠤᠯᠤᠮᠵᠢ᠂ ᠦᠨ᠎ᠡ ᠬᠠᠩᠰᠢ ᠶᠢᠨ ᠲᠤᠬᠳᠠᠯᠴᠠᠭ᠎ᠠ ᠵᠡᠷᠭᠡ ᠦᠭᠡᠷᠡᠴᠢᠯᠡᠯᠳᠡ ᠶᠢᠨ ᠪᠦᠬᠦ ᠲᠠᠯ᠎ᠠ ᠪᠠᠷ ᠠᠬᠢᠬᠤ ᠶᠢ | ᠲᠠᠭᠠᠯᠳᠤᠨ ᠠᠵᠤ ᠠᠬᠤᠢ ᠶᠢᠨ ᠬᠦᠭᠵᠢᠯᠳᠡ ᠶᠢᠨ ᠲᠦᠷᠢᠮ ᠤᠨ ᠤᠷᠴᠢᠨ ᠤᠯᠠᠮ ᠨᠢᠭᠡ ᠠᠯᠬᠤᠮ ᠰᠢᠯᠢᠳᠡᠭᠵᠢᠵᠦ᠂ | ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠩ ᠶᠡᠬᠡᠪᠡᠷ ᠪᠠᠳᠠᠷᠠᠭᠤᠯᠬᠤ ᠪᠤᠯᠤᠨ᠎ᠠ᠃ ︽ᠨᠢᠭᠡ ᠪᠦᠰᠡ ᠨᠢᠭᠡ ᠵᠠᠮ︾᠂ | ᠪᠡᠭᠡᠵᠢᠩ ᠲᠢᠶᠠᠨᠵᠢᠨ ᠾᠧᠪᠸᠢ ᠯᠤᠭ᠎ᠠ ᠬᠠᠮᠳᠤᠷᠠᠨ ᠬᠦᠭᠵᠢᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠳᠡ ᠶᠢ | ᠲᠠᠭᠠᠯᠳᠤᠨ ᠭᠠᠳᠠᠬᠰᠢᠬᠢ ᠨᠡᠭᠡᠭᠡᠯᠳᠡ ᠶᠢᠨ ᠠᠯᠬᠤᠴᠠ ᠲᠦᠷᠭᠡᠳᠴᠦ᠂ ᠠᠵᠤ ᠠᠬᠤᠢ ᠶᠢᠨ ᠨᠡᠮᠡᠭᠳᠡᠯ ᠳᠤ ᠰᠢᠨ᠎ᠡ ᠦᠰᠦᠯᠳᠡ | ᠶᠢᠨ ᠤᠷᠤᠨ ᠵᠠᠢ ᠶᠢ ᠪᠦᠷᠢᠯᠳᠦᠭᠦᠯᠦᠭᠰᠡᠨ ᠬᠠᠮᠳᠤ ᠠᠵᠤ ᠦᠢᠯᠡᠰ ᠤᠨ ᠰᠢᠯᠵᠢᠯᠳᠡ ᠶᠢ ᠵᠠᠯᠭᠠᠮᠵᠢᠯᠠᠬᠤ ᠳᠤ ᠠᠵᠠ ᠲᠤᠬᠢᠶᠠᠯ | ᠬᠠᠩᠭᠠᠪᠠ︔ ︽ᠭᠤᠷᠪᠠ ᠶᠢ ᠠᠷᠢᠯᠭᠠᠬᠤ᠂ ᠨᠢᠭᠡ ᠶᠢ ᠪᠠᠭᠤᠷᠠᠭᠤᠯᠬᠤ᠂ ᠨᠢᠭᠡ ᠶᠢ ᠨᠦᠬᠦᠪᠦᠷᠢᠯᠡᠬᠦ︾ ᠲᠠᠪᠤᠨ ᠶᠡᠭᠡ ᠡᠭᠦᠷᠭᠡ | ᠶᠢᠨ ᠠᠭᠠᠵᠢᠮ ᠢᠶᠠᠷ ᠬᠡᠷᠡᠭᠵᠢᠭᠦᠯᠦᠭᠳᠡᠬᠦ ᠶᠢ ᠲᠠᠭᠠᠯᠳᠤᠨ᠂ ᠮᠠᠨ ᠤ ᠬᠤᠰᠢᠭᠤᠨ ᠤ ᠦᠢᠯᠡᠳᠪᠦᠷᠢᠯᠡᠯ ᠤᠨ ᠴᠢᠳᠠᠪᠬᠢ | ᠦᠯᠡᠭᠦᠳᠡᠬᠦ ᠶᠢ ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ᠂ ᠬᠦᠰᠢᠭᠦᠷᠭᠡ ᠶᠢ ᠠᠷᠢᠯᠭᠠᠬᠤ ᠶᠢᠨ ᠲᠠᠷᠤᠯᠳᠠ | ᠬᠠᠷᠢᠴᠠᠩᠭᠤᠢ ᠪᠠᠷ ᠪᠠᠭᠠᠰᠴᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠵᠤ ᠪᠠᠶᠢᠬᠤ ᠶᠢ ᠨᠦᠬᠦᠪᠦᠷᠢᠯᠡᠬᠦ ᠳᠤ | ᠤᠴᠠᠷᠠᠭᠤᠯᠤᠬᠰᠠᠨ ᠠᠰᠢᠬᠳᠠᠢ ᠬᠦᠴᠦᠨ ᠵᠦᠢᠯ ᠨᠢ ᠬᠠᠷᠢᠨ ᠨᠡᠩ ᠤᠯᠠᠨ ᠪᠠᠶᠢᠵᠤ᠂ ᠠᠵᠤ ᠠᠬᠤᠢ ᠶᠢᠨ ᠪᠦᠳᠦᠴᠡ ᠶᠢᠨ | ᠬᠡᠯᠪᠡᠷᠢ ᠶᠢᠨ ᠬᠤᠪᠢᠷᠠᠭᠤᠯᠤᠯᠳᠠ ᠶᠢᠨ ᠲᠡᠰ ᠲᠡᠪᠰᠢᠬᠦ ᠳᠤ ᠨᠦᠬᠦᠴᠡᠯ ᠡᠭᠦᠳᠦᠨ ᠦᠭᠪᠡ︔ ᠤᠯᠤᠰ ᠤᠨ ᠪᠠᠷᠠᠭᠤᠨ ᠤᠷᠤᠨ | ᠢ ᠶᠡᠬᠡᠪᠡᠷ ᠨᠡᠭᠡᠭᠡᠨ ᠬᠦᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢᠨ ᠦᠷᠭᠦᠯᠵᠢᠯᠡᠨ ᠬᠡᠷᠡᠭᠵᠢᠭᠦᠯᠦᠭᠳᠡᠬᠦ ᠶᠢ ᠲᠠᠭᠠᠯᠳᠤᠨ | ᠬᠢᠯᠢ ᠬᠢᠵᠠᠭᠠᠷ ᠤᠷᠤᠨ᠂ ᠴᠦᠭᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ ᠶᠢ ᠲᠡᠮᠵᠢᠬᠦ ᠲᠦᠷᠦ ᠶᠢᠨ | ᠪᠤᠳᠤᠯᠭ᠎ᠠ ᠤᠯᠠᠮ ᠨᠢᠭᠡ ᠠᠯᠬᠤᠮ ᠨᠠᠶᠢᠳᠠᠪᠤᠷᠢᠵᠢᠬᠳᠠᠵᠤ᠂ ᠮᠠᠨ ᠤ ᠬᠤᠰᠢᠭᠤᠨ ᠤ ᠰᠢᠨ᠎ᠡ ᠪᠠᠷ ᠮᠠᠨᠳᠤᠬᠰᠠᠨ ᠠᠵᠤ ᠦᠢᠯᠡᠰ | ᠢ ᠪᠤᠶᠢᠵᠢᠭᠤᠯᠤᠨ ᠬᠦᠭᠵᠢᠭᠦᠯᠵᠦ᠂ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠂ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠦ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠲᠦᠷᠦ ᠶᠢᠨ ᠪᠤᠳᠤᠯᠭ᠎ᠠ | ᠶᠢᠨ ᠤᠷᠴᠢᠨ ᠨᠢ ᠨᠡᠩ ᠰᠢᠯᠢᠳᠡᠭᠵᠢᠨ ᠲᠡᠭᠦᠯᠳᠡᠷᠵᠢᠬᠦ ᠪᠤᠯᠤᠨ᠎ᠠ᠃ | ᠡᠭᠦᠨ ᠤ ᠬᠠᠮᠳᠤ᠂ ᠪᠢᠳᠡ ᠬᠤᠶᠢᠰᠢᠳᠠ ᠶᠢᠨ ᠲᠠᠪᠤᠨ ᠵᠢᠯ ᠳᠤ ᠲᠤᠬᠢᠶᠠᠯᠳᠤᠬᠤ ᠬᠦᠴᠢᠷᠳᠡᠯ ᠪᠠ ᠢᠯᠡᠷᠡᠵᠦ ᠮᠡᠳᠡᠬᠦ | ᠠᠰᠠᠭᠤᠳᠠᠯ ᠢ ᠰᠡᠷᠭᠡᠭ ᠢᠶᠠᠷ ᠤᠯᠵᠤ ᠲᠠᠨᠢᠬᠤ ᠬᠡᠷᠡᠭᠳᠠᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠲᠤᠰ ᠪᠡᠶ᠎ᠡ | ᠶᠢᠨ ᠡᠳ᠋ ᠤᠨ ᠬᠦᠴᠦᠨ ᠪᠠᠭᠤᠷᠠᠢ᠂ ᠠᠶᠤᠯ ᠲᠦᠭᠰᠢᠭᠦᠷᠢ ᠪᠠ ᠬᠡᠯᠪᠡᠯᠵᠡᠯᠳᠡ ᠶᠢ ᠰᠡᠷᠬᠡᠶᠢᠯᠡᠬᠦ ᠴᠢᠳᠠᠪᠤᠷᠢ ᠴᠢᠩᠭ᠎ᠠ ᠪᠢᠰᠢ᠂ | ᠬᠤᠳᠠ ᠬᠦᠳᠡᠭᠡ᠂ ᠤᠷᠤᠨ ᠲᠤᠭᠤᠷᠢᠭ ᠤᠨ ᠬᠦᠭᠵᠢᠯᠳᠡ ᠶᠢᠨ ᠵᠤᠬᠢᠴᠠᠭᠤᠯᠭ᠎ᠠ ᠬᠦᠷᠦᠯᠴᠡᠬᠦ ᠦᠭᠡᠢ ᠪᠠᠶᠢᠵᠤ᠂ ᠦᠨᠳᠦᠰᠦᠨ | ᠤᠯᠠᠨ ᠨᠡᠶᠢᠳᠡ ᠶᠢᠨ ᠦᠢᠯᠡᠴᠢᠯᠡᠭᠡ ᠪᠠᠰᠠ ᠨᠡᠯᠢᠶᠡᠳ ᠬᠤᠴᠤᠷᠤᠩᠭᠤᠢ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠶᠢᠨ ᠬᠢᠷᠢ ᠲᠦᠪᠰᠢᠨ ᠲᠤᠤᠷ᠎ᠠ ᠪᠠᠶᠢᠨ᠎ᠠ︔ ᠡᠬᠢ ᠪᠠᠶᠠᠯᠢᠭ ᠤᠨ ᠤᠷᠴᠢᠨ ᠲᠤᠭᠤᠷᠢᠨ ᠤ ᠬᠢᠵᠠᠭᠠᠷᠯᠠᠯ ᠠᠴᠠ | ᠠᠪᠴᠤ ᠦᠵᠡᠪᠡᠯ᠂ ᠪᠦᠬᠦ ᠬᠤᠰᠢᠭᠤᠨ ᠤ ᠠᠮᠢ ᠠᠬᠤᠢ ᠶᠢᠨ ᠰᠢᠰᠲ᠋ᠧᠮ ᠮᠦᠨ ᠯᠡ ᠪᠠᠭᠤᠷᠠᠢ ᠪᠠᠶᠢᠵᠤ᠂ ᠤᠷᠴᠢᠨ | ᠲᠤᠭᠤᠷᠢᠨ ᠤ ᠲᠠᠭᠠᠭᠠᠴᠠ ᠶᠢᠨ ᠴᠢᠳᠠᠪᠤᠷᠢ ᠠᠨᠠᠢ᠂ ᠲᠠᠯ᠎ᠠ ᠨᠤᠳᠤᠭ ᠤᠨ ᠡᠯᠡᠰᠦᠷᠬᠡᠭᠵᠢᠯ ᠤᠨ ᠬᠠᠨᠳᠤᠰᠢ ᠶᠢ ᠬᠠᠷᠠᠬᠠᠨ | ᠬᠤᠪᠢᠷᠠᠭᠤᠯᠵᠤ ᠲᠡᠶᠢᠯᠦᠭᠡᠳᠦᠢ ᠪᠠᠶᠢᠬᠰᠠᠭᠠᠷ︔ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠠᠯ᠎ᠠ ᠪᠠᠷ᠂ | ᠤᠰᠤ ᠴᠠᠬᠢᠯᠭᠠᠨ ᠵᠠᠮ ᠤᠨ ᠲᠤᠤᠷ ᠰᠦᠯᠵᠢᠶ᠎ᠡ ᠬᠠᠷᠠᠬᠠᠨ ᠲᠡᠭᠦᠯᠳᠡᠷᠵᠢᠭᠡᠳᠦᠢ ᠪᠠᠶᠢᠭ᠎ᠠ ᠪᠦᠭᠡᠳ ᠨᠡᠶᠢᠭᠡᠮ ᠤᠨ ᠠᠷᠠᠳ ᠤᠨ | ᠠᠮᠢᠳᠤᠷᠠᠯ ᠤᠨ ᠲᠠᠯ᠎ᠠ ᠪᠠᠷ᠂ ᠰᠤᠷᠭᠠᠨ ᠬᠦᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠢ ᠬᠦᠭᠵᠢᠭᠰᠡᠨ ᠭᠠᠵᠠᠷ ᠤᠷᠤᠨ ᠲᠠᠢ | ᠬᠠᠷᠢᠴᠠᠭᠤᠯᠪᠠᠯ ᠨᠡᠯᠢᠶᠡᠳ ᠶᠡᠭᠡ ᠵᠦᠷᠢᠶ᠎ᠡ ᠤᠷᠤᠰᠢᠵᠤ ᠪᠤᠢ︔ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ | ᠮᠦᠨ ᠯᠡ ᠨᠡᠯᠢᠶᠡᠳ ᠲᠤᠪᠤᠶᠢᠮ᠎ᠠ ᠪᠠᠶᠢᠵᠤ᠂ ᠭᠠᠵᠠᠷ ᠣᠷᠣᠨ ᠤ ᠵᠠᠰᠠᠭ ᠤᠨ ᠤᠷᠳᠤᠨ ᠤ ᠦᠷᠢ ᠰᠢᠷᠢ ᠶᠢᠨ ᠲᠠᠷᠤᠭᠠᠰᠤ | ᠶᠡᠭᠡ ᠪᠠᠶᠢᠭ᠎ᠠ ᠪᠦᠭᠡᠳ ᠠᠵᠤ ᠠᠬᠤᠢ ᠶᠢᠨ ᠲᠤᠬᠢᠷᠠᠭᠤᠯᠭ᠎ᠠ᠂ ᠤᠯᠠᠨ ᠨᠡᠶᠢᠳᠡ ᠶᠢᠨ ᠦᠢᠯᠡᠴᠢᠯᠡᠭᠡ᠂ ᠵᠠᠬ᠎ᠠ ᠲᠡᠯᠭᠡᠭᠦᠷ ᠤᠨ | ᠬᠢᠨᠠᠨ ᠬᠠᠮᠢᠶᠠᠷᠤᠯᠳᠠ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠳᠠᠢ | ᠪᠠᠶᠢᠨ᠎ᠠ᠃ ᠶᠡᠷᠦᠩᠬᠡᠶᠢᠯᠡᠪᠡᠯ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤᠨ ᠬᠤᠰᠢᠭᠤᠨ | ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠤᠪᠤᠷᠬᠠᠨ ᠲᠤᠬᠢᠶᠠᠯᠳᠤᠬᠤ ᠠᠵᠠ ᠲᠤᠬᠢᠶᠠᠯ ᠤᠷᠤᠰᠢᠵᠤ ᠪᠠᠶᠢᠬᠤ ᠪᠠᠷ | ᠪᠠᠷᠠᠬᠤ ᠦᠭᠡᠢ ᠪᠠᠰᠠ ᠬᠤᠷᠴᠠ ᠰᠢᠷᠦᠭᠦᠨ ᠦᠷᠢᠰᠦᠯᠳᠦᠭᠡᠨ ᠲᠤᠯᠭᠠᠷᠠᠵᠤ ᠪᠠᠶᠢᠭ᠎ᠠ ᠪᠤᠯᠪᠠᠴᠤ ᠪᠦᠬᠦᠶᠢᠯᠡ ᠴᠤᠬᠴᠠ ᠶᠢᠨ | ᠲᠠᠯ᠎ᠠ ᠠᠴᠠ ᠠᠪᠴᠤ ᠦᠵᠡᠪᠡᠯ ᠲᠤᠩ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠲᠠᠢ ᠴᠠᠭ ᠬᠤᠭᠤᠴᠠᠭ᠎ᠠ | ᠪᠤᠯᠬᠤ ᠶᠤᠮ᠃ ᠪᠢᠳᠡ ᠡᠷᠬᠡᠪᠰᠢ ᠲᠡᠭᠡᠳᠦ ᠬᠡᠮᠵᠢᠶᠡᠨ ᠤ ᠬᠠᠷᠢᠭᠤᠴᠠᠯᠭᠠᠳᠤ ᠵᠤᠷᠢᠭ ᠰᠠᠨᠠᠭ᠎ᠠ ᠶᠢ ᠡᠪᠦᠷᠯᠡᠨ᠂ ᠯᠠᠪᠳᠠᠭᠤᠨ | ᠪᠠᠳᠤᠳᠠᠢ ᠠᠵᠢᠯ ᠪᠠ ᠭᠤᠶᠢᠪᠢᠰᠢ ᠦᠭᠡᠢ ᠴᠢᠷᠮᠠᠶᠢᠯᠭ᠎ᠠ ᠪᠠᠷ ᠢᠶᠠᠨ ᠡᠳᠡᠭᠡᠷ ᠠᠰᠠᠭᠤᠳᠠᠯ ᠢ ᠲᠦᠷᠭᠡᠨ ᠰᠢᠢᠳᠪᠦᠷᠢᠯᠡᠵᠦ᠂ | ᠰᠢᠨ᠎ᠡ ᠡᠬᠢᠯᠡᠯᠳᠡ ᠶᠢᠨ ᠴᠡᠭ ᠲᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠮᠵᠢᠯᠳᠠ | ᠶᠢ ᠤᠯᠬᠤ ᠪᠠᠷ ᠴᠢᠷᠮᠠᠶᠢᠬᠤ ᠬᠡᠷᠡᠭᠳᠠᠢ᠃ | ᠡᠨᠡ ᠵᠢᠯ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠡᠬᠢᠯᠡᠯᠳᠡ | ᠶᠢᠨ ᠵᠢᠯ ᠪᠠᠶᠢᠵᠤ᠂ ᠡᠯ᠎ᠡ ᠲᠦᠷᠦᠯ ᠤᠨ ᠠᠵᠢᠯ ᠢ ᠰᠠᠶᠢᠳᠤᠷ ᠪᠡᠶᠡᠯᠡᠭᠦᠯᠬᠦ ᠨᠢ ᠲᠤᠩ ᠶᠡᠭᠡ ᠠᠴᠢ ᠬᠤᠯᠪᠤᠬᠳᠠᠯ ᠲᠠᠢ ᠶᠤᠮ︔ | ᠪᠢᠳᠡ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠳᠡ ᠶᠢᠨ ᠵᠢᠯ ᠳᠠᠬᠢ ᠬᠦᠭᠵᠢᠯᠳᠡ ᠶᠢᠨ ᠠᠵᠠ ᠲᠤᠬᠢᠶᠠᠯ ᠢ | ᠬᠦᠢᠴᠡᠳ ᠡᠵᠡᠮᠰᠢᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨᠡᠯ᠎ᠡ ᠲᠦᠷᠦᠯ ᠤᠨ ᠠᠵᠢᠯ ᠦᠢᠯᠡᠰ ᠤᠨ ᠪᠦᠬᠦ | ᠲᠠᠯ᠎ᠠ ᠶᠢᠨ ᠲᠠᠪᠰᠢᠯᠳᠠ ᠶᠢ ᠠᠬᠢᠭᠤᠯᠤᠨ᠎ᠠ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠪᠠ | ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠮᠠᠨ ᠤ ᠤᠷᠤᠨ ᠳᠤ ᠲᠤᠭᠤᠷᠢᠨ ᠪᠠᠶᠢᠴᠠᠭᠠᠬᠤ ᠦᠶᠡᠰ ᠲᠠᠬᠢ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ ᠤ ︽8337︾ | ᠬᠦᠭᠵᠢᠯᠳᠡ ᠶᠢᠨ ᠰᠡᠳᠬᠢᠴᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ | ᠪᠠ ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠶᠤᠰᠤᠭᠠᠷ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠰᠢᠨᠡᠴᠢᠯᠡᠬᠦ᠂ ᠵᠤᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ | ᠲᠠᠢ᠂ ᠬᠦᠭᠵᠢᠯᠳᠡ ᠶᠢ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠶᠢᠯᠠᠭᠠᠬᠳᠠᠬᠤᠨ ᠢ ᠪᠠᠳᠤ ᠪᠤᠢ ᠪᠤᠯᠭᠠᠨ᠂ ᠠᠵᠤ ᠠᠬᠤᠢ | ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠵᠤ᠂ ᠲᠤᠬᠳᠠᠭᠤᠨ ᠤ ᠲᠤᠮᠳᠠ | ᠤᠷᠤᠬᠰᠢᠯᠠᠬᠤ ᠠᠵᠢᠯ ᠤᠨ ᠶᠡᠷᠦᠩᠬᠡᠢ ᠠᠶᠢᠵᠠᠮ ᠢ ᠪᠠᠷᠢᠮᠳᠠᠯᠠᠨ᠂ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠨᠢ | ᠲᠤᠬᠳᠠᠪᠤᠷᠢᠳᠠᠢ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠨᠢ ᠤᠨᠤᠪᠴᠢᠳᠠᠢ᠂ ᠬᠤᠮᠠᠬᠢ ᠲᠦᠷᠦ ᠶᠢᠨ ᠪᠤᠳᠤᠯᠭ᠎ᠠ ᠨᠢ | ᠠᠮᠢᠳᠤᠯᠢᠭ᠂ ᠦᠭᠡᠷᠡᠴᠢᠯᠡᠯᠳᠡ ᠶᠢᠨ ᠲᠦᠷᠦ ᠶᠢᠨ ᠪᠤᠳᠤᠯᠭ᠎ᠠ ᠨᠢ ᠪᠤᠳᠠᠳᠠᠢ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ | ᠲᠤᠶᠢᠯᠪᠤᠷᠢᠳᠠᠢ ᠪᠠᠶᠢᠬᠤ ᠶᠡᠷᠦᠩᠬᠡᠢ ᠰᠡᠳᠬᠢᠴᠡ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠰᠠᠭᠤᠷᠢᠨ ᠭᠠᠵᠠᠷ︾ ᠪᠠ ︽ | ᠲᠦᠷᠪᠡᠨ ᠵᠠᠭᠤᠨ ᠳ᠋ᠦᠩᠰᠢᠭᠤᠷ︾ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ | ᠬᠦᠭᠵᠢᠯᠳᠡ ᠶᠢᠨ ᠪᠤᠳᠠᠳᠤ ᠬᠦᠴᠦᠨ ᠢ ᠴᠢᠩᠭᠠᠳᠬᠠᠨ᠂ ᠠᠷᠠᠳ ᠤᠯᠠᠨ ᠤ ᠪᠤᠶᠠᠨ ᠠᠰᠠᠷᠠᠮᠵᠢ ᠶᠢ ᠨᠡᠮᠡᠭᠳᠡᠭᠦᠯᠵᠦ᠂ ᠰᠡᠳᠬᠢᠯ | ᠰᠠᠨᠠᠭ᠎ᠠ ᠪᠠᠨ ᠨᠢᠭᠡᠳᠭᠡᠨ ᠬᠦᠴᠦᠨ ᠴᠢᠳᠠᠯ ᠢᠶᠠᠨ ᠬᠠᠮᠳᠤᠳᠬᠠᠵᠤ᠂ ᠦᠨᠡᠨ ᠪᠤᠳᠠᠳᠠᠢ ᠠᠵᠢᠯᠯᠠᠨ᠂ ᠬᠦᠴᠢᠷ ᠪᠡᠷᠬᠡᠰᠢᠶᠡᠯ ᠢ | ᠲᠡᠪᠴᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢ ᠰᠠᠶᠢᠳᠤᠷ | ᠡᠬᠢᠯᠡᠭᠦᠯᠬᠦ ᠶᠢ ᠦᠨᠡᠨᠬᠦ ᠪᠠᠳᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ | ᠪᠡᠶᠡᠯᠡᠭᠦᠯᠬᠦ ᠶᠢᠨ ᠲᠤᠰᠠᠳᠠ ᠴᠢᠷᠮᠠᠶᠢᠨ ᠲᠡᠮᠡᠴᠡᠨ᠎ᠡ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠭᠤᠤᠯ ᠲᠦᠰᠦᠪᠯᠡᠭᠰᠡᠨ ᠬᠠᠷᠠᠯᠳᠠ ᠪᠤᠯ᠄ ᠭᠠᠵᠠᠷ ᠤᠷᠤᠨ | ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 74.5 ᠳ᠋ᠦᠩᠰᠢᠭᠤᠷ ᠲᠦᠭᠦᠷᠢᠭ ᠪᠡᠶᠡᠯᠡᠭᠦᠯᠵᠦ᠂ 9.7 % ᠪᠠᠷ | ᠨᠡᠮᠡᠭᠳᠡᠭᠦᠯᠦᠨ᠎ᠡ︔ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ ᠢ 7.5 ᠳ᠋ᠦᠩᠰᠢᠭᠤᠷ ᠲᠦᠭᠦᠷᠢᠭ | ᠪᠡᠶᠡᠯᠡᠭᠦᠯᠦᠨ᠂ 5.9 % ᠪᠠᠷ ᠨᠡᠮᠡᠭᠳᠡᠭᠦᠯᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 50 ᠳ᠋ᠦᠩᠰᠢᠭᠤᠷ | ᠲᠦᠭᠦᠷᠢᠭ ᠪᠡᠶᠡᠯᠡᠭᠦᠯᠦᠨ᠂ 10.7 % ᠪᠠᠷ ᠨᠡᠮᠡᠭᠳᠡᠭᠦᠯᠵᠦ ︵ᠡᠭᠦᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠢ 45 ᠳ᠋ᠦᠩᠰᠢᠭᠤᠷ ᠲᠦᠭᠦᠷᠢᠭ ᠪᠡᠶᠡᠯᠡᠭᠦᠯᠵᠦ᠂ 11.2 % ᠢᠶᠠᠷ ᠨᠠᠮᠡᠭᠳᠡᠭᠦᠯᠦᠨ᠎ᠡ︶᠂ ᠭᠤᠷᠪᠠᠳᠤᠭᠠᠷ ᠠᠵᠤ ᠦᠢᠯᠡᠰ | ᠤᠨ ᠨᠠᠮᠡᠭᠳᠡᠯ ᠦᠷᠳᠡᠭ ᠢ 17 ᠳ᠋ᠦᠩᠰᠢᠭᠤᠷ ᠲᠦᠭᠦᠷᠢᠭ ᠪᠡᠶᠡᠯᠡᠭᠦᠯᠦᠨ᠂ 9 % ᠪᠠᠷ ᠨᠡᠮᠡᠭᠳᠡᠭᠦᠯᠦᠨ᠎ᠡ︔ ᠤᠯᠠᠨ ᠨᠡᠶᠢᠳᠡ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.56 ᠳ᠋ᠦᠩᠰᠢᠭᠤᠷ ᠲᠦᠭᠦᠷᠢᠭ ᠲᠤ ᠬᠦᠷᠭᠡᠵᠦ᠂ 11 % ᠪᠠᠷ | ᠨᠡᠮᠡᠭᠳᠡᠭᠦᠯᠦᠨ᠂ ᠪᠦᠬᠦ ᠨᠡᠶᠢᠭᠡᠮ ᠤᠨ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 56.6 ᠳ᠋ᠦᠩᠰᠢᠭᠤᠷ | ᠲᠦᠭᠦᠷᠢᠭ ᠲᠤ ᠬᠦᠷᠭᠡᠨ᠂ 8.3 % ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠭ᠎ᠠ ᠶᠢᠨ | ᠶᠡᠷᠦᠩᠬᠡᠢ ᠦᠷᠳᠡᠭ ᠢ 14.1 ᠳ᠋ᠦᠩᠰᠢᠭᠤᠷ ᠲᠦᠭᠦᠷᠢᠭ ᠲᠤ ᠬᠦᠷᠭᠡᠵᠦ᠂ 11 % ᠪᠠᠷ ᠨᠡᠮᠡᠭᠳᠡᠭᠦᠯᠦᠨ᠂ ᠬᠤᠳᠠ | ᠬᠦᠳᠡᠭᠡ ᠶᠢᠨ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢ | ᠲᠤᠰ ᠲᠤᠰ 32630 ᠲᠦᠭᠦᠷᠢᠭ ᠪᠠ 14870 ᠲᠦᠭᠦᠷᠢᠭ ᠲᠤ ᠬᠦᠷᠭᠡᠨ᠂ ᠲᠤᠰᠪᠤᠷᠢ 9 % ᠪᠠᠷ ᠨᠡᠮᠡᠭᠳᠡᠭᠦᠯᠤᠨ᠎ᠡ᠃ | ᠲᠡᠭᠡᠷᠡᠬᠢ ᠬᠠᠷᠠᠯᠳᠠ ᠡᠭᠦᠷᠭᠡ ᠶᠢ ᠢᠯᠭᠤᠮ ᠪᠡᠶᠡᠯᠡᠭᠦᠯᠬᠦ ᠶᠢᠨ ᠲᠤᠰᠠᠳᠠ ᠡᠨᠡ ᠵᠢᠯ ᠲᠤᠤᠷᠠᠬᠢ ᠬᠡᠳᠦᠨ ᠲᠦᠷᠦᠯ ᠤᠨ ᠠᠵᠢᠯ | ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠲᠦᠷᠭᠡᠳᠭᠡᠨ ᠠᠬᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ | ᠦᠢᠯᠡᠳᠪᠦᠷᠢᠯᠡᠯ ᠤᠨ ᠬᠡᠯᠪᠡᠷᠢ ᠮᠠᠶ᠋ᠢᠭ ᠢᠶᠠᠨ ᠬᠤᠪᠢᠷᠠᠭᠤᠯᠵᠤ᠂ ᠤᠷᠤᠨ ᠲᠤᠭᠤᠷᠢᠭ ᠤᠨ ᠪᠠᠶᠢᠷᠢᠰᠢᠯ ᠢ ᠰᠢᠯᠢᠳᠡᠭᠵᠢᠭᠦᠯᠦᠨ᠂ | ᠬᠤᠨᠢᠨ ᠤ ᠲᠤᠭ᠎ᠠ ᠶᠢ ᠴᠦᠬᠡᠳᠬᠡᠨ ᠦᠬᠡᠷ ᠢ ᠨᠡᠮᠡᠭᠳᠡᠭᠦᠯᠵᠦ᠂ ᠴᠦᠭᠡᠨ ᠲᠡᠵᠢᠭᠡᠵᠦ ᠨᠠᠷᠢᠯᠢᠭ ᠠᠷᠠᠴᠢᠯᠠᠨ᠂ ᠲᠠᠷᠢᠶᠠᠯᠠᠩ ᠮᠠᠯ | ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠵᠦ᠂ ᠮᠠᠯ ᠲᠠᠷᠢᠶᠠᠯᠠᠩ ᠤᠨ ᠰᠠᠭᠤᠷᠢ ᠪᠤᠯᠬᠤ ᠪᠠᠶᠢᠷᠢ | ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠭᠡᠷᠦᠮᠵᠢ | ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠦᠨ᠎ᠡ᠃ ᠮᠠᠯ ᠠᠵᠤ ᠠᠬᠤᠢ ᠶᠢ | ᠵᠢᠯᠤᠭᠤᠳᠤᠨ ᠡᠷᠴᠢᠮᠵᠢᠭᠰᠡᠨ᠂ ᠦᠨᠳᠦᠷ ᠦᠷ᠎ᠡ ᠠᠰᠢᠭ ᠲᠠᠢ᠂ ᠦᠨᠳᠦᠷ ᠦᠷ᠎ᠡ ᠪᠦᠳᠦᠮᠵᠢ ᠲᠠᠢ ᠠᠵᠤ ᠦᠢᠯᠡᠰ ᠤᠨ | ᠬᠡᠯᠪᠡᠷᠢ ᠲᠡᠰᠢ ᠬᠤᠪᠢᠷᠠᠭᠤᠯᠤᠨ᠂ ᠮᠠᠯᠵᠢᠬᠤ ᠤᠷᠤᠨ ᠤ ᠠᠵᠤ ᠠᠬᠤᠢ ᠶᠢᠨ ᠬᠦᠭᠵᠢᠯᠳᠡ ᠶᠢ ᠰᠢᠨ᠎ᠡ ᠴᠠᠭ ᠦᠶ᠎ᠡ ᠶᠢᠨ | ᠲᠠᠯ᠎ᠠ ᠨᠤᠳᠤᠭ ᠤᠨ ᠪᠤᠯᠪᠠᠰᠤᠨ ᠤ ᠪᠠᠶᠢᠭᠤᠯᠤᠯᠳᠠ ᠶᠢᠨ ᠱᠠᠭᠠᠷᠳᠠᠯᠭ᠎ᠠ ᠲᠠᠢ ᠨᠡᠩ ᠵᠤᠬᠢᠴᠠᠭᠤᠯᠵᠤ᠂ ᠡᠨᠡ ᠵᠢᠯ 6.28 | ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠷᠢᠮᠵᠢᠶᠠᠵᠢᠬᠰᠠᠨ ᠲᠤᠯᠠᠭᠠᠨ ᠫᠧᠩ᠂ 5.18 ᠲᠦᠮᠡᠨ ᠲᠡᠭᠰᠢ | ᠲᠦᠷᠪᠡᠯᠵᠢᠨ ᠮᠧᠲᠷ ᠲᠠᠯᠠᠪᠠᠢ ᠲᠠᠢ ᠮᠠᠯ ᠤᠨ ᠬᠤᠷᠤᠭ᠎ᠠ᠂ 0.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ | ᠡᠪᠡᠰᠦ ᠬᠠᠳᠠᠭᠠᠯᠠᠬᠤ ᠫᠧᠩ᠂ 1 ᠲᠦᠮᠡᠨ ᠪᠤᠰᠤᠭ᠎ᠠ ᠲᠦᠷᠪᠡᠯᠵᠢᠨ ᠮᠧᠲᠷ ᠲᠠᠯᠠᠪᠠᠢ ᠲᠠᠢ ᠨᠤᠭᠤᠭᠠᠨ ᠲᠠᠷᠤᠰᠢ ᠶᠢᠨ | ᠵᠤᠭᠤᠷᠢ᠂ 1 ᠲᠦᠮᠡᠨ ᠮᠤ᠋ ᠶᠢᠨ ᠬᠦᠮᠦᠨ ᠤ ᠬᠦᠴᠦ ᠪᠠᠷ ᠡᠪᠡᠰᠦ ᠪᠤᠷᠳᠤᠭ᠎ᠠ ᠲᠠᠷᠢᠬᠤ ᠰᠠᠭᠤᠷᠢᠨ ᠭᠠᠵᠠᠷ ᠪᠤᠯᠤᠨ 6000 | ᠲᠤᠨ ᠤ ᠡᠪᠡᠰᠦ ᠪᠤᠷᠳᠤᠭ᠎ᠠ ᠬᠠᠳᠠᠭᠠᠯᠠᠬᠤ ᠬᠦᠮᠦᠷᠭᠡ 1 ᠰᠠᠭᠤᠷᠢ ᠶᠢ ᠲᠤᠰ ᠲᠤᠰ ᠰᠢᠨ᠎ᠡ ᠪᠠᠷ ᠪᠠᠶᠢᠭᠤᠯᠤᠨ᠂ ᠲᠠᠷᠢᠶᠠᠯᠠᠩ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠲᠦᠬᠦᠬᠡᠷᠦᠮᠵᠢ ᠶᠢ ᠤᠯᠠᠨ ᠨᠢᠭᠡ ᠠᠯᠬᠤᠮ ᠲᠡᠭᠦᠯᠳᠡᠷᠵᠢᠭᠦᠯᠦᠨ᠎ᠡ᠃ | ᠢᠳᠡᠰᠢᠨ ᠨᠤᠭᠤᠭᠠᠨ ᠤ ᠲᠤᠮᠤ ᠰᠠᠷᠠᠪᠴᠢ᠂ ᠲᠤᠯᠠᠭᠠᠨ ᠬᠦᠯᠡᠮᠵᠢ ᠶᠢᠨ ᠢᠳᠡᠰᠢᠨ ᠨᠤᠭᠤᠭᠠᠨ ᠤ ᠰᠠᠭᠤᠷᠢᠨ ᠭᠠᠵᠠᠷ ᠪᠤᠯᠤᠨ | ᠲᠤᠯᠠᠭᠠᠨ ᠢ ᠲᠡᠩᠴᠡᠬᠦᠯᠦᠭᠰᠡᠨ ᠰᠢᠨ᠎ᠡ ᠰᠤᠷᠭᠤᠭ ᠢ ᠪᠠᠳᠤᠯᠠᠬᠤ ᠬᠦᠮᠦᠷᠭᠡ ᠶᠢᠨ ᠪᠦᠳᠦᠭᠡᠨ ᠪᠠᠶᠢᠭᠤᠯᠤᠯᠳᠠ ᠶᠢ ᠲᠡᠮᠵᠢᠬᠦ | ᠬᠦᠴᠦᠯᠡᠴᠡ ᠶᠢ ᠨᠡᠮᠡᠭᠳᠡᠭᠦᠯᠦᠨ᠂ ᠲᠠᠷᠢᠮᠠᠯ ᠤᠨ ᠦᠷ᠎ᠡ ᠠᠰᠢᠭ ᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠡ᠃ ᠴᠠᠭ ᠠᠭᠤᠷ | ᠤᠨ ᠤᠳᠤᠬᠢᠴᠢᠯᠠᠬᠰᠠᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠵᠦ | ᠲᠦᠭᠰᠢᠭᠦᠷᠢ ᠶᠢ ᠳᠣᠯᠬᠤ ᠴᠢᠳᠠᠪᠤᠷᠢ ᠶᠢ ᠨᠡᠮᠡᠭᠳᠡᠭᠦᠯᠵᠦ᠂ ᠠᠮᠢᠳᠠᠨ ᠤ ᠬᠢᠵᠢᠭ ᠭᠡᠮ ᠪᠠ ᠬᠦᠮᠦᠨ ᠮᠠᠯ ᠳᠤ ᠵᠡᠷᠭᠡᠪᠡᠷ | ᠡᠪᠡᠳᠴᠢᠨ ᠲᠤᠰᠬᠤ ᠶᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠠ᠃ ᠮᠠᠯ ᠲᠠᠷᠢᠶᠠᠯᠠᠩ ᠤᠨ ᠠᠵᠤ ᠦᠢᠯᠡᠰᠵᠢᠯᠳᠠ | ᠶᠢᠨ ᠬᠦᠭᠵᠢᠨ ᠪᠤᠵᠠᠭᠠᠶᠢᠷᠠᠬᠤ ᠶᠢ ᠲᠡᠮᠵᠢᠨ᠎ᠡ᠃ ᠮᠢᠬᠠᠨ ᠤ ᠦᠭᠡᠷ ᠢ ᠬᠦᠭᠵᠢᠭᠦᠯᠬᠦ ᠲᠦᠯᠦᠪᠵᠢᠭᠦᠯᠭᠡ ᠶᠢ ᠲᠤᠬᠳᠠᠭᠠᠨ | ᠬᠡᠷᠡᠭᠵᠢᠭᠦᠯᠵᠦ᠂ ᠤᠯᠤᠰ ᠤᠨ ᠲᠡᠰ ᠤᠨ ᠴᠢᠨᠠᠷ ᠰᠠᠶᠢᠳᠠᠢ ᠠᠯᠠᠰᠢᠨ ᠦᠬᠡᠷ ᠠᠯᠠᠰᠢᠨ ᠬᠤᠨᠢᠨ ᠤ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠳᠠ ᠶᠢ ᠰᠠᠶᠢᠳᠤᠷ ᠠᠳᠬᠤᠵᠤ᠂ 2000 ᠲᠤᠯᠤᠭᠠᠢ ᠴᠡᠪᠡᠷ | ᠡᠭᠦᠯᠳᠡᠷ ᠤᠨ ᠰᠢᠮᠧᠨ᠋ᠲᠷ ᠦᠬᠡᠷ ᠤᠷᠤᠭᠤᠯᠵᠤ᠂ ᠰᠢᠮᠧᠨ᠋ᠲᠷ ᠦᠬᠡᠷ ᠤᠨ ᠭᠤᠤᠯᠳᠠᠯᠭ᠎ᠠ ᠲᠠᠢ ᠡᠭᠦᠯᠳᠡᠷ ᠪᠤᠶᠢᠵᠢᠭᠤᠯᠬᠤ | ᠲᠠᠯᠠᠪᠠᠢ ᠶᠢ 3 ᠰᠠᠭᠤᠷᠢ᠂ ᠤᠳᠤᠬᠢᠴᠢᠯᠠᠬᠰᠠᠨ ᠠᠯᠠᠰᠢᠨ ᠦᠭᠡᠷ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 83 | ᠰᠠᠭᠤᠷᠢ ᠲᠤᠰ ᠲᠤᠰ ᠰᠢᠨ᠎ᠡ ᠪᠠᠷ ᠪᠠᠶᠢᠭᠤᠯᠵᠤ᠂ 3 ᠰᠠᠭᠤᠷᠢ ᠨᠢ ᠲᠤᠰ ᠲᠤᠰ ᠰᠢᠨ᠎ᠡ ᠪᠠᠷ ᠰᠠᠭᠠᠯᠢ ᠶᠢᠨ ᠦᠨᠢᠶᠡᠨ ᠤ | ᠪᠠᠷᠢᠮᠵᠢᠶᠠᠵᠢᠵᠦ ᠬᠡᠪᠴᠢᠶᠡᠵᠢᠭᠰᠡᠨ ᠠᠷᠠᠴᠢᠯᠠᠨ ᠮᠠᠯᠵᠢᠬᠤ ᠲᠠᠯᠠᠪᠠᠢ ᠶᠢ ᠦᠷᠭᠡᠳᠭᠡᠨ ᠪᠠᠶᠢᠭᠤᠯᠵᠤ᠂ ᠤᠯᠤᠰ ᠤᠨ ᠲᠡᠰ ᠤᠨ | ᠴᠠᠬᠠᠷ ᠬᠤᠨᠢᠨ ᠤ ᠭᠤᠤᠯᠳᠠᠯᠭᠠᠳᠤ ᠡᠭᠦᠯᠳᠡᠷ ᠪᠤᠶᠢᠵᠢᠭᠤᠯᠬᠤ ᠲᠠᠯᠠᠪᠠᠢ ᠶᠢ 2 ᠰᠠᠭᠤᠷᠢ ᠪᠠᠶᠢᠭᠤᠯᠤᠨ᠂ ᠴᠠᠬᠠᠷ ᠬᠤᠨᠢᠨ ᠤ | ᠭᠤᠤᠯᠳᠠᠯᠭᠠᠳᠤ ᠰᠦᠷᠦᠭ ᠢ 5 ᠶᠢ ᠰᠢᠨ᠎ᠡ ᠪᠠᠷ ᠭᠠᠷᠭᠠᠵᠤ᠂ ᠬᠡᠪᠴᠢᠶᠡᠵᠢᠭᠰᠡᠨ ᠠᠷᠠᠴᠢᠯᠠᠨ ᠮᠠᠯᠵᠢᠬᠤ ᠬᠢᠷᠢ ᠲᠦᠪᠰᠢᠨ ᠢ | 85% ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ︽ᠲᠠᠷᠢᠶᠠᠨ ᠭᠠᠵᠠᠷ ᠢ ᠬᠠᠮᠠᠭᠠᠯᠠᠬᠤ᠂ ᠲᠠᠷᠢᠶᠠᠨ ᠭᠠᠵᠠᠷ ᠤᠨ | ᠶᠠᠰᠤ ᠴᠢᠨᠠᠷ ᠪᠠ ᠰᠢᠨᠵᠢᠯᠡᠭᠡ ᠮᠡᠷᠭᠡᠵᠢᠯ ᠤᠨ ᠲᠠᠪᠰᠢᠯᠳᠠ ᠶᠢ ᠲᠡᠭᠡᠭᠰᠢᠯᠡᠭᠦᠯᠬᠦ ᠵᠡᠷᠭᠡ ᠠᠷᠭ᠎ᠠ ᠠᠪᠴᠢᠯ ᠢᠶᠠᠷ ᠲᠠᠮᠵᠢᠭᠤᠯᠤᠨ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠡᠭᠡᠭᠰᠢᠯᠡᠭᠦᠯᠬᠦ︾ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠤᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠠᠮᠠᠭᠠᠯᠠᠯᠳᠠ ᠪᠠ ᠲᠡᠰ ᠲᠡᠪᠰᠢᠭᠦᠯᠬᠦ ᠢᠨᠵᠧᠨᠧᠷᠢᠩ ᠢ | ᠬᠡᠷᠡᠭᠵᠢᠭᠦᠯᠤᠨ᠂ ᠲᠠᠷᠢᠮᠠᠯ ᠤᠨ ᠲᠠᠷᠢᠬᠤ ᠲᠠᠯᠠᠪᠠᠢ ᠶᠢ ᠲᠤᠬᠳᠠᠪᠤᠷᠢᠵᠢᠭᠤᠯᠤᠬᠰᠠᠨ ᠤ ᠰᠠᠭᠤᠷᠢᠨ ᠲᠡᠭᠡᠷ᠎ᠡ ᠲᠦᠬᠦᠭᠡᠷᠦᠮᠵᠢᠳᠦ | ᠲᠠᠷᠢᠶᠠᠯᠠᠩ ᠤᠨ ᠬᠠᠷᠢᠴᠠᠯ ᠢ ᠦᠷᠭᠦᠯᠵᠢᠯᠡᠨ ᠲᠡᠭᠡᠭᠰᠢᠯᠡᠭᠦᠯᠵᠦ᠂ ᠪᠦᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠶᠢ | 21017 ᠾᠧᠺᠲ᠋ᠡᠷ ᠪᠠ ᠲᠦᠯᠦᠪᠵᠢᠭᠦᠯᠦᠭᠰᠡᠨ ᠦᠨᠳᠦᠰᠦᠨ ᠲᠠᠷᠢᠶᠠᠨ ᠤ ᠬᠠᠮᠠᠭᠠᠯᠠᠯᠳᠠ ᠶᠢᠨ ᠲᠠᠯᠠᠪᠠᠢ ᠶᠢ 17338 | ᠾᠧᠺᠲ᠋ᠡᠷ ᠠᠴᠠ ᠪᠠᠭᠤᠷᠠᠭᠤᠯᠬᠤ ᠦᠭᠡᠢ ᠪᠠᠶᠢᠬᠤ ᠪᠠ ᠶᠠᠰᠤ ᠴᠢᠨᠠᠷ ᠢ ᠮᠠᠭᠤᠳᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ | ᠲᠠᠷᠢᠵᠤ ᠲᠡᠵᠢᠭᠡᠨ ᠦᠷᠡᠵᠢᠭᠦᠯᠬᠦ ᠬᠡᠯᠪᠡᠷᠢ ᠮᠠᠶ᠋ᠢᠭ ᠢ ᠢᠳᠡᠪᠬᠢᠳᠠᠢ ᠰᠢᠨᠡᠴᠢᠯᠡᠨ ᠰᠠᠶᠢᠵᠢᠷᠠᠭᠤᠯᠤᠨ᠎ᠠ᠃ ᠮᠠᠯᠴᠢᠨ ᠲᠠᠷᠢᠶᠠᠴᠢᠳ | ᠢ ᠵᠢᠯᠤᠭᠤᠳᠤᠨ ︽ᠪᠦᠬᠦ ᠵᠢᠯ ᠳᠤ ᠵᠠᠷᠤᠴᠠᠭᠤᠯᠬᠤ᠂ ᠲᠡᠩᠴᠡᠭᠦᠷᠢᠳᠠᠢ ᠪᠠᠷ ᠵᠠᠬ᠎ᠠ ᠳᠤ ᠭᠠᠷᠭᠠᠬᠤ︾ ᠬᠡᠯᠪᠡᠷᠢ ᠮᠠᠶ᠋ᠢᠭ ᠢ | ᠰᠦᠪᠡᠭᠴᠢᠯᠡᠨ᠂ ᠵᠢᠯ ᠤᠨ ᠲᠤᠳᠤᠷ᠎ᠠ 55 ᠲᠦᠮᠡᠨ ᠲᠤᠯᠤᠭᠠᠢ ᠤᠷᠴᠢᠮ ᠮᠠᠯ ᠢ ᠵᠠᠷᠤᠴᠠᠭᠤᠯᠬᠤ ᠪᠠᠷ ᠲᠦᠯᠦᠪᠯᠡᠵᠦ᠂ ᠡᠭᠦᠨ | ᠳᠤ 9 ᠲᠦᠮᠡᠨ ᠲᠤᠯᠤᠭᠠᠢ ᠮᠠᠯ ᠢ ᠪᠤᠷᠳᠤᠨ ᠲᠠᠷᠭᠤᠯᠠᠭᠤᠯᠵᠤ ᠵᠠᠷᠤᠴᠠᠭᠤᠯᠤᠨ᠎ᠠ᠃ ︽ᠲᠠᠷᠢᠵᠤ ᠲᠡᠵᠢᠭᠡᠬᠦ ᠶᠢ | ᠤᠶᠠᠯᠳᠤᠭᠤᠯᠬᠤ᠂ ᠠᠷᠠᠴᠢᠯᠠᠨ ᠮᠠᠯᠵᠢᠬᠤ ᠪᠠᠷ ᠭᠤᠤᠯ ᠪᠤᠯᠭᠠᠬᠤ᠂ ᠤᠯᠠᠨ ᠵᠦᠢᠯ ᠤᠨ ᠡᠵᠡᠩᠨᠡᠯᠳᠡ︾ ᠶᠢᠨ ᠰᠡᠳᠬᠢᠴᠡ | ᠶᠤᠰᠤᠭᠠᠷ ᠲᠠᠷᠢᠶᠠᠯᠠᠬᠤ ᠤᠷᠤᠨ ᠤ ᠮᠠᠯ ᠠᠵᠤ ᠠᠬᠤᠢ ᠶᠢ ᠬᠦᠭᠵᠢᠭᠦᠯᠤᠨ᠂ ᠬᠠᠰᠢᠶᠠᠯᠠᠨ ᠪᠤᠷᠳᠤᠨ ᠲᠠᠷᠭᠤᠯᠠᠭᠤᠯᠵᠤ᠂ ︽ | ᠪᠤᠭ ᠮᠠᠯ ᠢ ᠪᠦᠬᠦ ᠵᠢᠯ ᠢᠶᠠᠷ ᠪᠡᠯᠴᠢᠭᠡᠷᠯᠡᠭᠦᠯᠬᠦ ᠶᠢ ᠵᠤᠬᠰᠤᠭᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠲᠠᠷᠢᠶᠠᠯᠠᠬᠤ | ᠤᠷᠤᠨ ᠤ ᠤᠨᠴᠠᠯᠢᠬᠳᠤ ᠲᠠᠷᠢᠵᠤ ᠤᠷᠭᠤᠭᠤᠯᠬᠤ ᠦᠢᠯᠡᠰ ᠢ ᠬᠦᠭᠵᠢᠭᠦᠯᠬᠦ ᠶᠢ ᠵᠤᠷᠢᠬᠵᠢᠭᠤᠯᠤᠨ᠂ ᠲᠦᠬᠦᠭᠡᠷᠤᠮᠵᠢᠳᠤ | ᠵᠢᠮᠢᠰ ᠪᠤᠯᠤᠨ ᠢᠳᠡᠰᠢᠨ ᠨᠤᠭᠤᠭ᠎ᠠ ᠲᠠᠷᠢᠵᠤ ᠤᠷᠭᠤᠭᠤᠯᠵᠤ ᠪᠠᠶᠢᠭ᠎ᠠ ᠲᠠᠷᠢᠶᠠᠯᠠᠬᠤ ᠡᠷᠦᠬᠡ ᠶᠢ ᠡᠩ ᠲᠡᠷᠢᠭᠦᠨ ᠳᠤ ᠲᠡᠮᠵᠢᠬᠦ | ᠠᠵᠢᠯᠯᠠᠭ᠎ᠠ ᠶᠢ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠪᠤᠯᠤᠨ ᠠᠵᠤ ᠦᠢᠯᠡᠳᠪᠦᠷᠢ ᠶᠢᠨ ᠬᠦᠨᠵᠡᠭᠡᠢ | ᠵᠤᠬᠢᠴᠠᠯᠳᠤᠭ᠎ᠠ ᠶᠢ ᠠᠬᠢᠭᠤᠯᠤᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠬᠦ ᠠᠵᠢᠯ ᠲᠦᠷᠦᠯ ᠤᠨ | ᠲᠤᠯᠤᠭᠠᠶᠢᠯᠠᠬᠴᠢ ᠠᠵᠤ ᠠᠬᠤᠶᠢᠯᠠᠯ ᠢ ᠲᠡᠮᠵᠢᠬᠦ ᠬᠦᠴᠦᠯᠡᠴᠡ ᠶᠢ ᠨᠡᠮᠡᠭᠳᠡᠭᠦᠯᠤᠨ᠂ ᠠᠵᠤ ᠦᠢᠯᠡᠳᠪᠦᠷᠢ ᠶᠢᠨ ᠮᠠᠯ | ᠲᠠᠷᠢᠶᠠᠯᠠᠩ ᠢ ᠲᠤᠰᠠᠯᠠᠬᠤ ᠴᠢᠳᠠᠪᠤᠷᠢ ᠢ ᠨᠢ ᠴᠢᠩᠭᠠᠳᠬᠠᠨ᠎ᠠ︔ ᠮᠠᠯ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ | ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ᠂ ᠡᠯᠧᠺᠲᠷᠤᠨ ᠬᠤᠳᠠᠯᠳᠤᠭᠠᠨ ᠤ ᠦᠢᠯᠡᠰ ᠵᠡᠷᠬᠡ | ᠠᠷᠭ᠎ᠠ ᠵᠠᠮ ᠢᠶᠠᠷ ᠲᠠᠮᠵᠢᠭᠤᠯᠤᠨ ᠮᠠᠯ ᠲᠠᠷᠢᠶᠠᠯᠠᠩ ᠤᠨ ᠤᠤᠯ ᠪᠦᠳᠦᠭᠡᠭᠳᠡᠬᠦᠨ ᠢ ᠤᠶᠢᠷ᠎ᠠ ᠵᠠᠭᠤᠷ᠎ᠠ ᠳᠤᠨᠢ ᠬᠡᠷᠡᠭᠯᠡᠭᠡᠨ ᠤ | ᠬᠦᠷᠢᠶᠡᠨ ᠳᠤ ᠤᠷᠤᠭᠤᠯᠵᠤ᠂ ᠡᠭᠦᠨ ᠤ ᠤᠯᠠᠮ ᠢᠶᠠᠷ ᠠᠵᠢᠯ ᠤᠯᠭᠤᠯᠳᠠ ᠪᠠ ᠮᠠᠯᠴᠢᠨ ᠲᠠᠷᠢᠶᠠᠴᠢᠳ ᠤᠨ ᠤᠷᠤᠯᠭ᠎ᠠ ᠶᠢ | ᠨᠡᠮᠡᠭᠳᠡᠭᠦᠯᠬᠦ ᠶᠢ ᠰᠢᠭᠤᠳ ᠲᠠᠶᠢᠴᠢᠯᠠᠨ᠎ᠠ᠃ ᠶᠠᠳᠠᠭᠤ ᠶᠢ ᠲᠡᠳᠬᠦᠬᠦ ᠰᠢᠪᠳᠤᠯᠤᠯᠳᠠ ᠶᠢᠨ ᠢᠨᠵᠧᠨᠧᠷᠢᠩ ᠢ ᠪᠦᠬᠦ ᠬᠦᠴᠦᠨ | ᠢᠶᠠᠷ ᠢᠶᠠᠨ ᠰᠠᠶᠢᠳᠤᠷ ᠠᠳᠬᠤᠨ᠎ᠠ᠃ ︽ᠵᠢᠷᠭᠤᠭᠠᠨ ᠨᠠᠷᠢᠯᠢᠭ ᠤᠨᠤᠪᠴᠢᠳᠠᠢ︾᠂ ︽ᠲᠠᠪᠤᠨ ᠨᠢᠭᠡ ᠪᠦᠯᠦᠭ︾ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠨᠢᠭᠤᠷᠯᠠᠯ ᠳᠤ ᠬᠦᠳᠡᠯᠤᠩᠭᠦᠢ | ᠬᠠᠮᠢᠶᠠᠷᠤᠯᠳᠠ ᠶᠢ ᠭᠡᠷᠡᠭᠵᠢᠭᠦᠯᠦᠨ᠂ ᠳᠣᠰᠬᠠᠢ ᠲᠦᠷᠦᠯ ᠢᠶᠠᠷ ᠶᠠᠳᠠᠭᠤ ᠶᠢ ᠲᠡᠳᠬᠦᠬᠦ᠂ ᠠᠵᠢᠯ ᠲᠦᠷᠦᠯ ᠢᠶᠠᠷ ᠶᠠᠳᠠᠭᠤ ᠶᠢ | ᠲᠡᠳᠬᠦᠬᠦ ᠪᠠ ᠨᠠᠶᠢᠭᠡᠮ ᠠᠴᠠ ᠶᠠᠳᠠᠭᠤ ᠶᠢ ᠲᠡᠳᠬᠦᠬᠦ ᠶᠢ ᠨᠢᠭᠡᠳᠣᠯᠳᠠᠢ ᠲᠦᠯᠦᠪᠵᠢᠭᠦᠯᠦᠨ ᠠᠬᠢᠭᠤᠯᠵᠤ᠂ 21 ᠭᠠᠴᠠᠭ᠎ᠠ | ᠲᠤᠰᠬᠤᠨ ᠤ ︽ᠭᠤᠷᠪᠠ ᠶᠢ ᠭᠠᠴᠠᠭ᠎ᠠ ᠲᠤᠰᠬᠤᠨ ᠪᠠ ᠡᠷᠦᠬᠡ ᠳᠤ ᠨᠠᠶᠢᠳᠠᠪᠤᠷᠢᠵᠢᠭᠤᠯᠬᠤ︾ ᠲᠦᠰᠦᠯ ᠢ ᠰᠠᠶᠢᠳᠤᠷ | ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠡ ᠵᠢᠯ ᠶᠠᠳᠠᠭᠤ ᠬᠦᠴᠢᠷᠳᠠᠢ ᠡᠷᠦᠬᠡ ᠳᠤ 146 ᠰᠠᠭᠤᠷᠢ ᠫᠧᠩ ᠬᠤᠷᠤᠭ᠎ᠠ ᠶᠢ | ᠰᠢᠨ᠎ᠡ ᠪᠠᠷ ᠪᠠᠶᠢᠭᠤᠯᠤᠨ ᠦᠭᠴᠦ᠂ 725 ᠲᠤᠯᠤᠭᠠᠢ ᠦᠬᠡᠷ ᠬᠤᠳᠠᠯᠳᠤᠨ ᠤᠷᠤᠭᠤᠯᠬᠤ ᠪᠠᠷ ᠲᠦᠯᠦᠪᠯᠡᠵᠦ ᠪᠤᠢ︔ | ᠲᠠᠷᠢᠶᠠᠯᠠᠩ ᠤᠨ ᠪᠠᠩᠬᠢ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠦᠨ᠂ 5000 ᠲᠦᠮᠡᠨ ᠲᠦᠭᠦᠷᠢᠭ ᠤᠨ | ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠭᠡᠯᠡᠯᠭᠡ ᠲᠠᠯᠪᠢᠬᠤ ᠪᠠᠷ | ᠴᠢᠷᠮᠠᠶᠢᠵᠤ᠂ ᠦᠢᠯᠳᠪᠦᠷᠢᠯᠡᠯ ᠡᠵᠡᠩᠨᠡᠯᠳᠡ ᠶᠢᠨ ᠴᠢᠳᠠᠪᠤᠷᠢᠳᠠᠢ ᠶᠠᠳᠠᠭᠤ ᠬᠦᠴᠢᠷᠳᠠᠢ ᠮᠠᠯᠵᠢᠬᠤ ᠲᠠᠷᠢᠶᠠᠯᠠᠬᠤ ᠡᠷᠦᠬᠡ ᠶᠢ | ᠲᠡᠮᠵᠢᠬᠦ ᠳᠤ ᠭᠤᠤᠯᠳᠠᠯᠭ᠎ᠠ ᠲᠠᠢ ᠵᠠᠷᠤᠴᠠᠭᠤᠯᠤᠨ᠂ ᠲᠤᠰ ᠵᠢᠯ ᠳᠤ ᠵᠢᠭᠡᠯᠡᠯᠭᠡ ᠠᠪᠬᠤ ᠨᠦᠬᠦᠴᠡᠯ ᠳᠤ ᠲᠤᠬᠢᠷᠠᠬᠰᠠᠨ | ᠭᠠᠴᠠᠭ᠎ᠠ ᠲᠤᠰᠬᠤᠨ ᠳᠤ ᠴᠦᠮ ᠵᠢᠭᠡᠯᠡᠯᠭᠡ ᠤᠯᠭᠤᠬᠤ ᠪᠠᠷ ᠴᠢᠷᠮᠠᠶᠢᠨ᠎ᠠ᠃ ᠭᠤᠷᠪᠠ ᠳᠤ᠂ ᠬᠡᠷᠡᠭᠯᠡᠭᠡᠨ ᠤ ᠮᠡᠷᠭᠡᠵᠢᠯ ᠤᠨ | ᠪᠤᠯᠪᠠᠰᠤᠷᠠᠯ ᠢ ᠦᠷᠨᠢᠬᠦᠯᠦᠨ 300 ᠬᠦᠮᠦᠨ ᠤᠳᠠᠭ᠎ᠠ ᠠᠴᠠ ᠲᠡᠭᠡᠭᠰᠢ ᠳᠤ ᠪᠤᠯᠪᠠᠰᠤᠷᠠᠯ ᠬᠦᠷᠳᠡᠭᠡᠨ᠎ᠡ᠃ ᠠᠵᠢᠯ | ᠤᠯᠭᠤᠯᠳᠠ᠂ ᠰᠤᠷᠭᠠᠨ ᠬᠦᠮᠦᠵᠢᠯ᠂ ᠵᠢᠭᠤᠯᠴᠢᠯᠠᠯ᠂ ᠡᠯᠺᠧᠲᠷᠤᠨ ᠬᠤᠳᠠᠯᠳᠤᠭ᠎ᠠ ᠵᠡᠷᠭᠡ ᠠᠵᠢᠯ ᠲᠦᠷᠦᠯ ᠤᠨ ᠶᠠᠳᠠᠭᠤ ᠶᠢ | ᠲᠡᠳᠬᠦᠬᠦ ᠶᠢ ᠠᠬᠢᠭᠤᠯᠤᠨ᠂ ᠬᠦᠳᠡᠯᠮᠦᠷᠢᠯᠡᠬᠦ ᠴᠢᠳᠠᠪᠤᠷᠢ ᠪᠠᠨ ᠪᠦᠬᠦᠨ ᠢ ᠪᠤᠶᠤ ᠬᠠᠭᠠᠰ ᠲᠤᠳᠠᠭᠤ ᠠᠯᠳᠠᠬᠰᠠᠨ ᠶᠠᠳᠠᠭᠤ | ᠬᠦᠴᠢᠷᠳᠠᠢ ᠬᠦᠮᠦᠰ ᠢ ᠨᠡᠶᠢᠭᠡᠮ ᠤᠨ ᠪᠠᠳᠤᠯᠠᠭ᠎ᠠ ᠪᠠᠷ ᠶᠠᠳᠠᠭᠤ ᠠᠴᠠ ᠨᠢ ᠲᠤᠶᠢᠯᠪᠤᠷᠢᠳᠠᠢ ᠠᠩᠬᠢᠵᠢᠷᠠᠭᠤᠯᠬᠤ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠲᠠᠶᠢᠴᠢᠯᠠᠨ ᠶᠠᠳᠠᠭᠤ ᠶᠢ ᠲᠡᠳᠬᠦᠬᠦ ᠠᠵᠢᠯ ᠳᠤ ᠤᠷᠤᠯᠴᠠᠭᠤᠯᠤᠨ᠂ | ᠪᠤᠶᠠᠨᠰᠠᠭ ᠡᠮ ᠡᠮᠨᠡᠯᠭᠡ ᠶᠢᠨ ᠨᠠᠷᠠᠨ ᠬᠡᠷᠡᠯᠳᠦ ᠠᠪᠤᠷᠠᠨ ᠲᠤᠰᠠᠯᠠᠬᠤ ᠢᠨᠵᠧᠨᠧᠷᠢᠩ ᠢ ᠬᠡᠷᠡᠭᠵᠢᠭᠦᠯᠤᠨ᠎ᠡ᠃ 2016 ᠤᠨ ᠤ | ᠡᠴᠦᠰ ᠪᠤᠯᠬᠤ ᠳᠤ 871 ᠡᠷᠦᠬᠡ ᠶᠢᠨ 2141 ᠬᠦᠮᠦᠨ ᠢ ᠶᠠᠳᠠᠭᠤ ᠠᠴᠠ ᠨᠢ ᠠᠩᠬᠢᠵᠢᠷᠠᠭᠤᠯᠬᠤ ᠶᠢ ᠦᠨᠡᠨᠬᠦ | ᠪᠡᠶᠡᠯᠡᠭᠦᠯᠵᠦ᠂ ᠤᠷᠤᠨ ᠤ ᠲᠡᠰ ᠤᠨ ᠶᠠᠳᠠᠭᠤ ᠬᠦᠴᠢᠷᠳᠠᠢ ᠬᠤᠰᠢᠭᠤ ᠰᠢᠶᠠᠨ ᠤ ᠨᠡᠷ᠎ᠡ ᠶᠢ ᠲᠠᠶᠠᠬᠳᠠᠨ᠂ ᠶᠠᠳᠠᠭᠤ | ᠬᠦᠴᠢᠷᠳᠠᠢ ᠡᠷᠦᠬᠡ ᠶᠢᠨ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ᠪᠠ ᠬᠦᠮᠦᠨ ᠲᠤᠮᠳᠠᠴᠢ | ᠶᠢᠨ ᠴᠡᠪᠡᠷ ᠤᠷᠤᠯᠭ᠎ᠠ ᠶᠢ 6000 ᠲᠦᠭᠦᠷᠢᠭ ᠠᠴᠠ ᠲᠡᠭᠡᠭᠰᠢ ᠳᠤ ᠬᠦᠷᠭᠡᠬᠦ ᠬᠠᠷᠠᠯᠳᠠ ᠶᠢ ᠪᠡᠶᠡᠯᠡᠭᠦᠯᠦᠨ᠎ᠡ᠃ ︽ᠠᠷᠪᠠ | ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ ᠪᠦᠬᠦ ᠬᠤᠰᠢᠭᠤᠨ ᠤ 9 ᠰᠤᠮᠤ ᠪᠠᠯᠭᠠᠰᠤ | ᠲᠠᠯᠠᠪᠠᠢ᠂ 118 ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ 808 ᠬᠤᠳᠠ᠂ 77 ᠪᠠᠶᠢᠭᠠᠯᠢᠯᠢᠭ ᠲᠤᠰᠬᠤᠨ᠂ 19 | ᠮᠠᠯ ᠲᠠᠷᠢᠶᠠᠯᠠᠩ ᠣᠢ ᠰᠢᠭᠤᠢ ᠶᠢᠨ ᠬᠤᠪᠢᠶᠠᠷᠢ ᠲᠠᠯᠠᠪᠠᠢ᠂ 11 ᠤᠳᠤ ᠶᠢᠨ ᠰᠤᠮᠤ ᠪᠠ ᠤᠤᠯ ᠤᠨ ᠰᠤᠮᠤ ᠶᠢ ᠦᠬᠡᠶᠢᠰᠬᠡᠨ | ᠪᠠᠯᠭᠠᠰᠤ ᠪᠤᠯᠭᠠᠨ ᠦᠷᠭᠡᠳᠭᠡᠭᠰᠡᠨ ᠭᠠᠵᠠᠷ ᠤᠨ ᠰᠠᠭᠤᠭ᠎ᠠ ᠭᠠᠵᠠᠷ ᠢ ᠪᠦᠷᠬᠦᠵᠦ᠂ ᠡᠨᠡ ᠨᠢ 2.3 ᠲᠦᠮᠡᠨ ᠡᠷᠦᠬᠡ ᠶᠢᠨ 5. | 8 ᠲᠦᠮᠡᠨ ᠬᠦᠮᠦᠨ ᠲᠠᠢ ᠬᠤᠯᠪᠤᠬᠳᠠᠵᠤ ᠪᠤᠢ᠃ ᠮᠠᠯᠵᠢᠬᠤ ᠲᠠᠷᠢᠶᠠᠯᠠᠬᠤ ᠤᠷᠤᠨ ᠤ 2853 ᠡᠷᠦᠬᠡ ᠶᠢᠨ ᠨᠤᠷᠠᠬᠤ | ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠮᠠᠯ ᠲᠠᠷᠢᠶᠠᠯᠠᠩ ᠤᠢ ᠰᠢᠭᠤᠢ ᠶᠢᠨ ᠲᠠᠯᠠᠪᠠᠢ ᠶᠢᠨ 474 ᠡᠷᠦᠬᠡ | ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ ᠠᠮᠢ ᠠᠬᠤᠢ ᠮᠠᠭᠤᠳᠠᠬᠰᠠᠨ ᠤᠷᠤᠨ ᠤ 133 ᠡᠷᠦᠬᠡ | ᠶᠢᠨ ᠠᠷᠠᠳ ᠢ ᠨᠡᠭᠦᠯᠭᠡᠨ᠎ᠡ︔ ᠤᠰᠤ ᠬᠠᠩᠭᠠᠬᠤ ᠬᠤᠳᠳᠤᠭ 93 ᠶᠢ ᠰᠢᠨ᠎ᠡ ᠪᠠᠷ ᠮᠠᠯᠳᠠᠵᠤ᠂ 629 ᠬᠦᠮᠦᠨ ᠤ ᠴᠡᠪᠡᠷ | ᠤᠰᠤ ᠤᠤᠭᠤᠬᠤ ᠪᠠ 2300 ᠲᠤᠯᠤᠭᠠᠢ ᠮᠠᠯ ᠤᠨ ᠤᠰᠤ ᠤᠤᠭᠤᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ︔ 75. | 1 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠤᠨ᠂ 2000 ᠢᠵᠢ ᠷᠠᠳᠢᠤ᠋ ᠲᠧᠯᠸᠢᠰ ᠢ ᠡᠷᠦᠬᠡ ᠪᠦᠷᠢ ᠳᠤ | ᠨᠡᠪᠳᠡᠷᠡᠭᠦᠯᠬᠦ ᠲᠦᠬᠦᠭᠡᠷᠦᠮᠵᠢ ᠶᠢ ᠤᠬᠰᠠᠷᠠᠨ᠂ 2 ᠰᠠᠭᠤᠷᠢ ᠭᠠᠵᠠᠷ ᠲᠡᠭᠡᠷᠡᠬᠢ ᠲᠤᠭᠠᠴᠢᠯᠠᠬᠰᠠᠨ ᠰᠢᠭᠤᠳ ᠲᠠᠮᠵᠢᠭᠤᠯᠬᠤ | ᠦᠷᠳᠡᠭᠡ ᠶᠢ ᠪᠠᠶᠢᠭᠤᠯᠤᠨ᠎ᠠ︔ ᠪᠤᠷᠤᠬᠤᠳᠠ ᠪᠠᠭ᠎ᠠ ᠰᠤᠷᠭᠠᠭᠤᠯᠢ ᠶᠢᠨ 630 ᠲᠡᠭᠰᠢ ᠲᠦᠷᠪᠡᠯᠵᠢᠨ ᠮᠧᠲᠷ ᠲᠠᠯᠠᠪᠠᠢ ᠲᠠᠢ | ᠪᠠᠶᠢᠷᠢ ᠶᠢᠨ ᠭᠡᠷ ᠢ ᠦᠭᠡᠷᠡᠴᠢᠯᠡᠨ ᠵᠠᠰᠠᠵᠤ᠂ 23 ᠰᠠᠭᠤᠷᠢ ᠪᠠᠷᠢᠮᠵᠢᠶᠠᠵᠢᠬᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ | ᠪᠠᠷ ᠪᠠᠶᠢᠭᠤᠯᠤᠨ᠂ 12 ᠰᠠᠭᠤᠷᠢ ᠠᠷᠠᠳ ᠲᠤ ᠲᠦᠭᠦᠮ ᠦᠵᠡᠭᠦᠯᠬᠦ ᠬᠡᠳᠦ ᠲᠡᠯᠭᠡᠭᠦᠷ ᠢ ᠦᠭᠡᠷᠡᠴᠢᠯᠡᠨ ᠵᠠᠰᠠᠵᠤ᠂ ᠨᠡᠶᠢᠭᠡᠮ | ᠤᠨ ᠪᠠᠳᠤᠯᠠᠭ᠎ᠠ ᠶᠢᠨ ᠲᠠᠯ᠎ᠠ ᠪᠠᠷ ᠪᠠᠳᠤᠯᠠᠬᠤ ᠵᠤᠬᠢᠰᠳᠠᠢ ᠶᠢ ᠴᠢᠳᠠᠯ ᠤᠨ ᠬᠢᠷᠢ ᠪᠠᠷ ᠪᠠᠳᠤᠯᠠᠬᠤ ᠶᠢ ᠪᠡᠶᠡᠯᠡᠭᠦᠯᠦᠨ᠎ᠡ︔ | ᠮᠠᠯᠵᠢᠬᠤ ᠲᠠᠷᠢᠶᠠᠯᠠᠬᠤ ᠤᠷᠤᠨ ᠤ ᠪᠦᠬᠦᠶᠢᠯᠡ ᠴᠤᠬᠴᠠ ᠶᠢᠨ ᠬᠡᠪ ᠲᠦᠷᠬᠦ ᠶᠢ ᠬᠦᠴᠦᠯᠡᠨ ᠲᠡᠭᠡᠭᠰᠢᠯᠡᠭᠦᠯᠦᠨ᠎ᠡ᠃ ᠪᠡᠯᠡ | ᠮᠦᠩᠬᠦ ᠴᠣᠭᠯᠠᠭᠤᠯᠬᠤ ᠬᠦᠴᠦᠯᠡᠴᠡ ᠶᠢ ᠨᠡᠮᠡᠭᠳᠡᠭᠦᠯᠦᠨ᠂ ᠠᠵᠤ ᠠᠬᠤᠶᠢᠯᠠᠯ ᠪᠤᠯᠤᠨ ᠨᠡᠶᠢᠭᠡᠮ ᠢ ᠲᠠᠶᠢᠴᠢᠯᠠᠨ ᠪᠡᠯᠡ | ᠤᠷᠤᠭᠤᠯᠬᠤ ᠪᠠ ᠮᠠᠯᠴᠢᠨ ᠲᠠᠷᠢᠶᠠᠴᠢᠳ ᠢ ᠲᠠᠶᠢᠴᠢᠯᠠᠨ ᠬᠦᠳᠡᠯᠮᠤᠷᠢ ᠬᠦᠴᠦ ᠤᠷᠤᠭᠤᠯᠵᠤ᠂ ᠭᠠᠴᠠᠭ᠎ᠠ ᠲᠤᠰᠬᠤᠨ ᠤ | ᠲᠦᠷᠢ ᠲᠦᠷᠬᠦ ᠶᠢ ᠴᠡᠭᠴᠡᠯᠡᠨ ᠵᠠᠰᠠᠵᠤ᠂ 4710 ᠡᠷᠦᠬᠡ ᠶᠢᠨ ᠬᠠᠭᠤᠴᠢᠨ ᠰᠢᠪᠠᠷ ᠪᠠᠶᠢᠰᠢᠩ ᠢ ᠨᠤᠷᠠᠭᠠᠨ᠂ 467 | ᠡᠷᠦᠬᠡ ᠶᠢᠨ ᠭᠡᠷ ᠪᠠᠶᠢᠰᠢᠩ ᠢ ᠰᠢᠨᠡᠳᠬᠡᠵᠤ᠂ 101 ᠲᠦᠮᠡᠨ ᠤᠷᠳᠤᠳᠬᠠᠬᠰᠠᠨ ᠮᠧᠲᠷ ᠤᠨ ᠬᠡᠷᠡᠮ ᠪᠤᠯᠤᠨ 2 ᠲᠦᠮᠡᠨ | ᠲᠡᠭᠰᠢ ᠲᠦᠷᠪᠡᠯᠵᠢᠨ ᠮᠧᠲᠷ ᠤᠨ ᠰᠤᠶᠤᠯ ᠤᠨ ᠬᠡᠷᠡᠮ ᠢ ᠰᠢᠨ᠎ᠡ ᠪᠠᠷ ᠪᠠᠶᠢᠭᠤᠯᠵᠤ᠂ 363.9 ᠺᠢᠯᠤᠮᠧᠲᠷ ᠤᠨ ᠽᠧᠮᠨ᠋ᠲ | ᠵᠠᠮ ᠢ ᠲᠡᠪᠢᠰᠦᠨ᠂ 49.5 ᠲᠦᠮᠡᠨ ᠲᠡᠭᠰᠢ ᠲᠦᠷᠪᠡᠯᠵᠢᠨ ᠮᠧᠲᠷ ᠤᠨ ᠵᠠᠮ ᠤᠨ ᠮᠦᠷᠦ ᠶᠢ ᠬᠠᠳᠠᠭᠤᠷᠠᠭᠤᠯᠤᠨ᠂ 330 | ᠰᠠᠭᠤᠷᠢ ᠬᠤᠭ ᠤᠨ ᠤᠩᠭᠤᠴᠠ ᠪᠤᠯᠤᠨ 110 ᠰᠠᠭᠤᠷᠢ ᠨᠠᠶᠢᠳᠠ ᠶᠢᠨ ᠵᠤᠷᠯᠤᠩ ᠢ ᠪᠠᠷᠢᠬᠤ ᠪᠠᠷ ᠲᠦᠯᠦᠪᠯᠡᠵᠦ ᠪᠠᠶᠢᠨ᠎ᠡ᠃ | ᠪᠡᠯᠡ ᠮᠦᠩᠬᠦ ᠲᠤᠬᠢᠷᠠᠭᠤᠯᠬᠤ ᠪᠤᠶᠤ ᠱᠠᠩᠨᠠᠯ ᠨᠦᠬᠦᠪᠦᠷᠢ ᠤᠯᠭᠤᠬᠤ ᠬᠡᠯᠪᠡᠷᠢ ᠮᠠᠶ᠋ᠢᠭ ᠢᠶᠠᠷ ᠲᠠᠮᠵᠢᠭᠤᠯᠤᠨ᠂ ᠪᠦᠬᠦ ᠠᠷᠠᠳ | ᠤᠨ ᠬᠠᠷᠠᠵᠤ ᠬᠠᠮᠠᠭᠠᠯᠠᠬᠤ ᠠᠵᠢᠯ ᠳᠤ ᠤᠷᠤᠯᠴᠠᠬᠤ ᠶᠢ ᠵᠤᠷᠢᠬᠵᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ | ᠲᠤᠭᠤᠷᠢᠨ ᠢ ᠪᠦᠬᠦᠶᠢᠯᠡ ᠴᠤᠬᠴᠠ ᠶᠢᠨ ᠲᠠᠯ᠎ᠠ ᠪᠠᠷ ᠰᠠᠶᠢᠵᠢᠷᠠᠯᠳᠠ ᠲᠠᠢ ᠪᠤᠯᠭᠠᠨ᠎ᠠ᠃ | ︵ᠬᠤᠶᠠᠷ︶ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ | ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ | ︽ᠪᠠᠶᠢᠭᠠᠯᠢᠯᠢᠭ ᠢᠶᠠᠷ ᠤᠷᠤᠨ ᠢᠶᠠᠨ ᠴᠢᠨᠡᠭᠡᠯᠢᠭᠵᠢᠭᠦᠯᠬᠦ᠂ ᠪᠠᠶᠢᠭᠠᠯᠢᠯᠢᠭ ᠢᠶᠠᠷ ᠠᠶᠢᠮᠠᠭ ᠢᠶᠠᠨ | ᠬᠦᠴᠦᠷᠬᠡᠭᠵᠢᠭᠦᠯᠬᠦ᠂ ᠪᠠᠶᠢᠭᠠᠯᠢᠯᠢᠭ ᠢᠶᠠᠷ ᠠᠷᠠᠳ ᠢ ᠬᠠᠷᠠᠭᠠᠯᠵᠠᠬᠤ᠂ ᠡᠬᠡ ᠤᠯᠤᠰ ᠤᠨ ᠤᠮᠠᠷᠠᠳᠤ ᠬᠢᠯᠢ ᠶᠢᠨ ᠠᠮᠢ ᠠᠬᠤᠢ | ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ︾ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠪᠤᠯᠤᠨ ᠠᠶᠢᠮᠠᠭ ᠤᠨ ᠨᠠᠮ ᠤᠨ ᠬᠤᠷᠢᠶ᠎ᠠ ᠠᠴᠠ ᠳᠣᠳᠣᠷᠬᠠᠢ ᠲᠤᠷᠠᠳᠤᠬᠰᠠᠨ ᠠᠮᠢ ᠠᠬᠤᠢ ᠶᠢᠨ ᠪᠤᠯᠪᠠᠰᠤᠨ ᠤ ᠪᠦᠳᠦᠭᠡᠨ | ᠪᠠᠶᠢᠭᠤᠯᠤᠯᠳᠠ ᠶᠢᠨ ᠲᠠᠯ᠎ᠠ ᠪᠠᠷ ᠬᠢ ᠬᠠᠷᠠᠯᠳᠠ ᠪᠤᠯᠤᠨ᠎ᠠ᠃ ᠮᠠᠨ ᠤ ᠬᠤᠰᠢᠭᠤ ᠨᠢ ᠬᠤᠯᠠᠨ ᠰᠢᠷᠭ᠎ᠠ ᠲᠠᠭ᠎ᠠ ᠶᠢᠨ ᠡᠯᠡᠰᠤᠨ | ᠤ ᠬᠡᠪᠡᠯᠢ ᠳᠤ ᠪᠠᠶᠢᠷᠢᠰᠢᠵᠤ᠂ ᠪᠦᠬᠦ ᠠᠶᠢᠮᠠᠭ ᠤᠨ ᠲᠠᠯ᠎ᠠ ᠨᠤᠳᠤᠭ ᠤᠨ ᠠᠮᠢ ᠠᠬᠤᠢ ᠶᠢᠨ ᠪᠤᠯᠪᠠᠰᠤᠨ ᠤ ᠪᠦᠳᠦᠭᠡᠨ | ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠤᠷᠤᠨ ᠪᠤᠯᠤᠨ᠎ᠠ᠃ ᠪᠢᠳᠡᠨ ᠳᠤ ᠠᠮᠢ ᠠᠬᠤᠢ ᠶᠢᠨ ᠪᠤᠯᠪᠠᠰᠤᠨ ᠤ | ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ ᠡᠭᠦᠷᠭᠡ ᠬᠠᠷᠢᠭᠤᠴᠠᠯᠭ᠎ᠠ ᠪᠠᠶᠢᠭ᠎ᠠ ᠪᠦᠭᠡᠳ ᠨᠡᠩ ᠴᠦ ᠲᠠᠯ᠎ᠠ | ᠨᠤᠳᠤᠭ ᠤᠨ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠂ ᠪᠢᠳᠡᠨ ᠤ ᠤᠷᠤᠰᠢᠨ ᠰᠠᠭᠤᠷᠢᠰᠢᠬᠤ | ᠨᠤᠳᠤᠭ ᠤᠷᠤᠨ ᠢᠶᠠᠨ ᠦᠨᠢ ᠡᠭᠦᠷᠢᠳᠡ ᠦᠵᠡᠰᠬᠦᠯᠡᠩ ᠰᠠᠶᠢᠬᠠᠨ ᠪᠤᠯᠭᠠᠬᠤ ᠢᠳᠡᠭᠡᠯ ᠪᠠ ᠡᠷᠡᠰ ᠵᠤᠷᠢᠭ ᠪᠠᠶᠢᠨ᠎ᠠ᠃ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠎ᠠ᠃ | ᠡᠨᠡ ᠵᠢᠯ ᠤᠯᠤᠰ ᠠᠴᠠ ᠬᠤᠶᠠᠳᠤᠭᠠᠷ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ | ᠲᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠭᠦᠯᠵᠦ᠂ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠪᠠᠷᠢᠮᠵᠢᠶ᠎ᠠ ᠶᠢ | ᠲᠡᠭᠡᠭᠰᠢᠯᠡᠭᠦᠯᠦᠨ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠪᠠ ᠬᠢᠨᠠᠨ ᠬᠠᠮᠢᠶᠠᠷᠤᠯᠳᠠ ᠶᠢᠨ ᠲᠤᠬᠳᠠᠯᠴᠠᠭ᠎ᠠ ᠶᠢ | ᠲᠡᠭᠦᠯᠳᠡᠷᠵᠢᠭᠦᠯᠵᠠᠢ᠃ ᠮᠠᠨ ᠤ ᠬᠤᠰᠢᠭᠤ ᠨᠢ 1372.93 ᠲᠦᠮᠡᠨ ᠮᠤ᠋ ᠲᠠᠯᠠᠪᠠᠢ ᠳᠤ ᠱᠠᠩᠨᠠᠯ ᠨᠦᠬᠦᠪᠦᠷᠢ ᠶᠢᠨ | ᠲᠤᠬᠳᠠᠯᠴᠠᠭ᠎ᠠ ᠶᠢ ᠬᠡᠷᠡᠭᠵᠢᠭᠦᠯᠬᠦ ᠪᠠᠷ ᠲᠦᠯᠦᠪᠯᠡᠵᠦ᠂ ᠡᠭᠦᠨ ᠳᠤ ᠪᠡᠯᠴᠢᠭᠡᠷᠯᠡᠭᠦᠯᠬᠦ ᠶᠢ ᠵᠤᠬᠰᠤᠭᠠᠬᠰᠠᠨ ᠲᠠᠯᠠᠪᠠᠢ 381. | 73 ᠲᠦᠮᠡᠨ ᠮᠤ᠋᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠠᠯᠠᠪᠠᠢ 991.2 ᠲᠦᠮᠡᠨ ᠮᠤ᠋ ᠪᠠᠶᠢᠨ᠎ᠠ᠃ ᠪᠡᠯᠴᠢᠭᠡᠷᠯᠡᠭᠦᠯᠬᠦ | ᠶᠢ ᠵᠤᠬᠰᠤᠭᠠᠬᠰᠠᠨ ᠲᠤᠭᠤᠷᠢᠭ ᠨᠢ ᠮᠠᠯ ᠮᠠᠯᠵᠢᠬᠤ ᠶᠢ ᠡᠷᠡᠰ ᠬᠤᠷᠢᠬᠯᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠲᠤᠭᠤᠷᠢᠭ ᠨᠢ ᠬᠠᠮᠢᠶᠠᠳᠠᠢ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠪᠡᠯᠴᠢᠭᠡᠷ ᠤᠨ ᠲᠠᠯᠠᠪᠠᠢ ᠶᠢᠨ ᠪᠠᠶᠢᠳᠠᠯ | ᠪᠠ ᠮᠠᠯ ᠤᠨ ᠲᠠᠭᠠᠭᠠᠴᠠ ᠶᠢᠨ ᠪᠠᠷᠢᠮᠵᠢᠶ᠎ᠠ ᠶᠢ ᠦᠨᠳᠦᠰᠦᠯᠡᠨ᠂ ᠡᠪᠡᠰᠦᠨ ᠤ ᠬᠡᠮᠵᠢᠶ᠎ᠡ ᠪᠠᠷ ᠮᠠᠯ ᠤᠨ ᠲᠤᠭ᠎ᠠ ᠲᠤᠯᠤᠭᠠᠢ ᠶᠢ | ᠲᠤᠬᠳᠠᠭᠠᠨ᠎ᠠ᠃ ᠱᠠᠩᠨᠠᠯ ᠨᠦᠬᠦᠪᠦᠷᠢ ᠶᠢᠨ ᠪᠡᠯᠡ ᠮᠦᠩᠭᠦᠨ ᠤ ᠲᠠᠷᠬᠠᠭᠠᠯᠳᠠ ᠶᠢ ᠪᠡᠯᠴᠢᠭᠡᠷᠯᠡᠬᠦᠯᠬᠦ ᠶᠢ ᠵᠤᠬᠰᠤᠭᠠᠬᠤ ᠪᠠ | ᠮᠠᠯ ᠪᠡᠯᠴᠢᠭᠡᠷ ᠢ ᠲᠡᠩᠴᠡᠭᠦᠷᠢᠰᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠳᠠ ᠵᠢᠴᠢ ᠠᠷᠠᠴᠢᠯᠠᠨ ᠮᠠᠯᠵᠢᠬᠤ ᠬᠡᠯᠪᠡᠷᠢ ᠮᠠᠶ᠋ᠢᠭ | ᠢ ᠬᠠᠯᠠᠨ ᠰᠠᠶᠢᠵᠢᠷᠠᠭᠤᠯᠬᠤ ᠵᠡᠷᠭᠡ ᠲᠠᠢ ᠬᠤᠯᠪᠤᠬᠳᠠᠭᠤᠯᠤᠨ᠂ ᠪᠡᠯᠡ ᠮᠦᠩᠭᠦᠨ ᠤ ᠨᠦᠬᠦᠪᠦᠷᠢᠯᠡᠬᠦ᠂ ᠱᠠᠩᠨᠠᠬᠤ᠂ | ᠤᠷᠮᠠᠰᠢᠭᠤᠯᠬᠤ᠂ ᠬᠢᠵᠠᠭᠠᠷᠯᠠᠬᠤ ᠵᠡᠷᠭᠡ ᠲᠠᠯ᠎ᠠ ᠪᠠᠷ ᠬᠢ ᠤᠯᠠᠨ ᠵᠦᠢᠯ ᠤᠨ ᠦᠢᠯᠡᠳᠦᠯ ᠢ ᠪᠠᠳᠤᠯᠠᠨ᠎ᠠ᠃ ᠲᠠᠯ᠎ᠠ ᠨᠤᠳᠤᠭ | ᠤᠨ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠢ ᠴᠢᠩᠭ᠎ᠠ ᠢᠯᠭᠠᠨ ᠲᠤᠬᠳᠠᠭᠠᠨ᠎ᠠ᠃ ︽ᠠᠮᠢ ᠠᠬᠤᠢ | ᠶᠢᠨ ᠬᠠᠮᠠᠭᠠᠯᠠᠯᠳᠠ ᠶᠢᠨ ᠠᠵᠢᠯ ᠤᠨ ᠬᠢᠨᠠᠨ ᠰᠢᠯᠭᠠᠯᠳᠠ ᠶᠢᠨ ᠠᠷᠭ᠎ᠠ︾ ᠪᠠ ︽ᠠᠮᠢ ᠠᠬᠤᠢ ᠶᠢᠨ ᠬᠠᠮᠠᠭᠠᠯᠠᠯᠳᠠ ᠶᠢᠨ | ᠰᠡᠷᠡᠮᠵᠢ ᠶᠢᠨ ᠱᠤᠭᠤᠮ ᠤᠨ ᠬᠡᠷᠡᠭᠵᠢᠭᠦᠯᠬᠦ ᠲᠦᠰᠦᠪ︾ ᠢ ᠲᠤᠬᠳᠠᠭᠠᠨ᠂ ᠰᠡᠷᠡᠮᠵᠢ ᠶᠢᠨ ᠱᠤᠭᠤᠮ ᠤᠨ ᠬᠡᠪᠴᠢᠶᠡᠨ | ᠲᠤᠳᠤᠷᠠᠬᠢ ᠤᠤᠯ ᠤᠨ ᠪᠠᠶᠢᠬᠰᠠᠨ ᠨᠡᠭᠡᠭᠡᠯᠳᠡ ᠶᠢᠨ ᠠᠵᠢᠯᠯᠠᠭ᠎ᠠ ᠶᠢ ᠴᠡᠪᠡᠷᠯᠡᠨ ᠴᠡᠭᠴᠡᠯᠡᠵᠤ᠂ ᠤᠷᠴᠢᠨ ᠲᠤᠭᠤᠷᠢᠨ ᠪᠤᠯᠤᠨ | ᠡᠬᠢ ᠪᠠᠶᠠᠯᠢᠭ ᠤᠨ ᠲᠠᠯ᠎ᠠ ᠪᠠᠷ ᠬᠢ ᠡᠪᠳᠡᠯᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠨᠤᠳᠤᠭ ᠪᠡᠯᠴᠢᠭᠡᠷ ᠪᠠ | ᠭᠠᠵᠠᠷ ᠰᠢᠷᠣᠢ ᠶᠢᠨ ᠡᠵᠡᠩᠨᠡᠯᠳᠡ ᠶᠢᠨ ᠡᠷᠬᠡ ᠶᠢ ᠨᠤᠳᠠᠯᠠᠬᠤ ᠠᠵᠢᠯ ᠢ ᠪᠡᠶᠡᠯᠡᠭᠦᠯᠵᠦ᠂ ᠪᠠᠶᠢᠭᠠᠯᠢ ᠶᠢᠨ ᠡᠪᠡᠰᠦ ᠪᠡᠯᠴᠢᠭᠡᠷ | ᠤᠨ ᠲᠠᠯᠠᠪᠠᠢ ᠶᠢᠨ ᠬᠠᠮᠠᠭᠠᠯᠠᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠠᠷᠠᠯᠵᠢᠶᠠᠨ ᠤ ᠴᠢᠨᠠᠷᠳᠠᠢ ᠠᠰᠢᠬᠯᠠᠯᠳᠠ ᠶᠢ | ᠴᠢᠩᠭ᠎ᠠ ᠬᠢᠵᠠᠭᠠᠷᠯᠠᠵᠤ᠂ ᠲᠠᠯᠬᠢᠬᠳᠠᠯ ᠤᠨ ᠴᠢᠨᠠᠷᠳᠠᠢ ᠡᠵᠡᠩᠨᠡᠯᠳᠡ ᠶᠢ ᠡᠷᠡᠰ ᠬᠤᠷᠢᠬᠯᠠᠨ᠂ ︽ᠨᠤᠳᠤᠭ ᠪᠡᠯᠴᠢᠭᠡᠷ ᠤᠨ | ᠡᠵᠡᠩᠨᠡᠯᠳᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠳᠠ ᠶᠢᠨ ᠠᠷᠭ᠎ᠠ︾ ᠶᠢ ᠲᠤᠬᠳᠠᠭᠠᠵᠤ᠂ ᠡᠪᠡᠰᠦ ᠬᠠᠳᠤᠵᠤ ᠨᠦᠭᠡᠴᠡᠯᠡᠬᠦ | ᠪᠠ ᠨᠤᠳᠤᠭ ᠪᠡᠯᠴᠢᠭᠡᠷ ᠢᠶᠠᠨ ᠲᠦᠷᠢᠶᠡᠰᠦᠯᠡᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠭᠦᠯᠦᠨ᠎ᠠ᠃ | ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠰᠠᠶᠢᠳᠤᠷ ᠬᠡᠷᠡᠭᠵᠢᠭᠦᠯᠤᠨ᠂ 7.7 ᠲᠦᠮᠡᠨ ᠮᠤ᠋ ᠤᠢ ᠰᠢᠭᠤᠢ ᠶᠢᠨ ᠪᠦᠳᠦᠭᠡᠨ ᠪᠠᠶᠢᠭᠤᠯᠤᠯᠳᠠ᠂ 7500 ᠮᠤ᠋ ᠵᠢᠵᠢᠭ | ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠳᠠ ᠪᠤᠯᠤᠨ 5 ᠲᠦᠮᠡᠨ ᠮᠤ᠋ ᠪᠢᠳᠡᠭᠦᠮᠵᠢᠯᠡᠨ ᠤᠶᠢᠵᠢᠭᠤᠯᠬᠤ ᠶᠢ ᠪᠡᠶᠡᠯᠡᠭᠦᠯᠵᠦ᠂ | 2500 ᠮᠤ᠋ ᠶᠢᠨ ᠭᠤᠤᠯᠳᠠᠯᠭ᠎ᠠ ᠲᠠᠢ ᠤᠷᠤᠨ ᠲᠤᠭᠤᠷᠢᠭ ᠢ ᠨᠤᠭᠤᠭᠠᠷᠠᠭᠤᠯᠤᠨ᠂ 5 ᠲᠦᠮᠡᠨ ᠣᠷᠳᠣᠳᠬᠠᠭᠰᠠᠨ ᠮᠧᠲᠷ | ᠤᠨ ᠭᠤᠤᠯᠳᠠᠯᠭ᠎ᠠ ᠲᠠᠢ ᠨᠡᠶᠢᠳᠡ ᠶᠢᠨ ᠠᠰᠢᠬᠳᠤ ᠤᠢ ᠶᠢ ᠬᠦᠷᠢᠶᠡᠯᠡᠨ ᠬᠠᠮᠠᠭᠠᠯᠠᠵᠤ᠂ ᠨᠤᠭᠤ ᠭᠠᠵᠠᠷ ᠤᠨ ᠠᠮᠢ ᠠᠬᠤᠢ ᠶᠢᠨ | ᠤᠷᠴᠢᠨ ᠲᠤᠭᠤᠷᠢᠨ ᠢ ᠰᠠᠶᠢᠵᠢᠷᠠᠭᠤᠯᠤᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠳᠣᠭᠤᠷᠢᠭ᠂ ᠭᠤᠤᠯᠳᠠᠯᠭ᠎ᠠ | ᠲᠠᠢ ᠠᠮᠢ ᠠᠬᠤᠢ ᠶᠢᠨ ᠴᠢᠳᠠᠪᠬᠢ ᠶᠢᠨ ᠤᠷᠤᠨ ᠪᠤᠯᠤᠨ ᠤᠯᠤᠰ ᠪᠠ ᠮᠤᠵᠢ ᠶᠢᠨ ᠵᠠᠮ ᠤᠨ ᠬᠤᠶᠠᠷ ᠬᠠᠵᠠᠭᠤ ᠶᠢᠨ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠪᠠᠭ᠎ᠠ ᠵᠢᠭᠠᠰᠤᠳᠠᠢ ᠨᠠᠭᠤᠷ ᠤᠨ ᠡᠷᠬᠢᠨ ᠲᠤᠭᠤᠷᠢᠨ ᠳᠠᠬᠢ | ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠯᠡᠰᠤᠨ ᠤ ᠡᠬᠢ ᠶᠢ ᠵᠠᠰᠠᠬᠤ | ᠢᠨᠵᠧᠨᠧᠷᠢᠩ ᠤᠨ ᠲᠤᠭᠤᠷᠢᠨ ᠳᠤ ᠨᠢᠰᠬᠡᠯ ᠢᠶᠠᠷ ᠤᠶᠢᠵᠢᠭᠤᠯᠬᠤ᠂ ᠢᠨᠵᠧᠨᠧᠷᠢᠩ ᠢᠶᠠᠷ ᠡᠯᠡᠰᠦ ᠶᠢ ᠲᠤᠬᠳᠠᠪᠤᠷᠢᠵᠢᠭᠤᠯᠬᠤ | ᠵᠡᠷᠭᠡ ᠲᠦᠰᠦᠯ ᠢ ᠨᠡᠶᠢᠯᠡᠭᠦᠯᠦᠨ᠂ ᠬᠤᠯᠠᠨ ᠰᠢᠷᠭ᠎ᠠ ᠲᠠᠭ᠎ᠠ ᠶᠢᠨ ᠡᠯᠡᠰᠤᠨ ᠤ ᠬᠡᠪᠡᠯᠢ ᠳᠤ ︽ᠵᠠᠭᠤᠨ ᠲᠦᠮᠡᠨ ᠮᠤ᠋ ᠶᠢᠨ | ᠰᠢᠷ᠎ᠠ ᠪᠤᠷᠭᠠᠰᠤᠨ ᠤ ᠰᠠᠭᠤᠷᠢᠨ ᠭᠠᠵᠠᠷ︾ ᠪᠠ ︽ᠵᠠᠭᠤᠨ ᠲᠦᠮᠡᠨ ᠮᠤ᠋ ᠶᠢᠨ ᠪᠤᠳᠠ ᠮᠤᠳᠤᠨ ᠤ ᠰᠠᠭᠤᠷᠢᠨ ᠭᠠᠵᠠᠷ︾ ᠢ | ᠪᠠᠶᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠴᠦᠯᠡᠴᠡ ᠶᠢ ᠨᠡᠮᠡᠭᠳᠡᠭᠦᠯᠦᠨ᠎ᠡ᠃ ᠪᠤᠬᠢᠷᠳᠤᠯ ᠢ ᠵᠠᠰᠠᠬᠤ | ᠶᠢ ᠪᠦᠬᠦ ᠲᠠᠯ᠎ᠠ ᠪᠠᠷ ᠴᠢᠩᠭᠠᠳᠬᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠢ ᠵᠦᠷᠢᠴᠡᠭᠰᠡᠨ ᠲᠦᠰᠦᠯ ᠢ | ᠴᠡᠪᠡᠷᠯᠡᠨ ᠴᠡᠭᠴᠡᠯᠡᠬᠦ ᠶᠢ ᠪᠡᠶᠡᠯᠡᠭᠦᠯᠵᠦ᠂ ᠤᠷᠴᠢᠨ ᠲᠤᠭᠤᠷᠢᠨ ᠤ ᠬᠠᠤᠯᠢ ᠶᠢ ᠵᠦᠷᠢᠴᠡᠭᠰᠡᠨ ᠠᠰᠠᠭᠤᠳᠠᠯ ᠢ ᠴᠢᠩᠭ᠎ᠠ ᠪᠠᠷ | ᠪᠠᠶᠢᠴᠠᠭᠠᠨ ᠰᠢᠢᠳᠬᠡᠨ᠎ᠡ᠃ ᠴᠠᠬᠢᠯᠭᠠᠨ ᠦᠢᠯᠡᠳᠪᠦᠷᠢ ᠶᠢᠨ ᠡᠨᠧᠷᠬᠢ ᠠᠷᠪᠢᠯᠠᠵᠤ ᠪᠤᠬᠢᠷᠳᠤᠯ ᠢ ᠭᠠᠳᠠᠬᠰᠢᠯᠠᠭᠤᠯᠬᠤ ᠮᠡᠷᠭᠡᠵᠢᠯ | ᠤᠨ ᠦᠭᠡᠷᠡᠴᠢᠯᠡᠯᠳᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠡᠮ᠂ ᠬᠢᠮᠢ ᠶᠢᠨ ᠪᠤᠷᠳᠤᠭᠤᠷ᠂ ᠰᠦᠯᠢᠶᠤᠤ ᠪᠦᠷᠬᠦᠪᠴᠢ | ᠶᠢᠨ ᠬᠡᠷᠡᠭᠯᠡᠭᠡ ᠶᠢ ᠪᠠᠭᠠᠰᠬᠠᠵᠤ᠂ ᠪᠤᠬᠢᠷᠳᠤᠯ ᠦᠭᠡᠢ ᠠᠭᠤᠷᠬᠠᠢ ᠪᠡ ᠡᠶ᠎ᠡ ᠵᠤᠬᠢᠴᠠᠯᠳᠤ ᠠᠭᠤᠷᠬᠠᠢ ᠶᠢᠨ ᠲᠤᠭᠤᠷᠢᠭ ᠢ | ᠪᠠᠶᠢᠭᠤᠯᠤᠨ᠎ᠠ᠃ ᠰᠢᠨ᠎ᠡ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠶᠢ ᠯᠠᠪᠳᠠᠭᠤᠨ ᠪᠠᠳᠤᠳᠠᠢ ᠦᠷᠨᠢᠭᠦᠯᠦᠨ᠂ ᠭᠤᠤᠯᠳᠠᠯᠭ᠎ᠠ | ᠲᠠᠢ ᠠᠵᠤ ᠠᠬᠤᠶᠢᠯᠠᠯ ᠤᠨ ᠪᠤᠬᠢᠷᠳᠤᠯ ᠤᠨ ᠰᠤᠷᠪᠤᠯᠵᠢ ᠶᠢᠨ ᠠᠬᠤᠢ ᠲᠠᠯᠠᠪᠠᠢ ᠳᠠᠬᠢ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠪᠦᠬᠦ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠠ ᠳᠤ ᠲᠤᠬᠢᠷᠠᠮᠵᠢᠳᠠᠢ ᠲᠦᠬᠦᠭᠡᠷᠦᠮᠵᠢ ᠶᠢᠨ | ᠬᠡᠷᠡᠭᠯᠡᠯᠳᠡ ᠶᠢᠨ ᠨᠤᠷᠮ᠎ᠠ ᠶᠢ 95% ᠠᠴᠠ ᠲᠡᠭᠡᠭᠰᠢ ᠳᠤ ᠬᠦᠷᠭᠡᠵᠦ᠂ ᠪᠠᠷᠢᠮᠵᠢᠶᠠᠨ ᠳᠤ ᠬᠦᠷᠦᠭᠰᠡᠨ ᠨᠤᠷᠮ᠎ᠠ ᠶᠢ 100 | % ᠳᠤ ᠬᠦᠷᠭᠡᠨ᠎ᠡ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠪᠠ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ | ᠠᠵᠤ ᠠᠬᠤᠢ ᠶᠢᠨ ᠲᠤᠬᠳᠠᠭᠤᠨ ᠨᠡᠮᠡᠭᠳᠡᠯ ᠢ ᠪᠠᠳᠤᠯᠠᠬᠤ ᠳᠤ ᠰᠠᠭᠤᠷᠢᠯᠠᠨ᠂ ᠭᠤᠤᠯᠳᠠᠯᠭ᠎ᠠ ᠲᠠᠢ ᠲᠦᠰᠦᠯ ᠤᠨ | ᠪᠠᠶᠢᠭᠤᠯᠤᠯᠳᠠ ᠶᠢ ᠴᠢᠩᠭᠠᠳᠬᠠᠵᠤ᠂ ᠠᠵᠤ ᠠᠬᠤᠢ ᠶᠢᠨ ᠡᠷᠬᠢᠯᠳᠡ ᠶᠢᠨ ᠲᠤᠬᠢᠷᠠᠭᠤᠯᠭ᠎ᠠ ᠶᠢ ᠡᠷᠴᠢᠮᠵᠢᠭᠦᠯᠦᠨ᠂ ᠠᠵᠤ | ᠠᠬᠤᠢ ᠶᠢᠨ ᠬᠦᠭᠵᠢᠯᠳᠡ ᠶᠢᠨ ᠲᠤᠬᠳᠠᠭᠤᠨ ᠤ ᠲᠤᠮᠳᠠ ᠰᠠᠶᠢᠵᠢᠷᠠᠯᠳᠠ ᠲᠠᠢ ᠪᠤᠯᠬᠤ᠂ ᠲᠤᠬᠳᠠᠭᠤᠨ ᠤ ᠲᠤᠮᠳᠠ ᠲᠡᠰ | ᠲᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠤᠯ ᠴᠤᠬᠴᠠ | ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠎ᠡ᠃ ᠲᠠᠪᠠᠭᠤᠯᠢᠭ ᠲᠠᠭᠠᠭᠤᠯᠤᠬᠴᠢ ᠠᠵᠤ ᠦᠢᠯᠡᠰ ᠢ ᠪᠠᠬᠢᠵᠢᠭᠦᠯᠦᠨ ᠬᠦᠭᠵᠢᠬᠦᠯᠬᠦ | ᠪᠠ ᠦᠯᠡᠬᠦᠦ ᠦᠢᠯᠡᠳᠪᠦᠷᠢᠯᠡᠯ ᠤᠨ ᠴᠢᠳᠠᠪᠬᠢ ᠶᠢᠨ ᠬᠤᠭᠤᠷᠤᠨᠳᠤᠬᠢ ᠬᠠᠷᠢᠴᠠᠭ᠎ᠠ ᠶᠢ ᠵᠦᠪ ᠢᠶᠠᠷ ᠰᠢᠢᠳᠪᠦᠷᠢᠯᠡᠵᠦ᠂ | ᠱᠠᠩᠳᠤ ᠴᠠᠬᠢᠯᠭᠠᠨ ᠦᠢᠯᠡᠳᠪᠤᠷᠢ ᠶᠢᠨ ᠪᠦᠬᠦ ᠵᠢᠯ ᠤᠨ ᠴᠠᠬᠢᠯᠭᠠᠨ ᠭᠠᠷᠭᠠᠯᠳᠠ ᠶᠢᠨ ᠬᠡᠮᠵᠢᠶ᠎ᠡ ᠶᠢ 163 ᠳ᠋ᠦᠩᠰᠢᠭᠤᠷ | ᠺᠷᠡᠳᠦ᠋ᠰ ᠲᠤ ᠬᠦᠷᠭᠡᠬᠦ ᠪᠠᠷ ᠴᠢᠷᠮᠠᠶᠢᠨ᠂ ᠰᠠᠯᠬᠢᠨ ᠴᠠᠬᠢᠯᠭᠠᠨ᠂ ᠭᠡᠷᠡᠯᠯᠢᠭ ᠴᠠᠬᠢᠯᠭᠠᠨ ᠵᠡᠷᠭᠡ ᠰᠢᠨ᠎ᠡ ᠡᠨᠧᠷᠬᠢ ᠶᠢᠨ | ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠩ ᠠᠷᠪᠢᠨ ᠴᠠᠬᠢᠯᠭᠠᠨ ᠭᠠᠷᠭᠠᠬᠤ ᠨᠤᠷᠮ᠎ᠠ ᠶᠢ ᠤᠯᠬᠤ ᠪᠠᠷ ᠴᠢᠷᠮᠠᠶᠢᠨ᠎ᠠ᠃ | ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠪᠦᠬᠦᠨ ᠢ ᠠᠰᠢᠬᠯᠠᠯᠳᠠ ᠳᠤ ᠣᠷᠣᠭᠤᠯᠬᠤ ᠶᠢ ᠠᠬᠢᠭᠤᠯᠤᠨ᠂ | ᠡᠭᠦᠨ ᠤ ᠤᠯᠠᠮ ᠢᠶᠠᠷ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠲᠠᠶᠢᠴᠢᠯᠠᠵᠤ᠂ ᠠᠵᠤ ᠠᠬᠤᠶᠢᠯᠠᠯ ᠢ | ᠬᠡᠪᠴᠢᠶᠡᠵᠢᠯ ᠠᠴᠠ ᠲᠡᠭᠡᠭᠰᠢᠬᠢ ᠪᠠᠷᠢᠮᠵᠢᠶᠠᠨ ᠳᠤ ᠬᠦᠷᠭᠡᠬᠦ ᠬᠦᠴᠦᠯᠡᠴᠡ ᠶᠢ ᠨᠡᠮᠡᠭᠳᠡᠭᠦᠯᠦᠨ᠂ ᠵᠢᠯ ᠤᠨ ᠲᠤᠳᠤᠷ᠎ᠠ 3 — | 5 ᠡᠷᠦᠬᠡ ᠠᠵᠤ ᠠᠬᠤᠶᠢᠯᠠᠯ ᠢ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠤᠨ ᠡᠩᠨᠡᠭᠡᠨ ᠳᠤ ᠤᠷᠤᠭᠤᠯᠤᠨ᠎ᠠ᠃ | ᠠᠵᠤ ᠦᠢᠯᠡᠳᠪᠦᠷᠢ ᠶᠢᠨ ᠲᠤᠭᠤᠷᠢᠭ ᠤᠨ ᠵᠠᠮ᠂ ᠤᠰᠤ᠂ ᠪᠤᠬᠢᠷ ᠢ ᠭᠠᠳᠠᠬᠰᠢᠯᠠᠭᠤᠯᠬᠤ᠂ ᠨᠡᠶᠢᠳᠡ ᠶᠢᠨ ᠲᠤᠯᠠᠭᠠᠯᠭ᠎ᠠ᠂ | ᠨᠤᠭᠤᠭᠠᠷᠠᠭᠤᠯᠤᠯᠳᠠ ᠵᠡᠷᠭᠡ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠵᠢᠯ ᠤᠷᠤᠨ | ᠤ ᠲᠡᠰ ᠤᠨ ᠠᠵᠤ ᠦᠢᠯᠡᠳᠪᠦᠷᠢ ᠶᠢᠨ ᠲᠤᠭᠤᠷᠢᠭ ᠢᠶᠠᠷ ᠲᠡᠰ ᠲᠡᠪᠰᠢᠭᠦᠯᠦᠨ ᠡᠷᠡᠮᠡᠯᠵᠡᠯᠡᠨ ᠮᠡᠳᠡᠭᠦᠯᠬᠦ ᠪᠠᠷ ᠴᠢᠷᠮᠠᠶᠢᠵᠤ᠂ | ᠶᠤᠸᠠᠨ ᠤ ᠲᠡᠭᠡᠳᠦ ᠨᠠᠶᠢᠰᠯᠠᠯ ᠤᠨ ᠦᠨᠳᠦᠰᠦᠳᠡᠨ ᠤ ᠰᠤᠶᠤᠯ ᠤᠨ ᠤᠨᠴᠠᠯᠢᠬᠳᠤ ᠠᠵᠤ ᠦᠢᠯᠡᠰ ᠤᠨ ᠲᠤᠭᠤᠷᠢᠭ ᠤᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠨᠡᠩ ᠤᠯᠠᠨ ᠠᠵᠤ ᠠᠬᠤᠶᠢᠯᠠᠯ ᠢ ᠲᠠᠳᠠᠨ ᠰᠠᠭᠤᠷᠢᠰᠢᠭᠤᠯᠬᠤ ᠪᠠᠷ | ᠴᠢᠷᠮᠠᠶᠢᠨ᠎ᠠ᠃ ᠭᠤᠤᠯᠳᠠᠯᠭ᠎ᠠ ᠲᠠᠢ ᠲᠦᠰᠦᠯ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠨᠡ | ᠵᠢᠯ ᠮᠠᠨ ᠤ ᠬᠤᠰᠢᠭᠤ ᠨᠢ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠰᠦᠯ ᠢ 81 ᠵᠤᠷᠪᠤᠰ ᠠᠬᠢᠭᠤᠯᠬᠤ | ᠪᠠᠷ ᠲᠦᠯᠦᠪᠯᠡᠵᠦ᠂ ᠡᠭᠦᠨ ᠳᠤ ᠭᠤᠤᠯᠳᠠᠯᠭ᠎ᠠ ᠲᠠᠢ ᠲᠦᠰᠦᠯ 40 ᠵᠤᠷᠪᠤᠰ ᠪᠠᠶᠢᠵᠤ᠂ 39.1 ᠳ᠋ᠦᠩᠰᠢᠭᠤᠷ ᠲᠦᠭᠦᠷᠢᠭ | ᠤᠨ ᠪᠡᠯᠡ ᠤᠷᠤᠭᠤᠯᠬᠤ ᠪᠠᠷ ᠲᠦᠯᠦᠪᠯᠡᠵᠦ ᠪᠤᠢ᠃ ᠭᠠᠵᠠᠷ ᠤᠨ ᠲᠡᠰ ᠤᠨ ᠤᠳᠤᠷᠢᠳᠬᠤ ᠺᠠᠳ᠋ᠷ ᠭᠤᠤᠯᠳᠠᠯᠭ᠎ᠠ ᠲᠠᠢ | ᠲᠦᠰᠦᠯ ᠲᠠᠢ ᠬᠠᠷᠢᠯᠴᠠᠬᠤ ᠠᠵᠢᠯ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠲᠦᠰᠦᠯ` ᠤᠨ ᠠᠵᠢᠯ ᠤᠨ ᠴᠠᠭ ᠢ | ᠲᠤᠩᠭᠤᠷᠠᠭᠤ ᠵᠢᠬᠰᠠᠭᠠᠨ᠂ ᠬᠦᠢᠴᠡᠳᠭᠡᠯ ᠨᠤᠷᠮ᠎ᠠ ᠶᠢ ᠬᠡᠷᠡᠮ ᠲᠡᠭᠡᠷ᠎ᠡ ᠭᠠᠷᠭᠠᠬᠤ ᠶᠢ ᠪᠠᠷᠢᠮᠳᠠᠯᠠᠨ᠎ᠠ᠃ ᠱᠠᠩᠳᠤ ᠴᠠᠬᠢᠯᠭᠠᠨ | ᠦᠢᠯᠡᠳᠪᠦᠷᠢ ᠶᠢᠨ ᠲᠦᠷᠪᠡᠳᠦᠭᠡᠷ ᠬᠤᠭᠤᠴᠠᠭᠠᠨ ᠤ ᠲᠦᠰᠦᠯ ᠢ ᠤᠯᠤᠰ ᠤᠨ ︽ᠠᠷᠪᠠᠨ ᠭᠤᠷᠪᠠᠳᠤᠭᠠᠷ ᠲᠠᠪᠤᠨ ᠵᠢᠯ ᠤᠨ | ᠴᠠᠬᠢᠯᠭᠠᠨ ᠡᠭᠦᠰᠬᠡᠭᠴᠢ ᠴᠡᠭ ᠤᠨ ᠬᠦᠭᠵᠢᠯᠳᠡ ᠶᠢᠨ ᠲᠦᠯᠦᠪᠵᠢᠭᠦᠯᠭᠡ︾ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ | ᠴᠠᠬᠢᠯᠭᠠᠨ ᠲᠤᠤᠷ ᠤᠨ ᠲᠦᠯᠦᠪᠵᠢᠭᠦᠯᠭᠡ︾ ᠳᠤ ᠤᠷᠤᠭᠤᠯᠬᠤ ᠪᠠᠷ ᠴᠢᠷᠮᠠᠶᠢᠨ᠂ ᠤᠯᠤᠰ ᠤᠨ ᠴᠠᠬᠢᠯᠭᠠᠨ ᠤ ᠯᠦᠩ ᠶᠤᠸᠠᠨ | ᠂ ᠬᠤᠸᠠ ᠶᠢ ᠰᠠᠯᠬᠢᠨ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠵᠦᠩ ᠪᠤᠤ ᠰᠢᠨ᠎ᠡ ᠬᠡᠯᠪᠡᠷᠢ ᠶᠢᠨ ᠪᠤᠭᠤᠳᠠᠯ ᠤᠨ | ᠮᠠᠲ᠋ᠧᠷᠢᠶᠠᠯ᠂ ᠹᠦ᠋ ᠶᠠᠩ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠦᠰᠦᠯ ᠤᠨ ᠪᠦᠳᠦᠭᠡᠨ ᠪᠠᠶᠢᠭᠤᠯᠤᠯᠳᠠ | ᠪᠠᠨ ᠡᠬᠢᠯᠡᠭᠦᠯᠬᠦ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠡᠷᠴᠢᠮ ᠢ ᠤᠯᠠᠮ ᠨᠢᠭᠡ | ᠠᠯᠬᠤᠮ ᠨᠡᠮᠡᠭᠳᠡᠭᠦᠯᠵᠦ᠂ ᠲᠤᠰ ᠵᠢᠯ ᠳᠤ 33 ᠳ᠋ᠦᠩᠰᠢᠭᠤᠷ ᠲᠦᠭᠦᠷᠢᠭ ᠤᠨ ᠠᠶᠢᠮᠠᠭ ᠤᠨ ᠭᠠᠳᠠᠨᠠᠬᠢ ᠪᠡᠯᠡ ᠮᠦᠩᠭᠦ ᠶᠢ | ᠲᠠᠳᠠᠨ ᠤᠷᠤᠭᠤᠯᠬᠤ ᠪᠠᠷ ᠴᠢᠷᠮᠠᠶᠢᠨ᠎ᠠ᠃ ᠨᠡᠩ ᠲᠡᠭᠦᠯᠳᠡᠷᠵᠢᠭᠰᠡᠨ ᠰᠠᠭᠤᠷᠢ ᠲᠦᠬᠦᠭᠡᠷᠦᠮᠵᠢ ᠶᠢᠨ ᠪᠠᠳᠤᠯᠠᠭ᠎ᠠ ᠶᠢᠨ | ᠰᠢᠰᠲ᠋ᠧᠮ ᠢ ᠪᠠᠶᠢᠭᠤᠯᠤᠨ᠎ᠠ᠃ ᠴᠠᠬᠢᠯᠭᠠᠨ ᠲᠤᠤᠷ ᠢ ᠲᠠᠰ ᠲᠡᠪᠰᠢᠭᠦᠯᠦᠨ ᠦᠭᠡᠷᠡᠴᠢᠯᠡᠬᠦ ᠪᠠ ᠱᠠᠩᠳᠤ ᠪᠠᠯᠭᠠᠰᠤᠨ ᠤ 110 | ᠺᠢᠯᠤᠸᠤᠯᠲ ᠤᠨ ᠬᠦᠴᠦᠳᠡᠯ ᠦᠭᠡᠷᠡᠴᠢᠯᠡᠬᠦ ᠦᠷᠳᠡᠭᠡ ᠶᠢ ᠦᠷᠭᠡᠳᠭᠡᠨ ᠪᠠᠶᠢᠭᠤᠯᠬᠤ ᠵᠡᠷᠭᠡ ᠴᠠᠬᠢᠯᠭᠠᠨ ᠬᠦᠴᠦᠨ ᠤ | ᠲᠦᠰᠦᠯ ᠢ ᠠᠬᠢᠭᠤᠯᠵᠤ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ ᠢ ᠡᠨᠡ ᠵᠢᠯ | ᠪᠠᠶᠢᠭᠤᠯᠵᠤ ᠲᠠᠭᠤᠰᠬᠠᠨ ᠠᠰᠢᠬᠯᠠᠯᠳᠠ ᠳᠤ ᠤᠷᠤᠭᠤᠯᠤᠨ᠂ ᠬᠠᠪᠢᠷᠭ᠎ᠠ ᠠᠴᠠ ᠰᠢᠯᠤᠭᠤᠨ ᠬᠦᠪᠡᠭᠡᠳᠦ ᠴᠠᠭᠠᠨ ᠬᠤᠰᠢᠭᠤ | ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠬᠦ ᠶᠢᠨ ᠬᠠᠮᠳᠤ ᠱᠠᠩᠳᠤ ᠰᠠᠯᠪᠤᠷᠢ | ᠱᠤᠭᠤᠮ ᠤᠨ ᠨᠢᠰᠬᠡᠯ ᠤᠨ ᠪᠠᠭᠤᠳᠠᠯ᠂ ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠤ ᠲᠡᠮᠦᠷ ᠵᠠᠮ ᠤᠨ | ᠲᠦᠰᠦᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠭᠦᠯᠬᠦ ᠶᠢ ᠠᠬᠢᠭᠤᠯᠤᠨ᠎ᠠ᠃ ᠪᠡᠯᠡ ᠬᠤᠷᠠᠮᠳᠤᠭᠤᠯᠬᠤ ᠬᠡᠯᠪᠡᠷᠢ | ᠮᠠᠶ᠋ᠢᠭ ᠢ ᠰᠢᠨᠡᠴᠢᠯᠡᠨ᠎ᠡ᠃ ᠠᠵᠤ ᠠᠬᠤᠶᠢᠯᠠᠯ ᠤᠨ ᠢᠳᠡᠭᠡᠮᠵᠢᠳᠦ ᠰᠢᠰᠲ᠋ᠧᠮ ᠢ ᠪᠠᠶᠢᠭᠤᠯᠤᠨ᠂ ︽ᠬᠠᠷᠢᠯᠴᠠᠨ | ᠬᠠᠪᠰᠤᠷᠤᠯᠴᠠᠬᠤ ᠪᠠᠳᠤᠯᠠᠭᠠᠳᠤ ᠵᠢᠭᠡᠯᠡᠯᠭᠡ︾ ᠵᠡᠷᠭᠡ ᠮᠦᠩᠭᠦᠨ ᠭᠦᠢᠯᠭᠡᠭᠡᠨ ᠤ ᠲᠤᠬᠠᠶᠢᠯᠠᠬᠰᠠᠨ ᠠᠵᠢᠯ ᠢ ᠰᠠᠶᠢᠳᠤᠷ ᠬᠢᠵᠦ᠂ | ᠮᠦᠩᠭᠦᠨ ᠭᠦᠢᠯᠭᠡᠭᠡᠨ ᠤ ᠪᠤᠳᠠᠳᠤ ᠠᠵᠤ ᠠᠬᠤᠢ ᠶᠢᠨ ᠬᠦᠭᠵᠢᠯᠳᠡ ᠶᠢ ᠲᠡᠮᠵᠢᠬᠦ ᠶᠠᠰᠤ ᠴᠢᠨᠠᠷ ᠪᠠ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠵᠠᠬ᠎ᠠ ᠳᠤ ᠭᠠᠷᠬᠤ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠭᠦᠯᠦᠨ᠂ | ᠠᠵᠤ ᠠᠬᠤᠶᠢᠯᠠᠯ ᠤᠨ ︽ᠰᠢᠨ᠎ᠡ ᠭᠤᠷᠪᠠᠨ ᠲᠠᠪᠴᠠᠩ︾ ᠤᠨ ᠫᠠᠶᠢᠰᠠ ᠡᠯᠭᠦᠭᠦ ᠶᠢ ᠵᠤᠷᠢᠬᠵᠢᠭᠤᠯᠤᠨ᠎ᠠ︔ ᠵᠠᠰᠠᠭ ᠤᠨ | ᠤᠷᠳᠤᠨ ᠤ ᠪᠡᠯᠡ ᠤᠷᠤᠭᠤᠯᠤᠯᠳᠠ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠳᠤᠷᠠᠯᠴᠠᠬᠤ ᠬᠡᠯᠪᠡᠷᠢ ᠮᠠᠶ᠋ᠢᠭ ᠢ | ᠰᠢᠨᠡᠴᠢᠯᠡᠨ᠂ ᠬᠤᠰᠢᠭᠤ ᠲᠤᠭᠤᠷᠢᠭ ᠤᠨ ᠮᠦᠩᠭᠦᠨ ᠭᠦᠢᠯᠭᠡᠭᠡᠨ ᠤ ᠢᠨᠵᠧᠨᠧᠷᠢᠩ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠲᠦᠰᠦᠯ ᠢ ᠠᠬᠢᠭᠤᠯᠵᠤ᠂ ᠶᠤᠸᠠᠨ ᠤ ᠲᠡᠭᠡᠳᠦ ᠨᠡᠶᠢᠰᠯᠡᠯ ᠤᠨ ᠰᠤᠶᠤᠯ ᠵᠢᠭᠤᠯᠴᠢᠯᠠᠯ ᠤᠨ ᠪᠡᠯᠡ | ᠤᠷᠤᠭᠤᠯᠤᠯᠳᠠ ᠶᠢᠨ ᠺᠤᠮᠫᠠᠨᠢ ᠵᠡᠷᠭᠡ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠡᠳ᠋ ᠤᠨ | ᠵᠠᠰᠠᠭ ᠤᠨ ᠪᠡᠯᠡ ᠮᠦᠩᠭᠦᠨ ᠤ ᠲᠠᠭᠠᠭᠤᠯᠬᠤ ᠦᠢᠯᠡᠳᠦᠯ ᠢ ᠦᠷᠭᠡᠳᠭᠡᠵᠦ᠂ ppp ᠶᠢᠨ ᠬᠡᠪ ᠵᠠᠭᠪᠤᠷ ᠢᠶᠠᠷ ᠵᠠᠰᠠᠭ ᠤᠨ | ᠤᠷᠳᠤᠨ ᠪᠤᠯᠤᠨ ᠨᠡᠶᠢᠭᠡᠮ ᠤᠨ ᠬᠦᠷᠦᠩᠬᠡ ᠶᠢᠨ ᠬᠠᠮᠳᠣᠷᠠᠯᠴᠠᠭ᠎ᠠ ᠶᠢ ᠠᠬᠢᠭᠤᠯᠵᠤ᠂ ᠨᠡᠶᠢᠭᠡᠮ ᠤᠨ ᠪᠡᠯᠡ ᠤᠷᠤᠭᠤᠯᠤᠯᠳᠠ | ᠶᠢᠨ ᠲᠠᠯᠳᠠ ᠴᠢᠳᠠᠪᠤᠷᠢ ᠶᠢ ᠤᠯᠠᠮ ᠨᠢᠬᠡ ᠠᠯᠬᠤᠮ ᠪᠠᠳᠠᠷᠠᠭᠤᠯᠤᠨ᠂ ᠨᠡᠩ ᠠᠷᠪᠢᠨ ᠨᠡᠶᠢᠭᠡᠮ ᠤᠨ ᠬᠦᠷᠦᠩᠭᠡ ᠶᠢ ᠰᠠᠭᠤᠷᠢ | ᠲᠦᠬᠦᠭᠡᠷᠦᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠪᠠᠶᠢᠭᠤᠯᠤᠯᠳᠠ ᠳᠤ ᠤᠷᠤᠭᠤᠯᠬᠤ ᠶᠢᠨ ᠬᠠᠮᠳᠤ ᠡᠯ᠎ᠡ ᠵᠦᠢᠯ | ᠤᠨ ᠲᠦᠭᠰᠢᠭᠦᠷᠢ ᠶᠢᠨ ᠰᠤᠷᠪᠤᠯᠵᠢ ᠶᠢ ᠪᠠᠶᠢᠴᠠᠭᠠᠨ ᠰᠤᠳᠤᠯᠤᠨ ᠮᠠᠭᠠᠳᠯᠠᠬᠤ ᠪᠠ ᠬᠢᠨᠠᠨ ᠬᠡᠮᠵᠢᠵᠦ ᠤᠷᠢᠳᠴᠢᠯᠡᠨ | ᠰᠡᠷᠡᠮᠵᠢᠯᠡᠭᠦᠯᠬᠦ ᠶᠢ ᠴᠢᠩᠭᠠᠳᠬᠠᠨ᠂ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠵᠦ | ᠨᠠᠮᠳᠠᠭᠤᠯᠤᠨ᠎ᠠ᠃ ᠠᠵᠤ ᠦᠢᠯᠡᠰ ᠤᠨ ᠲᠡᠰ ᠲᠡᠪᠰᠢᠯᠳᠡ ᠪᠠ ᠰᠢᠨᠡᠴᠢᠯᠡᠯᠳᠡ ᠶᠢᠨ ᠬᠦᠳᠡᠯᠭᠡᠬᠦ ᠬᠦᠴᠦᠨ ᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠦᠨ᠎ᠡ᠃ ᠵᠦᠷᠢᠶᠡᠳᠠᠢ᠂ ᠨᠠᠷᠢᠯᠢᠭ ᠤᠨᠤᠪᠴᠢᠳᠠᠢ ᠠᠵᠤ ᠦᠢᠯᠡᠰ ᠤᠨ ᠲᠡᠮᠵᠢᠯᠭᠡ ᠶᠢᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠠᠮᠵᠢᠯᠠᠯᠳᠤ ᠠᠵᠤ ᠦᠢᠯᠡᠰ ᠢ ᠦᠭᠡᠷᠡᠴᠢᠯᠡᠨ ᠲᠡᠰ ᠲᠡᠪᠰᠢᠭᠦᠯᠵᠦ᠂ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠬᠦᠮᠦᠵᠢᠭᠦᠯᠦᠨ ᠪᠤᠵᠠᠭᠠᠶᠢᠷᠠᠭᠤᠯᠤᠨ᠎ᠠ᠃ ᠨᠡᠭᠦᠷᠡᠰᠦᠨ | ᠨᠤᠨᠳᠠᠭ᠂ ᠬᠦᠬᠦᠷ ᠠᠷᠢᠯᠭᠠᠬᠰᠠᠨ ᠵᠤᠭᠠᠩ ᠵᠡᠷᠭᠡ ᠠᠵᠤ ᠦᠢᠯᠡᠳᠪᠦᠷᠢ ᠶᠢᠨ ᠬᠠᠳᠠᠭᠤ ᠪᠡᠶᠡᠳᠦ ᠬᠠᠶᠠᠬᠳᠠᠮᠠᠯ ᠢ | ᠶᠡᠷᠦᠩᠬᠡᠶᠢᠯᠡᠨ ᠨᠡᠭᠡᠭᠡᠨ ᠠᠰᠢᠬᠯᠠᠬᠤ ᠪᠠᠷ ᠭᠤᠤᠯ ᠪᠤᠯᠭᠠᠬᠰᠠᠨ ᠤᠷᠴᠢᠯᠳᠤ ᠠᠵᠤ ᠠᠬᠤᠢ ᠶᠢᠨ ᠬᠦᠭᠵᠢᠯᠳᠡ ᠶᠢ ᠠᠬᠢᠭᠤᠯᠵᠤ | ᠂ ᠲᠦᠬᠦᠭᠡᠷᠤᠮᠵᠢ ᠦᠢᠯᠡᠳᠬᠦ᠂ ᠪᠤᠬᠢᠷᠳᠤᠯ ᠦᠭᠡᠢ ᠴᠡᠪᠡᠷ ᠡᠨᠧᠷᠬᠢ᠂ ᠮᠠᠯ ᠲᠠᠷᠢᠶᠠᠯᠠᠩ ᠤᠨ ᠪᠦᠳᠦᠭᠡᠭᠳᠡᠭᠦᠨ ᠢ ᠨᠠᠷᠢᠯᠢᠭ | ᠭᠦᠨ ᠡᠳ᠋ᠰᠢᠭᠦᠯᠬᠦ ᠵᠡᠷᠭᠡ ᠠᠵᠤ ᠠᠬᠤᠶᠢᠯᠠᠯ ᠢ ᠢᠳᠡᠪᠬᠢᠳᠠᠢ ᠲᠠᠳᠠᠨ ᠤᠷᠤᠭᠤᠯᠵᠤ᠂ ᠤᠯᠠᠮᠵᠢᠯᠠᠯᠳᠤ ᠠᠵᠤ ᠦᠢᠯᠡᠰ ᠤᠨ | ᠦᠷᠢᠰᠦᠯᠳᠦᠬᠦ ᠬᠦᠴᠦᠨ ᠢ ᠲᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠪᠠᠷ ᠬᠢ ᠤᠷᠤᠭᠤᠯᠤᠯᠳᠠ | ᠪᠠᠨ ᠨᠡᠮᠡᠭᠳᠡᠭᠦᠯᠬᠦ ᠶᠢ ᠵᠤᠷᠢᠬᠵᠢᠭᠤᠯᠤᠨ᠂ ᠤᠷᠤᠨ ᠤ ᠳᠣᠳᠣᠨ᠎ᠠ ᠭᠠᠳᠠᠨᠠᠬᠢ ᠶᠡᠭᠡ ᠲᠡᠭᠡᠳᠦ ᠰᠤᠷᠭᠠᠭᠤᠯᠢ ᠪᠤᠯᠤᠨ ᠡᠷᠳᠡᠮ | ᠰᠢᠨᠵᠢᠯᠡᠭᠡᠨ ᠤ ᠬᠦᠷᠢᠶᠡᠯᠡᠩ ᠲᠠᠢ ᠬᠠᠮᠳᠤᠷᠠᠨ ᠠᠵᠢᠯᠯᠠᠬᠤ ᠬᠠᠷᠢᠴᠠᠭ᠎ᠠ ᠪᠠᠶᠢᠭᠤᠯᠬᠤ ᠪᠠᠷ ᠴᠢᠷᠮᠠᠶᠢᠨ᠂ ᠵᠠᠩᠬᠢᠯᠠᠭ᠎ᠠ ᠶᠢᠨ | ᠴᠢᠨᠠᠷᠳᠠᠢ ᠮᠡᠷᠭᠡᠵᠢᠯ ᠤᠨ ᠪᠤᠭᠤᠮᠳᠠ ᠰᠢᠪᠳᠤᠯᠬᠤ ᠪᠠ ᠬᠡᠷᠡᠭᠯᠡᠭᠡᠨ ᠤ ᠦᠷ᠎ᠡ ᠪᠦᠳᠦᠮᠵᠢ ᠶᠢᠨ ᠬᠤᠪᠢᠷᠠᠭᠠᠯᠳᠠ ᠶᠢ | ᠠᠬᠢᠭᠤᠯᠤᠨ᠎ᠠ᠃ | (ᠲᠦᠷᠪᠡ)ᠰᠤᠶᠤᠯ ᠵᠢᠭᠤᠯᠴᠢᠯᠠᠯ ᠤᠨ ᠦᠢᠯᠡᠰ ᠢ ᠪᠦᠬᠦ ᠬᠦᠴᠦᠨ ᠢᠶᠠᠷ ᠢᠶᠠᠨ ᠬᠦᠭᠵᠢᠭᠦᠯᠵᠦ᠂ ᠣᠳᠣᠬᠢᠴᠢᠯᠠᠭᠰᠠᠨ | ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠨᠡᠷᠡᠳᠣ ᠳᠡᠮᠳᠡᠭ ᠡᠭᠦᠳᠬᠦ ᠳᠤ ᠰᠠᠭᠤᠷᠢᠯᠠᠨ᠂ ︽ | ᠲᠠᠯ᠎ᠠ ᠨᠤᠳᠤᠭ ᠤᠨ ᠰᠤᠶᠤᠯ ᠤᠨ ᠤᠨᠴᠠᠯᠢᠭ ᠢ ᠬᠠᠷᠠᠭᠤᠯᠵᠤ᠂ ᠤᠮᠠᠷᠠᠳᠤ ᠬᠢᠯᠢ ᠶᠢᠨ ᠤᠨᠴᠠᠯᠢᠭ ᠢ ᠪᠦᠷᠢᠯᠳᠦᠭᠦᠯᠦᠭᠰᠡᠨ | ᠵᠢᠭᠤᠯᠴᠢᠯᠠᠯ᠂ ᠠᠮᠠᠷᠠᠯᠳᠠ ᠰᠡᠯᠡᠬᠦᠴᠡᠯ ᠤᠨ ᠰᠠᠭᠤᠷᠢᠨ ᠭᠠᠵᠠᠷ︾ ᠢ ᠪᠦᠳᠦᠭᠡᠨ ᠪᠠᠶᠢᠭᠤᠯᠬᠤ ᠦᠨᠳᠦᠷᠴᠡ ᠠᠴᠠ᠂ ᠰᠣᠶᠣᠯ | ᠵᠢᠭᠤᠯᠴᠢᠯᠠᠯ ᠤᠨ ᠦᠢᠯᠡᠰ ᠢᠶᠠᠷ ᠳᠣᠯᠣᠭᠠᠶᠢᠯᠠᠭᠴᠢ ᠪᠤᠯᠭᠠᠭᠰᠠᠨ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ | ᠲᠦᠷᠭᠡᠨ ᠬᠦᠭᠵᠢᠯᠳᠡ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠲᠦᠰᠦᠯ ᠤᠨ ᠪᠠᠶᠢᠭᠤᠯᠤᠯᠳᠠ ᠶᠢ ᠪᠦᠬᠦ ᠬᠦᠴᠦᠨ | ᠢᠶᠠᠷ ᠢᠶᠠᠨ ᠠᠬᠢᠭᠤᠯᠤᠨ᠎ᠠ᠃ ︽ᠰᠢᠯᠤᠭᠤᠨ ᠬᠦᠬᠡ ᠬᠤᠰᠢᠭᠤᠨ ᠤ ᠲᠡᠣᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ | ᠵᠢᠴᠢ ᠵᠢᠭᠤᠯᠴᠢᠯᠠᠯ ᠤᠨ ᠬᠦᠭᠵᠢᠯᠳᠡ ᠶᠢᠨ ᠶᠡᠷᠦᠩᠬᠡᠢ ᠲᠦᠯᠦᠪᠵᠢᠭᠦᠯᠭᠡ︾ ᠪᠠ ︽ᠶᠤᠸᠠᠨ ᠤ ᠲᠡᠭᠡᠳᠦ ᠨᠠᠶᠢᠰᠯᠠᠯ ᠤᠨ | ᠪᠠᠭᠤᠷᠢ ᠶᠢᠨ ᠢᠵᠢ ᠪᠦᠷᠢᠳᠦᠭᠰᠡᠨ ᠲᠦᠬᠦᠭᠡᠷᠦᠮᠵᠢ ᠶᠢᠨ ᠦᠵᠡᠭᠦᠯᠦᠯᠭᠡ ᠶᠢᠨ ᠪᠠᠷᠢᠯᠭ᠎ᠠ ᠶᠢᠨ ᠵᠢᠷᠤᠭ ᠲᠦᠯᠦᠪᠯᠡᠭᠡ︾ ᠶᠢ | ᠪᠡᠶᠡᠯᠡᠭᠦᠯᠦᠨ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠣᠨᠴᠠᠯᠢᠭᠳᠣ ᠰᠣᠶᠣᠯ ᠤᠨ ᠠᠵᠤ ᠦᠢᠯᠡᠰ ᠤᠨ ᠪᠦᠰᠡ | ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠶᠤᠸᠠᠨ | ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠦ ᠤᠷᠤᠨ ᠤ ᠬᠠᠮᠠᠭᠠᠯᠠᠯᠳᠠ ᠪᠠ ᠢᠵᠢ ᠪᠦᠷᠢᠳᠦᠭᠰᠡᠨ ᠲᠦᠬᠦᠭᠡᠷᠦᠮᠵᠢ | ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠤᠯᠠᠭᠠᠨᠳᠠᠢ ᠤᠪᠤᠭ᠎ᠠ ᠶᠢ ᠰᠡᠷᠭᠦᠭᠡᠨ᠂ ᠬᠤᠪᠢᠯᠠᠢ ᠺᠢᠨᠤ᠋ | ᠲᠧᠯᠸᠢᠰ ᠰᠡᠭᠦᠳᠡᠷᠯᠡᠬᠦ ᠲᠦᠰᠦᠯ ᠢ ᠭᠤᠤᠯᠳᠠᠯᠭ᠎ᠠ ᠲᠠᠢ ᠠᠬᠢᠭᠤᠯᠤᠨ᠂ ᠲᠧᠯᠸᠢᠰ ᠵᠦᠴᠦᠭᠡ ︽ᠬᠤᠪᠢᠯᠠᠢ︾ ᠶᠢ ᠡᠬᠢᠯᠡᠨ | ᠰᠡᠭᠦᠳᠡᠷᠯᠡᠵᠦ᠂ ᠶᠤᠸᠠᠨ ᠱᠠᠩ ᠲᠢᠶᠠᠨ ᠳ᠋ᠢ ᠦᠵᠡᠮᠵᠢᠳᠦ ᠤᠷᠤᠨ᠂ ᠱᠠᠩᠳᠤ ᠨᠠᠭᠤᠷ ᠠᠮᠢ ᠠᠬᠤᠢ ᠶᠢᠨ ᠵᠢᠭᠤᠯᠴᠢᠯᠠᠯ ᠤᠨ | ᠦᠵᠡᠮᠵᠢᠳᠦ ᠤᠷᠤᠨ᠂ ᠠᠽᠢᠶ᠎ᠠ ᠲᠢᠪ ᠤᠨ ᠪᠠ ᠬᠠ ᠬᠡᠬᠡᠷᠡᠯᠡᠨ ᠠᠶᠠᠯᠠᠬᠤ ᠮᠠᠰᠢᠨ ᠲᠡᠷᠭᠡᠨ ᠤ ᠬᠦᠴᠦᠨ ᠵᠠᠯᠭᠠᠬᠤ | ᠤᠷᠤᠯᠳᠤᠭᠠᠨ ᠵᠡᠷᠭᠡ ᠲᠦᠰᠦᠯ ᠢ ᠰᠢᠨ᠎ᠡ ᠠᠬᠢᠯᠳᠠ ᠲᠠᠢ ᠪᠤᠯᠭᠠᠵᠤ᠂ ᠰᠤᠶᠤᠯ ᠵᠢᠭᠤᠯᠴᠢᠯᠠᠯ ᠤᠨ ᠲᠦᠰᠦᠯ ᠤᠨ ᠶᠡᠷᠦᠩᠬᠡᠢ | ᠪᠡᠯᠡ ᠤᠷᠤᠭᠤᠯᠤᠯᠳᠠ ᠶᠢ 3.3 ᠳ᠋ᠦᠩᠰᠢᠭᠤᠷ ᠲᠦᠭᠦᠷᠢᠭ ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠵᠢᠭᠤᠯᠴᠢᠯᠠᠯ | ᠤᠨ ᠦᠢᠯᠡᠴᠢᠯᠡᠭᠡᠨ ᠤ ᠦᠢᠯᠡᠰ ᠤᠨ ᠢᠵᠢ ᠪᠦᠷᠢᠳᠦᠭᠰᠡᠨ ᠲᠦᠭᠦᠭᠡᠷᠦᠮᠵᠢ ᠶᠢ ᠣᠯᠠᠮ ᠨᠢᠭᠡ ᠠᠯᠬᠤᠮ ᠲᠡᠭᠦᠯᠳᠡᠷᠵᠭᠦᠯᠦᠨᠡ᠃ | ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢᠨ ᠦᠵᠡᠮᠵᠢᠳᠣ ᠣᠷᠣᠨ ᠤ ᠵᠢᠭᠤᠯᠴᠢᠯᠠᠯ ᠤᠨ ᠲᠦᠪᠯᠡᠷᠡᠭᠦᠯᠵᠦ ᠲᠠᠷᠬᠠᠭᠠᠬᠤ | ᠲᠦᠪ᠂ ᠠᠰᠠᠭᠤᠨ ᠯᠠᠪᠯᠠᠬᠤ ᠲᠦᠪ ᠪᠤᠯᠤᠨ ᠦᠢᠯᠡᠴᠢᠯᠡᠭᠡᠨ ᠤ ᠲᠦᠪ ᠤᠨ ᠢᠵᠢ ᠪᠦᠷᠢᠳᠦᠭᠰᠡᠨ ᠪᠠᠶᠢᠭᠤᠯᠤᠯᠳᠠ ᠶᠢ ᠨᠡᠩ | ᠲᠡᠭᠦᠯᠳᠡᠷᠵᠢᠭᠦᠯᠦᠨ᠂ ᠦᠵᠡᠮᠵᠢᠳᠦ ᠤᠷᠤᠨ ᠤ ᠴᠢᠳᠠᠪᠬᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ | ᠬᠤᠪᠢᠰᠬᠠᠯ ᠤᠨ ᠰᠠᠭᠤᠷᠢᠨ ᠭᠠᠵᠠᠷ ᠤᠨ ᠦᠵᠡᠮᠵᠢᠳᠣ ᠣᠷᠣᠨ᠂ ᠡᠯᠡᠰᠦᠨ ᠤ ᠪᠠᠶᠢᠭᠠᠯᠢ ᠶᠢᠨ ᠦᠵᠡᠮᠵᠢ ᠪᠠ ᠪᠠᠯᠠᠷ ᠣᠢ ᠶᠢᠨ | ᠦᠵᠡᠮᠵᠢ ᠶᠢ ᠳᠣᠬᠢᠷᠠᠯᠴᠠᠭᠤᠯᠤᠨ᠂ ᠪᠦᠷᠢᠨ ᠲᠡᠭᠦᠯᠳᠡᠷ ᠵᠢᠭᠤᠯᠴᠢᠯᠠᠯ ᠤᠨ ᠵᠠᠮ ᠱᠣᠭᠤᠮ ᠢ ᠡᠭᠦᠳᠴᠦ᠂ ︽ᠨᠢᠭᠡ ᠭᠤᠤᠯ | ᠤᠯᠠᠨ ᠴᠡᠭ︾ ᠪᠦᠬᠦᠢ ᠰᠤᠶᠤᠯ ᠵᠢᠭᠤᠯᠴᠢᠯᠠᠯ ᠤᠨ ᠪᠠᠶᠢᠷᠢᠰᠢᠯ ᠢ ᠪᠦᠷᠢᠯᠳᠦᠭᠦᠯᠦᠨ᠂ ᠪᠦᠬᠦ ᠵᠢᠯ ᠤᠨ ᠵᠢᠭᠤᠯᠴᠢᠳ ᠤᠨ | ᠲᠤᠭ᠎ᠠ ᠶᠢ 62 ᠲᠦᠮᠡᠨ ᠬᠦᠮᠦᠨ ᠤᠳᠠᠭ᠎ᠠ ᠶᠢ ᠲᠠᠪᠠᠭᠤᠯᠬᠤ ᠪᠠᠷ ᠴᠢᠷᠮᠠᠶᠢᠵᠤ᠂ 3.8 ᠳ᠋ᠦᠩᠰᠢᠭᠤᠷ ᠲᠦᠭᠦᠷᠢᠭ ᠤᠨ | ᠤᠷᠤᠯᠭ᠎ᠠ ᠡᠭᠦᠳᠦᠨ᠎ᠡ᠃ ᠡᠯᠡᠰᠦᠨ ᠵᠢᠷᠤᠭ᠂ ᠪᠤᠷᠭᠠᠰᠣᠨ ᠬᠦᠷᠦᠮᠠᠯ ᠵᠡᠷᠭᠡ ᠦᠨᠳᠦᠰᠦᠳᠡᠨ ᠤ ᠣᠨᠴᠠᠯᠢᠭᠳᠣ ᠭᠠᠷ ᠣᠷᠠᠯᠠᠯ | ᠤᠨ ᠪᠦᠳᠦᠭᠡᠭᠳᠡᠭᠦᠨ ᠤ ᠠᠵᠤ ᠠᠬᠤᠶᠢᠯᠠᠯ ᠤᠨ ᠬᠦᠭᠵᠢᠯᠳᠡ ᠶᠢ ᠪᠤᠵᠠᠭᠠᠶᠢᠷᠠᠭᠤᠯᠤᠨ᠎ᠡ︔ A ᠲᠡᠰ ᠤᠨ ᠦᠵᠡᠮᠵᠢᠳᠣ | ᠤᠷᠤᠨ᠂ ︽ᠮᠠᠯᠴᠢᠨ ᠠᠶᠢᠯ︾ ᠪᠠ ︽ᠭᠡᠷ ᠪᠦᠯᠢ ᠶᠢᠨ ᠪᠠᠭᠤᠳᠠᠯ︾ ᠤᠨ ᠡᠷᠡᠭᠦᠯ ᠬᠠᠮᠠᠭᠠᠯᠠᠯ ᠤᠨ ᠲᠦᠬᠦᠭᠡᠷᠦᠮᠵᠢ ᠶᠢ | ᠲᠡᠰ ᠲᠡᠪᠰᠢᠭᠦᠯᠦᠨ ᠦᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠵᠢᠭᠤᠯᠴᠢᠯᠠᠯ ᠤᠨ ᠠᠵᠢᠯ | ᠦᠢᠯᠡᠰ ᠡᠷᠬᠢᠯᠡᠵᠦ ᠪᠠᠶᠢᠭ᠎ᠠ ᠬᠦᠮᠦᠰ ᠢ ᠪᠤᠯᠪᠠᠰᠣᠷᠠᠭᠤᠯᠬᠤ ᠡᠷᠴᠢᠮ ᠢ ᠴᠢᠩᠭᠠᠳᠬᠠᠵᠤ᠂ ᠣᠬᠢ ᠰᠠᠶᠢᠨ ᠲᠦᠷᠢ ᠲᠦᠷᠬᠦ ᠶᠢ | ᠪᠤᠢ ᠪᠤᠯᠭᠠᠨ᠎ᠠ᠃ ᠦᠢᠯᠡᠴᠢᠯᠡᠭᠡᠨ ᠤ ᠦᠢᠯᠡᠰ ᠤᠨ ︽ᠢᠨᠲ᠋ᠧᠷᠨ᠋ᠲ ᠰᠦᠯᠵᠢᠶ᠎ᠡ +︾ ᠶᠢᠨ ᠬᠡᠪ ᠵᠠᠬᠪᠤᠷ ᠢ ᠢᠳᠡᠪᠬᠢᠳᠠᠢ | ᠠᠬᠢᠭᠤᠯᠤᠨ᠎ᠠ᠃ ᠶᠡᠭᠡ ᠲᠤᠭ᠎ᠠ ᠪᠠᠷᠢᠮᠳᠠ ᠶᠢᠨ ᠬᠦᠭᠵᠢᠯᠳᠡ ᠶᠢ ᠲᠦᠯᠦᠪᠯᠡᠭᠡ ᠶᠢ ᠭᠡᠷᠡᠭᠵᠢᠭᠦᠯᠵᠦ᠂ ᠡᠯᠺᠧᠲᠷᠦᠨ | ᠬᠤᠳᠠᠯᠳᠤᠭ᠎ᠠ ᠪᠠᠷ ᠰᠢᠨᠡᠴᠢᠯᠡᠯᠳᠡ ᠶᠢᠨ ᠴᠡᠭ ᠪᠤᠯᠭᠠᠨ᠂ ᠦᠢᠯᠡᠴᠢᠯᠡᠭᠡᠨ ᠤ ᠦᠢᠯᠡᠰ ᠢ ᠲᠠᠶᠢᠴᠢᠯᠠᠨ ︽ᠢᠨᠲ᠋ᠧᠷᠨ᠋ᠲ | ᠰᠦᠯᠵᠢᠶ᠎ᠡ +︾ ᠳᠤ ᠣᠷᠣᠭᠤᠯᠤᠨ᠎ᠠ᠃ ᠡᠯᠺᠧᠲᠷᠦᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠤᠷᠤᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠲᠦᠰᠦᠯ ᠳᠤ ᠲᠦᠰᠢᠭᠯᠡᠨ᠂ ᠬᠤᠳᠠᠯᠳᠣᠭᠠᠨ ᠤ ᠶᠠᠪᠤᠳᠠᠯ᠂ | ᠶᠠᠳᠠᠭᠤ ᠶᠢ ᠲᠡᠳᠬᠦᠬᠦ᠂ ᠬᠠᠩᠭᠠᠨ ᠪᠤᠷᠤᠯᠠᠭᠤᠯᠭ᠎ᠠ᠂ ᠠᠵᠢᠯ ᠤᠯᠭᠤᠯᠳᠠ᠂ ᠰᠢᠤᠳᠠᠨ ᠵᠡᠷᠭᠡ ᠡᠬᠢ ᠪᠠᠶᠠᠯᠢᠭ ᠢ ᠪᠦᠳᠦᠮᠵᠢᠳᠠᠢ | ᠨᠡᠶᠢᠯᠡᠭᠦᠯᠦᠨ᠂ ᠰᠤᠮᠤ ᠪᠠᠯᠭᠠᠰᠤ ᠲᠠᠯᠠᠪᠠᠢ ᠶᠢᠨ ᠲᠤᠬᠢᠷᠠᠭᠤᠯᠤᠨ ᠬᠦᠷᠭᠡᠬᠦ ᠲᠦᠪ᠂ ᠭᠠᠴᠠᠭ᠎ᠠ ᠲᠤᠰᠬᠤᠨ ᠤ ᠦᠢᠯᠡᠴᠢᠯᠡᠭᠡᠨ | ᠤ ᠲᠦᠪ ᠪᠠ ᠭᠤᠷᠪᠠᠨ ᠱᠠᠳᠤᠨ ᠤ ᠪᠤᠳᠠᠰ ᠤᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠤᠨ ᠳᠣᠭᠳᠠᠯᠴᠠᠭᠠᠨ ᠤ | ᠪᠠᠶᠢᠭᠤᠯᠤᠯᠳᠠ ᠶᠢ ᠲᠡᠭᠦᠯᠳᠡᠷᠵᠢᠭᠦᠯᠦᠨ᠎ᠡ︔ ᠲᠡᠭᠡᠭᠰᠢ ᠪᠤᠳᠠᠰ ᠤᠨ ᠭᠦᠢᠯᠬᠡᠬᠡᠨ ᠤ ᠲᠦᠷᠭᠡᠨ ᠲᠠᠮᠵᠢᠭᠤᠯᠭ᠎ᠠ ᠶᠢᠨ ᠡᠬᠢ | ᠪᠠᠶᠠᠯᠢᠭ ᠢ ᠨᠡᠶᠢᠯᠡᠭᠦᠯᠵᠦ᠂ ᠲᠤᠷᠤᠬᠰᠢ ᠦᠢᠯᠡᠴᠢᠯᠡᠭᠡᠨ ᠤ ᠵᠤᠬᠰᠤᠯᠳᠠ ᠴᠡᠭ ᠤᠨ ᠲᠤᠤᠷ ᠰᠦᠯᠵᠢᠶ᠎ᠡ ᠶᠢ ᠵᠤᠯᠭᠠᠯᠳᠤᠭᠤᠯᠤᠨ | ᠂ ᠬᠤᠳᠠᠯᠳᠣᠭᠠᠨ ᠤ ᠦᠢᠯᠡᠰ ᠤᠨ ᠰᠢᠨ᠎ᠡ ᠶᠢ ᠡᠭᠦᠳᠦᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ︔ ᠬᠢᠯᠢ | ᠠᠯᠤᠰᠯᠠᠭᠰᠠᠨ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠵᠤᠷᠢᠭᠵᠢᠭᠤᠯᠵᠤ᠂ ᠭᠠᠳᠠᠭᠠᠳᠣ ᠠᠵᠤ ᠠᠬᠤᠢ ᠠᠷᠠᠯᠵᠢᠶᠠᠨ | ᠤ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ ᠠᠮᠢᠳᠣᠷᠠᠯ ᠤᠨ ᠴᠢᠨᠠᠷᠳᠠᠢ ᠦᠢᠯᠡᠴᠢᠯᠡᠭᠡᠨ ᠤ ᠦᠢᠯᠡᠰ ᠤᠨ ᠪᠦᠬᠦᠶᠢᠯᠡ | ᠴᠣᠭᠴᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠣᠭᠠᠨ ᠤ ᠭᠦᠢᠯᠭᠡᠭᠡᠨ ᠤ ᠰᠢᠰᠲ᠋ᠧᠮ ᠤᠨ | ᠪᠠᠶᠢᠭᠤᠯᠤᠯᠳᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳᠦᠷ ᠳᠣᠳᠣᠮ ᠤᠨ ᠭᠡᠷᠡᠭᠯᠡᠭᠡᠨ ᠤ ᠪᠤᠳᠠᠰ ᠤᠨ ᠶᠡᠷᠦᠳᠡ | ᠶᠢᠨ ᠬᠠᠩᠭᠠᠯᠭ᠎ᠠ ᠪᠠ ᠦᠨ᠎ᠡ ᠬᠠᠩᠰᠢ ᠶᠢᠨ ᠳᠣᠭᠳᠠᠪᠤᠷᠢᠳᠠᠢ ᠪᠠᠶᠢᠬᠤ ᠶᠢ ᠪᠠᠳᠣᠯᠠᠵᠤ᠂ ᠬᠤᠳᠠ ᠬᠦᠳᠡᠭᠡ ᠶᠢᠨ ᠵᠠᠬ᠎ᠠ | ᠲᠡᠯᠭᠡᠭᠦᠷ ᠢ ᠬᠦᠭᠵᠢᠭᠦᠯᠦᠨ᠂ ᠬᠤᠳᠠᠯᠳᠣᠭᠠᠨ ᠤ ᠶᠠᠪᠤᠳᠠᠯ ᠤᠨ ᠬᠠᠤᠯᠢ ᠭᠡᠷᠡᠭᠵᠢᠭᠦᠯᠬᠦ ᠡᠷᠴᠢᠮ ᠢ ᠴᠢᠩᠭᠠᠳᠬᠠᠵᠤ᠂ | ᠭᠡᠷᠡᠭᠯᠡᠭᠴᠢᠳ ᠤᠨ ᠠᠮᠣᠷ ᠲᠦᠪᠰᠢᠨ ᠢ ᠦᠨᠡᠨᠬᠦ ᠪᠠᠳᠣᠯᠠᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠢ ᠰᠣᠯᠢᠯᠴᠠᠬᠤ | ᠵᠠᠬ᠎ᠠ ᠲᠡᠯᠭᠡᠭᠦᠷ ᠤᠨ ᠪᠠᠶᠢᠭᠤᠯᠤᠯᠳᠠ ᠶᠢ ᠲᠦᠷᠭᠡᠳᠭᠡᠵᠦ᠂ ᠮᠢᠬ᠎ᠠ᠂ ᠨᠣᠭᠤᠭ᠎ᠠ᠂ ᠬᠢᠳᠡᠳ ᠡᠮ᠂ ᠡᠪᠡᠰᠦᠨ ᠡᠮ ᠤᠨ | ᠮᠦᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠨᠤᠳᠤᠭ ᠤᠨ ᠣᠨᠴᠠᠯᠢᠭᠳᠣ ᠨᠡᠷᠡᠳᠣ ᠳᠡᠮᠳᠡᠭ ᠤᠨ ᠦᠷᠢᠰᠦᠯᠳᠦᠬᠦ | ᠬᠦᠴᠦᠨ ᠢ ᠲᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠪᠤᠳᠠᠰ ᠤᠨ ᠭᠦᠢᠯᠭᠡᠭᠡ᠂ ᠰᠣᠶᠣᠯ ᠳᠠᠮᠢᠷ᠂ ᠨᠠᠭᠠᠳᠣᠮ ᠴᠠᠩᠭᠡᠯ᠂ | ᠠᠳᠠᠯ ᠠᠬᠤᠢ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ | ᠬᠦᠭᠵᠢᠯᠳᠡ ᠶᠢ ᠠᠬᠢᠭᠤᠯᠵᠤ᠂ ᠭᠡᠷᠡᠭᠯᠡᠭᠡᠨ ᠤ ᠪᠦᠳᠦᠴᠡ ᠶᠢᠨ ᠲᠡᠰ ᠲᠠᠪᠰᠢᠯᠳᠠ ᠶᠢ ᠳᠠᠶᠢᠴᠢᠯᠠᠨ᠎ᠠ︔ ᠨᠠᠰᠣᠳᠠᠨ ᠢ | ᠠᠰᠠᠷᠠᠬᠤ ᠦᠢᠯᠡᠴᠢᠯᠡᠭᠡᠨ ᠤ ᠦᠢᠯᠡᠰ ᠢ ᠬᠦᠭᠵᠢᠭᠦᠯᠵᠦ᠂ ᠨᠠᠶᠢᠭᠡᠮ ᠨᠠᠶᠢᠳᠠ ᠠᠴᠠ ᠪᠡᠯᠡ ᠣᠷᠣᠭᠤᠯᠤᠨ ᠨᠠᠰᠣᠳᠠᠨ ᠢ | ᠠᠰᠠᠷᠠᠬᠤ ᠪᠠᠶᠢᠭᠤᠯᠤᠮᠵᠢ ᠶᠢ ᠡᠭᠦᠰᠭᠡᠨ ᠪᠠᠶᠢᠭᠤᠯᠬᠤ ᠶᠢ ᠵᠤᠷᠢᠭᠵᠢᠭᠤᠯᠤᠨ᠎ᠡ᠃ ᠠᠮᠤ ᠪᠤᠳᠠᠭᠠᠨ ᠤ ᠠᠮᠤᠷ ᠲᠦᠪᠰᠢᠨ ᠢ | ᠪᠠᠳᠣᠯᠠᠵᠤ᠂ ᠣᠯᠣᠰ ᠪᠠ ᠣᠷᠣᠨ ᠨᠤᠳᠤᠭ ᠤᠨ ᠨᠦᠭᠡᠴᠡ ᠠᠮᠤ ᠶᠢ ᠬᠦᠮᠦᠷᠭᠡᠯᠡᠬᠦ ᠡᠭᠦᠷᠭᠡ ᠶᠢ ᠳᠣᠭᠳᠠᠭᠰᠠᠨ ᠴᠠᠭ ᠲᠠᠭᠠᠨ | ᠪᠠᠶᠠᠯᠠᠭᠦᠯᠦᠨ᠎ᠡ᠃ | ︵ᠲᠠᠪᠤ︶ ᠦᠭᠡᠷᠡᠴᠢᠯᠡᠯᠳᠡ ᠶᠢᠨ ᠰᠢᠪᠳᠣᠯᠣᠯᠳᠠ ᠶᠢᠨ ᠬᠦᠴᠦᠯᠡᠴᠡ ᠶᠢ ᠴᠢᠩᠭᠠᠳᠬᠠᠵᠤ᠂ ᠦᠭᠡᠷᠡᠴᠢᠯᠡᠯᠳᠡ | ᠶᠢᠨ ᠠᠷᠭ᠎ᠠ ᠬᠡᠮᠵᠢᠶ᠎ᠠ ᠶᠢ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠣᠯᠠᠨ᠎ᠠ᠃ | ᠲᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠢ ᠴᠣᠮᠬᠠᠳᠬᠠᠨ ᠡᠷᠭᠡ ᠶᠢ | ᠳᠠᠯᠪᠢᠬᠤ᠂ ᠦᠨ᠎ᠡ ᠬᠠᠩᠰᠢ ᠶᠢᠨ ᠵᠠᠬ᠎ᠠ ᠲᠡᠯᠭᠡᠭᠦᠷᠴᠢᠯᠡᠯᠳᠡ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡ᠂ ᠮᠠᠯᠵᠢᠬᠤ | ᠲᠠᠷᠢᠶᠠᠯᠠᠬᠤ ᠤᠷᠤᠨ᠂ ᠬᠤᠳᠠ ᠶᠢᠨ ᠬᠠᠮᠢᠶᠠᠷᠣᠯᠳᠠ ᠶᠢᠨ ᠪᠠᠶᠢᠭᠤᠯᠤᠮᠵᠢ ᠵᠢᠴᠢ ᠰᠣᠷᠭᠠᠨ ᠬᠦᠮᠦᠵᠢᠯ ᠡᠮ ᠡᠮᠨᠡᠯᠭᠡ᠂ | ᠨᠠᠰᠣᠵᠢᠯ ᠤᠨ ᠳᠠᠭᠠᠳᠬᠠᠯ ᠵᠡᠷᠭᠡ ᠬᠦᠷᠢᠶᠠᠨ ᠳᠠᠬᠢ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠰᠠᠶᠢᠳᠣᠷ | ᠨᠠᠶᠢᠳᠠᠪᠤᠷᠢᠵᠢᠭᠤᠯᠵᠤ᠂ ᠳᠣᠭᠳᠠᠭᠤᠨ ᠨᠡᠮᠡᠭᠳᠡᠯ᠂ ᠪᠦᠳᠦᠴᠡ ᠶᠢᠨ ᠳᠣᠬᠢᠷᠠᠭᠤᠯᠤᠯᠳᠠ᠂ ᠠᠷᠠᠳ ᠤᠨ ᠠᠮᠢᠳᠣᠷᠠᠯ ᠢ | ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠠᠯ᠎ᠠ ᠪᠠᠷ ᠬᠢ ᠦᠭᠡᠷᠡᠴᠢᠯᠡᠯᠳᠡ ᠶᠢᠨ ᠴᠢᠬᠤᠯᠠ ᠦᠢᠯᠡᠳᠦᠯ ᠢ | ᠪᠠᠳᠠᠷᠠᠭᠤᠯᠵᠤ᠂ ᠦᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠦᠭᠡᠷᠡᠴᠢᠯᠡᠯᠳᠡ ᠶᠢᠨ ᠳᠣᠷᠰᠢᠯᠳᠠ ᠶᠢᠨ ᠴᠡᠭ ᠤᠨ | ᠬᠡᠪᠴᠢᠶᠡᠨ ᠳᠤ ᠣᠷᠣᠬᠤ ᠪᠠᠷ ᠴᠢᠷᠮᠠᠶᠢᠵᠤ᠂ ᠤᠷᠢᠳᠡᠪᠡᠷ ᠭᠡᠷᠡᠭᠵᠢᠭᠦᠯᠵᠦ ᠣᠷᠢᠳᠡᠪᠡᠷ ᠳᠣᠷᠰᠢᠬᠤ ᠶᠢ ᠵᠤᠷᠢᠭᠳᠠᠢ ᠪᠠᠷ | ᠭᠡᠷᠡᠭᠵᠢᠭᠦᠯᠦᠨ᠂ ᠦᠭᠡᠷᠡᠴᠢᠯᠡᠯᠳᠡ ᠶᠢᠨ ᠠᠵᠠ ᠳᠣᠬᠢᠶᠠᠯ ᠢ ᠰᠠᠶᠢᠳᠣᠷ ᠠᠳᠬᠤᠨ᠎ᠠ᠃ ᠦᠭᠡᠷᠡᠴᠢᠯᠡᠯᠳᠡ ᠶᠢᠨ ᠲᠠᠯ᠎ᠠ ᠪᠠᠷ ᠬᠢ | ᠡᠭᠦᠷᠭᠡ ᠶᠢᠨ ᠰᠣᠳᠣᠯᠤᠨ ᠪᠠᠶᠢᠷᠢᠯᠠᠭᠤᠯᠤᠯᠳᠠ᠂ ᠳᠣᠬᠢᠷᠠᠭᠤᠯᠤᠨ ᠵᠠᠳᠠᠯᠤᠯᠳᠠ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠳᠠ ᠪᠠ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠪᠦᠬᠦ ᠶᠠᠪᠤᠴᠠ ᠶᠢ ᠮᠦᠷᠳᠡᠬᠦ᠂ ᠪᠦᠬᠦ ᠶᠠᠪᠤᠴᠠ ᠶᠢ | ᠬᠠᠷᠢᠭᠤᠴᠠᠬᠤ ᠪᠠ ᠳᠣᠣᠱᠳᠠᠢ ᠠᠳᠬᠤᠬᠤ ᠶᠢ ᠪᠠᠶᠠᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠭᠡᠷᠡᠴᠢᠯᠡᠯᠳᠡ ᠶᠢ | ᠬᠦᠨᠵᠡᠭᠡᠶᠢᠷᠡᠭᠦᠯᠦᠨ᠎ᠡ᠃ ᠲᠠᠷᠢᠶᠠᠯᠠᠩ ᠪᠤᠯᠤᠨ ᠠᠵᠤ ᠠᠬᠤᠶᠢᠯᠠᠯ ᠤᠨ ᠠᠰᠢᠭ ᠳᠣᠰᠠ ᠶᠢ ᠬᠤᠯᠪᠤᠬᠤ ᠳᠣᠭᠳᠠᠴᠠᠯᠭᠠ ᠶᠢ | ᠲᠡᠭᠦᠯᠳᠡᠷᠵᠢᠭᠦᠯᠵᠦ᠂ ᠠᠵᠤ ᠦᠢᠯᠡᠰᠵᠢᠭᠰᠡᠨ ᠡᠵᠡᠩᠨᠡᠯᠳᠡ ᠳᠣᠮᠳᠠᠬᠢ ᠮᠠᠯᠴᠢᠨ ᠲᠠᠷᠢᠶᠠᠴᠢᠨ ᠤ ᠢᠳᠡᠪᠬᠢᠵᠢᠯ ᠢ | ᠲᠡᠭᠡᠭᠰᠢᠯᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ ᠳᠣᠮᠣ ᠡᠷᠦᠬᠡ ᠪᠠ ᠮᠠᠯᠴᠢᠨ ᠲᠠᠷᠢᠶᠠᠴᠢᠨ ᠤ | ᠬᠤᠷᠰᠢᠶᠠᠵᠢᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠣᠭᠴᠠ ᠶᠢ ᠢᠳᠡᠪᠬᠢᠳᠠᠢ ᠬᠦᠮᠦᠵᠢᠭᠦᠯᠵᠦ᠂ ᠤᠯᠠᠨ | ᠵᠦᠢᠯ ᠤᠨ ᠬᠡᠯᠪᠡᠷᠢ ᠮᠠᠶ᠋ᠢᠭ ᠤᠨ ᠵᠤᠬᠢᠰᠳᠠᠢ ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠦᠨ᠎ᠡ᠃ ᠵᠠᠰᠠᠭ ᠪᠤᠯᠤᠨ ᠠᠵᠢᠯ | ᠦᠢᠯᠡᠰ ᠢ ᠰᠠᠯᠭᠠᠬᠤ᠂ ᠨᠠᠶᠢᠭᠡᠮ ᠪᠤᠯᠤᠨ ᠠᠵᠤ ᠠᠬᠤᠶᠢᠯᠠᠯ ᠢ ᠰᠠᠯᠭᠠᠬᠤ ᠴᠢᠭᠯᠡᠯᠳᠡ ᠶᠣᠰᠣᠭᠠᠷ᠂ ᠬᠠᠩᠭᠠᠨ ᠪᠤᠷᠣᠯᠠᠭᠤᠯᠬᠤ | ᠬᠤᠷᠰᠢᠶᠠᠨ ᠤ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠬᠦᠷᠢᠶᠠᠨ ᠳᠠᠬᠢ | ᠦᠭᠡᠷᠡᠴᠢᠯᠡᠯᠳᠡ ᠶᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠦᠷᠢ ᠰᠢᠷᠢ ᠶᠢᠨ ᠬᠦᠰᠦᠨᠦᠭ ᠢ ᠰᠢᠨᠵᠢᠯᠡᠭᠦ | ᠣᠬᠠᠭᠠᠨᠴᠢ ᠪᠠᠷ ᠳᠣᠭᠤᠷᠪᠢᠵᠤ᠂ ᠣᠳᠣᠷᠢᠳᠬᠤ ᠺᠠᠳ᠋ᠷ ᠤᠨ ᠳᠣᠰᠢᠶᠠᠯ ᠠᠴᠠ ᠪᠠᠨ ᠰᠠᠯᠠᠬᠤ ᠦᠶᠡᠰ ᠤᠨ ᠪᠠᠶᠢᠭᠠᠯᠢ ᠶᠢᠨ | ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠤᠳᠣᠯᠳᠠ ᠶᠢ ᠨᠠᠶᠢᠳᠠᠪᠤᠷᠢᠵᠢᠭᠤᠯᠤᠨ᠎ᠠ︔ ᠪᠤᠬᠢᠷ ᠢ ᠭᠠᠳᠠᠭᠰᠢᠯᠠᠭᠤᠯᠬᠤ ᠶᠢ | ᠵᠦᠪᠰᠢᠶᠡᠷᠡᠬᠦ ᠪᠠ ᠪᠤᠬᠢᠷ ᠢ ᠭᠠᠳᠠᠭᠰᠢᠯᠠᠭᠤᠯᠬᠤ ᠡᠷᠭᠡ ᠶᠢ ᠲᠦᠯᠦᠪᠦᠷᠢᠳᠠᠢ ᠭᠡᠷᠡᠭᠯᠡᠬᠦ ᠲᠦᠷᠢᠮ ᠢ ᠭᠡᠷᠡᠭᠵᠢᠭᠦᠯᠵᠦ᠂ ᠪᠤᠬᠢᠷ ᠢ | ᠭᠠᠳᠠᠭᠰᠢᠯᠠᠭᠤᠯᠬᠤ ᠦᠪᠡᠷ ᠤᠨ ᠦᠷᠳᠡᠭ ᠢ ᠨᠡᠮᠡᠭᠳᠡᠭᠦᠯᠤᠨ᠂ ᠳᠠᠮᠫᠣᠷᠠᠭᠰᠠᠨ ᠠᠵᠤ ᠠᠬᠤᠶᠢᠯᠠᠯ ᠤᠨ ᠭᠠᠳᠠᠭᠰᠢᠯᠠᠭᠤᠯᠤᠯᠳᠠ | ᠶᠢ ᠪᠠᠭᠠᠰᠬᠠᠨ᠎ᠠ︔ ᠠᠮᠢ ᠠᠬᠤᠢ ᠶᠢᠨ ᠣᠷᠴᠢᠨ ᠳᠣᠭᠤᠷᠢᠨ ᠢ ᠬᠤᠬᠢᠷᠠᠭᠤᠯᠬᠤ ᠬᠠᠷᠢᠭᠤᠴᠠᠯᠭ᠎ᠠ ᠶᠢ ᠦᠨᠢ ᠡᠭᠦᠷᠢᠳᠠ | ᠨᠡᠭᠡᠮᠵᠢᠯᠡᠬᠦ ᠲᠦᠷᠢᠮ ᠪᠠ ᠣᠰᠣᠨ ᠤ ᠡᠬᠢ ᠰᠣᠷᠪᠤᠯᠵᠢ ᠶᠢᠨ ᠴᠢᠩᠭ᠎ᠠ ᠲᠦᠷᠢᠮ ᠢ ᠭᠡᠷᠡᠭᠵᠢᠭᠦᠯᠦᠨ᠎ᠡ︔ ᠭᠠᠵᠠᠷ ᠰᠢᠨᠵᠢᠯᠡᠭᠡᠨ | ᠤ ᠣᠷᠴᠢᠨ ᠳᠣᠭᠤᠷᠢᠨ ᠤ ᠬᠠᠮᠠᠭᠠᠯᠠᠯᠳᠠ ᠵᠠᠰᠠᠯᠳᠠ ᠶᠢ ᠴᠢᠩᠭᠠᠳᠬᠠᠵᠤ᠂ ᠣᠯᠠᠨ ᠲᠦᠷᠦᠯ ᠵᠦᠢᠯ ᠤᠨ ᠭᠠᠵᠠᠷ ᠵᠦᠢ ᠶᠢᠨ | ᠮᠡᠳᠡᠭᠡ ᠵᠠᠩᠬᠢ ᠶᠢᠨ ᠲᠡᠪᠴᠡᠩ ᠢ ᠪᠠᠶᠢᠭᠤᠯᠵᠤ᠂ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠣᠯᠳᠠ ᠪᠠ | ᠠᠰᠢᠭᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ ᠃ ᠣᠯᠣᠰ ᠤᠨ ᠦᠮᠴᠢᠯᠡᠯᠳᠣ ᠣᠢ ᠰᠢᠭᠤᠢ ᠶᠢᠨ ᠲᠠᠯᠠᠪᠠᠢ ᠶᠢᠨ | ᠦᠭᠡᠷᠡᠴᠢᠯᠡᠯᠳᠡ ᠪᠠ ᠬᠠᠮᠳᠣ ᠶᠢᠨ ᠣᠢ ᠰᠢᠭᠤᠢ ᠶᠢᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ | ᠦᠭᠡᠷᠡᠴᠢᠯᠡᠯᠳᠡ ᠶᠢᠨ ᠡᠭᠦᠷᠭᠡ ᠶᠢ ᠳᠣᠭᠳᠠᠭᠰᠠᠨ ᠬᠤᠭᠤᠴᠠᠭᠠᠨ ᠳᠠᠭᠠᠨ ᠪᠠᠶᠠᠯᠡᠭᠦᠯᠬᠦ ᠶᠢ ᠪᠠᠳᠣᠯᠠᠨ᠎ᠠ᠃ ᠵᠠᠬ᠎ᠠ | ᠲᠡᠯᠭᠡᠭᠦᠷᠵᠢᠭᠰᠡᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ ︽ᠣᠷᠢᠳᠡᠪᠡᠷ ᠳᠡᠮᠳᠡᠭ᠂ ᠳᠠᠷᠠᠭ᠎ᠠ ᠨᠢ ᠦᠨᠡᠮᠯᠡᠯ︾ | ᠤᠨ ᠦᠭᠡᠷᠡᠴᠢᠯᠡᠯᠳᠡ ᠶᠢ ᠠᠬᠢᠭᠤᠯᠵᠤ᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾ ᠤᠨ | ᠳᠠᠩᠰᠠᠯᠠᠬᠤ ᠬᠡᠯᠪᠷᠢ ᠶᠢ ᠭᠡᠷᠡᠭᠵᠢᠭᠦᠯᠦᠨ᠎ᠡ᠃ ᠨᠠᠶᠢᠳᠠ ᠶᠢᠨ ᠦᠮᠴᠢᠯᠡᠯᠳᠣ ᠪᠤᠰᠣ ᠠᠵᠤ ᠠᠬᠤᠢ ᠶᠢ ᠪᠦᠬᠦ ᠬᠦᠴᠦᠨ ᠢᠶᠠᠷ | ᠢᠶᠠᠨ ᠬᠦᠭᠵᠢᠭᠦᠯᠵᠦ᠂ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠬᠤ ᠠᠵᠢᠯᠯᠠᠭ᠎ᠠ ᠶᠢ ᠬᠦᠨᠵᠡᠭᠡᠢ | ᠦᠷᠨᠢᠭᠦᠯᠤᠨ᠂ ᠠᠯᠬᠤᠮ ᠶᠠᠪᠤᠴᠠ ᠶᠢ ᠴᠣᠮᠬᠠᠳᠭᠬᠠᠨ᠂ ᠵᠠᠬ᠎ᠠ ᠲᠡᠯᠭᠡᠭᠦᠷ ᠢ ᠦᠷᠭᠡᠳᠭᠡᠬᠦ ᠵᠡᠷᠭᠡ ᠲᠠᠯ᠎ᠠ ᠪᠠᠷ ᠬᠢ ᠲᠡᠮᠵᠢᠯᠭᠡ | ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠰᠣᠯᠢᠯᠴᠠᠭᠠᠨ ᠤ ᠦᠪᠡᠷ ᠤᠨ ᠦᠷᠳᠡᠭ ᠢ ᠪᠠᠭᠤᠷᠠᠭᠤᠯᠵᠤ᠂ ᠵᠢᠵᠢᠭ ᠠᠵᠤ | ᠠᠬᠤᠶᠢᠯᠠᠯ ᠤᠨ ᠦᠢᠯᠡᠰ ᠪᠤᠰᠬᠠᠬᠤ ᠣᠷᠮ᠎ᠠ ᠢ ᠬᠦᠭᠵᠢᠭᠡᠨ᠎ᠡ᠃ ᠭᠠᠳᠠᠭᠠᠳᠣ ᠳᠣᠳᠣᠭᠠᠳᠣ ᠳᠠᠬᠢ ᠨᠡᠭᠡᠭᠡᠯᠳᠡ ᠪᠠᠨ ᠪᠦᠬᠦ | ᠲᠠᠯ᠎ᠠ ᠪᠠᠷ ᠦᠷᠭᠡᠳᠭᠡᠨ᠎ᠡ᠃ ᠪᠡᠭᠡᠵᠢᠩ — ᠴᠢᠭᠤᠯᠤᠯᠳᠣ ᠬᠠᠭᠠᠯᠭ᠎ᠠ ᠡᠪᠤᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠣᠭᠯᠠᠭᠠᠨ ᠢ ᠡᠷᠭᠢᠯᠡᠬᠦ ᠳᠣᠬᠢᠶᠠᠯ ᠢ ᠠᠰᠢᠭᠯᠠᠨ᠂ ᠮᠠᠨ ᠤ ᠬᠤᠰᠢᠭᠤᠨ ᠤ ᠣᠷᠣᠨ ᠪᠠᠶᠢᠷᠢᠰᠢᠯ᠂ ᠵᠠᠮ ᠨᠡᠪᠳᠡᠷᠡᠭᠦᠯᠭᠡ ᠵᠡᠷᠭᠡ | ᠲᠠᠯ᠎ᠠ ᠪᠠᠷ ᠬᠢ ᠳᠠᠪᠠᠭᠤᠯᠢᠭ ᠢ ᠪᠠᠳᠠᠷᠠᠭᠤᠯᠵᠤ᠂ ᠬᠦᠷᠰᠢ ᠵᠡᠷᠭᠡᠯᠳᠡᠭᠡ ᠭᠠᠵᠠᠷ ᠣᠷᠣᠨ ᠯᠤᠭ᠎ᠠ ᠶᠢᠨ ᠬᠠᠷᠢᠯᠴᠠᠭ᠎ᠠ ᠪᠠᠨ | ᠴᠢᠩᠭᠠᠳᠬᠠᠨ᠂ ᠦᠨᠳᠦᠷ ᠬᠢᠷᠢ ᠲᠦᠪᠰᠢᠨ ᠲᠠᠢ ᠠᠵᠤ ᠦᠢᠯᠡᠰ ᠤᠨ ᠰᠢᠯᠵᠢᠯᠳᠠ ᠶᠢ ᠵᠠᠯᠭᠠᠮᠵᠢᠯᠠᠵᠤ᠂ ᠰᠣᠶᠣᠯ ᠤᠨ ᠠᠵᠤ | ᠦᠢᠯᠡᠰ ᠤᠨ ᠲᠠᠪᠴᠡᠩ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠤᠨ᠂ ᠣᠷᠣᠨ ᠤ ᠭᠠᠳᠠᠭᠰᠢ ᠪᠠ ᠬᠢᠯᠢ ᠠᠴᠠ | ᠭᠠᠳᠠᠭᠰᠢ ᠬᠠᠮᠳᠣᠷᠠᠨ ᠠᠵᠢᠯᠯᠠᠵᠤ᠂ ᠬᠠᠮᠳᠣ ᠳᠠᠭᠠᠨ ᠠᠰᠢᠭ ᠬᠦᠷᠳᠡᠬᠦ ᠬᠦᠭᠵᠢᠯᠳᠡ ᠶᠢᠨ ᠳᠣᠭᠳᠠᠯᠴᠠᠭ᠎ᠠ ᠶᠢ ᠭᠤᠤᠯᠳᠠᠯᠭ᠎ᠠ | ᠲᠠᠢ ᠠᠬᠢᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠣᠷᠠᠯ ᠤᠨ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠣᠯᠠᠨ ᠨᠠᠶᠢᠳᠠ | ᠶᠢᠨ ᠦᠢᠯᠡᠴᠢᠯᠡᠭᠡ ᠪᠠ ᠠᠷᠠᠳ ᠤᠨ ᠠᠮᠢᠳᠣᠷᠠᠯ ᠤᠨ ᠪᠠᠳᠣᠯᠠᠭ᠎ᠠ ᠶᠢᠨ ᠬᠢᠷᠢ ᠲᠦᠪᠰᠢᠨ ᠢ ᠬᠦᠴᠦᠯᠡᠨ ᠲᠡᠭᠡᠭᠰᠢᠯᠡᠭᠦᠯᠦᠨ᠎ᠡ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠲᠤᠳᠠᠬᠳᠠᠯ ᠢᠶᠠᠨ ᠨᠦᠬᠦᠪᠦᠷᠢᠯᠡᠬᠦ | ᠠᠰᠢᠭᠳᠠᠢ ᠲᠤᠬᠢᠶᠠᠯ ᠢ ᠠᠰᠢᠬᠯᠠᠵᠤ᠂ ᠬᠤᠳᠠ ᠬᠦᠳᠡᠭᠡ ᠶᠢᠨ ᠣᠷᠣᠨ ᠳᠣᠭᠤᠷᠢᠭ ᠢ ᠨᠢᠭᠡᠳᠣᠯᠳᠠᠢ ᠲᠦᠯᠦᠪᠵᠢᠭᠦᠯᠦᠨ | ᠬᠦᠭᠵᠢᠭᠦᠯᠬᠦ ᠶᠢ ᠠᠬᠢᠭᠤᠯᠤᠨ᠂ ᠨᠠᠶᠢᠭᠡᠮ ᠤᠨ ᠠᠷᠠᠳ ᠤᠨ ᠠᠮᠢᠳᠣᠷᠠᠯ ᠤᠨ ᠡᠯ᠎ᠡ ᠲᠦᠷᠦᠯ ᠤᠨ ᠠᠵᠢᠯ ᠦᠢᠯᠡᠰ ᠤᠨ | ᠵᠤᠬᠢᠴᠠᠩᠭᠤᠢ ᠳᠠᠪᠰᠢᠯᠳᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠭᠡᠨ | ᠪᠠᠶᠢᠭᠤᠯᠤᠯᠳᠠ ᠶᠢ ᠠᠬᠢᠭᠤᠯᠤᠨ᠎ᠠ᠃ ᠱᠠᠩᠳᠣ ᠪᠠᠯᠭᠠᠰᠣ᠂ ᠰᠠᠩ ᠤᠨ ᠲᠠᠯᠠᠢ ᠪᠠᠯᠭᠠᠰᠣ᠂ ᠬᠠᠪᠢᠷᠭ᠎ᠠ ᠪᠠᠯᠭᠠᠰᠣᠨ ᠤ ᠣᠷᠣᠨ | ᠵᠠᠢ ᠶᠢᠨ ᠪᠠᠶᠢᠷᠢᠰᠢᠯ ᠪᠠ ᠴᠢᠳᠠᠪᠬᠢ ᠶᠢ ᠣᠯᠠᠮ ᠨᠢᠭᠡ ᠠᠯᠬᠤᠮ ᠳᠣᠬᠢᠷᠠᠭᠤᠯᠤᠨ ᠰᠢᠯᠢᠳᠡᠭᠵᠢᠭᠦᠯᠵᠤ᠂ ᠬᠤᠲᠠ ᠪᠠᠯᠭᠠᠰᠤᠨ ᠤ | ᠬᠦᠷᠢᠶ᠎ᠡ ᠬᠡᠪᠴᠢᠶ᠎ᠡ ᠪᠤᠯᠤᠨ ᠬᠠᠮᠠᠭᠠᠯᠠᠯᠲᠠ ᠶᠢᠨ ᠴᠢᠨᠠᠷᠲᠠᠢ ᠣᠷᠣᠨ ᠵᠠᠢ ᠶᠢ ᠵᠤᠬᠢᠰᠲᠠᠢ ᠲᠤᠬᠳᠠᠭᠠᠨ᠂ ᠱᠠᠩᠳᠣ ᠪᠠᠯᠭᠠᠰᠣ ᠪᠠᠷ | ᠲᠦᠪ ᠪᠤᠯᠭᠠᠨ ᠤᠷᠤᠰᠢᠨ ᠰᠠᠭᠤᠷᠢᠰᠢᠬᠤ ᠳᠤ ᠲᠤᠬᠢᠷᠠᠮᠵᠢᠲᠠᠢ᠂ ᠠᠵᠢᠯᠯᠠᠬᠤ ᠪᠠ ᠵᠣᠭᠠᠴᠠᠬᠤ ᠳᠤ ᠲᠤᠬᠢᠷᠠᠮᠵᠢᠲᠠᠢ | ᠣᠳᠤᠬᠢᠴᠢᠯᠠᠭᠰᠠᠨ ᠪᠤᠯᠪᠠᠰᠤᠨ ᠬᠤᠲᠠ ᠪᠠᠯᠭᠠᠰᠤ ᠶᠢ ᠪᠠᠶᠢᠭᠤᠯᠤᠨ᠎ᠠ᠃ ᠨᠡᠶᠢᠳᠡ ᠶᠢᠨ ᠲᠤᠯᠠᠭᠠᠯᠭ᠎ᠠ᠂ ᠪᠤᠬᠢᠷ ᠢ | ᠭᠠᠳᠠᠭᠰᠢᠯᠠᠭᠤᠯᠬᠤ ᠵᠡᠷᠭᠡ ᠭᠠᠵᠠᠷ ᠲᠤᠤᠷᠠᠬᠢ ᠬᠤᠭᠤᠯᠠᠢ ᠰᠤᠪᠠᠭ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ | ᠲᠡᠭᠦᠯᠳᠡᠷᠵᠢᠭᠦᠯᠵᠤ᠂ 34 ᠺᠢᠯᠤᠮᠧᠲᠷ ᠤᠨ ᠡᠯ᠎ᠡ ᠲᠦᠷᠦᠯ ᠤᠨ ᠬᠤᠭᠤᠯᠠᠢ ᠰᠣᠪᠠᠭ ᠢ ᠦᠭᠡᠷᠡᠴᠢᠯᠡᠨ᠂ ᠬᠤᠳᠠ ᠪᠠᠯᠭᠠᠰᠣᠨ | ᠤ ᠬᠠᠳᠠᠭᠤᠷᠠᠭᠤᠯᠤᠯᠳᠠ᠂ ᠭᠡᠷᠡᠯᠳᠦᠭᠦᠯᠭᠡ᠂ ᠨᠤᠭᠤᠭᠠᠷᠠᠭᠤᠯᠤᠯᠳᠠ᠂ ᠭᠤᠶᠤᠵᠢᠭᠤᠯᠳᠠ ᠶᠢᠨ ᠠᠵᠢᠯ ᠢ ᠰᠠᠶᠢᠳᠣᠷ | ᠪᠠᠶᠠᠯᠡᠭᠦᠯᠵᠦ᠂ 16 ᠲᠦᠮᠡᠨ ᠲᠡᠭᠰᠢ ᠲᠦᠷᠪᠡᠯᠵᠢᠨ ᠮᠧᠲᠷ ᠤᠨ ᠵᠠᠰᠠᠮᠠᠯ ᠵᠠᠮ ᠢ ᠴᠡᠷᠳᠡᠵᠦ᠂ 6 ᠺᠢᠯᠤᠮᠧᠲᠷ ᠵᠠᠮ ᠤᠨ | ᠬᠠᠵᠠᠭᠤᠳᠠᠬᠢ ᠲᠡᠪᠢᠰᠦᠭᠰᠡᠨ ᠨᠧᠲ᠋ᠤᠨ ᠳᠣᠭᠤᠰᠬ᠎ᠠ ᠶᠢ ᠰᠢᠨᠡᠳᠭᠡᠨ ᠰᠣᠯᠢᠵᠤ᠂ ᠪᠢᠨ ᠾᠧ ᠡᠮᠦᠨ᠎ᠡ ᠵᠠᠮ ᠤᠨ | ᠨᠤᠭᠤᠭᠠᠷᠠᠭᠤᠯᠤᠯᠳᠠ ᠪᠠ ᠵᠦᠯᠭᠡᠨ ᠴᠡᠴᠡᠷᠯᠢᠭ ᠤᠨ ᠭᠡᠷᠡᠯᠳᠦᠭᠦᠯᠭᠡ ᠶᠢ ᠭᠦᠢᠴᠡᠳᠭᠡᠵᠦ᠂ ᠣᠪᠣᠭ᠎ᠠ ᠰᠢᠷᠡᠭᠡ ᠴᠡᠴᠡᠷᠯᠢᠭ ᠤᠨ | ᠨᠤᠭᠤᠭᠠᠷᠠᠭᠤᠯᠤᠯᠳᠠ ᠶᠢ ᠲᠡᠰ ᠲᠡᠪᠰᠢᠭᠦᠯᠦᠨ ᠦᠭᠡᠷᠡᠴᠢᠯᠡᠪᠠ᠃ ᠪᠠᠶᠢᠭᠤᠯᠤᠯᠳᠠ ᠪᠠ ᠬᠠᠮᠢᠶᠠᠷᠣᠯᠳᠠ ᠶᠢ ᠬᠠᠮᠳᠣ ᠳᠤᠨᠢ | ᠴᠢᠬᠤᠯᠠᠴᠢᠯᠠᠬᠤ ᠶᠢ ᠪᠠᠷᠢᠮᠳᠠᠯᠠᠵᠤ᠂ ᠬᠤᠲᠠ ᠪᠠᠯᠭᠠᠰᠤᠨ ᠤ ᠨᠠᠷᠢᠯᠢᠭᠵᠢᠭᠰᠡᠨ ᠬᠠᠮᠢᠶᠠᠷᠤᠯᠳᠠ ᠶᠢ ᠤᠯᠠᠮ ᠨᠢᠭᠡ ᠠᠯᠬᠤᠮ | ᠴᠢᠩᠭᠠᠳᠬᠠᠨ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠠᠷᠠᠳ ᠲᠦᠮᠡᠨ ᠤ | ᠠᠮᠢᠳᠣᠷᠠᠯ ᠤᠨ ᠬᠢᠷᠢ ᠲᠦᠪᠰᠢᠨ ᠢ ᠦᠨᠡᠨᠬᠦ ᠰᠠᠶᠢᠵᠢᠷᠠᠭᠤᠯᠤᠨ᠎ᠠ᠃ ᠳᠣᠳᠠᠭᠤ ᠳᠣᠷᠭᠤᠨ ᠪᠠᠷᠢᠭᠰᠠᠨ ᠠᠰᠠᠷ ᠢ ᠴᠡᠭᠴᠡᠯᠡᠨ | ᠵᠠᠰᠠᠬᠤ ᠬᠦᠴᠦᠯᠡᠴᠡ ᠶᠢ ᠨᠡᠮᠡᠭᠳᠡᠭᠦᠯᠵᠦ᠂ ᠨᠢᠭᠡᠨᠳᠡ ᠪᠦᠳᠦᠭᠡᠨ ᠪᠠᠶᠢᠭᠤᠯᠤᠭᠰᠠᠨ ᠠᠰᠠᠷ ᠢ ᠵᠤᠬᠢᠰᠳᠠᠢ ᠪᠠᠷ ᠠᠰᠢᠭᠯᠠᠯᠳᠠ ᠳᠤ | ᠣᠷᠣᠭᠤᠯᠵᠤ᠂ ᠭᠡᠷ ᠬᠦᠷᠦᠩᠭᠡ ᠶᠢᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠨᠠᠶᠢᠭᠡᠮ ᠤᠨ ᠠᠵᠢᠯ | ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠡᠨᠡ ᠵᠢᠯ ᠰᠠᠩ ᠤᠨ ᠲᠠᠯᠠᠢ ᠮᠤᠩᠭᠤᠯ ᠦᠨᠳᠦᠰᠦᠳᠡᠨ ᠤ ᠰᠤᠷᠭᠠᠭᠤᠯᠢ᠂ | ᠬᠠᠪᠢᠷᠭ᠎ᠠ ᠪᠠᠭ᠎ᠠ ᠰᠤᠷᠭᠠᠭᠤᠯᠢ᠂ ᠪᠤᠷᠤᠬᠤᠳᠠ ᠪᠠᠭ᠎ᠠ ᠰᠤᠷᠭᠠᠭᠤᠯᠢ ᠨᠢ ᠪᠠᠷᠢᠮᠵᠢᠶᠠᠵᠢᠭᠰᠠᠨ ᠰᠤᠷᠠᠭᠠᠭᠤᠯᠢ ᠶᠢᠨ ᠬᠢᠨᠠᠨ | ᠰᠢᠯᠭᠠᠯᠳᠠ ᠶᠢ ᠬᠦᠯᠢᠶᠡᠵᠦ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠱᠠᠳᠣᠨ ᠤ ᠰᠤᠷᠭᠠᠭᠤᠯᠢ ᠳᠤ ᠤᠷᠤᠬᠤ | ᠨᠤᠷᠮ᠎ᠠ ᠶᠢ 100% ᠳᠤ ᠳᠣᠭᠳᠠᠪᠤᠷᠢᠵᠢᠭᠤᠯᠤᠨᠠ︔ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠬᠢᠷᠢ | ᠲᠦᠪᠰᠢᠨ ᠢ ᠲᠡᠭᠡᠭᠰᠢᠯᠡᠭᠦᠯᠵᠦ᠂ ᠡᠨᠡ ᠵᠢᠯ ᠦᠪᠡᠷᠳᠡᠭᠡᠨ ᠵᠠᠰᠠᠬᠤ ᠤᠷᠤᠨ ᠤ ᠨᠢᠭᠡᠳᠦᠭᠡᠷ ᠳᠦᠷᠦᠯ ᠤᠨ ᠴᠡᠴᠡᠷᠯᠢᠭ ᠪᠤᠯᠤᠨ | ᠵᠢᠱᠢᠶ᠎ᠡ ᠦᠵᠡᠭᠦᠯᠬᠦ ᠴᠡᠴᠡᠷᠯᠢᠭ ᠢ ᠲᠤᠰᠪᠦᠷᠢ 1 ᠰᠠᠭᠤᠷᠢ ᠪᠠᠶᠢᠭᠤᠯᠤᠨ᠂ ᠠᠷᠠᠳ ᠠᠴᠠ ᠡᠷᠬᠢᠯᠡᠵᠤ ᠠᠯᠪᠠᠨ ᠠᠴᠠ | ᠳᠣᠰᠠᠯᠠᠬᠤ ᠬᠡᠯᠪᠡᠷᠢ ᠪᠠᠷ ᠵᠢᠭᠠᠰᠣᠳᠠᠢ ᠰᠣᠮᠣ᠂ ᠨᠠᠷᠠᠳᠣ ᠰᠣᠮᠣ ᠪᠠ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ ᠶᠢᠨ | ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠪᠦᠬᠦ ᠬᠤᠰᠢᠭᠤᠨ ᠤ ᠰᠣᠷᠬᠤ ᠨᠠᠰᠣᠨ ᠠᠴᠠ ᠡᠮᠦᠨᠡᠬᠢ | ᠰᠣᠷᠭᠠᠨ ᠬᠦᠮᠦᠵᠢᠯ ᠤᠨ ᠴᠡᠴᠡᠷᠯᠢᠭ ᠲᠤ ᠣᠷᠦᠬᠤ ᠨᠤᠷᠮ᠎ᠠ ᠶᠢ 88% ᠠᠴᠠ ᠲᠡᠭᠡᠭᠰᠢ ᠳᠤ ᠬᠦᠷᠭᠡᠨ᠎ᠡ︔ ᠰᠤᠷᠭᠠᠨ | ᠭᠦᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠡᠨ ᠵᠢᠯ ᠤᠨ ᠠᠵᠢᠯᠯᠠᠭᠠᠨ ᠤ ᠲᠦᠯᠦᠪᠯᠡᠭᠡ | ᠶᠢ ᠦᠷᠬᠦᠯᠵᠢᠯᠠᠨ ᠭᠡᠷᠡᠭᠵᠢᠭᠦᠯᠵᠦ᠂ ᠮᠣᠩᠭᠤᠯ ᠳᠣᠮᠳᠠᠳᠣ ᠰᠣᠷᠭᠠᠭᠤᠯᠢ ᠨᠢ ᠦᠨᠳᠦᠰᠦᠳᠡᠨ ᠤ ᠰᠤᠷᠭᠠᠨ ᠬᠦᠮᠦᠵᠢᠯ ᠤᠨ | ᠰᠢᠯᠢᠳᠡᠭ ᠰᠤᠷᠭᠠᠭᠤᠯᠢ ᠶᠢ ᠡᠭᠦᠳᠦᠨ᠂ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠰᠢᠯᠭᠠᠨ ᠣᠷᠣᠬᠤ ᠨᠤᠷᠮ᠎ᠠ | ᠶᠢ 43% ᠠᠴᠠ ᠲᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠦᠭᠡᠷᠡᠴᠢᠯᠡᠯᠳᠡ ᠪᠤᠯᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠡᠯᠪᠡᠷᠢ ᠮᠠᠶ᠋ᠢᠭ | ᠤᠨ ᠦᠭᠡᠷᠡᠴᠢᠯᠡᠯᠳᠡ ᠶᠢ ᠠᠬᠢᠭᠤᠯᠵᠤ᠂ ︽ᠵᠢᠵᠢᠭ ᠡᠮ ᠤᠨ ᠬᠠᠶᠢᠷᠴᠠᠭ︾ ᠤᠨ ᠲᠦᠭᠡᠮᠡᠯᠵᠢᠭᠦᠯᠦᠯᠳᠡ ᠶᠢ ᠪᠠᠶᠠᠯᠡᠭᠦᠯᠤᠨ᠂ | ᠡᠮ ᠡᠮᠨᠡᠯᠭᠡ ᠶᠢᠨ ᠬᠠᠶᠠᠬᠳᠠᠮᠠᠯ ᠪᠤᠳᠠᠰ ᠢ ᠬᠤᠤᠷ ᠦᠭᠡᠢ ᠰᠢᠢᠳᠪᠦᠷᠢᠯᠡᠬᠦ ᠲᠦᠰᠦᠯ ᠢ ᠡᠬᠢᠯᠡᠨ ᠬᠡᠷᠡᠭᠵᠢᠭᠦᠯᠵᠤ᠂ ᠮᠤᠩᠭᠤᠯ | ᠬᠢᠳᠠᠳ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠲᠥᠬᠦᠭᠡᠷᠦᠮᠵᠢ ᠪᠤᠯᠤᠨ ᠰᠤᠷᠠᠭ ᠵᠠᠩᠭᠢᠵᠢᠭᠰᠠᠨ ᠡᠮᠨᠡᠯᠭᠡ ᠶᠢᠨ | ᠬᠤᠷᠢᠶᠠᠨ ᠤ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠮᠤᠩᠭᠤᠯ ᠬᠢᠳᠠᠳ ᠡᠮ ᠡᠮᠨᠡᠯᠭᠡ ᠶᠢᠨ | ᠦᠢᠯᠡᠰ ᠤᠨ ᠡᠷᠡᠭᠦᠯ ᠬᠦᠭᠵᠢᠯᠳᠠ ᠶᠢ ᠲᠡᠮᠵᠢᠵᠦ᠂ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠬᠦᠮᠦᠨ ᠠᠮᠠ ᠶᠢᠨ ᠨᠠᠰᠣᠵᠢᠬᠤ ᠶᠢ ᠠᠷᠭᠠᠴᠠᠭᠠᠬᠤ ᠠᠵᠢᠯᠯᠠᠭ᠎ᠠ ᠶᠢ ᠦᠷᠨᠢᠭᠦᠯᠵᠦ᠂ ᠡᠮᠡᠭᠳᠠᠶᠢᠴᠣᠳ ᠪᠠ | ᠨᠠᠰᠣᠨ ᠳᠤ ᠦᠯᠦ ᠬᠦᠷᠦᠭᠰᠡᠳ ᠤᠨ ᠡᠷᠭᠡ ᠠᠰᠢᠭ ᠢ ᠪᠠᠳᠣᠯᠠᠨ᠂ ᠵᠡᠮᠳᠡᠭᠴᠣᠳ ᠢ ᠲᠡᠳᠬᠦᠨ ᠳᠡᠮᠵᠢᠬᠦ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ ᠤᠯᠭᠤᠯᠳᠠ᠂ ᠦᠢᠯᠡᠰ ᠪᠤᠰᠬᠠᠯᠳᠠ ᠪᠠ ᠨᠠᠶᠢᠭᠡᠮ ᠤᠨ ᠪᠠᠳᠣᠯᠠᠭ᠎ᠠ ᠶᠢᠨ ᠠᠵᠢᠯ | ᠢ ᠰᠠᠶᠢᠳᠣᠷ ᠪᠠᠶᠠᠯᠡᠭᠦᠯᠦᠨ᠎ᠡ᠃ ᠤᠯᠠᠨ ᠨᠡᠶᠢᠳᠡ ᠦᠢᠯᠡᠰ ᠡᠭᠦᠳᠬᠦ᠂ ᠤᠯᠠᠨ ᠲᠦᠮᠡᠨ ᠰᠢᠨ᠎ᠠ ᠶᠢ ᠡᠭᠦᠳᠬᠦ ︽ᠬᠤᠤᠰ | ᠡᠭᠦᠳᠦᠯᠲᠡ︾ ᠶᠢᠨ ᠠᠵᠢᠯᠯᠠᠭ᠎ᠠ ᠶᠢ ᠢᠳᠡᠪᠬᠢᠲᠠᠢ ᠲᠦᠯᠬᠢᠨ ᠠᠬᠢᠭᠤᠯᠵᠦ᠂ ᠡᠨᠡ ᠵᠢᠯ 7500 ᠠᠵᠢᠯ ᠤᠨ ᠪᠠᠶᠢᠷᠢ | ᠴᠤᠭᠯᠠᠭᠤᠯᠤᠨ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠦᠮᠦᠰ ᠢ 1250 ᠳᠤ ᠬᠦᠷᠭᠡᠵᠦ᠂ | ᠰᠢᠯᠵᠢᠭᠦᠯᠦᠨ ᠠᠵᠢᠯ ᠤᠯᠭᠤᠬᠤ ᠬᠦᠮᠦᠰ ᠢ 2200 ᠳᠤ ᠬᠦᠷᠭᠡᠨ᠂ ᠬᠤᠳᠠ ᠪᠠᠯᠭᠠᠰᠤᠨ ᠤ ᠪᠦᠷᠢᠳᠭᠡᠭᠰᠡᠨ ᠠᠵᠢᠯ | ᠠᠯᠳᠠᠬᠰᠠᠳ ᠤᠨ ᠨᠤᠷᠮ᠎ᠠ ᠶᠢ 3.2% ᠳᠤᠳᠤᠷ᠎ᠠ ᠬᠢᠵᠠᠭᠠᠷᠯᠠᠨ᠎ᠠ᠃ ᠶᠤᠸᠠᠨ ᠤ ᠲᠡᠭᠡᠳᠦ ᠨᠠᠶᠢᠰᠯᠠᠯ ᠤᠨ ᠦᠨᠳᠦᠰᠦᠳᠡᠨ ᠤ | ᠰᠣᠶᠣᠯ ᠤᠨ ᠤᠨᠴᠠᠯᠢᠭᠳᠣ ᠠᠵᠣ ᠦᠢᠯᠡᠰ ᠤᠨ ᠬᠦᠷᠢᠶᠠᠯᠠᠩ᠂ ᠰᠡᠬᠡᠬᠡᠳᠡᠨ ᠦᠢᠯᠡᠰ ᠪᠤᠰᠬᠠᠬᠤ ᠲᠤᠭᠤᠷᠢᠭ ᠵᠡᠷᠭᠡ ᠦᠢᠯᠡᠰ | ᠪᠤᠰᠬᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠡᠭᠡ ᠲᠡᠭᠡᠳᠦ ᠰᠣᠷᠭᠠᠭᠤᠯᠢ | ᠲᠡᠭᠦᠰᠦᠭᠰᠡᠨ ᠣᠶᠣᠳᠠᠨ ᠪᠤᠯᠤᠨ ᠴᠡᠷᠢᠭ ᠠᠴᠠ ᠬᠠᠯᠠᠭᠳᠠᠭᠰᠡᠳ ᠤᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠵᠠᠰᠠᠭ | ᠤᠨ ᠤᠷᠳᠤᠨ ᠠᠴᠠ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠤᠳᠠᠯᠳᠤᠨ ᠠᠪᠬᠤ ᠬᠦᠴᠦᠯᠡᠴᠡ ᠶᠢ | ᠨᠡᠮᠡᠭᠳᠡᠭᠦᠯᠥᠨ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠶᠢᠯᠪᠤᠷᠢᠳᠠᠢ ᠠᠵᠢᠯ ᠤᠯᠭᠤᠬᠤ | ᠲᠤᠭᠳᠠᠯᠴᠠᠭ᠎ᠠ ᠶᠢ ᠠᠭᠠᠵᠢᠮ ᠢᠶᠠᠷ ᠪᠦᠷᠢᠯᠳᠦᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠬᠤ ᠶᠢ | ᠵᠤᠷᠢᠭᠵᠢᠭᠤᠯᠤᠨ᠂ ᠨᠠᠶᠢᠭᠡᠮ ᠤᠨ ᠳᠠᠭᠠᠳᠬᠠᠯ ᠤᠨ ᠪᠦᠷᠬᠦᠴᠡ ᠶᠢᠨ ᠬᠡᠪᠴᠢᠶ᠎ᠠ ᠶᠢ ᠣᠯᠠᠮ ᠨᠢᠭᠡ ᠠᠯᠬᠤᠮ ᠦᠷᠭᠡᠳᠭᠡᠵᠦ᠂ | ᠬᠤᠳᠠ ᠬᠦᠳᠡᠭᠡ ᠶᠢᠨ ᠳᠤᠤᠷ᠎ᠠ ᠪᠠᠲᠤᠯᠠᠭ᠎ᠠ ᠪᠤᠯᠤᠨ ᠲᠠᠪᠦᠨ ᠪᠠᠳᠤᠯᠠᠭ᠎ᠠ ᠶᠢᠨ ᠠᠰᠠᠷᠠᠮᠵᠢ ᠶᠢᠨ ᠪᠠᠷᠢᠮᠵᠢᠶ᠎ᠠ ᠶᠢ 10% | ᠣᠷᠴᠢᠮ ᠨᠡᠮᠡᠭᠳᠡᠭᠦᠯᠦᠨ᠎ᠡ᠃ ᠬᠠᠷᠠᠭᠠᠯᠵᠠᠨ ᠳᠣᠬᠢᠨᠠᠭᠤᠯᠬᠤ᠂ ᠦᠳᠡᠯᠦᠭᠡ ᠨᠠᠰᠣᠨ ᠤ ᠨᠦᠬᠦᠪᠦᠷᠢ ᠵᠡᠷᠭᠡ ᠲᠦᠷᠦ ᠶᠢᠨ | ᠪᠤᠳᠣᠯᠭ᠎ᠠ ᠶᠢ ᠰᠠᠶᠢᠳᠣᠷ ᠨᠠᠶᠢᠳᠠᠪᠤᠷᠢᠵᠢᠭᠤᠯᠵᠤ᠂ ᠨᠠᠶᠢᠭᠡᠮ ᠤᠨ ᠠᠪᠤᠷᠠᠨ ᠳᠣᠰᠠᠯᠠᠬᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠨ᠂ ᠬᠤᠳᠠ ᠬᠦᠳᠡᠭᠡ ᠶᠢᠨ ᠡᠮ ᠡᠮᠨᠡᠯᠭᠡ ᠶᠢᠨ ᠠᠪᠦᠷᠠᠨ ᠲᠤᠰᠠᠯᠠᠬᠤ ᠬᠦᠴᠦᠯᠡᠴᠡ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠶᠠᠳᠠᠭᠤ ᠬᠦᠴᠢᠷᠳᠡᠯᠳᠡᠢ ᠣᠯᠠᠨ ᠲᠦᠮᠡᠨ ᠤ ᠦᠨᠳᠦᠰᠦᠨ ᠠᠮᠢᠳᠣᠷᠠᠯ ᠤᠨ ᠬᠢᠷᠢ ᠲᠦᠪᠰᠢᠨ ᠢ ᠪᠠᠳᠣᠯᠠᠨ᠂ | ᠨᠠᠶᠢᠭᠡᠮ ᠳᠣᠭᠤᠷᠢᠭ ᠤᠨ ᠦᠢᠯᠡᠴᠢᠯᠡᠭᠡᠨ ᠤ ᠠᠵᠢᠯ ᠢ ᠰᠠᠶᠢᠵᠢᠷᠠᠭᠤᠯᠵᠦ᠂ ᠦᠢᠯᠡᠴᠢᠯᠡᠭᠡᠨ ᠤ ᠬᠢᠷᠢ ᠲᠥᠪᠰᠢᠨ ᠢ ᠨᠢ | ᠲᠡᠭᠡᠭᠰᠢᠯᠡᠭᠦᠯᠥᠨ᠎ᠡ᠃ ᠠᠷᠠᠳ ᠲᠤ ᠠᠰᠢᠭ ᠬᠦᠷᠳᠡᠭᠡᠬᠦ ᠭᠡᠳᠦᠨ ᠵᠦᠢᠯ ᠤᠨ ᠪᠤᠳᠠᠳᠠᠢ ᠠᠵᠢᠯ ᠢ ᠰᠠᠶᠢᠳᠣᠷ ᠪᠠᠶᠠᠯᠡᠭᠦᠯᠦᠨ᠎ᠡ᠃ | ᠠᠷᠠᠳ ᠤᠨ ᠠᠮᠢᠳᠣᠷᠠᠯ ᠢ ᠠᠳᠬᠤᠵᠤ᠂ ᠳᠣᠳᠠᠭᠳᠠᠯ ᠢᠶᠠᠨ ᠨᠦᠬᠦᠪᠦᠷᠢᠯᠡᠬᠦ᠂ ᠣᠯᠠᠨ ᠲᠦᠮᠡᠨ ᠤ ᠪᠤᠶᠠᠨ ᠠᠰᠠᠷᠠᠮᠵᠢ ᠶᠢ | ᠨᠡᠮᠡᠭᠳᠡᠭᠦᠯᠬᠦ ᠪᠠᠷ ᠬᠠᠷᠠᠯᠳᠠ ᠪᠤᠯᠭᠠᠨ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠪᠠ ︽ᠠᠷᠪᠠ ᠶᠢ ᠨᠠᠶᠢᠳᠠᠮ | ᠪᠦᠷᠬᠦᠬᠦᠯᠬᠦ︾ ᠵᠡᠷᠭᠡ ᠠᠷᠠᠳ ᠤᠨ ᠠᠮᠢᠳᠣᠷᠠᠯ ᠤᠨ ᠭᠤᠤᠯᠳᠠᠯᠭ᠎ᠠ ᠲᠠᠢ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠤᠨ᠎ᠠ᠃ | ᠡᠭᠦᠨ ᠤ ᠬᠠᠮᠳᠣ ︽ᠭᠤᠷᠪᠠᠨ ᠨᠢᠭᠡ︾ ᠠᠷᠠᠳ ᠤᠨ ᠠᠮᠢᠳᠣᠷᠠᠯ ᠤᠨ ᠪᠤᠳᠠᠳᠣ ᠭᠡᠷᠡᠭ ᠠᠴᠠ ᠭᠠᠷᠳᠠᠨ᠂ ︽ᠮᠠᠯᠵᠢᠬᠤ | ᠲᠠᠷᠢᠶᠠᠯᠠᠬᠤ ᠣᠷᠣᠨ ᠤ ᠳᠣᠣᠷ᠎ᠠ ᠣᠷᠣᠯᠭ᠎ᠠ ᠲᠠᠢ ᠡᠷᠦᠭᠡ ᠪᠦᠷᠢ ᠳᠤ ᠨᠢᠭᠡ ᠲᠤᠨ ᠨᠡᠭᠦᠷᠡᠰᠦ ᠲᠦᠯᠦᠪᠦᠷᠢ ᠦᠭᠡᠢ ᠦᠭᠭᠦ᠂ | ᠬᠤᠳᠠ ᠬᠦᠳᠡᠭᠡ ᠶᠢᠨ ᠳᠣᠣᠷ᠎ᠠ ᠪᠠᠳᠣᠯᠠᠭ᠎ᠠ ᠶᠢᠨ ᠡᠷᠦᠭᠡ ᠶᠢᠨ ᠶᠡᠭᠡ ᠰᠣᠷᠭᠠᠭᠤᠯᠢ ᠶᠢᠨ ᠣᠶᠣᠳᠠᠨ ᠳᠤ ᠵᠢᠯ ᠪᠦᠷᠢ ᠨᠢᠭᠡ | ᠲᠦᠮᠡᠨ ᠲᠦᠭᠦᠷᠢᠭ ᠤᠨ ᠰᠣᠷᠣᠯᠭ᠎ᠠ ᠶᠢᠨ ᠲᠡᠳᠬᠦᠮᠵᠢ ᠣᠯᠭᠤᠬᠤ᠂ ᠠᠵᠢᠯ ᠦᠭᠡᠢ ᠭᠡᠷ ᠪᠦᠯᠢ ᠳᠤ ᠠᠳᠠᠭ ᠪᠠᠭ᠎ᠠ ᠳᠠᠭᠠᠨ | ᠨᠢᠭᠡ ᠠᠵᠢᠯ ᠤᠨ ᠪᠠᠶᠢᠷᠢ ᠬᠠᠩᠭᠠᠬᠤ︾ ᠠᠷᠠᠳ ᠤᠨ ᠠᠮᠢᠳᠣᠷᠠᠯ ᠤᠨ ᠲᠦᠷᠦ ᠶᠢᠨ ᠪᠤᠳᠣᠯᠭ᠎ᠠ ᠶᠢ ᠰᠠᠶᠢᠳᠣᠷ | ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠳᠣ᠂ ᠳᠣᠣᠷᠠᠬᠢ ᠭᠡᠳᠦᠨ ᠲᠦᠷᠦᠯ ᠤᠨ ᠠᠵᠢᠯ ᠢ ᠨᠢᠭᠡᠳᠣᠯᠳᠠᠢ ᠲᠦᠯᠦᠪᠵᠢᠭᠦᠯᠦᠨ | ᠠᠬᠢᠭᠤᠯᠵᠤ᠂ ᠡᠷᠡᠰ ᠨᠠᠶᠢᠳᠠᠪᠤᠷᠢᠵᠢᠭᠤᠯᠤᠨ᠎ᠠ᠃ ᠨᠢᠭᠡ ᠳᠤ᠂ ᠬᠤᠳᠠ ᠬᠦᠳᠡᠭᠡ ᠶᠢᠨ ᠠᠵᠢᠯ ᠮᠡᠷᠭᠡᠵᠢᠯ ᠤᠨ ᠪᠤᠯᠪᠠᠰᠣᠷᠠᠯ | ᠪᠤᠯᠤᠨ ᠦᠢᠯᠡᠰ ᠪᠤᠰᠬᠠᠬᠤ ᠪᠤᠯᠪᠠᠰᠣᠷᠠᠯ ᠢ ᠡᠷᠭᠢᠯᠡᠵᠦ 2070 ᠬᠦᠮᠦᠨ ᠣᠳᠠᠭ᠎ᠠ ᠣᠷᠣᠯᠴᠠᠭᠤᠯᠤᠨ᠂ 1200 ᠲᠦᠮᠡᠨ | ᠲᠦᠭᠦᠷᠢᠭ ᠤᠨ ᠪᠠᠭ᠎ᠠ ᠳᠣᠭᠠᠨ ᠤ ᠪᠠᠳᠣᠯᠭᠠᠳᠣ ᠵᠢᠭᠡᠯᠡᠯᠭᠡ ᠳᠠᠯᠪᠢᠨ᠎ᠡ᠃ ᠬᠤᠶᠠᠷ ᠲᠤ᠂ ᠶᠠᠳᠠᠭᠤ ᠬᠦᠴᠢᠷᠳᠠᠢ ᠡᠷᠦᠭᠡ ᠶᠢᠨ | ᠶᠡᠭᠡ ᠰᠣᠷᠭᠠᠭᠤᠯᠢ ᠶᠢᠨ ᠵᠢᠩᠬᠢᠨᠢ ᠠᠩᠬᠢ ᠪᠠ ᠳᠣᠰᠬᠠᠢ ᠮᠡᠷᠭᠡᠵᠢᠯ ᠤᠨ ᠠᠩᠬᠢ ᠳᠤ ᠰᠢᠯᠭᠠᠭᠳᠠᠨ ᠣᠷᠣᠭᠰᠠᠨ ᠣᠶᠣᠳᠠᠨ | ᠲᠤ ᠨᠢᠭᠡᠯᠡ ᠣᠳᠠᠭ᠎ᠠ ᠳᠤ ᠲᠤᠰ ᠪᠦᠷᠢ 3000 ᠲᠦᠭᠦᠷᠢᠭ ᠪᠠ 2000 ᠲᠦᠭᠦᠷᠢᠭ ᠤᠨ ᠨᠦᠬᠦᠪᠦᠷᠢ ᠣᠯᠭᠤᠨ᠎ᠠ᠃ | ᠭᠤᠷᠪᠠ ᠳᠤ᠂ 2015 ᠤᠨ ᠤ ᠰᠠᠭᠤᠷᠢᠨ ᠲᠡᠭᠡᠷ᠎ᠡ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠶᠢᠭᠡᠮ ᠤᠨ | ᠨᠠᠰᠣᠵᠢᠯ ᠤᠨ ᠳᠠᠭᠠᠳᠬᠠᠯ ᠤᠨ ᠰᠠᠭᠤᠷᠢ ᠮᠦᠩᠭᠦᠨ ᠤ ᠨᠦᠬᠦᠪᠦᠷᠢ ᠶᠢ ᠲᠡᠬᠢᠨ 5 ᠲᠦᠭᠦᠷᠢᠭ ᠨᠡᠮᠡᠭᠳᠡᠭᠦᠯᠦᠨ᠎ᠡ᠃ ᠲᠦᠷᠪᠡ | ᠳᠤ᠂ ᠪᠠᠳᠣᠯᠠᠭ᠎ᠠ ᠶᠢᠨ ᠴᠢᠨᠠᠷᠳᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠢ ᠭᠡᠷᠡᠭᠵᠢᠭᠦᠯᠵᠦ᠂ 120 ᠬᠢᠮᠳᠠ | ᠲᠦᠷᠢᠶᠡᠰᠦᠨ ᠣᠷᠣᠨ ᠰᠠᠭᠤᠴᠠ ᠶᠢ ᠪᠠᠶᠢᠭᠤᠯᠵᠤ᠂ ᠪᠦᠷᠭᠡ ᠳᠣᠭᠤᠷᠢᠭ ᠤᠨ ᠦᠭᠡᠷᠡᠴᠢᠯᠡᠯᠳᠡ ᠪᠠᠷ 300 ᠡᠷᠦᠭᠡ ᠶᠢᠨ | ᠭᠡᠷ ᠪᠠᠶᠢᠰᠢᠩ ᠢ ᠦᠭᠡᠷᠡᠴᠢᠯᠡᠨ ᠵᠠᠰᠠᠨ᠎ᠠ︔ ᠲᠠᠪᠤ ᠳᠤ᠂ ᠱᠠᠩᠳᠣ ᠪᠠᠯᠭᠠᠰᠣᠨ ᠤ 720 ᠰᠠᠭᠤᠭᠠᠯᠢ ᠡᠷᠦᠭᠡ ᠳᠤ ᠪᠠᠶᠢᠭᠠᠯᠢ | ᠶᠢᠨ ᠰᠢᠳᠠᠮᠠᠬᠠᠢ ᠬᠡᠢ ᠶᠢ ᠨᠡᠪᠳᠡᠷᠡᠭᠦᠯᠦᠨ᠎ᠡ᠃ ᠵᠢᠷᠭᠤᠭ᠎ᠠ ᠳᠤ᠂ ᠮᠠᠯᠵᠢᠬᠤ ᠲᠠᠷᠢᠶᠠᠯᠠᠬᠤ ᠤᠷᠤᠨ ᠤ 1000 ᠡᠷᠦᠭᠡ ᠶᠢᠨ | ᠨᠠᠷᠠ ᠰᠠᠯᠬᠢᠨ ᠢ ᠬᠠᠷᠢᠯᠴᠠᠨ ᠨᠦᠬᠦᠪᠦᠷᠢᠯᠡᠭᠦᠯᠦᠭᠰᠡᠨ ᠴᠠᠬᠢᠯᠭᠠᠨ ᠬᠠᠩᠭᠠᠬᠤ ᠲᠦᠭᠦᠭᠡᠷᠦᠮᠵᠢ ᠶᠢ ᠲᠡᠰ ᠲᠡᠪᠰᠢᠭᠦᠯᠦᠨ | ᠦᠭᠡᠷᠡᠴᠢᠯᠡᠵᠦ᠂ 8487 ᠡᠷᠦᠭᠡ ᠶᠢᠨ ︽ᠨᠢᠭᠡ ᠡᠷᠦᠭᠡ ᠳᠤ ᠨᠢᠭᠡ ᠬᠡᠮᠵᠢᠭᠦᠷ︾ ᠢ ᠲᠡᠰ ᠲᠡᠪᠰᠢᠭᠦᠯᠦᠨ ᠦᠭᠡᠷᠡᠴᠢᠯᠡᠨ᠎ᠡ︔ | ᠳᠣᠯᠤᠭ᠎ᠠ ᠳᠤ᠂ ᠮᠠᠯᠴᠢᠨ ᠲᠠᠷᠢᠶᠠᠴᠢᠨ ᠲᠤ ᠲᠦᠯᠦᠪᠦᠷᠢ ᠦᠭᠡᠢ ᠪᠠᠷ ᠪᠡᠶ᠎ᠡ ᠪᠠᠨ ᠪᠠᠶᠢᠴᠠᠭᠠᠬᠤ ᠢᠨᠵᠧᠨᠧᠷᠢᠩ ᠢ | ᠦᠷᠭᠦᠯᠵᠢᠯᠡᠨ ᠰᠠᠶᠢᠳᠣᠷ ᠦᠷᠨᠢᠭᠦᠯᠵᠦ᠂ 35 —45 ᠪᠦᠬᠦᠯᠢ ᠨᠠᠰᠣᠨ ᠤ ︵ᠡᠷᠡᠭᠳᠡᠢ︶᠂ 30 — 40 ᠪᠦᠬᠦᠯᠢ | ᠨᠠᠰᠣᠨ ᠤ ︵ᠡᠮᠡᠭᠳᠡᠢ︶ ᠳᠤ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠨ᠎ᠡ᠃ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ ᠠᠵᠢᠯ ᠤᠨ ᠡᠷᠴᠢᠮ ᠢᠶᠠᠨ ᠣᠯᠠᠮ ᠨᠢᠭᠡ ᠠᠯᠬᠤᠮ | ᠨᠡᠮᠡᠭᠳᠡᠭᠦᠯᠵᠦ᠂ ᠬᠤᠳᠠ ᠬᠦᠳᠡᠭᠡ᠂ ᠠᠵᠢᠯ ᠲᠦᠷᠦᠯ ᠤᠨ ᠬᠤᠭᠤᠷᠤᠨᠳᠣᠬᠢ ᠣᠷᠣᠯᠭ᠎ᠠ ᠶᠢᠨ ᠵᠦᠷᠢᠶ᠎ᠠ ᠶᠢ ᠠᠭᠠᠵᠢᠮ ᠢᠶᠠᠷ | ᠪᠠᠭᠠᠰᠬᠠᠨ᠎ᠠ᠃ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ︽ᠨᠢᠭᠡ ᠺᠠᠷᠲ︾ | ᠤᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠮᠠᠯᠴᠢᠨ ᠲᠠᠷᠢᠶᠠᠴᠢᠳ ᠢ ᠬᠠᠷᠠᠭᠠᠯᠵᠠᠬᠤ ᠨᠦᠬᠦᠪᠦᠷᠢ ᠶᠢᠨ | ᠪᠡᠯᠡ ᠮᠦᠩᠬᠦ ᠶᠢ ᠳᠤᠭ᠎ᠠ ᠶᠤᠰᠣᠭᠠᠷ ᠨᠠᠶᠢᠳᠠᠪᠤᠷᠢᠵᠢᠭᠤᠯᠬᠤ ᠶᠢ ᠪᠠᠳᠣᠯᠠᠨ᠎ᠠ︔ ᠲᠦᠷᠦ ᠶᠢᠨ ᠠᠯᠪᠠᠳᠠᠨ ᠤ ᠡᠭᠦᠷᠭᠡ | ᠳᠣᠰᠢᠶᠠᠯ ᠪᠤᠯᠤᠨ ᠳᠣᠰᠢᠶᠠᠯ ᠤᠨ ᠵᠡᠷᠭᠡ ᠲᠡᠰ ᠢ ᠵᠡᠷᠭᠡᠪᠡᠷ ᠶᠠᠪᠤᠭᠳᠠᠭᠤᠯᠬᠤ ᠲᠦᠷᠢᠮ ᠢ ᠰᠠᠶᠢᠳᠣᠷ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠣᠷᠠᠯ ᠤᠨ ᠲᠠᠯ᠎ᠠ ᠪᠠᠷ ᠬᠢ ᠵᠠᠷᠣᠯᠭ᠎ᠠ ᠶᠢᠨ ᠬᠠᠷᠢᠴᠠᠯ ᠢ ᠦᠷᠭᠦᠯᠵᠢᠯᠡᠨ ᠨᠡᠮᠡᠭᠳᠡᠭᠦᠯᠵᠦ᠂ ᠦᠷᠭᠡᠨ ᠣᠯᠠᠨ | ᠲᠦᠮᠡᠨ ᠳᠤ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠮᠵᠢ ᠶᠢ ᠡᠳ᠋ᠯᠠᠭᠦᠯᠦᠨᠡ᠃ | ︵ᠳᠣᠯᠤᠭ᠎ᠠ︶ ᠣᠶᠣᠨ ᠤ ᠪᠤᠯᠪᠠᠰᠣᠨ ᠤ ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠳᠡᠨ ᠤ ᠰᠣᠶᠣᠯ | ᠤᠨ ᠬᠦᠭᠵᠢᠯ ᠴᠡᠴᠡᠭᠯᠡᠯ ᠢ ᠠᠬᠢᠭᠤᠯᠤᠨ᠎ᠠ᠃ | ᠨᠠᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠣᠬᠠᠭᠤᠯᠭ᠎ᠠ ᠬᠦᠮᠦᠵᠢᠯ ᠢ ᠬᠦᠨᠵᠡᠭᠡᠢ | ᠠᠬᠢᠭᠤᠯᠤᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠪᠦᠯᠬᠦᠮᠳᠠᠨ ᠣᠷᠣᠭᠰᠢᠯᠠᠬᠤ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠪᠤᠯᠪᠠᠰᠣᠨ ᠬᠦᠳᠡᠭᠡ ᠲᠤᠰᠬᠤᠨ᠂ ᠪᠤᠯᠪᠠᠰᠣᠨ ᠪᠠᠶᠢᠭᠤᠯᠭ᠎ᠠ ᠨᠢᠭᠡᠴᠡ ᠪᠠ | ᠪᠤᠯᠪᠠᠰᠣᠨ ᠭᠡᠷ ᠪᠦᠯᠢ ᠶᠢ ᠡᠭᠦᠳᠬᠦ ᠠᠵᠢᠯᠯᠠᠭ᠎ᠠ ᠶᠢ ᠠᠬᠢᠭᠤᠯᠵᠤ᠂ ᠳᠣᠮᠳᠠᠳᠣ ᠶᠢᠨ ᠦᠨᠳᠦᠰᠦᠳᠠᠨ ᠤ ᠤᠯᠠᠮᠵᠢᠯᠠᠯᠳᠣ | ᠪᠤᠯᠪᠠᠰᠣᠨ ᠰᠣᠷᠳᠠᠯ ᠢ ᠪᠠᠳᠠᠷᠠᠭᠤᠯᠤᠨ᠂ ᠦᠵᠡᠯ ᠰᠠᠨᠠᠭ᠎ᠠ ᠶᠤᠰᠤ ᠰᠣᠷᠳᠠᠬᠤᠨ ᠪᠠ ᠨᠠᠶᠢᠭᠡᠮ ᠤᠨ ᠢᠳᠡᠭᠡᠮᠵᠢᠳᠣ | ᠪᠠᠶᠢᠭᠤᠯᠤᠯᠳᠠ ᠶᠢ ᠴᠢᠩᠭᠠᠳᠬᠠᠨ᠎ᠡ᠃ ᠰᠣᠶᠣᠯ ᠤᠨ ᠵᠠᠬ᠎ᠠ ᠲᠡᠯᠭᠡᠭᠦᠷ ᠲᠠᠬᠢ ᠬᠢᠨᠠᠨ ᠬᠠᠮᠢᠶᠠᠷᠣᠯᠳᠠ ᠶᠢᠨ ᠬᠦᠴᠦᠯᠡᠴᠡ ᠶᠢ | ᠴᠢᠩᠭᠠᠳᠬᠠᠵᠤ᠂ ᠶᠡᠷᠢᠶ᠎ᠠ ᠬᠡᠯᠡᠯᠴᠡᠭᠡᠨ ᠤ ᠵᠢᠯᠤᠭᠤᠳᠣᠮᠵᠢ ᠪᠠ ᠲᠤᠤᠷ ᠰᠦᠯᠵᠢᠶᠠᠨ ᠤ ᠤᠬᠠᠭᠤᠯᠭ᠎ᠠ ᠶᠢᠨ ᠬᠠᠮᠢᠶᠠᠷᠣᠯᠳᠠ | ᠶᠢᠨ ᠠᠵᠢᠯ ᠢ ᠰᠠᠶᠢᠳᠣᠷ ᠬᠢᠵᠤ᠂ ᠭᠤᠤᠯ ᠠᠶᠠᠰ ᠢ ᠲᠡᠯᠭᠡᠷᠡᠭᠦᠯᠵᠦ᠂ ᠵᠦᠪ ᠡᠨᠧᠷᠬᠢ ᠶᠢ ᠳᠠᠮᠵᠢᠭᠤᠯᠤᠨ᠎ᠠ᠃ ᠶᠤᠸᠠᠨ ᠤ | ᠲᠡᠭᠡᠳᠦ ᠨᠠᠶᠢᠰᠯᠠᠯ ᠤᠨ ᠪᠠᠭᠤᠷᠢ ᠶᠢᠨ ᠰᠣᠶᠣᠯ ᠤᠨ ᠠᠭᠤᠯᠤᠭᠳᠠᠬᠤᠨ ᠢ ᠬᠦᠨᠵᠡᠭᠡᠢ ᠠᠭᠤᠳᠠᠯᠯᠠᠨ᠂ ᠦᠨᠳᠦᠰᠦᠳᠡᠨ ᠤ | ᠰᠣᠶᠣᠯ ᠤᠨ ᠬᠦᠴᠦᠷᠭᠡᠭ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ︽ᠳᠤᠮᠳᠠᠳᠤ ᠤᠯᠤᠰ᠂ ᠶᠤᠸᠠᠨ | ᠤ ᠲᠡᠭᠡᠳᠦ ᠨᠡᠶᠢᠰᠯᠡᠯ︾ ᠰᠣᠶᠣᠯ ᠵᠢᠭᠤᠯᠴᠢᠯᠠᠯ ᠤᠨ ᠦᠨᠳᠦᠰᠦᠳᠡᠨ ᠤ ᠵᠠᠩ ᠦᠢᠯᠡ ᠰᠣᠶᠣᠯ ᠤᠨ ᠰᠢᠷᠢᠰ ᠠᠵᠢᠯᠯᠠᠭ᠎ᠠ ᠶᠢ | ᠰᠠᠶᠢᠳᠣᠷ ᠦᠷᠨᠢᠭᠦᠯᠦᠨ᠎ᠡ᠃ ︽ᠳᠣᠮᠳᠠᠳᠣ ᠣᠯᠣᠰ ᠤᠨ ᠮᠤᠩᠭᠤᠯ ᠭᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠠ ᠦᠵᠡᠭᠦᠯᠬᠦ | ᠰᠠᠭᠤᠷᠢᠨ ᠭᠠᠵᠠᠷ︾ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠤᠩᠭᠤᠯ ᠭᠡᠯᠡᠨ ᠤ ᠭᠡᠷᠡᠭᠯᠡᠭᠡᠨ ᠤ ᠬᠢᠷᠢ | ᠲᠦᠪᠰᠢᠨ ᠢ ᠲᠡᠭᠡᠭᠰᠢᠯᠡᠭᠦᠯᠵᠦ᠂ ᠨᠠᠢᠮᠠᠨ ᠮᠤᠵᠢ ᠤᠷᠤᠨ ᠤ ᠮᠤᠩᠭᠤᠯ ᠬᠡᠯᠡᠨ ᠤ ᠨᠡᠪᠳᠡᠷᠡᠭᠦᠯᠦᠭᠴᠢ ᠬᠦᠳᠦᠯᠦᠭᠴᠢ ᠶᠢᠨ | ᠤᠷᠤᠯᠳᠤᠭᠠᠨ ᠢ ᠮᠠᠨ ᠤ ᠬᠤᠰᠢᠭᠤᠨ ᠳᠤ ᠶᠠᠪᠤᠭᠳᠠᠭᠤᠯᠬᠤ ᠪᠠᠷ ᠢᠳᠡᠪᠬᠢᠲᠠᠢ ᠴᠢᠷᠮᠠᠶᠢᠨ᠎ᠡ᠃ ᠰᠣᠶᠣᠯ ᠢᠶᠠᠷ ᠠᠷᠠᠳ ᠲᠤ | ᠠᠰᠢᠭ ᠣᠯᠭᠤᠬᠤ ᠢᠨᠵᠧᠨᠧᠷᠢᠩ ᠢ ᠠᠬᠢᠭᠤᠯᠵᠤ᠂ ᠰᠤᠶᠤᠯ ᠤᠨ ᠭᠡᠷ᠂ ᠨᠤᠮ ᠤᠨ ᠰᠠᠩ ᠤᠨ ᠬᠢᠷᠢ ᠲᠦᠪᠰᠢᠨ ᠢ | ᠲᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠨᠤᠮ ᠣᠩᠰᠢᠬᠤ ᠶᠢ ᠰᠣᠷᠳᠠᠯᠴᠢᠯᠠᠵᠤ᠂ ᠰᠣᠶᠣᠯ ᠣᠷᠠᠯᠢᠭ ᠤᠨ ᠡᠭᠦᠳᠦᠨ | ᠪᠦᠳᠦᠭᠡᠯᠳᠡ ᠶᠢ ᠵᠤᠷᠢᠭᠵᠢᠭᠤᠯᠤᠨ᠎ᠠ᠃ ᠪᠤᠳᠠᠳᠣ ᠭᠡᠷᠡᠭᠯᠡᠭᠡᠨ ᠤ ᠰᠢᠨᠵᠢᠯᠡᠭᠡ ᠮᠡᠷᠭᠡᠵᠢᠯ ᠤᠨ ᠪᠤᠯᠪᠠᠰᠣᠷᠠᠯ ᠢ ᠴᠢᠩᠭᠠᠳᠬᠠᠵᠤ᠂ | ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ ᠢᠳᠡᠪᠬᠢᠳᠠᠢ ᠣᠷᠢᠨ ᠣᠷᠣᠭᠤᠯᠤᠨ᠎ᠡ᠃ ᠲᠡᠤᠬᠡᠨ ᠳᠣᠷᠠᠰᠬᠠᠯᠳᠣ ᠵᠦᠢᠯᠡᠰ ᠪᠠ | ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠬᠦᠴᠦᠯᠡᠴᠡ ᠶᠢ ᠴᠢᠩᠭᠠᠳᠬᠠᠵᠤ᠂ ᠰᠣᠶᠣᠯ ᠤᠨ ᠴᠢᠳᠠᠪᠤᠷᠢᠳᠠᠨ ᠤ | ᠡᠩᠨᠡᠭᠡᠨ ᠤ ᠪᠠᠶᠢᠭᠤᠯᠤᠯᠳᠠ ᠶᠢ ᠴᠢᠬᠤᠯᠠᠴᠢᠯᠠᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠥᠽᠸᠢ ᠶᠢᠨ | ᠨᠠᠶᠢᠭᠡᠮ ᠳᠤ ᠦᠢᠯᠡᠴᠢᠯᠡᠬᠦ ᠴᠢᠳᠠᠪᠬᠢ ᠶᠢ ᠲᠡᠭᠡᠭᠰᠢᠯᠡᠭᠦᠯᠵᠦ᠂ ᠣᠯᠣᠰ ᠤᠨ ᠲᠦᠯᠦᠪᠦᠷᠢ ᠦᠭᠡᠢ ᠨᠡᠭᠡᠭᠡᠭᠦ ᠡᠩᠨᠡᠭᠡᠨ ᠳᠤ | ᠤᠷᠤᠭᠤᠯᠬᠤ ᠪᠠᠷ ᠴᠢᠷᠮᠠᠶᠢᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠢᠳᠡᠪᠬᠢᠳᠠᠢ ᠦᠷᠨᠢᠭᠦᠯᠵᠦ᠂ | ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠪᠠ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭ᠎ᠠ ᠶᠢ | ᠲᠦᠭᠡᠮᠡᠯᠵᠢᠭᠦᠯᠤᠨ᠂ ᠪᠦᠬᠡ ᠵᠡᠷᠭᠡ ᠦᠨᠳᠦᠰᠦᠳᠡᠨ ᠤ ᠪᠡᠶ᠎ᠡ ᠳᠠᠮᠢᠷ ᠤᠨ ᠣᠷ᠎ᠠ ᠮᠡᠷᠭᠡᠵᠢᠯ ᠤᠨ ᠬᠢᠷᠢ ᠲᠦᠪᠰᠢᠨ ᠢ | ᠲᠡᠭᠡᠭᠰᠢᠯᠡᠭᠦᠯᠵᠦ᠂ ︽ᠬᠦᠶᠦᠴᠢ︾ ᠬᠤᠯᠠ ᠬᠦᠶᠦᠬᠦ ᠤᠷᠤᠯᠳᠤᠭᠠᠨ ᠵᠡᠷᠭᠡ ᠳᠣᠮᠣ ᠬᠡᠯᠪᠡᠷᠢ ᠶᠢᠨ ᠪᠠᠶ᠎ᠠ ᠲᠠᠮᠢᠷ ᠤᠨ | ᠣᠷᠣᠯᠳᠣᠭᠠᠨ ᠢ ᠡᠷᠬᠢᠯᠡᠬᠦ ᠪᠠᠷ ᠴᠢᠷᠮᠠᠶᠢᠨ᠎ᠠ᠃ ᠲᠡᠭᠡᠳᠦ ᠱᠠᠳᠣᠨ ᠤ ᠰᠣᠶᠣᠯ ᠤᠨ ᠠᠵᠤ ᠦᠢᠯᠡᠰ ᠤᠨ ᠰᠠᠭᠤᠷᠢ ᠮᠦᠩᠬᠦ ᠶᠢ | ᠣᠯᠬᠤ ᠪᠠᠷ ᠴᠢᠷᠮᠠᠶᠢᠵᠤ᠂ ᠰᠣᠶᠣᠯ ᠵᠢᠭᠤᠯᠴᠢᠯᠠᠯ᠂ ᠰᠢᠨᠵᠢᠯᠡᠭᠡ ᠮᠡᠷᠭᠡᠵᠢᠯ᠂ ᠪᠡᠶ᠎ᠡ ᠳᠠᠮᠢᠷ ᠶᠢᠨ ᠣᠷᠭᠠᠨᠢᠭ ᠵᠤᠬᠢᠴᠠᠯ ᠢ | ᠠᠬᠢᠭᠤᠯᠵᠤ᠂ ᠠᠵᠤ ᠠᠬᠤᠢ ᠶᠢᠨ ᠬᠦᠭᠵᠢᠯᠳᠡ ᠳᠤ ᠦᠵᠡᠭᠦᠯᠬᠦ ᠰᠣᠶᠣᠯ ᠤᠨ ᠠᠵᠤ ᠦᠢᠯᠡᠰ ᠤᠨ ᠬᠤᠪᠢ ᠨᠡᠮᠡᠭᠦᠷᠢ ᠶᠢ | ᠲᠡᠭᠡᠭᠰᠢᠯᠡᠭᠦᠯᠦᠨ᠎ᠡ᠃ | ︵ᠨᠠᠢᠮᠠ︶ ᠵᠠᠰᠠᠭ ᠤᠨ ᠣᠷᠳᠣᠨ ᠤ ᠲᠤᠰ ᠪᠠᠶ᠎ᠠ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ | ᠬᠠᠣᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ | ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠤ᠂ ᠣᠯᠣᠰ ᠲᠦᠷᠦ ᠶᠢᠨ ᠰᠠᠬᠢᠯᠭ᠎ᠠ ᠪᠠᠳᠣ ᠪᠠ ᠤᠯᠤᠰ ᠲᠦᠷᠦ ᠶᠢᠨ | ᠲᠦᠷᠢᠮ ᠶᠤᠰᠣ ᠶᠢ ᠴᠢᠩᠭ᠎ᠠ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠤᠰᠣᠨ ᠤ | ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠦ᠂ | ᠠᠷᠠᠳᠴᠢᠯᠠᠯᠳᠣ ᠬᠠᠣᠯᠢ ᠪᠠᠷ ᠵᠠᠰᠠᠬᠤ ᠪᠠ ᠵᠠᠰᠠᠭ ᠤᠨ ᠣᠷᠳᠣᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠦᠨᠡᠨᠬᠦ | ᠴᠢᠩᠭᠠᠳᠬᠠᠨ᠂ ᠠᠷᠠᠳ ᠲᠦᠮᠡᠨ ᠤ ᠬᠠᠣᠯᠢ ᠶᠣᠰᠣᠨ ᠤ ᠡᠷᠭᠡ ᠠᠰᠢᠭ ᠪᠠ ᠨᠠᠶᠢᠭᠡᠮ ᠤᠨ ᠡᠷᠭᠡ ᠲᠡᠭᠰᠢ ᠲᠦᠪ ᠰᠢᠳᠣᠷᠭᠤ | ᠶᠣᠰᠣ ᠶᠢ ᠬᠠᠮᠠᠭᠠᠯᠠᠵᠤ᠂ ᠠᠷᠠᠳ ᠤᠨ ᠲᠦᠯᠦᠭᠡ᠂ ᠪᠤᠳᠠᠳᠠᠢ ᠶᠢ ᠡᠷᠬᠢᠮᠯᠡᠬᠦ᠂ ᠠᠷᠢᠭᠤᠨ ᠴᠢᠭᠡᠴᠢ ᠪᠠ ᠬᠠᠣᠯᠢ ᠪᠠᠷ ᠵᠠᠰᠠᠬᠤ᠂ | ᠰᠢᠨ᠎ᠡ ᠶᠢ ᠡᠭᠦᠳᠬᠦ᠂ ᠦᠨᠳᠦᠷ ᠦᠷ᠎ᠡ ᠪᠦᠳᠦᠮᠵᠢ ᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ | ᠪᠠᠶᠢᠭᠤᠯᠤᠯᠳᠠ ᠶᠢ ᠲᠦᠷᠭᠡᠳᠭᠡᠨ᠎ᠡ᠃ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠂ ︽ᠳᠣᠮᠳᠠᠳᠣ | ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ ᠲᠦᠷᠢᠮ︾ ᠪᠠ ︽ᠳᠣᠮᠳᠠᠳᠣ ᠣᠯᠣᠰ ᠤᠨ | ᠡᠪ ᠬᠠᠮᠳᠣ ᠨᠠᠮ ᠤᠨ ᠰᠠᠬᠢᠯᠭ᠎ᠠ ᠪᠠᠳᠣ ᠶᠢᠨ ᠰᠢᠢᠳᠭᠡᠯ ᠤᠨ ᠲᠦᠷᠢᠮ︾ ᠢ ᠴᠢᠩᠭ᠎ᠠ ᠰᠠᠬᠢᠵᠤ᠂ ᠨᠠᠮ ᠤᠨ ᠰᠣᠷᠳᠠᠯ ᠴᠢᠭᠡᠴᠢ | ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠰᠠᠬᠢᠯᠭ᠎ᠠ ᠲᠦᠷᠢᠮ ᠢ | ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠬᠢᠨᠠᠨ ᠪᠤᠳᠣᠵᠤ ᠬᠢᠨᠠᠯᠳᠠ ᠳᠠᠯᠪᠢᠬᠤ ᠶᠢ ᠴᠢᠩᠭᠠᠳᠬᠠᠵᠤ᠂ ᠲᠣᠰ | ᠱᠠᠳᠣᠨ ᠤ ᠲᠦᠰᠦᠪ ᠤᠨ ᠭᠡᠷᠡᠭᠵᠢᠭᠦᠯᠦᠯᠳᠡ ᠶᠢᠨ ᠬᠢᠨᠠᠨ ᠪᠤᠳᠣᠯᠳᠠ ᠪᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ | ᠪᠤᠳᠣᠯᠳᠠ ᠪᠠᠷ ᠭᠤᠤᠯᠳᠠᠯᠭ᠎ᠠ ᠪᠤᠯᠭᠠᠨ᠂ ᠠᠷᠠᠳ ᠤᠨ ᠠᠮᠢᠳᠣᠷᠠᠯ ᠤᠨ ᠢᠨᠵᠧᠨᠧᠷᠢᠩ ᠪᠠ ᠳᠣᠰᠬᠠᠢ ᠲᠦᠷᠦᠯ ᠤᠨ ᠪᠡᠯᠡ | ᠮᠦᠩᠬᠦ ᠶᠢ ᠬᠢᠨᠠᠨ ᠪᠤᠳᠣᠬᠤ ᠡᠷᠴᠢᠮ ᠢ ᠴᠢᠩᠭᠠᠳᠬᠠᠨ᠎ᠡ᠃ ᠰᠣᠷᠳᠠᠯ ᠤᠨ ᠪᠠᠶᠢᠭᠤᠯᠤᠯᠳᠠ ᠶᠢ ᠴᠢᠩᠭᠠᠳᠬᠠᠨ᠂ ︽ᠭᠤᠷᠪᠠᠨ | ᠴᠢᠩᠭ᠎ᠠ᠂ ᠭᠤᠷᠪᠠᠨ ᠪᠤᠳᠠᠳᠠᠢ︾ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠭᠡᠷᠡᠭᠵᠢᠭᠦᠯᠵᠦ᠂ ᠵᠠᠰᠠᠭ ᠵᠠᠬᠢᠷᠭᠠᠨ ᠤ ᠡᠰᠡ | ᠭᠦᠢᠴᠡᠳᠭᠡᠬᠦ᠂ ᠳᠣᠷ᠎ᠠ ᠪᠠᠷ ᠢᠶᠠᠨ ᠭᠦᠢᠴᠡᠳᠭᠡᠬᠦ ᠪᠠ ᠠᠷᠠᠳ ᠲᠦᠮᠡᠨ ᠤ ᠠᠰᠢᠭ ᠳᠣᠰᠠ ᠶᠢ ᠬᠤᠬᠢᠷᠠᠭᠤᠯᠤᠭᠰᠠᠨ ᠦᠢᠯᠡ | ᠠᠵᠢᠯᠯᠠᠭ᠎ᠠ ᠶᠢ ᠡᠷᠡᠰ ᠴᠡᠭᠴᠡᠯᠡᠨ᠎ᠡ᠃ ᠵᠠᠰᠠᠭ ᠵᠠᠬᠢᠷᠭᠠᠨ ᠤ ᠴᠢᠳᠠᠪᠬᠢ ᠶᠢ ᠪᠠᠶᠢᠴᠠᠭᠠᠨ ᠬᠠᠷᠢᠭᠤᠴᠠᠯᠭ᠎ᠠ ᠳᠣᠯᠭᠠᠬᠤ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠬᠠᠤᠯᠢ ᠲᠦᠷᠢᠮ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠵᠤ᠂ | ᠲᠦᠷᠢᠮᠵᠢᠭᠰᠡᠨ ᠪᠢᠴᠢᠭ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠭᠡᠷ᠎ᠡ ᠶᠢ ᠬᠢᠨᠠᠨ ᠳᠣᠭᠳᠠᠭᠠᠬᠤ ᠠᠵᠢᠯ ᠢ | ᠡᠷᠴᠢᠮᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠬᠦ ᠲᠦᠷᠢᠮ ᠤᠨ ᠦᠭᠡᠷᠡᠴᠢᠯᠡᠯᠳᠡ ᠶᠢ ᠴᠢᠩᠭᠠᠳᠬᠠᠨ᠂ ᠬᠠᠣᠯᠢ | ᠶᠣᠰᠣᠨ ᠤ ᠡᠷᠭᠡ ᠮᠡᠳᠡᠯ᠂ ᠬᠠᠤᠯᠢ ᠳᠤ ᠳᠣᠭᠳᠠᠭᠠᠭᠰᠠᠨ ᠡᠷᠭᠡ ᠶᠢᠨ ᠬᠢᠵᠠᠭᠠᠠᠷ ᠪᠠ ᠡᠷᠭᠡ ᠶᠢᠨ ᠨᠠᠷᠢᠨ ᠳᠠᠩᠰᠠ᠂ | ᠬᠠᠷᠢᠭᠤᠴᠠᠯᠭ᠎ᠠ ᠶᠢᠨ ᠨᠠᠷᠢᠨ ᠳᠠᠩᠰᠠᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠵᠠᠰᠠᠭ ᠤᠨ ᠣᠷᠳᠣᠨ ᠤ | ᠠᠯᠢᠪᠡ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠂ ︽ᠬᠠᠤᠯᠢ ᠳᠤ ᠲᠤᠭᠳᠠᠭᠠᠭᠰᠠᠨ ᠡᠭᠦᠷᠭᠡ ᠬᠠᠷᠢᠭᠤᠴᠠᠯᠭ᠎ᠠ | ᠶᠢ ᠵᠠᠪᠠᠯ ᠭᠦᠢᠴᠡᠳᠭᠡᠬᠦ︾ ᠶᠢ ᠪᠠᠶᠡᠯᠡᠭᠦᠯᠦᠨ᠎ᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠣᠯᠭ᠎ᠠ ᠪᠠ ᠦᠨᠳᠦᠰᠦᠳᠡᠨ | ᠤ ᠣᠷᠣᠨ ᠤ ᠦᠪᠡᠷᠳᠡᠭᠡᠨ ᠵᠠᠰᠠᠬᠤ ᠲᠦᠷᠢᠮ ᠢ ᠪᠦᠬᠦ ᠲᠠᠯ᠎ᠠ ᠪᠠᠷ ᠳᠣᠣᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ | ᠤ ᠪᠦᠯᠬᠦᠮᠲᠡᠯ ᠲᠠᠪᠰᠢᠯᠲᠠ ᠶᠢᠨ ᠡᠭᠦᠳᠦᠯᠳᠠ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠤ᠂ ︽ᠲᠦᠷᠪᠡ ᠶᠢ ᠵᠦᠪᠰᠢᠶᠡᠷᠡᠨ | ᠮᠡᠳᠡᠷᠡᠬᠦ︾ ᠶᠢ ᠦᠨᠡᠨᠬᠦ ᠴᠢᠩᠭᠠᠳᠬᠠᠨ᠂ ᠡᠷᠭᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠣᠷᠣᠯᠴᠠᠬᠤ᠂ ᠡᠶ᠎ᠡ | ᠵᠤᠬᠢᠴᠠᠯᠳᠠᠢ ᠨᠡᠶᠢᠭᠡᠮ ᠵᠢᠷᠤᠮᠳᠣ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠭᠦᠭᠵᠢᠭᠦᠯᠦᠨ᠎ᠡ᠃ ᠮᠤᠩᠭᠤᠯ ᠬᠢᠲᠠᠳ | ᠬᠤᠶᠠᠷ ᠬᠡᠯᠡ ᠶᠢ ᠵᠡᠷᠭᠡᠪᠡᠷ ᠬᠡᠷᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠱᠠᠰᠢᠨ ᠰᠣᠷᠳᠠᠬᠤᠨ ᠤ ᠠᠵᠢᠯ ᠤᠨ ᠲᠠᠯ᠎ᠠ ᠪᠠᠷ | ᠬᠢ ᠨᠠᠮ ᠤᠨ ᠦᠨᠳᠦᠰᠦᠨ ᠴᠢᠭᠯᠡᠯᠳᠡ ᠶᠢ ᠬᠦᠨᠵᠡᠭᠡᠢ ᠳᠣᠣᠱᠯᠠᠭᠤᠯᠤᠨ ᠨᠠᠶᠢᠳᠠᠪᠤᠷᠢᠵᠢᠭᠤᠯᠣᠨᠡ᠃ ᠰᠢᠨ᠎ᠠ ᠲᠦᠰᠦᠪ ᠶᠢᠨ | ᠬᠠᠤᠯᠢ ᠶᠢ ᠴᠢᠩᠭ᠎ᠠ ᠬᠡᠷᠡᠭᠵᠢᠭᠦᠯᠥᠨ᠂ ᠵᠠᠷᠤᠯᠭ᠎ᠠ ᠶᠢᠨ ᠪᠦᠳᠦᠴᠡ ᠶᠢ ᠤᠯᠠᠮ ᠨᠢᠭᠡ ᠠᠯᠬᠤᠮ ᠳᠣᠬᠢᠷᠠᠭᠤᠯᠤᠨ | ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ︽ᠭᠤᠷᠪᠠᠨ ᠲᠥᠷᠥᠯ ᠤᠨ ᠠᠯᠪᠠᠨ | ᠵᠠᠷᠤᠳᠠᠯ︾ ᠪᠠ ᠠᠰᠠᠷ ᠲᠠᠭᠳᠤ ᠵᠡᠷᠭᠡ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠵᠠᠷᠤᠯᠭ᠎ᠠ ᠶᠢ ᠪᠠᠭᠠᠰᠬᠠᠨ᠎ᠡ᠃ | ᠳᠤᠭ᠎ᠠ ᠪᠦᠷᠢᠳᠭᠡᠯ ᠤᠨ ᠠᠵᠢᠯ ᠤᠨ ᠴᠢᠳᠠᠪᠬᠢ ᠪᠠ ᠬᠢᠷᠢ ᠲᠦᠪᠰᠢᠨ ᠢ ᠳᠠᠰᠣᠷᠠᠯᠳᠡ ᠦᠭᠡᠢ ᠲᠡᠭᠡᠭᠰᠢᠯᠡᠭᠦᠯᠤᠨ᠂ ᠵᠠᠰᠠᠭ ᠤᠨ | ᠣᠷᠳᠣᠨ ᠤ ᠳᠤᠭ᠎ᠠ ᠪᠦᠷᠢᠳᠭᠡᠯ ᠤᠨ ᠢᠳᠡᠭᠡᠭᠦᠯᠬᠦ ᠬᠦᠴᠦᠨ ᠢ ᠦᠨᠡᠨᠬᠦ ᠨᠡᠮᠡᠭᠳᠡᠭᠦᠯᠵᠦ᠂ ᠵᠠᠰᠠᠭ ᠤᠨ ᠣᠷᠳᠣᠨ ᠤ | ᠰᠢᠢᠳᠪᠦᠷᠢᠳᠣ ᠪᠣᠳᠣᠯᠭ᠎ᠠ ᠳᠣᠭᠳᠠᠭᠠᠬᠤ ᠳᠤ ᠰᠢᠨᠵᠢᠯᠡᠬᠦ ᠣᠬᠠᠭᠠᠨᠴᠢ ᠦᠨᠳᠦᠰᠦ ᠪᠠᠷᠢᠮᠳᠠ ᠬᠠᠩᠭᠠᠨ᠎ᠠ︔ ᠪᠦᠬᠦ ᠤᠯᠤᠰ ᠤᠨ | ᠭᠤᠷᠪᠠᠳᠣᠭᠠᠷ ᠣᠳᠠᠭᠠᠨ ᠤ ᠲᠡᠷᠢᠶᠠᠯᠠᠩ ᠤᠨ ᠨᠠᠶᠢᠳᠠᠮ ᠪᠠᠶᠢᠴᠠᠭᠠᠯᠳᠠ ᠶᠢᠨ ᠠᠵᠢᠯ ᠢ ᠪᠠᠶᠠᠯᠡᠭᠦᠯᠦᠨ᠎ᠡ᠃ ᠳᠣᠭᠳᠠᠮᠠᠯ | ᠬᠦᠷᠦᠩᠭᠡ ᠶᠢ ᠪᠦᠷᠢᠳᠭᠡᠨ ᠲᠠᠩᠰᠠᠯᠠᠬᠤ ᠠᠵᠢᠯ ᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠪᠠ ᠢᠳᠡᠭᠡᠨ ᠤᠮᠳᠠᠭᠠᠨ | ᠡᠮ ᠲᠠᠩ ᠤᠨ ᠠᠮᠤᠷ ᠲᠥᠪᠰᠢᠨ ᠤ ᠠᠵᠢᠯ ᠢ ᠰᠠᠶᠢᠳᠦᠷ ᠠᠳᠬᠤᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠪᠤᠯᠤᠨ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠡᠯ᠎ᠡ ᠵᠦᠢᠯ ᠤᠨ ᠤᠨᠴᠠ ᠶᠡᠭᠡ ᠤᠰᠤᠯ ᠠᠳᠡᠯ | ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠯᠳᠠ ᠪᠠ ᠪᠡᠯᠡᠳᠭᠡᠯ ᠬᠦᠴᠦᠨ | ᠤ ᠪᠠᠶᠢᠭᠤᠯᠤᠯᠳᠠ ᠶᠢ ᠲᠡᠮᠵᠢᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠠᠷᠠᠳ ᠤᠨ | ᠠᠭᠠᠷ ᠤᠨ ᠰᠡᠷᠭᠡᠶᠢᠯᠡᠯᠳᠡ ᠶᠢᠨ ᠠᠵᠢᠯ ᠤᠨ ᠡᠷᠴᠢᠮ ᠢ ᠨᠡᠮᠡᠭᠳᠡᠭᠦᠯᠵᠦ᠂ ᠴᠡᠷᠢᠭ ᠠᠷᠠᠳ ᠤᠨ ᠬᠠᠮᠳᠣᠷᠠᠭᠰᠠᠨ ᠬᠢᠷᠢ | ᠲᠦᠪᠰᠢᠨ ᠢ ᠲᠡᠭᠡᠭᠰᠢᠯᠡᠭᠦᠯᠦᠨ᠎ᠡ᠃ ᠠᠮᠤᠷ ᠲᠤᠭᠳᠠᠭᠤᠨ ᠰᠢᠯᠤᠭᠤᠨ ᠬᠦᠬᠡ ᠶᠢᠨ ᠪᠦᠳᠦᠭᠡᠨ ᠪᠠᠶᠢᠭᠤᠯᠤᠯᠳᠠ ᠶᠢ | ᠠᠬᠢᠭᠤᠯᠵᠤ᠂ ᠨᠢᠭᠡ ᠰᠠᠯᠠᠭ᠎ᠠ ᠣᠯᠣᠰ ᠲᠦᠷᠦ ᠶᠢᠨ ᠲᠠᠯ᠎ᠠ ᠪᠠᠷ ᠪᠤᠯᠪᠠᠰᠣᠷᠠᠩᠭᠤᠢ᠂ ᠳᠣᠬᠠᠶᠢᠯᠠᠭᠰᠠᠨ ᠠᠵᠢᠯ ᠳᠠᠭᠠᠨ | ᠴᠠᠭᠠᠷᠠᠭᠰᠠᠨ ᠳᠣᠳᠣᠭᠠᠳᠣ ᠶᠢ ᠬᠠᠮᠠᠭᠠᠯᠠᠬᠤ ᠴᠠᠭᠳᠠᠭᠠᠨ ᠤ ᠡᠩᠨᠡᠭᠡ ᠶᠢ ᠪᠠᠶᠢᠭᠤᠯᠤᠨ᠎ᠠ᠃ ᠵᠠᠬᠢᠲᠠᠯ ᠰᠤᠷᠪᠤᠯᠵᠢᠯᠠᠭ᠎ᠠ ᠶᠢᠨ | ᠲᠤᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠨᠡᠶᠢᠭᠡᠮ ᠤᠨ | ᠵᠦᠷᠢᠴᠡᠯ ᠮᠦᠷᠭᠦᠯᠳᠦᠭᠡᠨ ᠢ ᠪᠠᠶᠢᠴᠠᠭᠠᠨ ᠨᠠᠮᠳᠠᠭᠤᠯᠬᠤ ᠠᠵᠢᠯᠯᠠᠭ᠎ᠠ ᠶᠢ ᠭᠥᠨᠵᠡᠭᠡᠢ ᠦᠷᠨᠢᠭᠦᠯᠦᠨ᠂ ᠨᠠᠶᠢᠭᠡᠮ ᠤᠨ ᠡᠶ᠎ᠡ | ᠵᠤᠬᠢᠴᠠᠯ᠂ ᠳᠣᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠦᠯᠦᠭᠡᠯᠡᠭᠴᠢᠳ ᠡ᠂ ︽ᠠᠷᠪᠠᠨ ᠭᠤᠷᠪᠠᠳᠣᠭᠠᠷ ᠲᠠᠪᠤᠨ ᠵᠢᠯ︾ ᠤᠨ ᠠᠤᠭ᠎ᠠ ᠬᠦᠰᠢᠭᠡ ᠨᠢᠭᠡᠨᠳᠡ | ᠰᠡᠭᠦᠭᠳᠡᠵᠦ᠂ ᠪᠢᠳᠠ ᠰᠢᠨ᠎ᠡ ᠡᠬᠢᠯᠡᠯᠳᠡ ᠶᠢᠨ ᠴᠡᠭ ᠠᠴᠠ ᠰᠢᠨ᠎ᠡ ᠠᠶᠠᠨ ᠢᠶᠠᠨ ᠡᠬᠢᠯᠡᠭᠦᠯᠦᠯ᠎ᠡ᠃ ᠬᠤᠰᠢᠭᠤ ᠨᠠᠮ ᠤᠨ | ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠪᠤᠯᠤᠨ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠣᠯᠠᠨ ᠲᠦᠮᠡᠨ ᠤ | ᠬᠠᠮᠳᠣ ᠶᠢᠨ ᠪᠦᠯᠭᠦᠮᠳᠠᠯ ᠲᠡᠮᠡᠴᠡᠯ ᠳᠣᠣᠷ᠎ᠠ᠂ ᠮᠠᠨ ᠤ ᠰᠢᠯᠤᠭᠤᠨ ᠬᠦᠬᠡ ᠬᠤᠰᠢᠭᠤᠨ ᠤ ᠮᠠᠷᠭᠠᠰᠢ ᠨᠡᠩ ᠰᠠᠶᠢᠨ ᠰᠠᠶᠢᠬᠠᠨ | ᠪᠤᠯᠬᠤ ᠳᠤ ᠪᠢᠳᠠ ᠪᠠᠳᠣ ᠢᠳᠡᠭᠡᠯ ᠲᠠᠢ ᠪᠠᠶᠢᠨ᠎ᠡ︕ | | | | | | | | | | | | | | | | ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠳᠠᠬᠢ ᠨᠡᠷ᠎ᠡ ᠦᠭᠡ᠂ ᠨᠡᠷ᠎ᠡ ᠲᠤᠮᠢᠶ᠎ᠠ ᠪᠤᠯᠤᠨ | ᠬᠤᠷᠢᠶᠠᠩᠭᠤᠢ ᠦᠭᠡ ᠶᠢᠨ ᠲᠠᠶᠢᠯᠪᠤᠷᠢ | 1᠂ ︽ᠨᠢᠭᠡ ᠪᠦᠰᠡ ᠨᠢᠭᠡ ᠵᠠᠮ︾᠄ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠪᠠ | 21 ᠳ᠋ᠤᠭᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ᠃ | 2᠂ ᠬᠠᠩᠭᠠᠯᠭ᠎ᠠ ᠲᠡᠰᠢ ᠬᠡᠯᠪᠡᠶᠢᠬᠦ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ᠄ ᠬᠠᠩᠭᠠᠯᠭ᠎ᠠ ᠶᠢᠨ ᠶᠠᠰᠤ ᠴᠢᠨᠠᠷ ᠢ | ᠲᠡᠭᠡᠭᠰᠢᠯᠡᠭᠦᠯᠬᠦ ᠠᠴᠠ ᠡᠬᠢᠯᠡᠨ᠂ ᠦᠭᠡᠷᠡᠴᠢᠯᠡᠯᠳᠡ ᠶᠢᠨ ᠠᠷᠭ᠎ᠠ ᠬᠡᠯᠪᠡᠷᠢ ᠪᠠᠷ ᠪᠦᠳᠦᠴᠡ ᠶᠢᠨ ᠲᠤᠬᠢᠷᠠᠭᠤᠯᠤᠯᠳᠠ ᠶᠢ | ᠠᠬᠢᠭᠤᠯᠵᠤ᠂ ᠪᠦᠳᠦᠮᠵᠢᠳᠠᠢ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ ᠶᠢᠨ ᠪᠦᠳᠦᠴᠡ ᠶᠢᠨ ᠬᠡᠷᠡᠭᠴᠡᠭᠡ ᠱᠠᠭᠠᠷᠳᠠᠯᠭ᠎ᠠ | ᠶᠢᠨ ᠬᠤᠪᠢᠷᠠᠯᠳᠠ ᠳᠤ ᠵᠤᠬᠢᠴᠠᠬᠤ ᠴᠢᠨᠠᠷ ᠪᠤᠯᠤᠨ ᠠᠮᠢᠳᠤᠯᠢᠭ ᠴᠢᠨᠠᠷ ᠢ ᠲᠡᠭᠡᠭᠰᠢᠯᠡᠭᠦᠯᠦᠨ᠂ ᠪᠦᠬᠦ ᠡᠯᠧᠮᠧᠨ᠋ᠲ ᠶᠢᠨ | ᠦᠢᠯᠡᠳᠪᠦᠷᠢᠯᠡᠯ ᠤᠨ ᠨᠤᠷᠮ᠎ᠠ ᠶᠢ ᠲᠡᠭᠡᠭᠰᠢᠯᠡᠭᠦᠯᠵᠦ᠂ ᠦᠷᠭᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠢ ᠨᠡᠩ | ᠰᠠᠶᠢᠳᠤᠷ ᠬᠠᠩᠭᠠᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠨᠠᠮ ᠤᠨ | ᠲᠦᠪ ᠬᠤᠷᠢᠶ᠎ᠠ ᠠᠴᠠ᠂ ᠪᠦᠳᠦᠴᠡ ᠶᠢᠨ ᠴᠢᠨᠠᠷᠳᠠᠢ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠬᠦ ᠪᠤᠯ ᠠᠵᠤ ᠠᠬᠤᠢ ᠶᠢᠨ | ᠡᠷᠬᠢᠯᠳᠡ ᠲᠤᠮᠳᠠ ᠲᠤᠩ ᠤᠯᠠᠨ ᠬᠦᠴᠢᠷᠳᠡᠯ ᠪᠠ ᠠᠰᠠᠭᠤᠳᠠᠯ ᠤᠴᠠᠷᠠᠭᠤᠯᠬᠤ ᠶᠢᠨ ᠴᠢᠬᠤᠯᠠ ᠰᠢᠯᠳᠠᠭᠠᠨ ᠮᠦᠨ︔ | ᠪᠦᠳᠦᠮᠵᠢᠳᠠᠢ ᠬᠠᠩᠭᠠᠯᠭ᠎ᠠ ᠨᠢ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠪᠠ ᠪᠦᠳᠦᠴᠡ ᠶᠢᠨ ᠬᠤᠪᠢᠷᠠᠯᠳᠠ ᠲᠠᠢ | ᠵᠤᠬᠢᠴᠠᠵᠤ ᠲᠡᠶᠢᠯᠬᠦ ᠦᠭᠡᠢ ᠪᠠᠶᠢᠳᠠᠯ ᠲᠤᠤᠷ᠎ᠠ᠂ ᠨᠡᠩ ᠤᠯᠠᠨ ᠬᠦᠴᠦ ᠤᠬᠠᠭᠠᠨ ᠢᠶᠠᠨ ᠬᠠᠩᠭᠠᠯᠭ᠎ᠠ ᠲᠡᠰᠢ ᠬᠡᠯᠪᠡᠶᠢᠬᠦ ᠳᠤ | ᠲᠠᠯᠪᠢᠨ᠂ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠯᠡᠨ ᠴᠢᠩᠭᠠᠳᠬᠠᠵᠤ᠂ | ᠬᠠᠩᠭᠠᠯᠭ᠎ᠠ ᠶᠢᠨ ᠰᠢᠨᠡᠴᠢᠯᠡᠯᠳᠡ ᠪᠠᠷ ᠱᠠᠭᠠᠷᠳᠠᠯᠭ᠎ᠠ ᠶᠢᠨ ᠨᠡᠮᠡᠭᠳᠡᠯ ᠢ ᠲᠠᠶᠢᠴᠢᠯᠠᠨ᠂ ᠲᠤᠤᠷ᠎ᠠ ᠬᠢᠷᠢ ᠲᠦᠪᠰᠢᠨ ᠲᠠᠢ | ᠬᠠᠩᠭᠠᠯᠭ᠎ᠠ ᠬᠡᠷᠡᠭᠴᠡᠭᠡᠨ ᠤ ᠲᠡᠩᠴᠡᠬᠦᠷᠢᠰᠢᠯ ᠢ ᠦᠨᠳᠦᠷ ᠬᠢᠷᠢ ᠲᠦᠪᠰᠢᠨ ᠳᠤ ᠲᠡᠪᠰᠢᠭᠦᠯᠬᠦ ᠶᠢ ᠪᠡᠶᠡᠯᠡᠭᠦᠯᠬᠦ ᠬᠡᠷᠡᠭᠳᠠᠢ | ᠬᠡᠵᠦ ᠴᠢᠬᠤᠯᠠᠴᠢᠯᠠᠵᠠᠢ᠃ ᠬᠠᠩᠭᠠᠯᠭ᠎ᠠ ᠲᠡᠰᠢ ᠬᠡᠯᠪᠡᠶᠢᠬᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠴᠢᠩᠭᠠᠳᠬᠠᠬᠤ | ᠳᠤ ᠭᠤᠤᠯ ᠨᠢ ᠦᠢᠯᠡᠳᠪᠦᠷᠢᠯᠡᠯ ᠤᠨ ᠴᠢᠳᠠᠪᠬᠢ ᠦᠯᠡᠭᠦᠳᠡᠬᠦ ᠶᠢ ᠠᠷᠢᠯᠭᠠᠬᠤ᠂ ᠬᠦᠮᠦᠷᠭᠡ ᠳᠤ ᠬᠠᠳᠠᠭᠠᠯᠠᠬᠤ ᠶᠢ ᠠᠷᠢᠯᠭᠠᠬᠤ | ᠂ ᠬᠦᠰᠢᠭᠦᠷᠭᠡ ᠶᠢ ᠠᠷᠢᠯᠭᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠬᠳᠠᠯ ᠢᠶᠠᠨ ᠨᠦᠬᠦᠪᠦᠷᠢᠯᠡᠬᠦ ᠲᠠᠪᠤᠨ | ᠵᠤᠷᠪᠤᠰ ᠡᠭᠦᠷᠭᠡ ᠶᠢ ᠰᠠᠶᠢᠳᠤᠷ ᠠᠳᠬᠤᠬᠤ ᠳᠤ ᠪᠤᠢ᠃ | 3 ︽ᠨᠠᠢᠮᠠᠨ ᠬᠡᠪ ᠲᠠᠭᠤᠷᠢᠶᠠᠯ ᠵᠢᠱᠢᠶ᠎ᠡ ᠦᠵᠡᠭᠦᠯᠬᠦ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠡ ᠬᠤᠷᠳᠤᠴᠠ ᠶᠢ | ᠨᠡᠮᠡᠭᠳᠡᠭᠦᠯᠬᠦ᠂ ᠡᠳ᠋ ᠤᠨ ᠵᠠᠰᠠᠭ ᠤᠨ ᠤᠷᠤᠯᠭ᠎ᠠ᠂ ᠮᠠᠯᠴᠢᠨ ᠲᠠᠷᠢᠶᠠᠴᠢᠳ ᠤᠨ ᠤᠷᠤᠯᠭ᠎ᠠ᠂ ᠰᠤᠶᠤᠯ ᠵᠢᠭᠤᠯᠴᠢᠯᠠᠯ᠂ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ᠂ ᠶᠡᠷᠦᠩᠬᠡᠶᠢᠯᠡᠭᠰᠡᠨ ᠵᠦᠷᠯᠢᠭ ᠵᠠᠮ ᠬᠠᠷᠢᠯᠴᠠᠭ᠎ᠠ᠂ ᠦᠨᠳᠦᠰᠦᠳᠡᠨ ᠤ ᠵᠠᠩ ᠦᠢᠯᠡ | ᠪᠠ ᠪᠡᠶ᠎ᠡ ᠲᠠᠮᠢᠷ᠂ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ᠃ | 4᠂ ︽ᠵᠢᠷᠭᠤᠭᠠᠨ ᠰᠢᠪᠳᠤᠯᠤᠯᠳᠠ︾᠄ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠢ ᠠᠬᠤᠢ ᠶᠢᠨ ᠤᠷᠴᠢᠨ ᠲᠤᠭᠤᠷᠢᠨ | ᠤ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ᠂ ᠰᠤᠶᠤᠯ ᠵᠢᠭᠤᠯᠴᠢᠯᠠᠯ᠂ ᠲᠦᠬᠦᠭᠡᠷᠦᠮᠵᠢ ᠦᠢᠯᠡᠳᠬᠦ᠂ ᠮᠠᠯ ᠲᠠᠷᠢᠶᠠᠯᠠᠩ | ᠤᠨ ᠪᠦᠳᠦᠭᠡᠭᠳᠡᠭᠦᠨ ᠢ ᠨᠠᠷᠢᠯᠢᠭ ᠬᠦᠨ ᠡᠳ᠋ᠰᠢᠭᠦᠯᠬᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ᠃ | 5 ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ | ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠦᠳᠦᠭᠡᠨ ᠪᠠᠶᠢᠭᠤᠯᠤᠯᠳᠠ᠂ ᠠᠮᠢ | ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ᠃ | 6᠂ ︽ᠲᠦᠷᠪᠡᠨ ᠪᠦᠬᠦ ᠲᠠᠯ᠎ᠠ︾ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ᠄ ᠴᠢᠨᠡᠭᠡᠯᠢᠭ ᠨᠡᠶᠢᠭᠡᠮ ᠢ ᠪᠦᠬᠦ ᠲᠠᠯ᠎ᠠ | ᠪᠠᠷ ᠪᠦᠳᠦᠭᠡᠨ ᠪᠠᠶᠢᠭᠤᠯᠬᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠬᠠᠤᠯᠢ ᠪᠠᠷ ᠤᠯᠤᠰ ᠢᠶᠠᠨ ᠪᠦᠬᠦ | ᠲᠠᠯ᠎ᠠ ᠪᠠᠷ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠃ | 7᠂ ︽ᠵᠢᠷᠭᠤᠭᠠᠨ ᠰᠠᠭᠤᠷᠢᠨ ᠭᠠᠵᠠᠷ︾᠄ ᠪᠡᠭᠡᠵᠢᠩ ᠲᠢᠶᠠᠨᠵᠢᠨ ᠤ ᠠᠮᠢ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ᠂ ᠪᠤᠬᠢᠷᠳᠤᠯ ᠦᠭᠡᠢ ᠤᠷᠭᠠᠨᠢᠭ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠰᠠᠭᠤᠷᠢᠨ ᠭᠠᠵᠠᠷ᠂ | ᠮᠤᠩᠭᠤᠯ ᠶᠤᠸᠠᠨ ᠤ ᠰᠤᠶᠤᠯ ᠵᠢᠭᠤᠯᠴᠢᠯᠠᠯ ᠤᠨ ᠰᠠᠭᠤᠷᠢᠨ ᠭᠠᠵᠠᠷ᠂ ᠪᠤᠬᠢᠷᠳᠤᠯ ᠦᠭᠡᠢ ᠰᠢᠨ᠎ᠡ ᠡᠨᠧᠷᠬᠢ ᠶᠢᠨ ᠰᠠᠭᠤᠷᠢᠨ | ᠭᠠᠵᠠᠷ᠂ ᠪᠤᠬᠢᠷᠳᠤᠯ ᠦᠭᠡᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠠᠭᠤᠷᠢᠨ ᠭᠠᠵᠠᠷ᠂ ᠪᠤᠳᠠᠰ ᠤᠨ | ᠭᠦᠢᠯᠭᠡᠭᠡᠨ ᠤ ᠲᠦᠪᠯᠡᠷᠡᠭᠦᠯᠵᠦ ᠲᠠᠷᠬᠠᠭᠠᠬᠤ ᠰᠠᠭᠤᠷᠢᠨ ᠭᠠᠵᠠᠷ᠃ | 8᠂ ︽ᠲᠦᠷᠪᠡᠨ ᠵᠠᠭᠤᠨ ᠳ᠋ᠦᠩᠰᠢᠭᠤᠷ︾᠄ ᠡᠨᠧᠷᠬᠢ ᠴᠠᠬᠢᠯᠭᠠᠨ ᠬᠦᠴᠦ᠂ ᠲᠦᠬᠦᠭᠡᠷᠦᠮᠵᠢ ᠦᠢᠯᠡᠳᠬᠦ ᠵᠢᠴᠢ ᠰᠢᠨ᠎ᠡ | ᠮᠠᠲ᠋ᠧᠷᠢᠶᠠᠯ᠂ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ ᠵᠡᠷᠭᠡ ︽ᠲᠦᠷᠪᠡᠨ ᠵᠠᠭᠤᠨ | ᠳ᠋ᠦᠩᠰᠢᠭᠤᠷ︾ ᠤᠨ ᠢᠨᠵᠧᠨᠧᠷᠢᠩ᠃ | 9᠂ ︽ᠵᠢᠷᠭᠤᠭᠠᠨ ᠨᠠᠷᠢᠯᠢᠭ ᠤᠨᠤᠪᠴᠢᠳᠠᠢ︾᠄ ᠶᠠᠳᠠᠭᠤ ᠶᠢ ᠲᠡᠳᠬᠦᠬᠦ ᠨᠢᠭᠤᠷᠯᠠᠯ ᠨᠢ ᠨᠠᠷᠢᠯᠢᠭ ᠤᠨᠤᠪᠴᠢᠳᠠᠢ᠂ ᠲᠦᠰᠦᠯ | ᠤᠨ ᠪᠠᠶᠢᠷᠢᠯᠠᠭᠤᠯᠤᠯᠳᠠ ᠨᠢ ᠨᠠᠷᠢᠯᠢᠭ ᠤᠨᠤᠪᠴᠢᠳᠠᠢ᠂ ᠪᠡᠯᠡ ᠮᠦᠩᠭᠦᠨ ᠤ ᠬᠡᠷᠡᠭᠯᠡᠭᠡ ᠨᠢ ᠨᠠᠷᠢᠯᠢᠭ ᠤᠨᠤᠪᠴᠢᠳᠠᠢ᠂ ᠠᠷᠭ᠎ᠠ | ᠬᠡᠮᠵᠢᠶ᠎ᠡ ᠶᠢ ᠡᠷᠦᠬᠡ ᠳᠤ ᠨᠠᠶᠢᠳᠠᠪᠤᠷᠢᠵᠢᠭᠤᠯᠤᠬᠰᠠᠨ ᠨᠢ ᠨᠠᠷᠢᠯᠢᠭ ᠤᠨᠤᠪᠴᠢᠳᠠᠢ᠂ ᠲᠤᠰᠬᠤᠨ ᠳᠤ ᠲᠤᠮᠢᠯᠠᠬᠰᠠᠨ ᠬᠦᠮᠦᠨ | ᠨᠢ ᠨᠠᠷᠢᠯᠢᠭ ᠤᠨᠤᠪᠴᠢᠳᠠᠢ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠡ ᠪᠦᠳᠦᠮᠵᠢ ᠨᠢ ᠨᠠᠷᠢᠯᠢᠭ ᠤᠨᠤᠪᠴᠢᠳᠠᠢ᠃ | 10᠂ ︽ᠲᠠᠪᠤᠨ ᠨᠢᠭᠡ ᠪᠦᠯᠦᠭ︾᠄ ᠠᠵᠤ ᠦᠢᠯᠡᠰ ᠢᠶᠠᠷ ᠲᠡᠳᠬᠦᠨ ᠨᠢᠭᠡ ᠪᠦᠯᠦᠭ ᠢ ᠶᠠᠳᠠᠭᠤ ᠠᠴᠠ ᠨᠢ | ᠠᠩᠬᠢᠵᠢᠷᠠᠭᠤᠯᠬᠤ᠂ ᠰᠢᠯᠵᠢᠭᠦᠯᠦᠨ ᠠᠵᠢᠯ ᠤᠯᠭᠤᠵᠤ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠪᠤᠰᠤᠳ | ᠭᠠᠵᠠᠷ ᠲᠤ ᠨᠡᠭᠦᠯᠭᠡᠨ ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠠᠮᠢ ᠠᠬᠤᠢ ᠶᠢᠨ ᠬᠠᠮᠠᠭᠠᠯᠠᠯᠳᠠ ᠪᠠᠷ | ᠨᠢᠭᠡ ᠪᠦᠯᠦᠭ ᠢ ᠶᠠᠳᠠᠭᠤ ᠠᠴᠠ ᠨᠢ ᠠᠩᠬᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠢ ᠶᠠᠳᠠᠭᠤ ᠠᠴᠠ | ᠨᠢ ᠲᠤᠶᠢᠯᠪᠤᠷᠢᠳᠠᠢ ᠠᠩᠬᠢᠵᠢᠷᠠᠭᠤᠯᠬᠤ᠃ | 11᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾᠄ ᠢᠳᠡᠵᠦ ᠡᠮᠦᠰᠬᠦ ᠳᠡᠭᠡᠨ ᠰᠠᠨᠠᠭ᠎ᠠ ᠵᠤᠪᠠᠭ᠋ᠤ | ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮᠴᠢᠯᠡᠭᠡ ᠪᠤᠯᠤᠨ ᠤᠷᠤᠨ ᠰᠠᠭᠤᠴᠠ ᠶᠢ ᠪᠠᠳᠤᠯᠠᠬᠤ᠃ | 12᠂ ︽ᠠᠮᠢ ᠠᠬᠤᠢ ᠶᠢᠨ ᠰᠡᠷᠡᠮᠵᠢ ᠶᠢᠨ ᠱᠤᠭᠤᠮ︾᠄ ᠪᠠᠶᠢᠭᠠᠯᠢ ᠶᠢᠨ ᠠᠮᠢ ᠠᠬᠤᠢ ᠶᠢᠨ ᠦᠢᠯᠡᠴᠢᠯᠡᠭᠡᠨ ᠤ ᠴᠢᠳᠠᠪᠬᠢ᠂ | ᠤᠷᠴᠢᠨ ᠲᠤᠭᠤᠷᠢᠨ ᠤ ᠶᠠᠰᠤ ᠴᠢᠨᠠᠷ ᠤᠨ ᠠᠮᠤᠷ ᠲᠦᠪᠰᠢᠨ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠬᠯᠠᠯᠳᠠ ᠵᠡᠷᠭᠡ | ᠲᠠᠯ᠎ᠠ ᠲᠡᠭᠡᠷ᠎ᠡ ᠤᠷᠤᠨ ᠵᠠᠢ ᠶᠢᠨ ᠬᠠᠮᠠᠭᠠᠯᠠᠯᠳᠠ ᠶᠢᠨ ᠵᠠᠬ᠎ᠠ ᠵᠠᠭᠠᠭ ᠪᠠ ᠬᠢᠨᠠᠯᠳᠠ ᠲᠠᠯᠪᠢᠨ ᠬᠠᠮᠢᠶᠠᠷᠬᠤ ᠬᠢᠵᠠᠭᠠᠷᠯᠠᠯ ᠢ | ᠴᠢᠩᠭ᠎ᠠ ᠲᠤᠬᠳᠠᠭᠠᠨ᠎ᠠ᠃ | 13. ︽ᠰᠢᠨ᠎ᠡ ᠭᠤᠷᠪᠠᠨ ᠲᠠᠪᠴᠠᠩ︾᠄ ᠪᠦᠬᠦ ᠤᠯᠤᠰ ᠤᠨ ᠲᠤᠮᠳᠠ ᠪᠠᠭ᠎ᠠ ᠠᠵᠤ ᠠᠬᠤᠶᠢᠯᠠᠯ ᠤᠨ ᠬᠤᠪᠢ | ᠤᠷᠤᠭᠤᠯᠤᠯᠳᠠ ᠶᠢ ᠰᠢᠯᠵᠢᠭᠦᠯᠬᠦ ᠰᠢᠰᠲ᠋ᠧᠮ ᠮᠦᠨ︔ ᠱᠠᠩᠬᠠᠢ ᠶᠢᠨ ᠰᠤᠯᠢᠯᠴᠠᠭᠠᠨ ᠤ ᠭᠠᠵᠠᠷ ᠪᠤᠯᠤᠨ ᠱᠧᠨᠵᠧᠨ ᠤ | ᠰᠤᠯᠢᠯᠴᠠᠭᠠᠨ ᠤ ᠭᠠᠵᠠᠷ ᠤᠨ ᠲᠠᠷᠠᠭᠠᠬᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠦᠪᠰᠢᠶᠡᠷᠡᠨ ᠪᠠᠶᠢᠭᠤᠯᠤᠬᠰᠠᠨ | ᠭᠤᠷᠪᠠᠳᠠᠬᠢ ᠡᠷᠦᠬᠡ ᠵᠤᠭᠤᠰᠤᠨ ᠲᠡᠮᠳᠡᠭᠳᠦ ᠶᠢᠨ ᠰᠤᠯᠢᠯᠴᠠᠭᠠᠨ ᠤ ᠭᠠᠵᠠᠷ ᠪᠤᠯᠤᠨ᠎ᠠ︔ ᠵᠠᠬ᠎ᠠ ᠶᠢᠨ ᠪᠤᠰᠤ ᠠᠵᠤ | ᠠᠬᠤᠶᠢᠯᠠᠯ ᠤᠨ ᠬᠤᠪᠢᠴᠠᠭ᠎ᠠ ᠶᠢ ᠢᠯᠡ ᠪᠠᠷ ᠰᠢᠯᠵᠢᠭᠦᠯᠬᠦ ᠪᠠ ᠴᠢᠭᠯᠡᠯ ᠲᠠᠢ ᠪᠠᠷ ᠲᠠᠷᠬᠠᠭᠠᠬᠤ ᠤᠷᠤᠨ ᠪᠠᠶᠢᠷᠢ ᠲᠤᠬᠳᠠᠭᠠᠬᠤ᠂ | ᠲᠤᠮᠳᠠ ᠪᠠᠭ᠎ᠠ ᠠᠵᠤ ᠠᠬᠤᠶᠢᠯᠠᠯ ᠳᠤ ᠪᠠᠶᠢᠭᠤᠯᠵᠤ ᠦᠭᠭᠦᠭᠰᠡᠨ ᠪᠡᠯᠡ ᠨᠡᠶᠢᠯᠡᠭᠦᠯᠬᠦ ᠲᠠᠪᠴᠠᠩ ᠪᠤᠯᠤᠨ᠎ᠠ᠃ | 14 ︽PPP︾ ᠬᠡᠪ ᠵᠠᠬᠪᠤᠷ᠄ Public ︵ᠨᠡᠶᠢᠳᠡ ᠶᠢᠨ︶ — Private ︵ᠬᠤᠪᠢ ᠬᠦᠮᠦᠨ ᠤ︶ | Partnership ︵ᠬᠠᠮᠳᠤᠷᠠᠬᠰᠠᠨ ᠬᠠᠷᠢᠴᠠᠭ᠎ᠠ︶ ᠶᠢᠨ ᠴᠠᠭᠠᠨ ᠲᠤᠯᠤᠭᠠᠢ ᠶᠢᠨ ᠲᠤᠪᠴᠢᠯᠠᠯ ᠪᠤᠯᠤᠨ᠎ᠠ︔ ᠵᠠᠰᠠᠭ ᠤᠨ | ᠤᠷᠳᠤᠨ ᠪᠤᠯᠤᠨ ᠨᠡᠶᠢᠭᠡᠮ ᠤᠨ ᠪᠡᠯᠡ ᠮᠦᠩᠬᠦ ᠪᠠᠷ ᠰᠠᠭᠤᠷᠢ ᠲᠦᠬᠦᠭᠡᠷᠦᠮᠵᠢ ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ | ᠬᠦᠷᠢᠶᠡᠨ ᠳᠤ ᠪᠠᠶᠢᠭᠤᠯᠤᠬᠰᠠ ᠨᠢᠭᠡ ᠵᠦᠢᠯ ᠤᠨ ᠬᠠᠮᠳᠤᠷᠠᠨ ᠠᠵᠢᠯᠯᠠᠬᠤ ᠬᠠᠷᠢᠴᠠᠭ᠎ᠠ ᠮᠦᠨ᠃ ᠭᠤᠤᠯ ᠨᠢ ᠨᠡᠶᠢᠭᠡᠮ ᠤᠨ | ᠬᠦᠷᠦᠩᠭᠡ ᠠᠴᠠ ᠲᠦᠯᠦᠪᠯᠡᠬᠦ᠂ ᠪᠦᠳᠦᠭᠡᠨ ᠪᠠᠶᠢᠭᠤᠯᠬᠤ᠂ ᠡᠵᠡᠩᠨᠡᠬᠦ᠂ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ ᠵᠤᠬᠢᠬᠤ | ᠪᠡᠯᠡ ᠶᠢᠨ ᠬᠠᠷᠢᠭᠤ ᠤᠯᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠴᠠ ᠰᠠᠭᠤᠷᠢ ᠲᠦᠬᠦᠭᠡᠷᠦᠮᠵᠢ ᠵᠢᠴᠢ ᠤᠯᠠᠨ | ᠨᠡᠶᠢᠳᠡ ᠶᠢᠨ ᠦᠢᠯᠡᠴᠢᠯᠡᠭᠡᠨ ᠤ ᠦᠨ᠎ᠡ ᠬᠠᠩᠰᠢ ᠪᠤᠯᠤᠨ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ | 15᠂ ︽ᠬᠠᠷᠢᠯᠴᠠᠨ ᠬᠠᠪᠰᠤᠷᠤᠯᠴᠠᠬᠤ ᠪᠠᠳᠤᠯᠭᠠᠳᠤ ᠵᠢᠭᠡᠯᠡᠯᠭᠡ︾᠄ ᠵᠠᠰᠠᠭ ᠤᠨ ᠤᠷᠳᠤᠨ ᠤ ᠬᠠᠮᠢᠶᠠᠳᠠᠢ ᠰᠠᠯᠠᠭ᠎ᠠ ᠮᠦᠴᠢᠷ | ᠨᠢ ᠬᠠᠮᠳᠤᠷᠠᠨ ᠠᠵᠢᠯᠯᠠᠬᠤ ᠪᠠᠩᠬᠢ ᠲᠠᠢ ᠪᠠᠨ ︽ᠬᠠᠷᠢᠯᠴᠠᠨ ᠬᠠᠪᠰᠤᠷᠤᠯᠴᠠᠬᠤ ᠪᠠᠳᠤᠯᠭᠠᠳᠤ ᠵᠢᠭᠡᠯᠡᠯᠭᠡ ᠶᠢᠨ ᠮᠦᠩᠭᠦᠨ | ᠭᠦᠢᠯᠭᠡᠭᠡᠨ ᠤ ᠪᠡᠯᠡ ᠮᠦᠩᠭᠦ︾ ᠶᠢᠨ ᠲᠤᠬᠠᠶᠢᠯᠠᠬᠰᠠᠨ ᠠᠵᠢᠯ ᠤᠨ ᠬᠠᠮᠳᠤᠷᠠᠨ ᠠᠵᠢᠯᠯᠠᠬᠤ ᠭᠡᠷ᠎ᠡ ᠲᠤᠬᠳᠠᠵᠤ᠂ ᠠᠵᠤ | ᠦᠢᠯᠡᠰ ᠤᠨ ᠬᠡᠯᠬᠢᠶ᠎ᠡ᠂ ᠠᠷᠠᠯᠵᠢᠶ᠎ᠠ ᠬᠤᠳᠠᠯᠳᠤᠭᠠᠨ ᠤ ᠲᠤᠭᠤᠷᠢᠭ᠂ ᠠᠵᠤ ᠠᠬᠤᠶᠢᠯᠠᠯ ᠤᠨ ᠪᠦᠯᠦᠭᠯᠡᠯ ᠳᠤ ᠪᠡᠯᠡ ᠮᠦᠩᠭᠦ | ᠤᠷᠤᠭᠤᠯᠬᠤ ᠠᠵᠢᠯ ᠢ ᠦᠷᠨᠢᠭᠦᠯᠤᠨ᠂ ᠬᠠᠮᠳᠤᠷᠠᠨ ᠠᠵᠢᠯᠯᠠᠬᠤ ᠬᠡᠪᠴᠢᠶᠡᠨ ᠳᠤ ᠤᠷᠤᠭᠤᠯᠤᠬᠰᠠᠨ ︽ᠲᠤᠮᠳᠠ ᠪᠠᠭ᠎ᠠ ᠠᠵᠤ | ᠠᠬᠤᠶᠢᠯᠠᠯ ᠤᠨ ᠪᠦᠯᠦᠭᠯᠡᠯ︾ ᠳᠤ ᠢᠳᠡᠬᠡᠮᠵᠢ ᠬᠠᠩᠭᠠᠨ᠂ ᠭᠤᠶᠤᠴᠢᠯᠠᠬᠰᠠᠨ ᠠᠵᠤ ᠠᠬᠤᠶᠢᠯᠠᠯ ᠠᠴᠠ ᠲᠤᠰᠢᠶᠠᠬᠰᠠᠨ | ᠵᠤᠬᠢᠬᠤ ᠬᠠᠷᠢᠴᠠᠯ ᠤᠨ ᠬᠠᠷᠢᠯᠴᠠᠨ ᠬᠠᠪᠰᠤᠷᠤᠯᠴᠠᠬᠤ ᠪᠠᠳᠤᠯᠠᠭ᠎ᠠ ᠶᠢᠨ ᠮᠦᠩᠭᠦ ᠵᠢᠴᠢ ᠵᠠᠰᠠᠭ ᠤᠨ ᠤᠷᠳᠤᠨ ᠠᠴᠠ | ᠬᠠᠩᠭᠠᠬᠰᠠᠨ ᠲᠦᠭᠰᠢᠭᠦᠷᠢ ᠶᠢᠨ ᠲᠦᠯᠦᠪᠦᠷᠢ ᠶᠢᠨ ᠲᠠᠨᠵᠢᠯᠠᠭ᠎ᠠ ᠶᠢᠨ ᠮᠦᠩᠭᠦ ᠪᠠᠷ ᠢᠳᠡᠬᠡᠯ ᠢ ᠨᠡᠮᠡᠭᠳᠡᠭᠦᠯᠬᠦ ᠠᠷᠭ᠎ᠠ ᠠᠪᠴᠢᠯ | ᠪᠤᠯᠭᠠᠬᠰᠠᠨ ᠢᠳᠡᠬᠡᠮᠵᠢᠳᠦ ᠠᠵᠢᠯ ᠪᠤᠯᠤᠨ᠎ᠠ᠃ | 16᠂ ︽ᠢᠨᠲ᠋ᠧᠷ ᠰᠦᠯᠵᠢᠶ᠎ᠡ +︾᠄ ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ ᠰᠦᠯᠵᠢᠶᠡᠨ ᠪᠤᠳᠤᠯᠳᠠ᠂ ᠶᠡᠭᠡ | ᠲᠤᠭ᠎ᠠ ᠪᠠᠷᠢᠮᠳᠠ ᠵᠡᠷᠭᠡ ᠶᠢ ᠤᠳᠤᠬᠢᠴᠢᠯᠠᠬᠰᠠᠨ ᠦᠢᠯᠡᠳᠬᠦ ᠦᠢᠯᠡᠰ ᠲᠠᠢ ᠤᠶᠠᠯᠳᠤᠭᠤᠯᠵᠤ᠂ ᠡᠯᠺᠧᠲᠷᠤᠨ ᠬᠤᠳᠠᠯᠳᠤᠭ᠎ᠠ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠤ ᠡᠷᠡᠭᠦᠯ ᠬᠦᠭᠵᠢᠯᠳᠡ | ᠶᠢ ᠠᠬᠢᠭᠤᠯᠬᠤ ᠶᠢ ᠵᠢᠭᠠᠵᠤ ᠪᠤᠢ᠃ ᠢᠨᠲ᠋ᠧᠷ ᠰᠦᠯᠵᠢᠶ᠎ᠡ ᠶᠢ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠤ ᠬᠦᠨᠵᠡᠭᠡᠢ | ᠵᠤᠬᠢᠴᠠᠭᠤᠯᠵᠤ᠂ ᠢᠨᠲ᠋ᠧᠷ ᠰᠦᠯᠵᠢᠶ᠎ᠡ ᠪᠠᠷ ᠰᠠᠭᠤᠷᠢ ᠲᠦᠬᠦᠭᠡᠷᠦᠮᠵᠢ ᠪᠠ ᠰᠢᠨᠡᠴᠢᠯᠡᠯᠳᠡ ᠶᠢᠨ ᠭᠤᠤᠯ ᠬᠦᠴᠦᠨ ᠵᠦᠢᠯ | ᠪᠤᠯᠭᠠᠬᠰᠠᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠪᠦᠷᠢᠯᠳᠦᠭᠦᠯᠵᠤ᠂ ᠢᠨᠲ᠋ᠧᠷ ᠰᠦᠯᠵᠢᠶ᠎ᠡ ᠪᠠᠷ | ᠭᠤᠤᠯ ᠪᠤᠯᠭᠠᠬᠰᠠᠨ ᠨᠢᠭᠡᠨ ᠢᠵᠢ ᠰᠤᠷᠠᠭ ᠵᠠᠩᠬᠢ ᠶᠢᠨ ᠮᠡᠷᠭᠡᠵᠢᠯ ︵ᠨᠡᠭᠦᠳᠡᠯ ᠬᠤᠯᠪᠤᠭᠠᠨ ᠤ ᠢᠨᠲ᠋ᠧᠷ ᠰᠦᠯᠵᠢᠶ᠎ᠡ᠂ | ᠡᠭᠦᠯᠡᠨ ᠪᠤᠳᠤᠯᠳᠠ᠂ ᠶᠡᠭᠡ ᠲᠤᠭ᠎ᠠ ᠪᠠᠷᠢᠮᠳᠠ ᠵᠡᠷᠭᠡ ᠶᠢ ᠪᠠᠭᠳᠠᠭᠠᠨ᠎ᠠ︶ ᠢ ᠠᠵᠤ ᠠᠬᠤᠢ᠂ ᠨᠡᠶᠢᠭᠡᠮ ᠤᠨ ᠠᠮᠢᠳᠤᠷᠠᠯ ᠤᠨ | ᠡᠯ᠎ᠡ ᠬᠦᠷᠢᠶᠡᠨ ᠳᠤ ᠲᠡᠯᠭᠡᠷᠡᠭᠦᠯᠵᠦ᠂ ᠬᠡᠷᠡᠭᠯᠡᠬᠦ ᠶᠠᠪᠤᠴᠠ ᠪᠤᠯᠤᠨ᠎ᠠ᠃ | 17᠂ ︽ᠶᠡᠭᠡ ᠲᠤᠭ᠎ᠠ ᠪᠠᠷᠢᠮᠳᠠ︾᠄ ᠰᠢᠨ᠎ᠡ ᠮᠠᠶ᠋ᠢᠭ ᠤᠨ ᠢᠨᠲ᠋ᠧᠷ ᠰᠦᠯᠵᠢᠶ᠎ᠡ᠂ ᠰᠦᠯᠵᠢᠶᠡᠨ ᠪᠤᠳᠤᠯᠳᠠ ᠶᠢᠨ ᠮᠡᠷᠭᠡᠵᠢᠯ | ᠳᠤ ᠰᠠᠭᠤᠷᠢᠯᠠᠨ᠂ ᠡᠯ᠎ᠡ ᠵᠦᠢᠯ ᠤᠨ ᠲᠤᠭ᠎ᠠ ᠪᠠᠷᠢᠮᠳᠠ ᠶᠢ ᠲᠠᠷᠬᠠᠭᠠᠯᠳᠠ ᠶᠢᠨ ᠬᠡᠯᠪᠡᠷᠢ ᠲᠠᠢ ᠪᠠᠷ ᠠᠭᠤᠳᠠᠯᠯᠠᠬᠤ᠂ | ᠡᠳ᠋ᠰᠢᠬᠦᠯᠬᠦ ᠪᠠ ᠡᠮᠬᠢᠯᠡᠨ ᠲᠢᠭᠯᠢᠵᠦ᠂ ᠪᠠᠭᠳᠠᠭᠠᠮᠵᠢ ᠪᠠᠷ ᠶᠡᠭᠡ᠂ ᠲᠠᠮᠵᠢᠭᠤᠯᠬᠤ ᠨᠢ ᠲᠦᠷᠭᠡᠨ᠂ ᠲᠤᠭ᠎ᠠ ᠪᠠᠷᠢᠮᠳᠠ ᠶᠢᠨ | ᠲᠦᠷᠦᠯ ᠵᠦᠢᠯ ᠨᠢ ᠠᠷᠪᠢᠨ ᠵᠡᠷᠭᠡ ᠤᠨᠴᠠᠯᠢᠭ ᠲᠠᠢ᠃ | 18᠂ ︽ᠭᠤᠷᠪᠠᠨ ᠦᠨᠡᠮᠯᠡᠯ ᠢ ᠨᠢᠭᠡᠳᠣᠭᠦᠯᠬᠦ᠂ ᠨᠢᠭᠡ ᠦᠨᠡᠮᠯᠡᠯ ᠨᠢᠭᠡ ᠨᠤᠮᠧᠷ︾᠄ ᠠᠵᠤ ᠠᠬᠤᠶᠢᠯᠠᠯ ᠪᠦᠷᠢᠳᠭᠡᠨ | ᠲᠠᠩᠰᠠᠯᠠᠭᠤᠯᠬᠤ ᠦᠶᠡᠰ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠡᠵᠡᠩᠨᠡᠯᠳᠡ ᠶᠢᠨ | ᠦᠨᠡᠮᠯᠡᠯ᠂ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠬᠢᠨᠠᠨ ᠲᠠᠷᠬᠠᠭᠠᠬᠰᠠᠨ ᠵᠤᠬᠢᠶᠠᠨ | ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ | ᠮᠦᠴᠢᠷ ᠠᠴᠠ ᠬᠢᠨᠠᠨ ᠲᠠᠷᠬᠠᠭᠠᠬᠰᠠᠨ ᠭᠠᠶᠢᠯᠢ ᠶᠢᠨ ᠶᠠᠪᠤᠳᠠᠯ ᠤᠨ ᠲᠠᠩᠰᠠᠯᠠᠬᠤ ᠦᠨᠡᠮᠯᠡᠯ ᠵᠡᠷᠭᠡ ᠶᠢ ᠨᠢᠭᠡ ᠤᠳᠠᠭ᠎ᠠ | ᠭᠤᠶᠤᠴᠢᠯᠠᠬᠤ ᠪᠠᠷ ᠦᠭᠡᠷᠡᠴᠢᠯᠡᠵᠦ᠂ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠭᠡ ᠡᠵᠡᠩᠨᠡᠯᠳᠡ ᠶᠢᠨ | ᠦᠨᠡᠮᠯᠡᠯ ᠢ ᠨᠢᠭᠡᠳᠦᠯᠳᠠᠢ ᠬᠢᠨᠠᠨ ᠲᠠᠷᠬᠠᠭᠠᠵᠤ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ | ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠬᠤ ᠦᠨᠡᠮᠯᠡᠯ ᠢ ᠲᠠᠬᠢᠨ ᠲᠠᠷᠬᠠᠭᠠᠬᠤ ᠦᠭᠡᠢ᠃ | 19᠂ ︽ᠨᠢᠭᠡ ᠡᠷᠦᠬᠡ ᠳᠤ ᠨᠢᠭᠡ ᠬᠡᠮᠵᠢᠭᠦᠷ︾᠄ ᠤᠤᠯ ᠤᠨ ᠮᠧᠬᠠᠨᠢᠭ ᠬᠡᠯᠪᠡᠷᠢ ᠶᠢᠨ ᠴᠠᠬᠢᠯᠭᠠᠨ ᠬᠡᠮᠵᠢᠭᠦᠷ ᠢ | ᠡᠯᠧᠺᠲᠷᠤᠨ ᠬᠡᠯᠪᠡᠷᠢ ᠶᠢᠨ ᠰᠦᠢᠳᠭᠡᠯ ᠡᠵᠡᠮᠳᠡᠬᠦ ᠴᠠᠬᠢᠯᠭᠠᠨ ᠬᠡᠮᠵᠢᠭᠦᠷ ᠢᠶᠠᠷ ᠦᠭᠡᠷᠡᠴᠢᠯᠡᠨ᠎ᠡ᠃ | 20᠂ ︽ᠲᠦᠷᠪᠡᠨ ᠵᠦᠪᠰᠢᠶᠡᠷᠡᠨ ᠮᠡᠳᠡᠷᠡᠬᠦ︾᠄ ᠠᠭᠤᠤ ᠶᠡᠭᠡ ᠡᠬᠡ ᠤᠯᠤᠰ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ | ᠶᠢᠨ ᠦᠨᠳᠦᠰᠦᠳᠡᠨ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ ᠶᠢᠨ ᠰᠤᠶᠤᠯ ᠢᠶᠠᠨ ᠵᠦᠪᠰᠢᠶᠡᠷᠡᠨ ᠮᠡᠳᠡᠷᠡᠬᠦ᠂ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠨ ᠵᠦᠪᠰᠢᠶᠡᠷᠡᠨ ᠮᠡᠳᠡᠷᠡᠬᠦ᠃ | | | | |