| | — 2019 ᠣᠨ ᠤ 3 ᠰᠠᠷ᠎ᠠ ᠶᠢᠨ 15 ᠤ ᠡᠳᠦᠷ ᠤᠨ ᠬᠤᠰᠢᠭᠤ ᠠᠷᠪᠠᠨ | ᠲᠠᠪᠤᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠨᠢᠭᠡᠳᠦᠭᠡᠷ ᠤᠳᠠᠭᠠᠨ ᠤ ᠬᠤᠷᠠᠯ ᠳᠡᠭᠡᠷ᠎ᠡ | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠪᠠᠳᠠᠷᠠᠯᠳᠣ | ᠡᠷᠬᠢᠯᠡᠭᠴᠢ᠂ ᠳᠡᠳ᠋ ᠡᠷᠬᠢᠯᠡᠭᠴᠢ᠂ ᠲᠥᠯᠥᠭᠡᠯᠡᠭᠴᠢᠳ ᠡ᠄ | ᠬᠤᠷᠠᠯ ᠤᠨ ᠪᠠᠶᠢᠷᠢᠯᠠᠭᠤᠯᠤᠯᠳᠠ ᠪᠠᠷ᠂ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠦᠰᠦᠭ ᠪᠢᠴᠢᠭ ᠤᠨ | ᠠᠵᠢᠯ ᠤᠨ ᠳᠥᠷᠢᠮ︾ ᠢ ᠲᠣᠣᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠳᠣᠬᠠᠢ ᠮᠡᠳᠡᠭᠦᠯᠦᠯᠳᠡ ᠬᠢᠶ᠎ᠡ᠂ ᠬᠢᠨᠠᠨ | ᠵᠦᠪᠯᠡᠬᠦ ᠪᠣᠯᠪᠠᠣ᠃ | ᠨᠢᠭᠡ᠂ ᠠᠵᠢᠯ ᠥᠷᠨᠢᠭᠦᠯᠦᠭᠰᠡᠨ ᠪᠠᠶᠢᠳᠠᠯ | ︵ᠨᠢᠭᠡ︶ ᠵᠤᠬᠢᠶᠠᠨ ᠪᠠᠶᠢᠭᠤᠯᠤᠯᠳᠠ ᠶᠢᠨ ᠪᠠᠳᠣᠯᠠᠭ᠎ᠠ ᠪᠠᠨ ᠴᠢᠩᠭᠠᠳᠬᠠᠵᠤ᠂ ᠪᠠᠶᠢᠭᠤᠯᠤᠮᠵᠢ ᠶᠢᠨ | ᠪᠠᠶᠢᠭᠤᠯᠤᠯᠳᠠ ᠶᠢ ᠲᠡᠭᠦᠯᠳᠡᠷᠵᠢᠭᠦᠯᠪᠡ᠃ ᠨᠢᠭᠡ ᠳᠤ᠂ ᠣᠯᠣᠰ᠂ ᠥᠪᠡᠷᠳᠡᠭᠡᠨ ᠵᠠᠰᠠᠬᠤ ᠤᠷᠤᠨ ᠤ ᠦᠨᠳᠦᠰᠦᠳᠠᠨ ᠤ ᠦᠭᠡ | ᠬᠡᠯᠡ ᠦᠰᠦᠭ ᠪᠢᠴᠢᠭ ᠤᠨ ᠠᠵᠢᠯ ᠤᠨ ᠲᠥᠷᠥ ᠶᠢᠨ ᠪᠤᠳᠣᠯᠭ᠎ᠠ ᠶᠢᠨ ᠳᠣᠭᠳᠠᠭᠠᠯ ᠶᠤᠰᠣᠭᠠᠷ᠂ ᠤᠷᠢᠳ ᠬᠤᠵᠢᠳ ︽ | ᠰᠢᠯᠤᠭᠤᠨ ᠬᠦᠬᠡ ᠬᠤᠰᠢᠭᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠤᠳᠣᠯᠭ᠎ᠠ ᠶᠢ | ᠳᠣᠣᠱᠯᠠᠭᠤᠯᠤᠨ ᠨᠠᠶᠢᠳᠠᠪᠤᠷᠢᠵᠢᠭᠤᠯᠬᠤ ᠲᠦᠷ ᠬᠡᠷᠡᠭᠵᠢᠭᠦᠯᠬᠦ ᠳᠥᠷᠢᠮ︾᠂ ︽ᠰᠢᠯᠤᠭᠤᠨ ᠬᠦᠬᠡ ᠬᠤᠰᠢᠭᠤᠨ ᠤ | ᠨᠡᠶᠢᠭᠡᠮ ᠤᠨ ᠥᠩᠭᠡᠨ ᠬᠡᠷᠡᠭᠯᠡᠭᠡᠨ ᠳᠤ ᠮᠣᠩᠭᠤᠯ ᠬᠢᠳᠡᠳ ᠬᠤᠶᠠᠷ ᠵᠦᠢᠯ ᠤᠨ ᠦᠰᠦᠭ ᠢ ᠵᠡᠷᠭᠡᠪᠡᠷ ᠬᠡᠷᠡᠭᠯᠡᠬᠦ ᠠᠵᠢᠯ ᠤᠨ | ᠬᠠᠮᠢᠶᠠᠷᠣᠯᠳᠠ ᠶᠢᠨ ᠠᠷᠭ᠎ᠠ︾᠂ ︽ᠰᠢᠯᠤᠭᠤᠨ ᠬᠦᠬᠡ ᠬᠤᠰᠢᠭᠤᠨ ᠤ ᠨᠠᠮ ᠵᠠᠰᠠᠭ ᠤᠨ ᠣᠷᠴᠢᠭᠤᠯᠭ᠎ᠠ ᠶᠢᠨ ᠲᠥᠪ ᠤᠨ | ᠠᠵᠢᠯ ᠤᠨ ᠳᠥᠷᠢᠮ︾᠂ ︽ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠣᠷᠴᠢᠭᠤᠯᠤᠭᠴᠢ ᠶᠢᠨ ᠡᠭᠦᠷᠭᠡ ᠳᠣᠰᠢᠶᠠᠯ︾ ᠵᠡᠷᠭᠡ ᠳᠥᠷᠢᠮ ᠳᠣᠭᠳᠠᠭᠠᠯ ᠢ ᠳᠣᠭᠳᠠᠭᠠᠨ ᠭᠠᠷᠭᠠᠵᠤ᠂ ᠮᠣᠩᠭᠤᠯ ᠦᠭᠡ | ᠬᠡᠯᠡ ᠦᠰᠦᠭ ᠪᠢᠴᠢᠭ ᠤᠨ ᠠᠵᠢᠯ ᠤᠨ ᠡᠮᠬᠢ ᠵᠢᠷᠣᠮ ᠲᠠᠢ ᠶᠠᠪᠤᠭᠳᠠᠬᠤ ᠳᠤ ᠳᠥᠷᠢᠮ ᠤᠨ ᠪᠠᠳᠣᠯᠠᠭ᠎ᠠ ᠬᠠᠩᠭᠠᠪᠠ᠃ | ᠬᠤᠶᠠᠷ ᠲᠤ᠂ ᠬᠤᠪᠢᠳᠠᠨ ᠬᠠᠷᠢᠭᠤᠴᠠᠬᠤ ᠬᠤᠰᠢᠭᠤ ᠳᠡᠳ᠋ ᠳᠠᠷᠤᠭ᠎ᠠ ᠪᠠᠷ ᠳᠣᠭᠤᠶᠢᠯᠠᠩ ᠤᠨ ᠳᠠᠷᠤᠭ᠎ᠠ ᠪᠣᠯᠭᠠᠵᠤ᠂ | ᠦᠨᠳᠦᠰᠦᠳᠠᠨ ᠤ ᠬᠡᠷᠡᠭ ᠡᠷᠬᠢᠯᠡᠬᠦ ᠵᠦᠪᠯᠡᠯ᠂ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠥᠪ ᠵᠢᠴᠢ ᠣᠷᠢᠨ | ᠬᠡᠷᠡᠭᠯᠡᠭᠰᠡᠨ ᠲᠤᠰᠬᠠᠢ ᠤᠷᠴᠢᠭᠤᠯᠤᠭᠴᠢ ᠪᠠᠷ ᠭᠡᠰᠢᠭᠦᠨ ᠪᠤᠯᠭᠠᠭᠰᠠᠨ ᠮᠤᠩᠭᠤᠯ ᠬᠢᠳᠡᠳ ᠬᠤᠶᠠᠷ ᠬᠡᠯᠡ ᠶᠢ ᠵᠡᠷᠭᠡᠪᠡᠷ | ᠬᠡᠷᠡᠭᠯᠡᠬᠦ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠤ᠂ ᠪᠦᠬᠦ ᠬᠤᠰᠢᠭᠤᠨ ᠤ ᠮᠤᠩᠭᠤᠯ ᠬᠢᠳᠡᠳ ᠬᠤᠶᠠᠷ | ᠬᠡᠯᠡ ᠶᠢ ᠵᠡᠷᠭᠡᠪᠡᠷ ᠬᠡᠷᠡᠭᠯᠡᠬᠦ ᠠᠵᠢᠯ ᠢ ᠲᠥᠯᠥᠪᠵᠢᠭᠦᠯᠦᠨ ᠵᠢᠯᠤᠭᠤᠳᠬᠤ᠂ ᠬᠢᠨᠠᠯᠳᠠ ᠲᠠᠯᠪᠢᠨ ᠬᠠᠮᠢᠶᠠᠷᠬᠤ ᠠᠵᠢᠯ ᠢ | ᠬᠠᠷᠢᠭᠤᠴᠠᠭᠤᠯᠪᠠ᠃ ᠡᠭᠦᠨ ᠤ ᠬᠠᠮᠳᠣ᠂ ᠡᠯ᠎ᠡ ᠰᠣᠮᠣ ᠪᠠᠯᠭᠠᠰᠣ᠂ ᠬᠤᠰᠢᠭᠤ ᠬᠠᠷᠢᠶ᠎ᠠ ᠪᠠᠶᠢᠭᠤᠯᠭ᠎ᠠ ᠠᠴᠠ ᠣᠷᠴᠢᠭᠤᠯᠤᠭᠴᠢ | ᠰᠣᠩᠭᠤᠨ ᠳᠣᠬᠢᠷᠠᠭᠤᠯᠵᠤ᠂ ᠪᠦᠬᠦ ᠬᠤᠰᠢᠭᠤᠨ ᠤ ᠣᠷᠴᠢᠭᠤᠯᠤᠭᠴᠢ ᠶᠢᠨ ᠡᠩᠨᠡᠭᠡ ᠶᠢ ᠲᠡᠭᠦᠯᠳᠡᠷᠵᠢᠭᠦᠯᠪᠡ᠃ 2017 | ᠣᠨ ᠤ 10 ᠰᠠᠷ᠎ᠠ ᠳᠤ᠂ ᠰᠢᠯᠤᠭᠤᠨ ᠬᠦᠬᠡ ᠬᠤᠰᠢᠭᠤᠨ ᠤ ᠨᠠᠮ ᠵᠠᠰᠠᠭ ᠤᠨ ᠤᠷᠴᠢᠭᠤᠯᠭ᠎ᠠ ᠶᠢᠨ ᠲᠥᠪ ᠢ ᠳᠡᠳ᠋ ᠰᠠᠯᠠᠭᠠᠨ | ᠲᠡᠰ ᠤᠨ ᠠᠵᠢᠯ ᠦᠢᠯᠡᠰ ᠤᠨ ᠨᠢᠭᠡᠴᠡ ᠪᠣᠯᠭᠠᠨ ᠲᠡᠰ ᠲᠡᠪᠰᠢᠭᠦᠯᠵᠦ᠂ 3 ᠬᠦᠮᠦᠨ ᠤ ᠣᠷᠣᠨ ᠳᠤᠭ᠎ᠠ ᠣᠯᠭᠤᠪᠠ᠂ | ᠡᠭᠦᠨ ᠳᠤ 1 ᠣᠳᠣᠷᠢᠳᠣᠯᠭ᠎ᠠ ᠶᠢᠨ ᠣᠷᠣᠨ ᠳᠤᠭ᠎ᠠ ᠪᠣᠢ᠃ 2018 ᠣᠨ ᠤ 4 ᠰᠠᠷ᠎ᠠ ᠳᠤ ᠨᠠᠮ ᠵᠠᠰᠠᠭ ᠤᠨ | ᠤᠷᠴᠢᠭᠤᠯᠭ᠎ᠠ ᠶᠢᠨ ᠲᠥᠪ ᠳᠤ ᠵᠠᠰᠠᠭ ᠤᠨ ᠤᠷᠳᠤᠨ ᠤ ᠮᠣᠩᠭᠤᠯ ᠰᠦᠯᠵᠢᠶᠠᠨ ᠥᠷᠳᠡᠭᠡᠨ ᠤ ᠫᠠᠶᠢᠰᠠ ᠢᠯᠡᠷᠭᠡᠶᠢᠯᠡᠯ | ᠡᠯᠭᠦᠵᠦ᠂ 3 ᠠᠵᠢᠯ ᠦᠢᠯᠡᠰ ᠤᠨ ᠣᠷᠣᠨ ᠳᠤᠭ᠎ᠠ ᠨᠡᠮᠡᠪᠡ᠃ 2019 ᠣᠨ ᠤ 1 ᠰᠠᠷ᠎ᠠ ᠳᠤ᠂ ᠪᠦᠬᠦ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠳᠡ ᠶᠢᠨ ᠨᠢᠭᠡᠳᠣᠯᠳᠠᠢ ᠪᠠᠶᠢᠷᠢᠯᠠᠭᠤᠯᠤᠯᠳᠠ ᠶᠤᠰᠣᠭᠠᠷ᠂ ᠬᠤᠰᠢᠭᠤ ᠦᠨᠳᠦᠰᠦᠳᠠᠨ ᠤ ᠬᠡᠷᠡᠭ | ᠡᠷᠬᠢᠯᠡᠬᠦ ᠵᠦᠪᠯᠡᠯ ᠢ ᠪᠠᠶᠢᠭᠤᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ ᠤᠨ ᠢᠯᠡᠷᠭᠡᠶᠢᠯᠡᠯ ᠢ | ᠨᠡᠮᠡᠨ ᠡᠯᠭᠦᠵᠦ᠂ ᠣᠷᠣᠨ ᠳᠤᠭ᠎ᠠ ᠥᠭᠬᠦ ᠶᠢ ᠬᠦᠯᠢᠶᠠᠵᠦ ᠪᠠᠶᠢᠨ᠎ᠠ᠃ ᠭᠤᠷᠪᠠ ᠳᠤ᠂ ᠨᠠᠮ ᠵᠠᠰᠠᠭ ᠤᠨ ᠠᠯᠪᠠᠨ | ᠪᠠᠶᠢᠭᠤᠯᠭ᠎ᠠ ᠶᠢᠨ ᠣᠷᠴᠢᠭᠤᠯᠤᠭᠴᠢ ᠶᠢᠨ ᠨᠦᠬᠦᠪᠦᠷᠢ ᠶᠢ ᠬᠤᠰᠢᠭᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ | ᠡᠯ᠎ᠡ ᠪᠠᠶᠢᠭᠤᠯᠭ᠎ᠠ ᠳᠤ ᠤᠷᠴᠢᠭᠤᠯᠭ᠎ᠠ ᠶᠢᠨ ᠠᠵᠢᠯ ᠤᠨ ᠳᠠᠩᠰᠠ ᠡᠪᠬᠡᠮᠡᠯ ᠪᠠᠶᠢᠭᠤᠯᠤᠨ᠂ ᠵᠢᠯ ᠪᠦᠷᠢ ᠶᠢᠨ ᠰᠡᠭᠦᠯᠴᠢ ᠳᠤ | ᠪᠠᠶᠢᠭᠤᠯᠭ᠎ᠠ ᠶᠢᠨ ᠮᠤᠩᠭᠤᠯ ᠬᠢᠳᠡᠳ ᠬᠤᠶᠠᠷ ᠬᠡᠯᠡ ᠶᠢ ᠵᠡᠷᠭᠡᠪᠡᠷ ᠬᠡᠷᠡᠭᠯᠡᠭᠰᠡᠨ ᠪᠠᠶᠢᠳᠠᠯ ᠳᠤ ᠬᠢᠨᠠᠨ ᠳᠣᠭᠳᠠᠭᠠᠯᠳᠠ ᠬᠢᠵᠦ᠂ | ᠨᠢᠭᠡᠳᠦᠭᠡᠷ ᠲᠡᠰ ᠲᠤ 3600 ᠲᠦᠭᠦᠷᠢᠭ᠂ ᠬᠤᠶᠠᠳᠣᠭᠠᠷ ᠲᠡᠰ ᠲᠤ 2400 ᠲᠦᠭᠦᠷᠢᠭ᠂ ᠭᠤᠷᠪᠠᠳᠣᠭᠠᠷ ᠲᠡᠰ ᠲᠤ | 1200 ᠲᠦᠭᠦᠷᠢᠭ ᠤᠨ ᠪᠠᠷᠢᠮᠵᠢᠶ᠎ᠠ ᠪᠠᠷ ᠲᠤᠰᠪᠦᠷᠢ ᠱᠠᠩᠨᠠᠯ ᠨᠦᠬᠦᠪᠦᠷᠢ ᠣᠯᠭᠤᠵᠤ᠂ ᠠᠯᠪᠠᠨ ᠪᠠᠶᠢᠭᠤᠯᠭ᠎ᠠ ᠶᠢᠨ | ᠣᠷᠴᠢᠭᠤᠯᠭ᠎ᠠ ᠶᠢᠨ ᠠᠵᠢᠯ ᠢ ᠳᠥᠷᠢᠮᠵᠢᠭᠦᠯᠦᠨ᠂ ᠣᠷᠴᠢᠭᠤᠯᠤᠭᠴᠢ ᠶᠢᠨ ᠠᠵᠢᠯ ᠤᠨ ᠢᠳᠡᠪᠬᠢᠵᠢᠯ ᠢ ᠳᠠᠶᠢᠴᠢᠯᠠᠭᠰᠠᠨ | ᠪᠠᠶᠢᠨ᠎ᠠ᠃ ᠲᠥᠷᠪᠡ ᠳᠤ᠂ ᠦᠨᠳᠦᠰᠦᠳᠠᠨ ᠤ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠡ ᠶᠢ ᠠᠬᠢᠭᠤᠯᠵᠤ᠂ | ᠴᠡᠴᠡᠷᠯᠢᠭ᠂ ᠪᠠᠭ᠎ᠠ ᠰᠣᠷᠭᠠᠭᠤᠯᠢ᠂ ᠠᠩᠬ᠎ᠠ ᠳᠣᠮᠳᠠᠳᠣ᠂ ᠦᠨᠳᠦᠷ ᠳᠣᠮᠳᠠᠳᠣ ᠶᠢᠨ ᠪᠦᠷᠢᠨ ᠲᠡᠭᠦᠯᠳᠡᠷ ᠦᠨᠳᠦᠰᠦᠳᠠᠨ ᠤ | ᠰᠤᠷᠭᠠᠨ ᠬᠦᠮᠦᠵᠢᠯ ᠤᠨ ᠳᠣᠭᠳᠠᠯᠴᠠᠭ᠎ᠠ ᠶᠢ ᠪᠦᠷᠢᠯᠳᠦᠭᠦᠯᠵᠦ᠂ ᠴᠥᠬᠡᠨ ᠳᠣᠭᠠᠳᠣ ᠦᠨᠳᠦᠰᠦᠳᠠᠨ ᠤ ᠡᠯ᠎ᠡ ᠨᠠᠰᠤᠨ ᠤ | ᠬᠡᠦᠬᠡᠳ᠂ ᠵᠠᠯᠠᠭᠤᠴᠤᠳ ᠪᠠᠭᠠᠴᠣᠳ ᠤᠨ ᠦᠪᠡᠷ ᠤᠨ ᠡᠬᠡ ᠬᠡᠯᠡ ᠪᠠᠷ ᠢᠶᠠᠨ ᠰᠤᠷᠭᠠᠨ ᠬᠦᠮᠦᠵᠢᠯ ᠬᠦᠷᠲᠡᠬᠦ ᠶᠢ ᠪᠠᠳᠣᠯᠠᠪᠠ᠃ | ᠪᠦᠬᠦ ᠬᠤᠰᠢᠭᠤᠨ ᠳᠤ ᠣᠳᠣ ᠦᠨᠳᠦᠰᠦᠳᠠᠨ ᠤ ᠰᠣᠷᠭᠠᠭᠤᠯᠢ ︵ᠴᠡᠴᠡᠷᠯᠢᠭ︶ 6 ᠪᠤᠢ᠂ ᠡᠭᠦᠨ ᠳᠤ ᠦᠨᠳᠦᠷ ᠵᠡᠷᠭᠡ ᠶᠢᠨ | ᠳᠣᠮᠳᠠᠳᠣ ᠰᠣᠷᠭᠠᠭᠤᠯᠢ 1᠂ ᠠᠩᠬ᠎ᠠ ᠵᠡᠷᠭᠡ ᠶᠢᠨ ᠳᠣᠮᠳᠠᠳᠣ ᠰᠣᠷᠭᠠᠭᠤᠯᠢ 1᠂ ᠪᠠᠭ᠎ᠠ ᠰᠤᠷᠭᠠᠭᠤᠯᠢ 2᠂ ᠴᠡᠴᠡᠷᠯᠢᠭ 2 | ᠪᠠᠶᠢᠵᠦ᠂ ᠪᠦᠬᠦ ᠬᠤᠰᠢᠭᠤᠨ ᠤ ᠮᠤᠩᠭᠤᠯ ᠢᠶᠠᠷ ᠬᠢᠴᠢᠶᠡᠯᠡᠯᠬᠦ ᠰᠤᠷᠤᠭᠴᠢᠳ ᠤᠨ ᠲᠤᠭ᠎ᠠ 3269 ᠳᠤ ᠬᠦᠷᠴᠦ᠂ | ᠮᠣᠩᠭᠤᠯ ᠪᠠᠷ ᠬᠢᠴᠢᠶᠡᠯᠯᠡᠬᠦ ᠲᠤᠰᠬᠠᠢ ᠪᠠᠭᠰᠢ 355᠂ ᠴᠡᠴᠡᠷᠯᠢᠭ ᠤᠨ ᠳᠣᠰᠬᠠᠢ ᠪᠠᠭᠰᠢ 52᠂ ᠪᠠᠭ᠎ᠠ ᠰᠣᠷᠭᠠᠭᠤᠯᠢ ᠶᠢᠨ | ᠳᠣᠰᠬᠠᠢ ᠪᠠᠭᠰᠢ 154᠂ ᠠᠩᠬ᠎ᠠ ᠳᠣᠮᠳᠠᠳᠣ ᠶᠢᠨ ᠳᠣᠰᠬᠠᠢ ᠪᠠᠭᠰᠢ 95᠂ ᠳᠡᠭᠡᠳᠦ ᠳᠣᠮᠳᠠᠳᠣ ᠶᠢᠨ ᠳᠣᠰᠬᠠᠢ ᠪᠠᠭᠰᠢ | 54 ᠬᠦᠮᠦᠨ ᠪᠠᠶᠢᠵᠤ᠂ ᠰᠤᠷᠤᠯᠭ᠎ᠠ ᠶᠢᠨ ᠨᠠᠮᠳᠠᠷ ᠤᠨ ᠬᠢᠷᠢ ᠲᠡᠩᠴᠡᠭᠰᠡᠨ ᠨᠤᠷᠮ᠎ᠠ ᠨᠢ 100% ᠳᠤ ᠬᠦᠷᠦᠭᠰᠡᠨ ᠪᠠᠶᠢᠨ᠎ᠠ | ᠃ | ︵ᠬᠤᠶᠠᠷ︶ ᠤᠬᠠᠭᠤᠯᠤᠨ ᠳᠡᠯᠭᠡᠷᠡᠭᠦᠯᠬᠦ ᠶᠢ ᠴᠢᠬᠤᠯᠠᠴᠢᠯᠠᠵᠦ᠂ ᠵᠢᠱᠢᠶ᠎ᠡ ᠳᠠᠭᠤᠷᠢᠶᠠᠯ ᠤᠨ | ᠦᠢᠯᠡᠳᠦᠯ ᠢᠶᠠᠨ ᠪᠠᠳᠠᠷᠠᠭᠤᠯᠪᠠ᠃ ᠨᠢᠭᠡ ᠳᠤ᠂ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠣᠷᠴᠢᠭᠤᠯᠭ᠎ᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠬᠦᠨᠳᠦᠳᠬᠡᠨ᠂ ᠮᠠᠯᠴᠢᠨ ᠳᠠᠷᠢᠶᠠᠴᠢᠨ ᠤ ᠠᠰᠢᠭ ᠳᠣᠰᠠ᠂ ᠬᠦᠳᠡᠭᠡ ᠳᠣᠰᠬᠤᠨ ᠤ ᠦᠢᠯᠡᠳᠪᠦᠷᠢᠯᠡᠯ | ᠠᠮᠢᠳᠣᠷᠠᠯ ᠳᠤ ᠬᠤᠯᠪᠤᠭᠳᠠᠭᠰᠠᠨ ᠲᠥᠷᠥ ᠶᠢᠨ ᠪᠤᠳᠣᠯᠭ᠎ᠠ ᠶᠢᠨ ᠮᠠᠲ᠋ᠧᠷᠢᠶᠠᠯ ᠵᠢᠴᠢ ᠬᠤᠰᠢᠭᠤ ᠲᠥᠷᠪᠡᠨ ᠶᠡᠭᠡ ᠣᠳᠣᠷᠢᠳᠬᠤ | ᠪᠠᠭ ᠤᠨ ᠴᠢᠬᠤᠯᠠ ᠪᠢᠴᠢᠭ ᠮᠠᠲ᠋ᠧᠷᠢᠶᠠᠯ᠂ ᠬᠤᠷᠠᠯ ᠤᠨ ᠮᠠᠲ᠋ᠧᠷᠢᠶᠠᠯ ᠢ ᠪᠦᠬᠦᠨ ᠢ ᠮᠤᠩᠭᠤᠯ ᠬᠢᠳᠡᠳ ᠬᠤᠶᠠᠷ ᠵᠦᠢᠯ ᠤᠨ | ᠦᠰᠦᠭ ᠪᠢᠴᠢᠭ ᠢᠶᠠᠷ ᠳᠠᠷᠣᠮᠠᠯᠯᠠᠨ ᠳᠠᠷᠬᠠᠭᠠᠪᠠ᠃ ᠡᠭᠦᠨ ᠤ ᠬᠠᠮᠳᠣ᠂ ᠴᠢᠬᠤᠯᠠ ᠵᠠᠷ ᠮᠡᠳᠡᠭᠡ᠂ ᠴᠢᠬᠤᠯᠠ ᠨᠠᠶᠢᠷ | ᠴᠤᠭᠯᠠᠭᠠᠨ ᠤ ᠮᠡᠳᠡᠭᠳᠡᠯ ᠢ ᠴᠦᠮ ᠮᠤᠩᠭᠤᠯ ᠬᠢᠳᠡᠳ ᠬᠤᠶᠠᠷ ᠵᠦᠢᠯ ᠤᠨ ᠬᠡᠯᠡ ᠪᠠᠷ ᠨᠡᠶᠢᠳᠡᠯᠡᠬᠦ ᠶᠢ ᠱᠠᠭᠠᠷᠳᠠᠭᠰᠠᠨ ᠪᠠᠶᠢᠨ᠎ᠠ | ᠃ 2018 ᠣᠨ ᠳᠤ᠂ ᠨᠠᠮ ᠵᠠᠰᠠᠭ ᠤᠨ ᠣᠷᠴᠢᠭᠤᠯᠭ᠎ᠠ ᠶᠢᠨ ᠲᠥᠪ ᠨᠢ ᠨᠡᠶᠢᠳᠡ ᠬᠤᠶᠠᠷ ᠵᠠᠭᠤᠭᠠᠳ ᠬᠤᠪᠢ ᠪᠢᠴᠢᠭ | ᠮᠠᠲ᠋ᠧᠷᠢᠶᠠᠯ ᠣᠷᠴᠢᠭᠤᠯᠵᠤ᠂ ᠡᠭᠦᠨ ᠳᠤ ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠶᠡᠷᠡᠭᠡᠳ ᠬᠤᠪᠢ᠂ | ᠣᠳᠣᠷᠢᠳᠣᠯᠭ᠎ᠠ ᠶᠢᠨ ᠶᠡᠷᠢᠶ᠎ᠠ ᠵᠢᠷᠠᠭᠠᠳ ᠬᠤᠪᠢ᠂ ᠲᠥᠷᠪᠡᠨ ᠶᠡᠭᠡ ᠣᠳᠣᠷᠢᠳᠬᠤ ᠪᠠᠭ ᠤᠨ ᠰᠤᠷᠤᠯᠴᠠᠬᠤ ᠮᠠᠲ᠋ᠧᠷᠢᠶᠠᠯ ᠵᠢᠴᠢ | ᠠᠯᠪᠠᠨ ᠵᠠᠷ ᠮᠡᠳᠡᠭᠡ᠂ ᠵᠠᠷᠯᠠᠯ᠂ ᠭᠡᠷ᠎ᠡ ᠬᠡᠯᠡᠯᠴᠡᠭᠡᠷ ᠭᠤᠴᠢᠭᠠᠳ ᠬᠤᠪᠢ᠂ ᠣᠯᠠᠨ ᠲᠥᠮᠡᠨ ᠵᠢᠴᠢ ᠲᠠᠷᠢᠶᠠᠯᠠᠩ ᠮᠠᠯ ᠠᠵᠤ | ᠠᠬᠤᠢ ᠳᠤ ᠬᠤᠯᠪᠤᠭᠳᠠᠭᠰᠠᠨ ᠪᠢᠴᠢᠭ ᠮᠠᠲ᠋ᠧᠷᠢᠶᠠᠯ ᠭᠤᠴᠢᠭᠠᠳ ᠬᠤᠪᠢ ᠪᠣᠢ᠃ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠥᠷᠳᠡᠭᠡ ᠨᠢ ᠡᠯ᠎ᠡ ᠲᠥᠷᠥᠯ ᠤᠨ ᠰᠤᠷᠠᠭ ᠵᠠᠩᠭᠢ ᠶᠢ 300 ᠭᠠᠷᠣᠢ ᠶᠢ ᠨᠡᠶᠢᠲᠡᠯᠡᠵᠦ᠂ ᠦᠨᠳᠦᠰᠦᠨ | ᠱᠠᠳᠣᠨ ᠤ ᠣᠯᠠᠨ ᠲᠥᠮᠡᠨ ᠳᠤ ᠲᠦᠭᠦᠮ ᠦᠵᠡᠭᠦᠯᠦᠭᠰᠡᠨ ᠪᠠᠶᠢᠨ᠎ᠠ᠃ ᠬᠤᠶᠠᠷ ᠲᠤ᠂ ᠨᠡᠶᠢᠭᠡᠮ ᠤᠨ ᠥᠩᠭᠡᠨ ᠬᠡᠷᠡᠭᠯᠡᠭᠡᠨ | ᠳᠤ ᠮᠤᠩᠭᠤᠯ ᠬᠢᠳᠡᠳ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠶᠢ ᠬᠢᠨᠠᠨ ᠪᠠᠶᠢᠴᠠᠭᠠᠬᠤ ᠠᠵᠢᠯ ᠤᠨ | ᠲᠤᠭᠤᠶᠢᠯᠠᠩ ᠢ ᠪᠠᠶᠢᠭᠤᠯᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠡᠯ᠎ᠡ ᠲᠥᠷᠥᠯ ᠤᠨ ᠵᠠᠷ ᠮᠡᠳᠡᠭᠡ᠂ ᠫᠠᠶᠢᠰᠠ | ᠢᠯᠡᠷᠭᠡᠶᠢᠯᠡᠯ ᠵᠢᠴᠢ ᠵᠠᠮ᠂ ᠦᠵᠡᠮᠵᠢ ᠶᠢᠨ ᠣᠷᠣᠨ ᠤ ᠳᠡᠮᠳᠡᠭ ᠢᠯᠡᠷᠭᠡᠶᠢᠯᠡᠯ ᠳᠠᠬᠢ ᠮᠤᠩᠭᠤᠯ ᠦᠰᠦᠭ ᠢ ᠬᠡᠷᠡᠭᠯᠡᠵᠦ ᠪᠠᠶᠢᠭ᠎ᠠ | ᠪᠠᠶᠢᠳᠠᠯ ᠳᠤ ᠵᠠᠰᠠᠨ ᠴᠡᠭᠴᠡᠯᠡᠯᠳᠡ ᠬᠢᠵᠦ᠂ ᠮᠤᠩᠭᠤᠯ ᠦᠰᠦᠭ ᠪᠢᠴᠢᠭ ᠤᠨ ᠬᠡᠷᠡᠭᠯᠡᠭᠡ ᠶᠢ ᠳᠥᠷᠢᠮᠵᠢᠭᠦᠯᠪᠡ᠃ 2018 | ᠣᠨ ᠳᠤ ᠪᠦᠬᠦ ᠬᠤᠰᠢᠭᠤᠨ ᠤ ᠬᠡᠪᠴᠢᠶᠡᠨ ᠳᠤ ᠨᠡᠶᠢᠭᠡᠮ ᠤᠨ ᠬᠡᠷᠡᠭᠯᠡᠭᠡᠨ ᠤ ᠫᠠᠶᠢᠰᠠ ᠢᠯᠡᠷᠭᠡᠶᠢᠯᠡᠯ ᠢ ᠵᠠᠰᠠᠨ ᠥᠭᠡᠷᠡᠴᠢᠯᠡᠬᠦ | ᠮᠡᠳᠡᠭᠳᠡᠯ ᠤᠨ ᠪᠢᠴᠢᠭ ᠢ 82 ᠬᠤᠪᠢ ᠪᠠᠭᠤᠯᠭᠠᠵᠤ᠂ ᠨᠢᠭᠡᠨᠳᠡ ᠪᠦᠬᠦᠨ ᠢ ᠵᠠᠰᠠᠨ ᠴᠡᠭᠴᠡᠯᠡᠵᠦ᠂ ᠨᠡᠶᠢᠭᠡᠮ ᠤᠨ ᠥᠩᠭᠡᠨ | ᠬᠡᠷᠡᠭᠯᠡᠭᠡᠨ ᠤ ᠮᠤᠩᠭᠤᠯ ᠬᠢᠳᠡᠳ ᠦᠰᠦᠭ ᠢ ᠵᠡᠷᠭᠡᠪᠡᠷ ᠬᠡᠷᠡᠭᠯᠡᠬᠦ ᠨᠤᠷᠮ᠎ᠠ ᠶᠢ 100% ᠪᠠᠷ ᠪᠠᠳᠣᠯᠠᠵᠤ᠂ ᠬᠢᠷᠢ | ᠲᠡᠩᠴᠡᠭᠰᠡᠨ ᠨᠤᠷᠮ᠎ᠠ ᠶᠢ 98% ᠠᠴᠠ ᠳᠡᠭᠡᠭᠰᠢ ᠪᠠᠶᠢᠬᠤ ᠶᠢ ᠪᠠᠳᠣᠯᠠᠪᠠ᠃ ᠭᠤᠷᠪᠠ ᠳᠤ᠂ ᠰᠣᠨᠢᠨ ᠮᠡᠳᠡᠭᠡ | ᠵᠠᠭᠤᠴᠢᠯᠠᠭᠤᠷ ᠤᠨ ᠬᠢᠨ ᠤ ᠪᠠᠶᠢᠭᠤᠯᠤᠯᠳᠠ ᠶᠢ ᠴᠢᠩᠭᠠᠳᠬᠠᠵᠤ᠂ ᠬᠤᠰᠢᠭᠤ ᠷᠡᠳᠢᠣ᠋ ᠲᠧᠯᠸᠢᠰ ᠬᠤᠷᠢᠶ᠎ᠠ ᠨᠢ ᠮᠣᠩᠭᠤᠯ | ᠬᠢᠳᠡᠳ ᠰᠣᠨᠢᠨ ᠮᠡᠳᠡᠭᠡᠨ ᠤ ᠫᠷᠤᠭ᠍ᠷᠠᠮ ᠳᠣᠬᠢᠷᠠᠭᠤᠯᠵᠤ᠂ ᠮᠤᠩᠭᠤᠯ ᠬᠡᠯᠡᠨ ᠤ ᠰᠣᠷᠪᠤᠯᠵᠢᠯᠠᠭ᠎ᠠ ᠮᠡᠳᠡᠭᠡᠯᠡᠯ ᠢ ᠪᠠᠷᠢᠮᠵᠢᠶ᠎ᠠ | ᠠᠪᠢᠶ᠎ᠠ ᠪᠠᠷ ᠶᠠᠷᠢᠬᠤ ᠶᠢ ᠴᠢᠩᠭ᠎ᠠ ᠱᠠᠭᠠᠷᠳᠠᠵᠤ᠂ ᠡᠳᠦᠷ ᠪᠦᠷᠢ ᠶᠢᠨ ᠰᠣᠨᠢᠨ ᠮᠡᠳᠡᠭᠡᠨ ᠳᠤ ᠮᠤᠩᠭᠤᠯ ᠬᠢᠳᠡᠳ ᠬᠤᠶᠠᠷ | ᠵᠦᠢᠯ ᠤᠨ ᠬᠡᠯᠡ ᠶᠢ ᠵᠡᠷᠭᠡᠪᠡᠷ ᠬᠡᠷᠡᠭᠯᠡᠬᠦ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠬᠠᠮᠳᠣ᠂ ︽ᠮᠥᠩᠭᠡ ᠰᠢᠷᠭᠠᠯᠳᠣᠬᠤ | ᠬᠤᠯᠠᠨ ᠰᠢᠷᠭ᠎ᠠ︾᠂ ︽ᠤᠷᠠᠨ ᠰᠢᠬᠢᠳᠬᠡ︾᠂ ︽ᠤᠨᠠᠭᠠᠨ ᠦᠦᠷᠰᠡᠯ︾᠂ ︽ᠤᠯᠪᠠᠭ᠎ᠠ︾᠂ ︽ᠥᠨᠥᠳᠦᠷ ᠤᠨ | ᠬᠠᠯᠠᠮᠰᠢᠯ︾ ᠵᠡᠷᠭᠡ ᠪᠠᠷᠢᠮᠵᠢᠶ᠎ᠠ ᠠᠪᠢᠶᠠᠨ ᠤ ᠰᠢᠷᠢᠰ ᠪᠤᠯᠤᠩ ᠢ ᠡᠭᠦᠳᠦᠨ ᠡᠷᠬᠢᠯᠡᠵᠦ᠂ ᠥᠷᠭᠡᠨ ᠣᠯᠠᠨ ᠲᠥᠮᠡᠨ ᠤ | ᠥᠨᠳᠦᠷ ᠦᠨᠡᠯᠡᠯᠳᠡ ᠶᠢ ᠣᠯᠵᠤ᠂ ᠨᠡᠢᠮᠠᠨ ᠮᠤᠵᠢ ᠣᠷᠣᠨ᠂ ᠥᠪᠡᠷᠳᠡᠭᠡᠨ ᠵᠠᠰᠠᠬᠤ ᠤᠷᠤᠨ ᠤ ᠷᠡᠳᠢᠣ᠋ ᠲᠧᠯᠸᠢᠰ | ᠪᠦᠳᠦᠭᠡᠯ ᠤᠨ ᠰᠢᠯᠭᠠᠷᠠᠭᠤᠯᠤᠯᠳᠠ ᠶᠢᠨ ᠱᠠᠩᠨᠠᠯ ᠬᠥᠬᠢᠭᠦᠯᠦᠯ ᠢ ᠣᠯᠠᠨᠲᠠ ᠬᠦᠷᠲᠡᠭᠰᠡᠨ ᠪᠠᠶᠢᠨ᠎ᠠ᠃ ᠲᠥᠷᠪᠡ ᠳᠤ᠂ ᠰᠠᠭᠤᠷᠢ | ᠳᠦᠬᠦᠭᠡᠷᠦᠮᠵᠢ ᠶᠢᠨ ᠪᠡᠯᠡ ᠣᠷᠣᠭᠤᠯᠤᠯᠳᠠ ᠪᠠᠨ ᠴᠢᠩᠭᠠᠳᠬᠠᠨ᠂ ᠮᠤᠩᠭᠤᠯ ᠪᠠᠭ᠎ᠠ ᠰᠤᠷᠭᠠᠭᠤᠯᠢ᠂ ᠮᠤᠩᠭᠤᠯ ᠲᠤᠮᠳᠠᠳᠤ | ᠰᠤᠷᠭᠠᠭᠤᠯᠢ ᠳᠤ ᠲᠤᠰᠪᠤᠷᠢ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠢ ᠪᠠᠶᠢᠭᠤᠯᠤᠨ᠂ ᠲᠤᠨᠤᠭ | ᠳᠦᠭᠦᠭᠡᠷᠦᠮᠵᠢ ᠶᠢ ᠪᠦᠷᠢᠨᠰᠢᠬᠦᠯᠵᠦ᠂ ᠨᠠᠶᠢᠳᠠ100 ᠲᠦᠮᠡᠨ ᠲᠦᠬᠦᠷᠢᠭ ᠵᠠᠷᠤᠴᠠᠭᠤᠯᠪᠠ᠃ ᠮᠤᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠦᠵᠡᠭᠦᠯᠭᠡ ᠶᠢᠨ ᠲᠢᠩᠬᠢᠮ ᠢ ᠲᠡᠰ ᠲᠡᠪᠰᠢᠭᠦᠯᠦᠨ ᠦᠭᠡᠷᠡᠴᠢᠯᠡᠵᠦ᠂ ᠮᠤᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠲᠡᠣᠭᠡ ᠶᠢᠨ ᠮᠠᠲ᠋ᠧᠷᠢᠶᠠᠯ ᠤᠨ ᠦᠵᠡᠭᠦᠯᠭᠡ ᠶᠢᠨ ᠠᠭᠤᠯᠭ᠎ᠠ ᠶᠢ ᠪᠠᠶᠠᠯᠢᠭᠵᠢᠭᠤᠯᠤᠨ᠂ ︽ᠳᠣᠮᠳᠠᠳᠣ ᠣᠯᠣᠰ ᠤᠨ | ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ — ᠰᠢᠯᠤᠭᠤᠨ ᠬᠥᠬᠡ ᠬᠤᠰᠢᠭᠤ︾ ᠭᠡᠬᠦ ᠨᠤᠮ ᠢ | ᠬᠡᠪᠯᠡᠭᠦᠯᠦᠨ ᠳᠠᠷᠬᠠᠭᠠᠵᠤ᠂ ᠳᠣᠮᠳᠠᠳᠣ ᠣᠯᠣᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠤᠨ | ᠵᠢᠱᠢᠶᠡᠴᠢ ᠳᠠᠭᠤᠷᠢᠶᠠᠯ ᠤᠨ ᠦᠢᠯᠡᠳᠦᠯ ᠢ ᠦᠨᠡᠨᠬᠦ ᠪᠠᠳᠠᠷᠠᠭᠤᠯᠤᠭᠰᠠᠨ ᠪᠠᠶᠢᠨ᠎ᠠ᠃ | ︵ᠭᠤᠷᠪᠠ︶ ᠤᠬᠠᠭᠤᠯᠤᠨ ᠵᠢᠯᠤᠭᠤᠳᠬᠤ ᠪᠠᠨ ᠴᠢᠩᠭᠠᠳᠬᠠᠨ᠂ ᠨᠡᠶᠢᠭᠡᠮ ᠤᠨ ᠣᠬᠢ ᠰᠠᠶᠢᠨ ᠠᠭᠤᠷ | ᠠᠮᠢᠰᠬᠤᠯ ᠢ ᠪᠤᠢ ᠪᠤᠯᠭᠠᠪᠠ᠃ ᠨᠢᠭᠡ ᠳᠤ᠂ ᠮᠣᠩᠭᠤᠯ ᠶᠤᠸᠠᠨ ᠤ ᠰᠣᠶᠣᠯ ᠤᠨ ᠰᠣᠳᠣᠯᠣᠨ ᠶᠠᠷᠢᠯᠴᠠᠬᠤ ᠬᠤᠷᠠᠯ᠂ ᠮᠤᠩᠭᠤᠯ | ᠮᠣᠷᠢ ᠪᠤᠯᠤᠨ ᠤᠯᠠᠮᠵᠢᠯᠠᠯᠳᠣ ᠰᠣᠶᠣᠯ ᠤᠨ ᠰᠣᠳᠤᠯᠭᠠᠨ ᠤ ᠬᠤᠷᠠᠯ᠂ ᠠᠩᠬᠠᠳᠣᠭᠠᠷ ᠬᠤᠭᠤᠴᠠᠭᠠᠨ ᠤ ︽ | ᠦᠨᠳᠦᠰᠦᠳᠠᠨ ᠨᠦᠭᠦᠳ ᠪᠥᠯᠭᠦᠮᠳᠡᠵᠦ᠂ ᠨᠢᠭᠡᠨ ᠭᠡᠷ ᠪᠦᠯᠢ ᠮᠡᠲᠦ ᠳᠣᠳᠣᠨᠣ︾ ᠰᠢᠷᠢᠰ ᠰᠣᠶᠣᠯ ᠲᠠᠮᠢᠷ ᠤᠨ | ᠤᠬᠠᠭᠤᠯᠭ᠎ᠠ ᠶᠢᠨ ᠠᠵᠢᠯᠯᠠᠭ᠎ᠠ᠂ ᠠᠩᠬᠠᠳᠣᠭᠠᠷ ᠬᠤᠭᠤᠴᠠᠭᠠᠨ ᠤ ︽ᠬᠤᠯᠠᠨ ᠰᠢᠷᠭ᠎ᠠ︾ ᠬᠠᠪᠤᠷ ᠤᠨ ᠤᠯᠠᠷᠢᠯ ᠤᠨ | ᠨᠠᠭᠠᠳᠣᠮ᠂ ᠠᠷᠪᠠᠨ ᠲᠠᠪᠤᠳᠣᠭᠠᠷ᠂ ᠠᠷᠪᠠᠨ ᠵᠢᠷᠭᠤᠳᠣᠭᠠᠷ ᠬᠤᠭᠤᠴᠠᠭᠠᠨ ᠤ ︽ᠬᠤᠯᠠᠨ ᠰᠢᠷᠭ᠎ᠠ︾ ᠡᠪᠤᠯ ᠤᠨ | ᠣᠯᠠᠷᠢᠯ ᠤᠨ ᠨᠠᠭᠠᠳᠣᠮ᠂ 2017 ᠣᠨ ᠤ ︽ᠲᠡᠯᠡᠬᠡᠢ ᠶᠢᠨ ᠱᠠᠩᠳᠣ︾ ᠴᠠᠭᠠᠨ ᠰᠠᠷ᠎ᠠ ᠶᠢᠨ ᠦᠳᠡᠰᠢᠯᠭᠡ᠂ 2019 | ᠣᠨ ᠤ ︽ᠬᠠᠨ ᠱᠠᠩᠳᠣ ᠶᠢᠨ ᠰᠢᠷᠣᠩᠬᠠᠢ︾ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠮᠤᠩᠭᠤᠯ ᠬᠢᠳᠡᠳ ᠬᠤᠶᠠᠷ ᠬᠡᠯᠡᠨ ᠤ | ᠰᠤᠶᠤᠯ ᠲᠠᠮᠢᠷ᠂ ᠤᠬᠠᠭᠤᠯᠭ᠎ᠠ ᠰᠤᠯᠢᠯᠴᠠᠭᠠᠨ ᠤ ᠠᠵᠢᠯᠯᠠᠭ᠎ᠠ ᠦᠷᠨᠢᠬᠦᠯᠦᠨ᠂ ᠣᠷᠣᠨ ᠤ ᠳᠣᠲᠤᠨ᠎ᠠ ᠭᠠᠳᠠᠨ᠎ᠠ ᠮᠠᠨ ᠤ | ᠬᠤᠰᠢᠭᠤᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠲᠠᠶᠢᠴᠢᠯᠠᠭᠴᠢ ᠶᠢᠨ ᠲᠦᠷᠢ ᠲᠦᠷᠬᠦ ᠶᠢ ᠤᠬᠠᠭᠤᠯᠪᠠ᠃ | ᠬᠤᠶᠠᠷ ᠲᠤ᠂ ᠪᠦᠬᠦ ᠬᠤᠰᠢᠭᠤᠨ ᠤ ᠮᠤᠩᠭᠤᠯ ᠦᠭᠡ ᠬᠡᠯᠡ ᠦᠰᠦᠭ ᠪᠢᠴᠢᠭ ᠢ ᠬᠡᠷᠡᠭᠯᠡᠭᠰᠡᠨ55 ᠨᠡᠷ᠎ᠡ ᠲᠡᠷᠢᠭᠦᠨ ᠤ ᠬᠤᠪᠢ | ᠬᠦᠮᠦᠨ ᠪᠣᠯᠣᠨ 22 ᠨᠡᠷ᠎ᠡ ᠲᠡᠷᠢᠭᠦᠨ ᠤ ᠪᠠᠶᠢᠭᠤᠯᠭ᠎ᠠ ᠨᠢᠭᠡᠴᠡ ᠶᠢ ᠱᠠᠩᠨᠠᠨ ᠬᠥᠬᠢᠭᠦᠯᠵᠦ᠂ ᠥᠷᠭᠡᠨ ᠣᠯᠠᠨ ᠺᠠᠳ᠋ᠷ | ᠲᠥᠮᠡᠨ ᠤ ᠮᠤᠩᠭᠤᠯ ᠦᠭᠡ ᠬᠡᠯᠡ ᠦᠰᠦᠭ ᠪᠢᠴᠢᠭ ᠰᠣᠷᠣᠯᠴᠠᠬᠤ ᠢᠳᠡᠪᠬᠢᠵᠢᠯ ᠢ ᠨᠢ ᠤᠯᠠᠮ ᠳᠠᠶᠢᠴᠢᠯᠠᠪᠠ᠃ ᠭᠤᠷᠪᠠ ᠳᠤ | ᠂ ᠠᠳᠢᠶ᠎ᠠ ᠶᠢᠨ ᠭᠤᠣᠯᠯᠠᠨ ᠨᠠᠶᠢᠷᠠᠭᠤᠯᠤᠭᠰᠠᠨ ︽ᠮᠤᠩᠭᠤᠯ ᠦᠭᠡ ᠰᠤᠷᠬᠤ ᠪᠢᠴᠢᠭ︾ ᠪᠣᠯᠣᠨ ᠠᠶᠢᠮᠠᠭ ᠤᠨ | ᠦᠨᠳᠦᠰᠦᠳᠠᠨ ᠤ ᠵᠦᠪᠯᠡᠯ ᠠᠴᠠ ᠨᠠᠶᠢᠷᠠᠭᠤᠯᠤᠭᠰᠠᠨ ︽ᠮᠣᠩᠭᠤᠯ ᠦᠭᠡ ᠰᠤᠷᠬᠤ ᠪᠢᠴᠢᠭ︾ ᠵᠢᠴᠢ ᠳᠣᠰᠬᠠᠢ | ᠮᠡᠷᠭᠡᠵᠢᠯᠳᠡᠨ ᠤ ᠰᠢᠩᠭᠡᠭᠡᠨ ᠦᠢᠯᠡᠳᠦᠭᠰᠡᠨ ᠳᠠᠭᠤ ᠳᠥᠷᠰᠦ ᠰᠢᠩᠬᠡᠬᠡᠯᠳᠡ ᠶᠢᠨ ᠮᠠᠲ᠋ᠧᠷᠢᠶᠠᠯ ᠢ ᠡᠯ᠎ᠡ ᠠᠯᠪᠠᠨ | ᠪᠠᠶᠢᠭᠤᠯᠭ᠎ᠠ ᠳᠤ ᠲᠠᠷᠬᠠᠭᠠᠨ ᠥᠭᠴᠦ᠂ ᠡᠯ᠎ᠡ ᠦᠨᠳᠦᠰᠦᠲᠡᠨ ᠤ ᠺᠠᠳ᠋ᠷ ᠣᠯᠠᠨ ᠲᠥᠮᠡᠨ ᠤ ᠰᠣᠷᠣᠯᠴᠠᠯᠭ᠎ᠠ ᠰᠣᠯᠢᠯᠴᠠᠭ᠎ᠠ | ᠬᠢᠬᠦ ᠳᠤ ᠵᠤᠷᠢᠭᠤᠯᠪᠠ᠃ ᠳᠥᠷᠪᠡ ᠳᠤ᠂ ᠲᠠᠷᠢᠶᠠᠯᠠᠩ ᠮᠠᠯ ᠠᠵᠤ ᠠᠬᠤᠢ᠂ ᠦᠢᠯᠡᠰ ᠪᠤᠰᠬᠠᠵᠦ ᠠᠵᠢᠯ ᠤᠯᠭᠤᠬᠤ ᠲᠠᠯ᠎ᠠ | ᠪᠠᠷ᠂ ᠵᠢᠯ ᠪᠦᠷᠢ 3 — 5 ᠬᠤᠭᠤᠴᠠᠭᠠᠨ ᠤ ᠮᠣᠩᠭᠤᠯ ᠢᠶᠠᠷ ᠬᠢᠴᠢᠶᠡᠯᠯᠡᠬᠦ ᠠᠵᠤ ᠦᠢᠯᠡᠰ ᠤᠨ ᠪᠣᠯᠪᠠᠰᠣᠷᠠᠯ ᠢ | ᠪᠠᠶᠢᠷᠢᠯᠠᠭᠤᠯᠵᠤ᠂ ᠥᠷᠭᠡᠨ ᠣᠯᠠᠨ ᠮᠠᠯᠴᠢᠨ ᠲᠥᠮᠡᠨ ᠳᠤ ᠲᠦᠭᠦᠮ ᠦᠵᠡᠭᠦᠯᠦᠨ᠂ ᠣᠬᠢ ᠰᠠᠶᠢᠨ ᠨᠡᠶᠢᠭᠡᠮ ᠤᠨ ᠦᠷ᠎ᠡ | ᠠᠰᠢᠭ ᠢ ᠣᠯᠵᠠᠢ᠃ ᠲᠠᠪᠤ ᠳᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠢᠳᠡᠪᠬᠢᠵᠢᠯ ᠢ ᠲᠠᠶᠢᠴᠢᠯᠠᠵᠦ᠂ ︽ᠴᠡᠴᠡᠨ | ᠬᠡᠤᠭᠡᠳ︾ ᠬᠡᠯᠡ ᠠᠪᠢᠶᠠᠨ ᠤ ᠰᠤᠷᠭᠠᠯᠳᠠ ᠶᠢᠨ ᠲᠥᠪ᠂ ︽ᠲᠣᠷᠭᠠᠨ ᠪᠠᠷᠢᠨᠳᠠᠭ︾ ᠤᠩᠰᠢᠯᠭ᠎ᠠ ᠶᠢᠨ ᠥᠷᠥᠭᠡ ᠵᠡᠷᠭᠡ | ᠵᠠᠯᠠᠭᠤᠴᠤᠳ ᠪᠠᠭᠠᠴᠣᠳ ᠤᠨ ᠠᠪᠢᠶᠠᠰ ᠪᠢᠯᠢᠭ ᠤᠨ ᠪᠤᠯᠪᠠᠰᠣᠷᠠᠯ ᠤᠨ ᠪᠠᠶᠢᠭᠤᠯᠤᠮᠵᠢ ᠶᠢ ᠲᠡᠳᠬᠦᠨ ᠲᠡᠮᠵᠢᠵᠦ᠂ ᠰᠢᠯᠢ ᠶᠢᠨ | ᠭᠤᠣᠯ ᠠᠶᠢᠮᠠᠭ᠂ ᠣᠷᠳᠣᠰ ᠬᠤᠲᠠᠨ ᠳᠤ ᠤᠷᠢᠳ ᠬᠤᠵᠢᠳ ︽ᠪᠦᠬᠦ ᠣᠷᠣᠨ ᠤ ᠵᠠᠯᠠᠭᠤᠴᠤᠳ ᠪᠠᠭᠠᠴᠣᠳ ᠤᠨ ᠳᠣᠮᠳᠠᠳᠣ | ᠣᠯᠣᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠤᠩᠰᠢᠯᠭ᠎ᠠ ᠶᠢᠨ ᠤᠷᠤᠯᠳᠣᠭᠠᠨ︾ ᠢ ᠡᠷᠬᠢᠯᠡᠨ ᠶᠠᠪᠤᠭᠳᠠᠭᠤᠯᠵᠦ᠂ | ᠪᠦᠬᠦ ᠤᠷᠤᠨ ᠤ ᠡᠯ᠎ᠠ ᠭᠠᠵᠠᠷ ᠤᠨ 160 ᠭᠠᠷᠤᠢ ᠤᠷᠤᠯᠴᠠᠭᠴᠢ ᠤᠷᠤᠯᠴᠠᠨ᠂ ᠣᠬᠢ ᠰᠠᠶᠢᠨ ᠤᠬᠠᠭᠤᠯᠤᠨ ᠳᠡᠯᠭᠡᠷᠡᠭᠦᠯᠬᠦ | ᠦᠷ᠎ᠡ ᠠᠰᠢᠭ ᠢ ᠣᠯᠵᠠᠢ᠃ ᠵᠢᠷᠭᠤᠭ᠎ᠠ ᠳᠤ᠂ ᠰᠣᠷᠭᠠᠭᠤᠯᠢ ᠶᠢᠨ ᠬᠦᠷᠢᠶᠡᠨ ᠤ ᠰᠣᠷᠣᠯᠴᠠᠯᠭ᠎ᠠ ᠪᠤᠯᠪᠠᠰᠣᠷᠠᠯ ᠤᠨ ᠠᠵᠢᠯ ᠢ | ᠡᠮᠬᠢ ᠵᠢᠷᠤᠮ ᠲᠠᠢ ᠥᠷᠨᠢᠭᠦᠯᠪᠡ᠃ ᠨᠢᠭᠡᠳᠦᠭᠡᠷ ᠪᠠᠭ᠎ᠠ ᠰᠣᠷᠭᠠᠭᠤᠯᠢ᠂ ᠬᠦᠰᠡᠯᠡᠩ ᠬᠡᠤᠭᠡᠳ ᠤᠨ ᠴᠡᠴᠡᠷᠯᠢᠭ ᠲᠤ ᠴᠥᠮ | ᠮᠤᠩᠭᠤᠯ ᠬᠡᠯᠡᠨ ᠤ ᠣᠨᠴᠠᠯᠢᠭᠳᠣ ᠬᠢᠴᠢᠶᠡᠯ ᠢ ᠳᠣᠬᠢᠷᠠᠭᠤᠯᠵᠤ᠂ ᠮᠤᠩᠭᠤᠯ ᠬᠡᠯᠡ ᠪᠠᠷ ᠶᠠᠷᠢᠯᠴᠠᠨ ᠰᠣᠷᠣᠯᠴᠠᠬᠤ ᠪᠤᠯᠤᠨ | ᠦᠨᠳᠦᠰᠦᠳᠡᠨ ᠤ ᠤᠯᠠᠮᠵᠢᠯᠠᠯᠳᠣ ᠰᠣᠶᠣᠯ ᠢ ᠣᠶᠢᠯᠠᠭᠠᠬᠤ ᠠᠵᠢᠯᠯᠠᠭ᠎ᠠ ᠶᠢ ᠬᠤᠭᠤᠴᠠᠭ᠎ᠠ ᠳᠣᠭᠲᠠᠨ ᠥᠷᠨᠢᠭᠦᠯᠵᠦ ᠣᠬᠢ | ᠰᠠᠶᠢᠨ ᠦᠷ᠎ᠡ ᠪᠦᠳᠦᠮᠵᠢ ᠣᠯᠪᠠ᠃ ᠪᠥᠬᠦ ᠬᠤᠰᠢᠭᠤᠨ ᠤ ᠦᠨᠳᠦᠰᠦᠳᠠᠨ ᠤ 6 ᠳᠣᠮᠳᠠᠳᠣ ᠪᠠᠭ᠎ᠠ ᠰᠣᠷᠭᠠᠭᠤᠯᠢ ᠳᠤ | ᠪᠠᠷᠢᠮᠵᠢᠶ᠎ᠠ ᠠᠪᠢᠶ᠎ᠠ ᠪᠠᠷ ᠰᠢᠯᠦᠭ ᠤᠩᠰᠢᠬᠤ ᠳᠣᠭᠤᠶᠢᠯᠠᠩ ᠢ ᠪᠠᠶᠢᠭᠤᠯᠵᠤ᠂ ᠤᠯᠠᠮᠵᠢᠯᠠᠯᠳᠣ ᠢᠷᠦᠭᠡᠯ ᠮᠠᠭᠳᠠᠭᠠᠯ᠂ ᠤᠷᠠᠨ | ᠪᠢᠴᠢᠯᠭᠡ᠂ ᠪᠦᠬᠡ᠂ ᠮᠣᠷᠢᠨ ᠬᠤᠭᠤᠷ᠂ ᠰᠢᠲᠠᠷ᠎ᠠ᠂ ᠰᠤᠷ ᠬᠠᠷᠪᠤᠯᠲᠠ ᠶᠢᠨ ᠵᠢᠭᠠᠨ ᠰᠤᠷᠭᠠᠯᠳᠠ ᠶᠢ ᠰᠤᠶᠤᠯ ᠤᠨ ᠬᠢᠴᠢᠶᠠᠯ | ᠲᠠᠢ ᠠᠭᠤᠰᠤᠯᠴᠠᠭᠤᠯᠤᠨ᠂ ᠦᠨᠳᠦᠰᠦᠲᠡᠨ ᠤ ᠬᠡᠦᠬᠡᠳ ᠪᠠᠭᠠᠴᠣᠳ ᠦᠨᠳᠦᠰᠦᠳᠠᠨ ᠤ ᠦᠭᠡ ᠬᠡᠯᠡ ᠦᠰᠦᠭ ᠪᠢᠴᠢᠭ ᠢᠶᠠᠨ | ᠬᠡᠷᠡᠭᠯᠡᠬᠦ ᠪᠣᠯᠣᠨ ᠣᠯᠠᠮᠵᠢᠯᠠᠯᠳᠣ ᠰᠣᠶᠣᠯ ᠠᠷᠠᠨᠰᠢᠨ ᠢᠶᠠᠨ ᠣᠶᠢᠯᠠᠭᠠᠨ ᠮᠡᠳᠡᠬᠦ ᠳᠤ ᠣᠬᠢ ᠰᠠᠶᠢᠨ ᠣᠷᠴᠢᠨ ᠳᠣᠭᠤᠷᠢᠨ ᠢ | ᠬᠠᠩᠭᠠᠵᠤ ᠥᠭᠴᠡᠢ᠃ | ᠬᠤᠶᠠᠷ᠂ ᠣᠷᠣᠰᠢᠵᠤ ᠪᠠᠶᠢᠭ᠎ᠠ ᠠᠰᠠᠭᠤᠳᠠᠯ | ︵ᠨᠢᠭᠡ︶ ᠬᠢᠨᠠᠨ ᠬᠠᠮᠢᠶᠠᠷᠬᠤ ᠠᠵᠢᠯ ᠤᠨ ᠬᠦᠴᠦᠯᠡᠴᠡ ᠶᠢ ᠨᠡᠮᠡᠭᠳᠡᠭᠦᠯᠬᠦ ᠴᠢᠬᠤᠯᠠ ᠲᠠᠢ᠃ ᠪᠦᠬᠦ | ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠨᠢᠭᠡᠴᠡ ᠶᠢᠨ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠠᠯ᠎ᠠ | ᠪᠠᠷ ᠬᠢ ᠦᠵᠡᠯᠳᠡ ᠳᠠᠨᠢᠯᠳᠠ ᠬᠦᠷᠦᠯᠴᠡᠬᠦ ᠦᠭᠡᠢ᠂ ᠰᠠᠨᠠᠭᠠᠴᠢᠯᠠᠭ᠎ᠠ ᠠᠴᠠ ᠪᠠᠨ ᠰᠣᠷᠣᠯᠴᠠᠨ ᠬᠡᠷᠡᠭᠯᠡᠬᠦ ᠢᠳᠡᠪᠬᠢᠵᠢᠯ ᠠᠨᠠᠢ᠂ | ︽ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ | ᠳᠥᠷᠢᠮ︾ ᠢ ᠲᠣᠣᠱᠲᠠᠢ ᠨᠠᠶᠢᠳᠠᠪᠤᠷᠢᠵᠢᠭᠤᠯᠤᠭᠰᠠᠨ ᠦᠭᠡᠢ᠃ ᠨᠡᠶᠢᠭᠡᠮ ᠤᠨ ᠦᠩᠬᠡᠨ ᠬᠡᠷᠡᠭᠯᠡᠭᠡᠨ ᠳᠤ ᠬᠡᠷᠡᠭᠯᠡᠵᠦ ᠪᠠᠶᠢᠭ᠎ᠠ | ᠦᠰᠦᠭ ᠤᠨ ᠮᠤᠩᠭᠤᠯ ᠬᠢᠳᠡᠳ ᠦᠰᠦᠭ ᠤᠨ ᠶᠡᠭᠡ ᠪᠠᠭ᠎ᠠ ᠶᠢᠨ ᠬᠠᠷᠢᠴᠠᠯ ᠠᠳᠠᠯᠢ ᠦᠭᠡᠢ᠂ ᠤᠷᠴᠢᠭᠤᠯᠭ᠎ᠠ ᠣᠨᠣᠪᠴᠢ | ᠦᠭᠡᠢ᠂ ᠦᠢᠯᠡᠳᠦᠭᠰᠡᠨ ᠨᠢ ᠲᠥᠷᠢᠮᠵᠢᠬᠦᠨ ᠪᠤᠰᠣ ᠵᠡᠷᠭᠡ ᠠᠰᠠᠭᠤᠳᠠᠯ ᠣᠷᠣᠰᠢᠵᠦ ᠪᠠᠶᠢᠨ᠎ᠠ᠃ ᠵᠠᠷᠢᠮ ᠣᠯᠠᠨ ᠨᠡᠶᠢᠳᠡ ᠶᠢᠨ | ᠦᠢᠯᠡᠴᠢᠯᠡᠭᠡᠨ ᠤ ᠲᠡᠪᠴᠡᠩ ᠨᠢ ᠮᠤᠩᠭᠤᠯ ᠬᠡᠯᠡᠨ ᠤ ᠢᠯᠡᠷᠭᠡᠶᠢᠯᠡᠯ ᠪᠠᠶᠢᠬᠤ ᠦᠭᠡᠢ᠂ ᠵᠠᠷᠢᠮ ᠴᠢᠬᠤᠯᠠ ᠦᠢᠯᠡᠴᠢᠯᠡᠭᠡᠨ ᠤ | ᠪᠠᠶᠢᠭᠤᠯᠭ᠎ᠠ ᠶᠢᠨ ᠣᠯᠠᠨ ᠲᠥᠮᠡᠨ ᠤ ᠮᠡᠳᠡᠪᠡᠰᠦ ᠵᠤᠬᠢᠬᠤ ᠵᠦᠢᠯ᠂ ᠵᠢᠯᠤᠭᠤᠳᠬᠤ ᠢᠯᠡᠷᠭᠡᠶᠢᠯᠡᠯ ᠨᠢ ᠮᠣᠩᠭᠤᠯ ᠬᠢᠳᠡᠳ | ᠬᠤᠶᠠᠷ ᠵᠦᠢᠯ ᠤᠨ ᠦᠰᠦᠭ ᠢ ᠵᠡᠷᠭᠡᠪᠡᠷ ᠬᠡᠷᠡᠭᠯᠡᠬᠦ ᠦᠭᠡᠢ ᠪᠠᠶᠢᠨ᠎ᠠ᠃ | ︵ᠬᠤᠶᠠᠷ︶ ᠠᠯᠪᠠᠨ ᠪᠠᠶᠢᠭᠤᠯᠭ᠎ᠠ ᠶᠢᠨ ᠮᠤᠩᠭᠤᠯ ᠬᠡᠯᠡᠨ ᠤ ᠣᠷᠴᠢᠭᠤᠯᠭ᠎ᠠ ᠶᠢᠨ ᠬᠦᠴᠦᠨ ᠪᠠᠭᠤᠷᠠᠢ | ᠪᠠᠶᠢᠨ᠎ᠠ᠃ ᠣᠳᠣᠬᠠᠨ ᠳᠤ᠂ ᠮᠠᠨ ᠤ ᠬᠤᠰᠢᠭᠤ ᠨᠢ ᠨᠢᠭᠡᠯᠡ ᠤᠷᠴᠢᠭᠤᠯᠭ᠎ᠠ ᠶᠢᠨ ᠪᠠᠶᠢᠭᠤᠯᠤᠮᠵᠢ ᠲᠠᠢ᠂ ᠬᠤᠰᠢᠭᠤ ᠬᠠᠷᠢᠶ᠎ᠠ | ᠪᠠᠶᠢᠭᠤᠯᠭ᠎ᠠ ᠪᠤᠯᠤᠨ ᠦᠨᠳᠦᠰᠦᠨ ᠱᠠᠳᠣᠨ ᠤ ᠪᠠᠶᠢᠭᠤᠯᠭ᠎ᠠ ᠳᠤ ᠳᠣᠰᠬᠠᠢ ᠣᠷᠴᠢᠭᠤᠯᠤᠭᠴᠢ ᠪᠠᠶᠢᠬᠤ ᠦᠭᠡᠢ᠂ | ᠤᠷᠴᠢᠭᠤᠯᠬᠤ ᠬᠦᠴᠦᠨ ᠢᠶᠠᠷ ᠪᠠᠭᠤᠷᠠᠢ᠂ ᠭᠠᠴᠠᠭ᠎ᠠ ᠳᠣᠰᠬᠤᠨ ᠳᠤ ᠪᠠᠭᠤᠯᠭᠠᠭᠰᠠᠨ ᠪᠢᠴᠢᠭ ᠮᠠᠲ᠋ᠧᠷᠢᠶᠠᠯ ᠢ ᠪᠦᠬᠦᠨ ᠢ | ᠮᠤᠩᠭᠤᠯ ᠬᠢᠳᠡᠳ ᠬᠤᠶᠠᠷ ᠬᠡᠯᠡ ᠪᠠᠷ ᠶᠠᠪᠤᠭᠤᠯᠵᠤ ᠴᠢᠳᠠᠭ᠎ᠠ ᠦᠭᠡᠢ᠃ | ᠭᠤᠷᠪᠠ᠂ ᠳᠠᠷᠠᠭᠠᠴᠢ ᠶᠢᠨ ᠠᠵᠢᠯ ᠤᠨ ᠪᠠᠶᠢᠷᠢᠯᠠᠭᠤᠯᠤᠯᠳᠠ | ︵ᠨᠢᠭᠡ︶ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠯᠳᠡ ᠶᠢ ᠤᠯᠠᠮ ᠲᠥᠷᠢᠮᠵᠢᠭᠦᠯᠦᠨᠡ᠃ | ᠨᠢᠭᠡ ᠳᠤ᠂ ︽ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠮᠤᠩᠭᠤᠯ ᠦᠭᠡ ᠬᠡᠯᠡ ᠦᠰᠦᠭ ᠪᠢᠴᠢᠭ ᠤᠨ | ᠠᠵᠢᠯ ᠤᠨ ᠳᠥᠷᠢᠮ︾ ᠢ ᠲᠣᠣᠱᠯᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠮᠤᠩᠭᠤᠯ ᠦᠭᠡ ᠬᠡᠯᠡ ᠦᠰᠦᠭ | ᠪᠢᠴᠢᠭ ᠤᠨ ᠠᠵᠢᠯ ᠤᠨ ᠵᠠᠷᠣᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠪᠤᠳᠠᠳᠠᠢ ᠲᠠᠢ ᠪᠠᠨ | ᠤᠶᠠᠯᠳᠤᠭᠤᠯᠤᠨ ᠮᠤᠩᠭᠤᠯ ᠦᠭᠡ ᠬᠡᠯᠡ ᠦᠰᠦᠭ ᠪᠢᠴᠢᠭ ᠰᠣᠷᠣᠯᠴᠠᠬᠤ ᠠᠷᠭ᠎ᠠ ᠠᠪᠴᠢᠯ ᠢ ᠳᠣᠭᠳᠠᠭᠠᠨ ᠭᠠᠷᠭᠠᠨ᠎ᠠ᠃ | ᠬᠤᠶᠠᠷ ᠲᠤ᠂ ᠮᠤᠩᠭᠤᠯ ᠦᠭᠡ ᠬᠡᠯᠡ ᠦᠰᠦᠭ ᠪᠢᠴᠢᠭ ᠲᠤ ᠬᠢᠨᠠᠯᠳᠠ ᠲᠠᠯᠪᠢᠨ ᠪᠠᠶᠢᠴᠠᠭᠠᠬᠤ ᠬᠦᠴᠦᠯᠡᠴᠡ ᠪᠠᠨ | ᠴᠢᠩᠭᠠᠳᠬᠠᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠤᠩᠭᠤᠯ ᠬᠢᠳᠡᠳ ᠬᠤᠶᠠᠷ ᠵᠦᠢᠯ ᠤᠨ ᠦᠰᠦᠭ ᠢ ᠵᠡᠷᠭᠡᠪᠡᠷ | ᠬᠡᠷᠡᠭᠯᠡᠬᠦ ᠦᠭᠡᠢ ᠪᠠᠶᠢᠭᠤᠯᠭ᠎ᠠ ᠨᠢᠭᠡᠴᠡ ᠪᠠ ᠬᠤᠳᠠᠯᠳᠣᠭᠠᠴᠢᠨ ᠢ ᠬᠠᠮᠢᠶᠠᠲᠠᠢ ᠳᠣᠭᠳᠠᠭᠠᠯ ᠶᠤᠰᠣᠭᠠᠷ ᠵᠠᠷᠯᠠᠨ ᠰᠢᠢᠳᠬᠡᠨ᠎ᠡ᠃ | ᠵᠠᠷ ᠮᠡᠳᠡᠭᠡᠨ ᠤ ᠫᠠᠶᠢᠰᠠ ᠢᠯᠡᠷᠭᠡᠶᠢᠯᠡᠯ ᠢ ᠡᠬᠢ ᠤᠭ ᠠᠴᠠ ᠨᠢ ᠬᠠᠮᠢᠶᠠᠷᠬᠤ ᠪᠠᠨ ᠴᠢᠩᠭᠠᠳᠬᠠᠵᠤ᠂ ᠨᠢᠭᠡᠳᠣᠯᠳᠠᠢ | ᠤᠷᠴᠢᠭᠤᠯᠵᠤ᠂ ᠴᠡᠭ ᠳᠣᠭᠲᠠᠨ ᠦᠢᠯᠡᠳᠴᠦ᠂ ᠴᠠᠭ ᠳᠣᠬᠠᠢ ᠳᠤᠨᠢ ᠬᠢᠨᠠᠨ ᠬᠠᠷᠭᠤᠭᠤᠯᠤᠨ᠎ᠠ᠃ ᠭᠤᠷᠪᠠ ᠳᠤ᠂ ᠮᠤᠩᠭᠤᠯ | ᠬᠢᠳᠡᠳ ᠦᠭᠡ ᠬᠡᠯᠡ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠢ ᠠᠬᠢᠭᠤᠯᠤᠨ᠂ ᠬᠢᠨᠠᠯᠳᠠ ᠲᠠᠯᠪᠢᠵᠤ ᠪᠠᠶᠢᠴᠠᠭᠠᠬᠤ | ᠬᠦᠴᠦᠯᠡᠴᠡ ᠪᠠᠨ ᠴᠢᠩᠭᠠᠳᠬᠠᠵᠤ᠂ ᠪᠢᠴᠢᠭ ᠮᠠᠲ᠋ᠧᠷᠢᠶᠠᠯ ᠢ ᠣᠷᠴᠢᠭᠤᠯᠬᠤ ᠨᠤᠷᠮ᠎ᠠ ᠪᠠᠨ ᠳᠡᠭᠡᠭᠰᠢᠯᠡᠭᠦᠯᠦᠨ᠂ ᠣᠯᠠᠨ | ᠲᠥᠮᠡᠨ ᠤ ᠲᠥᠷᠥ ᠶᠢᠨ ᠪᠤᠳᠣᠯᠭ᠎ᠠ ᠶᠢ ᠴᠠᠭ ᠲᠤᠬᠠᠢ ᠳᠤ ᠨᠢ ᠣᠶᠢᠯᠠᠭᠠᠨ ᠮᠡᠳᠡᠬᠦ ᠶᠢ ᠪᠠᠳᠣᠯᠠᠨ᠎ᠠ᠃ | ︵ᠬᠤᠶᠠᠷ︶ ᠤᠷᠴᠢᠭᠤᠯᠭ᠎ᠠ ᠶᠢᠨ ᠠᠵᠢᠯ ᠢ ᠪᠠᠳᠤᠯᠠᠨ ᠴᠢᠩᠭᠠᠳᠬᠠᠨ᠎ᠠ᠃ ᠨᠢᠭᠡ ᠳᠤ᠂ ︽ᠥᠪᠦᠷ | ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠥᠷᠢᠮ︾ ᠤᠨ | ᠱᠠᠭᠠᠷᠳᠠᠯᠭ᠎ᠠ ᠶᠤᠰᠣᠭᠠᠷ᠂ ᠠᠯᠪᠠᠨ ᠪᠠᠶᠢᠭᠤᠯᠭ᠎ᠠ ᠳᠤ ᠣᠷᠴᠢᠭᠤᠯᠬᠤ ᠪᠠᠶᠢᠭᠤᠯᠤᠮᠵᠢ ᠳᠣᠬᠢᠷᠠᠭᠤᠯᠬᠤ ᠶᠢ ᠠᠬᠢᠭᠤᠯᠵᠤ᠂ | ᠳᠣᠰᠬᠠᠢ ᠪᠤᠶᠤ ᠬᠠᠪᠰᠣᠷᠭᠠᠭᠰᠠᠨ ᠣᠷᠴᠢᠭᠤᠯᠤᠭᠴᠢ ᠳᠣᠮᠢᠯᠠᠵᠤ᠂ ᠦᠨᠳᠦᠰᠦᠨ ᠱᠠᠳᠣᠨ ᠳᠤ ᠪᠠᠭᠤᠯᠭᠠᠬᠤ ᠪᠢᠴᠢᠭ | ᠮᠠᠲ᠋ᠧᠷᠢᠶᠠᠯ ᠢ ᠴᠠᠭ ᠳᠣᠬᠠᠢ ᠳᠤᠨᠢ ᠣᠨᠣᠪᠴᠢᠲᠠᠢ ᠣᠷᠴᠢᠭᠤᠯᠤᠨᠠ᠃ ᠬᠤᠶᠠᠷ ᠲᠤ᠂ ᠮᠤᠩᠭᠤᠯ ᠬᠡᠯᠡᠨ ᠤ | ᠣᠷᠴᠢᠭᠤᠯᠭ᠎ᠠ ᠶᠢᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢᠨ ᠲᠥᠯᠥᠪᠵᠢᠭᠦᠯᠭᠡ ᠲᠤᠭᠳᠠᠭᠠᠵᠦ᠂ ᠴᠢᠳᠠᠪᠤᠷᠢᠳᠠᠨ | ᠬᠦᠮᠦᠵᠢᠬᠦᠯᠬᠦ ᠠᠵᠢᠯ ᠢ ᠰᠠᠶᠢᠳᠣᠷ ᠬᠢᠵᠦ᠂ ᠮᠤᠩᠭᠤᠯ ᠦᠭᠡ ᠬᠡᠯᠡ ᠦᠰᠦᠭ ᠪᠢᠴᠢᠭ ᠤᠨ ᠣᠷᠴᠢᠭᠤᠯᠭ᠎ᠠ ᠶᠢᠨ | ᠪᠣᠯᠪᠠᠰᠣᠷᠠᠯ ᠤᠨ ᠠᠩᠭᠢ ᠶᠢ ᠲᠤᠭᠳᠠᠭᠰᠠᠨ ᠬᠤᠭᠤᠴᠠᠭ᠎ᠠ ᠲᠠᠢ ᠡᠷᠬᠢᠯᠡᠨ᠂ ᠣᠷᠴᠢᠭᠤᠯᠭ᠎ᠠ ᠶᠢᠨ ᠬᠢᠷᠢ ᠲᠥᠪᠰᠢᠨ ᠢ ᠦᠨᠡᠨᠬᠦ | ᠲᠡᠭᠡᠭᠰᠢᠯᠡᠬᠦᠯᠦᠨ᠎ᠡ᠃ ᠭᠤᠷᠪᠠ ᠳᠤ᠂ ᠰᠣᠷᠣᠯᠴᠠᠯᠭ᠎ᠠ ᠪᠤᠯᠤᠨ ᠱᠠᠩᠨᠠᠨ ᠬᠦᠬᠢᠭᠦᠯᠬᠦ ᠳᠣᠭᠳᠠᠯᠴᠠᠭ᠎ᠠ ᠶᠢ ᠪᠠᠶᠢᠭᠤᠯᠤᠨ | ᠪᠦᠷᠢᠨᠰᠢᠭᠦᠯᠵᠦ᠂ ᠮᠤᠩᠭᠤᠯ ᠬᠢᠳᠡᠳ ᠬᠤᠶᠠᠷ ᠬᠡᠯᠡ ᠶᠢ ᠰᠤᠷᠮᠠᠭᠠᠢ ᠬᠡᠷᠡᠭᠯᠡᠳᠡᠭ ᠨᠢᠭᠡᠴᠡ ᠪᠤᠯᠤᠨ ᠬᠤᠪᠢ ᠬᠦᠮᠦᠨ ᠢ | ᠦᠷᠭᠦᠯᠵᠢᠯᠡᠨ ᠱᠠᠩᠨᠠᠨ ᠬᠥᠬᠢᠭᠦᠯᠵᠦ᠂ ᠣᠷᠴᠢᠭᠤᠯᠤᠭᠴᠢ ᠶᠢᠨ ᠴᠠᠯᠢᠩ ᠨᠦᠬᠦᠪᠦᠷᠢ ᠶᠢ ᠨᠠᠶᠢᠳᠠᠪᠤᠷᠢᠵᠢᠭᠤᠯᠤᠨ᠂ | ᠤᠷᠴᠢᠭᠤᠯᠤᠭᠴᠢ ᠶᠢᠨ ᠢᠳᠡᠪᠬᠢᠵᠢᠯ ᠢ ᠨᠢ ᠳᠠᠶᠢᠴᠢᠯᠠᠨ᠎ᠠ᠃ | ︵ᠭᠤᠷᠪᠠ︶ ᠤᠬᠠᠭᠤᠯᠤᠨ ᠦᠢᠯᠡᠴᠢᠯᠡᠬᠦ ᠠᠵᠢᠯ ᠢ ᠴᠢᠩᠭᠠᠳᠬᠠᠨ᠎ᠠ᠃ ᠨᠢᠭᠡ ᠳᠤ᠂ ᠷᠡᠳᠢᠤ᠋ ᠲᠧᠯᠸᠢᠰ᠂ | ᠰᠣᠨᠢᠨ ᠬᠡᠪᠯᠡᠯ᠂ ᠸᠢᠴᠠᠲ ᠵᠡᠷᠭᠡ ᠮᠡᠳᠡᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ | ᠲᠥᠮᠡᠨ ᠳᠤ ᠠᠭᠤᠯᠭ᠎ᠠ ᠪᠠᠷ ᠪᠠᠶᠠᠯᠢᠭ ᠮᠤᠩᠭᠤᠯ ᠬᠡᠯᠡᠨ ᠤ ᠮᠠᠲ᠋ᠧᠷᠢᠶᠠᠯ ᠬᠠᠩᠭᠠᠵᠤ᠂ ᠮᠤᠩᠭᠤᠯ ᠦᠭᠡ ᠬᠡᠯᠡ ᠦᠰᠦᠭ | ᠪᠢᠴᠢᠭ ᠰᠣᠷᠣᠯᠴᠠᠨ ᠬᠡᠷᠡᠭᠯᠡᠬᠦ ᠣᠷᠴᠢᠨ ᠳᠣᠭᠤᠷᠢᠨ ᠢ ᠪᠦᠷᠢᠯᠳᠦᠭᠦᠯᠦᠨ ᠦᠭᠴᠦ᠂ ᠮᠤᠩᠭᠤᠯᠴᠤᠳ ᠤᠨ | ᠦᠨᠳᠦᠰᠦᠳᠡᠨ ᠤ ᠪᠠᠨ ᠦᠭᠡ ᠬᠡᠯᠡ ᠦᠰᠦᠭ ᠪᠢᠴᠢᠭ ᠢᠶᠠᠨ ᠨᠡᠪᠲᠡᠷᠡᠳᠡᠯ᠎ᠡ ᠰᠣᠷᠣᠯᠴᠠᠬᠤ ᠢᠳᠡᠪᠬᠢᠵᠢᠯ ᠢ ᠨᠢ ᠨᠡᠮᠡᠭᠳᠡᠭᠦᠯᠦᠨ᠎ᠡ | ᠃ ᠬᠤᠶᠠᠷ ᠲᠤ᠂ ᠦᠢᠯᠡᠴᠢᠯᠡᠭᠡᠨ ᠤ ᠪᠠᠶᠢᠭᠤᠯᠭ᠎ᠠ ᠨᠢ ᠮᠤᠩᠭᠤᠯ ᠬᠢᠳᠡᠳ ᠲᠤ ᠪᠠᠨ ᠨᠡᠪᠳᠡᠷᠭᠡᠢ ᠠᠵᠢᠯᠳᠠᠨ ᠢ | ᠦᠢᠯᠡᠴᠢᠯᠡᠭᠡᠨ ᠤ ᠴᠣᠩᠬᠤᠨ ᠳᠤ ᠪᠠᠶᠢᠷᠢᠯᠠᠭᠤᠯᠵᠤ ᠬᠤᠣᠰ ᠬᠡᠯᠡᠨ ᠤ ᠦᠢᠯᠡᠴᠢᠯᠡᠭᠡ ᠬᠢᠯᠭᠡᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠳᠤ ᠮᠤᠩᠭᠤᠯ ᠬᠢᠳᠡᠳ ᠬᠤᠤᠰ ᠬᠡᠯᠡᠨ ᠤ ᠦᠢᠯᠡᠴᠢᠯᠡᠭᠡ ᠶᠢ ᠪᠦᠷᠬᠦᠬᠦᠯᠬᠦ ᠪᠠᠷ ᠴᠢᠷᠮᠠᠶᠢᠨ᠎ᠠ᠃ | ᠭᠤᠷᠪᠠ ᠳᠤ᠂ ᠰᠢᠯᠤᠭᠤᠨ ᠬᠦᠬᠡ ᠬᠤᠰᠢᠭᠤᠨ ᠤ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠣᠷᠠᠯ ᠤᠨ | ᠰᠠᠭᠤᠷᠢᠨ ᠤ ᠲᠥᠷᠥᠯ ᠵᠦᠢᠯ ᠢ ᠳᠣᠬᠢᠷᠠᠭᠤᠯᠤᠨ ᠵᠤᠬᠢᠴᠠᠭᠤᠯᠬᠤ ᠠᠵᠢᠯ ᠢ ᠲᠦᠯᠬᠢᠨ ᠠᠬᠢᠭᠤᠯᠵᠤ᠂ ᠬᠤᠶᠠᠷ ᠵᠢᠯ ᠤᠨ | ᠲᠤᠳᠤᠷ᠎ᠠ ᠬᠡᠷᠡᠭᠯᠡᠯᠳᠡ ᠳᠤ ᠤᠷᠤᠭᠤᠯᠬᠤ ᠪᠠᠷ ᠴᠢᠷᠮᠠᠶᠢᠨ᠎ᠠ᠃ ᠲᠤᠰ ᠲᠥᠷᠥᠯ ᠵᠦᠢᠯ ᠳᠤ ᠲᠦᠰᠢᠭᠯᠡᠨ ᠰᠤᠷᠭᠠᠨ ᠬᠦᠮᠦᠵᠢᠯ | ᠰᠣᠳᠣᠯᠣᠯ᠂ ᠰᠣᠯᠢᠯᠴᠠᠭ᠎ᠠ ᠶᠢ ᠵᠤᠬᠢᠶᠠᠨ ᠪᠠᠶᠢᠭᠤᠯᠵᠤ᠂ ︽ᠭᠠᠳᠠᠭᠰᠢ ᠰᠤᠷᠤᠯᠴᠠᠭᠤᠯᠵᠦ᠂ ᠣᠷᠢᠨ ᠠᠪᠴᠢᠷᠠᠬᠤ︾ | ᠬᠡᠯᠪᠡᠷᠢ ᠪᠠᠷ ᠦᠨᠳᠦᠰᠦᠳᠠᠨ ᠤ ᠰᠣᠷᠭᠠᠭᠤᠯᠢ ᠶᠢᠨ ᠣᠳᠣᠷᠢᠳᠬᠤ ᠺᠠᠳ᠋ᠷ᠂ ᠭᠤᠣᠯᠯᠠᠭᠴᠢ ᠪᠠᠭᠰᠢ ᠵᠢᠴᠢ ᠰᠣᠳᠣᠯᠣᠭᠴᠢ ᠶᠢᠨ | ᠪᠤᠯᠪᠠᠰᠣᠷᠠᠯ ᠢ ᠴᠢᠩᠭᠠᠳᠬᠠᠨ᠂ ᠰᠣᠷᠭᠠᠭᠤᠯᠢ᠂ ᠰᠣᠷᠣᠭᠴᠢ᠂ ᠭᠡᠷ ᠪᠦᠯᠢ᠂ ᠨᠡᠶᠢᠭᠡᠮ ᠤᠨ ︽ᠲᠥᠷᠪᠡ ᠶᠢ ᠨᠢᠭᠡ | ᠴᠤᠭᠴᠠᠵᠢᠭᠤᠯᠤᠭᠰᠠᠨ︾ ᠦᠭᠡ ᠬᠡᠯᠡᠨ ᠤ ᠣᠷᠴᠢᠨ ᠳᠣᠭᠤᠷᠢᠨ ᠢ ᠪᠤᠢ ᠪᠤᠯᠭᠠᠵᠤ᠂ ᠮᠤᠩᠭᠤᠯ ᠬᠡᠯᠡᠨ ᠤ ᠪᠠᠷᠢᠮᠵᠢᠶ᠎ᠠ | ᠠᠪᠢᠶᠠᠨ ᠤ ᠰᠠᠭᠤᠷᠢᠨ ᠤ ᠳᠠᠭᠤᠷᠢᠶᠠᠯ ᠦᠵᠡᠭᠦᠯᠵᠦ᠂ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ |