| ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽︿ᠠᠷᠠᠳ ᠤᠨ ᠠᠮᠢᠳᠣᠷᠠᠯ ᠳᠤ ᠬᠤᠯᠪᠤᠭᠳᠠᠭᠰᠠᠨ | ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳ᠋ᠥᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ | ᠰᠢᠢᠳᠪᠦᠷᠢ ᠳᠣᠭᠳᠠᠭᠠᠬᠤ ᠲᠥᠷᠢᠮ ᠤᠨ ᠳᠣᠷᠰᠢᠯᠲᠠ ᠶᠢᠨ ᠴᠢᠭ ᠤᠨ ᠠᠵᠢᠯ ᠤᠨ ᠲᠥᠰᠥᠪ﹀ ᠢ ᠬᠡᠪᠯᠡᠨ ᠳᠠᠷᠬᠠᠭᠠᠬᠤ ᠳᠣᠬᠠᠢ | ᠮᠡᠳᠡᠭᠳᠡᠯ︾ ︵ᠥᠪᠦᠷ ᠨᠠᠮ ᠠᠯᠪᠠᠨ ᠳᠠᠷᠬᠠᠭᠠᠬᠤ ﹇2018﹈ 41 ᠳᠣᠭᠠᠳᠣ︶ ᠤᠨ ᠵᠣᠷᠢᠭ ᠰᠠᠨᠠᠭ᠎ᠠ ᠶᠢ ᠬᠦᠨᠵᠡᠭᠡᠢ | ᠳᠣᠣᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠢᠮ ᠢ ᠪᠠᠷᠢᠮᠳᠠᠯᠠᠨ ᠲᠡᠭᠦᠯᠳᠡᠷᠵᠢᠭᠦᠯᠬᠦ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠰᠣᠷᠣᠯᠴᠠᠨ ᠲᠤᠤᠱᠯᠠᠭᠤᠯᠵᠤ᠂ | ᠰᠢᠢᠳᠪᠦᠷᠢᠳᠣ ᠪᠤᠳᠣᠯᠭ᠎ᠠ ᠶᠢᠨ ᠠᠷᠠᠳᠴᠢᠯᠠᠯᠳᠣ ᠴᠢᠨᠠᠷ᠂ ᠰᠢᠨᠵᠢᠯᠡᠬᠦ ᠣᠬᠠᠭᠠᠨᠴᠢ ᠴᠢᠨᠠᠷ᠂ ᠬᠠᠣᠯᠢ ᠳᠥᠷᠢᠮᠵᠢᠳᠣ ᠴᠢᠨᠠᠷ ᠢ | ᠤᠯᠠᠮ ᠠᠬᠢᠭᠤᠯᠬᠤ ᠶᠢᠨ ᠳᠣᠯᠠᠳᠠ᠂ ᠮᠠᠨ ᠤ ᠬᠤᠰᠢᠭᠤᠨ ᠤ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ | ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ | ᠳᠣᠭᠳᠠᠭᠠᠬᠤ ᠳᠣᠷᠰᠢᠯᠲᠠ ᠶᠢᠨ ᠴᠢᠭ ᠤᠨ ᠠᠵᠢᠯ ᠳᠤ ᠳᠣᠣᠷᠠᠬᠢ ᠰᠠᠨᠠᠯ ᠳᠣᠷᠠᠳᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠴᠢᠬᠤᠯᠠ ᠦᠵᠡᠯ ᠰᠠᠨᠠᠭ᠎ᠠ ᠪᠠᠷ | ᠵᠢᠯᠤᠭᠤᠳᠣᠯᠭ᠎ᠠ ᠪᠤᠯᠭᠠᠵᠤ᠂ ᠨᠠᠮ ᠤᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠡᠭᠦᠷᠭᠡ ᠳᠣᠰᠢᠶᠠᠯ ᠢᠶᠠᠨ ᠬᠠᠣᠯᠢ ᠶᠤᠰᠣᠭᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠢᠳᠪᠤᠷᠢᠳᠣ | ᠪᠤᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠳᠣ ᠴᠢᠨᠠᠷ᠂ ᠬᠠᠣᠯᠢ ᠳᠥᠷᠢᠮᠴᠢ ᠴᠢᠨᠠᠷ ᠢ ᠨᠡᠮᠡᠭᠳᠡᠬᠦᠯᠦᠨ᠂ | ᠠᠷᠠᠳ ᠤᠨ ᠪᠤᠳᠣᠯ ᠰᠠᠨᠠᠯ ᠢ ᠬᠦᠨᠳᠦᠳᠬᠡᠬᠦ᠂ ᠠᠷᠠᠳ ᠤᠨ ᠬᠦᠴᠦᠨ ᠢ ᠨᠢᠬᠡᠳᠬᠡᠨ ᠵᠤᠷᠢᠭ ᠢ ᠬᠦᠪᠴᠢᠯᠡᠬᠦ᠂ ᠠᠷᠠᠳ ᠤᠨ | ᠠᠮᠢᠳᠣᠷᠠᠯ ᠳᠤ ᠦᠢᠯᠡᠴᠢᠯᠡᠬᠦ ᠪᠠᠷ ᠦᠨᠳᠦᠰᠦᠨ ᠬᠠᠷᠠᠯᠲᠠ ᠪᠣᠯᠭᠠᠨ᠂ ᠡᠮᠬᠢ ᠲᠢᠭᠯᠢᠮ ᠲᠠᠢ᠂ ᠬᠥᠭᠵᠢᠯᠳᠡ ᠶᠢᠨ ᠲᠠᠯ᠎ᠠ ᠪᠠᠷ | ᠰᠢᠨ᠎ᠡ ᠡᠭᠦᠳᠦᠯᠳᠡ ᠲᠠᠢ᠂ ᠪᠤᠳᠠᠳᠣ ᠦᠷ᠎ᠡ ᠪᠦᠳᠦᠮᠵᠢ ᠶᠢ ᠡᠷᠢᠯᠬᠢᠯᠡᠬᠦ ᠪᠠᠷ ᠠᠵᠢᠯ ᠤᠨ ᠵᠠᠷᠴᠢᠮ ᠪᠣᠯᠭᠠᠨ᠂ ᠠᠷᠠᠳ ᠤᠨ | ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠪᠠᠷ ᠭᠤᠣᠯ ᠠᠭᠤᠯᠭ᠎ᠠ ᠪᠤᠯᠭᠠᠨ᠂ ᠵᠠᠰᠠᠭ ᠤᠨ | ᠣᠷᠳᠣᠨ ᠠᠴᠠ ᠬᠡᠷᠡᠭᠵᠢᠭᠦᠯᠦᠭᠰᠡᠨ ᠢᠨᠵᠧᠨᠧᠷᠢᠩ ᠳᠤ ᠠᠷᠠᠳ ᠣᠯᠠᠨ ᠬᠠᠨᠤᠮᠵᠢᠲᠠᠢ ᠪᠠᠶᠢᠬᠤ ᠬᠠᠷᠠᠯᠳᠠ ᠳᠤ ᠬᠦᠷᠦᠨ᠎ᠡ᠃ | ᠬᠤᠶᠠᠷ᠂ ᠦᠨᠳᠦᠰᠦᠨ ᠠᠭᠤᠯᠭ᠎ᠠ | ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ | ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠳᠥᠷᠢᠮ ︵ᠳᠥᠭᠦᠮᠴᠢᠯᠠᠨ | ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠭᠡᠪᠡ︶ ᠨᠢ ᠵᠠᠰᠠᠭ ᠤᠨ ᠣᠷᠳᠣᠨ ᠠᠴᠠ ᠠᠷᠠᠳ | ᠲᠥᠮᠡᠨ ᠤ ᠰᠠᠨᠠᠯ ᠢ ᠥᠷᠭᠡᠨ ᠬᠡᠪᠴᠢᠶ᠎ᠡ ᠪᠠᠷ ᠬᠦᠯᠢᠶᠡᠨ ᠠᠪᠤᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠣᠷᠠᠯ ᠳᠤ | ᠪᠤᠳᠠᠳᠠᠢ ᠱᠠᠭᠠᠷᠳᠠᠭᠳᠠᠵᠤ ᠪᠠᠶᠢᠭ᠎ᠠ ᠲᠥᠷᠥᠯ ᠵᠦᠢᠯ ᠢ ᠳᠣᠷᠠᠳᠴᠣ᠂ ᠠᠳᠠᠯᠢ ᠱᠠᠳᠣᠨ ᠤ ᠠᠷᠠᠳ ᠤᠨ | ᠲᠥᠯᠥᠭᠡᠯᠡᠭᠴᠢᠳ ᠠᠴᠠ ᠲᠤᠰ ᠱᠠᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ | ᠪᠢᠯᠧᠲ ᠥᠭᠴᠦ ᠲᠥᠷᠥᠯ ᠵᠦᠢᠯ ᠤᠨ ᠵᠢᠩᠬᠢᠨᠢ ᠪᠠᠷ ᠬᠡᠷᠡᠭᠵᠢᠭᠦᠯᠦᠭᠳᠡᠬᠦ ᠡᠰᠡᠬᠦ ᠶᠢ ᠳᠣᠭᠳᠠᠭᠠᠵᠤ᠂ ᠵᠠᠰᠠᠭ ᠤᠨ | ᠣᠷᠳᠣᠨ ᠠᠴᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠪᠠ ᠠᠷᠠᠳ ᠣᠯᠠᠨ ᠤ | ᠬᠢᠨᠠᠯᠲᠠ ᠶᠢ ᠬᠦᠯᠢᠶᠡᠬᠦ ᠲᠥᠷᠢᠮ ᠢ ᠵᠢᠭᠠᠵᠤ ᠪᠤᠢ᠃ | ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠳᠤ ᠬᠠᠮᠤᠷᠤᠭᠳᠠᠬᠤ ᠠᠷᠠᠳ ᠤᠨ ᠠᠮᠢᠳᠣᠷᠠᠯ ᠳᠤ | ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠨᠢ ᠭᠤᠤᠯᠳᠠᠭᠤ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠴᠢᠨᠠᠷᠳᠠᠢ ᠪᠡᠯᠡ ᠣᠷᠣᠭᠤᠯᠣᠯᠳᠠ ᠪᠠᠷ ᠭᠤᠣᠯ ᠪᠤᠯᠭᠠᠭᠰᠠᠨ᠂ ᠵᠠᠰᠠᠭ ᠤᠨ ᠣᠷᠳᠣᠨ ᠤ ᠲᠤᠰ ᠵᠠᠰᠠᠭ | ᠵᠠᠬᠢᠷᠭᠠᠨ ᠤ ᠬᠦᠷᠢᠶ᠎ᠡ ᠴᠠᠷ᠎ᠠ ᠳᠤ ᠬᠡᠷᠡᠭᠵᠢᠭᠦᠯᠦᠭᠰᠡᠨ ᠣᠯᠠᠨ ᠲᠥᠮᠡᠨ ᠳᠤ ᠠᠰᠢᠭ ᠬᠦᠷᠳᠡᠭᠡᠬᠦ ᠴᠢᠨᠠᠷᠳᠠᠢ᠂ ᠨᠡᠶᠢᠳᠡ ᠶᠢᠨ | ᠠᠰᠠᠷᠠᠮᠵᠢ ᠶᠢᠨ ᠴᠢᠨᠠᠷᠳᠠᠢ ᠪᠠ ᠨᠡᠶᠢᠭᠡᠮ ᠤᠨ ᠦᠷ᠎ᠡ ᠠᠰᠢᠭ ᠢᠶᠠᠷ ᠳᠣᠪᠣᠶᠢᠮ᠎ᠠ ᠠᠷᠠᠳ ᠤᠨ ᠠᠮᠢᠳᠣᠷᠠᠯ ᠤᠨ ᠳᠣᠬᠠᠢ ᠲᠠᠢ | ᠣᠯᠠᠨ ᠨᠡᠶᠢᠳᠡ ᠶᠢᠨ ᠠᠵᠢᠯ ᠦᠢᠯᠡᠰ ᠤᠨ ᠲᠥᠷᠥᠯ ᠵᠦᠢᠯ ᠪᠤᠯᠤᠨ᠎ᠠ᠃ ᠶᠡᠷᠦ ᠶᠢᠨ ᠪᠠᠶᠢᠳᠠᠯ ᠳᠣᠣᠷ᠎ᠠ ᠲᠤᠰ ᠵᠢᠯ ᠳᠡᠭᠡᠨ | ᠠᠵᠢᠯ ᠳᠠᠭᠤᠰᠬᠠᠬᠤ ᠲᠥᠷᠥᠯ ᠵᠦᠢᠯ ᠪᠠᠶᠢᠳᠠᠭ᠃ ᠬᠡᠷᠪᠡ ᠵᠢᠯ ᠠᠯᠤᠰᠯᠠᠨ ᠬᠤᠪᠢᠶᠠᠨ ᠭᠦᠢᠴᠡᠳᠬᠡᠪᠡᠯ᠂ ᠣᠨ ᠤ ᠠᠵᠢᠯ ᠤᠨ | ᠬᠠᠷᠠᠯᠲᠠ ᠪᠠᠨ ᠲᠤᠳᠤᠷᠬᠠᠢ ᠲᠤᠭᠳᠠᠭᠠᠬᠤ ᠬᠡᠷᠡᠭᠳᠡᠢ᠃ | ᠭᠤᠷᠪᠠ᠂ ᠠᠵᠢᠯ ᠤᠨ ᠵᠠᠷᠴᠢᠮ | ︵ᠨᠢᠭᠡ︶ ᠨᠠᠮ ᠤᠨ ᠣᠳᠣᠷᠢᠳᠣᠯᠭ᠎ᠠ ᠶᠢ ᠪᠠᠷᠢᠮᠳᠠᠯᠠᠨ᠎ᠠ᠃ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ᠂ | ᠠᠷᠠᠳ ᠲᠥᠮᠡᠨ ᠡᠷᠬᠡ ᠮᠡᠳᠡᠨ ᠡᠵᠡᠨ ᠰᠠᠭᠤᠬᠤ᠂ ᠬᠠᠣᠯᠢ ᠶᠤᠰᠣᠭᠠᠷ ᠣᠯᠣᠰ ᠢᠶᠠᠨ ᠵᠠᠰᠠᠬᠤ ᠶᠢ ᠣᠷᠭᠠᠨᠢᠭ ᠢᠶᠠᠷ | ᠣᠶᠠᠯᠳᠣᠭᠤᠯᠤᠨ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠭᠠᠵᠠᠷ ᠣᠷᠣᠨ ᠤ ᠨᠠᠮ ᠤᠨ | ᠬᠤᠷᠢᠶᠠᠨ ᠤ ᠴᠢᠬᠤᠯᠠ ᠶᠠᠷᠢᠯᠴᠠᠬᠤ ᠰᠡᠳᠦᠪ ᠲᠤ ᠣᠷᠣᠭᠤᠯᠤᠨ᠂ ᠵᠤᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠪᠠ | ᠨᠢᠭᠡᠳᠣᠯᠳᠠᠢ ᠲᠥᠯᠥᠪᠵᠢᠭᠦᠯᠭᠡ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ | ᠶᠣᠰᠣᠭᠠᠷ ᠡᠷᠬᠡ ᠳᠣᠰᠢᠶᠠᠯ ᠢᠶᠠᠨ ᠭᠦᠢᠴᠡᠳᠭᠡᠬᠦ ᠶᠢ ᠠᠬᠢᠭᠤᠯᠤᠨ ᠪᠠᠳᠣᠯᠠᠨ᠎ᠠ᠃ | ︵ᠬᠤᠶᠠᠷ︶ ᠠᠷᠠᠳᠴᠢᠯᠠᠯ ᠢ ᠭᠦᠢᠴᠡᠳ ᠪᠠᠳᠠᠷᠠᠭᠤᠯᠤᠨ᠎ᠠ᠃ ᠠᠷᠠᠳ ᠲᠥᠮᠡᠨ ᠢᠶᠠᠷ ᠭᠤᠣᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠥᠯᠥᠭᠡᠯᠡᠭᠴᠢᠳ ᠤᠨ ᠭᠤᠣᠯ ᠪᠣᠯᠬᠤ ᠪᠠᠶᠢᠷᠢ ᠰᠠᠭᠤᠷᠢ ᠶᠢ | ᠬᠦᠨᠳᠦᠳᠬᠡᠨ᠂ ᠠᠷᠠᠳ ᠤᠨ ᠰᠠᠨᠠᠯ ᠪᠤᠳᠣᠯᠭ᠎ᠠ ᠶᠢ ᠥᠷᠭᠡᠨ ᠢᠶᠠᠷ ᠬᠦᠯᠢᠶᠡᠨ ᠠᠪᠴᠣ᠂ ᠠᠷᠠᠳ ᠲᠥᠮᠡᠨ ᠤ ᠬᠦᠰᠡᠯ | ᠪᠣᠳᠣᠯ ᠢ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠤᠨ ᠳᠣᠮᠳᠠ ᠢᠯᠡᠷᠡᠭᠦᠯᠦᠨ᠎ᠡ᠃ | ︵ᠭᠤᠷᠪᠠ︶ ᠬᠠᠣᠯᠢ ᠶᠤᠰᠣᠭᠠᠷ ᠠᠵᠢᠯ ᠶᠠᠪᠤᠳᠠᠯ ᠢ ᠭᠦᠢᠴᠡᠳᠬᠡᠨ᠎ᠡ᠃ ᠬᠠᠣᠯᠢ ᠶᠤᠰᠣᠭᠠᠷ᠂ ᠠᠯᠬᠤᠮ ᠳᠠᠷᠠᠭ᠎ᠠ | ᠲᠠᠢ ᠪᠠᠷ ᠠᠵᠢᠯ ᠢᠶᠠᠨ ᠥᠷᠨᠢᠭᠦᠯᠬᠦ ᠶᠢ ᠪᠠᠷᠢᠮᠳᠠᠯᠠᠨ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠢ | ᠡᠯ᠎ᠡ ᠱᠠᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠪᠡᠶ᠎ᠡ ᠶᠢᠨ ᠴᠢᠳᠠᠪᠬᠢ ᠳᠠᠭᠠᠨ ᠳᠦᠰᠢᠭᠯᠡᠵᠦ | ᠂ ᠬᠠᠣᠯᠢ ᠶᠤᠰᠣᠭᠠᠷ ᠡᠷᠬᠡ ᠳᠣᠰᠢᠶᠠᠯ ᠢᠶᠠᠨ ᠭᠦᠢᠴᠡᠳᠬᠡᠬᠦ ᠠᠵᠢᠯ ᠪᠤᠯᠭᠠᠨ᠂ ᠬᠠᠣᠯᠢ ᠳᠤ ᠳᠣᠭᠳᠠᠭᠠᠭᠰᠠᠨ ᠡᠷᠬᠡ | ᠬᠠᠷᠢᠭᠤᠴᠠᠯᠭ᠎ᠠ ᠶᠤᠰᠣᠭᠠᠷ᠂ ᠠᠵᠢᠯᠯᠠᠭ᠎ᠠ ᠶᠢ ᠳᠥᠷᠢᠮᠵᠢᠭᠦᠯᠦᠨ᠂ ᠠᠯᠬᠤᠮ ᠳᠠᠷᠠᠭ᠎ᠠ ᠨᠢ ᠳᠦᠭᠦᠮ ᠲᠥᠳᠡ᠂ ᠪᠣᠳᠠᠳᠣ | ᠬᠡᠷᠡᠭᠴᠡᠭᠡ ᠲᠠᠢ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ | ︵ᠳᠥᠷᠪᠡ︶ ᠦᠷ᠎ᠡ ᠪᠦᠳᠦᠮᠵᠢ ᠶᠢ ᠳᠣᠪᠣᠶᠢᠯᠭᠠᠨ᠎ᠠ᠃ ᠭᠤᠣᠯᠳᠠᠯᠭ᠎ᠠ ᠶᠢᠨ ᠳᠣᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠳᠠᠯᠠᠨ᠂ ᠲᠥᠷᠥᠯ ᠵᠦᠢᠯ ᠢ ᠪᠦᠳᠦᠮᠵᠢᠲᠠᠢ ᠬᠡᠷᠡᠭᠵᠢᠭᠦᠯᠬᠦ ᠪᠠᠷ ᠬᠠᠷᠠᠯᠲᠠ ᠪᠤᠯᠭᠠᠨ᠂ ᠭᠤᠣᠯᠳᠠᠯᠭ᠎ᠠ ᠶᠢ | ᠠᠳᠬᠤᠨ᠂ ᠪᠤᠳᠠᠳᠠᠢ ᠦᠷ᠎ᠡ ᠪᠦᠳᠦᠮᠵᠢ ᠶᠢ ᠡᠷᠬᠢᠮᠯᠡᠨ᠎ᠡ᠃ ᠪᠤᠳᠠᠳᠠᠢ ᠲᠥᠷᠥᠯ ᠵᠦᠢᠯ ᠢ ᠬᠡᠷᠡᠭᠵᠢᠭᠦᠯᠬᠦ ᠳᠡᠭᠡᠨ ︽ᠥᠩᠭᠡᠨ | ᠲᠠᠯ᠎ᠠ ᠶᠢ ᠬᠥᠭᠡᠭᠡᠴᠡᠯᠳᠦᠬᠦ ︾ ᠶᠢ ᠰᠡᠷᠬᠡᠶᠢᠯᠡᠵᠦ᠂ ᠲᠥᠷᠥᠯ ᠵᠦᠢᠯ ᠢ ᠴᠤᠭᠯᠠᠭᠤᠯᠬᠤ ᠪᠠ ᠠᠩᠬ᠎ᠠ ᠠᠯᠬᠤᠮ ᠪᠠᠳᠣᠯᠠᠬᠤ | ᠳᠠᠭᠠᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠬᠤᠷᠢᠶᠠᠨ᠎ᠠ᠃ ᠲᠥᠷᠥᠯ ᠵᠦᠢᠯ ᠢ | ᠬᠡᠷᠡᠭᠵᠢᠭᠦᠯᠬᠦ ᠠᠯᠬᠤᠮ ᠳᠠᠷᠠᠭ᠎ᠠ ᠶᠢ ᠵᠢᠷᠤᠮᠯᠠᠨ᠂ ᠲᠥᠷᠥᠯ ᠵᠦᠢᠯ ᠤᠨ ᠡᠬᠢᠨ ᠤ ᠬᠤᠭᠤᠴᠠᠭᠠᠨ ᠳᠠᠬᠢ ᠨᠤᠳᠠᠯᠠᠯᠳᠠ ᠶᠢ | ᠡᠷᠴᠢᠮᠵᠢᠭᠦᠯᠦᠨ᠂ ᠲᠥᠷᠥᠯ ᠵᠦᠢᠯ ᠢ ᠴᠢᠩᠭ᠎ᠠ ᠠᠳᠬᠤᠨ᠎ᠠ᠃ | ︵ᠲᠠᠪᠤ︶ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠎ᠠ᠃ ᠠᠷᠠᠳ ᠤᠨ ᠠᠮᠢᠳᠣᠷᠠᠯ ᠳᠤ ᠬᠤᠯᠪᠤᠭᠳᠠᠭᠰᠠᠨ | ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠡᠷᠡᠭᠵᠢᠭᠦᠯᠬᠦ ᠳᠡᠭᠡᠨ ᠪᠦᠬᠦᠶᠢᠯᠡ ᠬᠦᠴᠦᠨ ᠴᠢᠳᠠᠯ ᠢᠶᠠᠨ | ᠰᠢᠪᠬᠠᠬᠤ ᠪᠠᠷ ᠪᠠᠷᠠᠬᠤ ᠦᠭᠡᠢ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠳᠡᠢ᠃ ᠬᠡᠪᠴᠢᠶ᠎ᠡ ᠪᠠ ᠪᠡᠯᠡ ᠣᠷᠣᠭᠤᠯᠣᠯᠳᠠ ᠪᠠᠷ | ᠶᠡᠭᠡ᠂ ᠪᠠᠷᠢᠯᠭ᠎ᠠ ᠶᠢᠨ ᠬᠤᠭᠤᠴᠠᠭ᠎ᠠ ᠨᠢ ᠣᠷᠳᠣ ᠲᠥᠷᠥᠯ ᠵᠦᠢᠯ ᠢ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ | ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠤᠨ ᠬᠡᠪᠴᠢᠶᠡᠨ ᠳᠤ ᠵᠢᠭᠰᠠᠭᠠᠬᠤ ᠦᠭᠡᠢ᠃ ᠪᠢᠯᠧᠲ ᠥᠭᠴᠦ | ᠳᠣᠭᠳᠠᠭᠠᠬᠤ ᠲᠥᠷᠥᠯ ᠵᠦᠢᠯ ᠨᠢ ᠡᠷᠭᠡᠪᠰᠢ ᠳᠣᠳᠣᠷᠬᠠᠢ ᠪᠡᠯᠡ ᠣᠷᠣᠭᠤᠯᠣᠯᠳᠠ ᠲᠠᠢ ᠪᠠᠶᠢᠬᠤ ᠪᠠᠷ ᠪᠠᠷᠠᠬᠤ ᠦᠭᠡᠢ᠂ | ᠵᠠᠰᠠᠭ ᠤᠨ ᠣᠷᠳᠣᠨ ᠤ ᠡᠳ᠋ ᠤᠨ ᠬᠦᠴᠦᠨ ᠠᠴᠠ ᠬᠡᠳᠦᠷᠡᠨ᠂ ᠳᠥᠷᠢᠮ ᠵᠥᠷᠢᠴᠡᠨ ᠥᠷᠢᠳᠦᠵᠦ᠂ ᠳᠠᠯᠳᠠ ᠥᠷᠢ | ᠥᠭᠴᠡᠭᠡ ᠶᠢ ᠨᠡᠮᠡᠭᠳᠡᠭᠦᠯᠬᠦ ᠠᠴᠠ ᠪᠤᠯᠭᠤᠮᠵᠢᠯᠠᠨ᠂ ᠳᠣᠭᠳᠠᠭᠰᠠᠨ ᠳᠣᠭᠠᠨ ᠤ ᠥᠷᠢ ᠥᠭᠴᠡᠭᠡ ᠠᠴᠠ ᠬᠡᠲᠦᠷᠡᠭᠦᠯᠵᠦ ᠪᠣᠯᠬᠤ | ᠦᠭᠡᠢ᠃ ᠳᠡᠭᠡᠳᠦ ᠱᠠᠳᠣᠨ ᠠᠴᠠ ᠪᠠᠭᠤᠯᠭᠠᠭᠰᠠᠨ ᠨᠡᠶᠢᠭᠡᠮ ᠤᠨ ᠠᠵᠢᠯ ᠦᠢᠯᠡᠰ᠂ ᠠᠮᠢ ᠠᠬᠤᠢ ᠣᠷᠴᠢᠨ ᠳᠣᠭᠤᠷᠢᠨ ᠤ | ᠲᠠᠯ᠎ᠠ ᠪᠠᠷ ᠳᠡᠮᠵᠢᠯᠭᠡ ᠦᠵᠡᠭᠦᠯᠬᠦ ᠪᠡᠯᠡ ᠮᠦᠩᠬᠦ ᠶᠢ ᠬᠤᠰᠢᠭᠤ᠂ ᠰᠣᠮᠣ ᠪᠠᠯᠭᠠᠰᠣᠨ ᠤ ᠵᠠᠰᠠᠭ ᠤᠨ ᠣᠷᠳᠣᠨ ᠠᠴᠠ ᠲᠥᠷᠥᠯ | ᠵᠦᠢᠯ ᠤᠨ ᠬᠡᠷᠡᠭᠵᠢᠭᠦᠯᠦᠯᠳᠡ ᠳᠤ ᠵᠠᠷᠣᠴᠠᠭᠤᠯᠬᠤ ᠶᠢ ᠣᠷᠮᠠᠰᠢᠭᠤᠯᠤᠨᠠ᠃ | ᠲᠥᠷᠪᠡ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠳᠣᠷᠰᠢᠨ ᠬᠡᠷᠡᠭᠵᠢᠭᠦᠯᠬᠦ ᠬᠦᠷᠢᠶ᠎ᠡ | ᠬᠡᠪᠴᠢᠶ᠎ᠡ ᠪᠠ ᠬᠡᠷᠡᠭᠵᠢᠭᠦᠯᠬᠦ ᠠᠷᠭ᠎ᠠ ᠵᠠᠮ | ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠢᠭᠡᠳᠣᠯᠳᠠᠢ ᠪᠠᠶᠢᠷᠢᠯᠠᠭᠤᠯᠤᠯᠳᠠ ᠶᠢ ᠦᠨᠳᠦᠰᠦᠯᠡᠨ᠂ ᠮᠠᠨ ᠤ ᠬᠤᠰᠢᠭᠤ ᠨᠢ ᠲᠥᠯᠥᠭᠡᠯᠡᠭᠴᠢᠳ ᠠᠴᠠ ᠪᠢᠯᠧᠲ | ᠥᠭᠴᠦ ᠳᠣᠭᠳᠠᠭᠠᠬᠤ ᠲᠥᠷᠢᠮ ᠢ ᠭᠤᠷᠪᠠᠨ ᠠᠯᠬᠤᠮ ᠢᠶᠠᠷ ᠦᠷᠨᠢᠭᠦᠯᠦᠨ᠎ᠡ᠃ | ᠨᠢᠭᠡᠳᠦᠭᠡᠷ ᠠᠯᠬᠤᠮ ᠳᠤ᠂ ᠳᠣᠷᠰᠢᠨ ᠬᠡᠷᠡᠭᠵᠢᠭᠦᠯᠦᠨ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠠᠨᠢᠯᠴᠠᠭᠤᠯᠭ᠎ᠠ ᠪᠠ ᠥᠪᠡᠷᠳᠡᠭᠡᠨ ᠵᠠᠰᠠᠬᠤ ᠤᠷᠤᠨ ᠤ ᠰᠣᠳᠣᠯᠣᠨ | ᠶᠠᠷᠢᠯᠴᠠᠭᠰᠠᠨ ᠢᠶᠠᠷ᠂ ᠮᠠᠨ ᠤ ᠬᠤᠰᠢᠭᠤᠨ ᠤ ᠨᠠᠷᠠᠲᠤ ᠰᠣᠮᠣ ᠶᠢ 2019 ᠣᠨ ᠤ ᠲᠥᠯᠥᠭᠡᠯᠡᠭᠴᠢᠳ ᠠᠴᠠ ᠪᠢᠯᠧᠲ | ᠥᠭᠴᠦ ᠳᠣᠭᠳᠠᠭᠠᠬᠤ ᠳᠣᠷᠰᠢᠯᠲᠠ ᠶᠢᠨ ᠴᠢᠭ ᠢᠶᠠᠷ ᠳᠣᠭᠳᠠᠭᠠᠪᠠ᠃ | ᠬᠤᠶᠠᠳᠣᠭᠠᠷ ᠠᠯᠬᠤᠮ ᠳᠤ᠂ ᠠᠯᠭᠤᠷ ᠢᠶᠠᠷ ᠠᠬᠢᠭᠤᠯᠤᠨ᠎ᠠ᠃ 2020 ᠣᠨ ᠳᠤ ᠳᠣᠷᠰᠢᠯᠲᠠ ᠶᠢᠨ ᠴᠢᠭ ᠢᠶᠠᠨ | ᠬᠤᠰᠢᠭᠤ ᠪᠠ ᠱᠠᠩᠳᠣ ᠪᠠᠯᠭᠠᠰᠣ᠂ ᠰᠠᠩ ᠤᠨ ᠳᠠᠯᠠᠢ ᠪᠠᠯᠭᠠᠰᠣ᠂ ᠬᠠᠪᠢᠷᠭ᠎ᠠ ᠪᠠᠯᠭᠠᠰᠣᠨ ᠳᠤ ᠥᠷᠭᠡᠳᠬᠡᠨ᠎ᠡ᠃ | ᠭᠤᠷᠪᠠᠳᠣᠭᠠᠷ ᠠᠯᠬᠤᠮ ᠳᠤ᠂ ᠪᠦᠬᠦ ᠲᠠᠯ᠎ᠠ ᠪᠠᠷ ᠠᠬᠢᠭᠤᠯᠤᠨ᠎ᠠ᠃ 2021 ᠣᠨ ᠳᠤ᠂ | ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠰᠠᠶᠢᠨᠬᠤᠳᠳᠤᠭ ᠰᠣᠮᠣ᠂ ᠪᠤᠱᠣᠣᠳᠠᠢ ᠰᠣᠮᠣ᠂ | ᠵᠢᠭᠠᠰᠣᠳᠠᠢ ᠰᠣᠮᠣ ᠳᠤ ᠪᠦᠬᠦ ᠲᠠᠯ᠎ᠠ ᠪᠠᠷ ᠠᠬᠢᠭᠤᠯᠤᠨ᠎ᠠ᠃ | ᠲᠠᠪᠤ᠂ ᠭᠤᠣᠯ ᠪᠣᠯᠬᠤ ᠠᠷᠭ᠎ᠠ ᠬᠡᠮᠵᠢᠶ᠎ᠡ ᠪᠠ ᠠᠵᠢᠯ ᠤᠨ ᠠᠯᠬᠤᠮ ᠳᠠᠷᠠᠭ᠎ᠠ | ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ | ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠢ ᠭᠤᠷᠪᠠᠨ ᠱᠠᠳᠣ᠂ ᠵᠢᠷᠭᠤᠭᠠᠨ ᠶᠠᠪᠤᠴᠠ ᠪᠠᠷ | ᠶᠠᠪᠤᠭᠳᠠᠭᠤᠯᠤᠨ᠎ᠠ᠃ | ︵ᠨᠢᠭᠡ︶ ᠲᠥᠷᠥᠯ ᠵᠦᠢᠯ ᠢ ᠴᠤᠭᠯᠠᠭᠤᠯᠬᠤ ᠠᠩᠬᠠᠨ ᠤ ᠱᠠᠳᠣ | ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠳᠣᠯᠠᠬᠤ ᠶᠢᠨ ᠳᠣᠯᠠᠳᠠ᠂ ᠲᠥᠷᠥᠯ ᠵᠦᠢᠯ ᠢ ᠠᠩᠬ᠎ᠠ | ᠳᠣᠷᠠᠳᠬᠤ ᠦᠶᠡᠰ ᠵᠠᠰᠠᠭ ᠤᠨ ᠣᠷᠳᠣᠨ ᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠢ ᠢᠳᠡᠪᠬᠢᠲᠠᠢ ᠵᠤᠬᠢᠶᠠᠨ ᠪᠠᠶᠢᠭᠤᠯᠤᠨ ᠣᠷᠣᠯᠴᠠᠭᠤᠯᠬᠤ ᠬᠡᠷᠡᠭᠳᠡᠢ᠃ | | ᠨᠢᠭᠡᠳᠦᠭᠡᠷ ᠶᠠᠪᠤᠴᠠ᠄ ᠲᠥᠷᠥᠯ ᠵᠦᠢᠯ ᠢ ᠴᠤᠭᠯᠠᠭᠤᠯᠬᠤ | 1. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠳᠣᠬᠠᠢ | ᠰᠠᠨᠠᠯ ᠬᠤᠷᠢᠶᠠᠬᠤ ᠡᠳᠡᠭᠡᠳ᠄ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠃ ᠬᠤᠰᠢᠭᠤ ᠡᠯ᠎ᠡ ᠰᠢᠭᠤᠳ ᠬᠠᠷᠢᠶ᠎ᠠ | ᠪᠠᠶᠢᠭᠤᠯᠭ᠎ᠠ ᠨᠢᠭᠡᠴᠡ᠂ ᠰᠣᠮᠣ ᠪᠠᠯᠭᠠᠰᠣ᠂ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠡᠯ᠎ᠡ | ᠡᠳᠡᠭᠡᠳ ᠤᠨ ᠬᠢᠨ᠃ | 2. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠳᠣᠬᠠᠢ | ᠰᠠᠨᠠᠯ ᠬᠤᠷᠢᠶᠠᠬᠤ ᠵᠠᠷᠴᠢᠮ᠄ ᠠᠷᠠᠳ ᠤᠨ ᠰᠠᠨᠠᠯ ᠢ ᠬᠦᠨᠳᠦᠳᠬᠡᠨ᠂ ᠠᠷᠠᠳ ᠤᠨ ᠠᠮᠢᠳᠣᠷᠠᠯ ᠢ ᠳᠣᠪᠣᠶᠢᠯᠭᠠᠨ᠎ᠠ᠃ ᠡᠷᠬᠡ | ᠳᠡᠭᠰᠢ ᠪᠠᠷ ᠨᠡᠶᠢᠳᠡ ᠶᠢᠨ ᠠᠰᠠᠷᠠᠮᠵᠢ ᠬᠦᠷᠳᠡᠭᠡᠵᠦ᠂ ᠬᠠᠮᠳᠣ ᠪᠠᠷ ᠡᠳ᠋ᠯᠡᠨ᠎ᠡ᠃ ᠪᠦᠬᠦ ᠴᠢᠳᠠᠯ ᠢᠶᠠᠨ ᠰᠢᠪᠬᠠᠨ᠂ | ᠴᠢᠳᠠᠯ ᠤᠨ ᠢᠶᠠᠨ ᠬᠢᠷᠢ ᠪᠠᠷ ᠭᠦᠢᠴᠡᠳᠬᠡᠨ᠎ᠡ᠃ | 3. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠰᠠᠨᠠᠭᠠᠴᠢᠯᠠᠨ ᠳᠣᠷᠠᠳᠣᠭᠰᠠᠨ | ᠲᠥᠷᠥᠯ ᠵᠦᠢᠯ ᠤᠨ ᠳᠣᠬᠠᠢ ᠰᠠᠨᠠᠯ ᠬᠤᠷᠢᠶᠠᠬᠤ ᠠᠷᠭ᠎ᠠ ᠪᠠ ᠱᠠᠭᠠᠷᠳᠠᠯᠭ᠎ᠠ᠄ ᠴᠠᠭ ᠤᠨ ᠪᠠᠶᠢᠷᠢᠯᠠᠭᠤᠯᠤᠯᠳᠠ ᠶᠢᠨ ᠲᠠᠯ᠎ᠠ ᠪᠠᠷ᠂ | ᠢᠯᠡ ᠪᠠᠷ ᠵᠠᠷᠯᠠᠬᠤ ᠬᠤᠭᠤᠴᠠᠭ᠎ᠠ ᠶᠢ ᠨᠢᠭᠡ ᠰᠠᠷ᠎ᠠ ᠠᠴᠠ ᠣᠬᠤᠷ ᠪᠠᠶᠢᠯᠭᠠᠵᠤ ᠪᠣᠯᠬᠤ ᠦᠭᠡᠢ᠃ ᠴᠤᠭᠯᠠᠭᠤᠯᠬᠤ ᠠᠷᠭ᠎ᠠ | ᠪᠠᠷᠢᠯ᠄ ᠰᠣᠨᠢᠨ ᠮᠡᠳᠡᠭᠡ᠂ ᠵᠠᠭᠤᠴᠢᠯᠠᠭᠤᠷ᠂ ᠪᠢᠴᠢᠭ ᠮᠠᠲ᠋ᠧᠷᠢᠶᠠᠯ᠂ ᠰᠠᠭᠤᠳᠠᠯ ᠤᠨ ᠬᠤᠷᠠᠯ᠂ ᠰᠣᠳᠣᠯᠣᠨ ᠪᠠᠶᠢᠴᠠᠭᠠᠯᠳᠠ | ᠵᠡᠷᠭᠡ ᠣᠯᠠᠨ ᠠᠷᠭ᠎ᠠ ᠬᠡᠯᠪᠡᠷᠢ ᠶᠢ ᠠᠰᠢᠭᠯᠠᠨ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭᠠᠲ᠋ᠥ᠋ᠷᠥᠯ ᠵᠦᠢᠯ ᠤᠨ ᠳᠣᠬᠠᠢ | ᠰᠠᠨᠠᠯ ᠬᠤᠷᠢᠶᠠᠵᠦ᠂ ᠢᠨᠵᠧᠨᠧᠷᠢᠩ ᠤᠨ ᠲᠥᠷᠥᠯ ᠵᠦᠢᠯ ᠪᠠ ᠪᠡᠯᠡ ᠣᠷᠣᠭᠤᠯᠣᠯᠳᠠ ᠶᠢᠨ ᠬᠡᠮᠵᠢᠶ᠎ᠡ ᠵᠡᠷᠭᠡ ᠪᠠᠨ | ᠲᠣᠳᠣᠷᠬᠠᠶᠢᠯᠠᠬᠤ ᠶᠢᠨ ᠬᠠᠮᠳᠣ ᠣᠯᠠᠨ ᠨᠠᠶᠢᠳᠠ ᠶᠢᠨ ᠰᠠᠨᠠᠯ ᠢ ᠬᠦᠯᠢᠶᠡᠭᠰᠡᠨ ᠪᠠᠶᠢᠳᠠᠯ ᠢᠶᠠᠨ ᠳᠣᠰᠬᠠᠬᠤ ᠬᠡᠷᠡᠭᠳᠡᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠨᠢ ᠲᠥᠯᠥᠭᠡᠯᠡᠭᠴᠢᠳ ᠤᠨ | ᠬᠦᠳᠡᠯᠪᠤᠷᠢ ᠶᠢᠨ ᠥᠷᠥᠭᠡ᠂ ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠳᠡᠭᠡ᠂ ᠸᠢᠴᠠᠲ ᠳᠠᠪᠴᠠᠩ ᠵᠡᠷᠭᠡ ᠳᠤ | ᠲᠥᠰᠢᠭᠯᠡᠨ᠂ ᠠᠷᠠᠳ ᠤᠨ ᠲᠥᠯᠥᠭᠡᠯᠡᠭᠴᠢᠳ ᠢ ᠵᠤᠬᠢᠶᠠᠨ ᠪᠠᠶᠢᠭᠤᠯᠤᠨ ᠠᠷᠠᠳ ᠤᠨ ᠰᠠᠨᠠᠯ ᠢ ᠰᠣᠨᠣᠰᠴᠣ᠂ ᠲᠥᠷᠥᠯ | ᠵᠦᠢᠯ ᠳᠤ ᠬᠤᠯᠪᠤᠭᠳᠠᠬᠤ ᠰᠠᠨᠠᠯ ᠰᠠᠨᠠᠭᠤᠯᠭ᠎ᠠ ᠶᠢ ᠢᠳᠡᠪᠬᠢᠳᠡᠢ ᠳᠣᠷᠠᠳᠣᠨ᠎ᠠ᠃ | ᠬᠤᠶᠠᠳᠣᠭᠠᠷ ᠶᠠᠪᠤᠴᠠ᠄ ᠲᠥᠷᠥᠯ ᠵᠦᠢᠯ ᠢ ᠠᠩᠬ᠎ᠠ ᠠᠯᠬᠤᠮ ᠳᠣᠭᠳᠠᠭᠠᠬᠤ | 4.ᠡᠮᠬᠢᠳᠭᠡᠨ ᠰᠣᠩᠭᠤᠬᠤ᠃ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠣ᠂ ᠠᠷᠠᠳ ᠤᠨ | ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠴᠤᠭᠯᠠᠭᠤᠯᠬᠤ ᠵᠠᠷᠴᠢᠮ ᠪᠠ | ᠱᠠᠭᠠᠷᠳᠠᠯᠭ᠎ᠠ ᠶᠤᠰᠣᠭᠠᠷ᠂ ᠴᠤᠭᠯᠠᠭᠤᠯᠤᠭᠰᠠᠨ ᠰᠠᠨᠠᠯ ᠢ ᠲᠥᠷᠥᠯ ᠬᠤᠪᠢᠶᠠᠨ᠂ ᠡᠮᠬᠢᠳᠬᠡᠨ ᠰᠣᠩᠭᠤᠵᠤ᠂ ᠠᠩᠬᠠᠨ ᠤ | ᠵᠢᠱᠢᠭᠳᠡᠭᠰᠡᠨ ᠲᠥᠷᠥᠯ ᠵᠦᠢᠯ ᠢ ᠳᠣᠭᠳᠠᠭᠠᠨ᠎ᠠ᠃ ᠠᠩᠬᠠᠨ ᠤ ᠵᠢᠱᠢᠭᠳᠡᠭᠰᠡᠨ ᠲᠥᠷᠥᠯ ᠵᠦᠢᠯ ᠨᠢ ᠬᠡᠷᠡᠭᠵᠢᠭᠦᠯᠵᠦ | ᠪᠤᠯᠠᠬᠤᠶᠢᠴᠠ ᠴᠢᠨᠠᠷ ᠲᠠᠢ ᠪᠠᠶᠢᠵᠤ᠂ ᠲᠥᠷᠥᠯ ᠵᠦᠢᠯ ᠤᠨ ᠳᠣᠬᠠᠢ ᠲᠥᠷᠥ ᠶᠢᠨ ᠪᠤᠳᠣᠯᠭ᠎ᠠ ᠶᠢᠨ ᠰᠢᠢᠳᠪᠦᠷᠢ᠂ ᠪᠥᠳᠦᠭᠡᠨ | ᠪᠠᠶᠢᠭᠤᠯᠬᠤ ᠪᠡᠯᠡ ᠮᠦᠩᠬᠦ᠂ ᠭᠠᠵᠠᠷ ᠰᠢᠷᠣᠢ ᠶᠢᠨ ᠨᠠᠶᠢᠳᠠᠪᠤᠷᠢᠵᠢᠭᠤᠯᠤᠯᠳᠠ ᠵᠡᠷᠭᠡ ᠡᠯᠧᠮᠧᠨ᠋ᠲ ᠤᠨ ᠲᠠᠯ᠎ᠠ ᠪᠠᠷ ᠪᠠᠳᠣᠯᠠᠭ᠎ᠠ | ᠲᠠᠢ ᠪᠠᠶᠢᠬᠤ ᠬᠡᠷᠡᠭᠳᠡᠢ᠃ ᠵᠠᠷᠴᠢᠮ ᠳᠡᠭᠡᠷ᠎ᠡ ᠪᠠᠨ ᠲᠤᠰ ᠵᠢᠯ ᠳᠡᠭᠡᠨ ᠪᠠᠷᠢᠯᠭ᠎ᠠ ᠳᠠᠭᠤᠰᠬᠠᠬᠤ ᠢᠨᠵᠧᠨᠧᠷᠢᠩ ᠪᠠᠶᠢᠬᠤ | ᠬᠡᠷᠡᠭᠳᠡᠢ᠂ ᠴᠥᠬᠡᠩᠬᠢ ᠳᠣᠭᠠᠨ ᠤ ᠵᠢᠯ ᠠᠯᠤᠰᠯᠠᠨ ᠬᠤᠪᠢᠶᠠᠨ ᠭᠦᠢᠴᠡᠳᠭᠡᠬᠦ ᠲᠥᠷᠥᠯ ᠵᠦᠢᠯ ᠳᠤ ᠱᠠᠳᠣᠴᠢ ᠴᠢᠨᠠᠷᠳᠠᠢ | ᠠᠵᠢᠯ ᠤᠨ ᠲᠥᠯᠥᠪᠯᠡᠭᠡ ᠪᠠᠨ ᠲᠤᠳᠤᠷᠬᠠᠢ ᠲᠤᠭᠳᠠᠭᠠᠭᠰᠠᠨ ᠪᠠᠶᠢᠬᠤ ᠬᠡᠷᠡᠭᠳᠡᠢ᠃ ᠨᠦᠬᠦᠴᠡᠯ ᠲᠠᠢ ᠭᠠᠵᠠᠷ ᠣᠷᠣᠨ ᠨᠢ ︽ | ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠤᠨ ᠬᠦᠮᠦᠷᠭᠡ︾ | ᠪᠠᠶᠢᠭᠤᠯᠤᠨ᠂ ᠲᠥᠷᠥᠯ ᠵᠦᠢᠯ ᠴᠤᠭᠯᠠᠭᠤᠯᠤᠨ ᠰᠣᠩᠭᠤᠬᠤ ᠳᠤ ᠡᠬᠢ ᠪᠠᠶᠠᠯᠢᠭ ᠬᠠᠩᠭᠠᠵᠤ ᠥᠭᠴᠦ ᠪᠤᠯᠤᠨ᠎ᠠ᠃ ᠪᠤᠳᠠᠳᠠᠢ | ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠪᠤᠯᠤᠨ ᠭᠤᠤᠯᠳᠠᠯᠭ᠎ᠠ ᠲᠠᠢ ᠢᠨᠵᠧᠨᠧᠷᠢᠩ ᠢ ᠳᠣᠳᠣᠷᠬᠠᠢ ᠢᠯᠭᠠᠨ ᠳᠠᠨᠢᠵᠤ | ᠂ ᠳᠡᠭᠡᠳᠦ ᠱᠠᠳᠣᠨ ᠤ ᠵᠠᠰᠠᠭ ᠤᠨ ᠣᠷᠳᠣᠨ ᠲᠠᠢ ᠬᠠᠮᠵᠢᠯᠴᠠᠨ ᠵᠤᠬᠢᠶᠠᠨ ᠪᠠᠶᠢᠭᠤᠯᠬᠤ᠂ ᠲᠤᠰ ᠱᠠᠳᠣᠨ ᠤ ᠵᠠᠰᠠᠭ ᠤᠨ | ᠣᠷᠳᠣᠨ ᠠᠴᠠ ᠦᠷᠭᠦᠯᠵᠢᠯᠡᠨ ᠪᠠᠶᠢᠭᠤᠯᠬᠤ ᠵᠢᠴᠢ ᠭᠤᠣᠯ ᠴᠤᠭᠴᠠ ᠶᠢᠨ ᠲᠥᠷᠥᠯ ᠵᠦᠢᠯ ᠲᠠᠢ ᠢᠵᠢ ᠪᠦᠷᠢᠯᠳᠦᠭᠰᠡᠨ | ᠬᠠᠪᠰᠣᠷᠭᠠᠭᠰᠠᠨ ᠪᠠᠷᠢᠯᠭ᠎ᠠ ᠶᠢᠨ ᠲᠥᠷᠥᠯ ᠵᠦᠢᠯ ᠢ ᠡᠩ ᠤᠨ ᠪᠠᠶᠢᠳᠠᠯ ᠳᠣᠣᠷ᠎ᠠ ᠠᠩᠬᠠᠨ ᠤ ᠵᠢᠱᠢᠭᠳᠡᠭᠰᠡᠨ ᠲᠥᠷᠥᠯ | ᠵᠦᠢᠯ ᠤᠨ ᠡᠩᠨᠡᠭᠡᠨ ᠳᠤ ᠵᠢᠭᠰᠠᠭᠠᠬᠤ ᠦᠭᠡᠢ᠃ ᠠᠩᠬᠠᠨ ᠤ ᠵᠢᠱᠢᠭᠳᠡᠭᠰᠡᠨ ᠲᠥᠷᠥᠯ ᠵᠦᠢᠯ ᠤᠨ ᠡᠬᠡ ᠨᠣᠣᠷᠠᠭ ᠢ ᠬᠠᠮᠢᠶ᠎ᠠ | ᠪᠦᠬᠦᠢ ᠪᠠᠶᠢᠭᠤᠯᠭ᠎ᠠ ᠨᠢᠭᠡᠴᠡ ᠠᠴᠠ ᠲᠡᠭᠦᠯᠳᠡᠷᠵᠢᠭᠦᠯᠦᠨ ᠨᠣᠲᠠᠯᠠᠭᠰᠠᠨ ᠤ ᠰᠡᠭᠦᠯᠡᠷ᠂ ᠪᠢᠯᠧᠲ ᠥᠭᠴᠦ ᠳᠣᠭᠳᠠᠭᠠᠬᠤ | ᠠᠵᠢᠯ ᠤᠨ ᠣᠳᠣᠷᠢᠳᠬᠤ ᠳᠣᠭᠤᠶᠢᠯᠠᠩ ᠳᠤ ᠳᠣᠰᠢᠶᠠᠨ ᠰᠣᠳᠣᠯᠣᠨ ᠶᠠᠷᠢᠯᠴᠠᠭᠤᠯᠤᠨ᠎ᠠ᠃ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯᠯᠠᠬᠤ ᠵᠦᠪᠯᠡᠯ ᠨᠢ ᠠᠩᠬᠠᠨ ᠤ | ᠵᠢᠱᠢᠭᠳᠡᠭᠰᠡᠨ ᠲᠥᠷᠥᠯ ᠵᠦᠢᠯ ᠢ ᠶᠠᠷᠢᠯᠴᠠᠨ ᠨᠣᠳᠠᠯᠠᠬᠤ ᠠᠵᠢᠯ ᠳᠤ ᠢᠳᠡᠪᠬᠢᠲᠠᠢ ᠣᠷᠣᠯᠴᠠᠬᠤ ᠬᠡᠷᠡᠭᠳᠡᠢ᠃ | 5. ᠰᠠᠨᠠᠯ ᠬᠤᠷᠢᠶᠠᠬᠤ᠃ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠬᠤᠷᠠᠯ ᠬᠤᠷᠠᠯᠳᠣᠭᠤᠯᠵᠤ᠂ ︽ᠬᠤᠶᠠᠷ | ᠲᠥᠯᠥᠭᠡᠯᠡᠭᠴᠢ ᠨᠢᠭᠡ ᠬᠡᠰᠢᠭᠦᠨ︾ ᠠᠴᠠ ᠳᠣᠷᠠᠳᠣᠭᠰᠠᠨ ᠠᠩᠬᠠᠨ ᠤ ᠵᠢᠱᠢᠭᠳᠡᠭᠰᠡᠨ ᠲᠥᠷᠥᠯ ᠵᠦᠢᠯ ᠤᠨ ᠳᠣᠬᠠᠢ ᠰᠠᠨᠠᠯ | ᠰᠠᠨᠠᠭᠤᠯᠭ᠎ᠠ ᠶᠢ ᠬᠤᠷᠢᠶᠠᠵᠤ᠂ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠠᠴᠠ ᠠᠩᠬ᠎ᠠ | ᠵᠢᠱᠢᠭᠳᠡᠭᠰᠡᠨ ᠲᠥᠷᠥᠯ ᠵᠦᠢᠯ ᠢ ᠳᠣᠭᠳᠠᠭᠠᠨ᠎ᠠ᠃ | 6. ᠵᠢᠱᠢᠭᠳᠡᠭᠰᠡᠨ ᠲᠦᠷᠦᠯ ᠵᠦᠢᠯ ᠢ ᠪᠠᠳᠣᠯᠠᠬᠤ᠃ ᠬᠤᠰᠢᠭᠤ ᠵᠠᠰᠠᠭ ᠤᠨ ᠣᠷᠳᠣᠨ ᠠᠴᠠ ᠪᠤᠳᠠᠳᠠᠢ ᠬᠡᠷᠡᠭᠵᠢᠬᠦᠯᠬᠦ ᠪᠠᠷ | ᠪᠠᠶᠢᠭ᠎ᠠ ᠲᠦᠷᠦᠯ ᠵᠦᠢᠯ ᠳᠠᠬᠢ ᠠᠩᠬᠠᠨ ᠤ ᠵᠢᠱᠢᠭᠳᠡᠭᠰᠡᠨ ᠲᠥᠷᠥᠯ ᠵᠦᠢᠯ ᠳᠤ ᠪᠢᠯᠧᠲ ᠥᠭᠴᠦ ᠳᠣᠭᠳᠠᠭᠠᠬᠤ ᠠᠵᠢᠯ ᠤᠨ | ᠣᠳᠣᠷᠢᠳᠬᠤ ᠳᠣᠭᠤᠶᠢᠯᠠᠩ ᠠᠴᠠ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠭᠡᠰᠢᠭᠦᠳ ᠤᠨ ᠬᠤᠷᠠᠯ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠵᠡᠷᠭᠡ ᠬᠠᠮᠢᠶ᠎ᠠ ᠪᠦᠬᠦᠢ ᠬᠤᠷᠠᠯ ᠳᠤ ᠳᠣᠰᠢᠶᠠᠨ ᠰᠣᠳᠣᠯᠣᠨ | ᠶᠠᠷᠢᠯᠴᠠᠭᠤᠯᠤᠨ᠂ ᠬᠠᠮᠤᠭ ᠡᠴᠦᠰ ᠲᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠣᠰᠢᠶᠠᠨ ᠬᠢᠨᠠᠨ ᠵᠦᠪᠯᠡᠭᠦᠯᠵᠦ ᠵᠢᠱᠢᠭᠳᠡᠭᠰᠡᠨ ᠲᠥᠷᠥᠯ ᠵᠦᠢᠯ ᠢ ᠪᠠᠳᠣᠯᠠᠨ᠎ᠠ᠃ ᠰᠣᠮᠣ ᠪᠠᠯᠭᠠᠰᠣᠨ ᠤ | ᠵᠠᠰᠠᠭ ᠤᠨ ᠣᠷᠳᠣᠨ ᠠᠴᠠ ᠪᠤᠳᠠᠳᠠᠢ ᠬᠡᠷᠡᠭᠵᠢᠬᠦᠯᠬᠦ ᠪᠠᠷ ᠪᠠᠶᠢᠭ᠎ᠠ ᠲᠦᠷᠦᠯ ᠵᠦᠢᠯ ᠳᠠᠬᠢ ᠠᠩᠬᠠᠨ ᠤ ᠵᠢᠱᠢᠭᠳᠡᠭᠰᠡᠨ | ᠲᠥᠷᠥᠯ ᠵᠦᠢᠯ ᠢ ᠰᠣᠮᠣ ᠪᠠᠯᠭᠠᠰᠣᠨ ᠤ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠠᠴᠠ | ᠵᠠᠰᠠᠭ ᠤᠨ ᠣᠷᠳᠣᠨ ᠤ ᠠᠵᠢᠯ ᠤᠨ ᠬᠤᠷᠠᠯ᠂ ᠨᠠᠮ ᠵᠠᠰᠠᠭ ᠤᠨ ᠬᠤᠯᠪᠤᠭᠠᠯᠠᠭᠰᠠᠨ ᠬᠤᠷᠠᠯ ᠳᠤ ᠳᠣᠰᠢᠶᠠᠨ | ᠰᠣᠳᠣᠯᠠᠭᠤᠯᠬᠤ ᠶᠢᠨ ᠬᠠᠮᠳᠣ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ᠶᠢᠨ ᠪᠥᠯᠬᠦᠮ ᠤᠨ ᠬᠤᠷᠠᠯ ᠢᠶᠠᠷ ᠬᠢᠨᠠᠨ ᠵᠦᠪᠯᠡᠭᠦᠯᠵᠦ᠂ ᠵᠢᠱᠢᠭᠳᠡᠭᠰᠡᠨ ᠲᠥᠷᠥᠯ ᠵᠦᠢᠯ ᠢ ᠪᠠᠳᠣᠯᠠᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠤᠷᠠᠯ ᠪᠠ | ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠨᠢ ᠵᠢᠱᠢᠭᠳᠡᠭᠰᠡᠨ | ᠲᠥᠷᠥᠯ ᠵᠦᠢᠯ ᠢ ᠪᠠᠳᠣᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠳᠣᠬᠠᠢ ᠳᠤᠨᠢ ᠰᠣᠳᠣᠯᠣᠨ | ᠶᠠᠷᠢᠯᠴᠠᠵᠤ᠂ ᠰᠠᠨᠠᠯ ᠳᠣᠷᠠᠳᠬᠤ ᠬᠡᠷᠡᠭᠳᠡᠢ᠃ | ︵ᠬᠤᠶᠠᠷ︶ ᠲᠥᠷᠥᠯ ᠵᠦᠢᠯ ᠢ ᠬᠢᠨᠠᠨ ᠵᠦᠪᠯᠡᠵᠦ᠂ ᠪᠢᠯᠧᠲ ᠥᠭᠴᠦ ᠳᠣᠭᠳᠠᠭᠠᠬᠤ ᠱᠠᠳᠣ | ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠤᠨ ᠠᠷᠠᠳᠴᠢᠯᠠᠯᠳᠣ ᠴᠢᠨᠠᠷ ᠢ ᠪᠠᠳᠣᠯᠠᠬᠤ ᠶᠢᠨ ᠳᠣᠯᠠᠳᠠ᠂ | ᠲᠥᠷᠥᠯ ᠵᠦᠢᠯ ᠢ ᠬᠢᠨᠠᠨ ᠵᠦᠪᠯᠡᠨ᠂ ᠪᠢᠯᠧᠲ ᠥᠭᠴᠦ ᠳᠣᠭᠳᠠᠭᠠᠬᠤ ᠶᠠᠪᠤᠴᠠ ᠳᠤ ᠲᠥᠯᠥᠭᠡᠯᠡᠭᠴᠢᠳ ᠤᠨ ᠭᠤᠣᠯ | ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ᠃ | ᠭᠤᠷᠪᠠᠳᠣᠭᠠᠷ ᠶᠠᠪᠤᠴᠠ᠄ ᠲᠥᠷᠥᠯ ᠵᠦᠢᠯ ᠢ ᠬᠢᠨᠠᠨ ᠵᠦᠪᠯᠡᠬᠦ | 7. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠣᠷᠳᠣᠨ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠢ ᠬᠤᠷᠠᠯᠳᠣᠭᠤᠯᠬᠤ ᠬᠤᠭᠤᠴᠠᠭᠠᠨ ᠳᠤ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠳᠠᠬᠢ | ᠵᠢᠱᠢᠭᠳᠡᠭᠰᠡᠨ ᠲᠥᠷᠥᠯ ᠵᠦᠢᠯ ᠤᠨ ᠳᠣᠶᠢᠮᠣ ᠪᠠᠶᠢᠳᠠᠯ ᠪᠠ ᠲᠥᠷᠥᠯ ᠵᠦᠢᠯ ᠤᠨ ᠪᠤᠳᠠᠳᠠᠢ ᠪᠠᠶᠢᠳᠠᠯ᠂ ᠲᠥᠷᠥᠯ ᠵᠦᠢᠯ ᠤᠨ | ᠨᠡᠷᠡᠶᠢᠳᠣᠯ᠂ ᠲᠥᠷᠥᠯ ᠵᠦᠢᠯ ᠤᠨ ᠠᠭᠤᠯᠠᠭᠳᠠᠬᠤᠨ᠂ ᠬᠡᠷᠡᠭᠵᠢᠭᠦᠯᠬᠦ ᠭᠤᠣᠯ ᠴᠤᠭᠴᠠ᠂ ᠪᠡᠯᠡ ᠣᠷᠣᠭᠤᠯᠬᠤ ᠬᠡᠮᠵᠢᠶ᠎ᠡ᠂ | ᠭᠦᠢᠴᠡᠳᠭᠡᠬᠦ ᠴᠠᠭ ᠬᠤᠭᠤᠴᠠᠭ᠎ᠠ᠂ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠶᠢ ᠲᠤᠰ ᠱᠠᠳᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠭᠡᠰᠢᠭᠦᠳ ᠤᠨ ᠬᠤᠷᠠᠯ ᠳᠤ ᠳᠣᠳᠣᠷᠬᠠᠢ ᠲᠠᠶᠢᠯᠪᠤᠷᠢᠯᠠᠬᠤ ᠬᠡᠷᠡᠭᠳᠡᠢ᠃ | 8. ᠲᠥᠯᠥᠭᠡᠯᠡᠭᠴᠢᠳ ᠠᠴᠠ ᠬᠢᠨᠠᠨ ᠵᠦᠪᠯᠡᠬᠦ ᠳᠡᠭᠡᠨ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ | ᠳᠣᠬᠠᠢ ᠠᠰᠠᠭᠤᠯᠳᠠ ᠳᠣᠷᠠᠳᠣᠪᠠᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠯᠬᠤ | ᠬᠡᠷᠡᠭᠳᠡᠢ᠃ ᠶᠡᠭᠡ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠪᠠᠷ | ᠳᠣᠰᠢᠶᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠵᠢᠱᠢᠭᠳᠡᠭᠰᠡᠨ ᠲᠥᠷᠥᠯ ᠵᠦᠢᠯ ᠳᠤ ᠪᠤᠳᠠᠳᠠᠢ | ᠠᠰᠠᠭᠤᠯᠳᠠ ᠳᠣᠷᠠᠳᠴᠣ ᠪᠤᠯᠤᠨ᠎ᠠ᠃ ᠳᠠᠷᠣᠢ᠄ ᠪᠡᠯᠡ ᠣᠷᠣᠭᠤᠯᠣᠯᠳᠠ ᠶᠢ ᠨᠡᠮᠡᠬᠦ ᠪᠤᠶᠤ ᠬᠠᠰᠣᠬᠤ᠂ ᠲᠥᠷᠥᠯ ᠵᠦᠢᠯ ᠤᠨ | ᠠᠭᠤᠯᠭ᠎ᠠ ᠶᠢ ᠬᠤᠪᠢᠷᠠᠭᠤᠯᠬᠤ᠂ ᠭᠦᠢᠴᠡᠳᠭᠡᠬᠦ ᠬᠤᠭᠤᠴᠠᠭ᠎ᠠ ᠶᠢ ᠳᠣᠬᠢᠷᠠᠭᠤᠯᠬᠤ ᠵᠡᠷᠭᠡ ᠲᠠᠯ᠎ᠠ ᠪᠠᠷ ᠰᠠᠨᠠᠯ ᠳᠣᠷᠠᠳᠴᠣ | ᠪᠤᠯᠤᠨ᠎ᠠ᠃ | 9.ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠲᠥᠯᠥᠭᠡᠯᠡᠭᠴᠢᠳ ᠤᠨ ᠳᠣᠷᠠᠳᠣᠭᠰᠠᠨ ᠰᠠᠨᠠᠯ ᠢ ᠰᠢᠢᠳᠪᠦᠷᠢᠯᠡᠭᠰᠡᠨ | ᠪᠠᠶᠢᠳᠠᠯ ᠢ ᠶᠡᠭᠡ ᠬᠤᠷᠠᠯ ᠤᠨ ᠨᠠᠷᠢᠨ ᠪᠢᠴᠢᠭᠡᠴᠢ ᠶᠢᠨ ᠭᠠᠵᠠᠷ ᠪᠤᠶᠤ ᠲᠣᠰ ᠱᠠᠳᠣᠨ ᠤ ᠠᠷᠠᠳ ᠤᠨ ᠵᠠᠰᠠᠭ ᠤᠨ ᠣᠷᠳᠣᠨ ᠤ | ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠰᠠᠨᠠᠯ ᠳᠣᠷᠠᠳᠣᠭᠰᠠᠨ ᠲᠥᠯᠥᠭᠡᠯᠡᠭᠴᠢᠳ ᠲᠤ ᠳᠣᠰᠬᠠᠨ᠎ᠠ᠃ | ᠲᠥᠷᠪᠡᠳᠦᠭᠡᠷ ᠶᠠᠪᠤᠴᠠ᠄ ᠲᠥᠷᠥᠯ ᠵᠦᠢᠯ ᠢ ᠪᠢᠯᠧᠲ ᠥᠭᠴᠦ ᠳᠣᠭᠳᠠᠭᠠᠬᠤ | 10. ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠪᠢᠯᠧᠲ ᠥᠭᠴᠦ ᠳᠣᠭᠳᠠᠭᠠᠬᠤ ᠬᠠᠷᠢᠴᠠᠯ ᠨᠢ ᠶᠠᠷᠦ | ᠳᠡᠭᠡᠨ 20 % ᠣᠷᠴᠢᠮ ᠪᠠᠶᠢᠳᠠᠭ᠃ | 11. ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠪᠢᠯᠧᠲ ᠥᠭᠴᠦ ᠳᠣᠭᠳᠠᠭᠠᠬᠤ ᠠᠷᠭ᠎ᠠ ᠶᠢᠨ ᠡᠬᠡ | ᠨᠣᠣᠷᠠᠭ ᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ | ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠠᠴᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠳᠤ ᠳᠣᠰᠢᠶᠠᠨ ᠬᠢᠨᠠᠨ ᠵᠦᠪᠯᠡᠭᠦᠯᠦᠭᠰᠡᠨ ᠤ ᠰᠡᠭᠦᠯᠡᠷ | ᠪᠦᠬᠦ ᠭᠡᠰᠢᠭᠦᠳ ᠤᠨ ᠬᠤᠷᠠᠯ ᠳᠤ ᠳᠣᠰᠢᠶᠠᠨ ᠬᠢᠨᠠᠨ ᠵᠦᠪᠯᠡᠭᠦᠯᠵᠦ᠂ ᠪᠦᠬᠦ ᠭᠡᠰᠢᠭᠦᠳ ᠤᠨ ᠬᠠᠭᠠᠰ ᠠᠴᠠ ᠢᠯᠡᠭᠦᠦ ᠬᠦᠮᠦᠨ | ᠨᠢ ᠵᠦᠪᠰᠢᠶᠡᠷᠡᠭᠰᠡᠨ ᠪᠣᠯ ᠵᠦᠪᠰᠢᠶᠡᠷᠡᠭᠰᠡᠨ ᠳᠤ ᠳᠣᠭᠠᠴᠢᠭᠳᠠᠨ᠎ᠠ᠃ ᠪᠢᠯᠧᠲ ᠥᠭᠴᠦ ᠳᠣᠭᠳᠠᠭᠠᠬᠤ ᠳᠤ ᠨᠡᠷ᠎ᠡ ᠪᠢᠴᠢᠬᠦ | ᠦᠭᠡᠢ ᠪᠠᠷ ᠪᠢᠯᠧᠲ ᠥᠭᠬᠦ ᠠᠷᠭ᠎ᠠ ᠶᠢ ᠬᠡᠷᠡᠭᠵᠢᠭᠦᠯᠵᠦ᠂ ᠪᠦᠬᠦ ᠭᠡᠰᠢᠭᠦᠳ ᠤᠨ ᠬᠤᠷᠠᠯ ᠳᠡᠭᠡᠷ᠎ᠡ ᠨᠡᠶᠢᠲᠡᠯᠡᠨ ᠳᠣᠭᠳᠠᠭᠠᠨ᠎ᠠ᠃ | ᠲᠥᠷᠥᠯ ᠵᠦᠢᠯ ᠪᠦᠷᠢ ᠶᠢᠨ ᠣᠯᠣᠭᠰᠠᠨ ᠪᠦᠬᠦ ᠪᠢᠯᠧᠲ ᠢ ᠦᠨᠳᠦᠰᠦᠯᠠᠨ᠂ ᠪᠢᠯᠧᠲ ᠣᠯᠣᠭᠰᠠᠨ ᠳᠣᠭᠠᠨ ᠤ | ᠳᠠᠷᠠᠭᠠᠯᠠᠯ ᠢᠶᠠᠷ᠂ ᠵᠠᠰᠠᠭ ᠤᠨ ᠣᠷᠳᠣᠨ ᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠳᠣᠭᠳᠠᠭᠠᠨ᠎ᠠ᠃ | ᠬᠤᠶᠢᠭᠤᠷ ᠵᠢᠭᠰᠠᠭᠠᠭᠳᠠᠵᠤ ᠪᠠᠶᠢᠭ᠎ᠠ ᠪᠦᠬᠡᠳ ᠣᠯᠣᠭᠰᠠᠨ ᠪᠢᠯᠧᠲ ᠤᠨ ᠳᠤᠭ᠎ᠠ ᠨᠢ ᠠᠳᠠᠯᠢ ᠲᠥᠷᠥᠯ ᠵᠦᠢᠯ ᠢ ᠶᠡᠭᠡ | ᠬᠤᠷᠠᠯ ᠤᠨ ᠲᠡᠷᠢᠭᠦᠯᠡᠭᠴᠢ ᠶᠢᠨ ᠪᠥᠯᠬᠦᠮ ᠠᠴᠠ ᠳᠠᠬᠢᠨ ᠪᠢᠯᠧᠲ ᠥᠭᠴᠦ ᠲᠤᠭᠳᠠᠭᠠᠨ᠎ᠠ᠃ | 12. ᠪᠢᠯᠧᠲ ᠢᠶᠠᠷ ᠳᠣᠭᠳᠠᠭᠠᠭᠰᠠᠨ ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠶᠡᠭᠡ ᠬᠤᠷᠠᠯ ᠤᠨ | ᠲᠡᠷᠢᠭᠦᠯᠡᠭᠴᠢ ᠶᠢᠨ ᠪᠦᠯᠬᠦᠮ ᠠᠴᠠ ᠳᠣᠬᠠᠢ ᠶᠢᠨ ᠲᠠᠯᠠᠪᠤᠷ ᠲᠤᠨᠢ ᠵᠠᠷᠯᠠᠨ ᠨᠡᠶᠢᠳᠡᠯᠡᠬᠦ ᠶᠢᠨ ᠬᠠᠮᠳᠣ ᠨᠡᠶᠢᠭᠡᠮ ᠨᠡᠶᠢᠳᠡ ᠳᠤ | ᠵᠠᠷᠯᠠᠨ᠎ᠠ᠃ | ︵ᠭᠤᠷᠪᠠ︶ ᠲᠥᠷᠥᠯ ᠵᠦᠢᠯ ᠳᠤ ᠬᠢᠨᠠᠯᠳᠠ ᠲᠠᠯᠪᠢᠨ᠂ ᠬᠢᠨᠠᠨ ᠦᠨᠡᠯᠡᠬᠦ ᠱᠠᠳᠣ | ᠲᠥᠷᠥᠯ ᠵᠦᠢᠯ ᠤᠨ ᠪᠤᠳᠠᠳᠣ ᠦᠷ᠎ᠡ ᠪᠦᠳᠦᠮᠵᠢ ᠶᠢ ᠪᠠᠳᠣᠯᠠᠬᠤ ᠶᠢᠨ ᠳᠣᠯᠠᠳᠠ᠂ ᠲᠥᠷᠥᠯ ᠵᠦᠢᠯ ᠳᠤ ᠬᠢᠨᠠᠯᠲᠠ ᠲᠠᠯᠪᠢᠬᠤ | ᠪᠠ ᠬᠢᠨᠠᠨ ᠦᠨᠡᠯᠡᠬᠦ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠪᠠ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠤᠨ | ᠬᠢᠨᠠᠯᠳᠠ ᠲᠠᠯᠪᠢᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ | ᠲᠠᠪᠤᠳᠣᠭᠠᠷ ᠶᠠᠪᠤᠴᠠ᠄ ᠲᠥᠷᠥᠯ ᠵᠦᠢᠯ ᠳᠤ ᠬᠢᠨᠠᠯᠳᠠ ᠲᠠᠯᠪᠢᠬᠤ | 13. ᠬᠤᠰᠢᠭᠤ ᠠᠷᠠᠳ ᠤᠨ ᠵᠠᠰᠠᠭ ᠤᠨ ᠣᠷᠳᠣᠨ ᠪᠠ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ | ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠢᠨᠠᠮᠠᠭᠠᠢ | ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠳᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ | ᠵᠠᠪᠰᠠᠷᠯᠠᠭᠰᠠᠨ ᠤ ᠲᠠᠷᠠᠭᠠᠬᠢ 1 ᠰᠠᠷ᠎ᠠ ᠶᠢᠨ ᠳᠣᠳᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠥᠷᠥᠯ | ᠵᠦᠢᠯ ᠢ ᠪᠦᠳᠦᠭᠡᠨ ᠪᠠᠶᠢᠭᠤᠯᠬᠤ ᠲᠥᠰᠥᠪ ᠳᠣᠭᠳᠠᠭᠠᠨ᠂ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ᠂ ᠰᠣᠮᠣ ᠪᠠᠯᠭᠠᠰᠣᠨ ᠤ ᠠᠷᠠᠳ ᠤᠨ | ᠵᠠᠰᠠᠭ ᠤᠨ ᠣᠷᠳᠣᠨ ᠨᠢ ᠲᠥᠷᠥᠯ ᠵᠦᠢᠯ ᠢ ᠪᠦᠳᠦᠭᠡᠨ ᠪᠠᠶᠢᠭᠤᠯᠬᠤ ᠲᠥᠰᠥᠪ ᠳᠣᠭᠳᠠᠭᠠᠨ᠂ ᠰᠣᠮᠣ ᠪᠠᠯᠭᠠᠰᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠮᠡᠳᠡᠭᠦᠯᠦᠨ᠎ᠡ᠃ ᠬᠤᠰᠢᠭᠤ᠂ | ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠲᠥᠰᠥᠪ ᠤᠨ ᠱᠠᠭᠠᠷᠳᠠᠯᠭ᠎ᠠ ᠶᠤᠰᠣᠭᠠᠷ᠂ ᠬᠢᠨᠠᠮᠠᠭᠠᠢ ᠵᠤᠬᠢᠶᠠᠨ | ᠪᠠᠶᠢᠭᠤᠯᠵᠤ᠂ ᠲᠥᠰᠥᠪ ᠢ ᠪᠦᠳᠦᠭᠡᠨ ᠪᠠᠶᠢᠭᠤᠯᠬᠤ ᠠᠵᠢᠯ ᠢ ᠰᠠᠶᠢᠳᠣᠷ ᠭᠦᠢᠴᠡᠳᠬᠡᠨ᠎ᠡ᠃ | 14.ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ | ᠠᠷᠠᠳ ᠤᠨ ᠲᠥᠯᠥᠭᠡᠯᠡᠭᠴᠢᠳ ᠤᠨ ᠲᠡᠷᠢᠭᠦᠯᠡᠭᠴᠢ ᠶᠢᠨ ᠪᠦᠯᠬᠦᠮ ᠨᠢ ᠵᠠᠰᠠᠭ ᠤᠨ ᠣᠷᠳᠣᠨ ᠤ ᠲᠥᠷᠥᠯ ᠵᠦᠢᠯ ᠢ ᠪᠦᠳᠦᠭᠡᠨ | ᠪᠠᠶᠢᠭᠤᠯᠬᠤ ᠲᠥᠰᠥᠪ ᠢ ᠣᠯᠣᠭᠰᠠᠨ ᠤ ᠳᠠᠷᠠᠭᠠᠬᠢ 1 ᠰᠠᠷ᠎ᠠ ᠶᠢᠨ ᠳᠣᠳᠣᠷ᠎ᠠ᠂ ᠬᠤᠶᠠᠷ ᠱᠠᠳᠣᠨ ᠤ ᠲᠥᠯᠥᠭᠡᠯᠡᠭᠴᠢᠳ ᠤᠨ | ᠬᠠᠷᠢᠯᠴᠠᠬᠤ ᠲᠥᠷᠥᠯ ᠵᠦᠢᠯ ᠤᠨ ᠲᠥᠰᠥᠪ ᠢ ᠲᠤᠰ ᠲᠤᠰ ᠳᠣᠭᠳᠠᠭᠠᠨ᠂ ᠳᠣᠭᠤᠷᠢᠨ ᠪᠠᠶᠢᠴᠠᠭᠠᠯᠳᠠ᠂ ᠰᠣᠳᠣᠯᠣᠨ | ᠪᠠᠶᠢᠴᠠᠭᠠᠯᠳᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠂ ᠠᠷᠠᠳ ᠤᠨ ᠲᠥᠯᠥᠭᠡᠯᠡᠭᠴᠢᠳ ᠤᠨ | ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠬᠢᠨᠠᠯᠳᠠ ᠲᠠᠯᠪᠢᠨ | ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 15. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠥᠷᠥᠯ ᠵᠦᠢᠯ ᠤᠨ | ᠪᠦᠳᠦᠭᠡᠨ ᠪᠠᠶᠢᠭᠤᠯᠤᠯᠳᠠ ᠶᠢᠨ ᠬᠠᠷᠢᠭᠤᠴᠠᠯᠭᠠᠳᠣ ᠪᠠᠶᠢᠭᠤᠯᠭ᠎ᠠ ᠨᠢᠭᠡᠴᠡ ᠨᠢ ᠠᠷᠠᠳ ᠤᠨ ᠲᠥᠯᠥᠭᠡᠯᠡᠭᠴᠢᠳ ᠠᠴᠠ ᠬᠢᠨᠠᠯᠳᠠ | ᠲᠠᠯᠪᠢᠬᠤ ᠠᠵᠢᠯ ᠳᠤ ᠢᠳᠡᠪᠬᠢᠲᠠᠢ ᠪᠠᠷ ᠬᠠᠮᠵᠢᠯᠴᠠᠬᠤ ᠬᠡᠷᠡᠭᠳᠡᠢ᠃ ᠠᠷᠠᠳ ᠤᠨ ᠲᠥᠯᠥᠭᠡᠯᠡᠭᠴᠢᠳ ᠠᠴᠠ ᠳᠣᠷᠠᠳᠣᠭᠰᠠᠨ | ᠰᠠᠨᠠᠯ ᠰᠠᠨᠠᠭᠤᠯᠭ᠎ᠠ ᠶᠢ ᠴᠠᠭ ᠳᠣᠬᠠᠢ ᠳᠤᠨᠢ ᠰᠢᠢᠳᠪᠦᠷᠢᠯᠡᠨ᠂ ᠬᠠᠷᠢᠭᠤ ᠥᠭᠬᠦ ᠬᠡᠷᠡᠭᠳᠡᠢ᠃ ᠬᠤᠰᠢᠭᠤ᠂ ᠰᠣᠮᠣ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠳᠣᠭᠳᠠᠭᠰᠠᠨ ᠬᠤᠭᠤᠴᠠᠭᠠᠲᠠᠢ ᠪᠠᠷ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠣᠮᠣ ᠪᠠᠯᠭᠠᠰᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ | ᠲᠥᠷᠥᠯ ᠵᠦᠢᠯ ᠢ ᠭᠦᠢᠴᠡᠳᠭᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠳᠡᠢ᠃ ᠬᠤᠰᠢᠭᠤ ᠠᠷᠠᠳ ᠤᠨ ᠵᠠᠰᠠᠭ ᠤᠨ ᠣᠷᠳᠣᠨ ᠨᠢ | ᠵᠢᠯ ᠤᠨ ᠳᠣᠮᠳᠠᠴᠢ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ | ᠠᠵᠢᠯ ᠤᠨ ᠠᠬᠢᠴᠠ ᠪᠠᠨ ᠮᠡᠳᠡᠭᠦᠯᠬᠦ ᠬᠡᠷᠡᠭᠳᠡᠢ᠃ | 16. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ | ᠲᠦᠷᠦᠯ ᠵᠦᠢᠯ ᠤᠨ ᠬᠡᠷᠡᠭᠵᠢᠭᠦᠯᠦᠯᠳᠡ ᠶᠢᠨ ᠶᠠᠪᠤᠴᠠ ᠳᠤ᠂ ᠳᠣᠭᠳᠠᠭᠰᠠᠨ ᠬᠤᠭᠤᠴᠠᠭᠠᠨ ᠳᠠᠭᠠᠨ ᠲᠥᠷᠥᠯ ᠵᠦᠢᠯ ᠢᠶᠠᠨ | ᠭᠦᠢᠴᠡᠳᠬᠡᠵᠦ ᠳᠡᠶᠢᠯᠬᠦ ᠦᠭᠡᠢ᠂ ᠣᠳᠣ ᠶᠢᠨ ᠪᠠᠶᠢᠭ᠎ᠠ ᠲᠥᠷᠥᠯ ᠵᠦᠢᠯ ᠢᠶᠠᠨ ᠵᠤᠭᠰᠣᠭᠠᠬᠤ ᠪᠤᠶᠤ ᠳᠣᠬᠢᠷᠠᠭᠤᠯᠤᠯᠳᠠ ᠬᠢᠬᠦ | ᠴᠢᠬᠤᠯᠠᠲᠠᠢ ᠪᠣᠯ᠂ ᠴᠠᠭ ᠳᠣᠬᠠᠢ ᠳᠤᠨᠢ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠰᠠᠨᠠᠯ ᠰᠠᠨᠠᠭᠤᠯᠭ᠎ᠠ ᠳᠣᠷᠠᠳᠴᠣ᠂ ᠬᠢᠨᠠᠨ | ᠵᠦᠪᠯᠡᠭᠦᠯᠦᠨ᠎ᠡ᠃ ᠬᠡᠷᠪᠡ ᠳᠣᠬᠢᠷᠠᠭᠤᠯᠤᠯᠳᠠ ᠬᠢᠬᠦ ᠶᠢ ᠵᠦᠪᠰᠢᠶᠡᠷᠡᠪᠡᠯ᠂ ᠬᠠᠮᠢᠶ᠎ᠠ ᠪᠦᠬᠦᠢ ᠲᠥᠷᠥᠯ ᠵᠦᠢᠯ ᠲᠠᠢ ᠬᠠᠷᠢᠯᠴᠠᠬᠤ | ᠲᠥᠯᠥᠭᠡᠯᠡᠭᠴᠢᠳ ᠲᠤ ᠴᠠᠭ ᠳᠣᠬᠠᠢ ᠳᠤᠨᠢ ᠮᠡᠳᠡᠭᠳᠡᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ ᠳᠠᠩᠰᠠᠯᠠᠭᠤᠯᠤᠨ᠎ᠠ᠃ | 17. ᠪᠢᠯᠧᠲ ᠢᠶᠠᠷ ᠵᠦᠪᠰᠢᠶᠡᠷᠡᠭᠳᠡᠭᠰᠡᠨ ᠦᠭᠡᠢ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠤᠰᠢᠭᠤ᠂ | ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡᠪᠡᠰᠢ ᠬᠡᠷᠡᠭᠵᠢᠭᠦᠯᠬᠦ ᠴᠢᠬᠤᠯᠠᠲᠠᠢ ᠪᠣᠯ᠂ ᠬᠤᠰᠢᠭᠤ | ᠠᠷᠠᠳ ᠤᠨ ᠵᠠᠰᠠᠭ ᠤᠨ ᠣᠷᠳᠣᠨ ᠨᠢ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠠᠴᠠ ᠬᠢᠨᠠᠨ ᠵᠦᠪᠯᠡᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ ᠳᠠᠩᠰᠠᠯᠠᠭᠤᠯᠤᠨ᠎ᠠ᠃ ᠰᠣᠮᠣ ᠪᠠᠯᠭᠠᠰᠣᠨ ᠤ ᠠᠷᠠᠳ ᠤᠨ | ᠵᠠᠰᠠᠭ ᠤᠨ ᠣᠷᠳᠣᠨ ᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠮᠡᠳᠡᠭᠦᠯᠦᠨ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠭᠦᠮ ᠠᠴᠠ ᠶᠠᠷᠢᠯᠴᠠᠨ ᠳᠣᠭᠳᠠᠭᠠᠬᠤ ᠶᠢᠨ ᠬᠠᠮᠳᠣ ᠰᠣᠮᠣ ᠪᠠᠯᠭᠠᠰᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ | ᠳᠠᠩᠰᠠᠯᠠᠭᠤᠯᠤᠨ᠎ᠠ᠃ | ᠵᠢᠷᠭᠤᠳᠣᠭᠠᠷ ᠶᠠᠪᠤᠴᠠ᠄ ᠲᠥᠷᠥᠯ ᠵᠦᠢᠯ ᠢ ᠬᠢᠨᠠᠨ ᠦᠨᠡᠯᠡᠬᠦ | 18. ᠲᠥᠷᠥᠯ ᠵᠦᠢᠯ ᠢ ᠬᠢᠨᠠᠨ ᠦᠨᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠲᠥᠯᠥᠭᠡᠯᠡᠭᠴᠢ ᠪᠠᠷ ᠭᠤᠣᠯ | ᠴᠤᠭᠴᠠ ᠪᠤᠯᠭᠠᠭᠰᠠᠨ᠂ ᠬᠠᠮᠢᠶ᠎ᠠ ᠪᠦᠬᠦᠢ ᠳᠣᠰᠬᠠᠢ ᠮᠡᠷᠭᠡᠵᠢᠯᠳᠡᠨ ᠪᠤᠶᠤ ᠭᠤᠷᠪᠠᠳᠣᠭᠠᠷ ᠡᠲᠡᠬᠡᠳ ᠤᠨ ᠣᠷᠣᠯᠴᠠᠭᠰᠠᠨ | ᠬᠢᠨᠠᠨ ᠦᠨᠡᠯᠡᠯᠳᠡ ᠬᠢᠬᠦ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ ᠬᠢᠨᠡᠨ ᠦᠨᠡᠯᠡᠭᠦᠯᠵᠦ᠂ ᠦᠨᠡᠯᠡᠭᠰᠡᠨ ᠦᠷ᠎ᠡ ᠳ᠋ᠦᠩ ᠢ | ᠵᠠᠷᠯᠠᠨ ᠨᠡᠶᠢᠳᠡᠯᠡᠨ᠎ᠡ᠃ | 19. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠡᠭᠡᠷ᠎ᠡ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ | ᠵᠦᠢᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠳᠣᠰᠬᠠᠢ ᠮᠡᠳᠡᠭᠦᠯᠦᠯᠳᠡ ᠬᠢᠬᠦ ᠶᠢᠨ ᠬᠠᠮᠳᠣ ᠪᠦᠬᠦ ᠠᠷᠠᠳ ᠤᠨ | ᠲᠥᠯᠥᠭᠡᠯᠡᠭᠴᠢᠳ ᠲᠤ ᠬᠡᠪᠯᠡᠨ ᠳᠠᠷᠬᠠᠭᠠᠨ᠎ᠠ᠃ ᠠᠷᠠᠳ ᠤᠨ ᠲᠥᠯᠥᠭᠡᠯᠡᠭᠴᠢᠳ ᠨᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠭᠤᠴᠠᠭᠠᠨ ᠳᠤ ᠪᠤᠳᠠᠳᠠᠢ ᠬᠡᠷᠡᠭᠵᠢᠭᠦᠯᠦᠭᠳᠡᠬᠦ ᠢᠨᠵᠧᠨᠧᠷᠢᠩ ᠢ ᠭᠦᠢᠴᠡᠳᠬᠡᠭᠰᠡᠨ ᠪᠠᠶᠢᠳᠠᠯ ᠢ ᠬᠢᠨᠠᠨ | ᠦᠨᠡᠯᠡᠵᠦ᠂ ᠦᠨᠡᠯᠡᠭᠰᠡᠨ ᠦᠷ᠎ᠡ ᠳ᠋ᠦᠩ ᠢ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠪᠦᠬᠦᠶᠢᠯᠡ | ᠲᠥᠯᠥᠭᠡᠯᠡᠭᠴᠢᠳ ᠲᠤ ᠨᠡᠶᠢᠳᠡᠯᠡᠬᠦ ᠶᠢᠨ ᠬᠠᠮᠳᠣ ᠠᠳᠠᠯᠢ ᠱᠠᠳᠣᠨ ᠤ ᠨᠠᠮ ᠤᠨ ᠬᠤᠷᠢᠶ᠎ᠠ ᠪᠠ ᠵᠤᠬᠢᠶᠠᠨ ᠪᠠᠶᠢᠭᠤᠯᠬᠤ ᠰᠠᠯᠠᠭ᠎ᠠ | ᠮᠦᠴᠢᠷ ᠲᠤ ᠮᠡᠳᠡᠭᠦᠯᠵᠦ᠂ ᠵᠢᠯ ᠤᠨ ᠡᠴᠦᠰ ᠤᠨ ᠶᠡᠷᠦᠩᠬᠡᠢ ᠬᠢᠨᠠᠨ ᠳᠣᠭᠳᠠᠭᠠᠯᠳᠠ ᠲᠠᠢ ᠣᠶᠠᠯᠳᠣᠭᠤᠯᠤᠨᠠ᠃ | 20. ᠪᠤᠰᠣᠳ ᠰᠢᠯᠳᠠᠭᠠᠨ ᠠᠴᠠ ᠪᠤᠯᠵᠤ ᠳᠣᠭᠳᠠᠭᠰᠠᠨ ᠬᠤᠭᠤᠴᠠᠭᠠᠨ ᠳᠠᠭᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ | ᠲᠦᠷᠦᠯ ᠵᠦᠢᠯ ᠢ ᠭᠦᠢᠴᠡᠳᠬᠡᠭᠰᠡᠨ ᠦᠭᠡᠢ ᠪᠣᠯ ᠵᠠᠰᠠᠭ ᠤᠨ ᠣᠷᠳᠣᠨ ᠠᠴᠠ ᠠᠳᠠᠯᠢ ᠱᠠᠳᠣᠨ ᠤ ᠠᠷᠠᠳ ᠤᠨ | ᠲᠥᠯᠥᠭᠡᠯᠡᠭᠴᠢᠳ ᠲᠤ ᠳᠠᠶᠢᠯᠪᠦᠷᠢᠯᠠᠯᠳᠠ ᠬᠢᠬᠦ ᠶᠢᠨ ᠬᠠᠮᠳᠣ ᠲᠥᠷᠥᠯ ᠵᠦᠢᠯ ᠢ ᠭᠦᠢᠴᠡᠳᠭᠡᠬᠦ ᠳᠠᠷᠠᠠᠭᠠᠴᠢ ᠶᠢᠨ ᠠᠯᠬᠤᠮ ᠤᠨ | ᠲᠥᠰᠥᠪ ᠢ ᠳᠣᠭᠳᠠᠭᠠᠨ᠎ᠠ᠃ ᠨᠢᠭᠡᠨᠳᠡ ᠭᠦᠢᠴᠡᠳᠬᠡᠭᠰᠡᠨ ᠲᠦᠷᠦᠯ ᠵᠦᠢᠯ ᠳᠤ ᠲᠥᠯᠥᠭᠡᠯᠡᠭᠴᠢᠳ ᠢ ᠵᠤᠬᠢᠶᠠᠨ ᠪᠠᠶᠢᠭᠤᠯᠤᠨ | ︽ᠳᠠᠬᠢᠨ ᠬᠢᠨᠠᠬᠤ︾ ᠵᠡᠷᠭᠡ ᠠᠵᠢᠯᠯᠠᠭ᠎ᠠ ᠦᠷᠨᠢᠭᠦᠯᠵᠦ᠂ ᠪᠤᠳᠠᠳᠠᠢ ᠬᠡᠷᠡᠭᠵᠢᠭᠦᠯᠦᠭᠳᠡᠬᠦ ᠲᠥᠷᠥᠯ ᠵᠦᠢᠯ ᠤᠨ ᠦᠨᠡᠨᠬᠦ | ᠨᠠᠶᠢᠳᠠᠪᠤᠷᠢᠵᠢᠭᠳᠠᠬᠤ ᠶᠢ ᠪᠠᠳᠣᠯᠠᠨ᠎ᠠ᠃ | ᠵᠢᠷᠭᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ | ᠡᠯ᠎ᠠ ᠱᠠᠳᠤᠨ ᠤ ᠨᠠᠮ ᠤᠨ ᠬᠤᠷᠢᠶ᠎ᠠ ᠨᠢ ᠭᠤᠤᠯᠯᠠᠭᠴᠢ ᠤᠳᠤᠷᠢᠳᠤᠯᠭ᠎ᠠ ᠶᠢᠨ ᠦᠢᠯᠡᠳᠦᠯ ᠢᠶᠠᠨ ᠪᠦᠷᠢᠨ | ᠪᠠᠳᠠᠷᠠᠭᠤᠯᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠨᠢᠬᠡᠳᠦᠯᠳᠡᠢ ᠵᠤᠬᠢᠴᠠᠭᠤᠯᠬᠤ ᠡᠷᠴᠢᠮ ᠢᠶᠠᠨ | ᠴᠢᠩᠭᠠᠳᠬᠠᠨ᠂ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠪᠦᠬᠦ ᠶᠠᠪᠤᠴᠠ ᠳᠤ ᠨᠠᠮ | ᠤᠨ ᠤᠳᠤᠷᠢᠳᠤᠯᠭ᠎ᠠ ᠶᠢ ᠲᠤᠤᠱᠯᠠᠭᠤᠯᠬᠤ ᠬᠡᠷᠡᠭᠳᠡᠢ᠃ ᠡᠯ᠎ᠠ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠨᠢ ᠵᠤᠬᠢᠶᠠᠨ ᠪᠠᠶᠢᠭᠤᠯᠤᠨ ᠵᠢᠯᠤᠭᠤᠳᠬᠤ ᠦᠢᠡᠯᠳᠦᠯ ᠢᠶᠠᠨ ᠬᠦᠢᠴᠡᠳ ᠪᠠᠳᠠᠷᠠᠭᠤᠯᠵᠦ᠂ ᠵᠤᠷᠢᠭᠳᠠᠢ ᠪᠠᠷ | ᠦᠢᠯᠡᠳᠦᠯᠬᠡᠵᠢᠬᠦᠯᠦᠨ ᠰᠢᠨ᠎ᠡ ᠶᠢ ᠡᠬᠦᠳᠴᠦ᠂ ᠠᠵᠢᠯ ᠤᠨ ᠲᠤᠭᠳᠠᠯᠠᠭᠠ ᠪᠠᠨ ᠲᠡᠬᠦᠯᠳᠡᠷᠵᠢᠬᠦᠯᠵᠦ᠂ ᠠᠷᠠᠳᠴᠢᠯᠠᠯ ᠢ | ᠪᠦᠷᠢᠨ ᠪᠠᠳᠠᠷᠠᠭᠤᠯᠤᠨ᠂ ᠬᠠᠤᠯᠢ ᠶᠤᠰᠤᠭᠠᠷ ᠠᠵᠢᠯ ᠬᠡᠷᠡᠭ ᠰᠢᠳᠪᠤᠷᠢᠯᠡᠬᠦ ᠶᠢ ᠲᠦᠯᠦᠬᠡᠯᠡᠭᠴᠢ ᠠᠴᠠ ᠪᠢᠯᠧᠲ ᠦᠭᠴᠦ | ᠰᠢᠢᠳᠪᠤᠷᠢ ᠲᠤᠭᠳᠠᠭᠠᠬᠤ ᠠᠵᠢᠯ ᠤᠨ ᠱᠠᠳᠤ ᠪᠦᠬᠦᠨ ᠭᠤᠭᠴᠤᠭ᠎ᠠ ᠪᠤᠯᠭᠠᠨ ᠳᠤ ᠨᠠᠶᠢᠳᠠᠪᠤᠷᠢᠵᠭᠤᠯᠬᠤ ᠬᠡᠷᠡᠭᠳᠡᠢ᠃ ᠡᠯ᠎ᠠ | ᠱᠠᠳᠤᠨ ᠤ ᠵᠠᠰᠠᠭ ᠤᠨ ᠤᠷᠳᠤᠨ ᠨᠢ ᠬᠡᠷᠡᠭᠵᠢᠬᠦᠯᠬᠦ ᠪᠠᠷ ᠪᠠᠶᠢᠭ᠎ᠠ ᠢᠨᠵᠧᠨᠧᠷᠢᠩ ᠤᠨ ᠲᠦᠷᠦᠯ ᠵᠦᠢᠯ ᠢᠶᠠᠨ ᠪᠦᠷᠢᠳᠬᠡᠨ | ᠲᠠᠩᠰᠠᠯᠠᠵᠦ ᠠᠩᠬᠠᠨ ᠤ ᠲᠦᠯᠦᠪᠯᠡᠭᠡ ᠲᠤᠭᠳᠠᠭᠠᠬᠤ᠂ ᠵᠤᠬᠢᠶᠠᠨ ᠪᠠᠶᠢᠭᠤᠯᠤᠨ ᠬᠡᠷᠡᠭᠵᠢᠬᠦᠯᠬᠦ ᠠᠵᠢᠯ ᠢ ᠰᠠᠶᠢᠳᠦᠷ ᠬᠢᠵᠦ᠂ | ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠢ ᠵᠠᠰᠠᠭ ᠤᠨ ᠤᠷᠳᠤᠨ ᠤ ᠠᠷᠠᠳ ᠤᠨ ᠰᠠᠨᠠᠭ᠎ᠠ | ᠶᠢ ᠲᠠᠭᠠᠨ ᠤᠯᠠᠨ ᠲᠦᠮᠡᠨ ᠤ ᠤᠶᠤᠨ ᠤᠬᠠᠭᠠᠨ ᠢ ᠲᠦᠪᠯᠡᠷᠡᠬᠦᠯᠦᠭᠰᠡᠨ᠂ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠰᠢᠢᠳᠪᠤᠷᠢ ᠲᠤᠭᠳᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠴᠢᠬᠤᠯᠠ ᠢᠯᠡᠷᠡᠯ ᠪᠤᠯᠭᠠᠬᠤ ᠬᠡᠷᠡᠭᠳᠡᠢ᠃ | ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ | ᠴᠢᠬᠤᠯᠠ ᠴᠢᠨᠡᠷ ᠢ ᠲᠠᠨᠢᠵᠦ᠂ ᠦᠵᠡᠯ ᠰᠠᠨᠠᠭ᠎ᠠ ᠪᠠᠨ ᠨᠢᠬᠡᠳᠬᠡᠨ᠂ ᠬᠠᠮᠳᠤ ᠶᠢᠨ ᠬᠦᠴᠦᠨ ᠢ ᠪᠤᠢ ᠪᠤᠯᠭᠠᠬᠤ ᠬᠡᠷᠡᠭᠳᠡᠢ᠃ | ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ | ᠲᠦᠯᠦᠬᠡ ᠬᠤᠰᠢᠭᠤᠨ ᠤ ᠢᠨᠵᠧᠨᠧᠷᠢᠩ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠲᠦᠯᠦᠬᠡᠯᠡᠭᠴᠢ ᠠᠴᠠ | ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠬᠡᠷᠡᠭᠳᠡᠢ᠃ ᠬᠤᠰᠢᠭᠤ | ᠨᠠᠮ ᠤᠨ ᠬᠤᠷᠢᠶᠠᠨ ᠤ ᠱᠦᠵᠢ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠤ ᠭᠤᠤᠯ | ᠤᠳᠤᠷᠢᠳᠤᠯᠭ᠎ᠠ ᠠᠴᠠ ᠲᠡᠳ᠋ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠠᠯᠪᠠᠨ ᠬᠡᠷ ᠵᠢᠴᠢ ᠬᠠᠮᠢᠶ᠎ᠠ ᠪᠦᠬᠦᠢ ᠠᠵᠢᠯᠯᠠᠬᠤ ᠵᠦᠪᠯᠠᠯ | ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︵ᠬᠢᠨᠠᠨ | ᠪᠠᠶᠢᠴᠠᠭᠠᠬᠤ ᠵᠦᠪᠯᠠᠯ︶᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠦᠭᠵᠢᠬᠦᠯᠦᠯᠳᠡ ᠦᠬᠡᠷᠡᠴᠢᠯᠡᠯᠳᠡ | ᠶᠢᠨ ᠵᠦᠪᠯᠠᠯ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ ᠵᠡᠷᠬᠡ ᠪᠠᠶᠢᠭᠤᠯᠭ᠎ᠠ ᠨᠢᠬᠡᠴᠡ ᠶᠢᠨ | ᠬᠠᠷᠢᠭᠤᠴᠠᠯᠭᠠᠳᠠᠨ ᠢᠶᠠᠷ ᠪᠦᠷᠢᠯᠳᠦᠬᠦᠨ ᠬᠡᠰᠢᠬᠦᠨ ᠪᠤᠯᠭᠠᠵᠦ᠂ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠢ | ᠵᠤᠬᠢᠴᠠᠭᠤᠯᠤᠨ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠤᠳᠤᠷᠢᠳᠬᠤ ᠲᠤᠭᠤᠶᠢᠯᠠᠩ ᠳᠤ ᠲᠤᠰᠬᠠᠢ ᠠᠯᠪᠠᠨ ᠬᠡᠷ ︵ | ᠬᠤᠰᠭᠤ ᠵᠠᠰᠠᠭ ᠤᠨ ᠤᠷᠳᠤᠨ ᠤ ᠠᠯᠪᠠᠨ ᠬᠡᠷ ᠲᠤ ᠲᠤᠬᠢᠷᠠᠭᠤᠯᠤᠨ᠎ᠠ︶ ᠲᠤᠬᠢᠷᠠᠭᠤᠯᠵᠦ᠂ ᠢᠨᠵᠧᠨᠧᠷᠢᠩ ᠤᠨ ᠪᠦᠳᠦᠬᠡᠨ | ᠪᠠᠶᠢᠭᠤᠯᠤᠯᠳᠠ ᠶᠢᠨ ᠲᠦᠷᠦᠯ ᠵᠦᠢᠯ ᠢ ᠴᠤᠭᠯᠠᠭᠤᠯᠤᠨ ᠲᠢᠭᠯᠡᠬᠦ᠂ ᠶᠠᠷᠢᠯᠴᠠᠨ ᠰᠤᠳᠤᠯᠵᠦ ᠠᠩᠬᠠᠨ ᠤ ᠰᠤᠩᠭᠤᠯᠳᠠ ᠬᠢᠬᠦ᠂ | ᠠᠩᠬᠠᠨ ᠤ ᠬᠢᠨᠠᠯᠳᠠ ᠳᠤ ᠲᠡᠪᠰᠢᠬᠦᠯᠬᠦ ᠵᠢᠴᠢ ᠬᠤᠶᠢᠰᠢᠳᠠ ᠶᠢᠨ ᠪᠤᠳᠠᠳᠠᠢ ᠪᠦᠳᠦᠬᠡᠨ ᠪᠠᠶᠢᠭᠤᠯᠤᠯᠳᠠ ᠶᠢᠨ ᠲᠦᠯᠦᠪᠯᠡᠭᠡ ᠶᠢ | ᠲᠠᠷᠤᠮᠯᠠᠯᠠᠨ ᠲᠠᠷᠬᠠᠭᠠᠬᠤ ᠠᠵᠢᠯ ᠢ ᠬᠠᠷᠢᠭᠤᠴᠠᠵᠦ᠂ ︽ᠬᠤᠶᠠᠷ ᠲᠦᠯᠦᠬᠡᠯᠡᠭᠴᠢ ᠨᠢᠬᠡ ᠬᠡᠰᠢᠬᠦᠨ︾ ᠤ ᠬᠢᠨᠠᠯᠳᠠ ᠲᠠᠯᠪᠢᠬᠤ᠂ | ᠪᠠᠶᠢᠴᠠᠭᠠᠯᠳᠠ ᠬᠢᠬᠦ᠂ ᠠᠬᠢᠭᠤᠯᠬᠤ ᠵᠡᠷᠬᠡ ᠪᠤᠳᠠᠳᠠᠢ ᠠᠵᠢᠯ ᠳᠤ ᠬᠠᠪᠰᠤᠷᠤᠨ᠎ᠠ᠃ | ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠵᠢᠴᠢ ᠠᠯᠪᠠᠨ ᠬᠡᠷ ᠤᠨ | ᠪᠦᠷᠢᠯᠳᠦᠬᠦᠨ ᠪᠠᠶᠢᠭᠤᠯᠭ᠎ᠠ ᠶᠢᠨ ᠪᠤᠳᠠᠳᠠᠢ ᠬᠠᠷᠢᠭᠤᠴᠠᠯᠭ᠎ᠠ ᠨᠢ ᠲᠤᠤᠷᠡᠬᠢ ᠮᠡᠳᠦ᠄ | ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄ ᠪᠢᠯᠧᠲ | ᠦᠭᠴᠦ ᠰᠢᠢᠳᠪᠤᠷᠢ ᠲᠤᠭᠳᠠᠭᠠᠬᠤ ᠠᠵᠢᠯ ᠤᠨ ᠲᠦᠷᠢᠮ ᠢ ᠲᠤᠭᠳᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠠᠷᠠᠳ | ᠤᠨ ᠲᠦᠯᠦᠬᠡᠯᠡᠭᠴᠢ ᠶᠢ ᠵᠤᠬᠢᠶᠠᠨ ᠪᠠᠶᠢᠭᠤᠯᠤᠨ᠂ ᠲᠦᠷᠦᠯ ᠵᠦᠢᠯ ᠢ ᠰᠠᠨᠠᠭᠠᠴᠢᠯᠠᠨ ᠲᠤᠷᠠᠳᠬᠤ᠂ ᠬᠢᠨᠠᠯᠳᠠ ᠲᠠᠯᠪᠢᠵᠦ | ᠠᠬᠢᠭᠤᠯᠬᠤ᠂ ᠬᠠᠨᠤᠮᠵᠢ ᠶᠢᠨ ᠪᠠᠶᠢᠳᠠᠯ ᠳᠤ ᠦᠨᠡᠯᠡᠯᠳᠡ ᠬᠢᠬᠦ ᠵᠡᠷᠬᠡ ᠬᠠᠮᠢᠶ᠎ᠠ ᠪᠦᠬᠦᠢ ᠠᠵᠢᠯᠯᠠᠭ᠎ᠠ ᠶᠢ ᠦᠷᠨᠢᠬᠦᠯᠦᠨ᠎ᠠ᠃ | ᠰᠤᠮᠤ ᠪᠠᠯᠭᠠᠰᠤ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠳᠤ | ᠬᠦᠨᠵᠡᠬᠡᠶᠢᠷᠡᠬᠦ ᠶᠢ ᠠᠬᠢᠭᠤᠯᠤᠨ᠎ᠠ᠃ | ᠬᠤᠰᠢᠭᠤ ᠠᠷᠠᠳ ᠤᠨ ᠵᠠᠰᠠᠭ ᠤᠨ ᠤᠷᠳᠤᠨ᠄ ᠪᠢᠯᠧᠲ ᠦᠭᠴᠦ ᠲᠤᠭᠳᠠᠭᠠᠬᠤ ᠠᠵᠢᠯ ᠤᠨ ᠬᠠᠮᠢᠶ᠎ᠠ ᠪᠦᠬᠦᠢ | ᠲᠦᠷᠢᠮ ᠲᠤᠭᠳᠠᠭᠠᠯ ᠢ ᠲᠤᠭᠳᠠᠭᠠᠨ ᠲᠡᠬᠦᠯᠳᠡᠷᠵᠢᠬᠦᠯᠦᠨ᠎ᠠ︔ ᠵᠠᠰᠠᠭ ᠤᠨ ᠤᠷᠳᠤᠨ ᠠᠴᠠ ᠪᠤᠳᠠᠳᠠᠢ ᠬᠡᠷᠡᠭᠵᠢᠬᠦᠯᠬᠦ ᠲᠦᠷᠦᠯ | ᠵᠦᠢᠯ ᠤᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠨᠤᠳᠠᠯᠠᠯᠳᠠ ᠶᠢ ᠦᠷᠬᠡᠨ ᠬᠡᠪᠴᠢᠶ᠎ᠠ ᠪᠠᠷ ᠴᠤᠯᠠᠭᠤᠯᠬᠤ ᠠᠵᠢᠯ ᠢ | ᠬᠠᠷᠢᠭᠤᠴᠠᠨ᠎ᠠ︔ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠪᠤᠳᠠᠳᠠᠢ ᠬᠡᠷᠡᠭᠵᠢᠬᠦᠯᠬᠦ ᠪᠠᠷ ᠵᠢᠱᠢᠭᠰᠡᠨ ᠲᠦᠷᠦᠯ | ᠵᠦᠢᠯ ᠢ ᠰᠤᠳᠤᠯᠤᠨ ᠲᠤᠭᠳᠠᠭᠠᠨ᠎ᠠ︔ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ | ᠪᠠᠶᠢᠩᠭᠤ ᠶᠢᠨ ᠬᠤᠷᠢᠶᠠᠨ ᠳᠤ ᠬᠡᠷᠡᠭᠵᠢᠬᠦᠯᠬᠦ ᠪᠠᠷ ᠵᠢᠱᠢᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠪᠠ ᠪᠤᠳᠠᠳᠠᠢ | ᠬᠡᠷᠡᠭᠵᠢᠬᠦᠯᠦᠭᠳᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠮᠡᠳᠡᠬᠦᠯᠦᠨ᠎ᠡ︔ ᠪᠢᠯᠧᠲ ᠦᠭᠬᠦ ᠪᠠᠷ | ᠲᠠᠮᠵᠢᠨ ᠲᠤᠭᠳᠠᠭᠠᠭᠳᠠᠭᠰᠠᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠵᠤᠬᠢᠶᠠᠨ ᠪᠠᠶᠢᠭᠤᠯᠤᠨ᠎ᠠ︔ | ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠤᠯᠤᠰ ᠲᠦᠷᠦ | ᠶᠢᠨ ᠵᠦᠪᠯᠡᠯᠬᠡᠨ ᠪᠤᠯᠤᠨ ︽ᠬᠤᠶᠠᠷ ᠲᠦᠯᠦᠬᠡᠯᠡᠭᠴᠢ ᠨᠢᠬᠡ ᠬᠡᠰᠢᠬᠦᠨ︾ ᠤ ᠬᠢᠨᠠᠯᠳᠠ ᠲᠠᠯᠪᠢᠵᠦ ᠠᠬᠢᠭᠤᠯᠬᠤ ᠶᠢ ᠰᠠᠶᠢᠨ | ᠲᠤᠷ᠎ᠠ ᠠᠴᠠ ᠪᠠᠨ ᠬᠦᠯᠢᠶᠡᠵᠦ᠂ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠰᠠᠶᠢᠳᠦᠷ ᠠᠳᠬᠤᠨ᠎ᠠ᠃ | ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ | ᠵᠢᠴᠢ ᠠᠵᠢᠯᠯᠠᠬᠤ ᠵᠦᠪᠯᠠᠯ᠄ ᠠᠯᠪᠠᠨ ᠬᠡᠷ ᠨᠢ ᠪᠢᠯᠧᠲ ᠦᠭᠴᠦ ᠲᠤᠭᠳᠠᠭᠠᠬᠤ ᠠᠵᠢᠯ ᠤᠨ ᠬᠠᠮᠢᠶ᠎ᠠ ᠪᠦᠬᠦᠢ ᠵᠤᠬᠢᠶᠠᠨ | ᠪᠠᠶᠢᠭᠤᠯᠤᠯᠳᠠ ᠲᠠᠢ ᠬᠠᠷᠢᠴᠠᠬᠤ ᠪᠠ ᠦᠢᠯᠡᠴᠢᠯᠡᠨ ᠪᠠᠳᠤᠯᠠᠬᠤ ᠠᠵᠢᠯ ᠢ ᠬᠠᠷᠢᠭᠤᠴᠠᠵᠦ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠪᠠᠶᠢᠴᠠᠭᠠᠨ ᠬᠢᠨᠠᠯᠳᠠ ᠲᠠᠯᠪᠢᠬᠤ ᠠᠵᠢᠯ | ᠦᠷᠨᠢᠬᠦᠯᠬᠦ ᠳᠤ ᠬᠠᠪᠰᠤᠷᠴᠦ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠪᠢᠯᠧᠲ ᠦᠭᠴᠦ ᠲᠤᠭᠳᠠᠭᠠᠬᠤ ᠠᠵᠢᠯ ᠳᠤ | ᠤᠷᠤᠯᠴᠠᠬᠤ ᠢ ᠵᠤᠬᠢᠴᠠᠭᠤᠯᠤᠨ᠂ ᠬᠡᠷᠡᠭᠵᠢᠬᠦᠯᠦᠭᠳᠡᠭᠰᠡᠨ ᠲᠦᠷᠦᠯ ᠵᠦᠢᠯ ᠳᠤ ᠬᠠᠨᠤᠮᠵᠢ ᠶᠢᠨ ᠦᠨᠡᠯᠡᠯᠳᠡ ᠦᠭᠬᠦ ᠠᠵᠢᠯ ᠢ | ᠦᠷᠨᠢᠬᠦᠯᠦᠨ᠎ᠠ᠃ ᠡᠳ᠋ ᠤᠨ ᠵᠠᠰᠠᠭ ᠠᠵᠦ ᠠᠬᠤᠢ ᠶᠢᠨ ᠠᠵᠢᠯᠯᠠᠬᠤ ᠵᠦᠪᠯᠠᠯ ᠨᠢ ᠪᠤᠳᠠᠳᠠᠢ ᠬᠡᠷᠡᠭᠵᠢᠬᠦᠯᠦᠭᠳᠡᠬᠦ ᠲᠦᠷᠦᠯ | ᠵᠦᠢᠯ ᠤᠨ ᠵᠢᠱᠢᠭᠳᠡᠭᠰᠡᠨ ᠲᠦᠷᠦᠯ ᠵᠦᠢᠯ ᠢ ᠨᠤᠳᠠᠯᠠᠬᠤ ᠪᠠ ᠠᠩᠬᠠᠨ ᠤ ᠲᠤᠭᠳᠠᠭᠠᠯᠳᠠ ᠬᠢᠬᠦ ᠠᠵᠢᠯ ᠳᠤ ᠤᠷᠤᠯᠴᠠᠨ᠎ᠠ᠃ | ᠠᠵᠢᠯᠳᠠᠨ ᠲᠦᠯᠦᠬᠡᠯᠡᠭᠴᠢ ᠰᠤᠩᠭᠤᠭᠤᠯᠢ ᠶᠢᠨ ᠠᠵᠢᠯᠯᠠᠬᠤ ᠵᠦᠪᠯᠠᠯ ᠨᠢ ᠰᠤᠮᠤ ᠪᠠᠯᠭᠠᠰᠤᠨ ᠤ ᠪᠢᠯᠧᠲ ᠦᠭᠴᠦ | ᠲᠤᠭᠳᠠᠭᠠᠬᠤ ᠠᠵᠢᠯ ᠳᠤ ᠡᠳᠤᠷ ᠲᠤᠳᠤᠮ ᠤᠨ ᠵᠢᠯᠤᠭᠤᠳᠤᠯᠭ᠎ᠠ ᠬᠠᠩᠭᠠᠨ᠂ ᠲᠦᠯᠦᠬᠡᠯᠡᠭᠴᠢ ᠠᠴᠠ ᠵᠢᠱᠢᠭᠳᠡᠭᠰᠡᠨ ᠲᠦᠷᠦᠯ | ᠵᠦᠢᠯ ᠤᠨ ᠲᠤᠬᠠᠢ ᠰᠠᠨᠠᠯ ᠰᠠᠨᠠᠭᠤᠯᠭ᠎ᠠ ᠲᠤᠷᠠᠳᠤᠬᠤ ᠠᠵᠢᠯ ᠢ ᠵᠤᠬᠢᠶᠠᠨ ᠪᠠᠶᠢᠭᠤᠯᠤᠨ᠂ ᠲᠦᠯᠦᠬᠡᠯᠡᠭᠴᠢ ᠠᠴᠠ ᠬᠢᠨᠠᠯᠳᠠ | ᠲᠠᠯᠪᠢᠵᠦ᠂ ᠠᠬᠢᠭᠤᠯᠬᠤ ᠠᠵᠢᠯ ᠢ ᠵᠤᠬᠢᠶᠠᠨ ᠪᠠᠶᠢᠭᠤᠯᠤᠨ᠎ᠠ᠃ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠪᠤᠰᠤᠳ ᠠᠵᠢᠯᠯᠠᠬᠤ ᠵᠦᠪᠯᠠᠯ ᠨᠢ ᠬᠢᠨᠠᠯᠳᠠ ᠲᠠᠯᠪᠢᠬᠤ ᠠᠬᠢᠭᠤᠯᠬᠤ ᠵᠡᠷᠬᠡ ᠬᠠᠮᠢᠶ᠎ᠠ | ᠪᠦᠬᠦᠢ ᠠᠵᠢᠯ ᠳᠤ ᠤᠷᠤᠯᠴᠠᠨ᠎ᠠ᠃ | ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ᠄ ᠪᠢᠯᠧᠲ ᠦᠭᠴᠦ ᠲᠤᠭᠳᠠᠭᠠᠬᠤ ᠠᠵᠢᠯ ᠤᠨ | ᠬᠠᠮᠢᠶ᠎ᠠ ᠪᠦᠬᠦᠢ ᠵᠤᠬᠢᠶᠠᠨ ᠪᠠᠶᠢᠭᠤᠯᠤᠯᠳᠠ ᠶᠢᠨ ᠬᠠᠷᠢᠯᠴᠠᠬᠤ ᠪᠠ ᠦᠢᠯᠡᠴᠢᠯᠡᠨ ᠪᠠᠳᠤᠯᠠᠬᠤ ᠠᠵᠢᠯ ᠢ ᠰᠠᠶᠢᠨ ᠬᠢᠨ᠎ᠠ︔ | ᠬᠡᠷᠡᠭᠵᠢᠬᠦᠯᠦᠭᠳᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠯᠡᠭᠡ ᠭᠠᠷᠭᠠᠬᠤ ᠠᠵᠢᠯ ᠢ ᠲᠠᠶᠢᠴᠢᠯᠠᠵᠦ᠂ | ᠲᠦᠷᠦᠯ ᠵᠦᠢᠯ ᠤᠨ ᠨᠠᠶᠢᠳᠠᠪᠤᠷᠢᠵᠢᠭᠳᠠᠵᠦ ᠪᠠᠶᠢᠭ᠎ᠠ ᠪᠠᠶᠢᠳᠠᠯ ᠳᠤ ᠬᠢᠨᠠᠨ ᠪᠠᠶᠢᠴᠠᠭᠠᠯᠳᠠ ᠬᠢᠨ᠎ᠠ᠃ ᠬᠠᠮᠢᠶ᠎ᠠ ᠪᠦᠬᠦᠢ | ᠪᠠᠶᠢᠭᠤᠯᠭ᠎ᠠ ᠶᠢ ᠵᠤᠬᠢᠴᠠᠭᠤᠯᠵᠦ᠂ ᠪᠢᠯᠧᠲ ᠦᠭᠴᠦ ᠲᠤᠭᠳᠠᠭᠠᠬᠤ ᠠᠵᠢᠯ ᠢ ᠦᠷᠨᠢᠬᠦᠯᠦᠨ᠎ᠠ᠃ | ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠄ ᠪᠢᠯᠧᠲ ᠦᠭᠴᠦ ᠲᠤᠭᠳᠠᠭᠠᠬᠤ ᠠᠵᠢᠯ ᠤᠨ ᠪᠦᠬᠦ | ᠶᠠᠪᠤᠴᠠ ᠨᠢ ᠬᠠᠤᠯᠢ ᠶᠤᠰᠤᠭᠠᠷ ᠲᠦᠷᠢᠮ ᠲᠤᠭᠳᠠᠭᠠᠯ ᠤᠨ ᠲᠠᠭᠠᠤ ᠳᠤ ᠶᠠᠪᠤᠭᠳᠠᠵᠦ ᠪᠠᠶᠢᠭ᠎ᠠ ᠡᠰᠡᠬᠦ ᠶᠢ ᠬᠢᠨᠠᠨ | ᠪᠠᠶᠢᠴᠠᠭᠠᠨ᠎ᠠ᠃ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠄ ᠪᠢᠯᠧᠲ ᠦᠭᠴᠦ ᠲᠤᠭᠳᠠᠭᠠᠬᠤ ᠠᠵᠢᠯ ᠤᠨ | ᠴᠢᠬᠤᠯᠠ ᠠᠴᠢ ᠬᠤᠯᠪᠤᠭᠳᠠᠯ᠂ ᠦᠨᠳᠦᠰᠦᠨ ᠠᠷᠭ᠎ᠠ ᠪᠠᠷᠢᠯ ᠵᠡᠷᠬᠡ ᠶᠢ ᠤᠬᠠᠭᠤᠯᠵᠦ᠂ ᠪᠢᠯᠧᠲ ᠦᠭᠴᠦ ᠲᠤᠭᠳᠠᠭᠠᠬᠤ | ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠡᠳᠡᠭᠡᠯᠡᠵᠦ᠂ ᠪᠢᠯᠧᠲ ᠦᠭᠴᠦ ᠲᠤᠭᠳᠠᠭᠠᠬᠤ ᠠᠵᠢᠯ ᠢ ᠠᠬᠢᠭᠤᠯᠬᠤ ᠳᠤ | ᠰᠠᠶᠢᠨ ᠰᠠᠶᠢᠬᠠᠨ ᠨᠡᠶᠢᠬᠡᠮ ᠤᠨ ᠤᠷᠴᠢᠨ ᠲᠤᠭᠤᠷᠢᠨ ᠬᠠᠩᠭᠠᠨ᠎ᠠ᠃ | ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠠ᠄ ᠬᠤᠰᠢᠭᠤ ᠵᠠᠰᠠᠭ ᠤᠨ ᠤᠷᠳᠤᠨ ᠠᠴᠠ ᠪᠤᠳᠠᠳᠠᠢ | ᠬᠡᠷᠡᠭᠵᠢᠬᠦᠯᠬᠦ ᠪᠠᠷ ᠵᠢᠱᠢᠭᠳᠡᠭᠰᠡᠨ ᠲᠦᠷᠦᠯ ᠵᠦᠢᠯ ᠢ ᠴᠤᠭᠯᠠᠭᠤᠯᠬᠤ᠂ ᠰᠢᠯᠢᠵᠦ ᠰᠤᠩᠭᠤᠬᠤ᠂ ᠨᠤᠳᠠᠯᠠᠬᠤ᠂ ᠪᠦᠷᠢᠯᠳᠦᠬᠦ | ᠠᠵᠢᠯ ᠢ ᠬᠠᠷᠢᠭᠤᠴᠠᠵᠦ᠂ ᠪᠢᠯᠧᠲ ᠢᠶᠠᠷ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ᠂ ᠬᠤᠰᠢᠭᠤ ᠨᠠᠮ ᠤᠨ | ᠬᠤᠷᠢᠶ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠵᠠᠰᠠᠭ | ᠤᠨ ᠤᠷᠳᠤᠨ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠬᠠᠮᠢᠶ᠎ᠠ ᠪᠦᠬᠦᠢ ᠬᠤᠷᠠᠯ ᠳᠤ ᠲᠤᠰᠢᠶᠠᠨ ᠶᠠᠷᠢᠯᠴᠠᠭᠤᠯᠤᠨ᠎ᠠ | ︔ ᠬᠠᠮᠢᠶ᠎ᠠ ᠪᠦᠬᠦᠢ ᠲᠦᠷᠦᠯ ᠵᠦᠢᠯ ᠤᠨ ᠬᠠᠷᠢᠭᠤᠴᠠᠯᠭᠠᠳᠤ ᠪᠠᠶᠢᠭᠤᠯᠭ᠎ᠠ ᠶᠢᠨ ᠲᠦᠯᠦᠪᠯᠡᠭᠡ ᠶᠤᠰᠤᠭᠠᠷ ᠪᠦᠳᠦᠬᠡᠨ | ᠪᠠᠶᠢᠭᠤᠯᠤᠯᠳᠠ ᠶᠢᠨ ᠨᠠᠶᠢᠳᠠᠪᠤᠷᠢᠵᠢᠭᠳᠠᠬᠤ ᠠᠵᠢᠯ ᠢ ᠲᠠᠶᠢᠴᠢᠯᠠᠨ᠎ᠠ᠃ | ᠡᠳ᠋ ᠤᠨ ᠵᠠᠰᠠᠭ ᠤᠨ ᠲᠤᠪᠴᠢᠶ᠎ᠠ᠄ ᠵᠢᠱᠢᠭᠳᠡᠭᠰᠡᠨ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ | ᠲᠦᠭᠰᠢᠬᠦᠷᠢ ᠶᠢ ᠬᠢᠨᠠᠨ ᠦᠨᠡᠯᠡᠬᠦ ᠠᠵᠢᠯ ᠳᠤ ᠤᠷᠤᠯᠴᠠᠬᠤ ᠶᠢᠨ ᠬᠠᠮᠳᠤ ᠪᠡᠯᠡ ᠮᠦᠩᠬᠦᠨ ᠤ ᠬᠡᠷᠡᠭᠴᠡᠬᠡᠨ ᠳᠤ ᠨᠤᠳᠠᠯᠠᠯᠳᠠ | ᠬᠢᠨ᠎ᠠ᠃ | ᠬᠢᠨᠠᠨ ᠪᠤᠳᠤᠬᠤ ᠲᠤᠪᠴᠢᠶ᠎ᠠ᠄ ᠬᠢᠨᠠᠨ ᠪᠤᠳᠤᠵᠦ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ | ᠡᠯ᠎ᠠ ᠰᠤᠮᠤ ᠪᠠᠯᠭᠠᠰᠤ᠄ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠦ | ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠲᠤᠭᠤᠶᠢᠯᠠᠩ ᠤᠨ ᠲᠠᠷᠤᠭ᠎ᠠ ᠪᠤᠯᠭᠠᠨ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠰᠤᠮᠤ ᠪᠠᠯᠭᠠᠰᠤᠨ ᠤ ᠲᠠᠷᠤᠭ᠎ᠠ ᠨᠢ ᠲᠡᠳ᠋ ᠲᠤᠭᠤᠶᠢᠯᠠᠩ ᠤᠨ | ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤᠬᠢᠷᠠᠭᠤᠯᠤᠨ᠎ᠠ᠃ | ᠲᠤᠯᠤᠭ᠎ᠠ᠂ ᠲᠤᠷᠰᠢᠯᠳᠠ ᠶᠢᠨ ᠴᠡᠭ ᠪᠤᠯᠤᠭᠰᠠᠨ ᠰᠤᠮᠤ ᠨᠢ ᠲᠤᠷᠰᠢᠯᠳᠠ ᠶᠢᠨ ᠴᠡᠭ ᠤᠨ ᠠᠵᠢᠯ ᠤᠨ | ᠴᠢᠬᠤᠯᠠ ᠠᠴᠢ ᠬᠤᠯᠪᠤᠭᠳᠠᠯ ᠢ ᠪᠦᠷᠢᠨ ᠲᠠᠨᠢᠵᠦ᠂ ᠠᠵᠢᠯ ᠤᠨ ᠲᠤᠭᠳᠠᠯᠴᠠᠭ᠎ᠠ ᠪᠠᠨ ᠰᠢᠨᠡᠴᠢᠯᠡᠵᠦ᠂ ᠠᠷᠠᠳ ᠤᠨ | ᠠᠮᠢᠳᠤᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠴᠤᠭᠯᠠᠭᠤᠯᠬᠤ ᠪᠠ ᠠᠩᠬᠠᠨ | ᠤ ᠰᠤᠩᠭᠤᠯᠳᠠ ᠬᠢᠬᠦ ᠵᠡᠷᠬᠡ ᠪᠡᠯᠡᠳᠬᠡᠯ ᠠᠵᠢᠯ ᠢ ᠰᠠᠶᠢᠨ ᠬᠢᠵᠦ᠂ ᠠᠵᠢᠯ ᠤᠨ ᠲᠤᠮᠳᠠ ᠲᠤᠬᠢᠶᠠᠯᠳᠤᠬᠤ ᠰᠢᠨ᠎ᠠ ᠪᠠᠶᠢᠳᠠᠯ᠂ | ᠰᠢᠨ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠤᠷᠢᠯᠡᠵᠦ᠂ ᠠᠷᠠᠳ ᠤᠨ ᠲᠦᠯᠦᠬᠡᠯᠡᠭᠴᠢ ᠠᠴᠠ ᠪᠢᠯᠧᠲ ᠦᠭᠴᠦ | ᠰᠢᠢᠳᠪᠤᠷᠢ ᠲᠤᠭᠳᠠᠭᠠᠬᠤ ᠠᠵᠢᠯ ᠢ ᠰᠠᠶᠢᠳᠦᠷ ᠵᠤᠬᠢᠶᠠᠨ ᠪᠠᠶᠢᠭᠤᠯᠤᠨ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ | ᠪᠤᠳᠠᠳᠠᠢ ᠬᠡᠷᠡᠭᠵᠢᠬᠦᠯᠦᠭᠳᠡᠬᠦ ᠲᠦᠷᠦᠯ ᠵᠦᠢᠯ ᠤᠨ ᠪᠤᠳᠠᠳᠠᠢ ᠦᠷ᠎ᠠ ᠪᠦᠳᠦᠮᠵᠢ ᠤᠯᠵᠦ᠂ ᠲᠤᠬᠠᠢ ᠶᠢᠨ ᠭᠠᠵᠠᠷ ᠤᠷᠤᠨ ᠳᠤ | ᠦᠷᠬᠡᠨ ᠢᠶᠠᠷ ᠲᠡᠯᠬᠡᠷᠡᠬᠦᠯᠵᠦ ᠪᠤᠯᠬᠤ ᠲᠤᠷᠰᠢᠯᠭ᠎ᠠ ᠳ᠋ᠦᠩᠨᠡᠯᠳᠡ ᠪᠤᠯᠭᠠᠬᠤ ᠶᠢ ᠪᠠᠳᠤᠯᠠᠬᠤ ᠬᠡᠷᠡᠭᠳᠡᠢ᠃ |