ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ ᠬᠤᠷᠠᠯᠳᠤᠭᠠᠨ ᠲᠡᠭᠡᠷ᠎ᠡ ᠲᠤᠷᠠᠳᠤᠭᠰᠠᠨ ᠲᠦᠯᠦᠬᠡᠯᠡᠭᠴᠢᠳ ᠤᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠨ ᠲᠤᠬᠠᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠬᠦᠯᠦᠯᠳᠡ
ᠨᠡᠶᠢᠲᠡᠯᠡᠭᠰᠡᠨ ᠴᠠᠭ᠄
2019/3/20
                       — 2019 ᠤᠨ ᠤ 3 ᠰᠠᠷ᠎ᠠ ᠶᠢᠨ 21᠎ ᠤ ᠡᠳᠦᠷ ᠤᠨ ᠰᠢᠯᠤᠭᠤᠨ ᠬᠦᠬᠡ ᠬᠤᠰᠢᠭᠤᠨ ᠤ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠤᠭᠠᠨ ᠲᠡᠭᠡᠷ᠎ᠡᠡᠷᠬᠢᠯᠡᠭᠴᠢ᠂ ᠲᠡᠳ᠋ ᠡᠷᠬᠢᠯᠡᠭᠴᠢ᠂ ᠲᠦᠯᠦᠬᠡᠯᠡᠭᠴᠢᠳ ᠡ᠄            ᠬᠤᠷᠠᠯ ᠤᠨ ᠪᠠᠶᠢᠷᠢᠯᠠᠭᠤᠯᠤᠯᠳᠠ ᠪᠠᠷ ᠤᠳᠤ ᠬᠤᠰᠢᠭᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ ᠬᠤᠷᠠᠯᠳᠤᠭᠠᠨ ᠲᠡᠭᠡᠷ᠎ᠡ ᠲᠤᠷᠠᠳᠤᠭᠰᠠᠨ ᠲᠦᠯᠦᠬᠡᠯᠡᠭᠴᠢᠳ ᠤᠨ ᠰᠠᠨᠠᠯ ᠲᠤᠷᠠᠳᠤᠯᠭ᠎ᠠ ᠶᠢ ᠰᠢᠢᠳᠪᠤᠷᠢᠯᠡᠭᠰᠡᠨ ᠪᠠᠶᠢᠳᠠᠯ ᠢ ᠬᠠᠷᠢᠭᠤ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠤ᠃ ᠨᠢᠬᠡ᠂ ᠦᠨᠳᠦᠰᠦᠨ ᠪᠠᠶᠢᠳᠠᠯ             ᠬᠤᠰᠢᠭᠤ ᠵᠠᠰᠠᠭ ᠤᠨ ᠤᠷᠳᠤᠨ ᠨᠢ ᠨᠠᠶᠢᠳᠠ 152 ᠬᠤᠪᠢ ᠰᠠᠨᠠᠯ ᠲᠤᠷᠠᠳᠤᠯᠭ᠎ᠠ ᠶᠢ ᠲᠤᠰᠴᠠᠢ᠂ ᠡᠬᠦᠨ ᠎ ᠳᠤ ᠰᠠᠭᠤᠷᠢ ᠲᠦᠬᠦᠬᠡᠷᠦᠮᠵᠢ ᠶᠢᠨ ᠬᠠᠮᠢᠶᠠᠳᠠᠢ 29 ᠬᠤᠪᠢ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠤᠰᠤᠨ ᠠᠰᠢᠭᠯᠠᠯᠳᠠ ᠵᠢᠴᠢ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠳᠣᠬᠠᠢ 34 ᠬᠤᠪᠢ᠂ ᠰᠤᠶᠤᠯ ᠵᠢᠭᠤᠯᠴᠢᠯᠠᠯ ᠎ ᠤᠨ ᠲᠠᠯ᠎ᠠ ᠪᠠᠷ 6 ᠬᠤᠪᠢ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠪᠠᠷ 16 ᠬᠤᠪᠢ᠂ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠤᠨ ᠲᠠᠯ᠎ᠠ ᠪᠠᠷ 12 ᠬᠤᠪᠢ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ 15 ᠬᠤᠪᠢ᠂ ᠮᠦᠩᠬᠦᠨ ᠬᠦᠢᠯᠬᠡᠬᠡᠨ ᠤ ᠲᠠᠯ᠎ᠠ ᠪᠠᠷ 5 ᠬᠤᠪᠢ᠂ ᠮᠤᠩᠭᠤᠯ ᠦᠬᠡ ᠬᠡᠯᠡ ᠦᠰᠦᠭ ᠪᠢᠴᠢᠭ ᠤᠨ ᠠᠵᠢᠯ ᠤᠨ ᠲᠠᠯ᠎ᠠ ᠪᠠᠷ 5 ᠬᠤᠪᠢ᠂ ᠪᠤᠰᠤᠳ ᠵᠦᠢᠯ ᠤᠨ ᠰᠠᠨᠠᠯ ᠲᠤᠷᠠᠳᠤᠯᠭ᠎ᠠ ᠨᠠᠶᠢᠳᠠ 30 ᠬᠤᠪᠢ ᠪᠤᠢ᠃ ᠤᠳᠤ ᠨᠢᠬᠡᠨᠳᠡ ᠪᠦᠬᠦᠨ ᠢ ᠬᠦᠢᠴᠡᠳᠬᠡᠵᠦ᠂ ᠬᠠᠷᠢᠭᠤᠯᠳᠠ ᠦᠭᠬᠦᠭᠰᠡᠨ ᠨᠤᠷᠮ᠎ᠠ ᠨᠢ 100%᠎ ᠳᠤ ᠬᠦᠷᠪᠡ᠃ ᠨᠠᠶᠢᠳᠠ 126 ᠬᠤᠪᠢ ᠰᠠᠨᠠᠯ ᠲᠤᠷᠠᠳᠤᠯᠭ᠎ᠠ ᠶᠢ ᠰᠢᠢᠳᠪᠤᠷᠢᠯᠡᠵᠦ᠂ ᠰᠢᠢᠳᠪᠤᠷᠢᠯᠡᠯᠳᠡ ᠶᠢᠨ ᠨᠤᠷᠮ᠎ᠠ ᠨᠢ 83%᠎ ᠳᠤ ᠬᠦᠷᠪᠡ᠃ ᠬᠤᠶᠠᠷ᠂ ᠪᠤᠳᠠᠳᠠᠢ ᠠᠪᠤᠭᠰᠠᠨ ᠠᠷᠭ᠎ᠠ ᠬᠡᠮᠵᠢᠶ᠎ᠠ             ᠨᠢᠬᠡ᠂ ᠲᠤᠰᠢᠶᠠᠨ ᠬᠦᠢᠴᠡᠳᠬᠡᠬᠦᠯᠬᠦ ᠳᠣᠰᠬᠠᠢ ᠬᠤᠷᠠᠯ ᠬᠤᠷᠠᠯᠳᠤᠭᠤᠯᠤᠨ᠂ ᠬᠠᠮᠢᠶ᠎ᠠ ᠪᠦᠬᠦᠢ ᠪᠠᠶᠢᠭᠤᠯᠭ᠎ᠠ ᠎ ᠳᠤ ᠰᠠᠨᠠᠯ ᠲᠤᠷᠠᠳᠤᠯᠭ᠎ᠠ ᠶᠢ ᠬᠦᠢᠴᠡᠳᠬᠡᠨ ᠰᠢᠢᠳᠪᠤᠷᠢᠯᠡᠬᠦ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠨ ᠰᠠᠨᠠᠯ ᠲᠤᠷᠠᠳᠤᠯᠭ᠎ᠠ ᠶᠢ ᠬᠦᠢᠴᠡᠳᠬᠡᠨ ᠰᠢᠢᠳᠪᠤᠷᠢᠯᠡᠬᠦ ᠠᠵᠢᠯ ᠤᠨ ᠬᠠᠷᠢᠭᠤᠴᠠᠯᠭᠠᠳᠤ ᠤᠪᠤᠷ᠂ ᠦᠢᠯᠡᠴᠢᠯᠡᠬᠡᠨ ᠤ ᠤᠪᠤᠷ ᠢ ᠴᠢᠩᠭᠠᠳᠬᠠᠨ᠂ ᠲᠦᠯᠦᠬᠡᠯᠡᠭᠴᠢᠳ ᠲᠠᠢ ︽ᠭᠤᠷᠪᠠᠨᠳᠠ ᠠᠭᠤᠯᠵᠠᠬᠤ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠦᠢᠴᠡᠳᠬᠡᠨ ᠰᠢᠢᠳᠪᠤᠷᠢᠯᠡᠬᠦ ᠠᠵᠢᠯ ᠤᠨ ᠶᠠᠰᠤ ᠴᠢᠨᠡᠷ ᠪᠠ ᠦᠷ᠎ᠠ ᠠᠰᠢᠭᠯᠠᠮᠵᠢ ᠶᠢ ᠪᠠᠳᠤᠯᠠᠪᠠ᠃ ᠬᠤᠶᠠᠷ᠂ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠲᠤᠷᠠᠳᠤᠯᠭ᠎ᠠ ᠶᠢᠨ ᠠᠭᠤᠯᠭ᠎ᠠ ᠶᠢ ᠦᠨᠳᠦᠰᠦᠯᠡᠵᠦ᠂ ᠵᠠᠰᠠᠭ ᠤᠨ ᠤᠷᠳᠤᠨ ᠤ ᠴᠢᠳᠠᠪᠬᠢᠳᠦ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠪᠠᠷ ᠨᠢ ᠲᠦᠷᠦᠯ ᠠᠩᠬᠢᠯᠠᠨ᠂ ᠰᠠᠨᠠᠯ ᠲᠤᠷᠠᠳᠤᠯᠭ᠎ᠠ ᠳᠤ ᠬᠠᠷᠢᠭᠤᠯᠳᠠ ᠦᠭᠬᠦ ᠠᠵᠢᠯ ᠤᠨ ᠨᠠᠷᠢᠯᠢᠭ ᠤᠨᠤᠪᠴᠢᠳᠠᠢ ᠪᠠᠶᠢᠬᠤ ᠶᠢ ᠠᠬᠢᠭᠤᠯᠪᠠ᠃ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠲᠤᠷᠠᠳᠤᠯᠭ᠎ᠠ ᠶᠢ ᠬᠦᠢᠴᠡᠳᠬᠡᠬᠦ ᠠᠵᠢᠯ ᠢ ᠱᠠᠭᠠᠷᠳᠠᠨ ᠪᠠᠶᠢᠴᠠᠭᠠᠬᠤ ᠠᠵᠢᠯ ᠤᠨ ᠲᠤᠭᠳᠠᠯᠴᠠᠭ᠎ᠠ ᠶᠢ ᠪᠠᠶᠢᠭᠤᠯᠵᠦ᠂ ᠲᠠᠭᠠᠭᠠᠴᠢᠯᠠᠨ ᠬᠦᠢᠴᠡᠳᠬᠡᠬᠦ ᠪᠠᠶᠢᠭᠤᠯᠭ᠎ᠠ ᠠᠴᠠ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠭᠠᠭᠠᠴᠢᠯᠠᠨ ᠭᠦᠢᠴᠡᠳᠬᠡᠬᠦ ᠪᠠᠶᠢᠭᠤᠯᠭ᠎ᠠ ᠶᠢᠨ ᠠᠵᠢᠯ ᠤᠨ ᠠᠬᠢᠴᠠ᠂ ᠠᠵᠢᠯ ᠤᠨ ᠠᠷᠭ᠎ᠠ ᠪᠠᠷᠢᠯ ᠢ ᠨᠠᠷᠢᠨ ᠤᠶᠢᠯᠠᠭᠠᠵᠦ᠂ ᠲᠦᠯᠦᠬᠡᠯᠡᠭᠴᠢᠳ ᠤᠨ ᠲᠤᠷᠠᠳᠤᠭᠰᠠᠨ ᠰᠠᠨᠠᠯ ᠲᠤᠷᠠᠳᠤᠯᠭ᠎ᠠ ᠶᠢ ᠴᠠᠭ ᠲᠤᠬᠠᠢ ᠳᠤ ᠨᠢ ᠴᠢᠨᠡᠷ ᠢ ᠪᠠᠳᠤᠯᠠᠨ ᠬᠠᠷᠢᠭᠤᠯᠬᠤ ᠪᠠᠷ ᠴᠢᠷᠮᠠᠶᠢᠪᠠ᠃ ᠭᠤᠷᠪᠠ᠂ ᠬᠠᠮᠤᠷᠤᠬᠤ ᠬᠦᠷᠢᠶ᠎ᠡ ᠬᠡᠪᠴᠢᠶ᠎ᠠ ᠦᠷᠬᠡᠨ᠂ ᠬᠤᠯᠪᠤᠭᠳᠠᠬᠤ ᠰᠠᠯᠠᠭ᠎ᠠ ᠮᠦᠴᠢᠷ ᠠᠷᠪᠢᠨ ᠪᠤᠳᠤᠯᠢᠶᠠᠨᠳᠠᠢ ᠰᠠᠨᠠᠯ ᠳᠤᠷᠠᠳᠣᠯᠭ᠎ᠠ ᠶᠢ ᠵᠠᠰᠠᠭ ᠤᠨ ᠤᠷᠳᠤᠨ ᠠᠴᠠ ᠬᠠᠮᠢᠶ᠎ᠠ ᠪᠦᠬᠦᠢ ᠪᠠᠶᠢᠭᠤᠯᠭ᠎ᠠ ᠶᠢ ᠴᠤᠭᠯᠠᠭᠤᠯᠤᠨ ᠬᠠᠮᠳᠤ ᠪᠠᠷ ᠶᠠᠷᠢᠯᠴᠠᠨ ᠰᠢᠢᠳᠪᠤᠷᠢᠯᠡᠵᠦ᠂ ᠪᠦᠬᠦ ᠲᠠᠯ᠎ᠠ ᠶᠢᠨ ᠰᠢᠰᠲ᠋ᠧᠮᠵᠢᠭᠰᠡᠨ ᠬᠠᠷᠢᠭᠤᠯᠳᠠ ᠦᠭᠬᠦ ᠪᠠᠷ ᠴᠢᠷᠮᠠᠶᠢᠵᠦ᠂ ᠲᠦᠯᠦᠬᠡᠯᠡᠭᠴᠢᠳ ᠤᠨ ᠬᠠᠨᠤᠮᠵᠢ ᠶᠢᠨ ᠨᠤᠷᠮ᠎ᠠ ᠶᠢ ᠲᠡᠭᠡᠭᠰᠢᠯᠡᠬᠦᠯᠪᠡ᠃ ᠲᠦᠷᠪᠡ᠂ ᠠᠳᠡᠬᠦᠦ ᠪᠤᠷᠤᠭᠤ ᠠᠩᠬᠢᠯᠠᠭᠰᠠᠨ ᠰᠠᠨᠠᠯ ᠲᠤᠷᠠᠳᠤᠯᠭ᠎ᠠ ᠶᠢᠨ ᠲᠠᠭᠠᠭᠠᠴᠢᠯᠠᠨ ᠬᠦᠢᠴᠡᠳᠬᠡᠬᠦ ᠰᠠᠯᠠᠭ᠎ᠠ ᠮᠦᠴᠢᠷ ᠲᠤ ᠳᠠᠬᠢᠵᠤ ᠳᠣᠬᠢᠷᠠᠭᠤᠯᠤᠯᠳᠠ ᠬᠢᠵᠦ᠂ ᠠᠵᠢᠯ ᠤᠨ ᠡᠮᠬᠢ ᠴᠡᠭᠴᠡ ᠲᠠᠢ ᠤᠷᠤᠭᠰᠢᠳᠠᠢ ᠶᠠᠪᠤᠭᠳᠠᠬᠤ ᠶᠢ ᠪᠠᠳᠣᠯᠠᠨ᠂ ᠲᠦᠯᠦᠬᠡᠯᠡᠭᠴᠢᠳ ᠲᠤ ᠬᠠᠷᠢᠭᠤ ᠦᠭᠬᠦ ᠠᠵᠢᠯ ᠢ ᠴᠠᠭ ᠎ ᠲᠠᠭᠠᠨ ᠲᠠᠭᠤᠰᠬᠠᠬᠤ ᠶᠢ ᠪᠠᠳᠤᠯᠠᠪᠠ᠃ ᠲᠠᠪᠤ᠂ ᠵᠠᠰᠠᠭ ᠤᠨ ᠤᠷᠳᠤᠨ ᠤ ᠲᠠᠭᠠᠭᠠᠴᠢᠯᠠᠨ ᠬᠠᠷᠢᠭᠤᠴᠠᠬᠤ ᠬᠤᠰᠢᠭᠤ ᠲᠠᠷᠤᠭ᠎ᠠ ᠦᠪᠡᠷ ᠤᠨ ᠪᠡᠶ᠎ᠡ ᠪᠠᠷ ᠢᠶᠠᠨ ᠭᠤᠣᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠠᠵᠢᠯ ᠢ ᠬᠠᠷᠢᠭᠤᠴᠠᠵᠦ᠂ ᠵᠠᠰᠠᠭ ᠎ ᠤᠨ ᠤᠷᠳᠤᠨ ᠤ ᠠᠯᠪᠠᠨ ᠬᠡᠷ ᠠᠴᠠ ᠪᠦᠬᠦ ᠬᠤᠰᠢᠭᠤᠨ ᠤ ᠭᠤᠤᠯᠳᠠᠯᠭ᠎ᠠ ᠲᠠᠢ᠂ ᠬᠠᠯᠠᠮᠰᠢᠯ ᠠᠰᠠᠭᠤᠳᠠᠯ ᠪᠠ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠡᠯ᠎ᠠ ᠵᠦᠢᠯ ᠤᠨ ᠠᠵᠢᠯ ᠢ ᠱᠠᠭᠠᠷᠳᠠᠨ ᠬᠦᠢᠴᠡᠳᠭᠡᠵᠦ᠂ 152 ᠰᠠᠨᠠᠯ ᠲᠤᠷᠠᠳᠤᠯᠭ᠎ᠠ ᠶᠢᠨ ᠲᠤᠮᠳᠠᠬᠢ 15 ᠬᠤᠪᠢ ᠭᠤᠤᠯᠳᠠᠯᠭ᠎ᠠ ᠲᠠᠢ ᠰᠠᠨᠠᠯ ᠲᠤᠷᠠᠳᠤᠯᠭ᠎ᠠ ᠶᠢ ᠪᠦᠬᠦᠨ ᠢ ᠬᠦᠢᠴᠡᠳᠬᠡᠨ ᠰᠢᠢᠳᠪᠤᠷᠢᠯᠡᠵᠦ᠂ ᠬᠠᠷᠢᠭᠤᠯᠳᠠ ᠦᠭᠬᠦ ᠨᠤᠷᠮ᠎ᠠ ᠨᠢ 100%᠎ ᠳᠤ ᠬᠦᠷᠪᠡ᠃ ᠵᠢᠷᠭᠤᠭ᠎ᠠ᠂ ᠲᠦᠯᠦᠬᠡᠯᠡᠭᠴᠢᠳ ᠠᠴᠠ ᠰᠢᠢᠳᠪᠤᠷᠢᠯᠡᠭᠰᠡᠨ ᠪᠠᠶᠢᠳᠠᠯ ᠳᠤ ︽ᠬᠠᠨᠤᠮᠵᠢ ᠦᠬᠡᠢ︾ ᠪᠠᠶᠢᠭ᠎ᠠ ᠵᠠᠷᠢᠮ ᠰᠠᠨᠠᠯ ᠲᠤᠷᠠᠳᠤᠯᠭ᠎ᠠ ᠶᠢ ᠬᠤᠰᠢᠭᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠪᠠ ᠲᠠᠭᠠᠭᠠᠴᠢᠯᠠᠨ ᠬᠠᠷᠢᠭᠤᠴᠠᠬᠤ ᠤᠳᠤᠷᠢᠳᠤᠯᠭ᠎ᠠ ᠴᠢᠬᠤᠯᠠᠴᠢᠯᠠᠨ ᠦᠵᠡᠵᠦ᠂ ᠡᠯ᠎ᠠ ᠲᠠᠭᠠᠭᠠᠴᠢᠯᠠᠨ ᠬᠦᠢᠴᠡᠳᠬᠡᠭᠰᠡᠨ ᠪᠠᠶᠢᠭᠤᠯᠭ᠎ᠠ ᠶᠢ ᠨᠢᠮᠪᠠᠢ ᠰᠤᠳᠤᠯᠤᠨ ᠶᠠᠷᠢᠯᠴᠠᠵᠦ᠂ ᠠᠷᠠᠳ ᠤᠨ ᠲᠦᠯᠦᠬᠡᠯᠡᠭᠴᠢᠳ ᠲᠠᠢ ᠭᠦᠨᠵᠡᠭᠡᠢ ᠤᠶᠢᠯᠭᠠᠯᠴᠠᠬᠤ ᠶᠢ ᠱᠠᠭᠠᠷᠳᠠᠪᠠ᠃ ᠡᠬᠦᠨ ᠤ ᠬᠠᠮᠳᠤ ᠲᠤᠰᠬᠠᠢ ᠬᠦᠮᠦᠨ ᠢᠶᠠᠷ ᠲᠦᠯᠦᠬᠡᠯᠡᠭᠴᠢᠳ ᠤᠨ ᠰᠠᠨᠠᠯ ᠲᠤᠷᠠᠳᠤᠯᠭ᠎ᠠ ᠎ ᠳᠤ ᠬᠠᠷᠢᠭᠤᠯᠳᠠ ᠦᠭᠬᠦ ᠠᠵᠢᠯ ᠢ ᠬᠠᠷᠢᠭᠤᠴᠠᠭᠤᠯᠵᠦ ᠪᠤᠳᠠᠳᠠᠢ ᠨᠠᠶᠢᠳᠠᠪᠤᠷᠢᠵᠢᠭᠤᠯᠤᠭᠰᠠᠨ ᠪᠠᠶᠢᠨ᠎ᠠ᠃ ᠡᠯ᠎ᠠ ᠲᠠᠭᠠᠭᠠᠴᠢᠯᠠᠨ ᠬᠦᠢᠴᠡᠳᠭᠡᠬᠦ ᠪᠠᠶᠢᠭᠤᠯᠭ᠎ᠠ ᠨᠢ ᠲᠦᠯᠦᠪᠯᠡᠬᠡᠨ ᠳᠤ ᠤᠷᠤᠭᠤᠯᠵᠦ ᠠᠯᠬᠤᠮ ᠠᠯᠬᠤᠮ ᠢᠶᠠᠷ ᠭᠦᠢᠴᠡᠳᠬᠡᠬᠦ ᠵᠦᠢᠯ ᠤᠨ ᠢᠶᠠᠨ ᠪᠤᠳᠠᠳᠠᠢ ᠠᠷᠭ᠎ᠠ ᠬᠡᠮᠵᠢᠶ᠎ᠠ ᠪᠠ ᠰᠢᠢᠳᠪᠤᠷᠢᠯᠡᠬᠦ ᠴᠠᠭ ᠬᠤᠭᠤᠴᠠᠭ᠎ᠠ ᠶᠢ ᠲᠤᠳᠤᠷᠬᠠᠶᠢᠯᠠᠭᠰᠠᠨ ᠪᠠᠶᠢᠨ᠎ᠠ᠃ ᠪᠤᠰᠤᠳᠴᠢ ᠰᠢᠯᠳᠠᠭᠠᠨ ᠠᠴᠠ ᠪᠤᠯᠵᠦ ᠤᠳᠤᠬᠠᠨ ᠳᠤ ᠪᠠᠨ ᠰᠢᠢᠳᠪᠤᠷᠢᠯᠡᠵᠦ ᠲᠠᠶᠢᠯᠬᠦ ᠦᠬᠡᠢ ᠵᠦᠢᠯ ᠳᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠶᠢᠨ ᠬᠠᠮᠳᠤ ᠤᠨᠤᠪᠴᠢᠳᠠᠢ ᠲᠠᠶᠢᠯᠪᠤᠷᠢᠯᠠᠯᠳᠠ ᠬᠢᠪᠡ᠃ ᠭᠤᠷᠪᠠ᠂ ᠰᠠᠨᠠᠯ ᠲᠤᠷᠠᠳᠤᠯᠭ᠎ᠠ ᠶᠢ ᠬᠦᠢᠴᠡᠳᠭᠡᠭᠰᠡᠨ ᠪᠠᠶᠢᠳᠠᠯ ︵ᠨᠢᠬᠡ︶ 005᠂ 006᠂ 007᠂ 076᠂ 078᠂ 079᠂ 080᠂ 082᠂ 084᠂ 085᠂ 086᠂ 087᠂ 109᠂ 144᠂ 145 ᠳ᠋ᠤᠭᠠᠷ ᠰᠠᠨᠠᠯ ᠲᠤᠷᠠᠳᠤᠯᠭ᠎ᠠ ᠳᠤ ᠰᠤᠮᠤ ᠪᠠᠯᠭᠠᠰᠤᠨ ᠤ ᠵᠠᠮ ᠨᠡᠪᠳᠡᠷᠡᠯᠬᠡ ᠶᠢᠨ ᠰᠠᠭᠤᠷᠢ ᠪᠦᠳᠦᠬᠡᠨ ᠪᠠᠶᠢᠭᠤᠯᠤᠯᠳᠠ ᠵᠢᠴᠢ ᠠᠷᠠᠴᠢᠯᠠᠯᠳᠠ ᠬᠠᠮᠠᠭᠠᠯᠠᠯᠳᠠ᠂ ᠰᠠᠯᠪᠢᠨ ᠵᠠᠰᠠᠬᠤ ᠲᠤᠬᠠᠢ ᠲᠤᠷᠠᠳᠤᠭᠰᠠᠨ ᠰᠠᠨᠠᠯ ᠳᠤᠷᠠᠳᠪᠠ᠃ ᠤᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ᠬᠦᠳᠡᠭᠡ ᠲᠤᠰᠬᠤᠨ ᠳᠤ ᠵᠠᠰᠠᠮᠠᠯ ᠵᠠᠮ ᠨᠡᠪᠳᠡᠷᠡᠬᠦᠯᠬᠦ ᠠᠵᠢᠯ ᠎ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ 2018 ᠤᠨ ᠳᠤ ᠬᠦᠳᠡᠭᠡ ᠲᠤᠰᠬᠤᠨ ᠳᠤ ᠨᠠᠶᠢᠳᠠ 129.028 ᠺᠢᠯᠤᠮᠧᠲᠷ ᠎ ᠤᠨ ᠵᠠᠮ ᠵᠠᠰᠠᠬᠤ ᠠᠵᠢᠯ ᠢ ᠡᠬᠢᠯᠠᠬᠦᠯᠵᠦ᠂ ᠡᠬᠦᠨ ᠳᠤ ᠽᠧᠮᠧᠨ᠋ᠲ ᠵᠠᠮ 93.628 ᠺᠢᠯᠤᠮᠧᠲᠷ᠂ ᠠᠶᠢᠯ ᠬᠤᠳᠠ ᠳᠤ ᠨᠡᠪᠳᠡᠷᠡᠬᠦ ᠴᠢᠯᠠᠭᠤᠨ ᠵᠠᠮ 35.4 ᠺᠢᠯᠤᠮᠧᠲᠷ ᠵᠠᠰᠠᠬᠤ ᠠᠵᠢᠯ ᠢ ᠡᠬᠢᠯᠡᠬᠦᠯᠵᠦ᠂ ᠤᠳᠤ ᠠᠶᠢᠯ ᠬᠤᠳᠠ ᠳᠤ ᠨᠡᠪᠳᠡᠷᠡᠬᠦ ᠴᠢᠯᠠᠭᠤᠨ ᠵᠠᠮ ᠢ ᠪᠦᠬᠦᠨ ᠢ ᠵᠠᠰᠠᠨ᠂ ᠭᠠᠴᠠᠭ᠎ᠠ ᠲᠤᠰᠬᠤᠨ ᠳᠤ ᠨᠡᠪᠳᠡᠷᠡᠬᠦ ᠽᠧᠮᠧᠨ᠋ᠲ ᠵᠠᠮ ᠢ 40.882 ᠺᠢᠯᠤᠮᠧᠲᠷ ᠵᠠᠰᠠᠭᠠᠳ ᠪᠤᠢ᠃007᠂ 076᠂ 078᠂ 082᠂ 084᠂ 087᠂ 145 ᠳ᠋ᠤᠭᠡᠷ ᠰᠠᠨᠠᠯ ᠲᠤᠷᠠᠳᠤᠯᠭ᠎ᠠ ᠶᠢ ᠦᠨᠳᠦᠰᠦᠯᠠᠨ᠂ 2018 ᠤᠨ ᠳᠤ ᠮᠠᠨ ᠤ ᠬᠤᠰᠢᠭᠤ ᠨᠢ ᠰᠠᠶᠢᠨᠬᠤᠳᠳᠤᠭ ᠰᠤᠮᠤᠨ ᠤ ᠲᠠᠪᠬᠤᠷ ᠲᠠᠯ᠎ᠠ ᠬᠤᠳᠠ ᠠᠴᠠ ᠬᠤᠵᠢᠷᠳᠡᠢ ᠬᠤᠳᠠ ᠬᠦᠷᠳᠡᠯᠡᠬᠢ 11.9 ᠺᠢᠯᠤᠮᠧᠲᠷ ᠴᠢᠯᠠᠭᠤᠨ ᠵᠠᠮ᠂ Y601 ᠱᠤᠭᠤᠮ — ᠲᠤᠷᠤᠨᠠᠶᠢᠳᠤ — ᠤᠯᠠᠨ ᠮᠤᠳᠤ ᠬᠤᠳᠠ ᠬᠦᠷᠳᠡᠯᠡᠬᠢ 3.5 ᠺᠢᠯᠤᠮᠧᠲᠷ ᠤᠨ ᠴᠢᠯᠠᠭᠤᠨ ᠵᠠᠮ︔ ᠰᠠᠩ ᠤᠨ ᠲᠠᠯᠠᠢ ᠪᠠᠯᠭᠠᠰᠤᠨ ᠤ ᠲᠠᠪᠤᠨ ᠤᠳᠤ ᠭᠠᠴᠠᠭᠠᠨ ᠤ ᠰᠠᠭᠠᠯᠢ ᠶᠢᠨ ᠦᠨᠢᠶᠠᠨ ᠤ ᠮᠠᠯᠵᠢᠯ ᠤᠨ ᠲᠠᠯᠠᠪᠠᠢ ᠳᠤ 0.65 ᠺᠢᠯᠤᠮᠧᠲᠷ ᠴᠢᠯᠠᠭᠤᠨ ᠵᠠᠮ ᠢ ᠲᠡᠪᠢᠰᠪᠠ᠃ ᠱᠠᠩᠳᠤ ᠪᠠᠯᠭᠠᠰᠤᠨ ᠤ ᠰᠧᠯᠠᠩᠴᠧᠩ ᠭᠠᠴᠠᠭᠠᠨ ᠤ ᠠᠭᠤᠯᠠ ᠶᠢᠨ ᠠᠷᠤ ᠶᠢᠨ ᠬᠤᠳᠠ ᠳᠤ 1 ᠺᠢᠯᠤᠮᠧᠲᠷ ᠤᠷᠳᠤ ᠨᠤᠳᠤᠭ ᠤᠨ ᠵᠠᠮ ᠎ ᠢ ᠵᠠᠰᠠᠪᠠ᠃ ᠱᠠᠩᠳᠤ ᠪᠠᠯᠭᠠᠰᠤᠨ ᠤ ᠡᠩᠬᠡᠷᠪᠤᠯᠠᠭ ᠭᠠᠴᠠᠭᠠᠨ ᠳᠤ 2 ᠵᠤᠷᠪᠤᠰ ᠨᠠᠶᠢᠳᠠ ᠤᠷᠳᠤ ᠨᠢ 4.7 ᠺᠢᠯᠤᠮᠧᠲᠷ ᠵᠠᠮ ᠎ ᠢ ᠰᠡᠯᠪᠢᠨ ᠵᠠᠰᠠᠪᠠ᠃ ᠪᠠᠶᠠᠨᠮᠡᠨᠳᠤ ᠭᠠᠴᠠᠭᠠᠨ ᠤ ᠤᠭᠤᠨᠤ ᠶᠢᠨ ᠴᠠᠭᠠᠨ ᠠᠴᠠ ᠰᠤᠤ ᠨᠠᠭᠤᠷ ᠬᠤᠳᠠ ᠬᠦᠷᠳᠡᠯᠡᠬᠢ 5.6 ᠺᠢᠯᠤᠮᠧᠲᠷ ᠴᠢᠯᠠᠭᠤᠨ ᠵᠠᠮ᠂ ᠷᠡᠰᠢᠶᠠᠨᠳᠤ ᠠᠴᠠ ᠪᠠᠶᠠᠨᠮᠡᠨᠳᠦ ᠬᠦᠷᠳᠡᠯᠡᠬᠢ 2.2 ᠺᠢᠯᠤᠮᠧᠲᠷ ᠴᠢᠯᠠᠭᠤᠨ ᠵᠠᠮ ᠵᠡᠷᠬᠡ ᠨᠡᠶᠢᠳᠡ ᠤᠷᠳᠤ ᠨᠢ 7.8 ᠺᠢᠯᠤᠮᠧᠲᠷ ᠤᠨ ᠵᠠᠮ ᠢ ᠵᠠᠰᠠᠪᠠ᠃ ᠴᠠᠭᠠᠠᠤᠪᠤᠭ᠎ᠠ ᠭᠠᠴᠠᠭᠠᠨ ᠳᠤ ᠨᠡᠷᠡᠳᠦ ᠠᠴᠠ ᠵᠢᠭᠠᠰᠤᠳᠠᠢ ᠬᠦᠷᠬᠦ ᠵᠠᠮ ᠎ ᠠᠴᠠ ᠬᠡᠷᠡᠮᠳᠦ ᠬᠤᠳᠠ ᠬᠦᠷᠳᠡᠯᠡᠬᠢ 5 ᠺᠢᠯᠤᠮᠧᠲᠷ ᠴᠢᠯᠠᠭᠤᠨ ᠵᠠᠮ᠂ ᠨᠠᠷᠠᠳᠤ ᠠᠴᠠ ᠵᠢᠭᠠᠰᠤᠳᠠᠢ ᠬᠦᠷᠬᠦ ᠵᠠᠮ ᠠᠴᠠ ᠰᠢᠬᠦᠷᠳᠡᠢ ᠬᠤᠳᠠ ᠬᠦᠷᠬᠦ 0.9 ᠺᠢᠯᠤᠮᠧᠲᠷ ᠴᠢᠯᠠᠭᠤᠨ ᠵᠠᠮ ᠢ ᠵᠠᠰᠠᠵᠦ᠂ ᠨᠠᠷᠠᠳᠤ ᠠᠴᠠ ᠵᠢᠭᠠᠰᠤᠳᠠᠢ ᠬᠦᠷᠬᠦ ᠵᠠᠮ ᠠᠴᠠ ᠴᠠᠭᠠᠠᠤᠪᠤᠭ᠎ᠠ ᠭᠠᠴᠠᠭ᠎ᠠ ᠬᠦᠷᠬᠦ 12 ᠺᠢᠯᠤᠮᠧᠲᠷ ᠤᠷᠳᠤ ᠵᠠᠮ ᠢ ᠠᠷᠠᠴᠢᠯᠠᠨ ᠬᠠᠮᠠᠭᠠᠯᠠᠪᠠ᠃ ᠬᠤᠯᠤᠰᠤᠳᠠᠢ ᠭᠠᠴᠠᠭᠠᠨ ᠳᠤ ᠨᠠᠷᠠᠳᠤ ᠰᠤᠮᠤᠨ ᠤ ᠲᠦᠪ ᠠᠴᠠ ᠰᠢᠯᠢ ᠶᠢᠨ ᠠᠷᠤ ᠬᠤᠳᠠ ᠬᠦᠷᠳᠡᠯᠡᠬᠢ 1.3 ᠺᠢᠯᠤᠮᠧᠲᠷ ᠴᠢᠠᠯᠭᠤᠨ ᠵᠠᠮ ᠢ ᠵᠠᠰᠠᠵᠦ᠂ ᠨᠠᠶᠢᠳᠠ 15 ᠺᠢᠯᠤᠮᠧᠲᠷ ᠴᠢᠯᠠᠭᠤᠨ ᠵᠠᠮ ᠢ ᠰᠢᠨ᠎ᠠ ᠪᠠᠷ ᠵᠠᠰᠠᠨ᠂ 12 ᠺᠢᠯᠤᠮᠧᠲᠷ ᠤᠷᠳᠤ ᠵᠠᠮ ᠱᠤᠭᠤᠮ ᠢ ᠠᠷᠠᠴᠢᠯᠠᠨ ᠬᠠᠮᠠᠭᠠᠯᠠᠭᠰᠠᠨ ᠪᠠᠶᠢᠨ᠎ᠠ᠃ ᠢᠩᠬᠢᠭᠰᠡᠨ ᠠᠴᠠ ᠡᠯ᠎ᠠ ᠭᠠᠴᠠᠭ᠎ᠠ ᠲᠤᠰᠬᠤᠨ ᠳᠤ ᠨᠡᠪᠳᠡᠷᠡᠬᠦ ᠵᠠᠮ ᠢ ᠦᠨᠳᠦᠰᠦᠨ ᠳᠡᠭᠡᠨ ᠵᠠᠰᠠᠵᠦ ᠨᠡᠪᠳᠡᠷᠡᠬᠦᠯᠦᠭᠰᠡᠨ ᠪᠦᠬᠡᠳ ᠰᠠᠨᠠᠯ ᠲᠤᠷᠠᠳᠤᠯᠭ᠎ᠠ ᠳᠤ ᠲᠤᠷᠠᠳᠤᠭᠰᠠᠨ ᠪᠤᠰᠤᠳ ᠵᠠᠰᠠᠵᠦ ᠲᠠᠶᠢᠯᠦᠬᠡᠳᠦᠢ ᠵᠠᠮ ᠱᠤᠭᠤᠮ ᠢ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠯᠡᠬᠡᠨ ᠳᠤ ᠤᠷᠤᠭᠤᠯᠤᠨ᠂ ᠲᠡᠭᠡᠳᠦ ᠱᠠᠳᠤᠨ ᠠᠴᠠ ᠬᠠᠮᠢᠶ᠎ᠠ ᠪᠦᠬᠦᠢ ᠲᠦᠷᠦᠯ ᠵᠦᠢᠯ ᠤᠨ ᠪᠡᠯᠡ ᠮᠦᠩᠬᠦ ᠶᠢ ᠡᠷᠡᠮᠡᠯᠵᠡᠯᠡᠵᠦ᠂ ᠵᠠᠮ ᠱᠤᠭᠤᠮ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠪᠤᠯᠤᠨ᠎ᠠ᠃006᠂ 086᠂ 109 ᠳ᠋ᠤᠭᠡᠷ ᠰᠠᠨᠠᠯ ᠲᠤᠷᠠᠳᠤᠯᠭ᠎ᠠ ᠶᠢ ᠦᠨᠳᠦᠰᠦᠯᠡᠵᠦ᠂ 2018 ᠤᠨ ᠳᠤ ᠮᠠᠨ ᠤ ᠬᠤᠰᠢᠭᠤ ᠨᠢ ᠬᠠᠪᠢᠷᠭ᠎ᠠ ᠪᠠᠯᠭᠠᠰᠤᠨ ᠠᠴᠠ ᠶᠡᠬᠡᠬᠠᠶᠢᠷᠬᠠᠨ ᠬᠦᠷᠬᠦ ᠵᠠᠮ ᠤᠨ ᠬᠤᠶᠠᠷ ᠬᠠᠵᠠᠭᠤ ᠶᠢ ᠠᠷᠠᠴᠢᠯᠠᠨ ᠬᠠᠮᠠᠭᠠᠯᠠᠵᠦ᠂ 2019 ᠤᠨ ᠳᠤ ᠡᠨᠡᠬᠦ ᠵᠤᠷᠪᠤᠰ ᠵᠠᠮ ᠢ ᠶᠡᠬᠡᠪᠡᠷ ᠰᠢᠨᠡᠳᠬᠡᠨ ᠵᠠᠰᠠᠬᠤ ᠪᠠᠷ ᠲᠦᠯᠦᠪᠯᠡᠨ᠂ ᠲᠤᠰ ᠲᠦᠷᠦᠯ ᠵᠦᠢᠯ ᠨᠢ ᠨᠢᠬᠡᠨᠳᠡ ᠳᠠᠭᠠᠭᠠᠴᠢᠯᠠᠯᠳᠠ ᠵᠠᠷᠯᠠᠬᠤ ᠪᠡᠯᠡᠳᠬᠡᠯ ᠬᠤᠭᠤᠴᠠᠭᠠᠨ ᠳᠤ ᠤᠷᠤᠵᠦ᠂ 9 ᠰᠠᠷ᠎ᠠ ᠶᠢᠨ ᠰᠡᠬᠦᠯᠴᠢ ᠪᠠᠷ ᠬᠡᠷᠡᠭᠯᠡᠯᠳᠡ ᠳᠤ ᠤᠷᠤᠭᠤᠯᠤᠨ᠎ᠠ᠃ S105 ᠱᠤᠭᠤᠮ ᠢ ᠲᠦᠷᠬᠡᠨ ᠤ ᠵᠠᠮ ᠪᠤᠯᠭᠠᠨ ᠪᠢᠳᠡᠬᠦᠮᠵᠢᠯᠡᠭᠰᠡᠨ ᠠᠴᠠ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠤᠷᠢᠯᠡᠯ ᠢ ᠨᠦᠯᠦᠬᠡᠯᠡᠵᠦ ᠮᠡᠳᠡᠬᠦ ᠠᠰᠠᠭᠤᠳᠠᠯ ᠳᠤ ᠴᠢᠭᠯᠡᠬᠦᠯᠦᠨ᠂ ᠮᠠᠨ ᠤ ᠬᠤᠰᠢᠭᠤ ᠨᠢ ᠲᠦᠷᠬᠡᠨ ᠤ ᠵᠠᠮ ᠤᠨ ᠵᠢᠷᠤᠭ ᠲᠦᠯᠦᠪᠵᠢᠬᠦᠯᠬᠡ ᠶᠢᠨ ᠰᠠᠯᠠᠭ᠎ᠠ ᠮᠦᠴᠢᠷ ᠲᠠᠢ ᠢᠳᠡᠪᠬᠢᠳᠡᠢ ᠬᠠᠷᠢᠴᠠᠵᠦ ᠬᠤᠰᠢᠭᠤᠨ ᠤ ᠵᠠᠭᠠᠭ ᠳᠣᠳᠣᠷᠠᠬᠢ 110 ᠺᠢᠯᠤᠮᠧᠲᠷ ᠤᠷᠳᠤ ᠵᠠᠮ ᠱᠤᠭᠤᠮ ᠳᠤ 28 ᠬᠦᠨᠳᠡᠯᠡᠨ ᠬᠦᠬᠦᠷᠬᠡ᠂ 64 ᠵᠠᠮ ᠠᠴᠠ ᠪᠠᠭᠤᠬᠤ ᠭᠠᠷᠤᠴᠠ᠂ 3 ᠰᠤᠯᠢᠪᠴᠠᠯ ᠬᠦᠬᠦᠷᠬᠡ ᠪᠠᠶᠢᠭᠤᠯᠬᠤ ᠪᠠᠷ ᠲᠦᠯᠦᠪᠯᠡᠨ᠂ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠤᠷᠢᠯᠡᠯ ᠳᠠᠬᠢ ᠨᠦᠯᠦᠬᠡ ᠶᠢ ᠠᠯᠢ ᠴᠢᠳᠠᠬᠤ ᠪᠠᠷ ᠪᠠᠭᠠᠰᠬᠠᠬᠤ ᠪᠠᠷ ᠴᠢᠷᠮᠠᠶᠢᠪᠠ᠃ 2018 ᠤᠨ ᠤ 8 ᠰᠠᠷ᠎ᠠ ᠎ ᠠᠴᠠ ᠨᠠᠷᠠᠳᠤ ᠰᠤᠮᠤᠨ ᠤ ᠬᠥᠬᠡᠨᠠᠭᠤᠷ ᠭᠠᠴᠠᠭᠠᠨ ᠠᠴᠠ ᠬᠠᠨ ᠪᠠᠯᠢᠭ ᠵᠢᠭᠤᠯᠴᠢᠯᠠᠯ ᠤᠨ ᠭᠠᠵᠠᠷ ᠬᠦᠷᠬᠦ 15.044 ᠺᠢᠯᠤᠮᠧᠲᠷ ᠽᠧᠮᠧᠨ᠋ᠲ ᠵᠠᠮ ᠢ ᠡᠬᠢᠯᠡᠨ ᠳᠡᠪᠢᠰᠴᠦ᠂ 2019 ᠤᠨ ᠳᠤ 9 ᠰᠠᠷ᠎ᠠ ᠳᠤ ᠲᠠᠭᠤᠰᠬᠠᠬᠤ ᠪᠠᠷ ᠲᠦᠯᠦᠪᠯᠡᠵᠦ ᠪᠤᠢ ᠃ 2019 ᠤᠨ ᠳᠤ ᠬᠦᠬᠡᠨᠡᠭᠤᠷ ᠭᠠᠴᠠᠭᠠᠨ ᠠᠴᠠ ᠬᠠᠨ ᠪᠠᠯᠢᠭ ᠬᠦᠷᠬᠦ ᠵᠢᠭᠤᠯᠴᠢᠯᠠᠯ ᠳᠤ ᠵᠤᠷᠢᠭᠤᠯᠤᠭᠰᠠᠨ ᠽᠧᠮᠧᠨ᠋ᠲ ᠵᠠᠮ 15.044 ᠺᠢᠯᠤᠮᠧᠲᠷ᠂ ᠰᠠᠶᠢᠬᠠᠨᠨᠠᠭᠤᠷ ᠭᠠᠴᠠᠭᠠᠨ ᠠᠴᠠ ᠭᠤᠭᠤᠰᠤᠳᠠᠢ ᠬᠦᠷᠬᠦ 17.51 ᠺᠢᠯᠤᠮᠧᠲᠷ ᠵᠠᠮ ᠢ ᠬᠡᠷᠡᠭᠯᠡᠯᠳᠡ ᠳᠤ ᠤᠷᠤᠭᠤᠯᠬᠤ ᠪᠠᠷ ᠲᠦᠯᠦᠪᠯᠡᠵᠦ ᠪᠤᠢ᠃005᠂ 079᠂ 080᠂ 085᠂ 144 ᠳ᠋ᠤᠭᠡᠷ ᠰᠠᠨᠠᠯ ᠲᠤᠷᠠᠳᠤᠯᠭ᠎ᠠ ᠳᠤ ᠲᠤᠷᠠᠳᠤᠭᠰᠠᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠳᠤ ᠬᠡᠷᠡᠭᠰᠡᠬᠦ ᠪᠡᠯᠡ ᠮᠦᠩᠬᠦ ᠶᠡᠭᠡ᠂ ᠲᠡᠭᠡᠳᠦ ᠱᠠᠳᠤᠨ ᠤ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠠᠷᠠᠭᠠᠯᠵᠠᠭᠰᠠᠨ ᠲᠦᠷᠦᠯ ᠵᠦᠢᠯ ᠤᠨ ᠲᠡᠮᠵᠢᠯᠬᠡ ᠬᠤᠮᠰᠠ᠂ ᠤᠷᠤᠨ ᠨᠤᠳᠤᠭ ᠤᠨ ᠡᠳ᠋ ᠤᠨ ᠬᠦᠴᠦᠨ ᠬᠦᠷᠦᠯᠴᠡᠬᠦ ᠦᠬᠡᠢ ᠪᠤᠯᠬᠤᠷ ᠭᠠᠴᠠᠭ᠎ᠠ ᠲᠤᠰᠬᠤᠨ ᠳᠤ ᠨᠡᠪᠳᠡᠷᠡᠬᠦ ᠵᠠᠮ ᠤᠨ ᠪᠦᠳᠦᠬᠡᠨ ᠪᠠᠶᠢᠭᠤᠯᠤᠯᠳᠠ ᠤᠳᠠᠭᠠᠰᠢᠷᠠᠵᠦ ᠪᠠᠶᠢᠨ᠎ᠠ ᠬᠡᠰᠡᠨ ᠠᠰᠠᠭᠤᠳᠠᠯ ᠳᠤ ᠴᠢᠭᠯᠡᠬᠦᠯᠦᠨ᠂ ᠮᠠᠨ ᠤ ᠬᠤᠰᠢᠭᠤ ᠨᠢ ᠲᠡᠭᠡᠷ᠎ᠡ ᠲᠤᠷᠠᠳᠤᠭᠰᠠᠨ ᠵᠠᠮ ᠱᠤᠭᠤᠮ ᠤᠨ ᠪᠦᠳᠦᠬᠡᠨ ᠪᠠᠶᠢᠭᠤᠯᠤᠯᠳᠠ ᠶᠢ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠯᠡᠬᠡᠨ ᠳᠤ ᠤᠷᠤᠭᠤᠯᠵᠦ᠂ ᠲᠡᠭᠡᠳᠦ ᠱᠠᠳᠤᠨ ᠠᠴᠠ ᠲᠦᠷᠦᠯ ᠵᠦᠢᠯ ᠤᠨ ᠪᠡᠯᠡ ᠮᠦᠩᠬᠦ ᠡᠷᠡᠮᠡᠯᠵᠡᠯᠡᠨ᠂ ᠠᠯᠭᠤᠷ ᠢᠶᠠᠷ ᠰᠢᠢᠳᠪᠤᠷᠢᠯᠡᠬᠦ ᠪᠤᠯᠤᠨ᠎ᠠ᠃             ︵ᠬᠤᠶᠠᠷ︶ 010᠂ 011᠂ 012᠂ 088᠂ 089᠂ 090᠂ 128᠂ 152 ᠳ᠋ᠤᠭᠠᠷ ᠰᠠᠨᠠᠯ ᠲᠤᠷᠠᠳᠤᠯᠭ᠎ᠠ ᠳᠤ ᠪᠤᠶᠢᠳᠠ ᠪᠦᠭᠯᠡᠬᠦᠦ ᠤᠷᠤᠨ ᠤ ᠦᠢᠡᠯᠳᠪᠤᠷᠢᠯᠡᠯ ᠠᠮᠢᠳᠤᠷᠠᠯ ᠳᠤ ᠴᠠᠬᠢᠯᠭᠠᠨ ᠬᠡᠷᠡᠭᠯᠡᠬᠦ ᠳᠤ ᠬᠦᠴᠢᠷᠲᠡᠢ ᠪᠠᠶᠢᠭ᠎ᠠ ᠠᠰᠠᠭᠤᠳᠠᠯ ᠢ ᠲᠤᠷᠠᠳᠴᠠᠢ᠃ ᠪᠦᠬᠦ ᠠᠶᠢᠮᠠᠭ ᠤᠨ ᠴᠠᠬᠢᠯᠭᠠᠨ ᠨᠡᠪᠳᠡᠷᠡᠬᠦᠯᠬᠦ ᠲᠦᠯᠦᠪᠯᠡᠭᠡ ᠪᠠᠷ ᠮᠠᠨ ᠤ ᠬᠤᠰᠢᠭᠤᠨ ᠎ ᠤ ᠴᠠᠬᠢᠯᠭᠠᠨ ᠨᠡᠪᠳᠡᠷᠡᠬᠦ ᠨᠦᠬᠦᠴᠡᠯ ᠳᠤ ᠬᠦᠷᠦᠭᠰᠡᠨ ᠮᠠᠯᠴᠢᠨ ᠡᠷᠦᠬᠡ ᠶᠢ ᠪᠠᠶᠢᠩᠭᠤ ᠶᠢᠨ ᠴᠠᠬᠢᠯᠭᠠᠨ ᠨᠡᠪᠳᠡᠷᠡᠬᠦᠯᠬᠦ ᠲᠦᠯᠦᠪᠯᠡᠬᠡᠨ ᠳᠤ ᠤᠷᠤᠭᠤᠯᠤᠨ᠂ 2018 ᠤᠨ ᠳᠤ ᠨᠠᠶᠢᠳᠠ 6 ᠲᠦᠷᠦᠯ ᠤᠨ ᠴᠠᠬᠢᠯᠭᠠᠨ ᠲᠤᠤᠷ ᠤᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠦ᠂ 1.03 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠪᠤᠶᠢᠳᠠ ᠪᠦᠭᠯᠡᠬᠦᠦ ᠤᠷᠤᠨ ᠤ 661 ᠮᠠᠯᠴᠢᠨ ᠡᠷᠦᠬᠡ ᠳᠤ ᠴᠠᠬᠢᠯᠭᠠᠨ ᠨᠡᠪᠳᠡᠷᠡᠬᠦᠯᠦᠨ᠂ ᠶᠠᠳᠠᠭᠤ ᠲᠤᠰᠬᠤᠨ ᠤ 139 ᠡᠷᠦᠬᠡ ᠶᠢᠨ ᠬᠦᠳᠡᠯᠭᠡᠭᠴᠢ ᠬᠦᠴᠦᠨ ᠤ ᠴᠠᠬᠢᠯᠭᠠᠨ ᠭᠠᠷᠭᠠᠬᠤ ᠮᠠᠰᠢᠨ ᠢ ᠦᠬᠡᠷᠡᠴᠢᠯᠡᠪᠡ᠃ 011᠂ 012᠂ 090 ᠳ᠋ᠤᠭᠡᠷ ᠰᠠᠨᠠᠯ ᠲᠤᠷᠠᠳᠤᠯᠭ᠎ᠠ ᠳᠤ ᠨᠡᠷᠡᠳᠦ᠂ ᠵᠢᠭᠠᠰᠤᠳᠠᠢ᠂ ᠰᠠᠶᠢᠨᠬᠤᠳᠳᠤᠭ ᠰᠤᠮᠤᠨ ᠤ ᠵᠠᠷᠢᠮ ᠭᠠᠴᠠᠭᠠᠨ ᠳᠤ ᠴᠠᠬᠢᠯᠭᠠᠨ ᠨᠡᠪᠳᠡᠷᠡᠬᠦᠯᠬᠦ ᠪᠠᠷ ᠲᠤᠷᠠᠳᠤᠭᠰᠠᠨ ᠪᠠᠶᠢᠨ᠎ᠠ᠃ ᠡᠯ᠎ᠠ ᠰᠤᠮᠤᠨ ᠤ ᠴᠠᠬᠢᠯᠭᠠᠨ ᠨᠡᠪᠳᠡᠷᠡᠬᠦᠯᠬᠦ ᠪᠠᠷ ᠭᠤᠶᠤᠴᠢᠯᠠᠭᠰᠠᠨ ᠤᠷᠤᠨ ᠲᠤᠭᠠᠨ ᠤ ᠪᠠᠶᠢᠳᠠᠯ ᠢ ᠦᠨᠳᠦᠰᠦᠯᠡᠵᠦ ᠴᠠᠬᠢᠯᠭᠠᠨ ᠬᠠᠩᠭᠠᠬᠤ ᠰᠠᠯᠠᠭ᠎ᠠ ᠮᠦᠴᠢᠷ ᠨᠢ ᠨᠦᠬᠦᠴᠡᠯ ᠳᠤ ᠨᠡᠶᠢᠴᠡᠬᠦ ᠭᠠᠴᠠᠭ᠎ᠠ ᠲᠤᠰᠬᠤᠨ ᠢ ᠮᠠᠨ ᠤ ᠬᠤᠰᠢᠭᠤᠨ ᠤ 2018 ᠤᠨ ᠤ ᠴᠠᠬᠢᠯᠭᠠᠨ ᠨᠡᠪᠳᠡᠷᠬᠦᠯᠬᠦ ᠠᠵᠢᠯ ᠤᠨ ᠲᠦᠰᠦᠪ ᠳᠤ ᠤᠷᠤᠭᠤᠯᠤᠨ ᠬᠡᠷᠡᠭᠵᠢᠬᠦᠯᠦᠭᠰᠡᠨ ᠪᠠᠶᠢᠨ᠎ᠠ᠃ 010᠂ 088᠂ 089᠂ 128᠂ 152 ᠳ᠋ᠤᠭᠠᠷ ᠰᠠᠨᠠᠯ ᠲᠤᠷᠠᠳᠤᠯᠭ᠎ᠠ ᠳᠤ ᠰᠠᠩ ᠤᠨ ᠲᠠᠯᠠᠢ ᠪᠠᠯᠭᠠᠰᠤ᠂ ᠱᠠᠩᠳᠤ ᠪᠠᠯᠭᠠᠰᠤ ᠪᠠ ᠪᠤᠱᠤᠤᠳᠠᠢ ᠰᠤᠮᠤᠨ ᠤ ᠵᠠᠷᠢᠮ ᠭᠠᠴᠠᠭᠠᠨ ᠳᠤ ᠪᠠᠶᠢᠩᠭᠤ ᠶᠢᠨ ᠴᠠᠬᠢᠯᠭᠠᠨ ᠨᠡᠪᠳᠡᠷᠡᠬᠦᠯᠬᠦ ᠪᠠᠷ ᠱᠠᠭᠠᠷᠳᠠᠵᠠᠢ᠃ ᠡᠳᠡᠬᠡᠷ ᠭᠠᠵᠠᠷ ᠤᠳ ᠨᠢ 2018 ᠤᠨ ᠤ ᠴᠠᠬᠢᠯᠭᠠᠨ ᠨᠡᠪᠳᠡᠷᠡᠬᠦᠯᠬᠦ ᠲᠦᠰᠦᠪ ᠢ ᠲᠤᠭᠳᠠᠭᠠᠬᠤ ᠠᠴᠠ ᠡᠮᠤᠨ᠎ᠡ ᠴᠠᠬᠢᠯᠭᠠᠨ ᠨᠡᠪᠳᠡᠷᠡᠬᠦᠯᠬᠦ ᠭᠤᠶᠤᠴᠢᠯᠠᠯ ᠢᠶᠠᠨ ᠲᠡᠪᠰᠢᠬᠦᠯᠦᠭᠰᠡᠨ ᠦᠬᠡᠢ ᠪᠤᠯᠬᠤᠷ 2018 ᠤᠨ ᠎ ᠤ ᠲᠦᠰᠦᠪ ᠳᠤ ᠤᠷᠤᠭᠤᠯᠵᠦ ᠴᠢᠳᠠᠭᠰᠠᠨ ᠦᠬᠡᠢ᠃ ᠪᠠᠶᠢᠩᠭᠤ ᠶᠢᠨ ᠴᠠᠬᠢᠯᠭᠠᠨ ᠨᠡᠪᠳᠡᠷᠡᠬᠦᠯᠬᠦ ᠲᠦᠰᠦᠪ ᠳᠤ ᠤᠷᠤᠭᠠᠳᠤᠢ ᠭᠠᠴᠠᠭ᠎ᠠ ᠲᠤᠰᠬᠤᠨ ᠢ ᠬᠤᠰᠢᠭᠤ ᠬᠦᠭᠵᠢᠬᠦᠯᠦᠯᠳᠡ ᠦᠬᠡᠷᠡᠴᠢᠯᠡᠯᠳᠡ ᠶᠢᠨ ᠰᠠᠯᠠᠭ᠎ᠠ ᠮᠦᠴᠢᠷ ᠠᠴᠠ ᠡᠯ᠎ᠠ ᠰᠤᠮᠤ ᠪᠠᠯᠭᠠᠰᠤ ᠎ ᠲᠠᠢ ᠬᠠᠮᠢᠶ᠎ᠠ ᠪᠦᠬᠦᠢ ᠰᠤᠷᠠᠭ ᠵᠠᠩᠬᠢ ᠶᠢ ᠲᠠᠬᠢᠨ ᠬᠠᠷᠭᠤᠭᠤᠯᠵᠦ᠂ ᠦᠪᠡᠷᠳᠡᠬᠡᠨ ᠵᠠᠰᠠᠬᠤ ᠤᠷᠤᠨ ᠤ ᠴᠠᠬᠢᠯᠭᠠᠨ ᠬᠠᠩᠭᠠᠬᠤ ᠰᠠᠯᠠᠭ᠎ᠠ ᠮᠦᠴᠢᠷ ᠤᠨ ᠴᠠᠬᠢᠯᠭᠠᠨ ᠨᠡᠪᠳᠡᠷᠡᠬᠦᠯᠬᠦ ᠠᠵᠢᠯ ᠤᠨ ᠲᠦᠰᠦᠪ ᠪᠠᠭᠤᠭᠰᠠᠨ ᠤ ᠰᠡᠬᠦᠯᠡᠷ ᠬᠤᠰᠢᠭᠤ ᠴᠠᠬᠢᠯᠭᠠᠨ ᠬᠠᠩᠭᠠᠬᠤ ᠲᠤᠪᠴᠢᠶ᠎ᠠ ᠲᠠᠢ ᠬᠠᠮᠵᠢᠯᠴᠠᠵᠦ᠂ ᠴᠠᠬᠢᠯᠭᠠᠨ ᠨᠡᠪᠳᠡᠷᠡᠬᠦᠯᠬᠦ ᠠᠰᠠᠭᠤᠳᠠᠯ ᠢ ᠰᠢᠢᠳᠪᠤᠷᠢᠯᠡᠵᠵᠦ᠂ ᠲᠦᠯᠦᠪᠯᠡᠬᠡᠨ ᠎ ᠳᠤ ᠤᠷᠤᠵᠦ ᠲᠠᠶᠢᠯᠦᠭᠰᠠᠨ ᠦᠬᠡᠢ ᠭᠠᠴᠠᠭ᠎ᠠ ᠲᠤᠰᠬᠤᠨ ᠢ ᠲᠦᠯᠦᠪᠯᠡᠬᠡᠨ ᠳᠤ ᠤᠷᠤᠭᠤᠯᠤᠨ᠎ᠠ᠃             ︵ᠭᠤᠷᠪᠠ︶ 038᠂ 063᠂ 064᠂ 065᠂ 067᠂ 068᠂ 069᠂ 070᠂ 094᠂ 147 ᠳ᠋ᠤᠭᠠᠷ ᠰᠠᠨᠠᠯ ᠲᠤᠷᠠᠳᠤᠯᠭ᠎ᠠ ᠳᠤ ᠰᠤᠷᠭᠠᠨ ᠬᠦᠮᠦᠵᠢᠯ ᠢ ᠴᠢᠩᠭᠠᠳᠬᠠᠬᠤ᠂ ᠤᠤᠭᠤᠬᠤ ᠤᠰᠤᠨ ᠤ ᠠᠮᠤᠷ ᠲᠦᠪᠰᠢᠨ ᠎ ᠤ ᠠᠰᠠᠭᠤᠳᠠᠯ ᠢ ᠰᠢᠢᠳᠪᠤᠷᠢᠯᠡᠬᠦ᠂ ᠪᠠᠭᠰᠢ ᠠᠵᠢᠯᠳᠠᠨ ᠤ ᠡᠷᠡᠬᠦᠯ ᠮᠡᠨᠳᠦ ᠶᠢ ᠬᠠᠯᠠᠮᠵᠢᠯᠠᠬᠤ᠂ ᠰᠤᠷᠭᠠᠭᠤᠯᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠵᠢᠴᠢ ᠰᠤᠷᠭᠠᠭᠤᠯᠢ ᠶᠢᠨ ᠤᠶᠢᠷ᠎ᠠ ᠬᠠᠪᠢ ᠶᠢᠨ ᠦᠳᠡ ᠶᠢᠨ ᠪᠠᠶᠢᠷᠢ ᠶᠢ ᠴᠡᠭᠴᠡᠯᠡᠬᠦ ᠠᠵᠢᠯ ᠤᠨ ᠲᠤᠬᠠᠢ ᠲᠤᠷᠠᠳᠴᠠᠢ᠃ ᠡᠳᠡᠬᠡᠷ ᠰᠠᠨᠠᠯ ᠲᠤᠷᠠᠳᠤᠯᠭ᠎ᠠ ᠶᠢ ᠦᠨᠳᠦᠰᠦᠯᠡᠵᠦ᠂ ᠨᠢᠬᠡ ᠳᠤ᠂ 2018 ᠤᠨ ᠳᠤ ᠮᠠᠨ ᠤ ᠬᠤᠰᠢᠭᠤ ᠨᠢ ᠤᠰᠤᠨ ᠤ ᠡᠬᠢ ᠰᠤᠷᠪᠤᠯᠵᠢ ᠶᠢᠨ ᠬᠤᠳᠳᠤᠭ ᠢ 108 ᠰᠠᠤᠷᠢ ᠮᠠᠯᠳᠠᠵᠦ᠂ ᠪᠠᠭ᠎ᠠ ᠬᠡᠯᠪᠡᠷᠢ ᠶᠢᠨ ᠰᠢᠯᠵᠢᠮᠠᠯ ᠰᠦᠷᠴᠢᠯᠳᠡ ᠶᠢᠨ ᠮᠠᠰᠢᠨ ᠢ 57 ᠢᠵᠢ ᠲᠠᠷᠬᠠᠭᠠᠵᠦ᠂ ᠤᠰᠤ ᠬᠠᠳᠠᠭᠠᠯᠠᠬᠤ ᠵᠤᠭᠤᠷᠢ 4᠎ ᠶᠢ ᠪᠠᠶᠢᠭᠤᠯᠤᠨ᠂ 111 ᠡᠷᠦᠬᠡ ᠶᠢᠨ 379 ᠬᠦᠮᠦᠨ ᠵᠢᠴᠢ 1972 ᠲᠤᠯᠤᠭᠠᠢ ᠮᠠᠯ ᠤᠨᠤᠭᠠᠨ ᠤ ᠤᠰᠤ ᠤᠮᠳᠠᠨ ᠤ ᠠᠰᠠᠭᠤᠳᠠᠯ ᠢ ᠰᠢᠢᠳᠪᠤᠷᠢᠯᠡᠪᠡ᠃ ᠬᠤᠶᠠᠷ ᠲᠤ᠂ ᠪᠦᠬᠦ ᠬᠤᠰᠢᠭᠤᠨ ᠤ ᠦᠳᠡ ᠶᠢᠨ ᠪᠠᠶᠢᠷᠢ ᠶᠢ ᠲᠠᠩᠰᠠᠯᠠᠨ ᠴᠡᠭᠴᠡᠯᠡᠵᠦ᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠪᠠᠶᠢᠭᠤᠯᠤᠯᠳᠠ ᠶᠢ ᠴᠢᠩᠭᠠᠳᠬᠠᠵᠦ᠂ ᠪᠤᠷᠤᠬᠤᠳᠠ ᠪᠠᠭ᠎ᠠ ᠰᠤᠷᠭᠠᠭᠤᠯᠢ᠂ ᠬᠠᠪᠢᠷᠭ᠎ᠠ ᠪᠠᠭ᠎ᠠ ᠰᠤᠷᠭᠠᠭᠤᠯᠢ ᠶᠢᠨ ᠬᠠᠷᠢᠶᠠᠳᠤ ᠴᠡᠴᠡᠷᠯᠢᠭ ᠤᠨ ᠪᠠᠶᠢᠭᠤᠯᠤᠯᠳᠠ ᠶᠢ ᠭᠤᠤᠯᠳᠠᠯᠭ᠎ᠠ ᠪᠤᠯᠭᠠᠨ ᠠᠳᠬᠤᠵᠦ᠂ ᠴᠡᠴᠡᠷᠯᠢᠭ ᠡᠷᠬᠢᠯᠡᠬᠦ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠪᠡ᠃ ᠵᠢᠦᠢ ᠯᠢ᠂ ᠨᠡᠷᠡᠳᠦ ᠰᠤᠮᠤ᠂ ᠵᠢᠭᠠᠰᠤᠳᠠᠢ ᠰᠤᠮᠤ᠂ ᠲᠠᠪᠦ‍ ᠨᠢᠬᠡ ᠮᠠᠯᠵᠢᠯ ᠤᠨ ᠲᠠᠯᠠᠪᠠᠢ ᠳᠤ ᠨᠠᠶᠢᠳᠠ 4 ᠬᠡᠤᠬᠡᠳ ᠤᠨ ᠴᠡᠴᠡᠷᠯᠢᠭ ᠰᠢᠨ᠎ᠠ ᠪᠠᠷ ᠪᠠᠶᠢᠭᠤᠯᠵᠦ᠂ ᠠᠵᠢᠯᠳᠠᠨ ᠤ ᠬᠡᠤᠬᠡᠳ ᠤᠨ ᠴᠡᠴᠡᠷᠯᠢᠭ ᠢ ᠨᠡᠬᠦᠯᠬᠡᠨ ᠪᠠᠶᠢᠭᠤᠯᠵᠦ᠂ ᠦᠬᠡᠯᠦᠨ ᠴᠡᠴᠡᠷᠯᠢᠭ᠂ ᠮᠤᠩᠭᠤᠯ ᠦᠨᠳᠦᠰᠦᠳᠡᠨ ᠤ ᠴᠡᠴᠡᠷᠯᠢᠭ ᠢ ᠦᠷᠬᠡᠳᠬᠡᠨ ᠵᠠᠰᠠᠪᠠ᠃ ᠬᠠᠪᠢᠷᠭ᠎ᠠ ᠪᠠᠭ᠎ᠠ ᠰᠤᠷᠭᠠᠭᠤᠯᠢ ᠶᠢᠨ ᠴᠠᠬᠢᠯᠭᠠᠨ ᠤ ᠠᠶᠤᠯ ᠤᠨ ᠬᠡᠮ ᠰᠤᠭᠤᠭ ᠢ ᠠᠷᠢᠯᠭᠠᠨ᠂ ᠰᠤᠷᠭᠠᠭᠤᠯᠢ ᠶᠢᠨ ᠬᠦᠷᠢᠶᠡᠨ ᠲᠡᠭᠡᠬᠦᠷ ᠦᠩᠬᠡᠷᠡᠵᠦ ᠪᠠᠶᠢᠭ᠎ᠠ ᠴᠠᠬᠢᠯᠭᠠᠨ ᠤᠳᠠᠰᠤ ᠶᠢ ᠭᠠᠵᠠᠷ ᠲᠤᠤᠭᠤᠷ ᠶᠠᠪᠤᠭᠤᠯᠵᠦ᠂ ᠦᠨᠳᠦᠷ ᠬᠦᠴᠦᠳᠡᠯᠳᠦ ᠴᠠᠬᠢᠯᠭᠠᠨ ᠤᠳᠠᠰᠤ ᠶᠢ 300 ᠮᠧᠲᠷ᠂ ᠲᠤᠤᠷ᠎ᠠ ᠬᠦᠴᠦᠳᠡᠯᠳᠦ ᠴᠠᠬᠢᠯᠭᠠᠨ ᠤᠳᠠᠰᠤ ᠶᠢ 600 ᠮᠧᠲᠷ ᠲᠠᠳᠠᠪᠠ᠃ ᠭᠤᠷᠪᠠ᠂ ᠨᠢᠬᠡᠳᠦᠬᠡᠷ ᠪᠠᠭ᠎ᠠ ᠰᠤᠷᠭᠠᠭᠤᠯᠢ ᠶᠢ ᠬᠢᠳᠡᠳ ᠢᠶᠠᠷ ᠬᠢᠴᠢᠶᠡᠯᠯᠡᠬᠦ ᠰᠤᠷᠭᠠᠭᠤᠯᠢ ᠳᠤ ᠮᠤᠩᠭᠤᠯ ᠬᠡᠯᠡ ᠰᠤᠩᠭᠤᠨ ᠰᠤᠷᠬᠤ ᠲᠤᠷᠰᠢᠯᠳᠠ ᠶᠢᠨ ᠰᠤᠷᠭᠠᠭᠤᠯᠢ ᠪᠤᠯᠭᠠᠨ᠂ ᠮᠤᠩᠭᠤᠯ ᠬᠡᠯᠡ ᠰᠤᠩᠭᠤᠨ ᠰᠤᠷᠬᠤ ᠬᠢᠴᠢᠶᠡᠯ ᠨᠡᠬᠡᠬᠡᠪᠡ᠃ ᠬᠦᠰᠡᠯᠡᠩ ᠬᠡᠤᠬᠡᠳ ᠤᠨ ᠴᠡᠴᠡᠷᠯᠢᠭ ᠢ ︽ᠮᠤᠩᠭᠤᠯ ᠬᠢᠳᠡᠳ ᠬᠤᠤᠰ ᠬᠡᠯᠡᠨ ᠤ ᠤᠨᠴᠠᠯᠢᠭᠳᠤ︾ ᠴᠡᠴᠡᠷᠯᠢᠭ ᠪᠤᠯᠭᠠᠨ ᠪᠠᠶᠢᠭᠤᠯᠵᠦ᠂ 16 ᠮᠤᠩᠭᠤᠯ ᠪᠠᠭᠰᠢ ᠲᠤᠬᠢᠷᠠᠭᠤᠯᠤᠨ᠂ ᠡᠳᠦᠷ ᠪᠤᠯᠭᠠᠨ ᠤ ᠦᠳᠡ ᠶᠢᠨ ᠬᠤᠶᠢᠨ᠎ᠠ ᠲᠤᠰᠬᠠᠢ ᠴᠠᠭ ᠭᠠᠷᠭᠠᠵᠦ ᠮᠤᠩᠭᠤᠯ ᠬᠡᠯᠡᠨ ᠤ ᠵᠢᠭᠠᠨ ᠰᠤᠷᠭᠠᠯᠳᠠ ᠬᠢᠳᠡᠭ ᠪᠦᠬᠡᠳ ᠲᠤᠭᠳᠠᠭᠰᠠᠨ ᠬᠤᠭᠤᠴᠠᠭ᠎ᠠ ᠲᠠᠢ ᠪᠠᠷ ᠪᠠᠭᠰᠢ ᠨᠡᠷ ᠢᠶᠠᠨ ᠵᠤᠬᠢᠶᠠᠨ ᠪᠠᠶᠢᠭᠤᠯᠵᠦ᠂ ᠮᠤᠩᠭᠤᠯ ᠬᠡᠯᠡᠨ ᠤ ᠵᠢᠭᠠᠨ ᠰᠤᠷᠭᠠᠯᠳᠠ ᠶᠢᠨ ᠲᠤᠬᠠᠢ ᠰᠤᠳᠤᠯᠤᠨ ᠶᠠᠷᠢᠯᠴᠠᠬᠤ ᠶᠢᠨ ᠲᠠᠭᠠᠤ ᠳᠣᠬᠠᠶᠢᠯᠠᠭᠰᠠᠨ ᠠᠵᠢᠯ ᠤᠨ ᠪᠤᠯᠪᠠᠰᠤᠷᠠᠯ ᠬᠦᠷᠳᠡᠬᠡᠨ ᠪᠠᠭᠰᠢ ᠨᠡᠷ ᠤᠨ ︽ᠮᠤᠩᠭᠤᠯ ᠬᠢᠳᠡᠳ ᠬᠤᠤᠰ ᠬᠡᠯᠡᠨ︾᠎ ᠤ ᠵᠢᠭᠠᠨ ᠰᠤᠷᠭᠠᠯᠳᠠ ᠶᠢ ᠠᠬᠢᠭᠤᠯᠵᠦ᠂ ᠨᠡᠯᠢᠶᠡᠳ ᠰᠠᠶᠢᠨ ᠦᠷ᠎ᠠ ᠪᠦᠳᠦᠮᠵᠢ ᠤᠯᠪᠠ᠃ ᠲᠦᠷᠪᠡ᠂ ︽ᠰᠢᠯᠤᠭᠤᠨ ᠬᠦᠬᠡ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠶᠡᠷᠤᠩᠬᠡᠶᠢᠯᠡᠨ ᠴᠡᠭᠴᠡᠯᠡᠬᠦ ᠠᠵᠢᠯ ᠤᠨ ᠲᠦᠰᠦᠪ︾᠎ ᠤᠨ ᠱᠠᠭᠠᠷᠳᠠᠯᠭ᠎ᠠ ᠶᠣᠰᠣᠭᠠᠷ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢ ᠶᠡᠷᠤᠩᠬᠡᠶᠢᠯᠡᠨ ᠴᠡᠭᠴᠡᠯᠡᠬᠦ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠦ᠂ ︽ᠨᠢᠬᠡ ᠪᠦᠯᠦᠭ ᠢ ᠲᠦᠷᠢᠮᠵᠢᠬᠦᠯᠵᠦ᠂ ᠨᠢᠬᠡ ᠪᠦᠯᠦᠭ ᠢ ᠴᠡᠭᠴᠡᠯᠡᠨ ᠵᠠᠰᠠᠵᠦ᠂ ᠨᠢᠬᠡ ᠪᠦᠯᠦᠭ ᠢ ᠦᠬᠡᠶᠢᠰᠬᠡᠬᠦ︾ ᠵᠠᠷᠴᠢᠮ ᠢᠶᠠᠷ ᠮᠠᠨ ᠤ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠨᠠᠷᠢᠨ ᠪᠠᠶᠢᠴᠠᠭᠠᠯᠳᠠ ᠬᠢᠵᠦ᠂ ᠲᠦᠷᠢᠮ ᠲᠤᠭᠳᠠᠭᠠᠯ ᠳᠤ ᠨᠡᠶᠢᠴᠡᠬᠦ ᠦᠬᠡᠢ ᠪᠤᠯᠪᠠᠰᠤᠷᠠᠯ ᠤᠨ ᠪᠠᠶᠢᠭᠤᠯᠤᠮᠵᠢ ᠶᠢ ᠨᠢᠬᠡᠳᠦᠯᠳᠡᠢ ᠵᠠᠰᠠᠨ ᠴᠡᠭᠴᠡᠯᠡᠪᠡ᠃ ᠲᠠᠪᠤ᠂ ᠪᠦᠬᠦ ᠬᠤᠰᠢᠭᠤᠨ ᠤ ᠪᠠᠭᠰᠢ ᠠᠵᠢᠯᠳᠠᠨ ᠎ ᠳᠤ ᠪᠡᠶ᠎ᠡ ᠶᠢᠨ ᠪᠠᠶᠢᠴᠠᠭᠠᠯᠳᠠ ᠬᠢᠬᠦ ᠠᠵᠢᠯ ᠤᠨ ᠲᠦᠰᠦᠪ ᠢ ᠲᠤᠭᠳᠠᠭᠠᠨ 2019 ᠤᠨ ᠳᠤ ᠪᠦᠬᠦ ᠬᠤᠰᠢᠭᠤᠨ ᠤ 13 ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠠᠵᠢᠯᠳᠠᠨ ᠳᠤ ᠪᠡᠶ᠎ᠡ ᠶᠢᠨ ᠪᠠᠶᠢᠴᠠᠭᠠᠯᠳᠠ ᠬᠢᠬᠦ ᠪᠤᠯᠤᠨ᠎ᠠ᠃             ︵ᠲᠦᠷᠪᠡ︶ 024᠂ 040᠂ 043᠂ 072᠂ 073᠂ 075᠂ 097᠂ 098᠂ 099᠂ 100᠂ 103᠂ 104᠂ 122᠂ 123᠂ 125᠂ 126᠂ 127᠂ 132᠂ 134᠂ 151 ᠳ᠋ᠤᠭᠡᠷ ᠰᠠᠨᠠᠯ ᠲᠤᠷᠠᠳᠤᠯᠭ᠎ᠠ ᠳᠤ ᠠᠷᠪᠠ ᠶᠢ ᠪᠦᠷᠬᠦᠬᠦᠯᠬᠦ᠂ ᠨᠤᠳᠤᠭ ᠪᠡᠯᠴᠢᠬᠡᠷ ᠤᠨ ᠦᠮᠴᠢᠯᠠᠯ ᠤᠨ ᠡᠷᠬᠡ ᠶᠢ ᠲᠤᠳᠤᠷᠬᠠᠶᠢᠯᠠᠬᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠪᠠᠭᠤᠷᠠᠭᠤᠯᠬᠤ᠂ ᠪᠠᠷᠠᠭᠠᠨ ᠤ ᠦᠨ᠎ᠡ ᠶᠢ ᠴᠡᠭᠴᠡᠯᠡᠬᠦ᠂ ᠮᠠᠯᠴᠢᠳ ᠤᠨ ᠢᠳᠡᠬᠡᠮᠵᠢᠳᠦ ᠵᠢᠬᠡᠯᠡᠯᠬᠡ ᠵᠢᠴᠢ ᠠᠷᠠᠳ ᠤᠨ ᠲᠤᠮᠳᠠᠬᠢ ᠦᠨᠳᠦᠷ ᠬᠦᠦ ᠲᠠᠢ ᠵᠢᠬᠡᠯᠡᠯᠬᠡ ᠶᠢᠨ ᠠᠰᠠᠭᠤᠳᠠᠯ ᠵᠡᠷᠬᠡ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠠᠰᠠᠭᠤᠳᠠᠯ ᠢ ᠲᠤᠷᠠᠳᠤᠭᠰᠠᠨ ᠪᠠᠶᠢᠨ᠎ᠠ᠃ ᠡᠳᠡᠬᠡᠷ ᠵᠦᠢᠯ ᠤᠳ ᠲᠤ ᠴᠢᠭᠯᠡᠬᠦᠯᠦᠨ᠂ ᠨᠢᠬᠡ ᠳᠤ᠂ 2018 ᠤᠨ ᠳᠤ ᠮᠠᠨ ᠎ ᠤ ᠬᠤᠰᠢᠭᠤ ᠨᠢ ︽ᠠᠷᠪᠠ ᠶᠢ ᠪᠦᠷᠬᠦᠬᠦᠯᠬᠦ ᠢᠨᠵᠧᠨᠧᠷᠢᠩ︾᠎ ᠤᠨ ᠲᠤᠮᠳᠠᠬᠢ ᠠᠷᠪᠠᠨ ᠵᠦᠢᠯ ᠪᠠ ᠡᠳᠡᠬᠡᠷ ᠠᠷᠪᠠᠨ ᠵᠦᠢᠯ ᠎ ᠠᠴᠠ ᠭᠠᠳᠠᠨᠠᠬᠢ ᠢᠨᠵᠧᠨᠧᠷᠢᠩ ᠤᠨ ᠦᠷᠢᠳᠦᠵᠦ ᠪᠠᠶᠢᠭ᠎ᠠ ᠮᠦᠩᠬᠦ ᠶᠢ ᠪᠦᠬᠦᠨ ᠢ ᠲᠦᠯᠦᠵᠦ ᠲᠠᠭᠤᠰᠬᠠᠪᠠ ︵ᠦᠷᠢ ᠶᠢᠨ ᠡᠵᠡᠨ ᠳᠤ︶᠃ ᠬᠤᠶᠠᠷ ᠲᠤ᠂ 2018 ᠤᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠦᠭᠰᠡᠨ ᠲᠠᠷᠢᠶᠠᠯᠠᠩ ᠦᠢᠯᠡᠳᠪᠤᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠶᠢᠨ ᠲᠦᠷᠢᠮ ᠶᠤᠰᠤᠭᠠᠷ ᠴᠠᠬᠢᠯᠭᠠᠨ ᠤ ᠦᠨ᠎ᠡ ᠶᠢ ᠭᠷᠡᠳᠦ᠋ᠰ ᠪᠦᠷᠢ 0.281 ᠲᠦᠬᠦᠷᠢᠭ ᠢᠶᠠᠷ ᠪᠤᠳᠤᠵᠦ᠂ ᠤᠤᠯ ᠤᠨ ᠬᠢ ᠠᠴᠠ ᠪᠠᠨ ᠭᠷᠡᠳᠦ᠋ᠰ ᠪᠦᠷᠢ ᠳᠤ 0.137 ᠲᠦᠬᠦᠷᠢᠭ ᠬᠢᠮᠳᠠᠷᠠᠭᠤᠯᠪᠠ︔ 2018 ᠤᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠦᠭᠰᠡᠨ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠠᠯ ᠠᠴᠠ ᠪᠠᠭᠤᠯᠭᠠᠭᠰᠠᠨ ︽ᠦᠪᠡᠷᠳᠡᠬᠡᠨ ᠵᠠᠰᠠᠬᠤ ᠤᠷᠤᠨ ᠤ ᠪᠠᠷᠠᠭᠤᠨ ᠪᠡᠶ᠎ᠡ ᠶᠢᠨ ᠭᠠᠵᠠᠷ ᠤᠷᠤᠨ ᠤ ᠴᠡᠪᠡᠷ ᠡᠨᠧᠷᠬᠢ ᠪᠠᠷ ᠲᠤᠯᠠᠭᠠᠯᠭ᠎ᠠ ᠬᠠᠩᠭᠠᠬᠤ ᠳᠤ ᠬᠡᠷᠡᠭᠯᠡᠬᠦ ᠴᠠᠬᠢᠯᠭᠠᠨ ᠤ ᠦᠨ᠎ᠡ ᠶᠢᠨ ᠲᠤᠬᠠᠢ ᠬᠠᠮᠢᠶ᠎ᠠ ᠪᠦᠬᠦᠢ ᠮᠡᠳᠡᠭᠳᠡᠯ︾ ︵ᠦᠪᠦᠷ ᠲᠠᠷᠬᠠᠭᠠᠬᠤ ᠬᠦᠭᠵᠢᠬᠦᠯᠦᠯᠳᠡ ᠦᠨ᠎ᠡ ᠦᠰᠦᠭ ﹇2017﹈ 1560 ᠲᠤᠭᠠᠳᠤ︶᠎ ᠤᠨ ᠵᠤᠷᠢᠭ ᠰᠠᠨᠠᠭ᠎ᠠ ᠪᠠᠷ᠂ ᠲᠤᠯᠠᠭᠠᠯᠭ᠎ᠠ ᠳᠤ ᠬᠡᠷᠡᠭᠰᠡᠬᠦ ᠴᠠᠬᠢᠯᠭᠠᠨ ᠤ ᠦᠨ᠎ᠡ ᠶᠢ ᠪᠠᠭᠤᠷᠠᠭᠤᠯᠪᠠ᠃ ᠵᠢᠭᠠᠰᠤᠳᠠᠢ ᠰᠤᠮᠤᠨ ᠲᠦᠪ ᠤᠨ ᠪᠠᠷᠠᠭᠠᠨ ᠤ ᠦᠨ᠎ᠡ ᠬᠠᠩᠰᠢ ᠦᠨᠳᠦᠷ ᠪᠠᠶᠢᠭ᠎ᠠ ᠠᠰᠠᠭᠤᠳᠠᠯ ᠎ ᠳᠤ ᠴᠢᠭᠯᠡᠬᠦᠯᠦᠨ ᠲᠤᠰᠬᠠᠢ ᠬᠠᠤᠯᠢ ᠬᠡᠷᠡᠭᠵᠢᠬᠦᠯᠦᠭᠴᠢ ᠲᠤᠮᠢᠯᠠᠨ ᠲᠤᠬᠠᠢ ᠶᠢᠨ ᠭᠠᠵᠠᠷ ᠤᠨ ᠲᠡᠯᠬᠡᠬᠦᠷ᠂ ᠲᠤᠰᠤ ᠨᠡᠮᠡᠬᠦ ᠦᠷᠳᠡᠬᠡᠨ ᠳᠤ ᠪᠠᠶᠢᠴᠠᠭᠠᠯᠳᠠ ᠬᠢᠯᠬᠡᠪᠡ᠃ ᠪᠠᠶᠢᠴᠠᠭᠠᠯᠳᠠ ᠶᠢᠨ ᠲᠤᠮᠳᠠ ᠲᠤᠬᠠᠢ ᠶᠢᠨ ᠭᠠᠵᠠᠷ ᠤᠨ ᠪᠠᠷᠠᠭᠠᠨ ᠤ ᠦᠨ᠎ᠡ ᠦᠨᠳᠦᠷ ᠪᠠᠶᠢᠭ᠎ᠠ ᠰᠢᠯᠳᠠᠭᠠᠨ ᠨᠢ ᠤᠯᠠᠨ ᠪᠠᠶᠢᠬᠤ ᠶᠢ ᠤᠶᠢᠯᠠᠭᠠᠨ ᠮᠡᠳᠡᠵᠦ᠂ ᠲᠡᠯᠬᠡᠬᠦᠷ ᠬᠤᠳᠠᠯᠳᠤᠭ᠎ᠠ ᠡᠵᠡᠩᠨᠡᠭᠴᠢᠳ ᠢ ᠦᠨ᠎ᠠ ᠬᠠᠩᠰᠢ ᠪᠠᠨ ᠢᠯᠡ ᠲᠤᠳᠤᠷᠬᠠᠢ ᠪᠠᠶᠢᠯᠭᠠᠵᠦ᠂ ᠪᠠᠷᠠᠭᠠᠨ ᠤ ᠦᠨ᠎ᠡ ᠪᠠᠨ ᠲᠦᠷᠢᠮᠵᠢᠬᠦᠯᠬᠦ ᠶᠢ ᠱᠠᠭᠠᠷᠳᠠᠭᠰᠠᠨ ᠪᠦᠬᠡᠳ ᠲᠤᠰᠤᠨ ᠤ ᠦᠨ᠎ᠡ ᠶᠢ ᠲᠤᠰ ᠡᠳᠦᠷ ᠤᠨ ᠮᠠᠨ ᠤ ᠠᠶᠢᠮᠠᠭ ᠤᠨ ᠪᠦᠳᠦᠬᠡᠭᠳᠡᠬᠦᠨ ᠲᠤᠰᠤᠨ ᠤ ᠬᠠᠮᠤᠭ ᠤᠨ ᠦᠨᠳᠦᠷ ᠦᠨ᠎ᠡ ᠠᠴᠠ ᠬᠡᠳᠦᠷᠡᠬᠦᠯᠵᠦ ᠪᠤᠯᠬᠤ ᠦᠬᠡᠢ ᠬᠡᠵᠦ ᠱᠠᠭᠠᠷᠳᠠᠭᠰᠠᠨ ᠪᠠᠶᠢᠨ᠎ᠠ᠃ ᠭᠤᠷᠪᠠ ᠳᠤ᠂ ᠮᠠᠨ ᠤ ᠬᠤᠰᠢᠭᠤᠨ ᠎ ᠤ ᠭᠠᠵᠠᠷ ᠰᠢᠷᠦᠢ ᠶᠢᠨ ᠦᠮᠴᠢᠯᠠᠯ ᠤᠨ ᠡᠷᠬᠡ ᠶᠢ ᠲᠤᠳᠤᠷᠬᠠᠶᠢᠯᠠᠬᠤ ᠠᠵᠢᠯ ᠨᠢ ᠬᠤᠰᠢᠭᠤ ᠱᠠᠳᠤᠨ ᠤ ᠪᠠᠶᠢᠴᠠᠭᠠᠯᠳᠠ᠂ ᠠᠶᠢᠮᠠᠭ ᠤᠨ ᠪᠠᠶᠢᠴᠠᠭᠠᠯᠳᠠ᠂ ᠦᠪᠡᠷᠳᠡᠬᠡᠨ ᠵᠠᠰᠠᠬᠤ ᠤᠷᠤᠨ ᠤ ᠪᠠᠶᠢᠴᠠᠭᠠᠯᠳᠠ ᠶᠢ ᠦᠩᠬᠡᠷᠡᠭᠡᠭᠰᠡᠨ ᠪᠦᠬᠡᠳ ᠲᠠᠷᠢᠶᠠᠯᠠᠩ ᠮᠠᠯ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠲᠤᠭ᠎ᠠ ᠪᠠᠷᠢᠮᠳᠠ ᠶᠢᠨ ᠬᠦᠮᠦᠷᠬᠡ ᠶᠢᠨ ᠪᠦᠳᠦᠬᠡᠨ ᠪᠠᠶᠢᠭᠤᠯᠤᠯᠳᠠ ᠎ ᠶᠢᠨ ᠠᠩᠬᠠᠨ ᠤ ᠰᠢᠯᠭᠠᠯᠲᠠ ᠶᠢ ᠠᠮᠵᠢᠯᠳᠠ ᠲᠠᠢ ᠦᠩᠬᠡᠷᠡᠬᠡᠪᠡ᠃ ᠨᠤᠳᠤᠭ ᠪᠡᠯᠴᠢᠬᠡᠷ ᠤᠨ ᠦᠮᠴᠢᠯᠠᠯ ᠤᠨ ᠡᠷᠬᠡ ᠶᠢ ᠲᠤᠳᠤᠷᠬᠠᠶᠢᠯᠠᠬᠤ ᠠᠵᠢᠯ ᠤᠨ ᠲᠠᠯ᠎ᠠ ᠪᠠᠷ ᠨᠢᠬᠡᠨᠳᠡ 80 ᠭᠠᠴᠠᠭᠠᠨ ᠤ ᠰᠤᠷᠠᠭ ᠵᠠᠩᠬᠢ ᠶᠢ ᠲᠠᠩᠰᠠᠯᠠᠬᠤ ᠠᠵᠢᠯ ᠪᠠ ᠪᠤᠳᠠᠳᠠᠢ ᠬᠡᠮᠵᠢᠨ ᠲᠤᠭᠳᠠᠭᠠᠬᠤ ᠠᠵᠢᠯ ᠢ ᠲᠠᠭᠤᠰᠬᠠᠵᠦ᠂ ᠶᠡᠷᠤᠩᠬᠡᠢ ᠲᠠᠯᠠᠪᠠᠢ ᠨᠢ 1201.82 ᠲᠦᠮᠡᠨ ᠮᠤ᠋ ᠳᠤ ᠬᠦᠷᠴᠦ᠂ ᠡᠬᠦᠷᠬᠡ ᠶᠢᠨ ᠢᠶᠠᠨ 98%᠎ ᠶᠢ ᠪᠡᠶᠡᠯᠡᠬᠦᠯᠦᠬᠡᠳ ᠪᠤᠢ᠃ ᠨᠢᠬᠡᠨᠳᠡ ᠪᠦᠷᠢᠳᠬᠡᠨ ᠲᠠᠩᠰᠠᠯᠠᠭᠰᠠᠨ ᠨᠤᠳᠤᠭ ᠪᠡᠯᠴᠢᠬᠡᠷ ᠤᠨ ᠲᠠᠯᠠᠪᠠᠢ 1165.03 ᠲᠦᠮᠡᠨ ᠮᠤ᠋ ᠳᠤ ᠬᠦᠷᠴᠦ᠂ ᠡᠬᠦᠷᠬᠡ ᠪᠠᠨ 95%᠎ ᠪᠠᠷ ᠪᠡᠶᠡᠯᠡᠬᠦᠯᠪᠡ᠃ ᠲᠦᠷᠪᠡ ᠳᠤ᠂ ᠮᠠᠨ ᠤ ᠬᠤᠰᠢᠭᠤᠨ ᠤ ᠪᠠᠨ ᠶᠠᠳᠠᠭᠤ ᠶᠢ ᠲᠡᠳᠬᠦᠬᠦ ᠠᠵᠢᠯ ᠲᠠᠢ ᠤᠶᠠᠯᠳᠤᠭᠤᠯᠵᠦ᠂ ᠰᠤᠮᠤ ᠪᠠᠯᠭᠠᠰᠤ ᠲᠠᠯᠠᠪᠠᠢ ᠶᠢᠨ ᠵᠠᠰᠠᠭ ᠤᠨ ᠤᠷᠳᠤᠨ᠂ ᠭᠠᠴᠠᠭ᠎ᠠ ᠲᠤᠰᠬᠤᠨ ᠤ ᠬᠤᠶᠠᠷ ᠵᠦᠪᠯᠠᠯ ᠤᠨ ᠵᠤᠬᠢᠴᠠᠭᠤᠯᠬᠤ ᠲᠤᠭᠳᠠᠯᠴᠠᠭ᠎ᠠ ᠶᠢ ᠬᠦᠢᠴᠡᠳ ᠪᠠᠳᠠᠷᠠᠭᠤᠯᠵᠦ᠂ ᠮᠠᠯᠴᠢᠨ ᠲᠠᠷᠢᠶᠠᠴᠢᠨ ᠳᠤ ᠤᠬᠠᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠨ᠂ ᠠᠮᠢᠳᠤᠷᠠᠯ ᠤᠨ ᠨᠠᠷᠢᠨ ᠲᠠᠩᠰᠠ ᠪᠤᠳᠤᠬᠤ ᠶᠢ ᠤᠬᠠᠭᠤᠯᠤᠨ᠂ ᠮᠠᠯᠴᠢᠨ ᠲᠠᠷᠢᠶᠠᠴᠢᠳ ᠤᠨ ᠤᠷᠤᠯᠭ᠎ᠠ ᠵᠠᠷᠤᠯᠭ᠎ᠠ ᠪᠠᠨ ᠵᠤᠬᠢᠰᠳᠠᠢ ᠲᠤᠬᠢᠷᠠᠭᠤᠯᠵᠦ᠂ ᠰᠢᠨᠵᠢᠯᠡᠬᠦ ᠤᠬᠠᠭᠠᠨᠴᠢ ᠪᠠᠷ ᠤᠷᠤᠯᠭ᠎ᠠ ᠵᠠᠷᠤᠯᠭ᠎ᠠ ᠪᠠᠨ ᠬᠤᠪᠢᠶᠠᠷᠢᠯᠠᠬᠤ ᠶᠢ ᠵᠢᠯᠤᠭᠤᠳᠤᠪᠠ᠃ ᠲᠤᠰᠬᠠᠢ ᠬᠦᠮᠦᠨ ᠲᠤᠮᠢᠯᠠᠨ ᠡᠷᠦᠬᠡ ᠲᠠᠷᠠᠭᠠᠯᠠᠨ ᠪᠦᠷᠢᠳᠬᠡᠵᠦ᠂ ᠠᠷᠠᠳ ᠤᠨ ᠲᠤᠮᠳᠠᠬᠢ ᠵᠢᠬᠡᠯᠡᠯᠬᠡ ᠶᠢᠨ ᠬᠤᠶᠠᠷ ᠡᠳᠡᠬᠡᠳ ᠢ ᠰᠤᠮᠤ ᠪᠠᠯᠭᠠᠰᠤ ᠲᠠᠯᠠᠪᠠᠢ ᠶᠢᠨ ᠬᠠᠤᠯᠢ ᠴᠠᠭᠠᠵᠠ ᠶᠢᠨ ᠰᠠᠯᠪᠤᠷᠢ ᠳᠤ ᠲᠠᠩᠰᠠᠯᠠᠭᠤᠯᠵᠦ᠂ ᠬᠠᠤᠯᠢ ᠴᠠᠭᠠᠵᠠ ᠶᠢᠨ ᠰᠠᠯᠪᠤᠷᠢ ᠶᠢᠨ ᠠᠷᠠᠳ ᠤᠨ ᠡᠶᠡᠳᠡᠬᠦᠯᠦᠭᠴᠢ ᠎ ᠶᠢᠨ ᠦᠢᠯᠡᠳᠦᠯ ᠢ ᠬᠦᠢᠴᠡᠳ ᠪᠠᠳᠠᠷᠠᠭᠤᠯᠤᠨ ᠦᠨᠳᠦᠷ ᠬᠦᠦ ᠲᠠᠢ ᠵᠢᠬᠡᠯᠡᠯᠬᠡ ᠶᠢ ᠲᠦᠷᠢᠮᠵᠢᠬᠦᠯᠵᠦ᠂ ᠬᠦᠦ ᠮᠦᠩᠬᠦ ᠶᠢ ᠵᠤᠬᠢᠰᠳᠠᠢ ᠲᠤᠬᠢᠷᠠᠭᠤᠯᠤᠨ᠂ ᠠᠯᠬᠤᠮ ᠲᠠᠷᠠᠭᠠᠯᠠᠯ ᠢ ᠲᠦᠷᠢᠮᠵᠢᠬᠦᠯᠪᠡ᠃ ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ ᠠᠴᠠ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠳᠤ ᠲᠤᠤᠷ᠎ᠠ ᠬᠦᠦ ᠲᠠᠢ ᠲᠤᠮᠳᠠ ᠤᠷᠳᠤ ᠬᠤᠭᠤᠴᠠᠭ᠎ᠠ ᠲᠠᠢ ᠵᠢᠬᠡᠯᠡᠯᠬᠡ ᠤᠯᠭᠤᠬᠤ ᠶᠢ ᠵᠤᠬᠢᠴᠠᠭᠤᠯᠵᠦ᠂ ᠠᠷᠠᠳ ᠤᠨ ᠲᠤᠮᠳᠠᠬᠢ ᠵᠢᠬᠡᠯᠡᠯᠬᠡ ᠶᠢ ᠤᠷᠤᠯᠠᠭᠤᠯᠬᠤ ᠶᠢ ᠰᠠᠨᠠᠭᠠᠴᠢᠯᠠᠪᠠ᠃ 2018 ᠤᠨ ᠎ ᠤ ᠵᠢᠯ ᠤᠨ ᠡᠴᠦᠰ ᠪᠤᠯᠬᠤ ᠳᠤ ᠮᠠᠨ ᠤ ᠬᠤᠰᠢᠭᠤᠨ ᠤ 9 ᠰᠤᠮᠤ ᠪᠠᠯᠭᠠᠰᠤ ᠲᠠᠯᠠᠪᠠᠢ ᠶᠢᠨ ᠮᠠᠯᠴᠢᠨ ᠲᠠᠷᠢᠶᠠᠴᠢᠨ ᠤ ᠠᠷᠠᠳ ᠎ ᠤᠨ ᠲᠤᠮᠳᠠᠬᠢ ᠵᠢᠬᠡᠯᠡᠯᠬᠡ ᠶᠢᠨ ᠮᠦᠩᠬᠦ ᠨᠢ 2017 ᠤᠨ ᠤ ᠵᠢᠯ ᠤᠨ ᠡᠴᠦᠰ ᠤᠨ 10908.98 ᠲᠦᠮᠡᠨ ᠲᠦᠬᠦᠷᠢᠭ ᠪᠠᠶᠢᠭᠰᠠᠨ ᠠᠴᠠ ᠪᠠᠨ ᠪᠠᠭᠤᠷᠠᠨ 3259.45 ᠲᠦᠮᠡᠨ ᠲᠦᠬᠦᠷᠢᠭ ᠪᠤᠯᠵᠦ᠂ 2017 ᠤᠨ ᠳᠤ 2204 ᠮᠠᠯᠴᠢᠨ ᠲᠠᠷᠢᠶᠠᠴᠢᠨ ᠡᠷᠦᠬᠡ ᠬᠤᠯᠪᠤᠭᠳᠠᠵᠦ ᠪᠠᠶᠢᠭᠰᠠᠨ ᠪᠤᠯ ᠤᠳᠤ 681 ᠡᠷᠦᠬᠡ ᠪᠤᠯᠵᠦ᠂ ᠲᠤᠰᠪᠤᠷᠢ 70.1% ᠪᠠ 69.7%᠎ ᠪᠠᠷ ᠪᠠᠭᠤᠷᠠᠵᠦ᠂ ᠬᠦᠳᠡᠭᠡ ᠲᠤᠰᠬᠤᠨ ᠤ ᠶᠡᠷᠤᠩᠬᠡᠶᠢᠯᠡᠨ ᠴᠡᠭᠴᠡᠯᠡᠬᠦ ᠠᠵᠢᠯ ᠵᠤᠬᠢᠬᠤ ᠠᠮᠵᠢᠯᠳᠠ ᠤᠯᠤᠭᠰᠠᠨ ᠪᠠᠶᠢᠨ᠎ᠠ᠃             ︵ᠲᠠᠪᠤ︶ 022᠂ 096᠂ 119᠂ 120᠂ 121᠂ 148 ᠳ᠋ᠤᠭᠠᠷ ᠰᠠᠨᠠᠯ ᠲᠤᠷᠠᠳᠤᠯᠭ᠎ᠠ ᠳᠤ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠪᠠ ᠶᠠᠳᠠᠭᠤ ᠡᠷᠦᠬᠡ ᠶᠢᠨ ᠦᠵᠡᠯ ᠤᠬᠠᠮᠰᠠᠷ ᠢ ᠲᠡᠭᠡᠭᠰᠢᠯᠡᠬᠦᠯᠬᠦ ᠲᠤᠬᠠᠢ ᠲᠤᠷᠠᠳᠤᠭᠰᠠᠨ ᠪᠠᠶᠢᠨ᠎ᠠ᠃ ᠮᠠᠨ ᠤ ᠬᠤᠰᠢᠭᠤ ᠨᠢ ︽ᠲᠠᠪᠤᠨ ᠨᠢᠬᠡ ᠪᠦᠯᠦᠭ ᠤᠨ︾ ᠲᠦᠷᠦᠯ ᠠᠩᠬᠢᠯᠠᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠵᠦ᠂ ᠡᠷᠦᠬᠡ ᠳᠤ ᠲᠤᠬᠢᠷᠠᠭᠤᠯᠤᠨ ᠬᠦᠮᠦᠨ ᠳᠤ ᠨᠢ ᠵᠣᠬᠢᠴᠠᠭᠤᠯᠬᠤ ᠲᠦᠷᠦ ᠶᠢᠨ ᠪᠤᠳᠤᠯᠭ᠎ᠠ ᠬᠡᠷᠡᠭᠵᠢᠬᠦᠯᠦᠨ᠂ ᠨᠠᠶᠢᠳᠠ 3380.27 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠤᠷᠤᠭᠤᠯᠵᠦ᠂ ᠬᠠᠮᠢᠶ᠎ᠠ ᠪᠦᠬᠦᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠰ ᠵᠢᠯ ᠳᠤ 324 ᠡᠷᠦᠬᠡ ᠶᠢᠨ 743 ᠬᠦᠮᠦᠨ ᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤᠷᠠᠯᠳᠠ ᠶᠢᠨ ᠨᠤᠷᠮ᠎ᠠ ᠨᠢ 0.46% ᠪᠤᠯᠤᠨ ᠪᠠᠭᠤᠷᠠᠭᠰᠠᠨ ᠪᠠᠶᠢᠨ᠎ᠠ᠃ ᠡᠬᠦᠨ ᠳᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ᠂ ᠨᠠᠶᠢᠳᠠ 1563.35 ᠲᠦᠮᠡᠨ ᠲᠦᠬᠦᠷᠢᠭ ᠤᠨ ᠪᠡᠯᠡ ᠤᠷᠤᠭᠤᠯᠵᠦ᠂ 371 ᠲᠤᠯᠤᠭᠠᠢ ᠰᠢᠮᠧᠨ᠋ᠲᠷ ᠡᠬᠡ ᠮᠠᠯ ᠬᠤᠳᠠᠯᠳᠤᠨ ᠠᠪᠴᠤ᠂ ᠰᠢᠨ᠎ᠠ ᠪᠠᠷ ᠢᠯᠭᠠᠨ ᠲᠤᠳᠣᠯᠠᠭᠰᠠᠨ ᠶᠠᠳᠠᠭᠤ ᠡᠷᠦᠬᠡ ᠪᠤᠶᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠬᠦᠷᠳᠡᠬᠡᠳᠦᠢ ᠬᠦᠳᠡᠯᠮᠤᠷᠢ ᠬᠦᠴᠦᠨ ᠲᠠᠢ 217 ᠶᠠᠳᠠᠭᠤ ᠡᠷᠦᠬᠡ ᠶᠢᠨ 564 ᠬᠦᠮᠦᠨ ᠳᠤ ᠲᠡᠮᠵᠢᠯᠬᠡ ᠦᠵᠡᠬᠦᠯᠪᠡ᠃ ᠭᠠᠴᠠᠭ᠎ᠠ ᠲᠤᠰᠬᠤᠨ ᠳᠤ ᠬᠦᠷᠬᠡᠬᠦ ᠲᠦᠷᠦᠯ ᠵᠦᠢᠯ 26᠎ ᠢ ᠬᠡᠷᠡᠭᠵᠢᠬᠦᠯᠵᠦ᠂ 177 ᠡᠷᠦᠬᠡ ᠶᠢᠨ 384 ᠶᠠᠳᠠᠭᠤ ᠬᠦᠮᠦᠨ ᠤ ᠤᠷᠤᠯᠭ᠎ᠠ ᠶᠢ ᠨᠡᠮᠡᠭᠳᠡᠬᠦᠯᠵᠡᠢ︔1600 ᠲᠦᠮᠡᠨ ᠲᠦᠬᠦᠷᠢᠭ ᠤᠨ ᠵᠢᠬᠡᠯᠡᠯᠬᠡ ᠲᠠᠯᠪᠢᠵᠦ᠂ 19 ᠡᠷᠦᠬᠡ ᠰᠢᠨ᠎ᠠ ᠬᠡᠯᠪᠡᠷᠢ ᠶᠢᠨ ᠡᠵᠡᠩᠨᠡᠯᠳᠡ ᠎ ᠶᠢᠨ ᠭᠤᠤᠯ ᠴᠤᠭᠴᠠ ᠶᠢ ᠲᠡᠮᠵᠢᠵᠦ᠂ 102 ᠡᠷᠦᠬᠡ ᠶᠢᠨ 255 ᠬᠦᠮᠦᠨ ᠤ ᠤᠷᠤᠯᠭ᠎ᠠ ᠶᠢ ᠨᠡᠮᠡᠭᠳᠡᠬᠦᠯᠪᠠ᠃ ᠰᠠᠨᠠᠯ ᠲᠤᠷᠠᠳᠤᠯᠭ᠎ᠠ ᠶᠢ ᠦᠨᠳᠦᠰᠦᠯᠡᠵᠦ᠂ ᠨᠢᠬᠡ ᠳᠤ᠂ ︽ᠰᠢᠯᠤᠭᠤᠨ ᠬᠦᠬᠡ ᠬᠤᠰᠢᠭᠤᠨ ᠤ 2018 ᠤᠨ ᠠᠴᠠ 2020 ᠤᠨ ᠪᠤᠯᠳᠠᠯᠠᠬᠢ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠵᠢᠬᠡᠯᠡᠯᠬᠡ ᠲᠠᠯᠪᠢᠬᠤ ᠲᠦᠰᠦᠪ︾᠎ ᠢ ᠲᠤᠭᠳᠠᠭᠠᠨ ᠬᠤᠰᠢᠭᠤ ᠢᠳᠡᠬᠡᠮᠵᠢ ᠶᠢᠨ ᠬᠤᠷᠰᠢᠶ᠎ᠠ᠂ ᠾᠦᠢ ᠽᠧ ᠪᠠᠩᠬᠢ ᠪᠠ ᠲᠠᠷᠢᠶᠠᠯᠠᠩ ᠤᠨ ᠪᠠᠩᠬᠢ ᠯᠤᠭ᠎ᠠ ᠰᠢᠯᠤᠭᠤᠨ ᠬᠦᠬᠡ ᠬᠤᠰᠢᠭᠤᠨ ᠤ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠢᠳᠡᠬᠡᠮᠵᠢᠳᠦ ᠵᠢᠬᠡᠯᠡᠯᠬᠡ ᠶᠢᠨ ᠬᠠᠮᠵᠢᠯᠴᠠᠭᠠᠨ ᠤ ᠵᠦᠪᠳᠡᠯᠴᠡᠬᠡᠷ ᠢ ᠲᠤᠭᠳᠠᠵᠦ᠂ ᠮᠠᠨ ᠤ ᠬᠤᠰᠢᠭᠤᠨ ᠤ ᠡᠯ᠎ᠠ ᠰᠤᠮᠤ ᠪᠠᠯᠭᠠᠰᠤ ᠨᠢ ᠲᠠᠭᠠᠭᠠᠴᠢᠯᠠᠨ ᠬᠠᠷᠢᠭᠤᠴᠠᠬᠤ ᠲᠦᠷᠢᠮ ᠢ ᠬᠡᠷᠡᠭᠵᠢᠬᠦᠯᠵᠦ᠂ ᠶᠠᠳᠠᠭᠤ ᠶᠢ ᠲᠡᠳᠬᠦᠬᠦ ᠪᠠᠭ᠎ᠠ ᠲᠤᠭᠠᠨ ᠤ ᠢᠳᠡᠬᠡᠮᠵᠢᠳᠦ ᠵᠢᠬᠡᠯᠡᠯᠬᠡ ᠶᠢᠨ ᠠᠵᠢᠯ ᠢ ᠦᠷᠨᠢᠬᠦᠯᠦᠨ ᠤᠳᠤ ᠪᠤᠯᠬᠤ ᠳᠤ 52 ᠭᠠᠴᠠᠭᠠᠨ ᠤ 605 ᠶᠠᠳᠠᠭᠤ ᠡᠷᠦᠬᠡ ᠳᠤ 1550 ᠲᠦᠮᠡᠨ ᠲᠦᠬᠦᠷᠢᠭ ᠤᠨ ᠵᠢᠬᠡᠯᠡᠯᠬᠡ ᠲᠠᠯᠪᠢᠪᠠ᠃ ᠬᠤᠶᠠᠷ ᠲᠤ᠂ ᠰᠤᠷᠭᠠᠨ ᠬᠦᠮᠦᠵᠢᠯ ᠂ ᠡᠮ ᠡᠮᠨᠡᠯᠬᠡ᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠬᠦ᠂ ᠠᠵᠦ ᠦᠢᠯᠡᠰ ᠢᠶᠠᠷ ᠲᠡᠮᠵᠢᠬᠦ᠂ ᠫᠧᠩ ᠰᠠᠷᠠᠪᠴᠢ ᠶᠢ ᠪᠠᠶᠢᠭᠤᠯᠬᠤ᠂ ᠲᠤᠯᠤᠭᠠᠶᠢᠯᠠᠭᠴᠢ ᠠᠵᠦ ᠠᠬᠤᠶᠢᠯᠠᠯ ᠠᠴᠠ ᠲᠠᠶᠢᠴᠢᠯᠠᠬᠤ ᠪᠠ ᠲᠠᠪᠤᠨ ᠵᠢᠯ ᠤᠨ ᠬᠡᠷ ᠲᠦᠷᠢᠶᠡᠰᠦᠯᠡᠬᠦ ᠨᠦᠬᠦᠪᠦᠷᠢ ᠶᠢ ᠪᠠᠭᠤᠯᠭᠠᠬᠤ ᠵᠡᠷᠬᠡ ᠤᠯᠠᠨ ᠠᠷᠭ᠎ᠠ ᠮᠠᠶ᠋ᠢᠭ ᠢᠶᠠᠷ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠡᠷᠦᠬᠡ ᠶᠢ ᠲᠦᠷᠦᠯ ᠠᠩᠬᠢᠯᠠᠨ ᠲᠡᠳᠬᠦᠨ ᠲᠡᠮᠵᠢᠪᠡ᠃ ᠲᠤᠭᠤᠭᠠᠴᠢ ᠶᠢᠨ ᠮᠡᠷᠭᠡᠵᠢᠯ᠂ ᠴᠠᠭᠠᠨ ᠢᠳᠡᠭᠡ ᠬᠢᠬᠦ᠂ ᠮᠢᠬᠠᠨ ᠤ ᠦᠬᠡᠷ ᠤᠨ ᠡᠬᠦᠯᠳᠡᠷ ᠰᠠᠶᠢᠵᠢᠷᠠᠭᠤᠯᠬᠤ᠂ ᠡᠯᠡᠰᠦᠨ ᠵᠢᠷᠤᠭ᠂ ᠦᠨᠳᠦᠰᠦᠳᠡᠨ ᠤ ᠤᠨᠴᠠᠯᠢᠭᠳᠤ ᠭᠠᠷ ᠤᠷᠠᠯᠠᠯ ᠤᠨ ᠮᠡᠷᠬᠡᠵᠢᠯ ᠵᠡᠷᠬᠡ ᠤᠯᠠᠨ ᠤᠳᠠᠭᠠᠨ ᠤ ᠪᠤᠯᠪᠠᠰᠤᠷᠠᠯ ᠤᠨ ᠠᠩᠬᠢ ᠶᠢ ᠡᠷᠬᠢᠯᠡᠪᠡ᠃ ᠠᠶᠢᠮᠠᠭ ᠤᠨ ᠲᠤᠳᠤᠷᠡᠬᠢ ᠭᠤᠷᠪᠠᠨ ᠲᠡᠭᠡᠳᠦ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠲᠠᠢ ᠬᠠᠷᠢᠴᠠᠵᠦ ᠲᠤᠰᠬᠠᠢ ᠮᠡᠷᠬᠡᠵᠢᠯ ᠤᠨ ᠵᠢᠭᠠᠨ ᠵᠢᠯᠤᠭᠤᠳᠤᠯᠭ᠎ᠠ ᠬᠢᠯᠭᠡᠭᠰᠡᠨ ᠪᠠᠶᠢᠨ᠎ᠠ᠃ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠬᠦᠮᠦᠷᠬᠡ ᠶᠢ ᠶᠠᠭ ᠪᠠᠶᠢᠭᠤᠯᠵᠦ᠂ ᠡᠯ᠎ᠠ ᠭᠠᠴᠠᠭ᠎ᠠ ᠲᠤᠰᠬᠤᠨ ᠨᠢ ᠦᠪᠡᠷᠰᠡᠳ ᠤᠨ ᠢᠶᠠᠨ ᠪᠠᠶᠢᠳᠠᠯ ᠢ ᠦᠨᠳᠦᠰᠦᠯᠡᠵᠦ᠂ ᠬᠠᠮᠳᠤ ᠶᠢᠨ ᠠᠵᠤ ᠠᠬᠤᠢ ᠪᠠᠨ ᠬᠦᠭᠵᠢᠬᠦᠯᠬᠦ ᠲᠦᠰᠦᠪ ᠢᠶᠠᠨ ᠲᠦᠷᠦᠯ ᠵᠦᠢᠯ ᠤᠨ ᠬᠦᠮᠦᠷᠬᠡ ᠳᠤ ᠤᠷᠤᠭᠤᠯᠤᠨ᠂ ᠶᠠᠳᠠᠭᠤ ᠶᠢ ᠲᠡᠳᠬᠦᠬᠦ ᠲᠦᠷᠦᠯ ᠵᠦᠢᠯ ᠢᠶᠠᠷ ᠬᠠᠮᠳᠣ ᠶᠢᠨ ᠠᠵᠦ ᠠᠬᠤᠢ ᠶᠢ ᠲᠠᠶᠢᠴᠢᠯᠠᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠤᠨ᠎ᠡ᠃ ᠭᠤᠷᠪᠠ᠂ ᠬᠠᠮ ᠵᠠᠭᠤᠴᠢᠯᠠᠭᠤᠷ ᠢ ᠬᠦᠭᠵᠢᠬᠦᠯᠬᠦ ᠠᠵᠠ ᠲᠤᠬᠢᠶᠠᠯ ᠢ ᠠᠳᠬᠤᠵᠦ᠂ ᠰᠢᠨ᠎ᠠ ᠵᠠᠭᠤᠴᠢᠯᠠᠭᠤᠷ ᠤᠨ ᠵᠦᠪ ᠲᠠᠯ᠎ᠠ ᠶᠢᠨ ᠤᠬᠠᠭᠤᠯᠭ᠎ᠠ ᠮᠡᠳᠡᠬᠡᠯᠡᠯ ᠢ ᠴᠢᠩᠭᠠᠳᠬᠠᠨ᠂ ᠬᠤᠰᠢᠭᠤ ᠨᠠᠮ ᠎ ᠤᠨ ᠬᠤᠷᠢᠶ᠎ᠠ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ ᠢ ᠠᠩᠬᠠᠷᠤᠨ ᠬᠠᠯᠠᠮᠵᠢᠯᠠᠵᠦ᠂ ᠶᠠᠳᠠᠭᠤ ᠶᠢ ᠲᠡᠳᠬᠦᠬᠦ ᠤᠬᠠᠭᠤᠯᠭ᠎ᠠ ᠮᠡᠳᠡᠬᠡᠯᠡᠯ ᠢ ᠴᠢᠩᠭᠠᠳᠬᠠᠨ᠂ ᠰᠢᠨ᠎ᠠ ᠵᠠᠭᠤᠴᠢᠯᠠᠭᠤᠷ ᠠᠴᠠ ᠲᠠᠷᠬᠠᠭᠠᠭᠰᠠᠨ ᠮᠡᠳᠡᠬᠡᠯᠡᠯ ᠤᠨ ᠠᠷᠠᠳ ᠤᠨ ᠠᠮᠢᠳᠤᠷᠠᠯ ᠳᠤ ᠤᠶᠢᠷᠠᠳᠤᠭᠰᠠᠨ᠂ ᠤᠯᠠᠨ ᠤ ᠠᠩᠬᠠᠷᠤᠯ ᠢ ᠲᠠᠳᠠᠭᠰᠠᠨ ᠪᠠᠶᠢᠬᠤ ᠶᠢ ᠪᠠᠳᠤᠯᠠᠵᠦ᠂ ᠤᠯᠠᠨ ᠲᠦᠮᠡᠨ ᠤ ᠲᠠᠮᠵᠢᠭᠤᠯᠤᠨ ᠤᠬᠠᠭᠤᠯᠬᠤ ᠢᠳᠡᠪᠬᠢᠵᠢᠯ ᠢ ᠳᠠᠶᠢᠴᠢᠯᠠᠬᠤ ᠪᠠᠷ ᠴᠢᠷᠮᠠᠶᠢᠨ᠎ᠠ᠃ ᠤᠯᠤᠰ ᠲᠦᠷᠦ᠂ ᠲᠦᠷᠦ ᠶᠢᠨ ᠪᠤᠳᠤᠯᠭ᠎ᠠ ᠵᠡᠷᠬᠡ ᠭᠤᠤᠯᠳᠠᠯᠭ᠎ᠠ ᠲᠠᠢ ᠤᠬᠠᠭᠤᠯᠭ᠎ᠠ ᠶᠢᠨ ᠵᠦᠢᠯ ᠢ ᠨᠡᠶᠢᠬᠡᠮ ᠵᠢᠷᠤᠮ ᠤ ᠦᠷᠳᠡᠭ ᠤᠨ ᠦᠵᠡᠯᠳᠡ ᠶᠢᠨ ᠸᠢᠴᠡᠲ ᠬᠤᠯᠪᠤᠭ᠎ᠠ ᠪᠠᠷ ᠲᠠᠮᠵᠢᠭᠤᠯᠤᠨ ᠲᠠᠷᠬᠠᠭᠠᠵᠦ᠂ ᠰᠤᠮᠤ ᠪᠠᠯᠭᠠᠰᠤᠨ ᠤ ᠤᠬᠠᠭᠤᠯᠬᠤ ᠬᠡᠰᠢᠬᠦᠨ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠴᠢᠳᠠᠪᠬᠢ ᠶᠢ ᠪᠦᠷᠢᠨ ᠪᠠᠳᠠᠷᠠᠭᠤᠯᠵᠦ᠂ ᠤᠨᠤᠯ᠂ ᠲᠦᠷᠦ ᠶᠢᠨ ᠪᠤᠳᠤᠯᠭ᠎ᠠ ᠎ ᠶᠢ ᠭᠠᠴᠠᠭ᠎ᠠ ᠲᠤᠰᠬᠤᠨ᠂ ᠠᠶᠢᠯ ᠡᠷᠦᠬᠡ ᠳᠤ ᠬᠦᠨᠵᠡᠬᠡᠶᠢᠷᠡᠬᠦᠯᠬᠦ ᠠᠵᠢᠯ ᠢ ᠰᠠᠶᠢᠨ ᠬᠢᠨ᠎ᠠ᠃             ︵ᠵᠢᠷᠭᠤᠭ᠎ᠠ︶ 013᠂ 039᠂ 042᠂ 045᠂ 046᠂ 047᠂ 048᠂ 049᠂ 130᠂ 138 ᠳ᠋ᠣᠭᠠᠷ ᠰᠠᠨᠠᠭᠤᠯᠭ᠎ᠠ ᠳᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠬᠦᠴᠤᠯᠡᠴᠠ ᠶᠢ ᠴᠢᠩᠭᠠᠦᠠᠬᠠᠬᠤ ᠲᠤᠬᠠᠢ ᠲᠤᠷᠠᠦᠠᠪᠠ᠃ ᠨᠢᠬᠡ ᠳᠤ᠂ 1 ᠰᠠᠷ᠎ᠠ ᠶᠢᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠰᠠᠯᠬᠦᠨ ᠮᠠᠯᠵᠢᠬᠤ ᠠᠵᠢᠯ ᠎ ᠢ ᠤᠷᠤᠭᠰᠢᠲᠠᠢ ᠶᠠᠪᠤᠭᠲᠠᠭᠤᠯᠵᠤ᠂ ᠵᠤᠬᠢᠶᠠᠨ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠴᠢᠩᠭᠠᠦᠠᠬᠠᠨ᠂ ᠲᠤᠭᠤᠷᠢᠨ ᠪᠠᠶᠢᠴᠠᠭᠠᠬᠤ ᠬᠠᠤᠯᠢ ᠬᠡᠷᠡᠭᠵᠢᠬᠦᠯᠤᠯᠲᠠ ᠪᠠᠨ ᠡᠷᠴᠢᠮᠵᠢᠭᠦᠯᠦᠭᠰᠡᠨ ᠠᠴᠠ ᠬᠠᠪᠤᠷ ᠤᠨ ᠤᠯᠠᠷᠢᠯ ᠤᠨ ᠰᠠᠯᠬᠦᠨ ᠮᠠᠯᠵᠢᠬᠤ ᠠᠵᠢᠯ ᠪᠤᠲᠠᠲᠤ ᠦᠷ᠎ᠠ ᠪᠦᠲᠤᠮᠵᠢ ᠣᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠠᠶᠢᠰᠢᠶᠠᠯ ᠢ ᠤᠯᠪᠠ᠃ ᠬᠤᠶᠠᠷ ᠲᠤ᠂ ᠪᠡᠬᠡᠵᠢᠩ ᠲᠢᠶᠠᠠᠵᠢᠨ ᠤ ᠡᠯᠡᠰᠤ ᠰᠠᠯᠬᠢᠨ ᠤ ᠡᠬᠢ ᠶᠢ ᠵᠠᠰᠠᠬᠤ ᠬᠤᠶᠠᠲᠤᠭᠠᠷ ᠬᠤᠭᠤᠴᠠᠭᠠᠨ ᠤ ᠢᠡᠵᠧᠨᠧᠷᠢᠩ ᠢᠶᠠᠷ ᠳᠠᠮᠵᠢᠭᠤᠯᠵᠤ 8.4 ᠲᠦᠮᠠᠨ ᠮᠤ᠋ ᠭᠠᠵᠠᠷ ᠢ ᠪᠢᠳᠡᠭᠦᠮᠵᠢᠯᠡᠨ ᠬᠠᠮᠠᠭᠠᠯᠠᠵᠤ᠂15 ᠲᠦᠮᠠᠨ ᠮᠤ᠋᠂ 2200 ᠮᠤ᠋ ᠭᠤᠣᠯᠳᠠᠯᠭᠠᠳᠣ ᠣᠷᠣᠨ ᠪᠦᠰᠡ ᠶᠢ ᠨᠣᠭᠤᠭᠠᠷᠠᠭᠤᠯᠵᠤ᠂ 4 ᠲᠦᠮᠠᠨ ᠮᠤ᠋ ᠭᠠᠵᠠᠷ ᠢ ᠨᠦᠬᠦᠪᠦᠷᠢ ᠪᠠᠷ ᠣᠶᠢᠵᠢᠭᠤᠯᠤᠨ᠂ 4 ᠲᠦᠮᠠᠨ ᠮᠤ᠋ ᠣᠢ ᠮᠤᠳᠣ ᠶᠢ ᠠᠷᠠᠴᠢᠯᠠᠨ ᠪᠣᠶᠢᠵᠢᠭᠤᠯᠪᠠ᠃ 7500 ᠮᠤ᠋ ᠭᠠᠵᠠᠷ ᠲᠤ ᠵᠢᠵᠢᠭ ᠣᠷᠣᠰᠬᠠᠯ ᠤᠨ ᠣᠷᠣᠨ ᠤ ᠴᠡᠭᠴᠡᠯᠡᠯᠳᠡ ᠶᠢᠨ ᠢᠨᠵᠧᠨᠧᠷᠢᠩ ᠢ ᠬᠡᠷᠡᠭᠵᠢᠭᠦᠯᠪᠡ᠃ 5 ᠲᠦᠮᠠᠨ ᠮᠤ᠋ ᠬᠡᠪᠴᠢᠶᠡᠵᠢᠭᠰᠡᠨ ᠤᠢ ᠰᠢᠭᠤᠢ ᠶᠢᠨ ᠲᠠᠯᠠᠪᠠᠢ ᠶᠢᠨ ᠲᠦᠷᠤᠯ ᠵᠤᠶᠢᠯ ᠢ ᠲᠦᠯᠬᠢᠨ ᠠᠬᠢᠭᠤᠯᠵᠤ᠂ ᠪᠦᠲᠦᠬᠡᠨ ᠪᠠᠶᠢᠭᠤᠯᠤᠯᠲᠠ ᠪᠠᠨ ᠨᠢᠬᠡᠨᠲᠠ ᠡᠬᠢᠯᠡᠭᠦᠯᠵᠠᠢ᠃ ᠭᠤᠷᠪᠠ ᠳᠤ᠂ ᠬᠤᠯᠠᠨ ᠰᠢᠷᠭ᠎ᠠ ᠳᠠᠭ᠎ᠠ ᠶᠢᠨ ᠮᠠᠩᠬ᠎ᠠ ᠶᠢ ᠶᠡᠷᠦᠩᠭᠡᠶᠢᠯᠡᠨ ᠵᠠᠰᠠᠬᠤ ᠲᠥᠷᠥᠯ ᠵᠦᠢᠯ ᠢ ᠲᠦᠯᠬᠢᠨ ᠠᠬᠢᠭᠤᠯᠵᠤ᠂ ᠥᠪᠡᠷᠳᠡᠭᠡᠨ ᠤᠷᠤᠨ ᠤ ᠮᠡᠷᠭᠡᠵᠢᠯᠳᠡᠳ ᠤᠨ ᠲᠤᠭᠤᠶᠢᠯᠡᠩ ᠤᠨ ᠰᠤᠲᠤᠯᠤᠨ ᠪᠠᠶᠢᠴᠠᠭᠠᠯᠲᠠ᠂ ᠲᠦᠰᠤᠯ ᠨᠠᠶᠢᠷᠠᠭᠤᠯᠬᠤ ᠠᠵᠢᠯ ᠳᠤ ᠢᠲᠠᠪᠬᠢᠲᠠᠢ ᠬᠠᠮᠵᠢᠯᠴᠡᠪᠡ᠃ ︽ᠨᠠᠬᠦᠲᠠᠯ ᠤᠨ ᠰᠢᠪᠠᠭᠤᠤᠨ ᠢ ᠬᠠᠮᠠᠭᠠᠯᠠᠬᠤ ᠲᠤᠰᠬᠠᠢ ᠠᠵᠢᠯᠯᠠᠭ᠎ᠠ︾᠂ ︽ᠭᠤᠤᠯᠲᠠᠯᠭᠠᠲᠤ ᠤᠷᠤᠨ ᠪᠥᠰᠡ ᠶᠢ ᠲᠤᠭᠤᠷᠢᠨ ᠪᠠᠶᠢᠴᠠᠭᠠᠵᠤ᠂ ᠭᠤᠣᠯᠳᠠᠯᠭ᠎ᠠ ᠲᠠᠢ ᠵᠦᠢᠯ ᠳᠤ ᠴᠤᠬᠢᠯᠲᠠ ᠦᠭᠬᠦ ᠠᠵᠢᠯ︾ ᠵᠠᠷᠬᠡ ᠲᠤᠰᠬᠠᠢ ᠠᠵᠢᠯᠯᠠᠭ᠎ᠠ ᠶᠢ ᠦᠷᠨᠢᠬᠦᠯᠤᠨ᠂ ᠳᠣᠭᠳᠠᠮᠠᠯ ᠬᠤᠭᠤᠴᠠᠭ᠎ᠠ ᠲᠠᠢ ᠪᠤᠶᠤ ᠳᠣᠭᠳᠠᠮᠠᠯ ᠪᠤᠰᠣ ᠬᠤᠭᠤᠴᠠᠭ᠎ᠠ ᠪᠠᠷ ᠳᠣᠭᠤᠷᠢᠨ ᠪᠠᠶᠢᠴᠠᠭᠠᠭᠰᠠᠨ ᠠᠴᠠ ᠬᠦᠡᠲᠤ ᠶᠡᠭᠡ ᠭᠠᠯ ᠤᠨ ᠠᠶᠤᠯ ᠡᠬᠦᠰᠦᠭᠰᠠᠨ ᠦᠬᠡᠢ᠃ 18 ᠭᠤᠤᠯ 29 ᠨᠠᠭᠤᠷ ᠢ ︽ᠭᠤᠤᠯ ᠤᠨ ᠲᠠᠷᠤᠭ᠎ᠠ᠂ ᠨᠠᠭᠤᠷ ᠤᠨ ᠲᠠᠷᠤᠭ᠎ᠠ︾᠎ ᠶᠢᠨ ᠲᠦᠷᠢᠮ ᠢ ᠠᠬᠢᠭᠤᠯᠬᠤ ᠭᠤᠤᠯ ᠨᠠᠭᠤᠷ ᠢᠶᠠᠷ ᠲᠤᠭᠲᠠᠭᠠᠵᠤ᠂ ᠭᠤᠤᠯ ᠨᠠᠭᠤᠷ ᠎ ᠤᠨ ᠬᠠᠮᠢᠶᠠᠷᠣᠯᠳᠠ ᠶᠢᠨ ᠬᠠᠷᠢᠭᠤᠴᠠᠯᠭᠠᠳᠠᠨ ᠤ ᠡᠲᠦᠷ ᠲᠤᠲᠤᠮ ᠤᠨ ᠲᠤᠭᠤᠷᠢᠨ ᠪᠠᠶᠢᠴᠠᠭᠠᠬᠤ ᠠᠵᠢᠯ ᠲᠠᠢ ᠤᠶᠠᠯᠲᠤᠭᠤᠯᠤᠨ᠂ ︽ᠲᠦᠷᠪᠠᠨ ᠵᠦᠢᠯ ᠢ ᠴᠡᠪᠡᠷᠯᠡᠬᠦ︾ ᠲᠤᠰᠬᠠᠢ ᠴᠡᠭᠴᠡᠯᠡᠯᠳᠡ ᠶᠢᠨ ᠠᠵᠢᠯᠯᠠᠭ᠎ᠠ ᠦᠷᠨᠢᠬᠦᠯᠵᠤ᠂ ᠬᠠᠮᠢᠶ᠎ᠠ ᠪᠦᠬᠦᠢ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠬᠠᠮᠳᠣᠷᠠᠭᠰᠠᠨ ᠪᠠᠶᠢᠴᠠᠭᠠᠯᠲᠠ ᠶᠢᠨ ᠠᠵᠢᠯᠯᠠᠭ᠎ᠠ ᠦᠷᠨᠢᠬᠦᠯᠤᠨ᠂ ᠠᠰᠠᠭᠤᠲᠠᠯ ᠢ ᠴᠠᠭ ᠲᠤᠬᠠᠢ ᠳᠤᠨᠢ ᠰᠢᠢᠦᠠᠪᠤᠷᠢᠯᠠᠪᠠ᠃ ᠲᠦᠷᠪᠠ ᠳᠤ᠂ 2018 ᠤᠨ ᠳᠤ᠂ ᠮᠠᠨ ᠤ ᠬᠤᠰᠢᠭᠤ ᠲᠦᠷᠤᠯ ᠵᠤᠶᠢᠯ ᠢ ᠬᠢᠨᠠᠨ ᠵᠦᠪᠰᠢᠶᠠᠷᠠᠬᠦ ᠠᠵᠢᠯ ᠢ ᠴᠢᠩᠭᠠᠦᠠᠬᠠᠵᠤ᠂ ᠲᠦᠯᠤᠪᠵᠢᠬᠦᠯᠬᠡ ᠶᠢ ᠬᠡᠷᠡᠭᠵᠢᠬᠦᠯᠬᠦ ᠪᠠ ᠤᠷᠴᠢᠨ ᠲᠤᠭᠤᠷᠢᠨ ᠳᠠᠬᠢ ᠨᠥᠯᠥᠭᠡᠨ ᠳᠤ ᠦᠨᠡᠯᠡᠯᠲᠡ ᠬᠢᠬᠦ ᠬᠠᠮᠢᠶ᠎ᠠ ᠪᠦᠬᠦᠢ ᠳᠥᠷᠢᠮ ᠳᠣᠭᠳᠠᠭᠠᠯ ᠢ ᠴᠢᠩᠭ᠎ᠠ ᠬᠡᠷᠡᠭᠵᠢᠭᠦᠯᠦᠨ᠂ ᠪᠦᠬᠦ ᠵᠢᠯ ᠳᠤ ᠤᠷᠴᠢᠨ ᠲᠤᠭᠤᠷᠢᠨ ᠳᠠᠬᠢ ᠨᠥᠯᠥᠭᠡᠨ ᠤ ᠮᠠᠲᠠᠬᠦᠯᠤᠯᠲᠠ ᠶᠢ 55 ᠬᠤᠪᠢ ᠬᠢᠨᠠᠨ ᠵᠦᠪᠰᠢᠶᠠᠷᠠᠵᠤ᠂ 76 ᠬᠤᠪᠢ ᠳᠠᠩᠰᠠᠯᠠᠯᠳᠠ ᠶᠢᠨ ᠬᠦᠰᠦᠨᠦᠭ ᠢ ᠪᠥᠷᠢᠳᠬᠡᠵᠦ᠂ ᠨᠢᠲᠤᠨᠤᠨ ᠤ ᠠᠲᠠᠯᠢ ᠬᠤᠭᠤᠴᠠᠭᠠᠨ ᠎ ᠠᠴᠠ 200 %᠎ ᠪᠠᠷ ᠨᠠᠮᠡᠭᠲᠠᠨ᠂ ᠲᠦᠷᠤᠯ ᠵᠤᠶᠢᠯ ᠤᠨ ᠤᠷᠴᠢᠨ ᠲᠤᠭᠤᠷᠢᠨ ᠳᠠᠬᠢ ᠨᠥᠯᠥᠭᠡᠯᠡᠯ ᠪᠠ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠳᠣᠳᠬᠠᠬᠤ︾ ᠭᠠᠷ ᠭᠦᠢᠴᠡᠳᠬᠡᠯ ᠢ ᠬᠢᠭᠰᠡᠨ ᠨᠤᠷᠮ᠎ᠠ ᠨᠢ 100%᠎ ᠳᠤ ᠬᠦᠷᠪᠠ ᠃ ︽ᠪᠠᠶᠠᠠᠭᠤᠤᠯ ᠭᠠᠴᠠᠭᠠᠨ ᠤ ᠮᠠ ᠶᠠ ᠱᠠᠨ ᠠᠭᠤᠯᠠᠨ ᠤ ᠠᠵᠤ ᠤᠶᠢᠯᠠᠦᠠᠪᠤᠷᠢ ᠶᠢᠨ ᠬᠦᠷᠢᠶᠠᠯᠡᠩ ᠨᠢ ᠭᠠᠴᠠᠭᠠᠨ ᠤ ᠨᠤᠳᠤᠭ ᠪᠠᠯᠴᠢᠬᠡᠷ ᠢ ᠡᠪᠳᠡᠵᠦ᠂ ᠠᠵᠤ ᠠᠬᠤᠶᠢᠯᠡᠯ ᠤᠨ ᠪᠤᠬᠢᠷᠲᠤᠯ ᠠᠪᠴᠢᠷᠠᠭᠰᠠᠨ ᠪᠠ ᠱᠦᠢᠨᠢ ᠶᠢᠨ ᠤᠶᠢᠯᠠᠦᠠᠪᠤᠷᠢ ᠪᠠᠶᠢᠭ᠎ᠠ ᠬᠤᠲᠠ ᠳᠠᠬᠢ ᠠᠵᠤ ᠠᠬᠤᠶᠢᠯᠡᠯ ᠨᠢ ᠴᠢᠯᠠᠭᠤ ᠮᠠᠯᠲᠠᠬᠤ᠂ ᠠᠭᠤᠯᠨ ᠡᠪᠳᠡᠬᠦ᠂ ᠨᠤᠭᠤᠭᠠᠷᠠᠠᠭᠤᠯᠤᠯᠲᠠ ᠬᠢᠭᠰᠡᠨ ᠦᠬᠡᠢ︾ ᠵᠡᠷᠭᠡ ᠠᠰᠠᠭᠤᠲᠠᠯ ᠳᠤ ᠴᠢᠭᠯᠡᠭᠦᠯᠦᠨ᠂ ᠬᠤᠰᠢᠭᠤᠨ ᠠᠴᠠ ᠳᠣᠰᠬᠠᠢ ᠱᠠᠭᠠᠷᠲᠠᠨ ᠪᠠᠶᠢᠴᠠᠭᠠᠭᠰᠠᠨ ᠠᠴᠠ᠂ ᠮᠠ ᠶᠠ ᠱᠠᠨ ᠠᠭᠤᠯᠠᠨ ᠤ ᠠᠵᠤ ᠤᠶᠢᠯᠠᠦᠠᠪᠤᠷᠢ ᠶᠢᠨ ᠬᠦᠷᠢᠶᠠᠯᠡᠩ ᠳᠠᠬᠢ ᠰᠢᠯᠤᠭᠤᠨ ᠬᠦᠬᠡ ᠬᠤᠰᠢᠭᠤᠨ ᠤ ᠶᠢᠨ ᠱᠠ ᠸᠡᠨ ᠲᠠᠮᠤᠷ ᠎ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠰᠢᠯᠤᠭᠤᠨ ᠬᠦᠬᠡ ᠬᠤᠰᠢᠭᠤᠨ ᠤ ᠬᠤᠸ᠋ᠨ ᠶᠢᠨ ᠴᠡᠬᠢᠭᠤᠷᠲᠤ ᠲᠠᠮᠤᠷ ᠤᠨ ᠤᠶᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠰᠢᠯᠤᠭᠤᠨ ᠬᠦᠬᠡ ᠬᠤᠰᠢᠭᠤᠨ ᠤ ᠰᠢᠨ ᠹᠠ ᠲᠠᠮᠤᠷ ᠤᠨ ᠬᠠᠶᠢᠯᠤᠰᠢ ᠶᠢᠨ ᠠᠭᠤᠷᠬᠠᠢ ᠶᠢᠨ ᠬᠢᠵᠠᠭᠠᠷᠲᠤ ᠺᠤᠮᠫᠠᠨᠢ ᠨᠢ ᠬᠦᠷᠢᠶᠠᠯᠡᠩ ᠳᠤ ᠪᠠᠶᠢᠭ᠎ᠠ ᠠᠭᠤᠷᠬᠠᠢ ᠶᠢᠨ ᠬᠠᠶᠠᠭᠲᠠᠮᠠᠯ ᠨᠤᠠᠲᠠᠭ ᠢᠶᠠᠨ ᠨᠢᠭᠡᠨᠳᠡ ᠴᠡᠪᠡᠷᠯᠡᠨ ᠴᠡᠭᠴᠠᠯᠡᠭᠰᠠᠨ ᠪᠠᠶᠢᠨ᠎ᠠ᠂ ᠭᠤᠷᠪᠠᠨ ᠠᠵᠤ ᠠᠬᠤᠢ ᠶᠢᠨ ᠬᠠᠶᠠᠭᠲᠠᠮᠠᠯ ᠨᠤᠠᠲᠠᠭ ᠢ ᠶᠠᠷᠤᠩᠬᠡᠶᠢᠯᠠᠨ ᠵᠠᠰᠠᠬᠤ ᠵᠢᠴᠢ ᠠᠮᠢ ᠠᠬᠤᠢ ᠶᠢᠨ ᠰᠠᠷᠬᠦᠬᠡᠯᠲᠠ ᠳᠤ ᠨᠠᠶᠢᠲᠠ 198 ᠲᠦᠮᠠᠨ ᠲᠦᠬᠦᠷᠢᠭ ᠵᠠᠷᠣᠴᠠᠭᠤᠯᠵᠤ᠂ ᠡᠬᠦᠨ ᠳᠤ ᠨᠢᠬᠡᠲᠤᠬᠡᠷ ᠲᠤᠭᠤᠷᠢᠭ ᠲᠤ 151.34 ᠲᠦᠮᠠᠨ ᠲᠦᠬᠦᠷᠢᠭ᠂ ᠬᠤᠶᠠᠲᠤᠭᠠᠷ ᠲᠤᠭᠤᠷᠢᠭ ᠲᠤ 16.78 ᠲᠦᠮᠠᠨ ᠲᠦᠬᠦᠷᠢᠭ᠂ ᠲᠦᠷ ᠴᠠᠭ ᠡᠵᠡᠯᠡᠭᠰᠠᠨ ᠭᠠᠵᠠᠷ ᠤᠨ ᠨᠦᠬᠦᠪᠦᠷᠢ 2.86 ᠲᠦᠮᠠᠨ ᠲᠦᠬᠦᠷᠢᠭ᠂ ᠰᠠᠭᠤᠷᠢ ᠪᠠᠯᠠᠦᠠᠬᠡᠯ ᠤᠨ ᠰᠤᠶᠢᠦᠡᠬᠡᠯ 8.55 ᠲᠦᠮᠠᠨ ᠲᠦᠬᠦᠷᠢᠭ᠂ ᠪᠠᠷᠢᠯᠭ᠎ᠠ ᠪᠤᠯᠤᠨ ᠪᠤᠰᠤᠤᠨ ᠵᠠᠷᠤᠲᠠᠯ ᠳᠤ 18.46 ᠲᠦᠮᠠᠨ ᠲᠦᠬᠦᠷᠢᠭ ᠵᠠᠷᠤᠴᠠᠭᠤᠯᠪᠠ᠃ ᠠᠭᠤᠷ ᠠᠮᠢᠰᠬᠤᠯ ᠤᠨ ᠨᠥᠯᠥᠭᠡᠨ ᠠᠴᠠ ᠪᠤᠯᠵᠤ ᠤᠷᠭᠤᠮᠠᠯ ᠢ ᠰᠠᠷᠬᠦᠬᠡᠬᠦ ᠠᠷᠭ᠎ᠠ ᠦᠬᠡᠢ ᠪᠤᠯᠬᠤᠷ ᠡᠨ᠋ᠨ ᠵᠢᠯ ᠤᠨ 5 ᠰᠠᠷ᠎ᠠ ᠠᠴᠠ ᠡᠬᠢᠯᠠᠵᠤ ᠲᠠᠷᠢᠵᠦ ᠣᠶᠢᠵᠢᠭᠤᠯᠬᠤ ᠪᠠᠷ ᠪᠣᠯᠪᠠ᠃ ᠪᠠᠶᠠᠨᠭᠤᠣᠯ ᠴᠣᠬᠤᠢ ᠶᠢᠨ ᠴᠢᠯᠠᠭᠤ ᠠᠭᠤᠷᠬᠠᠢ ᠶᠢᠨ ᠠᠵᠤ ᠠᠬᠤᠶᠢᠯᠠᠯ ᠨᠢ ︽ᠰᠢᠯᠤᠭᠤᠨ ᠬᠦᠬᠡ ᠬᠤᠰᠢᠭᠤᠨ ᠤ ᠪᠠᠶᠠᠡᠭᠤᠤᠯ ᠴᠣᠬᠤᠢ ᠶᠢᠨ ᠴᠢᠯᠠᠭᠤᠨ ᠠᠭᠤᠷᠬᠠᠢ ᠶᠢᠨ ᠠᠭᠤᠯᠨ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠵᠠᠰᠠᠨ ᠰᠠᠷᠬᠦᠬᠡᠬᠦ ᠲᠦᠰᠤᠯ︾ ᠵᠢᠴᠢ ︽ᠰᠢᠯᠤᠭᠤᠨ ᠬᠦᠬᠡ ᠬᠤᠰᠢᠭᠤᠨ ᠤ ᠪᠠᠶᠠᠡᠭᠤᠤᠯ ᠴᠣᠬᠤᠢ ᠶᠢᠨ ᠴᠢᠯᠠᠭᠤᠨ ᠠᠭᠤᠷᠬᠠᠢ ᠶᠢᠨ ᠠᠭᠤᠯᠠᠨ ᠤ ᠭᠠᠵᠠᠷ ᠰᠢᠡᠵᠢᠯᠡᠬᠡᠨ ᠤ ᠤᠷᠴᠢᠨ ᠲᠤᠭᠤᠷᠢᠨ ᠤ ᠬᠠᠮᠠᠭᠠᠯᠠᠯᠲᠠ ᠪᠤᠯᠤᠨ ᠬᠤᠭᠤᠴᠠᠭ᠎ᠠ ᠬᠤᠪᠢᠶᠠᠨ ᠵᠠᠰᠠᠨ ᠰᠠᠷᠬᠦᠬᠡᠬᠦ ᠲᠦᠰᠤᠯ ︾᠎ ᠢ ᠨᠢᠬᠡᠨᠲᠠ ᠨᠠᠶᠢᠷᠠᠭᠤᠯᠵᠤ᠂ ᠬᠤᠶᠠᠳᠣᠭᠠᠷ ᠬᠤᠭᠤᠴᠠᠭᠠᠨ ᠤ ᠬᠢᠨᠡᠨ ᠰᠢᠯᠭᠠᠯᠲᠠ ᠶᠢ ᠥᠩᠭᠡᠷᠡᠭᠦᠯᠵᠠᠢ᠃ 2018 ᠤᠨ ᠎ ᠠᠴᠠ ᠨᠠᠰᠢ᠂ ᠮᠠᠨ ᠤ ᠬᠤᠰᠢᠭᠤ ᠨᠢ ᠲᠤᠰ ᠠᠵᠤ ᠠᠬᠤᠶᠢᠯᠡᠯ ᠳᠠᠬᠢ ᠬᠢᠨᠡᠨ ᠬᠠᠮᠢᠶᠠᠷᠤᠯᠲᠠ ᠶᠢᠨ ᠬᠦᠴᠤᠯᠡᠴᠠ ᠪᠠᠨ ᠲᠠᠰᠤᠷᠠᠯᠲᠠ ᠦᠬᠡᠢ ᠴᠢᠩᠭᠠᠦᠠᠬᠠᠵᠤ᠂ ᠠᠵᠤ ᠠᠬᠤᠶᠢᠯᠡᠯ ᠢ ᠵᠢᠯᠤᠭᠤᠲᠤᠨ᠂ 2018 ᠤᠨ ᠤ ᠡᠴᠤᠰ ᠲᠤ 68 ᠲᠦᠮᠠᠨ ᠲᠦᠬᠦᠷᠢᠭ ᠤᠨ ᠪᠠᠯᠨ ᠤᠷᠤᠭᠤᠯᠵᠤ ᠰᠠᠯᠬᠢᠨ ᠬᠠᠯᠬᠠᠪᠴᠢ ᠪᠠᠶᠢᠭᠤᠯᠪᠠ᠂ ᠠᠭᠤᠷ ᠠᠮᠢᠰᠬᠤᠯ ᠤᠨ ᠨᠥᠯᠥᠭᠡᠨ ᠠᠴᠠ ᠪᠤᠯᠵᠤ ᠤᠷᠭᠤᠮᠠᠯ ᠢ ᠰᠠᠷᠬᠦᠬᠡᠵᠤ ᠴᠢᠲᠠᠭᠰᠠᠨ ᠦᠬᠡᠢ᠂ ᠡᠨ᠋ᠨ ᠵᠢᠯ ᠤᠨ 5 ᠰᠠᠷ᠎ᠠ ᠠᠴᠠ ᠡᠬᠢᠯᠠᠨ ᠲᠠᠷᠢᠵᠤ ᠤᠶᠢᠵᠢᠭᠤᠯᠤᠬᠤ ᠪᠤᠯᠤᠨ᠎ᠠ             ︵ᠲᠤᠯᠤᠭ᠎ᠠ︶ 008᠂ 009᠂ 091᠂ 093 ᠳ᠋ᠣᠭᠠᠷ ᠰᠠᠨᠠᠯ ᠳᠣᠷᠠᠳᠣᠯᠭ᠎ᠠ ᠳᠤ ᠪᠦᠢᠲᠠ ᠪᠦᠭᠯᠡᠬᠦᠤ ᠭᠠᠵᠠᠷ ᠤᠨ ᠲᠤᠤᠷ ᠰᠦᠯᠵᠢᠶᠠᠨ ᠤ ᠳᠣᠬᠢᠶᠠᠨ ᠪᠦᠷᠬᠦᠯᠲᠠ ᠠᠨᠠᠢ ᠪᠠᠶᠢᠬᠤ ᠠᠰᠠᠭᠤᠲᠠᠯ ᠤᠨ ᠲᠤᠬᠠᠢ ᠲᠤᠷᠠᠦᠠᠪᠠ᠃ ᠮᠠᠨ ᠤ ᠬᠤᠰᠢᠭᠤ ᠨᠢ ᠨᠢᠬᠡᠲᠤᠮᠠᠯ ᠬᠤᠯᠪᠤᠭ᠎ᠠ᠂ ᠨᠠᠬᠦᠲᠠᠯ ᠬᠤᠯᠪᠤᠭ᠎ᠠ᠂ ᠴᠠᠬᠢᠯᠭᠠᠨ ᠬᠤᠯᠪᠤᠭ᠎ᠠ᠂ ᠲᠢᠶᠧ ᠲᠠ ᠺᠤᠮᠫᠠᠨᠢ ᠲᠠᠢ ᠬᠠᠮᠵᠢᠯᠴᠠᠨ᠂ ᠪᠦᠬᠦ ᠬᠤᠰᠢᠭᠤᠨ ᠤ ᠮᠠᠯᠴᠢᠨ ᠲᠠᠷᠢᠶᠠᠴᠢᠨ ᠤ ᠳᠣᠰᠬᠠᠯ ᠴᠢᠩᠭ᠎ᠠ ᠭᠠᠵᠠᠷ ᠤᠷᠤᠨ ᠳᠤ ᠬᠦᠷᠴᠦ ᠰᠣᠳᠣᠯᠣᠨ ᠪᠠᠶᠢᠴᠠᠭᠠᠵᠤ᠂ ᠲᠤᠬᠢᠶ᠎ᠠ ᠪᠠᠭᠤᠷᠠᠢ ᠠᠰᠠᠭᠤᠲᠠᠯ ᠢ ᠶᠠᠷᠢᠯᠴᠠᠨ ᠰᠣᠳᠣᠯᠣᠭᠰᠠᠨ ᠤ ᠬᠠᠮᠲᠤ᠂ ᠲᠠᠬᠡᠲᠤ ᠱᠠᠲᠤᠨ ᠳᠤ ᠡᠷᠠᠮᠠᠯᠵᠠᠯᠠᠨ ᠮᠠᠲᠠᠬᠦᠯᠬᠦ ᠬᠦᠴᠤᠯᠠᠴᠠ ᠪᠠᠨ ᠴᠢᠩᠭᠠᠦᠠᠬᠠᠵᠤ᠂ ᠴᠠᠬᠢᠯᠭᠠᠨ ᠬᠤᠯᠪᠤᠭᠠᠨ ᠤ ᠳᠣᠬᠢᠶ᠎ᠠ ᠶᠢ ᠬᠠᠮᠲᠤ ᠳᠠᠭᠠᠨ ᠡᠳ᠋ᠯᠡᠬᠦ ᠪᠠᠷ ᠴᠢᠷᠮᠠᠶᠢᠨ᠂ ᠲᠤᠤᠷ ᠰᠦᠯᠵᠢᠶ᠎ᠠ ᠪᠤᠯᠤᠨ ᠰᠤᠷᠠᠭ ᠴᠢᠮᠡᠭᠡᠨ ᠤ ᠪᠦᠷᠬᠦᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ            2018 ᠤᠨ ᠳᠤ 71 ᠴᠢᠮᠡᠭᠡ ᠬᠤᠯᠪᠣᠭᠠᠨ ᠤ ᠰᠠᠭᠤᠷᠢ ᠦᠷᠲᠡᠭᠡ ᠥᠷᠭᠡᠳᠬᠡᠨ ᠪᠠᠶᠢᠭᠤᠯᠵᠤ᠂ 320 ᠺᠢᠯᠤᠮᠧᠲᠷ ᠤᠨ ᠴᠢᠮᠡᠭᠡ ᠬᠤᠯᠪᠤᠭᠠᠨ ᠤ ᠭᠡᠷᠡᠯᠯᠢᠭ ᠰᠢᠷᠢᠭᠡᠭ ᠢ ᠲᠡᠪᠢᠰᠦᠨ᠂ ᠴᠢᠮᠡᠭᠡ ᠬᠤᠯᠪᠤᠭᠠᠨ ᠤ ᠤᠨᠤᠯ ᠤᠨ ᠪᠦᠷᠬᠦᠴᠠ ᠶᠢ 85%᠎ ᠳᠤ ᠬᠦᠷᠭᠡᠵᠠᠢ᠃ ᠴᠠᠬᠢᠯᠭᠠᠨ ᠬᠤᠯᠪᠤᠭᠠᠨ ᠤ ᠨᠠᠶᠢᠲᠠᠮ ᠤᠨ ᠦᠢᠯᠡᠴᠢᠯᠡᠭᠡᠨ ᠤ ᠢᠡᠵᠧᠨᠧᠷᠢᠩ ᠤᠨ ᠭᠡᠷᠡᠯᠯᠢᠭ ᠰᠢᠷᠬᠡᠭ ᠢ 1109 ᠺᠢᠯᠤᠮᠧᠲᠷ ᠲᠠᠪᠢᠰᠤᠨ᠂ 9 ᠰᠤᠮᠤ ᠪᠠᠯᠭᠠᠰᠤ ᠲᠠᠯᠠᠪᠠᠢ ᠶᠢᠨ 103 ᠭᠠᠴᠠᠭ᠎ᠠ ᠲᠤᠰᠬᠤᠨ ᠢ ᠪᠥᠷᠬᠦᠭᠦᠯᠪᠡ᠃ ᠨᠢᠬᠡ ᠳᠤ᠂ ᠮᠠᠨ ᠤ ᠬᠤᠰᠢᠭᠤᠨ ᠤ 21 ᠭᠠᠴᠠᠭ᠎ᠠ ᠲᠤᠰᠬᠤᠨ ︵ᠬᠤᠪᠢᠶᠠᠷᠢ ᠲᠠᠯᠠᠪᠠᠢ︶᠎ ᠢ ᠨᠢᠬᠡᠨᠲᠠ 2018 ᠤᠨ ᠤ ᠴᠠᠬᠢᠯᠭᠠᠨ ᠬᠤᠯᠪᠤᠭᠠᠨ ᠤ ᠨᠠᠶᠢᠲᠠᠮ ᠦᠢᠯᠡᠴᠢᠯᠡᠭᠡᠨ ᠤ 4G᠎ ᠶᠢ ᠪᠦᠷᠬᠦᠬᠦᠯᠬᠦ ᠢᠡᠵᠧᠨᠧᠷᠢᠩ ᠳᠤ ᠵᠢᠭᠰᠠᠭᠠᠨ ᠤᠷᠤᠭᠤᠯᠵᠤ᠂ ᠰᠠᠩ ᠤᠨ ᠲᠠᠯᠠᠢ᠂ ᠪᠤᠱᠤᠤᠲᠠᠢ᠂ ᠨᠠᠷᠠᠲᠤ᠂ ᠵᠢᠭᠠᠰᠤᠲᠠᠢ᠂ ᠰᠠᠶᠢᠨᠬᠤᠤᠠᠲᠤᠭ ᠵᠠᠷᠬᠡ ᠰᠤᠮᠤ ᠪᠠᠯᠭᠠᠰᠤ ᠶᠢ ᠬᠠᠮᠤᠷᠴᠤ᠂ ᠴᠠᠬᠢᠯᠭᠠᠨ ᠬᠤᠯᠪᠤᠭᠠᠨ ᠤ ᠺᠤᠮᠫᠠᠨᠢ ᠪᠤᠯᠤᠨ ᠨᠠᠬᠦᠲᠠᠯ ᠬᠤᠯᠪᠤᠭᠠᠨ ᠤ ᠺᠤᠮᠫᠠᠨᠢ ᠠᠴᠠ ᠲᠤᠰᠪᠤᠷᠢ ᠲᠠᠭᠠᠭᠠᠴᠢᠯᠠᠨ ᠪᠠᠶᠢᠭᠤᠯᠬᠤ ᠪᠠᠷ ᠪᠤᠯᠵᠤ᠂ 2019 ᠤᠨ ᠤ 8 ᠰᠠᠷ᠎ᠠ ᠳᠤ ᠪᠠᠶᠢᠭᠤᠯᠵᠤ ᠲᠠᠭᠤᠰᠬᠤ ᠪᠠᠷ ᠲᠦᠯᠤᠪᠯᠡᠵᠤ ᠪᠤᠢ ᠃ ᠬᠤᠶᠠᠷ ᠲᠤ᠂ ᠵᠢᠭᠠᠰᠤᠲᠠᠢ ᠰᠤᠮᠤᠨ ᠤ 7 ᠭᠠᠴᠠᠭᠠᠨ ᠤ ᠭᠠᠷ ᠣᠳᠠᠰᠣᠨ ᠲᠤᠬᠢᠶ᠎ᠠ ᠮᠠᠭᠤ᠂ ᠴᠢᠮᠡᠭᠡ ᠬᠤᠯᠪᠤᠭ᠎ᠠ ᠰᠢᠯᠤᠭᠤᠨ ᠨᠠᠪᠲᠠᠷᠠᠬᠦ ᠦᠬᠡᠢ ᠠᠰᠠᠭᠤᠲᠠᠯ ᠲᠤ ᠴᠢᠭᠯᠡᠭᠦᠯᠦᠨ᠂ 2018 ᠤᠨ ᠤ 6 ᠰᠠᠷ᠎ᠠ ᠳᠤ᠂ ᠬᠤᠰᠢᠭᠤ ᠴᠠᠬᠢᠯᠭᠠᠨ ᠬᠤᠯᠪᠤᠭᠠᠨ ᠤ ᠺᠤᠮᠫᠠᠨᠢ ᠨᠢ ᠵᠢᠭᠠᠰᠤᠲᠠᠢ ᠰᠤᠮᠤᠨ ᠳᠤ ᠰᠠᠭᠤᠷᠢ ᠦᠷᠲᠡᠭᠡ ᠪᠠᠶᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠠᠴᠠ ᠵᠢᠭᠠᠰᠣᠳᠠᠢ ᠰᠤᠮᠤᠨ ᠤ ᠡᠮᠤᠨ᠎ᠠ ᠪᠠᠶ᠎ᠠ ᠪᠤᠯᠤᠨ ᠬᠤᠶᠢᠲᠤ ᠪᠠᠶ᠎ᠠ ᠶᠢᠨ ᠭᠠᠴᠠᠭᠠᠨ ᠳᠤ ᠴᠠᠬᠢᠯᠭᠠᠨ ᠬᠤᠯᠪᠤᠭᠠᠨ ᠤ ᠭᠠᠷ ᠤᠳᠠᠰᠣᠨ ᠤ ᠲᠤᠬᠢᠶ᠎ᠠ ᠦᠡᠲᠤᠰᠤᠨ ᠳᠡᠭᠡᠨ ᠪᠥᠷᠬᠦᠭᠳᠡᠪᠡ᠃ 2019 ᠤᠨ ᠳᠤ ᠴᠠᠬᠢᠯᠭᠠᠨ ᠬᠤᠯᠪᠤᠭᠠᠨ ᠤ ᠨᠠᠶᠢᠲᠠᠮ ᠤᠨ ᠦᠢᠯᠡᠴᠢᠯᠡᠭᠡᠨ ᠤ 4G᠎ ᠢ ᠪᠦᠷᠬᠦᠬᠦᠯᠬᠦ ᠢᠡᠵᠧᠨᠧᠷᠢᠩ ᠢ ᠪᠡᠶᠡᠯᠡᠭᠦᠯᠪᠡᠯ ᠴᠠᠬᠢᠯᠭᠠᠨ ᠬᠤᠯᠪᠣᠭᠠᠨ ᠤ ᠳᠣᠬᠢᠶ᠎ᠠ ᠨᠢ ᠪᠦᠬᠦ ᠰᠤᠮᠤ ᠶᠢ ᠪᠦᠷᠬᠦᠬᠦ ᠪᠤᠯᠤᠨ᠎ᠠ᠃ ᠤᠲᠤᠬᠠᠨ ᠳᠤ᠂ ᠴᠠᠬᠢᠯᠭᠠᠨ ᠬᠤᠯᠪᠤᠭᠠᠨ ᠤ ᠺᠤᠮᠫᠠᠨᠢ ᠠᠴᠠ ᠵᠢᠭᠠᠰᠣᠳᠠᠢ ᠰᠤᠮᠤᠨ ᠳᠤ ᠭᠠᠷ ᠤᠲᠠᠰᠤᠨ ᠤ ᠺᠠᠷᠲ ᠢ ᠣᠷᠣᠭᠤᠯᠬᠤ ᠦᠢᠯᠡᠴᠢᠯᠡᠭᠡᠨ ᠤ ᠦᠷᠲᠡᠭᠡ ᠪᠠᠶᠢᠭᠤᠯᠵᠤ᠂ ᠲᠤᠰᠬᠠᠢ ᠠᠵᠢᠯ ᠢᠶᠠᠨ ᠡᠬᠢᠯᠡᠬᠦᠯᠦᠭᠰᠠᠨ ᠪᠠᠶᠢᠨ᠎ᠠ᠃ ᠭᠤᠷᠪᠠ ᠳᠤ᠂ ᠨᠠᠷᠠᠲᠤ ᠰᠤᠮᠤᠨ ᠤ ᠭᠤᠭᠤᠰᠤᠲᠠᠢ᠂ ᠴᠠᠴᠠᠷ ᠤᠨ ᠭᠤᠤᠯ ᠵᠠᠷᠬᠡ ᠵᠢᠭᠤᠯᠴᠢᠯᠠᠯ ᠤᠨ ᠦᠵᠠᠮᠵᠢᠲᠤ ᠤᠷᠤᠨ ᠳᠠᠬᠢ ᠭᠠᠷ ᠤᠲᠠᠰᠤᠨ ᠤ ᠲᠤᠬᠢᠶ᠎ᠠ ᠪᠠᠭᠤᠷᠢ ᠪᠠᠶᠢᠭ᠎ᠠ ᠠᠰᠠᠭᠤᠲᠠᠯ ᠳᠤ ᠴᠢᠭᠯᠡᠭᠦᠯᠦᠨ᠂ ᠡᠨ᠋ᠨ ᠵᠢᠯ᠂ ᠴᠠᠬᠢᠯᠭᠠᠨ ᠬᠤᠯᠪᠤᠭᠠᠨ ᠤ ᠨᠠᠶᠢᠲᠠᠮ ᠤᠨ ᠤᠶᠢᠯᠠᠴᠢᠯᠡᠬᠡᠨ ᠤ 4G᠎ ᠢ ᠪᠦᠷᠬᠦᠬᠦᠯᠬᠦ ᠢᠡᠵᠧᠨᠧᠷᠢᠩ ᠢ ᠪᠠᠶᠠᠯᠠᠬᠦᠯᠬᠦ ᠶᠢᠨ ᠬᠠᠮᠳᠣ᠂ ᠭᠠᠷ ᠤᠲᠠᠰᠤᠨ ᠤ ᠲᠤᠬᠢᠶ᠎ᠠ ᠠᠨᠠᠢ ᠪᠠᠶᠢᠬᠤ ᠠᠰᠠᠭᠤᠲᠠᠯ ᠢ ᠰᠢᠢᠦᠠᠪᠤᠷᠢᠯᠠᠨ ᠰᠠᠶᠢᠵᠢᠷᠠᠭᠤᠯᠬᠤ ᠪᠤᠯᠤᠨ᠎ᠠ᠃ ᠲᠤᠰ ᠣᠳᠠᠭᠠᠨ ᠤ᠂ ᠴᠠᠬᠢᠯᠭᠠᠨ ᠬᠤᠯᠪᠤᠭᠠᠨ ᠤ ᠨᠠᠶᠢᠲᠠᠮ ᠤᠨ ᠦᠢᠯᠡᠴᠢᠯᠡᠭᠡᠨ ᠤ ᠬᠦᠷᠢᠶ᠎ᠠ ᠬᠡᠪᠴᠢᠶ᠎ᠠ ᠨᠢ ᠵᠥᠪᠭᠡᠨ ᠭᠠᠴᠠᠭ᠎ᠠ ᠲᠤᠰᠬᠤᠨ ᠢ ᠪᠦᠷᠬᠦᠵᠦ᠂ ᠳᠠᠷᠠᠭᠠᠴᠢ ᠪᠠᠷ ᠬᠤᠰᠢᠭᠤᠨ ᠠᠴᠠ ᠡᠯ᠎ᠠ ᠠᠵᠤ ᠠᠬᠤᠶᠢᠯᠠᠯ ᠤᠨ ᠡᠵᠡᠩᠨᠡᠭᠴᠢᠳ ᠢ ᠱᠠᠭᠠᠷᠲᠠᠨ ᠴᠢᠮᠡᠭᠡ ᠬᠤᠯᠪᠤᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠳᠣᠬᠢᠶᠠᠨ ᠤ ᠪᠦᠷᠬᠦᠴᠡ ᠶᠢᠨ ᠬᠡᠮᠵᠢᠶ᠎ᠡ ᠶᠢ ᠨᠡᠮᠡᠭᠳᠡᠬᠦᠯᠭᠦ ᠪᠠᠷ ᠴᠢᠷᠮᠠᠶᠢᠨ᠎ᠠ᠃ ᠲᠦᠷᠪᠠ ᠳᠤ᠂ ᠰᠠᠶᠢᠨᠬᠤᠤᠠᠲᠤᠭ ᠰᠤᠮᠤᠨ ᠤ ᠵᠢᠷᠭᠠᠯᠡᠩᠲᠤ ᠭᠠᠴᠠᠭᠠᠨ ᠳᠤ ᠴᠢᠮᠡᠭᠡ ᠬᠤᠯᠪᠤᠭᠠᠨ ᠤ ᠰᠤᠪᠤᠷᠭ᠎ᠠ ᠪᠠᠶᠢᠭᠤᠯᠬᠤ ᠠᠰᠠᠭᠤᠲᠠᠯ ᠳᠤ ᠴᠢᠭᠯᠡᠭᠦᠯᠦᠨ᠂ ᠮᠠᠨ ᠤ ᠬᠤᠰᠢᠭᠤ ᠨᠢ ᠴᠠᠬᠢᠯᠭᠠᠨ ᠬᠤᠯᠪᠤᠭᠠᠨ ᠤ ᠺᠤᠮᠫᠠᠨᠢ ᠲᠠᠢ ᠤᠯᠠᠨᠲᠠ ᠶᠠᠷᠢᠯᠴᠠᠵᠤ᠂ 2019 ᠤᠨ ᠤ ᠴᠠᠬᠢᠯᠭᠠᠨ ᠬᠤᠯᠪᠤᠭᠠᠨ ᠎ ᠤ ᠨᠠᠶᠢᠲᠠᠮ ᠤᠨ ᠤᠶᠢᠯᠠᠴᠢᠯᠠᠬᠡᠨ ᠤ 4G᠎ ᠤᠨ ᠢᠡᠵᠧᠨᠧᠷᠢᠩ ᠎ ᠢ ᠲᠤᠰ ᠭᠠᠴᠠᠭᠠᠨ ᠳᠤ ᠬᠡᠷᠡᠭᠵᠢᠭᠦᠯᠵᠦ᠂ ᠳᠣᠬᠢᠶᠠᠨ ᠪᠦᠷᠬᠦᠴᠡ ᠶᠢ ᠨᠡᠮᠡᠭᠳᠡᠭᠦᠯᠬᠦ ᠠᠵᠢᠯ ᠢ ᠦᠨᠠᠨᠬᠦ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ᠃             ︵ᠨᠠᠢᠮᠨ︶ 044᠂ 066᠂ 071᠂ 074᠂ 111᠂ 113᠂ 114᠂ 116᠂ 117᠂ 118 ᠂ 142᠂ 143 ᠳ᠋ᠣᠭᠠᠷ ᠰᠠᠨᠠᠯ ᠳᠣᠷᠠᠳᠣᠯᠭ᠎ᠠ ᠳᠤ ᠲᠤᠰᠬᠠᠢ ᠮᠠᠷᠬᠡᠵᠢᠯᠲᠠᠠ ᠲᠤᠲᠠᠮᠠᠭ᠂ ᠲᠤᠰᠬᠠᠢ ᠮᠠᠷᠬᠡᠵᠢᠯ ᠤᠨ ᠴᠤᠯᠠᠳᠠᠨ ᠢ ᠤᠷᠢᠬᠤ ᠳᠤ ᠬᠦᠴᠢᠷ ᠪᠠᠶᠢᠭ᠎ᠠ ᠠᠰᠠᠭᠤᠲᠠᠯ ᠤᠨ ᠲᠤᠬᠠᠢ ᠲᠤᠷᠠᠦᠠᠪᠠ᠃ ᠡᠭᠦᠨ ᠳᠤ ᠴᠢᠭᠯᠡᠭᠦᠯᠦᠨ᠂ ᠨᠢᠬᠡ ᠳᠤ᠂ 2018 ᠤᠨ ᠳᠤ ᠠᠶᠢᠮᠠᠭ ᠤᠨ ᠬᠦᠮᠤᠨ ᠤ ᠬᠦᠴᠣᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠰᠤᠷᠭᠠᠨ ᠬᠦᠮᠤᠵᠢᠯ ᠤᠨ ᠲᠤᠪᠴᠢᠶ᠎ᠠ ᠠᠴᠠ ᠵᠤᠬᠢᠶᠠᠨ ᠪᠠᠶᠢᠭᠤᠯᠤᠭᠰᠠᠨ ᠠᠬᠤᠢ ᠲᠠᠯᠠᠪᠠᠢ ᠶᠢᠨ ᠤᠷᠢᠨ ᠬᠡᠷᠡᠭᠯᠡᠬᠦ ᠬᠤᠷᠠᠯ ᠪᠤᠯᠤᠨ ᠢᠯᠨ ᠪᠠᠷ ᠤᠷᠢᠨ ᠬᠡᠷᠡᠭᠯᠡᠬᠦ ᠬᠡᠯᠪᠠᠷᠢ ᠪᠠᠷ ᠲᠠᠮᠵᠢᠭᠤᠯᠤᠨ᠂ ᠲᠠᠬᠡᠲᠤ ᠲᠤᠮᠲᠠᠲᠤ ᠶᠢᠨ 6 ᠪᠠᠭᠰᠢ᠂ ᠠᠩᠬ᠎ᠠ ᠲᠤᠮᠲᠠᠲᠤ ᠶᠢᠨ 11 ᠪᠠᠭᠰᠢ᠂ ᠠᠳᠠᠯᠢ ᠬᠦᠯᠦᠰᠦ ᠣᠯᠭᠤᠮᠵᠢᠲᠠᠢ 37 ᠴᠡᠴᠡᠷᠯᠢᠭ ᠤᠨ ᠪᠠᠭᠰᠢ ᠶᠢ ᠣᠷᠢᠨ ᠬᠡᠷᠡᠭᠯᠡᠵᠦ᠂ ᠪᠠᠭᠰᠢ ᠳᠣᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠠᠢ᠃ 2019 ᠤᠨ ᠳᠤ ᠮᠤᠩᠭᠤᠯ ᠢᠶᠠᠷ ᠬᠢᠴᠢᠶᠠᠯᠯᠠᠬᠦ ᠴᠡᠴᠡᠷᠯᠢᠭ ᠤᠨ ᠪᠠᠭᠰᠢ 11᠂ ᠬᠢᠲᠠᠤᠨ ᠢᠶᠠᠷ ᠬᠢᠴᠢᠶᠠᠯᠯᠡᠬᠦ ᠪᠠᠭ᠎ᠠ ᠰᠤᠷᠭᠠᠭᠤᠯᠢ ᠶᠢᠨ ᠪᠠᠭᠰᠢ 7᠎ ᠶᠢ ᠤᠷᠢᠨ ᠬᠡᠷᠡᠭᠯᠡᠬᠦ ᠪᠠᠷ ᠲᠦᠯᠤᠪᠯᠠᠵᠤ ᠪᠤᠢ᠃ ︽ᠤᠷᠢᠵᠦ ᠠᠪᠴᠢᠷᠠᠬᠤ᠂ ᠭᠠᠲᠠᠭᠰᠢ ᠰᠣᠷᠣᠯᠴᠠᠭᠤᠯᠬᠤ︾ ᠬᠡᠯᠪᠠᠷᠢ ᠪᠠᠷ᠂ ᠰᠤᠷᠭᠠᠭᠤᠯᠢ ︵ᠴᠡᠴᠡᠷᠯᠢᠭ︶᠎ ᠶᠢᠨ ᠲᠠᠷᠤᠭ᠎ᠠ᠂ ᠪᠠᠭᠰᠢ ᠠᠵᠢᠯᠲᠠᠨ ᠢ ᠵᠤᠬᠢᠶᠠᠨ ᠪᠠᠶᠢᠭᠤᠯᠤᠨ ᠡᠯ᠎ᠠ ᠲᠦᠷᠤᠯ ᠤᠨ ᠪᠤᠯᠪᠠᠰᠤᠷᠠᠯ ᠳᠤ ᠣᠷᠣᠯᠴᠠᠭᠤᠯᠤᠭᠰᠠᠨ ᠠᠴᠠ ᠪᠠᠭᠰᠢ ᠠᠵᠢᠯᠳᠠᠨ ᠤ ᠵᠢᠭᠠᠨ ᠰᠣᠷᠭᠠᠯᠳᠠ ᠶᠢᠨ ᠬᠢᠷᠢ ᠲᠦᠪᠰᠢᠨ ᠢ ᠲᠠᠬᠡᠭᠰᠢᠯᠡᠬᠦᠯᠬᠦ ᠳᠤ ᠪᠠᠲᠤ ᠰᠠᠭᠤᠷᠢ ᠶᠢ ᠲᠠᠯᠪᠢᠪᠠ᠃ ᠬᠤᠶᠠᠷ ᠲᠤ᠂ ᠪᠦᠬᠦ ᠬᠤᠰᠢᠭᠤᠨ ᠤ ᠡᠮ ᠡᠮᠨᠡᠯᠬᠡ ᠡᠷᠠᠬᠦᠯ ᠬᠠᠮᠠᠭᠠᠯᠠᠯ ᠤᠨ ᠠᠵᠢᠯᠲᠠᠨ ᠢ ᠶᠠᠷᠤᠩᠬᠡᠶᠢᠯᠡᠨ ᠲᠤᠬᠢᠷᠠᠭᠤᠯᠵᠤ᠂ ᠲᠤᠰᠬᠠᠢ ᠮᠠᠷᠬᠡᠵᠢᠯᠲᠠᠨ ᠲᠤᠲᠠᠭᠲᠠᠵᠤ ᠪᠠᠶᠢᠭ᠎ᠠ ᠠᠰᠠᠭᠤᠲᠠᠯ ᠢ ᠳᠣᠬᠢᠲᠠᠢ ᠰᠢᠢᠳᠪᠦᠷᠢᠯᠡᠨ᠂ ᠬᠤᠰᠢᠭᠤ ᠡᠮᠨᠡᠯᠬᠡ ᠶᠢᠨ ᠬᠤᠷᠢᠶ᠎ᠠ ᠨᠢ ᠤᠷᠢᠤᠨ ᠬᠤᠵᠢᠤᠨ ᠪᠡᠬᠡᠵᠢᠩ ᠤᠨ ᠠᠨ ᠵᠧᠨ ᠡᠮᠨᠡᠯᠬᠡ ᠶᠢᠨ ᠬᠤᠷᠢᠶ᠎ᠠ᠂ ᠲᠤᠮᠲᠠᠲᠤ ᠤᠯᠤᠰ ᠤᠨ ᠠᠷᠠᠤᠨ ᠤᠨ ᠴᠢᠯᠤᠬᠡᠯᠡᠬᠦ ᠴᠡᠷᠢᠭ ᠤᠨ ᠶᠠᠷᠤᠩᠬᠡᠢ ᠡᠮᠨᠡᠯᠬᠡ ᠶᠢᠨ ᠬᠤᠷᠢᠶ᠎ᠠ ᠯᠤᠭ᠎ᠠ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂ ᠮᠠᠷᠬᠡᠵᠢᠯ ᠤᠨ ᠵᠢᠯᠤᠭᠤᠲᠤᠯᠭ᠎ᠠ᠂ ᠲᠤᠰᠬᠠᠢ ᠮᠠᠷᠬᠡᠵᠢᠯᠲᠠᠨ ᠠᠴᠠ ᠣᠨᠣᠰᠢᠯᠠᠬᠤ᠂ ᠪᠤᠯᠪᠠᠰᠤᠷᠠᠯ ᠲᠠᠶᠢᠯᠤᠮᠵᠢ ᠬᠦᠷᠲᠡᠭᠡᠬᠦ᠂ ᠠᠯᠤᠰ ᠠᠴᠠ ᠬᠠᠮᠲᠤᠷᠠᠨ ᠤᠨᠤᠰᠢᠯᠠᠬᠤ᠂ ᠴᠢᠲᠠᠪᠤᠷᠢᠲᠠᠨ ᠤ ᠰᠤᠯᠢᠯᠴᠠᠭ᠎ᠠ ᠬᠢᠬᠦ ᠬᠡᠯᠪᠠᠷᠢ ᠪᠠᠷ ᠮᠠᠨ ᠤ ᠬᠤᠰᠢᠭᠤᠨ ᠤ ᠡᠮ ᠡᠮᠨᠡᠯᠬᠡ ᠶᠢᠨ ᠠᠵᠢᠯᠲᠠᠨ ᠤ ᠬᠡᠪ ᠪᠤᠯᠪᠠᠰᠣᠷᠠᠯ᠂ ᠲᠤᠰᠬᠠᠢ ᠮᠠᠷᠬᠡᠵᠢᠯ ᠤᠨ ᠬᠢᠷᠢ ᠲᠦᠪᠰᠢᠨ ᠢ ᠨᠢ ᠲᠠᠬᠡᠭᠰᠢᠯᠡᠬᠦᠯᠵᠤ᠂ ᠮᠠᠨ ᠤ ᠬᠤᠰᠢᠭᠤᠨ ᠤ ᠡᠮ ᠡᠮᠨᠡᠯᠬᠡ ᠡᠷᠠᠬᠦᠯ ᠬᠠᠮᠠᠭᠠᠯᠠᠯ ᠤᠨ ᠤᠶᠢᠯᠠᠴᠢᠯᠠᠬᠡᠨ ᠤ ᠴᠢᠲᠠᠪᠤᠷᠢ ᠶᠢ ᠪᠦᠬᠦ ᠲᠠᠯ᠎ᠠ ᠪᠠᠷ ᠲᠠᠬᠡᠭᠰᠢᠯᠡᠬᠦᠯᠪᠠ᠃ ᠭᠤᠷᠪᠠ ᠳᠤ᠂ 2019 ᠤᠨ ᠤ ᠪᠦᠬᠦ ᠬᠤᠰᠢᠭᠤᠨ ᠤ ᠠᠵᠢᠯ ᠤᠶᠢᠯᠡᠰ ᠤᠨ ᠪᠠᠶᠢᠭᠤᠯᠭ᠎ᠠ ᠨᠢᠬᠡᠴᠠ ᠶᠢᠨ ᠴᠢᠲᠠᠪᠤᠷᠢᠲᠠᠨ ᠢ ᠤᠷᠢᠨ ᠬᠡᠷᠡᠭᠯᠡᠬᠦ ᠱᠠᠭᠠᠷᠲᠠᠯᠭ᠎ᠠ ᠶᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠦᠷᠨᠢᠬᠦᠯᠵᠤ᠂ ᠪᠦᠬᠦ ᠬᠤᠰᠢᠭᠤᠨ ᠤ ᠠᠵᠢᠯ ᠤᠶᠢᠯᠡᠰ ᠤᠨ ᠨᠢᠬᠡᠴᠠ ᠶᠢᠨ ᠲᠤᠰᠬᠠᠢ ᠮᠠᠷᠬᠡᠵᠢᠯᠲᠠᠨ ᠴᠢᠲᠠᠪᠤᠷᠢᠲᠠᠨ ᠤ ᠤᠲᠤᠬᠢ ᠪᠠᠶᠢᠲᠠᠯ ᠪᠠ ᠴᠢᠲᠠᠪᠤᠷᠢᠲᠠᠨ ᠲᠤᠲᠠᠭᠲᠠᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠵᠠᠲᠠᠯᠤᠯᠲᠠ ᠬᠢᠪᠠ᠃ ᠲᠤᠰᠬᠠᠢ ᠮᠠᠷᠬᠡᠵᠢᠯᠲᠠᠤᠨ ᠤᠨ ᠲᠠᠯ᠎ᠠ ᠪᠠᠷ᠂ ᠤᠲᠤᠬᠠᠨ ᠳᠤ᠂ ᠪᠦᠬᠦ ᠬᠤᠰᠢᠭᠤᠨ ᠤ ᠠᠵᠢᠯ ᠤᠶᠢᠯᠡᠰ ᠤᠨ ᠨᠢᠬᠡᠴᠠ ᠶᠢᠨ ᠲᠤᠭᠲᠠᠭᠰᠠᠨ ᠤᠷᠤᠨ ᠲᠤᠭ᠎ᠠ 564 ᠪᠠᠶᠢᠵᠤ᠂ 500 ᠠᠵᠢᠯᠲᠠᠨ ᠠᠵᠢᠯ ᠤᠨ ᠪᠠᠶᠢᠷᠢ ᠳᠡᠭᠡᠷ᠎ᠡ ᠠᠵᠢᠯᠯᠠᠵᠤ ᠪᠤᠢ᠃ ᠤᠶᠢᠷ᠎ᠠ ᠶᠢᠨ 5 ᠵᠢᠯ ᠎ ᠳᠤ ᠠᠵᠢᠯ ᠠᠴᠠ ᠪᠠᠨ ᠪᠠᠭᠤᠬᠤ ᠬᠦᠮᠤᠨ ᠤ ᠲᠤᠭ᠎ᠠ 120᠎ ᠳᠤ ᠬᠦᠷᠬᠦ ᠪᠤᠯᠬᠤᠷ ᠤᠲᠤ ᠪᠠᠰᠠ 155 ᠬᠦᠮᠤᠨ ᠳᠣᠳᠠᠭᠳᠠᠵᠤ ᠪᠤᠯᠤᠨ᠎ᠠ᠃ ᠮᠠᠨ ᠤ ᠬᠤᠰᠢᠭᠤᠨ ᠳᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ᠂ ᠰᠤᠶᠤᠯ ᠰᠤᠷᠭᠠᠨ ᠬᠦᠮᠤᠵᠢᠯ᠂ ᠡᠷᠠᠬᠦᠯ ᠬᠠᠮᠠᠭᠠᠯᠠᠯ ᠤᠨ ᠲᠤᠰᠬᠠᠢ ᠮᠠᠷᠬᠡᠵᠢᠯ ᠤᠨ ᠴᠢᠲᠠᠪᠤᠷᠢᠲᠠᠨ ᠶᠡᠬᠡᠪᠡᠷ ᠲᠤᠲᠠᠭᠲᠠᠵᠤ ᠪᠠᠶᠢᠭ᠎ᠠ ᠪᠤᠯᠬᠤᠷ ᠬᠤᠶᠢᠰᠢᠲᠠ ᠲᠤᠰᠬᠠᠢ ᠮᠠᠷᠬᠡᠵᠢᠯᠲᠠᠨ ᠢ ᠤᠷᠢᠨ ᠠᠪᠴᠢᠷᠠᠬᠤ ᠠᠵᠢᠯ ᠢ ᠲᠠᠰᠤᠷᠠᠯᠲᠠ ᠦᠬᠡᠢ ᠲᠠᠬᠦᠯᠲᠠᠷᠵᠢᠬᠦᠯᠤᠨ᠂ ᠴᠢᠲᠠᠪᠤᠷᠢᠲᠠᠨ ᠤᠷᠢᠨ ᠬᠡᠷᠡᠭᠯᠡᠬᠦ ᠬᠦᠴᠤᠯᠡᠴᠠ ᠪᠠᠨ ᠨᠡᠮᠡᠭᠲᠠᠬᠦᠯᠵᠤ᠂ ᠠᠷᠭ᠎ᠠ ᠵᠡᠮ ᠢᠶᠠᠨ ᠦᠷᠬᠡᠦᠡᠬᠡᠨ᠂ ᠬᠦᠮᠤᠨ ᠬᠡᠷᠡᠭᠯᠡᠬᠦ ᠲᠤᠭᠲᠠᠯᠴᠠᠭ᠎ᠠ ᠪᠠᠨ ᠪᠦᠷᠢᠨᠰᠢᠬᠦᠯᠤᠨ᠎ᠠ᠃ ᠲᠤᠰᠬᠠᠢ ᠮᠠᠷᠬᠡᠵᠢᠯ ᠤᠨ ᠴᠤᠯᠠᠳᠠᠨ ᠤᠷᠢᠨ ᠬᠡᠷᠡᠭᠯᠡᠬᠦ ᠠᠵᠢᠯ ᠢ ᠤᠯᠠᠮ ᠴᠢᠩᠭᠠᠦᠠᠬᠠᠨ ᠲᠦᠷᠢᠮᠵᠢᠬᠦᠯᠵᠤ᠂ ᠨᠢᠬᠡ ᠪᠦᠯᠦᠭ ᠳᠣᠰᠬᠠᠢ ᠮᠡᠷᠭᠡᠵᠢᠯ ᠤᠨ ᠬᠢᠷᠢ ᠬᠡᠮ ᠢᠶᠠᠨ ᠤᠯᠤᠭᠠᠤᠨ ᠤᠷᠢᠨ ᠬᠡᠷᠡᠭᠯᠡᠬᠡᠲᠤᠢ ᠠᠰᠠᠭᠤᠲᠠᠯ ᠢ ᠦᠨᠠᠨᠬᠦ ᠰᠢᠢᠦᠠᠪᠤᠷᠢᠯᠠᠨ᠂ ᠦᠪᠤᠷ ᠮᠤᠩᠭᠤᠯ ᠤᠨ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠢᠩᠬᠢᠮ ᠤᠨ ︽ᠦᠡᠲᠤᠰᠤᠨ ᠱᠠᠲᠤᠨ ᠤ ᠠᠵᠢᠯ ᠤᠶᠢᠯᠡᠰ ᠤᠨ ᠨᠢᠬᠡᠴᠠ ᠶᠢᠨ ᠲᠤᠮᠲᠠᠲᠤ ᠦᠡᠲᠦᠷ ᠲᠠᠰ ᠤᠨ ᠲᠤᠰᠬᠠᠢ ᠮᠡᠷᠭᠡᠵᠢᠯᠲᠡᠨ ᠤ ᠠᠵᠢᠯ ᠤᠨ ᠪᠠᠶᠢᠷᠢ ᠶᠢᠨ ᠪᠦᠲᠦᠴᠠ ᠶᠢᠨ ᠬᠠᠷᠢᠴᠠᠯ ᠢ ᠵᠤᠬᠢᠰᠲᠠᠢ ᠪᠠᠷ ᠲᠠᠬᠡᠭᠰᠢᠯᠡᠬᠦᠯᠬᠦ ᠲᠤᠬᠠᠢ ᠮᠠᠲᠡᠭᠲᠠᠯ︾ ︵ᠦᠪᠤᠷ ᠬᠦᠮᠤᠨ ᠨᠠᠶᠢᠬᠡᠮ ᠲᠠᠷᠬᠠᠭᠠᠬᠤ ﹇2017﹈ 59 ᠲᠤᠭᠠᠲᠤ︶᠎ ᠤᠨ ᠪᠠᠶᠢᠷᠢᠯᠠᠭᠤᠯᠤᠯᠲᠠ ᠶᠢ ᠦᠡᠲᠤᠰᠤᠯᠡᠵᠤ᠂ 2018 ᠤᠨ ᠤ ᠲᠠᠬᠡᠷ᠎ᠠ ᠬᠠᠭᠠᠰ ᠵᠢᠯ ᠳᠤ᠂ ᠬᠤᠰᠢᠭᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ︽ᠪᠦᠬᠦ ᠬᠤᠰᠢᠭᠤᠨ ᠤ ᠠᠵᠢᠯ ᠤᠶᠢᠯᠡᠰ ᠤᠨ ᠨᠢᠬᠡᠴᠠ ᠶᠢᠨ ᠲᠤᠮᠲᠠᠲᠤ᠂ ᠦᠡᠲᠦᠷ ᠵᠠᠷᠬᠡ ᠶᠢᠨ ᠲᠤᠰᠬᠠᠢ ᠮᠡᠷᠭᠡᠵᠢᠯᠲᠡᠨ ᠤ ᠠᠵᠢᠯ ᠤᠨ ᠪᠠᠶᠢᠷᠢ ᠶᠢᠨ ᠪᠦᠲᠦᠴᠠ ᠶᠢᠨ ᠬᠠᠷᠢᠴᠠᠯ ᠢ ᠲᠠᠬᠡᠭᠰᠢᠯᠡᠬᠦᠯᠬᠦ ᠲᠤᠬᠠᠢ ᠮᠠᠲᠡᠭᠲᠠᠯ︾ ︵ᠬᠦᠬᠡ ᠬᠦᠮᠤᠨ ᠪᠠᠲᠤᠯᠠᠭ᠎ᠠ ᠠᠯᠪᠠᠨ ᠦᠰᠦᠭ ﹇2018﹈ 97 ᠲᠤᠭᠠᠲᠤ︶᠎ ᠢ ᠲᠤᠭᠲᠠᠭᠠᠨ ᠲᠠᠷᠬᠠᠭᠠᠵᠤ᠂ ᠤᠲᠤ ᠪᠠᠶᠢᠭ᠎ᠠ ᠲᠤᠰᠬᠠᠢ ᠮᠡᠷᠭᠡᠵᠢᠯᠳᠡᠨ ᠤ ᠠᠵᠢᠯ ᠤᠨ ᠪᠠᠶᠢᠷᠢ ᠶᠢ ᠲᠤᠬᠢᠷᠠᠭᠤᠯᠤᠨ ᠨᠡᠮᠡᠭᠳᠡᠭᠦᠯᠦᠭᠰᠡᠨ ᠠᠴᠠ ᠮᠠᠨ ᠤ ᠬᠤᠰᠢᠭᠤᠨ ᠳᠤ ᠲᠠᠬᠡᠲᠥ ᠵᠠᠷᠬᠡ ᠶᠢᠨ ᠮᠡᠷᠭᠡᠵᠢᠯ ᠤᠨ ᠴᠤᠯᠠᠳᠠᠨ ᠤ ᠠᠵᠢᠯ ᠎ ᠤᠨ ᠪᠠᠶᠢᠷᠢ 337᠂ ᠲᠤᠮᠲᠠᠲᠤ ᠵᠠᠷᠬᠡ ᠶᠢᠨ ᠮᠡᠷᠭᠡᠵᠢᠯ ᠤᠨ ᠴᠤᠯᠠᠳᠠᠨ ᠤ ᠠᠵᠢᠯ ᠤᠨ ᠪᠠᠶᠢᠷᠢ 738᠂ ᠠᠩᠬ᠎ᠠ ᠵᠠᠷᠬᠡ ᠶᠢᠨ ᠮᠡᠷᠭᠡᠵᠢᠯ ᠤᠨ ᠴᠤᠯᠠᠳᠠᠨ ᠤ ᠠᠵᠢᠯ ᠤᠨ ᠪᠠᠶᠢᠷᠢ 742᠎ ᠲᠤ ᠬᠦᠷᠪᠠ᠃ 2018 ᠤᠨ ᠤ ᠲᠤᠤᠷ᠎ᠠ ᠬᠠᠭᠠᠰ ᠵᠢᠯ ᠳᠤ ︽2013 ᠤᠨ ᠠᠴᠠ 2016 ᠤᠨ ᠤ ᠬᠤᠭᠤᠷᠤᠠᠲᠤ ᠮᠡᠷᠭᠡᠵᠢᠯ ᠤᠨ ᠴᠤᠯᠠ ᠬᠦᠷᠳᠡᠭᠰᠡᠳ ᠢ ᠤᠷᠢᠨ ᠬᠡᠷᠡᠭᠯᠡᠬᠦ ᠠᠵᠢᠯ ᠤᠨ ᠲᠦᠰᠤᠯ︾ ︵ᠬᠦᠬᠡ ᠬᠦᠮᠤᠨ ᠪᠠᠲᠤᠯᠠᠭ᠎ᠠ ᠠᠯᠪᠠᠨ ᠦᠰᠦᠭ ﹇2018﹈ 132 ᠲᠤᠭᠠᠲᠤ︶᠎ ᠢ ᠲᠤᠭᠲᠠᠭᠠᠨ ᠭᠠᠷᠭᠠᠵᠤ᠂ ᠬᠤᠰᠢᠭᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠪᠠᠶᠢᠭᠤᠯᠭ᠎ᠠ ᠨᠢᠬᠡᠴᠠ ᠶᠢᠨ ᠤᠷᠢᠨ ᠬᠡᠷᠡᠭᠯᠡᠬᠦ ᠪᠢᠴᠢᠭ ᠮᠠᠲ᠋ᠧᠷᠢᠶᠠᠯ ᠵᠢᠴᠢ 2013 ᠣᠨ ᠠᠴᠠ 2016 ᠤᠨ ᠤ ᠬᠤᠭᠤᠷᠤᠠᠲᠤ ᠡᠯ᠎ᠠ ᠲᠦᠷᠤᠯ ᠤᠨ ᠮᠠᠷᠬᠡᠵᠢᠯ ᠤᠨ ᠴᠤᠯᠨ ᠬᠦᠷᠲᠡᠭᠰᠠᠨ᠂ ᠠᠵᠢᠯ ᠮᠠᠷᠬᠡᠵᠢᠯ ᠤᠨ ᠬᠢᠷᠢ ᠬᠡᠮ ᠤᠯᠤᠭᠰᠠᠨ 432 ᠬᠦᠮᠤᠨ ᠤ ᠰᠣᠷᠠᠭ ᠵᠡᠩᠬᠢ ᠶᠢ ᠬᠢᠨᠡᠨ ᠬᠤᠷᠢᠶᠡᠩᠭᠤᠶᠢᠯᠠᠵᠤ᠂ ᠬᠤᠰᠢᠭᠤ ᠵᠠᠰᠠᠭ ᠤᠨ ᠤᠷᠲᠤᠨ ᠠᠴᠠ ᠲᠤᠰᠬᠠᠢ ᠰᠤᠲᠤᠯᠤᠯᠲᠠ ᠬᠢᠵᠤ᠂ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠲᠠᠬᠡᠲᠤ ᠱᠠᠲᠤᠨ ᠳᠤ ᠮᠠᠲᠠᠬᠦᠯᠤᠨ᠂ ᠬᠠᠮᠢᠶᠠᠲᠠᠢ ᠲᠦᠷᠢᠮ ᠲᠤᠭᠲᠠᠭᠠᠯ ᠶᠤᠰᠤᠭᠠᠷ᠂ ᠬᠠᠮᠢᠶ᠎ᠠ ᠪᠦᠬᠦᠢ ᠬᠦᠮᠤᠰ ᠲᠠᠢ ᠤᠷᠢᠨ ᠬᠡᠷᠡᠭᠯᠡᠬᠦ ᠭᠠᠷᠲᠠᠮ ᠢ ᠬᠦᠢᠴᠠᠦᠠᠬᠡᠬᠦ ᠪᠠᠷ ᠬᠦᠴᠦᠯᠡᠨ ᠴᠢᠷᠮᠠᠶᠢᠪᠠ᠃             ︵ᠶᠢᠰᠤ︶ 016᠂ 017᠂ 106᠂ 108᠂ 112 ᠳ᠋ᠣᠭᠠᠷ ᠰᠠᠨᠠᠯ ᠳᠣᠷᠠᠳᠣᠯᠭ᠎ᠠ ᠳᠤ ᠵᠢᠭᠤᠯᠴᠢᠯᠠᠯ ᠎ ᠤᠨ ᠤᠶᠢᠯᠡᠰ ᠤᠨ ᠬᠦᠭᠵᠢᠯᠲᠠ ᠶᠢ ᠲᠦᠷᠬᠡᠦᠡᠬᠡᠬᠦ ᠲᠤᠬᠠᠢ ᠲᠤᠷᠠᠦᠠᠪᠠ᠃ ᠡᠭᠦᠨ ᠳᠤ ᠴᠢᠭᠯᠡᠭᠦᠯᠦᠨ᠂ ᠨᠢᠬᠡ ᠳᠤ᠂ ᠶᠤᠸᠡᠨ ᠎ ᠤ ᠲᠠᠬᠡᠲᠤ ᠨᠠᠶᠢᠰᠯᠡᠯ ᠤᠨ ᠪᠠᠭᠤᠷᠢ ᠶᠢ ᠤᠯᠤᠰ ᠤᠨ 5A ᠲᠠᠰ ᠤᠨ ᠦᠵᠠᠮᠵᠢᠲᠤ ᠤᠷᠤᠨ ᠪᠤᠯᠭᠠᠨ ᠪᠠᠶᠢᠭᠤᠯᠬᠤ ᠠᠵᠢᠯ ᠢ ᠢᠲᠠᠪᠬᠢᠲᠠᠢ ᠠᠬᠢᠭᠤᠯᠤᠨ᠎ᠠ᠃ ᠶᠤᠸᠡᠨ ᠤ ᠲᠠᠬᠡᠲᠤ ᠨᠠᠶᠢᠰᠯᠡᠯ ᠤᠨ ᠪᠠᠭᠤᠷᠢ ᠶᠢᠨ ᠦᠵᠠᠬᠦᠯᠬᠡ ᠶᠢᠨ ᠤᠶᠢᠯᠡᠴᠢᠯᠠᠬᠡᠨ ᠤ ᠲᠦᠬᠦᠬᠡᠷᠤᠮᠵᠢ ᠶᠢᠨ ᠢᠡᠵᠧᠨᠧᠷᠢᠩ ᠢ ᠠᠬᠢᠭᠤᠯᠵᠤ᠂ 1000 ᠲᠦᠮᠠᠨ ᠲᠦᠬᠦᠷᠢᠭ ᠤᠨ ᠪᠠᠯᠨ ᠤᠷᠤᠭᠤᠯᠪᠠ᠃ ︽5A ᠲᠠᠰ ᠤᠨ ᠦᠵᠠᠮᠵᠢᠲᠤ ᠤᠷᠤᠨ ᠤ ᠡᠬᠢ ᠪᠠᠶᠠᠯᠢᠭ ᠢ ᠦᠨᠠᠯᠠᠨ ᠬᠢᠨᠠᠬᠤ ᠹᠢᠯᠢᠮ︾ ᠪᠤᠯᠤᠨ ︽ᠡᠬᠢ ᠪᠠᠶᠠᠯᠢᠭ ᠤᠨ ᠦᠨ᠎ᠠ ᠦᠷᠲᠡᠭ ᠪᠠ ᠵᠠᠬ᠎ᠠ ᠲᠠᠯᠬᠡᠬᠦᠷ ᠤᠨ ᠨᠦᠯᠤᠬᠡᠯᠡᠬᠦ ᠬᠦᠴᠤᠨ ᠤ ᠡᠷᠠᠮᠠᠯᠵᠠᠯᠠᠯ ᠤᠨ ᠮᠠᠲ᠋ᠧᠷᠢᠶᠠᠯ︾᠎ ᠢ ᠦᠪᠠᠷᠲᠠᠬᠡᠨ ᠵᠠᠰᠠᠬᠤ ᠤᠷᠤᠨ ᠤ ᠲᠠᠤᠬᠡ ᠶᠢᠨ ᠲᠤᠷᠠᠰᠬᠠᠯᠲᠤ ᠵᠤᠶᠢᠯᠡᠰ ᠤᠨ ᠲᠤᠪᠴᠢᠶᠠᠨ ᠳᠤ ᠲᠤᠰᠢᠶᠠᠨ᠂ ︽ᠶᠤᠸᠡᠨ ᠤ ᠲᠠᠬᠡᠲᠤ ᠨᠠᠶᠢᠰᠯᠡᠯ ᠤᠨ ᠪᠠᠭᠤᠷᠢ ᠶᠢᠨ ᠲᠠᠶᠢᠯᠤᠮᠵᠢ︾᠂ ︽ᠰᠢᠯᠤᠭᠤᠨ ᠬᠦᠬᠡ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠠᠶᠢᠯᠤᠮᠵᠢ︾ ᠎ ᠶᠢᠨ ᠡᠬᠢ ᠨᠤᠤᠷᠠᠭ ᠢ ᠨᠢᠬᠡᠨᠲᠠ ᠨᠠᠶᠢᠷᠠᠭᠤᠯᠤᠨ ᠪᠢᠴᠢᠵᠤ᠂ ︽5A ᠲᠠᠰ ᠤᠨ ᠵᠢᠭᠤᠯᠴᠢᠯᠠᠯ ᠤᠨ ᠤᠷᠤᠨ ᠢ ᠡᠬᠦᠲᠤᠨ ᠪᠠᠶᠢᠭᠤᠯᠵᠤ ᠲᠠᠰ ᠲᠡᠪᠰᠢᠭᠦᠯᠬᠦ ᠲᠦᠯᠤᠪᠵᠢᠬᠦᠯᠬᠡ︾᠎ ᠶᠢ ᠵᠢᠷᠤᠭᠯᠠᠨ ᠲᠦᠯᠤᠪᠯᠡᠬᠦ ᠠᠵᠢᠯ ᠨᠢ ᠨᠢᠬᠡᠨᠲᠠ ᠳᠠᠭᠠᠭᠠᠴᠢᠯᠠᠯᠳᠠ ᠵᠠᠷᠯᠠᠬᠤ ᠱᠠᠲᠤᠨ ᠳᠤ ᠤᠷᠤᠪᠠ᠃ ᠬᠤᠶᠠᠷ ᠲᠤ᠂ ᠵᠢᠭᠤᠯᠴᠢᠯᠠᠯ ᠤᠨ ᠭᠤᠤᠯᠲᠠᠯᠭᠠᠲᠤ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠠᠬᠢᠭᠤᠯᠪᠠ᠃ ︽ᠰᠢᠯᠤᠭᠤᠨ ᠬᠦᠬᠡ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠤᠶᠢᠯᠡᠰ ᠤᠨ ᠬᠦᠷᠢᠶᠠᠯᠡᠩ ᠤᠨ ᠬᠦᠭᠵᠢᠯᠲᠠ ᠶᠢᠨ ᠶᠠᠷᠤᠩᠬᠡᠢ ᠲᠦᠯᠤᠪᠵᠢᠬᠦᠯᠬᠡ︾᠎ ᠶᠢ ᠨᠠᠶᠢᠷᠠᠭᠤᠯᠤᠨ᠂ ᠠᠩᠬᠠᠨ ᠤ ᠨᠤᠤᠷᠠᠭ ᠢ ᠨᠢ ᠭᠠᠷᠭᠠᠪᠠ᠃ ᠬᠤᠪᠢᠯᠠᠢ ᠺᠢᠨᠤ᠋ ᠲᠧᠯᠸᠢᠰ ᠰᠡᠭᠦᠳᠡᠷᠯᠡᠨ ᠵᠢᠷᠤᠭᠯᠠᠬᠤ ᠰᠠᠭᠤᠷᠢᠨ ᠤ ᠰᠠᠭᠤᠷᠢ ᠲᠦᠬᠦᠬᠡᠷᠤᠮᠵᠢ ᠵᠢᠴᠢ ᠡᠷᠬᠢᠨ ᠲᠤᠭᠤᠷᠢᠨ ᠤ ᠤᠷᠴᠢᠨ ᠲᠤᠭᠤᠷᠢᠨ ᠢ ᠴᠡᠭᠴᠡᠯᠡᠬᠦ ᠳᠤ 1800 ᠲᠦᠮᠠᠨ ᠲᠦᠬᠦᠷᠢᠭ ᠵᠠᠷᠤᠴᠠᠭᠤᠯᠪᠠ᠃ ︽ᠬᠠᠶᠢᠷ᠎ᠠ ᠶᠢᠨ ᠲᠠᠭᠤᠤ︾ ᠬᠡᠮᠡᠬᠦ ᠬᠢᠨᠤ᠋᠂ ︽ᠠᠪᠤ ᠡᠵᠢ ᠶᠢᠨ ᠨᠤᠲᠤᠭ ᠤᠰᠤᠨ︾ ᠬᠡᠮᠡᠬᠦ ᠲᠧᠯᠸᠢᠰ ᠵᠥᠴᠦᠭᠡ ᠶᠢ ᠰᠠᠬᠦᠲᠠᠷᠯᠡᠨ ᠲᠠᠭᠤᠰᠬᠠᠪᠠ᠃ ᠪᠠᠶᠢᠭᠠᠯᠢ᠂ ᠬᠠᠨ ᠪᠠᠯᠢᠭ ᠵᠠᠷᠬᠡ 4 ᠡᠷᠤᠬᠡ ᠪᠠᠷᠢᠮᠵᠢᠶᠠᠵᠢᠭᠰᠠᠨ ᠮᠠᠯᠴᠢᠨ ᠠᠶᠢᠯ ᠵᠢᠭᠤᠯᠴᠢᠯᠠᠯ ᠤᠨ ᠭᠠᠵᠠᠷ ᠤᠨ ᠰᠠᠭᠤᠷᠢ ᠲᠦᠬᠦᠬᠡᠷᠤᠮᠵᠢ ᠶᠢ ᠰᠠᠶᠢᠵᠢᠷᠠᠭᠤᠯᠵᠤ᠂ 140 ᠲᠦᠮᠠᠨ ᠲᠦᠬᠦᠷᠢᠭ ᠤᠨ ᠪᠠᠯᠨ ᠤᠷᠤᠭᠤᠯᠵᠠᠢ᠃ ᠭᠤᠷᠪᠠ ᠳᠤ᠂ ᠰᠤᠶᠤᠯ ᠵᠢᠭᠤᠯᠴᠢᠯᠠᠯ ᠤᠨ ᠨᠠᠷᠠᠲᠤ ᠲᠠᠮᠲᠡᠭ ᠢ ᠪᠤᠢ ᠪᠤᠯᠭᠠᠬᠤ ᠠᠵᠢᠯ ᠢ ᠭᠤᠤᠯᠲᠠᠯᠭ᠎ᠠ ᠲᠠᠢ ᠦᠷᠨᠢᠬᠦᠯᠪᠠ᠃ ᠤᠯᠠᠨ ᠲᠠᠰ ᠤᠨ ᠣᠯᠠᠨ ᠲᠦᠷᠤᠯ ᠤᠨ ᠤᠷᠤᠯᠲᠤᠭᠠᠨ᠂ ᠠᠵᠢᠯᠯᠠᠭ᠎ᠠ ᠶᠢ 4 ᠤᠲᠠᠭ᠎ᠠ ᠠᠮᠵᠢᠯᠲᠠᠲᠠᠢ ᠡᠷᠬᠢᠯᠡᠵᠦ᠂ ︽ᠶᠤᠸᠡᠨ ᠎ ᠤ ᠲᠠᠬᠡᠲᠤ ᠨᠠᠶᠢᠰᠯᠡᠯ︾᠎ ᠢ ᠤᠬᠠᠭᠤᠯᠤᠨ ᠳᠠᠨᠢᠯᠴᠠᠭᠤᠯᠤᠭᠰᠠᠨ 10 ᠰᠢᠨ᠎ᠡ ᠳᠠᠭᠤᠤ ᠶᠢ ᠵᠤᠬᠢᠶᠠᠨ ᠠᠮᠢᠯᠠᠭᠤᠯᠪᠠ᠃ 2018 ᠣᠨ ᠳᠤ ᠨᠡᠶᠢᠳᠡ 105 ᠲᠥᠮᠡᠨ ᠵᠢᠭᠤᠯᠴᠢᠯᠠᠯ ᠢ ᠬᠦᠯᠢᠶᠡᠨ ᠲᠣᠰᠴᠣ᠂ ᠵᠢᠭᠤᠯᠴᠢᠯᠠᠯ ᠤᠨ ᠬᠠᠮᠢᠶ᠎ᠠ ᠪᠦᠬᠦᠢ ᠣᠷᠣᠯᠭ᠎ᠠ 9.33 ᠳ᠋ᠦᠩᠰᠢᠭᠤᠷ ᠲᠦᠭᠦᠷᠢᠭ ᠲᠤ ᠬᠦᠷᠪᠡ᠃             ︵ᠠᠷᠪᠠ︶ 014᠂ 026᠂ 041᠂ 050᠂ 058᠂ 059᠂ 060᠂ 105᠂ 107᠂ 115 ᠂ 133᠂ 149 ᠳ᠋ᠣᠭᠠᠷ ᠰᠠᠨᠠᠯ ᠳᠣᠷᠠᠳᠣᠯᠭ᠎ᠠ ᠳᠤ ᠪᠦᠬᠦ ᠬᠤᠰᠢᠭᠤᠨ ᠤ ᠬᠤᠲᠠ ᠬᠦᠲᠡᠭᠡ ᠶᠢᠨ ᠰᠠᠭᠤᠷᠢ ᠲᠦᠬᠦᠬᠡᠷᠤᠮᠵᠢ ᠎ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠦᠠᠬᠠᠵᠤ᠂ ᠤᠷᠴᠢᠨ ᠲᠤᠭᠤᠷᠢᠨ ᠤ ᠠᠷᠢᠭᠤᠨ ᠴᠠᠪᠠᠷ ᠢ ᠰᠠᠶᠢᠵᠢᠷᠠᠭᠤᠯᠬᠤ᠂ ᠬᠤᠲᠠ ᠪᠠᠯᠭᠠᠰᠤᠨ ᠤ ᠣᠷᠣᠰᠢᠨ ᠠᠮᠢᠳᠣᠷᠠᠬᠤ ᠣᠷᠴᠢᠨ ᠳᠣᠭᠤᠷᠢᠨ ᠢ ᠰᠠᠶᠢᠵᠢᠷᠠᠭᠤᠯᠬᠤ ᠳᠣᠬᠠᠢ ᠲᠤᠷᠠᠦᠠᠪᠠ᠃ ᠡᠭᠦᠨ ᠳᠤ ᠴᠢᠭᠯᠡᠭᠦᠯᠦᠨ᠂ ᠨᠢᠬᠡ ᠳᠤ᠂ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠲᠠ ᠶᠢᠨ ᠠᠵᠤ ᠠᠬᠤᠢ ᠨᠠᠶᠢᠬᠡᠮ ᠤᠨ ᠬᠦᠭᠵᠢᠯᠲᠠ ᠎ ᠳᠠᠬᠢ ᠠᠴᠢᠶᠠᠯᠠᠬᠤ ᠴᠢᠲᠠᠪᠤᠷᠢ ᠶᠢ ᠲᠠᠰᠤᠷᠠᠯᠲᠠ ᠦᠬᠡᠢ ᠨᠡᠮᠡᠭᠳᠡᠭᠦᠯᠵᠦ᠂ ᠤᠰᠤᠨ ᠤ ᠬᠠᠨᠭ᠍ᠭᠠᠯᠭ᠎ᠠ᠂ ᠲᠤᠯᠠᠭᠠᠨᠯᠠᠮᠵᠢ᠂ ᠰᠢᠲᠠᠮᠠᠬᠠᠢ ᠬᠡᠢ ᠶᠢᠨ ᠬᠠᠨᠭ᠍ᠭᠠᠯᠠᠭ᠎ᠠ ᠶᠢᠨ ᠪᠦᠷᠬᠦᠴᠠ ᠶᠢᠨ ᠨᠤᠷᠮ᠎ᠠ ᠲᠤᠰᠪᠤᠷᠢ 96.4%᠂ 64%᠂ 80.45%᠎ ᠳᠤ ᠬᠦᠷᠴᠤ᠂ ᠪᠤᠬᠢᠷ ᠤᠰᠤ ᠭᠠᠲᠠᠭᠰᠢᠯᠠᠭᠤᠯᠬᠤ ᠨᠤᠷᠮ᠎ᠠ ᠶᠢ 81%᠎ ᠳᠤ ᠬᠦᠷᠭᠡᠪᠡ︔ ᠬᠦᠮᠤᠨ ᠪᠦᠷᠢ ᠳᠤ ᠲᠡᠭᠰᠢᠦᠠᠬᠡᠭᠰᠠᠨ ᠵᠠᠮ ᠱᠣᠭᠤᠮ ᠤᠨ ᠲᠠᠯᠠᠪᠠᠢ 37.85 ᠲᠡᠭᠰᠢ ᠲᠥᠷᠪᠡᠯᠵᠢᠨ ᠮᠧᠲᠷ ᠲᠤ ᠬᠦᠷᠴᠤ᠂ ᠵᠠᠮ ᠱᠣᠭᠤᠮ ᠢ ᠲᠠᠪᠢᠰᠦᠭᠰᠠᠨ ᠨᠤᠷᠮ᠎ᠠ ᠎ ᠨᠢ 96%᠎ ᠳᠤ ᠬᠦᠷᠪᠠ︔ ᠬᠦᠮᠤᠨ ᠪᠦᠷᠢ ᠳᠤ ᠲᠡᠭᠰᠢᠦᠠᠬᠡᠭᠰᠠᠨ ᠤᠯᠠᠨ ᠨᠠᠶᠢᠲᠠ ᠶᠢᠨ ᠨᠤᠭᠤᠭᠠᠷᠠᠭᠤᠯᠤᠯᠳᠠ ᠶᠢᠨ ᠳᠠᠯᠠᠪᠠᠢ ᠎ ᠨᠢ 82.5 ᠳᠡᠭᠰᠢ ᠳᠥᠷᠪᠡᠯᠵᠢᠨ ᠮᠧᠲᠷ ᠲᠤ ᠬᠦᠷᠴᠤ᠂ ᠬᠤᠲᠠ ᠪᠠᠯᠭᠠᠰᠤᠨ ᠤ ᠨᠤᠭᠤᠭᠠᠷᠠᠭᠤᠯᠤᠯᠲᠠ ᠶᠢᠨ ᠨᠤᠷᠮ᠎ᠠ ᠨᠢ 36.37%᠎ ᠳᠤ ᠬᠦᠷᠪᠠ᠃ ᠬᠤᠶᠠᠷ ᠲᠤ᠂ ᠰᠠᠭᠤᠭᠠᠯᠢ ᠲᠤᠭᠤᠷᠢᠭ ᠤᠨ ᠦᠬᠡᠷᠠᠴᠢᠯᠠᠯᠲᠠ ᠵᠢᠴᠢ ᠢᠵᠢ ᠪᠦᠷᠢᠳᠦᠭᠰᠡᠨ ᠲᠤᠨᠤᠭ ᠲᠦᠬᠦᠬᠡᠷᠤᠮᠵᠢ ᠶᠢ ᠲᠠᠰᠤᠷᠠᠯᠲᠠ ᠦᠬᠡᠢ ᠳᠡᠭᠦᠯᠳᠡᠷᠵᠢᠭᠦᠯᠪᠡ᠃ 124 ᠡᠷᠤᠬᠡ ᠶᠢᠨ ᠠᠶᠤᠯ ᠲᠠᠢ ᠪᠠᠶᠢᠰᠢᠩ ᠢ ᠵᠠᠰᠠᠨ ᠰᠢᠨᠡᠳᠭᠡᠵᠦ᠂ ᠬᠢᠮᠲᠠ ᠲᠦᠷᠢᠶᠠᠰᠤᠨ ᠬᠡᠷ ᠤᠨ ᠨᠦᠬᠦᠪᠤᠷᠢ 14 ᠲᠦᠮᠠᠨ ᠲᠦᠬᠦᠷᠢᠭ ᠲᠠᠷᠬᠠᠭᠠᠪᠠ︔ ︽ᠬᠦᠶᠦᠭᠴᠢ ︾ ᠵᠠᠬᠡᠯᠢ ᠳᠤ 2.98 ᠲᠦᠮᠠᠨ ᠳᠡᠭᠰᠢ ᠲᠥᠷᠪᠡᠯᠵᠢᠨ ᠮᠧᠲᠷ ᠪᠦᠬᠦᠢ ᠲᠠᠯᠠᠪᠠᠢ ᠲᠠᠢ ᠪᠠᠷᠣᠭᠰᠢᠨ ᠵᠠᠮ ᠢ ᠳᠠᠪᠢᠰᠴᠣ᠂ 5.829 ᠲᠦᠮᠠᠨ ᠳᠡᠭᠰᠢ ᠳᠥᠷᠪᠡᠯᠵᠢᠨ ᠮᠧᠲᠷ ᠤᠨ ᠵᠠᠮ ᠢ ᠬᠠᠲᠠᠭᠤᠷᠠᠭᠤᠯᠤᠨ᠂ 4200 ᠳᠡᠭᠰᠢ ᠳᠦᠷᠪᠡᠯᠵᠢᠨ ᠮᠧᠲᠷ ᠪᠠᠷᠣᠭᠰᠢᠨ ᠵᠠᠮ ᠵᠠᠰᠠᠨ ᠰᠡᠯᠪᠢᠵᠤ᠂ ᠭᠠᠨᠲᠢᠭ ᠴᠢᠯᠠᠭᠤᠨ ᠶᠠᠪᠠᠭᠠᠨ ᠵᠠᠮ ᠢ 5100 ᠳᠡᠭᠰᠢ ᠲᠥᠷᠪᠡᠯᠵᠢᠨ ᠮᠧᠲᠷ ᠵᠠᠰᠠᠨ ᠨᠦᠬᠦᠪᠤᠷᠢᠯᠠᠵᠤ᠂ 5400 ᠮᠧᠲᠷ ᠤᠷᠳᠣ ᠵᠠᠮ ᠤᠨ ᠬᠦᠪᠡᠭᠡᠨ ᠤ ᠴᠢᠯᠠᠭᠤ ᠶᠢ ᠰᠤᠯᠢᠪᠠ︔ ᠱᠡᠩᠲᠤ ᠪᠠᠯᠭᠠᠰᠤᠨ ᠳᠤ 2 ᠰᠠᠭᠤᠷᠢ ᠴᠠᠪᠠᠷ ᠤᠰᠤᠨ ᠤ ᠲᠠᠲᠠᠭᠠᠯ ᠪᠠᠶᠢᠭᠤᠯᠵᠤ᠂ ᠤᠰᠤ ᠬᠠᠨᠭ᠍ᠭᠠᠬᠤ ᠬᠤᠭᠤᠯᠠᠢ 3.88 ᠺᠢᠯᠤᠮᠧᠲᠷ ᠲᠠᠪᠢᠰᠴᠤ᠂ ᠬᠤᠲᠠ ᠪᠠᠯᠭᠠᠰᠤᠨ ᠤ ᠤᠰᠤ ᠬᠠᠨᠭ᠍ᠭᠠᠬᠤ ᠴᠢᠳᠠᠪᠬᠢ ᠶᠢ ᠤᠯᠠᠮ ᠲᠠᠬᠡᠭᠰᠢᠯᠡᠬᠦᠯᠪᠠ︔ ᠯᠠᠨ ᠵᠢᠩ ᠯᠢ ᠶᠤᠸᠡᠨ ᠬᠦᠷᠢᠶᠠᠯᠡᠩ᠂ ᠰᠢᠤᠸᠡᠢ ᠹᠥ᠋᠂ ᠫᠢᠩ ᠠᠨ ᠪᠠᠭ᠎ᠠ ᠲᠤᠭᠤᠷᠢᠭ ᠵᠢᠴᠢ ᠬᠤᠲᠠᠯᠲᠤᠭᠠᠨ ᠤ ᠠᠰᠠᠷ ᠤᠨ ᠡᠯ᠎ᠠ ᠲᠦᠷᠤᠯ ᠤᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠦᠬᠡᠢ ᠴᠢᠩᠭᠠᠦᠠᠬᠠᠵᠤ᠂ ᠰᠠᠭᠤᠭᠠᠯᠢ ᠠᠷᠠᠤᠨ ᠤᠨ ᠣᠷᠣᠰᠢᠨ ᠲᠤᠭᠲᠠᠨᠢᠬᠤ ᠤᠷᠴᠢᠨ ᠨᠦᠬᠦᠴᠠᠯ ᠢ ᠪᠦᠲᠤᠮᠵᠢᠲᠠᠢ ᠰᠠᠶᠢᠵᠢᠷᠠᠭᠤᠯᠪᠠ᠃ ᠭᠤᠷᠪᠠ ᠳᠤ᠂ ᠬᠦᠲᠡᠭᠡ ᠲᠤᠰᠬᠤᠨ ᠤ ᠤᠷᠴᠢᠨ ᠲᠤᠭᠤᠷᠢᠨ ᠢ ᠵᠠᠰᠠᠨ ᠴᠡᠭᠴᠠᠯᠡᠬᠦ ᠠᠵᠢᠯ ᠢ ᠲᠠᠰᠤᠷᠠᠯᠲᠠ ᠦᠬᠡᠢ ᠴᠢᠩᠭᠠᠦᠠᠬᠠᠪᠠ᠃ ᠬᠦᠲᠡᠭᠡ ᠲᠤᠰᠬᠤᠨ ᠤ ᠤᠷᠴᠢᠨ ᠲᠤᠭᠤᠷᠢᠨ ᠢ ᠶᠠᠷᠤᠩᠬᠡᠶᠢᠯᠠᠨ ᠵᠠᠰᠠᠬᠤ ᠲᠦᠷᠤᠯ ᠵᠤᠶᠢᠯ ᠤᠨ 1815 ᠲᠦᠮᠠᠨ ᠲᠦᠬᠦᠷᠢᠭ ᠤᠨ ᠲᠤᠰᠬᠠᠢ ᠪᠠᠯᠨ ᠮᠦᠡᠭᠬᠦ ᠶᠢ ᠡᠷᠠᠮᠯᠠᠵᠡᠯᠠᠨ ᠤᠯᠵᠤ᠂ ᠬᠠᠪᠢᠷᠭ᠎ᠠ ᠪᠠᠯᠭᠠᠰᠤ᠂ ᠰᠠᠩ ᠤᠨ ᠲᠠᠯᠠᠢ ᠪᠠᠯᠭᠠᠰᠤ᠂ ᠨᠠᠷᠠᠲᠤ ᠰᠤᠮᠤᠨ ᠤ ᠪᠠᠶᠢᠭ᠎ᠠ ᠭᠠᠵᠠᠷ᠂ ᠱᠡᠩᠲᠤ ᠪᠠᠯᠭᠠᠰᠤ᠂ ᠵᠢᠭᠠᠰᠤᠲᠠᠢ ᠰᠤᠮᠤ ᠪᠤᠯᠤᠨ ᠲᠠᠪᠦ‍ ᠨᠢᠬᠡ ᠮᠠᠯᠵᠢᠯ ᠤᠨ ᠲᠠᠯᠠᠪᠠᠢ ᠶᠢᠨ ᠪᠠᠶᠢᠭ᠎ᠠ ᠭᠠᠵᠠᠷ ᠵᠡᠷᠭᠡ 6 ᠰᠤᠮᠤ ᠪᠠᠯᠭᠠᠰᠤᠨ ᠤ ᠬᠠᠷᠢᠶᠠᠨ ᠳᠠᠬᠢ 30 ᠭᠠᠴᠠᠭᠠᠨ ᠳᠤ ᠤᠷᠴᠢᠨ ᠲᠤᠭᠤᠷᠢᠨ ᠤ ᠵᠠᠰᠠᠨ ᠴᠡᠭᠴᠠᠯᠡᠲᠠ ᠬᠢᠪᠠ᠃ ᠬᠦᠲᠡᠭᠡ ᠲᠤᠰᠬᠤᠨ ᠤ ᠵᠤᠷᠯᠦᠩ ᠤᠨ ᠦᠬᠡᠷᠠᠴᠢᠯᠠᠯᠲᠠ ᠶᠢᠨ ᠳᠤᠷᠰᠢᠯᠳᠠ ᠶᠢᠨ ᠴᠢᠭ ᠤᠨ ᠠᠵᠢᠯ ᠢ ᠯᠠᠪᠲᠠᠭᠤᠨ ᠠᠬᠢᠭᠤᠯᠵᠤ᠂ 1 ᠨᠡᠶᠢᠳᠡ ᠶᠢᠨ ᠵᠤᠷᠯᠦᠩ ᠢ ᠦᠬᠡᠷᠠᠴᠢᠯᠠᠵᠤ᠂ ᠬᠤᠶᠠᠷ ᠢ ᠰᠢᠨ᠎ᠠ ᠪᠠᠷ ᠪᠠᠶᠢᠭᠤᠯᠤᠨ᠂ ᠭᠡᠷ ᠳᠣᠳᠣᠷᠠᠬᠢ ᠣᠰᠣᠨ ᠴᠡᠪᠡᠷᠰᠢᠭᠴᠢ 176 ᠵᠤᠷᠯᠤᠩ᠂ ᠰᠢᠨ᠎ᠡ ᠬᠡᠯᠪᠡᠷᠢ ᠶᠢᠨ ᠵᠣᠷᠯᠣᠩ 18᠎ ᠶᠢ ᠪᠠᠶᠢᠭᠤᠯᠪᠠ᠃ ︵ᠠᠷᠪᠠᠨ ᠨᠢᠬᠡ︶ 018᠂ 019᠂ 021᠂ 027᠂ 028᠂ 029᠂ 030᠂ 031᠂ 032᠂ 033᠂ 034᠂ 035᠂ 036᠂ 037᠂ 053᠂ 135᠂ 136᠂ 137᠂ 139᠂ 140᠂ 141 ᠳ᠋ᠦ᠋ᠭᠡᠷ ᠰᠠᠨᠠᠯ ᠳᠣᠷᠠᠳᠣᠯᠭ᠎ᠠ ᠳᠤ ᠤᠲᠤᠬᠢᠴᠢᠯᠠᠭᠰᠠᠨ ᠲᠠᠷᠢᠶᠡᠯᠡᠩ ᠮᠠᠯ ᠠᠵᠤ ᠠᠬᠤᠢ ᠶᠢᠨ ᠬᠦᠭᠵᠢᠯᠲᠠ ᠶᠢᠨ ᠲᠤᠬᠠᠢ ᠲᠤᠷᠠᠦᠠᠪᠠ᠃ ᠡᠭᠦᠨ ᠳᠤ ᠴᠢᠭᠯᠡᠭᠦᠯᠦᠨ᠂ ᠨᠢᠬᠡ ᠳᠤ ᠲᠠᠷᠢᠶᠠᠯᠡᠩ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠲᠠ ᠎ ᠳᠠᠬᠢ ᠪᠠᠯᠨ ᠤᠷᠤᠭᠤᠯᠤᠯᠲᠠ ᠪᠠᠨ ᠨᠠᠮᠡᠭᠲᠠᠬᠦᠯᠪᠠ᠃ 2018 ᠤᠨ ᠤ ᠪᠡᠬᠡᠵᠢᠩ᠂ ᠲᠢᠶᠠᠠᠵᠢᠨ ᠤᠨ ᠡᠯᠡᠰᠦ᠂ ᠰᠡᠯᠬᠢᠨ ᠤ ᠡᠬᠢ ᠶᠢ ᠵᠠᠰᠠᠬᠤ ᠢᠨᠵᠧᠨᠧᠷᠢᠩ ᠳᠠᠬᠢ ᠫᠸᠡᠭ ᠬᠤᠷᠤᠭ᠎ᠠ ᠶᠢᠨ ᠨᠦᠬᠦᠪᠤᠷᠢ ᠶᠢᠨ ᠰᠠᠭᠤᠷᠢᠨ ᠲᠠᠬᠡᠷ᠎ᠠ᠂ 176.6 ᠲᠦᠮᠠᠨ ᠲᠦᠬᠦᠷᠢᠭ ᠤᠨ ᠪᠠᠯᠨ ᠤᠷᠤᠭᠤᠯᠵᠤ᠂ 5 ᠰᠤᠮᠤ ᠪᠠᠯᠭᠠᠰᠤᠨ ᠤ 110 ᠶᠠᠲᠠᠭᠤ ᠡᠷᠤᠬᠡ ᠶᠢᠨ ᠫᠸᠡᠭ ᠬᠤᠷᠤᠭ᠎ᠠ ᠲᠤᠲᠠᠭᠲᠠᠵᠤ ᠪᠠᠶᠢᠭ᠎ᠠ ᠪᠠ ᠮᠠᠯ ᠮᠠᠯᠵᠢᠬᠤ ᠳᠤ ᠬᠦᠴᠢᠷ ᠪᠠᠶᠢᠬᠤ ᠠᠰᠠᠭᠤᠲᠠᠯ ᠢ ᠰᠢᠢᠦᠠᠪᠤᠷᠢᠯᠠᠪᠠ᠃ 431.06 ᠲᠦᠮᠠᠨ ᠲᠦᠬᠦᠷᠢᠭ ᠤᠨ ᠪᠠᠯᠨ ᠤᠷᠤᠭᠤᠯᠵᠤ᠂ ᠬᠡᠷ ᠪᠠᠶᠢᠰᠢᠩ ᠦᠬᠡᠢ ᠪᠤᠶᠤ ᠤᠷᠤᠨ ᠰᠠᠭᠤᠴᠠ ᠶᠢᠨ ᠪᠦᠲᠦᠬᠡᠨ ᠪᠠᠶᠢᠭᠤᠯᠤᠯᠲᠠ ᠎ ᠶᠢᠨ ᠰᠠᠯᠠᠭ᠎ᠠ ᠮᠦᠴᠢᠷ ᠠᠴᠠ C᠂ D ᠲᠠᠰ ᠢᠶᠠᠷ ᠬᠢᠨᠠᠨ ᠲᠤᠳᠣᠯᠠᠭᠰᠠᠨ ᠠᠶᠤᠯᠲᠤ ᠪᠠᠶᠢᠰᠢᠩ ᠢᠶᠠᠨ ᠰᠢᠨᠡᠴᠢᠯᠡᠨ ᠪᠠᠶᠢᠭᠤᠯᠬᠤ ᠰᠠᠨᠠᠭ᠎ᠠ ᠲᠠᠢ 103 ᠡᠷᠤᠬᠡ ᠶᠢᠨ 239 ᠬᠦᠮᠤᠨ ᠤ ᠬᠡᠷ ᠪᠠᠶᠢᠰᠢᠩ ᠢ ᠰᠢᠨ᠎ᠠ ᠪᠠᠷ ᠪᠠᠶᠢᠭᠤᠯᠤᠭᠰᠠᠨ ᠪᠣᠶᠣ ᠵᠠᠰᠠᠨ ᠰᠢᠨᠠᠦᠠᠬᠡᠵᠤ᠂ ᠬᠤᠭᠤᠰᠣᠨ ᠬᠡᠷ ᠬᠤᠲᠠᠯᠲᠤᠨ ᠠᠪᠴᠤ ᠦᠭᠪᠠ᠃ ᠬᠤᠶᠠᠷ ᠲᠤ᠂ ᠰᠢᠨ᠎ᠠ ᠬᠡᠯᠪᠠᠷᠢ ᠶᠢᠨ ᠲᠠᠷᠢᠶᠡᠯᠡᠩ ᠮᠠᠯ ᠠᠵᠤ ᠠᠬᠤᠢ ᠶᠢᠨ ᠡᠵᠡᠩᠨᠡᠯᠲᠠ ᠶᠢᠨ ᠭᠤᠤᠯ ᠴᠤᠭᠴᠠ ᠶᠢ ᠬᠦᠭᠵᠢᠭᠦᠯᠬᠦ ᠠᠵᠢᠯ ᠢ ᠲᠤᠭᠲᠠᠭᠤᠨ ᠢᠶᠠᠷ ᠠᠬᠢᠭᠤᠯᠪᠠ᠃ 34 ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠠ ᠪᠠᠷ ᠪᠠᠶᠢᠭᠤᠯᠵᠤ᠂ 8 ᠬᠤᠷᠰᠢᠶᠠᠵᠢᠯ᠂ ᠴᠠᠬᠠᠷ ᠬᠤᠨᠢᠨ ᠤ ᠭᠤᠤᠯᠲᠠᠯᠭᠠᠲᠤ ᠰᠦᠷᠦᠭ 5᠎ ᠶᠢ ᠲᠦᠷᠢᠮᠵᠢᠬᠦᠯᠤᠨ ᠪᠠᠶᠢᠭᠤᠯᠵᠤ᠂ ᠮᠢᠬᠠᠨ ᠤ ᠦᠬᠡᠷ ᠤᠨ ᠪᠠᠷᠢᠮᠵᠢᠶ᠋ᠵᠢᠭᠰᠠᠨ ᠲᠠᠵᠢᠬᠡᠪᠤᠷᠢ ᠎ ᠶᠢᠨ ᠲᠠᠯᠠᠪᠠᠢ 3᠎ ᠶᠢ ᠰᠢᠨ᠎ᠠ ᠪᠠᠷ ᠪᠠᠶᠢᠭᠤᠯᠵᠤ᠂ ᠭᠠᠲᠠᠭᠠᠲᠤ ᠠᠴᠠ 3399 ᠲᠤᠯᠤᠭᠠᠢ ᠰᠢᠯᠢᠲᠡᠭ ᠡᠬᠦᠯᠲᠠᠷ ᠤᠨ ᠡᠬᠡ ᠮᠠᠯ ᠎ ᠢ ᠤᠷᠤᠭᠤᠯᠪᠠ᠃ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠬᠤ ᠲᠤᠭᠲᠠᠯᠴᠠᠭ᠎ᠠ ᠶᠢ ᠲᠠᠬᠦᠯᠲᠠᠷᠵᠢᠬᠦᠯᠤᠨ᠂ ᠲᠠᠷᠢᠶᠠᠯᠡᠩ ᠮᠠᠯ ᠠᠵᠤ ᠠᠬᠤᠢ ᠶᠢᠨ 6 ᠠᠵᠤ ᠠᠬᠤᠶᠢᠯᠠᠯ ᠨᠢ 1200 ᠮᠠᠯᠴᠢᠨ ᠲᠠᠷᠢᠶᠠᠴᠢᠨ ᠡᠷᠤᠬᠡ ᠲᠠᠢ ᠠᠰᠢᠭ ᠲᠤᠰᠠ ᠶᠢ ᠬᠤᠯᠪᠤᠬᠤ ᠲᠤᠭᠲᠠᠯᠴᠠᠭ᠎ᠠ ᠪᠠᠶᠢᠭᠤᠯᠵᠤ᠂ 2700 ᠮᠠᠯᠴᠢᠨ ᠲᠠᠷᠢᠶᠠᠴᠢᠨ ᠢ ᠳᠠᠶᠢᠴᠢᠯᠠᠪᠠ᠃             ︵ᠠᠷᠪᠠᠨ ᠬᠤᠶᠠᠷ︶ 023᠂ 054᠂ 056᠂ 057᠂ 083᠂ 124 ᠳ᠋ᠦ᠋ᠭᠡᠷ ᠰᠠᠨᠠᠯ ᠳᠤᠷᠠᠳᠤᠯᠭ᠎ᠠ ᠎ ᠳᠤ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠦᠠᠬᠠᠬᠤ ᠵᠢᠴᠢ ᠨᠠᠶᠢᠬᠡᠮ ᠤᠨ ᠶᠠᠯᠠᠲᠤ ᠠᠵᠢᠯᠯᠠᠭ᠎ᠠ ᠳᠤ ᠴᠤᠬᠢᠯᠲᠠ ᠦᠭᠬᠦ ᠲᠤᠬᠠᠢ ᠲᠤᠷᠠᠦᠠᠪᠠ᠃ 052᠂ 131᠂ 150 ᠳ᠋ᠤᠭᠠᠷ ᠰᠠᠨᠠᠯ ᠳᠤᠷᠠᠳᠤᠯᠭ᠎ᠠ ᠳᠤ ᠡᠳ᠋ ᠤᠨ ᠵᠠᠰᠠᠭ ᠤᠨ ᠬᠠᠮᠢᠶᠠᠲᠠᠢ ᠲᠦᠰᠤᠪ ᠵᠢᠴᠢ ᠨᠦᠬᠦᠪᠤᠷᠢ ᠶᠢᠨ ᠠᠰᠠᠭᠤᠲᠠᠯ ᠤᠨ ᠲᠤᠬᠠᠢ ᠲᠤᠷᠠᠦᠠᠪᠠ᠃ 077᠂ 081 ᠳ᠋ᠤᠭᠠᠷ ᠰᠠᠨᠠᠯ ᠳᠤᠷᠠᠳᠤᠯᠭ᠎ᠠ ᠳᠤ ᠲᠠᠮᠤᠷ ᠵᠠᠮ ᠤᠨ ᠭᠤᠯᠲᠤᠩ ᠬᠦᠡᠲᠠᠢ ᠶᠢᠨ ᠠᠰᠠᠭᠤᠲᠠᠯ ᠤᠨ ᠲᠤᠬᠠᠢ ᠲᠤᠷᠠᠦᠠᠪᠠ᠃ 110 ᠳ᠋ᠤᠭᠠᠷ ᠰᠠᠨᠠᠯ ᠳᠤᠷᠠᠳᠤᠯᠭ᠎ᠠ ᠳᠤ ᠦᠡᠲᠤᠰᠤᠨ ᠱᠠᠲᠤᠨ ᠳᠤ ᠬᠠᠤᠯᠢ ᠴᠠᠭᠠᠵᠠ ᠶᠢᠨ ᠵᠦᠪᠯᠡᠭᠴᠢ ᠲᠤᠬᠢᠷᠠᠭᠤᠯᠬᠤ ᠳᠣᠬᠠᠢ ᠲᠤᠷᠠᠦᠠᠪᠠ ᠃ 025 ᠳ᠋ᠤᠭᠠᠷ ᠰᠠᠨᠠᠯ ᠳᠤᠷᠠᠳᠤᠯᠭ᠎ᠠ ᠳᠤ ᠬᠦᠲᠡᠭᠡ ᠲᠤᠰᠬᠤᠨ ᠤ ᠤᠷᠤᠭᠯᠠᠬᠤ ᠨᠠᠰᠤᠨ ᠠᠴᠠ ᠬᠡᠲᠤᠷᠡᠭᠰᠠᠨ ᠵᠠᠯᠠᠭᠤᠴᠤᠤᠨ ᠎ ᠤᠨ ᠤᠷᠤᠭ ᠤᠨ ᠶᠠᠪᠤᠲᠠᠯ ᠤᠨ ᠠᠰᠠᠭᠤᠲᠠᠯ ᠤᠨ ᠲᠤᠬᠠᠢ ᠲᠤᠷᠠᠦᠠᠪᠠ᠃ 129 ᠳ᠋ᠤᠭᠠᠷ ᠰᠠᠨᠠᠯ ᠳᠤᠷᠠᠳᠤᠯᠭ᠎ᠠ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠲᠤᠬᠠᠢ ᠲᠤᠷᠠᠦᠠᠪᠠ᠃ ᠡᠳᠡᠭᠡᠷ ᠰᠠᠨᠠᠯ ᠳᠤᠷᠠᠳᠤᠯᠭ᠎ᠠ ᠳᠤ ᠬᠤᠰᠢᠭᠤ ᠵᠠᠰᠠᠭ ᠤᠨ ᠤᠷᠲᠤᠨ ᠤ ᠬᠠᠮᠢᠶᠠᠲᠠᠢ ᠰᠠᠯᠠᠭ᠎ᠠ ᠮᠦᠴᠢᠷ ᠠᠴᠠ ᠪᠤᠲᠠᠲᠠᠢ ᠬᠠᠷᠢᠭᠤᠯᠲᠠ ᠥᠭᠴᠥ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ ᠲᠤᠬᠢᠷᠠᠭᠤᠯᠵᠤ᠂ ᠪᠤᠲᠠᠲᠠᠢ ᠠᠵᠢᠯ ᠢ ᠬᠢᠭᠰᠡᠨ ᠪᠠᠶᠢᠨ᠎ᠠ᠃ ᠬᠤᠶᠢᠰᠢᠲᠠ ᠪᠢᠲᠠ ᠭᠤᠤᠯᠲᠠᠯᠭ᠎ᠠ ᠎ ᠪᠠᠨ ᠲᠤᠪᠤᠶᠢᠯᠭᠠᠨ᠂ ᠬᠦᠲᠡᠭᠡ ᠲᠤᠰᠬᠤᠨ ᠤ ᠤᠶᠢᠯᠠᠦᠠᠪᠤᠷᠢᠯᠡᠯ ᠪᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠠᠮᠡᠭᠲᠠᠬᠦᠯᠬᠦ ᠠᠵᠢᠯ ᠢ ᠰᠠᠶᠢᠳᠣᠷ ᠠᠳᠬᠤᠨ᠎ᠠ᠃ ᠤᠲᠤᠬᠠᠨ ᠳᠤ ᠰᠢᠢᠦᠠᠪᠤᠷᠢᠯᠠᠬᠦ ᠴᠢᠬᠤᠯᠨᠲᠠᠢ ᠠᠰᠠᠭᠤᠲᠠᠯ ᠢ ᠪᠢᠲᠠ ᠱᠠᠭᠠᠷᠲᠠᠨ ᠭᠦᠢᠴᠡᠳᠭᠡᠬᠦ ᠬᠦᠴᠤᠯᠡᠴᠠ ᠪᠠᠨ ᠴᠢᠩᠭᠠᠦᠠᠬᠠᠵᠤ᠂ ᠲᠦᠷᠬᠡᠨ ᠨᠠᠶᠢᠲᠠᠪᠤᠷᠢᠵᠢᠭᠤᠯᠤᠨ ᠰᠢᠢᠦᠠᠪᠤᠷᠢᠯᠠᠨ᠎ᠠ᠃ ᠶᠠᠷᠤᠩᠬᠡᠶᠢᠯᠠᠪᠠᠯ᠄ ᠲᠦᠯᠤᠬᠡᠯᠡᠭᠴᠢᠤᠨ ᠤᠨ ᠲᠤᠷᠠᠲᠤᠭᠰᠠᠨ ᠰᠠᠨᠠᠭᠤᠯᠭ᠎ᠠ᠂ ᠰᠢᠬᠦᠮᠵᠢ ᠪᠤᠯᠤᠨ ᠰᠨᠠᠠᠯ ᠨᠢ ᠲᠦᠯᠤᠬᠡᠯᠡᠭᠴᠢᠤᠨ ᠤᠨ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠠ ᠪᠤᠯᠤᠨ ᠨᠠᠶᠢᠬᠡᠮ ᠤᠨ ᠡᠯ᠎ᠠ ᠲᠦᠷᠤᠯ ᠤᠨ ᠠᠵᠢᠯ ᠤᠶᠢᠯᠡᠰ ᠢ ᠬᠠᠯᠠᠮᠵᠢᠯᠠᠨ ᠲᠠᠮᠵᠢᠵᠤ ᠪᠠᠶᠢᠭ᠎ᠠ ᠶᠢᠨ ᠲᠤᠰᠬᠠᠯ ᠮᠥᠨ᠃ ᠮᠦᠡᠴᠤ ᠮᠠᠨ ᠤ ᠬᠤᠰᠢᠭᠤᠨ ᠤ ᠡᠯ᠎ᠠ ᠬᠦᠷᠢᠶᠡᠨ ᠳᠤ ᠤᠷᠤᠰᠢᠵᠤ ᠪᠠᠶᠢᠭ᠎ᠠ ᠪᠠᠭᠤᠷᠠᠢ ᠲᠠᠯ᠎ᠠ ᠪᠤᠯᠤᠨ᠎ᠠ᠃ ᠡᠳᠡᠭᠡᠷ ᠠᠰᠠᠭᠤᠳᠠᠯ ᠨᠢ ᠠᠲᠠᠯᠢ ᠪᠤᠰᠤ ᠦᠡᠴᠦᠭ ᠠᠴᠠ ᠮᠠᠨ ᠤ ᠬᠤᠰᠢᠭᠤᠨ ᠤ ᠡᠯ᠎ᠠ ᠬᠦᠷᠢᠶ᠎ᠠ ᠴᠠᠷ᠎ᠠ ᠳᠠᠬᠢ ᠴᠢᠩᠭᠠᠦᠠᠬᠠᠬᠤ ᠴᠢᠬᠤᠯᠠᠲᠠᠢ᠂ ᠵᠠᠰᠠᠨ ᠦᠬᠡᠷᠠᠴᠢᠯᠠᠬᠦ ᠴᠢᠬᠤᠯᠨᠲᠠᠢ ᠶᠠᠪᠤᠲᠠᠯ ᠢ ᠲᠤᠰᠬᠠᠵᠤ ᠪᠠᠶᠢᠨ᠎ᠠ᠂ ᠮᠠᠨ ᠤ ᠬᠤᠰᠢᠭᠤᠨ ᠤ ᠬᠤᠶᠢᠰᠢᠲᠠ ᠶᠢᠨ ᠵᠠᠰᠠᠭ ᠤᠨ ᠤᠷᠲᠤᠨ ᠤ ᠰᠠᠯᠠᠭ᠎ᠠ ᠮᠦᠴᠢᠷ ᠤᠨ ᠠᠵᠢᠯ ᠤᠨ ᠬᠦᠭᠵᠢᠯᠲᠠ ᠪᠤᠯᠤᠨ ᠠᠵᠢᠯ ᠤᠨ ᠴᠢᠭᠯᠡᠯ ᠪᠤᠯᠤᠨ᠎ᠠ᠃ ᠬᠤᠶᠢᠰᠢᠲᠠ᠂ ᠬᠤᠰᠢᠭᠤ ᠵᠠᠰᠠᠭ ᠤᠨ ᠤᠷᠲᠤᠨ ᠨᠢ ᠲᠤᠭᠲᠠᠯᠴᠭ᠎ᠠ ᠪᠠᠨ ᠲᠠᠰᠤᠷᠠᠯᠲᠠ ᠦᠬᠡᠢ ᠰᠠᠶᠢᠵᠢᠷᠠᠭᠤᠯᠤᠨ᠂ ᠠᠵᠢᠯ ᠤᠨ ᠰᠤᠷᠲᠠᠯ ᠢᠶᠠᠨ ᠦᠬᠡᠷᠠᠴᠢᠯᠠᠵᠤ᠂ ᠤᠯᠠᠨ ᠲᠦᠮᠠᠨ ᠤ ᠬᠢᠨᠠᠯᠲᠠ ᠶᠢ ᠬᠦᠯᠢᠶᠠᠵᠤ᠂ ᠮᠠᠨ ᠤ ᠬᠤᠰᠢᠭᠤᠨ ᠤ ᠪᠠᠨ ᠠᠵᠤ ᠠᠬᠤᠢ ᠶᠢᠨ ᠬᠦᠭᠵᠢᠯᠲᠠ ᠪᠤᠯᠤᠨ ᠨᠠᠶᠢᠬᠡᠮ ᠤᠨ ᠡᠯ᠎ᠠ ᠲᠦᠷᠤᠯ ᠤᠨ ᠠᠵᠢᠯ ᠤᠶᠢᠯᠡᠰ ᠎ ᠤᠨ ᠬᠦᠭᠵᠢᠯᠲᠠ ᠲᠠᠪᠰᠢᠯᠲᠠ ᠶᠢ ᠴᠢᠷᠮᠠᠶᠢᠨ ᠠᠬᠢᠭᠤᠯᠤᠨ᠎ᠠ᠃ ᠲᠦᠷᠪᠠ᠂ ᠭᠤᠤᠯᠲᠠᠯᠭ᠎ᠠ ᠲᠠᠢ ᠰᠠᠨᠠᠯ ᠰᠠᠨᠠᠭᠤᠯᠭ᠎ᠠ ᠶᠢ ᠬᠦᠢᠴᠠᠦᠠᠬᠡᠭᠰᠠᠨ ᠪᠠᠶᠢᠲᠠᠯ             ︵ᠨᠢᠬᠡ︶ 001 ᠳ᠋ᠦ᠋ᠭᠡᠷ ᠰᠠᠨᠠᠯ ᠳᠤᠷᠠᠳᠤᠯᠭ᠎ᠠ ᠳᠤ ᠤᠲᠤᠬᠢᠴᠢᠯᠠᠭᠰᠠᠨ ᠮᠠᠯ ᠠᠵᠤ ᠠᠬᠤᠢ ᠶᠢᠨ ᠲᠦᠷᠢᠮᠵᠢᠭᠰᠡᠨ ᠬᠦᠭᠵᠢᠯᠲᠠ ᠶᠢ ᠠᠬᠢᠭᠤᠯᠬᠤ ᠲᠤᠬᠠᠢ ᠲᠤᠷᠠᠦᠠᠪᠠ᠃ ᠡᠭᠦᠨ ᠳᠤ ᠴᠢᠭᠯᠡᠭᠦᠯᠦᠨ᠂ ᠮᠠᠨ ᠤ ᠬᠤᠰᠢᠭᠤ ᠨᠢ ᠦᠪᠠᠷᠲᠠᠬᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠬᠡᠲᠤᠯᠲᠠᠢ ᠪᠠᠶᠢᠷᠢᠯᠠᠭᠤᠯᠤᠯᠲᠠ ᠶᠤᠰᠤᠭᠠᠷ ︽ᠬᠤᠨᠢ ᠴᠦᠬᠡᠴᠠᠯᠠᠵᠤ ᠦᠬᠡᠷ ᠮᠠᠯᠵᠢᠬᠤ︾ ᠪᠠᠶᠢᠯᠲᠤᠬᠤ ᠪᠤᠲᠤᠯᠭ᠎ᠠ ᠶᠢ ᠨᠢᠮᠪᠠᠢ ᠬᠡᠷᠡᠭᠵᠢᠬᠦᠯᠤᠨ᠂ ᠰᠢᠷᠠᠯᠳᠠᠢ ᠦᠬᠡᠷ ᠤᠨ ᠡᠬᠦᠯᠲᠠᠷ ᠢ ᠰᠠᠶᠢᠵᠢᠷᠠᠭᠤᠯᠤᠭᠰᠠᠨ ᠦᠷ᠎ᠠ ᠪᠦᠲᠤᠮᠵᠢ ᠪᠠᠨ ᠦᠷᠬᠦᠯᠵᠢᠯᠠᠨ ᠪᠠᠲᠤᠦᠠᠬᠠᠵᠤ᠂ ᠭᠠᠲᠠᠨ᠎ᠠ ᠠᠴᠠ ᠤᠷᠤᠭᠤᠯᠬᠤ ᠪᠤᠯᠤᠨ ᠪᠤᠶᠢᠵᠢᠭᠤᠯᠬᠤ ᠶᠢ ᠤᠶᠠᠯᠲᠤᠭᠤᠯᠤᠨ᠂ ᠮᠢᠬᠠᠨ ᠤ ᠦᠬᠡᠷ ᠤᠨ ᠪᠤᠲᠠᠭᠠᠯᠢ ᠪᠠᠶ᠎ᠠ ᠶᠢᠨ ᠴᠢᠨᠡᠷ ᠴᠢᠡᠰᠠᠭ᠎ᠠ ᠪᠠ ᠪᠦᠬᠦᠯᠢ ᠴᠤᠭᠴᠠ ᠶᠢᠨ ᠦᠷ᠎ᠠ ᠠᠰᠢᠭ ᠢ ᠨᠠᠮᠡᠭᠲᠠᠬᠦᠯᠪᠠ᠃ 2018 ᠤᠨ ᠳᠤ᠂ ᠮᠠᠯ ᠠᠵᠤ ᠠᠬᠤᠢ ᠶᠢᠨ ᠤᠨ ᠤ ᠪᠦᠬᠦ ᠬᠤᠰᠢᠭᠤᠨ ᠤ ᠮᠠᠯ ᠤᠨ ᠶᠠᠷᠤᠩᠬᠡᠢ ᠲᠤᠭ᠎ᠠ ᠲᠤᠯᠤᠭᠠᠢ 54.74 ᠲᠦᠮᠠᠨ ᠲᠤᠯᠤᠭᠠᠢ ᠳᠤ ᠬᠦᠷᠴᠤ᠂ ᠠᠲᠠᠯᠢ ᠬᠤᠭᠤᠴᠠᠭᠠᠨ ᠤ ᠠᠴᠠ ᠪᠠᠨ 3.7 ᠲᠦᠮᠠᠨ ᠲᠤᠯᠤᠭᠠᠢ ᠬᠠᠰᠤᠭᠲᠠᠵᠤ᠂ 6.4%᠎ ᠪᠠᠷ ᠪᠠᠭᠤᠷᠠᠪᠠ᠃ ᠡᠬᠦᠨ ᠳᠤ ᠦᠬᠡᠷ 23.38 ᠲᠦᠮᠠᠨ ᠲᠤᠯᠤᠭᠠᠢ ᠳᠤ ᠬᠦᠷᠴᠦ᠂ ᠠᠲᠠᠯᠢ ᠬᠤᠭᠤᠴᠠᠭᠠᠨ ᠤ ᠠᠴᠠ 2926 ᠲᠤᠯᠤᠭᠠᠢ ᠨᠡᠮᠡᠭᠲᠠᠵᠤ᠂ 1.26%᠎ ᠪᠠᠷ ᠨᠠᠮᠡᠭᠲᠠᠪᠠ︔ ᠬᠤᠨᠢ 29.73 ᠲᠦᠮᠠᠨ ᠲᠤᠯᠤᠭᠠᠢ ᠳᠤ ᠬᠦᠷᠴᠦ᠂ ᠠᠲᠠᠯᠢ ᠬᠤᠭᠤᠴᠠᠭᠠᠨ ᠤ ᠠᠴᠠ 4.46 ᠲᠦᠮᠠᠨ ᠲᠤᠯᠤᠭᠠᠢ ᠬᠠᠰᠤᠭᠲᠠᠵᠤ᠂ 13.04%᠎ ᠪᠠᠷ ᠪᠠᠭᠤᠷᠠᠪᠠ᠃ ᠪᠦᠬᠦ ᠬᠤᠰᠢᠭᠤᠨ ᠤ ᠬᠡᠷ ᠪᠦᠯᠢ ᠶᠢᠨ ᠮᠠᠯᠵᠢᠯ ᠤᠨ ᠲᠠᠯᠠᠪᠠᠢ 110 ᠡᠷᠤᠬᠡ ᠳᠤ ᠬᠦᠷᠴᠤ᠂ ᠡᠬᠦᠨ ᠤ ᠲᠤᠲᠤᠷ᠎ᠠ 2018 ᠤᠨ ᠳᠤ ᠪᠠᠲᠤᠯᠠᠭᠳᠠᠭᠰᠠᠨ ᠨᠢ 34 ᠡᠷᠤᠬᠡ ᠪᠠᠶᠢᠵᠦ᠂ ᠲᠦᠷᠢᠮᠵᠢᠭᠰᠡᠨ ᠬᠤᠷᠰᠢᠶᠠᠵᠢᠯ 23 ᠡᠷᠦᠬᠡ᠂ ᠮᠢᠬᠠᠨ ᠤ ᠦᠬᠡᠷ ᠤᠨ ᠪᠠᠷᠢᠮᠵᠢᠶ᠋ᠵᠢᠭᠰᠠᠨ ᠲᠠᠵᠢᠬᠡᠪᠤᠷᠢ ᠶᠢᠨ ᠲᠠᠯᠠᠪᠠᠢ 3᠂ ᠮᠢᠬᠠᠨ ᠤ ᠦᠬᠡᠷ ᠤᠨ ᠭᠤᠤᠯᠲᠠᠯᠭᠠᠲᠤ ᠰᠦᠷᠦᠭ ᠨᠠᠶᠢᠲᠠ 52᠎ ᠳᠤ ᠬᠦᠷᠴᠤ᠂ ᠰᠠᠭᠤᠷᠢ ᠡᠬᠡ ᠮᠠᠯ 2692 ᠲᠤᠯᠤᠭᠠᠢ ᠳᠤ ᠬᠦᠷᠦᠭᠰᠠᠨ ᠪᠠᠶᠢᠨ᠎ᠠ᠃ ᠨᠢᠬᠡ ᠳᠤ᠂ ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠤᠶᠢᠯᠡᠲᠤᠯ ᠢ ᠠᠬᠢᠭᠤᠯᠵᠤ᠂ ᠰᠢᠮᠧᠨ᠋ᠲᠷ ᠦᠬᠡᠷ᠂ ᠠᠩᠭᠧᠰ ᠦᠬᠡᠷ ᠢᠶᠠᠷ ᠭᠤᠤᠯ ᠪᠤᠯᠭᠠᠭᠰᠠᠨ ᠤᠲᠤᠬᠢᠴᠢᠯᠠᠭᠰᠠᠨ ᠮᠢᠬᠠᠨ ᠤ ᠠᠵᠤ ᠤᠶᠢᠯᠡᠰ ᠢ ᠬᠦᠭᠵᠢᠬᠦᠯᠤᠨ᠂ ᠠᠵᠤ ᠠᠬᠤᠶᠢᠯᠡᠯ ᠪᠤᠯᠤᠨ ᠬᠤᠷᠰᠢᠵᠢᠶᠠᠯ᠂ ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠠᠵᠤ ᠤᠶᠢᠯᠡᠰ ᠤᠨ ᠬᠠᠮᠲᠤᠷᠠᠯᠴᠠᠯ ᠢ ᠠᠬᠢᠭᠤᠯᠵᠤ᠂ ᠮᠠᠯᠴᠢᠨ ᠪᠤᠯᠤᠨ ᠠᠵᠤ ᠠᠬᠤᠶᠢᠯᠡᠯ ᠤᠨ ᠠᠰᠢᠭ ᠲᠤᠰᠠ ᠶᠢ ᠬᠤᠯᠪᠤᠬᠤ ᠲᠤᠭᠲᠠᠯᠴᠠᠭᠠᠨ ᠤ ᠦᠷ᠎ᠠ ᠠᠰᠢᠭ ᠢ ᠲᠠᠬᠡᠭᠰᠢᠯᠠᠬᠦᠯᠪᠠ᠃ ᠬᠤᠶᠠᠷ ᠲᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠎ ᠶᠢ ᠬᠦᠭᠵᠢᠬᠦᠯᠤᠨ ᠪᠤᠵᠠᠭᠠᠶᠢᠷᠠᠭᠤᠯᠵᠤ᠂ ᠰᠢᠡᠵᠢᠯᠡᠭᠡ ᠮᠠᠷᠬᠡᠵᠢᠯ ᠤᠨ ᠰᠢᠨᠡᠴᠢᠯᠡᠭᠰᠡᠨ ᠲᠦᠷᠤᠯ ᠵᠤᠶᠢᠯ ᠢ ᠤᠷᠤᠭᠤᠯᠵᠤ᠂ ᠰᠢᠨ᠎ᠠ ᠠᠵᠤ ᠤᠶᠢᠯᠡᠰ ᠢᠶᠠᠷ ᠰᠢᠯᠢᠲᠡᠭ ᠪᠠᠶᠢᠭᠠᠯᠢᠯᠢᠭ ᠮᠠᠯ ᠲᠠᠷᠢᠶᠠᠯᠠᠩ ᠤᠨ ᠪᠦᠲᠤᠬᠡᠭᠲᠠᠬᠦᠨ ᠢ ᠬᠠᠨᠭ᠍ᠭᠠᠬᠤ ᠴᠢᠲᠠᠪᠤᠷᠢ ᠶᠢ ᠨᠡᠮᠡᠭᠳᠡᠭᠦᠯᠦᠨ᠂ ᠲᠤᠮᠲᠠᠲᠤ ᠤᠯᠤᠰ ᠤᠨ ᠰᠢᠡᠵᠢᠯᠡᠬᠦ ᠤᠬᠠᠭᠠᠨ ᠤ ᠬᠦᠷᠢᠶᠠᠯᠡᠩ ᠤᠨ ᠬᠤᠯᠠᠨ ᠰᠢᠷᠭ᠎ᠠ ᠳᠠᠭ᠎ᠠ ᠶᠢᠨ ᠠᠮᠢ ᠠᠬᠤᠢ ᠶᠢᠨ ᠰᠤᠳᠤᠯᠭᠠᠨ ᠤ ᠭᠠᠵᠠᠷ ᠤᠨ ᠮᠠᠷᠬᠡᠵᠢᠯ ᠳᠤ ᠲᠦᠰᠢᠭᠯᠡᠵᠤ᠂ ᠪᠠᠯᠴᠢᠬᠡᠷᠯᠠᠬᠦᠯᠬᠦ ᠶᠢ ᠵᠤᠭᠰᠤᠭᠠᠭᠰᠠᠨ ᠤᠷᠤᠨ ᠳᠤ ᠲᠠᠬᠢᠶ᠎ᠠ ᠲᠠᠵᠢᠬᠡᠵᠤ᠂ ᠵᠢᠯ ᠳᠤ 2000 ᠮᠤ᠋ ᠪᠠᠯᠴᠢᠬᠡᠷ ᠲᠤ 2 ᠲᠦᠮᠠᠨ ᠲᠠᠬᠢᠶ᠎ᠠ ᠲᠤᠷᠰᠢᠨ ᠲᠠᠵᠢᠬᠡᠨ᠎ᠠ︔ ᠭᠤᠸᠡᠩ ᠷᠦᠨ ᠡᠪᠠᠰᠤᠨ ᠤ ᠤᠶᠢᠯᠡᠰ ᠤᠨ ᠺᠤᠮᠫᠠᠨᠢ ᠶᠢ ᠤᠷᠢᠨ ᠤᠷᠤᠭᠤᠯᠵᠤ᠂ ᠪᠤᠲᠠ ᠮᠤᠲᠤ ᠲᠠᠷᠢᠵᠤ ᠪᠤᠯᠪᠠᠰᠤᠷᠠᠭᠤᠯᠤᠨ᠂ ᠮᠠᠯ ᠤᠨ ᠪᠤᠷᠳᠤᠭ᠎ᠠ ᠤᠶᠢᠯᠠᠦᠠᠪᠤᠷᠢᠯᠠᠨ᠎ᠠ᠂ ᠵᠢᠯ ᠳᠤ 5 ᠲᠦᠮᠠᠨ ᠲᠤᠨ ᠦᠨᠳᠦᠷ ᠪᠠᠷᠢᠮᠵᠢᠶ᠎ᠠ ᠲᠠᠢ ᠪᠤᠷᠳᠤᠭ᠎ᠠ ᠪᠤᠯᠪᠠᠰᠤᠷᠠᠭᠤᠯᠵᠦ᠂ 3 ᠲᠦᠮᠠᠨ ᠲᠤᠨ ᠬᠤᠯᠢᠮᠠᠭ ᠪᠤᠷᠳᠤᠭ᠎ᠠ ᠤᠶᠢᠯᠠᠦᠠᠪᠤᠷᠢᠯᠠᠨ ᠢᠰᠬᠡᠨ᠎ᠠ᠃ ᠵᠦᠡᠭ ᠬᠤᠸ᠋ᠨ ᠲᠠᠷᠢᠶᠠᠯᠠᠩ ᠤᠨ ᠤᠶᠢᠯᠡᠰ ᠤᠨ ᠪᠤᠷᠤᠬᠤᠲᠠ ᠶᠢᠨ ᠶᠠᠷᠤᠩᠬᠡᠶᠢᠯᠡᠭᠰᠠᠨ ᠤᠶᠢᠯᠠᠴᠢᠯᠠᠬᠡᠨ ᠤ ᠦᠷᠲᠡᠭᠡ ᠶᠢ ᠦᠷᠬᠡᠦᠡᠬᠡᠨ᠂ ᠪᠤᠷᠤᠬᠤᠲᠠ ᠵᠢᠱᠢᠶ᠎ᠠ ᠦᠵᠠᠬᠦᠯᠬᠦ ᠲᠤᠭᠤᠷᠢᠭ ᠲᠠᠢ ᠬᠠᠮᠵᠢᠯᠴᠠᠵᠦ᠂ ᠦᠢᠯᠡᠴᠢᠯᠡᠭᠡ ᠬᠦᠷᠳᠡᠬᠡᠬᠦ ᠲᠠᠯᠠᠪᠠᠢ ᠶᠢ 4 ᠲᠦᠮᠠᠨ ᠮᠤ᠋ ᠨᠡᠮᠡᠭᠳᠡᠬᠦᠯᠵᠦ᠂ ᠪᠦᠬᠦ ᠬᠤᠰᠢᠭᠤᠨ ᠤ ᠲᠠᠷᠢᠶᠠᠯᠠᠩ ᠠᠵᠤ ᠠᠬᠤᠢ ᠶᠢᠨ ᠦᠪᠠᠷ ᠤᠨ ᠦᠷᠲᠡᠭ ᠢ ᠨᠢ ᠪᠠᠭᠤᠷᠠᠭᠤᠯᠤᠨ ᠴᠢᠨᠡᠷ ᠴᠢᠡᠰᠠᠭ᠎ᠠ ᠶᠢ ᠨᠢ ᠰᠠᠶᠢᠵᠢᠷᠠᠭᠤᠯᠤᠨ ᠦᠷ᠎ᠠ ᠠᠰᠢᠭ ᠢ ᠨᠠᠮᠡᠭᠲᠠᠬᠦᠯᠤᠨ᠎ᠠ᠃            ︵ᠬᠤᠶᠠᠷ︶ 002᠂ 003᠂ 101᠂ 102᠂ 146 ᠳ᠋ᠣᠭᠠᠷ ᠰᠠᠨᠠᠯ ᠳᠣᠷᠠᠳᠣᠯᠭ᠎ᠠ ᠳᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠴᠢᠩᠭᠠᠳᠬᠠᠬᠤ ᠳᠣᠬᠠᠢ ᠰᠠᠨᠠᠯ ᠳᠣᠷᠠᠳᠣᠭᠰᠠᠨ ᠪᠠᠶᠢᠨ᠎ᠠ᠃ ᠨᠢᠭᠡ ᠳᠤ᠂ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠬᠤᠰᠢᠭᠤ ᠲᠡᠳ᠋ ᠳᠠᠷᠤᠭ᠎ᠠ ᠪᠠᠷ ᠳᠣᠭᠤᠶᠢᠯᠠᠩ ᠤᠨ ᠳᠠᠷᠤᠭ᠎ᠠ ᠪᠤᠯᠭᠠᠵᠤ᠂ ᠦᠨᠳᠦᠰᠦᠳᠠᠨ ᠱᠠᠰᠢᠨ ᠰᠣᠷᠳᠠᠬᠤᠨ ᠤ ᠳᠣᠪᠴᠢᠶ᠎ᠠ᠂ ᠨᠠᠮ ᠵᠠᠰᠠᠭ ᠤᠨ ᠣᠷᠴᠢᠭᠤᠯᠭ᠎ᠠ ᠶᠢᠨ ᠲᠦᠪ ᠵᠢᠴᠢ ᠣᠷᠢᠨ ᠵᠠᠯᠠᠭᠰᠠᠨ ᠲᠤᠰᠬᠠᠢ ᠣᠷᠴᠢᠭᠤᠯᠤᠭᠴᠢ ᠪᠠᠷ ᠪᠦᠷᠢᠯᠳᠦᠭᠰᠡᠨ ᠣᠳᠣᠷᠢᠳᠬᠤ ᠳᠣᠭᠤᠶᠢᠯᠠᠩ ᠢ ᠪᠠᠶᠢᠭᠤᠯᠵᠤ᠂ ᠪᠦᠬᠦ ᠬᠤᠰᠢᠭᠤᠨ ᠤ ᠮᠤᠩᠭᠤᠯ ᠬᠢᠳᠡᠳ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠢ ᠵᠡᠷᠭᠡᠪᠡᠷ ᠭᠡᠷᠡᠭᠯᠡᠬᠦ ᠠᠵᠢᠯ ᠢ ᠵᠢᠯᠤᠭᠤᠳᠴᠤ ᠬᠢᠨᠠᠨ ᠬᠠᠮᠢᠶᠠᠷᠤᠪᠠ᠃ ᠡᠭᠦᠨ ᠤ ᠬᠠᠮᠳᠣ᠂ ᠡᠯ᠎ᠡ ᠰᠣᠮᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢ ᠳᠣᠰᠬᠠᠢ ᠣᠷᠴᠢᠭᠤᠯᠤᠭᠴᠢ ᠪᠤᠶᠤ ᠬᠠᠪᠰᠣᠷᠭᠠᠭᠰᠠᠨ ᠣᠷᠴᠢᠭᠤᠯᠤᠭᠴᠢ ᠳᠣᠮᠢᠯᠠᠬᠤ ᠶᠢ ᠣᠷᠮᠠᠰᠢᠭᠤᠯᠵᠤ᠂ ᠪᠦᠬᠦ ᠬᠤᠰᠢᠭᠤᠨ ᠤ ᠣᠷᠴᠢᠭᠤᠯᠤᠭᠴᠢ ᠶᠢᠨ ᠡᠩᠨᠡᠭᠡ ᠶᠢ ᠲᠡᠭᠦᠯᠳᠡᠷᠵᠢᠭᠦᠯᠪᠡ᠃ ᠬᠤᠶᠠᠷ ᠲᠤ᠂ ︽ᠥᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠷᠢᠮ︾ ᠪᠠ ᠳᠣᠮᠳᠠᠳᠣ ᠣᠯᠣᠰ ᠤᠨ ᠡᠪ ᠬᠠᠮᠳᠣ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶᠠᠨ ᠤ ᠠᠯᠪᠠᠨ ᠲᠢᠩᠬᠢᠮ ᠤᠨ ︵ᠰᠢᠯᠢ ᠨᠠᠮ ᠠᠯᠪᠠᠨ ᠦᠰᠦᠭ ﹇2009﹈ 79 ᠳᠣᠭᠠᠳᠣ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠴᠢᠭᠤᠯᠤᠭᠴᠢᠳ ᠤᠨ ᠢᠳᠡᠪᠬᠢᠵᠢᠯ ᠢ ᠨᠡᠮᠡᠭᠳᠡᠭᠦᠯᠦᠨ᠂ ᠲᠡᠳᠡᠨᠡᠷ ᠢ ᠳᠤᠬᠠᠶᠢᠯᠠᠭᠰᠠᠨ ᠠᠵᠢᠯ ᠳᠤ ᠪᠠᠨ ᠰᠢᠮᠳᠠᠨ ᠬᠦᠨᠵᠡᠭᠡᠶᠢᠷᠡᠬᠦ ᠶᠢ ᠤᠷᠮᠠᠰᠢᠭᠤᠯᠬᠤ ᠶᠢᠨ ᠳᠣᠯᠠᠳᠠ ᠮᠠᠨ ᠤ ᠬᠤᠰᠢᠭᠤ ᠨᠢ 2017 ᠣᠨ ᠠᠴᠠ ᠡᠬᠢᠯᠡᠨ᠂ ᠪᠦᠬᠦ ᠬᠤᠰᠢᠭᠤᠨ ᠤ ᠪᠠᠶᠢᠭᠤᠯᠭ᠎ᠠ ᠨᠢᠭᠡᠴᠡ ᠶᠢᠨ ᠣᠷᠴᠢᠭᠤᠯᠤᠭᠴᠢᠳ ᠢ ᠱᠠᠩᠨᠠᠨ ᠬᠦᠬᠢᠬᠦᠯᠬᠦ ᠲᠦᠷᠢᠮ ᠢ ᠳᠣᠭᠳᠠᠭᠠᠨ ᠬᠡᠷᠡᠭᠵᠢᠭᠦᠯᠪᠡ᠃ ᠪᠠᠶᠢᠭᠤᠯᠭ᠎ᠠ ᠨᠢᠭᠡᠪᠦᠷᠢ᠂ ᠤᠨᠴᠠᠭᠠᠶᠢᠯᠠᠨ ᠮᠠᠯᠵᠢᠬᠤ ᠲᠠᠷᠢᠶᠠᠯᠠᠬᠤ ᠣᠷᠣᠨ ᠲᠠᠢ ᠬᠤᠯᠪᠤᠭᠳᠠᠬᠤ ᠰᠠᠯᠠᠭ᠎ᠠ ᠮᠦᠴᠢᠷ ᠤᠨ ᠬᠢᠨ ᠡᠷᠭᠡᠪᠰᠢ ᠨᠢᠭᠡ ᠨᠡᠷ᠎ᠡ ᠳᠣᠰᠬᠠᠢ ᠪᠣᠶᠣ ᠬᠠᠪᠰᠣᠷᠭᠠᠭᠰᠠᠨ ᠣᠷᠴᠢᠭᠤᠯᠤᠭᠴᠢ ᠳᠣᠮᠢᠯᠠᠬᠤ ᠶᠢ ᠱᠠᠭᠠᠷᠳᠠᠵᠤ᠂ ᠴᠢᠬᠤᠯᠠ ᠪᠢᠴᠢᠭ ᠮᠠᠲ᠋ᠧᠷᠢᠶᠠᠯ᠂ ᠣᠨᠴᠠᠭᠠᠶᠢᠯᠠᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠪᠢᠴᠢᠭ ᠮᠠᠲ᠋ᠧᠷᠢᠶᠠᠯ ᠢ ᠦᠨᠳᠦᠰᠦᠨ ᠱᠠᠳᠣᠨ ᠳᠤ ᠡᠷᠬᠡᠪᠰᠢ ᠮᠤᠩᠭᠤᠯ ᠬᠢᠳᠡᠳ ᠬᠤᠣᠰ ᠬᠡᠯᠡ ᠪᠠᠷ ᠪᠠᠭᠤᠯᠭᠠᠬᠤ ᠶᠢ ᠱᠠᠭᠠᠷᠳᠠᠪᠠ᠃ ᠬᠤᠰᠢᠭᠤ ᠮᠤᠩᠭᠤᠯ ᠬᠡᠯᠡᠨ ᠤ ᠠᠵᠢᠯ ᠤᠨ ᠣᠳᠣᠷᠢᠳᠬᠤ ᠳᠣᠭᠤᠶᠢᠯᠠᠩ ᠤᠨ ᠪᠠᠶᠢᠴᠠᠭᠠᠯᠳᠠ ᠪᠠᠷ ᠬᠢᠷᠢ ᠲᠡᠩᠴᠡᠭᠰᠡᠨ ᠣᠷᠴᠢᠭᠤᠯᠤᠭᠴᠢᠳ ᠢ ᠭᠤᠷᠪᠠᠨ ᠲᠡᠰ ᠬᠤᠪᠢᠶᠠᠨ ᠱᠠᠩᠨᠠᠨ ᠬᠥᠬᠢᠭᠦᠯᠵᠦ᠂ ᠲᠤᠰᠪᠦᠷᠢ 3600 ᠲᠥᠭᠦᠷᠢᠭ᠂ 2400 ᠲᠦᠭᠦᠷᠢᠭ ᠪᠠ 1200 ᠲᠦᠭᠦᠷᠢᠭ ᠣᠯᠭᠤᠪᠠ᠃ 2017 ᠣᠨ ᠳᠤ᠂ 48 ᠪᠠᠶᠢᠭᠤᠯᠭ᠎ᠠ ᠶᠢᠨ 56 ᠳᠣᠰᠬᠠᠢ ᠪᠤᠶᠤ ᠬᠠᠪᠰᠣᠷᠭᠠᠭᠰᠠᠨ ᠣᠷᠴᠢᠭᠤᠯᠤᠭᠴᠢ ᠶᠢ ᠱᠠᠩᠨᠠᠵᠤ᠂ ᠨᠡᠶᠢᠳᠡ 20.16 ᠲᠥᠮᠡᠨ ᠲᠦᠭᠦᠷᠢᠭ ᠤᠨ ᠨᠦᠬᠦᠪᠦᠷᠢ ᠳᠠᠷᠬᠠᠭᠠᠪᠠ᠃ ᠡᠨᠡᠬᠦ ᠠᠵᠢᠯ ᠨᠢ ᠨᠡᠶᠢᠭᠡᠮ ᠤᠨ ᠡᠯ᠎ᠡ ᠡᠳᠡᠭᠡᠳ ᠎ ᠬᠢᠨ ᠤ ᠬᠦᠷᠢᠶᠡᠯᠡᠯ ᠢ ᠣᠯᠵᠤ᠂ ᠪᠦᠬᠦ ᠬᠤᠰᠢᠭᠤᠨ ᠤ ᠪᠠᠶᠢᠭᠤᠯᠭ᠎ᠠ ᠨᠢᠭᠡᠴᠡ ᠶᠢᠨ ᠮᠣᠩᠭᠤᠯ ᠬᠢᠳᠡᠳ ᠬᠤᠣᠰ ᠬᠡᠯᠡ ᠪᠠᠷ ᠪᠢᠴᠢᠭ ᠮᠠᠲ᠋ᠧᠷᠢᠶᠠᠯ ᠪᠠᠭᠤᠯᠭᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠤ ᠬᠠᠮᠳᠣ ᠮᠠᠯᠴᠢᠨ ᠲᠠᠷᠢᠶᠠᠴᠢᠨ ᠤ ᠲᠥᠷᠥ ᠶᠢᠨ ᠪᠤᠳᠣᠯᠭ᠎ᠠ ᠶᠢ ᠴᠠᠭ ᠳᠣᠬᠠᠢ ᠳᠤᠨᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠪᠡ᠃ ᠭᠤᠷᠪᠠ ᠳᠤ᠂ ᠡᠯ᠎ᠡ ᠰᠣᠮᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠣᠷᠴᠢᠭᠤᠯᠤᠭᠴᠢᠳ ᠢ ᠲᠤᠰ ᠪᠠᠶᠢᠭᠤᠯᠭ᠎ᠠ ᠶᠢᠨ ᠢᠶᠠᠨ ᠮᠠᠯᠵᠢᠬᠤ ᠳᠠᠷᠢᠶᠠᠯᠠᠬᠤ ᠤᠷᠤᠨ ᠲᠠᠢ ᠬᠤᠯᠪᠤᠭᠳᠠᠬᠤ᠂ ᠠᠷᠠᠳ ᠲᠥᠮᠡᠨ ᠤ ᠬᠤᠪᠢ ᠪᠡᠶ᠎ᠡ ᠶᠢᠨ ᠠᠰᠢᠭ ᠳᠣᠰᠠ ᠲᠠᠢ ᠬᠤᠯᠪᠤᠭᠳᠠᠬᠤ ᠴᠢᠬᠤᠯᠠ ᠪᠢᠴᠢᠭ ᠮᠠᠲ᠋ᠧᠷᠢᠶᠠᠯ ᠢ ᠮᠤᠩᠭᠤᠯ ᠬᠢᠳᠡᠳ ᠬᠤᠣᠰ ᠬᠡᠯᠡ ᠪᠠᠷ ᠦᠨᠳᠦᠰᠦᠨ ᠱᠠᠳᠣᠨ ᠳᠤ ᠬᠡᠪᠯᠡᠨ ᠳᠠᠷᠬᠠᠭᠠᠬᠤ ᠶᠢ ᠱᠠᠭᠠᠷᠳᠠᠪᠠ᠃ ᠲᠤᠰ ᠪᠠᠶᠢᠭᠤᠯᠭ᠎ᠠ ᠨᠢᠭᠡᠴᠡ ᠶᠢᠨ ᠳᠣᠬᠠᠶᠢᠯᠠᠭᠰᠠᠨ ᠠᠵᠢᠯ ᠤᠨ ᠬᠠᠣᠯᠢ ᠴᠠᠭᠠᠵᠠ ᠲᠠᠢ ᠬᠤᠯᠪᠤᠭᠳᠠᠭᠰᠠᠨ ᠲᠥᠷᠢᠮ ᠳᠣᠭᠲᠠᠭᠠᠯ ᠢ ᠮᠤᠩᠭᠤᠯ ᠬᠢᠳᠡᠳ ᠬᠤᠣᠰ ᠬᠡᠯᠡ ᠪᠠᠷ ᠨᠡᠶᠢᠳᠡᠯᠡᠬᠦ ᠶᠢ ᠱᠠᠭᠠᠷᠳᠠᠪᠠ᠃ ᠪᠠᠶᠢᠭᠤᠯᠭ᠎ᠠ ᠨᠢᠭᠡᠴᠡ ᠶᠢᠨ ᠴᠢᠬᠤᠯᠠ ᠬᠤᠷᠠᠯ᠂ ᠰᠢᠢᠳᠪᠦᠷᠢᠳᠣ ᠪᠤᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠮᠤᠩᠭᠤᠯ ᠬᠢᠳᠡᠳ ᠬᠤᠣᠰ ᠬᠡᠯᠡ ᠪᠠᠷ ᠲᠠᠷᠬᠠᠭᠠᠨ ᠶᠠᠪᠤᠭᠳᠠᠭᠤᠯᠬᠤ ᠶᠢᠨ ᠬᠠᠮᠳᠣ ᠣᠷᠴᠢᠭᠤᠯᠤᠭᠰᠠᠨ ᠪᠢᠴᠢᠭ ᠮᠠᠲ᠋ᠧᠷᠢᠶᠠᠯ ᠤᠨ ᠵᠥᠪ ᠣᠨᠣᠪᠴᠢᠲᠠᠢ ᠪᠠᠶᠢᠬᠤ ᠶᠢ ᠪᠠᠳᠣᠯᠠᠵᠤ᠂ ᠳᠠᠩᠰᠠ ᠡᠪᠭᠡᠮᠡᠯ ᠤᠨ ᠬᠠᠮᠢᠶᠠᠷᠣᠯᠳᠠ ᠶᠢᠨ ᠠᠵᠢᠯ ᠢ ᠰᠠᠶᠢᠳᠣᠷ ᠪᠡᠶᠡᠯᠡᠭᠦᠯᠪᠡ᠃ ᠨᠢᠭᠡ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠦᠬᠦ ᠬᠤᠰᠢᠭᠤᠨ ᠤ ᠣᠷᠴᠢᠭᠤᠯᠭ᠎ᠠ ᠶᠢᠨ ᠠᠵᠢᠯ ᠪᠠ ᠮᠤᠩᠭᠤᠯ ᠬᠢᠳᠡᠳ ᠬᠤᠣᠰ ᠬᠡᠯᠡ ᠶᠢ ᠵᠡᠷᠭᠡᠪᠡᠷ ᠬᠡᠷᠡᠭᠯᠡᠬᠦ ᠠᠵᠢᠯ ᠠᠬᠢᠯᠲᠠ ᠳᠠᠪᠰᠢᠯᠳᠡ ᠲᠠᠢ ᠪᠣᠯᠪᠠ᠃ ᠳᠥᠷᠪᠡ ᠳᠤ᠂ ᠪᠦᠬᠦ ᠬᠤᠰᠢᠭᠤᠨ ᠤ ᠨᠡᠶᠢᠭᠡᠮ ᠤᠨ ᠥᠩᠭᠡᠨ ᠬᠡᠷᠡᠭᠯᠡᠭᠡᠨ ᠳᠤ ᠮᠤᠩᠭᠤᠯ ᠬᠢᠳᠡᠳ ᠬᠤᠣᠰ ᠬᠡᠯᠡ ᠶᠢ ᠵᠡᠷᠭᠡᠪᠡᠷ ᠬᠡᠷᠡᠭᠯᠡᠬᠦ ᠠᠵᠢᠯ ᠢ ᠰᠠᠶᠢᠳᠣᠷ ᠠᠳᠬᠤᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ᠂ ᠬᠤᠰᠢᠭᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠥᠪ᠂ ᠨᠡᠭᠦᠳᠡᠯ ᠬᠤᠯᠪᠤᠭ᠎ᠠ᠂ ᠨᠢᠭᠡᠳᠦᠮᠠᠯ ᠬᠤᠯᠪᠤᠭ᠎ᠠ᠂ ᠴᠠᠬᠢᠯᠭᠠᠨ ᠬᠤᠯᠪᠤᠭ᠎ᠠ ᠵᠢᠴᠢ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ᠵᠡᠷᠭᠡ ᠦᠢᠯᠡᠴᠢᠯᠡᠭᠡᠨ ᠤ ᠭᠠᠵᠠᠷ ᠤᠨ ᠮᠤᠩᠭᠤᠯ ᠬᠢᠳᠡᠳ ᠬᠤᠣᠰ ᠬᠡᠯᠡ ᠶᠢ ᠵᠡᠷᠬᠡᠪᠡᠷ ᠬᠡᠷᠡᠭᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠬᠦ ᠶᠢᠨ ᠬᠠᠮᠳᠣ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠦᠭᠡᠷᠡᠴᠢᠯᠡᠪᠡ᠃ ᠵᠠᠮ ᠤᠨ ᠬᠠᠵᠠᠭᠤ ᠎ ᠳᠠᠬᠢ 87 ᠭᠡᠰᠡᠭ ᠵᠠᠷ ᠮᠡᠳᠡᠭᠡᠨ ᠤ ᠫᠠᠶᠢᠰᠠ ᠢᠯᠡᠷᠭᠡᠶᠢᠯᠡᠯ ᠢ ᠴᠡᠭᠴᠡᠯᠡᠨ ᠦᠭᠡᠷᠡᠴᠢᠯᠡᠭᠰᠡᠨ ᠪᠦᠭᠡᠳ ᠠᠰᠠᠭᠤᠳᠠᠯ ᠣᠷᠣᠰᠢᠵᠤ ᠪᠠᠶᠢᠭ᠎ᠠ 281 ᠭᠡᠰᠡᠭ ᠫᠠᠶᠢᠰᠠ ᠢᠯᠡᠷᠭᠡᠶᠢᠯᠡᠯ ᠢ ᠰᠢᠨ᠎ᠡ ᠪᠠᠷ ᠴᠡᠭᠴᠡᠯᠡᠨ ᠥᠭᠡᠷᠡᠴᠢᠯᠡᠪᠡ᠃ 308 ᠣᠯᠣᠰ ᠤᠨ ᠵᠠᠮ ᠤᠨ ᠬᠠᠵᠠᠭᠤ ᠳᠠᠬᠢ ᠬᠢᠷᠢ ᠲᠡᠩᠴᠡᠬᠦ ᠦᠭᠡᠢ ᠫᠠᠶᠢᠰᠠ ᠢᠯᠡᠷᠭᠡᠶᠢᠯᠡᠯ ᠢ ᠪᠦᠬᠦᠨ ᠢ ᠪᠠᠭᠤᠯᠭᠠᠨ ᠴᠡᠭᠴᠡᠯᠡᠵᠦ᠂ 21 ᠭᠡᠰᠡᠭ ᠫᠠᠶᠢᠰᠠ ᠢᠯᠡᠷᠭᠡᠶᠢᠯᠡᠯ ᠢ ᠰᠢᠨ᠎ᠡ ᠪᠠᠷ ᠬᠢᠯᠭᠡᠵᠦ ᠬᠡᠷᠡᠭᠯᠡᠪᠡ᠃ G207 ᠱᠣᠭᠤᠮ ᠪᠠ S27 ᠰᠢᠯᠢ ᠶᠢᠨ ᠬᠤᠳᠠ ᠎ ᠠᠴᠠ ᠴᠢᠭᠤᠯᠤᠯᠳᠣ ᠬᠠᠭᠠᠯᠭ᠎ᠠ ᠬᠦᠷᠬᠦ ᠲᠦᠷᠭᠡᠨ ᠤ ᠵᠠᠮ ᠤᠨ ᠬᠠᠵᠠᠭᠤ ᠳᠠᠬᠢ 58 ᠫᠠᠶᠢᠰᠠ ᠢᠯᠡᠷᠭᠡᠶᠢᠯᠡᠯ ᠢ ᠪᠦᠬᠦᠨ ᠢ ᠴᠡᠭᠴᠡᠯᠡᠨ ᠥᠭᠡᠷᠡᠴᠢᠯᠡᠵᠦ᠂ ᠵᠠᠮ ᠤᠨ ᠬᠠᠵᠠᠭᠤ ᠳᠠᠬᠢ ᠬᠢᠷᠢ ᠲᠡᠩᠴᠡᠬᠦ ᠦᠭᠡᠢ ᠫᠠᠶᠢᠰᠠ ᠢᠯᠡᠷᠭᠡᠶᠢᠯᠡᠯ ᠢ 64 ᠬᠡᠰᠡᠭ ᠰᠣᠯᠢᠵᠦ᠂ ᠵᠠᠮ ᠳᠠᠭᠠᠣ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠫᠠᠶᠢᠰᠠ ᠢᠯᠡᠷᠭᠡᠶᠢᠯᠡᠯ ᠢ ᠪᠦᠬᠦᠨ ᠢ ᠴᠡᠭᠴᠡᠯᠡᠨ ᠦᠭᠡᠷᠡᠴᠢᠯᠡᠪᠡ᠃ ᠡᠭᠦᠨ ᠠᠴᠠ ᠭᠠᠳᠠᠨ᠎ᠠ᠂ ᠴᠠᠬᠠᠷ ᠠᠶᠢᠮᠠᠭ ᠤᠨ ᠨᠢᠭᠡᠳᠦᠭᠡᠷ ᠨᠠᠮ ᠤᠨ ᠡᠭᠦᠷ ᠤᠨ ᠳᠣᠷᠠᠰᠬᠠᠯ ᠤᠨ ᠣᠷᠳᠣᠨ ᠤ 126 ᠬᠡᠰᠡᠭ ᠳᠠᠨᠢᠯᠴᠠᠭᠤᠯᠭ᠎ᠠ ᠶᠢᠨ ᠣᠷᠴᠢᠭᠤᠯᠭ᠎ᠠ ᠶᠢᠨ ᠠᠵᠢᠯ ᠢ ᠭᠦᠢᠴᠡᠳᠭᠡᠪᠡ᠃ ᠨᠡᠶᠢᠭᠡᠮ ᠤᠨ ᠥᠩᠭᠡᠨ ᠬᠡᠷᠡᠭᠯᠡᠭᠡᠨ ᠤ ᠫᠠᠶᠢᠰᠠ ᠢᠯᠡᠷᠭᠡᠶᠢᠯᠡᠯ ᠢ 39 ᠤᠳᠠᠭ᠎ᠠ ᠴᠡᠭᠴᠡᠯᠡᠨ ᠥᠭᠡᠷᠡᠴᠢᠯᠡᠵᠦ᠂ ᠨᠡᠶᠢᠭᠡᠮ ᠳᠣᠭᠤᠷᠢᠭ ᠲᠤ ᠬᠦᠨᠵᠡᠭᠡᠶᠢᠷᠡᠨ 6000 ᠭᠠᠷᠣᠢ ᠣᠬᠠᠭᠤᠯᠭ᠎ᠠ ᠶᠢᠨ ᠬᠠᠭᠤᠳᠠᠰᠣ ᠲᠠᠷᠬᠠᠭᠠᠨ᠂ 788 ᠫᠠᠶᠢᠰᠠ ᠢᠯᠡᠷᠭᠡᠶᠢᠯᠡᠯ ᠢ ᠣᠷᠴᠢᠭᠤᠯᠪᠠ᠃ ᠡᠭᠦᠨ ᠳᠤ ᠬᠠᠭᠤᠴᠢᠨ ᠫᠠᠶᠢᠰᠠ ᠢᠯᠡᠷᠭᠡᠶᠢᠯᠡᠯ 232᠂ ᠵᠠᠷ ᠮᠡᠳᠡᠭᠡᠨ ᠤ ᠫᠠᠶᠢᠰᠠ ᠢᠯᠡᠷᠭᠡᠶᠢᠯᠡᠯ 556 ᠭᠡᠰᠡᠭ ᠢ ᠰᠢᠨᠡᠳᠬᠡᠪᠡ             ︵ᠭᠤᠷᠪᠠ︶ 004 ᠳ᠋ᠦ᠋ᠭᠡᠷ ᠰᠠᠨᠠᠯ ᠳᠣᠷᠠᠳᠣᠯᠭ᠎ᠠ ᠳᠤ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠳᠦᠬᠦᠭᠡᠷᠦᠮᠵᠢ ᠶᠢ ᠴᠢᠩᠭᠠᠳᠬᠠᠬᠤ ᠳᠣᠬᠠᠢ ᠰᠠᠨᠠᠯ ᠳᠣᠷᠠᠳᠣᠭᠰᠠᠨ ᠪᠠᠶᠢᠨ᠎ᠠ᠃ ᠡᠭᠦᠨ ᠳᠤ ᠴᠢᠭᠯᠡᠭᠦᠯᠦᠨ ᠮᠠᠨ ᠤ ᠬᠤᠰᠢᠭᠤ ᠰᠠᠶᠢᠨᠬᠤᠳᠳᠤᠭ ᠰᠣᠮᠣ᠂ ᠰᠠᠩ ᠤᠨ ᠳᠠᠯᠠᠢ ᠪᠠᠯᠭᠠᠰᠣ᠂ ᠪᠣᠱᠣᠣᠳᠠᠢ ᠰᠣᠮᠣ᠂ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ ᠵᠡᠷᠭᠡ 4 ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ 13 ᠡᠷᠡᠭᠦᠯ ᠬᠠᠮᠠᠭᠠᠯᠠᠯ ᠤᠨ ᠬᠤᠷᠢᠶᠠᠨ ᠤ ᠪᠡᠶᠢᠷᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ︽ᠠᠷᠪᠠᠨ ᠭᠤᠷᠪᠠᠳᠣᠭᠠᠷ ᠲᠠᠪᠤᠨ ᠵᠢᠯ︾᠎ ᠤᠨ ᠲᠥᠯᠥᠪᠵᠢᠭᠦᠯᠭᠡ ᠎ ᠳᠤ ᠣᠷᠣᠭᠤᠯᠤᠨ᠂ ᠪᠦᠳᠦᠭᠡᠨ ᠪᠠᠶᠢᠭᠤᠯᠤᠯᠳᠠ ᠶᠢᠨ ᠲᠠᠯᠠᠪᠠᠢ ᠨᠢ 500 ᠳᠡᠭᠰᠢ ᠳᠥᠷᠪᠡᠯᠵᠢᠨ ᠮᠧᠲᠷ ᠲᠤ ᠬᠦᠷᠴᠦ᠂ 150 ᠲᠥᠮᠡᠨ ᠲᠦᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠰᠠᠶᠢᠨᠬᠤᠳᠳᠤᠭ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ 4 ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠨᠢᠭᠡᠨᠳᠡ ᠡᠷᠡᠮᠡᠯᠵᠡᠯᠡᠵᠦ᠂ ᠣᠳᠣ ᠲᠥᠷᠥᠯ ᠵᠦᠢᠯ ᠳᠣᠭᠳᠠᠭᠠᠬᠤ᠂ ᠭᠠᠵᠠᠷ ᠰᠢᠷᠣᠢ ᠶᠢᠨ ᠭᠠᠷ ᠭᠦᠢᠴᠡᠳᠬᠡᠯ ᠬᠢᠬᠦ ᠵᠡᠷᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠪᠡᠯᠡᠳᠬᠡᠯ ᠠᠵᠢᠯ ᠢ ᠳᠠᠭᠤᠰᠬᠠᠨ᠂ 2019 ᠣᠨ ᠳᠤ ᠪᠠᠷᠢᠯᠭ᠎ᠠ ᠳᠠᠭᠤᠰᠬᠠᠬᠤ ᠪᠣᠯᠣᠮᠵᠢᠲᠠᠢ᠃ ᠡᠭᠦᠨ ᠤ ᠬᠠᠮᠳᠣ᠂ 2017 ᠣᠨ ᠳᠤ ᠬᠤᠰᠢᠭᠤ ᠵᠠᠰᠠᠭ ᠤᠨ ᠣᠷᠳᠣᠨ ᠠᠴᠠ ᠰᠠᠶᠢᠨᠬᠤᠳᠳᠤᠭ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠵᠢᠷᠦᠭᠡᠨ ᠤ ᠪᠢᠴᠢᠯᠭᠡ ᠪᠠᠶᠢᠴᠠᠭᠠᠬᠤ ᠮᠠᠰᠢᠨ᠂ B ᠬᠡᠲᠦ ᠳᠣᠯᠬᠢᠶᠠᠨ ᠤ ᠮᠠᠰᠢᠨ᠂ ᠬᠠᠭᠠᠰ ᠠᠦ᠋ᠲ᠋ᠤᠴᠢᠯᠠᠭᠰᠠᠨ ᠪᠢᠣᠬᠢᠮᠢ ᠶᠢᠨ ᠮᠠᠰᠢᠨ᠂ ᠰᠢᠭᠡᠰᠦ ᠪᠠᠶᠢᠴᠠᠭᠠᠬᠤ ᠮᠠᠰᠢᠨ᠂ ᠴᠢᠰᠦᠨ ᠤ ᠡᠰ ᠪᠠᠶᠢᠴᠠᠭᠠᠬᠤ ᠮᠠᠰᠢᠨ ᠵᠡᠷᠭᠡ ᠡᠮᠴᠢᠯᠡᠭᠡᠨ ᠤ ᠳᠥᠬᠦᠭᠡᠷᠦᠮᠵᠢ ᠬᠠᠩᠭᠠᠨ᠂ ᠦᠨᠳᠦᠰᠦᠨ ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠦᠬᠦᠴᠡᠯ ᠢ ᠰᠠᠶᠢᠵᠢᠷᠠᠭᠤᠯᠪᠠ᠃             ︵ᠲᠥᠷᠪᠡ︶ 015 ᠳ᠋ᠣᠭᠠᠷ ᠰᠠᠨᠠᠯ ᠳᠣᠷᠠᠳᠣᠯᠭ᠎ᠠ ᠳᠤ ᠬᠠᠪᠢᠷᠭ᠎ᠠ ᠪᠠᠯᠭᠠᠰᠣᠨ ᠤ ᠲᠥᠭᠡᠭᠡᠯ ᠣᠰᠣᠨ ᠤ ᠬᠠᠩᠭᠠᠯᠭ᠎ᠠ ᠶᠢᠨ ᠠᠰᠠᠭᠤᠳᠠᠯ ᠪᠠ ᠵᠠᠷᠢᠮ ᠳᠣᠰᠬᠤᠨ ᠤ ᠬᠦᠮᠦᠨ ᠮᠠᠯ ᠤᠨ ᠤᠤᠭᠤᠬᠤ ᠤᠰᠤᠨ ᠤ ᠠᠮᠦᠷ ᠲᠥᠪᠰᠢᠨ ᠤ ᠠᠰᠠᠭᠤᠳᠠᠯ ᠤᠨ ᠳᠣᠬᠠᠢ ᠳᠣᠷᠠᠳᠪᠠ᠃ ᠡᠭᠦᠨ ᠳᠤ ᠴᠢᠭᠯᠡᠭᠦᠯᠦᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠵᠤᠬᠢᠶᠠᠨ ᠪᠠᠶᠢᠭᠤᠯᠤᠨ᠂ ᠲᠤᠰ ᠪᠠᠯᠭᠠᠰᠣᠨ ᠤ ᠦᠢᠯᠡᠳᠪᠦᠷᠢᠯᠡᠯ ᠪᠠ ᠠᠮᠢᠳᠣᠷᠠᠯ ᠳᠤ ᠬᠡᠷᠡᠭᠰᠡᠬᠦ ᠣᠰᠣᠨ ᠤ ᠬᠤᠭᠤᠷᠤᠨᠳᠣᠬᠢ ᠵᠦᠷᠢᠴᠡᠯ ᠢ ᠰᠢᠢᠳᠪᠦᠷᠢᠯᠡᠬᠦ᠂ ᠤᠤᠭᠤᠬᠤ ᠤᠰᠤᠨ ᠤ ᠠᠮᠤᠷ ᠲᠥᠪᠰᠢᠨ ᠤ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠡᠳᠦᠪ ᠪᠤᠯᠭᠠᠨ ᠰᠠᠭᠤᠳᠠᠯ ᠤᠨ ᠬᠤᠷᠠᠯ ᠬᠤᠷᠠᠯᠳᠣᠭᠤᠯᠵᠤ᠂ ᠠᠷᠠᠳ ᠤᠨ ᠲᠥᠯᠥᠭᠡᠯᠡᠭᠴᠢ ᠪᠠ ᠳᠣᠰᠬᠤᠨ ᠤ ᠠᠷᠠᠳ᠂ ᠰᠠᠭᠤᠭᠠᠯᠢ ᠠᠷᠠᠳ ᠤᠨ ᠲᠥᠯᠥᠭᠡᠯᠡᠭᠴᠢ ᠵᠡᠷᠭᠡ 80 ᠭᠠᠷᠣᠢ ᠬᠦᠮᠦᠨ ᠲᠠᠢ ᠠᠭᠤᠯᠵᠠᠨ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠬᠦᠴᠢᠷᠳᠡᠯ ᠲᠠᠢ ᠵᠦᠢᠯ ᠢ ᠲᠠᠶᠢᠯᠪᠤᠷᠢᠯᠡᠨ ᠥᠭᠭᠦᠭᠰᠡᠨ ᠪᠠᠶᠢᠨ᠎ᠠ᠃ ᠣᠳᠣ ᠪᠣᠯᠬᠤ ᠳᠤ᠂ ᠬᠠᠪᠢᠷᠭ᠎ᠠ ᠪᠠᠯᠭᠠᠰᠣᠨ ᠲᠥᠪ ᠵᠢᠴᠢ ᠲᠡᠭᠦᠨ ᠤ ᠣᠶᠢᠷ᠎ᠠ ᠬᠠᠪᠢ ᠶᠢᠨ ᠳᠣᠰᠬᠤᠨ ᠳᠤ ᠲᠥᠭᠡᠭᠡᠯ ᠤᠰᠤ ᠬᠠᠩᠭᠠᠬᠤ ᠬᠤᠳᠳᠤᠭ ᠮᠠᠯᠲᠠᠬᠤ ᠠᠵᠢᠯ ᠨᠢᠭᠡᠨᠳᠡ ᠳᠠᠭᠤᠰᠴᠤ᠂ ᠤᠰᠤᠨ ᠬᠤᠭᠤᠯᠠᠢ ᠶᠢ ᠤᠭᠰᠠᠷᠠᠵᠤ᠂ ᠳ᠋ᠠᠨ ᠶᠢᠨ ᠳᠣᠰᠬᠤᠨ ᠳᠤ ᠲᠥᠭᠡᠭᠡᠯ ᠤᠰᠤ ᠬᠠᠩᠭᠠᠬᠤ ᠠᠵᠢᠯ ᠢ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠣᠰᠣᠨ ᠤ ᠠᠮᠤᠷ ᠲᠥᠪᠰᠢᠨ ᠢ ᠪᠠᠳᠣᠯᠠᠨ ᠰᠠᠶᠢᠵᠢᠷᠠᠭᠤᠯᠬᠤ ᠢᠨᠵᠧᠨᠧᠷᠢᠩ ᠳᠤ ᠣᠷᠣᠭᠤᠯᠤᠨ᠂ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠳᠠᠭᠤᠰᠬᠠᠭᠰᠠᠨ ᠪᠠᠶᠢᠨ᠎ᠠ᠃             ︵ᠲᠠᠪᠤ︶ 020 ᠳ᠋ᠣᠭᠠᠷ ᠰᠠᠨᠠᠯ ᠳᠣᠷᠠᠳᠣᠯᠭ᠎ᠠ ᠳᠤ ᠬᠤᠷᠰᠢᠭᠰᠠᠨ ᠡᠮᠨᠡᠯᠭᠡ ᠶᠢᠨ ᠲᠠᠯ᠎ᠠ ᠪᠠᠷ ᠬᠢ ᠤᠬᠠᠭᠤᠯᠭ᠎ᠠ ᠶᠢ ᠴᠢᠩᠭᠠᠳᠬᠠᠬᠤ ᠳᠣᠬᠠᠢ ᠳᠣᠷᠠᠳᠪᠠ᠃ ᠡᠭᠦᠨ ᠳᠤ ᠴᠢᠭᠯᠡᠭᠦᠯᠦᠨ᠂ ᠨᠢᠭᠡ ᠳᠤ᠂ ᠨᠡᠶᠢᠭᠡᠮ ᠤᠨ ᠳᠠᠭᠠᠳᠬᠠᠯ ᠤᠨ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠣᠯᠠᠨ ᠵᠦᠢᠯ ᠤᠨ ᠠᠷᠭ᠎ᠠ ᠠᠪᠴᠤ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠤᠳᠣᠯᠭ᠎ᠠ ᠶᠢ ᠢᠳᠡᠪᠬᠢᠲᠠᠢ ᠤᠬᠠᠭᠤᠯᠤᠨ᠂ 3 ᠰᠠᠷ᠎ᠠ ᠶᠢᠨ 9᠎ ᠤ ᠡᠳᠦᠷ ᠤᠷᠢᠶᠠᠯᠠᠭ᠎ᠠ ᠭᠠᠷᠭᠠᠬᠤ᠂ ᠤᠬᠠᠭᠤᠯᠭ᠎ᠠ ᠶᠢᠨ ᠬᠠᠭᠤᠳᠠᠰᠣ ︵ᠳᠡᠪᠲᠡᠷ︶ ᠳᠠᠷᠬᠠᠭᠠᠬᠤ᠂ ᠲᠣᠣᠷ ᠰᠦᠯᠵᠢᠶ᠎ᠡ᠂ ᠵᠠᠭᠤᠴᠢᠯᠠᠭᠤᠷ ᠢᠶᠠᠷ ᠳᠠᠮᠵᠢᠭᠤᠯᠤᠨ ᠲᠥᠷᠥ ᠶᠢᠨ ᠪᠤᠳᠣᠯᠭ᠎ᠠ ᠶᠢ ︽ᠲᠠᠪᠤ ᠳᠤ ᠤᠬᠠᠭᠤᠯᠤᠨ ᠬᠦᠨᠵᠡᠭᠡᠶᠢᠷᠡᠭᠦᠯᠬᠦ︾ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠨ ᠬᠢᠵᠦ᠂ ᠳᠠᠭᠠᠳᠬᠠᠯ ᠤᠨ ᠰᠦᠢᠳᠬᠡᠯ ᠢ ᠬᠡᠷᠬᠢᠨ ᠳᠣᠰᠢᠶᠠᠬᠤ᠂ ᠬᠠᠷᠢ ᠨᠤᠳᠤᠭ ᠲᠤ ᠡᠮᠴᠢᠯᠡᠭᠦᠯᠦᠭᠰᠡᠨ ᠰᠦᠢᠳᠬᠡᠯ ᠢ ᠬᠡᠷᠬᠢᠨ ᠴᠠᠶᠢᠷᠠᠭᠤᠯᠬᠤ᠂ ᠡᠮᠨᠡᠯᠭᠡ ᠰᠢᠯᠵᠢᠬᠦ᠂ ᠬᠠᠷᠠᠭᠠᠯᠵᠠᠯ ᠬᠦᠷᠲᠡᠬᠦ ᠵᠡᠷᠭᠡ ᠬᠠᠯᠠᠮᠰᠢᠯ ᠠᠰᠠᠭᠤᠳᠠᠯ ᠳᠤ ᠨᠠᠷᠢᠨ ᠳᠠᠶᠢᠯᠪᠤᠷᠢᠯᠠᠯᠳᠠ ᠬᠢᠵᠦ᠂ 7000 ᠭᠠᠷᠤᠢ ᠤᠬᠠᠭᠤᠯᠭ᠎ᠠ ᠶᠢᠨ ᠬᠠᠭᠤᠳᠠᠰᠣ ᠳᠠᠷᠬᠠᠭᠠᠪᠠ᠃ 6 ᠰᠠᠷ᠎ᠠ ᠶᠢᠨ 28᠎ ᠤ ᠡᠳᠦᠷ᠂ ᠣᠷᠳᠣ ᠭᠠᠴᠠᠭ᠎ᠠ ᠳᠤ ᠬᠦᠨᠵᠡᠭᠡᠶᠢᠷᠡᠨ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠤᠳᠣᠯᠭ᠎ᠠ ᠶᠢ ᠤᠬᠠᠭᠤᠯᠬᠤ ᠠᠵᠢᠯᠯᠠᠭ᠎ᠠ ᠥᠷᠨᠢᠭᠦᠯᠦᠨ᠂ ᠬᠦᠮᠦᠨ ᠣᠯᠠᠨ ᠲᠠᠢ ᠨᠡᠶᠢᠭᠡᠮ ᠳᠣᠭᠤᠷᠢᠭ ᠢᠶᠠᠷ ᠬᠦᠷᠴᠦ᠂ ᠨᠠᠰᠣᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠤᠨ ᠳᠣᠬᠠᠢ ᠲᠠᠢ ᠲᠥᠷᠥ ᠶᠢᠨ ᠪᠤᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠣ ︵ᠳᠡᠪᠲᠡᠷ︶᠎ ᠶᠢ 300 ᠭᠠᠷᠤᠢ ᠬᠤᠪᠢ ᠳᠠᠷᠬᠠᠭᠠᠪᠠ᠃ 12 ᠰᠠᠷ᠎ᠠ ᠶᠢᠨ 4᠎ ᠤ ᠡᠳᠦᠷ᠂ ᠳᠣᠰᠬᠠᠢ ᠠᠵᠢᠯᠳᠠᠨ ᠵᠤᠬᠢᠶᠠᠨ ᠪᠠᠶᠢᠭᠤᠯᠤᠨ᠂ ᠣᠪᠣᠭ᠎ᠠ ᠰᠢᠷᠡᠭᠡ ᠴᠡᠴᠡᠷᠯᠢᠭ ᠲᠤ ᠬᠠᠣᠯᠢ ᠲᠥᠷᠢᠮ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠳᠠᠭᠠᠳᠬᠠᠯ ᠤᠨ ᠠᠵᠢᠯ ᠤᠨ ᠪᠤᠳᠠᠳᠠᠢ ᠪᠠᠶᠢᠳᠠᠯ ᠲᠠᠢ ᠤᠶᠠᠯᠳᠣᠭᠤᠯᠤᠨ᠂ ︽ᠳᠠᠭᠠᠳᠬᠠᠯ ᠣᠷᠣᠯᠠᠨ ᠠᠪᠬᠤ᠂ ᠮᠡᠬᠡᠯᠡᠨ ᠠᠪᠬᠤ ᠪᠣᠯ ᠬᠠᠣᠯᠢ ᠵᠦᠷᠢᠴᠡᠭᠰᠡᠨ ᠠᠵᠢᠯᠯᠠᠭ᠎ᠠ︾᠂ ︽ᠬᠤᠳᠠ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠤᠳᠣᠯᠭ᠎ᠠ ︵ᠲᠤᠪᠴᠢ︶︾ ᠵᠡᠷᠭᠡ ᠬᠠᠣᠯᠢ ᠴᠠᠭᠠᠵᠠ ᠶᠢᠨ ᠤᠬᠠᠭᠤᠯᠭ᠎ᠠ ᠬᠢᠭᠰᠡᠨ ᠪᠦᠭᠡᠳ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠣ ᠶᠢ 120 ᠭᠠᠷᠤᠢ ᠬᠤᠪᠢ ᠳᠠᠷᠬᠠᠭᠠᠵᠤ᠂ ᠣᠯᠠᠨ ᠲᠥᠮᠡᠨ ᠤ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠬᠢ ᠦᠵᠡᠯᠳᠡ ᠳᠠᠨᠢᠯᠲᠠ ᠶᠢ ᠳᠡᠭᠡᠭᠰᠢᠯᠡᠭᠦᠯᠬᠦ ᠳᠤ ᠢᠳᠡᠪᠬᠢ ᠦᠢᠯᠡᠳᠦᠯ ᠦᠵᠡᠭᠦᠯᠪᠡ᠃ ᠬᠤᠶᠠᠷ ᠲᠤ᠂ ᠬᠤᠳᠠ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠢᠮ ᠢ ᠨᠢᠭᠡᠳᠬᠡᠬᠦ ᠠᠵᠢᠯ ᠢ ᠰᠠᠶᠢᠨ ᠬᠢᠪᠡ᠃ 2018 ᠣᠨ ᠤ 6 ᠰᠠᠷ᠎ᠠ ᠳᠤ ᠠᠶᠢᠮᠠᠭ ᠤᠨ ᠵᠠᠬᠢᠷᠭᠠᠨ ᠤ ᠠᠯᠪᠠᠨ ᠭᠡᠷ ᠠᠴᠠ ︽ᠰᠢᠯᠢ ᠶᠢᠨ ᠭᠤᠣᠯ ᠠᠶᠢᠮᠠᠭ ᠤᠨ ᠬᠤᠳᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠶᠢᠮᠠᠭ ᠠᠴᠠ ᠨᠢᠭᠡᠳᠦᠯᠳᠡᠢ ᠲᠥᠯᠥᠪᠵᠢᠭᠦᠯᠬᠦ ᠲᠥᠷᠢᠮ︾᠂ ︽ᠰᠢᠯᠢ ᠶᠢᠨ ᠭᠤᠣᠯ ᠠᠶᠢᠮᠠᠭ ᠤᠨ ᠬᠤᠳᠠ ᠬᠦᠳᠡᠭᠡᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠬᠡᠷᠡᠭᠵᠢᠭᠦᠯᠬᠦ ᠠᠷᠭ᠎ᠠ︾᠂ ︽ᠰᠢᠯᠢ ᠶᠢᠨ ᠭᠤᠣᠯ ᠠᠶᠢᠮᠠᠭ ᠤᠨ ᠬᠤᠳᠠ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠮᠢᠶᠠᠷᠣᠯᠳᠠ ᠶᠢᠨ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠪᠠᠭᠤᠯᠭᠠᠵᠤ᠂ ᠬᠤᠳᠠ ᠬᠦᠳᠡᠭᠡᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠪᠥᠷᠬᠦᠴᠡ ᠶᠢᠨ ᠬᠡᠪᠴᠢᠶ᠎ᠡ ᠂ ᠪᠡᠯᠡ ᠮᠦᠩᠬᠦ ᠬᠤᠷᠠᠮᠳᠣᠭᠤᠯᠬᠤ ᠲᠥᠷᠥ ᠶᠢᠨ ᠪᠤᠳᠣᠯᠭ᠎ᠠ᠂ ᠬᠠᠮᠢᠶ᠎ᠠ ᠪᠦᠬᠦᠢ ᠬᠠᠷᠠᠭᠠᠯᠵᠠᠯ᠂ ᠡᠮᠨᠡᠯᠭᠡ ᠶᠢᠨ ᠳᠠᠭᠠᠳᠬᠠᠯ ᠤᠨ ᠨᠡᠷᠡᠰ ᠤᠨ ᠵᠢᠭᠰᠠᠭᠠᠯ᠂ ᠳᠣᠭᠳᠠᠭᠰᠠᠨ ᠭᠠᠵᠠᠷ ᠤᠨ ᠬᠠᠮᠢᠶᠠᠷᠣᠯᠳᠠ᠂ ᠰᠠᠭᠤᠷᠢ ᠮᠦᠩᠭᠦᠨ ᠤ ᠬᠠᠮᠢᠶᠠᠷᠣᠯᠳᠠ ᠵᠡᠷᠭᠡ ︽ᠵᠢᠷᠭᠤᠭ᠎ᠠ ᠶᠢ ᠨᠢᠭᠡᠳᠬᠡᠬᠦ︾ ᠠᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠠᠴᠠ ᠬᠤᠳᠠ ᠬᠦᠳᠡᠭᠡᠨ ᠤ ᠰᠠᠭᠤᠭᠠᠯᠢ ᠠᠷᠠᠳ ᠤᠨ ᠭᠤᠷᠪᠠᠳᠣᠭᠠᠷ ᠲᠡᠰ᠂ ᠬᠤᠶᠠᠳᠣᠭᠠᠷ ᠲᠡᠰ᠂ ᠨᠢᠭᠡᠳᠦᠭᠡᠷ ᠲᠡᠰ ᠤᠨ ᠳᠣᠭᠳᠠᠭᠰᠠᠨ ᠡᠮᠨᠡᠯᠭᠡ ᠶᠢᠨ ᠪᠠᠶᠢᠭᠤᠯᠤᠮᠵᠢ ᠳᠤ ᠳᠠᠩᠰᠠ ᠴᠠᠶᠢᠷᠠᠭᠤᠯᠬᠤ ᠨᠤᠷᠮ᠎ᠠ 75%᠂ 80% ᠪᠠ 90% ᠪᠣᠯᠣᠨ ᠳᠡᠭᠡᠭᠰᠢᠯᠡᠪᠡ᠃ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦᠨ ᠤ ᠵᠢᠯ ᠤᠨ ᠲᠥᠯᠥᠬᠦ ᠮᠦᠩᠬᠦ ᠨᠢ ᠬᠠᠮᠤᠭ ᠶᠡᠭᠡ ᠳᠡᠭᠡᠨ 16 ᠲᠥᠮᠡᠨ ᠲᠦᠭᠦᠷᠢᠭ ᠲᠤ ᠬᠦᠷᠪᠡ᠃ ᠡᠭᠦᠳᠡᠨ ᠡᠮᠨᠡᠯᠭᠡ ᠠᠴᠠ ᠳᠠᠩᠰᠠ ᠴᠠᠶᠢᠷᠠᠭᠤᠯᠵᠤ ᠪᠣᠯᠬᠤ ᠣᠨᠴᠠᠭᠠᠢ ᠡᠪᠡᠳᠴᠢᠨ᠂ ᠣᠳᠠᠭᠠᠨ ᠴᠢᠨᠠᠷᠳᠠᠢ ᠡᠪᠡᠳᠴᠢᠨ ᠤ ᠲᠥᠷᠥᠯ ᠵᠦᠢᠯ ᠨᠢ 20᠎ ᠳᠤ ᠬᠦᠷᠴᠦ᠂ ᠳᠣᠬᠠᠢ ᠶᠢᠨ ᠭᠠᠵᠠᠷ ᠤᠨ ᠪᠠᠶᠢᠩᠭᠤ ᠶᠢᠨ ᠳᠣᠬᠢᠶᠠᠯᠳᠣᠬᠤ ᠡᠪᠡᠳᠴᠢᠨ ᠪᠠ ᠦᠷᠭᠦᠯᠵᠢ ᠳᠣᠬᠢᠶᠠᠯᠳᠣᠬᠤ ᠡᠪᠡᠳᠴᠢᠨ ᠤ ᠵᠦᠢᠯ ᠢ ᠦᠨᠳᠦᠰᠦᠨ ᠳᠡᠭᠡᠨ ᠪᠦᠬᠦᠨ ᠢ ᠬᠠᠮᠤᠷᠪᠠ᠃             ︵ᠵᠢᠷᠭᠤᠭ᠎ᠠ︶ 051 ᠳ᠋ᠦ᠋ᠭᠡᠷ ᠰᠠᠨᠠᠯ ᠳᠣᠷᠠᠳᠣᠯᠭ᠎ᠠ ᠳᠤ ᠱᠠᠩᠳᠣ ᠪᠠᠯᠭᠠᠰᠣᠨ ᠤ ᠤᠤᠭᠤᠬᠤ ᠤᠰᠤᠨ ᠤ ᠡᠬᠢ ᠰᠣᠷᠪᠤᠯᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠤᠭᠤᠬᠤ ᠤᠰᠤᠨ ᠤ ᠠᠮᠤᠷ ᠲᠥᠪᠰᠢᠨ ᠢ ᠪᠠᠳᠣᠯᠠᠬᠤ ᠰᠠᠨᠠᠯ ᠳᠣᠷᠠᠳᠪᠠ᠃ 061 ᠳ᠋ᠦ᠋ᠭᠡᠷ ᠰᠠᠨᠠᠯ ᠳᠣᠷᠠᠳᠣᠯᠭ᠎ᠠ ᠳᠤ ᠱᠠᠩᠳᠣ ᠪᠠᠯᠭᠠᠰᠣᠨ ᠤ ᠤᠤᠭᠤᠬᠤ ᠤᠰᠤᠨ ᠤ ᠠᠮᠤᠷ ᠲᠥᠪᠰᠢᠨ ᠢ ᠴᠢᠩᠭᠠᠳᠬᠠᠬᠤ ᠳᠣᠬᠠᠢ ᠰᠠᠨᠠᠯ ᠳᠣᠷᠠᠳᠪᠠ᠃ ᠡᠳᠡᠭᠡᠷ ᠲᠤ ᠴᠢᠭᠯᠡᠭᠦᠯᠦᠨ ᠤᠰᠤ ᠬᠠᠩᠭᠠᠬᠤ ᠺᠤᠮᠫᠠᠨᠢ ᠳᠤ ᠤᠰᠤᠨ ᠤ ᠶᠠᠰᠣ ᠴᠢᠨᠠᠷ ᠢ ᠰᠢᠯᠭᠠᠨ ᠪᠠᠶᠢᠴᠠᠭᠠᠬᠤ ᠳᠠᠰᠤᠭ ᠦᠭᠡᠢ ᠪᠤᠯᠪᠠᠴᠣ ᠱᠠᠩᠳᠣ ᠪᠠᠯᠭᠠᠰᠣ᠂ ᠰᠠᠩ ᠤᠨ ᠳᠠᠯᠠᠢ ᠪᠠᠯᠭᠠᠰᠣᠨ ᠤ ᠰᠠᠭᠤᠭᠠᠯᠢ ᠠᠷᠠᠳ ᠤᠨ ᠣᠣᠭᠤᠬᠤ ᠣᠰᠣᠨ ᠤ ᠠᠮᠤᠷ ᠲᠦᠪᠰᠢᠨ ᠢ ᠪᠠᠳᠣᠯᠠᠬᠤ ᠶᠢᠨ ᠲᠥᠯᠥᠭᠡ᠂ ᠰᠠᠷ᠎ᠠ ᠪᠦᠷᠢ ᠰᠢᠯᠢ ᠶᠢᠨ ᠬᠤᠳᠠ ᠎ ᠶᠢᠨ ᠵᠢᠩ ᠶᠤᠸᠠᠨ ᠣᠰᠣᠨ ᠤ ᠶᠠᠰᠣ ᠴᠢᠨᠠᠷ ᠢ ᠰᠢᠯᠭᠠᠨ ᠪᠠᠶᠢᠴᠠᠭᠠᠬᠤ ᠬᠢᠵᠠᠭᠠᠷᠳᠣ ᠺᠤᠮᠫᠠᠨᠢ᠂ ᠬᠤᠰᠢᠭᠤ ᠣᠷᠴᠢᠨ ᠳᠣᠭᠤᠷᠢᠨ ᠤ ᠬᠠᠮᠠᠭᠠᠯᠠᠯᠳᠠ ᠶᠢᠨ ᠰᠠᠯᠠᠭ᠎ᠠ ᠮᠦᠴᠢᠷ ᠲᠤ ᠨᠠᠶᠢᠳᠠᠨ᠂ ᠦᠢᠯᠡᠳᠪᠦᠷᠢ ᠠᠴᠠ ᠭᠠᠷᠣᠭᠰᠠᠨ ᠣᠰᠣ᠂ ᠤᠰᠤ ᠭᠠᠳᠠᠭᠰᠢᠯᠠᠭᠤᠯᠬᠤ ᠬᠤᠭᠤᠯᠠᠢ ᠠᠴᠠ ᠤᠷᠤᠰᠤᠨ ᠭᠠᠷᠣᠭᠰᠠᠨ ᠤᠰᠤ ᠶᠢ ᠰᠢᠯᠭᠠᠨ ᠪᠠᠶᠢᠴᠠᠭᠠᠵᠤ᠂ ᠪᠠᠶᠢᠴᠠᠭᠠᠯᠳᠠ ᠶᠢᠨ ᠳ᠋ᠦᠩ ᠢ ᠲᠥᠭᠡᠭᠡᠯ ᠣᠰᠣᠨ ᠤ ᠰᠦᠢᠳᠬᠡᠯ ᠬᠤᠷᠢᠶᠠᠬᠤ ᠲᠢᠩᠬᠢᠮ ᠳᠤ ᠢᠯᠡ ᠨᠡᠶᠢᠳᠡᠯᠡᠵᠦ ᠪᠣᠢ᠃ ᠣᠰᠣᠨ ᠤ ᠡᠬᠢ ᠰᠣᠷᠪᠤᠯᠵᠢ ᠶᠢ ᠬᠠᠮᠠᠭᠠᠯᠠᠬᠤ ᠠᠵᠢᠯ ᠢ ᠦᠷᠭᠦᠯᠵᠢᠯᠠᠨ ᠴᠢᠩᠭᠠᠳᠬᠠᠵᠤ᠂ ︽ᠰᠢᠯᠤᠭᠤᠨ ᠬᠦᠬᠡ ᠬᠤᠰᠢᠭᠤᠨ ᠤ ᠱᠠᠩᠳᠣ ᠪᠠᠯᠭᠠᠰᠣᠨ ᠤ ᠤᠤᠭᠤᠬᠤ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠳᠣᠰᠬᠠᠢ ᠲᠥᠷᠥᠯ ᠤᠨ ᠴᠡᠭᠴᠡᠯᠡᠨ ᠦᠭᠡᠷᠡᠴᠢᠯᠡᠬᠦ ᠲᠥᠰᠥᠪ︾᠎ ᠢ ᠳᠣᠭᠳᠠᠭᠠᠵᠤ᠂ ᠤᠰᠤᠨ ᠤ ᠡᠬᠢ ᠰᠣᠷᠪᠤᠯᠵᠢ ᠤᠨ ᠬᠠᠮᠠᠭᠠᠯᠠᠯᠳᠠ ᠶᠢᠨ ᠣᠷᠣᠨ ᠳᠤ ᠳᠡᠮᠳᠡᠭ ᠲᠠᠯᠪᠢᠬᠤ᠂ ᠬᠢᠯᠢ ᠶᠢᠨ ᠬᠥᠰᠢᠶ᠎ᠡ ᠪᠣᠰᠬᠠᠬᠤ᠂ ᠬᠢᠯᠢ ᠶᠢᠨ ᠱᠣᠩ ᠪᠠᠶᠢᠭᠤᠯᠬᠤ᠂ ᠰᠡᠷᠡᠮᠵᠢᠯᠡᠭᠦᠯᠬᠦ ᠫᠠᠶᠢᠰᠠ ᠡᠯᠭᠦᠬᠦ᠂ ᠠᠶᠤᠯ ᠲᠠᠢ ᠬᠢᠮᠢ ᠶᠢᠨ ᠪᠤᠳᠠᠰ ᠢ ᠰᠡᠷᠭᠡᠶᠢᠯᠡᠬᠦ ᠳᠥᠬᠦᠭᠡᠷᠦᠮᠵᠢ ᠤᠭᠰᠠᠷᠠᠬᠤ᠂ ᠣᠰᠣᠨ ᠤ ᠡᠬᠢ ᠰᠣᠷᠪᠤᠯᠵᠢ ᠶᠢᠨ ᠬᠠᠮᠠᠭᠠᠯᠠᠯᠳᠠ ᠶᠢᠨ ᠣᠷᠣᠨ ᠤ ᠨᠢᠭᠡ᠂ ᠬᠤᠶᠠᠳᠣᠭᠠᠷ ᠲᠡᠰ ᠤᠨ ᠬᠠᠮᠠᠭᠠᠯᠠᠯᠳᠠ ᠶᠢᠨ ᠣᠷᠣᠨ ᠢ ᠬᠠᠮᠠᠭᠠᠯᠠᠬᠤ ᠬᠠᠰᠢᠯᠭ᠎ᠠ ᠪᠠᠷᠢᠬᠤ᠂ ᠣᠰᠣᠨ ᠤ ᠡᠬᠢ ᠰᠣᠷᠪᠤᠯᠵᠢ ᠶᠢᠨ ᠬᠤᠳᠳᠤᠭ ᠢ ᠠᠯᠤᠰ ᠠᠴᠠ ᠬᠢᠨᠠᠨ ᠡᠵᠡᠮᠰᠢᠬᠦ᠂ ᠤᠰᠤᠨ ᠤ ᠡᠬᠢ ᠰᠣᠷᠪᠤᠯᠵᠢ ᠶᠢᠨ ᠣᠶᠢᠷ᠎ᠠ ᠬᠠᠪᠢ ᠶᠢᠨ ᠭᠠᠵᠠᠷ ᠲᠠᠬᠢ ᠬᠠᠣᠯᠢ ᠵᠥᠷᠢᠴᠡᠭᠰᠡᠨ ᠪᠠᠷᠢᠯᠭ᠎ᠠ ᠶᠢ ᠨᠤᠷᠠᠭᠠᠬᠤ᠂ ᠾᠯᠣᠷ ᠤᠨ ᠳᠠᠪᠬᠤᠷ ᠢᠰᠦᠯ ᠤᠨ ᠠᠷᠢᠭᠤᠳᠬᠠᠬᠤ ᠲᠥᠭᠦᠭᠡᠷᠦᠮᠵᠢ ᠶᠢ ᠤᠭᠰᠠᠷᠠᠬᠤ ᠵᠡᠷᠭᠡ ᠠᠵᠢᠯ ᠤᠳ ᠢ ᠬᠢᠪᠡ᠃ ᠣᠳᠣ᠂ ︽ᠰᠢᠯᠤᠭᠤᠨ ᠬᠥᠬᠡ ᠬᠤᠰᠢᠭᠤᠨ ᠤ ᠱᠠᠩᠳᠣ ᠪᠠᠯᠭᠠᠰᠣᠨ ᠤ ᠤᠤᠭᠤᠬᠤ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠵᠦ ᠪᠤᠯᠠᠬᠤᠶᠢᠴᠠ ᠰᠣᠳᠣᠯᠣᠨ ᠪᠠᠶᠢᠴᠠᠭᠠᠯᠳᠠ ᠶᠢᠨ ᠮᠡᠳᠡᠭᠦᠯᠦᠯᠳᠡ︾᠎ ᠶᠢ ᠨᠢᠭᠡᠨᠳᠡ ᠨᠠᠶᠢᠷᠠᠭᠤᠯᠤᠨ ᠳᠣᠭᠳᠠᠭᠠᠵᠤ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠡᠯᠡᠳᠬᠡᠯ ᠠᠵᠢᠯ ᠢ ᠥᠷᠨᠢᠭᠦᠯᠵᠦ ᠪᠣᠢ᠃             ︵ᠳᠣᠯᠤᠭ᠎ᠠ︶ 055 ᠳ᠋ᠣᠭᠠᠷ ᠰᠠᠨᠠᠯ ᠳᠣᠷᠠᠳᠣᠯᠭ᠎ᠠ ᠳᠤ ᠰᠠᠭᠤᠭᠠᠯᠢ ᠠᠷᠠᠳ ᠤᠨ ᠳᠣᠭᠤᠷᠢᠭ ᠤᠨ ᠣᠷᠴᠢᠨ ᠳᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠤᠨ ᠳᠣᠬᠠᠢ ᠳᠣᠷᠠᠳᠪᠠ᠃ 062 ᠳ᠋ᠣᠭᠠᠷ ᠰᠠᠨᠠᠯ ᠳᠣᠷᠠᠳᠣᠯᠭ᠎ᠠ ᠳᠤ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠳᠣᠭᠤᠷᠢᠭ ᠤᠨ ᠬᠠᠮᠢᠶᠠᠷᠣᠯᠳᠠ ᠪᠤᠯᠤᠨ ᠵᠠᠰᠠᠨ ᠰᠡᠯᠪᠢᠬᠦ ᠳᠣᠬᠠᠢ ᠰᠠᠨᠠᠯ ᠳᠣᠷᠠᠳᠪᠠ᠃ ᠡᠳᠡᠭᠡᠷ ᠲᠤ ᠴᠢᠭᠯᠡᠭᠦᠯᠦᠨ᠂ ᠨᠢᠭᠡ ᠳᠤ᠂ ᠰᠠᠭᠤᠭᠠᠯᠢ ᠠᠷᠠᠳ ᠤᠨ ᠳᠣᠭᠤᠷᠢᠭ ᠤᠨ ᠣᠷᠴᠢᠨ ᠳᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠰᠢᠨᠡᠳᠬᠡᠨ ᠵᠠᠰᠠᠬᠤ ᠠᠵᠢᠯ ᠢ ᠴᠢᠩᠭᠠᠳᠬᠠᠵᠤ᠂ ᠪᠤᠬᠢᠷ ᠤᠰᠤ ᠭᠠᠳᠠᠭᠰᠢᠯᠠᠭᠤᠯᠬᠤ ᠬᠤᠭᠤᠯᠠᠢ ᠶᠢ 6.3 ᠺᠢᠯᠤᠮᠧᠲᠷ ᠰᠢᠨ᠎ᠡ ᠪᠠᠷ ᠪᠣᠶᠣ ᠦᠭᠡᠷᠡᠴᠢᠯᠡᠨ ᠪᠠᠶᠢᠭᠤᠯᠵᠤ᠂ ᠶᠤᠸᠠᠨ ᠳ᠋ᠢᠩ ᠰᠠᠭᠤᠭᠠᠯᠢ ᠠᠷᠠᠳ ᠤᠨ ᠳᠣᠭᠤᠷᠢᠭ᠂ ᠴᠠᠬᠢᠯᠭᠠᠨ ᠬᠠᠩᠭᠠᠬᠤ ᠲᠤᠪᠴᠢᠶᠠᠨ ᠤ ᠰᠠᠭᠤᠭᠠᠯᠢ ᠠᠷᠠᠳ ᠤᠨ ᠳᠣᠭᠤᠷᠢᠭ᠂ ᠶᠤᠸᠠᠨ ᠴᠧᠩ ᠶᠢ ᠫᠢᠩ᠂ ᠮᠢᠨ ᠵᠢᠶᠠ ᠵᠡᠷᠭᠡ 14 ᠬᠠᠭᠤᠴᠢᠨ ᠰᠠᠭᠤᠭᠠᠯᠢ ᠠᠷᠠᠳ ᠤᠨ ᠳᠣᠭᠤᠷᠢᠭ ᠢ ᠰᠢᠨᠡᠳᠬᠡᠨ ᠵᠠᠰᠠᠵᠤ᠂ ᠪᠡᠶᠡᠵᠢᠬᠤ᠂ ᠰᠢ ᠱᠠᠩ ᠶᠤᠸᠠᠨ ᠨᠡᠭᠦᠳᠡᠯ ᠠᠷᠠᠳ ᠤᠨ ᠠᠰᠠᠷ᠂ ᠵᠢᠩ ᠲᠠᠢ᠂ ᠵᠢᠩ ᠳ᠋ᠦ᠋ ᠶᠤᠸᠠᠨ᠂ ᠴᠠᠬᠠᠷ᠂ ᠶᠤᠸᠠᠨ ᠱᠠᠩ ᠶᠤᠸᠠᠨ ᠪᠣᠯᠣᠨ ᠶᠤᠸᠠᠨ ᠹᠦ᠋ ᠬᠤᠸᠠ ᠶᠤᠸᠠᠨ ᠵᠡᠷᠭᠡ 7 ᠬᠠᠭᠤᠴᠢᠨ ᠰᠠᠭᠤᠭᠠᠯᠢ ᠠᠷᠠᠳ ᠤᠨ ᠳᠣᠭᠤᠷᠢᠭ ᠢ ᠰᠢᠨᠡᠳᠬᠡᠨ ᠵᠠᠰᠠᠪᠠ᠃ ᠪᠦᠬᠦ ᠬᠤᠰᠢᠭᠤᠨ ᠤ ᠡᠪᠳᠡᠭᠳᠡᠯ ᠢᠶᠠᠷ ᠬᠦᠨᠳᠦ ᠨᠣᠴᠢᠲᠠᠢ 20 ᠵᠤᠷᠪᠤᠰ ᠵᠡᠭᠡᠯᠢ ᠭᠤᠳᠣᠮᠵᠢ ᠶᠢᠨ 7.3 ᠲᠥᠮᠡᠨ ᠳᠡᠭᠰᠢ ᠲᠥᠷᠪᠡᠯᠵᠢᠨ ᠮᠧᠲᠷ ᠲᠠᠯᠠᠪᠠᠢ ᠪᠦᠬᠦᠢ ᠭᠠᠳᠠᠷᠭᠤ ᠶᠢ ᠵᠠᠰᠠᠵᠤ᠂ 4.8 ᠳᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠶᠠᠪᠠᠭᠠᠨ ᠬᠦᠮᠦᠨ ᠤ ᠵᠠᠮ ᠢ ᠳᠡᠪᠢᠰᠴᠦ᠂ 5.96 ᠲᠥᠮᠡᠨ ᠳᠡᠭᠰᠢ ᠳᠥᠷᠪᠡᠯᠵᠢᠨ ᠮᠧᠲᠷ ᠲᠠᠯᠠᠪᠠᠢ ᠲᠠᠢ ᠵᠠᠮ ᠤᠨ ᠭᠠᠳᠠᠷᠭᠤ ᠶᠢ ᠬᠠᠳᠠᠭᠤᠷᠠᠭᠤᠯᠪᠠ᠃ ᠲᠥᠭᠡᠭᠡᠯ ᠣᠰᠣᠨ ᠤ ᠪᠦᠷᠬᠦᠴᠡ ᠶᠢᠨ ᠨᠤᠷᠮ᠎ᠠ 96.4%᠎ ᠳᠤ ᠬᠦᠷᠴᠦ᠂ 15 ᠰᠠᠭᠤᠭᠠᠯᠢ ᠠᠷᠠᠳ ᠤᠨ ᠳᠣᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ ᠬᠠᠩᠭᠠᠬᠤ ᠬᠤᠭᠤᠯᠠᠢ ᠤᠭᠰᠠᠷᠠᠬᠤ ᠠᠵᠢᠯ ᠢ ᠡᠬᠢᠯᠡᠭᠦᠯᠦᠨ᠂ 1343 ᠡᠷᠦᠭᠡ ᠳᠤ ᠰᠢᠲᠠᠮᠠᠬᠠᠢ ᠬᠡᠢ ᠣᠷᠣᠭᠤᠯᠵᠣ᠂ ᠰᠢᠲᠠᠮᠠᠬᠠᠢ ᠬᠡᠢ ᠶᠢᠨ ᠲᠥᠭᠡᠮᠡᠯᠵᠢᠭᠦᠯᠦᠯᠳᠡ ᠶᠢᠨ ᠨᠤᠷᠮ᠎ᠠ 18%᠎ ᠳᠤ ᠬᠦᠷᠪᠡ᠃ ᠬᠤᠶᠠᠷ ᠲᠤ᠂ ᠪᠦᠬᠦ ᠬᠤᠰᠢᠭᠤᠨ ᠤ ᠡᠯ᠎ᠡ ᠰᠠᠭᠤᠭᠠᠯᠢ ᠠᠷᠠᠳ ᠤᠨ ᠳᠣᠭᠤᠷᠢᠭ ᠢ ᠳᠣᠭᠤᠷᠢᠨ ᠪᠠᠶᠢᠴᠠᠭᠠᠭᠰᠠᠨ ᠤ ᠬᠠᠮᠳᠣ ᠠᠳᠠᠯ ᠠᠬᠤᠢ ᠶᠢᠨ ᠺᠤᠮᠫᠠᠨᠢ ᠶᠢᠨ ᠬᠢᠨᠠᠨ ᠬᠠᠮᠢᠶᠠᠷᠣᠯᠳᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠳᠣᠭᠤᠷᠢᠭ ᠤᠨ ᠣᠷᠴᠢᠨ ᠳᠣᠭᠤᠷᠢᠨ ᠤ ᠠᠷᠢᠭᠤᠨ ᠴᠡᠪᠡᠷ ᠤᠨ ᠠᠵᠢᠯ ᠢ ᠡᠷᠴᠢᠮᠵᠢᠭᠦᠯᠵᠦ᠂ ᠠᠳᠠᠯ ᠠᠬᠤᠢ ᠶᠢᠨ ᠬᠠᠮᠢᠶᠠᠷᠣᠯᠳᠠ ᠶᠢᠨ ᠪᠠᠶᠢᠭᠤᠯᠤᠮᠵᠢ ᠦᠭᠡᠢ ᠰᠠᠭᠤᠭᠠᠯᠢ ᠠᠷᠠᠳ ᠤᠨ ᠳᠣᠭᠤᠷᠢᠭ ᠢ ᠳᠣᠭᠤᠷᠢᠨ ᠪᠠᠶᠢᠴᠠᠭᠠᠭᠰᠠᠨ ᠤ ᠬᠠᠮᠳᠣ ᠰᠠᠭᠤᠭᠠᠯᠢ ᠠᠷᠠᠳ ᠤᠨ ᠳᠣᠭᠤᠷᠢᠭ ᠤᠨ ᠦᠮᠴᠢᠳᠠᠨ ᠤ ᠵᠦᠪᠯᠡᠯ ᠢ ᠲᠡᠭᠦᠯᠳᠡᠷᠵᠢᠭᠦᠯᠦᠨ᠂ ᠠᠳᠠᠯ ᠠᠬᠤᠢ ᠶᠢᠨ ᠺᠤᠮᠫᠠᠨᠢ ᠲᠠᠢ ᠬᠠᠷᠢᠯᠴᠠᠨ ᠰᠠᠭᠤᠭᠠᠯᠢ ᠠᠷᠠᠳ ᠤᠨ ᠳᠣᠭᠤᠷᠢᠭ ᠢ ᠳᠠᠭᠠᠭᠠᠴᠢᠯᠠᠨ ᠬᠠᠮᠢᠶᠠᠷᠴᠤ᠂ ᠰᠠᠭᠤᠭᠠᠯᠢ ᠠᠷᠠᠳ ᠤᠨ ᠳᠣᠭᠤᠷᠢᠭ ᠤᠨ ᠣᠷᠴᠢᠨ ᠳᠣᠭᠤᠷᠢᠨ ᠤ ᠠᠷᠢᠭᠤᠨ ᠴᠡᠪᠡᠷ ᠪᠠ ᠰᠠᠭᠤᠭᠠᠯᠢ ᠠᠷᠠᠳ ᠤᠨ ᠠᠮᠢᠳᠤᠷᠠᠯ ᠤᠨ ᠶᠠᠰᠣ ᠴᠢᠨᠠᠷ ᠢ ᠳᠡᠭᠡᠭᠰᠢᠯᠡᠭᠦᠯᠪᠡ᠃ ᠭᠤᠷᠪᠠ ᠳᠤ᠂ ᠲᠡᠨᠦᠭᠦᠯ ᠨᠣᠬᠠᠢ ᠢ ᠴᠡᠪᠡᠷᠯᠡᠬᠦ ᠠᠵᠢᠯ ᠤᠨ ᠳᠣᠭᠤᠶᠢᠯᠠᠩ ᠢ ᠪᠠᠶᠢᠭᠤᠯᠤᠨ᠂ ᠳᠣᠰᠬᠠᠢ ᠲᠦᠭᠦᠭᠡᠷᠦᠮᠵᠢ ᠬᠤᠳᠠᠯᠳᠣᠨ ᠠᠪᠴᠣ᠂ ᠪᠠᠷᠢᠵᠤ ᠴᠤᠭᠯᠠᠭᠤᠯᠤᠭᠰᠠᠨ ᠲᠡᠨᠦᠭᠦᠯ ᠨᠤᠬᠠᠢ ᠶᠢ ᠠᠷᠠᠳ ᠤᠨ ᠳᠣᠮᠳᠠᠬᠢ ᠠᠮᠢᠳᠠᠨ ᠢ ᠠᠪᠤᠷᠠᠨ ᠳᠣᠰᠠᠯᠠᠬᠤ ᠪᠠᠶᠢᠭᠤᠯᠤᠮᠵᠢ ᠳᠤ ᠬᠦᠷᠭᠡᠨ ᠲᠡᠵᠢᠭᠡᠯᠭᠡᠬᠦ ᠪᠣᠶᠣ ᠨᠡᠶᠢᠭᠡᠮ ᠤᠨ ᠬᠠᠯᠠᠭᠤᠨ ᠰᠡᠳᠬᠢᠯᠳᠡᠨ ᠳᠤ ᠦᠭᠴᠦ ᠲᠡᠵᠢᠭᠡᠯᠭᠡᠪᠡ᠃             ︵ᠨᠠᠢᠮᠠ︶ 092 ᠳ᠋ᠣᠭᠠᠷ ᠰᠠᠨᠠᠯ ᠳᠣᠷᠠᠳᠣᠯᠭ᠎ᠠ ᠳᠤ᠂ ᠤᠰᠤ ᠤᠤᠭᠤᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠣᠬᠠᠢ ᠳᠣᠷᠠᠳᠪᠠ᠃ ᠡᠭᠦᠨ ᠳᠤ ᠴᠢᠭᠯᠡᠭᠦᠯᠦᠨ᠂ ᠠᠵᠢᠯᠯᠠᠬᠤ ᠳᠣᠭᠤᠶᠢᠯᠠᠩ ᠪᠠᠶᠢᠭᠤᠯᠤᠨ᠂ ᠰᠠᠶᠢᠨᠬᠤᠳᠳᠤᠭ ᠰᠣᠮᠣᠨ ᠤ ᠪᠠᠶᠠᠨᠳᠦ᠋ᠬᠦᠮ ᠭᠠᠴᠠᠭᠠᠨ ᠤ ᠲᠥᠯᠥᠭᠡᠯᠡᠭᠴᠢ ᠲᠠᠢ ᠠᠭᠤᠯᠵᠠᠨ᠂ ᠭᠠᠵᠠᠷ ᠵᠦᠢ ᠶᠢᠨ ᠣᠨᠴᠠᠯᠢᠭ ᠎ ᠲᠤᠨᠢ ᠳᠣᠬᠢᠷᠠᠭᠤᠯᠤᠨ᠂ ᠪᠤᠳᠠᠳᠠᠢ ᠱᠠᠭᠠᠷᠳᠠᠯᠭ᠎ᠠ ᠶᠢ ᠦᠨᠳᠦᠰᠦᠯᠠᠨ᠂ ᠪᠠᠶᠠᠨᠳᠦ᠋ᠬᠦᠮ ᠭᠠᠴᠠᠭᠠᠨ ᠤ ᠯᠠᠮ᠎ᠠ ᠶᠢᠨ ᠣᠪᠣᠭ᠎ᠠ ᠬᠤᠲᠡ ᠪᠠ ᠳᠠᠷᠢᠶᠠᠯᠠᠩ ᠬᠤᠲᠡ ᠳᠤ 150 ᠮᠧᠲᠷ ᠤᠨ ᠬᠤᠳᠳᠤᠭ 3᠎ ᠶᠢ ᠰᠢᠨ᠎ᠡ ᠪᠠᠷ ᠮᠠᠯᠳᠠᠵᠤ᠂ 180 ᠭᠠᠷᠣᠢ ᠬᠦᠮᠦᠨ᠂ 1600 ᠭᠠᠷᠣᠢ ᠮᠠᠯ ᠤᠨᠤᠭᠠᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃             ︵ᠶᠢᠰᠦ︶ 095 ᠳ᠋ᠣᠭᠠᠷ ᠰᠠᠨᠠᠯ ᠳᠣᠷᠠᠳᠣᠯᠭ᠎ᠠ ᠳᠤ ᠬᠦᠮᠦᠨ ᠮᠠᠯ ᠤᠨ ᠤᠤᠭᠤᠬᠤ ᠤᠰᠤᠨ ᠤ ᠠᠮᠤᠷ ᠲᠥᠪᠰᠢᠨ ᠤ ᠠᠰᠠᠭᠤᠳᠠᠯ ᠢ ᠰᠢᠢᠳᠪᠦᠷᠢᠯᠡᠬᠦ ᠳᠣᠬᠠᠢ ᠰᠠᠨᠠᠯ ᠳᠣᠷᠠᠳᠪᠠ᠃ ᠡᠭᠦᠨ ᠳᠤ ᠴᠢᠭᠯᠡᠭᠦᠯᠦᠨ᠂ ᠠᠵᠢᠯᠯᠠᠬᠤ ᠳᠣᠭᠤᠶᠢᠯᠠᠩ ᠪᠠᠶᠢᠭᠤᠯᠤᠨ᠂ ᠰᠠᠶᠢᠨᠬᠤᠳᠳᠤᠭ ᠰᠣᠮᠣᠨ ᠤ ᠮᠤᠩᠭᠤᠯᠵᠢᠨ ᠭᠠᠴᠠᠭᠠᠨ ᠳᠤ ᠬᠦᠷᠴᠦ ᠲᠥᠯᠥᠭᠡᠯᠡᠭᠴᠢᠳ ᠲᠠᠢ ᠠᠭᠤᠯᠵᠠᠨ᠂ ᠳᠣᠬᠠᠢ ᠶᠢᠨ ᠭᠠᠵᠠᠷ ᠤᠨ ᠭᠠᠵᠠᠷ ᠵᠦᠢ ᠶᠢᠨ ᠨᠥᠬᠦᠴᠡᠯ ᠵᠢᠴᠢ ᠪᠤᠳᠠᠳᠠᠢ ᠱᠠᠭᠠᠷᠳᠠᠯᠭ᠎ᠠ ᠳᠤ ᠳᠣᠬᠢᠷᠠᠭᠤᠯᠤᠨ᠂ ᠠᠶᠢᠯ ᠬᠤᠳᠠ ᠪᠠ ᠳᠠᠷᠬᠠᠨ ᠰᠠᠭᠤᠷᠢᠰᠢᠭᠰᠠᠨ ᠮᠠᠯᠴᠢᠨ ᠡᠷᠦᠭᠡ ᠪᠠᠷ ᠨᠢᠭᠡᠴᠡ ᠪᠣᠯᠭᠠᠨ 50 ᠮᠧᠲᠷ ᠤᠨ ᠬᠤᠳᠳᠤᠭ ᠢ 9᠎ ᠶᠢ ᠰᠢᠨ᠎ᠡ ᠪᠠᠷ ᠮᠠᠯᠳᠠᠵᠤ᠂ ᠮᠠᠯᠴᠢᠨ ᠡᠷᠦᠭᠡ ᠶᠢᠨ ᠦᠢᠯᠡᠳᠪᠦᠷᠢᠯᠡᠯ ᠠᠮᠢᠳᠣᠷᠠᠯ ᠳᠤ ᠬᠡᠷᠡᠭᠰᠡᠬᠦ ᠤᠰᠤ ᠤᠮᠳᠠᠭᠠᠨ ᠤ ᠠᠰᠠᠭᠤᠳᠠᠯ ᠢ ᠵᠤᠬᠢᠰᠲᠠᠢ ᠰᠢᠢᠳᠪᠦᠷᠢᠯᠡᠪᠡ ︵190 ᠭᠠᠷᠣᠢ ᠬᠦᠮᠦᠨ 2300 ᠭᠠᠷᠣᠢ ᠮᠠᠯ ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ︶᠃ᠲᠠᠪᠤ᠂ ᠬᠠᠷᠢᠭᠤᠯᠲᠠ ᠳᠤ ᠬᠠᠨᠤᠮᠵᠢ ᠦᠭᠡᠢ ᠰᠠᠨᠠᠯ ᠳᠣᠷᠠᠳᠣᠯᠭ᠎ᠠ            043 ᠳ᠋ᠣᠭᠠᠷ ᠰᠠᠨᠠᠯ ᠳᠣᠷᠠᠳᠣᠯᠭ᠎ᠠ ᠪᠣᠯᠬᠤ ︽ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠳᠣᠬᠠᠢ︾ ᠰᠠᠨᠠᠯ ᠢ ᠰᠢᠢᠳᠪᠦᠷᠢᠯᠡᠭᠰᠡᠨ ᠪᠠᠶᠢᠳᠠᠯ ᠳᠤ ᠲᠥᠯᠥᠭᠡᠯᠡᠭᠴᠢ ᠰᠡᠴᠡᠨᠪᠠᠭᠠᠳᠣᠷ ᠬᠠᠨᠤᠮᠵᠢ ᠦᠭᠡᠢ ᠪᠠᠶᠢᠨ᠎ᠠ᠃            ᠮᠠᠨ ᠤ ᠬᠤᠰᠢᠭᠤᠨ ᠤ ᠲᠤᠰ ᠣᠳᠠᠭᠠᠨ ᠤ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠠᠵᠢᠯ ᠪᠣᠯ 1998 ᠣᠨ ᠳᠤ ᠨᠢᠭᠡᠨᠳᠡ ᠨᠠᠶᠢᠳᠠᠪᠤᠷᠢᠵᠢᠭᠤᠯᠤᠭᠰᠠᠨ ᠪᠡᠯᠴᠢᠭᠡᠷ ᠤᠨ ︽ᠬᠤᠶᠠᠷ ᠡᠷᠬᠡ ᠶᠢ ᠨᠢᠭᠡᠳᠭᠡᠬᠦ︾ ᠰᠠᠭᠤᠷᠢᠨ ᠳᠡᠭᠡᠷ᠎ᠡ᠂ ᠣᠣᠯ ᠤᠨ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠵᠤ᠂ ᠳᠠᠭᠠᠭᠠᠴᠢᠯᠠᠯᠳᠠ ᠶᠢᠨ ᠭᠡᠷ᠎ᠡ ᠶᠢ ᠬᠤᠪᠢᠷᠠᠭᠠᠬᠤ ᠦᠭᠡᠢ ᠤᠷᠢᠳᠠᠯ ᠳᠣᠣᠷ᠎ᠠ᠂ GPS᠎ ᠤᠨ ᠮᠡᠷᠭᠡᠵᠢᠯ ᠢᠶᠠᠷ ᠮᠠᠯᠴᠢᠳ ᠤᠨ ᠳᠠᠭᠠᠭᠠᠴᠢᠯᠠᠭᠰᠠᠨ ᠪᠡᠯᠴᠢᠭᠡᠷ ᠢ ᠬᠡᠮᠵᠢᠨ ᠳᠠᠩᠰᠠᠯᠠᠵᠤ᠂ ᠡᠯᠧᠺᠲᠷᠤᠨ ᠳᠠᠩᠰᠠ ᠡᠪᠭᠡᠮᠡᠯ ᠪᠠᠶᠢᠭᠤᠯᠤᠨ ᠲᠡᠭᠦᠯᠳᠡᠷᠵᠢᠭᠦᠯᠪᠡ᠃ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠠᠵᠢᠯ ᠪᠣᠯ ᠶᠠᠭᠤᠨ ᠤ ᠤᠷᠢᠳ ᠭᠠᠴᠠᠭᠠᠨ ᠠᠴᠠ ᠳᠣᠬᠠᠢ ᠶᠢᠨ ᠭᠠᠵᠠᠷ ᠤᠨ ᠢᠶᠠᠨ ᠪᠤᠳᠠᠳᠠᠢ ᠪᠠᠶᠢᠳᠠᠯ ᠢ ᠦᠨᠳᠦᠰᠦᠯᠡᠨ᠂ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠲᠥᠰᠥᠪ ᠳᠣᠭᠳᠠᠭᠠᠨ᠂ ᠭᠠᠴᠠᠭᠠᠨ ᠤ ᠮᠠᠯᠴᠢᠳ ᠤᠨ ᠶᠡᠭᠡ ᠬᠤᠷᠠᠯ ᠬᠤᠷᠠᠯᠳᠣᠭᠤᠯᠤᠨ᠂ ᠬᠤᠷᠠᠯ ᠳᠤ ᠣᠷᠣᠯᠴᠠᠭᠰᠠᠨ ᠮᠠᠯᠴᠢᠳ ᠪᠦᠬᠦᠨ ᠢᠶᠠᠷ ᠢᠶᠠᠨ ᠲᠤᠭᠳᠠᠭᠠᠭᠰᠠᠨ ᠲᠦᠰᠦᠪ ᠢ ᠵᠦᠪᠰᠢᠶᠡᠷᠡᠭᠰᠡᠨ ᠤ ᠰᠡᠭᠦᠯᠡᠷ ᠲᠠᠯ᠎ᠠ ᠨᠤᠳᠤᠭ ᠤᠨ ᠠᠮᠢ ᠠᠬᠤᠢ ᠶᠢᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠮᠡᠷᠭᠡᠵᠢᠯ ᠤᠨ ᠦᠢᠯᠡᠴᠢᠯᠡᠭᠡ ᠬᠠᠩᠭᠠᠨ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠤᠯᠠᠵᠠᠢ᠃ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠬᠡᠷᠪᠡ ᠣᠨᠴᠠᠭᠠᠢ ᠪᠠᠶᠢᠳᠠᠯ ᠳᠣᠣᠷ᠎ᠠ ᠳᠠᠭᠠᠭᠠᠴᠢᠯᠠᠯᠳᠠ ᠶᠢᠨ ᠡᠷᠬᠡ ᠳᠤ ᠳᠣᠬᠢᠷᠠᠭᠤᠯᠤᠯᠳᠠ ᠬᠢᠬᠦ ᠴᠢᠬᠤᠯᠠᠳᠠᠢ ᠪᠣᠯ ᠬᠠᠮᠳᠣᠷᠠᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠭᠡᠰᠢᠭᠦᠨ ᠤ ᠬᠤᠷᠠᠯ ᠤᠨ ᠭᠤᠷᠪᠠᠨ ᠤ ᠬᠤᠶᠠᠷ ᠪᠣᠶᠣ ᠭᠤᠷᠪᠠᠨ ᠤ ᠬᠤᠶᠠᠷ ᠠᠴᠠ ᠳᠡᠭᠡᠭᠰᠢᠬᠢ ᠮᠠᠯᠴᠢᠳ ᠤᠨ ᠵᠥᠪᠰᠢᠶᠡᠷᠡᠯ ᠢ ᠣᠯᠬᠤ ᠶᠢᠨ ᠬᠠᠮᠳᠣ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠪᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠳᠠᠷᠢᠶᠠᠯᠠᠬᠤ ᠤᠷᠤᠨ ᠤ ᠪᠡᠯᠴᠢᠭᠡᠷ ᠤᠨ ᠳᠠᠭᠠᠭᠠᠴᠢᠯᠠᠯᠳᠠ ᠵᠢᠴᠢ ᠳᠠᠭᠠᠭᠠᠴᠢᠯᠠᠯᠳᠠ ᠎ ᠶᠢᠨ ᠭᠡᠷ᠎ᠡ ᠶᠢᠨ ᠬᠠᠮᠢᠶᠠᠷᠣᠯᠳᠠ ᠶᠢᠨ ᠪᠠᠶᠢᠭᠤᠯᠤᠮᠵᠢ ᠶᠢᠨ ᠵᠥᠪᠰᠢᠶᠡᠷᠡᠯ ᠢ ᠣᠯᠬᠤ ᠬᠡᠷᠡᠭᠳᠡᠢ᠃             ᠠᠳᠣᠭᠤᠨᠬᠤᠳᠳᠤᠭ ᠭᠠᠴᠠᠭᠠᠨ ᠳᠤ 17 ᠬᠤᠳᠠ᠂ 308 ᠡᠷᠦᠭᠡ᠂ 746 ᠬᠦᠮᠦᠨ ᠠᠮᠠ ᠲᠠᠢ᠃ 25 ᠲᠥᠮᠡᠨ ᠮᠦ ᠪᠡᠯᠴᠢᠭᠡᠷ ᠳᠡᠭᠡᠷ᠎ᠡ 20004 ᠳᠣᠯᠣᠭᠠᠢ ᠪᠤᠭ ᠮᠠᠯ᠂ 2270 ᠳᠣᠯᠣᠭᠠᠢ ᠪᠤᠳᠠ ᠮᠠᠯ ᠮᠠᠯᠵᠢᠵᠤ ᠪᠠᠶᠢᠨ᠎ᠠ᠃ 1998 ᠣᠨ ᠤ ᠪᠡᠯᠴᠢᠭᠡᠷ ᠤᠨ ︽ᠬᠤᠶᠠᠷ ᠬᠠᠷᠢᠭᠤᠴᠠᠯᠭ᠎ᠠ ᠶᠢ ᠨᠢᠭᠡᠳᠬᠡᠬᠦ︾ ᠠᠵᠢᠯ ᠤᠨ ᠳᠣᠮᠳᠠ ᠠᠳᠤᠭᠤᠨᠬᠤᠳᠳᠤᠭ ᠭᠠᠴᠠᠭ᠎ᠠ ᠨᠢ ᠳᠤᠷᠰᠢᠯᠳᠠ ᠶᠢᠨ ᠴᠢᠭ ᠪᠣᠯᠪᠠ᠃ ᠬᠤᠰᠢᠭᠤ ᠠᠷᠠᠳ ᠤᠨ ᠲᠥᠯᠥᠭᠡᠯᠡᠭᠴᠢ ᠰᠡᠴᠡᠨᠪᠠᠭᠠᠳᠣᠷ ᠤᠨ ᠬᠤᠰᠢᠭᠤ ᠠᠷᠪᠠᠨ ᠲᠠᠪᠤᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠣᠳᠠᠭᠠᠨ ᠤ ᠬᠤᠷᠠᠯ ᠳᠡᠭᠡᠷ᠎ᠡ ᠳᠣᠷᠠᠳᠣᠭᠰᠠᠨ ︽ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠳᠣᠬᠠᠢ ᠰᠠᠨᠠᠯ ︵043 ᠳ᠋ᠣᠭᠠᠷ︶︾᠎ ᠳᠤ ᠬᠠᠨᠳᠣᠭᠤᠯᠣᠨ᠂ ᠮᠠᠨ ᠤ ᠬᠤᠰᠢᠭᠤ ᠨᠢ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠠᠵᠢᠯ ᠤᠨ ᠪᠤᠳᠠᠳᠠᠢ ᠪᠠᠶᠢᠳᠠᠯ ᠲᠠᠢ ᠪᠠᠨ ᠣᠶᠠᠯᠳᠣᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠰᠡᠴᠡᠨᠪᠠᠭᠠᠳᠣᠷ ᠲᠥᠯᠥᠭᠡᠯᠡᠭᠴᠢ ᠲᠠᠢ ᠠᠭᠤᠯᠵᠠᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠥᠷᠢᠮ ᠳᠣᠭᠳᠠᠭᠠᠯ ᠪᠠ ᠲᠤᠰ ᠣᠳᠠᠭᠠᠨ ᠤ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢᠨ ᠠᠵᠢᠯ ᠤᠨ ᠡᠯ᠎ᠡ ᠲᠥᠷᠥᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠲᠠᠨᠢᠯᠴᠠᠭᠤᠯᠪᠠ᠃ ᠣᠶᠢᠷ᠎ᠠ ᠶᠢᠨ ᠬᠤᠭᠤᠴᠠᠭᠠᠨ ᠳᠤ᠂ ᠬᠤᠰᠢᠭᠤ ᠣᠢ ᠰᠢᠭᠤᠢ ᠪᠠ ᠨᠤᠳᠤᠭ ᠪᠡᠯᠴᠢᠭᠡᠷ ᠤᠨ ᠳᠣᠪᠴᠢᠶᠠᠨ ᠤ ᠬᠠᠷᠢᠭᠤᠴᠠᠯᠭᠠᠳᠠᠨ ᠳᠠᠬᠢᠨᠳᠠ ᠰᠡᠴᠡᠨᠪᠠᠭᠠᠳᠣᠷ ᠲᠠᠢ ᠬᠠᠷᠢᠯᠴᠠᠨ᠂ ᠲᠡᠭᠦᠨ ᠳᠤ ᠰᠢᠨ᠎ᠡ ᠪᠠᠷ ᠳᠣᠬᠢᠷᠠᠭᠤᠯᠤᠯᠳᠠ ᠬᠢᠭᠰᠡᠨ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢᠨ ᠪᠤᠳᠠᠳᠠᠢ ᠱᠠᠭᠠᠷᠳᠠᠯᠭ᠎ᠠ ᠪᠠ ᠠᠵᠢᠯ ᠤᠨ ᠠᠯᠬᠤᠮ ᠳᠠᠷᠠᠭ᠎ᠠ ᠶᠢ ᠲᠠᠶᠢᠯᠪᠤᠷᠢᠯᠠᠪᠠ᠃ ᠭᠡᠪᠡᠴᠦ ᠪᠢᠳᠡᠨ ᠤ ᠦᠭᠭᠦᠭᠰᠡᠨ ᠬᠠᠷᠢᠭᠤᠯᠲᠠ ᠳᠤ ᠰᠡᠴᠡᠨᠪᠠᠭᠠᠳᠣᠷ ᠮᠦᠨ ᠯᠡ ᠬᠠᠨᠤᠮᠵᠢ ᠦᠭᠡᠢ ᠪᠠᠶᠢᠨ᠎ᠠ᠃ ᠳᠠᠷᠠᠭᠠᠴᠢ ᠪᠠᠷ ᠬᠤᠰᠢᠭᠤᠨ ᠠᠴᠠ ᠣᠢ ᠰᠢᠭᠤᠢ ᠪᠠ ᠨᠤᠳᠤᠭ ᠪᠡᠯᠴᠢᠭᠡᠷ ᠤᠨ ᠰᠠᠯᠠᠭ᠎ᠠ ᠮᠦᠴᠢᠷ ᠵᠢᠴᠢ ᠱᠠᠩᠳᠣ ᠪᠠᠯᠭᠠᠰᠣᠨ ᠤ ᠵᠠᠰᠠᠭ ᠤᠨ ᠣᠷᠳᠣᠨ ᠳᠤ ᠲᠥᠷᠥ ᠶᠢᠨ ᠪᠤᠳᠣᠯᠭ᠎ᠠ ᠶᠢᠨ ᠲᠠᠶᠢᠯᠤᠮᠵᠢ ᠬᠢᠬᠦ ᠪᠤᠶᠤ ᠮᠡᠷᠭᠡᠵᠢᠯ ᠤᠨ ᠦᠢᠯᠡᠴᠢᠯᠡᠭᠡ ᠬᠠᠩᠭᠠᠬᠤ ᠠᠵᠢᠯ ᠢ ᠦᠷᠭᠦᠯᠵᠢᠯᠡᠨ ᠰᠠᠶᠢᠨ ᠬᠢᠬᠦ ᠶᠢ ᠱᠠᠭᠠᠷᠳᠠᠵᠤ᠂ ᠠᠳᠣᠭᠤᠨᠬᠤᠳᠳᠤᠭ ᠭᠠᠴᠠᠭᠠᠨ ᠤ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠠᠵᠢᠯ ᠤᠨ ᠲᠥᠰᠥᠪ ᠢ ᠡᠷᠲᠡ ᠳᠣᠭᠳᠠᠭᠠᠨ᠂ ᠪᠡᠯᠴᠢᠭᠡᠷ ᠤᠨ ᠳᠠᠭᠠᠭᠠᠴᠢᠯᠠᠯᠳᠠ ᠶᠢᠨ ᠡᠷᠬᠡ ᠶᠢ ᠪᠠᠳᠣᠯᠠᠬᠤ ᠠᠵᠢᠯ ᠢ ᠲᠥᠷᠭᠡᠨ ᠳᠠᠭᠤᠰᠬᠠᠬᠤ ᠶᠢ ᠰᠠᠨᠠᠭᠤᠯᠤᠨ᠎ᠠ᠃ᠵᠢᠷᠭᠤᠭ᠎ᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠶᠢᠰᠢᠳᠠ ᠶᠢᠨ ᠠᠵᠢᠯ            ᠨᠢᠭᠡ ᠳᠤ᠂ ᠵᠠᠷᠢᠮ ᠪᠠᠶᠢᠭᠤᠯᠭ᠎ᠠ ᠨᠢᠭᠡᠴᠡ ᠨᠢ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠳᠤ ᠬᠠᠷᠢᠭᠤᠯᠲᠠ ᠥᠭᠬᠦ ᠪᠠ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ ᠦᠭᠡᠢ ᠪᠠᠶᠢᠨ᠎ᠠ᠃ ᠣᠨᠴᠠᠭᠠᠶᠢᠯᠠᠨ ᠲᠤᠰ ᠣᠳᠠᠭᠠᠨ ᠤ ᠪᠦᠬᠦ ᠬᠤᠰᠢᠭᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠠᠴᠠ ᠪᠤᠯᠵᠦ ᠵᠠᠷᠢᠮ ᠰᠠᠯᠠᠭ᠎ᠠ ᠮᠦᠴᠢᠷ ᠤᠨ ᠠᠵᠢᠯᠳᠠᠨ ᠳᠤ ᠳᠣᠬᠢᠷᠠᠭᠤᠯᠤᠯᠳᠠ ᠬᠢᠭᠰᠡᠨ ᠠᠴᠠ ᠳᠣᠬᠠᠶᠢᠯᠠᠭᠰᠠᠨ ᠠᠵᠢᠯ ᠢᠶᠠᠨ ᠳᠣᠰᠢᠶᠠᠨ ᠭᠦᠢᠴᠡᠳᠭᠡᠭᠦᠯᠬᠦ ᠲᠠᠯ᠎ᠠ ᠪᠠᠷ ᠠᠰᠠᠭᠤᠳᠠᠯ ᠣᠷᠣᠰᠢᠵᠤ᠂ ᠠᠵᠢᠯ ᠤᠨ ᠪᠠᠶᠢᠷᠢᠯᠠᠭᠤᠯᠤᠯᠳᠠ ᠶᠢ ᠳᠠᠭᠠᠬᠤ ᠢᠳᠡᠪᠬᠢᠵᠢᠯ ᠳᠣᠣᠷ᠎ᠠ ᠪᠠᠶᠢᠨ᠎ᠠ᠃ ᠬᠤᠶᠠᠷ ᠲᠤ᠂ ᠵᠠᠷᠢᠮ ᠰᠠᠯᠠᠭ᠎ᠠ ᠮᠥᠴᠢᠷ ᠨᠢ ᠥᠭᠭᠦᠭᠰᠡᠨ ᠬᠠᠷᠢᠭᠤᠯᠲᠠ ᠳᠤ ᠲᠥᠯᠥᠭᠡᠯᠡᠭᠴᠢ ᠬᠠᠨᠤᠮᠵᠢᠲᠠᠢ ᠪᠣᠯ ᠪᠣᠯᠴᠢᠬᠠᠬᠤ ᠣᠪᠣᠷ ᠡᠪᠤᠷᠯᠠᠵᠤ᠂ ᠠᠵᠢᠯ ᠤᠨ ᠠᠬᠢᠭᠤᠯᠤᠯᠳᠠ ᠶᠢ ᠴᠢᠬᠤᠯᠠᠴᠢᠯᠠᠭᠰᠠᠨ ᠦᠭᠡᠢ ᠠᠴᠠ ᠰᠠᠨᠠᠯ ᠳᠣᠷᠠᠳᠣᠯᠭ᠎ᠠ ᠦᠨᠡᠨᠬᠦ ᠨᠠᠶᠢᠳᠠᠪᠤᠷᠢᠵᠢᠭᠳᠠᠵᠤ ᠴᠢᠳᠠᠬᠤ ᠦᠭᠡᠢ ᠪᠠᠶᠢᠵᠤ᠂ ᠵᠠᠰᠠᠭ ᠤᠨ ᠣᠷᠳᠣᠨ ᠤ ᠱᠠᠭᠠᠷᠳᠠᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ ᠴᠢᠳᠠᠬᠤ ᠦᠭᠡᠢ ᠪᠠᠶᠢᠨ᠎ᠠ᠃ ᠬᠤᠶᠢᠰᠢᠳᠠ ᠪᠢᠳᠡ᠂ ᠠᠷᠠᠳ ᠤᠨ ᠲᠥᠯᠥᠭᠡᠯᠡᠭᠴᠢᠳ ᠠᠴᠠ ᠳᠣᠷᠠᠳᠣᠭᠰᠠᠨ ᠰᠠᠨᠠᠯ ᠳᠣᠷᠠᠳᠣᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠱᠠᠭᠠᠷᠳᠠᠨ ᠪᠠᠶᠢᠴᠠᠭᠠᠬᠤ᠂ ᠱᠠᠭᠠᠷᠳᠠᠨ ᠭᠦᠢᠴᠡᠳᠭᠡᠬᠦ ᠠᠵᠢᠯ ᠢ ᠰᠠᠶᠢᠳᠣᠷ ᠬᠢᠵᠦ᠂ ᠡᠯ᠎ᠡ ᠲᠥᠷᠥᠯ ᠤᠨ ᠰᠠᠨᠠᠯ ᠳᠣᠷᠠᠳᠣᠯᠭ᠎ᠠ ᠶᠢᠨ ᠦᠨᠡᠨᠬᠦ ᠨᠠᠶᠢᠳᠠᠪᠤᠷᠢᠵᠢᠭᠳᠠᠬᠤ ᠶᠢ ᠪᠠᠳᠣᠯᠠᠨ᠂ ᠰᠠᠨᠠᠯ ᠳᠣᠷᠠᠳᠣᠯᠭ᠎ᠠ ᠶᠢᠨ ᠵᠠᠰᠠᠭ ᠤᠨ ᠣᠷᠳᠣᠨ ᠤ ᠠᠵᠢᠯ ᠤᠨ ᠳᠣᠮᠳᠠᠬᠢ ᠱᠠᠭᠠᠷᠳᠠᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠥᠮᠡᠨ ᠳᠤ ᠬᠠᠨᠤᠮᠵᠢᠲᠠᠢ ᠬᠠᠷᠢᠭᠤᠯᠲᠠ ᠥᠭᠬᠦ ᠪᠠᠷ ᠴᠢᠷᠮᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号