ᠰᠢᠯᠤᠭᠤᠨ ᠬᠦᠬᠡ ᠬᠤᠰᠢᠭᠤᠨ ᠤ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ ᠠᠷᠠᠳ ᠤᠨ ᠲᠦᠯᠦᠭᠡᠯᠡᠭᠴᠢᠳ ᠠᠴᠠ ᠪᠢᠯᠧᠲ‌ᠦᠭᠴᠦ ᠰᠢᠢᠳᠪᠤᠷᠢ ᠳᠣᠭᠳᠠᠭᠠᠬᠤ ᠳᠥᠷᠢᠮ ᠤᠨ ᠳᠣᠬᠠᠢ ᠰᠠᠨᠠᠯ ︵ᠰᠠᠨᠠᠯ ᠬᠤᠷᠢᠶᠠᠬᠤ ᠨᠣᠣᠷᠠᠭ︶
ᠨᠡᠶᠢᠲᠡᠯᠡᠭᠰᠡᠨ ᠴᠠᠭ᠄
2019/3/20
                     ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽︿ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳ᠋ᠥ‌ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠲᠥᠷᠢᠮ ᠤᠨ ᠳᠣᠷᠰᠢᠯᠲᠠ ᠶᠢᠨ ᠴᠢᠭ ᠤᠨ ᠠᠵᠢᠯ ᠤᠨ ᠲᠥᠰᠥᠪ﹀ ᠢ ᠬᠡᠪᠯᠡᠨ ᠳᠠᠷᠬᠠᠭᠠᠬᠤ ᠳᠣᠬᠠᠢ ᠮᠡᠳᠡᠭᠳᠡᠯ︾ ︵ᠥᠪᠦᠷ ᠨᠠᠮ ᠠᠯᠪᠠᠨ ᠳᠠᠷᠬᠠᠭᠠᠬᠤ ﹇2018﹈ 41 ᠳᠣᠭᠠᠳᠣ︶ ᠤᠨ ᠵᠣᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠢᠮ ᠢ ᠪᠠᠷᠢᠮᠳᠠᠯᠠᠨ ᠲᠡᠭᠦᠯᠳᠡᠷᠵᠢᠭᠦᠯᠬᠦ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠰᠣᠷᠣᠯᠴᠠᠨ ᠲᠤᠤᠱᠯᠠᠭᠤᠯᠵᠤ᠂ ᠰᠢᠢᠳᠪᠦᠷᠢᠳᠣ ᠪᠤᠳᠣᠯᠭ᠎ᠠ ᠶᠢᠨ ᠠᠷᠠᠳᠴᠢᠯᠠᠯᠳᠣ ᠴᠢᠨᠠᠷ᠂ ᠰᠢᠨᠵᠢᠯᠡᠬᠦ ᠣᠬᠠᠭᠠᠨᠴᠢ ᠴᠢᠨᠠᠷ᠂ ᠬᠠᠣᠯᠢ ᠳᠥᠷᠢᠮᠵᠢᠳᠣ ᠴᠢᠨᠠᠷ ᠢ ᠤᠯᠠᠮ ᠠᠬᠢᠭᠤᠯᠬᠤ ᠶᠢᠨ ᠳᠣᠯᠠᠳᠠ᠂ ᠮᠠᠨ ᠤ ᠬᠤᠰᠢᠭᠤᠨ ᠤ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠳᠣᠷᠰᠢᠯᠲᠠ ᠶᠢᠨ ᠴᠢᠭ ᠤᠨ ᠠᠵᠢᠯ ᠳᠤ ᠳᠣᠣᠷᠠᠬᠢ ᠰᠠᠨᠠᠯ ᠳᠣᠷᠠᠳᠪᠠ᠃ ᠨᠢᠭᠡ᠂ ᠵᠢᠯᠤᠭᠤᠳᠬᠤ ᠦᠵᠡᠯ ᠰᠠᠨᠠᠭ᠎ᠠ          ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠳᠣᠰᠢᠶᠠᠯ ᠢᠶᠠᠨ ᠬᠠᠣᠯᠢ ᠶᠤᠰᠣᠭᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠢᠢᠳᠪᠤᠷᠢᠳᠣ ᠪᠤᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠠᠷᠠᠳᠴᠢᠯᠠᠯᠳᠣ ᠴᠢᠨᠠᠷ᠂ ᠬᠠᠣᠯᠢ ᠳᠥᠷᠢᠮᠴᠢ ᠴᠢᠨᠠᠷ ᠢ ᠨᠡᠮᠡᠭᠳᠡᠬᠦᠯᠦᠨ᠂ ᠠᠷᠠᠳ ᠤᠨ ᠪᠤᠳᠣᠯ ᠰᠠᠨᠠᠯ ᠢ ᠬᠦᠨᠳᠦᠳᠬᠡᠬᠦ᠂ ᠠᠷᠠᠳ ᠤᠨ ᠬᠦᠴᠦᠨ ᠢ ᠨᠢᠬᠡᠳᠬᠡᠨ ᠵᠤᠷᠢᠭ ᠢ ᠬᠦᠪᠴᠢᠯᠡᠬᠦ᠂ ᠠᠷᠠᠳ ᠤᠨ ᠠᠮᠢᠳᠣᠷᠠᠯ ᠳᠤ ᠦᠢᠯᠡᠴᠢᠯᠡᠬᠦ ᠪᠠᠷ ᠦᠨᠳᠦᠰᠦᠨ ᠬᠠᠷᠠᠯᠲᠠ ᠪᠣᠯᠭᠠᠨ᠂ ᠡᠮᠬᠢ ᠲᠢᠭᠯᠢᠮ ᠲᠠᠢ᠂ ᠬᠥᠭᠵᠢᠯᠳᠡ ᠶᠢᠨ ᠲᠠᠯ᠎ᠠ ᠪᠠᠷ ᠰᠢᠨ᠎ᠡ ᠡᠭᠦᠳᠦᠯᠳᠡ ᠲᠠᠢ᠂ ᠪᠤᠳᠠᠳᠣ ᠦᠷ᠎ᠡ ᠪᠦᠳᠦᠮᠵᠢ ᠶᠢ ᠡᠷᠢᠯᠬᠢᠯᠡᠬᠦ ᠪᠠᠷ ᠠᠵᠢᠯ ᠤᠨ ᠵᠠᠷᠴᠢᠮ ᠪᠣᠯᠭᠠᠨ᠂ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠪᠠᠷ ᠭᠤᠣᠯ ᠠᠭᠤᠯᠭ᠎ᠠ ᠪᠤᠯᠭᠠᠨ᠂ ᠵᠠᠰᠠᠭ ᠤᠨ ᠣᠷᠳᠣᠨ ᠠᠴᠠ ᠬᠡᠷᠡᠭᠵᠢᠭᠦᠯᠦᠭᠰᠡᠨ ᠢᠨᠵᠧᠨᠧᠷᠢᠩ ᠳᠤ ᠠᠷᠠᠳ ᠣᠯᠠᠨ ᠬᠠᠨᠤᠮᠵᠢᠲᠠᠢ ᠪᠠᠶᠢᠬᠤ ᠬᠠᠷᠠᠯᠳᠠ ᠳᠤ ᠬᠦᠷᠦᠨ᠎ᠡ᠃ᠬᠤᠶᠠᠷ᠂ ᠦᠨᠳᠦᠰᠦᠨ ᠠᠭᠤᠯᠭ᠎ᠠ          ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠰᠢᠢᠳᠪᠦᠷᠢ ᠳᠣᠭᠳᠠᠭᠠᠬᠤ ᠳᠥᠷᠢᠮ ︵ᠳᠥᠭᠦᠮᠴᠢᠯᠠᠨ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠭᠡᠪᠡ︶ ᠨᠢ ᠵᠠᠰᠠᠭ ᠤᠨ ᠣᠷᠳᠣᠨ ᠠᠴᠠ ᠠᠷᠠᠳ ᠲᠥᠮᠡᠨ ᠤ ᠰᠠᠨᠠᠯ ᠢ ᠥᠷᠭᠡᠨ ᠬᠡᠪᠴᠢᠶ᠎ᠡ ᠪᠠᠷ ᠬᠦᠯᠢᠶᠡᠨ ᠠᠪᠤᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠣᠷᠠᠯ ᠳᠤ ᠪᠤᠳᠠᠳᠠᠢ ᠱᠠᠭᠠᠷᠳᠠᠭᠳᠠᠵᠤ ᠪᠠᠶᠢᠭ᠎ᠠ ᠲᠥᠷᠥᠯ ᠵᠦᠢᠯ ᠢ ᠳᠣᠷᠠᠳᠴᠣ᠂ ᠠᠳᠠᠯᠢ ᠱᠠᠳᠣᠨ ᠤ ᠠᠷᠠᠳ ᠤᠨ ᠲᠥᠯᠥᠭᠡᠯᠡᠭᠴᠢᠳ ᠠᠴᠠ ᠲᠤᠰ ᠱᠠᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ ᠪᠢᠯᠧᠲ ᠥᠭᠴᠦ ᠲᠥᠷᠥᠯ ᠵᠦᠢᠯ ᠤᠨ ᠵᠢᠩᠬᠢᠨᠢ ᠪᠠᠷ ᠬᠡᠷᠡᠭᠵᠢᠭᠦᠯᠦᠭᠳᠡᠬᠦ ᠡᠰᠡᠬᠦ ᠶᠢ ᠳᠣᠭᠳᠠᠭᠠᠵᠤ᠂ ᠵᠠᠰᠠᠭ ᠤᠨ ᠣᠷᠳᠣᠨ ᠠᠴᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠪᠠ ᠠᠷᠠᠳ ᠣᠯᠠᠨ ᠤ ᠬᠢᠨᠠᠯᠲᠠ ᠶᠢ ᠬᠦᠯᠢᠶᠡᠬᠦ ᠲᠥᠷᠢᠮ ᠢ ᠵᠢᠭᠠᠵᠤ ᠪᠤᠢ᠃ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠳᠤ ᠬᠠᠮᠤᠷᠤᠭᠳᠠᠬᠤ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠨᠢ ᠭᠤᠤᠯᠳᠠᠭᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠴᠢᠨᠠᠷᠳᠠᠢ ᠪᠡᠯᠡ ᠣᠷᠣᠭᠤᠯᠣᠯᠳᠠ ᠪᠠᠷ ᠭᠤᠣᠯ ᠪᠤᠯᠭᠠᠭᠰᠠᠨ᠂ ᠵᠠᠰᠠᠭ ᠤᠨ ᠣᠷᠳᠣᠨ ᠤ ᠲᠤᠰ ᠵᠠᠰᠠᠭ ᠵᠠᠬᠢᠷᠭᠠᠨ ᠤ ᠬᠦᠷᠢᠶ᠎ᠡ ᠴᠠᠷ᠎ᠠ ᠳᠤ ᠬᠡᠷᠡᠭᠵᠢᠭᠦᠯᠦᠭᠰᠡᠨ ᠣᠯᠠᠨ ᠲᠥᠮᠡᠨ ᠳᠤ ᠠᠰᠢᠭ ᠬᠦᠷᠳᠡᠭᠡᠬᠦ ᠴᠢᠨᠠᠷᠳᠠᠢ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠪᠠ ᠨᠡᠶᠢᠭᠡᠮ ᠤᠨ ᠦᠷ᠎ᠡ ᠠᠰᠢᠭ ᠢᠶᠠᠷ ᠳᠣᠪᠣᠶᠢᠮ᠎ᠠ ᠠᠷᠠᠳ ᠤᠨ ᠠᠮᠢᠳᠣᠷᠠᠯ ᠤᠨ ᠳᠣᠬᠠᠢ ᠲᠠᠢ ᠣᠯᠠᠨ ᠨᠡᠶᠢᠳᠡ ᠶᠢᠨ ᠠᠵᠢᠯ ᠦᠢᠯᠡᠰ ᠤᠨ ᠲᠥᠷᠥᠯ ᠵᠦᠢᠯ ᠪᠤᠯᠤᠨ᠎ᠠ᠃ ᠶᠡᠷᠦ ᠶᠢᠨ ᠪᠠᠶᠢᠳᠠᠯ ᠳᠣᠣᠷ᠎ᠠ ᠲᠤᠰ ᠵᠢᠯ ᠳᠡᠭᠡᠨ ᠠᠵᠢᠯ ᠳᠠᠭᠤᠰᠬᠠᠬᠤ ᠲᠥᠷᠥᠯ ᠵᠦᠢᠯ ᠪᠠᠶᠢᠳᠠᠭ᠃ ᠬᠡᠷᠪᠡ ᠵᠢᠯ ᠠᠯᠤᠰᠯᠠᠨ ᠬᠤᠪᠢᠶᠠᠨ ᠭᠦᠢᠴᠡᠳᠬᠡᠪᠡᠯ᠂ ᠣᠨ ᠤ ᠠᠵᠢᠯ ᠤᠨ ᠬᠠᠷᠠᠯᠲᠠ ᠪᠠᠨ ᠲᠤᠳᠤᠷᠬᠠᠢ ᠲᠤᠭᠳᠠᠭᠠᠬᠤ ᠬᠡᠷᠡᠭᠳᠡᠢ᠃ᠭᠤᠷᠪᠠ᠂ ᠠᠵᠢᠯ ᠤᠨ ᠵᠠᠷᠴᠢᠮ          ︵ᠨᠢᠭᠡ︶ ᠨᠠᠮ ᠤᠨ ᠣᠳᠣᠷᠢᠳᠣᠯᠭ᠎ᠠ ᠶᠢ ᠪᠠᠷᠢᠮᠳᠠᠯᠠᠨ᠎ᠠ᠃ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ᠂ ᠠᠷᠠᠳ ᠲᠥᠮᠡᠨ ᠡᠷᠬᠡ ᠮᠡᠳᠡᠨ ᠡᠵᠡᠨ ᠰᠠᠭᠤᠬᠤ᠂ ᠬᠠᠣᠯᠢ ᠶᠤᠰᠣᠭᠠᠷ ᠣᠯᠣᠰ ᠢᠶᠠᠨ ᠵᠠᠰᠠᠬᠤ ᠶᠢ ᠣᠷᠭᠠᠨᠢᠭ ᠢᠶᠠᠷ ᠣᠶᠠᠯᠳᠣᠭᠤᠯᠤᠨ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠭᠠᠵᠠᠷ ᠣᠷᠣᠨ ᠤ ᠨᠠᠮ ᠤᠨ ᠬᠤᠷᠢᠶᠠᠨ ᠤ ᠴᠢᠬᠤᠯᠠ ᠶᠠᠷᠢᠯᠴᠠᠬᠤ ᠰᠡᠳᠦᠪ ᠲᠤ ᠣᠷᠣᠭᠤᠯᠤᠨ᠂ ᠵᠤᠬᠢᠶᠠᠨ ᠪᠠᠶᠢᠭᠤᠯᠤᠯᠳᠠ ᠶᠢᠨ ᠣᠳᠣᠷᠢᠳᠣᠯᠭ᠎ᠠ ᠪᠠ ᠨᠢᠭᠡᠳᠣᠯᠳᠠᠢ ᠲᠥᠯᠥᠪᠵᠢᠭᠦᠯᠭᠡ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠭᠠᠷ ᠡᠷᠬᠡ ᠳᠣᠰᠢᠶᠠᠯ ᠢᠶᠠᠨ ᠭᠦᠢᠴᠡᠳᠭᠡᠬᠦ ᠶᠢ ᠠᠬᠢᠭᠤᠯᠤᠨ ᠪᠠᠳᠣᠯᠠᠨ᠎ᠠ᠃          ︵ᠬᠤᠶᠠᠷ︶ ᠠᠷᠠᠳᠴᠢᠯᠠᠯ ᠢ ᠭᠦᠢᠴᠡᠳ ᠪᠠᠳᠠᠷᠠᠭᠤᠯᠤᠨ᠎ᠠ᠃ ᠠᠷᠠᠳ ᠲᠥᠮᠡᠨ ᠢᠶᠠᠷ ᠭᠤᠣᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠲᠥᠯᠥᠭᠡᠯᠡᠭᠴᠢᠳ ᠤᠨ ᠭᠤᠣᠯ ᠪᠣᠯᠬᠤ ᠪᠠᠶᠢᠷᠢ ᠰᠠᠭᠤᠷᠢ ᠶᠢ ᠬᠦᠨᠳᠦᠳᠬᠡᠨ᠂ ᠠᠷᠠᠳ ᠤᠨ ᠰᠠᠨᠠᠯ ᠪᠤᠳᠣᠯᠭ᠎ᠠ ᠶᠢ ᠥᠷᠭᠡᠨ ᠢᠶᠠᠷ ᠬᠦᠯᠢᠶᠡᠨ ᠠᠪᠴᠣ᠂ ᠠᠷᠠᠳ ᠲᠥᠮᠡᠨ ᠤ ᠬᠦᠰᠡᠯ ᠪᠣᠳᠣᠯ ᠢ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠤᠨ ᠳᠣᠮᠳᠠ ᠢᠯᠡᠷᠡᠭᠦᠯᠦᠨ᠎ᠡ᠃          ︵ᠭᠤᠷᠪᠠ︶ ᠬᠠᠣᠯᠢ ᠶᠤᠰᠣᠭᠠᠷ ᠠᠵᠢᠯ ᠶᠠᠪᠤᠳᠠᠯ ᠢ ᠭᠦᠢᠴᠡᠳᠬᠡᠨ᠎ᠡ᠃ ᠬᠠᠣᠯᠢ ᠶᠤᠰᠣᠭᠠᠷ᠂ ᠠᠯᠬᠤᠮ ᠳᠠᠷᠠᠭ᠎ᠠ  ᠲᠠᠢ ᠪᠠᠷ ᠠᠵᠢᠯ ᠢᠶᠠᠨ ᠥᠷᠨᠢᠭᠦᠯᠬᠦ ᠶᠢ ᠪᠠᠷᠢᠮᠳᠠᠯᠠᠨ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠢ ᠡᠯ᠎ᠡ ᠱᠠᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢ ᠪᠡᠶ᠎ᠡ ᠶᠢᠨ ᠴᠢᠳᠠᠪᠬᠢ ᠳᠠᠭᠠᠨ ᠳᠦᠰᠢᠭᠯᠡᠵᠦ ᠂ ᠬᠠᠣᠯᠢ ᠶᠤᠰᠣᠭᠠᠷ ᠡᠷᠬᠡ ᠳᠣᠰᠢᠶᠠᠯ ᠢᠶᠠᠨ ᠭᠦᠢᠴᠡᠳᠬᠡᠬᠦ ᠠᠵᠢᠯ ᠪᠤᠯᠭᠠᠨ᠂ ᠬᠠᠣᠯᠢ ᠳᠤ ᠳᠣᠭᠳᠠᠭᠠᠭᠰᠠᠨ ᠡᠷᠬᠡ ᠬᠠᠷᠢᠭᠤᠴᠠᠯᠭ᠎ᠠ ᠶᠤᠰᠣᠭᠠᠷ᠂ ᠠᠵᠢᠯᠯᠠᠭ᠎ᠠ ᠶᠢ ᠳᠥᠷᠢᠮᠵᠢᠭᠦᠯᠦᠨ᠂ ᠠᠯᠬᠤᠮ ᠳᠠᠷᠠᠭ᠎ᠠ ᠨᠢ ᠳᠦᠭᠦᠮ ᠲᠥᠳᠡ᠂ ᠪᠣᠳᠠᠳᠣ ᠬᠡᠷᠡᠭᠴᠡᠭᠡ ᠲᠠᠢ ᠪᠠᠶᠢᠬᠤ ᠶᠢ ᠦᠨᠡᠨᠬᠦ ᠪᠡᠶᠡᠯᠡᠭᠦᠯᠦᠨ᠎ᠡ᠃          ︵ᠳᠥᠷᠪᠡ︶ ᠦᠷ᠎ᠡ ᠪᠦᠳᠦᠮᠵᠢ ᠶᠢ ᠳᠣᠪᠣᠶᠢᠯᠭᠠᠨ᠎ᠠ᠃ ᠭᠤᠣᠯᠳᠠᠯᠭ᠎ᠠ ᠶᠢᠨ ᠳᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠳᠠᠯᠠᠨ᠂ ᠲᠥᠷᠥᠯ ᠵᠦᠢᠯ ᠢ ᠪᠦᠳᠦᠮᠵᠢᠲᠠᠢ ᠬᠡᠷᠡᠭᠵᠢᠭᠦᠯᠬᠦ ᠪᠠᠷ ᠬᠠᠷᠠᠯᠲᠠ ᠪᠤᠯᠭᠠᠨ᠂ ᠭᠤᠣᠯᠳᠠᠯᠭ᠎ᠠ ᠶᠢ ᠠᠳᠬᠤᠨ᠂ ᠪᠤᠳᠠᠳᠠᠢ ᠦᠷ᠎ᠡ ᠪᠦᠳᠦᠮᠵᠢ ᠶᠢ ᠡᠷᠬᠢᠮᠯᠡᠨ᠎ᠡ᠃ ᠪᠤᠳᠠᠳᠠᠢ ᠲᠥᠷᠥᠯ ᠵᠦᠢᠯ ᠢ ᠬᠡᠷᠡᠭᠵᠢᠭᠦᠯᠬᠦ ᠳᠡᠭᠡᠨ ︽ᠥᠩᠭᠡᠨ ᠲᠠᠯ᠎ᠠ ᠶᠢ ᠬᠥᠭᠡᠭᠡᠴᠡᠯᠳᠦᠬᠦ ︾ ᠶᠢ ᠰᠡᠷᠬᠡᠶᠢᠯᠡᠵᠦ᠂ ᠲᠥᠷᠥᠯ ᠵᠦᠢᠯ ᠢ ᠴᠤᠭᠯᠠᠭᠤᠯᠬᠤ ᠪᠠ ᠠᠩᠬ᠎ᠠ ᠠᠯᠬᠤᠮ ᠪᠠᠳᠣᠯᠠᠬᠤ  ᠳᠠᠭᠠᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠬᠤᠷᠢᠶᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠠᠯᠬᠤᠮ ᠳᠠᠷᠠᠭ᠎ᠠ ᠶᠢ ᠵᠢᠷᠤᠮᠯᠠᠨ᠂ ᠲᠥᠷᠥᠯ ᠵᠦᠢᠯ ᠤᠨ ᠡᠬᠢᠨ ᠤ ᠬᠤᠭᠤᠴᠠᠭᠠᠨ ᠳᠠᠬᠢ ᠨᠤᠳᠠᠯᠠᠯᠳᠠ ᠶᠢ ᠡᠷᠴᠢᠮᠵᠢᠭᠦᠯᠦᠨ᠂ ᠲᠥᠷᠥᠯ ᠵᠦᠢᠯ ᠢ ᠴᠢᠩᠭ᠎ᠠ ᠠᠳᠬᠤᠨ᠎ᠠ᠃          ︵ᠲᠠᠪᠤ︶ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠎ᠠ᠃ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠡᠷᠡᠭᠵᠢᠭᠦᠯᠬᠦ ᠳᠡᠭᠡᠨ ᠪᠦᠬᠦᠶᠢᠯᠡ ᠬᠦᠴᠦᠨ ᠴᠢᠳᠠᠯ ᠢᠶᠠᠨ ᠰᠢᠪᠬᠠᠬᠤ ᠪᠠᠷ ᠪᠠᠷᠠᠬᠤ ᠦᠭᠡᠢ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠳᠡᠢ᠃ ᠬᠡᠪᠴᠢᠶ᠎ᠡ ᠪᠠ ᠪᠡᠯᠡ ᠣᠷᠣᠭᠤᠯᠣᠯᠳᠠ ᠪᠠᠷ ᠶᠡᠭᠡ᠂ ᠪᠠᠷᠢᠯᠭ᠎ᠠ ᠶᠢᠨ ᠬᠤᠭᠤᠴᠠᠭ᠎ᠠ ᠨᠢ ᠣᠷᠳᠣ ᠲᠥᠷᠥᠯ ᠵᠦᠢᠯ ᠢ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠤᠨ ᠬᠡᠪᠴᠢᠶᠡᠨ ᠳᠤ ᠵᠢᠭᠰᠠᠭᠠᠬᠤ ᠦᠭᠡᠢ᠃ ᠪᠢᠯᠧᠲ ᠥᠭᠴᠦ ᠳᠣᠭᠳᠠᠭᠠᠬᠤ ᠲᠥᠷᠥᠯ ᠵᠦᠢᠯ ᠨᠢ ᠡᠷᠭᠡᠪᠰᠢ ᠳᠣᠳᠣᠷᠬᠠᠢ ᠪᠡᠯᠡ ᠣᠷᠣᠭᠤᠯᠣᠯᠳᠠ ᠲᠠᠢ ᠪᠠᠶᠢᠬᠤ ᠪᠠᠷ ᠪᠠᠷᠠᠬᠤ ᠦᠭᠡᠢ᠂ ᠵᠠᠰᠠᠭ ᠤᠨ ᠣᠷᠳᠣᠨ ᠤ ᠡᠳ᠋ ᠤᠨ ᠬᠦᠴᠦᠨ ᠠᠴᠠ ᠬᠡᠳᠦᠷᠡᠨ᠂ ᠳᠥᠷᠢᠮ ᠵᠥᠷᠢᠴᠡᠨ ᠥᠷᠢᠳᠦᠵᠦ᠂ ᠳᠠᠯᠳᠠ ᠥᠷᠢ ᠥᠭᠴᠡᠭᠡ ᠶᠢ ᠨᠡᠮᠡᠭᠳᠡᠭᠦᠯᠬᠦ ᠠᠴᠠ ᠪᠤᠯᠭᠤᠮᠵᠢᠯᠠᠨ᠂ ᠳᠣᠭᠳᠠᠭᠰᠠᠨ ᠳᠣᠭᠠᠨ ᠤ ᠥᠷᠢ ᠥᠭᠴᠡᠭᠡ ᠠᠴᠠ ᠬᠡᠲᠦᠷᠡᠭᠦᠯᠵᠦ ᠪᠣᠯᠬᠤ ᠦᠭᠡᠢ᠃ ᠳᠡᠭᠡᠳᠦ ᠱᠠᠳᠣᠨ ᠠᠴᠠ ᠪᠠᠭᠤᠯᠭᠠᠭᠰᠠᠨ ᠨᠡᠶᠢᠭᠡᠮ ᠤᠨ ᠠᠵᠢᠯ ᠦᠢᠯᠡᠰ᠂ ᠠᠮᠢ ᠠᠬᠤᠢ ᠣᠷᠴᠢᠨ ᠳᠣᠭᠤᠷᠢᠨ ᠤ ᠲᠠᠯ᠎ᠠ ᠪᠠᠷ ᠳᠡᠮᠵᠢᠯᠭᠡ ᠦᠵᠡᠭᠦᠯᠬᠦ ᠪᠡᠯᠡ ᠮᠦᠩᠬᠦ ᠶᠢ ᠬᠤᠰᠢᠭᠤ᠂ ᠰᠣᠮᠣ ᠪᠠᠯᠭᠠᠰᠣᠨ ᠤ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠬᠡᠷᠡᠭᠵᠢᠭᠦᠯᠦᠯᠳᠡ ᠳᠤ ᠵᠠᠷᠣᠴᠠᠭᠤᠯᠬᠤ ᠶᠢ ᠣᠷᠮᠠᠰᠢᠭᠤᠯᠤᠨ᠎ᠠ᠃ᠲᠥᠷᠪᠡ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠳᠣᠷᠰᠢᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠ ᠬᠡᠷᠡᠭᠵᠢᠭᠦᠯᠬᠦ ᠠᠷᠭ᠎ᠠ ᠵᠠᠮ          ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠡᠳᠣᠯᠳᠠᠢ ᠪᠠᠶᠢᠷᠢᠯᠠᠭᠤᠯᠤᠯᠳᠠ ᠶᠢ ᠦᠨᠳᠦᠰᠦᠯᠡᠨ᠂ ᠮᠠᠨ ᠤ ᠬᠤᠰᠢᠭᠤ ᠨᠢ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠭᠤᠷᠪᠠᠨ ᠠᠯᠬᠤᠮ ᠢᠶᠠᠷ ᠦᠷᠨᠢᠭᠦᠯᠦᠨ᠎ᠡ᠃          ᠨᠢᠭᠡᠳᠦᠭᠡᠷ ᠠᠯᠬᠤᠮ ᠳᠤ᠂ ᠳᠣᠷᠰᠢᠨ ᠬᠡᠷᠡᠭᠵᠢᠭᠦᠯᠦᠨ᠎ᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠠᠨᠢᠯᠴᠠᠭᠤᠯᠭ᠎ᠠ ᠪᠠ ᠥᠪᠡᠷᠳᠡᠭᠡᠨ ᠵᠠᠰᠠᠬᠤ ᠤᠷᠤᠨ ᠤ ᠰᠣᠳᠣᠯᠣᠨ ᠶᠠᠷᠢᠯᠴᠠᠭᠰᠠᠨ ᠢᠶᠠᠷ᠂ ᠮᠠᠨ ᠤ ᠬᠤᠰᠢᠭᠤᠨ ᠤ ᠨᠠᠷᠠᠲᠤ ᠰᠣᠮᠣ ᠶᠢ 2019 ᠣᠨ ᠤ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠳᠣᠷᠰᠢᠯᠲᠠ ᠶᠢᠨ ᠴᠢᠭ ᠢᠶᠠᠷ ᠳᠣᠭᠳᠠᠭᠠᠪᠠ᠃          ᠬᠤᠶᠠᠳᠣᠭᠠᠷ ᠠᠯᠬᠤᠮ ᠳᠤ᠂ ᠠᠯᠭᠤᠷ ᠢᠶᠠᠷ ᠠᠬᠢᠭᠤᠯᠤᠨ᠎ᠠ᠃ 2020 ᠣᠨ ᠳᠤ ᠳᠣᠷᠰᠢᠯᠲᠠ ᠶᠢᠨ ᠴᠢᠭ ᠢᠶᠠᠨ ᠬᠤᠰᠢᠭᠤ ᠪᠠ ᠱᠠᠩᠳᠣ ᠪᠠᠯᠭᠠᠰᠣ᠂ ᠰᠠᠩ ᠤᠨ ᠳᠠᠯᠠᠢ ᠪᠠᠯᠭᠠᠰᠣ᠂ ᠬᠠᠪᠢᠷᠭ᠎ᠠ ᠪᠠᠯᠭᠠᠰᠣᠨ ᠳᠤ ᠥᠷᠭᠡᠳᠬᠡᠨ᠎ᠡ᠃          ᠭᠤᠷᠪᠠᠳᠣᠭᠠᠷ ᠠᠯᠬᠤᠮ ᠳᠤ᠂ ᠪᠦᠬᠦ ᠲᠠᠯ᠎ᠠ ᠪᠠᠷ ᠠᠬᠢᠭᠤᠯᠤᠨ᠎ᠠ᠃ 2021 ᠣᠨ ᠳᠤ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠲᠥᠷᠢᠮ ᠢ ᠰᠠᠶᠢᠨᠬᠤᠳᠳᠤᠭ ᠰᠣᠮᠣ᠂ ᠪᠤᠱᠣᠣᠳᠠᠢ ᠰᠣᠮᠣ᠂ ᠵᠢᠭᠠᠰᠣᠳᠠᠢ ᠰᠣᠮᠣ ᠳᠤ ᠪᠦᠬᠦ ᠲᠠᠯ᠎ᠠ ᠪᠠᠷ ᠠᠬᠢᠭᠤᠯᠤᠨ᠎ᠠ᠃ᠲᠠᠪᠤ᠂ ᠭᠤᠣᠯ ᠪᠣᠯᠬᠤ ᠠᠷᠭ᠎ᠠ ᠬᠡᠮᠵᠢᠶ᠎ᠡ ᠪᠠ ᠠᠵᠢᠯ ᠤᠨ ᠠᠯᠬᠤᠮ ᠳᠠᠷᠠᠭ᠎ᠠ          ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠳᠤ ᠠᠷᠠᠳ ᠤᠨ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠢ ᠭᠤᠷᠪᠠᠨ ᠱᠠᠳᠣ᠂ ᠵᠢᠷᠭᠤᠭᠠᠨ ᠶᠠᠪᠤᠴᠠ ᠪᠠᠷ ᠶᠠᠪᠤᠭᠳᠠᠭᠤᠯᠤᠨ᠎ᠠ᠃           ︵ᠨᠢᠭᠡ︶ ᠲᠥᠷᠥᠯ ᠵᠦᠢᠯ ᠢ ᠴᠤᠭᠯᠠᠭᠤᠯᠬᠤ ᠠᠩᠬᠠᠨ ᠤ ᠱᠠᠳᠣᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠳᠣᠯᠠᠬᠤ ᠶᠢᠨ ᠳᠣᠯᠠᠳᠠ᠂ ᠲᠥᠷᠥᠯ ᠵᠦᠢᠯ ᠢ ᠠᠩᠬ᠎ᠠ ᠳᠣᠷᠠᠳᠬᠤ ᠦᠶᠡᠰ ᠵᠠᠰᠠᠭ ᠤᠨ ᠣᠷᠳᠣᠨ ᠤ ᠭᠤᠣᠯᠯᠠᠭᠴᠢ ᠦᠢᠯᠡᠳᠦᠯ ᠢ ᠪᠠᠳᠠᠷᠠᠭᠤᠯᠤᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠢ ᠢᠳᠡᠪᠬᠢᠲᠠᠢ ᠵᠤᠬᠢᠶᠠᠨ ᠪᠠᠶᠢᠭᠤᠯᠤᠨ ᠣᠷᠣᠯᠴᠠᠭᠤᠯᠬᠤ ᠬᠡᠷᠡᠭᠳᠡᠢ᠃          ᠨᠢᠭᠡᠳᠦᠭᠡᠷ ᠶᠠᠪᠤᠴᠠ᠄ ᠲᠥᠷᠥᠯ ᠵᠦᠢᠯ ᠢ ᠴᠤᠭᠯᠠᠭᠤᠯᠬᠤ1. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠳᠣᠬᠠᠢ ᠰᠠᠨᠠᠯ ᠬᠤᠷᠢᠶᠠᠬᠤ ᠡᠳᠡᠭᠡᠳ᠄ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠃ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ᠂ ᠰᠣᠮᠣ ᠪᠠᠯᠭᠠᠰᠣ᠂ ᠦᠨᠳᠦᠰᠦᠨ ᠱᠠᠳᠣᠨ ᠤ ᠵᠤᠬᠢᠶᠠᠨ ᠪᠠᠶᠢᠭᠤᠯᠤᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠬᠢᠨ᠃2. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠳᠣᠬᠠᠢ ᠰᠠᠨᠠᠯ ᠬᠤᠷᠢᠶᠠᠬᠤ ᠵᠠᠷᠴᠢᠮ᠄ ᠠᠷᠠᠳ ᠤᠨ ᠰᠠᠨᠠᠯ ᠢ ᠬᠦᠨᠳᠦᠳᠬᠡᠨ᠂ ᠠᠷᠠᠳ ᠤᠨ ᠠᠮᠢᠳᠣᠷᠠᠯ ᠢ ᠳᠣᠪᠣᠶᠢᠯᠭᠠᠨ᠎ᠠ᠃ ᠡᠷᠬᠡ ᠳᠡᠭᠰᠢ ᠪᠠᠷ ᠨᠡᠶᠢᠳᠡ ᠶᠢᠨ ᠠᠰᠠᠷᠠᠮᠵᠢ ᠬᠦᠷᠳᠡᠭᠡᠵᠦ᠂ ᠬᠠᠮᠳᠣ ᠪᠠᠷ ᠡᠳ᠋ᠯᠡᠨ᠎ᠡ᠃ ᠪᠦᠬᠦ ᠴᠢᠳᠠᠯ ᠢᠶᠠᠨ ᠰᠢᠪᠬᠠᠨ᠂ ᠴᠢᠳᠠᠯ ᠤᠨ ᠢᠶᠠᠨ ᠬᠢᠷᠢ ᠪᠠᠷ ᠭᠦᠢᠴᠡᠳᠬᠡᠨ᠎ᠡ᠃3. ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠰᠠᠨᠠᠭᠠᠴᠢᠯᠠᠨ ᠳᠣᠷᠠᠳᠣᠭᠰᠠᠨ ᠲᠥᠷᠥᠯ ᠵᠦᠢᠯ ᠤᠨ ᠳᠣᠬᠠᠢ ᠰᠠᠨᠠᠯ ᠬᠤᠷᠢᠶᠠᠬᠤ ᠠᠷᠭ᠎ᠠ ᠪᠠ ᠱᠠᠭᠠᠷᠳᠠᠯᠭ᠎ᠠ᠄ ᠴᠠᠭ ᠤᠨ ᠪᠠᠶᠢᠷᠢᠯᠠᠭᠤᠯᠤᠯᠳᠠ ᠶᠢᠨ ᠲᠠᠯ᠎ᠠ ᠪᠠᠷ᠂ ᠢᠯᠡ ᠪᠠᠷ ᠵᠠᠷᠯᠠᠬᠤ ᠬᠤᠭᠤᠴᠠᠭ᠎ᠠ ᠶᠢ ᠨᠢᠭᠡ ᠰᠠᠷ᠎ᠠ ᠠᠴᠠ ᠣᠬᠤᠷ ᠪᠠᠶᠢᠯᠭᠠᠵᠤ ᠪᠣᠯᠬᠤ ᠦᠭᠡᠢ᠃ ᠴᠤᠭᠯᠠᠭᠤᠯᠬᠤ ᠠᠷᠭ᠎ᠠ ᠪᠠᠷᠢᠯ᠄ ᠰᠣᠨᠢᠨ ᠮᠡᠳᠡᠭᠡ᠂ ᠵᠠᠭᠤᠴᠢᠯᠠᠭᠤᠷ᠂ ᠪᠢᠴᠢᠭ ᠮᠠᠲ᠋ᠧᠷᠢᠶᠠᠯ᠂ ᠰᠠᠭᠤᠳᠠᠯ ᠤᠨ ᠬᠤᠷᠠᠯ᠂ ᠰᠣᠳᠣᠯᠣᠨ ᠪᠠᠶᠢᠴᠠᠭᠠᠯᠳᠠ ᠵᠡᠷᠭᠡ ᠣᠯᠠᠨ ᠠᠷᠭ᠎ᠠ ᠬᠡᠯᠪᠡᠷᠢ ᠶᠢ ᠠᠰᠢᠭᠯᠠᠨ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ‌‍ᠲ᠋ᠥ᠋ᠷᠥᠯ ᠵᠦᠢᠯ ᠤᠨ ᠳᠣᠬᠠᠢ ᠰᠠᠨᠠᠯ ᠬᠤᠷᠢᠶᠠᠵᠦ᠂ ᠢᠨᠵᠧᠨᠧᠷᠢᠩ ᠤᠨ ᠲᠥᠷᠥᠯ ᠵᠦᠢᠯ ᠪᠠ ᠪᠡᠯᠡ ᠣᠷᠣᠭᠤᠯᠣᠯᠳᠠ ᠶᠢᠨ ᠬᠡᠮᠵᠢᠶ᠎ᠡ ᠵᠡᠷᠭᠡ ᠪᠠᠨ ᠲᠣᠳᠣᠷᠬᠠᠶᠢᠯᠠᠬᠤ ᠶᠢᠨ ᠬᠠᠮᠳᠣ ᠣᠯᠠᠨ ᠨᠠᠶᠢᠳᠠ ᠶᠢᠨ ᠰᠠᠨᠠᠯ ᠢ ᠬᠦᠯᠢᠶᠡᠭᠰᠡᠨ ᠪᠠᠶᠢᠳᠠᠯ ᠢᠶᠠᠨ ᠳᠣᠰᠬᠠᠬᠤ ᠬᠡᠷᠡᠭᠳᠡᠢ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠨᠢ ᠲᠥᠯᠥᠭᠡᠯᠡᠭᠴᠢᠳ ᠤᠨ ᠬᠦᠳᠡᠯᠪᠤᠷᠢ ᠶᠢᠨ ᠥᠷᠥᠭᠡ᠂ ᠠᠷᠠᠳ ᠤᠨ ᠲᠥᠯᠥᠭᠡᠯᠡᠭᠴᠢᠳ ᠤᠨ ᠬᠠᠷᠢᠯᠴᠠᠬᠤ ᠥᠷᠳᠡᠭᠡ᠂ ᠸᠢᠴᠠᠲ ᠳᠠᠪᠴᠠᠩ ᠵᠡᠷᠭᠡ  ᠳᠤ ᠲᠥᠰᠢᠭᠯᠡᠨ᠂ ᠠᠷᠠᠳ ᠤᠨ ᠲᠥᠯᠥᠭᠡᠯᠡᠭᠴᠢᠳ ᠢ ᠵᠤᠬᠢᠶᠠᠨ ᠪᠠᠶᠢᠭᠤᠯᠤᠨ ᠠᠷᠠᠳ ᠤᠨ ᠰᠠᠨᠠᠯ ᠢ ᠰᠣᠨᠣᠰᠴᠣ᠂ ᠲᠥᠷᠥᠯ ᠵᠦᠢᠯ ᠳᠤ ᠬᠤᠯᠪᠤᠭᠳᠠᠬᠤ ᠰᠠᠨᠠᠯ ᠰᠠᠨᠠᠭᠤᠯᠭ᠎ᠠ ᠶᠢ ᠢᠳᠡᠪᠬᠢᠳᠡᠢ ᠳᠣᠷᠠᠳᠣᠨ᠎ᠠ᠃ᠬᠤᠶᠠᠳᠣᠭᠠᠷ ᠶᠠᠪᠤᠴᠠ᠄ ᠲᠥᠷᠥᠯ ᠵᠦᠢᠯ ᠢ ᠠᠩᠬ᠎ᠠ ᠠᠯᠬᠤᠮ ᠳᠣᠭᠳᠠᠭᠠᠬᠤ4.ᠡᠮᠬᠢᠳᠭᠡᠨ ᠰᠣᠩᠭᠤᠬᠤ᠃ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠣ᠂ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠴᠤᠭᠯᠠᠭᠤᠯᠬᠤ ᠵᠠᠷᠴᠢᠮ ᠪᠠ ᠱᠠᠭᠠᠷᠳᠠᠯᠭ᠎ᠠ ᠶᠤᠰᠣᠭᠠᠷ᠂ ᠴᠤᠭᠯᠠᠭᠤᠯᠤᠭᠰᠠᠨ ᠰᠠᠨᠠᠯ ᠢ ᠲᠥᠷᠥᠯ ᠬᠤᠪᠢᠶᠠᠨ᠂ ᠡᠮᠬᠢᠳᠬᠡᠨ ᠰᠣᠩᠭᠤᠵᠤ᠂ ᠠᠩᠬᠠᠨ ᠤ ᠵᠢᠱᠢᠭᠳᠡᠭᠰᠡᠨ ᠲᠥᠷᠥᠯ ᠵᠦᠢᠯ ᠢ ᠳᠣᠭᠳᠠᠭᠠᠨ᠎ᠠ᠃ ᠠᠩᠬᠠᠨ ᠤ ᠵᠢᠱᠢᠭᠳᠡᠭᠰᠡᠨ ᠲᠥᠷᠥᠯ ᠵᠦᠢᠯ ᠨᠢ ᠬᠡᠷᠡᠭᠵᠢᠭᠦᠯᠵᠦ ᠪᠤᠯᠠᠬᠤᠶᠢᠴᠠ ᠴᠢᠨᠠᠷ ᠲᠠᠢ ᠪᠠᠶᠢᠵᠤ᠂ ᠲᠥᠷᠥᠯ ᠵᠦᠢᠯ ᠤᠨ ᠳᠣᠬᠠᠢ ᠲᠥᠷᠥ ᠶᠢᠨ ᠪᠤᠳᠣᠯᠭ᠎ᠠ ᠶᠢᠨ ᠰᠢᠢᠳᠪᠦᠷᠢ᠂ ᠪᠥᠳᠦᠭᠡᠨ ᠪᠠᠶᠢᠭᠤᠯᠬᠤ ᠪᠡᠯᠡ ᠮᠦᠩᠬᠦ᠂ ᠭᠠᠵᠠᠷ ᠰᠢᠷᠣᠢ ᠶᠢᠨ ᠨᠠᠶᠢᠳᠠᠪᠤᠷᠢᠵᠢᠭᠤᠯᠤᠯᠳᠠ ᠵᠡᠷᠭᠡ ᠡᠯᠧᠮᠧᠨ᠋ᠲ ᠤᠨ ᠲᠠᠯ᠎ᠠ ᠪᠠᠷ ᠪᠠᠳᠣᠯᠠᠭ᠎ᠠ  ᠲᠠᠢ ᠪᠠᠶᠢᠬᠤ ᠬᠡᠷᠡᠭᠳᠡᠢ᠃ ᠵᠠᠷᠴᠢᠮ ᠳᠡᠭᠡᠷ᠎ᠡ ᠪᠠᠨ ᠲᠤᠰ ᠵᠢᠯ ᠳᠡᠭᠡᠨ ᠪᠠᠷᠢᠯᠭ᠎ᠠ ᠳᠠᠭᠤᠰᠬᠠᠬᠤ ᠢᠨᠵᠧᠨᠧᠷᠢᠩ ᠪᠠᠶᠢᠬᠤ ᠬᠡᠷᠡᠭᠳᠡᠢ᠂ ᠴᠥᠬᠡᠩᠬᠢ ᠳᠣᠭᠠᠨ ᠤ ᠵᠢᠯ ᠠᠯᠤᠰᠯᠠᠨ ᠬᠤᠪᠢᠶᠠᠨ ᠭᠦᠢᠴᠡᠳᠭᠡᠬᠦ ᠲᠥᠷᠥᠯ ᠵᠦᠢᠯ ᠳᠤ ᠱᠠᠳᠣᠴᠢ ᠴᠢᠨᠠᠷᠳᠠᠢ ᠠᠵᠢᠯ ᠤᠨ ᠲᠥᠯᠥᠪᠯᠡᠭᠡ ᠪᠠᠨ ᠲᠤᠳᠤᠷᠬᠠᠢ ᠲᠤᠭᠳᠠᠭᠠᠭᠰᠠᠨ ᠪᠠᠶᠢᠬᠤ ᠬᠡᠷᠡᠭᠳᠡᠢ᠃ ᠨᠦᠬᠦᠴᠡᠯ ᠲᠠᠢ ᠭᠠᠵᠠᠷ ᠣᠷᠣᠨ ᠨᠢ ︽ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠤᠨ ᠬᠦᠮᠦᠷᠭᠡ︾ ᠪᠠᠶᠢᠭᠤᠯᠤᠨ᠂ ᠲᠥᠷᠥᠯ ᠵᠦᠢᠯ ᠴᠤᠭᠯᠠᠭᠤᠯᠤᠨ ᠰᠣᠩᠭᠤᠬᠤ ᠳᠤ ᠡᠬᠢ ᠪᠠᠶᠠᠯᠢᠭ ᠬᠠᠩᠭᠠᠵᠤ ᠥᠭᠴᠦ ᠪᠤᠯᠤᠨ᠎ᠠ᠃ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠪᠤᠯᠤᠨ ᠭᠤᠤᠯᠳᠠᠯᠭ᠎ᠠ ᠲᠠᠢ ᠢᠨᠵᠧᠨᠧᠷᠢᠩ ᠢ ᠳᠣᠳᠣᠷᠬᠠᠢ ᠢᠯᠭᠠᠨ ᠳᠠᠨᠢᠵᠤ ᠂ ᠳᠡᠭᠡᠳᠦ ᠱᠠᠳᠣᠨ ᠤ ᠵᠠᠰᠠᠭ ᠤᠨ ᠣᠷᠳᠣᠨ ᠲᠠᠢ ᠬᠠᠮᠵᠢᠯᠴᠠᠨ ᠵᠤᠬᠢᠶᠠᠨ ᠪᠠᠶᠢᠭᠤᠯᠬᠤ᠂ ᠲᠤᠰ ᠱᠠᠳᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠪᠠᠶᠢᠭᠤᠯᠬᠤ ᠵᠢᠴᠢ ᠭᠤᠣᠯ ᠴᠤᠭᠴᠠ ᠶᠢᠨ ᠲᠥᠷᠥᠯ ᠵᠦᠢᠯ ᠲᠠᠢ ᠢᠵᠢ ᠪᠦᠷᠢᠯᠳᠦᠭᠰᠡᠨ ᠬᠠᠪᠰᠣᠷᠭᠠᠭᠰᠠᠨ ᠪᠠᠷᠢᠯᠭ᠎ᠠ ᠶᠢᠨ ᠲᠥᠷᠥᠯ ᠵᠦᠢᠯ ᠢ ᠡᠩ ᠤᠨ ᠪᠠᠶᠢᠳᠠᠯ ᠳᠣᠣᠷ᠎ᠠ ᠠᠩᠬᠠᠨ ᠤ ᠵᠢᠱᠢᠭᠳᠡᠭᠰᠡᠨ ᠲᠥᠷᠥᠯ ᠵᠦᠢᠯ ᠤᠨ ᠡᠩᠨᠡᠭᠡᠨ ᠳᠤ ᠵᠢᠭᠰᠠᠭᠠᠬᠤ ᠦᠭᠡᠢ᠃ ᠠᠩᠬᠠᠨ ᠤ ᠵᠢᠱᠢᠭᠳᠡᠭᠰᠡᠨ ᠲᠥᠷᠥᠯ ᠵᠦᠢᠯ ᠤᠨ ᠡᠬᠡ ᠨᠣᠣᠷᠠᠭ ᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠲᠡᠭᠦᠯᠳᠡᠷᠵᠢᠭᠦᠯᠦᠨ ᠨᠣᠲᠠᠯᠠᠭᠰᠠᠨ ᠤ ᠰᠡᠭᠦᠯᠡᠷ᠂ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠳᠤ ᠳᠣᠰᠢᠶᠠᠨ ᠰᠣᠳᠣᠯᠣᠨ ᠶᠠᠷᠢᠯᠴᠠᠭᠤᠯᠤᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯᠯᠠᠬᠤ ᠵᠦᠪᠯᠡᠯ ᠨᠢ ᠠᠩᠬᠠᠨ ᠤ ᠵᠢᠱᠢᠭᠳᠡᠭᠰᠡᠨ ᠲᠥᠷᠥᠯ ᠵᠦᠢᠯ ᠢ ᠶᠠᠷᠢᠯᠴᠠᠨ ᠨᠣᠳᠠᠯᠠᠬᠤ ᠠᠵᠢᠯ ᠳᠤ ᠢᠳᠡᠪᠬᠢᠲᠠᠢ ᠣᠷᠣᠯᠴᠠᠬᠤ ᠬᠡᠷᠡᠭᠳᠡᠢ᠃5. ᠰᠠᠨᠠᠯ ᠬᠤᠷᠢᠶᠠᠬᠤ᠃ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠬᠤᠷᠠᠯ ᠬᠤᠷᠠᠯᠳᠣᠭᠤᠯᠵᠤ᠂ ︽ᠬᠤᠶᠠᠷ ᠲᠥᠯᠥᠭᠡᠯᠡᠭᠴᠢ ᠨᠢᠭᠡ ᠬᠡᠰᠢᠭᠦᠨ︾ ᠠᠴᠠ ᠳᠣᠷᠠᠳᠣᠭᠰᠠᠨ ᠠᠩᠬᠠᠨ ᠤ ᠵᠢᠱᠢᠭᠳᠡᠭᠰᠡᠨ ᠲᠥᠷᠥᠯ ᠵᠦᠢᠯ ᠤᠨ ᠳᠣᠬᠠᠢ ᠰᠠᠨᠠᠯ ᠰᠠᠨᠠᠭᠤᠯᠭ᠎ᠠ ᠶᠢ ᠬᠤᠷᠢᠶᠠᠵᠤ᠂ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠠᠴᠠ ᠠᠩᠬ᠎ᠠ ᠵᠢᠱᠢᠭᠳᠡᠭᠰᠡᠨ ᠲᠥᠷᠥᠯ ᠵᠦᠢᠯ ᠢ ᠳᠣᠭᠳᠠᠭᠠᠨ᠎ᠠ᠃6. ᠵᠢᠱᠢᠭᠳᠡᠭᠰᠡᠨ ᠲᠦᠷᠦᠯ ᠵᠦᠢᠯ ᠢ ᠪᠠᠳᠣᠯᠠᠬᠤ᠃ ᠬᠤᠰᠢᠭᠤ ᠵᠠᠰᠠᠭ ᠤᠨ ᠣᠷᠳᠣᠨ ᠠᠴᠠ ᠪᠤᠳᠠᠳᠠᠢ ᠬᠡᠷᠡᠭᠵᠢᠬᠦᠯᠬᠦ ᠪᠠᠷ ᠪᠠᠶᠢᠭ᠎ᠠ ᠲᠦᠷᠦᠯ ᠵᠦᠢᠯ ᠳᠠᠬᠢ ᠠᠩᠬᠠᠨ ᠤ ᠵᠢᠱᠢᠭᠳᠡᠭᠰᠡᠨ ᠲᠥᠷᠥᠯ ᠵᠦᠢᠯ ᠳᠤ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠠᠴᠠ ᠬᠤᠰᠢᠭᠤ ᠵᠠᠰᠠᠭ ᠤᠨ ᠣᠷᠳᠣᠨ ᠤ ᠪᠠᠶᠢᠩᠭᠤ ᠶᠢᠨ ᠭᠡᠰᠢᠭᠦᠳ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠵᠡᠷᠭᠡ ᠬᠠᠮᠢᠶ᠎ᠠ ᠪᠦᠬᠦᠢ ᠬᠤᠷᠠᠯ ᠳᠤ ᠳᠣᠰᠢᠶᠠᠨ ᠰᠣᠳᠣᠯᠣᠨ ᠶᠠᠷᠢᠯᠴᠠᠭᠤᠯᠤᠨ᠂ ᠬᠠᠮᠤᠭ ᠡᠴᠦᠰ ᠲᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠣᠰᠢᠶᠠᠨ ᠬᠢᠨᠠᠨ ᠵᠦᠪᠯᠡᠭᠦᠯᠵᠦ ᠵᠢᠱᠢᠭᠳᠡᠭᠰᠡᠨ ᠲᠥᠷᠥᠯ ᠵᠦᠢᠯ ᠢ ᠪᠠᠳᠣᠯᠠᠨ᠎ᠠ᠃ ᠰᠣᠮᠣ ᠪᠠᠯᠭᠠᠰᠣᠨ ᠤ ᠵᠠᠰᠠᠭ ᠤᠨ ᠣᠷᠳᠣᠨ ᠠᠴᠠ ᠪᠤᠳᠠᠳᠠᠢ ᠬᠡᠷᠡᠭᠵᠢᠬᠦᠯᠬᠦ ᠪᠠᠷ ᠪᠠᠶᠢᠭ᠎ᠠ ᠲᠦᠷᠦᠯ ᠵᠦᠢᠯ ᠳᠠᠬᠢ ᠠᠩᠬᠠᠨ ᠤ ᠵᠢᠱᠢᠭᠳᠡᠭᠰᠡᠨ ᠲᠥᠷᠥᠯ ᠵᠦᠢᠯ ᠢ ᠰᠣᠮᠣ ᠪᠠᠯᠭᠠᠰᠣᠨ ᠤ ᠪᠢᠯᠧᠲ ᠥᠭᠴᠦ ᠳᠣᠭᠳᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠠᠴᠠ ᠵᠠᠰᠠᠭ ᠤᠨ ᠣᠷᠳᠣᠨ ᠤ ᠠᠵᠢᠯ ᠤᠨ ᠬᠤᠷᠠᠯ᠂ ᠨᠠᠮ ᠵᠠᠰᠠᠭ ᠤᠨ ᠬᠤᠯᠪᠤᠭᠠᠯᠠᠭᠰᠠᠨ ᠬᠤᠷᠠᠯ ᠳᠤ ᠳᠣᠰᠢᠶᠠᠨ ᠰᠣᠳᠣᠯᠠᠭᠤᠯᠬᠤ ᠶᠢᠨ ᠬᠠᠮᠳᠣ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠤᠨ ᠬᠤᠷᠠᠯ ᠢᠶᠠᠷ ᠬᠢᠨᠠᠨ ᠵᠦᠪᠯᠡᠭᠦᠯᠵᠦ᠂ ᠵᠢᠱᠢᠭᠳᠡᠭᠰᠡᠨ ᠲᠥᠷᠥᠯ ᠵᠦᠢᠯ ᠢ ᠪᠠᠳᠣᠯᠠᠨ᠎ᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠬᠤᠷᠠᠯ ᠪᠠ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠨᠢ ᠵᠢᠱᠢᠭᠳᠡᠭᠰᠡᠨ ᠲᠥᠷᠥᠯ ᠵᠦᠢᠯ ᠢ ᠪᠠᠳᠣᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠠᠭ ᠳᠣᠬᠠᠢ ᠳᠤᠨᠢ ᠰᠣᠳᠣᠯᠣᠨ ᠶᠠᠷᠢᠯᠴᠠᠵᠤ᠂ ᠰᠠᠨᠠᠯ ᠳᠣᠷᠠᠳᠬᠤ ᠬᠡᠷᠡᠭᠳᠡᠢ᠃ ︵ᠬᠤᠶᠠᠷ︶ ᠲᠥᠷᠥᠯ ᠵᠦᠢᠯ ᠢ ᠬᠢᠨᠠᠨ ᠵᠦᠪᠯᠡᠵᠦ᠂ ᠪᠢᠯᠧᠲ ᠥᠭᠴᠦ ᠳᠣᠭᠳᠠᠭᠠᠬᠤ ᠱᠠᠳᠣᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠠᠵᠢᠯ ᠤᠨ ᠠᠷᠠᠳᠴᠢᠯᠠᠯᠳᠣ ᠴᠢᠨᠠᠷ ᠢ ᠪᠠᠳᠣᠯᠠᠬᠤ ᠶᠢᠨ ᠳᠣᠯᠠᠳᠠ᠂ ᠲᠥᠷᠥᠯ ᠵᠦᠢᠯ ᠢ ᠬᠢᠨᠠᠨ ᠵᠦᠪᠯᠡᠨ᠂ ᠪᠢᠯᠧᠲ ᠥᠭᠴᠦ ᠳᠣᠭᠳᠠᠭᠠᠬᠤ ᠶᠠᠪᠤᠴᠠ ᠳᠤ ᠲᠥᠯᠥᠭᠡᠯᠡᠭᠴᠢᠳ ᠤᠨ ᠭᠤᠣᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ᠃ᠭᠤᠷᠪᠠᠳᠣᠭᠠᠷ ᠶᠠᠪᠤᠴᠠ᠄ ᠲᠥᠷᠥᠯ ᠵᠦᠢᠯ ᠢ ᠬᠢᠨᠠᠨ ᠵᠦᠪᠯᠡᠬᠦ7. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠣᠷᠳᠣᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠬᠤ ᠬᠤᠭᠤᠴᠠᠭᠠᠨ ᠳᠤ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠳᠠᠬᠢ ᠵᠢᠱᠢᠭᠳᠡᠭᠰᠡᠨ ᠲᠥᠷᠥᠯ ᠵᠦᠢᠯ ᠤᠨ ᠳᠣᠶᠢᠮᠣ ᠪᠠᠶᠢᠳᠠᠯ ᠪᠠ ᠲᠥᠷᠥᠯ ᠵᠦᠢᠯ ᠤᠨ ᠪᠤᠳᠠᠳᠠᠢ ᠪᠠᠶᠢᠳᠠᠯ᠂ ᠲᠥᠷᠥᠯ ᠵᠦᠢᠯ ᠤᠨ ᠨᠡᠷᠡᠶᠢᠳᠣᠯ᠂ ᠲᠥᠷᠥᠯ ᠵᠦᠢᠯ ᠤᠨ ᠠᠭᠤᠯᠠᠭᠳᠠᠬᠤᠨ᠂ ᠬᠡᠷᠡᠭᠵᠢᠭᠦᠯᠬᠦ ᠭᠤᠣᠯ ᠴᠤᠭᠴᠠ᠂ ᠪᠡᠯᠡ ᠣᠷᠣᠭᠤᠯᠬᠤ ᠬᠡᠮᠵᠢᠶ᠎ᠡ᠂ ᠭᠦᠢᠴᠡᠳᠭᠡᠬᠦ ᠴᠠᠭ ᠬᠤᠭᠤᠴᠠᠭ᠎ᠠ᠂ ᠬᠠᠮᠢᠶ᠎ᠠ ᠪᠦᠬᠦᠢ ᠱᠠᠭᠠᠷᠳᠠᠯᠭ᠎ᠠ ᠵᠡᠷᠭᠡ ᠶᠢ ᠲᠤᠰ ᠱᠠᠳᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠬᠦ ᠭᠡᠰᠢᠭᠦᠳ ᠤᠨ ᠬᠤᠷᠠᠯ ᠳᠤ ᠳᠣᠳᠣᠷᠬᠠᠢ ᠲᠠᠶᠢᠯᠪᠤᠷᠢᠯᠠᠬᠤ ᠬᠡᠷᠡᠭᠳᠡᠢ᠃8. ᠲᠥᠯᠥᠭᠡᠯᠡᠭᠴᠢᠳ ᠠᠴᠠ ᠬᠢᠨᠠᠨ ᠵᠦᠪᠯᠡᠬᠦ ᠳᠡᠭᠡᠨ᠂ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠳᠣᠬᠠᠢ ᠠᠰᠠᠭᠤᠯᠳᠠ ᠳᠣᠷᠠᠳᠣᠪᠠᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠯᠬᠤ ᠬᠡᠷᠡᠭᠳᠡᠢ᠃ ᠶᠡᠭᠡ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠴᠠ ᠪᠢᠯᠧᠲ ᠥᠭᠴᠦ ᠳᠣᠭᠳᠠᠭᠠᠬᠤ ᠪᠠᠷ ᠳᠣᠰᠢᠶᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠵᠢᠱᠢᠭᠳᠡᠭᠰᠡᠨ ᠲᠥᠷᠥᠯ ᠵᠦᠢᠯ ᠳᠤ ᠪᠤᠳᠠᠳᠠᠢ ᠠᠰᠠᠭᠤᠯᠳᠠ ᠳᠣᠷᠠᠳᠴᠣ ᠪᠤᠯᠤᠨ᠎ᠠ᠃ ᠳᠠᠷᠣᠢ᠄ ᠪᠡᠯᠡ ᠣᠷᠣᠭᠤᠯᠣᠯᠳᠠ ᠶᠢ ᠨᠡᠮᠡᠬᠦ ᠪᠤᠶᠤ ᠬᠠᠰᠣᠬᠤ᠂ ᠲᠥᠷᠥᠯ ᠵᠦᠢᠯ ᠤᠨ ᠠᠭᠤᠯᠭ᠎ᠠ ᠶᠢ ᠬᠤᠪᠢᠷᠠᠭᠤᠯᠬᠤ᠂ ᠭᠦᠢᠴᠡᠳᠭᠡᠬᠦ ᠬᠤᠭᠤᠴᠠᠭ᠎ᠠ ᠶᠢ ᠳᠣᠬᠢᠷᠠᠭᠤᠯᠬᠤ ᠵᠡᠷᠭᠡ ᠲᠠᠯ᠎ᠠ ᠪᠠᠷ ᠰᠠᠨᠠᠯ ᠳᠣᠷᠠᠳᠴᠣ ᠪᠤᠯᠤᠨ᠎ᠠ᠃9.ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠲᠥᠯᠥᠭᠡᠯᠡᠭᠴᠢᠳ ᠤᠨ ᠳᠣᠷᠠᠳᠣᠭᠰᠠᠨ ᠰᠠᠨᠠᠯ ᠢ ᠰᠢᠢᠳᠪᠦᠷᠢᠯᠡᠭᠰᠡᠨ ᠪᠠᠶᠢᠳᠠᠯ ᠢ ᠶᠡᠭᠡ ᠬᠤᠷᠠᠯ ᠤᠨ ᠨᠠᠷᠢᠨ ᠪᠢᠴᠢᠭᠡᠴᠢ ᠶᠢᠨ ᠭᠠᠵᠠᠷ ᠪᠤᠶᠤ ᠲᠣᠰ ᠱᠠᠳᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠰᠠᠨᠠᠯ ᠳᠣᠷᠠᠳᠣᠭᠰᠠᠨ ᠲᠥᠯᠥᠭᠡᠯᠡᠭᠴᠢᠳ ᠲᠤ ᠳᠣᠰᠬᠠᠨ᠎ᠠ᠃          ᠲᠥᠷᠪᠡᠳᠦᠭᠡᠷ ᠶᠠᠪᠤᠴᠠ᠄ ᠲᠥᠷᠥᠯ ᠵᠦᠢᠯ ᠢ ᠪᠢᠯᠧᠲ ᠥᠭᠴᠦ ᠳᠣᠭᠳᠠᠭᠠᠬᠤ10. ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠪᠢᠯᠧᠲ ᠥᠭᠴᠦ ᠳᠣᠭᠳᠠᠭᠠᠬᠤ ᠬᠠᠷᠢᠴᠠᠯ ᠨᠢ ᠶᠠᠷᠦ  ᠳᠡᠭᠡᠨ 20 % ᠣᠷᠴᠢᠮ ᠪᠠᠶᠢᠳᠠᠭ᠃11. ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠪᠢᠯᠧᠲ ᠥᠭᠴᠦ ᠳᠣᠭᠳᠠᠭᠠᠬᠤ ᠠᠷᠭ᠎ᠠ ᠶᠢᠨ ᠡᠬᠡ ᠨᠣᠣᠷᠠᠭ ᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠳᠤ ᠳᠣᠰᠢᠶᠠᠨ ᠬᠢᠨᠠᠨ ᠵᠦᠪᠯᠡᠭᠦᠯᠦᠭᠰᠡᠨ ᠤ ᠰᠡᠭᠦᠯᠡᠷ ᠪᠦᠬᠦ ᠭᠡᠰᠢᠭᠦᠳ ᠤᠨ ᠬᠤᠷᠠᠯ ᠳᠤ ᠳᠣᠰᠢᠶᠠᠨ ᠬᠢᠨᠠᠨ ᠵᠦᠪᠯᠡᠭᠦᠯᠵᠦ᠂ ᠪᠦᠬᠦ ᠭᠡᠰᠢᠭᠦᠳ ᠤᠨ ᠬᠠᠭᠠᠰ ᠠᠴᠠ ᠢᠯᠡᠭᠦᠦ ᠬᠦᠮᠦᠨ  ᠨᠢ ᠵᠦᠪᠰᠢᠶᠡᠷᠡᠭᠰᠡᠨ ᠪᠣᠯ ᠵᠦᠪᠰᠢᠶᠡᠷᠡᠭᠰᠡᠨ ᠳᠤ ᠳᠣᠭᠠᠴᠢᠭᠳᠠᠨ᠎ᠠ᠃ ᠪᠢᠯᠧᠲ ᠥᠭᠴᠦ ᠳᠣᠭᠳᠠᠭᠠᠬᠤ ᠳᠤ ᠨᠡᠷ᠎ᠡ ᠪᠢᠴᠢᠬᠦ ᠦᠭᠡᠢ ᠪᠠᠷ ᠪᠢᠯᠧᠲ ᠥᠭᠬᠦ ᠠᠷᠭ᠎ᠠ ᠶᠢ ᠬᠡᠷᠡᠭᠵᠢᠭᠦᠯᠵᠦ᠂ ᠪᠦᠬᠦ ᠭᠡᠰᠢᠭᠦᠳ ᠤᠨ ᠬᠤᠷᠠᠯ ᠳᠡᠭᠡᠷ᠎ᠡ ᠨᠡᠶᠢᠲᠡᠯᠡᠨ ᠳᠣᠭᠳᠠᠭᠠᠨ᠎ᠠ᠃ ᠲᠥᠷᠥᠯ ᠵᠦᠢᠯ ᠪᠦᠷᠢ ᠶᠢᠨ ᠣᠯᠣᠭᠰᠠᠨ ᠪᠦᠬᠦ ᠪᠢᠯᠧᠲ ᠢ ᠦᠨᠳᠦᠰᠦᠯᠠᠨ᠂ ᠪᠢᠯᠧᠲ ᠣᠯᠣᠭᠰᠠᠨ ᠳᠣᠭᠠᠨ ᠤ ᠳᠠᠷᠠᠭᠠᠯᠠᠯ ᠢᠶᠠᠷ᠂ ᠵᠠᠰᠠᠭ ᠤᠨ ᠣᠷᠳᠣᠨ ᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠳᠣᠭᠳᠠᠭᠠᠨ᠎ᠠ᠃ ᠬᠤᠶᠢᠭᠤᠷ ᠵᠢᠭᠰᠠᠭᠠᠭᠳᠠᠵᠤ ᠪᠠᠶᠢᠭ᠎ᠠ ᠪᠦᠬᠡᠳ ᠣᠯᠣᠭᠰᠠᠨ ᠪᠢᠯᠧᠲ ᠤᠨ ᠳᠤᠭ᠎ᠠ ᠨᠢ ᠠᠳᠠᠯᠢ ᠲᠥᠷᠥᠯ ᠵᠦᠢᠯ ᠢ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠠᠴᠠ ᠳᠠᠬᠢᠨ ᠪᠢᠯᠧᠲ ᠥᠭᠴᠦ ᠲᠤᠭᠳᠠᠭᠠᠨ᠎ᠠ᠃12. ᠪᠢᠯᠧᠲ ᠢᠶᠠᠷ ᠳᠣᠭᠳᠠᠭᠠᠭᠰᠠᠨ ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠳᠣᠬᠠᠢ ᠶᠢᠨ ᠲᠠᠯᠠᠪᠤᠷ ᠲᠤᠨᠢ ᠵᠠᠷᠯᠠᠨ ᠨᠡᠶᠢᠳᠡᠯᠡᠬᠦ ᠶᠢᠨ ᠬᠠᠮᠳᠣ ᠨᠡᠶᠢᠭᠡᠮ ᠨᠡᠶᠢᠳᠡ ᠳᠤ ᠵᠠᠷᠯᠠᠨ᠎ᠠ᠃           ︵ᠭᠤᠷᠪᠠ︶ ᠲᠥᠷᠥᠯ ᠵᠦᠢᠯ ᠳᠤ ᠬᠢᠨᠠᠯᠳᠠ ᠲᠠᠯᠪᠢᠨ᠂ ᠬᠢᠨᠠᠨ ᠦᠨᠡᠯᠡᠬᠦ ᠱᠠᠳᠣᠲᠥᠷᠥᠯ ᠵᠦᠢᠯ ᠤᠨ ᠪᠤᠳᠠᠳᠣ ᠦᠷ᠎ᠡ ᠪᠦᠳᠦᠮᠵᠢ ᠶᠢ ᠪᠠᠳᠣᠯᠠᠬᠤ ᠶᠢᠨ ᠳᠣᠯᠠᠳᠠ᠂ ᠲᠥᠷᠥᠯ ᠵᠦᠢᠯ ᠳᠤ ᠬᠢᠨᠠᠯᠲᠠ ᠲᠠᠯᠪᠢᠬᠤ ᠪᠠ ᠬᠢᠨᠠᠨ ᠦᠨᠡᠯᠡᠬᠦ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠪᠠ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠬᠦᠮ ᠤᠨ ᠬᠢᠨᠠᠯᠳᠠ ᠲᠠᠯᠪᠢᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃          ᠲᠠᠪᠤᠳᠣᠭᠠᠷ ᠶᠠᠪᠤᠴᠠ᠄ ᠲᠥᠷᠥᠯ ᠵᠦᠢᠯ ᠳᠤ ᠬᠢᠨᠠᠯᠳᠠ ᠲᠠᠯᠪᠢᠬᠤ13. ᠬᠤᠰᠢᠭᠤ ᠠᠷᠠᠳ ᠤᠨ ᠵᠠᠰᠠᠭ ᠤᠨ ᠣᠷᠳᠣᠨ ᠪᠠ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠳᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠵᠠᠪᠰᠠᠷᠯᠠᠭᠰᠠᠨ ᠤ ᠲᠠᠷᠠᠭᠠᠬᠢ 1 ᠰᠠᠷ᠎ᠠ ᠶᠢᠨ ᠳᠣᠳᠣᠷ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠪᠦᠳᠦᠭᠡᠨ ᠪᠠᠶᠢᠭᠤᠯᠬᠤ ᠲᠥᠰᠥᠪ ᠳᠣᠭᠳᠠᠭᠠᠨ᠂ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠢ ᠪᠦᠳᠦᠭᠡᠨ ᠪᠠᠶᠢᠭᠤᠯᠬᠤ ᠲᠥᠰᠥᠪ ᠳᠣᠭᠳᠠᠭᠠᠨ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠮᠡᠳᠡᠭᠦᠯᠦᠨ᠎ᠡ᠃ ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠲᠥᠰᠥᠪ ᠤᠨ ᠱᠠᠭᠠᠷᠳᠠᠯᠭ᠎ᠠ ᠶᠤᠰᠣᠭᠠᠷ᠂ ᠬᠢᠨᠠᠮᠠᠭᠠᠢ ᠵᠤᠬᠢᠶᠠᠨ ᠪᠠᠶᠢᠭᠤᠯᠵᠤ᠂ ᠲᠥᠰᠥᠪ ᠢ ᠪᠦᠳᠦᠭᠡᠨ ᠪᠠᠶᠢᠭᠤᠯᠬᠤ ᠠᠵᠢᠯ ᠢ ᠰᠠᠶᠢᠳᠣᠷ ᠭᠦᠢᠴᠡᠳᠬᠡᠨ᠎ᠡ᠃14.ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠲᠡᠷᠢᠭᠦᠯᠡᠭᠴᠢ ᠶᠢᠨ ᠪᠦᠯᠬᠦᠮ ᠨᠢ ᠵᠠᠰᠠᠭ ᠤᠨ ᠣᠷᠳᠣᠨ ᠤ ᠲᠥᠷᠥᠯ ᠵᠦᠢᠯ ᠢ ᠪᠦᠳᠦᠭᠡᠨ ᠪᠠᠶᠢᠭᠤᠯᠬᠤ ᠲᠥᠰᠥᠪ ᠢ ᠣᠯᠣᠭᠰᠠᠨ ᠤ ᠳᠠᠷᠠᠭᠠᠬᠢ 1 ᠰᠠᠷ᠎ᠠ ᠶᠢᠨ ᠳᠣᠳᠣᠷ᠎ᠠ᠂ ᠬᠤᠶᠠᠷ ᠱᠠᠳᠣᠨ ᠤ ᠲᠥᠯᠥᠭᠡᠯᠡᠭᠴᠢᠳ ᠤᠨ ᠬᠠᠷᠢᠯᠴᠠᠬᠤ ᠲᠥᠷᠥᠯ ᠵᠦᠢᠯ ᠤᠨ ᠲᠥᠰᠥᠪ ᠢ ᠲᠤᠰ ᠲᠤᠰ ᠳᠣᠭᠳᠠᠭᠠᠨ᠂ ᠳᠣᠭᠤᠷᠢᠨ ᠪᠠᠶᠢᠴᠠᠭᠠᠯᠳᠠ᠂ ᠰᠣᠳᠣᠯᠣᠨ ᠪᠠᠶᠢᠴᠠᠭᠠᠯᠳᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠂ ᠠᠷᠠᠳ ᠤᠨ ᠲᠥᠯᠥᠭᠡᠯᠡᠭᠴᠢᠳ ᠤᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠳᠤ ᠬᠢᠨᠠᠯᠳᠠ ᠲᠠᠯᠪᠢᠨ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃15. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠠᠷᠢᠭᠤᠴᠠᠯᠭᠠᠳᠣ ᠪᠠᠶᠢᠭᠤᠯᠭ᠎ᠠ ᠨᠢᠭᠡᠴᠡ ᠨᠢ ᠠᠷᠠᠳ ᠤᠨ ᠲᠥᠯᠥᠭᠡᠯᠡᠭᠴᠢᠳ ᠠᠴᠠ ᠬᠢᠨᠠᠯᠳᠠ ᠲᠠᠯᠪᠢᠬᠤ ᠠᠵᠢᠯ ᠳᠤ ᠢᠳᠡᠪᠬᠢᠲᠠᠢ ᠪᠠᠷ ᠬᠠᠮᠵᠢᠯᠴᠠᠬᠤ ᠬᠡᠷᠡᠭᠳᠡᠢ᠃ ᠠᠷᠠᠳ ᠤᠨ ᠲᠥᠯᠥᠭᠡᠯᠡᠭᠴᠢᠳ ᠠᠴᠠ ᠳᠣᠷᠠᠳᠣᠭᠰᠠᠨ ᠰᠠᠨᠠᠯ ᠰᠠᠨᠠᠭᠤᠯᠭ᠎ᠠ ᠶᠢ ᠴᠠᠭ ᠳᠣᠬᠠᠢ ᠳᠤᠨᠢ ᠰᠢᠢᠳᠪᠦᠷᠢᠯᠡᠨ᠂ ᠬᠠᠷᠢᠭᠤ ᠥᠭᠬᠦ ᠬᠡᠷᠡᠭᠳᠡᠢ᠃ ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠳᠣᠭᠳᠠᠭᠰᠠᠨ ᠬᠤᠭᠤᠴᠠᠭᠠᠲᠠᠢ ᠪᠠᠷ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠭᠦᠢᠴᠡᠳᠭᠡᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠳᠡᠢ᠃ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠵᠢᠯ ᠤᠨ ᠳᠣᠮᠳᠠᠴᠢ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ ᠠᠵᠢᠯ ᠤᠨ ᠠᠬᠢᠴᠠ ᠪᠠᠨ ᠮᠡᠳᠡᠭᠦᠯᠬᠦ ᠬᠡᠷᠡᠭᠳᠡᠢ᠃16. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠤᠨ ᠬᠡᠷᠡᠭᠵᠢᠭᠦᠯᠦᠯᠳᠡ ᠶᠢᠨ ᠶᠠᠪᠤᠴᠠ ᠳᠤ᠂ ᠳᠣᠭᠳᠠᠭᠰᠠᠨ ᠬᠤᠭᠤᠴᠠᠭᠠᠨ ᠳᠠᠭᠠᠨ ᠲᠥᠷᠥᠯ ᠵᠦᠢᠯ ᠢᠶᠠᠨ ᠭᠦᠢᠴᠡᠳᠬᠡᠵᠦ ᠳᠡᠶᠢᠯᠬᠦ ᠦᠭᠡᠢ᠂ ᠣᠳᠣ ᠶᠢᠨ ᠪᠠᠶᠢᠭ᠎ᠠ ᠲᠥᠷᠥᠯ ᠵᠦᠢᠯ ᠢᠶᠠᠨ ᠵᠤᠭᠰᠣᠭᠠᠬᠤ ᠪᠤᠶᠤ ᠳᠣᠬᠢᠷᠠᠭᠤᠯᠤᠯᠳᠠ ᠬᠢᠬᠦ ᠴᠢᠬᠤᠯᠠᠲᠠᠢ ᠪᠣᠯ᠂ ᠴᠠᠭ ᠳᠣᠬᠠᠢ ᠳᠤᠨᠢ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠰᠠᠨᠠᠯ ᠰᠠᠨᠠᠭᠤᠯᠭ᠎ᠠ ᠳᠣᠷᠠᠳᠴᠣ᠂ ᠬᠢᠨᠠᠨ ᠵᠦᠪᠯᠡᠭᠦᠯᠦᠨ᠎ᠡ᠃ ᠬᠡᠷᠪᠡ ᠳᠣᠬᠢᠷᠠᠭᠤᠯᠤᠯᠳᠠ ᠬᠢᠬᠦ ᠶᠢ ᠵᠦᠪᠰᠢᠶᠡᠷᠡᠪᠡᠯ᠂ ᠬᠠᠮᠢᠶ᠎ᠠ ᠪᠦᠬᠦᠢ ᠲᠥᠷᠥᠯ ᠵᠦᠢᠯ ᠲᠠᠢ ᠬᠠᠷᠢᠯᠴᠠᠬᠤ ᠲᠥᠯᠥᠭᠡᠯᠡᠭᠴᠢᠳ ᠲᠤ ᠴᠠᠭ ᠳᠣᠬᠠᠢ ᠳᠤᠨᠢ ᠮᠡᠳᠡᠭᠳᠡᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ ᠳᠠᠩᠰᠠᠯᠠᠭᠤᠯᠤᠨ᠎ᠠ᠃17. ᠪᠢᠯᠧᠲ ᠢᠶᠠᠷ ᠵᠦᠪᠰᠢᠶᠡᠷᠡᠭᠳᠡᠭᠰᠡᠨ ᠦᠭᠡᠢ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡᠪᠡᠰᠢ ᠬᠡᠷᠡᠭᠵᠢᠭᠦᠯᠬᠦ ᠴᠢᠬᠤᠯᠠᠲᠠᠢ ᠪᠣᠯ᠂ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠰᠠᠨᠠᠯ ᠰᠠᠨᠠᠭᠤᠯᠭ᠎ᠠ ᠶᠢᠨ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠬᠢᠨᠠᠨ ᠵᠦᠪᠯᠡᠬᠦ ᠶᠢᠨ ᠬᠠᠮᠳᠣ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ ᠳᠠᠩᠰᠠᠯᠠᠭᠤᠯᠤᠨ᠎ᠠ᠃ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠳᠤ ᠮᠡᠳᠡᠭᠦᠯᠦᠨ᠂ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠪᠥᠯᠭᠦᠮ ᠠᠴᠠ ᠶᠠᠷᠢᠯᠴᠠᠨ ᠳᠣᠭᠳᠠᠭᠠᠬᠤ ᠶᠢᠨ ᠬᠠᠮᠳᠣ ᠰᠣᠮᠣ ᠪᠠᠯᠭᠠᠰᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ ᠳᠠᠷᠠᠭ᠎ᠠ ᠣᠳᠠᠭᠠᠨ ᠤ ᠬᠤᠷᠠᠯ ᠢᠶᠠᠷ ᠵᠦᠪᠯᠡᠭᠦᠯᠬᠦ ᠪᠠᠷ ᠳᠠᠩᠰᠠᠯᠠᠭᠤᠯᠤᠨ᠎ᠠ᠃           ᠵᠢᠷᠭᠤᠳᠣᠭᠠᠷ ᠶᠠᠪᠤᠴᠠ᠄ ᠲᠥᠷᠥᠯ ᠵᠦᠢᠯ ᠢ ᠬᠢᠨᠠᠨ ᠦᠨᠡᠯᠡᠬᠦ18. ᠲᠥᠷᠥᠯ ᠵᠦᠢᠯ ᠢ ᠬᠢᠨᠠᠨ ᠦᠨᠡᠯᠡᠬᠦ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ᠠᠷᠠᠳ ᠤᠨ ᠲᠥᠯᠥᠭᠡᠯᠡᠭᠴᠢ ᠪᠠᠷ ᠭᠤᠣᠯ ᠴᠤᠭᠴᠠ ᠪᠤᠯᠭᠠᠭᠰᠠᠨ᠂ ᠬᠠᠮᠢᠶ᠎ᠠ ᠪᠦᠬᠦᠢ ᠳᠣᠰᠬᠠᠢ ᠮᠡᠷᠭᠡᠵᠢᠯᠳᠡᠨ ᠪᠤᠶᠤ ᠭᠤᠷᠪᠠᠳᠣᠭᠠᠷ ᠡᠲᠡᠬᠡᠳ ᠤᠨ ᠣᠷᠣᠯᠴᠠᠭᠰᠠᠨ ᠬᠢᠨᠠᠨ ᠦᠨᠡᠯᠡᠯᠳᠡ ᠬᠢᠬᠦ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ ᠬᠢᠨᠡᠨ ᠦᠨᠡᠯᠡᠭᠦᠯᠵᠦ᠂ ᠦᠨᠡᠯᠡᠭᠰᠡᠨ ᠦᠷ᠎ᠡ ᠳ᠋ᠦᠩ ᠢ ᠵᠠᠷᠯᠠᠨ ᠨᠡᠶᠢᠳᠡᠯᠡᠨ᠎ᠡ᠃19. ᠬᠤᠰᠢᠭᠤ᠂ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠳᠣᠰᠬᠠᠢ ᠮᠡᠳᠡᠭᠦᠯᠦᠯᠳᠡ ᠬᠢᠬᠦ ᠶᠢᠨ ᠬᠠᠮᠳᠣ ᠪᠦᠬᠦ ᠠᠷᠠᠳ ᠤᠨ ᠲᠥᠯᠥᠭᠡᠯᠡᠭᠴᠢᠳ ᠲᠤ ᠬᠡᠪᠯᠡᠨ ᠳᠠᠷᠬᠠᠭᠠᠨ᠎ᠠ᠃ ᠠᠷᠠᠳ ᠤᠨ ᠲᠥᠯᠥᠭᠡᠯᠡᠭᠴᠢᠳ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭᠠᠨ ᠳᠤ ᠪᠤᠳᠠᠳᠠᠢ ᠬᠡᠷᠡᠭᠵᠢᠭᠦᠯᠦᠭᠳᠡᠬᠦ ᠢᠨᠵᠧᠨᠧᠷᠢᠩ ᠢ ᠭᠦᠢᠴᠡᠳᠬᠡᠭᠰᠡᠨ ᠪᠠᠶᠢᠳᠠᠯ ᠢ ᠬᠢᠨᠠᠨ ᠦᠨᠡᠯᠡᠵᠦ᠂ ᠦᠨᠡᠯᠡᠭᠰᠡᠨ ᠦᠷ᠎ᠡ ᠳ᠋ᠦᠩ ᠢ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠠᠴᠠ ᠪᠦᠬᠦᠶᠢᠯᠡ ᠲᠥᠯᠥᠭᠡᠯᠡᠭᠴᠢᠳ ᠲᠤ ᠨᠡᠶᠢᠳᠡᠯᠡᠬᠦ ᠶᠢᠨ ᠬᠠᠮᠳᠣ ᠠᠳᠠᠯᠢ ᠱᠠᠳᠣᠨ ᠤ ᠨᠠᠮ ᠤᠨ ᠬᠤᠷᠢᠶ᠎ᠠ ᠪᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠮᠡᠳᠡᠭᠦᠯᠵᠦ᠂ ᠵᠢᠯ ᠤᠨ ᠡᠴᠦᠰ ᠤᠨ ᠶᠡᠷᠦᠩᠬᠡᠢ ᠬᠢᠨᠠᠨ ᠳᠣᠭᠳᠠᠭᠠᠯᠳᠠ ᠲᠠᠢ ᠣᠶᠠᠯᠳᠣᠭᠤᠯᠤᠨ᠎ᠠ᠃20. ᠪᠤᠰᠣᠳ ᠰᠢᠯᠳᠠᠭᠠᠨ ᠠᠴᠠ ᠪᠤᠯᠵᠤ ᠳᠣᠭᠳᠠᠭᠰᠠᠨ ᠬᠤᠭᠤᠴᠠᠭᠠᠨ ᠳᠠᠭᠠᠨ ᠪᠤᠳᠠᠳᠠᠢ ᠬᠡᠷᠡᠭᠵᠢᠭᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠭᠦᠢᠴᠡᠳᠬᠡᠭᠰᠡᠨ ᠦᠭᠡᠢ ᠪᠣᠯ ᠵᠠᠰᠠᠭ ᠤᠨ ᠣᠷᠳᠣᠨ ᠠᠴᠠ ᠠᠳᠠᠯᠢ ᠱᠠᠳᠣᠨ ᠤ ᠠᠷᠠᠳ ᠤᠨ ᠲᠥᠯᠥᠭᠡᠯᠡᠭᠴᠢᠳ ᠲᠤ ᠳᠠᠶᠢᠯᠪᠦᠷᠢᠯᠠᠯᠳᠠ ᠬᠢᠬᠦ ᠶᠢᠨ ᠬᠠᠮᠳᠣ ᠲᠥᠷᠥᠯ ᠵᠦᠢᠯ ᠢ ᠭᠦᠢᠴᠡᠳᠭᠡᠬᠦ ᠳᠠᠷᠠᠠᠭᠠᠴᠢ ᠶᠢᠨ ᠠᠯᠬᠤᠮ ᠤᠨ ᠲᠥᠰᠥᠪ ᠢ ᠳᠣᠭᠳᠠᠭᠠᠨ᠎ᠠ᠃ ᠨᠢᠭᠡᠨᠳᠡ ᠭᠦᠢᠴᠡᠳᠬᠡᠭᠰᠡᠨ ᠲᠦᠷᠦᠯ ᠵᠦᠢᠯ ᠳᠤ ᠲᠥᠯᠥᠭᠡᠯᠡᠭᠴᠢᠳ ᠢ ᠵᠤᠬᠢᠶᠠᠨ ᠪᠠᠶᠢᠭᠤᠯᠤᠨ ︽ᠳᠠᠬᠢᠨ ᠬᠢᠨᠠᠬᠤ︾ ᠵᠡᠷᠭᠡ ᠠᠵᠢᠯᠯᠠᠭ᠎ᠠ ᠦᠷᠨᠢᠭᠦᠯᠵᠦ᠂ ᠪᠤᠳᠠᠳᠠᠢ ᠬᠡᠷᠡᠭᠵᠢᠭᠦᠯᠦᠭᠳᠡᠬᠦ ᠲᠥᠷᠥᠯ ᠵᠦᠢᠯ ᠤᠨ ᠦᠨᠡᠨᠬᠦ ᠨᠠᠶᠢᠳᠠᠪᠤᠷᠢᠵᠢᠭᠳᠠᠬᠤ ᠶᠢ ᠪᠠᠳᠣᠯᠠᠨ᠎ᠠ᠃ ᠵᠢᠷᠭᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ           ᠡᠯ᠎ᠠ ᠱᠠᠳᠤᠨ ᠤ ᠨᠠᠮ ᠤᠨ ᠬᠤᠷᠢᠶ᠎ᠠ ᠨᠢ ᠭᠤᠤᠯᠯᠠᠭᠴᠢ ᠤᠳᠤᠷᠢᠳᠤᠯᠭ᠎ᠠ ᠶᠢᠨ ᠦᠢᠯᠡᠳᠦᠯ ᠢᠶᠠᠨ ᠪᠦᠷᠢᠨ ᠪᠠᠳᠠᠷᠠᠭᠤᠯᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠ ᠨᠢᠬᠡᠳᠦᠯᠳᠡᠢ ᠵᠤᠬᠢᠴᠠᠭᠤᠯᠬᠤ ᠡᠷᠴᠢᠮ ᠢᠶᠠᠨ ᠴᠢᠩᠭᠠᠳᠬᠠᠨ᠂ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠪᠦᠬᠦ ᠶᠠᠪᠤᠴᠠ ᠳᠤ ᠨᠠᠮ  ᠤᠨ ᠤᠳᠤᠷᠢᠳᠤᠯᠭ᠎ᠠ ᠶᠢ ᠲᠤᠤᠱᠯᠠᠭᠤᠯᠬᠤ ᠬᠡᠷᠡᠭᠳᠡᠢ᠃ ᠡᠯ᠎ᠠ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ  ᠨᠢ ᠵᠤᠬᠢᠶᠠᠨ ᠪᠠᠶᠢᠭᠤᠯᠤᠨ ᠵᠢᠯᠤᠭᠤᠳᠬᠤ ᠦᠢᠡᠯᠳᠦᠯ ᠢᠶᠠᠨ ᠬᠦᠢᠴᠡᠳ ᠪᠠᠳᠠᠷᠠᠭᠤᠯᠵᠦ᠂ ᠵᠤᠷᠢᠭᠳᠠᠢ ᠪᠠᠷ ᠦᠢᠯᠡᠳᠦᠯᠬᠡᠵᠢᠬᠦᠯᠦᠨ ᠰᠢᠨ᠎ᠡ ᠶᠢ ᠡᠬᠦᠳᠴᠦ᠂ ᠠᠵᠢᠯ ᠤᠨ ᠲᠤᠭᠳᠠᠯᠠᠭ᠎ᠠ ᠪᠠᠨ ᠲᠡᠬᠦᠯᠳᠡᠷᠵᠢᠬᠦᠯᠵᠦ᠂ ᠠᠷᠠᠳᠴᠢᠯᠠᠯ ᠢ ᠪᠦᠷᠢᠨ ᠪᠠᠳᠠᠷᠠᠭᠤᠯᠤᠨ᠂ ᠬᠠᠤᠯᠢ ᠶᠤᠰᠤᠭᠠᠷ ᠠᠵᠢᠯ ᠬᠡᠷᠡᠭ ᠰᠢᠳᠪᠤᠷᠢᠯᠡᠬᠦ ᠶᠢ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠱᠠᠳᠤ ᠪᠦᠬᠦᠨ ᠭᠤᠭᠴᠤᠭ᠎ᠠ ᠪᠤᠯᠭᠠᠨ ᠳᠤ ᠨᠠᠶᠢᠳᠠᠪᠤᠷᠢᠵᠭᠤᠯᠬᠤ ᠬᠡᠷᠡᠭᠳᠡᠢ᠃ ᠡᠯ᠎ᠠ ᠱᠠᠳᠤᠨ ᠤ ᠵᠠᠰᠠᠭ ᠤᠨ ᠤᠷᠳᠤᠨ ᠨᠢ ᠬᠡᠷᠡᠭᠵᠢᠬᠦᠯᠬᠦ ᠪᠠᠷ ᠪᠠᠶᠢᠭ᠎ᠠ ᠢᠨᠵᠧᠨᠧᠷᠢᠩ ᠤᠨ ᠲᠦᠷᠦᠯ ᠵᠦᠢᠯ ᠢᠶᠠᠨ ᠪᠦᠷᠢᠳᠬᠡᠨ ᠲᠠᠩᠰᠠᠯᠠᠵᠦ ᠠᠩᠬᠠᠨ ᠤ ᠲᠦᠯᠦᠪᠯᠡᠭᠡ ᠲᠤᠭᠳᠠᠭᠠᠬᠤ᠂ ᠵᠤᠬᠢᠶᠠᠨ ᠪᠠᠶᠢᠭᠤᠯᠤᠨ ᠬᠡᠷᠡᠭᠵᠢᠬᠦᠯᠬᠦ ᠠᠵᠢᠯ ᠢ ᠰᠠᠶᠢᠳᠦᠷ ᠬᠢᠵᠦ᠂ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠢ ᠵᠠᠰᠠᠭ ᠤᠨ ᠤᠷᠳᠤᠨ ᠤ ᠠᠷᠠᠳ ᠤᠨ ᠰᠠᠨᠠᠭ᠎ᠠ  ᠶᠢ ᠲᠠᠭᠠᠨ ᠤᠯᠠᠨ ᠲᠦᠮᠡᠨ ᠤ ᠤᠶᠤᠨ ᠤᠬᠠᠭᠠᠨ ᠢ ᠲᠦᠪᠯᠡᠷᠡᠬᠦᠯᠦᠭᠰᠡᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠰᠢᠢᠳᠪᠤᠷᠢ ᠲᠤᠭᠳᠠᠭᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠴᠢᠬᠤᠯᠠ ᠢᠯᠡᠷᠡᠯ ᠪᠤᠯᠭᠠᠬᠤ ᠬᠡᠷᠡᠭᠳᠡᠢ᠃ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠴᠢᠬᠤᠯᠠ ᠴᠢᠨᠡᠷ ᠢ ᠲᠠᠨᠢᠵᠦ᠂ ᠦᠵᠡᠯ ᠰᠠᠨᠠᠭ᠎ᠠ ᠪᠠᠨ ᠨᠢᠬᠡᠳᠬᠡᠨ᠂ ᠬᠠᠮᠳᠤ ᠶᠢᠨ ᠬᠦᠴᠦᠨ ᠢ ᠪᠤᠢ ᠪᠤᠯᠭᠠᠬᠤ ᠬᠡᠷᠡᠭᠳᠡᠢ᠃ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠦᠯᠦᠬᠡ ᠬᠤᠰᠢᠭᠤᠨ ᠤ ᠢᠨᠵᠧᠨᠧᠷᠢᠩ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠬᠤ ᠬᠡᠷᠡᠭᠳᠡᠢ᠃ ᠬᠤᠰᠢᠭᠤ ᠨᠠᠮ ᠤᠨ ᠬᠤᠷᠢᠶᠠᠨ ᠤ ᠱᠦᠵᠢ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠠᠴᠠ ᠲᠡᠳ᠋ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠬᠤᠷᠢᠶᠠᠨ ᠤ ᠠᠯᠪᠠᠨ ᠬᠡᠷ ᠵᠢᠴᠢ ᠬᠠᠮᠢᠶ᠎ᠠ ᠪᠦᠬᠦᠢ ᠠᠵᠢᠯᠯᠠᠬᠤ ᠵᠦᠪᠯᠠᠯ ᠂ ᠬᠤᠰᠢᠭᠤ ᠵᠠᠰᠠᠭ ᠤᠨ ᠤᠷᠳᠤᠨ ᠤ ᠠᠯᠪᠠᠨ ᠬᠡᠷ᠂ ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ︵ᠬᠢᠨᠠᠨ ᠪᠠᠶᠢᠴᠠᠭᠠᠬᠤ ᠵᠦᠪᠯᠠᠯ︶᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠦᠭᠵᠢᠬᠦᠯᠦᠯᠳᠡ ᠦᠬᠡᠷᠡᠴᠢᠯᠡᠯᠳᠡ  ᠶᠢᠨ ᠵᠦᠪᠯᠠᠯ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳᠤᠬᠤ ᠲᠤᠪᠴᠢᠶ᠎ᠠ ᠵᠡᠷᠬᠡ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠳᠠᠨ ᠢᠶᠠᠷ ᠪᠦᠷᠢᠯᠳᠦᠬᠦᠨ ᠬᠡᠰᠢᠬᠦᠨ ᠪᠤᠯᠭᠠᠵᠦ᠂ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠢ ᠵᠤᠬᠢᠴᠠᠭᠤᠯᠤᠨ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠤᠳᠤᠷᠢᠳᠬᠤ ᠲᠤᠭᠤᠶᠢᠯᠠᠩ ᠳᠤ ᠲᠤᠰᠬᠠᠢ ᠠᠯᠪᠠᠨ ᠬᠡᠷ ︵ᠬᠤᠰᠭᠤ ᠵᠠᠰᠠᠭ ᠤᠨ ᠤᠷᠳᠤᠨ ᠤ ᠠᠯᠪᠠᠨ ᠬᠡᠷ ᠲᠤ ᠲᠤᠬᠢᠷᠠᠭᠤᠯᠤᠨ᠎ᠠ︶ ᠲᠤᠬᠢᠷᠠᠭᠤᠯᠵᠦ᠂ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠴᠤᠭᠯᠠᠭᠤᠯᠤᠨ ᠲᠢᠭᠯᠡᠬᠦ᠂ ᠶᠠᠷᠢᠯᠴᠠᠨ ᠰᠤᠳᠤᠯᠵᠦ ᠠᠩᠬᠠᠨ ᠤ ᠰᠤᠩᠭᠤᠯᠳᠠ ᠬᠢᠬᠦ᠂ ᠠᠩᠬᠠᠨ ᠤ ᠬᠢᠨᠠᠯᠳᠠ ᠳᠤ ᠲᠡᠪᠰᠢᠬᠦᠯᠬᠦ ᠵᠢᠴᠢ ᠬᠤᠶᠢᠰᠢᠳᠠ ᠶᠢᠨ ᠪᠤᠳᠠᠳᠠᠢ ᠪᠦᠳᠦᠬᠡᠨ ᠪᠠᠶᠢᠭᠤᠯᠤᠯᠳᠠ ᠶᠢᠨ ᠲᠦᠯᠦᠪᠯᠡᠭᠡ ᠶᠢ ᠲᠠᠷᠤᠮᠯᠠᠯᠠᠨ ᠲᠠᠷᠬᠠᠭᠠᠬᠤ ᠠᠵᠢᠯ ᠢ ᠬᠠᠷᠢᠭᠤᠴᠠᠵᠦ᠂ ︽ᠬᠤᠶᠠᠷ ᠲᠦᠯᠦᠬᠡᠯᠡᠭᠴᠢ ᠨᠢᠬᠡ ᠬᠡᠰᠢᠬᠦᠨ︾ ᠤ ᠬᠢᠨᠠᠯᠳᠠ ᠲᠠᠯᠪᠢᠬᠤ᠂ ᠪᠠᠶᠢᠴᠠᠭᠠᠯᠳᠠ ᠬᠢᠬᠦ᠂ ᠠᠬᠢᠭᠤᠯᠬᠤ ᠵᠡᠷᠬᠡ ᠪᠤᠳᠠᠳᠠᠢ ᠠᠵᠢᠯ ᠳᠤ ᠬᠠᠪᠰᠤᠷᠤᠨ᠎ᠠ᠃           ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠵᠢᠴᠢ ᠠᠯᠪᠠᠨ ᠬᠡᠷ ᠤᠨ ᠪᠦᠷᠢᠯᠳᠦᠬᠦᠨ ᠪᠠᠶᠢᠭᠤᠯᠭ᠎ᠠ ᠶᠢᠨ ᠪᠤᠳᠠᠳᠠᠢ ᠬᠠᠷᠢᠭᠤᠴᠠᠯᠭ᠎ᠠ ᠨᠢ ᠲᠤᠤᠷᠡᠬᠢ ᠮᠡᠳᠦ᠄           ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠲᠦᠷᠢᠮ ᠢ ᠲᠤᠭᠳᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠠᠷᠠᠳ  ᠤᠨ ᠲᠦᠯᠦᠬᠡᠯᠡᠭᠴᠢ ᠶᠢ ᠵᠤᠬᠢᠶᠠᠨ ᠪᠠᠶᠢᠭᠤᠯᠤᠨ᠂ ᠲᠦᠷᠦᠯ ᠵᠦᠢᠯ ᠢ ᠰᠠᠨᠠᠭᠠᠴᠢᠯᠠᠨ ᠲᠤᠷᠠᠳᠬᠤ᠂ ᠬᠢᠨᠠᠯᠳᠠ ᠲᠠᠯᠪᠢᠵᠦ ᠠᠬᠢᠭᠤᠯᠬᠤ᠂ ᠬᠠᠨᠤᠮᠵᠢ ᠶᠢᠨ ᠪᠠᠶᠢᠳᠠᠯ ᠳᠤ ᠦᠨᠡᠯᠡᠯᠳᠡ ᠬᠢᠬᠦ ᠵᠡᠷᠬᠡ ᠬᠠᠮᠢᠶ᠎ᠠ ᠪᠦᠬᠦᠢ ᠠᠵᠢᠯᠯᠠᠭ᠎ᠠ ᠶᠢ ᠦᠷᠨᠢᠬᠦᠯᠦᠨ᠎ᠠ᠃ ᠰᠤᠮᠤ ᠪᠠᠯᠭᠠᠰᠤ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠳᠤ ᠬᠦᠨᠵᠡᠬᠡᠶᠢᠷᠡᠬᠦ ᠶᠢ ᠠᠬᠢᠭᠤᠯᠤᠨ᠎ᠠ᠃           ᠬᠤᠰᠢᠭᠤ ᠠᠷᠠᠳ ᠤᠨ ᠵᠠᠰᠠᠭ ᠤᠨ ᠤᠷᠳᠤᠨ᠄ ᠪᠢᠯᠧᠲ ᠦᠭᠴᠦ ᠲᠤᠭᠳᠠᠭᠠᠬᠤ ᠠᠵᠢᠯ ᠤᠨ ᠬᠠᠮᠢᠶ᠎ᠠ ᠪᠦᠬᠦᠢ ᠲᠦᠷᠢᠮ ᠲᠤᠭᠳᠠᠭᠠᠯ ᠢ ᠲᠤᠭᠳᠠᠭᠠᠨ ᠲᠡᠬᠦᠯᠳᠡᠷᠵᠢᠬᠦᠯᠦᠨ᠎ᠠ︔ ᠵᠠᠰᠠᠭ ᠤᠨ ᠤᠷᠳᠤᠨ ᠠᠴᠠ ᠪᠤᠳᠠᠳᠠᠢ ᠬᠡᠷᠡᠭᠵᠢᠬᠦᠯᠬᠦ ᠲᠦᠷᠦᠯ ᠵᠦᠢᠯ ᠤᠨ ᠲᠠᠯ᠎ᠠ ᠪᠠᠷ ᠬᠢ ᠰᠢᠨᠵᠢᠯᠡᠬᠦ ᠤᠬᠠᠭᠠᠨᠴᠢ ᠨᠤᠳᠠᠯᠠᠯᠳᠠ ᠶᠢ ᠦᠷᠬᠡᠨ ᠬᠡᠪᠴᠢᠶ᠎ᠠ ᠪᠠᠷ ᠴᠤᠯᠠᠭᠤᠯᠬᠤ ᠠᠵᠢᠯ ᠢ ᠬᠠᠷᠢᠭᠤᠴᠠᠨ᠎ᠠ︔ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠪᠤᠳᠠᠳᠠᠢ ᠬᠡᠷᠡᠭᠵᠢᠬᠦᠯᠬᠦ ᠪᠠᠷ ᠵᠢᠱᠢᠭᠰᠡᠨ ᠲᠦᠷᠦᠯ ᠵᠦᠢᠯ ᠢ ᠰᠤᠳᠤᠯᠤᠨ ᠲᠤᠭᠳᠠᠭᠠᠨ᠎ᠠ︔ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠳᠤ ᠬᠡᠷᠡᠭᠵᠢᠬᠦᠯᠬᠦ ᠪᠠᠷ ᠵᠢᠱᠢᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠪᠠ ᠪᠤᠳᠠᠳᠠᠢ ᠬᠡᠷᠡᠭᠵᠢᠬᠦᠯᠦᠭᠳᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠤᠬᠠᠢ ᠮᠡᠳᠡᠬᠦᠯᠦᠨ᠎ᠡ︔ ᠪᠢᠯᠧᠲ ᠦᠭᠬᠦ ᠪᠠᠷ ᠲᠠᠮᠵᠢᠨ ᠲᠤᠭᠳᠠᠭᠠᠭᠳᠠᠭᠰᠠᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠵᠤᠬᠢᠶᠠᠨ ᠪᠠᠶᠢᠭᠤᠯᠤᠨ᠎ᠠ︔ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠤᠯᠤᠰ ᠲᠦᠷᠦ  ᠶᠢᠨ ᠵᠦᠪᠯᠡᠯᠬᠡᠨ ᠪᠤᠯᠤᠨ ︽ᠬᠤᠶᠠᠷ ᠲᠦᠯᠦᠬᠡᠯᠡᠭᠴᠢ ᠨᠢᠬᠡ ᠬᠡᠰᠢᠬᠦᠨ︾ ᠤ ᠬᠢᠨᠠᠯᠳᠠ ᠲᠠᠯᠪᠢᠵᠦ ᠠᠬᠢᠭᠤᠯᠬᠤ ᠶᠢ ᠰᠠᠶᠢᠨ ᠲᠤᠷ᠎ᠠ ᠠᠴᠠ ᠪᠠᠨ ᠬᠦᠯᠢᠶᠡᠵᠦ᠂ ᠬᠠᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠠᠵᠢᠯ ᠢ ᠰᠠᠶᠢᠳᠦᠷ ᠠᠳᠬᠤᠨ᠎ᠠ᠃          ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠵᠢᠴᠢ ᠠᠵᠢᠯᠯᠠᠬᠤ ᠵᠦᠪᠯᠠᠯ᠄ ᠠᠯᠪᠠᠨ ᠬᠡᠷ ᠨᠢ ᠪᠢᠯᠧᠲ ᠦᠭᠴᠦ ᠲᠤᠭᠳᠠᠭᠠᠬᠤ ᠠᠵᠢᠯ ᠤᠨ ᠬᠠᠮᠢᠶ᠎ᠠ ᠪᠦᠬᠦᠢ ᠵᠤᠬᠢᠶᠠᠨ ᠪᠠᠶᠢᠭᠤᠯᠤᠯᠳᠠ ᠲᠠᠢ ᠬᠠᠷᠢᠴᠠᠬᠤ ᠪᠠ ᠦᠢᠯᠡᠴᠢᠯᠡᠨ ᠪᠠᠳᠤᠯᠠᠬᠤ ᠠᠵᠢᠯ ᠢ ᠬᠠᠷᠢᠭᠤᠴᠠᠵᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠪᠠᠶᠢᠴᠠᠭᠠᠨ ᠬᠢᠨᠠᠯᠳᠠ ᠲᠠᠯᠪᠢᠬᠤ ᠠᠵᠢᠯ ᠦᠷᠨᠢᠬᠦᠯᠬᠦ ᠳᠤ ᠬᠠᠪᠰᠤᠷᠴᠦ᠂ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠪᠢᠯᠧᠲ ᠦᠭᠴᠦ ᠲᠤᠭᠳᠠᠭᠠᠬᠤ ᠠᠵᠢᠯ ᠳᠤ ᠤᠷᠤᠯᠴᠠᠬᠤ ᠢ ᠵᠤᠬᠢᠴᠠᠭᠤᠯᠤᠨ᠂ ᠬᠡᠷᠡᠭᠵᠢᠬᠦᠯᠦᠭᠳᠡᠭᠰᠡᠨ ᠲᠦᠷᠦᠯ ᠵᠦᠢᠯ ᠳᠤ ᠬᠠᠨᠤᠮᠵᠢ ᠶᠢᠨ ᠦᠨᠡᠯᠡᠯᠳᠡ ᠦᠭᠬᠦ ᠠᠵᠢᠯ ᠢ ᠦᠷᠨᠢᠬᠦᠯᠦᠨ᠎ᠠ᠃ ᠡᠳ᠋ ᠤᠨ ᠵᠠᠰᠠᠭ ᠠᠵᠦ ᠠᠬᠤᠢ ᠶᠢᠨ ᠠᠵᠢᠯᠯᠠᠬᠤ ᠵᠦᠪᠯᠠᠯ ᠨᠢ ᠪᠤᠳᠠᠳᠠᠢ ᠬᠡᠷᠡᠭᠵᠢᠬᠦᠯᠦᠭᠳᠡᠬᠦ ᠲᠦᠷᠦᠯ ᠵᠦᠢᠯ ᠤᠨ ᠵᠢᠱᠢᠭᠳᠡᠭᠰᠡᠨ ᠲᠦᠷᠦᠯ ᠵᠦᠢᠯ ᠢ ᠨᠤᠳᠠᠯᠠᠬᠤ ᠪᠠ ᠠᠩᠬᠠᠨ ᠤ ᠲᠤᠭᠳᠠᠭᠠᠯᠳᠠ ᠬᠢᠬᠦ ᠠᠵᠢᠯ ᠳᠤ ᠤᠷᠤᠯᠴᠠᠨ᠎ᠠ᠃ ᠠᠵᠢᠯᠳᠠᠨ ᠲᠦᠯᠦᠬᠡᠯᠡᠭᠴᠢ ᠰᠤᠩᠭᠤᠭᠤᠯᠢ ᠶᠢᠨ ᠠᠵᠢᠯᠯᠠᠬᠤ ᠵᠦᠪᠯᠠᠯ ᠨᠢ ᠰᠤᠮᠤ ᠪᠠᠯᠭᠠᠰᠤᠨ ᠤ ᠪᠢᠯᠧᠲ ᠦᠭᠴᠦ ᠲᠤᠭᠳᠠᠭᠠᠬᠤ ᠠᠵᠢᠯ ᠳᠤ ᠡᠳᠤᠷ ᠲᠤᠳᠤᠮ ᠤᠨ ᠵᠢᠯᠤᠭᠤᠳᠤᠯᠭ᠎ᠠ ᠬᠠᠩᠭᠠᠨ᠂ ᠲᠦᠯᠦᠬᠡᠯᠡᠭᠴᠢ ᠠᠴᠠ ᠵᠢᠱᠢᠭᠳᠡᠭᠰᠡᠨ ᠲᠦᠷᠦᠯ ᠵᠦᠢᠯ ᠤᠨ ᠲᠤᠬᠠᠢ ᠰᠠᠨᠠᠯ ᠰᠠᠨᠠᠭᠤᠯᠭ᠎ᠠ ᠲᠤᠷᠠᠳᠤᠬᠤ ᠠᠵᠢᠯ ᠢ ᠵᠤᠬᠢᠶᠠᠨ ᠪᠠᠶᠢᠭᠤᠯᠤᠨ᠂ ᠲᠦᠯᠦᠬᠡᠯᠡᠭᠴᠢ ᠠᠴᠠ ᠬᠢᠨᠠᠯᠳᠠ ᠲᠠᠯᠪᠢᠵᠦ᠂ ᠠᠬᠢᠭᠤᠯᠬᠤ ᠠᠵᠢᠯ ᠢ ᠵᠤᠬᠢᠶᠠᠨ ᠪᠠᠶᠢᠭᠤᠯᠤᠨ᠎ᠠ᠃ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠪᠤᠰᠤᠳ ᠠᠵᠢᠯᠯᠠᠬᠤ ᠵᠦᠪᠯᠠᠯ ᠨᠢ ᠬᠢᠨᠠᠯᠳᠠ ᠲᠠᠯᠪᠢᠬᠤ ᠠᠬᠢᠭᠤᠯᠬᠤ ᠵᠡᠷᠬᠡ ᠬᠠᠮᠢᠶ᠎ᠠ ᠪᠦᠬᠦᠢ ᠠᠵᠢᠯ ᠳᠤ ᠤᠷᠤᠯᠴᠠᠨ᠎ᠠ᠃           ᠬᠤᠰᠢᠭᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ᠄ ᠪᠢᠯᠧᠲ ᠦᠭᠴᠦ ᠲᠤᠭᠳᠠᠭᠠᠬᠤ ᠠᠵᠢᠯ ᠤᠨ ᠬᠠᠮᠢᠶ᠎ᠠ ᠪᠦᠬᠦᠢ ᠵᠤᠬᠢᠶᠠᠨ ᠪᠠᠶᠢᠭᠤᠯᠤᠯᠳᠠ ᠶᠢᠨ ᠬᠠᠷᠢᠯᠴᠠᠬᠤ ᠪᠠ ᠦᠢᠯᠡᠴᠢᠯᠡᠨ ᠪᠠᠳᠤᠯᠠᠬᠤ ᠠᠵᠢᠯ ᠢ ᠰᠠᠶᠢᠨ ᠬᠢᠨ᠎ᠠ︔ ᠬᠡᠷᠡᠭᠵᠢᠬᠦᠯᠦᠭᠳᠡᠬᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠲᠦᠯᠦᠪᠯᠡᠭᠡ ᠭᠠᠷᠭᠠᠬᠤ ᠠᠵᠢᠯ ᠢ ᠲᠠᠶᠢᠴᠢᠯᠠᠵᠦ᠂ ᠲᠦᠷᠦᠯ ᠵᠦᠢᠯ ᠤᠨ ᠨᠠᠶᠢᠳᠠᠪᠤᠷᠢᠵᠢᠭᠳᠠᠵᠦ ᠪᠠᠶᠢᠭ᠎ᠠ ᠪᠠᠶᠢᠳᠠᠯ ᠳᠤ ᠬᠢᠨᠠᠨ ᠪᠠᠶᠢᠴᠠᠭᠠᠯᠳᠠ ᠬᠢᠨ᠎ᠠ᠃ ᠬᠠᠮᠢᠶ᠎ᠠ ᠪᠦᠬᠦᠢ ᠪᠠᠶᠢᠭᠤᠯᠭ᠎ᠠ ᠶᠢ ᠵᠤᠬᠢᠴᠠᠭᠤᠯᠵᠦ᠂ ᠪᠢᠯᠧᠲ ᠦᠭᠴᠦ ᠲᠤᠭᠳᠠᠭᠠᠬᠤ ᠠᠵᠢᠯ ᠢ ᠦᠷᠨᠢᠬᠦᠯᠦᠨ᠎ᠠ᠃           ᠬᠤᠰᠢᠭᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠄ ᠪᠢᠯᠧᠲ ᠦᠭᠴᠦ ᠲᠤᠭᠳᠠᠭᠠᠬᠤ ᠠᠵᠢᠯ ᠤᠨ ᠪᠦᠬᠦ ᠶᠠᠪᠤᠴᠠ ᠨᠢ ᠬᠠᠤᠯᠢ ᠶᠤᠰᠤᠭᠠᠷ ᠲᠦᠷᠢᠮ ᠲᠤᠭᠳᠠᠭᠠᠯ ᠤᠨ ᠲᠠᠭᠠᠤ ᠳᠤ ᠶᠠᠪᠤᠭᠳᠠᠵᠦ ᠪᠠᠶᠢᠭ᠎ᠠ ᠡᠰᠡᠬᠦ ᠶᠢ ᠬᠢᠨᠠᠨ ᠪᠠᠶᠢᠴᠠᠭᠠᠨ᠎ᠠ᠃           ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠄ ᠪᠢᠯᠧᠲ ᠦᠭᠴᠦ ᠲᠤᠭᠳᠠᠭᠠᠬᠤ ᠠᠵᠢᠯ ᠤᠨ ᠴᠢᠬᠤᠯᠠ ᠠᠴᠢ ᠬᠤᠯᠪᠤᠭᠳᠠᠯ᠂ ᠦᠨᠳᠦᠰᠦᠨ ᠠᠷᠭ᠎ᠠ ᠪᠠᠷᠢᠯ ᠵᠡᠷᠬᠡ ᠶᠢ ᠤᠬᠠᠭᠤᠯᠵᠦ᠂ ᠪᠢᠯᠧᠲ ᠦᠭᠴᠦ ᠲᠤᠭᠳᠠᠭᠠᠬᠤ ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠡᠳᠡᠭᠡᠯᠡᠵᠦ᠂ ᠪᠢᠯᠧᠲ ᠦᠭᠴᠦ ᠲᠤᠭᠳᠠᠭᠠᠬᠤ ᠠᠵᠢᠯ ᠢ ᠠᠬᠢᠭᠤᠯᠬᠤ ᠳᠤ ᠰᠠᠶᠢᠨ ᠰᠠᠶᠢᠬᠠᠨ ᠨᠡᠶᠢᠬᠡᠮ ᠤᠨ ᠤᠷᠴᠢᠨ ᠲᠤᠭᠤᠷᠢᠨ ᠬᠠᠩᠭᠠᠨ᠎ᠠ᠃           ᠬᠦᠭᠵᠢᠬᠦᠯᠦᠯᠳᠡ ᠦᠬᠡᠷᠡᠴᠢᠯᠡᠯᠳᠡ ᠶᠢᠨ ᠲᠤᠪᠴᠢᠶ᠎ᠠ᠄ ᠬᠤᠰᠢᠭᠤ ᠵᠠᠰᠠᠭ ᠤᠨ ᠤᠷᠳᠤᠨ ᠠᠴᠠ ᠪᠤᠳᠠᠳᠠᠢ ᠬᠡᠷᠡᠭᠵᠢᠬᠦᠯᠬᠦ ᠪᠠᠷ ᠵᠢᠱᠢᠭᠳᠡᠭᠰᠡᠨ ᠲᠦᠷᠦᠯ ᠵᠦᠢᠯ ᠢ ᠴᠤᠭᠯᠠᠭᠤᠯᠬᠤ᠂ ᠰᠢᠯᠢᠵᠦ ᠰᠤᠩᠭᠤᠬᠤ᠂ ᠨᠤᠳᠠᠯᠠᠬᠤ᠂ ᠪᠦᠷᠢᠯᠳᠦᠬᠦ ᠠᠵᠢᠯ ᠢ ᠬᠠᠷᠢᠭᠤᠴᠠᠵᠦ᠂ ᠪᠢᠯᠧᠲ ᠢᠶᠠᠷ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠵᠠᠰᠠᠭ  ᠤᠨ ᠤᠷᠳᠤᠨ᠂ ᠬᠤᠰᠢᠭᠤ ᠤᠯᠤᠰ ᠲᠦᠷᠦ ᠶᠢᠨ ᠵᠦᠪᠯᠡᠯᠬᠡᠨ ᠤ ᠬᠠᠮᠢᠶ᠎ᠠ ᠪᠦᠬᠦᠢ ᠬᠤᠷᠠᠯ ᠳᠤ ᠲᠤᠰᠢᠶᠠᠨ ᠶᠠᠷᠢᠯᠴᠠᠭᠤᠯᠤᠨ᠎ᠠ ︔ ᠬᠠᠮᠢᠶ᠎ᠠ ᠪᠦᠬᠦᠢ ᠲᠦᠷᠦᠯ ᠵᠦᠢᠯ ᠤᠨ ᠬᠠᠷᠢᠭᠤᠴᠠᠯᠭᠠᠳᠤ ᠪᠠᠶᠢᠭᠤᠯᠭ᠎ᠠ ᠶᠢᠨ ᠲᠦᠯᠦᠪᠯᠡᠭᠡ ᠶᠤᠰᠤᠭᠠᠷ ᠪᠦᠳᠦᠬᠡᠨ ᠪᠠᠶᠢᠭᠤᠯᠤᠯᠳᠠ ᠶᠢᠨ ᠨᠠᠶᠢᠳᠠᠪᠤᠷᠢᠵᠢᠭᠳᠠᠬᠤ ᠠᠵᠢᠯ ᠢ ᠲᠠᠶᠢᠴᠢᠯᠠᠨ᠎ᠠ᠃           ᠡᠳ᠋ ᠤᠨ ᠵᠠᠰᠠᠭ ᠤᠨ ᠲᠤᠪᠴᠢᠶ᠎ᠠ᠄ ᠵᠢᠱᠢᠭᠳᠡᠭᠰᠡᠨ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠲᠦᠭᠰᠢᠬᠦᠷᠢ ᠶᠢ ᠬᠢᠨᠠᠨ ᠦᠨᠡᠯᠡᠬᠦ ᠠᠵᠢᠯ ᠳᠤ ᠤᠷᠤᠯᠴᠠᠬᠤ ᠶᠢᠨ ᠬᠠᠮᠳᠤ ᠪᠡᠯᠡ ᠮᠦᠩᠬᠦᠨ ᠤ ᠬᠡᠷᠡᠭᠴᠡᠬᠡᠨ ᠳᠤ ᠨᠤᠳᠠᠯᠠᠯᠳᠠ ᠬᠢᠨ᠎ᠠ᠃           ᠬᠢᠨᠠᠨ ᠪᠤᠳᠤᠬᠤ ᠲᠤᠪᠴᠢᠶ᠎ᠠ᠄ ᠬᠢᠨᠠᠨ ᠪᠤᠳᠤᠵᠦ ᠬᠢᠨᠠᠯᠳᠠ ᠲᠠᠯᠪᠢᠬᠤ ᠠᠵᠢᠯ ᠢ ᠬᠠᠷᠢᠭᠤᠴᠠᠨ᠎ᠠ᠃ ᠡᠯ᠎ᠠ ᠰᠤᠮᠤ ᠪᠠᠯᠭᠠᠰᠤ᠄ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠪᠠᠶᠢᠭᠤᠯᠵᠦ ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠲᠤᠭᠤᠶᠢᠯᠠᠩ ᠤᠨ ᠲᠠᠷᠤᠭ᠎ᠠ ᠪᠤᠯᠭᠠᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠰᠤᠮᠤ ᠪᠠᠯᠭᠠᠰᠤᠨ ᠤ ᠲᠠᠷᠤᠭ᠎ᠠ ᠨᠢ ᠲᠡᠳ᠋ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠦ᠂ ᠤᠳᠤᠷᠢᠳᠬᠤ ᠲᠤᠭᠤᠶᠢᠯᠠᠩ ᠤᠨ ᠠᠯᠪᠠᠨ ᠬᠡᠷ ᠲᠤᠬᠢᠷᠠᠭᠤᠯᠤᠨ᠎ᠠ᠃           ᠲᠤᠯᠤᠭ᠎ᠠ᠂ ᠲᠤᠷᠰᠢᠯᠳᠠ ᠶᠢᠨ ᠴᠡᠭ ᠪᠤᠯᠤᠭᠰᠠᠨ ᠰᠤᠮᠤ ᠨᠢ ᠲᠤᠷᠰᠢᠯᠳᠠ ᠶᠢᠨ ᠴᠡᠭ ᠤᠨ ᠠᠵᠢᠯ ᠤᠨ ᠴᠢᠬᠤᠯᠠ ᠠᠴᠢ ᠬᠤᠯᠪᠤᠭᠳᠠᠯ ᠢ ᠪᠦᠷᠢᠨ ᠲᠠᠨᠢᠵᠦ᠂ ᠠᠵᠢᠯ ᠤᠨ ᠲᠤᠭᠳᠠᠯᠴᠠᠭ᠎ᠠ ᠪᠠᠨ ᠰᠢᠨᠡᠴᠢᠯᠡᠵᠦ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠬᠦᠯᠦᠭᠳᠡᠬᠦ ᠪᠠᠷ ᠪᠠᠶᠢᠭ᠎ᠠ ᠲᠦᠷᠦᠯ ᠵᠦᠢᠯ ᠢ ᠴᠤᠭᠯᠠᠭᠤᠯᠬᠤ ᠪᠠ ᠠᠩᠬᠠᠨ  ᠤ ᠰᠤᠩᠭᠤᠯᠳᠠ ᠬᠢᠬᠦ ᠵᠡᠷᠬᠡ ᠪᠡᠯᠡᠳᠬᠡᠯ ᠠᠵᠢᠯ ᠢ ᠰᠠᠶᠢᠨ ᠬᠢᠵᠦ᠂ ᠠᠵᠢᠯ ᠤᠨ ᠲᠤᠮᠳᠠ ᠲᠤᠬᠢᠶᠠᠯᠳᠤᠬᠤ ᠰᠢᠨ᠎ᠠ ᠪᠠᠶᠢᠳᠠᠯ᠂ ᠰᠢᠨ᠎ᠠ ᠠᠰᠠᠭᠤᠳᠠᠯ ᠢ ᠴᠠᠭ ᠲᠤᠬᠠᠢ ᠳᠤ ᠨᠢ ᠰᠢᠢᠳᠪᠤᠷᠢᠯᠡᠵᠦ᠂ ᠠᠷᠠᠳ ᠤᠨ ᠲᠦᠯᠦᠬᠡᠯᠡᠭᠴᠢ ᠠᠴᠠ ᠪᠢᠯᠧᠲ ᠦᠭᠴᠦ ᠰᠢᠢᠳᠪᠤᠷᠢ ᠲᠤᠭᠳᠠᠭᠠᠬᠤ ᠠᠵᠢᠯ ᠢ ᠰᠠᠶᠢᠳᠦᠷ ᠵᠤᠬᠢᠶᠠᠨ ᠪᠠᠶᠢᠭᠤᠯᠤᠨ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠪᠤᠳᠠᠳᠠᠢ ᠬᠡᠷᠡᠭᠵᠢᠬᠦᠯᠦᠭᠳᠡᠬᠦ ᠲᠦᠷᠦᠯ ᠵᠦᠢᠯ ᠤᠨ ᠪᠤᠳᠠᠳᠠᠢ ᠦᠷ᠎ᠠ ᠪᠦᠳᠦᠮᠵᠢ ᠤᠯᠵᠦ᠂ ᠲᠤᠬᠠᠢ ᠶᠢᠨ ᠭᠠᠵᠠᠷ ᠤᠷᠤᠨ ᠳᠤ ᠦᠷᠬᠡᠨ ᠢᠶᠠᠷ ᠲᠡᠯᠬᠡᠷᠡᠬᠦᠯᠵᠦ ᠪᠤᠯᠬᠤ ᠲᠤᠷᠰᠢᠯᠭ᠎ᠠ ᠳ᠋ᠦᠩᠨᠡᠯᠳᠡ ᠪᠤᠯᠭᠠᠬᠤ ᠶᠢ ᠪᠠᠳᠤᠯᠠᠬᠤ ᠬᠡᠷᠡᠭᠳᠡᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号