ᠰᠢᠯᠤᠭᠤᠨ ᠬᠦᠬᠡ ᠬᠤᠰᠢᠭᠤᠨ ᠤ 2019 ᠣᠨ ᠤ ᠬᠠᠪᠤᠷ ᠤᠨ ᠣᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠬᠤ ᠳᠣᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2019/3/20
      ᠳᠠᠯ᠎ᠠ ᠨᠤᠳᠤᠭ ᠤᠨ ᠠᠮᠢ ᠠᠬᠤᠢ ᠶᠢᠨ ᠡᠬᠢ ᠪᠠᠶᠠᠯᠢᠭ ᠢ ᠣᠯᠠᠮ ᠨᠢᠭᠡ ᠠᠯᠬᠤᠮ ᠰᠢᠨᠵᠢᠯᠡᠬᠦ ᠣᠬᠠᠭᠠᠨᠴᠢ ᠪᠠᠷ ᠵᠤᠬᠢᠰᠳᠠᠢ ᠪᠠᠷ ᠬᠠᠮᠠᠭᠠᠯᠠᠨ ᠠᠰᠢᠭᠯᠠᠬᠤ ᠶᠢᠨ ᠳᠣᠰᠠᠳᠠ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠶᠢᠨ ᠨᠢᠭᠡᠳᠣᠯᠳᠠᠢ ᠱᠠᠭᠠᠷᠳᠠᠯᠭ᠎ᠠ ᠶᠤᠰᠣᠭᠠᠷ᠂ ᠬᠤᠰᠢᠭᠤ ᠵᠠᠰᠠᠭ ᠤᠨ ᠣᠷᠳᠣᠨ ᠠᠴᠠ 2019 ᠣᠨ ᠤ ᠪᠦᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠬᠠᠪᠤᠷ ᠤᠨ ᠣᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠢ ᠬᠢᠬᠦ ᠪᠠᠷ ᠳᠣᠭᠳᠠᠪᠠ᠃ ᠣᠳᠣ ᠬᠠᠮᠢᠶ᠎ᠠ ᠪᠦᠬᠦᠢ ᠠᠵᠢᠯ ᠢ ᠳᠣᠣᠷ᠎ᠠ ᠮᠡᠳᠡᠭᠳᠡᠶ᠎ᠡ᠄       ᠨᠢᠭᠡ᠂ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ᠄ ᠪᠦᠬᠦ ᠬᠤᠰᠢᠭᠤᠨ ᠤ 8 ᠰᠣᠮᠣ ᠪᠠᠯᠭᠠᠰᠣ ︵ᠳᠠᠯᠠᠪᠠᠢ︶ ᠶᠢᠨ 78 ᠭᠠᠴᠠᠭᠠᠨ ︵ᠬᠤᠪᠢᠶᠠᠷᠢ ᠳᠠᠯᠠᠪᠠᠢ︶ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠬᠠᠪᠤᠷ ᠤᠨ ᠣᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠷᠭ᠎ᠠ ᠬᠡᠮᠵᠢᠶ᠎ᠡ ᠶᠢ ᠭᠡᠷᠡᠭᠵᠢᠭᠦᠯᠵᠦ᠂ ᠰᠡᠯᠭᠦᠨ ᠮᠠᠯᠵᠢᠬᠤ ᠪᠡᠯᠴᠢᠭᠡᠷ ᠤᠨ ᠳᠠᠯᠠᠪᠠᠢ 868.74 ᠲᠦᠮᠡᠨ ᠮᠤ᠋᠃       ᠬᠤᠶᠠᠷ᠂ ᠰᠡᠯᠭᠦᠨ ᠮᠠᠯᠵᠢᠬᠤ ᠴᠠᠭ ᠬᠤᠭᠤᠴᠠᠭ᠎ᠠ᠄ 4 ᠰᠠᠷ᠎ᠠ ᠶᠢᠨ 10 ᠠᠴᠠ 5 ᠰᠠᠷ᠎ᠠ ᠶᠢᠨ 20 ᠪᠤᠯᠳᠠᠯ᠎ᠠ᠂ ᠨᠡᠶᠢᠳᠡ 40 ᠡᠳᠦᠷ᠃       ᠭᠤᠷᠪᠠ᠂ ᠰᠡᠯᠭᠦᠨ ᠮᠠᠯᠵᠢᠬᠤ ᠨᠦᠬᠦᠪᠦᠷᠢ᠄ ᠰᠡᠯᠭᠦᠨ ᠮᠠᠯᠵᠢᠬᠤ ᠮᠠᠯᠴᠢᠨ ᠡᠷᠦᠭᠡ ᠳᠤ ᠰᠡᠯᠭᠦᠨ ᠮᠠᠯᠵᠢᠭᠰᠠᠨ ᠪᠡᠯᠴᠢᠭᠡᠷ ᠤᠨ ᠳᠠᠯᠠᠪᠠᠢ ᠪᠠᠷ ᠨᠢ ᠨᠦᠬᠦᠪᠦᠷᠢ ᠣᠯᠭᠤᠨ᠎ᠠ᠂ ᠪᠠᠷᠢᠮᠵᠢᠶ᠎ᠠ ᠨᠢ ᠮᠤ᠋ ᠪᠦᠷᠢ 1 ᠲᠦᠭᠦᠷᠢᠭ᠃ ᠰᠡᠯᠭᠦᠨ ᠮᠠᠯᠵᠢᠬᠤ ᠨᠦᠬᠦᠪᠦᠷᠢ ᠮᠦᠩᠬᠦ ᠶᠢ ᠬᠤᠰᠢᠭᠤ ᠡᠳ᠋ ᠤᠨ ᠵᠠᠰᠠᠭ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠠᠴᠠ ᠬᠠᠷᠢᠭᠤᠴᠠᠨ ᠳᠠᠷᠬᠠᠭᠠᠨ᠎ᠠ᠃       ᠳᠥᠷᠪᠡ᠂ ᠠᠵᠢᠯ ᠤᠨ ᠱᠠᠭᠠᠷᠳᠠᠯᠭ᠎ᠠ᠄ ᠬᠠᠪᠤᠷ ᠤᠨ ᠣᠯᠠᠷᠢᠯ ᠤᠨ ᠪᠡᠯᠴᠢᠭᠡᠷ ᠨᠤᠭᠤᠭᠠᠷᠠᠬᠤ ᠬᠤᠭᠤᠴᠠᠭᠠᠨ ᠳᠤ ᠰᠡᠯᠭᠦᠨ ᠮᠠᠯᠵᠢᠬᠤ ᠶᠢ ᠬᠡᠷᠡᠭᠵᠢᠭᠦᠯᠬᠦ ᠳᠤ᠂ ᠰᠡᠯᠭᠦᠨ ᠮᠠᠯᠵᠢᠬᠤ ᠣᠷᠣᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠤᠭᠰᠣᠭᠠᠵᠤ ︵ᠦᠬᠡᠷ᠂ ᠬᠤᠨᠢ᠂ ᠮᠣᠷᠢ᠂ ᠲᠡᠮᠡᠭᠡ ᠵᠢᠴᠢ ᠪᠤᠰᠣᠳ ᠮᠠᠯ︶᠂ ᠮᠠᠯᠵᠢᠬᠤ ᠡᠷᠦᠭᠡ ᠨᠢ ᠣᠷᠢᠳᠴᠢᠯᠠᠨ ᠪᠤᠷᠳᠤᠭ᠎ᠠ ᠪᠡᠯᠡᠳᠬᠡᠬᠦ᠂ ᠬᠢᠵᠢᠭ ᠰᠡᠷᠬᠡᠶᠢᠯᠡᠬᠦ᠂ ᠮᠠᠯ ᠤᠨ ᠤᠤᠭᠤᠬᠤ ᠤᠰᠤ ᠵᠡᠷᠭᠡ ᠪᠡᠯᠡᠳᠬᠡᠯ ᠠᠵᠢᠯ ᠢᠶᠠᠨ ᠰᠠᠶᠢᠳᠣᠷ ᠬᠢᠬᠦ ᠬᠡᠷᠡᠭᠳᠡᠢ᠃ ᠡᠯ᠎ᠡ ᠰᠣᠮᠣ ᠪᠠᠯᠭᠠᠰᠣ ︵ᠳᠠᠯᠠᠪᠠᠢ︶ ᠨᠢ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠳᠣᠷ ᠨᠠᠶᠢᠳᠠᠪᠤᠷᠢᠵᠢᠭᠤᠯᠵᠤ᠂ ᠡᠷᠴᠢᠮᠲᠠᠢ ᠤᠬᠠᠭᠤᠯᠭ᠎ᠠ ᠬᠢᠵᠦ᠂ ᠮᠠᠯᠴᠢᠨ ᠡᠷᠦᠭᠡ ᠶᠢ ᠮᠠᠯ ᠢᠶᠠᠨ ᠬᠠᠰᠢᠶᠠᠯᠠᠨ ᠮᠠᠯᠵᠢᠬᠤ ᠶᠢ ᠱᠠᠭᠠᠷᠳᠠᠬᠤ ᠬᠡᠷᠡᠭᠳᠡᠢ᠃ ᠮᠠᠯᠵᠢᠬᠤ ᠡᠷᠦᠭᠡ ᠨᠢ ᠣᠷᠣᠨ ᠰᠠᠭᠤᠴᠠ ᠶᠢᠨ ᠢᠶᠠᠨ ᠣᠶᠢᠷ᠎ᠠ ᠬᠠᠪᠢ ᠳᠤ 50 ᠮᠦ ᠭᠠᠵᠠᠷ ᠤᠨ ᠬᠦᠷᠢᠶ᠎ᠡ ᠭᠠᠷᠭᠠᠵᠤ ᠮᠠᠯ ᠢᠶᠠᠨ ᠪᠡᠯᠴᠢᠭᠡᠵᠦ ᠪᠤᠯᠤᠨ᠎ᠠ᠃ ᠮᠠᠯ ᠢᠶᠠᠨ ᠤᠰᠤᠯᠠᠬᠤ᠂ ᠢᠳᠡᠰᠢᠯᠡᠭᠦᠯᠬᠦ ᠵᠡᠷᠭᠡ ᠰᠢᠯᠲᠠᠭ ᠢᠶᠠᠷ ᠮᠠᠯ ᠢᠶᠠᠨ ᠪᠡᠯᠴᠢᠭᠡᠷᠯᠡᠭᠦᠯᠵᠦ ᠪᠣᠯᠬᠤ ᠦᠭᠡᠢ᠃ ᠣᠢ ᠰᠢᠭᠤᠢ ᠪᠠ ᠲᠠᠯ᠎ᠠ ᠨᠤᠳᠤᠭ ᠤᠨ ᠬᠢᠨᠠᠨ ᠬᠠᠮᠢᠶᠠᠷᠣᠯᠳᠠ ᠶᠢᠨ ᠳᠣᠪᠴᠢᠶ᠎ᠠ ᠨᠢ ᠬᠢᠨᠠᠨ ᠬᠠᠮᠢᠶᠠᠷᠣᠯᠳᠠ ᠪᠠᠨ ᠴᠢᠩᠭᠠᠳᠬᠠᠵᠤ᠂ ᠨᠢᠭᠤᠴᠠ ᠪᠠᠷ ᠪᠡᠯᠴᠢᠭᠡᠷᠯᠡᠭᠦᠯᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃       ᠲᠠᠪᠤ᠂ ᠢᠯᠡᠴᠢᠯᠡᠨ ᠮᠡᠳᠡᠭᠦᠯᠬᠦ ᠤᠳᠠᠰᠣ ᠳᠣᠬᠢᠷᠠᠭᠤᠯᠵᠤ᠂ ᠥᠷᠭᠡᠨ ᠣᠯᠠᠨ ᠮᠠᠯᠴᠢᠨ ᠲᠥᠮᠡᠨ ᠤ ᠬᠢᠨᠠᠯᠲᠠ ᠶᠢ ᠬᠦᠯᠢᠶᠡᠵᠦ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠢᠯᠡᠴᠢᠯᠡᠨ ᠮᠡᠳᠡᠭᠦᠯᠦᠭᠰᠡᠨ ᠪᠠ ᠳᠣᠰᠬᠠᠭᠰᠠᠨ ᠠᠰᠠᠭᠤᠳᠠᠯ ᠢ ᠴᠠᠭ ᠳᠣᠬᠠᠢ ᠲᠤᠨᠢ ᠬᠠᠷᠭᠤᠭᠤᠯᠤᠨ ᠪᠠᠶᠢᠴᠠᠭᠠᠵᠤ᠂ ᠰᠠᠶᠢᠳᠣᠷ ᠨᠠᠶᠢᠳᠠᠪᠤᠷᠢᠵᠢᠭᠤᠯᠤᠨ᠎ᠠ᠃ ᠢᠯᠡᠴᠢᠯᠡᠨ ᠮᠡᠳᠡᠭᠦᠯᠬᠦ ᠣᠳᠠᠰᠣ᠄ 0479-4222145᠂4239025ᠣᠨᠴᠠᠭᠠᠶᠢᠯᠠᠨ ᠵᠠᠷᠯᠠᠨ ᠨᠡᠶᠢᠳᠡᠯᠡᠪᠡ᠃                                  ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ                                     2019 ᠣᠨ ᠤ 3 ᠰᠠᠷ᠎ᠠ ᠶᠢᠨ 1 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号