ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2019 ᠣᠨ ᠤ 3 ᠰᠠᠷ᠎ᠠ ᠶᠢᠨ 21 ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ | ᠲᠠᠪᠤᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠳᠡᠭᠡᠷ᠎ᠡ | ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠤᠶᠠᠨᠳᠣ | ᠲᠥᠯᠥᠭᠡᠯᠡᠭᠴᠢᠳ ᠡ᠄ | ᠣᠳᠣ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠡ᠂ ᠲᠠ ᠪᠦᠬᠦᠨ ᠬᠢᠨᠠᠨ ᠵᠥᠪᠯᠡᠬᠦ ᠪᠣᠯᠪᠠᠣ᠂ ᠣᠯᠣᠰ ᠲᠥᠷᠥ ᠶᠢᠨ ᠵᠥᠪᠯᠡᠯᠭᠡᠨ ᠤ ᠬᠡᠰᠢᠭᠦᠳ ᠪᠠ | ᠬᠤᠷᠠᠯ ᠳᠤ ᠰᠣᠯᠠ ᠣᠷᠣᠯᠴᠠᠭᠰᠠᠳ ᠠᠴᠠ ᠰᠠᠨᠠᠯ ᠢᠶᠠᠨ ᠳᠣᠷᠠᠳᠬᠤ ᠶᠢ ᠬᠦᠰᠡᠵᠦ ᠪᠠᠶᠢᠨ᠎ᠠ᠃ | ᠨᠢᠭᠡ᠂ 2018 ᠣᠨ ᠤ ᠠᠵᠢᠯ ᠤᠨ ᠡᠷᠬᠢᠴᠡᠭᠦᠯᠦᠯ ᠰᠢᠯᠢᠳᠡᠭᠵᠢᠪᠡ ᠬᠦᠢᠴᠡᠳᠭᠡᠯ | ᠥᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠪᠠᠲᠦ ᠴᠢᠩᠭ᠎ᠠ ᠣᠳᠣᠷᠢᠳᠣᠯᠭ᠎ᠠ ᠵᠢᠴᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠣᠰ | ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠪᠦᠬᠦ ᠬᠤᠰᠢᠭᠤᠨ ᠤ ᠺᠠᠳ᠋ᠷ ᠣᠯᠠᠨ ᠲᠥᠮᠡᠨ ᠢ | ᠪᠦᠯᠬᠦᠮᠳᠡᠭᠦᠯᠦᠨ ᠳᠠᠶᠢᠴᠢᠯᠠᠵᠤ᠂ ᠬᠦᠴᠢᠷ ᠢ ᠰᠦᠷᠦᠨ ᠵᠤᠷᠢᠭᠳᠠᠢ ᠣᠷᠣᠭᠰᠢᠯᠠᠨ᠂ ᠤᠯᠠᠨ ᠲᠥᠮᠡᠨ ᠤ ᠣᠶᠣᠨ ᠤᠬᠠᠭᠠᠨ | ᠡᠷᠴᠢ ᠵᠣᠷᠢᠭ ᠢ ᠬᠦᠪᠴᠢᠯᠡᠨ᠂ ᠰᠢᠷᠭᠠᠭᠤ ᠲᠡᠮᠡᠴᠡᠨ᠂ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠳᠡ ᠶᠢ ᠪᠦᠬᠦ | ᠲᠠᠯ᠎ᠠ ᠪᠠᠷ ᠠᠬᠢᠭᠤᠯᠵᠤ᠂ ᠪᠦᠬᠦ ᠵᠢᠯ ᠤᠨ ᠭᠤᠤᠯᠳᠠᠯᠭ᠎ᠠ ᠲᠠᠢ ᠬᠠᠷᠠᠯᠲᠠ ᠡᠭᠦᠷᠭᠡ ᠪᠠᠨ ᠨᠡᠯᠢᠶᠡᠳ ᠠᠮᠵᠢᠯᠲᠠ ᠲᠠᠢ | ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠳᠡᠭ 5.1% ᠢᠶᠠᠷ ᠨᠡᠮᠡᠭᠳᠡᠨ᠂ | ᠡᠩ ᠤᠨ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠨᠢ 3.98 ᠳ᠋ᠦᠩᠰᠢᠭᠤᠷ ᠲᠥᠭᠦᠷᠢᠭ᠂ ᠳᠣᠭᠳᠠᠮᠠᠯ | ᠬᠥᠷᠥᠩᠭᠡ ᠶᠢᠨ ᠪᠡᠯᠡ ᠣᠷᠣᠭᠤᠯᠣᠯᠳᠠ 15 ᠳ᠋ᠦᠩᠰᠢᠭᠤᠷ ᠲᠦᠭᠦᠷᠢᠭ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ | ᠪᠤᠷᠤᠯᠠᠭᠤᠯᠤᠭᠰᠠᠨ ᠶᠡᠷᠦᠩᠬᠡᠢ ᠥᠷᠳᠡᠭ ᠨᠢ 16 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠂ ᠬᠤᠳᠠ ᠬᠥᠳᠡᠭᠡᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠣᠷᠣᠯᠭ᠎ᠠ ᠨᠢ ᠲᠤᠰᠪᠤᠷᠢ 37462 ᠲᠦᠭᠦᠷᠢᠭ ᠪᠠ | 17597 ᠲᠦᠭᠦᠷᠢᠭ ᠲᠤ ᠬᠦᠷᠴᠦ᠂ 7% ᠪᠠ 10% ᠪᠠᠷ ᠥᠰᠴᠠᠢ᠃ | ᠥᠩᠭᠡᠷᠡᠭᠰᠡᠨ ᠨᠢᠭᠡ ᠵᠢᠯ ᠳᠤ᠂ ᠪᠢᠳᠡ ᠳᠣᠣᠷᠠᠬᠢ ᠠᠵᠢᠯ ᠤᠳ ᠢ ᠭᠤᠤᠯᠯᠠᠨ ᠬᠦᠢᠴᠡᠳᠬᠡᠪᠡ᠃ | ︵ᠨᠢᠭᠡ︶ ᠬᠦᠴᠦᠨ ᠴᠢᠳᠠᠯ ᠢᠶᠠᠨ ᠬᠠᠮᠳᠣᠳᠬᠠᠨ ︽ᠭᠤᠷᠪᠠᠨ ᠲᠣᠮᠣ ᠰᠢᠪᠳᠣᠯᠣᠯᠳᠠ ᠶᠢᠨ ᠢᠨᠵᠧᠨᠧᠷᠢᠩ︾ ᠢ | ᠰᠠᠶᠢᠳᠣᠷ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠪᠠᠲᠦ ᠴᠢᠩᠭ᠎ᠠ ᠪᠠᠳᠣᠯᠠᠭ᠎ᠠ ᠬᠠᠩᠭᠠᠪᠠ᠃ | ᠵᠠᠰᠠᠭ ᠤᠨ ᠤᠷᠳᠤᠨ ᠤ ᠦᠷᠢ ᠰᠢᠷᠢ ᠶᠢᠨ ᠠᠵᠢᠯᠯᠠᠭ᠎ᠠ ᠶᠢ ᠲᠦᠷᠢᠮᠵᠢᠬᠦᠯᠵᠦ᠂ ᠵᠠᠰᠠᠭ ᠤᠨ ᠤᠷᠳᠤᠨ ᠤ ᠦᠷᠢ ᠰᠢᠷᠢ ᠶᠢ | ᠲᠦᠰᠦᠪ ᠤᠨ ᠬᠠᠮᠢᠶᠠᠷᠤᠯᠳᠠ ᠳᠤ ᠤᠷᠤᠭᠤᠯᠤᠨ᠂ ᠵᠠᠰᠠᠭ ᠤᠨ ᠤᠷᠳᠤᠨ ᠤ ᠴᠢᠨᠡᠷᠳᠡᠢ ᠦᠷᠢ ᠰᠢᠷᠢ ᠶᠢ ᠴᠡᠭᠴᠡᠯᠡᠬᠦ ᠠᠵᠢᠯ | ᠤᠨ ᠲᠦᠰᠦᠪ ᠢ ᠨᠢᠮᠪᠠᠢ ᠨᠠᠶᠢᠳᠠᠪᠤᠷᠢᠵᠢᠭᠤᠯᠵᠦ᠂ ᠪᠦᠬᠦ ᠵᠢᠯ ᠳᠤ 4.75 ᠳ᠋ᠦᠩᠰᠢᠭᠤᠷ ᠲᠦᠬᠦᠷᠢᠭ ᠤᠨ ᠵᠠᠰᠠᠭ ᠤᠨ | ᠤᠷᠳᠤᠨ ᠤ ᠴᠢᠨᠡᠷᠳᠡᠢ ᠦᠷᠢ ᠰᠢᠷᠢ ᠶᠢ ᠪᠦᠭᠯᠡᠵᠦ᠂ ᠡᠬᠦᠷᠬᠡ ᠪᠠᠨ 115% ᠪᠠᠷ ᠪᠡᠶᠡᠯᠡᠬᠦᠯᠵᠡᠢ᠂ ᠡᠬᠦᠨ ᠳᠤ ︽ᠠᠷᠪᠠ | ᠶᠢ ᠪᠦᠷᠬᠦᠬᠦᠯᠬᠦ︾ ᠵᠢᠴᠢ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠭᠰᠠᠨ ᠢᠨᠵᠧᠨᠧᠷᠢᠩ ᠤᠨ 1.56 | ᠳ᠋ᠦᠩᠰᠢᠭᠤᠷ ᠲᠦᠬᠦᠷᠢᠭ ᠤᠨ ᠦᠯᠡᠳᠡᠭᠳᠡᠯ ᠦᠷᠢ ᠶᠢ ᠪᠦᠬᠦᠨ ᠢ ᠰᠢᠢᠳᠪᠤᠷᠢᠯᠡᠪᠡ᠃ ᠦᠷᠢ ᠰᠢᠷᠢ ᠶᠢ ᠢᠳᠡᠪᠬᠢᠳᠡᠢ | ᠪᠦᠭᠯᠡᠭᠰᠡᠨ ᠪᠤᠯᠬᠤᠷ ᠦᠪᠡᠷᠳᠡᠬᠡᠨ ᠵᠠᠰᠠᠬᠤ ᠤᠷᠤᠨ ᠠᠴᠠ 5500 ᠲᠦᠮᠡᠨ ᠲᠦᠬᠦᠷᠢᠭ ᠤᠨ ᠱᠠᠩᠨᠠᠯ ᠤᠨ ᠮᠦᠩᠬᠦ | ᠤᠯᠭᠤᠪᠠ᠃ ᠲᠠᠯᠳᠠ ᠴᠢᠨᠠᠷᠲᠠᠢ ᠦᠷᠢ ᠶᠢ ᠢᠳᠡᠪᠬᠢᠳᠡᠢ ᠢᠯᠭᠠᠨ ᠲᠤᠳᠤᠯᠠᠵᠦ᠂ ᠵᠠᠰᠠᠭ ᠤᠨ ᠤᠷᠳᠤᠨ ᠤ ᠲᠠᠯᠳᠠ ᠴᠢᠨᠠᠷᠲᠠᠢ | ᠦᠷᠢ ᠶᠢ ᠪᠦᠭᠯᠡᠬᠦ ᠠᠵᠢᠯ ᠤᠨ ᠲᠦᠰᠦᠪ ᠢ ᠲᠤᠭᠳᠠᠭᠠᠪᠠ᠃ ᠵᠠᠰᠠᠭ ᠤᠨ ᠤᠷᠳᠤᠨ ᠠᠴᠠ ᠦᠷᠢ ᠭᠠᠷᠭᠠᠬᠤ ᠶᠢ ᠴᠢᠩᠭ᠎ᠠ | ᠬᠢᠵᠠᠭᠠᠷᠯᠠᠵᠤ᠂ ᠦᠷᠢ ᠰᠢᠷᠢ ᠶᠢᠨ ᠨᠡᠮᠡᠭᠳᠡᠯ ᠢ ᠪᠦᠳᠦᠮᠵᠢᠳᠠᠢ ᠬᠤᠷᠢᠭᠯᠠᠵᠦ ᠴᠢᠳᠠᠪᠠ᠃ ᠬᠦᠳᠡᠭᠡ ᠲᠤᠰᠬᠤᠨ ᠤ ᠠᠷᠠᠳ ᠤᠨ | ᠬᠤᠭᠤᠷᠤᠨᠳᠤᠬᠢ ᠵᠢᠬᠡᠯᠡᠯᠬᠡ ᠶᠢᠨ ᠲᠦᠭᠰᠢᠬᠦᠷᠢ ᠶᠢ ᠠᠷᠢᠯᠭᠠᠵᠦ᠂ ᠵᠢᠬᠡᠯᠡᠯᠬᠡ ᠠᠪᠤᠭᠰᠠᠨ ᠡᠷᠦᠬᠡ ᠶᠢᠨ ᠲᠤᠭ᠎ᠠ ᠪᠠ ᠵᠢᠬᠡᠯᠡᠯᠬᠡ | ᠶᠢᠨ ᠮᠦᠩᠬᠦᠨ ᠤ ᠲᠤᠭ᠎ᠠ ᠨᠢ ᠲᠤᠰᠪᠤᠷᠢ 70% ᠪᠠ 69% ᠪᠠᠷ ᠪᠠᠭᠤᠷᠠᠪᠠ᠃ 7 ᠤᠳᠠᠭᠠᠨ ᠤ ᠮᠦᠩᠬᠦᠨ ᠬᠦᠢᠯᠬᠡᠬᠡᠨ | ᠤ ᠬᠠᠤᠯᠢ ᠪᠤᠰᠤ ᠠᠵᠢᠯᠯᠠᠭᠠᠨ ᠳᠤ ᠴᠤᠬᠢᠯᠳᠠ ᠦᠭᠴᠦ᠂ ᠶᠠᠷᠤᠩᠬᠡᠢ ᠵᠤᠭᠤᠰᠤᠨ ᠤ ᠬᠡᠮᠵᠢᠶ᠎ᠠ ᠨᠢ 537 ᠲᠦᠮᠡᠨ | ᠲᠦᠬᠦᠷᠢᠭ ᠲᠤ ᠬᠦᠷᠦᠭᠰᠡᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠠᠵᠢᠯ ᠢ ᠤᠨᠤᠪᠴᠢᠳᠠᠢ ᠪᠦᠬᠡᠳ ᠬᠦᠨᠵᠡᠬᠡᠢ | ᠦᠷᠨᠢᠭᠦᠯᠵᠦ᠂ 2018 ᠤᠨ ᠳᠤ ᠶᠠᠳᠠᠭᠤ ᠶᠢ ᠲᠡᠳᠬᠦᠬᠦ ᠡᠯ᠎ᠠ ᠲᠦᠷᠦᠯ ᠤᠨ ᠪᠡᠯᠡ ᠮᠦᠩᠬᠦ ᠨᠡᠶᠢᠳᠡ 3380 ᠲᠦᠮᠡᠨ | ᠲᠦᠬᠦᠷᠢᠭ ᠵᠠᠷᠤᠴᠠᠭᠤᠯᠵᠦ᠂ 324 ᠡᠷᠦᠬᠡ ᠶᠢᠨ 743 ᠬᠦᠮᠦᠨ ᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠠᠴᠠ | ᠠᠩᠬᠢᠵᠢᠷᠠᠭᠰᠠᠨ ᠬᠦᠮᠦᠨ ᠢ ︽ᠬᠤᠶᠠᠷ ᠵᠦᠢᠯ ᠳᠤ ᠵᠤᠪᠠᠭ᠋ᠤ ᠦᠬᠡᠢ᠂ ᠭᠤᠷᠪᠠ ᠶᠢ ᠪᠠᠳᠤᠯᠠᠵᠦ᠂ ᠨᠢᠬᠡ ᠪᠠᠷᠢᠮᠵᠢᠶ᠎ᠠ ᠠᠴᠠ | ᠦᠨᠳᠦᠷ ᠪᠠᠶᠢᠬᠤ︾ ᠬᠠᠷᠠᠯᠳᠠ ᠳᠤ ᠬᠦᠷᠭᠡᠨ᠂ ᠮᠠᠨ ᠤ ᠬᠤᠰᠢᠭᠤ ᠤᠷᠤᠨ ᠤ ᠲᠡᠰ ᠤᠨ ᠶᠠᠳᠠᠭᠤ ᠬᠦᠴᠢᠷᠳᠡᠢ ᠬᠤᠰᠢᠭᠤᠨ | ᠤ ᠮᠠᠯᠠᠭᠠᠢ ᠪᠠᠨ ᠳᠠᠶᠠᠭᠳᠠᠪᠠ᠃ ᠴᠡᠩᠬᠡᠷ ᠤᠭᠳᠠᠷᠭᠤᠢ᠂ ᠴᠡᠪᠡᠷ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠠᠵᠢᠯ ᠢ | ᠰᠠᠶᠢᠨ ᠬᠢᠪᠠ᠃ ᠲᠦᠪ ᠠᠴᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠵᠢᠴᠢ ︽ | ᠳᠠᠬᠢᠨ ᠪᠠᠶᠢᠴᠠᠭᠠᠬᠤ︾ ᠠᠵᠢᠯ᠂ ᠭᠠᠵᠠᠷ ᠰᠢᠷᠦᠢ ᠶᠢᠨ ᠵᠤᠷᠰᠢᠯ ᠪᠠᠶᠢᠴᠠᠭᠠᠯᠳᠠ ᠶᠢᠨ ᠲᠤᠮᠳᠠ ᠢᠯᠡᠷᠡᠬᠦᠯᠦᠭᠰᠡᠨ ᠠᠰᠠᠭᠤᠳᠠᠯ | ᠢ ᠴᠡᠭᠴᠡᠯᠡᠨ ᠦᠬᠡᠷᠡᠴᠢᠯᠡᠬᠦ ᠠᠵᠢᠯ ᠢ ᠰᠠᠶᠢᠳᠦᠷ ᠠᠳᠬᠤᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠦᠷᠢᠶ᠎ᠡ ᠴᠡᠷ᠎ᠡ ᠳᠤ | ᠤᠷᠤᠰᠢᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠢᠯᠡᠷᠡᠬᠦᠯᠵᠦ ᠴᠡᠭᠴᠡᠯᠡᠨ ᠵᠠᠰᠠᠪᠠ᠃ ᠱᠠᠩᠳᠤ ᠴᠠᠬᠢᠯᠭᠠᠨ | ᠭᠠᠷᠭᠠᠬᠤ ᠦᠢᠯᠡᠳᠪᠤᠷᠢ ᠶᠢᠨ 6 ᠰᠠᠤᠷᠢ ᠮᠠᠰᠢᠨ ᠴᠤᠭᠴᠠᠯᠠᠪᠤᠷᠢ ᠳᠤ ᠪᠦᠷ ᠲᠤᠤᠷ᠎ᠠ ᠭᠠᠳᠠᠭᠰᠢᠯᠠᠭᠤᠯᠤᠯᠳᠠ ᠶᠢᠨ | ᠦᠬᠡᠷᠡᠴᠢᠯᠡᠯᠳᠡ ᠬᠢᠵᠦ᠂ ᠨᠡᠬᠦᠷᠡᠰᠦᠨ ᠰᠢᠳᠠᠭᠠᠯᠭ᠎ᠠ ᠶᠢᠨ ᠵᠢᠵᠢᠭ ᠬᠦᠸᠧᠯᠦ ᠶᠢ 18 ᠰᠠᠤᠷᠢ ᠲᠠᠶᠠᠭᠳᠠᠪᠠ︔ ᠪᠦᠬᠦ | ᠬᠤᠰᠢᠭᠤᠨ ᠤ 19 ᠲᠤᠰᠤ ᠨᠡᠮᠡᠬᠦ ᠦᠷᠳᠡᠬᠡᠨ ᠤ 84 ᠭᠠᠵᠠᠷ ᠲᠤᠤᠷᠡᠬᠢ ᠲᠤᠰᠤ ᠬᠠᠳᠠᠭᠠᠯᠠᠬᠤ ᠲᠦᠬᠦᠬᠡᠷᠦᠮᠵᠢ ᠳᠤ ᠲᠤᠰᠤ | ᠨᠡᠪᠴᠢᠬᠦ ᠶᠢ ᠰᠡᠷᠬᠡᠶᠢᠯᠡᠬᠦ ᠦᠬᠡᠷᠡᠴᠢᠯᠡᠯᠳᠡ ᠬᠢᠪᠡ᠃ ᠪᠦᠬᠦ ᠬᠤᠰᠢᠭᠤᠨ ᠤ ᠬᠡᠪᠴᠢᠶᠠᠨ ᠳᠤ 17.38 ᠲᠡᠭᠰᠢ ᠲᠦᠷᠪᠡᠯᠵᠢᠨ | ᠺᠢᠯᠤᠮᠧᠲᠷ ᠲᠠᠯᠠᠪᠠᠢ ᠪᠦᠬᠦᠢ ᠬᠠᠶᠠᠭᠳᠠᠭᠰᠠᠨ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠰᠡᠷᠬᠦᠬᠡᠨ ᠴᠡᠭᠴᠡᠯᠡᠬᠦ | ᠢᠨᠵᠧᠨᠧᠷᠢᠩ ᠤᠨ ᠲᠦᠰᠦᠪ ᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠬᠢᠨᠠᠨ ᠵᠦᠪᠯᠡᠬᠦᠯᠬᠦ ᠪᠠᠷ ᠲᠤᠰᠢᠶᠠᠪᠠ᠃ | ᠪᠦᠬᠦ ᠬᠤᠰᠢᠭᠤᠨ ᠳᠤ ᠪᠠᠶᠢᠭ᠎ᠠ 22 ᠭᠤᠤᠯ ᠭᠤᠷᠤᠬ᠎ᠠ᠂ 23 ᠨᠠᠭᠤᠷ ᠲᠤ ᠨᠠᠶᠢᠳᠠᠮ ᠤᠨ ᠪᠠᠶᠢᠴᠠᠭᠠᠯᠳᠠ ᠬᠢᠵᠦ᠂ ᠭᠤᠤᠯ | ᠨᠠᠭᠤᠷ ᠤᠨ ᠬᠠᠷᠢᠭᠤᠴᠠᠯᠭᠠᠳᠠᠨ ᠤ ᠲᠦᠷᠢᠮ ᠢ ᠬᠡᠷᠡᠭᠵᠢᠬᠦᠯᠪᠡ᠃ | ︵ᠬᠤᠶᠠᠷ︶ ᠠᠵᠦ ᠠᠬᠤᠢ ᠶᠢᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠭᠦᠯᠵᠦ᠂ ᠠᠵᠤ ᠠᠬᠤᠢ ᠨᠡᠶᠢᠭᠡᠮ ᠤᠨ | ᠬᠦᠭᠵᠯᠳᠡ ᠶᠢ ᠠᠬᠢᠭᠤᠯᠪᠠ᠃ 2018 ᠣᠨ ᠳᠤ᠂ ᠪᠢᠳᠠ ᠠᠵᠦ ᠠᠬᠤᠢ ᠶᠢᠨ ᠤᠯᠠᠨ ᠡᠰᠢᠴᠢᠯᠡᠭᠰᠡᠨ ᠬᠦᠭᠵᠢᠯᠳᠡ᠂ | ᠤᠯᠠᠨ ᠲᠤᠯᠭᠠᠭᠤᠷᠢ ᠴᠡᠭ ᠤᠨ ᠤᠳᠤᠬᠢᠴᠢᠯᠠᠭᠰᠠᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠲᠡᠭᠡᠷ᠎ᠡ ᠬᠦᠴᠦᠨ ᠢᠶᠠᠨ | ᠲᠥᠪᠯᠡᠷᠡᠭᠦᠯᠦᠨ ᠰᠢᠨ᠎ᠡ ᠪᠤᠳᠣᠯᠭ᠎ᠠ ᠳᠣᠭᠳᠠᠭᠠᠨ ᠰᠢᠨ᠎ᠡ ᠠᠮᠵᠢᠯᠲᠠ ᠣᠯᠪᠠ᠃ ᠣᠳᠣᠬᠢᠴᠢᠯᠠᠭᠰᠠᠨ ᠮᠠᠯ ᠠᠵᠤ ᠠᠬᠤᠢ ᠶᠢ | ᠳᠣᠭᠳᠠᠭᠤᠨ ᠬᠦᠭᠵᠢᠭᠦᠯᠵᠦ᠂ ︽ᠬᠤᠨᠢ ᠶᠢ ᠴᠦᠬᠡᠴᠡᠯᠡᠵᠦ᠂ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢᠨ ᠦᠷ᠎ᠡ | ᠪᠦᠳᠦᠮᠵᠢ ᠳᠣᠪᠣᠶᠢᠮ᠎ᠠ ᠪᠠᠶᠢᠨ᠎ᠠ᠃ 2018 ᠤᠨ ᠳᠤ ᠪᠦᠬᠦ ᠬᠤᠰᠢᠭᠤᠨ ᠤ ᠮᠠᠯ ᠤᠨ ᠶᠡᠷᠤᠩᠬᠡᠢ ᠲᠤᠭ᠎ᠠ ᠲᠤᠯᠤᠭᠠᠢ 54. | 74 ᠲᠦᠮᠡ ᠳᠤ ᠬᠦᠷᠪᠡ᠃ ᠡᠬᠦᠨ ᠳᠤ᠂ ᠦᠬᠡᠷ 23.38 ᠲᠦᠮᠡᠨ ᠲᠤᠯᠤᠭᠠᠢ ᠪᠠᠶᠢᠵᠦ᠂ ᠠᠳᠠᠯᠢ ᠬᠤᠭᠤᠴᠠᠭᠠᠨ ᠤ ᠬᠢ | ᠠᠴᠠ 2926 ᠲᠤᠯᠤᠭᠠᠢ ᠨᠡᠮᠡᠭᠳᠡᠨ᠂ ᠨᠡᠮᠡᠭᠳᠡᠯ ᠤᠨ ᠨᠤᠷᠮ᠎ᠠ ᠨᠢ 1.26% ᠬᠦᠷᠴᠡᠢ᠃ ᠬᠤᠨᠢ ᠨᠢ 29.73 ᠲᠦᠮᠡᠨ | ᠲᠤᠯᠤᠭᠠᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.46 ᠲᠦᠮᠡᠨ ᠲᠤᠯᠤᠭᠠᠢ ᠬᠤᠷᠤᠭᠳᠠᠨ᠂ 13% ᠪᠠᠷ | ᠪᠠᠭᠤᠷᠠᠪᠠ᠃ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠢᠯᠢᠳᠡᠭᠵᠢᠵᠦ᠂ ᠪᠦᠬᠦ ᠵᠢᠯ ᠳᠤ ᠠᠵᠦ ᠦᠢᠯᠡᠳᠪᠤᠷᠢ | ᠶᠢᠨ ᠶᠡᠷᠤᠩᠬᠡᠢ ᠦᠷᠳᠡᠭ ᠨᠢ 56.83 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3. | 14% ᠪᠠᠷ ᠨᠡᠮᠡᠭᠳᠡᠪᠡ᠃ ᠰᠢᠨ ᠵᠢᠩ ᠬᠡᠷᠡᠯ ᠤᠨ ᠡᠨᠧᠷᠬᠢᠳᠦ ᠴᠠᠬᠢᠯᠭᠠᠨ ᠭᠠᠷᠭᠠᠬᠤ ᠺᠤᠮᠫᠠᠨᠢ᠂ ᠵᠦᠩ ᠭᠠᠩ ᠠᠭᠤᠷᠬᠠᠢ | ᠶᠢᠨ ᠦᠢᠯᠡᠰ ᠢ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠡᠩᠨᠡᠬᠡᠨ ᠳᠤ ᠣᠷᠣᠭᠤᠯᠪᠠ᠃ ᠱᠠᠩᠳᠤ ᠴᠠᠬᠢᠯᠭᠠᠨ | ᠭᠠᠷᠭᠠᠬᠤ ᠦᠢᠯᠡᠳᠪᠤᠷᠢ ᠨᠢ ᠲᠤᠰ ᠵᠢᠯ ᠳᠤ 190.76 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠦ᠂ ᠠᠳᠠᠯᠢ | ᠬᠤᠭᠤᠴᠠᠭᠠᠨ ᠤ ᠬᠢ ᠠᠴᠠ ᠪᠠᠨ 1.7% ᠪᠠᠷ ᠨᠡᠮᠡᠭᠳᠡᠪᠡ᠃ 7 ᠡᠷᠦᠬᠡ ᠰᠢᠨ᠎ᠠ ᠡᠨᠧᠷᠬᠢ ᠶᠢᠨ ᠴᠠᠬᠢᠯᠭᠠᠨ ᠭᠠᠷᠭᠠᠬᠤ | ᠠᠵᠦ ᠠᠬᠤᠶᠢᠯᠠᠯ ᠤᠨ ᠪᠦᠬᠦ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠠ ᠨᠢ 8.62 ᠳ᠋ᠦᠩᠰᠢᠭᠤᠷ ᠭᠷᠡᠳᠦ᠋ᠰ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠪᠡ᠃ 4 ᠠᠵᠤ ᠠᠬᠤᠶᠢᠯᠠᠯ ︵ᠪᠠᠶᠢᠭᠤᠯᠭ᠎ᠠ ᠨᠢᠭᠡᠴᠡ︶ ᠢ | ᠥᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠤᠯᠠᠨ ᠲᠠᠯᠠᠳᠦ ᠰᠤᠯᠢᠯᠴᠠᠭᠠᠨ ᠤ ᠵᠠᠬ᠎ᠠ ᠳᠤ ᠤᠷᠤᠭᠤᠯᠪᠠ᠃ | ᠱᠠᠩᠳᠤ ᠦᠬᠡᠷ ᠤᠨ ᠮᠢᠬ᠎ᠠ᠂ ᠮᠤ᠋ ᠰᠢᠩ ᠮᠤᠩᠭᠤᠯ ᠬᠡᠷ ᠤᠨ ᠦᠢᠯᠡᠳᠪᠤᠷᠢ ᠨᠢ ᠤᠷᠤᠨ ᠪᠦᠰᠡ ᠶᠢᠨ ᠴᠢᠨᠡᠷᠳᠡᠢ ᠰᠲ᠋ᠤᠺ ᠤᠨ | ᠰᠤᠯᠢᠯᠴᠠᠭᠠᠨ ᠤ ᠲᠦᠪ ᠤᠨ ᠪᠡᠯᠡ ᠬᠤᠷᠠᠮᠳᠤᠭᠤᠯᠬᠤ ᠲᠠᠪᠴᠠᠩ ᠳᠤ ᠫᠠᠶᠢᠰᠠ ᠢᠯᠡᠷᠬᠡᠶᠢᠯᠡᠯ ᠡᠯᠬᠦᠨ᠂ ᠪᠦᠬᠦ ᠬᠤᠰᠢᠭᠤᠨ ᠤ | ᠫᠠᠶᠢᠰᠠ ᠢᠯᠡᠷᠬᠡᠶᠢᠯᠡᠯ ᠡᠯᠬᠦᠭᠰᠡᠨ ᠠᠵᠦ ᠠᠬᠤᠶᠢᠯᠠᠯ 11 ᠡᠷᠦᠬᠡ ᠪᠣᠯᠵᠤ ᠨᠡᠮᠡᠭᠳᠡᠪᠡ᠃ ᠰᠤᠶᠤᠯ ᠵᠢᠭᠤᠯᠴᠢᠯᠠᠯ ᠤᠨ ᠦᠢᠯᠡᠰ | ᠢᠳᠡᠷᠡᠭᠦᠨ ᠬᠥᠭᠵᠢᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠤᠯᠤᠰ ᠤᠨ 5A ᠲᠡᠰ ᠤᠨ ᠵᠢᠭᠤᠯᠴᠢᠯᠠᠯ ᠤᠨ | ᠤᠷᠤᠨ ᠪᠣᠯᠭᠠᠬᠤ ᠠᠵᠢᠯ ᠡᠷᠴᠢᠮᠲᠠᠢ ᠲᠠᠢ ᠦᠷᠭᠦᠯᠵᠢᠯᠡᠵᠦ᠂ ᠬᠤᠪᠢᠯᠠᠢ ᠺᠢᠨᠤ᠋ ᠲᠧᠯᠸᠢᠰ ᠵᠢᠷᠤᠭᠯᠠᠨ ᠰᠡᠬᠦᠳᠡᠷᠯᠡᠬᠦ ᠰᠠᠭᠤᠷᠢᠨ | ᠤ ᠰᠠᠭᠤᠷᠢ ᠪᠦᠳᠦᠬᠡᠨ ᠪᠠᠶᠢᠭᠤᠯᠤᠯᠳᠠ ᠵᠢᠴᠢ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠴᠡᠭᠴᠡᠯᠡᠬᠦ ᠠᠵᠢᠯ ᠢ | ᠪᠡᠶᠡᠯᠡᠭᠦᠯᠦᠨ᠂ ᠺᠢᠨᠤ᠋ ︽ᠬᠠᠶᠢᠷ᠎ᠠ ᠶᠢᠨ ᠲᠠᠭᠤᠤ︾᠂ ᠦᠷᠬᠦᠯᠵᠢᠯᠡᠭᠰᠡᠨ ᠲᠧᠯᠸᠢᠰ ᠵᠦᠴᠦᠬᠡ ︽ᠠᠪᠤ ᠡᠵᠢ ᠶᠢᠨ ᠨᠤᠳᠤᠭ | ᠤᠰᠤᠨ︾ ᠢ ᠰᠡᠬᠦᠳᠡᠷᠯᠡᠨ ᠲᠠᠭᠤᠰᠬᠠᠵᠦ᠂ ︽ᠰᠢᠯᠤᠭᠤᠨ ᠬᠦᠬᠡ ᠬᠤᠰᠢᠭᠤᠨ ᠤ ᠰᠤᠶᠤᠯ ᠵᠢᠭᠤᠯᠴᠢᠯᠠᠯ ᠤᠨ ᠠᠵᠦ | ᠦᠢᠯᠡᠰ ᠤᠨ ᠬᠦᠷᠢᠶᠡᠯᠡᠩ ᠤᠨ ᠬᠦᠭᠵᠢᠯᠳᠡ ᠶᠢᠨ ᠶᠡᠷᠤᠩᠬᠡᠢ ᠲᠦᠯᠦᠪᠵᠢᠬᠦᠯᠬᠡ︾ ᠶᠢᠨ ᠡᠬᠡ ᠨᠤᠤᠷᠠᠭ ᠢ ᠨᠢᠬᠡᠨᠳᠡ | ᠨᠠᠶᠢᠷᠠᠭᠤᠯᠪᠠ᠃ ᠪᠠᠶᠢᠭᠠᠯᠢ᠂ ᠬᠠᠨ ᠪᠠᠯᠢᠭ ᠵᠡᠷᠬᠡ 4 ᠡᠷᠦᠭᠡ ᠪᠠᠷᠢᠮᠵᠢᠶᠠᠵᠢᠭᠰᠠᠨ ᠮᠠᠯᠴᠢᠨ ᠠᠶᠢᠯ ᠵᠢᠭᠤᠯᠴᠢᠯᠠᠯ ᠤᠨ ᠭᠠᠵᠠᠷ | ᠤᠨ ᠰᠠᠭᠤᠷᠢ ᠲᠦᠬᠦᠬᠡᠷᠦᠮᠵᠢ ᠶᠢ ᠲᠡᠰ ᠲᠡᠪᠰᠢᠬᠦᠯᠦᠨ ᠥᠭᠡᠷᠡᠴᠢᠯᠡᠪᠡ᠃ 2018 ᠤᠨ ᠤ ᠴᠡᠴᠡᠭ ᠤᠨ ᠤᠯᠠᠷᠢᠯ ᠤᠨ | ᠰᠢᠷ᠎ᠠ ᠲᠠᠯ᠎ᠠ ᠶᠢᠨ ᠴᠡᠴᠡᠭ ᠰᠤᠨᠢᠷᠬᠠᠬᠤ ᠨᠠᠶᠢᠷ ᠵᠢᠴᠢ ᠰᠢᠯᠢ ᠶᠢᠨ ᠭᠤᠤᠯ ᠤᠨ ︽ᠥᠷᠲᠡᠭᠡ ᠵᠠᠮ ᠢ ᠮᠤᠷᠢᠳᠠᠢ ᠵᠤᠭᠠᠴᠠᠬᠤ | ᠨᠠᠭᠠᠳᠤᠮ︾᠂ ᠥᠪᠦᠷ ᠮᠤᠩᠭᠤᠯ ᠤᠨ ᠶᠤᠸᠠᠨ ᠤ ᠳᠡᠭᠡᠳᠦ ᠨᠡᠶᠢᠰᠯᠠᠯ ᠭᠦᠶᠦᠭᠴᠢ ᠣᠯᠠᠨ ᠣᠯᠣᠰ ᠤᠨ ᠬᠤᠯᠠ ᠬᠦᠶᠦᠬᠦ | ᠣᠷᠣᠯᠳᠣᠭᠠᠨ ᠵᠡᠷᠭᠡ ᠥᠪᠡᠷᠳᠡᠭᠡᠨ ᠵᠠᠰᠠᠬᠤ ᠤᠷᠤᠨ ᠤ ᠲᠡᠰ ᠤᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠪᠡ᠃ ︽ᠬᠤᠯᠠᠨ | ᠰᠢᠷᠭ᠎ᠠ︾ ᠮᠥᠩᠭᠦᠨ ᠡᠪᠤᠯ ᠤᠨ ᠨᠠᠭᠠᠳᠣᠮ᠂ ︽ᠬᠤᠯᠠᠨ ᠰᠢᠷᠭ᠎ᠠ︾ ᠶᠠᠪᠠᠭᠠᠨ ᠠᠯᠬᠤᠬᠤ ᠵᠡᠷᠭᠡ ᠨᠡᠷ᠎ᠡ ᠲᠡᠮᠳᠡᠭᠳᠦ | ᠠᠵᠢᠯᠯᠠᠭ᠎ᠠ ᠶᠢ 18 ᠤᠳᠠᠭ᠎ᠠ ᠡᠷᠬᠢᠯᠡᠨ ᠶᠠᠪᠤᠭᠳᠠᠭᠤᠯᠪᠠ᠃ ᠪᠦᠬᠦ ᠵᠢᠯ ᠳᠤ 107 ᠲᠥᠮᠡᠨ ᠬᠦᠮᠦᠨ ᠣᠳᠠᠭᠠᠨ ᠤ | ᠵᠢᠭᠤᠯᠴᠢᠨ ᠢ ᠲᠣᠰᠴᠤ᠂ 7.5 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠬᠠᠮᠢᠶ᠎ᠠ ᠪᠦᠬᠦᠢ ᠣᠷᠣᠯᠭ᠎ᠠ ᠶᠢ ᠡᠭᠦᠳᠪᠡ᠃ | ᠳᠣᠮᠳᠠᠳᠣ ᠤᠯᠤᠰ ᠤᠨ ᠮᠣᠩᠭᠤᠯ ᠲᠡᠣᠭᠡ ᠰᠣᠶᠣᠯ ᠤᠨ ᠨᠡᠶᠢᠭᠡᠮᠯᠢᠭ ᠲᠠᠢ ᠬᠠᠮᠳᠣᠷᠠᠨ ᠶᠤᠸᠠᠨ ᠤ ᠳᠡᠭᠡᠳᠦ ᠨᠠᠶᠢᠰᠯᠠᠯ ᠵᠢᠴᠢ | ᠮᠤᠩᠭᠤᠯ ᠲᠡᠣᠬᠡ ᠰᠣᠶᠣᠯ ᠢ ᠰᠣᠳᠣᠯᠣᠨ ᠶᠠᠷᠢᠯᠴᠠᠬᠤ ᠬᠤᠷᠠᠯ ᠬᠤᠷᠠᠯᠳᠣᠭᠤᠯᠵᠤ᠂ ᠠᠶᠢᠮᠠᠭ ᠤᠨ ᠠᠵᠢᠯ ᠮᠡᠷᠭᠡᠵᠢᠯ ᠤᠨ | ᠳᠡᠭᠡᠳᠦ ᠰᠣᠷᠭᠠᠭᠤᠯᠢ ᠲᠠᠢ ᠬᠠᠮᠳᠣᠷᠠᠯᠴᠠᠨ ᠮᠤᠩᠭᠤᠯ ᠮᠣᠷᠢ ᠪᠣᠯᠣᠨ ᠤᠯᠠᠮᠵᠢᠯᠠᠯᠳᠣ ᠠᠳᠣᠭᠤᠨ ᠰᠣᠶᠣᠯ ᠤᠨ ᠰᠣᠳᠣᠯᠣᠨ | ᠶᠠᠷᠢᠯᠴᠠᠬᠤ ᠬᠤᠷᠠᠯ ᠬᠤᠷᠠᠯᠳᠣᠭᠤᠯᠵᠤ᠂ ᠮᠣᠩᠭᠤᠯ ᠶᠤᠸᠠᠨ ᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠠᠬᠢᠭᠤᠯᠪᠠ᠃ | ᠰᠢᠯᠤᠭᠤᠨ ᠬᠦᠬᠡ ᠬᠤᠰᠢᠭᠤ ᠶᠢ ᠤᠬᠠᠭᠤᠯᠤᠨ ᠰᠤᠷᠳᠠᠯᠴᠢᠯᠠᠭᠰᠠᠨ 10 ᠰᠢᠨ᠎ᠠ ᠲᠠᠭᠤᠤ ᠤᠷᠠᠨ ᠪᠦᠳᠦᠬᠡᠯ ᠢ ᠵᠤᠬᠢᠶᠠᠨ | ᠪᠦᠳᠦᠬᠡᠵᠦ᠂ ︽ᠶᠤᠸᠠᠨ ᠤ ᠲᠡᠭᠡᠳᠦ ᠨᠠᠶᠢᠰᠯᠠᠯ︾ ᠰᠢᠨ᠎ᠠ ᠲᠠᠭᠤᠤ ᠤᠷᠠᠨ ᠪᠦᠳᠦᠬᠡᠯ ᠤᠨ ᠰᠤᠨᠢᠨ ᠮᠡᠳᠡᠭᠡ ᠨᠡᠶᠢᠳᠡᠯᠡᠬᠦ | ᠬᠤᠷᠠᠯ ᠢ ᠠᠮᠵᠢᠯᠳᠠ ᠲᠠᠢ ᠬᠤᠷᠠᠯᠳᠣᠭᠤᠯᠪᠠ᠃ ᠶᠤᠸᠠᠨ ᠤ ᠳᠡᠭᠡᠳᠦ ᠨᠠᠶᠢᠰᠯᠠᠯ ᠤᠨ ᠤᠬᠠᠭᠤᠯᠭ᠎ᠠ ᠶᠢᠨ 4 ᠪᠦᠯᠦᠭᠳᠦ | ᠪᠠᠷᠢᠮᠳᠠᠳᠣ ᠺᠢᠨᠤ᠋ ︽ᠲᠡᠯᠡᠭᠡᠢ ᠶᠢᠨ ᠱᠠᠩᠳᠣ︾ ᠶᠢ ᠰᠡᠭᠦᠳᠡᠷᠯᠡᠨ ᠳᠠᠭᠤᠰᠬᠠᠪᠠ᠃ ᠬᠤᠰᠢᠭᠤ ᠤᠯᠠᠭᠠᠨᠮᠦ᠋ᠴᠢᠷ ᠨᠢ 28 ᠰᠢᠨ᠎ᠡ | ᠪᠦᠲᠦᠭᠡᠯ ᠨᠠᠶᠢᠷᠠᠭᠤᠯᠤᠨ ᠵᠣᠬᠢᠶᠠᠵᠤ᠂ 117 ᠲᠠᠯᠠᠪᠠᠢ ᠳᠣᠭᠯᠠᠯᠳᠠ ᠭᠠᠷᠭᠠᠪᠠ᠃ | ︵ᠭᠤᠷᠪᠠ︶ ᠬᠦᠭᠵᠢᠯᠳᠡ ᠶᠢᠨ ᠰᠠᠭᠤᠷᠢ ᠶᠢ ᠪᠠᠳᠣᠵᠢᠭᠤᠯᠤᠨ᠂ ᠬᠦᠳᠡᠭᠡ ᠳᠣᠰᠬᠤᠨ ᠢ ᠬᠦᠭᠵᠢᠭᠦᠯᠦᠨ | ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠦᠨᠵᠡᠭᠡᠢ ᠬᠡᠷᠡᠭᠵᠢᠭᠦᠯᠬᠦ ᠳᠤ ᠨᠦᠬᠦᠴᠡᠯ ᠬᠠᠩᠭᠠᠪᠠ᠃ᠲᠠᠷᠢᠶᠠᠯᠠᠩ ᠮᠠᠯ ᠠᠵᠤ | ᠠᠬᠤᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠴᠢᠩᠭᠠᠳᠬᠠᠵᠤ᠂ ᠲᠤᠰ | ᠵᠢᠯ ᠳᠤ 3.8 ᠲᠥᠮᠡᠨ ᠳᠡᠭᠰᠢ ᠳᠦᠷᠪᠡᠯᠵᠢᠨ ᠮᠧᠲᠷ ᠤᠨ ᠪᠠᠷᠢᠮᠵᠢᠶᠠᠨ ᠳᠤ ᠨᠡᠶᠢᠴᠡᠭᠰᠡᠨ ᠫᠧᠩ ᠬᠤᠷᠤᠭ᠎ᠠ᠂ 0.4 ᠲᠥᠮᠡᠨ | ᠳᠡᠭᠰᠢ ᠲᠥᠷᠪᠡᠯᠵᠢᠨ ᠮᠧᠲᠷ ᠤᠨ ᠡᠪᠡᠰᠦᠨ ᠬᠤᠷᠤᠭ᠎ᠠ᠂ 0.2 ᠲᠥᠮᠡᠨ ᠪᠤᠰᠤᠭ᠎ᠠ ᠲᠥᠷᠪᠡᠯᠵᠢᠨ ᠮᠧᠲᠷ ᠤᠨ ᠨᠤᠭᠤᠭᠠᠨ | ᠳᠠᠷᠣᠰᠢ ᠶᠢᠨ ᠵᠤᠭᠤᠷᠢ ᠶᠢ ᠰᠢᠨ᠎ᠡ ᠢᠶᠠᠷ ᠪᠠᠶᠢᠭᠤᠯᠵᠤ᠂ 34 ᠭᠡᠷ ᠪᠦᠯᠢ ᠶᠢᠨ ᠮᠠᠯᠵᠢᠯ ᠤᠨ ᠲᠠᠯᠠᠪᠠᠢ᠂ 8 ᠲᠥᠷᠢᠮᠵᠢᠭᠰᠡᠨ | ᠬᠤᠷᠰᠢᠶᠠᠵᠢᠯ ᠢ ᠪᠠᠶᠢᠭᠤᠯᠤᠨ ᠪᠠᠳᠣᠯᠠᠪᠠ᠃ ᠮᠢᠬᠠᠨ ᠤ ᠦᠬᠡᠷ ᠤᠨ ᠪᠠᠷᠢᠮᠵᠢᠶᠠᠭᠰᠠᠨ ᠲᠡᠵᠢᠭᠡᠪᠦᠷᠢ ᠶᠢᠨ ᠳᠠᠯᠠᠪᠠᠢ 3 ᠶᠢ | ᠪᠠᠶᠢᠭᠤᠯᠤᠨ᠂ ᠮᠢᠬᠠᠨ ᠤ ᠦᠬᠡᠷ ᠤᠨ ᠭᠤᠣᠯᠳᠠᠯᠭᠠᠳᠣ ᠰᠦᠷᠦᠭ 52 ᠪᠣᠯᠵᠤ᠂ 2692 ᠳᠣᠯᠣᠭᠠᠢ ᠰᠠᠭᠤᠷᠢ ᠡᠬᠡ ᠮᠠᠯ | ᠲᠠᠢ ᠪᠤᠯᠪᠠ᠃ ᠥᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠣᠷᠴᠢᠨ | ᠳᠣᠭᠤᠷᠢᠨ ᠢ ᠶᠡᠷᠦᠩᠬᠡᠶᠢᠯᠡᠨ ᠴᠡᠭᠴᠡᠯᠡᠬᠦ ᠵᠢᠱᠢᠶ᠎ᠡ ᠦᠵᠡᠭᠦᠯᠬᠦ ᠬᠤᠰᠢᠭᠤ ᠪᠣᠯᠬᠤ ᠲᠥᠷᠥᠯ ᠵᠦᠢᠯ ᠢ ᠠᠮᠵᠢᠯᠳᠠᠳᠠᠢ | ᠡᠷᠡᠮᠡᠯᠵᠡᠯᠡᠨ᠂ 1800 ᠲᠥᠮᠡᠨ ᠲᠦᠭᠦᠷᠢᠭ ᠤᠨ ᠲᠥᠷᠥᠯ ᠵᠦᠢᠯ ᠤᠨ ᠪᠡᠯᠡ ᠮᠦᠩᠬᠦ ᠣᠯᠪᠠ᠃ ᠮᠠᠯᠵᠢᠬᠤ ᠲᠠᠷᠢᠶᠠᠯᠠᠬᠤ | ᠤᠷᠤᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠰᠠᠶᠢᠵᠢᠷᠠᠭᠤᠯᠬᠤ ᠶᠢᠨ ᠳᠣᠯᠠᠳᠠ᠂ ᠮᠠᠯᠵᠢᠬᠤ ᠲᠠᠷᠢᠶᠠᠯᠠᠬᠤ | ᠤᠷᠤᠨ ᠳᠤ 129 ᠺᠢᠯᠤᠮᠧᠲᠷ ᠤᠨ ᠵᠠᠮ ᠵᠠᠰᠠᠵᠤ᠂132 ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ᠂ | 661 ᠮᠠᠯᠴᠢᠨ ᠠᠶᠢᠯ ᠳᠤ ᠴᠠᠬᠢᠯᠭᠠᠨ ᠨᠡᠪᠲᠡᠷᠡᠭᠦᠯᠵᠦ ᠥᠭᠪᠡ᠃ ᠵᠤᠷᠯᠤᠩ ᠤᠨ ᠦᠭᠡᠷᠡᠴᠢᠯᠡᠯᠳᠡ ᠶᠢᠨ ᠳᠤᠷᠰᠢᠯᠲᠠ ᠶᠢᠨ | ᠴᠢᠭ ᠳᠣᠭᠳᠠᠭᠠᠬᠤ ᠠᠵᠢᠯ ᠲᠠᠢ ᠤᠶᠠᠯᠳᠣᠭᠤᠯᠤᠨ᠂ 3 ᠰᠠᠭᠤᠷᠢ ᠨᠡᠶᠢᠳᠡ ᠶᠢᠨ ᠵᠣᠷᠯᠣᠩ ᠢ ᠰᠢᠨ᠎ᠡ ᠪᠠᠷ ︵ᠰᠢᠨᠡᠳᠬᠡᠨ︶ | ᠪᠠᠶᠢᠭᠤᠯᠵᠤ᠂ 176 ᠤᠰᠤᠨ ᠴᠡᠪᠡᠷᠰᠢᠭᠴᠢ ᠵᠤᠷᠯᠤᠩ᠂ 18 ᠦᠪᠡᠷᠳᠡᠭᠡᠨ ᠴᠡᠪᠡᠷᠰᠢᠭᠴᠢ ᠵᠤᠷᠯᠤᠩ ᠢ | ᠪᠠᠶᠢᠭᠤᠯᠤᠭᠰᠠᠨ ᠠᠴᠠ ᠲᠤᠰ ᠲᠥᠷᠥᠯ ᠤᠨ ᠠᠵᠢᠯ ᠨᠢ ᠪᠦᠬᠦ ᠤᠷᠤᠨ ᠤ ᠲᠡᠷᠢᠭᠦᠨ ᠳᠤ ᠵᠢᠭᠰᠠᠭᠠᠭᠳᠠᠭᠰᠠᠨ ᠪᠠᠶᠢᠨ᠎ᠠ᠃ | ᠬᠦᠮᠦᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠢᠳᠡᠪᠬᠢᠲᠠᠢ ᠪᠠᠷ ᠰᠢᠢᠳᠪᠦᠷᠢᠯᠡᠵᠦ᠂ ᠤᠰᠤ ᠬᠠᠳᠠᠭᠠᠯᠠᠬᠤ ᠵᠤᠭᠤᠷᠢ | 4᠂ ᠤᠰᠤᠨ ᠬᠤᠳᠳᠤᠭ 63 ᠰᠠᠭᠤᠷᠢ ᠰᠢᠨ᠎ᠡ ᠪᠠᠷ ᠮᠠᠯᠳᠠᠵᠤ᠂ 606 ᠬᠦᠮᠦᠨ᠂ 5972 ᠳᠣᠯᠣᠭᠠᠢ ᠮᠠᠯ ᠤᠨᠤᠭᠠᠨ ᠤ | ᠤᠰᠤ ᠤᠮᠳᠠᠭᠠᠨ ᠤ ᠠᠰᠠᠭᠤᠳᠠᠯ ᠢ ᠰᠢᠢᠳᠪᠦᠷᠢᠯᠡᠪᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ | ᠴᠢᠩᠭᠠᠳᠬᠠᠵᠤ 14.4 ᠲᠥᠮᠡᠨ ᠮᠦ ᠲᠠᠯᠠᠪᠠᠢ ᠶᠢ ᠣᠶᠢᠵᠢᠭᠤᠯᠤᠨ᠂ ᠣᠯᠣᠰ ᠤᠨ ᠬᠡᠪᠴᠢᠶᠡᠵᠢᠭᠰᠡᠨ ᠣᠢ ᠰᠢᠭᠤᠢ ᠶᠢᠨ | ᠲᠠᠯᠠᠪᠠᠢ ᠶᠢᠨ ᠳᠣᠷᠰᠢᠯᠲᠠ ᠶᠢᠨ ᠴᠢᠭ ᠢ ᠪᠠᠶᠢᠭᠤᠯᠬᠤ ᠢᠨᠵᠧᠨᠧᠷᠢᠩ ᠢ ᠠᠮᠵᠢᠯᠲᠠᠲᠠᠢ ᠬᠡᠷᠡᠭᠵᠢᠭᠦᠯᠪᠡ᠃ ᠣᠯᠣᠰ ᠤᠨ | ᠦᠮᠴᠢᠯᠠᠯᠳᠣ ᠣᠢ ᠰᠢᠭᠤᠢ ᠶᠢᠨ ᠲᠠᠯᠠᠪᠠᠢ ᠤᠨ ᠦᠭᠡᠷᠡᠴᠢᠯᠡᠯᠳᠡ ᠶᠢᠨ ᠠᠵᠢᠯ ᠨᠢ ᠱᠠᠳᠣᠴᠢ ᠴᠢᠨᠠᠷᠳᠠᠢ ᠠᠮᠵᠢᠯᠲᠠ ᠣᠯᠪᠠ᠃ | ᠭᠠᠵᠠᠷ ᠰᠢᠷᠣᠢ ᠨᠤᠳᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢ ᠪᠠᠳᠣᠯᠠᠬᠤ ᠠᠵᠢᠯ ᠦᠨᠳᠦᠰᠦᠨ ᠳᠡᠭᠡᠨ ᠳᠠᠭᠤᠰᠪᠠ | ᠃ | ︵ᠲᠥᠷᠪᠡ︶ ᠠᠷᠠᠳ ᠲᠥᠮᠡᠨ ᠢᠶᠠᠷ ᠦᠨᠳᠦᠰᠦᠨ ᠪᠤᠯᠭᠠᠭᠰᠠᠨ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠨ᠂ | ᠠᠷᠠᠳ ᠤᠨ ᠠᠮᠢᠳᠣᠷᠠᠯ ᠳᠤ ᠦᠢᠯᠡᠴᠢᠯᠡᠬᠦ ᠬᠢᠷᠢ ᠲᠥᠪᠰᠢᠨ ᠢ ᠳᠠᠰᠣᠷᠠᠯᠳᠠ ᠦᠭᠡᠢ ᠳᠡᠭᠡᠭᠰᠢᠯᠡᠭᠦᠯᠪᠡ᠃ ᠪᠦᠬᠦ ᠬᠤᠰᠢᠭᠤᠨ | ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠳᠤ 10.18 ᠳ᠋ᠦᠩᠰᠢᠭᠤᠷ ᠲᠦᠬᠦᠷᠢᠭ ᠵᠠᠷᠤᠴᠠᠭᠤᠯᠵᠦ᠂ | ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 60.7% ᠶᠢ ᠡᠵᠡᠯᠡᠪᠡ᠃ ᠰᠠᠭᠤᠷᠢ ᠰᠤᠷᠭᠠᠨ | ᠬᠦᠮᠦᠵᠢᠯ ᠤᠨ ᠶᠠᠰᠤ ᠴᠢᠨᠡᠷ ᠢ ᠲᠡᠭᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ | ᠬᠡᠷᠡᠭᠵᠢᠬᠦᠯᠦᠨ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢ ᠠᠳᠬᠤᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ | ᠠᠵᠢᠯ ᠢ ᠴᠢᠩᠭᠠᠳᠬᠠᠨ᠂ ᠦᠨᠳᠦᠰᠦᠳᠡᠨ ᠤ ᠰᠤᠷᠭᠠᠭᠤᠯᠢ ᠨᠢ ᠮᠤᠩᠭᠤᠯ ᠤᠯᠤᠰ ᠤᠨ 10 ᠰᠤᠷᠭᠠᠭᠤᠯᠢ ᠲᠠᠢ ᠨᠦᠬᠦᠷᠰᠡᠭ | ᠬᠠᠮᠵᠢᠯᠴᠠᠭᠠᠨ ᠤ ᠬᠠᠷᠢᠴᠠᠭ᠎ᠠ ᠪᠠᠶᠢᠭᠤᠯᠪᠠ᠃ ᠵᠢᠭᠠᠰᠤᠳᠠᠢ ᠰᠣᠮᠣᠨ ᠤ ᠬᠡᠣᠭᠡᠳ ᠤᠨ ᠴᠡᠴᠡᠷᠯᠢᠭ ᠵᠡᠷᠭᠡ ᠭᠤᠷᠪᠠᠨ ᠰᠠᠭᠤᠷᠢ | ᠬᠡᠦᠬᠡᠳ ᠤᠨ ᠴᠡᠴᠡᠷᠯᠢᠭ ᠢ ᠪᠠᠶᠢᠭᠤᠯᠵᠤ᠂ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠶᠡᠷᠤᠩᠬᠡᠶᠢᠯᠡᠭᠰᠡᠨ | ᠠᠰᠠᠷ᠂ ᠠᠵᠢᠯᠳᠠᠨ ᠤ ᠬᠡᠤᠬᠡᠳ ᠤᠨ ᠴᠡᠴᠡᠷᠯᠢᠭ ᠤᠨ ᠶᠡᠷᠤᠩᠬᠡᠶᠢᠯᠡᠭᠰᠡᠨ ᠠᠰᠠᠷ᠂ ᠨᠢᠬᠡᠳᠦᠬᠡᠷ ᠪᠠᠭ᠎ᠠ ᠰᠤᠷᠭᠠᠭᠤᠯᠢ ᠶᠢᠨ | ᠵᠢᠭᠠᠨ ᠰᠤᠷᠭᠠᠯᠳᠠ ᠶᠢᠨ ᠠᠰᠠᠷ᠂ ᠮᠤᠩᠭᠤᠯ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠵᠡᠷᠬᠡ ᠪᠠᠷᠢᠯᠭ᠎ᠠ | ᠪᠦᠳᠦᠭᠡᠨ ᠪᠠᠶᠢᠭᠤᠯᠤᠯᠳᠠ ᠶᠢᠨ ᠠᠵᠢᠯ ᠢ ᠠᠬᠢᠭᠤᠯᠵᠦ᠂ ᠰᠠᠩ ᠤᠨ ᠲᠠᠯᠠᠢ ᠪᠠᠭ᠎ᠠ ᠰᠤᠷᠭᠠᠭᠤᠯᠢ᠂ ᠬᠠᠪᠢᠷᠭ᠎ᠠ ᠪᠠᠭ᠎ᠠ | ᠰᠤᠷᠭᠠᠭᠤᠯᠢ ᠵᠡᠷᠬᠡ 5 ᠲᠤᠮᠳᠠᠳᠤ ᠪᠠᠭ᠎ᠠ ᠰᠤᠷᠭᠠᠭᠤᠯᠢ ᠶᠢᠨ ᠲᠤᠯᠠᠭᠠᠯᠭ᠎ᠠ ᠶᠢᠨ ᠲᠦᠬᠦᠬᠡᠷᠦᠮᠵᠢ ᠶᠢ ᠰᠢᠨᠡᠳᠬᠡᠨ ᠵᠠᠰᠠᠪᠠ᠃ | 6 ᠦᠨᠳᠦᠷ ᠲᠤᠮᠳᠠᠳᠤ ᠶᠢᠨ ᠪᠠᠭᠰᠢ᠂ 11 ᠠᠩᠬ᠎ᠠ ᠲᠤᠮᠳᠠᠳᠤ ᠶᠢᠨ ᠪᠠᠭᠰᠢ᠂ 37 ᠴᠡᠴᠡᠷᠯᠢᠭ ᠤᠨ ᠪᠠᠭᠰᠢ ᠶᠢ ᠢᠯᠡ ᠪᠠᠷ | ᠡᠯᠰᠡᠨ ᠬᠡᠷᠡᠭᠯᠡᠵᠦ᠂ ᠪᠠᠭᠰᠢᠨᠡᠷ ᠤᠨ ᠡᠩᠨᠡᠭᠡ ᠶᠢ ᠲᠡᠬᠦᠯᠳᠡᠷᠵᠢᠬᠦᠯᠪᠡ᠃ ᠲᠤᠮᠳᠠᠳᠤ ᠤᠯᠤᠰ ᠤᠨ ᠮᠤᠩᠭᠤᠯ ᠬᠡᠯᠡᠨ ᠤ | ᠪᠠᠷᠢᠮᠵᠢᠶ᠎ᠠ ᠠᠪᠢᠶᠠᠨ ᠤ ᠦᠵᠡᠬᠦᠯᠬᠡ ᠶᠢᠨ ᠲᠡᠩᠬᠢᠮ ᠤᠨ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ | ᠦᠵᠡᠬᠦᠯᠬᠡ ᠶᠢᠨ ᠲᠠᠩᠬᠢᠮ ᠤᠨ ᠲᠠᠯᠠᠪᠠᠢ ᠶᠢ 130 ᠲᠡᠭᠰᠢ ᠲᠦᠷᠪᠡᠯᠵᠢᠨ ᠮᠧᠲᠷ ᠪᠤᠯᠭᠠᠨ ᠦᠷᠭᠡᠳᠬᠡᠪᠡ᠃ ᠪᠡᠭᠡᠵᠢᠩ ᠤᠨ | ᠠᠨ ᠵᠧᠨ ᠡᠮᠨᠡᠯᠬᠡ ᠶᠢᠨ ᠬᠤᠷᠢᠶ᠎ᠠ᠂ 301 ᠡᠮᠨᠡᠯᠬᠡ ᠶᠢᠨ ᠬᠤᠷᠢᠶ᠎ᠠ ᠯᠤᠭ᠎ᠠ ᠪᠦᠬᠦ ᠲᠠᠯ᠎ᠠ ᠶᠢᠨ ᠬᠠᠮᠵᠢᠯᠴᠠᠭᠠᠨ ᠤ | ᠬᠠᠷᠢᠴᠠᠭ᠎ᠠ ᠪᠠᠶᠢᠭᠤᠯᠵᠦ᠂ ᠠᠯᠤᠰ ᠠᠴᠠ ᠤᠨᠤᠰᠢᠯᠡᠨ ᠡᠮᠴᠢᠯᠡᠬᠦ᠂ ᠮᠡᠷᠬᠡᠵᠢᠯ ᠤᠨ ᠵᠢᠯᠤᠭᠤᠳᠤᠯᠭ᠎ᠠ ᠬᠠᠩᠭᠠᠬᠤ᠂ ᠲᠤᠰᠬᠠᠢ | ᠮᠡᠷᠬᠡᠵᠢᠯᠳᠡᠨ ᠬᠤᠰᠢᠭᠤᠨ ᠳᠤ ᠢᠷᠡᠵᠦ ᠡᠪᠡᠳᠴᠢᠨ ᠤᠨᠤᠰᠢᠯᠠᠬᠤ ᠪᠤᠶᠤ ᠮᠡᠰᠡ ᠵᠠᠰᠠᠯ ᠬᠢᠭᠰᠡᠨ ᠠᠴᠠ ᠮᠠᠨ ᠤ ᠬᠤᠰᠢᠭᠤᠨ ᠤ | ᠡᠮᠴᠢᠯᠡᠬᠡᠨ ᠤ ᠡᠬᠢ ᠪᠠᠶᠠᠯᠢᠭ ᠤᠯᠠᠮ ᠰᠢᠯᠢᠳᠡᠭᠵᠢᠬᠦᠯᠪᠡ᠃ ᠬᠡᠷ ᠭᠠᠵᠠᠷ ᠬᠦᠷᠦᠩᠬᠡ ᠶᠢᠨ ᠦᠯᠡᠳᠡᠭᠳᠡᠯ ᠠᠰᠠᠭᠤᠳᠠᠯ ᠪᠤᠯᠬᠤ | ᠬᠦᠳᠡᠯᠦᠩᠬᠦᠢ ᠪᠤᠰᠤ ᠬᠦᠷᠦᠩᠬᠡ ᠶᠢ ᠲᠠᠩᠰᠠᠯᠠᠬᠤ ᠠᠵᠢᠯ ᠢ ᠠᠬᠢᠭᠤᠯᠵᠦ᠂ 642 ᠬᠤᠪᠢ ᠬᠦᠳᠡᠯᠦᠩᠬᠦᠢ ᠪᠤᠰᠤ ᠬᠦᠷᠦᠩᠬᠡ | ᠶᠢᠨ ᠦᠨᠡᠮᠯᠡᠯ ᠢ ᠭᠠᠷᠳᠠᠨ ᠬᠦᠢᠴᠡᠳᠬᠡᠪᠡ᠃ ᠬᠤᠳᠠ ᠪᠠᠯᠭᠠᠰᠤᠨ ᠤ 1230 ᠬᠦᠮᠦᠨ ᠳᠤ ᠰᠢᠨ᠎ᠡ ᠪᠠᠷ ᠠᠵᠢᠯ ᠤᠯᠭᠤᠨ᠂ | 1565 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠬᠡᠯᠡᠯᠬᠡ ᠪᠠᠭᠤᠯᠭᠠᠪᠠ᠃ ᠬᠠᠯᠠᠭᠳᠠᠭᠰᠠᠨ ᠴᠡᠷᠢᠭ ᠲᠤ ᠦᠢᠯᠡᠴᠢᠯᠡᠬᠦ | ᠬᠠᠮᠢᠶᠠᠷᠤᠯᠳᠠ ᠶᠢᠨ ᠠᠵᠢᠯ ᠢ ᠲᠤᠭᠳᠠᠭᠤᠨ ᠠᠬᠢᠭᠤᠯᠵᠦ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠭᠠᠷᠬᠤ | ᠨᠦᠬᠦᠴᠡᠯ ᠳᠤ ᠨᠡᠶᠢᠴᠡᠭᠰᠡᠨ 57 ᠬᠠᠯᠠᠭᠳᠠᠭᠰᠠᠨ ᠴᠡᠷᠢᠭ ᠢ ᠳᠥᠪᠬᠢᠨᠡᠭᠦᠯᠵᠦ᠂ ᠪᠦᠬᠦ ᠣᠷᠣᠨ ᠤ ᠲᠡᠷᠢᠭᠦᠨ ᠳᠤ | ᠵᠢᠭᠰᠠᠭᠠᠭᠳᠠᠪᠠ᠃ ᠬᠤᠳᠠ ᠬᠦᠳᠡᠭᠡᠨ ᠤ ᠲᠤᠤᠷ᠎ᠠ ᠪᠠᠳᠤᠯᠭᠠᠳᠤ ᠡᠷᠦᠬᠡ ᠵᠡᠷᠬᠡ ᠬᠦᠴᠢᠷᠳᠡᠢ ᠤᠯᠠᠨ ᠲᠦᠮᠡᠨ ᠤ ᠠᠮᠢᠳᠤᠷᠠᠯ | ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠬᠢᠨᠳᠡ ᠲᠡᠭᠡᠭᠰᠢᠯᠡᠬᠦᠯᠪᠡ᠃ ᠠᠶᠤᠯᠬᠦᠢ ᠦᠢᠯᠡᠳᠪᠤᠷᠢᠯᠡᠯ ᠪᠠ ᠢᠳᠡᠬᠡᠨ ᠤᠮᠳᠠᠭᠠᠨ | ᠡᠮ ᠤᠨ ᠵᠦᠢᠯᠡᠰ ᠤᠨ ᠠᠮᠤᠷ ᠲᠦᠪᠰᠢᠨ ᠳᠤ ᠬᠢᠨᠠᠯᠳᠠ ᠲᠠᠯᠪᠢᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠦ᠂ ᠬᠠᠷ᠎ᠠ | ᠪᠦᠯᠦᠭᠳᠡᠨ ᠬᠠᠷᠬᠢᠰ ᠬᠦᠴᠦᠨ ᠳᠤ ᠴᠤᠬᠢᠯᠳᠠ ᠦᠭᠬᠦ ᠲᠤᠰᠬᠠᠢ ᠲᠡᠮᠡᠴᠡᠯ ᠢ ᠦᠷᠨᠢᠬᠦᠯᠦᠨ᠂ ᠦᠨᠳᠦᠰᠦᠳᠡᠨ ᠤ ᠪᠦᠯᠬᠦᠮᠳᠡᠯ | ᠤᠨ ᠠᠵᠢᠯ ᠢ ᠴᠢᠩᠭᠠᠳᠬᠠᠨ᠂ ᠬᠢᠯᠢ ᠬᠢᠵᠠᠭᠠᠷ ᠤᠷᠤᠨ ᠤ ᠲᠤᠭᠳᠠᠭᠤᠨ ᠬᠦᠭᠵᠢᠯᠳᠡ ᠶᠢ ᠪᠠᠳᠤᠯᠠᠵᠦ ᠴᠢᠳᠠᠪᠠ᠃ | ︵ᠲᠠᠪᠤ︶ ᠬᠠᠣᠯᠢ ᠪᠠᠷ ᠵᠠᠰᠠᠭ ᠪᠠᠷᠢᠬᠤ ᠶᠢ ᠪᠠᠷᠢᠮᠳᠠᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ | ᠲᠥᠪᠰᠢᠨ ᠯᠠᠪᠳᠠᠭᠤᠨ ᠢᠶᠠᠷ ᠳᠡᠭᠡᠭᠰᠢᠯᠡᠪᠡ᠃ ᠤᠯᠤᠰ ᠲᠥᠷᠥ ᠶᠢᠨ ᠪᠦᠳᠦᠭᠡᠨ ᠪᠠᠶᠢᠭᠤᠯᠤᠯᠳᠠ ᠶᠢ ᠲᠡᠷᠢᠭᠦᠨ ᠪᠠᠶᠢᠷᠢᠨ ᠳᠤ | ᠲᠠᠯᠪᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ᠂ ᠴᠢᠭᠡᠴᠢ ᠵᠠᠰᠠᠭ ᠤᠨ ᠪᠠᠶᠢᠭᠤᠯᠤᠯᠳᠠ ᠪᠠ | ᠢᠯᠵᠠᠷᠠᠯ ᠢ ᠡᠰᠡᠷᠭᠦᠴᠡᠬᠦ ᠲᠡᠡᠮᠴᠡᠯ ᠢ ᠭᠦᠨᠵᠡᠭᠡᠢ ᠥᠷᠨᠢᠭᠦᠯᠪᠡ᠃ ᠲᠥᠪ ᠤᠨ ᠨᠠᠢᠮᠠᠨ ᠵᠤᠷᠪᠤᠰ ᠳᠥᠷᠢᠮ ᠳᠣᠭᠳᠠᠭᠠᠯ ᠵᠢᠴᠢ | ᠳᠠᠭᠠᠯᠳᠣᠨ ᠬᠡᠷᠡᠭᠵᠢᠭᠦᠯᠬᠦ ᠨᠠᠷᠢᠨ ᠵᠤᠷᠪᠤᠰ ᠪᠠ ᠥᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠰᠡᠨ ᠲᠥᠷᠢᠮ | ᠳᠣᠭᠳᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡᠨ ᠰᠣᠷᠳᠠᠯ︾ ᠢ ᠦᠷᠭᠦᠯᠵᠢᠯᠡᠨ ᠴᠡᠭᠴᠡᠯᠡᠪᠡ᠃ ᠠᠷᠪᠢᠴᠢ | ᠭᠠᠮᠲᠠᠢ ᠪᠠᠶᠢᠬᠤ ᠶᠢ ᠰᠤᠷᠳᠠᠯᠴᠢᠯᠠᠨ᠂ ︽ᠭᠤᠷᠪᠠᠨ ᠲᠥᠷᠥᠯ︾ ᠤᠨ ᠠᠯᠪᠠᠨ ᠵᠠᠷᠤᠳᠠᠯ ᠢ ᠴᠢᠩᠭ᠎ᠠ ᠬᠢᠵᠠᠭᠠᠷᠯᠠᠪᠠ᠃ | ᠠᠷᠠᠳ ᠤᠨ ᠲᠥᠯᠥᠭᠡᠯᠡᠭᠴᠢ ᠪᠠ ᠣᠯᠣᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠣᠷᠠᠳᠣᠯᠭ᠎ᠠ ᠶᠢ ᠬᠢᠨᠠᠮᠠᠭᠠᠢ | ᠰᠢᠢᠳᠪᠦᠷᠢᠯᠡᠵᠦ᠂ ᠲᠤᠰ ᠵᠢᠯ ᠳᠤ 152 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠳᠣᠷᠠᠳᠣᠯᠭ᠎ᠠ᠂ 96 ᠬᠤᠪᠢ | ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠤ ᠳᠣᠷᠠᠳᠣᠯᠭ᠎ᠠ ᠶᠢ ᠳᠠᠭᠠᠭᠠᠴᠢᠯᠠᠨ ᠭᠦᠢᠴᠡᠳᠭᠡᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠲᠥᠷᠢᠮᠵᠢᠭᠦᠯᠵᠦ᠂ 9.13 ᠲᠥᠮᠡᠨ ᠬᠤᠪᠢ ᠬᠡᠷᠡᠭ ᠶᠠᠪᠤᠳᠠᠯ ᠢ ᠬᠢᠨᠠᠨ | ᠵᠥᠪᠰᠢᠶᠡᠷᠡᠵᠦ᠂ 209 ᠠᠵᠤ ᠠᠬᠤᠶᠢᠯᠠᠯ᠂ 599 ᠬᠤᠪᠢ ᠶᠢᠨ ᠡᠵᠡᠩᠨᠡᠯᠳᠡᠨ ᠢ ᠳᠠᠩᠰᠠᠯᠠᠪᠠ᠃ ᠣᠯᠠᠨ ᠨᠡᠶᠢᠳᠡ ᠶᠢᠨ | ᠡᠬᠢ ᠪᠠᠶᠠᠯᠢᠭ ᠤᠨ ᠰᠤᠯᠢᠯᠴᠠᠭᠠᠨ ᠤ ᠲᠥᠪ ᠨᠢ ᠵᠠᠰᠠᠭ ᠤᠨ ᠣᠷᠳᠣᠨ ᠠᠴᠠ ᠬᠤᠳᠠᠯᠳᠣᠨ ᠠᠪᠬᠤ 86 ᠵᠦᠢᠯ ᠤᠨ ᠲᠥᠷᠥᠯ | ᠵᠦᠢᠯ᠂ 39 ᠵᠦᠢᠯ ᠤᠨ ᠢᠨᠵᠧᠨᠧᠷᠢᠩ ᠤᠨ ᠲᠥᠷᠥᠯ ᠵᠦᠢᠯ ᠢ ᠬᠦᠯᠢᠶᠠᠨ ᠭᠦᠢᠴᠡᠳᠬᠡᠪᠡ᠃ ᠵᠠᠰᠠᠭ ᠤᠨ ᠶᠠᠪᠤᠳᠠᠯ ᠢ ᠢᠯᠡ | ᠨᠡᠶᠢᠲᠡᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ 1392 | ᠵᠤᠷᠪᠤᠰ ᠰᠣᠷᠠᠭ ᠵᠠᠩᠭᠢ ᠶᠢ ᠨᠡᠶᠢᠳᠡᠯᠡᠵᠦ᠂ ᠣᠯᠠᠨ ᠲᠥᠮᠡᠨ ᠤ ᠬᠠᠯᠠᠮᠰᠢᠯ ᠠᠰᠠᠭᠤᠳᠠᠯ ᠪᠤᠶᠤ ᠶᠠᠷᠢᠶ᠎ᠠ ᠬᠡᠯᠡᠯᠴᠡᠭᠡᠨ ᠳᠤ 35 | ᠤᠳᠠᠭ᠎ᠠ ᠬᠠᠷᠢᠭᠤᠯᠲᠠ ᠥᠭᠭᠦᠨ᠂ 1 ᠤᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃ | ᠬᠤᠳᠠᠯᠳᠣᠭᠠᠨ ᠤ ᠶᠠᠪᠤᠳᠠᠯ ᠤᠨ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠳᠠᠩᠰᠠᠯᠠᠭᠤᠯᠤᠭᠰᠠᠨ ᠪᠡᠯᠡ | ᠮᠦᠩᠬᠦ ᠪᠠᠨ ᠳᠣᠰᠢᠶᠠᠨ ᠳᠡᠮᠳᠡᠭᠯᠡᠭᠦᠯᠬᠦ᠂ ᠤᠷᠢᠳᠠᠪᠠᠷ ᠡᠵᠡᠩᠨᠡᠯᠳᠡ ᠶᠢᠨ ᠦᠨᠡᠮᠯᠡᠯ ᠢᠶᠠᠨ ᠭᠠᠷᠳᠠᠵᠤ᠂ ᠳᠠᠷᠠᠭᠠᠴᠢ ᠪᠠᠷ | ᠵᠦᠪᠰᠢᠶᠡᠷᠡᠯ ᠤᠨ ᠭᠡᠷᠡᠴᠢ ᠣᠯᠭᠤᠬᠤ᠂ ︽ᠣᠯᠠᠨ ᠭᠡᠷᠡᠴᠢ ᠶᠢ ᠨᠢᠭᠡᠳᠭᠡᠵᠦ᠂ ᠨᠢᠭᠡ ᠦᠨᠠᠮᠯᠠᠯ ᠳ᠋ᠣᠭᠠᠷ ᠪᠣᠯᠭᠠᠬᠤ︾ | ᠥᠭᠡᠷᠡᠴᠢᠯᠡᠯᠳᠡ ᠶᠢᠨ ᠠᠵᠢᠯ ᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠦᠷᠭᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠰᠢᠷᠭᠠᠭᠤ ᠲᠡᠮᠡᠴᠡᠭᠰᠡᠨ ᠨᠢᠭᠡ ᠵᠢᠯ ᠪᠤᠯᠤᠨ᠎ᠠ᠃ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠪᠳᠤᠷᠭᠠᠨ ᠤ ᠦᠶ᠎ᠡ ᠳᠤ᠂ ᠪᠢᠳᠡ ᠪᠦᠬᠦ ᠬᠤᠰᠢᠭᠤᠨ ᠤ ᠡᠷᠴᠢ ᠬᠦᠴᠦᠨ | ᠤᠶᠤᠨ ᠤᠬᠠᠭᠠᠨ ᠢ ᠬᠠᠮᠳᠣᠳᠬᠠᠨ᠂ ᠡᠷᠡᠰ ᠰᠢᠢᠳᠮᠡᠬᠡᠢ ᠲᠡᠮᠡᠴᠡᠨ᠂ ᠯᠠᠪᠳᠠᠭᠤᠨ ᠪᠠᠳᠣᠳᠠᠢ ᠤᠷᠤᠭᠰᠢᠯᠠᠭᠰᠠᠨ ᠠᠴᠠ᠂ ᠪᠦᠬᠦ | ᠬᠤᠰᠢᠭᠤᠨ ᠤ ᠠᠵᠤ ᠠᠬᠤᠢ ᠯᠠᠪᠳᠠᠭᠤᠨ ᠢᠶᠠᠷ ᠬᠥᠭᠵᠢᠵᠦ᠂ ᠠᠷᠠᠳ ᠤᠨ ᠠᠮᠢᠳᠣᠷᠠᠯ ᠰᠠᠶᠢᠵᠢᠷᠠᠨ᠂ ᠨᠡᠶᠢᠭᠡᠮ ᠤᠨ ᠶᠡᠭᠡ | ᠲᠠᠯ᠎ᠠ ᠳᠣᠭᠳᠠᠭᠤᠨ ᠡᠮᠬᠢ ᠴᠡᠭᠴᠡ ᠲᠠᠢ ᠪᠠᠶᠢᠬᠤ ᠰᠠᠶᠢᠨ ᠰᠠᠶᠢᠬᠠᠨ ᠬᠠᠨᠳᠣᠰᠢ ᠲᠠᠢ ᠪᠣᠯᠪᠠ᠃ ᠡᠳᠡᠭᠡᠷ ᠠᠮᠵᠢᠯᠲᠠ | ᠪᠦᠳᠦᠮᠵᠢ ᠨᠢ ᠳᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ | ᠤᠳᠤᠷᠢᠳᠣᠯᠭ᠎ᠠ ᠠᠴᠠ ᠰᠠᠯᠵᠤ ᠴᠢᠳᠠᠰᠢ ᠦᠭᠡᠢ᠂ ᠮᠦᠨ ᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠦ ᠴᠢᠳᠠᠰᠢ ᠦᠭᠡᠢ᠂ ᠮᠦᠨᠴᠦ ᠨᠡᠶᠢᠭᠡᠮ ᠤᠨ ᠡᠯ᠎ᠡ | ᠡᠳᠡᠭᠡᠳ ᠬᠢᠨ ᠤ ᠡᠷᠴᠢ ᠬᠦᠴᠦᠨ ᠢᠶᠠᠨ ᠬᠠᠮᠳᠣᠳᠬᠠᠭᠰᠠᠨ ᠠᠤᠭ᠎ᠠ ᠵᠢᠳᠬᠦᠯ ᠪᠣᠯᠣᠨ᠎ᠠ᠃ ᠠᠳᠡ ᠪᠢ ᠬᠤᠰᠢᠭᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠷᠠᠳ ᠤᠨ ᠲᠥᠯᠥᠭᠡᠯᠡᠭᠴᠢᠳ᠂ ᠣᠯᠣᠰ ᠲᠥᠷᠥ ᠶᠢᠨ ᠵᠦᠪᠯᠡᠯᠭᠡᠨ ᠤ | ᠭᠡᠰᠢᠭᠦᠳ᠂ ᠠᠷᠢᠭᠤᠨ ᠬᠦᠳᠡᠯᠮᠤᠷᠢ ᠪᠠᠨ ᠬᠠᠷᠠᠮ ᠦᠭᠡᠢ ᠵᠤᠷᠢᠭᠤᠯᠤᠭᠰᠠᠨ ᠲᠠ ᠪᠦᠬᠦᠨ ᠪᠠ ᠰᠢᠯᠤᠭᠤᠨ ᠬᠦᠬᠡ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠠᠯᠠᠮᠵᠢᠯᠠᠨ ᠳᠡᠮᠵᠢᠳᠡᠭ ᠪᠦᠬᠦᠶᠢᠯᠡ ᠬᠦᠮᠦᠰ ᠲᠤ ᠴᠢᠩ | ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ᠃ | ᠪᠢᠳᠡ ᠠᠮᠵᠢᠯᠲᠠ ᠪᠦᠳᠦᠮᠵᠢ ᠳᠤ ᠪᠠᠨ ᠪᠠᠶᠠᠰᠬᠤ ᠶᠢᠨ ᠳᠠᠭᠠᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠣᠯᠵᠤ ᠳᠠᠨᠢᠬᠤ ᠬᠡᠷᠡᠭᠳᠡᠢ᠃ ᠡᠳᠡᠭᠡᠷ ᠨᠢ ᠳᠠᠷᠣᠢ | ᠰᠢᠨ᠎ᠡ ᠬᠠᠭᠤᠴᠢᠨ ᠬᠦᠳᠡᠯᠭᠡᠭᠴᠢ ᠬᠦᠴᠦᠨ ᠤ ᠰᠣᠯᠢᠪᠴᠠᠯ ᠣᠳᠠᠭᠠᠨ᠂ ᠠᠵᠤ ᠠᠬᠤᠢ ᠶᠢᠨ ᠴᠢᠨᠠᠷᠯᠢᠭ ᠬᠦᠭᠵᠢᠯᠳᠡ ᠳᠤ | ᠱᠠᠭᠠᠷᠳᠠᠭᠳᠠᠬᠤ ᠴᠢᠬᠤᠯᠠ ᠡᠯᠧᠮᠧᠨ᠋ᠲ ᠪᠦᠷᠢᠨ ᠪᠦᠷᠢᠯᠳᠦᠭᠡᠳᠦᠢ᠃ ᠠᠵᠤ ᠦᠢᠯᠡᠰ ᠤᠨ ᠬᠡᠯᠪᠡᠷᠢ ᠶᠢ ᠥᠭᠡᠷᠡᠴᠢᠯᠡᠨ ᠲᠡᠰ | ᠲᠡᠪᠰᠢᠭᠦᠯᠬᠦ ᠡᠭᠦᠷᠭᠡ ᠬᠦᠨᠳᠣ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠠᠭᠤᠷᠠᠢ᠃ ᠠᠶᠦᠯᠭᠦᠢ | ᠦᠢᠯᠡᠳᠪᠦᠷᠢᠯᠡᠯ ᠤᠨ ᠪᠠᠶᠢᠳᠠᠯ ᠪᠣᠳᠤᠯᠢᠶᠠᠨᠲᠠᠢ᠂ ᠳᠠᠯᠳᠠ ᠭᠡᠮ ᠰᠣᠭᠤᠭ ᠢ ᠪᠠᠶᠢᠴᠠᠭᠠᠨ ᠢᠯᠡᠷᠡᠭᠦᠯᠬᠦ ᠣᠷᠳᠣ ᠬᠤᠭᠤᠴᠠᠭᠠᠨ ᠤ | ᠳᠣᠭᠳᠠᠯᠴᠠᠭ᠎ᠠ ᠲᠡᠭᠦᠯᠳᠡᠷᠵᠢᠭᠡᠳᠦᠢ᠃ ᠡᠷᠭᠡᠪᠰᠢ ᠵᠠᠷᠣᠴᠠᠭᠤᠯᠬᠤ ᠵᠠᠷᠣᠯᠭ᠎ᠠ ᠶᠢᠨ ᠳᠤᠭ᠎ᠠ ᠨᠡᠮᠡᠭᠳᠡᠵᠦ᠂ ᠡᠳ᠋ ᠤᠨ ᠵᠠᠰᠠᠭ ᠤᠨ | ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠣᠷᠣᠰᠢᠵᠤ ᠪᠠᠶᠢᠨ᠎ᠠ᠃ ᠡᠵᠡᠩᠨᠡᠯᠲᠡ ᠶᠢᠨ ᠣᠷᠴᠢᠨ ᠳᠣᠭᠤᠷᠢᠨ ᠢ | ᠰᠠᠶᠢᠵᠢᠷᠠᠭᠤᠯᠬᠤ ᠴᠢᠬᠤᠯᠠᠳᠠᠢ ᠪᠥᠭᠡᠳ ᠠᠵᠤ ᠠᠬᠤᠶᠢᠯᠠᠯ ᠤᠳ ᠪᠡᠯᠡ ᠮᠦᠩᠬᠦ ᠬᠤᠷᠠᠮᠳᠣᠭᠤᠯᠬᠤ ᠳᠤ ᠬᠦᠴᠢᠷ ᠪᠠᠶᠢᠨ᠎ᠠ᠃ | ᠡᠶᠢᠮᠦ ᠠᠴᠠ ᠪᠢᠳᠡ ᠡᠳᠡᠭᠡᠷ ᠠᠰᠠᠭᠤᠳᠠᠯ ᠳᠤ ᠴᠢᠭᠯᠡᠭᠦᠯᠦᠨ ᠪᠦᠳᠦᠮᠵᠢᠲᠠᠢ ᠠᠷᠭ᠎ᠠ ᠬᠡᠮᠵᠢᠶ᠎ᠡ ᠠᠪᠴᠣ ᠪᠤᠳᠠᠳᠠᠢ | ᠰᠢᠢᠳᠪᠦᠷᠢᠯᠡᠬᠦ ᠬᠡᠷᠡᠭᠳᠡᠢ᠃ | ᠬᠤᠶᠠᠷ᠂ 2019 ᠣᠨ ᠤ ᠠᠵᠢᠯ ᠤᠨ ᠪᠠᠶᠢᠷᠢᠯᠠᠭᠤᠯᠤᠯᠳᠠ | 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ᠂ ᠮᠦᠨᠴᠦ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠣ ᠢᠯᠡᠯᠳᠡ ᠶᠢ ᠲᠡᠮᠡᠴᠡᠨ ᠣᠯᠬᠤ ᠨᠢᠭᠡᠳᠦᠭᠡᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠡᠶᠢᠮᠤ ᠠᠴᠠ ᠲᠤᠰ ᠵᠢᠯ ᠤᠨ ᠵᠠᠰᠠᠭ ᠤᠨ | ᠣᠷᠳᠣᠨ ᠤ ᠡᠯ᠎ᠡ ᠲᠥᠷᠥᠯ ᠤᠨ ᠠᠵᠢᠯ ᠢ ᠰᠠᠶᠢᠳᠣᠷ ᠬᠢᠬᠦ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠪᠠᠶᠢᠵᠤ᠂ ᠪᠢᠳᠡ | ᠣᠯᠣᠰ ᠲᠥᠷᠥ ᠶᠢᠨ ᠵᠤᠭᠰᠣᠴᠠ ᠪᠠᠨ ᠲᠡᠭᠡᠭᠰᠢᠯᠡᠬᠦᠯᠵᠦ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠨ᠂ | ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ᠃ | ᠲᠤᠰ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠠ | ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ | ᠶᠢᠰᠦᠳᠦᠬᠡᠷ ᠶᠡᠭᠡ ᠬᠤᠷᠠᠯ᠂ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ | ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠬᠤ ᠶᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ | ᠬᠤᠷᠢᠶᠠᠨ ᠤ ᠵᠦᠪ ᠤᠳᠤᠷᠢᠳᠤᠯᠭ᠎ᠠ ᠲᠤᠤᠷ᠎ᠠ᠂ ᠲᠤᠭᠳᠠᠭᠤᠨ ᠤ ᠲᠤᠮᠳᠠ ᠤᠷᠤᠭᠰᠢᠯᠠᠬᠤ ᠶᠡᠷᠤᠩᠬᠡᠢ ᠬᠠᠨᠳᠤᠰᠢ ᠶᠢ | ᠪᠠᠷᠢᠮᠲᠠᠯᠠᠵᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠦᠵᠡᠯᠲᠡ ᠶᠢᠨ ᠲᠤᠭᠤᠷᠢᠨ ᠳᠤ ᠬᠦᠭᠵᠢᠯᠳᠡ ᠶᠢᠨ ᠬᠠᠨᠳᠤᠰᠢ | ᠶᠢ ᠵᠦᠪ ᠢᠶᠠᠷ ᠲᠠᠨᠢᠵᠦ᠂ ᠬᠤᠷᠸ᠎ᠠ ᠠᠵᠦ ᠠᠬᠤᠢ ᠶᠢᠨ ᠬᠠᠨᠳᠤᠰᠢ ᠶᠢ ᠨᠠᠷᠢᠨ ᠰᠤᠳᠤᠯᠵᠦ᠂ ᠲᠡᠭᠡᠳᠦ ᠱᠠᠳᠤᠨ ᠤ ᠲᠦᠷᠦ | ᠶᠢᠨ ᠪᠤᠳᠤᠯᠭ᠎ᠠ ᠶᠢᠨ ᠴᠢᠭᠯᠡᠯᠳᠡ ᠪᠠ ᠪᠡᠯᠡ ᠤᠷᠤᠭᠤᠯᠤᠯᠳᠠ ᠶᠢᠨ ᠬᠠᠨᠳᠤᠰᠢ ᠶᠢ ᠵᠦᠪ ᠤᠶᠢᠯᠠᠭᠠᠨ᠂ ᠮᠠᠨ ᠤ ᠬᠤᠰᠢᠭᠤᠨ ᠤ | ᠪᠤᠳᠠᠳᠠᠢ ᠠᠵᠢᠯ ᠲᠠᠢ ᠨᠢᠭᠳᠠ ᠤᠶᠠᠯᠳᠤᠬᠤ ᠵᠦᠢᠯ ᠢ ᠤᠨᠤᠪᠴᠢᠳᠠᠢ ᠰᠡᠷᠡᠵᠦ ᠮᠡᠳᠡᠬᠦ ᠬᠡᠷᠡᠭᠳᠡᠢ᠃ ᠴᠢᠨᠠᠷᠯᠢᠭ | ᠬᠦᠭᠵᠢᠯᠳᠡ ᠶᠢ ᠠᠬᠢᠭᠤᠯᠬᠤ᠂ ᠦᠨᠳᠦᠷ ᠬᠡᠪ ᠴᠢᠨᠡᠷ ᠤᠨ ᠠᠮᠢᠳᠤᠷᠠᠯ ᠢ ᠡᠭᠦᠳᠬᠦ ᠪᠠᠷ ᠭᠤᠤᠯ ᠡᠬᠦᠷᠬᠡ ᠪᠠᠨ ᠪᠤᠯᠭᠠᠨ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠭᠤᠣᠯᠳᠠᠯᠭ᠎ᠠ ᠪᠤᠯᠭᠠᠨ | ᠂ ︽ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ︾ ᠢ | ᠤᠷᠢᠳᠠᠪᠠᠷ ᠬᠥᠭᠵᠢᠭᠦᠯᠬᠦ ᠶᠢ ᠪᠠᠳᠣᠯᠠᠨ᠎ᠠ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠢᠯᠢᠳᠡᠭᠵᠢᠬᠦᠯᠬᠦ ᠪᠠᠷ | ᠬᠦᠳᠡᠯᠭᠡᠭᠴᠢ ᠬᠦᠴᠦᠨ ᠪᠤᠯᠭᠠᠵᠦ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠤᠨ᠎ᠠ᠃ | ︽ᠭᠤᠷᠪᠠᠨ ᠲᠤᠮᠤ ᠰᠢᠪᠳᠤᠯᠤᠯᠳᠠ ᠶᠢᠨ ᠢᠨᠵᠧᠨᠧᠷᠢᠩ︾ ᠤᠨ ᠲᠤᠮᠳᠠ ᠤᠷᠤᠰᠢᠵᠦ ᠪᠠᠶᠢᠭ᠎ᠠ ᠭᠤᠤᠯᠳᠠᠯᠭ᠎ᠠ ᠲᠠᠢ | ᠠᠰᠠᠭᠤᠳᠠᠯ ᠢ ᠰᠢᠢᠳᠪᠤᠷᠢᠯᠡᠬᠦ ᠪᠠᠷ ᠰᠦᠪᠡᠭᠴᠢ ᠪᠤᠯᠭᠠᠨ᠂ ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠶᠢ ᠨᠡᠮᠡᠭᠳᠡᠬᠦᠯᠦᠨ᠎ᠡ | ᠃ ᠨᠡᠶᠢᠬᠡᠮ ᠤᠨ ᠠᠵᠢᠯ ᠦᠢᠯᠡᠰ ᠢ ᠬᠥᠭᠵᠢᠭᠦᠯᠬᠦ ᠪᠠᠷ ᠬᠠᠷᠠᠯᠳᠠ ᠪᠠᠨ ᠪᠤᠯᠭᠠᠨ᠂ ᠡᠯ᠎ᠠ ᠲᠦᠷᠦᠯ ᠤᠨ ᠠᠷᠠᠳ ᠤᠨ | ᠠᠮᠢᠳᠤᠷᠠᠯ ᠳᠤ ᠬᠤᠯᠪᠤᠭᠳᠠᠭᠰᠠᠨ ᠠᠵᠢᠯ ᠢ ᠨᠠᠷᠢᠯᠢᠭ ᠬᠢᠵᠦ᠂ ᠰᠢᠯᠢᠳᠡᠭ ᠦᠷ᠎ᠡ ᠪᠦᠳᠦᠮᠵᠢ ᠪᠠᠷ ᠢᠶᠠᠨ ᠪᠦᠭᠦᠳᠡ | ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠨ᠎ᠡ᠃ | ᠥᠨᠥ ᠵᠢᠯ᠂ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠤᠨ ᠦᠰᠦᠯᠳᠡ ᠶᠢ 6% ᠳᠤ | ᠬᠦᠷᠭᠡᠬᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠢ 13% ᠳᠤ ᠬᠦᠷᠭᠡᠬᠦ᠂ | ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠤᠨ ᠨᠡᠮᠡᠭᠳᠡᠯ ᠢ 8% ᠪᠣᠯᠭᠠᠬᠤ᠂ ᠬᠤᠳᠠ | ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ ᠶᠢ ᠲᠤᠰᠪᠤᠷᠢ 6% ᠪᠠ 9% | ᠪᠠᠷ ᠨᠡᠮᠡᠭᠳᠡᠭᠦᠯᠬᠦ ᠪᠠᠷ ᠬᠠᠷᠠᠯᠲᠠ ᠪᠤᠯᠭᠠᠪᠠ᠃ | ᠪᠢᠳᠡ ᠡᠳᠡᠭᠡᠷ ᠡᠭᠦᠷᠭᠡ ᠬᠠᠷᠠᠯᠲᠠ ᠪᠠᠨ ᠪᠡᠶᠡᠯᠡᠭᠦᠯᠬᠦ ᠳᠤ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ | ᠤᠷᠤᠨ ᠳᠤ ᠬᠠᠨᠳᠣᠭᠤᠯᠣᠨ ᠳᠣᠷᠠᠳᠣᠭᠰᠠᠨ ︽ᠲᠦᠷᠪᠡ ᠶᠢ ᠡᠷᠴᠢᠮᠵᠢᠬᠦᠯᠬᠦ︾᠂ ︽ᠭᠤᠷᠪᠠ ᠶᠢ ᠯᠠᠪᠳᠠᠭᠤᠨ ᠠᠬᠢᠭᠤᠯᠬᠤ︾ | ᠪᠣᠯᠣᠨ ᠪᠤᠬᠢᠷᠳᠣᠯ ᠦᠭᠡᠢ ᠬᠦᠭᠵᠢᠯᠳᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠮᠪᠠᠢ ᠲᠣᠣᠱᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠳᠣᠭᠠᠷ ᠬᠤᠭᠤᠴᠠᠭᠠᠨ ᠤ ᠨᠠᠢᠮᠠᠳᠣᠭᠠᠷ ᠪᠦᠭᠦᠳᠡ ᠬᠤᠷᠠᠯ᠂ ᠪᠦᠬᠦ ᠤᠷᠤᠨ ᠤ ᠠᠵᠦ ᠠᠬᠤᠢ ᠶᠢᠨ ᠠᠵᠢᠯ | ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2019 ᠤᠨ ᠤ ᠨᠢᠬᠡᠳᠦᠬᠡᠷ ᠤᠳᠠᠭᠠᠨ ᠤ ︵ᠦᠷᠬᠡᠳᠬᠡᠭᠰᠡᠨ︶ | ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠲᠠᠪᠤᠳᠣᠭᠠᠷ ᠪᠦᠬᠦ ᠭᠡᠰᠢᠭᠦᠳ ︵ᠥᠷᠭᠡᠳᠭᠡᠭᠰᠡᠨ︶ ᠤᠨ ᠬᠤᠷᠠᠯ ᠵᠢᠴᠢ ᠪᠦᠬᠦ | ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠢᠬᠤᠯᠠ ᠪᠠᠶᠢᠯᠳᠣᠬᠤ | ᠪᠤᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠠᠬᠢ ᠰᠢᠨ᠎ᠡ ᠠᠭᠤᠯᠤᠭᠳᠠᠬᠤᠨ ᠪᠠ ︽ᠪᠠᠳᠣᠳᠬᠠᠬᠤ᠂ ᠴᠢᠩᠭᠠᠳᠬᠠᠬᠤ᠂ ᠲᠡᠰ | ᠲᠡᠪᠰᠢᠭᠦᠯᠬᠦ᠂ ᠰᠢᠯᠤᠭᠤᠳᠬᠠᠬᠤ︾ ᠴᠢᠭᠯᠡᠯᠳᠡ ᠶᠤᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ | ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠭᠠᠵᠠᠷ ᠤᠷᠤᠨ ᠳᠠᠭᠠᠨ ᠳᠣᠬᠢᠷᠠᠭᠤᠯᠤᠨ᠂ ᠠᠵᠢᠯ ᠢᠶᠠᠨ ᠪᠦᠲᠦᠭᠡᠯᠴᠢ ᠴᠢᠨᠠᠷᠲᠠᠢ | ᠥᠷᠨᠢᠭᠦᠯᠦᠨ᠎ᠡ᠃ | ︵ᠨᠢᠭᠡ︶ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠳᠣᠪᠣᠶᠢᠯᠭᠠᠵᠤ᠂ ᠠᠮᠢ ᠠᠬᠤᠢ ᠶᠢᠨ ᠠᠮᠤᠷ ᠲᠥᠪᠰᠢᠨ ᠤ | ᠬᠠᠯᠬᠠᠪᠴᠢ ᠶᠢ ᠬᠦᠴᠦᠯᠡᠨ ᠪᠠᠶᠢᠭᠤᠯᠤᠨ᠎ᠠ | ᠠᠮᠢ ᠠᠬᠤᠢ ᠣᠷᠴᠢᠨ ᠳᠣᠭᠤᠷᠢᠨ ᠤ ᠪᠠᠶᠢᠭᠤᠯᠤᠯᠳᠠ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ ᠠᠬᠤᠢ ᠶᠢᠨ | ᠵᠠᠰᠠᠨ ᠴᠡᠭᠴᠡᠯᠡᠯᠳᠡ ᠶᠢ ᠲᠥᠯᠥᠪᠵᠢᠭᠦᠯᠦᠨ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠤ ᠠᠮᠢ ᠠᠬᠤᠢ ᠶᠢᠨ | ᠴᠢᠳᠠᠪᠬᠢ ᠶᠢ ᠳᠠᠰᠣᠷᠠᠯᠳᠠ ᠦᠭᠡᠢ ᠰᠡᠷᠭᠦᠭᠡᠨ᠎ᠡ᠃ ᠭᠤᠣᠯ ᠨᠠᠭᠤᠷ ᠤᠨ ᠳᠠᠷᠤᠭ᠎ᠠ ᠶᠢᠨ ᠳᠥᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠤᠳᠠᠲᠠᠢ ᠠᠵᠢᠯ ᠬᠢᠵᠦ᠂ ᠭᠤᠣᠯ ᠨᠠᠭᠤᠷ ᠤᠨ ᠳᠠᠷᠤᠭ᠎ᠠ ᠶᠢᠨ ᠳᠣᠭᠤᠷᠢᠨ ᠪᠠᠶᠢᠴᠠᠭᠠᠬᠤ ᠳᠥᠷᠢᠮ ᠢ | ᠬᠡᠷᠡᠭᠵᠢᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠣᠬᠠᠢ ᠳᠤᠨᠢ ᠰᠢᠢᠳᠪᠦᠷᠢᠯᠡᠨ᠎ᠡ᠃ ᠨᠤᠳᠤᠭ ᠪᠡᠯᠴᠢᠭᠡᠷ ᠤᠨ | ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠨ᠂ ᠲᠠᠴᠢᠷᠰᠢᠵᠣ ᠮᠠᠭᠤᠳᠠᠭᠰᠠᠨ ᠨᠤᠳᠤᠭ ᠪᠡᠯᠴᠢᠭᠡᠷ ᠢ ᠰᠡᠷᠭᠦᠭᠡᠬᠦ ᠠᠵᠢᠯ ᠤᠨ | ᠬᠦᠴᠦᠯᠡᠴᠡ ᠪᠠᠨ ᠨᠡᠮᠡᠭᠳᠡᠭᠦᠯᠵᠦ᠂ ᠪᠡᠯᠴᠢᠭᠡᠷᠯᠡᠭᠦᠯᠬᠦ ᠶᠢ ᠵᠤᠭᠰᠣᠭᠠᠬᠤ ᠪᠣᠯᠣᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠭᠰᠣᠭᠠᠬᠤ ᠣᠷᠣᠨ ᠳᠤ ᠪᠡᠯᠴᠢᠭᠡᠷᠯᠡᠭᠦᠯᠬᠦ ᠦᠭᠡᠢ᠂ ᠮᠠᠯ | ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠦᠭᠡᠢ ᠪᠠᠶᠢᠬᠤ ᠶᠢ ᠪᠠᠳᠣᠯᠠᠨ᠎ᠠ᠃ | ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠰᠡᠯᠭᠦᠨ ᠮᠠᠯᠵᠢᠬᠤ ᠶᠢ ᠦᠷᠭᠦᠯᠵᠢᠯᠡᠨ ᠠᠬᠢᠭᠤᠯᠵᠤ᠂ | ᠨᠤᠳᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠬᠢ ᠶᠢ ᠪᠠᠳᠣᠯᠠᠨ ᠰᠠᠶᠢᠵᠢᠷᠠᠭᠤᠯᠤᠨ᠎ᠠ᠃ 13 ᠲᠥᠮᠡᠨ ᠮᠦ ᠲᠠᠯᠠᠪᠠᠢ | ᠪᠦᠬᠦᠢ ᠬᠡᠪᠴᠢᠶᠡᠵᠢᠭᠰᠡᠨ ᠣᠢ ᠰᠢᠭᠤᠢ ᠶᠢᠨ ᠳᠠᠯᠠᠪᠠᠢ ᠢ ᠪᠠᠶᠢᠭᠤᠯᠵᠤ᠂ 4 ᠲᠥᠮᠡᠨ ᠮᠦ ᠭᠠᠵᠠᠷ ᠤᠨ ᠡᠯᠡᠰᠦᠨ ᠤ ᠡᠬᠢ ᠶᠢ | ᠵᠠᠰᠠᠵᠤ᠂ 12.1 ᠲᠥᠮᠡᠨ ᠮᠦ ᠭᠠᠵᠠᠷ ᠲᠤ ᠬᠤᠯᠠᠨ ᠰᠢᠷᠭ᠎ᠠ ᠳᠠᠭ᠎ᠠ ᠶᠢᠨ ᠮᠠᠩᠬ᠎ᠠ ᠶᠢ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠬᠡᠷᠡᠭᠵᠢᠭᠦᠯᠦᠨ᠂ 2700 ᠮᠦ ᠭᠠᠵᠠᠷ ᠲᠤ ᠣᠯᠣᠰ ᠤᠨ ᠡᠯᠡᠰᠦᠷᠬᠡᠭᠵᠢᠭᠰᠡᠨ ᠭᠠᠵᠠᠷ ᠢ ᠪᠢᠳᠡᠭᠦᠮᠵᠢᠯᠡᠨ | ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠲᠤᠰ ᠵᠢᠯ ᠳᠤ 29 ᠲᠥᠮᠡᠨ ᠮᠦ ᠠᠴᠠ ᠳᠡᠭᠡᠭᠰᠢᠬᠢ ᠭᠠᠵᠠᠷ ᠤᠨ ᠠᠮᠢ | ᠠᠬᠤᠢ ᠶᠢ ᠵᠠᠰᠠᠨ ᠰᠡᠷᠭᠦᠭᠡᠨ᠎ᠡ᠃ ᠬᠥᠳᠡᠭᠡ ᠳᠣᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠣᠷᠴᠢᠨ ᠳᠣᠭᠤᠷᠢᠨ ᠢ | ᠶᠡᠷᠦᠩᠬᠡᠶᠢᠯᠡᠨ ᠴᠡᠭᠴᠡᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠰᠥᠪᠯᠡᠵᠦ᠂ ᠲᠥᠰᠥᠪ ᠨᠢ ᠥᠪᠡᠷᠳᠡᠭᠡᠨ ᠵᠠᠰᠠᠬᠤ | ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠲᠦᠯᠦᠪᠵᠢᠬᠦᠯᠬᠡ ᠶᠢᠨ ᠲᠢᠩᠬᠢᠮ ᠤᠨ | ᠬᠢᠨᠠᠨ ᠵᠦᠪᠰᠢᠶᠡᠷᠡᠯ ᠢ ᠣᠯᠣᠭᠰᠠᠨ ᠤ ᠰᠡᠭᠦᠯᠡᠷ᠂ ᠬᠦᠮᠦᠨ ᠠᠮᠠ ᠬᠠᠷᠢᠴᠠᠩᠭᠤᠢ ᠪᠠᠷ ᠲᠥᠪᠯᠡᠷᠡᠭᠰᠡᠨ 30 ᠭᠠᠴᠠᠭ᠎ᠠ | ᠳᠣᠰᠬᠤᠨ ᠢ ᠶᠡᠷᠦᠩᠬᠡᠶᠢᠯᠡᠨ ᠴᠡᠭᠴᠡᠯᠡᠵᠦ᠂ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠭᠦᠭᠡᠷᠦᠮᠵᠢ 12 ᠰᠠᠣᠷᠢ | ᠂ ᠠᠮᠢᠳᠣᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠭᠦᠭᠡᠷᠦᠮᠵᠢ 2 ᠰᠠᠣᠷᠢ ᠪᠠᠶᠢᠭᠤᠯᠬᠤ ᠪᠤᠯᠤᠨ᠎ᠠ᠃ ᠵᠣᠷᠯᠣᠩ ᠤᠨ | ᠦᠭᠡᠷᠡᠴᠢᠯᠡᠯᠲᠡ ᠶᠢᠨ ᠠᠵᠢᠯ ᠢ ᠯᠠᠪᠳᠠᠭᠤᠨ ᠠᠬᠢᠭᠤᠯᠵᠤ᠂ ᠬᠥᠳᠡᠭᠡ ᠳᠣᠰᠬᠤᠨ ᠤ ᠣᠨᠴᠠᠯᠢᠭ ᠲᠤ ᠳᠣᠬᠢᠷᠠᠬᠤ᠂ | ᠲᠥᠭᠡᠮᠡᠯᠵᠢᠭᠦᠯᠬᠦ ᠳᠤ ᠲᠥᠭᠦᠮ ᠣᠷᠣᠨ ᠰᠠᠭᠤᠴᠠ ᠶᠢᠨ ᠵᠤᠷᠯᠤᠩ ᠤᠨ ᠦᠭᠡᠷᠡᠴᠢᠯᠡᠯᠳᠡ ᠪᠠ ᠠᠷᠠᠴᠢᠯᠠᠯᠳᠠ ᠶᠢᠨ ᠳᠣᠬᠠᠢ | ᠳᠣᠷᠰᠢᠯᠭ᠎ᠠ ᠪᠠᠨ ᠳ᠋ᠦᠩᠨᠡᠨ᠎ᠡ᠃ ᠮᠠᠯ ᠲᠡᠵᠢᠭᠡᠪᠦᠷᠢ ᠶᠢᠨ ᠢᠯᠭᠠᠳᠠᠰᠣ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠦᠬᠦ | ᠬᠤᠰᠢᠭᠤᠨ ᠳᠤ ᠲᠥᠭᠡᠮᠡᠯᠵᠢᠭᠦᠯᠦᠨ ᠬᠡᠷᠡᠭᠵᠢᠭᠦᠯᠵᠦ᠂ ᠤᠷᠭᠠᠨᠢᠭ ᠬᠤᠭ ᠨᠤᠪᠰᠢ ᠶᠢ ᠪᠤᠷᠬᠢᠳᠣᠯ ᠦᠭᠡᠢ ᠰᠢᠢᠳᠪᠦᠷᠢᠯᠡᠬᠦ ᠶᠢ | ᠠᠬᠢᠭᠤᠯᠤᠨ᠎ᠠ᠃ | ︵ᠬᠤᠶᠠᠷ︶ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ | ᠲᠤᠭᠤᠷᠢᠨ ᠳᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠬᠦᠨᠵᠡᠭᠡᠶᠢᠷᠡᠭᠦᠯᠵᠦ᠂ ︽ᠬᠤᠨᠢ ᠶᠢ ᠴᠦᠭᠡᠴᠢᠯᠡᠵᠦ᠂ ᠦᠬᠡᠷ ᠮᠠᠯᠵᠢᠬᠤ︾ ᠪᠠᠶᠢᠯᠳᠣᠬᠤ ᠪᠤᠳᠣᠯᠭ᠎ᠠ ᠲᠠᠢ ᠤᠶᠠᠯᠳᠣᠭᠤᠯᠤᠨ᠂ | ᠣᠳᠣᠬᠢᠴᠢᠯᠠᠭᠰᠠᠨ ᠮᠠᠯ ᠠᠵᠤ ᠠᠬᠤᠢ ᠶᠢ ᠬᠥᠭᠵᠢᠭᠦᠯᠵᠦ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ | ᠬᠦᠴᠦᠷᠭᠡᠭᠵᠢᠭᠦᠯᠦᠨ ᠪᠤᠵᠠᠭᠠᠶᠢᠷᠠᠭᠤᠯᠵᠤ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠴᠢᠳᠠᠪᠬᠢ ᠪᠠᠨ ᠨᠡᠮᠡᠭᠳᠡᠭᠦᠯᠦᠨ᠎ᠡ᠃ | ᠭᠡᠷ ᠪᠦᠯᠢ ᠶᠢᠨ ᠮᠠᠯᠵᠢᠯ ᠤᠨ ᠳᠠᠯᠠᠪᠠᠢ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ | ᠬᠤᠷᠰᠢᠶᠠᠵᠢᠯ ᠢ ᠳᠥᠷᠢᠮᠵᠢᠭᠦᠯᠬᠦ ᠠᠵᠢᠯ ᠢ ᠴᠢᠩᠭᠠᠳᠬᠠᠨ᠂ ᠦᠨᠳᠦᠷ ᠶᠠᠰᠣ ᠴᠢᠨᠠᠷᠲᠠᠢ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠤᠭᠴᠠ ᠶᠢ ᠪᠤᠢ ᠪᠤᠯᠭᠠᠨ᠎ᠠ᠃ ᠰᠢᠮᠧᠨ᠋ᠲᠷ ᠦᠬᠡᠷ᠂ ᠠᠩᠭᠧᠰ ᠦᠬᠡᠷ ᠢᠶᠠᠷ ᠭᠤᠣᠯ ᠪᠤᠯᠭᠠᠭᠰᠠᠨ | ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠢ ᠡᠷᠴᠢᠮᠳᠠᠢ ᠬᠦᠭᠵᠢᠭᠦᠯᠵᠦ᠂ ᠵᠢᠯ ᠤᠨ ᠳᠣᠳᠣᠷ᠎ᠠ ᠱᠦᠨ ᠰᠢᠨ | ᠰᠢᠨ ᠶᠤᠸᠠᠨ ᠮᠠᠯ ᠠᠵᠤ ᠦᠢᠯᠡᠰ᠂ ᠾᠦᠢ ᠮᠦ ᠦᠬᠡᠷ ᠤᠨ ᠦᠢᠯᠡᠰ ᠵᠡᠷᠭᠡ ᠬᠤᠶᠠᠷ ᠠᠵᠤ ᠠᠬᠤᠶᠢᠯᠠᠯ ᠳᠤ 2 ᠲᠥᠮᠡᠨ | ᠳᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ ᠣᠷᠣᠭᠤᠯᠵᠤ᠂ ︽ᠮᠠᠯᠴᠢᠨ ᠳᠠᠷᠢᠶᠠᠴᠢᠨ ᠡᠷᠦᠬᠡ ᠠᠴᠠ ᠲᠡᠵᠢᠭᠡᠨ | ᠪᠤᠶᠢᠵᠢᠭᠤᠯᠬᠤ + ᠬᠤᠷᠰᠢᠶᠠᠵᠢᠯ ᠠᠴᠠ ᠪᠤᠷᠳᠤᠬᠤ + ᠠᠵᠤ ᠠᠬᠤᠶᠢᠯᠠᠯ ᠠᠴᠠ ᠪᠤᠯᠪᠠᠰᠣᠷᠠᠭᠤᠯᠤᠨ ᠪᠣᠷᠣᠯᠠᠭᠤᠯᠬᠤ︾ | ᠡᠵᠡᠩᠨᠡᠯᠲᠡ ᠶᠢᠨ ᠬᠡᠯᠪᠡᠷᠢ ᠶᠢ ᠬᠡᠷᠡᠭᠵᠢᠭᠦᠯᠵᠦ᠂ ᠠᠵᠤ ᠠᠬᠤᠶᠢᠯᠠᠯ ᠪᠤᠯᠤᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ | ᠳᠠᠯᠠᠪᠠᠢ ᠶᠢᠨ ᠠᠵᠤ ᠦᠢᠯᠡᠰ ᠤᠨ ᠬᠠᠮᠳᠣᠷᠠᠯᠴᠠᠭ᠎ᠠ ᠶᠢ ᠠᠬᠢᠭᠤᠯᠵᠤ᠂ ᠮᠠᠯᠴᠢᠨ ᠡᠷᠦᠬᠡ ᠪᠤᠯᠤᠨ ᠠᠵᠤ ᠠᠬᠤᠶᠢᠯᠠᠯ ᠤᠨ | ᠬᠠᠮᠳᠣ ᠶᠢᠨ ᠠᠰᠢᠭ ᠳᠣᠰᠠ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠲᠥᠷᠥᠯ | ᠵᠦᠢᠯ ᠢ ᠣᠷᠢᠨ ᠣᠷᠣᠭᠤᠯᠬᠤ ᠶᠢ ᠴᠢᠬᠤᠯᠠᠴᠢᠯᠠᠨ᠂ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠲᠤ ᠲᠦᠰᠢᠭᠯᠡᠨ᠂ | ᠪᠤᠬᠢᠷᠳᠣᠯ ᠦᠭᠡᠢ ᠳᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠳᠣᠮᠳᠠᠳᠣ | ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠯᠠᠨ ᠰᠢᠷᠭ᠎ᠠ ᠳᠠᠭ᠎ᠠ ᠶᠢᠨ ᠮᠠᠩᠬᠠᠨ ᠤ ᠠᠮᠢ ᠠᠬᠤᠢ ᠶᠢ | ᠰᠣᠳᠣᠯᠬᠤ ᠭᠠᠵᠠᠷ ᠤᠨ ᠮᠡᠷᠭᠡᠵᠢᠯ ᠳᠤ ᠰᠠᠭᠤᠷᠢᠯᠠᠨ᠂ ᠪᠡᠯᠴᠢᠭᠡᠷᠯᠡᠭᠦᠯᠬᠦ ᠶᠢ ᠵᠤᠭᠰᠣᠭᠠᠬᠤ ᠣᠷᠣᠨ ᠳᠤ ᠳᠠᠬᠢᠶ᠎ᠠ ᠲᠡᠵᠢᠬᠡᠵᠦ᠂ | ᠲᠤᠰ ᠵᠢᠯ ᠳᠤ᠂ 2 ᠲᠥᠮᠡᠨ ᠳᠠᠬᠢᠶ᠎ᠠ ᠲᠡᠵᠢᠭᠡᠬᠦ ᠪᠠᠷ ᠪᠠᠶᠢᠨ᠎ᠠ᠃ ᠭᠤᠸᠠᠩ ᠷᠦᠨ ᠡᠪᠡᠰᠦᠨ ᠤ ᠦᠢᠯᠡᠰ ᠤᠨ ᠠᠵᠤ | ᠠᠬᠤᠶᠢᠯᠠᠯ ᠢ ᠣᠷᠢᠨ ᠣᠷᠣᠭᠤᠯᠵᠤ᠂ ᠪᠤᠳᠠ ᠮᠤᠳᠣ ᠲᠠᠷᠢᠬᠤ᠂ ᠤᠷᠤᠢ ᠶᠢ ᠨᠢ ᠵᠠᠰᠠᠬᠤ᠂ ᠪᠤᠯᠪᠠᠰᠣᠷᠠᠭᠤᠯᠬᠤ ᠪᠠᠷ ᠲᠠᠮᠵᠢᠨ | ᠮᠠᠯ ᠤᠨ ᠪᠤᠷᠳᠤᠭ᠎ᠠ ᠦᠢᠯᠡᠳᠪᠦᠷᠢᠯᠡᠵᠦ᠂ ᠵᠢᠯ ᠤᠨ ᠳᠣᠳᠣᠷ᠎ᠠ 5 ᠲᠥᠮᠡᠨ ᠲᠤᠨ ᠦᠨᠳᠦᠷ ᠲᠡᠰ ᠤᠨ ᠪᠤᠳᠠ ᠮᠤᠳᠣᠨ ᠤ | ᠢᠰᠬᠡᠮᠡᠯ ᠪᠤᠷᠳᠤᠭ᠎ᠠ᠂ 3 ᠲᠥᠮᠡᠨ ᠲᠣᠨ ᠬᠤᠯᠢᠮᠠᠭ ᠮᠥᠬᠦᠯᠢᠭᠲᠦ ᠪᠤᠷᠳᠤᠭ᠎ᠠ ᠶᠢ ᠦᠢᠯᠡᠳᠪᠦᠷᠢᠯᠡᠨ ᠢᠰᠬᠡᠬᠦ ᠪᠠᠷ ᠪᠠᠶᠢᠨ᠎ᠠ᠃ | ᠵᠦᠩ ᠬᠤᠸᠠ ᠳᠠᠷᠢᠶᠠᠯᠠᠩ ᠤᠨ ᠦᠢᠯᠡᠰ ᠤᠨ ᠪᠤᠷᠣᠬᠤᠳᠠ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ ᠶᠢ | ᠥᠷᠭᠡᠳᠭᠡᠵᠦ᠂ ᠪᠤᠷᠤᠬᠤᠳᠠ ᠵᠢᠱᠢᠶ᠎ᠡ ᠦᠵᠡᠭᠦᠯᠬᠦ ᠳᠣᠭᠤᠷᠢᠭ ᠲᠠᠢ ᠬᠤᠷᠰᠢᠨ ᠦᠢᠯᠡᠴᠢᠯᠡᠬᠦ ᠳᠠᠯᠠᠪᠠᠢ ᠪᠠᠨ 4 ᠲᠥᠮᠡᠨ ᠮᠦ | ᠨᠡᠮᠡᠭᠳᠡᠭᠦᠯᠦᠨ᠂ ᠪᠦᠬᠦ ᠬᠤᠰᠢᠭᠤᠨ ᠤ ᠲᠠᠷᠢᠶᠠᠯᠠᠩ ᠤᠨ ᠦᠢᠯᠡᠰ ᠤᠨ ᠦᠪᠡᠷ ᠤᠨ ᠥᠷᠳᠡᠭ ᠢ ᠪᠠᠭᠤᠷᠠᠭᠤᠯᠵᠤ ᠶᠠᠰᠣ ᠴᠢᠨᠠᠷ ᠢ | ᠨᠡᠮᠡᠭᠳᠡᠭᠦᠯᠬᠦ ᠶᠢ ᠲᠠᠶᠢᠴᠢᠯᠠᠨ᠂ ᠤᠯᠤᠰ ᠤᠨ ᠦᠮᠴᠢᠯᠠᠯᠳᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠬᠡᠷᠡᠴᠢᠯᠡᠯᠳᠡ ᠶᠢ | ᠠᠬᠢᠭᠤᠯᠤᠨ᠎ᠠ᠃ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ ᠬᠥᠭᠵᠢᠭᠦᠯᠵᠦ᠂ ᠬᠠᠮᠳᠣ ᠶᠢᠨ ᠪᠡᠯᠴᠢᠭᠡᠷ ᠢ | ᠳᠦᠷᠢᠶᠡᠰᠦᠯᠡᠬᠦ ᠪᠤᠶᠤ ᠬᠤᠪᠢ ᠤᠷᠤᠭᠤᠯᠬᠤ᠂ ᠳᠠᠷᠢᠶᠠᠯᠠᠩ ᠤᠨ ᠮᠠᠰᠢᠨ ᠲᠣᠨᠤᠭ ᠢ ᠳᠦᠷᠢᠶᠡᠰᠦᠯᠡᠬᠦ᠂ ᠳᠣᠰᠬᠠᠢ | ᠦᠢᠯᠡᠴᠢᠯᠡᠭᠡᠨ ᠤ ᠪᠠᠭ ᠢ ᠵᠤᠬᠢᠶᠠᠨ ᠪᠠᠶᠢᠭᠤᠯᠬᠤ ᠵᠡᠷᠬᠡ ᠬᠡᠯᠪᠡᠷᠢ ᠪᠠᠷ ᠬᠦᠭᠵᠢᠯᠳᠡ ᠶᠢᠨ ᠠᠷᠭ᠎ᠠ ᠵᠠᠮ ᠢ ᠦᠷᠬᠡᠳᠬᠡᠵᠦ᠂ | ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ ᠬᠦᠭᠵᠢᠭᠦᠯᠬᠦ ᠳᠣᠰᠬᠠᠢ ᠪᠡᠯᠡ ᠮᠦᠩᠬᠦ ᠶᠢ ᠵᠢᠯ ᠳᠤ ᠠᠳᠠᠭ ᠲᠠᠭᠠᠨ | 400 ᠲᠥᠮᠡᠨ ᠲᠦᠭᠦᠷᠢᠭ ᠲᠤᠬᠢᠷᠠᠭᠤᠯᠬᠤ ᠶᠢᠨ ᠬᠠᠮᠳᠤ ᠳᠡᠭᠡᠳᠦ ᠱᠠᠳᠣᠨ ᠤ ᠳᠣᠰᠬᠠᠢ ᠲᠥᠷᠥᠯ ᠤᠨ ᠪᠡᠯᠡ ᠮᠦᠩᠬᠦ ᠲᠠᠢ | ᠨᠢᠭᠡᠳᠣᠯᠳᠠᠢ ᠲᠥᠯᠥᠪᠵᠢᠭᠦᠯᠦᠨ᠂ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠳᠠᠭᠠᠭᠠᠮᠠᠭᠠᠢ ᠬᠦᠭᠵᠢᠯᠳᠡ ᠳᠤ | ᠬᠥᠳᠡᠯᠭᠡᠭᠴᠢ ᠬᠦᠴᠦᠨ ᠬᠠᠩᠭᠠᠨ᠎ᠠ᠃ 2019 ᠣᠨ ᠤ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠭᠠᠴᠠᠭ᠎ᠠ | ᠳᠣᠰᠬᠤᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 2 ᠲᠥᠮᠡᠨ ᠲᠦᠭᠦᠷᠢᠭ ᠠᠴᠠ ᠳᠡᠭᠡᠭᠰᠢ ᠪᠤᠯᠭᠠᠬᠤ ᠪᠠᠷ | ᠴᠢᠷᠮᠠᠶᠢᠵᠤ᠂ ᠵᠠᠭᠤᠨ ᠤ ᠲᠠᠪᠢ ᠶᠢᠨ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 6 ᠲᠥᠮᠡᠨ | ᠲᠦᠭᠦᠷᠢᠭ ᠲᠤ ᠬᠦᠷᠭᠡᠨ᠂ ᠡᠵᠡᠩᠨᠡᠯᠳᠡ ᠶᠢᠨ ᠴᠢᠨᠠᠷᠲᠠᠢ ᠣᠷᠣᠯᠭ᠎ᠠ ᠶᠢ ᠭᠠᠴᠠᠭ᠎ᠠ ᠳᠣᠰᠬᠤᠨ ᠤ ᠬᠠᠮᠳᠣ ᠶᠢᠨ ᠠᠵᠤ | ᠠᠬᠤᠢ ᠶᠢᠨ ᠣᠷᠣᠯᠭ᠎ᠠ ᠶᠢᠨ 50% ᠳᠤ ᠬᠦᠷᠭᠡᠨ᠎ᠡ᠃ 2020 ᠣᠨ ᠤ ᠡᠴᠦᠰ ᠪᠣᠯᠬᠤ ᠳᠤ᠂ ᠪᠦᠬᠦ ᠬᠤᠰᠢᠭᠤᠨ ᠤ | ᠭᠠᠴᠠᠭᠠᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 5 ᠲᠥᠮᠡᠨ ᠲᠦᠭᠦᠷᠢᠭ ᠠᠴᠠ ᠦᠨᠳᠦᠷ ᠪᠣᠯᠭᠠᠵᠤ᠂ | ᠡᠵᠡᠩᠨᠡᠯᠳᠡ ᠶᠢᠨ ᠴᠢᠨᠠᠷᠳᠠᠢ ᠶᠡᠷᠦᠩᠬᠡᠢ ᠣᠷᠣᠯᠭ᠎ᠠ ᠶᠢ 2017 ᠣᠨ ᠤ ᠬᠢ ᠠᠴᠠ ᠳᠠᠬᠢᠨ ᠢᠶᠠᠷ ᠥᠰᠭᠡᠵᠦ᠂ ᠭᠠᠴᠠᠭ᠎ᠠ | ᠳᠣᠰᠬᠤᠨ ᠤ ᠬᠠᠮᠳᠣ ᠶᠢᠨ ᠠᠵᠤ ᠠᠬᠤᠢ ᠶᠢᠨ ᠳᠣᠭᠳᠠᠭᠤᠨ ᠨᠡᠮᠡᠭᠳᠡᠯ ᠤᠨ ᠳᠣᠭᠳᠠᠯᠴᠠᠭ᠎ᠠ ᠶᠢ ᠪᠦᠷᠢᠯᠳᠦᠭᠦᠯᠵᠦ᠂ ᠭᠠᠴᠠᠭ᠎ᠠ | ᠳᠣᠰᠬᠤᠨ ᠤ ᠥᠪᠡᠷ ᠤᠨ ᠬᠦᠭᠵᠢᠯᠳᠡ᠂ ᠳᠠᠭᠠᠭᠠᠮᠠᠭᠠᠢ ᠬᠦᠭᠵᠢᠯᠳᠡ ᠶᠢᠨ ᠴᠢᠳᠠᠪᠤᠷᠢ ᠶᠢ ᠳᠠᠰᠣᠷᠠᠯᠳᠠ ᠦᠭᠡᠢ ᠨᠡᠡᠮᠭᠳᠡᠭᠦᠯᠵᠦ | ᠂ ᠭᠠᠴᠠᠭ᠎ᠠ ᠳᠣᠰᠬᠤᠨ ᠤ ᠨᠠᠮ ᠤᠨ ᠳᠣᠭᠤᠶᠢᠯᠠᠩ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠳᠣᠮᠳᠠᠴᠢ ᠳᠠᠶᠢᠴᠢᠯᠠᠭᠴᠢ ᠶᠢᠨ ᠬᠦᠴᠦᠨ ᠢ ᠳᠣᠪᠣᠶᠢᠯᠭᠠᠨ᠎ᠠ᠃ | ᠰᠣᠶᠣᠯ ᠵᠢᠭᠤᠯᠴᠢᠯᠠᠯ ᠤᠨ ᠦᠢᠯᠡᠰ ᠢ ᠡᠷᠴᠢᠮᠲᠠᠢ ᠬᠥᠭᠵᠢᠭᠦᠯᠦᠨ᠂ ︽ᠶᠤᠸᠠᠨ ᠤ ᠳᠡᠭᠡᠳᠦ ᠨᠠᠶᠢᠰᠯᠠᠯ︾᠂ ︽ | ᠬᠤᠯᠠᠨ ᠰᠢᠷᠭ᠎ᠠ ᠳᠠᠭ᠎ᠠ︾ ᠰᠣᠶᠣᠯ ᠵᠢᠭᠤᠯᠴᠢᠯᠠᠯ ᠤᠨ ᠨᠡᠷᠡᠲᠦ ᠳᠡᠮᠳᠡᠭ ᠢ ᠭᠤᠣᠯᠳᠠᠯᠭ᠎ᠠ ᠲᠠᠢ ᠬᠦᠭᠵᠢᠭᠦᠯᠦᠨ᠎ᠡ᠃ | ᠶᠤᠸᠠᠨ ᠤ ᠳᠡᠭᠡᠳᠦ ᠨᠡᠶᠢᠰᠯᠠᠯ ᠤᠨ ᠪᠠᠭᠤᠷᠢ ᠶᠢᠨ 5A ᠲᠡᠰ ᠤᠨ ᠵᠢᠭᠤᠯᠴᠢᠯᠠᠯ ᠢ ᠣᠷᠣᠨ ᠢ ᠪᠠᠶᠢᠭᠤᠯᠬᠤ᠂ ᠪᠠᠭᠤᠷᠢ ᠶᠢᠨ | ᠵᠢᠭᠤᠯᠴᠢᠯᠠᠭᠰᠠᠳ ᠲᠤ ᠦᠢᠯᠡᠴᠢᠯᠡᠬᠦ ᠲᠥᠪ᠂ 4D ᠺᠢᠨᠤ᠋ ᠶᠢᠨ ᠣᠷᠳᠣᠨ᠂ ᠪᠠᠭᠤᠷᠢ ᠶᠢᠨ ᠬᠠᠮᠠᠭᠠᠯᠠᠯᠳᠠ ᠶᠢᠨ ᠳᠡᠯᠭᠡᠨ | ᠦᠵᠡᠭᠦᠯᠦᠯᠭᠡ ᠪᠤᠯᠤᠨ ᠰᠣᠶᠣᠯ ᠵᠢᠭᠤᠯᠴᠢᠯᠠᠯ ᠤᠨ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠦᠷᠭᠦᠯᠵᠢᠯᠡᠨ | ᠰᠠᠶᠢᠳᠣᠷ ᠬᠡᠷᠡᠭᠵᠢᠭᠦᠯᠵᠦ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ᠂ ᠣᠶᠣᠨᠳᠣ ᠵᠢᠭᠤᠯᠴᠢᠯᠠᠯ ᠤᠨ ᠲᠠᠪᠴᠠᠩ᠂ | ᠴᠢᠶᠠᠨ ᠶᠤᠸᠠᠨ ᠶᠢ ᠲᠣᠮᠣ ᠪᠠᠭᠤᠳᠠᠯ᠂ ᠶᠤᠸᠠᠨ ᠤ ᠳᠡᠭᠡᠳᠦ ᠨᠠᠶᠢᠰᠯᠠᠯ ᠲᠣᠮᠣ ᠪᠠᠭᠤᠳᠠᠯ ᠢ ᠪᠠᠶᠢᠭᠤᠯᠬᠤ ᠠᠬᠢᠴᠠ ᠪᠠᠨ | ᠲᠥᠷᠭᠡᠳᠭᠡᠵᠦ᠂ ᠵᠤᠴᠢᠯᠠᠨ ᠦᠢᠯᠡᠴᠢᠯᠡᠬᠦ ᠴᠢᠳᠠᠪᠬᠢ ᠪᠠᠨ ᠤᠯᠠᠮ ᠳᠡᠭᠡᠭᠰᠢᠯᠡᠭᠦᠯᠦᠨ᠎ᠡ᠃ ᠣᠷᠣᠨ ᠤ ᠳᠣᠳᠣᠨ᠎ᠠ ᠭᠠᠳᠠᠨᠠᠬᠢ | ᠵᠢᠷᠤᠭ ᠲᠥᠯᠥᠪᠯᠡᠭᠡᠨ ᠤ ᠪᠠᠶᠢᠭᠤᠯᠤᠮᠵᠢ ᠲᠠᠢ ᠨᠢᠭ᠌ᠳᠡ ᠬᠠᠷᠢᠴᠠᠵᠤ᠂ ᠶᠤᠸᠠᠨ ᠤ ᠳᠡᠭᠡᠳᠦ ᠨᠠᠶᠢᠰᠯᠠᠯ ᠪᠡᠯᠡ | ᠣᠷᠣᠭᠤᠯᠤᠯᠳᠠ ᠶᠢᠨ ᠺᠤᠮᠫᠠᠨᠢ ᠠᠴᠠ ᠵᠢᠭᠤᠯᠴᠢᠯᠠᠯ ᠤᠨ ᠦᠵᠡᠮᠵᠢᠳᠣ ᠣᠷᠣᠨ ᠢ ᠨᠡᠬᠡᠬᠡᠨ ᠠᠰᠢᠭᠯᠠᠬᠤ ᠶᠢ ᠠᠬᠢᠭᠤᠯᠤᠨ᠂ | ᠱᠠᠩᠳᠣ ᠰᠣᠶᠣᠯ ᠵᠢᠭᠤᠯᠴᠢᠯᠠᠯ ᠤᠨ ᠰᠠᠭᠤᠷᠢᠨ ᠭᠠᠵᠠᠷ ᠪᠠ ᠬᠠᠭᠠᠨ ᠤ ᠣᠷᠳᠣᠨ ᠤ ᠰᠡᠯᠡᠭᠦᠴᠡᠨ ᠵᠤᠭᠠᠴᠠᠬᠤ ᠣᠷᠣᠨ ᠢ | ᠪᠠᠶᠢᠭᠤᠯᠤᠨ᠂ ᠣᠯᠣᠰ ᠤᠨ ᠦᠮᠴᠢᠯᠠᠯᠳᠣ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠳᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠣᠷᠣᠯᠭ᠎ᠠ ᠶᠢ ᠨᠡᠮᠡᠭᠳᠡᠭᠦᠯᠦᠨ᠎ᠡ᠃ ᠵᠢᠭᠤᠯᠴᠢᠯᠠᠯ ᠤᠨ ᠰᠠᠭᠤᠷᠢ ᠲᠥᠭᠦᠭᠡᠷᠦᠮᠵᠢ ᠶᠢ ᠪᠦᠲᠦᠭᠡᠨ | ᠪᠠᠶᠢᠭᠤᠯᠬᠤ ᠡᠷᠴᠢᠮ ᠢᠶᠠᠨ ᠴᠢᠩᠭᠠᠳᠬᠠᠵᠤ᠂ ᠲᠤᠰ ᠵᠢᠯ ᠳᠤ ᠲᠠᠪᠦ ᠨᠢᠭᠡ ᠦᠷ᠎ᠡ ᠶᠢᠨ ᠮᠠᠯ ᠤᠨ ᠲᠠᠯᠠᠪᠠᠢ— ᠬᠡᠶᠢᠪᠡᠩ | ᠭᠤᠣᠯ ᠦᠵᠡᠮᠵᠢᠳᠣ ᠣᠷᠣᠨ — ᠪᠠᠭ᠎ᠠ ᠵᠢᠭᠠᠰᠣᠳᠠᠢ ᠨᠠᠭᠤᠷ ᠤᠨ ᠵᠢᠭᠤᠯᠴᠢᠯᠠᠯ ᠤᠨ ᠤᠷᠤᠨ ᠤ ᠵᠠᠰᠠᠮᠠᠯ ᠵᠠᠮ ᠢ | ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠨ᠂ ᠦᠨᠳᠦᠰᠦᠳᠠᠨ ᠤ ᠵᠠᠩ ᠦᠢᠯᠡ ᠶᠢᠨ ᠣᠨᠴᠠᠯᠢᠭ ᠢ | ᠳᠣᠪᠣᠶᠢᠯᠭᠠᠨ᠂ ᠲᠠᠯ᠎ᠠ ᠨᠤᠳᠤᠭ ᠤᠨ ᠵᠢᠭᠤᠯᠴᠢᠯᠠᠯ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ᠂ | ᠵᠢᠭᠤᠯᠴᠢᠯᠠᠯ ᠤᠨ ᠣᠷᠴᠢᠨ ᠳᠣᠭᠤᠷᠢᠨ ᠢ ᠰᠢᠯᠢᠳᠡᠭᠵᠢᠭᠦᠯᠦᠨ᠎ᠡ᠃ ᠤᠯᠠᠮᠵᠢᠯᠠᠯᠳᠣ ᠵᠠᠩ ᠦᠢᠯᠡ ᠶᠢ ᠬᠠᠮᠠᠭᠠᠯᠠᠨ | ᠣᠯᠠᠮᠵᠢᠯᠠᠬᠤ ᠪᠠᠷ ᠭᠤᠣᠯᠳᠠᠯᠭ᠎ᠠ ᠪᠣᠯᠭᠠᠨ᠂ ︽ᠮᠠᠯᠴᠢᠨ ᠠᠶᠢᠯ︾ ᠵᠢᠭᠤᠯᠴᠢᠯᠠᠯ ᠤᠨ ᠦᠢᠯᠡᠰ ᠢ ᠤᠷᠮᠠᠰᠢᠭᠤᠯᠤᠨ | ᠬᠦᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠡᠯᠧᠺᠲᠷᠤᠨ | ᠬᠤᠳᠠᠯᠳᠣᠭᠠᠨ ᠤ ᠦᠢᠯᠡᠰ ᠢ ᠰᠢᠯᠢᠳᠡᠭᠵᠢᠨ ᠬᠦᠭᠵᠢᠭᠦ ᠶᠢ ᠳᠡᠮᠵᠢᠨ᠎ᠡ᠃ ᠰᠢᠨ᠎ᠡ ᠬᠥᠭᠵᠢᠯᠳᠡ ᠶᠢ ᠳᠠᠰᠣᠷᠠᠯᠳᠠ ᠦᠭᠡᠢ | ᠡᠭᠦᠳᠴᠦ᠂ ᠡᠵᠡᠩᠨᠡᠨ ᠪᠣᠷᠤᠯᠠᠭᠤᠯᠬᠤ ᠣᠷᠣᠨ ᠵᠠᠢ ᠶᠢ ᠥᠷᠭᠡᠳᠬᠡᠨ᠂ ᠭᠤᠣᠯᠳᠠᠯᠭ᠎ᠠ ᠲᠠᠢ ᠠᠵᠤ ᠦᠢᠯᠡᠰ ᠢᠶᠠᠷ | ᠲᠤᠯᠭᠠᠭᠤᠷᠢ ᠪᠣᠯᠭᠠᠨ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠤᠨ᠎ᠠ᠃ | ︵ᠭᠤᠷᠪᠠ︶ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠢᠯᠢᠳᠡᠭᠵᠢᠬᠦᠯᠬᠦ ᠪᠠᠷ ᠬᠦᠳᠡᠯᠭᠡᠭᠴᠢ ᠬᠦᠴᠦᠨ | ᠪᠤᠯᠭᠠᠨ᠂ ᠴᠢᠨᠠᠷᠯᠢᠭ ᠬᠦᠭᠵᠢᠯᠳᠡ ᠶᠢ ᠠᠬᠢᠭᠤᠯᠤᠨ᠎ᠠ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠠᠷᠤᠮᠠᠯᠯᠠᠨ ᠲᠠᠷᠬᠠᠭᠠᠭᠰᠠᠨ ︽ᠴᠢᠨᠠᠷᠯᠢᠭ | ᠬᠦᠭᠵᠢᠯᠳᠡ ᠶᠢ ᠠᠬᠢᠭᠤᠯᠬᠤ ᠲᠤᠬᠠᠢ ᠰᠠᠨᠠᠯ︾ ᠵᠢᠴᠢ ᠰᠢᠨ᠎ᠠ ᠪᠠᠷ ᠬᠦᠭᠵᠢᠵᠦ ᠪᠠᠶᠢᠭ᠎ᠠ ᠠᠵᠦ ᠦᠢᠯᠡᠰ ᠤᠨ ᠴᠢᠨᠠᠷᠯᠢᠭ | ᠬᠦᠭᠵᠢᠯᠳᠡ ᠶᠢ ᠠᠬᠢᠭᠤᠯᠬᠤ ᠦᠪᠡᠷᠳᠡᠬᠡᠨ ᠵᠠᠰᠠᠬᠤ ᠤᠷᠤᠨ ᠤ ᠠᠵᠢᠯ ᠤᠨ ᠲᠦᠰᠦᠪ ᠪᠠ ᠠᠵᠦ ᠦᠢᠯᠡᠳᠪᠤᠷᠢ ᠶᠢᠨ | ᠴᠢᠨᠠᠷᠯᠢᠭ ᠬᠦᠭᠵᠢᠯᠳᠡ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠎ᠠ᠃ | ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠨᠢᠬᠡᠨᠳᠡ ᠪᠠᠶᠢᠭᠤᠯᠤᠭᠳᠠᠭᠰᠠᠨ ᠲᠦᠷᠦᠯ ᠵᠦᠢᠯ ᠤᠨ | ᠦᠢᠯᠡᠳᠪᠤᠷᠢᠯᠡᠯ ᠢᠶᠠᠨ ᠡᠬᠢᠯᠡᠬᠦᠯᠬᠦ ᠶᠢ ᠠᠬᠢᠭᠤᠯᠵᠦ᠂ ᠪᠠᠶᠢᠭᠤᠯᠤᠭᠳᠠᠵᠦ ᠪᠠᠶᠢᠭ᠎ᠠ ᠲᠦᠷᠦᠯ ᠵᠦᠢᠯ ᠤᠨ ᠪᠠᠶᠢᠭᠤᠯᠤᠯᠳᠠ ᠶᠢᠨ | ᠠᠬᠢᠴᠠ ᠶᠢ ᠲᠦᠷᠬᠡᠳᠬᠡᠵᠦ᠂ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠶᠢ ᠴᠢᠩᠭᠠᠳᠬᠠᠨ᠎ᠠ | ᠃ ᠲᠤᠰ ᠵᠢᠯ ᠳᠤ 32 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠪᠠᠷ ᠲᠦᠰᠦᠪᠯᠡᠵᠦ᠂ ᠲᠦᠷᠦᠯ ᠵᠦᠢᠯ ᠢ | ᠲᠦᠯᠬᠢᠨ ᠠᠬᠢᠭᠤᠯᠬᠤ ᠴᠠᠭ ᠬᠤᠭᠤᠴᠠᠭ᠎ᠠ ᠶᠢ ᠲᠤᠭᠳᠠᠭᠠᠨ᠂ ᠬᠠᠷᠢᠭᠤᠴᠠᠨ ᠬᠠᠷᠢᠯᠴᠠᠬᠤ ᠤᠳᠤᠷᠢᠳᠤᠯᠭ᠎ᠠ᠂ ᠲᠠᠶᠢᠴᠢᠯᠠᠨ | ᠬᠦᠢᠴᠡᠳᠬᠡᠬᠦ ᠰᠠᠯᠠᠭ᠎ᠠ ᠮᠦᠴᠢᠷ ᠪᠠ ᠬᠠᠷᠢᠭᠤᠴᠠᠯᠭᠠᠳᠠᠨ ᠢ ᠲᠤᠳᠤᠷᠬᠠᠶᠢᠯᠠᠵᠦ᠂ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠳᠤ ︽ᠨᠢᠬᠡ ᠬᠠᠷᠢᠴᠠᠬᠤ ᠨᠢᠬᠡ︾ ᠶᠢᠨ ᠮᠦᠷᠳᠡᠨ ᠦᠢᠯᠡᠴᠢᠯᠡᠭᠡ ᠬᠠᠩᠭᠠᠵᠦ᠂ ᠰᠢᠨ ᠹᠧᠩ᠂ ᠠᠭᠤᠳᠠᠮ | ᠲᠤᠬᠤᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠷᠦᠯ ᠵᠦᠢᠯ ᠵᠢᠴᠢ 500 ᠺᠢᠯᠤᠸᠤᠯᠲ ᠤᠨ ᠰᠢᠨ᠎ᠠ ᠡᠨᠧᠷᠬᠢ | ᠶᠢᠨ ᠬᠤᠷᠠᠮᠳᠤᠯ ᠤᠨ ᠦᠷᠳᠡᠭᠡ ᠪᠠᠶᠢᠭᠤᠯᠬᠤ ᠲᠦᠷᠦᠯ ᠵᠦᠢᠯ ᠤᠨ ᠭᠠᠷ ᠬᠦᠢᠴᠡᠳᠬᠡᠯ ᠢ ᠪᠦᠷᠢᠨᠰᠢᠬᠦᠯᠵᠦ᠂ ᠲᠤᠰ ᠵᠢᠯ ᠳᠤ | ᠪᠠᠷᠢᠯᠭ᠎ᠠ ᠡᠬᠢᠯᠡᠬᠦᠯᠬᠦ ᠪᠠᠷ ᠲᠦᠰᠦᠪᠯᠡᠵᠦ ᠪᠤᠢ᠃ ᠨᠡᠬᠦᠷᠡᠰᠦᠨ ᠨᠤᠨᠳᠠᠭ᠂ ᠬᠦᠬᠦᠷ ᠦᠬᠡᠶᠢᠳᠡᠬᠦᠯᠦᠭᠰᠡᠨ ᠨᠤᠨᠳᠠᠭ ᠵᠡᠷᠬᠡ | ᠬᠠᠳᠠᠭᠤ ᠪᠠᠶᠠᠳᠦ ᠬᠠᠶᠠᠭᠳᠠᠮᠠᠯ ᠢ ᠶᠡᠷᠤᠩᠬᠡᠶᠢᠯᠡᠨ ᠠᠰᠢᠭᠯᠠᠬᠤ ᠶᠢ ᠠᠬᠢᠭᠤᠯᠵᠦ᠂ ᠹᠦ᠋ ᠶᠠᠩ ᠵᠤᠭᠠᠩ ᠤᠨ ᠬᠠᠪᠳᠠᠰᠤ | ᠦᠢᠯᠡᠳᠪᠤᠷᠢᠯᠡᠬᠦ ᠱᠤᠭᠤᠮ᠂ ᠱᠠᠨ ᠬᠠᠢ ᠪᠠᠷᠢᠯᠭ᠎ᠠ ᠳᠤ ᠬᠡᠷᠡᠭᠯᠡᠬᠦ ᠨᠡᠬᠦᠷᠡᠰᠦᠨ ᠨᠤᠨᠳᠠᠭ ᠢ ᠪᠤᠯᠪᠠᠰᠤᠷᠠᠭᠤᠯᠬᠤ ᠵᠡᠷᠬᠡ ᠲᠦᠷᠦᠯ | ᠵᠦᠢᠯ ᠢ ᠬᠦᠴᠦᠯᠡᠨ ᠬᠡᠷᠡᠭᠵᠢᠬᠦᠯᠵᠦ᠂ ᠲᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ | ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠵᠡᠷᠬᠡ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ | ᠲᠤᠭᠳᠠᠭᠤᠨ ᠡᠵᠡᠩᠨᠡᠯᠳᠡ ᠶᠢ ᠪᠠᠳᠤᠯᠠᠵᠦ᠂ ᠹᠦ᠋ ᠶᠠᠩ ᠵᠤᠭᠠᠩ ᠤᠨ ᠦᠢᠯᠡᠳᠪᠤᠷᠢ᠂ ᠰᠢᠨ ᠫᠧᠩ ᠪᠠᠷᠢᠯᠭ᠎ᠠ ᠶᠢᠨ ᠺᠤᠮᠫᠠᠨᠢ ᠶᠢ | ᠲᠤᠰ ᠵᠢᠯ ᠳᠤ ᠲᠡᠰ ᠲᠡᠪᠰᠢᠬᠦᠯᠦᠨ᠎ᠡ︔ ︽ᠨᠢᠬᠡ ᠬᠦᠷᠢᠶᠡᠯᠡᠩ ᠬᠤᠶᠠᠷ ᠲᠤᠭᠤᠷᠢᠭ︾ ᠤᠨ ᠲᠦᠯᠦᠪᠵᠢᠬᠦᠯᠬᠡ ᠶᠤᠰᠤᠭᠠᠷ | ᠱᠠᠩᠳᠤ ᠠᠵᠦ ᠦᠢᠯᠡᠳᠪᠤᠷᠢ ᠶᠢᠨ ᠬᠦᠷᠢᠶᠡᠯᠡᠩ ᠢ ᠨᠢᠬᠡᠳᠦᠯᠳᠡᠢ ᠵᠤᠬᠢᠴᠠᠭᠤᠯᠤᠨ ᠲᠦᠯᠦᠪᠵᠢᠬᠦᠯᠵᠦ᠂ ᠵᠠᠮ ᠱᠤᠭᠤᠮ᠂ | ᠤᠰᠤᠨ ᠬᠤᠭᠤᠯᠠᠢ ᠵᠡᠷᠬᠡ ᠰᠠᠭᠤᠷᠢ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠠᠵᠦ ᠦᠢᠯᠡᠰ ᠤᠨ | ᠲᠦᠬᠦᠷᠴᠢᠯᠡᠯᠳᠡ ᠪᠠ ᠬᠠᠮᠳᠤ ᠶᠢᠨ ᠬᠦᠭᠵᠢᠯᠳᠡ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠦ ᠪᠡᠯᠡ ᠲᠠᠳᠠᠬᠤ ᠦᠵᠡᠯᠳᠡ | ᠶᠢ ᠰᠢᠨᠡᠴᠢᠯᠡᠵᠦ᠂ ᠲᠤᠮᠳᠠᠳᠤ ᠤᠯᠤᠰ ᠤᠨ ᠠᠮᠢ ᠠᠬᠤᠢ ᠶᠢᠨ ᠤᠯᠠᠨ ᠶᠠᠩᠵᠤᠳᠤ ᠴᠢᠨᠡᠷ ᠢ ᠬᠠᠮᠠᠭᠠᠯᠠᠬᠤ ᠪᠠ ᠪᠤᠬᠢᠷᠳᠦᠯ | ᠦᠬᠡᠢ ᠬᠦᠭᠵᠢᠯᠳᠡ ᠶᠢᠨ ᠰᠠᠭᠤᠷᠢ ᠮᠦᠩᠬᠦᠨ ᠤ ᠨᠡᠶᠢᠬᠡᠮᠯᠢᠭ ᠲᠠᠢ ᠬᠠᠮᠳᠤᠷᠠᠨ᠂ ᠤᠯᠠᠨ ᠤᠯᠤᠰ ᠤᠨ ᠤᠳᠤᠳᠤ ᠲᠡᠭᠷᠢ ᠶᠢᠨ | ᠰᠦᠨᠢ ᠶᠢᠨ ᠬᠠᠮᠠᠭᠠᠯᠠᠯᠳᠠ ᠶᠢᠨ ᠤᠷᠤᠨ ᠤ ᠲᠦᠷᠦᠯ ᠵᠦᠢᠯ ᠢ ᠲᠦᠰᠦᠪᠯᠡᠨ᠂ ᠮᠠᠨ ᠤ ᠬᠤᠰᠢᠭᠤ ᠪᠠᠨ ᠲᠡᠯᠡᠬᠡᠢ ᠶᠢᠨ ᠰᠦᠨᠢ | ᠶᠢᠨ ᠬᠠᠮᠠᠭᠠᠯᠠᠯᠳᠠ ᠶᠢᠨ ᠤᠷᠤᠨ ᠤ ᠨᠤᠳᠤᠭ ᠤᠰᠤᠨ ᠤ ᠨᠡᠷᠡᠰ ᠤᠨ ᠵᠢᠭᠰᠠᠭᠠᠯᠳᠠ ᠳᠤ ᠤᠷᠤᠭᠤᠯᠵᠦ᠂ ᠤᠯᠠᠨ ᠤᠯᠤᠰ ᠤᠨ | ᠰᠠᠯᠠᠭ᠎ᠠ ᠮᠦᠴᠢᠷ ᠢᠶᠠᠷ ᠪᠠᠳᠤᠯᠠᠭᠤᠯᠬᠤ ᠪᠠᠷ ᠡᠷᠡᠮᠡᠯᠵᠡᠯᠡᠨ᠂ ᠡᠬᠦᠨ ᠤ ᠰᠠᠭᠤᠷᠢᠨ ᠲᠡᠭᠡᠷ᠎ᠡ ᠤᠯᠠᠨ ᠤᠯᠤᠰ ᠤᠨ | ᠠᠷᠠᠯᠵᠢᠶᠠᠴᠢᠨ ᠢ ᠤᠷᠢᠨ᠎ᠠ᠃ ᠲᠤᠮᠤ ᠴᠢᠬᠤᠯᠠ ᠰᠠᠭᠤᠷᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠰᠦᠪᠯᠡᠨ | ᠠᠬᠢᠭᠤᠯᠵᠦ᠂ ᠱᠠᠩᠳᠤ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠲᠠᠯᠠᠪᠠᠢ ᠶᠢᠨ ᠲᠦᠷᠦᠯ ᠵᠦᠢᠯ ᠢ | ᠲᠤᠭᠳᠠᠭᠠᠨ ᠬᠡᠷᠡᠭᠵᠢᠬᠦᠯᠬᠦ ᠶᠡᠷᠤᠩᠬᠡᠢ ᠲᠦᠯᠦᠪᠵᠢᠬᠦᠯᠬᠡ ᠵᠢᠴᠢ ᠲᠦᠰᠦᠪᠯᠡᠯᠳᠡ ᠶᠢᠨ ᠮᠡᠳᠡᠬᠦᠯᠦᠯᠳᠡ ᠶᠢ ᠨᠠᠶᠢᠷᠠᠭᠤᠯᠤᠨ | ᠲᠠᠭᠤᠰᠬᠠᠬᠤ ᠶᠢᠨ ᠬᠠᠮᠳᠤ ᠵᠦᠪᠰᠢᠶᠡᠷᠡᠯ ᠤᠯᠵᠦ᠂ ᠨᠢᠰᠬᠡᠯ ᠤᠨ ᠪᠠᠭᠤᠳᠠᠯ ᠤᠨ ᠭᠠᠳᠠᠨᠠᠬᠢ ᠵᠠᠮ ᠱᠤᠭᠤᠮ᠂ ᠴᠠᠬᠢᠯᠭᠠᠨ | ᠬᠠᠩᠭᠠᠯᠭ᠎ᠠ ᠵᠡᠷᠬᠡ ᠲᠦᠬᠦᠷᠴᠢᠯᠡᠭᠰᠡᠨ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠳᠤ ᠰᠠᠶᠢᠳᠦᠷ | ᠬᠠᠪᠰᠤᠷᠤᠯᠴᠠᠨ᠎ᠠ᠃ ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠠᠮᠤᠷ ᠵᠠᠮ᠂ ᠡᠷᠢᠶᠠᠨ ᠠᠴᠠ ᠭᠤᠸᠠᠩᠵᠸᠦ ᠬᠦᠷᠬᠦ | ᠲᠦᠷᠬᠡᠨ ᠤ ᠵᠠᠮ ᠤᠨ ᠠᠨ ᠶᠧ ᠠᠴᠠ ᠬᠦᠩᠵᠦ ᠶᠢᠨ ᠬᠠᠰᠢᠯᠭ᠎ᠠ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ | ᠠᠵᠢᠯ ᠢ ᠡᠬᠢᠯᠡᠬᠦᠯᠬᠦ ᠪᠠᠷ ᠴᠢᠷᠮᠠᠶᠢᠨ᠎ᠠ᠃ ᠱᠠᠩᠳᠤ ᠤᠰᠤᠨ ᠴᠦᠬᠦᠷᠦᠮ ᠤᠨ ᠲᠦᠷᠦᠯ ᠵᠦᠢᠯ ᠤᠨ ᠪᠠᠶᠢᠭᠤᠯᠤᠯᠳᠠ ᠳᠤ | ᠱᠠᠭᠠᠷᠳᠠᠭᠳᠠᠬᠤ ᠤᠷᠴᠢᠨ ᠲᠤᠭᠤᠷᠢᠨ ᠤ ᠨᠦᠯᠦᠬᠡᠯᠡᠯᠴᠡᠯ ᠤᠨ ᠮᠡᠳᠡᠬᠦᠯᠦᠯᠳᠡ᠂ ᠠᠮᠢ ᠠᠬᠤᠢ᠂ ᠲᠡᠤᠬᠡ ᠶᠢᠨ ᠲᠤᠷᠠᠰᠬᠠᠯᠳᠤ | ᠵᠦᠢᠯ ᠤᠨ ᠬᠠᠮᠢᠶᠠᠳᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠭᠠᠷ ᠬᠦᠴᠢᠡᠳᠬᠡᠯ ᠢ ᠲᠠᠭᠤᠰᠬᠠᠬᠤ ᠵᠡᠷᠬᠡ ᠪᠡᠯᠡᠳᠬᠡᠯ | ᠠᠵᠢᠯ ᠢ ᠰᠠᠶᠢᠨ ᠬᠢᠨ᠎ᠠ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠵᠦ᠂ ᠭᠠᠶᠢᠯᠢ ᠶᠢ ᠬᠡᠯᠳᠦᠷᠢᠬᠦᠯᠬᠦ ᠲᠦᠷᠦ | ᠶᠢᠨ ᠪᠤᠳᠤᠯᠭ᠎ᠠ ᠪᠠ ᠦᠪᠡᠷᠳᠡᠬᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠴᠢᠨᠠᠷᠯᠢᠭ | ᠬᠦᠭᠵᠢᠯᠳᠡ ᠶᠢ ᠠᠬᠢᠭᠤᠯᠬᠤ 26 ᠵᠦᠢᠯ ᠤᠨ ᠠᠷᠭ᠎ᠠ ᠬᠡᠮᠵᠢᠶ᠎ᠠ ᠶᠢ ᠨᠢᠮᠪᠠᠢ ᠨᠠᠶᠢᠳᠠᠪᠤᠷᠢᠵᠢᠭᠤᠯᠵᠦ ᠠᠷᠠᠳ ᠠᠴᠠ | ᠡᠵᠡᠩᠨᠡᠭᠰᠡᠨ ᠠᠵᠦ ᠠᠬᠤᠢ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠲᠠᠬᠢᠨ | ᠪᠠᠶᠢᠴᠠᠭᠠᠬᠤ︾ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠡᠵᠡᠩᠨᠡᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ | ᠬᠠᠮᠢᠶ᠎ᠠ ᠪᠦᠬᠦᠢ ᠲᠦᠰᠦᠪ ᠪᠠ ᠲᠤᠮᠳᠠ ᠵᠢᠵᠢᠭ ᠠᠵᠦ ᠠᠬᠤᠶᠢᠯᠠᠯ ᠤᠨ ᠬᠦᠭᠵᠢᠯᠳᠡ ᠶᠢᠨ ᠰᠠᠭᠤᠷᠢ ᠮᠦᠩᠬᠦᠨ ᠤ | ᠬᠠᠮᠢᠶᠠᠷᠤᠯᠳᠠ ᠶᠢᠨ ᠲᠦᠷᠢᠮ ᠢ ᠴᠢᠩᠭᠠᠳᠬᠠᠵᠦ᠂ ᠠᠵᠦ ᠠᠬᠤᠶᠢᠯᠠᠯ ᠳᠤ ᠬᠠᠪᠰᠤᠷᠤᠨ ᠤᠷᠴᠢᠨ ᠲᠤᠭᠤᠷᠢᠨ ᠤ | ᠴᠡᠭᠴᠡᠯᠡᠯᠳᠡ ᠶᠢᠨ ᠲᠦᠰᠦᠪ ᠢ ᠲᠤᠭᠳᠠᠭᠠᠵᠦ ᠦᠭᠬᠦᠨ᠎ᠠ᠃ | ︵ᠲᠦᠷᠪᠡ︶ ︽ᠭᠤᠷᠪᠠᠨ ᠲᠤᠮᠤ ᠰᠢᠪᠳᠤᠯᠤᠯᠳᠠ ᠶᠢᠨ ᠢᠨᠵᠧᠨᠧᠷᠢᠩ︾ ᠢ ᠰᠠᠶᠢᠳᠦᠷ ᠬᠡᠷᠡᠭᠵᠢᠬᠦᠯᠵᠦ᠂ | ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠨ᠎ᠡ | ᠬᠦᠨᠳᠦ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠡᠶᠡᠳᠡᠬᠦᠯᠬᠦ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ | ᠬᠡᠷᠡᠭᠵᠢᠬᠦᠯᠦᠨ᠎ᠠ᠃ ᠲᠦᠪ ᠤᠨ ︽ᠡᠷᠡᠰ ᠴᠢᠩᠭ᠎ᠠ ᠪᠠᠶᠢᠬᠤ᠂ ᠡᠷᠭᠡᠰᠢᠶᠡᠵᠦ ᠲᠠᠶᠢᠯᠬᠦ᠂ ᠡᠮᠬᠢ ᠴᠡᠭᠴᠡ ᠲᠠᠢ᠂ | ᠲᠤᠬᠢᠷᠠᠮᠵᠢᠳᠠᠢ ᠪᠠᠶᠢᠬᠤ︾ ᠵᠠᠷᠴᠢᠮ ᠢ ᠨᠢᠮᠪᠠᠢ ᠨᠠᠶᠢᠳᠠᠪᠤᠷᠢᠵᠢᠭᠤᠯᠵᠦ᠂ ᠰᠢᠰᠲ᠋ᠧᠮᠳᠦ ᠴᠢᠨᠡᠷ ᠲᠠᠢ ᠮᠦᠩᠬᠦᠨ ᠬᠦᠢᠯᠬᠡᠬᠡᠨ ᠤ | ᠲᠦᠭᠰᠢᠬᠦᠷᠢ ᠡᠬᠦᠰᠬᠡᠬᠦ ᠦᠬᠡᠢ ᠶᠢ ᠴᠢᠩᠭ᠎ᠠ ᠪᠠᠷᠢᠮᠳᠠᠯᠠᠨ᠎ᠠ᠃ ᠵᠠᠰᠠᠭ ᠤᠨ ᠤᠷᠳᠤᠨ ᠤ ᠦᠷᠢ ᠰᠢᠷᠢ ᠶᠢ ᠲᠦᠷᠢᠮᠵᠢᠬᠦᠯᠵᠦ᠂ | ᠰᠢᠨ᠎ᠠ ᠪᠠᠷ ᠤᠷᠤᠭᠤᠯᠬᠤ ᠪᠠᠷ ᠪᠠᠶᠢᠭ᠎ᠠ ᠲᠦᠷᠦᠯ ᠵᠦᠢᠯ ᠳᠤ ᠦᠷᠢ ᠰᠢᠷᠢ ᠶᠢᠨ ᠲᠦᠭᠰᠢᠬᠦᠷᠢ ᠶᠢᠨ ᠬᠢᠨᠠᠨ ᠲᠤᠭᠳᠠᠭᠠᠯ ᠬᠢᠵᠦ | ᠂ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠢ ᠴᠢᠩᠭᠠᠳᠬᠠᠨ᠂ ᠦᠪᠡᠷ ᠤᠨ ᠪᠤᠳᠠᠳᠣ ᠬᠦᠴᠦᠨ ᠤ ᠪᠠᠨ ᠬᠡᠮᠵᠢᠶᠡᠨ ᠳᠤ ᠠᠵᠢᠯ | ᠬᠡᠷᠡᠭ ᠢ ᠬᠦᠢᠴᠡᠳᠬᠡᠨ᠎ᠡ᠃ ᠵᠠᠰᠠᠭ ᠤᠨ ᠤᠷᠳᠤᠨ ᠤ ᠴᠢᠨᠡᠷᠳᠡᠢ ᠦᠷᠢ ᠰᠢᠷᠢ ᠶᠢ ᠰᠢᠢᠳᠪᠤᠷᠢᠯᠡᠬᠦ ᠠᠵᠢᠯ ᠢ ᠰᠠᠶᠢᠨ ᠬᠢᠵᠦ᠂ | ᠲᠤᠭᠳᠠᠭᠠᠵᠦ ᠦᠭᠬᠦᠭᠰᠡᠨ ᠬᠤᠭᠤᠴᠠᠭᠠᠨ ᠲᠤᠳᠤᠷ᠎ᠠ ᠱᠠᠭᠠᠷᠳᠠᠯᠭ᠎ᠠ ᠶᠤᠰᠤᠭᠠᠷ ᠦᠷᠢ ᠰᠢᠷᠢ ᠪᠠᠨ ᠪᠦᠭᠯᠡᠬᠦ᠂ ᠲᠠᠯᠳᠠ ᠴᠢᠨᠡᠷ | ᠤᠨ ᠦᠷᠢ ᠰᠢᠷᠢ ᠶᠢᠨ ᠨᠡᠮᠡᠭᠳᠡᠬᠦ ᠶᠢ ᠡᠷᠡᠰ ᠬᠤᠷᠢᠭᠯᠠᠨ᠎ᠠ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠳᠤ ᠦᠷᠢᠳᠦᠵᠦ | ᠪᠠᠶᠢᠭ᠎ᠠ ᠵᠤᠭᠤᠰ ᠮᠦᠩᠬᠦ ᠶᠢ ᠲᠦᠯᠦᠬᠦ ᠪᠠᠷ ᠭᠤᠤᠯᠳᠠᠯᠭ᠎ᠠ ᠪᠤᠯᠭᠠᠨ᠂ ᠲᠤᠰ ᠵᠢᠯ ᠳᠤ 1.5 ᠳ᠋ᠦᠩᠰᠢᠭᠤᠷ ᠲᠦᠬᠦᠷᠢᠭ ᠠᠴᠠ | ᠲᠡᠭᠡᠭᠰᠢᠬᠢ ᠦᠷᠢ ᠰᠢᠷᠢ ᠶᠢ ᠪᠦᠭᠯᠡᠬᠦ ᠪᠠᠷ ᠴᠢᠷᠮᠠᠶᠢᠨ᠎ᠠ᠃ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠬᠤ᠂ ᠬᠦᠳᠡᠭᠡ | ᠲᠤᠰᠬᠤᠨ ᠤ ᠦᠨᠳᠦᠷ ᠬᠦᠦ ᠲᠠᠢ ᠵᠢᠬᠡᠯᠡᠯᠬᠡ ᠪᠠ ᠦᠷᠢ ᠠᠴᠠ ᠲᠤᠳᠠᠭᠠᠬᠤ ᠪᠤᠶᠤ ᠦᠷᠢ ᠪᠠᠨ ᠦᠬᠡᠶᠢᠰᠬᠡᠬᠦ ᠬᠠᠤᠯᠢ ᠪᠤᠰᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ | ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ | ᠬᠡᠷᠡᠭᠵᠢᠬᠦᠯᠦᠨ᠎ᠠ᠃ ︽ᠬᠤᠶᠠᠷ ᠲᠤᠮᠤ ᠠᠰᠠᠭᠤᠳᠠᠯ ᠢ ᠴᠡᠭᠴᠡᠯᠡᠬᠦ︾ ᠠᠵᠢᠯᠯᠠᠭ᠎ᠠ ᠪᠠ ︽ᠠᠷᠪᠠᠨ ᠵᠤᠷᠪᠤᠰ ᠢ ᠰᠢᠢᠳᠪᠤᠷᠢᠯᠡᠨ | ᠪᠠᠷᠢᠮᠵᠢᠶᠠᠨ ᠳᠤ ᠬᠦᠷᠬᠡᠬᠦ︾ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠠᠰᠠᠭᠤᠳᠠᠯ ᠢ | ᠢᠯᠡᠷᠡᠬᠦᠯᠵᠦ ᠴᠡᠭᠴᠡᠯᠡᠨ ᠦᠬᠡᠷᠡᠴᠢᠯᠡᠬᠦ ᠠᠵᠢᠯ ᠢ ᠴᠢᠩᠭ᠎ᠠ ᠠᠳᠬᠤᠵᠦ᠂ ᠶᠠᠳᠠᠭᠤ ᠡᠷᠦᠬᠡ ᠶᠢᠨ ᠲᠤᠰ ᠪᠡᠶ᠎ᠡ ᠶᠢᠨ | ᠢᠳᠡᠪᠬᠢᠵᠢᠯ ᠢ ᠲᠠᠶᠢᠴᠢᠯᠠᠨ᠂ ᠶᠠᠳᠠᠭᠤ ᠭᠠᠴᠠᠭ᠎ᠠ ᠲᠤᠰᠬᠤᠨ ᠤ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠦᠮᠵᠢ ᠶᠢ | ᠴᠢᠩᠭᠠᠳᠬᠠᠵᠦ᠂ ᠤᠷᠤᠯᠭ᠎ᠠ ᠶᠢᠨ ᠲᠦᠪᠰᠢᠨ ᠨᠢ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠡᠷᠦᠬᠡ ᠠᠴᠠ ᠪᠠᠭ᠎ᠠ ᠯᠠ | ᠦᠨᠳᠦᠷ ᠪᠠᠶᠢᠭ᠎ᠠ ᠤᠨᠴᠠᠭᠠᠢ ᠪᠦᠯᠦᠭ ᠬᠦᠮᠦᠨ ᠢ ᠬᠠᠯᠠᠮᠵᠢᠯᠠᠵᠦ᠂ ᠶᠠᠳᠠᠭᠤ ᠬᠦᠴᠢᠷᠳᠡᠢ ᠡᠷᠦᠬᠡ ᠶᠢᠨ ᠬᠦᠮᠦᠨ ᠲᠤᠮᠳᠠᠴᠢ | ᠶᠢᠨ ᠴᠡᠪᠡᠷ ᠤᠷᠤᠯᠭ᠎ᠠ ᠶᠢ ᠨᠡᠮᠡᠭᠳᠡᠬᠦᠯᠬᠦ ᠪᠠ ᠤᠯᠠᠨ ᠲᠦᠮᠡᠨ ᠤ ᠬᠠᠨᠤᠮᠵᠢ ᠶᠢᠨ ᠪᠠᠶᠢᠳᠠᠯ ᠢ ᠲᠡᠭᠡᠭᠰᠢᠯᠡᠬᠦᠯᠬᠦ ᠲᠠᠯ᠎ᠠ ᠪᠠᠷ ᠬᠢ | ᠠᠷᠭ᠎ᠠ ᠪᠤᠳᠤᠯᠭ᠎ᠠ ᠶᠢ ᠪᠤᠳᠠᠳᠠᠶᠢᠵᠢᠭᠤᠯᠵᠦ᠂ ᠠᠵᠦ ᠦᠢᠯᠡᠰ᠂ ᠠᠵᠢᠯ ᠤᠯᠭᠤᠯᠳᠠ᠂ ᠠᠮᠢ ᠠᠬᠤᠢ᠂ ᠰᠤᠷᠭᠠᠨ ᠬᠦᠮᠦᠵᠢᠯ᠂ | ᠡᠷᠡᠬᠦᠯ ᠬᠠᠮᠠᠭᠠᠯᠠᠯ᠂ ᠡᠯᠧᠺᠲᠷᠤᠨ ᠬᠤᠳᠠᠯᠳᠤᠭ᠎ᠠ᠂ ᠨᠡᠶᠢᠬᠡᠮ ᠤᠨ ᠪᠠᠳᠤᠯᠠᠭ᠎ᠠ ᠵᠡᠷᠬᠡ ᠲᠠᠯ᠎ᠠ ᠪᠠᠷ ᠬᠢ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ ᠶᠢ ᠬᠦᠨᠵᠡᠬᠡᠶᠢᠷᠡᠬᠦᠯᠵᠦ᠂ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠨ᠎ᠠ᠃ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠪᠤᠯᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ | ᠢ ᠬᠠᠷᠢᠯᠴᠠᠨ ᠤᠶᠠᠯᠳᠤᠭᠤᠯᠵᠦ᠂ ᠶᠠᠳᠠᠭᠤ ᠠᠴᠠ ᠠᠩᠬᠢᠵᠢᠷᠠᠭᠰᠠᠳ ᠤᠨ ᠲᠡᠬᠢᠨ ᠶᠠᠳᠠᠭᠤᠷᠠᠬᠤ ᠪᠠ ᠶᠠᠳᠠᠭᠤ ᠡᠷᠦᠬᠡ ᠰᠢᠨ᠎ᠠ | ᠪᠠᠷ ᠨᠡᠮᠡᠭᠳᠡᠬᠦ ᠶᠢ ᠰᠡᠷᠬᠡᠶᠢᠯᠡᠨ᠎ᠡ᠃ | ᠪᠤᠬᠢᠷᠳᠦᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ ᠬᠡᠷᠡᠭᠵᠢᠬᠦᠯᠦᠨ᠎ᠠ᠃ ︽ᠬᠦᠬᠡ | ᠤᠰᠤ ᠬᠦᠬᠡᠮᠳᠦᠭ ᠠᠭᠤᠯᠠ ᠪᠤᠯ ᠠᠯᠳᠠ ᠮᠦᠩᠬᠦᠨ ᠠᠭᠤᠯᠠ ᠤᠰᠤ︾ ᠬᠡᠮᠡᠬᠦ ᠲᠠᠨᠢᠯᠳᠠ ᠶᠢ ᠬᠦᠨᠵᠡᠬᠡᠶᠢᠷᠡᠬᠦᠯᠵᠦ᠂ ᠠᠮᠢ | ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠢ ᠪᠠᠳᠤ ᠰᠠᠬᠢᠵᠦ᠂ ᠪᠤᠬᠢᠷᠳᠦᠯ ᠦᠬᠡᠢ ᠬᠦᠭᠵᠢᠯᠳᠡ ᠶᠢᠨ ᠵᠠᠮ ᠢ | ᠭᠤᠶᠢᠪᠢᠰᠢ ᠦᠬᠡᠢ ᠪᠠᠷᠢᠮᠳᠠᠯᠠᠨ᠎ᠠ᠃ ᠲᠦᠪ᠂ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ | ᠠᠳᠬᠤᠵᠦ᠂ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠳᠠᠬᠢ ᠠᠰᠠᠭᠤᠳᠠᠯ᠂ ᠬᠡᠮ ᠰᠤᠭᠤᠭ ᠢ ᠪᠠᠶᠢᠴᠠᠭᠠᠨ | ᠢᠯᠡᠷᠡᠬᠦᠯᠵᠦ ᠴᠡᠭᠴᠡᠯᠡᠨ ᠦᠬᠡᠷᠡᠴᠢᠯᠡᠬᠦ ᠠᠵᠢᠯ ᠢ ᠨᠢᠮᠪᠡᠢ ᠵᠤᠬᠢᠶᠠᠨ ᠪᠠᠶᠢᠭᠤᠯᠤᠨ ᠦᠷᠨᠢᠬᠦᠯᠵᠦ᠂ ᠴᠢᠩᠭ᠎ᠠ ᠪᠠᠶᠢᠴᠠᠭᠠᠵᠦ᠂ | ᠴᠢᠩᠭ᠎ᠠ ᠴᠡᠭᠴᠡᠯᠡᠬᠦ ᠶᠢ ᠪᠠᠷᠢᠮᠳᠠᠯᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠮᠳᠠ ᠤᠷᠤᠰᠢᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠠᠷ ᠬᠦᠢᠴᠡᠳᠬᠡᠯ ᠦᠬᠡᠢ ᠪᠠᠷ ᠨᠤᠳᠤᠭ ᠪᠡᠯᠴᠢᠬᠡᠷ ᠢ ᠡᠵᠡᠯᠡᠨ ᠬᠡᠷᠡᠭᠯᠡᠭᠰᠡᠨ | ᠲᠦᠷᠦᠯ ᠵᠦᠢᠯ ᠢ ᠴᠡᠭᠴᠡᠯᠡᠬᠦ ᠪᠠ ᠭᠠᠵᠠᠷ ᠰᠢᠷᠦᠢ ᠶᠢᠨ ᠵᠤᠷᠰᠢᠯ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ | ᠰᠢᠢᠳᠪᠤᠷᠢᠯᠡᠬᠦ ᠠᠵᠢᠯ ᠢ ᠬᠦᠨᠵᠡᠬᠡᠢ ᠦᠷᠨᠢᠬᠦᠯᠵᠦ᠂ ᠡᠯ᠎ᠠ ᠬᠦᠷᠢᠶᠡᠨ ᠳᠠᠬᠢ ᠪᠠᠶᠢᠴᠠᠭᠠᠯᠳᠠ ᠶᠢ ᠴᠢᠩᠭᠠᠳᠬᠠᠵᠦ᠂ ᠡᠷᠳᠡ | ᠢᠯᠡᠷᠡᠬᠦᠯᠦᠨ᠂ ᠡᠷᠳᠡ ᠮᠡᠳᠡᠬᠦᠯᠵᠦ᠂ ᠡᠷᠳᠡ ᠬᠤᠷᠢᠭᠯᠠᠨ᠂ ᠭᠠᠵᠠᠷ ᠰᠢᠷᠦᠢ ᠶᠢᠨ ᠵᠢᠷᠤᠭ ᠲᠤᠯᠪᠤ ᠶᠢᠨ ᠴᠡᠭ ᠢ 100% | ᠪᠠᠷ ᠲᠤᠬᠠᠢ ᠶᠢᠨ ᠭᠠᠵᠠᠷ ᠲᠠᠢ ᠨᠢ ᠬᠠᠷᠭᠤᠭᠤᠯᠵᠦ᠂ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠬᠡᠷᠡᠭ ᠢ ᠪᠦᠬᠦᠨ ᠢ | ᠪᠠᠶᠢᠴᠠᠭᠠᠨ ᠰᠢᠢᠳᠪᠤᠷᠢᠯᠡᠵᠦ ᠵᠠᠰᠠᠨ ᠴᠡᠭᠴᠡᠯᠡᠨ᠂ ᠬᠠᠭᠤᠴᠢᠨ ᠠᠰᠠᠭᠤᠳᠠᠯ ᠢ ᠱᠠᠭᠠᠷᠳᠠᠯᠭ᠎ᠠ ᠶᠤᠰᠤᠭᠠᠷ ᠳ᠋ᠤᠭᠠᠷ ᠠᠴᠠ ᠨᠢ | ᠬᠠᠰᠤᠵᠦ᠂ ᠰᠢᠨ᠎ᠠ ᠠᠰᠠᠭᠤᠳᠠᠯ ᠢ ᠡᠬᠢ ᠡᠬᠦᠰᠦᠯ ᠠᠴᠠ ᠨᠢ ᠬᠤᠷᠢᠭᠯᠠᠨ᠎ᠠ᠃ | ︵ᠲᠠᠪᠤ︶ ᠨᠡᠶᠢᠬᠡᠮ ᠤᠨ ᠠᠵᠦ ᠦᠢᠯᠡᠰ ᠢ ᠰᠢᠯᠢᠳᠡᠭᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠤᠯᠠᠨ ᠲᠦᠮᠡᠨ ᠤ | ᠬᠠᠮᠤᠭ ᠠᠴᠠ ᠠᠩᠬᠠᠷᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠎ᠡ | ᠪᠠᠳᠤᠯᠠᠭᠠᠨ ᠤ ᠵᠤᠬᠢᠴᠠᠮᠵᠢ ᠶᠢ ᠲᠡᠬᠦᠯᠳᠡᠷᠵᠢᠬᠦᠯᠦᠨ᠎ᠠ᠃ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠠᠵᠢᠯ ᠢ | ᠴᠢᠬᠤᠯᠠᠴᠢᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ | ᠤᠯᠭᠤᠯᠳᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠶᠢᠨ ᠦᠢᠡᠯᠳᠦᠯ ᠢ ᠬᠦᠢᠴᠡᠳ ᠪᠠᠳᠠᠷᠠᠭᠤᠯᠵᠦ᠂ ᠨᠡᠩ ᠠᠷᠪᠢᠨ ᠠᠵᠢᠯ | ᠤᠨ ᠪᠠᠶᠢᠷᠢ ᠬᠠᠩᠭᠠᠬᠤ ᠪᠠᠷ ᠴᠢᠷᠮᠠᠶᠢᠨ᠎ᠠ᠃ ᠲᠤᠰ ᠵᠢᠯ ᠳᠤ 4800 ᠠᠵᠢᠯ ᠤᠨ ᠪᠠᠶᠢᠷᠢ ᠭᠠᠷᠭᠠᠬᠤ ᠪᠠᠷ ᠲᠦᠯᠦᠪᠯᠡᠵᠦ᠂ | ᠶᠡᠭᠡ ᠲᠡᠭᠡᠳᠦ ᠰᠤᠷᠭᠠᠭᠤᠯᠢ ᠲᠡᠬᠦᠰᠦᠭᠰᠡᠨ ᠤᠶᠤᠳᠠᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠂ ᠴᠡᠷᠢᠭ ᠠᠴᠠ | ᠬᠠᠯᠠᠭᠳᠠᠭᠰᠠᠳ᠂ ᠬᠦᠳᠡᠭᠡ ᠲᠤᠰᠬᠤᠨ ᠤ ᠢᠯᠡᠬᠦᠴᠡ ᠬᠦᠳᠡᠯᠮᠦᠷᠢ ᠬᠦᠴᠦᠨ ᠤ ᠠᠵᠢᠯ ᠤᠯᠭᠤᠯᠳᠠ ᠶᠢᠨ ᠠᠰᠠᠭᠤᠳᠠᠯ ᠢ | ᠰᠢᠢᠳᠪᠤᠷᠢᠯᠡᠨ᠎ᠡ᠃ ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠠᠵᠢᠯ ᠢ ᠴᠢᠩᠭᠠᠳᠬᠠᠵᠦ᠂ ᠨᠠᠰᠤᠨ ᠲᠤᠷᠰᠢᠳᠠ ᠠᠵᠢᠯ | ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠲᠦᠷᠢᠮ ᠢ ᠨᠠᠶᠢᠳᠠᠪᠤᠷᠢᠵᠢᠭᠤᠯᠵᠦ᠂ 2018 ᠤᠨ ᠳᠤ ᠪᠦᠬᠦ ᠤᠯᠤᠰ ᠤᠨ | ᠭᠤᠷᠪᠠᠳᠤᠭᠠᠷ ᠬᠤᠭᠤᠴᠠᠭᠠᠨ ᠤ ᠨᠤᠳᠤᠭ ᠪᠤᠴᠠᠵᠦ ᠦᠢᠯᠡᠰ ᠪᠤᠰᠬᠠᠭᠰᠠᠨ ᠲᠤᠷᠰᠢᠯᠳᠠ ᠶᠢᠨ ᠴᠡᠭ ᠤᠨ ᠤᠷᠤᠨ ᠪᠤᠯᠤᠭᠰᠠᠨ | ᠰᠠᠭᠤᠷᠢᠨ ᠳᠡᠭᠡᠷ᠎ᠡ 1200 ᠲᠦᠮᠡᠨ ᠲᠦᠬᠦᠷᠢᠭ ᠤᠨ ᠦᠢᠯᠡᠰ ᠪᠤᠰᠬᠠᠬᠤ ᠶᠢ ᠲᠡᠮᠵᠢᠬᠦ ᠵᠢᠬᠡᠯᠡᠯᠬᠡ ᠲᠠᠷᠬᠠᠭᠠᠨ᠂ ᠨᠤᠳᠤᠭ | ᠪᠤᠴᠠᠭᠰᠠᠨ ᠬᠦᠮᠦᠰ ᠤᠨ ᠪᠡᠶ᠎ᠡ ᠪᠠᠨ ᠲᠠᠭᠠᠭᠠᠵᠦ ᠦᠢᠯᠡᠰ ᠪᠤᠰᠬᠠᠬᠤ ᠶᠢ ᠵᠤᠷᠢᠭᠵᠢᠭᠤᠯᠤᠨ ᠲᠡᠮᠵᠢᠨ᠎ᠠ᠃ ᠬᠦᠳᠡᠭᠡ | ᠲᠤᠰᠬᠤᠨ ᠤ ᠭᠤᠤᠨᠢ ᠨᠠᠰᠤᠳᠠᠳ ᠢ ᠬᠠᠯᠠᠮᠵᠢᠯᠠᠨ ᠬᠠᠷᠠᠭᠠᠯᠵᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠮᠧᠩ | ᠯᠦᠩ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ᠂ ︽ᠠᠮᠤᠭᠤᠯᠠᠩ︾ ᠨᠠᠰᠤᠳᠠᠳ ᠲᠤ ᠦᠢᠯᠡᠴᠢᠯᠡᠬᠦ ᠲᠦᠪ᠂ ᠤᠷᠤᠨ | ᠪᠦᠰᠡ ᠶᠢᠨ ᠴᠢᠨᠡᠷᠳᠡᠢ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠬᠤ ᠠᠵᠢᠯ ᠢ ᠰᠠᠶᠢᠨ ᠬᠢᠨ᠎ᠠ᠃ ᠴᠡᠷᠢᠭ | ᠠᠴᠠ ᠬᠠᠯᠠᠭᠳᠠᠭᠰᠠᠳ ᠲᠤ ᠦᠢᠯᠡᠴᠢᠯᠡᠬᠦ᠂ ᠪᠠᠳᠤᠯᠠᠭ᠎ᠠ ᠬᠠᠩᠭᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠴᠡᠷᠢᠭ | ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠬᠦᠷᠳᠡᠬᠦ ᠬᠦᠮᠦᠰ ᠲᠤ ᠦᠢᠯᠡᠴᠢᠯᠡᠭᠡ ᠬᠠᠩᠭᠠᠬᠤ᠂ ᠬᠠᠮᠢᠶᠠᠷᠤᠯᠳᠠ ᠬᠢᠬᠦ | ᠪᠠ ᠰᠤᠷᠠᠭ ᠵᠠᠩᠬᠢ ᠴᠤᠭᠯᠠᠭᠤᠯᠬᠤ ᠠᠵᠢᠯ ᠢ ᠦᠨᠡᠨᠬᠦ ᠰᠠᠶᠢᠨ ᠬᠢᠵᠦ᠂ ᠲᠠᠳᠠᠨ ᠤ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠤᠭᠤᠷᠤᠨᠳᠤᠬᠢ ᠨᠦᠬᠦᠷᠯᠡᠯ ᠢ ᠪᠠᠳᠤᠳᠬᠠᠬᠤ ᠪᠠ ︽ᠬᠠᠮᠤᠭ ᠤᠨ | ᠬᠠᠶᠢᠷᠠᠳᠠᠢ ᠬᠦᠮᠦᠨ ᠮᠢᠨᠢ ᠬᠡᠨ ᠪᠤᠢ︖︾ ᠰᠢᠯᠢᠳᠡᠭ ᠬᠠᠯᠠᠭᠳᠠᠭᠰᠠᠨ ᠴᠡᠷᠢᠭ ᠢ ᠰᠢᠯᠭᠠᠷᠠᠭᠤᠯᠬᠤ ᠠᠵᠢᠯᠯᠠᠭ᠎ᠠ ᠶᠢ | ᠦᠷᠨᠢᠬᠦᠯᠦᠨ ᠬᠠᠯᠠᠭᠳᠠᠭᠰᠠᠨ ᠴᠡᠷᠢᠭ ᠤᠨ ᠢᠷᠠᠭᠤ ᠠᠯᠳᠠᠷᠳᠤ ᠰᠡᠳᠬᠢᠯᠬᠡ ᠪᠠ ᠬᠠᠷᠢᠭᠤᠴᠠᠯᠭᠠᠳᠤ ᠤᠬᠠᠮᠰᠠᠷ ᠢ ᠲᠠᠶᠢᠴᠢᠯᠠᠨ᠎ᠠ | ᠃ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠡᠯᠢᠩ | ᠬᠦᠯᠦᠰᠦ ᠶᠢᠨ ᠠᠰᠠᠭᠤᠳᠠᠯ ᠢ ᠴᠡᠭᠴᠡᠯᠡᠨ ᠰᠢᠢᠳᠪᠤᠷᠢᠯᠡᠬᠦ ᠤᠷᠳᠤ ᠬᠤᠭᠤᠴᠠᠭᠠᠨ ᠤ ᠲᠤᠭᠳᠠᠯᠴᠠᠭ᠎ᠠ ᠶᠢ | ᠨᠠᠶᠢᠳᠠᠪᠤᠷᠢᠵᠢᠭᠤᠯᠵᠦ᠂ ᠴᠡᠯᠢᠩ ᠬᠦᠯᠦᠰᠦ ᠶᠢ ᠤᠳᠠᠭᠠᠰᠢᠷᠠᠭᠤᠯᠤᠨ ᠦᠷᠢᠳᠦᠬᠦ ᠠᠵᠢᠯ ᠢ ᠴᠡᠭᠴᠡᠯᠡᠬᠦ ᠡᠷᠴᠢᠮ ᠢᠶᠠᠨ | ᠴᠢᠩᠭᠠᠳᠬᠠᠨ᠎ᠠ᠃ | ᠰᠤᠷᠭᠠᠨ ᠬᠦᠮᠦᠵᠢᠯ᠂ ᠡᠮᠴᠢᠯᠡᠬᠡᠨ ᠤ ᠪᠠᠶᠢᠭᠤᠯᠤᠮᠵᠢ ᠶᠢ ᠤᠯᠠᠮ ᠰᠢᠯᠢᠳᠡᠭᠵᠢᠬᠦᠯᠦᠨ᠎ᠠ᠃ ᠰᠠᠭᠤᠷᠢ ᠰᠤᠷᠭᠠᠨ | ᠬᠦᠮᠦᠵᠢᠯ ᠤᠨ ᠶᠠᠰᠤ ᠴᠢᠨᠡᠷ ᠢ ᠲᠡᠭᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ | ᠬᠡᠷᠡᠭᠵᠢᠬᠦᠯᠦᠨ᠂ ᠬᠤᠳᠠ ᠬᠦᠳᠡᠭᠡ ᠶᠢᠨ ᠰᠤᠷᠭᠠᠨ ᠬᠦᠮᠦᠵᠢᠯ ᠢ ᠲᠠᠩᠴᠠᠬᠦᠷᠢᠳᠡᠢ ᠴᠢᠨᠠᠷᠯᠢᠭ ᠬᠦᠭᠵᠢᠬᠦᠯᠬᠦ ᠶᠢ ᠠᠬᠢᠭᠤᠯᠤᠨ᠂ | ᠦᠨᠳᠦᠰᠦᠨ ᠱᠠᠳᠤᠨ ᠤ ᠪᠠᠭᠰᠢ ᠨᠡᠷ ᠤᠨ ᠡᠩᠨᠡᠭᠡ ᠶᠢ ᠲᠤᠭᠳᠠᠪᠤᠷᠢᠵᠢᠭᠤᠯᠤᠨ᠂ ᠪᠠᠭᠰᠢ ᠨᠡᠷ ᠤᠨ ᠬᠡᠪ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠵᠦ᠂ ︽ᠰᠠᠶᠢᠨ ᠰᠤᠷᠭᠭᠠᠤᠯᠢ ᠳᠤ ᠰᠠᠭᠤᠬᠤ︾ ᠠᠰᠠᠭᠤᠳᠠᠯ ᠢ ᠰᠢᠢᠳᠪᠤᠷᠢᠯᠡᠵᠦ᠂ | ᠰᠤᠷᠭᠠᠭᠤᠯᠢ ᠡᠷᠬᠢᠯᠡᠬᠦ ᠬᠡᠯᠪᠡᠷᠢ᠂ ᠬᠠᠮᠢᠶᠠᠷᠤᠯᠳᠠ ᠶᠢᠨ ᠰᠢᠰᠲ᠋ᠧᠮ᠂ ᠪᠠᠳᠤᠯᠠᠭᠠᠨ ᠤ ᠲᠤᠭᠳᠠᠯᠴᠠᠭᠠᠨ ᠳᠤ ᠦᠬᠡᠷᠡᠴᠢᠯᠡᠯᠳᠡ | ᠬᠢᠬᠦ ᠪᠠ ᠪᠠᠭᠰᠢ ᠨᠡᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠬᠡᠤᠬᠡᠳ ᠪᠤᠯᠭᠠᠨ ᠳᠤ ᠡᠷᠬᠡ ᠲᠡᠭᠰᠢ ᠪᠦᠬᠡᠳ | ᠴᠢᠨᠠᠷᠯᠢᠭ ᠰᠤᠷᠭᠠᠨ ᠬᠦᠮᠦᠵᠢᠯ ᠬᠦᠷᠳᠡᠭᠡᠬᠦ ᠪᠠᠷ ᠴᠢᠷᠮᠠᠶᠢᠨ᠂ ᠪᠠᠭᠰᠢ ᠨᠠᠷ ᠤᠨ ᠬᠦᠯᠦᠰᠦ ᠤᠯᠭᠤᠮᠵᠢ ᠶᠢ ᠪᠤᠳᠠᠳᠠᠢ ᠠᠵᠢᠯ | ᠬᠦᠳᠡᠯᠮᠦᠷᠢ ᠳᠤ ᠨᠢ ᠵᠤᠬᠢᠴᠠᠭᠤᠯᠤᠨ ᠤᠯᠭᠤᠨ᠎ᠠ᠃ ᠬᠤᠳᠠ ᠬᠦᠳᠡᠬᠡᠨ ᠤ ᠡᠮᠴᠢᠯᠡᠬᠡᠨ ᠤ ᠪᠠᠳᠤᠯᠠᠭᠠᠨ ᠤ ᠰᠢᠰᠲ᠋ᠧᠮ ᠢ | ᠪᠠᠬᠢᠵᠡᠬᠦᠯᠦᠨ ᠲᠡᠬᠦᠯᠳᠡᠷᠵᠢᠬᠦᠯᠵᠦ᠂ ᠦᠨᠳᠦᠰᠦᠨ ᠤᠯᠠᠨ ᠨᠠᠶᠢᠳᠠ ᠶᠢᠨ ᠡᠮᠴᠢᠯᠡᠬᠡᠨ ᠤ ᠡᠬᠢ ᠪᠠᠶᠠᠯᠢᠭ ᠤᠨ ᠲᠠᠩᠴᠠᠬᠦᠷᠢᠳᠡᠢ | ᠪᠠᠶᠢᠬᠤ ᠶᠢ ᠠᠬᠢᠭᠤᠯᠤᠨ᠎ᠠ᠃ ᠨᠠᠶᠢᠳᠠ ᠶᠢᠨ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠵᠦ᠂ ᠲᠡᠰ ᠬᠤᠪᠢᠶᠠᠨ ᠡᠮᠴᠢᠯᠡᠭᠡ ᠬᠢᠬᠦ ᠲᠦᠷᠢᠮ ᠢ ᠪᠠᠶᠢᠭᠤᠯᠤᠨ᠂ ᠡᠮᠴᠢᠯᠡᠭᠡ ᠬᠢᠬᠦ᠂ ᠡᠮᠴᠢᠯᠡᠬᠡᠨ ᠤ | ᠪᠠᠳᠤᠯᠠᠭ᠎ᠠ᠂ ᠡᠮ ᠡᠮᠨᠡᠯᠬᠡ ᠤᠨ ᠬᠤᠭᠤᠷᠤᠨᠳᠤᠬᠢ ᠤᠶᠠᠯᠳᠤᠯ ᠤᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ | ᠮᠤᠩᠭᠤᠯ ᠬᠢᠳᠡᠳ ᠡᠮ ᠡᠮᠨᠡᠯᠬᠡ ᠶᠢᠨ ᠦᠢᠯᠡᠰ ᠲᠤ ᠤᠷᠤᠭᠤᠯᠬᠤ ᠪᠡᠯᠡ ᠮᠦᠩᠬᠦ ᠪᠠᠨ ᠨᠡᠮᠡᠭᠳᠡᠬᠦᠯᠵᠦ᠂ ᠮᠤᠩᠭᠤᠯ ᠬᠢᠳᠡᠳ | ᠡᠮ ᠡᠮᠨᠡᠯᠬᠡ ᠶᠢᠨ ᠤᠨᠴᠠᠯᠢᠭᠳᠤ ᠬᠦᠭᠵᠢᠯᠳᠡ ᠶᠢ ᠠᠬᠢᠭᠤᠯᠤᠨ᠎ᠠ᠃ 301 ᠡᠮᠨᠡᠯᠬᠡ ᠶᠢᠨ ᠬᠤᠷᠢᠶ᠎ᠠ᠂ ᠠᠨ ᠵᠧᠨ ᠡᠮᠨᠡᠯᠬᠡ | ᠶᠢᠨ ᠬᠤᠷᠢᠶ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠦ᠂ ᠲᠡᠷᠢᠬᠦᠨ ᠤ ᠲᠤᠷᠰᠢᠯᠭ᠎ᠠ ᠮᠡᠷᠬᠡᠵᠢᠯ ᠢ ᠰᠤᠷᠤᠯᠴᠠᠨ᠂ | ᠡᠮᠴᠢ ᠮᠡᠷᠬᠡᠵᠢᠯᠳᠠᠨ ᠤ ᠪᠦᠬᠦᠯᠢ ᠴᠤᠭᠴᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠵᠦ᠂ ᠪᠦᠬᠦ | ᠬᠤᠰᠢᠭᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠳᠠ ᠦᠬᠡᠢ | ᠲᠡᠭᠡᠭᠰᠢᠯᠡᠬᠦᠯᠦᠨ᠎ᠡ᠃ | ᠠᠮᠢᠳᠤᠷᠠᠯ ᠤᠨ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠬᠤᠳᠠ ᠪᠠᠯᠭᠠᠰᠤᠨ ᠤ ᠨᠠᠷᠢᠯᠢᠭ | ᠬᠠᠮᠢᠶᠠᠷᠤᠯᠳᠠ ᠶᠢᠨ ᠬᠢᠷᠢ ᠲᠦᠪᠰᠢᠨ ᠢ ᠴᠢᠩᠭᠠᠳᠬᠠᠨ᠂ ᠵᠡᠬᠡᠯᠢ ᠭᠤᠳᠤᠮᠵᠢ ᠶᠢ ᠴᠡᠪᠡᠷᠯᠡᠨ ᠠᠷᠠᠴᠢᠯᠠᠬᠤ ᠬᠠᠷᠢᠭᠤᠴᠠᠯᠭ᠎ᠠ | ᠶᠢᠨ ᠲᠦᠷᠢᠮ ᠢ ᠦᠷᠬᠦᠯᠵᠢᠯᠡᠨ ᠨᠠᠶᠢᠳᠠᠪᠤᠷᠢᠵᠢᠭᠤᠯᠵᠦ᠂ ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠠᠷᠢᠭᠤᠨ | ᠴᠡᠪᠡᠷ ᠢ ᠬᠠᠮᠠᠭᠠᠯᠠᠬᠤ ᠪᠠ ᠠᠷᠠᠴᠢᠯᠠᠬᠤ ᠬᠦᠴᠦᠯᠡᠴᠡ ᠪᠠᠨ ᠨᠡᠮᠡᠭᠳᠡᠬᠦᠯᠦᠨ᠂ ᠬᠤᠳᠠ ᠶᠢᠨ ᠲᠦᠷᠢ ᠲᠦᠷᠬᠦ ᠶᠢ ᠤᠯᠠᠮ | ᠭᠤᠸᠠᠵᠢᠭᠤᠯᠵᠦ᠂ ᠦᠷᠬᠡᠨ ᠤᠯᠠᠨ ᠲᠦᠮᠡᠨ ᠳᠤ ᠪᠤᠯᠪᠠᠰᠤᠨ᠂ ᠠᠷᠢᠭᠤᠨ ᠴᠡᠪᠡᠷ᠂ ᠲᠡᠷᠢ ᠲᠡᠭᠰᠢ᠂ ᠡᠮᠬᠢ ᠲᠢᠭᠯᠢᠮ ᠲᠠᠢ | ᠠᠵᠢᠯᠯᠠᠵᠦ ᠠᠮᠢᠳᠤᠷᠠᠬᠤ ᠤᠷᠴᠢᠨ ᠨᠦᠬᠦᠴᠡᠯ ᠪᠦᠷᠢᠯᠳᠦᠬᠦᠯᠵᠦ ᠦᠭᠬᠦᠨ᠎ᠠ᠃ ᠪᠤᠷᠤ ᠬᠡᠷ ᠤᠨ ᠲᠤᠭᠤᠷᠢᠭ ᠤᠨ | ᠦᠬᠡᠷᠡᠴᠢᠯᠡᠯᠳᠡ ᠳᠤ ᠪᠡᠯᠡ ᠬᠤᠷᠠᠮᠳᠤᠭᠤᠯᠬᠤ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠳᠤ ᠢᠳᠡᠪᠬᠢᠳᠡᠢ | ᠵᠣᠬᠢᠴᠠᠯᠳᠤᠵᠦ᠂ ᠪᠤᠷᠤ ᠬᠡᠷ ᠤᠨ ᠦᠬᠡᠷᠡᠴᠢᠯᠡᠯᠳᠡ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢᠨ ᠬᠠᠮᠢᠶᠠᠳᠠᠢ ᠤᠯᠤᠰ ᠤᠨ | ᠪᠡᠯᠡ ᠮᠦᠩᠬᠦ ᠶᠢ ᠡᠷᠡᠮᠡᠯᠵᠡᠯᠡᠵᠦ᠂ ᠪᠤᠷᠤ ᠬᠡᠷ ᠤᠨ ᠲᠤᠭᠤᠷᠢᠭ ᠤᠨ ᠦᠬᠡᠷᠡᠴᠢᠯᠡᠯᠳᠡ ᠳᠤ ᠲᠦᠪᠬᠢᠨᠡᠬᠦᠯᠵᠦ ᠦᠭᠬᠦ ᠬᠡᠷ ᠪᠠ | ᠲᠦᠬᠦᠷᠴᠢᠯᠡᠭᠰᠡᠨ ᠲᠦᠬᠦᠬᠡᠷᠦᠮᠵᠢ ᠶᠢ ᠬᠠᠮᠳᠤ ᠳᠤ ᠨᠢ ᠲᠦᠯᠦᠪᠯᠡᠵᠦ᠂ ᠬᠠᠭᠤᠴᠢᠨ ᠰᠠᠭᠤᠭᠠᠯᠢ ᠠᠷᠠᠳ ᠤᠨ ᠪᠠᠭ᠎ᠠ | ᠲᠤᠭᠤᠷᠢᠭ ᠢ ᠦᠬᠡᠷᠡᠴᠢᠯᠡᠨ ᠵᠠᠰᠠᠬᠤ ᠪᠠ ᠪᠤᠷᠤ ᠬᠡᠷ ᠤᠨ ᠦᠬᠡᠷᠡᠴᠢᠯᠡᠯᠳᠡ ᠶᠢᠨ ᠲᠤᠭᠤᠷᠢᠭ ᠤᠨ ᠲᠦᠬᠦᠷᠴᠢᠯᠡᠭᠰᠡᠨ ᠰᠠᠭᠤᠷᠢ | ᠪᠦᠳᠦᠬᠡᠨ ᠪᠠᠶᠢᠭᠤᠯᠤᠯᠳᠠ ᠶᠢ ᠬᠠᠮᠳᠤ ᠳᠤ ᠨᠢ ᠠᠬᠢᠭᠤᠯᠵᠦ᠂ ᠪᠤᠷᠤ ᠬᠡᠷ ᠤᠨ ᠲᠤᠭᠤᠷᠢᠭ ᠤᠨ150 ᠡᠷᠦᠬᠡ ᠶᠢᠨ ᠬᠡᠷ | ᠪᠠᠶᠢᠰᠢᠩ ᠢ ᠵᠠᠰᠠᠨ ᠦᠬᠡᠷᠡᠴᠢᠯᠡᠭᠰᠡᠨ ᠪᠠᠶᠢᠨ᠎ᠠ᠃ ᠬᠡᠷ ᠪᠠᠶᠢᠰᠢᠩ ᠤᠨ ᠬᠦᠳᠡᠯᠦᠩᠬᠦᠢ ᠪᠤᠰᠤ ᠬᠦᠷᠦᠩᠬᠡ ᠶᠢᠨ ᠬᠡᠷᠡᠴᠢ | ᠦᠨᠡᠮᠯᠠᠯ ᠤᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠵᠦ᠂ ᠲᠤᠰ ᠵᠢᠯ ᠳᠤ ᠲᠦᠷᠦᠯ ᠵᠦᠢᠯ ᠤᠨ | ᠦᠯᠡᠳᠡᠭᠳᠡᠯ ᠬᠡᠷ ᠪᠠᠶᠢᠰᠢᠩ ᠳᠤ ᠬᠦᠳᠡᠯᠦᠩᠬᠦᠢ ᠪᠤᠰᠤ ᠬᠦᠷᠦᠩᠬᠡ ᠶᠢᠨ ᠲᠠᠩᠰᠠᠯᠠᠯᠳᠠ ᠬᠢᠵᠦ ᠲᠠᠭᠤᠰᠬᠠᠨ᠎ᠠ᠃ ᠠᠳᠠᠯ | ᠠᠬᠤᠢ ᠶᠢᠨ ᠬᠠᠮᠢᠶᠠᠷᠤᠯᠳᠠ ᠪᠠ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠵᠦ᠂ ᠰᠠᠭᠤᠭᠠᠯᠢ ᠠᠷᠠᠳ ᠤᠨ ᠲᠤᠭᠤᠷᠢᠭ | ᠤᠨ ᠠᠳᠠᠯ ᠠᠬᠤᠢ ᠶᠢᠨ ᠦᠢᠯᠡᠴᠢᠯᠡᠬᠡᠨ ᠤ ᠲᠦᠷᠢᠮᠵᠢᠭᠰᠡᠨ ᠬᠠᠮᠢᠶᠠᠷᠤᠯᠳᠠ ᠶᠢ ᠲᠡᠭᠡᠭᠰᠢᠯᠡᠬᠦᠯᠦᠨ᠎ᠡ᠃ ᠱᠠᠩᠳᠤ ᠴᠠᠬᠢᠯᠭᠠᠨ | ᠭᠠᠷᠭᠠᠬᠤ ᠦᠢᠯᠡᠳᠪᠤᠷᠢ ᠠᠴᠠ ᠲᠤᠯᠠᠭᠠᠯᠭ᠎ᠠ ᠬᠠᠩᠭᠠᠬᠤ ᠢᠨᠵᠧᠨᠧᠷᠢᠩ ᠤᠨ ᠪᠠᠶᠢᠭᠤᠯᠤᠯᠳᠠ ᠶᠢ ᠲᠦᠷᠬᠡᠳᠬᠡᠨ᠂ 310 | ᠲᠦᠮᠡᠨ ᠲᠡᠭᠰᠢ ᠲᠦᠷᠪᠯᠡᠵᠢᠨ ᠮᠧᠲᠷ ᠤᠨ ᠲᠠᠯᠠᠪᠠᠢ ᠳᠤ ᠲᠤᠯᠠᠭᠠᠯᠭ᠎ᠠ ᠬᠠᠩᠭᠠᠵᠦ᠂ ᠲᠤᠯᠠᠭᠠᠯᠠᠭ᠎ᠠ ᠬᠠᠩᠭᠠᠬᠤ ᠶᠠᠰᠤ ᠴᠢᠨᠡᠷ ᠢ | ᠲᠡᠭᠡᠭᠰᠢᠯᠡᠬᠦᠯᠦᠨ᠂ ᠡᠨᠧᠷᠬᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠤᠯᠠᠨ ᠲᠠᠯ᠎ᠠ ᠶᠢᠨ ᠠᠰᠢᠭ ᠬᠦᠷᠳᠡᠬᠦ | ᠶᠢ ᠪᠡᠶᠡᠯᠡᠬᠦᠯᠦᠨ᠎ᠡ᠃ ᠰᠠᠩ ᠤᠨ ᠲᠠᠯᠠᠢ ᠪᠠᠯᠭᠠᠰᠤᠨ ᠤ ᠪᠠᠯᠭᠠᠰᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠵᠦ᠂ ᠦᠢᠯᠡᠴᠢᠯᠡᠬᠡᠨ ᠤ ᠴᠢᠳᠠᠪᠬᠢ ᠶᠢ ᠲᠡᠬᠦᠯᠳᠡᠷᠵᠢᠬᠦᠯᠵᠦ᠂ ᠤᠷᠤᠰᠢᠨ ᠲᠤᠭᠳᠠᠨᠢᠬᠤ ᠳᠤ ᠲᠠᠭᠠᠳᠠᠢ ᠮᠠᠯᠵᠢᠬᠤ | ᠤᠷᠤᠨ ᠤ ᠵᠢᠵᠢᠭ ᠪᠠᠯᠭᠠᠰᠤ ᠶᠢ ᠪᠠᠶᠢᠭᠤᠯᠤᠨ᠎ᠠ᠃ | ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠡᠬᠦᠯᠦᠨᠡ᠃ ︽ᠨᠠᠮ ᠵᠠᠰᠠᠭ ᠠᠴᠠ ᠬᠠᠮᠳᠤ ᠪᠠᠷ ᠬᠠᠷᠢᠭᠤᠴᠠᠯᠭ᠎ᠠ | ᠡᠬᠦᠷᠬᠡᠯᠡᠬᠦ᠂ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ᠂ ᠲᠤᠰᠢᠶᠠᠯ ᠳᠤ ᠪᠠᠨ ᠤᠰᠤᠯᠳᠠᠪᠠᠯ ᠬᠠᠷᠢᠭᠤᠴᠠᠯᠭ᠎ᠠ | ᠨᠡᠬᠡᠮᠵᠢᠯᠡᠬᠦ︾ ᠪᠤᠶᠤ ︽ᠭᠤᠷᠪᠠᠨ ᠡᠷᠬᠡᠪᠡᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠡᠬᠦᠷᠡᠰᠦᠨ ᠤ | ᠪᠤᠰᠤ ᠠᠭᠤᠷᠬᠠᠢ᠂ ᠠᠶᠤᠯᠳᠤ ᠬᠢᠮᠢ ᠶᠢᠨ ᠪᠤᠳᠠᠰ᠂ ᠲᠡᠮᠦᠷᠯᠢᠭ ᠬᠠᠶᠢᠯᠤᠭᠤᠯᠬᠤ ᠠᠵᠦ ᠦᠢᠯᠡᠰ᠂ ᠭᠠᠯ ᠤᠨᠳᠠᠷᠠᠭᠠᠬᠤ᠂ ᠵᠠᠮ | ᠬᠠᠷᠢᠯᠴᠠᠭ᠎ᠠ᠂ ᠪᠠᠷᠢᠯᠭ᠎ᠠ ᠪᠦᠳᠦᠬᠡᠨ ᠪᠠᠶᠢᠭᠤᠯᠤᠯᠳᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠬᠡ | ᠭᠤᠤᠯᠳᠠᠯᠭ᠎ᠠ ᠲᠠᠢ ᠬᠦᠷᠢᠶᠡᠨ ᠳᠠᠬᠢ ᠠᠶᠤᠯᠬᠦᠢ ᠦᠢᠯᠡᠳᠪᠤᠷᠢᠯᠡᠯ ᠤᠨ ᠠᠵᠢᠯ ᠢ ᠭᠤᠤᠯᠯᠠᠨ ᠠᠳᠬᠤᠵᠦ᠂ ᠴᠢᠩᠭ᠎ᠠ | ᠬᠠᠮᠢᠶᠠᠷᠴᠤ ᠬᠦᠨᠳᠦ ᠪᠠᠷ ᠲᠤᠷᠭᠤᠬᠤ᠂ ᠦᠨᠳᠦᠷ ᠪᠠᠷᠢᠮᠵᠢᠶ᠎ᠠ ᠪᠠᠷ ᠲᠤᠷᠭᠤᠬᠤ ᠪᠠ ᠠᠶᠤᠯᠬᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠳᠠᠯᠠᠵᠦ᠂ ᠪᠠᠴᠢᠮ ᠪᠠᠶᠢᠳᠠᠯ ᠢ ᠠᠷᠭᠠᠴᠠᠭᠠᠬᠤ ᠪᠠ | ᠭᠠᠮᠰᠢᠭ ᠢ ᠰᠡᠷᠬᠡᠶᠢᠯᠡᠵᠦ ᠭᠠᠮᠰᠢᠭ ᠠᠴᠠ ᠠᠪᠤᠷᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ ᠠᠮᠤᠷ ᠲᠦᠪᠰᠢᠨ ᠤ | ᠲᠠᠯᠳᠠ ᠬᠡᠮ ᠢ ᠪᠦᠬᠦ ᠲᠠᠯ᠎ᠠ ᠪᠠᠷ ᠠᠷᠢᠯᠭᠠᠨ᠂ ᠠᠶᠤᠯᠬᠦᠢ ᠦᠢᠯᠡᠳᠪᠤᠷᠢᠯᠡᠯ ᠤᠨ ᠲᠤᠮᠤ ᠠᠳᠡᠯ ᠬᠡᠷᠡᠭ ᠡᠬᠦᠰᠬᠦ ᠶᠢ ᠡᠷᠡᠰ | ᠬᠤᠷᠢᠭᠯᠠᠨ᠎ᠠ᠃ ᠢᠳᠡᠬᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠲᠠᠯ᠎ᠠ ᠪᠠᠷ ᠬᠢ ᠬᠢᠨᠠᠯᠳᠠ ᠶᠢ | ᠴᠢᠩᠭᠠᠳᠬᠠᠵᠦ᠂ ᠴᠠᠭᠳᠠᠨ ᠪᠠᠶᠢᠴᠠᠭᠠᠬᠤ ᠡᠷᠴᠢᠮ ᠢᠶᠠᠨ ᠨᠡᠮᠡᠭᠳᠡᠬᠦᠯᠦᠨ᠂ ᠤᠯᠠᠨ ᠲᠦᠮᠡᠨ ᠤ ᠪᠡᠶ᠎ᠡ ᠴᠤᠭᠴᠠ ᠶᠢᠨ ᠡᠷᠡᠬᠦᠯ | ᠴᠢᠬᠢᠷᠠᠭ ᠢ ᠬᠠᠮᠠᠭᠠᠯᠠᠨ᠎ᠠ᠃ ᠪᠦᠬᠦ ᠠᠷᠠᠳ ᠲᠤ ᠬᠠᠤᠯᠢ ᠲᠦᠬᠡᠮᠡᠯᠵᠢᠬᠦᠯᠬᠦ ᠶᠢ ᠴᠢᠩᠭᠠᠳᠬᠠᠨ᠂ ᠤᠯᠠᠨ ᠨᠠᠶᠢᠳᠠ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠶᠢ ᠲᠡᠬᠦᠯᠳᠡᠷᠵᠢᠬᠦᠯᠵᠦ᠂ ᠨᠡᠶᠢᠬᠡᠮ ᠤᠨ ᠢᠳᠡᠬᠡᠮᠵᠢ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠬᠦᠯᠦᠨ᠎ᠠ᠃ ᠨᠡᠶᠢᠬᠡᠮ ᠤᠨ ᠴᠡᠭᠴᠡᠯᠡᠯᠳᠡ ᠶᠢ ᠰᠢᠨᠡᠴᠢᠯᠡᠬᠦ ᠪᠠᠷ ᠰᠠᠭᠤᠷᠢ ᠪᠤᠯᠭᠠᠨ᠂ ᠬᠠᠷ᠎ᠠ ᠪᠦᠯᠦᠭᠳᠡᠨ ᠬᠠᠷᠬᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠵᠦ᠂ ᠠᠵᠢᠯ ᠤᠨ ᠦᠷ᠎ᠠ ᠪᠦᠳᠦᠮᠵᠢ ᠪᠠᠨ ᠪᠠᠬᠢᠵᠡᠬᠦᠯᠬᠦ ᠶᠢᠨ ᠬᠠᠮᠳᠤ | ᠤᠷᠳᠤ ᠬᠤᠭᠤᠴᠠᠭᠠᠨ ᠤ ᠠᠵᠢᠯ ᠤᠨ ᠲᠤᠭᠳᠠᠮᠵᠢ ᠶᠢ ᠪᠠᠳᠤᠯᠠᠨ᠎ᠠ᠃ ᠬᠡᠨᠡᠳᠳᠡ ᠶᠢᠨ ᠤᠯᠠᠨ ᠨᠠᠶᠢᠳᠠ ᠶᠢᠨ ᠬᠡᠷᠡᠭ ᠢ | ᠤᠷᠢᠳᠴᠢᠯᠠᠨ ᠰᠡᠷᠡᠮᠵᠢᠯᠡᠬᠦ ᠪᠠ ᠪᠠᠴᠢᠮ ᠢ ᠠᠷᠭᠠᠴᠠᠭᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠲᠤᠤᠷ ᠰᠦᠯᠵᠢᠶᠠᠨ ᠤ | ᠠᠮᠤᠷ ᠲᠦᠪᠰᠢᠨ ᠪᠠ ᠲᠤᠤᠷ ᠰᠦᠯᠵᠢᠶᠠᠨ ᠲᠡᠭᠡᠷᠡᠬᠢ ᠶᠠᠷᠢᠶ᠎ᠠ ᠬᠡᠯᠡᠯᠴᠡᠬᠡᠨ ᠳᠤ ᠬᠢᠨᠠᠯᠳᠠ ᠲᠠᠯᠪᠢᠬᠤ ᠠᠵᠢᠯ ᠢ ᠦᠷᠬᠦᠯᠵᠢᠯᠡᠨ | ᠴᠢᠩᠭ᠎ᠠ ᠠᠳᠬᠤᠵᠦ᠂ ᠨᠡᠶᠢᠬᠡᠮ ᠤᠨ ᠠᠮᠤᠷ ᠲᠦᠪᠰᠢᠨ ᠢ ᠴᠡᠭᠴᠡᠯᠡᠬᠦ᠂ ᠰᠡᠷᠬᠡᠶᠢᠯᠡᠨ ᠡᠷᠬᠡᠰᠢᠶᠡᠬᠦ ᠰᠢᠰᠲ᠋ᠧᠮ ᠢ | ᠪᠦᠷᠬᠦᠬᠦᠯᠦᠨ᠎ᠡ᠃ | ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠬᠡᠷᠡᠭᠵᠢᠬᠦᠯᠬᠦ ᠳᠤ ᠠᠷᠠᠳ ᠤᠨ ᠲᠦᠯᠦᠬᠡᠯᠡᠭᠴᠢ | ᠠᠴᠠ ᠪᠢᠯᠧᠲ ᠦᠭᠬᠦᠨ ᠰᠢᠢᠳᠪᠤᠷᠢ ᠲᠤᠭᠳᠠᠭᠠᠬᠤ ᠲᠦᠷᠢᠮ ᠢ ᠡᠬᠢᠯᠡᠨ ᠬᠡᠷᠡᠭᠵᠢᠬᠦᠯᠵᠦ᠂ ᠲᠤᠷᠰᠢᠯᠳᠠ ᠶᠢᠨ ᠴᠡᠭ ᠤᠨ | ᠠᠵᠢᠯᠯᠠᠭ᠎ᠠ ᠦᠷᠨᠢᠬᠦᠯᠦᠨ᠂ ᠠᠷᠠᠳ ᠤᠨ ᠲᠦᠯᠦᠬᠡᠯᠡᠭᠴᠢ ᠪᠠ ᠤᠯᠠᠨ ᠲᠦᠮᠡᠨ ᠤ ᠬᠢᠨᠠᠯᠳᠠ ᠶᠢ ᠬᠦᠯᠢᠶᠡᠵᠦ᠂ ᠲᠤᠷᠰᠢᠯᠭ᠎ᠠ | ᠳ᠋ᠦᠩᠨᠡᠯᠳᠡ ᠪᠠᠨ ᠨᠠᠷᠢᠨ ᠨᠢᠮᠪᠠᠢ ᠬᠢᠵᠦ᠂ ᠲᠠᠷᠠᠭᠠᠴᠢ ᠪᠠᠷ ᠪᠦᠬᠦ ᠬᠤᠰᠢᠭᠤᠨ ᠤ ᠬᠡᠪᠴᠢᠶᠠᠨ ᠳᠤ ᠪᠦᠬᠦ ᠲᠠᠯ᠎ᠠ ᠪᠠᠷ | ᠬᠡᠷᠡᠭᠵᠢᠬᠦᠯᠬᠦ ᠳᠤ ᠰᠠᠭᠤᠷᠢ ᠲᠠᠯᠪᠢᠨ᠂ ᠵᠠᠰᠠᠭ ᠤᠨ ᠤᠷᠳᠤᠨ ᠠᠴᠠ ᠬᠡᠷᠡᠭᠵᠢᠬᠦᠯᠵᠦ ᠪᠠᠶᠢᠭ᠎ᠠ ᠲᠦᠷᠦᠯ ᠵᠦᠢᠯ ᠳᠤ ᠠᠷᠠᠳ | ᠲᠦᠮᠡᠨ ᠬᠠᠨᠤᠮᠵᠢ ᠲᠠᠢ ᠪᠠᠶᠢᠵᠦ᠂ ᠠᠷᠠᠳ ᠤᠨ ᠰᠠᠨᠠᠭ᠎ᠠ ᠶᠢ ᠳᠠᠭᠠᠬᠤ᠂ ᠠᠷᠠᠳ ᠤᠨ ᠬᠦᠴᠦᠨ ᠢ ᠳᠠᠶᠢᠴᠢᠯᠠᠬᠤ᠂ ᠠᠷᠠᠳ | ᠤᠨ ᠠᠮᠢᠳᠤᠷᠠᠯ ᠳᠤ ᠦᠢᠯᠡᠴᠢᠯᠡᠬᠦ ᠠᠩᠬᠠᠨ ᠤ ᠵᠤᠷᠢᠯᠳᠠ ᠳᠤ ᠪᠠᠨ ᠬᠦᠷᠬᠦ ᠪᠤᠯᠤᠨ᠎ᠠ᠃ | ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭ᠎ᠠ᠂ ᠤᠯᠠᠭᠠᠨ | ᠵᠠᠭᠠᠯᠮᠠᠶᠢᠳᠠᠨ ᠤ ᠨᠡᠶᠢᠬᠡᠮᠯᠢᠭ ᠵᠡᠷᠬᠡ ᠠᠷᠠᠳ ᠤᠨ ᠪᠦᠯᠬᠦᠮ ᠤᠨ ᠵᠤᠬᠢᠶᠠᠨ ᠪᠠᠶᠢᠭᠤᠯᠬᠤ ᠬᠦᠬᠦᠷᠬᠡ ᠬᠤᠯᠪᠤᠭᠠᠰᠤᠨ ᠤ | ᠦᠢᠯᠡᠳᠦᠯ ᠢ ᠬᠦᠢᠴᠡᠳ ᠪᠠᠳᠠᠷᠠᠭᠤᠯᠵᠦ᠂ ᠪᠠᠷᠠᠭᠠᠨ ᠤ ᠦᠨ᠎ᠡ ᠬᠠᠩᠰᠢ᠂ ᠴᠢᠮᠡᠭᠡ ᠨᠡᠪᠳᠡᠷᠡᠯᠬᠡ᠂ ᠴᠠᠭ ᠠᠭᠤᠷ᠂ ᠲᠠᠩᠰᠠ | ᠡᠪᠬᠡᠮᠡᠯ᠂ ᠤᠷᠤᠨ ᠨᠤᠳᠤᠭ ᠤᠨ ᠤᠶᠢᠯᠠᠯᠭ᠎ᠠ᠂ ᠷᠡᠳᠢᠤ᠋ ᠲᠧᠯᠸᠢᠰ᠂ ᠭᠠᠳᠠᠭᠠᠳᠤ ᠶᠠᠪᠤᠳᠠᠯ ᠬᠠᠷᠢᠶᠠᠳᠦ ᠶᠢᠨ ᠠᠵᠢᠯ᠂ ᠠᠯᠪᠠᠨ | ᠪᠠᠶᠢᠭᠤᠯᠭ᠎ᠠ ᠶᠢᠨ ᠠᠵᠢᠯ ᠶᠠᠪᠤᠳᠠᠯ ᠢ ᠦᠷᠬᠦᠯᠵᠢᠯᠡᠨ ᠴᠢᠩᠭ᠎ᠠ ᠠᠳᠬᠤᠵᠦ᠂ ᠨᠡᠶᠢᠬᠡᠮ ᠤᠨ ᠡᠯ᠎ᠠ ᠠᠵᠢᠯ ᠲᠦᠷᠦᠯ ᠢ ᠪᠦᠬᠦ | ᠲᠠᠯ᠎ᠠ ᠪᠠᠷ ᠠᠬᠢᠭᠤᠯᠤᠨ᠎ᠠ᠃ | ︵ᠵᠢᠷᠭᠤᠭ᠎ᠠ︶ ᠤᠶᠤᠨ ᠤ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠪᠦᠯᠬᠦᠮᠳᠡᠨ ᠨᠢᠭᠳᠠᠷᠠᠭᠰᠠᠨ᠂ | ᠤᠷᠤᠭᠰᠢ ᠲᠠᠪᠰᠢᠭᠰᠠᠨ ᠡᠶ᠎ᠡ ᠵᠤᠬᠢᠴᠠᠯ ᠲᠠᠢ ᠰᠤᠶᠤᠯ ᠤᠨ ᠣᠷᠴᠢᠨ ᠳᠣᠭᠤᠷᠢᠨ ᠢ ᠪᠤᠢ ᠪᠤᠯᠭᠠᠨ᠎ᠠ | ᠨᠡᠶᠢᠬᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯ ᠢ ᠪᠤᠢ ᠪᠤᠯᠭᠠᠨ ᠦᠢᠯᠡᠳᠦᠯᠬᠡᠵᠢᠬᠦᠯᠬᠦ ᠶᠢᠨ ᠬᠠᠮᠳᠤ | ᠨᠡᠶᠢᠬᠡᠮ ᠤᠨ ᠬᠦᠭᠵᠢᠯᠳᠡ ᠶᠢᠨ ᠡᠯ᠎ᠠ ᠬᠦᠷᠢᠶ᠎ᠡ ᠴᠡᠷ᠎ᠡ ᠳᠤ ᠠᠭᠤᠰᠤᠯᠴᠠᠭᠤᠯᠤᠨ᠂ ᠲᠡᠬᠦᠨ ᠢ ᠤᠯᠠᠨ ᠲᠦᠮᠡᠨ ᠤ ᠰᠡᠳᠬᠢᠯᠬᠡ | ᠶᠢᠨ ᠮᠡᠳᠡᠷᠡᠮᠵᠢ ᠪᠠ ᠠᠵᠢᠯᠯᠠᠭᠠᠨ ᠤ ᠲᠦᠷᠢᠮᠵᠢᠯ ᠪᠤᠯᠭᠠᠨ᠎ᠠ᠃ ᠲᠦᠪ ᠰᠤᠷᠳᠠᠯ ᠢ ᠪᠠᠳᠠᠷᠠᠭᠤᠯᠤᠨ᠂ ᠨᠡᠶᠢᠬᠡᠮ ᠤᠨ ᠪᠤᠯᠪᠠᠰᠤᠨ | ᠤ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠤᠶᠢᠯᠠᠭᠠᠬᠤ ᠳᠤ ᠲᠦᠬᠦᠮ ᠬᠡᠯᠪᠡᠷᠢ ᠪᠠᠷ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠪᠠ ᠲᠤᠮᠳᠠᠳᠤ ᠶᠢᠨ ᠬᠦᠰᠡᠯᠡᠩ ᠤᠨ ᠲᠤᠬᠠᠢ ᠤᠬᠠᠭᠤᠯᠭ᠎ᠠ | ᠬᠦᠮᠦᠵᠢᠯ ᠢ ᠲᠡᠯᠬᠡᠷᠡᠩᠬᠦᠢ ᠦᠷᠨᠢᠬᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤ ᠶᠢᠨ ᠦᠵᠡᠯ ᠪᠠ ᠨᠡᠶᠢᠬᠡᠮ ᠵᠢᠷᠤᠮ | ᠤᠨ ᠦᠵᠡᠯ ᠤᠨ ᠤᠬᠠᠭᠤᠯᠭ᠎ᠠ ᠬᠦᠮᠦᠵᠢᠯ ᠢ ᠦᠷᠨᠢᠬᠦᠯᠵᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ | ᠤᠨ ᠱᠤᠭᠤᠮ ᠴᠢᠭᠯᠡᠯᠳᠡ ᠶᠢᠨ ᠢᠳᠡᠬᠡᠯ᠂ ᠤᠨᠤᠯ ᠤᠨ ᠢᠳᠡᠬᠡᠯ᠂ ᠲᠦᠷᠢᠮ ᠤᠨ ᠢᠳᠡᠬᠡᠯ᠂ ᠰᠤᠶᠤᠯ ᠤᠨ ᠢᠳᠡᠬᠡᠯ ᠢ | ᠪᠠᠷᠢᠮᠳᠠᠯᠠᠨ᠎ᠠ᠃ ᠺᠠᠳ᠋ᠷ ᠤᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠲᠦᠪᠡᠭ | ᠲᠠᠢ ᠠᠰᠠᠭᠤᠳᠠᠯ ᠳᠤ ᠴᠢᠭᠯᠡᠬᠦᠯᠦᠨ᠂ ᠨᠠᠮ ᠤᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠳᠤ ᠬᠦᠨᠵᠡᠬᠡᠢ ᠵᠠᠳᠠᠯᠤᠯᠳᠠ | ᠬᠢᠵᠦ᠂ ᠤᠯᠠᠨ ᠲᠦᠮᠡᠨ ᠤ ᠢᠳᠡᠬᠡᠯ ᠵᠤᠷᠢᠭ ᠢ ᠬᠦᠪᠴᠢᠯᠡᠨ᠂ ᠰᠠᠶᠢᠨ ᠰᠠᠶᠢᠬᠠᠨ᠂ ᠵᠤᠯ ᠵᠢᠷᠭᠠᠯᠳᠠᠢ ᠨᠡᠶᠢᠬᠡᠮ ᠤᠨ ᠤᠷᠴᠢᠨ | ᠲᠤᠭᠤᠷᠢᠨ ᠢ ᠴᠢᠷᠮᠠᠶᠢᠨ ᠪᠦᠷᠢᠯᠳᠦᠬᠦᠯᠦᠨ᠎ᠡ᠃ ᠦᠨᠳᠦᠰᠦᠳᠡᠨ ᠤ ᠰᠤᠶᠤᠯ ᠤᠨ ᠴᠡᠴᠡᠭᠯᠡᠨ ᠬᠦᠭᠵᠢᠯᠳᠡ ᠶᠢ ᠠᠬᠢᠭᠤᠯᠵᠦ᠂ | ᠮᠤᠩᠭᠤᠯ ᠶᠤᠸᠠᠨ ᠤ ᠰᠢᠯᠢᠳᠡᠭ ᠰᠤᠶᠤᠯ ᠪᠠ ᠱᠠᠩᠳᠤ ᠶᠢᠨ ᠰᠤᠶᠤᠯ ᠢ ᠤᠯᠠᠮᠵᠢᠯᠠᠨ ᠲᠡᠯᠬᠡᠷᠡᠬᠦᠯᠦᠨ᠎ᠡ᠃ ᠤᠬᠠᠭᠤᠯᠭ᠎ᠠ | ᠰᠤᠷᠳᠠᠯᠴᠢᠯᠠᠭ᠎ᠠ ᠪᠠᠨ ᠴᠢᠩᠭᠠᠳᠬᠠᠵᠦ᠂ ᠲᠠᠯ᠎ᠠ ᠨᠤᠳᠤᠭ ᠤᠨ ︽ᠬᠦᠩᠬᠡᠨ ᠮᠤᠷᠢᠳᠦ ᠴᠡᠷᠢᠭ︾ —— ᠤᠯᠠᠭᠠᠨᠮᠦ᠋ᠴᠢᠷ | ᠤᠨ ᠦᠢᠯᠡᠳᠦᠯ ᠢ ᠪᠦᠷᠢᠨ ᠪᠠᠳᠠᠷᠠᠭᠤᠯᠵᠦ᠂ ᠤᠷᠠᠨ ᠰᠠᠶᠢᠬᠠᠨ ᠤ ᠲᠤᠭᠯᠠᠯᠳᠠ ᠭᠠᠷᠭᠠᠬᠤ ᠵᠡᠷᠬᠡ ᠬᠡᠯᠪᠡᠷᠢ ᠪᠠᠷ ᠦᠨᠳᠦᠰᠦᠳᠡᠨ | ᠤ ᠰᠢᠯᠢᠳᠡᠭ ᠰᠤᠶᠤᠯ ᠢ ᠤᠯᠠᠮᠵᠢᠯᠠᠨ ᠲᠠᠷᠬᠠᠭᠠᠨ᠎ᠠ᠃ ᠰᠤᠶᠤᠯ ᠤᠨ ᠤᠷᠳᠤᠨ᠂ ᠨᠤᠮ ᠤᠨ ᠰᠠᠩ᠂ ᠬᠤᠪᠢᠯᠠᠢ ᠠᠭᠤᠳᠠᠮ | ᠲᠠᠯᠠᠪᠠᠢ᠂ ᠲᠠᠮᠢᠷ ᠤᠨ ᠤᠷᠳᠤᠨ ᠵᠡᠷᠬᠡ ᠲᠠᠯᠠᠪᠤᠷ ᠤᠷᠳᠤᠨ ᠢ ᠠᠰᠢᠭᠯᠠᠨ᠂ ᠦᠷᠬᠡᠨ ᠤᠯᠠᠨ ᠲᠦᠮᠡᠨ ᠤ ᠦᠨᠳᠦᠰᠦᠳᠡᠨ ᠤ | ᠰᠢᠯᠢᠳᠡᠭ ᠰᠤᠶᠤᠯ ᠲᠠᠮᠢᠷ ᠤᠨ ᠬᠦᠳᠡᠯᠪᠤᠷᠢ ᠠᠵᠢᠯᠯᠠᠭ᠎ᠠ ᠳᠤ ᠤᠷᠤᠯᠴᠠᠬᠤ ᠳᠤ ᠲᠦᠬᠦᠮ ᠨᠦᠬᠦᠴᠡᠯ ᠢ ᠪᠦᠷᠢᠯᠳᠦᠬᠦᠯᠵᠦ | ᠦᠭᠬᠦᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠬᠡᠮᠡᠯᠵᠢᠯᠡᠬᠦᠯᠵᠦ᠂ ᠲᠤᠮᠳᠠᠳᠤ ᠤᠯᠤᠰ ᠤᠨ ᠮᠤᠩᠭᠤᠯ ᠬᠡᠯᠡᠨ | ᠤ ᠪᠠᠷᠢᠮᠵᠢᠶ᠎ᠠ ᠠᠪᠢᠶ᠎ᠠ ᠶᠢ ᠲᠤᠭᠳᠠᠭᠠᠭᠰᠠᠨ 40 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢ ᠲᠡᠯᠬᠡᠷᠡᠩᠬᠦᠢ ᠦᠷᠨᠢᠬᠦᠯᠦᠨ᠎ᠡ᠃ | | ᠲᠡᠷᠢᠬᠦᠨ ᠤ ᠵᠢᠱᠢᠶᠡᠴᠢ ᠲᠠᠭᠤᠷᠢᠶᠠᠯ ᠢ ᠪᠤᠢ ᠪᠤᠯᠭᠠᠨ᠂ ᠦᠷᠬᠡᠨ ᠤᠯᠠᠨ ᠲᠦᠮᠡᠨ ᠤ ᠤᠶᠤᠨ ᠰᠠᠨᠠᠭᠠᠨ ᠤ ᠰᠦᠭ | ᠰᠦᠨᠡᠰᠦ ᠶᠢ ᠲᠠᠶᠢᠴᠢᠯᠠᠨ᠎ᠠ᠃ ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠤᠭ᠎ᠠ᠂ ︽ᠰᠠᠴᠤᠯᠢ︾ ᠬᠠᠶᠢᠷ᠎ᠠ ᠬᠠᠯᠠᠮᠵᠢ | ᠶᠢᠨ ᠨᠡᠶᠢᠬᠡᠮᠯᠢᠭ᠂ ︽ᠡᠩ ᠦᠬᠡᠢ ᠪᠠᠶᠢᠭᠠᠯᠢ︾ ᠨᠤᠭᠤᠭᠠᠷᠠᠭᠤᠯᠬᠤ ᠪᠦᠯᠭᠦᠮ ᠵᠡᠷᠬᠡ ᠨᠡᠶᠢᠬᠡᠮ ᠤᠨ ᠪᠦᠯᠬᠦᠮ ᠬᠤᠯᠪᠤᠭᠠᠨ ᠤ | ᠲᠡᠷᠢᠬᠦᠨ ᠤ ᠦᠢᠯᠡ ᠠᠵᠢᠯᠯᠠᠭ᠎ᠠ ᠶᠢ ᠤᠬᠠᠭᠤᠯᠤᠨ ᠰᠤᠷᠳᠠᠯᠴᠢᠯᠠᠵᠦ᠂ ᠵᠢᠱᠢᠶ᠎ᠡ ᠦᠵᠡᠬᠦᠯᠦᠨ ᠲᠠᠶᠢᠯᠠᠨ ᠲᠠᠭᠠᠭᠤᠯᠤᠭᠴᠢ ᠶᠢᠨ | ᠦᠢᠯᠡᠳᠦᠯ ᠢ ᠪᠠᠳᠠᠷᠠᠭᠤᠯᠵᠦ᠂ ᠬᠠᠯᠠᠮᠵᠢ ᠬᠠᠶᠢᠷ᠎ᠠ ᠬᠠᠯᠠᠭᠤᠨ ᠭᠠᠷ ᠢᠶᠠᠨ ᠪᠤᠰᠤᠳ ᠲᠤ ᠰᠤᠩᠭᠠᠨ᠂ ᠤᠷᠴᠢᠨ ᠲᠤᠭᠤᠷᠢᠨ ᠢ | ᠬᠠᠶᠢᠷᠠᠯᠠᠨ ᠬᠠᠮᠠᠭᠠᠯᠠᠬᠤ ᠦᠭᠬᠢᠶᠡᠮᠦᠷᠴᠢ ᠰᠡᠳᠬᠢᠯᠬᠡ ᠶᠢ ᠲᠦᠬᠡᠮᠡᠯᠵᠢᠬᠦᠯᠦᠨ᠎ᠠ᠃ ᠪᠦᠬᠦ ᠬᠤᠰᠢᠭᠤᠨ ᠤ ᠺᠠᠳ᠋ᠷ ᠠᠵᠢᠯᠳᠠᠨ᠂ | ᠠᠷᠠᠳ ᠤᠯᠠᠨ ᠢ ᠲᠠᠶᠢᠴᠢᠯᠠᠨ ᠪᠤᠶᠠᠨ ᠤ ᠦᠢᠯᠡᠰ ᠲᠤ ᠬᠦᠴᠦ ᠪᠠᠨ ᠡᠷᠬᠦᠬᠦ ᠶᠢ ᠵᠤᠷᠢᠭᠵᠢᠭᠤᠯᠤᠨ ᠵᠢᠯᠤᠭᠤᠳᠴᠤ᠂ ᠪᠠᠭ᠎ᠠ | ᠵᠦᠢᠯ ᠠᠴᠠ ᠭᠠᠷᠳᠠᠵᠦ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠶᠠᠳᠠᠷ ᠪᠠᠭᠤᠷᠠᠶᠢᠴᠤᠳ ᠢ ᠬᠠᠯᠠᠮᠵᠢᠯᠠᠬᠤ᠂ | ᠦᠨᠳᠦᠰᠦᠳᠡᠨ ᠤ ᠰᠤᠶᠤᠯ ᠢ ᠤᠯᠠᠮᠵᠢᠯᠠᠨ ᠲᠡᠯᠬᠡᠷᠡᠬᠦᠯᠬᠦ ᠠᠵᠢᠯ ᠳᠤ ᠢᠳᠡᠪᠬᠢᠯᠡᠨ ᠤᠷᠤᠯᠴᠠᠭᠤᠯᠤᠨ᠎ᠠ᠃ ᠬᠦᠳᠡᠯᠮᠦᠷᠢ | ᠬᠦᠴᠦ ᠲᠠᠢ ᠶᠠᠳᠠᠭᠤ ᠡᠷᠦᠬᠡ᠂ ᠲᠤᠤᠷ᠎ᠠ ᠪᠠᠳᠤᠯᠭᠠᠳᠤ ᠡᠷᠦᠬᠡ ᠵᠡᠷᠬᠡ ᠲᠤᠤᠷ᠎ᠠ ᠤᠷᠤᠯᠭᠠᠳᠤ ᠡᠷᠦᠬᠡ᠂ ᠬᠡᠷ ᠪᠦᠯᠢ ᠨᠢ | ᠬᠦᠴᠢᠷᠳᠡᠯ ᠲᠠᠢ ᠤᠯᠠᠨ ᠲᠦᠮᠡᠨ ᠤ ᠦᠪᠡᠷ ᠤᠨ ᠬᠦᠴᠦᠨ ᠢᠶᠠᠷ ᠢᠶᠠᠨ ᠲᠡᠭᠵᠢᠷᠡᠬᠦ ᠶᠢ ᠤᠷᠮᠠᠰᠢᠭᠤᠯᠤᠨ ᠵᠢᠯᠤᠭᠤᠳᠴᠤ᠂ | ᠠᠮᠢᠳᠤᠷᠠᠯ ᠳᠤ ᠢᠳᠡᠬᠡᠯ ᠲᠠᠢ ᠬᠠᠨᠳᠤᠵᠦ᠂ ᠦᠪᠡᠷᠳᠡᠬᠡᠨ ᠤᠷᠤᠯᠭ᠎ᠠ ᠪᠠᠨ ᠨᠡᠮᠡᠭᠳᠡᠬᠦᠯᠬᠦ ᠪᠠᠷ ᠴᠢᠷᠮᠠᠶᠢᠬᠤ᠂ ᠵᠠᠰᠠᠭ ᠤᠨ | ᠤᠷᠳᠤᠨ ᠠᠴᠠ ᠲᠡᠮᠵᠢᠬᠦ᠂ ᠬᠦᠷᠰᠢ ᠵᠡᠷᠬᠡᠯᠡᠳᠡᠭᠡ ᠬᠠᠷᠢᠯᠴᠠᠨ ᠬᠠᠪᠰᠤᠷᠤᠯᠴᠠᠬᠤ ᠬᠦᠭᠵᠢᠯᠳᠡ ᠶᠢᠨ ᠰᠢᠰᠲ᠋ᠧᠮ ᠢ ᠠᠯᠭᠤᠷ | ᠢᠶᠠᠷ ᠪᠦᠷᠢᠯᠳᠦᠬᠦᠯᠦᠨ᠂ ᠨᠦᠬᠦᠷᠯᠡᠯ ᠪᠦᠯᠬᠦᠮᠳᠡᠯ ᠲᠠᠢ᠂ ᠬᠠᠮᠳᠤ ᠳᠤ ᠪᠠᠨ ᠲᠠᠪᠰᠢᠭᠰᠠᠨ ᠰᠠᠶᠢᠨ ᠰᠠᠶᠢᠬᠠᠨ ᠨᠡᠶᠢᠬᠡᠮ ᠤᠨ | ᠠᠭᠤᠷ ᠠᠮᠢᠰᠬᠤᠯ ᠢ ᠪᠤᠢ ᠪᠤᠯᠭᠠᠨ᠎ᠠ᠃ | ︵ᠲᠤᠯᠤᠭ᠎ᠠ︶ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠠᠷᠠᠳ | ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ | ︽ᠲᠦᠷᠪᠡᠨ ᠤᠬᠠᠮᠰᠠᠷ︾ ᠢ ᠪᠠᠬᠢᠵᠡᠬᠦᠯᠦᠨ᠂ ︽ᠲᠦᠷᠪᠡᠨ ᠢᠳᠡᠬᠡᠯ︾ ᠢ ᠪᠠᠷᠢᠮᠳᠠᠯᠠᠨ᠂ ︽ᠬᠤᠶᠠᠷ ᠢ | ᠬᠠᠮᠠᠭᠠᠯᠠᠬᠤ︾ ᠶᠢ ᠡᠷᠬᠡᠪᠡᠰᠢ ᠪᠡᠶᠡᠯᠡᠬᠦᠯᠦᠨ᠎ᠡ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠤᠨᠤᠯ ᠢ ᠪᠤᠳᠠᠳᠠᠢ | ᠲᠠᠢ ᠤᠶᠠᠯᠳᠤᠭᠤᠯᠤᠨ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠦ᠂ | ᠦᠵᠡᠯ ᠰᠠᠨᠠᠭ᠎ᠠ ᠪᠠᠨ ᠨᠢᠬᠡᠳᠬᠡᠵᠦ᠂ ᠤᠶᠢᠯᠠ ᠠᠵᠢᠯᠯᠠᠭ᠎ᠠ ᠪᠠᠨ ᠡᠷᠴᠢᠮᠵᠢᠬᠦᠯᠵᠦ᠂ ᠬᠦᠢᠴᠡᠳᠬᠡᠬᠦ ᠶᠢ ᠴᠢᠩᠭ᠎ᠠ | ᠨᠠᠶᠢᠳᠠᠪᠤᠷᠢᠵᠢᠭᠤᠯᠵᠦ᠂ ᠲᠦᠪ ᠪᠠ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠴᠢᠬᠤᠯᠠ ᠰᠢᠢᠳᠪᠤᠷᠢ ᠪᠠᠶᠢᠷᠢᠯᠠᠭᠤᠯᠤᠯᠳᠠ | ᠶᠢᠨ ᠮᠠᠨ ᠤ ᠬᠤᠰᠢᠭᠤᠨ ᠳᠤ ᠨᠠᠶᠢᠳᠠᠪᠤᠷᠢᠵᠢᠭᠳᠠᠨ ᠦᠷ᠎ᠠ ᠪᠦᠳᠦᠮᠵᠢ ᠤᠯᠬᠤ ᠶᠢ ᠪᠠᠳᠤᠯᠠᠨ᠎ᠠ᠃ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠦ᠂ ᠵᠠᠰᠠᠭ ᠤᠨ ᠤᠷᠳᠤᠨ ᠤ ᠡᠷᠬᠡ ᠶᠢ ᠬᠠᠤᠯᠢ ᠶᠤᠰᠤᠭᠠᠷ | ᠬᠡᠷᠡᠭᠵᠢᠬᠦᠯᠦᠨ᠎ᠠ᠃ ᠪᠦᠬᠦ ᠬᠤᠰᠢᠭᠤᠨ ᠤ ᠵᠢᠩᠬᠢᠨᠢ ᠰᠠᠯᠠᠭᠠᠨ ᠲᠡᠰ ᠤᠨ ᠺᠠᠳ᠋ᠷᠴᠤᠳ ᠲᠤ ᠬᠠᠤᠯᠢ ᠪᠠᠷ ᠵᠠᠰᠠᠭ ᠶᠠᠪᠤᠭᠤᠯᠬᠤ | ᠪᠤᠯᠪᠠᠰᠤᠷᠠᠯ ᠬᠦᠷᠳᠡᠭᠡᠨ᠎ᠡ᠃ ᠤᠯᠠᠨ ᠲᠦᠮᠡᠨ ᠤᠷᠤᠯᠴᠠᠬᠤ᠂ ᠮᠡᠷᠬᠡᠵᠢᠯᠳᠡᠨ ᠠᠴᠠ ᠨᠤᠳᠠᠯᠠᠬᠤ᠂ ᠲᠦᠭᠰᠢᠬᠦᠷᠢ ᠶᠢᠨ | ᠦᠨᠡᠯᠡᠯᠳᠡ ᠬᠢᠬᠦ᠂ ᠬᠠᠤᠯᠢ ᠳᠤ ᠨᠡᠶᠢᠴᠡᠬᠦ ᠪᠠᠶᠢᠴᠠᠭᠠᠯᠳᠠ ᠬᠢᠬᠦ ᠪᠠ ᠬᠠᠮᠳᠤᠪᠡᠷ ᠰᠢᠢᠳᠪᠤᠷᠢ ᠲᠤᠭᠳᠠᠭᠠᠬᠤ ᠲᠦᠷᠢᠮ ᠢ | ᠨᠢᠮᠪᠠᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠰᠢᠢᠳᠪᠤᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠡᠷ ᠪᠠ | ᠠᠷᠠᠳᠴᠢᠯᠠᠯᠳᠤ ᠴᠢᠨᠡᠷ ᠢ ᠲᠡᠭᠡᠭᠰᠢᠯᠡᠬᠦᠯᠦᠨ᠎ᠡ᠃ ︽ᠭᠤᠷᠪᠠᠨ ᠴᠢᠬᠤᠯᠠ ᠨᠢᠬᠡ ᠲᠤᠮᠤ︾ ᠬᠡᠷᠡᠭ ᠶᠠᠪᠤᠳᠠᠯ ᠢ ᠬᠤᠰᠢᠭᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠬᠦᠯᠬᠦ ᠲᠦᠷᠢᠮ ᠢ ᠪᠠᠷᠢᠮᠳᠠᠯᠠᠵᠦ᠂ ᠬᠤᠰᠢᠭᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠬᠠᠤᠯᠢ ᠶᠤᠰᠤᠭᠠᠷ | ᠬᠦᠯᠢᠶᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ | ᠨᠡᠶᠢᠬᠡᠮ ᠤᠨ ᠪᠠ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠲᠤᠰᠤᠨ᠂ ᠬᠢᠨᠠᠨ ᠪᠤᠳᠤᠵᠦ ᠬᠢᠨᠠᠯᠳᠠ ᠲᠠᠯᠪᠢᠬᠤ ᠶᠢ ᠴᠢᠩᠭᠠᠳᠬᠠᠨ᠂ | ᠠᠷᠠᠳ ᠤᠨ ᠲᠦᠯᠦᠬᠡᠯᠡᠭᠴᠢ ᠶᠢᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ | ᠶᠢ ᠬᠦᠢᠴᠡᠳᠬᠡᠨ ᠰᠢᠢᠳᠪᠤᠷᠢᠯᠡᠬᠦ ᠠᠵᠢᠯ ᠢ ᠰᠠᠶᠢᠨ ᠬᠢᠨ᠎ᠠ᠃ ᠴᠢᠬᠤᠯᠠ ᠰᠢᠢᠳᠪᠤᠷᠢᠳᠦ ᠪᠤᠳᠤᠯᠭ᠎ᠠ ᠶᠢᠨ ᠬᠡᠷᠡᠭᠵᠢᠬᠦᠯᠦᠯᠳᠡ | ᠳᠤ ᠮᠦᠷᠳᠡᠨ ᠪᠠᠶᠢᠴᠠᠭᠠᠯᠳᠠ ᠬᠢᠬᠦ᠂ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠯᠴᠠᠭ᠎ᠠ ᠶᠢ | ᠰᠦᠷᠦᠨ ᠪᠠᠶᠢᠴᠠᠭᠠᠬᠤ ᠲᠤᠭᠳᠠᠯᠴᠠᠭ᠎ᠠ ᠶᠢ ᠴᠢᠩᠭ᠎ᠠ ᠬᠡᠷᠡᠭᠵᠢᠬᠦᠯᠵᠦ᠂ ᠲᠦᠷᠢᠮ ᠢᠶᠠᠷ ᠡᠷᠬᠡ ᠶᠢ ᠬᠢᠵᠠᠭᠠᠷᠯᠠᠨ᠂ ᠬᠡᠷᠡᠭ | ᠤᠴᠢᠷ ᠢ ᠲᠦᠷᠢᠮᠵᠢᠬᠦᠯᠵᠦ᠂ ᠬᠦᠮᠦᠨ ᠢ ᠬᠠᠮᠢᠶᠠᠷᠤᠨ᠎ᠠ᠃ | ᠬᠠᠷᠢᠭᠤᠴᠠᠯᠭ᠎ᠠ ᠡᠬᠦᠷᠬᠡᠯᠡᠬᠦ ᠦᠵᠡᠯ ᠤᠬᠠᠮᠰᠠᠷ ᠢ ᠪᠤᠢ ᠪᠤᠯᠭᠠᠨ᠂ ᠬᠦᠴᠢᠷ ᠢ ᠰᠦᠷᠦᠨ᠂ ᠭᠤᠤᠯᠳᠠᠯᠭ᠎ᠠ ᠲᠠᠢ | ᠠᠵᠢᠯ ᠪᠤᠶᠤ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠳᠤ ᠪᠠᠨ ᠪᠤᠳᠠᠳᠠᠢ ᠳᠤ ᠰᠠᠭᠤᠷᠢᠯᠠᠵᠦ᠂ ᠨᠠᠷᠢᠨ | ᠬᠢᠨᠠᠮᠠᠭᠠᠢ ᠪᠠᠷ ᠡᠯ᠎ᠠ ᠲᠦᠷᠦᠯ ᠤᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠢ ᠢᠯᠡ | ᠪᠤᠯᠭᠠᠬᠤ ᠠᠵᠢᠯ ᠢ ᠬᠦᠨᠵᠡᠬᠡᠶᠢᠷᠡᠬᠦᠯᠦᠨ᠂ ᠨᠡᠶᠢᠬᠡᠮ ᠠᠴᠠ ᠠᠩᠬᠠᠷᠤᠨ ᠬᠠᠯᠠᠮᠵᠢᠯᠠᠵᠦ ᠪᠠᠶᠢᠭ᠎ᠠ ᠵᠦᠢᠯ ᠳᠤ ᠴᠠᠭ ᠲᠤᠬᠠᠢ ᠳᠤ | ᠨᠢ ᠬᠠᠷᠢᠭᠤᠯᠳᠠ ᠦᠭᠬᠦᠨ᠂ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠴᠢᠨᠡᠷ ᠪᠠ ᠢᠳᠡᠬᠡᠯ ᠨᠠᠶᠢᠳᠠᠪᠤᠷᠢᠳᠠᠢ | ᠬᠦᠴᠦᠨ ᠢ ᠨᠡᠮᠡᠭᠳᠡᠬᠦᠯᠦᠨ᠎ᠡ᠃ ᠦᠷ᠎ᠠ ᠠᠰᠢᠭᠯᠠᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ︽ᠬᠤᠤᠰ | ᠲᠠᠰᠢᠷᠠᠮ ᠢᠶᠠᠷ ᠪᠠᠶᠢᠴᠠᠭᠠᠬᠤ᠂ ᠨᠢᠬᠡ ᠶᠢ ᠢᠯᠡ ᠪᠤᠯᠭᠠᠬᠤ︾ ᠬᠢᠨᠠᠯᠳᠠ ᠶᠢ ᠴᠢᠩᠭ᠎ᠠ ᠨᠠᠶᠢᠳᠠᠪᠤᠷᠢᠵᠢᠭᠤᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ︽ᠨᠢᠬᠡ ᠰᠦᠯᠵᠢᠶ᠎ᠠ᠂ ᠨᠢᠬᠡ ᠰᠠᠯᠠᠭ᠎ᠠ ᠮᠦᠴᠢᠷ᠂ ᠨᠢᠬᠡ ᠤᠳᠠᠭ᠎ᠠ︾ ᠶᠢᠨ ᠦᠬᠡᠷᠡᠴᠢᠯᠡᠯᠳᠡ | ᠪᠠ ᠤᠷᠤᠯᠠᠨ ᠬᠦᠢᠴᠡᠳᠬᠡᠬᠦ ᠲᠦᠷᠢᠮ ᠢ ᠦᠷᠬᠦᠯᠵᠢᠯᠡᠨ ᠠᠬᠢᠭᠤᠯᠵᠦ᠂ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ | ᠂ ᠤᠯᠠᠨ ᠲᠦᠮᠡᠨ ᠤ ᠠᠮᠢᠳᠤᠷᠠᠯ ᠦᠢᠯᠡᠳᠪᠤᠷᠢᠯᠡᠯ ᠲᠠᠢ ᠨᠢᠭᠳᠠ ᠬᠤᠯᠪᠤᠭᠳᠠᠬᠤ ᠵᠦᠢᠯ ᠢ ᠬᠢᠨᠠᠨ ᠵᠦᠪᠰᠢᠶᠡᠷᠡᠬᠦ | ᠦᠢᠯᠡᠴᠢᠯᠡᠬᠡᠨ ᠤ ᠵᠦᠢᠯ ᠳᠤ ︽ᠤᠷᠤᠭᠤᠯᠵᠦ ᠪᠤᠯᠬᠤ ᠶᠢ ᠪᠦᠬᠦᠨ ᠢ ᠤᠷᠤᠭᠤᠯᠵᠦ᠂ ᠪᠦᠬᠦ ᠶᠠᠪᠤᠴᠠ ᠶᠢ ᠰᠦᠯᠵᠢᠶᠠᠨ | ᠲᠡᠭᠡᠷ᠎ᠡ ᠪᠡᠶᠡᠯᠡᠬᠦᠯᠬᠦ︾ ᠪᠠᠷ ᠴᠢᠷᠮᠠᠶᠢᠨ᠎ᠠ᠃ ᠵᠠᠷᠯᠠᠨ ᠨᠡᠶᠢᠳᠡᠯᠡᠭᠰᠡᠨ ᠡᠷᠬᠡ ᠬᠠᠷᠢᠭᠤᠴᠠᠯᠭ᠎ᠠ ᠶᠢᠨ ᠪᠢᠴᠢᠭ ᠢ ᠦᠨᠳᠦᠰᠦᠯᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠷᠦᠯ ᠵᠦᠢᠯ ᠢ ᠰᠦᠯᠵᠢᠶᠠᠨ ᠲᠡᠭᠡᠷ᠎ᠡ ᠬᠦᠢᠴᠡᠳᠭᠡᠭᠰᠡᠨ ᠨᠤᠷᠮ᠎ᠠ ᠶᠢ | 70% ᠠᠴᠠ ᠦᠨᠳᠦᠷ ᠪᠤᠯᠭᠠᠨ᠎ᠠ᠃ | ᠨᠠᠮ ᠢ ᠴᠢᠩᠭ᠎ᠠ ᠪᠠᠷ ᠵᠠᠰᠠᠬᠤ᠂ ᠵᠠᠰᠠᠭ ᠢ ᠴᠢᠩᠭ᠎ᠠ ᠪᠠᠷ ᠵᠠᠰᠠᠬᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ | ᠭᠤᠤᠯ ᠴᠤᠭᠴᠠ ᠶᠢᠨ ᠬᠠᠷᠢᠭᠤᠴᠠᠯᠭ᠎ᠠ ᠪᠠ ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠲᠦᠷᠢᠮ ᠢ | ᠨᠠᠶᠢᠳᠠᠪᠤᠷᠢᠵᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ | ᠪᠠᠷ ᠬᠡᠷᠡᠭᠵᠢᠬᠦᠯᠦᠨ᠎ᠠ᠃ ᠰᠤᠷᠳᠠᠯ ᠤᠨ ᠪᠠᠶᠢᠭᠤᠯᠤᠯᠳᠠ ᠶᠢᠨ ᠦᠷ᠎ᠠ ᠪᠦᠳᠦᠮᠵᠢ ᠶᠢ ᠪᠠᠬᠢᠵᠡᠬᠦᠯᠦᠨ ᠲᠡᠯᠬᠡᠷᠡᠬᠦᠯᠵᠦ᠂ ︽ | ᠲᠦᠷᠪᠡᠨ ᠰᠤᠷᠳᠠᠯ︾ ᠤᠨ ᠠᠰᠠᠭᠤᠳᠠᠯ ᠢ ᠦᠷᠬᠦᠯᠵᠢᠯᠡᠨ ᠴᠡᠭᠴᠡᠯᠡᠨ᠎ᠡ᠃ ︽ᠭᠤᠷᠪᠠᠨ ᠲᠦᠷᠦᠯ︾ ᠤᠨ ᠠᠯᠪᠠᠨ ᠵᠠᠷᠤᠳᠠᠯ | ᠤᠨ ᠲᠦᠰᠦᠪ ᠢ ᠴᠢᠩᠭ᠎ᠠ ᠬᠢᠵᠠᠭᠠᠷᠯᠠᠨ᠎ᠠ᠃ ᠠᠷᠠᠳ ᠤᠨ ᠠᠮᠢᠳᠤᠷᠠᠯ ᠳᠤ ᠤᠷᠤᠭᠤᠯᠬᠤ ᠪᠡᠯᠡ ᠮᠦᠩᠬᠦ᠂ ᠵᠠᠰᠠᠭ ᠤᠨ | ᠤᠷᠳᠤᠨ ᠠᠴᠠ ᠪᠡᠯᠡ ᠤᠷᠤᠭᠤᠯᠬᠤ ᠲᠦᠷᠦᠯ ᠵᠦᠢᠯ ᠢ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠬᠦᠯᠵᠦ᠂ ᠪᠡᠯᠡ | ᠮᠦᠩᠬᠦ ᠪᠠ ᠲᠦᠷᠦᠯ ᠵᠦᠢᠯ ᠤᠨ ᠠᠮᠤᠷ ᠲᠦᠪᠰᠢᠨ ᠢ ᠪᠠᠳᠤᠯᠠᠨ᠎ᠠ᠃ ᠬᠢᠨᠠᠨ ᠪᠠᠶᠢᠴᠠᠭᠠᠬᠤ ᠵᠦᠪᠯᠠᠯ ᠤᠨ ᠠᠵᠢᠯ ᠢ ᠪᠦᠬᠦ | ᠬᠦᠴᠦᠨ ᠢᠶᠠᠷ ᠢᠶᠠᠨ ᠲᠡᠮᠵᠢᠨ᠂ ᠬᠢᠨᠠᠯᠳᠠ ᠲᠠᠯᠪᠢᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠴᠢᠬᠡᠴᠢ ᠵᠠᠰᠠᠭ ᠤᠨ | ᠲᠠᠯ᠎ᠠ ᠪᠠᠷ ᠬᠢ ᠲᠦᠭᠰᠢᠬᠦᠷᠢ ᠶᠢ ᠰᠡᠷᠬᠡᠶᠢᠯᠡᠨ ᠡᠷᠬᠡᠰᠢᠶᠡᠬᠦ ᠶᠢ ᠴᠢᠩᠭᠠᠳᠬᠠᠨ᠂ ᠢᠯᠵᠠᠷᠠᠯ ᠢ ᠴᠢᠩᠭ᠎ᠠ ᠪᠠᠷ ᠰᠢᠳᠬᠡᠬᠦ ᠠᠵᠢᠯ | ᠤᠨ ᠪᠠᠶᠢᠳᠠᠯ ᠢ ᠦᠷᠬᠦᠯᠵᠢᠯᠡᠨ ᠪᠠᠳᠤᠯᠠᠵᠦ᠂ ᠤᠯᠠᠨ ᠲᠦᠮᠡᠨ ᠤ ᠬᠠᠵᠠᠭᠤᠳᠡᠬᠢ ᠢᠯᠵᠡᠷᠡᠯ ᠤᠨ ᠠᠰᠠᠭᠤᠳᠠᠯ ᠢ ᠴᠡᠭᠴᠡᠯᠡᠵᠦ᠂ | ᠲᠦᠪ ᠭᠤᠤᠯᠴᠢ ᠺᠠᠳ᠋ᠷ ᠠᠵᠢᠯᠳᠠᠨ ᠲᠠᠢ᠂ ᠠᠷᠢᠭᠤᠨ ᠴᠢᠬᠡᠴᠢ ᠵᠠᠰᠠᠭ ᠤᠨ ᠤᠷᠳᠤᠨ ᠲᠠᠢ᠂ ᠢᠯᠡ ᠲᠤᠳᠤ ᠵᠠᠰᠠᠭ ᠲᠦᠷᠦ | ᠲᠠᠢ ᠪᠠᠶᠢᠬᠤ ᠶᠢ ᠪᠡᠶᠡᠯᠡᠬᠦᠯᠦᠨ᠎ᠡ᠃ | ᠲᠦᠯᠦᠬᠡᠯᠡᠭᠴᠢᠳ ᠡ᠂ ᠪᠢᠳᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ ᠢᠷᠡᠬᠡᠳᠦᠢ ᠶᠢ ᠴᠢᠭᠯᠡᠶᠡ᠃ | ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ | ᠪᠦᠯᠬᠦᠮᠳᠡᠵᠦ᠂ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ | ᠪᠠᠳᠤᠳᠠᠢ ᠤᠳᠤᠷᠢᠳᠤᠯᠭ᠎ᠠ ᠲᠤᠤᠷ᠎ᠠ᠂ ᠠᠩᠬᠠᠨ ᠤ ᠵᠤᠷᠢᠯᠳᠠ ᠪᠠᠨ ᠦᠯᠦ ᠤᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ | ᠴᠡᠬᠡᠵᠢᠯᠡᠵᠦ᠂ ᠤᠷᠬᠢᠯᠦᠮ᠎ᠠ ᠬᠠᠯᠠᠭᠤᠨ ᠰᠡᠳᠬᠢᠯᠬᠡ ᠪᠠᠷ᠂ ᠦᠨᠡᠨ ᠪᠤᠳᠠᠳᠠᠢ ᠠᠵᠢᠯ ᠤᠨ ᠤᠪᠤᠷ ᠢᠶᠠᠷ᠂ ᠬᠦᠴᠦᠨ ᠢᠶᠠᠨ | ᠬᠠᠮᠳᠤᠳᠬᠠᠨ ᠴᠠᠭ ᠦᠶ᠎ᠠ ᠲᠠᠢ ᠬᠠᠮᠳᠤᠪᠡᠷ ᠤᠷᠤᠭᠰᠢᠯᠠᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ᠂ ᠪᠦᠬᠦ | ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠴᠢᠷᠮᠠᠶᠢᠨ ᠲᠡᠮᠡᠴᠡᠵᠦ᠂ ᠰᠢᠯᠢᠳᠡᠭ | ᠦᠷ᠎ᠠ ᠪᠦᠳᠦᠮᠵᠢ ᠪᠠᠷ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠠᠷᠢᠶ᠎ᠠ᠃ | | | | ᠨᠡᠷ᠎ᠡ ᠲᠤᠮᠢᠶᠠᠨ ᠤ ᠲᠠᠶᠢᠯᠪᠤᠷᠢ | 1.︽ᠭᠤᠷᠪᠠᠨ ᠲᠣᠮᠣ ᠰᠢᠪᠳᠣᠯᠣᠯᠳᠠ ᠶᠢᠨ ᠢᠨᠵᠧᠨᠧᠷᠢᠩ︾᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠡᠶᠡᠳᠡᠭᠦᠯᠬᠦ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠷᠬᠢᠳᠣᠯ ᠢ ᠰᠡᠷᠭᠡᠶᠢᠯᠡᠨ ᠵᠠᠰᠠᠬᠤ | ᠰᠢᠪᠳᠣᠯᠣᠯᠳᠠ ᠶᠢᠨ ᠢᠨᠵᠧᠨᠧᠷᠢᠩ ᠢ ᠵᠢᠭᠠᠵᠤ ᠪᠤᠢ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠳᠡ ᠳᠤ | ᠠᠩᠬ᠎ᠠ ᠤᠳᠠᠭ᠎ᠠ ᠳᠣᠷᠠᠳᠪᠠ᠃ | 2. ︽ᠬᠤᠶᠠᠷ ᠵᠦᠢᠯ ᠳᠤ ᠵᠣᠪᠠᠭ᠋ᠤ ᠦᠭᠡᠢ᠂ ᠭᠤᠷᠪᠠ ᠶᠢ ᠪᠠᠳᠣᠯᠠᠵᠤ᠂ ᠨᠢᠭᠡ ᠪᠠᠷᠢᠮᠵᠢᠶ᠎ᠠ ᠠᠴᠠ ᠦᠨᠳᠦᠷ ᠪᠠᠶᠢᠬᠤ︾᠄ | ᠢᠳᠡᠵᠦ ᠡᠮᠦᠰᠬᠦ ᠳᠡᠭᠡᠨ ᠵᠣᠪᠠᠭ᠋ᠤ ᠦᠭᠡᠢ᠂ ᠠᠯᠪᠠᠨ ᠵᠢᠷᠣᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ | ᠠᠶᠤᠯᠭᠦᠢ ᠣᠷᠣᠨ ᠰᠠᠭᠤᠴᠠ ᠶᠢ ᠪᠠᠲᠤᠯᠠᠵᠤ᠂ ᠵᠢᠯ ᠤᠨ ᠬᠦᠮᠦᠨ ᠳᠣᠮᠳᠠᠴᠢ ᠶᠢᠨ ᠴᠡᠪᠡᠷ ᠣᠷᠣᠯᠭ᠎ᠠ ᠶᠢ ᠣᠳᠣ ᠶᠢᠨ | ᠬᠡᠷᠡᠭᠵᠢᠭᠦᠯᠵᠦ ᠪᠠᠶᠢᠭ᠎ᠠ ᠣᠯᠣᠰ ᠤᠨ ᠶᠠᠳᠠᠭᠤ ᠶᠢ ᠲᠡᠳᠬᠦᠬᠦ ᠪᠠᠷᠢᠮᠵᠢᠶᠠᠨ ᠠᠴᠠ ᠦᠨᠳᠦᠷ ᠪᠠᠶᠢᠯᠭᠠᠬᠤ ᠶᠢ ᠵᠢᠭᠠᠵᠤ ᠪᠣᠢ᠃ | 3. ︽ᠤᠯᠠᠨ ᠬᠡᠷᠡᠴᠢ ᠶᠢ ᠨᠢᠬᠡᠳᠬᠡᠵᠦ᠂ ᠨᠢᠬᠡ ᠦᠨᠡᠮᠯᠡᠯ ᠨᠢᠬᠡ ᠳ᠋ᠤᠭᠠᠷ ᠪᠤᠯᠭᠠᠬᠤ︾᠄ ᠦᠢᠯᠡᠳᠪᠤᠷᠢ ᠬᠤᠳᠠᠯᠳᠤᠭ᠎ᠠ᠂ | ᠶᠠᠰᠤ ᠴᠢᠨᠡᠷ ᠲᠤ ᠬᠢᠨᠠᠯᠳᠠ ᠲᠠᠯᠪᠢᠬᠤ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠨᠡᠶᠢᠬᠡᠮ ᠤᠨ ᠪᠠᠳᠤᠯᠠᠭ᠎ᠠ᠂ ᠲᠤᠭ᠎ᠠ | ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠳᠠᠭ ᠡᠵᠡᠩᠨᠡᠯᠳᠡ ᠶᠢᠨ ᠦᠨᠡᠮᠯᠡᠯ᠂ ᠵᠤᠬᠢᠶᠠᠨ ᠪᠠᠶᠢᠭᠤᠯᠤᠯᠳᠠ | ᠶᠢᠨ ᠪᠠᠶᠢᠭᠤᠯᠤᠮᠵᠢ ᠶᠢᠨ ᠲᠦᠯᠦᠬᠡᠨ ᠤ ᠳ᠋ᠤᠭᠠᠷ ᠤᠨ ᠦᠨᠠᠮᠯᠠᠯ᠂ ᠭᠠᠶᠢᠯᠢ ᠶᠢᠨ ᠶᠠᠪᠤᠳᠠᠯ ᠢ ᠲᠡᠮᠳᠡᠭᠯᠡᠬᠦ ᠦᠨᠡᠮᠯᠡᠯ᠂ ᠨᠡᠶᠢᠬᠡᠮ | ᠤᠨ ᠲᠠᠭᠠᠳᠬᠠᠯ ᠢ ᠲᠡᠮᠳᠡᠭᠯᠡᠬᠦ ᠦᠨᠡᠮᠯᠡᠯ᠂ ᠪᠦᠷᠢᠳᠬᠡᠨ ᠲᠡᠮᠳᠡᠭᠯᠡᠬᠦ ᠦᠨᠡᠮᠯᠡᠯ ᠵᠡᠷᠬᠡ ᠤᠯᠠᠨ ᠬᠡᠷᠡᠴᠢ ᠲᠡᠮᠳᠡᠭ ᠢ ᠨᠢᠬᠡᠳᠬᠡᠨ | ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠬᠡᠳᠦᠯᠳᠡᠢ ᠲᠠᠷᠬᠠᠭᠠᠬᠤ ᠨᠢᠬᠡ ᠬᠠᠭᠤᠳᠠᠰᠤ ᠡᠵᠡᠩᠨᠡᠯᠳᠡ ᠶᠢᠨ | ᠦᠨᠡᠮᠯᠡᠯ ᠪᠤᠯᠭᠠᠨ᠂ ᠤᠤᠯ ᠤᠨ ᠬᠠᠮᠢᠶ᠎ᠠ ᠪᠦᠬᠦᠢ ᠬᠡᠷᠡᠴᠢ ᠲᠡᠮᠳᠡᠭ ᠤᠨ ᠬᠦᠴᠦᠨ ᠴᠢᠳᠠᠪᠬᠢ ᠲᠠᠢ ᠪᠦᠬᠡᠳ ᠨᠢᠬᠡᠳᠦᠯᠳᠡᠢ | ᠨᠡᠶᠢᠬᠡᠮ ᠤᠨ ᠢᠳᠡᠬᠡᠮᠵᠢ ᠶᠢᠨ ᠲᠦᠯᠦᠬᠡᠨ ᠤ ᠳ᠋ᠤᠭᠠᠷ ᠨᠡᠮᠡᠭᠰᠡᠨ ᠪᠠᠶᠢᠨ᠎ᠠ᠃ | 4. ︽ᠳᠥᠷᠪᠡ ᠶᠢ ᠡᠷᠴᠢᠮᠵᠢᠭᠦᠯᠬᠦ︾᠄ 2014 ᠣᠨ ᠳᠤ᠂ ᠰᠢ ᠶᠢᠨ ᠫᠢᠩ ᠶᠡᠷᠦᠩᠬᠡᠢ ᠱᠦᠵᠢ ᠥᠪᠦᠷ ᠮᠤᠩᠭᠤᠯ ᠢ | ᠳᠣᠭᠤᠷᠢᠨ ᠪᠠᠶᠢᠴᠠᠭᠠᠬᠤ ᠦᠶᠡᠰ ᠲᠡᠭᠡᠨ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠬᠤᠪᠢᠷᠠᠭᠠᠯᠳᠠ ᠶᠢ | ᠡᠷᠴᠢᠮᠵᠢᠭᠦᠯᠬᠦ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠡᠷᠴᠢᠮᠲᠠᠢ ᠠᠳᠬᠤᠬᠤ᠂ | ᠠᠷᠠᠳ ᠤᠨ ᠠᠮᠢᠳᠣᠷᠠᠯ ᠢ ᠡᠷᠴᠢᠮᠲᠠᠢ ᠪᠠᠳᠣᠯᠠᠨ ᠰᠠᠶᠢᠵᠢᠷᠠᠭᠤᠯᠬᠤ᠂ ᠨᠠᠮ ᠤᠨ ᠰᠣᠷᠳᠠᠯ ᠴᠢᠭᠡᠴᠢ ᠵᠠᠰᠠᠭ ᠤᠨ ᠠᠵᠢᠯ ᠢ | ᠡᠷᠴᠢᠮᠲᠠᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃ | 5. ︽ᠭᠤᠷᠪᠠ ᠶᠢ ᠯᠠᠪᠳᠠᠭᠤᠨ ᠠᠬᠢᠭᠤᠯᠬᠤ︾᠄ 2018 ᠣᠨ ᠳᠤ᠂ ᠰᠢ ᠶᠢᠨ ᠫᠢᠩ ᠶᠡᠷᠦᠩᠬᠡᠢ ᠱᠦᠵᠢ ᠠᠴᠠ ᠠᠷᠪᠠᠨ | ᠭᠤᠷᠪᠠᠳᠣᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠣᠭᠡᠷ | ᠬᠤᠷᠠᠯᠳᠣᠭᠠᠨ ᠳᠡᠭᠡᠷ᠎ᠡ ᠥᠪᠦᠷ ᠮᠤᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠯᠭᠡ ᠳᠤ ᠣᠷᠣᠯᠴᠠᠬᠤ | ᠳᠠᠭᠠᠨ ᠠᠵᠤ ᠠᠬᠤᠢ ᠶᠢᠨ ᠴᠢᠨᠠᠷᠯᠢᠭ ᠬᠦᠭᠵᠢᠯᠳᠡ ᠢ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ | ᠢᠨᠵᠧᠨᠧᠷᠢᠩ ᠢ ᠠᠬᠢᠭᠤᠯᠬᠤ᠂ ᠦᠨᠳᠦᠰᠦᠳᠠᠨ ᠤ ᠪᠦᠯᠬᠦᠮᠳᠡᠯ ᠪᠠ ᠬᠢᠯᠢ ᠬᠢᠵᠠᠭᠠᠷ ᠤᠨ ᠳᠣᠭᠳᠠᠭᠤᠨ ᠤ ᠠᠵᠢᠯ ᠪᠠᠳᠣᠳᠠᠢ | ᠠᠬᠢᠭᠤᠯᠬᠤ ᠬᠡᠷᠡᠭᠳᠡᠢ ᠭᠡᠵᠦ ᠵᠢᠭᠠᠪᠠ᠃ | 6. ︽ᠬᠤᠶᠠᠷ ᠲᠣᠮᠣ ᠠᠰᠠᠭᠤᠳᠠᠯ︾ ᠢ ᠴᠡᠭᠴᠡᠯᠡᠬᠦ᠄ ᠲᠥᠪ ᠤᠨ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ | ᠳᠣᠰᠬᠠᠭᠰᠠᠨ ᠠᠰᠠᠭᠤᠳᠠᠯ ᠪᠠ ᠦᠷ᠎ᠡ ᠪᠦᠳᠦᠮᠵᠢ ᠳᠤ ᠬᠢᠨᠠᠨ ᠳᠣᠭᠲᠠᠭᠠᠯᠳᠠ ᠬᠢᠬᠦ ᠦᠶᠡᠰ ᠳᠤᠷᠠᠳᠣᠨ ᠭᠠᠷᠭᠠᠭᠰᠠᠨ | ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠵᠢᠭᠠᠵᠤ ᠪᠤᠢ᠃ | 7. ︽ᠠᠷᠪᠠᠨ ᠵᠤᠷᠪᠤᠰ ᠢ ᠰᠢᠢᠳᠪᠦᠷᠢᠯᠡᠨ ᠪᠠᠷᠢᠮᠵᠢᠶᠠᠨ ᠳᠤ ᠬᠦᠷᠭᠡᠬᠦ︾ ᠠᠵᠢᠯᠯᠠᠭ᠎ᠠ᠄ ᠶᠠᠳᠠᠭᠤ ᠠᠴᠠ ᠠᠩᠬᠢᠵᠢᠷᠠᠭᠤᠯᠬᠤ | ᠲᠥᠷᠥ ᠶᠢᠨ ᠪᠤᠳᠣᠯᠭ᠎ᠠ ᠶᠢ ᠡᠷᠦᠭᠡ ᠳᠤ ᠨᠠᠶᠢᠳᠠᠪᠤᠷᠢᠵᠢᠭᠤᠯᠤᠭᠠᠳᠣᠢ ᠪᠤᠶᠤ ᠵᠦᠢ ᠵᠤᠬᠢᠰᠲᠠᠢ ᠨᠠᠶᠢᠳᠠᠪᠤᠷᠢᠵᠢᠭᠤᠯᠤᠭᠰᠠᠨ | ᠦᠭᠡᠢ ᠪᠠᠶᠢᠳᠠᠯ ᠢ ᠴᠡᠭᠴᠡᠯᠡᠨ ᠰᠢᠢᠳᠪᠦᠷᠢᠯᠡᠬᠦ︔ ᠬᠦᠳᠡᠯᠮᠤᠷᠢ ᠬᠦᠴᠦ ᠲᠠᠢ ᠶᠠᠳᠠᠭᠤ ᠬᠦᠴᠢᠷᠲᠡᠢ ᠡᠷᠦᠬᠡ ᠳᠤ ᠠᠵᠣ | ᠦᠢᠯᠡᠰ ᠢᠶᠠᠷ ᠲᠡᠳᠬᠦᠨ ᠳᠡᠮᠵᠢᠬᠦ ᠲᠥᠷᠥᠯ ᠵᠦᠢᠯ ᠢ ᠨᠠᠶᠢᠳᠠᠪᠤᠷᠢᠵᠢᠭᠤᠯᠤᠭᠠᠳᠣᠢ ᠪᠠ ᠬᠦᠳᠡᠯᠮᠤᠷᠢ ᠬᠦᠴᠦ ᠦᠭᠡᠢ ᠶᠠᠳᠠᠭᠤ | ᠬᠦᠴᠢᠷᠲᠡᠢ ᠡᠷᠦᠬᠡ ᠳᠤ ᠨᠡᠶᠢᠭᠡᠮ ᠤᠨ ᠪᠠᠳᠣᠯᠠᠭ᠎ᠠ ᠶᠢ ᠪᠥᠷᠭᠦᠭᠦᠯᠬᠦ ᠲᠥᠷᠥ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ | ᠦᠭᠡᠢ ᠪᠠᠶᠢᠳᠠᠯ ᠢ ᠰᠢᠢᠳᠪᠦᠷᠢᠯᠡᠬᠦ︔ ᠶᠠᠳᠠᠭᠤ ᠬᠦᠴᠢᠷᠲᠡᠢ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ | ᠬᠦᠭᠵᠢᠭᠦᠯᠵᠦ᠂ ᠬᠠᠮᠳᠣ ᠶᠢᠨ ᠠᠵᠤ ᠠᠬᠤᠢ ᠶᠢᠨ ᠬᠦᠭᠵᠢᠯᠳᠡ ᠪᠠᠷ ᠠᠨᠠᠢ ᠪᠠᠶᠢᠭ᠎ᠠ ᠭᠠᠴᠠᠭ᠎ᠠ ᠳᠣᠰᠬᠤᠨ ᠢ ᠬᠦᠭᠵᠢᠭᠦᠯᠬᠦ︔ | ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠢ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ | ᠰᠢᠨᠡᠳᠬᠡᠬᠦ︔ ᠶᠠᠳᠠᠭᠤ ᠬᠦᠴᠢᠷᠳᠡᠢ ᠭᠠᠴᠠᠭ᠎ᠠ ᠲᠤᠰᠬᠤᠨ ᠳᠤ ᠴᠠᠬᠢᠯᠭᠠᠨ ᠨᠡᠪᠳᠡᠷᠡᠬᠡᠳᠦᠢ ᠪᠤᠶᠤ ᠶᠠᠳᠠᠭᠤ ᠡᠷᠦᠬᠡ ᠶᠢᠨ | ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠤᠷᠢᠯᠡᠬᠦ︔ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠲᠡᠢ ᠡᠷᠦᠭᠡ ᠶᠢ | ᠳᠣᠬᠢᠲᠠᠢ ᠭᠠᠵᠠᠷ ᠨᠡᠭᠦᠯᠭᠡᠨ ᠰᠢᠯᠵᠢᠭᠦᠯᠬᠦ︔ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠠᠪᠴᠠᠩ ᠤᠨ ᠳᠤᠭ᠎ᠠ | ᠪᠠᠷᠢᠮᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠪᠠᠷᠢᠮᠵᠢᠶᠠᠨ ᠳᠤ ᠬᠦᠷᠭᠡᠬᠦ︔ ᠶᠠᠳᠠᠭᠤ ᠬᠦᠴᠢᠷᠳᠡᠢ ᠬᠦᠮᠦᠨ ᠠᠮᠠ ᠶᠢᠨ | ᠦᠨᠳᠦᠰᠦᠨ ᠡᠮ ᠡᠮᠨᠡᠯᠭᠡ ᠶᠢᠨ ᠱᠠᠭᠠᠷᠳᠠᠯᠭ᠎ᠠ ᠶᠢ ᠪᠠᠳᠣᠯᠠᠵᠤ᠂ ᠰᠣᠮᠣ ᠪᠠᠯᠭᠠᠰᠣ᠂ ᠭᠠᠴᠠᠭ᠎ᠠ ᠳᠣᠰᠬᠤᠨ ᠤ ᠬᠤᠶᠠᠷ | ᠱᠠᠳᠣᠨ ᠤ ᠡᠷᠡᠭᠦᠯ ᠬᠠᠮᠠᠭᠠᠯᠠᠯ ᠤᠨ ᠬᠤᠷᠢᠶᠠᠨ ︵ᠳᠠᠰᠤᠭ︶ ᠤ ᠲᠦᠭᠦᠭᠡᠷᠦᠮᠵᠢ᠂ ᠠᠵᠢᠯᠳᠠᠨ᠂ ᠡᠮ ᠤᠨ ᠵᠦᠢᠯᠡᠰ ᠢ | ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠪᠠᠷᠢᠮᠵᠢᠶᠠᠨ ᠳᠤ ᠬᠦᠷᠭᠡᠬᠦ︔ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ | ᠬᠦᠴᠢᠷᠲᠡᠢ ᠡᠷᠦᠭᠡ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠬᠦ︔ ᠠᠯᠪᠠᠨ ᠵᠢᠷᠤᠮ ᠤᠨ ᠰᠤᠷᠭᠠᠨ | ᠬᠦᠮᠦᠵᠢᠯ ᠢ ᠬᠦᠷᠳᠡᠭᠡᠬᠦ ᠨᠦᠬᠦᠴᠡᠯ ᠠᠨᠠᠢ ᠪᠠᠶᠢᠭ᠎ᠠ ᠰᠣᠷᠭᠠᠭᠤᠯᠢ ᠶᠢ ᠴᠡᠭᠴᠡᠯᠡᠨ᠂ ᠳᠠᠩᠰᠠ ᠡᠪᠬᠡᠮᠡᠯ ᠪᠠᠶᠢᠭᠤᠯᠤᠭᠰᠠᠨ | ᠶᠠᠳᠠᠭᠤ ᠬᠦᠴᠢᠷᠲᠡᠢ ᠡᠷᠦᠭᠡ ᠶᠢᠨ ᠦᠷ᠎ᠡ ᠬᠡᠤᠭᠡᠳ ᠤᠨ ᠰᠤᠷᠤᠯᠭ᠎ᠠ ᠪᠠᠨ ᠲᠣᠷᠭᠤᠨ ᠵᠤᠭᠰᠣᠭᠠᠵᠤ ᠪᠠᠶᠢᠭ᠎ᠠ ᠪᠠᠶᠢᠳᠠᠯ ᠢ | ᠡᠷᠴᠢᠮᠲᠠᠢ ᠡᠵᠡᠮᠳᠡᠨ᠂ ᠪᠦᠷᠢᠨ ᠲᠡᠭᠦᠰ ᠬᠦᠮᠦᠵᠢᠯ ᠬᠦᠷᠲᠡᠬᠦ ᠶᠢ ᠪᠠᠳᠣᠯᠠᠬᠤ ᠶᠢ ᠵᠢᠭᠠᠵᠤ ᠪᠤᠢ᠃ | 8. ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠣᠭ᠎ᠠ᠄ 2015 ᠣᠨ ᠤ 12 ᠰᠠᠷ᠎ᠠ ᠳᠤ ᠪᠠᠶᠢᠭᠤᠯᠤᠭᠳᠠᠵᠤ᠂ | ᠭᠤᠤᠯᠳᠠᠭᠤ ᠮᠠᠨ ᠤ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ | ᠦᠢᠯᠡᠰ ᠤᠨ ᠪᠠᠶᠢᠭᠤᠯᠭ᠎ᠠ ᠨᠢᠭᠡᠴᠡ ᠶᠢᠨ ᠠᠵᠢᠯᠳᠠᠨ ᠪᠠ ᠮᠠᠯᠴᠢᠨ ᠲᠥᠮᠡᠨ ᠢᠶᠠᠷ ᠪᠦᠷᠢᠯᠳᠦᠭᠰᠡᠨ ᠬᠠᠶᠢᠷ᠎ᠠ ᠬᠠᠯᠠᠮᠵᠢ ᠶᠢᠨ | ᠬᠤᠯᠪᠣᠭ᠎ᠠ ᠪᠤᠯᠤᠨ᠎ᠠ᠃ ᠪᠠᠶᠢᠭᠤᠯᠤᠭᠳᠠᠭᠰᠠᠨ ᠠᠩᠬᠠᠨ ᠤ ᠬᠤᠭᠤᠴᠠᠭᠠᠨ ᠳᠤ᠂ 22 ᠭᠡᠰᠢᠭᠦᠨ ᠲᠠᠢ ᠪᠠᠶᠢᠭᠰᠠᠨ ᠠᠴᠠ ᠣᠳᠣ | ᠨᠢᠭᠡᠨᠳᠡ 55 ᠭᠡᠰᠢᠭᠦᠨ ᠲᠠᠢ ᠪᠣᠯᠪᠠ᠃ ᠲᠤᠰ ᠬᠤᠯᠪᠣᠭ᠎ᠠ ᠨᠢ ᠠᠮᠢ ᠠᠬᠤᠢ ᠣᠷᠴᠢᠨ ᠳᠣᠭᠤᠷᠢᠨ ᠢ ᠬᠠᠮᠠᠭᠠᠯᠠᠬᠤ᠂ | ᠪᠠᠭᠤᠷᠠᠶᠢᠴᠤᠳ ᠢ ᠬᠠᠯᠠᠮᠵᠢᠯᠠᠬᠤ᠂ ᠠᠬᠠᠮᠠᠳ ᠢᠶᠠᠨ ᠬᠦᠨᠳᠦᠳᠬᠡᠨ ᠨᠢᠯᠬᠠᠰ ᠢᠶᠠᠨ ᠬᠠᠶᠢᠷᠠᠯᠠᠬᠤ᠂ ᠦᠨᠳᠦᠰᠦᠳᠠᠨ ᠤ ᠰᠣᠶᠣᠯ | ᠪᠤᠯᠪᠠᠰᠣᠨ ᠢ ᠬᠦᠭᠵᠢᠭᠦᠯᠦᠨ ᠮᠠᠨᠳᠣᠭᠤᠯᠬᠤ ᠪᠠᠷ ᠭᠤᠣᠯ ᠵᠣᠷᠢᠯᠭ᠎ᠠ ᠪᠣᠯᠭᠠᠭᠰᠠᠨ ᠶᠤᠮ᠃ ᠣᠳᠣᠬᠠᠨ ᠪᠣᠯᠳᠠᠯ᠎ᠠ᠂ | ᠪᠡᠯᠴᠢᠭᠡᠷ ᠢ ᠨᠤᠭᠤᠭᠠᠷᠠᠭᠤᠯᠬᠤ᠂ ᠬᠠᠶᠢᠷ᠎ᠠ ᠬᠠᠯᠠᠮᠵᠢ ᠬᠦᠷᠳᠡᠭᠡᠬᠦ ᠵᠡᠷᠭᠡ 50 ᠭᠠᠷᠣᠢ ᠤᠳᠠᠭᠠᠨ ᠤ ᠪᠣᠶᠠᠨ ᠤ ᠦᠢᠯᠡᠰ ᠤᠨ | ᠠᠵᠢᠯᠯᠠᠭ᠎ᠠ ᠶᠢ ᠦᠷᠨᠢᠭᠦᠯᠵᠦ᠂ 350 ᠭᠠᠷᠤᠢ ᠮᠦ ᠡᠯᠡᠰᠦᠨ ᠭᠠᠵᠠᠷ ᠢ ᠨᠤᠭᠤᠭᠠᠷᠠᠭᠤᠯᠪᠠ᠃ | 9. ︽ᠰᠠᠴᠣᠯᠢ︾ ᠬᠠᠶᠢᠷ᠎ᠠ ᠬᠠᠯᠠᠮᠵᠢ ᠶᠢᠨ ᠨᠡᠶᠢᠭᠡᠮᠯᠢᠭ᠄ 2015 ᠣᠨ ᠤ 11 ᠰᠠᠷ᠎ᠠ ᠳᠤ ᠪᠠᠶᠢᠭᠤᠯᠤᠭᠳᠠᠵᠤ᠂ ᠮᠠᠨ ᠤ | ᠬᠤᠰᠢᠭᠤᠨ ᠤ ᠵᠠᠰᠠᠭ ᠤᠨ ᠤᠷᠳᠣᠨ ᠤ ᠪᠠᠶᠢᠭᠤᠯᠤᠮᠵᠢ᠂ ᠠᠵᠤ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ | ᠨᠢᠭᠡᠴᠡ ᠶᠢᠨ ᠠᠵᠢᠯᠳᠠᠨ ᠢᠶᠠᠷ ᠪᠦᠷᠢᠯᠳᠦᠭᠰᠡᠨ ᠨᠡᠶᠢᠭᠡᠮᠯᠢᠭ ᠪᠤᠯᠤᠨ᠎ᠠ᠃ ︽ᠮᠦᠷᠦ ᠶᠢᠨ ᠬᠦᠴᠦ ᠪᠠᠨ ᠪᠤᠶᠠᠨ ᠤ ᠦᠢᠯᠡᠰ | ᠲᠤ ᠡᠷᠬᠦᠬᠦ︾ ᠵᠤᠷᠢᠯᠳᠠ ᠪᠠᠷ ᠥᠨᠥᠴᠢᠨ ᠥᠷᠦᠭᠡᠰᠦᠨ ᠬᠡᠤᠭᠡᠳ ᠢ ᠬᠠᠯᠠᠮᠵᠢᠯᠠᠬᠤ᠂ ᠬᠦᠴᠢᠷᠳᠡᠢ ᠭᠡᠷ ᠪᠦᠯᠢ ᠶᠢᠨ ᠦᠷ᠎ᠡ | ᠭᠡᠤᠭᠡᠳ ᠤᠨ ᠰᠤᠷᠭᠠᠨ ᠬᠦᠮᠦᠵᠢᠯ ᠢ ᠲᠡᠳᠬᠦᠬᠦ᠂ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ ᠬᠦᠷᠳᠡᠭᠡᠵᠦ᠂ ᠵᠦᠪ ᠡᠨᠧᠷᠭᠢ | ᠳᠠᠮᠵᠢᠭᠤᠯᠬᠤ ᠪᠠᠷ ᠭᠤᠣᠯ ᠠᠵᠢᠯ ᠢᠶᠠᠨ ᠪᠤᠯᠭᠠᠭᠰᠠᠨ ᠶᠤᠮ᠃ ᠣᠳᠣ ᠨᠢᠭᠡᠨᠳᠡ 120 ᠭᠡᠰᠢᠭᠦᠨ ᠲᠠᠢ ᠪᠣᠯᠪᠠ᠃ ᠣᠳᠣᠬᠠᠨ | ᠪᠣᠯᠳᠠᠯ᠎ᠠ᠂ ᠭᠡᠰᠢᠭᠦᠳ ᠠᠴᠠ ᠬᠠᠨᠳᠢᠪ ᠡᠷᠭᠦᠭᠦ᠂ ᠨᠡᠶᠢᠭᠡᠮ ᠤᠨ ᠡᠯ᠎ᠡ ᠡᠳᠡᠭᠡᠳ ᠤᠨ ᠬᠢᠨ ᠢ ᠤᠷᠢᠶᠠᠯᠠᠨ ᠳᠠᠶᠢᠴᠢᠯᠠᠬᠤ ᠪᠠᠷ | ᠳᠡᠮᠵᠢᠨ 5.9 ᠲᠥᠮᠡᠨ ᠲᠦᠭᠦᠷᠢᠭ ᠤᠨ ᠬᠠᠨᠳᠢᠪ ᠤᠨ ᠮᠦᠩᠬᠦ ᠬᠤᠷᠠᠮᠳᠣᠭᠤᠯᠤᠨ᠂ ᠡᠪᠡᠳᠴᠢᠨ ᠠᠷᠬᠠᠭ ᠲᠤ ᠨᠡᠷᠪᠡᠭᠳᠡᠭᠰᠡᠨ | ᠪᠣᠶᠣ ᠶᠠᠳᠠᠭᠤ ᠬᠦᠴᠢᠷᠳᠡᠢ 50 ᠭᠠᠷᠣᠢ ᠬᠡᠣᠭᠡᠳ ᠪᠠᠭᠠᠴᠣᠳ ᠢ ᠬᠠᠯᠠᠮᠵᠢᠯᠠᠨ ᠳᠣᠰᠠᠯᠠᠵᠤ᠂ ᠳᠣᠮᠳᠠᠳᠣ ᠶᠢᠨ ︽ᠨᠢᠭᠡ | ᠮᠦᠩᠬᠦᠨ ᠤ ᠨᠡᠶᠢᠭᠡᠮᠯᠢᠭ︾᠂ ᠥᠪᠦᠷ ᠮᠤᠩᠭᠤᠯ ᠤᠨ ︽ᠲᠦᠬᠡᠮᠡᠯ ᠬᠠᠶᠢᠷ᠎ᠠ ᠶᠢᠨ ᠬᠠᠯᠠᠮᠵᠢ︾ ᠨᠡᠶᠢᠬᠡᠮᠯᠢᠭ᠂ ᠮᠠᠨ ᠤ | ᠬᠤᠰᠢᠭᠤᠨ ᠤ ᠣᠯᠠᠨ ᠠᠷᠪᠢᠨ ᠠᠵᠤ ᠠᠬᠤᠶᠢᠯᠠᠯ ᠪᠠ ᠨᠡᠶᠢᠭᠡᠮᠯᠢᠭ ᠲᠠᠢ ᠬᠠᠮᠳᠣᠷᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ | ᠦᠷᠨᠢᠭᠦᠯᠵᠦ᠂ ᠥᠪᠦᠷ ᠮᠤᠩᠭᠤᠯ ᠤᠨ ᠲᠥᠷᠪᠡᠨ ᠠᠶᠢᠮᠠᠭ ᠤᠨ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ | ᠬᠤᠰᠢᠭᠤ ᠰᠢᠶᠠᠨ ᠤ 17 ᠰᠣᠷᠭᠠᠭᠤᠯᠢ ᠳᠤ ︽ᠬᠠᠯᠠᠮᠵᠢ ᠶᠢᠨ ᠪᠤᠭᠴᠤ︾ ᠬᠦᠷᠬᠡᠬᠦ ᠠᠵᠢᠯᠯᠠᠭ᠎ᠠ ᠦᠷᠨᠢᠭᠦᠯᠵᠦ᠂ ᠨᠡᠶᠢᠳᠡ | 1400 ᠬᠠᠯᠠᠮᠵᠢ ᠶᠢᠨ ᠪᠤᠭᠴᠤ ᠬᠠᠨᠳᠢᠪᠯᠡᠪᠡ᠃ | 10. ︽ᠡᠩ ᠦᠬᠡᠢ ᠪᠠᠶᠢᠭᠠᠯᠢ︾ ᠨᠤᠭᠤᠭᠠᠷᠠᠭᠤᠯᠬᠤ ᠪᠦᠯᠭᠦᠮ᠄ ᠡᠨᠡ ᠨᠢ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠠᠵᠢᠯᠳᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠵᠤ | ᠠᠬᠤᠶᠢᠯᠠᠯ ᠤᠨ ᠡᠵᠡᠩᠨᠡᠯᠳᠡᠨ᠂ ᠰᠣᠶᠣᠯ ᠵᠠᠭᠤᠴᠢᠯᠠᠭᠤᠷ ᠬᠢᠨ ᠤ᠂ ᠶᠡᠭᠡ ᠳᠡᠭᠡᠳᠦ ᠰᠣᠷᠭᠠᠭᠤᠯᠢ ᠶᠢᠨ ᠪᠠᠭᠰᠢ ᠰᠣᠷᠣᠭᠴᠢ᠂ | ᠭᠠᠳᠠᠭᠠᠳᠣ ᠶᠢᠨ ᠢᠷᠭᠡᠨ ᠢᠶᠠᠷ ᠪᠦᠷᠢᠯᠳᠦᠭᠰᠡᠨ ᠪᠦᠯᠬᠦᠮ ᠪᠤᠯᠤᠨ᠎ᠠ᠃ 2018 ᠣᠨ ᠤ 8 ᠰᠠᠷ᠎ᠠ ᠳᠤ ᠮᠠᠨ ᠤ | ᠬᠤᠰᠢᠭᠤᠨ ᠳᠤ ︽ᠡᠩ ᠦᠬᠡᠢ ᠪᠠᠶᠢᠭᠠᠯᠢ ᠨᠤᠭᠤᠭᠠᠷᠠᠭᠤᠯᠬᠤ ᠪᠦᠯᠬᠦᠮ ᠤᠨ ︿ᠰᠠᠶᠢᠨ ᠳᠣᠷᠠᠴᠢᠳ ᠤᠨ ᠥᠷᠥᠭᠡ﹀︾ ᠶᠢᠨ | ᠫᠠᠶᠢᠰᠠ ᠡᠯᠬᠦᠬᠦ ᠶᠤᠰᠤᠯᠠᠯ ᠢ ᠦᠷᠨᠢᠭᠦᠯᠪᠡ᠃ ᠣᠳᠣᠬᠠᠨ ᠪᠣᠯᠬᠤ ᠳᠤ᠂ ᠪᠤᠱᠣᠣᠳᠠᠢ ᠰᠣᠮᠣᠨ ᠳᠤ 1.2 ᠲᠥᠮᠡᠨ ᠰᠠᠭᠤᠷᠢ | ᠮᠤᠳᠣ ᠲᠠᠷᠢᠪᠠ᠃ | 11.ᠲᠥᠷᠪᠡᠨ ᠤᠬᠠᠮᠰᠠᠷ᠄ ᠣᠯᠣᠰ ᠲᠥᠷᠥ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠣᠯ ᠴᠤᠭᠴᠠ ᠶᠢᠨ | ᠤᠬᠠᠮᠰᠠᠷ᠂ ᠳᠠᠭᠤᠷᠢᠶᠠᠯ ᠪᠣᠯᠬᠤ ᠤᠬᠠᠮᠰᠠᠷ᠃ | 12. ᠲᠥᠷᠪᠡᠨ ᠢᠲᠡᠭᠡᠯ᠄ ᠱᠣᠭᠤᠮ ᠴᠢᠭᠯᠡᠯᠳᠡ ᠶᠢᠨ ᠢᠲᠡᠭᠡᠯ᠂ ᠣᠨᠣᠯ ᠤᠨ ᠢᠲᠡᠭᠡᠯ᠂ ᠲᠥᠷᠢᠮ ᠤᠨ ᠢᠲᠡᠭᠡᠯ᠂ | ᠰᠣᠶᠣᠯ ᠤᠨ ᠢᠲᠡᠭᠡᠯ᠃ | 13. ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ | ᠲᠥᠪ ᠪᠣᠯᠬᠤ ᠪᠠᠶᠢᠷᠢ ᠰᠠᠭᠤᠷᠢ ᠶᠢ ᠬᠠᠮᠠᠭᠠᠯᠠᠬᠤ ᠪᠠ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ | ᠨᠢᠭᠡᠳᠣᠯᠳᠠᠢ ᠤᠳᠤᠷᠢᠳᠤᠯᠭ᠎ᠠ ᠶᠢ ᠬᠠᠮᠠᠭᠠᠯᠠᠬᠤ᠃ | ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠠᠪᠠ | | | | |