2019 ᠣᠨ ᠤ ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2019/3/21
          ᠵᠠᠰᠠᠭ ᠤᠨ ᠣᠷᠳᠣᠨ ᠤ ᠠᠵᠢᠯ ᠤᠨ ᠢᠯᠡᠳᠬᠡᠯ                                                — 2019 ᠣᠨ ᠤ 3 ᠰᠠᠷ᠎ᠠ ᠶᠢᠨ 21 ᠤ ᠡᠳᠦᠷ ᠤᠨ ᠰᠢᠯᠤᠭᠤᠨ ᠬᠦᠬᠡ ᠬᠤᠰᠢᠭᠤᠨ ᠤ ᠠᠷᠪᠠᠨ ᠲᠠᠪᠤᠳᠣᠭᠠᠷ  ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠳᠡᠭᠡᠷ᠎ᠡ     ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ   ᠪᠤᠶᠠᠨᠳᠣᠲᠥᠯᠥᠭᠡᠯᠡᠭᠴᠢᠳ ᠡ᠄      ᠣᠳᠣ ᠪᠢ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠲᠠ ᠪᠦᠬᠦᠨ ᠬᠢᠨᠠᠨ ᠵᠥᠪᠯᠡᠬᠦ ᠪᠣᠯᠪᠠᠣ᠂ ᠣᠯᠣᠰ ᠲᠥᠷᠥ ᠶᠢᠨ ᠵᠥᠪᠯᠡᠯᠭᠡᠨ ᠤ ᠬᠡᠰᠢᠭᠦᠳ ᠪᠠ ᠬᠤᠷᠠᠯ ᠳᠤ ᠰᠣᠯᠠ ᠣᠷᠣᠯᠴᠠᠭᠰᠠᠳ ᠠᠴᠠ ᠰᠠᠨᠠᠯ ᠢᠶᠠᠨ ᠳᠣᠷᠠᠳᠬᠤ ᠶᠢ ᠬᠦᠰᠡᠵᠦ ᠪᠠᠶᠢᠨ᠎ᠠ᠃      ᠨᠢᠭᠡ᠂ 2018 ᠣᠨ ᠤ ᠠᠵᠢᠯ ᠤᠨ ᠡᠷᠬᠢᠴᠡᠭᠦᠯᠦᠯ ᠰᠢᠯᠢᠳᠡᠭᠵᠢᠪᠡ ᠬᠦᠢᠴᠡᠳᠭᠡᠯ      ᠥᠩᠭᠡᠷᠡᠭᠰᠡᠨ ᠨᠢᠭᠡ ᠵᠢᠯ ᠳᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠦ ᠴᠢᠩᠭ᠎ᠠ ᠣᠳᠣᠷᠢᠳᠣᠯᠭ᠎ᠠ ᠵᠢᠴᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠣᠰ ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠪᠦᠬᠦ ᠬᠤᠰᠢᠭᠤᠨ ᠤ ᠺᠠᠳ᠋ᠷ ᠣᠯᠠᠨ ᠲᠥᠮᠡᠨ ᠢ ᠪᠦᠯᠬᠦᠮᠳᠡᠭᠦᠯᠦᠨ ᠳᠠᠶᠢᠴᠢᠯᠠᠵᠤ᠂ ᠬᠦᠴᠢᠷ ᠢ ᠰᠦᠷᠦᠨ ᠵᠤᠷᠢᠭᠳᠠᠢ ᠣᠷᠣᠭᠰᠢᠯᠠᠨ᠂ ᠤᠯᠠᠨ ᠲᠥᠮᠡᠨ ᠤ ᠣᠶᠣᠨ ᠤᠬᠠᠭᠠᠨ ᠡᠷᠴᠢ ᠵᠣᠷᠢᠭ ᠢ ᠬᠦᠪᠴᠢᠯᠡᠨ᠂ ᠰᠢᠷᠭᠠᠭᠤ ᠲᠡᠮᠡᠴᠡᠨ᠂ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠳᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠵᠢᠯ ᠤᠨ ᠭᠤᠤᠯᠳᠠᠯᠭ᠎ᠠ ᠲᠠᠢ ᠬᠠᠷᠠᠯᠲᠠ ᠡᠭᠦᠷᠭᠡ ᠪᠠᠨ ᠨᠡᠯᠢᠶᠡᠳ ᠠᠮᠵᠢᠯᠲᠠ ᠲᠠᠢ ᠪᠡᠶᠡᠯᠡᠭᠦᠯᠪᠡ᠃ᠥᠩᠭᠡᠷᠡᠭᠰᠡᠨ ᠨᠢᠭᠡ ᠵᠢᠯ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠥᠷᠳᠡᠭ 5.1% ᠢᠶᠠᠷ ᠨᠡᠮᠡᠭᠳᠡᠨ᠂ ᠡᠩ ᠤᠨ ᠣᠯᠠᠨ ᠨᠡᠶᠢᠳᠡ ᠶᠢᠨ ᠲᠥᠰᠥᠪ ᠤᠨ ᠣᠷᠣᠯᠭ᠎ᠠ ᠨᠢ 3.98 ᠳ᠋ᠦᠩᠰᠢᠭᠤᠷ ᠲᠥᠭᠦᠷᠢᠭ᠂ ᠳᠣᠭᠳᠠᠮᠠᠯ ᠬᠥᠷᠥᠩᠭᠡ ᠶᠢᠨ ᠪᠡᠯᠡ ᠣᠷᠣᠭᠤᠯᠣᠯᠳᠠ 15 ᠳ᠋ᠦᠩᠰᠢᠭᠤᠷ ᠲᠦᠭᠦᠷᠢᠭ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠳᠡᠭ ᠨᠢ 16 ᠳ᠋ᠦᠩᠰᠢᠭᠤᠷ ᠲᠥᠭᠦᠷᠢᠭ ᠢ ᠪᠡᠶᠡᠯᠡᠭᠦᠯᠦᠨ᠂ ᠬᠤᠳᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠣᠷᠣᠯᠭ᠎ᠠ ᠨᠢ ᠲᠤᠰᠪᠤᠷᠢ 37462 ᠲᠦᠭᠦᠷᠢᠭ ᠪᠠ 17597 ᠲᠦᠭᠦᠷᠢᠭ ᠲᠤ ᠬᠦᠷᠴᠦ᠂ 7% ᠪᠠ 10% ᠪᠠᠷ ᠥᠰᠴᠠᠢ᠃      ᠥᠩᠭᠡᠷᠡᠭᠰᠡᠨ ᠨᠢᠭᠡ ᠵᠢᠯ ᠳᠤ᠂ ᠪᠢᠳᠡ ᠳᠣᠣᠷᠠᠬᠢ ᠠᠵᠢᠯ ᠤᠳ ᠢ ᠭᠤᠤᠯᠯᠠᠨ ᠬᠦᠢᠴᠡᠳᠬᠡᠪᠡ᠃       ︵ᠨᠢᠭᠡ︶ ᠬᠦᠴᠦᠨ ᠴᠢᠳᠠᠯ ᠢᠶᠠᠨ ᠬᠠᠮᠳᠣᠳᠬᠠᠨ ︽ᠭᠤᠷᠪᠠᠨ ᠲᠣᠮᠣ ᠰᠢᠪᠳᠣᠯᠣᠯᠳᠠ ᠶᠢᠨ ᠢᠨᠵᠧᠨᠧᠷᠢᠩ︾ ᠢ ᠰᠠᠶᠢᠳᠣᠷ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠪᠠᠲᠦ ᠴᠢᠩᠭ᠎ᠠ ᠪᠠᠳᠣᠯᠠᠭ᠎ᠠ ᠬᠠᠩᠭᠠᠪᠠ᠃ ᠵᠠᠰᠠᠭ ᠤᠨ ᠤᠷᠳᠤᠨ ᠤ ᠦᠷᠢ ᠰᠢᠷᠢ ᠶᠢᠨ ᠠᠵᠢᠯᠯᠠᠭ᠎ᠠ ᠶᠢ ᠲᠦᠷᠢᠮᠵᠢᠬᠦᠯᠵᠦ᠂ ᠵᠠᠰᠠᠭ ᠤᠨ ᠤᠷᠳᠤᠨ ᠤ ᠦᠷᠢ ᠰᠢᠷᠢ ᠶᠢ ᠲᠦᠰᠦᠪ ᠤᠨ ᠬᠠᠮᠢᠶᠠᠷᠤᠯᠳᠠ ᠳᠤ ᠤᠷᠤᠭᠤᠯᠤᠨ᠂ ᠵᠠᠰᠠᠭ ᠤᠨ ᠤᠷᠳᠤᠨ ᠤ ᠴᠢᠨᠡᠷᠳᠡᠢ ᠦᠷᠢ ᠰᠢᠷᠢ ᠶᠢ ᠴᠡᠭᠴᠡᠯᠡᠬᠦ ᠠᠵᠢᠯ  ᠤᠨ ᠲᠦᠰᠦᠪ ᠢ ᠨᠢᠮᠪᠠᠢ ᠨᠠᠶᠢᠳᠠᠪᠤᠷᠢᠵᠢᠭᠤᠯᠵᠦ᠂ ᠪᠦᠬᠦ ᠵᠢᠯ ᠳᠤ 4.75 ᠳ᠋ᠦᠩᠰᠢᠭᠤᠷ ᠲᠦᠬᠦᠷᠢᠭ ᠤᠨ ᠵᠠᠰᠠᠭ ᠤᠨ ᠤᠷᠳᠤᠨ ᠤ ᠴᠢᠨᠡᠷᠳᠡᠢ ᠦᠷᠢ ᠰᠢᠷᠢ ᠶᠢ ᠪᠦᠭᠯᠡᠵᠦ᠂ ᠡᠬᠦᠷᠬᠡ ᠪᠠᠨ 115% ᠪᠠᠷ ᠪᠡᠶᠡᠯᠡᠬᠦᠯᠵᠡᠢ᠂ ᠡᠬᠦᠨ ᠳᠤ ︽ᠠᠷᠪᠠ  ᠶᠢ ᠪᠦᠷᠬᠦᠬᠦᠯᠬᠦ︾ ᠵᠢᠴᠢ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠭᠰᠠᠨ ᠢᠨᠵᠧᠨᠧᠷᠢᠩ ᠤᠨ 1.56 ᠳ᠋ᠦᠩᠰᠢᠭᠤᠷ ᠲᠦᠬᠦᠷᠢᠭ ᠤᠨ ᠦᠯᠡᠳᠡᠭᠳᠡᠯ ᠦᠷᠢ ᠶᠢ ᠪᠦᠬᠦᠨ ᠢ ᠰᠢᠢᠳᠪᠤᠷᠢᠯᠡᠪᠡ᠃ ᠦᠷᠢ ᠰᠢᠷᠢ ᠶᠢ ᠢᠳᠡᠪᠬᠢᠳᠡᠢ ᠪᠦᠭᠯᠡᠭᠰᠡᠨ ᠪᠤᠯᠬᠤᠷ ᠦᠪᠡᠷᠳᠡᠬᠡᠨ ᠵᠠᠰᠠᠬᠤ ᠤᠷᠤᠨ ᠠᠴᠠ 5500 ᠲᠦᠮᠡᠨ ᠲᠦᠬᠦᠷᠢᠭ ᠤᠨ ᠱᠠᠩᠨᠠᠯ ᠤᠨ ᠮᠦᠩᠬᠦ ᠤᠯᠭᠤᠪᠠ᠃ ᠲᠠᠯᠳᠠ ᠴᠢᠨᠠᠷᠲᠠᠢ ᠦᠷᠢ ᠶᠢ ᠢᠳᠡᠪᠬᠢᠳᠡᠢ ᠢᠯᠭᠠᠨ ᠲᠤᠳᠤᠯᠠᠵᠦ᠂ ᠵᠠᠰᠠᠭ ᠤᠨ ᠤᠷᠳᠤᠨ ᠤ ᠲᠠᠯᠳᠠ ᠴᠢᠨᠠᠷᠲᠠᠢ ᠦᠷᠢ ᠶᠢ ᠪᠦᠭᠯᠡᠬᠦ ᠠᠵᠢᠯ ᠤᠨ ᠲᠦᠰᠦᠪ ᠢ ᠲᠤᠭᠳᠠᠭᠠᠪᠠ᠃ ᠵᠠᠰᠠᠭ ᠤᠨ ᠤᠷᠳᠤᠨ ᠠᠴᠠ ᠦᠷᠢ ᠭᠠᠷᠭᠠᠬᠤ ᠶᠢ ᠴᠢᠩᠭ᠎ᠠ ᠬᠢᠵᠠᠭᠠᠷᠯᠠᠵᠤ᠂ ᠦᠷᠢ ᠰᠢᠷᠢ ᠶᠢᠨ ᠨᠡᠮᠡᠭᠳᠡᠯ ᠢ ᠪᠦᠳᠦᠮᠵᠢᠳᠠᠢ ᠬᠤᠷᠢᠭᠯᠠᠵᠦ ᠴᠢᠳᠠᠪᠠ᠃ ᠬᠦᠳᠡᠭᠡ ᠲᠤᠰᠬᠤᠨ ᠤ ᠠᠷᠠᠳ ᠤᠨ ᠬᠤᠭᠤᠷᠤᠨᠳᠤᠬᠢ ᠵᠢᠬᠡᠯᠡᠯᠬᠡ ᠶᠢᠨ ᠲᠦᠭᠰᠢᠬᠦᠷᠢ ᠶᠢ ᠠᠷᠢᠯᠭᠠᠵᠦ᠂ ᠵᠢᠬᠡᠯᠡᠯᠬᠡ ᠠᠪᠤᠭᠰᠠᠨ ᠡᠷᠦᠬᠡ ᠶᠢᠨ ᠲᠤᠭ᠎ᠠ ᠪᠠ ᠵᠢᠬᠡᠯᠡᠯᠬᠡ  ᠶᠢᠨ ᠮᠦᠩᠬᠦᠨ ᠤ ᠲᠤᠭ᠎ᠠ ᠨᠢ ᠲᠤᠰᠪᠤᠷᠢ 70% ᠪᠠ 69% ᠪᠠᠷ ᠪᠠᠭᠤᠷᠠᠪᠠ᠃ 7 ᠤᠳᠠᠭᠠᠨ ᠤ ᠮᠦᠩᠬᠦᠨ ᠬᠦᠢᠯᠬᠡᠬᠡᠨ  ᠤ ᠬᠠᠤᠯᠢ ᠪᠤᠰᠤ ᠠᠵᠢᠯᠯᠠᠭᠠᠨ ᠳᠤ ᠴᠤᠬᠢᠯᠳᠠ ᠦᠭᠴᠦ᠂ ᠶᠠᠷᠤᠩᠬᠡᠢ ᠵᠤᠭᠤᠰᠤᠨ ᠤ ᠬᠡᠮᠵᠢᠶ᠎ᠠ ᠨᠢ 537 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠠᠵᠢᠯ ᠢ ᠤᠨᠤᠪᠴᠢᠳᠠᠢ ᠪᠦᠬᠡᠳ ᠬᠦᠨᠵᠡᠬᠡᠢ ᠦᠷᠨᠢᠭᠦᠯᠵᠦ᠂ 2018 ᠤᠨ ᠳᠤ ᠶᠠᠳᠠᠭᠤ ᠶᠢ ᠲᠡᠳᠬᠦᠬᠦ ᠡᠯ᠎ᠠ ᠲᠦᠷᠦᠯ ᠤᠨ ᠪᠡᠯᠡ ᠮᠦᠩᠬᠦ ᠨᠡᠶᠢᠳᠡ 3380 ᠲᠦᠮᠡᠨ ᠲᠦᠬᠦᠷᠢᠭ ᠵᠠᠷᠤᠴᠠᠭᠤᠯᠵᠦ᠂ 324 ᠡᠷᠦᠬᠡ ᠶᠢᠨ 743 ᠬᠦᠮᠦᠨ ᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠠᠴᠠ ᠠᠩᠬᠢᠵᠢᠷᠠᠭᠰᠠᠨ ᠬᠦᠮᠦᠨ ᠢ ︽ᠬᠤᠶᠠᠷ ᠵᠦᠢᠯ ᠳᠤ ᠵᠤᠪᠠᠭ᠋ᠤ ᠦᠬᠡᠢ᠂ ᠭᠤᠷᠪᠠ ᠶᠢ ᠪᠠᠳᠤᠯᠠᠵᠦ᠂ ᠨᠢᠬᠡ ᠪᠠᠷᠢᠮᠵᠢᠶ᠎ᠠ ᠠᠴᠠ ᠦᠨᠳᠦᠷ ᠪᠠᠶᠢᠬᠤ︾ ᠬᠠᠷᠠᠯᠳᠠ ᠳᠤ ᠬᠦᠷᠭᠡᠨ᠂ ᠮᠠᠨ ᠤ ᠬᠤᠰᠢᠭᠤ ᠤᠷᠤᠨ ᠤ ᠲᠡᠰ ᠤᠨ ᠶᠠᠳᠠᠭᠤ ᠬᠦᠴᠢᠷᠳᠡᠢ ᠬᠤᠰᠢᠭᠤᠨ  ᠤ ᠮᠠᠯᠠᠭᠠᠢ ᠪᠠᠨ ᠳᠠᠶᠠᠭᠳᠠᠪᠠ᠃ ᠴᠡᠩᠬᠡᠷ ᠤᠭᠳᠠᠷᠭᠤᠢ᠂ ᠴᠡᠪᠡᠷ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠠᠵᠢᠯ ᠢ ᠰᠠᠶᠢᠨ ᠬᠢᠪᠠ᠃ ᠲᠦᠪ ᠠᠴᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠵᠢᠴᠢ ︽ᠳᠠᠬᠢᠨ ᠪᠠᠶᠢᠴᠠᠭᠠᠬᠤ︾ ᠠᠵᠢᠯ᠂ ᠭᠠᠵᠠᠷ ᠰᠢᠷᠦᠢ ᠶᠢᠨ ᠵᠤᠷᠰᠢᠯ ᠪᠠᠶᠢᠴᠠᠭᠠᠯᠳᠠ ᠶᠢᠨ ᠲᠤᠮᠳᠠ ᠢᠯᠡᠷᠡᠬᠦᠯᠦᠭᠰᠡᠨ ᠠᠰᠠᠭᠤᠳᠠᠯ  ᠢ ᠴᠡᠭᠴᠡᠯᠡᠨ ᠦᠬᠡᠷᠡᠴᠢᠯᠡᠬᠦ ᠠᠵᠢᠯ ᠢ ᠰᠠᠶᠢᠳᠦᠷ ᠠᠳᠬᠤᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠦᠷᠢᠶ᠎ᠡ ᠴᠡᠷ᠎ᠡ ᠳᠤ ᠤᠷᠤᠰᠢᠵᠦ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠨ ᠢᠯᠡᠷᠡᠬᠦᠯᠵᠦ ᠴᠡᠭᠴᠡᠯᠡᠨ ᠵᠠᠰᠠᠪᠠ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠶᠢᠨ 6 ᠰᠠᠤᠷᠢ ᠮᠠᠰᠢᠨ ᠴᠤᠭᠴᠠᠯᠠᠪᠤᠷᠢ ᠳᠤ ᠪᠦᠷ ᠲᠤᠤᠷ᠎ᠠ ᠭᠠᠳᠠᠭᠰᠢᠯᠠᠭᠤᠯᠤᠯᠳᠠ ᠶᠢᠨ ᠦᠬᠡᠷᠡᠴᠢᠯᠡᠯᠳᠡ ᠬᠢᠵᠦ᠂ ᠨᠡᠬᠦᠷᠡᠰᠦᠨ ᠰᠢᠳᠠᠭᠠᠯᠭ᠎ᠠ ᠶᠢᠨ ᠵᠢᠵᠢᠭ ᠬᠦᠸᠧᠯᠦ ᠶᠢ 18 ᠰᠠᠤᠷᠢ ᠲᠠᠶᠠᠭᠳᠠᠪᠠ︔ ᠪᠦᠬᠦ ᠬᠤᠰᠢᠭᠤᠨ ᠤ 19 ᠲᠤᠰᠤ ᠨᠡᠮᠡᠬᠦ ᠦᠷᠳᠡᠬᠡᠨ ᠤ 84 ᠭᠠᠵᠠᠷ ᠲᠤᠤᠷᠡᠬᠢ ᠲᠤᠰᠤ ᠬᠠᠳᠠᠭᠠᠯᠠᠬᠤ ᠲᠦᠬᠦᠬᠡᠷᠦᠮᠵᠢ ᠳᠤ ᠲᠤᠰᠤ ᠨᠡᠪᠴᠢᠬᠦ ᠶᠢ ᠰᠡᠷᠬᠡᠶᠢᠯᠡᠬᠦ ᠦᠬᠡᠷᠡᠴᠢᠯᠡᠯᠳᠡ ᠬᠢᠪᠡ᠃ ᠪᠦᠬᠦ ᠬᠤᠰᠢᠭᠤᠨ ᠤ ᠬᠡᠪᠴᠢᠶᠠᠨ ᠳᠤ 17.38 ᠲᠡᠭᠰᠢ ᠲᠦᠷᠪᠡᠯᠵᠢᠨ ᠺᠢᠯᠤᠮᠧᠲᠷ ᠲᠠᠯᠠᠪᠠᠢ ᠪᠦᠬᠦᠢ ᠬᠠᠶᠠᠭᠳᠠᠭᠰᠠᠨ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠰᠡᠷᠬᠦᠬᠡᠨ ᠴᠡᠭᠴᠡᠯᠡᠬᠦ ᠢᠨᠵᠧᠨᠧᠷᠢᠩ ᠤᠨ ᠲᠦᠰᠦᠪ ᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠤ ᠬᠢᠨᠠᠨ ᠵᠦᠪᠯᠡᠬᠦᠯᠬᠦ ᠪᠠᠷ ᠲᠤᠰᠢᠶᠠᠪᠠ᠃ ᠪᠦᠬᠦ ᠬᠤᠰᠢᠭᠤᠨ ᠳᠤ ᠪᠠᠶᠢᠭ᠎ᠠ 22 ᠭᠤᠤᠯ ᠭᠤᠷᠤᠬ᠎ᠠ᠂ 23 ᠨᠠᠭᠤᠷ ᠲᠤ ᠨᠠᠶᠢᠳᠠᠮ ᠤᠨ ᠪᠠᠶᠢᠴᠠᠭᠠᠯᠳᠠ ᠬᠢᠵᠦ᠂ ᠭᠤᠤᠯ ᠨᠠᠭᠤᠷ ᠤᠨ ᠬᠠᠷᠢᠭᠤᠴᠠᠯᠭᠠᠳᠠᠨ ᠤ ᠲᠦᠷᠢᠮ ᠢ ᠬᠡᠷᠡᠭᠵᠢᠬᠦᠯᠪᠡ᠃      ︵ᠬᠤᠶᠠᠷ︶ ᠠᠵᠦ ᠠᠬᠤᠢ ᠶᠢᠨ ᠬᠡᠯᠪᠡᠷᠢ ᠪᠠᠨ ᠬᠤᠪᠢᠷᠠᠭᠠᠨ ᠲᠡᠰ ᠲᠡᠪᠰᠢᠭᠦᠯᠵᠦ᠂ ᠠᠵᠤ ᠠᠬᠤᠢ ᠨᠡᠶᠢᠭᠡᠮ ᠤᠨ ᠬᠦᠭᠵᠯᠳᠡ ᠶᠢ ᠠᠬᠢᠭᠤᠯᠪᠠ᠃ 2018 ᠣᠨ ᠳᠤ᠂ ᠪᠢᠳᠠ ᠠᠵᠦ ᠠᠬᠤᠢ ᠶᠢᠨ ᠤᠯᠠᠨ ᠡᠰᠢᠴᠢᠯᠡᠭᠰᠡᠨ ᠬᠦᠭᠵᠢᠯᠳᠡ᠂ ᠤᠯᠠᠨ ᠲᠤᠯᠭᠠᠭᠤᠷᠢ ᠴᠡᠭ ᠤᠨ ᠤᠳᠤᠬᠢᠴᠢᠯᠠᠭᠰᠠᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠲᠡᠭᠡᠷ᠎ᠡ ᠬᠦᠴᠦᠨ ᠢᠶᠠᠨ ᠲᠥᠪᠯᠡᠷᠡᠭᠦᠯᠦᠨ ᠰᠢᠨ᠎ᠡ ᠪᠤᠳᠣᠯᠭ᠎ᠠ ᠳᠣᠭᠳᠠᠭᠠᠨ ᠰᠢᠨ᠎ᠡ ᠠᠮᠵᠢᠯᠲᠠ ᠣᠯᠪᠠ᠃ ᠣᠳᠣᠬᠢᠴᠢᠯᠠᠭᠰᠠᠨ ᠮᠠᠯ ᠠᠵᠤ ᠠᠬᠤᠢ ᠶᠢ ᠳᠣᠭᠳᠠᠭᠤᠨ ᠬᠦᠭᠵᠢᠭᠦᠯᠵᠦ᠂ ︽ᠬᠤᠨᠢ ᠶᠢ ᠴᠦᠬᠡᠴᠡᠯᠡᠵᠦ᠂ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠮᠵᠢ ᠳᠣᠪᠣᠶᠢᠮ᠎ᠠ ᠪᠠᠶᠢᠨ᠎ᠠ᠃ 2018 ᠤᠨ ᠳᠤ ᠪᠦᠬᠦ ᠬᠤᠰᠢᠭᠤᠨ ᠤ ᠮᠠᠯ ᠤᠨ ᠶᠡᠷᠤᠩᠬᠡᠢ ᠲᠤᠭ᠎ᠠ ᠲᠤᠯᠤᠭᠠᠢ 54.74 ᠲᠦᠮᠡ ᠳᠤ ᠬᠦᠷᠪᠡ᠃ ᠡᠬᠦᠨ ᠳᠤ᠂ ᠦᠬᠡᠷ 23.38 ᠲᠦᠮᠡᠨ ᠲᠤᠯᠤᠭᠠᠢ ᠪᠠᠶᠢᠵᠦ᠂ ᠠᠳᠠᠯᠢ ᠬᠤᠭᠤᠴᠠᠭᠠᠨ ᠤ ᠬᠢ  ᠠᠴᠠ 2926 ᠲᠤᠯᠤᠭᠠᠢ ᠨᠡᠮᠡᠭᠳᠡᠨ᠂ ᠨᠡᠮᠡᠭᠳᠡᠯ ᠤᠨ ᠨᠤᠷᠮ᠎ᠠ ᠨᠢ 1.26% ᠬᠦᠷᠴᠡᠢ᠃ ᠬᠤᠨᠢ ᠨᠢ 29.73 ᠲᠦᠮᠡᠨ ᠲᠤᠯᠤᠭᠠᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.46 ᠲᠦᠮᠡᠨ ᠲᠤᠯᠤᠭᠠᠢ ᠬᠤᠷᠤᠭᠳᠠᠨ᠂ 13% ᠪᠠᠷ ᠪᠠᠭᠤᠷᠠᠪᠠ᠃ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠢᠯᠢᠳᠡᠭᠵᠢᠵᠦ᠂ ᠪᠦᠬᠦ ᠵᠢᠯ ᠳᠤ ᠠᠵᠦ ᠦᠢᠯᠡᠳᠪᠤᠷᠢ  ᠶᠢᠨ ᠶᠡᠷᠤᠩᠬᠡᠢ ᠦᠷᠳᠡᠭ ᠨᠢ 56.83 ᠳ᠋ᠦᠩᠰᠢᠭᠤᠷ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.14% ᠪᠠᠷ ᠨᠡᠮᠡᠭᠳᠡᠪᠡ᠃ ᠰᠢᠨ ᠵᠢᠩ ᠬᠡᠷᠡᠯ ᠤᠨ ᠡᠨᠧᠷᠬᠢᠳᠦ ᠴᠠᠬᠢᠯᠭᠠᠨ ᠭᠠᠷᠭᠠᠬᠤ ᠺᠤᠮᠫᠠᠨᠢ᠂ ᠵᠦᠩ ᠭᠠᠩ ᠠᠭᠤᠷᠬᠠᠢ  ᠶᠢᠨ ᠦᠢᠯᠡᠰ ᠢ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠡᠩᠨᠡᠬᠡᠨ ᠳᠤ ᠣᠷᠣᠭᠤᠯᠪᠠ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠨᠢ ᠲᠤᠰ ᠵᠢᠯ ᠳᠤ 190.76 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠦ᠂ ᠠᠳᠠᠯᠢ ᠬᠤᠭᠤᠴᠠᠭᠠᠨ ᠤ ᠬᠢ ᠠᠴᠠ  ᠪᠠᠨ 1.7% ᠪᠠᠷ ᠨᠡᠮᠡᠭᠳᠡᠪᠡ᠃ 7 ᠡᠷᠦᠬᠡ ᠰᠢᠨ᠎ᠠ ᠡᠨᠧᠷᠬᠢ ᠶᠢᠨ ᠴᠠᠬᠢᠯᠭᠠᠨ ᠭᠠᠷᠭᠠᠬᠤ ᠠᠵᠦ ᠠᠬᠤᠶᠢᠯᠠᠯ ᠤᠨ ᠪᠦᠬᠦ ᠵᠢᠯ ᠤᠨ ᠴᠠᠬᠢᠯᠭᠠᠨ ᠭᠠᠷᠭᠠᠭᠰᠠᠨ ᠬᠡᠮᠵᠢᠶ᠎ᠠ ᠨᠢ 8.62 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠪᠡ᠃ 4 ᠠᠵᠤ ᠠᠬᠤᠶᠢᠯᠠᠯ ︵ᠪᠠᠶᠢᠭᠤᠯᠭ᠎ᠠ ᠨᠢᠭᠡᠴᠡ︶ ᠢ ᠥᠪᠡᠷᠳᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠤᠯᠠᠨ ᠲᠠᠯᠠᠳᠦ ᠰᠤᠯᠢᠯᠴᠠᠭᠠᠨ ᠤ ᠵᠠᠬ᠎ᠠ ᠳᠤ ᠤᠷᠤᠭᠤᠯᠪᠠ᠃ ᠱᠠᠩᠳᠤ ᠦᠬᠡᠷ ᠤᠨ ᠮᠢᠬ᠎ᠠ᠂ ᠮᠤ᠋ ᠰᠢᠩ ᠮᠤᠩᠭᠤᠯ ᠬᠡᠷ ᠤᠨ ᠦᠢᠯᠡᠳᠪᠤᠷᠢ ᠨᠢ ᠤᠷᠤᠨ ᠪᠦᠰᠡ ᠶᠢᠨ ᠴᠢᠨᠡᠷᠳᠡᠢ ᠰᠲ᠋ᠤᠺ ᠤᠨ ᠰᠤᠯᠢᠯᠴᠠᠭᠠᠨ ᠤ ᠲᠦᠪ ᠤᠨ ᠪᠡᠯᠡ ᠬᠤᠷᠠᠮᠳᠤᠭᠤᠯᠬᠤ ᠲᠠᠪᠴᠠᠩ ᠳᠤ ᠫᠠᠶᠢᠰᠠ ᠢᠯᠡᠷᠬᠡᠶᠢᠯᠡᠯ ᠡᠯᠬᠦᠨ᠂ ᠪᠦᠬᠦ ᠬᠤᠰᠢᠭᠤᠨ ᠤ ᠫᠠᠶᠢᠰᠠ ᠢᠯᠡᠷᠬᠡᠶᠢᠯᠡᠯ ᠡᠯᠬᠦᠭᠰᠡᠨ ᠠᠵᠦ ᠠᠬᠤᠶᠢᠯᠠᠯ 11 ᠡᠷᠦᠬᠡ ᠪᠣᠯᠵᠤ ᠨᠡᠮᠡᠭᠳᠡᠪᠡ᠃ ᠰᠤᠶᠤᠯ ᠵᠢᠭᠤᠯᠴᠢᠯᠠᠯ ᠤᠨ ᠦᠢᠯᠡᠰ ᠢᠳᠡᠷᠡᠭᠦᠨ ᠬᠥᠭᠵᠢᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠤᠯᠤᠰ ᠤᠨ 5A ᠲᠡᠰ ᠤᠨ ᠵᠢᠭᠤᠯᠴᠢᠯᠠᠯ ᠤᠨ ᠤᠷᠤᠨ ᠪᠣᠯᠭᠠᠬᠤ ᠠᠵᠢᠯ ᠡᠷᠴᠢᠮᠲᠠᠢ ᠲᠠᠢ ᠦᠷᠭᠦᠯᠵᠢᠯᠡᠵᠦ᠂ ᠬᠤᠪᠢᠯᠠᠢ ᠺᠢᠨᠤ᠋ ᠲᠧᠯᠸᠢᠰ ᠵᠢᠷᠤᠭᠯᠠᠨ ᠰᠡᠬᠦᠳᠡᠷᠯᠡᠬᠦ ᠰᠠᠭᠤᠷᠢᠨ  ᠤ ᠰᠠᠭᠤᠷᠢ ᠪᠦᠳᠦᠬᠡᠨ ᠪᠠᠶᠢᠭᠤᠯᠤᠯᠳᠠ ᠵᠢᠴᠢ ᠤᠶᠢᠷ᠎ᠠ ᠬᠠᠪᠢ ᠶᠢᠨ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠪᠡᠶᠡᠯᠡᠭᠦᠯᠦᠨ᠂ ᠺᠢᠨᠤ᠋ ︽ᠬᠠᠶᠢᠷ᠎ᠠ ᠶᠢᠨ ᠲᠠᠭᠤᠤ︾᠂ ᠦᠷᠬᠦᠯᠵᠢᠯᠡᠭᠰᠡᠨ ᠲᠧᠯᠸᠢᠰ ᠵᠦᠴᠦᠬᠡ ︽ᠠᠪᠤ ᠡᠵᠢ ᠶᠢᠨ ᠨᠤᠳᠤᠭ ᠤᠰᠤᠨ︾ ᠢ ᠰᠡᠬᠦᠳᠡᠷᠯᠡᠨ ᠲᠠᠭᠤᠰᠬᠠᠵᠦ᠂ ︽ᠰᠢᠯᠤᠭᠤᠨ ᠬᠦᠬᠡ ᠬᠤᠰᠢᠭᠤᠨ ᠤ ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠬᠦᠷᠢᠶᠡᠯᠡᠩ ᠤᠨ ᠬᠦᠭᠵᠢᠯᠳᠡ ᠶᠢᠨ ᠶᠡᠷᠤᠩᠬᠡᠢ ᠲᠦᠯᠦᠪᠵᠢᠬᠦᠯᠬᠡ︾ ᠶᠢᠨ ᠡᠬᠡ ᠨᠤᠤᠷᠠᠭ ᠢ ᠨᠢᠬᠡᠨᠳᠡ ᠨᠠᠶᠢᠷᠠᠭᠤᠯᠪᠠ᠃ ᠪᠠᠶᠢᠭᠠᠯᠢ᠂ ᠬᠠᠨ ᠪᠠᠯᠢᠭ ᠵᠡᠷᠬᠡ 4 ᠡᠷᠦᠭᠡ ᠪᠠᠷᠢᠮᠵᠢᠶᠠᠵᠢᠭᠰᠠᠨ ᠮᠠᠯᠴᠢᠨ ᠠᠶᠢᠯ ᠵᠢᠭᠤᠯᠴᠢᠯᠠᠯ ᠤᠨ ᠭᠠᠵᠠᠷ  ᠤᠨ ᠰᠠᠭᠤᠷᠢ ᠲᠦᠬᠦᠬᠡᠷᠦᠮᠵᠢ ᠶᠢ ᠲᠡᠰ ᠲᠡᠪᠰᠢᠬᠦᠯᠦᠨ ᠥᠭᠡᠷᠡᠴᠢᠯᠡᠪᠡ᠃ 2018 ᠤᠨ ᠤ ᠴᠡᠴᠡᠭ ᠤᠨ ᠤᠯᠠᠷᠢᠯ ᠤᠨ ᠰᠢᠷ᠎ᠠ ᠲᠠᠯ᠎ᠠ ᠶᠢᠨ ᠴᠡᠴᠡᠭ ᠰᠤᠨᠢᠷᠬᠠᠬᠤ ᠨᠠᠶᠢᠷ ᠵᠢᠴᠢ ᠰᠢᠯᠢ ᠶᠢᠨ ᠭᠤᠤᠯ ᠤᠨ ︽ᠥᠷᠲᠡᠭᠡ ᠵᠠᠮ ᠢ ᠮᠤᠷᠢᠳᠠᠢ ᠵᠤᠭᠠᠴᠠᠬᠤ ᠨᠠᠭᠠᠳᠤᠮ︾᠂ ᠥᠪᠦᠷ ᠮᠤᠩᠭᠤᠯ ᠤᠨ ᠶᠤᠸᠠᠨ ᠤ ᠳᠡᠭᠡᠳᠦ ᠨᠡᠶᠢᠰᠯᠠᠯ ᠭᠦᠶᠦᠭᠴᠢ ᠣᠯᠠᠨ ᠣᠯᠣᠰ ᠤᠨ ᠬᠤᠯᠠ ᠬᠦᠶᠦᠬᠦ ᠣᠷᠣᠯᠳᠣᠭᠠᠨ ᠵᠡᠷᠭᠡ ᠥᠪᠡᠷᠳᠡᠭᠡᠨ ᠵᠠᠰᠠᠬᠤ ᠤᠷᠤᠨ ᠤ ᠲᠡᠰ ᠤᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠪᠡ᠃ ︽ᠬᠤᠯᠠᠨ ᠰᠢᠷᠭ᠎ᠠ︾ ᠮᠥᠩᠭᠦᠨ ᠡᠪᠤᠯ ᠤᠨ ᠨᠠᠭᠠᠳᠣᠮ᠂ ︽ᠬᠤᠯᠠᠨ ᠰᠢᠷᠭ᠎ᠠ︾ ᠶᠠᠪᠠᠭᠠᠨ ᠠᠯᠬᠤᠬᠤ ᠵᠡᠷᠭᠡ ᠨᠡᠷ᠎ᠡ ᠲᠡᠮᠳᠡᠭᠳᠦ ᠠᠵᠢᠯᠯᠠᠭ᠎ᠠ ᠶᠢ 18 ᠤᠳᠠᠭ᠎ᠠ ᠡᠷᠬᠢᠯᠡᠨ ᠶᠠᠪᠤᠭᠳᠠᠭᠤᠯᠪᠠ᠃ ᠪᠦᠬᠦ ᠵᠢᠯ ᠳᠤ 107 ᠲᠥᠮᠡᠨ ᠬᠦᠮᠦᠨ ᠣᠳᠠᠭᠠᠨ ᠤ ᠵᠢᠭᠤᠯᠴᠢᠨ ᠢ ᠲᠣᠰᠴᠤ᠂ 7.5 ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠬᠠᠮᠢᠶ᠎ᠠ ᠪᠦᠬᠦᠢ ᠣᠷᠣᠯᠭ᠎ᠠ ᠶᠢ ᠡᠭᠦᠳᠪᠡ᠃ ᠳᠣᠮᠳᠠᠳᠣ ᠤᠯᠤᠰ ᠤᠨ ᠮᠣᠩᠭᠤᠯ ᠲᠡᠣᠭᠡ ᠰᠣᠶᠣᠯ ᠤᠨ ᠨᠡᠶᠢᠭᠡᠮᠯᠢᠭ ᠲᠠᠢ ᠬᠠᠮᠳᠣᠷᠠᠨ ᠶᠤᠸᠠᠨ ᠤ ᠳᠡᠭᠡᠳᠦ ᠨᠠᠶᠢᠰᠯᠠᠯ ᠵᠢᠴᠢ ᠮᠤᠩᠭᠤᠯ ᠲᠡᠣᠬᠡ ᠰᠣᠶᠣᠯ ᠢ ᠰᠣᠳᠣᠯᠣᠨ ᠶᠠᠷᠢᠯᠴᠠᠬᠤ ᠬᠤᠷᠠᠯ ᠬᠤᠷᠠᠯᠳᠣᠭᠤᠯᠵᠤ᠂ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠣᠷᠭᠠᠭᠤᠯᠢ ᠲᠠᠢ ᠬᠠᠮᠳᠣᠷᠠᠯᠴᠠᠨ ᠮᠤᠩᠭᠤᠯ ᠮᠣᠷᠢ ᠪᠣᠯᠣᠨ ᠤᠯᠠᠮᠵᠢᠯᠠᠯᠳᠣ ᠠᠳᠣᠭᠤᠨ ᠰᠣᠶᠣᠯ ᠤᠨ ᠰᠣᠳᠣᠯᠣᠨ ᠶᠠᠷᠢᠯᠴᠠᠬᠤ ᠬᠤᠷᠠᠯ ᠬᠤᠷᠠᠯᠳᠣᠭᠤᠯᠵᠤ᠂ ᠮᠣᠩᠭᠤᠯ ᠶᠤᠸᠠᠨ ᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠠᠬᠢᠭᠤᠯᠪᠠ᠃ ᠰᠢᠯᠤᠭᠤᠨ ᠬᠦᠬᠡ ᠬᠤᠰᠢᠭᠤ ᠶᠢ ᠤᠬᠠᠭᠤᠯᠤᠨ ᠰᠤᠷᠳᠠᠯᠴᠢᠯᠠᠭᠰᠠᠨ 10 ᠰᠢᠨ᠎ᠠ ᠲᠠᠭᠤᠤ ᠤᠷᠠᠨ ᠪᠦᠳᠦᠬᠡᠯ ᠢ ᠵᠤᠬᠢᠶᠠᠨ ᠪᠦᠳᠦᠬᠡᠵᠦ᠂ ︽ᠶᠤᠸᠠᠨ ᠤ ᠲᠡᠭᠡᠳᠦ ᠨᠠᠶᠢᠰᠯᠠᠯ︾ ᠰᠢᠨ᠎ᠠ ᠲᠠᠭᠤᠤ ᠤᠷᠠᠨ ᠪᠦᠳᠦᠬᠡᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠢ ᠠᠮᠵᠢᠯᠳᠠ ᠲᠠᠢ ᠬᠤᠷᠠᠯᠳᠣᠭᠤᠯᠪᠠ᠃ ᠶᠤᠸᠠᠨ ᠤ ᠳᠡᠭᠡᠳᠦ ᠨᠠᠶᠢᠰᠯᠠᠯ ᠤᠨ ᠤᠬᠠᠭᠤᠯᠭ᠎ᠠ ᠶᠢᠨ 4 ᠪᠦᠯᠦᠭᠳᠦ ᠪᠠᠷᠢᠮᠳᠠᠳᠣ ᠺᠢᠨᠤ᠋ ︽ᠲᠡᠯᠡᠭᠡᠢ ᠶᠢᠨ ᠱᠠᠩᠳᠣ︾ ᠶᠢ ᠰᠡᠭᠦᠳᠡᠷᠯᠡᠨ ᠳᠠᠭᠤᠰᠬᠠᠪᠠ᠃ ᠬᠤᠰᠢᠭᠤ ᠤᠯᠠᠭᠠᠨᠮᠦ᠋ᠴᠢᠷ ᠨᠢ 28 ᠰᠢᠨ᠎ᠡ ᠪᠦᠲᠦᠭᠡᠯ ᠨᠠᠶᠢᠷᠠᠭᠤᠯᠤᠨ ᠵᠣᠬᠢᠶᠠᠵᠤ᠂ 117 ᠲᠠᠯᠠᠪᠠᠢ ᠳᠣᠭᠯᠠᠯᠳᠠ ᠭᠠᠷᠭᠠᠪᠠ᠃      ︵ᠭᠤᠷᠪᠠ︶ ᠬᠦᠭᠵᠢᠯᠳᠡ ᠶᠢᠨ ᠰᠠᠭᠤᠷᠢ ᠶᠢ ᠪᠠᠳᠣᠵᠢᠭᠤᠯᠤᠨ᠂ ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠦᠨᠵᠡᠭᠡᠢ ᠬᠡᠷᠡᠭᠵᠢᠭᠦᠯᠬᠦ ᠳᠤ ᠨᠦᠬᠦᠴᠡᠯ ᠬᠠᠩᠭᠠᠪᠠ᠃ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠦᠬᠦᠬᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠴᠢᠩᠭᠠᠳᠬᠠᠵᠤ᠂ ᠲᠤᠰ ᠵᠢᠯ ᠳᠤ 3.8 ᠲᠥᠮᠡᠨ ᠳᠡᠭᠰᠢ ᠳᠦᠷᠪᠡᠯᠵᠢᠨ ᠮᠧᠲᠷ ᠤᠨ ᠪᠠᠷᠢᠮᠵᠢᠶᠠᠨ ᠳᠤ ᠨᠡᠶᠢᠴᠡᠭᠰᠡᠨ ᠫᠧᠩ ᠬᠤᠷᠤᠭ᠎ᠠ᠂ 0.4 ᠲᠥᠮᠡᠨ ᠳᠡᠭᠰᠢ ᠲᠥᠷᠪᠡᠯᠵᠢᠨ ᠮᠧᠲᠷ ᠤᠨ ᠡᠪᠡᠰᠦᠨ ᠬᠤᠷᠤᠭ᠎ᠠ᠂ 0.2 ᠲᠥᠮᠡᠨ ᠪᠤᠰᠤᠭ᠎ᠠ ᠲᠥᠷᠪᠡᠯᠵᠢᠨ ᠮᠧᠲᠷ ᠤᠨ ᠨᠤᠭᠤᠭᠠᠨ ᠳᠠᠷᠣᠰᠢ ᠶᠢᠨ ᠵᠤᠭᠤᠷᠢ ᠶᠢ ᠰᠢᠨ᠎ᠡ ᠢᠶᠠᠷ ᠪᠠᠶᠢᠭᠤᠯᠵᠤ᠂ 34 ᠭᠡᠷ ᠪᠦᠯᠢ ᠶᠢᠨ ᠮᠠᠯᠵᠢᠯ ᠤᠨ ᠲᠠᠯᠠᠪᠠᠢ᠂ 8 ᠲᠥᠷᠢᠮᠵᠢᠭᠰᠡᠨ ᠬᠤᠷᠰᠢᠶᠠᠵᠢᠯ ᠢ ᠪᠠᠶᠢᠭᠤᠯᠤᠨ ᠪᠠᠳᠣᠯᠠᠪᠠ᠃ ᠮᠢᠬᠠᠨ ᠤ ᠦᠬᠡᠷ ᠤᠨ ᠪᠠᠷᠢᠮᠵᠢᠶᠠᠭᠰᠠᠨ ᠲᠡᠵᠢᠭᠡᠪᠦᠷᠢ ᠶᠢᠨ ᠳᠠᠯᠠᠪᠠᠢ 3 ᠶᠢ ᠪᠠᠶᠢᠭᠤᠯᠤᠨ᠂ ᠮᠢᠬᠠᠨ ᠤ ᠦᠬᠡᠷ ᠤᠨ ᠭᠤᠣᠯᠳᠠᠯᠭᠠᠳᠣ ᠰᠦᠷᠦᠭ 52 ᠪᠣᠯᠵᠤ᠂ 2692 ᠳᠣᠯᠣᠭᠠᠢ ᠰᠠᠭᠤᠷᠢ ᠡᠬᠡ ᠮᠠᠯ  ᠲᠠᠢ ᠪᠤᠯᠪᠠ᠃ ᠥᠪᠡᠷᠳᠡᠭᠡᠨ ᠵᠠᠰᠠᠬᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠣᠷᠴᠢᠨ ᠳᠣᠭᠤᠷᠢᠨ ᠢ ᠶᠡᠷᠦᠩᠬᠡᠶᠢᠯᠡᠨ ᠴᠡᠭᠴᠡᠯᠡᠬᠦ ᠵᠢᠱᠢᠶ᠎ᠡ ᠦᠵᠡᠭᠦᠯᠬᠦ ᠬᠤᠰᠢᠭᠤ ᠪᠣᠯᠬᠤ ᠲᠥᠷᠥᠯ ᠵᠦᠢᠯ ᠢ ᠠᠮᠵᠢᠯᠳᠠᠳᠠᠢ ᠡᠷᠡᠮᠡᠯᠵᠡᠯᠡᠨ᠂ 1800 ᠲᠥᠮᠡᠨ ᠲᠦᠭᠦᠷᠢᠭ ᠤᠨ ᠲᠥᠷᠥᠯ ᠵᠦᠢᠯ ᠤᠨ ᠪᠡᠯᠡ ᠮᠦᠩᠬᠦ ᠣᠯᠪᠠ᠃ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠰᠠᠶᠢᠵᠢᠷᠠᠭᠤᠯᠬᠤ ᠶᠢᠨ ᠳᠣᠯᠠᠳᠠ᠂ ᠮᠠᠯᠵᠢᠬᠤ ᠲᠠᠷᠢᠶᠠᠯᠠᠬᠤ ᠤᠷᠤᠨ ᠳᠤ 129 ᠺᠢᠯᠤᠮᠧᠲᠷ ᠤᠨ ᠵᠠᠮ ᠵᠠᠰᠠᠵᠤ᠂132 ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ᠂ 661 ᠮᠠᠯᠴᠢᠨ ᠠᠶᠢᠯ ᠳᠤ ᠴᠠᠬᠢᠯᠭᠠᠨ ᠨᠡᠪᠲᠡᠷᠡᠭᠦᠯᠵᠦ ᠥᠭᠪᠡ᠃ ᠵᠤᠷᠯᠤᠩ ᠤᠨ ᠦᠭᠡᠷᠡᠴᠢᠯᠡᠯᠳᠡ ᠶᠢᠨ ᠳᠤᠷᠰᠢᠯᠲᠠ ᠶᠢᠨ ᠴᠢᠭ ᠳᠣᠭᠳᠠᠭᠠᠬᠤ ᠠᠵᠢᠯ ᠲᠠᠢ ᠤᠶᠠᠯᠳᠣᠭᠤᠯᠤᠨ᠂ 3 ᠰᠠᠭᠤᠷᠢ ᠨᠡᠶᠢᠳᠡ ᠶᠢᠨ ᠵᠣᠷᠯᠣᠩ ᠢ ᠰᠢᠨ᠎ᠡ ᠪᠠᠷ ︵ᠰᠢᠨᠡᠳᠬᠡᠨ︶ ᠪᠠᠶᠢᠭᠤᠯᠵᠤ᠂ 176 ᠤᠰᠤᠨ ᠴᠡᠪᠡᠷᠰᠢᠭᠴᠢ ᠵᠤᠷᠯᠤᠩ᠂ 18 ᠦᠪᠡᠷᠳᠡᠭᠡᠨ ᠴᠡᠪᠡᠷᠰᠢᠭᠴᠢ ᠵᠤᠷᠯᠤᠩ ᠢ ᠪᠠᠶᠢᠭᠤᠯᠤᠭᠰᠠᠨ ᠠᠴᠠ ᠲᠤᠰ ᠲᠥᠷᠥᠯ ᠤᠨ ᠠᠵᠢᠯ ᠨᠢ ᠪᠦᠬᠦ ᠤᠷᠤᠨ ᠤ ᠲᠡᠷᠢᠭᠦᠨ ᠳᠤ ᠵᠢᠭᠰᠠᠭᠠᠭᠳᠠᠭᠰᠠᠨ ᠪᠠᠶᠢᠨ᠎ᠠ᠃ ᠬᠦᠮᠦᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠢᠳᠡᠪᠬᠢᠲᠠᠢ ᠪᠠᠷ ᠰᠢᠢᠳᠪᠦᠷᠢᠯᠡᠵᠦ᠂ ᠤᠰᠤ ᠬᠠᠳᠠᠭᠠᠯᠠᠬᠤ ᠵᠤᠭᠤᠷᠢ 4᠂ ᠤᠰᠤᠨ ᠬᠤᠳᠳᠤᠭ 63 ᠰᠠᠭᠤᠷᠢ ᠰᠢᠨ᠎ᠡ ᠪᠠᠷ ᠮᠠᠯᠳᠠᠵᠤ᠂ 606 ᠬᠦᠮᠦᠨ᠂ 5972 ᠳᠣᠯᠣᠭᠠᠢ ᠮᠠᠯ ᠤᠨᠤᠭᠠᠨ ᠤ ᠤᠰᠤ ᠤᠮᠳᠠᠭᠠᠨ ᠤ ᠠᠰᠠᠭᠤᠳᠠᠯ ᠢ ᠰᠢᠢᠳᠪᠦᠷᠢᠯᠡᠪᠡ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ 14.4 ᠲᠥᠮᠡᠨ ᠮᠦ ᠲᠠᠯᠠᠪᠠᠢ ᠶᠢ ᠣᠶᠢᠵᠢᠭᠤᠯᠤᠨ᠂ ᠣᠯᠣᠰ ᠤᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠶᠢᠨ ᠳᠣᠷᠰᠢᠯᠲᠠ ᠶᠢᠨ ᠴᠢᠭ ᠢ ᠪᠠᠶᠢᠭᠤᠯᠬᠤ ᠢᠨᠵᠧᠨᠧᠷᠢᠩ ᠢ ᠠᠮᠵᠢᠯᠲᠠᠲᠠᠢ ᠬᠡᠷᠡᠭᠵᠢᠭᠦᠯᠪᠡ᠃ ᠣᠯᠣᠰ ᠤᠨ ᠦᠮᠴᠢᠯᠠᠯᠳᠣ ᠣᠢ ᠰᠢᠭᠤᠢ ᠶᠢᠨ ᠲᠠᠯᠠᠪᠠᠢ ᠤᠨ ᠦᠭᠡᠷᠡᠴᠢᠯᠡᠯᠳᠡ ᠶᠢᠨ ᠠᠵᠢᠯ ᠨᠢ ᠱᠠᠳᠣᠴᠢ ᠴᠢᠨᠠᠷᠳᠠᠢ ᠠᠮᠵᠢᠯᠲᠠ ᠣᠯᠪᠠ᠃ ᠭᠠᠵᠠᠷ ᠰᠢᠷᠣᠢ ᠨᠤᠳᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢ ᠪᠠᠳᠣᠯᠠᠬᠤ ᠠᠵᠢᠯ ᠦᠨᠳᠦᠰᠦᠨ ᠳᠡᠭᠡᠨ ᠳᠠᠭᠤᠰᠪᠠ       ︵ᠲᠥᠷᠪᠡ︶ ᠠᠷᠠᠳ ᠲᠥᠮᠡᠨ ᠢᠶᠠᠷ ᠦᠨᠳᠦᠰᠦᠨ ᠪᠤᠯᠭᠠᠭᠰᠠᠨ ᠬᠦᠭᠵᠢᠯᠳᠡ ᠶᠢᠨ ᠦᠵᠡᠯᠳᠡ ᠶᠢ ᠪᠠᠷᠢᠮᠳᠠᠯᠠᠨ᠂ ᠠᠷᠠᠳ ᠤᠨ ᠠᠮᠢᠳᠣᠷᠠᠯ ᠳᠤ ᠦᠢᠯᠡᠴᠢᠯᠡᠬᠦ ᠬᠢᠷᠢ ᠲᠥᠪᠰᠢᠨ ᠢ ᠳᠠᠰᠣᠷᠠᠯᠳᠠ ᠦᠭᠡᠢ ᠳᠡᠭᠡᠭᠰᠢᠯᠡᠭᠦᠯᠪᠡ᠃ ᠪᠦᠬᠦ ᠬᠤᠰᠢᠭᠤᠨ  ᠤ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠳᠤ 10.18 ᠳ᠋ᠦᠩᠰᠢᠭᠤᠷ ᠲᠦᠬᠦᠷᠢᠭ ᠵᠠᠷᠤᠴᠠᠭᠤᠯᠵᠦ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 60.7% ᠶᠢ ᠡᠵᠡᠯᠡᠪᠡ᠃ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠡᠷ ᠢ ᠲᠡᠭᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠬᠦᠯᠦᠨ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢ ᠠᠳᠬᠤᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠴᠢᠩᠭᠠᠳᠬᠠᠨ᠂ ᠦᠨᠳᠦᠰᠦᠳᠡᠨ ᠤ ᠰᠤᠷᠭᠠᠭᠤᠯᠢ ᠨᠢ ᠮᠤᠩᠭᠤᠯ ᠤᠯᠤᠰ ᠤᠨ 10 ᠰᠤᠷᠭᠠᠭᠤᠯᠢ ᠲᠠᠢ ᠨᠦᠬᠦᠷᠰᠡᠭ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠪᠠ᠃ ᠵᠢᠭᠠᠰᠤᠳᠠᠢ ᠰᠣᠮᠣᠨ ᠤ ᠬᠡᠣᠭᠡᠳ ᠤᠨ ᠴᠡᠴᠡᠷᠯᠢᠭ ᠵᠡᠷᠭᠡ ᠭᠤᠷᠪᠠᠨ ᠰᠠᠭᠤᠷᠢ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠮᠤᠩᠭᠤᠯ ᠦᠨᠳᠦᠰᠦᠳᠡᠨ ᠤ ᠬᠡᠤᠬᠡᠳ ᠤᠨ ᠴᠡᠴᠡᠷᠯᠢᠭ ᠤᠨ ᠶᠡᠷᠤᠩᠬᠡᠶᠢᠯᠡᠭᠰᠡᠨ ᠠᠰᠠᠷ᠂ ᠠᠵᠢᠯᠳᠠᠨ ᠤ ᠬᠡᠤᠬᠡᠳ ᠤᠨ ᠴᠡᠴᠡᠷᠯᠢᠭ ᠤᠨ ᠶᠡᠷᠤᠩᠬᠡᠶᠢᠯᠡᠭᠰᠡᠨ ᠠᠰᠠᠷ᠂ ᠨᠢᠬᠡᠳᠦᠬᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ᠂ ᠮᠤᠩᠭᠤᠯ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠵᠡᠷᠬᠡ ᠪᠠᠷᠢᠯᠭ᠎ᠠ ᠪᠦᠳᠦᠭᠡᠨ ᠪᠠᠶᠢᠭᠤᠯᠤᠯᠳᠠ ᠶᠢᠨ ᠠᠵᠢᠯ ᠢ ᠠᠬᠢᠭᠤᠯᠵᠦ᠂ ᠰᠠᠩ ᠤᠨ ᠲᠠᠯᠠᠢ ᠪᠠᠭ᠎ᠠ ᠰᠤᠷᠭᠠᠭᠤᠯᠢ᠂ ᠬᠠᠪᠢᠷᠭ᠎ᠠ ᠪᠠᠭ᠎ᠠ ᠰᠤᠷᠭᠠᠭᠤᠯᠢ ᠵᠡᠷᠬᠡ 5 ᠲᠤᠮᠳᠠᠳᠤ ᠪᠠᠭ᠎ᠠ ᠰᠤᠷᠭᠠᠭᠤᠯᠢ ᠶᠢᠨ ᠲᠤᠯᠠᠭᠠᠯᠭ᠎ᠠ ᠶᠢᠨ ᠲᠦᠬᠦᠬᠡᠷᠦᠮᠵᠢ ᠶᠢ ᠰᠢᠨᠡᠳᠬᠡᠨ ᠵᠠᠰᠠᠪᠠ᠃ 6 ᠦᠨᠳᠦᠷ ᠲᠤᠮᠳᠠᠳᠤ ᠶᠢᠨ ᠪᠠᠭᠰᠢ᠂ 11 ᠠᠩᠬ᠎ᠠ ᠲᠤᠮᠳᠠᠳᠤ ᠶᠢᠨ ᠪᠠᠭᠰᠢ᠂ 37 ᠴᠡᠴᠡᠷᠯᠢᠭ ᠤᠨ ᠪᠠᠭᠰᠢ ᠶᠢ ᠢᠯᠡ ᠪᠠᠷ ᠡᠯᠰᠡᠨ ᠬᠡᠷᠡᠭᠯᠡᠵᠦ᠂ ᠪᠠᠭᠰᠢᠨᠡᠷ ᠤᠨ ᠡᠩᠨᠡᠭᠡ ᠶᠢ ᠲᠡᠬᠦᠯᠳᠡᠷᠵᠢᠬᠦᠯᠪᠡ᠃ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠦᠵᠡᠬᠦᠯᠬᠡ ᠶᠢᠨ ᠲᠡᠩᠬᠢᠮ ᠤᠨ ᠰᠠᠭᠤᠷᠢ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠦᠵᠡᠬᠦᠯᠬᠡ ᠶᠢᠨ ᠲᠠᠩᠬᠢᠮ ᠤᠨ ᠲᠠᠯᠠᠪᠠᠢ ᠶᠢ 130 ᠲᠡᠭᠰᠢ ᠲᠦᠷᠪᠡᠯᠵᠢᠨ ᠮᠧᠲᠷ ᠪᠤᠯᠭᠠᠨ ᠦᠷᠭᠡᠳᠬᠡᠪᠡ᠃ ᠪᠡᠭᠡᠵᠢᠩ ᠤᠨ ᠠᠨ ᠵᠧᠨ ᠡᠮᠨᠡᠯᠬᠡ ᠶᠢᠨ ᠬᠤᠷᠢᠶ᠎ᠠ᠂ 301 ᠡᠮᠨᠡᠯᠬᠡ ᠶᠢᠨ ᠬᠤᠷᠢᠶ᠎ᠠ ᠯᠤᠭ᠎ᠠ ᠪᠦᠬᠦ ᠲᠠᠯ᠎ᠠ ᠶᠢᠨ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠦ᠂ ᠠᠯᠤᠰ ᠠᠴᠠ ᠤᠨᠤᠰᠢᠯᠡᠨ ᠡᠮᠴᠢᠯᠡᠬᠦ᠂ ᠮᠡᠷᠬᠡᠵᠢᠯ ᠤᠨ ᠵᠢᠯᠤᠭᠤᠳᠤᠯᠭ᠎ᠠ ᠬᠠᠩᠭᠠᠬᠤ᠂ ᠲᠤᠰᠬᠠᠢ ᠮᠡᠷᠬᠡᠵᠢᠯᠳᠡᠨ ᠬᠤᠰᠢᠭᠤᠨ ᠳᠤ ᠢᠷᠡᠵᠦ ᠡᠪᠡᠳᠴᠢᠨ ᠤᠨᠤᠰᠢᠯᠠᠬᠤ ᠪᠤᠶᠤ ᠮᠡᠰᠡ ᠵᠠᠰᠠᠯ ᠬᠢᠭᠰᠡᠨ ᠠᠴᠠ ᠮᠠᠨ ᠤ ᠬᠤᠰᠢᠭᠤᠨ ᠤ ᠡᠮᠴᠢᠯᠡᠬᠡᠨ ᠤ ᠡᠬᠢ ᠪᠠᠶᠠᠯᠢᠭ ᠤᠯᠠᠮ ᠰᠢᠯᠢᠳᠡᠭᠵᠢᠬᠦᠯᠪᠡ᠃ ᠬᠡᠷ ᠭᠠᠵᠠᠷ ᠬᠦᠷᠦᠩᠬᠡ ᠶᠢᠨ ᠦᠯᠡᠳᠡᠭᠳᠡᠯ ᠠᠰᠠᠭᠤᠳᠠᠯ ᠪᠤᠯᠬᠤ ᠬᠦᠳᠡᠯᠦᠩᠬᠦᠢ ᠪᠤᠰᠤ ᠬᠦᠷᠦᠩᠬᠡ ᠶᠢ ᠲᠠᠩᠰᠠᠯᠠᠬᠤ ᠠᠵᠢᠯ ᠢ ᠠᠬᠢᠭᠤᠯᠵᠦ᠂ 642 ᠬᠤᠪᠢ ᠬᠦᠳᠡᠯᠦᠩᠬᠦᠢ ᠪᠤᠰᠤ ᠬᠦᠷᠦᠩᠬᠡ  ᠶᠢᠨ ᠦᠨᠡᠮᠯᠡᠯ ᠢ ᠭᠠᠷᠳᠠᠨ ᠬᠦᠢᠴᠡᠳᠬᠡᠪᠡ᠃ ᠬᠤᠳᠠ ᠪᠠᠯᠭᠠᠰᠤᠨ ᠤ 1230 ᠬᠦᠮᠦᠨ ᠳᠤ ᠰᠢᠨ᠎ᠡ ᠪᠠᠷ ᠠᠵᠢᠯ ᠤᠯᠭᠤᠨ᠂ 1565 ᠲᠦᠮᠡᠨ ᠲᠦᠬᠦᠷᠢᠭ ᠤᠨ ᠦᠢᠯᠡᠰ ᠪᠤᠰᠬᠠᠬᠤ ᠵᠢᠬᠡᠯᠡᠯᠬᠡ ᠪᠠᠭᠤᠯᠭᠠᠪᠠ᠃ ᠬᠠᠯᠠᠭᠳᠠᠭᠰᠠᠨ ᠴᠡᠷᠢᠭ ᠲᠤ ᠦᠢᠯᠡᠴᠢᠯᠡᠬᠦ ᠬᠠᠮᠢᠶᠠᠷᠤᠯᠳᠠ ᠶᠢᠨ ᠠᠵᠢᠯ ᠢ ᠲᠤᠭᠳᠠᠭᠤᠨ ᠠᠬᠢᠭᠤᠯᠵᠦ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠭᠠᠷᠬᠤ ᠨᠦᠬᠦᠴᠡᠯ ᠳᠤ ᠨᠡᠶᠢᠴᠡᠭᠰᠡᠨ 57 ᠬᠠᠯᠠᠭᠳᠠᠭᠰᠠᠨ ᠴᠡᠷᠢᠭ ᠢ ᠳᠥᠪᠬᠢᠨᠡᠭᠦᠯᠵᠦ᠂ ᠪᠦᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠬᠤᠳᠠ ᠬᠦᠳᠡᠭᠡᠨ ᠤ ᠲᠤᠤᠷ᠎ᠠ ᠪᠠᠳᠤᠯᠭᠠᠳᠤ ᠡᠷᠦᠬᠡ ᠵᠡᠷᠬᠡ ᠬᠦᠴᠢᠷᠳᠡᠢ ᠤᠯᠠᠨ ᠲᠦᠮᠡᠨ ᠤ ᠠᠮᠢᠳᠤᠷᠠᠯ  ᠤᠨ ᠨᠦᠬᠦᠪᠦᠷᠢ ᠶᠢᠨ ᠪᠠᠷᠢᠮᠵᠢᠶ᠎ᠠ ᠶᠢ ᠲᠡᠬᠢᠨᠳᠡ ᠲᠡᠭᠡᠭᠰᠢᠯᠡᠬᠦᠯᠪᠡ᠃ ᠠᠶᠤᠯᠬᠦᠢ ᠦᠢᠯᠡᠳᠪᠤᠷᠢᠯᠡᠯ ᠪᠠ ᠢᠳᠡᠬᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠳᠤ ᠬᠢᠨᠠᠯᠳᠠ ᠲᠠᠯᠪᠢᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠴᠤᠬᠢᠯᠳᠠ ᠦᠭᠬᠦ ᠲᠤᠰᠬᠠᠢ ᠲᠡᠮᠡᠴᠡᠯ ᠢ ᠦᠷᠨᠢᠬᠦᠯᠦᠨ᠂ ᠦᠨᠳᠦᠰᠦᠳᠡᠨ ᠤ ᠪᠦᠯᠬᠦᠮᠳᠡᠯ  ᠤᠨ ᠠᠵᠢᠯ ᠢ ᠴᠢᠩᠭᠠᠳᠬᠠᠨ᠂ ᠬᠢᠯᠢ ᠬᠢᠵᠠᠭᠠᠷ ᠤᠷᠤᠨ ᠤ ᠲᠤᠭᠳᠠᠭᠤᠨ ᠬᠦᠭᠵᠢᠯᠳᠡ ᠶᠢ ᠪᠠᠳᠤᠯᠠᠵᠦ ᠴᠢᠳᠠᠪᠠ᠃      ︵ᠲᠠᠪᠤ︶ ᠬᠠᠣᠯᠢ ᠪᠠᠷ ᠵᠠᠰᠠᠭ ᠪᠠᠷᠢᠬᠤ ᠶᠢ ᠪᠠᠷᠢᠮᠳᠠᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠯᠠᠪᠳᠠᠭᠤᠨ ᠢᠶᠠᠷ ᠳᠡᠭᠡᠭᠰᠢᠯᠡᠪᠡ᠃ ᠤᠯᠤᠰ ᠲᠥᠷᠥ ᠶᠢᠨ ᠪᠦᠳᠦᠭᠡᠨ ᠪᠠᠶᠢᠭᠤᠯᠤᠯᠳᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ᠂ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠬᠦ ᠲᠡᠡᠮᠴᠡᠯ ᠢ ᠭᠦᠨᠵᠡᠭᠡᠢ ᠥᠷᠨᠢᠭᠦᠯᠪᠡ᠃ ᠲᠥᠪ ᠤᠨ ᠨᠠᠢᠮᠠᠨ ᠵᠤᠷᠪᠤᠰ ᠳᠥᠷᠢᠮ ᠳᠣᠭᠳᠠᠭᠠᠯ ᠵᠢᠴᠢ ᠳᠠᠭᠠᠯᠳᠣᠨ ᠬᠡᠷᠡᠭᠵᠢᠭᠦᠯᠬᠦ ᠨᠠᠷᠢᠨ ᠵᠤᠷᠪᠤᠰ ᠪᠠ ᠥᠪᠡᠷᠳᠡᠭᠡᠨ ᠵᠠᠰᠠᠬᠤ ᠤᠷᠤᠨ ᠤ ᠢᠵᠢ ᠪᠦᠷᠢᠳᠦᠭᠰᠡᠨ ᠲᠥᠷᠢᠮ ᠳᠣᠭᠳᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠥᠷᠪᠡᠨ ᠰᠣᠷᠳᠠᠯ︾ ᠢ ᠦᠷᠭᠦᠯᠵᠢᠯᠡᠨ ᠴᠡᠭᠴᠡᠯᠡᠪᠡ᠃ ᠠᠷᠪᠢᠴᠢ ᠭᠠᠮᠲᠠᠢ ᠪᠠᠶᠢᠬᠤ ᠶᠢ ᠰᠤᠷᠳᠠᠯᠴᠢᠯᠠᠨ᠂ ︽ᠭᠤᠷᠪᠠᠨ ᠲᠥᠷᠥᠯ︾ ᠤᠨ ᠠᠯᠪᠠᠨ ᠵᠠᠷᠤᠳᠠᠯ ᠢ ᠴᠢᠩᠭ᠎ᠠ ᠬᠢᠵᠠᠭᠠᠷᠯᠠᠪᠠ᠃ ᠠᠷᠠᠳ ᠤᠨ ᠲᠥᠯᠥᠭᠡᠯᠡᠭᠴᠢ ᠪᠠ ᠣᠯᠣᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠣᠷᠠᠳᠣᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠲᠤᠰ ᠵᠢᠯ ᠳᠤ 152 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠳᠣᠷᠠᠳᠣᠯᠭ᠎ᠠ᠂ 96 ᠬᠤᠪᠢ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠤ ᠳᠣᠷᠠᠳᠣᠯᠭ᠎ᠠ ᠶᠢ ᠳᠠᠭᠠᠭᠠᠴᠢᠯᠠᠨ ᠭᠦᠢᠴᠡᠳᠭᠡᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠲᠥᠷᠢᠮᠵᠢᠭᠦᠯᠵᠦ᠂ 9.13 ᠲᠥᠮᠡᠨ ᠬᠤᠪᠢ ᠬᠡᠷᠡᠭ ᠶᠠᠪᠤᠳᠠᠯ ᠢ ᠬᠢᠨᠠᠨ ᠵᠥᠪᠰᠢᠶᠡᠷᠡᠵᠦ᠂ 209 ᠠᠵᠤ ᠠᠬᠤᠶᠢᠯᠠᠯ᠂ 599 ᠬᠤᠪᠢ ᠶᠢᠨ ᠡᠵᠡᠩᠨᠡᠯᠳᠡᠨ ᠢ ᠳᠠᠩᠰᠠᠯᠠᠪᠠ᠃ ᠣᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠨᠢ ᠵᠠᠰᠠᠭ ᠤᠨ ᠣᠷᠳᠣᠨ ᠠᠴᠠ ᠬᠤᠳᠠᠯᠳᠣᠨ ᠠᠪᠬᠤ 86 ᠵᠦᠢᠯ ᠤᠨ ᠲᠥᠷᠥᠯ ᠵᠦᠢᠯ᠂ 39 ᠵᠦᠢᠯ ᠤᠨ ᠢᠨᠵᠧᠨᠧᠷᠢᠩ ᠤᠨ ᠲᠥᠷᠥᠯ ᠵᠦᠢᠯ ᠢ ᠬᠦᠯᠢᠶᠠᠨ ᠭᠦᠢᠴᠡᠳᠬᠡᠪᠡ᠃ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ 1392 ᠵᠤᠷᠪᠤᠰ ᠰᠣᠷᠠᠭ ᠵᠠᠩᠭᠢ ᠶᠢ ᠨᠡᠶᠢᠳᠡᠯᠡᠵᠦ᠂ ᠣᠯᠠᠨ ᠲᠥᠮᠡᠨ ᠤ ᠬᠠᠯᠠᠮᠰᠢᠯ ᠠᠰᠠᠭᠤᠳᠠᠯ ᠪᠤᠶᠤ ᠶᠠᠷᠢᠶ᠎ᠠ ᠬᠡᠯᠡᠯᠴᠡᠭᠡᠨ ᠳᠤ 35 ᠤᠳᠠᠭ᠎ᠠ ᠬᠠᠷᠢᠭᠤᠯᠲᠠ ᠥᠭᠭᠦᠨ᠂ 1 ᠤᠳᠠᠭᠠᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃ ᠬᠤᠳᠠᠯᠳᠣᠭᠠᠨ ᠤ ᠶᠠᠪᠤᠳᠠᠯ ᠤᠨ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠳᠠᠩᠰᠠᠯᠠᠭᠤᠯᠤᠭᠰᠠᠨ ᠪᠡᠯᠡ ᠮᠦᠩᠬᠦ ᠪᠠᠨ ᠳᠣᠰᠢᠶᠠᠨ ᠳᠡᠮᠳᠡᠭᠯᠡᠭᠦᠯᠬᠦ᠂ ᠤᠷᠢᠳᠠᠪᠠᠷ ᠡᠵᠡᠩᠨᠡᠯᠳᠡ ᠶᠢᠨ ᠦᠨᠡᠮᠯᠡᠯ ᠢᠶᠠᠨ ᠭᠠᠷᠳᠠᠵᠤ᠂ ᠳᠠᠷᠠᠭᠠᠴᠢ ᠪᠠᠷ ᠵᠦᠪᠰᠢᠶᠡᠷᠡᠯ ᠤᠨ ᠭᠡᠷᠡᠴᠢ ᠣᠯᠭᠤᠬᠤ᠂ ︽ᠣᠯᠠᠨ ᠭᠡᠷᠡᠴᠢ ᠶᠢ ᠨᠢᠭᠡᠳᠭᠡᠵᠦ᠂ ᠨᠢᠭᠡ ᠦᠨᠠᠮᠯᠠᠯ ᠳ᠋ᠣᠭᠠᠷ ᠪᠣᠯᠭᠠᠬᠤ︾ ᠥᠭᠡᠷᠡᠴᠢᠯᠡᠯᠳᠡ ᠶᠢᠨ ᠠᠵᠢᠯ ᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠪᠠ᠃      ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠰᠢᠷᠭᠠᠭᠤ ᠲᠡᠮᠡᠴᠡᠭᠰᠡᠨ ᠨᠢᠭᠡ ᠵᠢᠯ ᠪᠤᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠪᠳᠤᠷᠭᠠᠨ ᠤ ᠦᠶ᠎ᠡ ᠳᠤ᠂ ᠪᠢᠳᠡ ᠪᠦᠬᠦ ᠬᠤᠰᠢᠭᠤᠨ ᠤ ᠡᠷᠴᠢ ᠬᠦᠴᠦᠨ ᠤᠶᠤᠨ ᠤᠬᠠᠭᠠᠨ ᠢ ᠬᠠᠮᠳᠣᠳᠬᠠᠨ᠂ ᠡᠷᠡᠰ ᠰᠢᠢᠳᠮᠡᠬᠡᠢ ᠲᠡᠮᠡᠴᠡᠨ᠂ ᠯᠠᠪᠳᠠᠭᠤᠨ ᠪᠠᠳᠣᠳᠠᠢ ᠤᠷᠤᠭᠰᠢᠯᠠᠭᠰᠠᠨ ᠠᠴᠠ᠂ ᠪᠦᠬᠦ ᠬᠤᠰᠢᠭᠤᠨ ᠤ ᠠᠵᠤ ᠠᠬᠤᠢ ᠯᠠᠪᠳᠠᠭᠤᠨ ᠢᠶᠠᠷ ᠬᠥᠭᠵᠢᠵᠦ᠂ ᠠᠷᠠᠳ ᠤᠨ ᠠᠮᠢᠳᠣᠷᠠᠯ ᠰᠠᠶᠢᠵᠢᠷᠠᠨ᠂ ᠨᠡᠶᠢᠭᠡᠮ ᠤᠨ ᠶᠡᠭᠡ ᠲᠠᠯ᠎ᠠ ᠳᠣᠭᠳᠠᠭᠤᠨ ᠡᠮᠬᠢ ᠴᠡᠭᠴᠡ ᠲᠠᠢ ᠪᠠᠶᠢᠬᠤ ᠰᠠᠶᠢᠨ ᠰᠠᠶᠢᠬᠠᠨ ᠬᠠᠨᠳᠣᠰᠢ ᠲᠠᠢ ᠪᠣᠯᠪᠠ᠃ ᠡᠳᠡᠭᠡᠷ ᠠᠮᠵᠢᠯᠲᠠ ᠪᠦᠳᠦᠮᠵᠢ ᠨᠢ ᠳᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠦᠪ ᠤᠳᠤᠷᠢᠳᠣᠯᠭ᠎ᠠ ᠠᠴᠠ ᠰᠠᠯᠵᠤ ᠴᠢᠳᠠᠰᠢ ᠦᠭᠡᠢ᠂ ᠮᠦᠨ ᠴᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠦ ᠴᠢᠳᠠᠰᠢ ᠦᠭᠡᠢ᠂ ᠮᠦᠨᠴᠦ ᠨᠡᠶᠢᠭᠡᠮ ᠤᠨ ᠡᠯ᠎ᠡ ᠡᠳᠡᠭᠡᠳ ᠬᠢᠨ ᠤ ᠡᠷᠴᠢ ᠬᠦᠴᠦᠨ ᠢᠶᠠᠨ ᠬᠠᠮᠳᠣᠳᠬᠠᠭᠰᠠᠨ ᠠᠤᠭ᠎ᠠ ᠵᠢᠳᠬᠦᠯ ᠪᠣᠯᠣᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠠᠷᠠᠳ ᠤᠨ ᠲᠥᠯᠥᠭᠡᠯᠡᠭᠴᠢᠳ᠂ ᠣᠯᠣᠰ ᠲᠥᠷᠥ ᠶᠢᠨ ᠵᠦᠪᠯᠡᠯᠭᠡᠨ ᠤ ᠭᠡᠰᠢᠭᠦᠳ᠂ ᠠᠷᠢᠭᠤᠨ ᠬᠦᠳᠡᠯᠮᠤᠷᠢ ᠪᠠᠨ ᠬᠠᠷᠠᠮ ᠦᠭᠡᠢ ᠵᠤᠷᠢᠭᠤᠯᠤᠭᠰᠠᠨ ᠲᠠ ᠪᠦᠬᠦᠨ ᠪᠠ ᠰᠢᠯᠤᠭᠤᠨ ᠬᠦᠬᠡ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠠᠯᠠᠮᠵᠢᠯᠠᠨ ᠳᠡᠮᠵᠢᠳᠡᠭ ᠪᠦᠬᠦᠶᠢᠯᠡ ᠬᠦᠮᠦᠰ ᠲᠤ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠲᠡᠪᠰᠢᠭᠦᠯᠵᠦ ᠪᠠᠶᠢᠨ᠎ᠠ᠃ ᠪᠢᠳᠡ ᠠᠮᠵᠢᠯᠲᠠ ᠪᠦᠳᠦᠮᠵᠢ ᠳᠤ ᠪᠠᠨ ᠪᠠᠶᠠᠰᠬᠤ ᠶᠢᠨ ᠳᠠᠭᠠᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠣᠯᠵᠤ ᠳᠠᠨᠢᠬᠤ ᠬᠡᠷᠡᠭᠳᠡᠢ᠃ ᠡᠳᠡᠭᠡᠷ ᠨᠢ ᠳᠠᠷᠣᠢ ᠰᠢᠨ᠎ᠡ ᠬᠠᠭᠤᠴᠢᠨ ᠬᠦᠳᠡᠯᠭᠡᠭᠴᠢ ᠬᠦᠴᠦᠨ ᠤ ᠰᠣᠯᠢᠪᠴᠠᠯ ᠣᠳᠠᠭᠠᠨ᠂ ᠠᠵᠤ ᠠᠬᠤᠢ ᠶᠢᠨ ᠴᠢᠨᠠᠷᠯᠢᠭ ᠬᠦᠭᠵᠢᠯᠳᠡ ᠳᠤ ᠱᠠᠭᠠᠷᠳᠠᠭᠳᠠᠬᠤ ᠴᠢᠬᠤᠯᠠ ᠡᠯᠧᠮᠧᠨ᠋ᠲ ᠪᠦᠷᠢᠨ ᠪᠦᠷᠢᠯᠳᠦᠭᠡᠳᠦᠢ᠃ ᠠᠵᠤ ᠦᠢᠯᠡᠰ ᠤᠨ ᠬᠡᠯᠪᠡᠷᠢ ᠶᠢ ᠥᠭᠡᠷᠡᠴᠢᠯᠡᠨ ᠲᠡᠰ ᠲᠡᠪᠰᠢᠭᠦᠯᠬᠦ ᠡᠭᠦᠷᠭᠡ ᠬᠦᠨᠳᠣ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠪᠠᠭᠤᠷᠠᠢ᠃ ᠠᠶᠦᠯᠭᠦᠢ ᠦᠢᠯᠡᠳᠪᠦᠷᠢᠯᠡᠯ ᠤᠨ ᠪᠠᠶᠢᠳᠠᠯ ᠪᠣᠳᠤᠯᠢᠶᠠᠨᠲᠠᠢ᠂ ᠳᠠᠯᠳᠠ ᠭᠡᠮ ᠰᠣᠭᠤᠭ ᠢ ᠪᠠᠶᠢᠴᠠᠭᠠᠨ ᠢᠯᠡᠷᠡᠭᠦᠯᠬᠦ ᠣᠷᠳᠣ ᠬᠤᠭᠤᠴᠠᠭᠠᠨ ᠤ ᠳᠣᠭᠳᠠᠯᠴᠠᠭ᠎ᠠ ᠲᠡᠭᠦᠯᠳᠡᠷᠵᠢᠭᠡᠳᠦᠢ᠃ ᠡᠷᠭᠡᠪᠰᠢ ᠵᠠᠷᠣᠴᠠᠭᠤᠯᠬᠤ ᠵᠠᠷᠣᠯᠭ᠎ᠠ ᠶᠢᠨ ᠳᠤᠭ᠎ᠠ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ ᠣᠷᠣᠰᠢᠵᠤ ᠪᠠᠶᠢᠨ᠎ᠠ᠃ ᠡᠵᠡᠩᠨᠡᠯᠲᠡ ᠶᠢᠨ ᠣᠷᠴᠢᠨ ᠳᠣᠭᠤᠷᠢᠨ ᠢ ᠰᠠᠶᠢᠵᠢᠷᠠᠭᠤᠯᠬᠤ ᠴᠢᠬᠤᠯᠠᠳᠠᠢ ᠪᠥᠭᠡᠳ ᠠᠵᠤ ᠠᠬᠤᠶᠢᠯᠠᠯ ᠤᠳ ᠪᠡᠯᠡ ᠮᠦᠩᠬᠦ ᠬᠤᠷᠠᠮᠳᠣᠭᠤᠯᠬᠤ ᠳᠤ ᠬᠦᠴᠢᠷ ᠪᠠᠶᠢᠨ᠎ᠠ᠃ ᠡᠶᠢᠮᠦ ᠠᠴᠠ ᠪᠢᠳᠡ ᠡᠳᠡᠭᠡᠷ ᠠᠰᠠᠭᠤᠳᠠᠯ ᠳᠤ ᠴᠢᠭᠯᠡᠭᠦᠯᠦᠨ ᠪᠦᠳᠦᠮᠵᠢᠲᠠᠢ ᠠᠷᠭ᠎ᠠ ᠬᠡᠮᠵᠢᠶ᠎ᠡ ᠠᠪᠴᠣ ᠪᠤᠳᠠᠳᠠᠢ ᠰᠢᠢᠳᠪᠦᠷᠢᠯᠡᠬᠦ ᠬᠡᠷᠡᠭᠳᠡᠢ᠃      ᠬᠤᠶᠠᠷ᠂ 2019 ᠣᠨ ᠤ ᠠᠵᠢᠯ ᠤᠨ ᠪᠠᠶᠢᠷᠢᠯᠠᠭᠤᠯᠤᠯᠳᠠ      2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠣ ᠢᠯᠡᠯᠳᠡ ᠶᠢ ᠲᠡᠮᠡᠴᠡᠨ ᠣᠯᠬᠤ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠡᠶᠢᠮᠤ ᠠᠴᠠ ᠲᠤᠰ ᠵᠢᠯ ᠤᠨ ᠵᠠᠰᠠᠭ ᠤᠨ ᠣᠷᠳᠣᠨ ᠤ ᠡᠯ᠎ᠡ ᠲᠥᠷᠥᠯ ᠤᠨ ᠠᠵᠢᠯ ᠢ ᠰᠠᠶᠢᠳᠣᠷ ᠬᠢᠬᠦ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠪᠠᠶᠢᠵᠤ᠂ ᠪᠢᠳᠡ ᠣᠯᠣᠰ ᠲᠥᠷᠥ ᠶᠢᠨ ᠵᠤᠭᠰᠣᠴᠠ ᠪᠠᠨ ᠲᠡᠭᠡᠭᠰᠢᠯᠡᠬᠦᠯᠵᠦ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠨ᠂ ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ᠃      ᠲᠤᠰ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ᠂ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠬᠤ ᠶᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ᠂ ᠬᠤᠰᠢᠭᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠲᠤᠤᠷ᠎ᠠ᠂ ᠲᠤᠭᠳᠠᠭᠤᠨ ᠤ ᠲᠤᠮᠳᠠ ᠤᠷᠤᠭᠰᠢᠯᠠᠬᠤ ᠶᠡᠷᠤᠩᠬᠡᠢ ᠬᠠᠨᠳᠤᠰᠢ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠦᠵᠡᠯᠲᠡ ᠶᠢᠨ ᠲᠤᠭᠤᠷᠢᠨ ᠳᠤ ᠬᠦᠭᠵᠢᠯᠳᠡ ᠶᠢᠨ ᠬᠠᠨᠳᠤᠰᠢ  ᠶᠢ ᠵᠦᠪ ᠢᠶᠠᠷ ᠲᠠᠨᠢᠵᠦ᠂ ᠬᠤᠷᠸ᠎ᠠ ᠠᠵᠦ ᠠᠬᠤᠢ ᠶᠢᠨ ᠬᠠᠨᠳᠤᠰᠢ ᠶᠢ ᠨᠠᠷᠢᠨ ᠰᠤᠳᠤᠯᠵᠦ᠂ ᠲᠡᠭᠡᠳᠦ ᠱᠠᠳᠤᠨ ᠤ ᠲᠦᠷᠦ  ᠶᠢᠨ ᠪᠤᠳᠤᠯᠭ᠎ᠠ ᠶᠢᠨ ᠴᠢᠭᠯᠡᠯᠳᠡ ᠪᠠ ᠪᠡᠯᠡ ᠤᠷᠤᠭᠤᠯᠤᠯᠳᠠ ᠶᠢᠨ ᠬᠠᠨᠳᠤᠰᠢ ᠶᠢ ᠵᠦᠪ ᠤᠶᠢᠯᠠᠭᠠᠨ᠂ ᠮᠠᠨ ᠤ ᠬᠤᠰᠢᠭᠤᠨ ᠤ ᠪᠤᠳᠠᠳᠠᠢ ᠠᠵᠢᠯ ᠲᠠᠢ ᠨᠢᠭᠳᠠ ᠤᠶᠠᠯᠳᠤᠬᠤ ᠵᠦᠢᠯ ᠢ ᠤᠨᠤᠪᠴᠢᠳᠠᠢ ᠰᠡᠷᠡᠵᠦ ᠮᠡᠳᠡᠬᠦ ᠬᠡᠷᠡᠭᠳᠡᠢ᠃ ᠴᠢᠨᠠᠷᠯᠢᠭ ᠬᠦᠭᠵᠢᠯᠳᠡ ᠶᠢ ᠠᠬᠢᠭᠤᠯᠬᠤ᠂ ᠦᠨᠳᠦᠷ ᠬᠡᠪ ᠴᠢᠨᠡᠷ ᠤᠨ ᠠᠮᠢᠳᠤᠷᠠᠯ ᠢ ᠡᠭᠦᠳᠬᠦ ᠪᠠᠷ ᠭᠤᠤᠯ ᠡᠬᠦᠷᠬᠡ ᠪᠠᠨ ᠪᠤᠯᠭᠠᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠᠷ ᠭᠤᠣᠯᠳᠠᠯᠭ᠎ᠠ ᠪᠤᠯᠭᠠᠨ ᠂ ︽ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ︾ ᠢ ᠤᠷᠢᠳᠠᠪᠠᠷ ᠬᠥᠭᠵᠢᠭᠦᠯᠬᠦ ᠶᠢ ᠪᠠᠳᠣᠯᠠᠨ᠎ᠠ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠢᠯᠢᠳᠡᠭᠵᠢᠬᠦᠯᠬᠦ ᠪᠠᠷ ᠬᠦᠳᠡᠯᠭᠡᠭᠴᠢ ᠬᠦᠴᠦᠨ ᠪᠤᠯᠭᠠᠵᠦ᠂ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠤᠨ᠎ᠠ᠃ ︽ᠭᠤᠷᠪᠠᠨ ᠲᠤᠮᠤ ᠰᠢᠪᠳᠤᠯᠤᠯᠳᠠ ᠶᠢᠨ ᠢᠨᠵᠧᠨᠧᠷᠢᠩ︾ ᠤᠨ ᠲᠤᠮᠳᠠ ᠤᠷᠤᠰᠢᠵᠦ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠢ ᠰᠢᠢᠳᠪᠤᠷᠢᠯᠡᠬᠦ ᠪᠠᠷ ᠰᠦᠪᠡᠭᠴᠢ ᠪᠤᠯᠭᠠᠨ᠂ ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠶᠢ ᠨᠡᠮᠡᠭᠳᠡᠬᠦᠯᠦᠨ᠎ᠡ ᠃ ᠨᠡᠶᠢᠬᠡᠮ ᠤᠨ ᠠᠵᠢᠯ ᠦᠢᠯᠡᠰ ᠢ ᠬᠥᠭᠵᠢᠭᠦᠯᠬᠦ ᠪᠠᠷ ᠬᠠᠷᠠᠯᠳᠠ ᠪᠠᠨ ᠪᠤᠯᠭᠠᠨ᠂ ᠡᠯ᠎ᠠ ᠲᠦᠷᠦᠯ ᠤᠨ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠠᠵᠢᠯ ᠢ ᠨᠠᠷᠢᠯᠢᠭ ᠬᠢᠵᠦ᠂ ᠰᠢᠯᠢᠳᠡᠭ ᠦᠷ᠎ᠡ ᠪᠦᠳᠦᠮᠵᠢ ᠪᠠᠷ ᠢᠶᠠᠨ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠨ᠎ᠡ᠃      ᠥᠨᠥ ᠵᠢᠯ᠂ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠤᠨ ᠦᠰᠦᠯᠳᠡ ᠶᠢ 6% ᠳᠤ ᠬᠦᠷᠭᠡᠬᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠢ 13% ᠳᠤ ᠬᠦᠷᠭᠡᠬᠦ᠂ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠤᠨ ᠨᠡᠮᠡᠭᠳᠡᠯ ᠢ 8% ᠪᠣᠯᠭᠠᠬᠤ᠂ ᠬᠤᠳᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠤᠷᠤᠯᠭ᠎ᠠ ᠶᠢ ᠲᠤᠰᠪᠤᠷᠢ 6% ᠪᠠ 9%  ᠪᠠᠷ ᠨᠡᠮᠡᠭᠳᠡᠭᠦᠯᠬᠦ ᠪᠠᠷ ᠬᠠᠷᠠᠯᠲᠠ ᠪᠤᠯᠭᠠᠪᠠ᠃ ᠪᠢᠳᠡ ᠡᠳᠡᠭᠡᠷ ᠡᠭᠦᠷᠭᠡ ᠬᠠᠷᠠᠯᠲᠠ ᠪᠠᠨ ᠪᠡᠶᠡᠯᠡᠭᠦᠯᠬᠦ ᠳᠤ ᠡᠷᠭᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠤᠷᠤᠨ ᠳᠤ ᠬᠠᠨᠳᠣᠭᠤᠯᠣᠨ ᠳᠣᠷᠠᠳᠣᠭᠰᠠᠨ ︽ᠲᠦᠷᠪᠡ ᠶᠢ ᠡᠷᠴᠢᠮᠵᠢᠬᠦᠯᠬᠦ︾᠂ ︽ᠭᠤᠷᠪᠠ ᠶᠢ ᠯᠠᠪᠳᠠᠭᠤᠨ ᠠᠬᠢᠭᠤᠯᠬᠤ︾ ᠪᠣᠯᠣᠨ ᠪᠤᠬᠢᠷᠳᠣᠯ ᠦᠭᠡᠢ ᠬᠦᠭᠵᠢᠯᠳᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠮᠪᠠᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ ᠨᠠᠢᠮᠠᠳᠣᠭᠠᠷ ᠪᠦᠭᠦᠳᠡ ᠬᠤᠷᠠᠯ᠂ ᠪᠦᠬᠦ ᠤᠷᠤᠨ ᠤ ᠠᠵᠦ ᠠᠬᠤᠢ ᠶᠢᠨ ᠠᠵᠢᠯ  ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2019 ᠤᠨ ᠤ ᠨᠢᠬᠡᠳᠦᠬᠡᠷ ᠤᠳᠠᠭᠠᠨ ᠤ ︵ᠦᠷᠬᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠣᠭᠠᠷ ᠪᠦᠬᠦ ᠭᠡᠰᠢᠭᠦᠳ ︵ᠥᠷᠭᠡᠳᠭᠡᠭᠰᠡᠨ︶ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠢᠬᠤᠯᠠ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠠᠬᠢ ᠰᠢᠨ᠎ᠡ ᠠᠭᠤᠯᠤᠭᠳᠠᠬᠤᠨ ᠪᠠ ︽ᠪᠠᠳᠣᠳᠬᠠᠬᠤ᠂ ᠴᠢᠩᠭᠠᠳᠬᠠᠬᠤ᠂ ᠲᠡᠰ ᠲᠡᠪᠰᠢᠭᠦᠯᠬᠦ᠂ ᠰᠢᠯᠤᠭᠤᠳᠬᠠᠬᠤ︾ ᠴᠢᠭᠯᠡᠯᠳᠡ ᠶᠤᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠭᠠᠵᠠᠷ ᠤᠷᠤᠨ ᠳᠠᠭᠠᠨ ᠳᠣᠬᠢᠷᠠᠭᠤᠯᠤᠨ᠂ ᠠᠵᠢᠯ ᠢᠶᠠᠨ ᠪᠦᠲᠦᠭᠡᠯᠴᠢ ᠴᠢᠨᠠᠷᠲᠠᠢ ᠥᠷᠨᠢᠭᠦᠯᠦᠨ᠎ᠡ᠃      ︵ᠨᠢᠭᠡ︶ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠢ ᠳᠣᠪᠣᠶᠢᠯᠭᠠᠵᠤ᠂ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠤᠨ᠎ᠠ      ᠠᠮᠢ ᠠᠬᠤᠢ ᠣᠷᠴᠢᠨ ᠳᠣᠭᠤᠷᠢᠨ ᠤ ᠪᠠᠶᠢᠭᠤᠯᠤᠯᠳᠠ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ ᠠᠬᠤᠢ ᠶᠢᠨ ᠵᠠᠰᠠᠨ ᠴᠡᠭᠴᠡᠯᠡᠯᠳᠡ ᠶᠢ ᠲᠥᠯᠥᠪᠵᠢᠭᠦᠯᠦᠨ ᠠᠬᠢᠭᠤᠯᠵᠤ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠤ ᠠᠮᠢ ᠠᠬᠤᠢ ᠶᠢᠨ ᠴᠢᠳᠠᠪᠬᠢ ᠶᠢ ᠳᠠᠰᠣᠷᠠᠯᠳᠠ ᠦᠭᠡᠢ ᠰᠡᠷᠭᠦᠭᠡᠨ᠎ᠡ᠃ ᠭᠤᠣᠯ ᠨᠠᠭᠤᠷ ᠤᠨ ᠳᠠᠷᠤᠭ᠎ᠠ ᠶᠢᠨ ᠳᠥᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠳᠠᠲᠠᠢ ᠠᠵᠢᠯ ᠬᠢᠵᠦ᠂ ᠭᠤᠣᠯ ᠨᠠᠭᠤᠷ ᠤᠨ ᠳᠠᠷᠤᠭ᠎ᠠ ᠶᠢᠨ ᠳᠣᠭᠤᠷᠢᠨ ᠪᠠᠶᠢᠴᠠᠭᠠᠬᠤ ᠳᠥᠷᠢᠮ ᠢ ᠬᠡᠷᠡᠭᠵᠢᠭᠦᠯᠦᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠣᠬᠠᠢ ᠳᠤᠨᠢ ᠰᠢᠢᠳᠪᠦᠷᠢᠯᠡᠨ᠎ᠡ᠃ ᠨᠤᠳᠤᠭ ᠪᠡᠯᠴᠢᠭᠡᠷ ᠤᠨ ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠨ᠂ ᠲᠠᠴᠢᠷᠰᠢᠵᠣ ᠮᠠᠭᠤᠳᠠᠭᠰᠠᠨ ᠨᠤᠳᠤᠭ ᠪᠡᠯᠴᠢᠭᠡᠷ ᠢ ᠰᠡᠷᠭᠦᠭᠡᠬᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠪᠡᠯᠴᠢᠭᠡᠷᠯᠡᠭᠦᠯᠬᠦ ᠶᠢ ᠵᠤᠭᠰᠣᠭᠠᠬᠤ ᠪᠣᠯᠣᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠭᠰᠣᠭᠠᠬᠤ ᠣᠷᠣᠨ ᠳᠤ ᠪᠡᠯᠴᠢᠭᠡᠷᠯᠡᠭᠦᠯᠬᠦ ᠦᠭᠡᠢ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠦᠭᠡᠢ ᠪᠠᠶᠢᠬᠤ ᠶᠢ ᠪᠠᠳᠣᠯᠠᠨ᠎ᠠ᠃ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠰᠡᠯᠭᠦᠨ ᠮᠠᠯᠵᠢᠬᠤ ᠶᠢ ᠦᠷᠭᠦᠯᠵᠢᠯᠡᠨ ᠠᠬᠢᠭᠤᠯᠵᠤ᠂ ᠨᠤᠳᠤᠭ ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠬᠢ ᠶᠢ ᠪᠠᠳᠣᠯᠠᠨ ᠰᠠᠶᠢᠵᠢᠷᠠᠭᠤᠯᠤᠨ᠎ᠠ᠃ 13 ᠲᠥᠮᠡᠨ ᠮᠦ ᠲᠠᠯᠠᠪᠠᠢ ᠪᠦᠬᠦᠢ ᠬᠡᠪᠴᠢᠶᠡᠵᠢᠭᠰᠡᠨ ᠣᠢ ᠰᠢᠭᠤᠢ ᠶᠢᠨ ᠳᠠᠯᠠᠪᠠᠢ ᠢ ᠪᠠᠶᠢᠭᠤᠯᠵᠤ᠂ 4 ᠲᠥᠮᠡᠨ ᠮᠦ ᠭᠠᠵᠠᠷ ᠤᠨ ᠡᠯᠡᠰᠦᠨ ᠤ ᠡᠬᠢ ᠶᠢ ᠵᠠᠰᠠᠵᠤ᠂ 12.1 ᠲᠥᠮᠡᠨ ᠮᠦ ᠭᠠᠵᠠᠷ ᠲᠤ ᠬᠤᠯᠠᠨ ᠰᠢᠷᠭ᠎ᠠ ᠳᠠᠭ᠎ᠠ ᠶᠢᠨ ᠮᠠᠩᠬ᠎ᠠ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ 2700 ᠮᠦ ᠭᠠᠵᠠᠷ ᠲᠤ ᠣᠯᠣᠰ ᠤᠨ ᠡᠯᠡᠰᠦᠷᠬᠡᠭᠵᠢᠭᠰᠡᠨ ᠭᠠᠵᠠᠷ ᠢ ᠪᠢᠳᠡᠭᠦᠮᠵᠢᠯᠡᠨ ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠲᠤᠰ ᠵᠢᠯ ᠳᠤ 29 ᠲᠥᠮᠡᠨ ᠮᠦ ᠠᠴᠠ ᠳᠡᠭᠡᠭᠰᠢᠬᠢ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠨ᠎ᠡ᠃ ᠬᠥᠳᠡᠭᠡ ᠳᠣᠰᠬᠤᠨ ᠤ ᠬᠦᠮᠦᠨ ᠠᠷᠠᠳ ᠤᠨ ᠤᠷᠤᠰᠢᠨ ᠰᠠᠭᠤᠬᠤ ᠣᠷᠴᠢᠨ ᠳᠣᠭᠤᠷᠢᠨ ᠢ ᠶᠡᠷᠦᠩᠬᠡᠶᠢᠯᠡᠨ ᠴᠡᠭᠴᠡᠯᠡᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠰᠥᠪᠯᠡᠵᠦ᠂ ᠲᠥᠰᠥᠪ ᠨᠢ ᠥᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠲᠦᠯᠦᠪᠵᠢᠬᠦᠯᠬᠡ ᠶᠢᠨ ᠲᠢᠩᠬᠢᠮ ᠤᠨ ᠬᠢᠨᠠᠨ ᠵᠦᠪᠰᠢᠶᠡᠷᠡᠯ ᠢ ᠣᠯᠣᠭᠰᠠᠨ ᠤ ᠰᠡᠭᠦᠯᠡᠷ᠂ ᠬᠦᠮᠦᠨ ᠠᠮᠠ ᠬᠠᠷᠢᠴᠠᠩᠭᠤᠢ ᠪᠠᠷ ᠲᠥᠪᠯᠡᠷᠡᠭᠰᠡᠨ 30 ᠭᠠᠴᠠᠭ᠎ᠠ ᠳᠣᠰᠬᠤᠨ ᠢ ᠶᠡᠷᠦᠩᠬᠡᠶᠢᠯᠡᠨ ᠴᠡᠭᠴᠡᠯᠡᠵᠦ᠂ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠭᠦᠭᠡᠷᠦᠮᠵᠢ 12 ᠰᠠᠣᠷᠢ ᠂ ᠠᠮᠢᠳᠣᠷᠠᠯ ᠤᠨ ᠪᠣᠬᠢᠷ ᠤᠰᠤ ᠶᠢ ᠰᠢᠢᠳᠪᠦᠷᠢᠯᠡᠬᠦ ᠲᠥᠭᠦᠭᠡᠷᠦᠮᠵᠢ 2 ᠰᠠᠣᠷᠢ ᠪᠠᠶᠢᠭᠤᠯᠬᠤ ᠪᠤᠯᠤᠨ᠎ᠠ᠃ ᠵᠣᠷᠯᠣᠩ ᠤᠨ ᠦᠭᠡᠷᠡᠴᠢᠯᠡᠯᠲᠡ ᠶᠢᠨ ᠠᠵᠢᠯ ᠢ ᠯᠠᠪᠳᠠᠭᠤᠨ ᠠᠬᠢᠭᠤᠯᠵᠤ᠂ ᠬᠥᠳᠡᠭᠡ ᠳᠣᠰᠬᠤᠨ ᠤ ᠣᠨᠴᠠᠯᠢᠭ ᠲᠤ ᠳᠣᠬᠢᠷᠠᠬᠤ᠂ ᠲᠥᠭᠡᠮᠡᠯᠵᠢᠭᠦᠯᠬᠦ ᠳᠤ ᠲᠥᠭᠦᠮ ᠣᠷᠣᠨ ᠰᠠᠭᠤᠴᠠ ᠶᠢᠨ ᠵᠤᠷᠯᠤᠩ ᠤᠨ ᠦᠭᠡᠷᠡᠴᠢᠯᠡᠯᠳᠡ ᠪᠠ ᠠᠷᠠᠴᠢᠯᠠᠯᠳᠠ ᠶᠢᠨ ᠳᠣᠬᠠᠢ ᠳᠣᠷᠰᠢᠯᠭ᠎ᠠ ᠪᠠᠨ ᠳ᠋ᠦᠩᠨᠡᠨ᠎ᠡ᠃ ᠮᠠᠯ ᠲᠡᠵᠢᠭᠡᠪᠦᠷᠢ ᠶᠢᠨ ᠢᠯᠭᠠᠳᠠᠰᠣ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠪᠦᠬᠦ ᠬᠤᠰᠢᠭᠤᠨ ᠳᠤ ᠲᠥᠭᠡᠮᠡᠯᠵᠢᠭᠦᠯᠦᠨ ᠬᠡᠷᠡᠭᠵᠢᠭᠦᠯᠵᠦ᠂ ᠤᠷᠭᠠᠨᠢᠭ ᠬᠤᠭ ᠨᠤᠪᠰᠢ ᠶᠢ ᠪᠤᠷᠬᠢᠳᠣᠯ ᠦᠭᠡᠢ ᠰᠢᠢᠳᠪᠦᠷᠢᠯᠡᠬᠦ ᠶᠢ ᠠᠬᠢᠭᠤᠯᠤᠨ᠎ᠠ᠃      ︵ᠬᠤᠶᠠᠷ︶ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠲᠤᠭᠤᠷᠢᠨ ᠳᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ      ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ︽ᠬᠤᠨᠢ ᠶᠢ ᠴᠦᠭᠡᠴᠢᠯᠡᠵᠦ᠂ ᠦᠬᠡᠷ ᠮᠠᠯᠵᠢᠬᠤ︾ ᠪᠠᠶᠢᠯᠳᠣᠬᠤ ᠪᠤᠳᠣᠯᠭ᠎ᠠ ᠲᠠᠢ ᠤᠶᠠᠯᠳᠣᠭᠤᠯᠤᠨ᠂ ᠣᠳᠣᠬᠢᠴᠢᠯᠠᠭᠰᠠᠨ ᠮᠠᠯ ᠠᠵᠤ ᠠᠬᠤᠢ ᠶᠢ ᠬᠥᠭᠵᠢᠭᠦᠯᠵᠦ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ ᠬᠦᠴᠦᠷᠭᠡᠭᠵᠢᠭᠦᠯᠦᠨ ᠪᠤᠵᠠᠭᠠᠶᠢᠷᠠᠭᠤᠯᠵᠤ᠂ ᠠᠮᠢᠳᠠᠨ ᠤ ᠬᠢᠵᠢᠭ ᠢ ᠰᠡᠷᠭᠡᠶᠢᠯᠡᠨ ᠵᠠᠰᠠᠬᠤ ᠴᠢᠳᠠᠪᠬᠢ ᠪᠠᠨ ᠨᠡᠮᠡᠭᠳᠡᠭᠦᠯᠦᠨ᠎ᠡ᠃ ᠭᠡᠷ ᠪᠦᠯᠢ ᠶᠢᠨ ᠮᠠᠯᠵᠢᠯ ᠤᠨ ᠳᠠᠯᠠᠪᠠᠢ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠬᠤᠷᠰᠢᠶᠠᠵᠢᠯ ᠢ ᠳᠥᠷᠢᠮᠵᠢᠭᠦᠯᠬᠦ ᠠᠵᠢᠯ ᠢ ᠴᠢᠩᠭᠠᠳᠬᠠᠨ᠂ ᠦᠨᠳᠦᠷ ᠶᠠᠰᠣ ᠴᠢᠨᠠᠷᠲᠠᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠪᠤᠢ ᠪᠤᠯᠭᠠᠨ᠎ᠠ᠃ ᠰᠢᠮᠧᠨ᠋ᠲᠷ ᠦᠬᠡᠷ᠂ ᠠᠩᠭᠧᠰ ᠦᠬᠡᠷ ᠢᠶᠠᠷ ᠭᠤᠣᠯ ᠪᠤᠯᠭᠠᠭᠰᠠᠨ ᠣᠳᠣᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠢ ᠡᠷᠴᠢᠮᠳᠠᠢ ᠬᠦᠭᠵᠢᠭᠦᠯᠵᠦ᠂ ᠵᠢᠯ ᠤᠨ ᠳᠣᠳᠣᠷ᠎ᠠ ᠱᠦᠨ ᠰᠢᠨ ᠰᠢᠨ ᠶᠤᠸᠠᠨ ᠮᠠᠯ ᠠᠵᠤ ᠦᠢᠯᠡᠰ᠂ ᠾᠦᠢ ᠮᠦ ᠦᠬᠡᠷ ᠤᠨ ᠦᠢᠯᠡᠰ ᠵᠡᠷᠭᠡ ᠬᠤᠶᠠᠷ ᠠᠵᠤ ᠠᠬᠤᠶᠢᠯᠠᠯ ᠳᠤ 2 ᠲᠥᠮᠡᠨ ᠳᠣᠯᠣᠭᠠᠢ ᠰᠠᠶᠢᠨ ᠡᠭᠦᠯᠳᠡᠷ ᠤᠨ ᠮᠢᠬᠠᠨ ᠤ ᠦᠬᠡᠷ ᠣᠷᠣᠭᠤᠯᠵᠤ᠂ ︽ᠮᠠᠯᠴᠢᠨ ᠳᠠᠷᠢᠶᠠᠴᠢᠨ ᠡᠷᠦᠬᠡ ᠠᠴᠠ ᠲᠡᠵᠢᠭᠡᠨ ᠪᠤᠶᠢᠵᠢᠭᠤᠯᠬᠤ + ᠬᠤᠷᠰᠢᠶᠠᠵᠢᠯ ᠠᠴᠠ ᠪᠤᠷᠳᠤᠬᠤ + ᠠᠵᠤ ᠠᠬᠤᠶᠢᠯᠠᠯ ᠠᠴᠠ ᠪᠤᠯᠪᠠᠰᠣᠷᠠᠭᠤᠯᠤᠨ ᠪᠣᠷᠣᠯᠠᠭᠤᠯᠬᠤ︾ ᠡᠵᠡᠩᠨᠡᠯᠲᠡ ᠶᠢᠨ ᠬᠡᠯᠪᠡᠷᠢ ᠶᠢ ᠬᠡᠷᠡᠭᠵᠢᠭᠦᠯᠵᠦ᠂ ᠠᠵᠤ ᠠᠬᠤᠶᠢᠯᠠᠯ ᠪᠤᠯᠤᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠳᠠᠯᠠᠪᠠᠢ ᠶᠢᠨ ᠠᠵᠤ ᠦᠢᠯᠡᠰ ᠤᠨ ᠬᠠᠮᠳᠣᠷᠠᠯᠴᠠᠭ᠎ᠠ ᠶᠢ ᠠᠬᠢᠭᠤᠯᠵᠤ᠂ ᠮᠠᠯᠴᠢᠨ ᠡᠷᠦᠬᠡ ᠪᠤᠯᠤᠨ ᠠᠵᠤ ᠠᠬᠤᠶᠢᠯᠠᠯ ᠤᠨ ᠬᠠᠮᠳᠣ ᠶᠢᠨ ᠠᠰᠢᠭ ᠳᠣᠰᠠ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠲᠥᠷᠥᠯ ᠵᠦᠢᠯ ᠢ ᠣᠷᠢᠨ ᠣᠷᠣᠭᠤᠯᠬᠤ ᠶᠢ ᠴᠢᠬᠤᠯᠠᠴᠢᠯᠠᠨ᠂ ᠰᠢᠨ᠎ᠡ ᠪᠠᠷ ᠬᠦᠭᠵᠢᠵᠦ ᠪᠠᠶᠢᠭ᠎ᠠ ᠠᠵᠤ ᠦᠢᠯᠡᠰ ᠲᠤ ᠲᠦᠰᠢᠭᠯᠡᠨ᠂ ᠪᠤᠬᠢᠷᠳᠣᠯ ᠦᠭᠡᠢ ᠳᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠳᠣᠮᠳᠠᠳᠣ ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠯᠠᠨ ᠰᠢᠷᠭ᠎ᠠ ᠳᠠᠭ᠎ᠠ ᠶᠢᠨ ᠮᠠᠩᠬᠠᠨ ᠤ ᠠᠮᠢ ᠠᠬᠤᠢ ᠶᠢ ᠰᠣᠳᠣᠯᠬᠤ ᠭᠠᠵᠠᠷ ᠤᠨ ᠮᠡᠷᠭᠡᠵᠢᠯ ᠳᠤ ᠰᠠᠭᠤᠷᠢᠯᠠᠨ᠂ ᠪᠡᠯᠴᠢᠭᠡᠷᠯᠡᠭᠦᠯᠬᠦ ᠶᠢ ᠵᠤᠭᠰᠣᠭᠠᠬᠤ ᠣᠷᠣᠨ ᠳᠤ ᠳᠠᠬᠢᠶ᠎ᠠ ᠲᠡᠵᠢᠬᠡᠵᠦ᠂ ᠲᠤᠰ ᠵᠢᠯ ᠳᠤ᠂ 2 ᠲᠥᠮᠡᠨ ᠳᠠᠬᠢᠶ᠎ᠠ ᠲᠡᠵᠢᠭᠡᠬᠦ ᠪᠠᠷ ᠪᠠᠶᠢᠨ᠎ᠠ᠃ ᠭᠤᠸᠠᠩ ᠷᠦᠨ ᠡᠪᠡᠰᠦᠨ ᠤ ᠦᠢᠯᠡᠰ ᠤᠨ ᠠᠵᠤ ᠠᠬᠤᠶᠢᠯᠠᠯ ᠢ ᠣᠷᠢᠨ ᠣᠷᠣᠭᠤᠯᠵᠤ᠂ ᠪᠤᠳᠠ ᠮᠤᠳᠣ ᠲᠠᠷᠢᠬᠤ᠂ ᠤᠷᠤᠢ ᠶᠢ ᠨᠢ ᠵᠠᠰᠠᠬᠤ᠂ ᠪᠤᠯᠪᠠᠰᠣᠷᠠᠭᠤᠯᠬᠤ ᠪᠠᠷ ᠲᠠᠮᠵᠢᠨ ᠮᠠᠯ ᠤᠨ ᠪᠤᠷᠳᠤᠭ᠎ᠠ ᠦᠢᠯᠡᠳᠪᠦᠷᠢᠯᠡᠵᠦ᠂ ᠵᠢᠯ ᠤᠨ ᠳᠣᠳᠣᠷ᠎ᠠ 5 ᠲᠥᠮᠡᠨ ᠲᠤᠨ ᠦᠨᠳᠦᠷ ᠲᠡᠰ ᠤᠨ ᠪᠤᠳᠠ ᠮᠤᠳᠣᠨ ᠤ ᠢᠰᠬᠡᠮᠡᠯ ᠪᠤᠷᠳᠤᠭ᠎ᠠ᠂ 3 ᠲᠥᠮᠡᠨ ᠲᠣᠨ ᠬᠤᠯᠢᠮᠠᠭ ᠮᠥᠬᠦᠯᠢᠭᠲᠦ ᠪᠤᠷᠳᠤᠭ᠎ᠠ ᠶᠢ ᠦᠢᠯᠡᠳᠪᠦᠷᠢᠯᠡᠨ ᠢᠰᠬᠡᠬᠦ ᠪᠠᠷ ᠪᠠᠶᠢᠨ᠎ᠠ᠃ ᠵᠦᠩ ᠬᠤᠸᠠ ᠳᠠᠷᠢᠶᠠᠯᠠᠩ ᠤᠨ ᠦᠢᠯᠡᠰ ᠤᠨ ᠪᠤᠷᠣᠬᠤᠳᠠ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠳᠡᠭᠡ ᠶᠢ ᠥᠷᠭᠡᠳᠭᠡᠵᠦ᠂ ᠪᠤᠷᠤᠬᠤᠳᠠ ᠵᠢᠱᠢᠶ᠎ᠡ ᠦᠵᠡᠭᠦᠯᠬᠦ ᠳᠣᠭᠤᠷᠢᠭ ᠲᠠᠢ ᠬᠤᠷᠰᠢᠨ ᠦᠢᠯᠡᠴᠢᠯᠡᠬᠦ ᠳᠠᠯᠠᠪᠠᠢ ᠪᠠᠨ 4 ᠲᠥᠮᠡᠨ ᠮᠦ ᠨᠡᠮᠡᠭᠳᠡᠭᠦᠯᠦᠨ᠂ ᠪᠦᠬᠦ ᠬᠤᠰᠢᠭᠤᠨ ᠤ ᠲᠠᠷᠢᠶᠠᠯᠠᠩ ᠤᠨ ᠦᠢᠯᠡᠰ ᠤᠨ ᠦᠪᠡᠷ ᠤᠨ ᠥᠷᠳᠡᠭ ᠢ ᠪᠠᠭᠤᠷᠠᠭᠤᠯᠵᠤ ᠶᠠᠰᠣ ᠴᠢᠨᠠᠷ ᠢ ᠨᠡᠮᠡᠭᠳᠡᠭᠦᠯᠬᠦ ᠶᠢ ᠲᠠᠶᠢᠴᠢᠯᠠᠨ᠂ ᠤᠯᠤᠰ ᠤᠨ ᠦᠮᠴᠢᠯᠠᠯᠳᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ ᠬᠥᠭᠵᠢᠭᠦᠯᠵᠦ᠂ ᠬᠠᠮᠳᠣ ᠶᠢᠨ ᠪᠡᠯᠴᠢᠭᠡᠷ ᠢ ᠳᠦᠷᠢᠶᠡᠰᠦᠯᠡᠬᠦ ᠪᠤᠶᠤ ᠬᠤᠪᠢ ᠤᠷᠤᠭᠤᠯᠬᠤ᠂ ᠳᠠᠷᠢᠶᠠᠯᠠᠩ ᠤᠨ ᠮᠠᠰᠢᠨ ᠲᠣᠨᠤᠭ ᠢ ᠳᠦᠷᠢᠶᠡᠰᠦᠯᠡᠬᠦ᠂ ᠳᠣᠰᠬᠠᠢ ᠦᠢᠯᠡᠴᠢᠯᠡᠭᠡᠨ ᠤ ᠪᠠᠭ ᠢ ᠵᠤᠬᠢᠶᠠᠨ ᠪᠠᠶᠢᠭᠤᠯᠬᠤ ᠵᠡᠷᠬᠡ ᠬᠡᠯᠪᠡᠷᠢ ᠪᠠᠷ ᠬᠦᠭᠵᠢᠯᠳᠡ ᠶᠢᠨ ᠠᠷᠭ᠎ᠠ ᠵᠠᠮ ᠢ ᠦᠷᠬᠡᠳᠬᠡᠵᠦ᠂ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ ᠬᠦᠭᠵᠢᠭᠦᠯᠬᠦ ᠳᠣᠰᠬᠠᠢ ᠪᠡᠯᠡ ᠮᠦᠩᠬᠦ ᠶᠢ ᠵᠢᠯ ᠳᠤ ᠠᠳᠠᠭ ᠲᠠᠭᠠᠨ 400 ᠲᠥᠮᠡᠨ ᠲᠦᠭᠦᠷᠢᠭ ᠲᠤᠬᠢᠷᠠᠭᠤᠯᠬᠤ ᠶᠢᠨ ᠬᠠᠮᠳᠤ ᠳᠡᠭᠡᠳᠦ ᠱᠠᠳᠣᠨ ᠤ ᠳᠣᠰᠬᠠᠢ ᠲᠥᠷᠥᠯ ᠤᠨ ᠪᠡᠯᠡ ᠮᠦᠩᠬᠦ ᠲᠠᠢ ᠨᠢᠭᠡᠳᠣᠯᠳᠠᠢ ᠲᠥᠯᠥᠪᠵᠢᠭᠦᠯᠦᠨ᠂ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠳᠠᠭᠠᠭᠠᠮᠠᠭᠠᠢ ᠬᠦᠭᠵᠢᠯᠳᠡ ᠳᠤ ᠬᠥᠳᠡᠯᠭᠡᠭᠴᠢ ᠬᠦᠴᠦᠨ ᠬᠠᠩᠭᠠᠨ᠎ᠠ᠃ 2019 ᠣᠨ ᠤ ᠰᠡᠭᠦᠯᠴᠢ ᠪᠣᠯᠬᠤ ᠳᠤ᠂ ᠪᠦᠬᠦ ᠬᠤᠰᠢᠭᠤᠨ ᠤ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 2 ᠲᠥᠮᠡᠨ ᠲᠦᠭᠦᠷᠢᠭ ᠠᠴᠠ ᠳᠡᠭᠡᠭᠰᠢ ᠪᠤᠯᠭᠠᠬᠤ ᠪᠠᠷ ᠴᠢᠷᠮᠠᠶᠢᠵᠤ᠂ ᠵᠠᠭᠤᠨ ᠤ ᠲᠠᠪᠢ ᠶᠢᠨ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 6 ᠲᠥᠮᠡᠨ ᠲᠦᠭᠦᠷᠢᠭ ᠲᠤ ᠬᠦᠷᠭᠡᠨ᠂ ᠡᠵᠡᠩᠨᠡᠯᠳᠡ ᠶᠢᠨ ᠴᠢᠨᠠᠷᠲᠠᠢ ᠣᠷᠣᠯᠭ᠎ᠠ ᠶᠢ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢᠨ 50% ᠳᠤ ᠬᠦᠷᠭᠡᠨ᠎ᠡ᠃ 2020 ᠣᠨ ᠤ ᠡᠴᠦᠰ ᠪᠣᠯᠬᠤ ᠳᠤ᠂ ᠪᠦᠬᠦ ᠬᠤᠰᠢᠭᠤᠨ ᠤ ᠭᠠᠴᠠᠭᠠᠨ ᠤ ᠬᠠᠮᠳᠣ ᠶᠢᠨ ᠠᠵᠤ ᠠᠬᠤᠢ ᠶᠢᠨ ᠣᠷᠣᠯᠭ᠎ᠠ ᠶᠢ 5 ᠲᠥᠮᠡᠨ ᠲᠦᠭᠦᠷᠢᠭ ᠠᠴᠠ ᠦᠨᠳᠦᠷ ᠪᠣᠯᠭᠠᠵᠤ᠂ ᠡᠵᠡᠩᠨᠡᠯᠳᠡ ᠶᠢᠨ ᠴᠢᠨᠠᠷᠳᠠᠢ ᠶᠡᠷᠦᠩᠬᠡᠢ ᠣᠷᠣᠯᠭ᠎ᠠ ᠶᠢ 2017 ᠣᠨ ᠤ ᠬᠢ ᠠᠴᠠ ᠳᠠᠬᠢᠨ ᠢᠶᠠᠷ ᠥᠰᠭᠡᠵᠦ᠂ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢᠨ ᠳᠣᠭᠳᠠᠭᠤᠨ ᠨᠡᠮᠡᠭᠳᠡᠯ ᠤᠨ ᠳᠣᠭᠳᠠᠯᠴᠠᠭ᠎ᠠ ᠶᠢ ᠪᠦᠷᠢᠯᠳᠦᠭᠦᠯᠵᠦ᠂ ᠭᠠᠴᠠᠭ᠎ᠠ ᠳᠣᠰᠬᠤᠨ ᠤ ᠥᠪᠡᠷ ᠤᠨ ᠬᠦᠭᠵᠢᠯᠳᠡ᠂ ᠳᠠᠭᠠᠭᠠᠮᠠᠭᠠᠢ ᠬᠦᠭᠵᠢᠯᠳᠡ ᠶᠢᠨ ᠴᠢᠳᠠᠪᠤᠷᠢ ᠶᠢ ᠳᠠᠰᠣᠷᠠᠯᠳᠠ ᠦᠭᠡᠢ ᠨᠡᠡᠮᠭᠳᠡᠭᠦᠯᠵᠦ ᠂ ᠭᠠᠴᠠᠭ᠎ᠠ ᠳᠣᠰᠬᠤᠨ ᠤ ᠨᠠᠮ ᠤᠨ ᠳᠣᠭᠤᠶᠢᠯᠠᠩ ᠤᠨ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠳᠣᠮᠳᠠᠴᠢ ᠳᠠᠶᠢᠴᠢᠯᠠᠭᠴᠢ ᠶᠢᠨ ᠬᠦᠴᠦᠨ ᠢ ᠳᠣᠪᠣᠶᠢᠯᠭᠠᠨ᠎ᠠ᠃      ᠰᠣᠶᠣᠯ ᠵᠢᠭᠤᠯᠴᠢᠯᠠᠯ ᠤᠨ ᠦᠢᠯᠡᠰ ᠢ ᠡᠷᠴᠢᠮᠲᠠᠢ ᠬᠥᠭᠵᠢᠭᠦᠯᠦᠨ᠂ ︽ᠶᠤᠸᠠᠨ ᠤ ᠳᠡᠭᠡᠳᠦ ᠨᠠᠶᠢᠰᠯᠠᠯ︾᠂ ︽ᠬᠤᠯᠠᠨ ᠰᠢᠷᠭ᠎ᠠ ᠳᠠᠭ᠎ᠠ︾ ᠰᠣᠶᠣᠯ ᠵᠢᠭᠤᠯᠴᠢᠯᠠᠯ ᠤᠨ ᠨᠡᠷᠡᠲᠦ ᠳᠡᠮᠳᠡᠭ ᠢ ᠭᠤᠣᠯᠳᠠᠯᠭ᠎ᠠ ᠲᠠᠢ ᠬᠦᠭᠵᠢᠭᠦᠯᠦᠨ᠎ᠡ᠃ ᠶᠤᠸᠠᠨ ᠤ ᠳᠡᠭᠡᠳᠦ ᠨᠡᠶᠢᠰᠯᠠᠯ ᠤᠨ ᠪᠠᠭᠤᠷᠢ ᠶᠢᠨ 5A ᠲᠡᠰ ᠤᠨ ᠵᠢᠭᠤᠯᠴᠢᠯᠠᠯ ᠢ ᠣᠷᠣᠨ ᠢ ᠪᠠᠶᠢᠭᠤᠯᠬᠤ᠂ ᠪᠠᠭᠤᠷᠢ ᠶᠢᠨ ᠵᠢᠭᠤᠯᠴᠢᠯᠠᠭᠰᠠᠳ ᠲᠤ ᠦᠢᠯᠡᠴᠢᠯᠡᠬᠦ ᠲᠥᠪ᠂ 4D ᠺᠢᠨᠤ᠋ ᠶᠢᠨ ᠣᠷᠳᠣᠨ᠂ ᠪᠠᠭᠤᠷᠢ ᠶᠢᠨ ᠬᠠᠮᠠᠭᠠᠯᠠᠯᠳᠠ ᠶᠢᠨ ᠳᠡᠯᠭᠡᠨ ᠦᠵᠡᠭᠦᠯᠦᠯᠭᠡ ᠪᠤᠯᠤᠨ ᠰᠣᠶᠣᠯ ᠵᠢᠭᠤᠯᠴᠢᠯᠠᠯ ᠤᠨ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠦᠷᠭᠦᠯᠵᠢᠯᠡᠨ ᠰᠠᠶᠢᠳᠣᠷ ᠬᠡᠷᠡᠭᠵᠢᠭᠦᠯᠵᠦ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ᠂ ᠣᠶᠣᠨᠳᠣ ᠵᠢᠭᠤᠯᠴᠢᠯᠠᠯ ᠤᠨ ᠲᠠᠪᠴᠠᠩ᠂ ᠴᠢᠶᠠᠨ ᠶᠤᠸᠠᠨ ᠶᠢ ᠲᠣᠮᠣ ᠪᠠᠭᠤᠳᠠᠯ᠂ ᠶᠤᠸᠠᠨ ᠤ ᠳᠡᠭᠡᠳᠦ ᠨᠠᠶᠢᠰᠯᠠᠯ ᠲᠣᠮᠣ ᠪᠠᠭᠤᠳᠠᠯ ᠢ ᠪᠠᠶᠢᠭᠤᠯᠬᠤ ᠠᠬᠢᠴᠠ ᠪᠠᠨ ᠲᠥᠷᠭᠡᠳᠭᠡᠵᠦ᠂ ᠵᠤᠴᠢᠯᠠᠨ ᠦᠢᠯᠡᠴᠢᠯᠡᠬᠦ ᠴᠢᠳᠠᠪᠬᠢ ᠪᠠᠨ ᠤᠯᠠᠮ ᠳᠡᠭᠡᠭᠰᠢᠯᠡᠭᠦᠯᠦᠨ᠎ᠡ᠃ ᠣᠷᠣᠨ ᠤ ᠳᠣᠳᠣᠨ᠎ᠠ ᠭᠠᠳᠠᠨᠠᠬᠢ ᠵᠢᠷᠤᠭ ᠲᠥᠯᠥᠪᠯᠡᠭᠡᠨ ᠤ ᠪᠠᠶᠢᠭᠤᠯᠤᠮᠵᠢ ᠲᠠᠢ ᠨᠢᠭ᠌ᠳᠡ ᠬᠠᠷᠢᠴᠠᠵᠤ᠂ ᠶᠤᠸᠠᠨ ᠤ ᠳᠡᠭᠡᠳᠦ ᠨᠠᠶᠢᠰᠯᠠᠯ ᠪᠡᠯᠡ ᠣᠷᠣᠭᠤᠯᠤᠯᠳᠠ ᠶᠢᠨ ᠺᠤᠮᠫᠠᠨᠢ ᠠᠴᠠ ᠵᠢᠭᠤᠯᠴᠢᠯᠠᠯ ᠤᠨ ᠦᠵᠡᠮᠵᠢᠳᠣ ᠣᠷᠣᠨ ᠢ ᠨᠡᠬᠡᠬᠡᠨ ᠠᠰᠢᠭᠯᠠᠬᠤ ᠶᠢ ᠠᠬᠢᠭᠤᠯᠤᠨ᠂ ᠱᠠᠩᠳᠣ ᠰᠣᠶᠣᠯ ᠵᠢᠭᠤᠯᠴᠢᠯᠠᠯ ᠤᠨ ᠰᠠᠭᠤᠷᠢᠨ ᠭᠠᠵᠠᠷ ᠪᠠ ᠬᠠᠭᠠᠨ ᠤ ᠣᠷᠳᠣᠨ ᠤ ᠰᠡᠯᠡᠭᠦᠴᠡᠨ ᠵᠤᠭᠠᠴᠠᠬᠤ ᠣᠷᠣᠨ ᠢ ᠪᠠᠶᠢᠭᠤᠯᠤᠨ᠂ ᠣᠯᠣᠰ ᠤᠨ ᠦᠮᠴᠢᠯᠠᠯᠳᠣ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠳᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠣᠷᠣᠯᠭ᠎ᠠ ᠶᠢ ᠨᠡᠮᠡᠭᠳᠡᠭᠦᠯᠦᠨ᠎ᠡ᠃ ᠵᠢᠭᠤᠯᠴᠢᠯᠠᠯ ᠤᠨ ᠰᠠᠭᠤᠷᠢ ᠲᠥᠭᠦᠭᠡᠷᠦᠮᠵᠢ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠳᠬᠠᠵᠤ᠂ ᠲᠤᠰ ᠵᠢᠯ ᠳᠤ ᠲᠠᠪᠦ‍ ᠨᠢᠭᠡ ᠦᠷ᠎ᠡ ᠶᠢᠨ ᠮᠠᠯ ᠤᠨ ᠲᠠᠯᠠᠪᠠᠢ— ᠬᠡᠶᠢᠪᠡᠩ ᠭᠤᠣᠯ ᠦᠵᠡᠮᠵᠢᠳᠣ ᠣᠷᠣᠨ — ᠪᠠᠭ᠎ᠠ ᠵᠢᠭᠠᠰᠣᠳᠠᠢ ᠨᠠᠭᠤᠷ ᠤᠨ ᠵᠢᠭᠤᠯᠴᠢᠯᠠᠯ ᠤᠨ ᠤᠷᠤᠨ ᠤ ᠵᠠᠰᠠᠮᠠᠯ ᠵᠠᠮ ᠢ ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠨ᠂ ᠦᠨᠳᠦᠰᠦᠳᠠᠨ ᠤ ᠵᠠᠩ ᠦᠢᠯᠡ ᠶᠢᠨ ᠣᠨᠴᠠᠯᠢᠭ ᠢ ᠳᠣᠪᠣᠶᠢᠯᠭᠠᠨ᠂ ᠲᠠᠯ᠎ᠠ ᠨᠤᠳᠤᠭ ᠤᠨ ᠵᠢᠭᠤᠯᠴᠢᠯᠠᠯ ᠤᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠵᠦ᠂ ᠵᠢᠭᠤᠯᠴᠢᠯᠠᠯ ᠤᠨ ᠣᠷᠴᠢᠨ ᠳᠣᠭᠤᠷᠢᠨ ᠢ ᠰᠢᠯᠢᠳᠡᠭᠵᠢᠭᠦᠯᠦᠨ᠎ᠡ᠃ ᠤᠯᠠᠮᠵᠢᠯᠠᠯᠳᠣ ᠵᠠᠩ ᠦᠢᠯᠡ ᠶᠢ ᠬᠠᠮᠠᠭᠠᠯᠠᠨ ᠣᠯᠠᠮᠵᠢᠯᠠᠬᠤ ᠪᠠᠷ ᠭᠤᠣᠯᠳᠠᠯᠭ᠎ᠠ ᠪᠣᠯᠭᠠᠨ᠂ ︽ᠮᠠᠯᠴᠢᠨ ᠠᠶᠢᠯ︾ ᠵᠢᠭᠤᠯᠴᠢᠯᠠᠯ ᠤᠨ ᠦᠢᠯᠡᠰ ᠢ ᠤᠷᠮᠠᠰᠢᠭᠤᠯᠤᠨ ᠬᠦᠭᠵᠢᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠡᠯᠧᠺᠲᠷᠤᠨ ᠬᠤᠳᠠᠯᠳᠣᠭᠠᠨ ᠤ ᠦᠢᠯᠡᠰ ᠢ ᠰᠢᠯᠢᠳᠡᠭᠵᠢᠨ ᠬᠦᠭᠵᠢᠭᠦ ᠶᠢ ᠳᠡᠮᠵᠢᠨ᠎ᠡ᠃ ᠰᠢᠨ᠎ᠡ ᠬᠥᠭᠵᠢᠯᠳᠡ ᠶᠢ ᠳᠠᠰᠣᠷᠠᠯᠳᠠ ᠦᠭᠡᠢ ᠡᠭᠦᠳᠴᠦ᠂ ᠡᠵᠡᠩᠨᠡᠨ ᠪᠣᠷᠤᠯᠠᠭᠤᠯᠬᠤ ᠣᠷᠣᠨ ᠵᠠᠢ ᠶᠢ ᠥᠷᠭᠡᠳᠬᠡᠨ᠂ ᠭᠤᠣᠯᠳᠠᠯᠭ᠎ᠠ ᠲᠠᠢ ᠠᠵᠤ ᠦᠢᠯᠡᠰ ᠢᠶᠠᠷ ᠲᠤᠯᠭᠠᠭᠤᠷᠢ ᠪᠣᠯᠭᠠᠨ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠤᠨ᠎ᠠ᠃      ︵ᠭᠤᠷᠪᠠ︶ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠢᠯᠢᠳᠡᠭᠵᠢᠬᠦᠯᠬᠦ ᠪᠠᠷ ᠬᠦᠳᠡᠯᠭᠡᠭᠴᠢ ᠬᠦᠴᠦᠨ ᠪᠤᠯᠭᠠᠨ᠂ ᠴᠢᠨᠠᠷᠯᠢᠭ ᠬᠦᠭᠵᠢᠯᠳᠡ ᠶᠢ ᠠᠬᠢᠭᠤᠯᠤᠨ᠎ᠠ      ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠠᠷᠤᠮᠠᠯᠯᠠᠨ ᠲᠠᠷᠬᠠᠭᠠᠭᠰᠠᠨ ︽ᠴᠢᠨᠠᠷᠯᠢᠭ ᠬᠦᠭᠵᠢᠯᠳᠡ ᠶᠢ ᠠᠬᠢᠭᠤᠯᠬᠤ ᠲᠤᠬᠠᠢ ᠰᠠᠨᠠᠯ︾ ᠵᠢᠴᠢ ᠰᠢᠨ᠎ᠠ ᠪᠠᠷ ᠬᠦᠭᠵᠢᠵᠦ ᠪᠠᠶᠢᠭ᠎ᠠ ᠠᠵᠦ ᠦᠢᠯᠡᠰ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠦᠪᠡᠷᠳᠡᠬᠡᠨ ᠵᠠᠰᠠᠬᠤ ᠤᠷᠤᠨ ᠤ ᠠᠵᠢᠯ ᠤᠨ ᠲᠦᠰᠦᠪ ᠪᠠ ᠠᠵᠦ ᠦᠢᠯᠡᠳᠪᠤᠷᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠢᠮᠪᠠᠢ ᠨᠠᠶᠢᠳᠠᠪᠤᠷᠢᠵᠢᠭᠤᠯᠤᠨ᠎ᠠ᠃ ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠨᠢᠬᠡᠨᠳᠡ ᠪᠠᠶᠢᠭᠤᠯᠤᠭᠳᠠᠭᠰᠠᠨ ᠲᠦᠷᠦᠯ ᠵᠦᠢᠯ ᠤᠨ ᠦᠢᠯᠡᠳᠪᠤᠷᠢᠯᠡᠯ ᠢᠶᠠᠨ ᠡᠬᠢᠯᠡᠬᠦᠯᠬᠦ ᠶᠢ ᠠᠬᠢᠭᠤᠯᠵᠦ᠂ ᠪᠠᠶᠢᠭᠤᠯᠤᠭᠳᠠᠵᠦ ᠪᠠᠶᠢᠭ᠎ᠠ ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠳᠬᠡᠵᠦ᠂ ᠪᠠᠶᠢᠭᠤᠯᠬᠤ ᠪᠠᠷ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠡᠬᠢᠯᠡᠬᠦᠯᠬᠦ ᠶᠢ ᠴᠢᠩᠭᠠᠳᠬᠠᠨ᠎ᠠ ᠃ ᠲᠤᠰ ᠵᠢᠯ ᠳᠤ 32 ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠪᠠᠷ ᠲᠦᠰᠦᠪᠯᠡᠵᠦ᠂ ᠲᠦᠷᠦᠯ ᠵᠦᠢᠯ ᠢ ᠲᠦᠯᠬᠢᠨ ᠠᠬᠢᠭᠤᠯᠬᠤ ᠴᠠᠭ ᠬᠤᠭᠤᠴᠠᠭ᠎ᠠ ᠶᠢ ᠲᠤᠭᠳᠠᠭᠠᠨ᠂ ᠬᠠᠷᠢᠭᠤᠴᠠᠨ ᠬᠠᠷᠢᠯᠴᠠᠬᠤ ᠤᠳᠤᠷᠢᠳᠤᠯᠭ᠎ᠠ᠂ ᠲᠠᠶᠢᠴᠢᠯᠠᠨ ᠬᠦᠢᠴᠡᠳᠬᠡᠬᠦ ᠰᠠᠯᠠᠭ᠎ᠠ ᠮᠦᠴᠢᠷ ᠪᠠ ᠬᠠᠷᠢᠭᠤᠴᠠᠯᠭᠠᠳᠠᠨ ᠢ ᠲᠤᠳᠤᠷᠬᠠᠶᠢᠯᠠᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ ︽ᠨᠢᠬᠡ ᠬᠠᠷᠢᠴᠠᠬᠤ ᠨᠢᠬᠡ︾ ᠶᠢᠨ ᠮᠦᠷᠳᠡᠨ ᠦᠢᠯᠡᠴᠢᠯᠡᠭᠡ ᠬᠠᠩᠭᠠᠵᠦ᠂ ᠰᠢᠨ ᠹᠧᠩ᠂ ᠠᠭᠤᠳᠠᠮ ᠲᠤᠬᠤᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠦᠷᠦᠯ ᠵᠦᠢᠯ ᠵᠢᠴᠢ 500 ᠺᠢᠯᠤᠸᠤᠯᠲ ᠤᠨ ᠰᠢᠨ᠎ᠠ ᠡᠨᠧᠷᠬᠢ  ᠶᠢᠨ ᠬᠤᠷᠠᠮᠳᠤᠯ ᠤᠨ ᠦᠷᠳᠡᠭᠡ ᠪᠠᠶᠢᠭᠤᠯᠬᠤ ᠲᠦᠷᠦᠯ ᠵᠦᠢᠯ ᠤᠨ ᠭᠠᠷ ᠬᠦᠢᠴᠡᠳᠬᠡᠯ ᠢ ᠪᠦᠷᠢᠨᠰᠢᠬᠦᠯᠵᠦ᠂ ᠲᠤᠰ ᠵᠢᠯ ᠳᠤ ᠪᠠᠷᠢᠯᠭ᠎ᠠ ᠡᠬᠢᠯᠡᠬᠦᠯᠬᠦ ᠪᠠᠷ ᠲᠦᠰᠦᠪᠯᠡᠵᠦ ᠪᠤᠢ᠃ ᠨᠡᠬᠦᠷᠡᠰᠦᠨ ᠨᠤᠨᠳᠠᠭ᠂ ᠬᠦᠬᠦᠷ ᠦᠬᠡᠶᠢᠳᠡᠬᠦᠯᠦᠭᠰᠡᠨ ᠨᠤᠨᠳᠠᠭ ᠵᠡᠷᠬᠡ ᠬᠠᠳᠠᠭᠤ ᠪᠠᠶᠠᠳᠦ ᠬᠠᠶᠠᠭᠳᠠᠮᠠᠯ ᠢ ᠶᠡᠷᠤᠩᠬᠡᠶᠢᠯᠡᠨ ᠠᠰᠢᠭᠯᠠᠬᠤ ᠶᠢ ᠠᠬᠢᠭᠤᠯᠵᠦ᠂ ᠹᠦ᠋ ᠶᠠᠩ ᠵᠤᠭᠠᠩ ᠤᠨ ᠬᠠᠪᠳᠠᠰᠤ ᠦᠢᠯᠡᠳᠪᠤᠷᠢᠯᠡᠬᠦ ᠱᠤᠭᠤᠮ᠂ ᠱᠠᠨ ᠬᠠᠢ ᠪᠠᠷᠢᠯᠭ᠎ᠠ ᠳᠤ ᠬᠡᠷᠡᠭᠯᠡᠬᠦ ᠨᠡᠬᠦᠷᠡᠰᠦᠨ ᠨᠤᠨᠳᠠᠭ ᠢ ᠪᠤᠯᠪᠠᠰᠤᠷᠠᠭᠤᠯᠬᠤ ᠵᠡᠷᠬᠡ ᠲᠦᠷᠦᠯ ᠵᠦᠢᠯ ᠢ ᠬᠦᠴᠦᠯᠡᠨ ᠬᠡᠷᠡᠭᠵᠢᠬᠦᠯᠵᠦ᠂ ᠲᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠬᠦ ᠪᠠᠷ ᠴᠢᠷᠮᠠᠶᠢᠨ᠎ᠠ᠃      ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠵᠡᠷᠬᠡ ᠬᠡᠪᠴᠢᠶᠠᠨ ᠠᠴᠠ ᠲᠡᠭᠡᠭᠰᠢᠬᠢ ᠠᠵᠦ ᠠᠬᠤᠶᠢᠯᠠᠯ ᠤᠨ ᠲᠤᠭᠳᠠᠭᠤᠨ ᠡᠵᠡᠩᠨᠡᠯᠳᠡ ᠶᠢ ᠪᠠᠳᠤᠯᠠᠵᠦ᠂ ᠹᠦ᠋ ᠶᠠᠩ ᠵᠤᠭᠠᠩ ᠤᠨ ᠦᠢᠯᠡᠳᠪᠤᠷᠢ᠂ ᠰᠢᠨ ᠫᠧᠩ ᠪᠠᠷᠢᠯᠭ᠎ᠠ ᠶᠢᠨ ᠺᠤᠮᠫᠠᠨᠢ ᠶᠢ ᠲᠤᠰ ᠵᠢᠯ ᠳᠤ ᠲᠡᠰ ᠲᠡᠪᠰᠢᠬᠦᠯᠦᠨ᠎ᠡ︔ ︽ᠨᠢᠬᠡ ᠬᠦᠷᠢᠶᠡᠯᠡᠩ ᠬᠤᠶᠠᠷ ᠲᠤᠭᠤᠷᠢᠭ︾ ᠤᠨ ᠲᠦᠯᠦᠪᠵᠢᠬᠦᠯᠬᠡ ᠶᠤᠰᠤᠭᠠᠷ ᠱᠠᠩᠳᠤ ᠠᠵᠦ ᠦᠢᠯᠡᠳᠪᠤᠷᠢ ᠶᠢᠨ ᠬᠦᠷᠢᠶᠡᠯᠡᠩ ᠢ ᠨᠢᠬᠡᠳᠦᠯᠳᠡᠢ ᠵᠤᠬᠢᠴᠠᠭᠤᠯᠤᠨ ᠲᠦᠯᠦᠪᠵᠢᠬᠦᠯᠵᠦ᠂ ᠵᠠᠮ ᠱᠤᠭᠤᠮ᠂ ᠤᠰᠤᠨ ᠬᠤᠭᠤᠯᠠᠢ ᠵᠡᠷᠬᠡ ᠰᠠᠭᠤᠷᠢ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠵᠦ᠂ ᠠᠵᠦ ᠦᠢᠯᠡᠰ ᠤᠨ ᠲᠦᠬᠦᠷᠴᠢᠯᠡᠯᠳᠡ ᠪᠠ ᠬᠠᠮᠳᠤ ᠶᠢᠨ ᠬᠦᠭᠵᠢᠯᠳᠡ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠦ ᠪᠡᠯᠡ ᠲᠠᠳᠠᠬᠤ ᠦᠵᠡᠯᠳᠡ  ᠶᠢ ᠰᠢᠨᠡᠴᠢᠯᠡᠵᠦ᠂ ᠲᠤᠮᠳᠠᠳᠤ ᠤᠯᠤᠰ ᠤᠨ ᠠᠮᠢ ᠠᠬᠤᠢ ᠶᠢᠨ ᠤᠯᠠᠨ ᠶᠠᠩᠵᠤᠳᠤ ᠴᠢᠨᠡᠷ ᠢ ᠬᠠᠮᠠᠭᠠᠯᠠᠬᠤ ᠪᠠ ᠪᠤᠬᠢᠷᠳᠦᠯ ᠦᠬᠡᠢ ᠬᠦᠭᠵᠢᠯᠳᠡ ᠶᠢᠨ ᠰᠠᠭᠤᠷᠢ ᠮᠦᠩᠬᠦᠨ ᠤ ᠨᠡᠶᠢᠬᠡᠮᠯᠢᠭ ᠲᠠᠢ ᠬᠠᠮᠳᠤᠷᠠᠨ᠂ ᠤᠯᠠᠨ ᠤᠯᠤᠰ ᠤᠨ ᠤᠳᠤᠳᠤ ᠲᠡᠭᠷᠢ ᠶᠢᠨ ᠰᠦᠨᠢ ᠶᠢᠨ ᠬᠠᠮᠠᠭᠠᠯᠠᠯᠳᠠ ᠶᠢᠨ ᠤᠷᠤᠨ ᠤ ᠲᠦᠷᠦᠯ ᠵᠦᠢᠯ ᠢ ᠲᠦᠰᠦᠪᠯᠡᠨ᠂ ᠮᠠᠨ ᠤ ᠬᠤᠰᠢᠭᠤ ᠪᠠᠨ ᠲᠡᠯᠡᠬᠡᠢ ᠶᠢᠨ ᠰᠦᠨᠢ  ᠶᠢᠨ ᠬᠠᠮᠠᠭᠠᠯᠠᠯᠳᠠ ᠶᠢᠨ ᠤᠷᠤᠨ ᠤ ᠨᠤᠳᠤᠭ ᠤᠰᠤᠨ ᠤ ᠨᠡᠷᠡᠰ ᠤᠨ ᠵᠢᠭᠰᠠᠭᠠᠯᠳᠠ ᠳᠤ ᠤᠷᠤᠭᠤᠯᠵᠦ᠂ ᠤᠯᠠᠨ ᠤᠯᠤᠰ ᠤᠨ ᠰᠠᠯᠠᠭ᠎ᠠ ᠮᠦᠴᠢᠷ ᠢᠶᠠᠷ ᠪᠠᠳᠤᠯᠠᠭᠤᠯᠬᠤ ᠪᠠᠷ ᠡᠷᠡᠮᠡᠯᠵᠡᠯᠡᠨ᠂ ᠡᠬᠦᠨ ᠤ ᠰᠠᠭᠤᠷᠢᠨ ᠲᠡᠭᠡᠷ᠎ᠡ ᠤᠯᠠᠨ ᠤᠯᠤᠰ ᠤᠨ ᠠᠷᠠᠯᠵᠢᠶᠠᠴᠢᠨ ᠢ ᠤᠷᠢᠨ᠎ᠠ᠃ ᠲᠤᠮᠤ ᠴᠢᠬᠤᠯᠠ ᠰᠠᠭᠤᠷᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠰᠦᠪᠯᠡᠨ ᠠᠬᠢᠭᠤᠯᠵᠦ᠂ ᠱᠠᠩᠳᠤ ᠠᠷᠠᠳ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠤᠨ ᠲᠠᠯᠠᠪᠠᠢ ᠶᠢᠨ ᠲᠦᠷᠦᠯ ᠵᠦᠢᠯ ᠢ ᠲᠤᠭᠳᠠᠭᠠᠨ ᠬᠡᠷᠡᠭᠵᠢᠬᠦᠯᠬᠦ ᠶᠡᠷᠤᠩᠬᠡᠢ ᠲᠦᠯᠦᠪᠵᠢᠬᠦᠯᠬᠡ ᠵᠢᠴᠢ ᠲᠦᠰᠦᠪᠯᠡᠯᠳᠡ ᠶᠢᠨ ᠮᠡᠳᠡᠬᠦᠯᠦᠯᠳᠡ ᠶᠢ ᠨᠠᠶᠢᠷᠠᠭᠤᠯᠤᠨ ᠲᠠᠭᠤᠰᠬᠠᠬᠤ ᠶᠢᠨ ᠬᠠᠮᠳᠤ ᠵᠦᠪᠰᠢᠶᠡᠷᠡᠯ ᠤᠯᠵᠦ᠂ ᠨᠢᠰᠬᠡᠯ ᠤᠨ ᠪᠠᠭᠤᠳᠠᠯ ᠤᠨ ᠭᠠᠳᠠᠨᠠᠬᠢ ᠵᠠᠮ ᠱᠤᠭᠤᠮ᠂ ᠴᠠᠬᠢᠯᠭᠠᠨ ᠬᠠᠩᠭᠠᠯᠭ᠎ᠠ ᠵᠡᠷᠬᠡ ᠲᠦᠬᠦᠷᠴᠢᠯᠡᠭᠰᠡᠨ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠠᠵᠢᠯ ᠳᠤ ᠰᠠᠶᠢᠳᠦᠷ ᠬᠠᠪᠰᠤᠷᠤᠯᠴᠠᠨ᠎ᠠ᠃ ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠠᠮᠤᠷ ᠵᠠᠮ᠂ ᠡᠷᠢᠶᠠᠨ ᠠᠴᠠ ᠭᠤᠸᠠᠩᠵᠸᠦ ᠬᠦᠷᠬᠦ ᠲᠦᠷᠬᠡᠨ ᠤ ᠵᠠᠮ ᠤᠨ ᠠᠨ ᠶᠧ ᠠᠴᠠ ᠬᠦᠩᠵᠦ ᠶᠢᠨ ᠬᠠᠰᠢᠯᠭ᠎ᠠ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠬᠦ ᠪᠠᠷ ᠴᠢᠷᠮᠠᠶᠢᠨ᠎ᠠ᠃ ᠱᠠᠩᠳᠤ ᠤᠰᠤᠨ ᠴᠦᠬᠦᠷᠦᠮ ᠤᠨ ᠲᠦᠷᠦᠯ ᠵᠦᠢᠯ ᠤᠨ ᠪᠠᠶᠢᠭᠤᠯᠤᠯᠳᠠ ᠳᠤ ᠱᠠᠭᠠᠷᠳᠠᠭᠳᠠᠬᠤ ᠤᠷᠴᠢᠨ ᠲᠤᠭᠤᠷᠢᠨ ᠤ ᠨᠦᠯᠦᠬᠡᠯᠡᠯᠴᠡᠯ ᠤᠨ ᠮᠡᠳᠡᠬᠦᠯᠦᠯᠳᠡ᠂ ᠠᠮᠢ ᠠᠬᠤᠢ᠂ ᠲᠡᠤᠬᠡ ᠶᠢᠨ ᠲᠤᠷᠠᠰᠬᠠᠯᠳᠤ ᠵᠦᠢᠯ ᠤᠨ ᠬᠠᠮᠢᠶᠠᠳᠠᠢ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠭᠠᠷ ᠬᠦᠴᠢᠡᠳᠬᠡᠯ ᠢ ᠲᠠᠭᠤᠰᠬᠠᠬᠤ ᠵᠡᠷᠬᠡ ᠪᠡᠯᠡᠳᠬᠡᠯ ᠠᠵᠢᠯ ᠢ ᠰᠠᠶᠢᠨ ᠬᠢᠨ᠎ᠠ᠃      ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠬᠦᠭᠵᠢᠯᠳᠡ ᠶᠢ ᠲᠡᠮᠵᠢᠵᠦ᠂ ᠭᠠᠶᠢᠯᠢ ᠶᠢ ᠬᠡᠯᠳᠦᠷᠢᠬᠦᠯᠬᠦ ᠲᠦᠷᠦ  ᠶᠢᠨ ᠪᠤᠳᠤᠯᠭ᠎ᠠ ᠪᠠ ᠦᠪᠡᠷᠳᠡᠬᠡᠨ ᠵᠠᠰᠠᠬᠤ ᠤᠷᠤᠨ ᠤ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ 26 ᠵᠦᠢᠯ ᠤᠨ ᠠᠷᠭ᠎ᠠ ᠬᠡᠮᠵᠢᠶ᠎ᠠ ᠶᠢ ᠨᠢᠮᠪᠠᠢ ᠨᠠᠶᠢᠳᠠᠪᠤᠷᠢᠵᠢᠭᠤᠯᠵᠦ ᠠᠷᠠᠳ ᠠᠴᠠ ᠡᠵᠡᠩᠨᠡᠭᠰᠡᠨ ᠠᠵᠦ ᠠᠬᠤᠢ ᠶᠢ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠲᠠᠬᠢᠨ ᠪᠠᠶᠢᠴᠠᠭᠠᠬᠤ︾ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ᠡᠵᠡᠩᠨᠡᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠬᠠᠮᠢᠶ᠎ᠠ ᠪᠦᠬᠦᠢ ᠲᠦᠰᠦᠪ ᠪᠠ ᠲᠤᠮᠳᠠ ᠵᠢᠵᠢᠭ ᠠᠵᠦ ᠠᠬᠤᠶᠢᠯᠠᠯ ᠤᠨ ᠬᠦᠭᠵᠢᠯᠳᠡ ᠶᠢᠨ ᠰᠠᠭᠤᠷᠢ ᠮᠦᠩᠬᠦᠨ ᠤ ᠬᠠᠮᠢᠶᠠᠷᠤᠯᠳᠠ ᠶᠢᠨ ᠲᠦᠷᠢᠮ ᠢ ᠴᠢᠩᠭᠠᠳᠬᠠᠵᠦ᠂ ᠠᠵᠦ ᠠᠬᠤᠶᠢᠯᠠᠯ ᠳᠤ ᠬᠠᠪᠰᠤᠷᠤᠨ ᠤᠷᠴᠢᠨ ᠲᠤᠭᠤᠷᠢᠨ ᠤ ᠴᠡᠭᠴᠡᠯᠡᠯᠳᠡ ᠶᠢᠨ ᠲᠦᠰᠦᠪ ᠢ ᠲᠤᠭᠳᠠᠭᠠᠵᠦ ᠦᠭᠬᠦᠨ᠎ᠠ᠃       ︵ᠲᠦᠷᠪᠡ︶ ︽ᠭᠤᠷᠪᠠᠨ ᠲᠤᠮᠤ ᠰᠢᠪᠳᠤᠯᠤᠯᠳᠠ ᠶᠢᠨ ᠢᠨᠵᠧᠨᠧᠷᠢᠩ︾ ᠢ ᠰᠠᠶᠢᠳᠦᠷ ᠬᠡᠷᠡᠭᠵᠢᠬᠦᠯᠵᠦ᠂ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠡᠨ᠎ᠡ       ᠬᠦᠨᠳᠦ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠡᠶᠡᠳᠡᠬᠦᠯᠬᠦ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ ᠬᠡᠷᠡᠭᠵᠢᠬᠦᠯᠦᠨ᠎ᠠ᠃ ᠲᠦᠪ ᠤᠨ ︽ᠡᠷᠡᠰ ᠴᠢᠩᠭ᠎ᠠ ᠪᠠᠶᠢᠬᠤ᠂ ᠡᠷᠭᠡᠰᠢᠶᠡᠵᠦ ᠲᠠᠶᠢᠯᠬᠦ᠂ ᠡᠮᠬᠢ ᠴᠡᠭᠴᠡ ᠲᠠᠢ᠂ ᠲᠤᠬᠢᠷᠠᠮᠵᠢᠳᠠᠢ ᠪᠠᠶᠢᠬᠤ︾ ᠵᠠᠷᠴᠢᠮ ᠢ ᠨᠢᠮᠪᠠᠢ ᠨᠠᠶᠢᠳᠠᠪᠤᠷᠢᠵᠢᠭᠤᠯᠵᠦ᠂ ᠰᠢᠰᠲ᠋ᠧᠮᠳᠦ ᠴᠢᠨᠡᠷ ᠲᠠᠢ ᠮᠦᠩᠬᠦᠨ ᠬᠦᠢᠯᠬᠡᠬᠡᠨ ᠤ ᠲᠦᠭᠰᠢᠬᠦᠷᠢ ᠡᠬᠦᠰᠬᠡᠬᠦ ᠦᠬᠡᠢ ᠶᠢ ᠴᠢᠩᠭ᠎ᠠ ᠪᠠᠷᠢᠮᠳᠠᠯᠠᠨ᠎ᠠ᠃ ᠵᠠᠰᠠᠭ ᠤᠨ ᠤᠷᠳᠤᠨ ᠤ ᠦᠷᠢ ᠰᠢᠷᠢ ᠶᠢ ᠲᠦᠷᠢᠮᠵᠢᠬᠦᠯᠵᠦ᠂ ᠰᠢᠨ᠎ᠠ ᠪᠠᠷ ᠤᠷᠤᠭᠤᠯᠬᠤ ᠪᠠᠷ ᠪᠠᠶᠢᠭ᠎ᠠ ᠲᠦᠷᠦᠯ ᠵᠦᠢᠯ ᠳᠤ ᠦᠷᠢ ᠰᠢᠷᠢ ᠶᠢᠨ ᠲᠦᠭᠰᠢᠬᠦᠷᠢ ᠶᠢᠨ ᠬᠢᠨᠠᠨ ᠲᠤᠭᠳᠠᠭᠠᠯ ᠬᠢᠵᠦ ᠂ ᠬᠢᠨᠠᠨ ᠵᠦᠪᠰᠢᠶᠡᠷᠡᠬᠦ ᠭᠠᠷ ᠭᠦᠢᠴᠡᠳᠬᠡᠯ ᠢ ᠴᠢᠩᠭᠠᠳᠬᠠᠨ᠂ ᠦᠪᠡᠷ ᠤᠨ ᠪᠤᠳᠠᠳᠣ ᠬᠦᠴᠦᠨ ᠤ ᠪᠠᠨ ᠬᠡᠮᠵᠢᠶᠡᠨ ᠳᠤ ᠠᠵᠢᠯ ᠬᠡᠷᠡᠭ ᠢ ᠬᠦᠢᠴᠡᠳᠬᠡᠨ᠎ᠡ᠃ ᠵᠠᠰᠠᠭ ᠤᠨ ᠤᠷᠳᠤᠨ ᠤ ᠴᠢᠨᠡᠷᠳᠡᠢ ᠦᠷᠢ ᠰᠢᠷᠢ ᠶᠢ ᠰᠢᠢᠳᠪᠤᠷᠢᠯᠡᠬᠦ ᠠᠵᠢᠯ ᠢ ᠰᠠᠶᠢᠨ ᠬᠢᠵᠦ᠂ ᠲᠤᠭᠳᠠᠭᠠᠵᠦ ᠦᠭᠬᠦᠭᠰᠡᠨ ᠬᠤᠭᠤᠴᠠᠭᠠᠨ ᠲᠤᠳᠤᠷ᠎ᠠ ᠱᠠᠭᠠᠷᠳᠠᠯᠭ᠎ᠠ ᠶᠤᠰᠤᠭᠠᠷ ᠦᠷᠢ ᠰᠢᠷᠢ ᠪᠠᠨ ᠪᠦᠭᠯᠡᠬᠦ᠂ ᠲᠠᠯᠳᠠ ᠴᠢᠨᠡᠷ  ᠤᠨ ᠦᠷᠢ ᠰᠢᠷᠢ ᠶᠢᠨ ᠨᠡᠮᠡᠭᠳᠡᠬᠦ ᠶᠢ ᠡᠷᠡᠰ ᠬᠤᠷᠢᠭᠯᠠᠨ᠎ᠠ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠳᠤ ᠦᠷᠢᠳᠦᠵᠦ ᠪᠠᠶᠢᠭ᠎ᠠ ᠵᠤᠭᠤᠰ ᠮᠦᠩᠬᠦ ᠶᠢ ᠲᠦᠯᠦᠬᠦ ᠪᠠᠷ ᠭᠤᠤᠯᠳᠠᠯᠭ᠎ᠠ ᠪᠤᠯᠭᠠᠨ᠂ ᠲᠤᠰ ᠵᠢᠯ ᠳᠤ 1.5 ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠦᠷᠢ ᠰᠢᠷᠢ ᠶᠢ ᠪᠦᠭᠯᠡᠬᠦ ᠪᠠᠷ ᠴᠢᠷᠮᠠᠶᠢᠨ᠎ᠠ᠃ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠬᠤ᠂ ᠬᠦᠳᠡᠭᠡ ᠲᠤᠰᠬᠤᠨ ᠤ ᠦᠨᠳᠦᠷ ᠬᠦᠦ ᠲᠠᠢ ᠵᠢᠬᠡᠯᠡᠯᠬᠡ ᠪᠠ ᠦᠷᠢ ᠠᠴᠠ ᠲᠤᠳᠠᠭᠠᠬᠤ ᠪᠤᠶᠤ ᠦᠷᠢ ᠪᠠᠨ ᠦᠬᠡᠶᠢᠰᠬᠡᠬᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃      ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ ᠬᠡᠷᠡᠭᠵᠢᠬᠦᠯᠦᠨ᠎ᠠ᠃ ︽ᠬᠤᠶᠠᠷ ᠲᠤᠮᠤ ᠠᠰᠠᠭᠤᠳᠠᠯ ᠢ ᠴᠡᠭᠴᠡᠯᠡᠬᠦ︾ ᠠᠵᠢᠯᠯᠠᠭ᠎ᠠ ᠪᠠ ︽ᠠᠷᠪᠠᠨ ᠵᠤᠷᠪᠤᠰ ᠢ ᠰᠢᠢᠳᠪᠤᠷᠢᠯᠡᠨ ᠪᠠᠷᠢᠮᠵᠢᠶᠠᠨ ᠳᠤ ᠬᠦᠷᠬᠡᠬᠦ︾ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠠᠰᠠᠭᠤᠳᠠᠯ ᠢ ᠢᠯᠡᠷᠡᠬᠦᠯᠵᠦ ᠴᠡᠭᠴᠡᠯᠡᠨ ᠦᠬᠡᠷᠡᠴᠢᠯᠡᠬᠦ ᠠᠵᠢᠯ ᠢ ᠴᠢᠩᠭ᠎ᠠ ᠠᠳᠬᠤᠵᠦ᠂ ᠶᠠᠳᠠᠭᠤ ᠡᠷᠦᠬᠡ ᠶᠢᠨ ᠲᠤᠰ ᠪᠡᠶ᠎ᠡ ᠶᠢᠨ ᠢᠳᠡᠪᠬᠢᠵᠢᠯ ᠢ ᠲᠠᠶᠢᠴᠢᠯᠠᠨ᠂ ᠶᠠᠳᠠᠭᠤ ᠭᠠᠴᠠᠭ᠎ᠠ ᠲᠤᠰᠬᠤᠨ ᠤ ᠨᠠᠶᠢᠳᠠ ᠶᠢᠨ ᠦᠢᠯᠡᠴᠢᠯᠡᠬᠡᠨ ᠤ ᠲᠦᠬᠦᠬᠡᠷᠦᠮᠵᠢ ᠶᠢ ᠴᠢᠩᠭᠠᠳᠬᠠᠵᠦ᠂ ᠤᠷᠤᠯᠭ᠎ᠠ ᠶᠢᠨ ᠲᠦᠪᠰᠢᠨ ᠨᠢ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠡᠷᠦᠬᠡ ᠠᠴᠠ ᠪᠠᠭ᠎ᠠ ᠯᠠ ᠦᠨᠳᠦᠷ ᠪᠠᠶᠢᠭ᠎ᠠ ᠤᠨᠴᠠᠭᠠᠢ ᠪᠦᠯᠦᠭ ᠬᠦᠮᠦᠨ ᠢ ᠬᠠᠯᠠᠮᠵᠢᠯᠠᠵᠦ᠂ ᠶᠠᠳᠠᠭᠤ ᠬᠦᠴᠢᠷᠳᠡᠢ ᠡᠷᠦᠬᠡ ᠶᠢᠨ ᠬᠦᠮᠦᠨ ᠲᠤᠮᠳᠠᠴᠢ  ᠶᠢᠨ ᠴᠡᠪᠡᠷ ᠤᠷᠤᠯᠭ᠎ᠠ ᠶᠢ ᠨᠡᠮᠡᠭᠳᠡᠬᠦᠯᠬᠦ ᠪᠠ ᠤᠯᠠᠨ ᠲᠦᠮᠡᠨ ᠤ ᠬᠠᠨᠤᠮᠵᠢ ᠶᠢᠨ ᠪᠠᠶᠢᠳᠠᠯ ᠢ ᠲᠡᠭᠡᠭᠰᠢᠯᠡᠬᠦᠯᠬᠦ ᠲᠠᠯ᠎ᠠ ᠪᠠᠷ ᠬᠢ ᠠᠷᠭ᠎ᠠ ᠪᠤᠳᠤᠯᠭ᠎ᠠ ᠶᠢ ᠪᠤᠳᠠᠳᠠᠶᠢᠵᠢᠭᠤᠯᠵᠦ᠂ ᠠᠵᠦ ᠦᠢᠯᠡᠰ᠂ ᠠᠵᠢᠯ ᠤᠯᠭᠤᠯᠳᠠ᠂ ᠠᠮᠢ ᠠᠬᠤᠢ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠡᠯᠧᠺᠲᠷᠤᠨ ᠬᠤᠳᠠᠯᠳᠤᠭ᠎ᠠ᠂ ᠨᠡᠶᠢᠬᠡᠮ ᠤᠨ ᠪᠠᠳᠤᠯᠠᠭ᠎ᠠ ᠵᠡᠷᠬᠡ ᠲᠠᠯ᠎ᠠ ᠪᠠᠷ ᠬᠢ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠨᠵᠡᠬᠡᠶᠢᠷᠡᠬᠦᠯᠵᠦ᠂ ᠪᠤᠳᠠᠳᠤ ᠦᠷ᠎ᠠ ᠪᠦᠳᠦᠮᠵᠢ ᠤᠯᠬᠤ ᠶᠢ ᠪᠠᠳᠤᠯᠠᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠪᠤᠯᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ  ᠢ ᠬᠠᠷᠢᠯᠴᠠᠨ ᠤᠶᠠᠯᠳᠤᠭᠤᠯᠵᠦ᠂ ᠶᠠᠳᠠᠭᠤ ᠠᠴᠠ ᠠᠩᠬᠢᠵᠢᠷᠠᠭᠰᠠᠳ ᠤᠨ ᠲᠡᠬᠢᠨ ᠶᠠᠳᠠᠭᠤᠷᠠᠬᠤ ᠪᠠ ᠶᠠᠳᠠᠭᠤ ᠡᠷᠦᠬᠡ ᠰᠢᠨ᠎ᠠ  ᠪᠠᠷ ᠨᠡᠮᠡᠭᠳᠡᠬᠦ ᠶᠢ ᠰᠡᠷᠬᠡᠶᠢᠯᠡᠨ᠎ᠡ᠃      ᠪᠤᠬᠢᠷᠳᠦᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠢᠨᠵᠧᠨᠧᠷᠢᠩ ᠢ ᠰᠠᠶᠢᠳᠦᠷ ᠬᠡᠷᠡᠭᠵᠢᠬᠦᠯᠦᠨ᠎ᠠ᠃ ︽ᠬᠦᠬᠡ ᠤᠰᠤ ᠬᠦᠬᠡᠮᠳᠦᠭ ᠠᠭᠤᠯᠠ ᠪᠤᠯ ᠠᠯᠳᠠ ᠮᠦᠩᠬᠦᠨ ᠠᠭᠤᠯᠠ ᠤᠰᠤ︾ ᠬᠡᠮᠡᠬᠦ ᠲᠠᠨᠢᠯᠳᠠ ᠶᠢ ᠬᠦᠨᠵᠡᠬᠡᠶᠢᠷᠡᠬᠦᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠰᠡᠷᠡᠮᠵᠢ ᠶᠢᠨ ᠱᠤᠭᠤᠮ ᠢ ᠪᠠᠳᠤ ᠰᠠᠬᠢᠵᠦ᠂ ᠪᠤᠬᠢᠷᠳᠦᠯ ᠦᠬᠡᠢ ᠬᠦᠭᠵᠢᠯᠳᠡ ᠶᠢᠨ ᠵᠠᠮ ᠢ ᠭᠤᠶᠢᠪᠢᠰᠢ ᠦᠬᠡᠢ ᠪᠠᠷᠢᠮᠳᠠᠯᠠᠨ᠎ᠠ᠃ ᠲᠦᠪ᠂ ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠱᠠᠭᠠᠷᠳᠠᠨ ᠪᠠᠶᠢᠴᠠᠭᠠᠬᠤ ᠲᠤᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠴᠢᠩᠭ᠎ᠠ ᠠᠳᠬᠤᠵᠦ᠂ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠳᠠᠬᠢ ᠠᠰᠠᠭᠤᠳᠠᠯ᠂ ᠬᠡᠮ ᠰᠤᠭᠤᠭ ᠢ ᠪᠠᠶᠢᠴᠠᠭᠠᠨ ᠢᠯᠡᠷᠡᠬᠦᠯᠵᠦ ᠴᠡᠭᠴᠡᠯᠡᠨ ᠦᠬᠡᠷᠡᠴᠢᠯᠡᠬᠦ ᠠᠵᠢᠯ ᠢ ᠨᠢᠮᠪᠡᠢ ᠵᠤᠬᠢᠶᠠᠨ ᠪᠠᠶᠢᠭᠤᠯᠤᠨ ᠦᠷᠨᠢᠬᠦᠯᠵᠦ᠂ ᠴᠢᠩᠭ᠎ᠠ ᠪᠠᠶᠢᠴᠠᠭᠠᠵᠦ᠂ ᠴᠢᠩᠭ᠎ᠠ ᠴᠡᠭᠴᠡᠯᠡᠬᠦ ᠶᠢ ᠪᠠᠷᠢᠮᠳᠠᠯᠠᠨ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠠᠷ ᠬᠦᠢᠴᠡᠳᠬᠡᠯ ᠦᠬᠡᠢ ᠪᠠᠷ ᠨᠤᠳᠤᠭ ᠪᠡᠯᠴᠢᠬᠡᠷ ᠢ ᠡᠵᠡᠯᠡᠨ ᠬᠡᠷᠡᠭᠯᠡᠭᠰᠡᠨ ᠲᠦᠷᠦᠯ ᠵᠦᠢᠯ ᠢ ᠴᠡᠭᠴᠡᠯᠡᠬᠦ ᠪᠠ ᠭᠠᠵᠠᠷ ᠰᠢᠷᠦᠢ ᠶᠢᠨ ᠵᠤᠷᠰᠢᠯ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠰᠢᠢᠳᠪᠤᠷᠢᠯᠡᠬᠦ ᠠᠵᠢᠯ ᠢ ᠬᠦᠨᠵᠡᠬᠡᠢ ᠦᠷᠨᠢᠬᠦᠯᠵᠦ᠂ ᠡᠯ᠎ᠠ ᠬᠦᠷᠢᠶᠡᠨ ᠳᠠᠬᠢ ᠪᠠᠶᠢᠴᠠᠭᠠᠯᠳᠠ ᠶᠢ ᠴᠢᠩᠭᠠᠳᠬᠠᠵᠦ᠂ ᠡᠷᠳᠡ ᠢᠯᠡᠷᠡᠬᠦᠯᠦᠨ᠂ ᠡᠷᠳᠡ ᠮᠡᠳᠡᠬᠦᠯᠵᠦ᠂ ᠡᠷᠳᠡ ᠬᠤᠷᠢᠭᠯᠠᠨ᠂ ᠭᠠᠵᠠᠷ ᠰᠢᠷᠦᠢ ᠶᠢᠨ ᠵᠢᠷᠤᠭ ᠲᠤᠯᠪᠤ ᠶᠢᠨ ᠴᠡᠭ ᠢ 100%  ᠪᠠᠷ ᠲᠤᠬᠠᠢ ᠶᠢᠨ ᠭᠠᠵᠠᠷ ᠲᠠᠢ ᠨᠢ ᠬᠠᠷᠭᠤᠭᠤᠯᠵᠦ᠂ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠬᠡᠷᠡᠭ ᠢ ᠪᠦᠬᠦᠨ ᠢ ᠪᠠᠶᠢᠴᠠᠭᠠᠨ ᠰᠢᠢᠳᠪᠤᠷᠢᠯᠡᠵᠦ ᠵᠠᠰᠠᠨ ᠴᠡᠭᠴᠡᠯᠡᠨ᠂ ᠬᠠᠭᠤᠴᠢᠨ ᠠᠰᠠᠭᠤᠳᠠᠯ ᠢ ᠱᠠᠭᠠᠷᠳᠠᠯᠭ᠎ᠠ ᠶᠤᠰᠤᠭᠠᠷ ᠳ᠋ᠤᠭᠠᠷ ᠠᠴᠠ ᠨᠢ ᠬᠠᠰᠤᠵᠦ᠂ ᠰᠢᠨ᠎ᠠ ᠠᠰᠠᠭᠤᠳᠠᠯ ᠢ ᠡᠬᠢ ᠡᠬᠦᠰᠦᠯ ᠠᠴᠠ ᠨᠢ ᠬᠤᠷᠢᠭᠯᠠᠨ᠎ᠠ᠃       ︵ᠲᠠᠪᠤ︶ ᠨᠡᠶᠢᠬᠡᠮ ᠤᠨ ᠠᠵᠦ ᠦᠢᠯᠡᠰ ᠢ ᠰᠢᠯᠢᠳᠡᠭᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠤᠯᠠᠨ ᠲᠦᠮᠡᠨ ᠤ ᠬᠠᠮᠤᠭ ᠠᠴᠠ ᠠᠩᠬᠠᠷᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠨ᠎ᠡ       ᠪᠠᠳᠤᠯᠠᠭᠠᠨ ᠤ ᠵᠤᠬᠢᠴᠠᠮᠵᠢ ᠶᠢ ᠲᠡᠬᠦᠯᠳᠡᠷᠵᠢᠬᠦᠯᠦᠨ᠎ᠠ᠃ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ ᠠᠵᠢᠯ ᠢ ᠴᠢᠬᠤᠯᠠᠴᠢᠯᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠤᠯᠭᠤᠯᠳᠠ ᠶᠢ ᠠᠬᠢᠭᠤᠯᠬᠤ ᠴᠢᠬᠤᠯᠠ ᠠᠴᠢᠶᠠᠯᠠᠪᠤᠷᠢ ᠶᠢᠨ ᠦᠢᠡᠯᠳᠦᠯ ᠢ ᠬᠦᠢᠴᠡᠳ ᠪᠠᠳᠠᠷᠠᠭᠤᠯᠵᠦ᠂ ᠨᠡᠩ ᠠᠷᠪᠢᠨ ᠠᠵᠢᠯ  ᠤᠨ ᠪᠠᠶᠢᠷᠢ ᠬᠠᠩᠭᠠᠬᠤ ᠪᠠᠷ ᠴᠢᠷᠮᠠᠶᠢᠨ᠎ᠠ᠃ ᠲᠤᠰ ᠵᠢᠯ ᠳᠤ 4800 ᠠᠵᠢᠯ ᠤᠨ ᠪᠠᠶᠢᠷᠢ ᠭᠠᠷᠭᠠᠬᠤ ᠪᠠᠷ ᠲᠦᠯᠦᠪᠯᠡᠵᠦ᠂ ᠶᠡᠭᠡ ᠲᠡᠭᠡᠳᠦ ᠰᠤᠷᠭᠠᠭᠤᠯᠢ ᠲᠡᠬᠦᠰᠦᠭᠰᠡᠨ ᠤᠶᠤᠳᠠᠨ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠬᠦᠳᠡᠭᠡ ᠲᠤᠰᠬᠤᠨ ᠤ ᠢᠯᠡᠬᠦᠴᠡ ᠬᠦᠳᠡᠯᠮᠦᠷᠢ ᠬᠦᠴᠦᠨ ᠤ ᠠᠵᠢᠯ ᠤᠯᠭᠤᠯᠳᠠ ᠶᠢᠨ ᠠᠰᠠᠭᠤᠳᠠᠯ ᠢ ᠰᠢᠢᠳᠪᠤᠷᠢᠯᠡᠨ᠎ᠡ᠃ ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠠᠵᠢᠯ ᠢ ᠴᠢᠩᠭᠠᠳᠬᠠᠵᠦ᠂ ᠨᠠᠰᠤᠨ ᠲᠤᠷᠰᠢᠳᠠ ᠠᠵᠢᠯ ᠮᠡᠷᠬᠡᠵᠢᠯ ᠤᠨ ᠪᠤᠯᠪᠠᠰᠤᠷᠠᠯ ᠬᠦᠷᠳᠡᠬᠡᠬᠦ ᠲᠦᠷᠢᠮ ᠢ ᠨᠠᠶᠢᠳᠠᠪᠤᠷᠢᠵᠢᠭᠤᠯᠵᠦ᠂ 2018 ᠤᠨ ᠳᠤ ᠪᠦᠬᠦ ᠤᠯᠤᠰ ᠤᠨ ᠭᠤᠷᠪᠠᠳᠤᠭᠠᠷ ᠬᠤᠭᠤᠴᠠᠭᠠᠨ ᠤ ᠨᠤᠳᠤᠭ ᠪᠤᠴᠠᠵᠦ ᠦᠢᠯᠡᠰ ᠪᠤᠰᠬᠠᠭᠰᠠᠨ ᠲᠤᠷᠰᠢᠯᠳᠠ ᠶᠢᠨ ᠴᠡᠭ ᠤᠨ ᠤᠷᠤᠨ ᠪᠤᠯᠤᠭᠰᠠᠨ ᠰᠠᠭᠤᠷᠢᠨ ᠳᠡᠭᠡᠷ᠎ᠡ 1200 ᠲᠦᠮᠡᠨ ᠲᠦᠬᠦᠷᠢᠭ ᠤᠨ ᠦᠢᠯᠡᠰ ᠪᠤᠰᠬᠠᠬᠤ ᠶᠢ ᠲᠡᠮᠵᠢᠬᠦ ᠵᠢᠬᠡᠯᠡᠯᠬᠡ ᠲᠠᠷᠬᠠᠭᠠᠨ᠂ ᠨᠤᠳᠤᠭ ᠪᠤᠴᠠᠭᠰᠠᠨ ᠬᠦᠮᠦᠰ ᠤᠨ ᠪᠡᠶ᠎ᠡ ᠪᠠᠨ ᠲᠠᠭᠠᠭᠠᠵᠦ ᠦᠢᠯᠡᠰ ᠪᠤᠰᠬᠠᠬᠤ ᠶᠢ ᠵᠤᠷᠢᠭᠵᠢᠭᠤᠯᠤᠨ ᠲᠡᠮᠵᠢᠨ᠎ᠠ᠃ ᠬᠦᠳᠡᠭᠡ ᠲᠤᠰᠬᠤᠨ ᠤ ᠭᠤᠤᠨᠢ ᠨᠠᠰᠤᠳᠠᠳ ᠢ ᠬᠠᠯᠠᠮᠵᠢᠯᠠᠨ ᠬᠠᠷᠠᠭᠠᠯᠵᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠮᠧᠩ ᠯᠦᠩ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ᠂ ︽ᠠᠮᠤᠭᠤᠯᠠᠩ︾ ᠨᠠᠰᠤᠳᠠᠳ ᠲᠤ ᠦᠢᠯᠡᠴᠢᠯᠡᠬᠦ ᠲᠦᠪ᠂ ᠤᠷᠤᠨ ᠪᠦᠰᠡ ᠶᠢᠨ ᠴᠢᠨᠡᠷᠳᠡᠢ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠬᠤ ᠠᠵᠢᠯ ᠢ ᠰᠠᠶᠢᠨ ᠬᠢᠨ᠎ᠠ᠃ ᠴᠡᠷᠢᠭ  ᠠᠴᠠ ᠬᠠᠯᠠᠭᠳᠠᠭᠰᠠᠳ ᠲᠤ ᠦᠢᠯᠡᠴᠢᠯᠡᠬᠦ᠂ ᠪᠠᠳᠤᠯᠠᠭ᠎ᠠ ᠬᠠᠩᠭᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠴᠡᠷᠢᠭ  ᠠᠴᠠ ᠬᠠᠯᠠᠭᠳᠠᠭᠰᠠᠳ ᠪᠠ ᠪᠤᠰᠤᠳ ᠬᠠᠷᠠᠭᠠᠯᠵᠠᠯ ᠬᠦᠷᠳᠡᠬᠦ ᠬᠦᠮᠦᠰ ᠲᠤ ᠦᠢᠯᠡᠴᠢᠯᠡᠭᠡ ᠬᠠᠩᠭᠠᠬᠤ᠂ ᠬᠠᠮᠢᠶᠠᠷᠤᠯᠳᠠ ᠬᠢᠬᠦ ᠪᠠ ᠰᠤᠷᠠᠭ ᠵᠠᠩᠬᠢ ᠴᠤᠭᠯᠠᠭᠤᠯᠬᠤ ᠠᠵᠢᠯ ᠢ ᠦᠨᠡᠨᠬᠦ ᠰᠠᠶᠢᠨ ᠬᠢᠵᠦ᠂ ᠲᠠᠳᠠᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠤᠭᠤᠷᠤᠨᠳᠤᠬᠢ ᠨᠦᠬᠦᠷᠯᠡᠯ ᠢ ᠪᠠᠳᠤᠳᠬᠠᠬᠤ ᠪᠠ ︽ᠬᠠᠮᠤᠭ ᠤᠨ ᠬᠠᠶᠢᠷᠠᠳᠠᠢ ᠬᠦᠮᠦᠨ ᠮᠢᠨᠢ ᠬᠡᠨ ᠪᠤᠢ︖︾ ᠰᠢᠯᠢᠳᠡᠭ ᠬᠠᠯᠠᠭᠳᠠᠭᠰᠠᠨ ᠴᠡᠷᠢᠭ ᠢ ᠰᠢᠯᠭᠠᠷᠠᠭᠤᠯᠬᠤ ᠠᠵᠢᠯᠯᠠᠭ᠎ᠠ ᠶᠢ ᠦᠷᠨᠢᠬᠦᠯᠦᠨ ᠬᠠᠯᠠᠭᠳᠠᠭᠰᠠᠨ ᠴᠡᠷᠢᠭ ᠤᠨ ᠢᠷᠠᠭᠤ ᠠᠯᠳᠠᠷᠳᠤ ᠰᠡᠳᠬᠢᠯᠬᠡ ᠪᠠ ᠬᠠᠷᠢᠭᠤᠴᠠᠯᠭᠠᠳᠤ ᠤᠬᠠᠮᠰᠠᠷ ᠢ ᠲᠠᠶᠢᠴᠢᠯᠠᠨ᠎ᠠ ᠃ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠡᠯᠢᠩ ᠬᠦᠯᠦᠰᠦ ᠶᠢᠨ ᠠᠰᠠᠭᠤᠳᠠᠯ ᠢ ᠴᠡᠭᠴᠡᠯᠡᠨ ᠰᠢᠢᠳᠪᠤᠷᠢᠯᠡᠬᠦ ᠤᠷᠳᠤ ᠬᠤᠭᠤᠴᠠᠭᠠᠨ ᠤ ᠲᠤᠭᠳᠠᠯᠴᠠᠭ᠎ᠠ ᠶᠢ ᠨᠠᠶᠢᠳᠠᠪᠤᠷᠢᠵᠢᠭᠤᠯᠵᠦ᠂ ᠴᠡᠯᠢᠩ ᠬᠦᠯᠦᠰᠦ ᠶᠢ ᠤᠳᠠᠭᠠᠰᠢᠷᠠᠭᠤᠯᠤᠨ ᠦᠷᠢᠳᠦᠬᠦ ᠠᠵᠢᠯ ᠢ ᠴᠡᠭᠴᠡᠯᠡᠬᠦ ᠡᠷᠴᠢᠮ ᠢᠶᠠᠨ ᠴᠢᠩᠭᠠᠳᠬᠠᠨ᠎ᠠ᠃      ᠰᠤᠷᠭᠠᠨ ᠬᠦᠮᠦᠵᠢᠯ᠂ ᠡᠮᠴᠢᠯᠡᠬᠡᠨ ᠤ ᠪᠠᠶᠢᠭᠤᠯᠤᠮᠵᠢ ᠶᠢ ᠤᠯᠠᠮ ᠰᠢᠯᠢᠳᠡᠭᠵᠢᠬᠦᠯᠦᠨ᠎ᠠ᠃ ᠰᠠᠭᠤᠷᠢ ᠰᠤᠷᠭᠠᠨ ᠬᠦᠮᠦᠵᠢᠯ ᠤᠨ ᠶᠠᠰᠤ ᠴᠢᠨᠡᠷ ᠢ ᠲᠡᠭᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠲᠦᠯᠦᠪᠯᠡᠭᠡ ᠶᠢ ᠬᠡᠷᠡᠭᠵᠢᠬᠦᠯᠦᠨ᠂ ᠬᠤᠳᠠ ᠬᠦᠳᠡᠭᠡ ᠶᠢᠨ ᠰᠤᠷᠭᠠᠨ ᠬᠦᠮᠦᠵᠢᠯ ᠢ ᠲᠠᠩᠴᠠᠬᠦᠷᠢᠳᠡᠢ ᠴᠢᠨᠠᠷᠯᠢᠭ ᠬᠦᠭᠵᠢᠬᠦᠯᠬᠦ ᠶᠢ ᠠᠬᠢᠭᠤᠯᠤᠨ᠂ ᠦᠨᠳᠦᠰᠦᠨ ᠱᠠᠳᠤᠨ ᠤ ᠪᠠᠭᠰᠢ ᠨᠡᠷ ᠤᠨ ᠡᠩᠨᠡᠭᠡ ᠶᠢ ᠲᠤᠭᠳᠠᠪᠤᠷᠢᠵᠢᠭᠤᠯᠤᠨ᠂ ᠪᠠᠭᠰᠢ ᠨᠡᠷ ᠤᠨ ᠬᠡᠪ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠵᠦ᠂ ︽ᠰᠠᠶᠢᠨ ᠰᠤᠷᠭᠭᠠᠤᠯᠢ ᠳᠤ ᠰᠠᠭᠤᠬᠤ︾ ᠠᠰᠠᠭᠤᠳᠠᠯ ᠢ ᠰᠢᠢᠳᠪᠤᠷᠢᠯᠡᠵᠦ᠂ ᠰᠤᠷᠭᠠᠭᠤᠯᠢ ᠡᠷᠬᠢᠯᠡᠬᠦ ᠬᠡᠯᠪᠡᠷᠢ᠂ ᠬᠠᠮᠢᠶᠠᠷᠤᠯᠳᠠ ᠶᠢᠨ ᠰᠢᠰᠲ᠋ᠧᠮ᠂ ᠪᠠᠳᠤᠯᠠᠭᠠᠨ ᠤ ᠲᠤᠭᠳᠠᠯᠴᠠᠭᠠᠨ ᠳᠤ ᠦᠬᠡᠷᠡᠴᠢᠯᠡᠯᠳᠡ ᠬᠢᠬᠦ ᠪᠠ ᠪᠠᠭᠰᠢ ᠨᠡᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠂ ᠬᠡᠤᠬᠡᠳ ᠪᠤᠯᠭᠠᠨ ᠳᠤ ᠡᠷᠬᠡ ᠲᠡᠭᠰᠢ ᠪᠦᠬᠡᠳ ᠴᠢᠨᠠᠷᠯᠢᠭ ᠰᠤᠷᠭᠠᠨ ᠬᠦᠮᠦᠵᠢᠯ ᠬᠦᠷᠳᠡᠭᠡᠬᠦ ᠪᠠᠷ ᠴᠢᠷᠮᠠᠶᠢᠨ᠂ ᠪᠠᠭᠰᠢ ᠨᠠᠷ ᠤᠨ ᠬᠦᠯᠦᠰᠦ ᠤᠯᠭᠤᠮᠵᠢ ᠶᠢ ᠪᠤᠳᠠᠳᠠᠢ ᠠᠵᠢᠯ ᠬᠦᠳᠡᠯᠮᠦᠷᠢ ᠳᠤ ᠨᠢ ᠵᠤᠬᠢᠴᠠᠭᠤᠯᠤᠨ ᠤᠯᠭᠤᠨ᠎ᠠ᠃ ᠬᠤᠳᠠ ᠬᠦᠳᠡᠬᠡᠨ ᠤ ᠡᠮᠴᠢᠯᠡᠬᠡᠨ ᠤ ᠪᠠᠳᠤᠯᠠᠭᠠᠨ ᠤ ᠰᠢᠰᠲ᠋ᠧᠮ ᠢ ᠪᠠᠬᠢᠵᠡᠬᠦᠯᠦᠨ ᠲᠡᠬᠦᠯᠳᠡᠷᠵᠢᠬᠦᠯᠵᠦ᠂ ᠦᠨᠳᠦᠰᠦᠨ ᠤᠯᠠᠨ ᠨᠠᠶᠢᠳᠠ ᠶᠢᠨ ᠡᠮᠴᠢᠯᠡᠬᠡᠨ ᠤ ᠡᠬᠢ ᠪᠠᠶᠠᠯᠢᠭ ᠤᠨ ᠲᠠᠩᠴᠠᠬᠦᠷᠢᠳᠡᠢ ᠪᠠᠶᠢᠬᠤ ᠶᠢ ᠠᠬᠢᠭᠤᠯᠤᠨ᠎ᠠ᠃ ᠨᠠᠶᠢᠳᠠ ᠶᠢᠨ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠲᠡᠰ ᠬᠤᠪᠢᠶᠠᠨ ᠡᠮᠴᠢᠯᠡᠭᠡ ᠬᠢᠬᠦ ᠲᠦᠷᠢᠮ ᠢ ᠪᠠᠶᠢᠭᠤᠯᠤᠨ᠂ ᠡᠮᠴᠢᠯᠡᠭᠡ ᠬᠢᠬᠦ᠂ ᠡᠮᠴᠢᠯᠡᠬᠡᠨ ᠤ ᠪᠠᠳᠤᠯᠠᠭ᠎ᠠ᠂ ᠡᠮ ᠡᠮᠨᠡᠯᠬᠡ ᠤᠨ ᠬᠤᠭᠤᠷᠤᠨᠳᠤᠬᠢ ᠤᠶᠠᠯᠳᠤᠯ ᠤᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠦᠨ᠎ᠡ᠃ ᠮᠤᠩᠭᠤᠯ ᠬᠢᠳᠡᠳ ᠡᠮ ᠡᠮᠨᠡᠯᠬᠡ ᠶᠢᠨ ᠦᠢᠯᠡᠰ ᠲᠤ ᠤᠷᠤᠭᠤᠯᠬᠤ ᠪᠡᠯᠡ ᠮᠦᠩᠬᠦ ᠪᠠᠨ ᠨᠡᠮᠡᠭᠳᠡᠬᠦᠯᠵᠦ᠂ ᠮᠤᠩᠭᠤᠯ ᠬᠢᠳᠡᠳ ᠡᠮ ᠡᠮᠨᠡᠯᠬᠡ ᠶᠢᠨ ᠤᠨᠴᠠᠯᠢᠭᠳᠤ ᠬᠦᠭᠵᠢᠯᠳᠡ ᠶᠢ ᠠᠬᠢᠭᠤᠯᠤᠨ᠎ᠠ᠃ 301 ᠡᠮᠨᠡᠯᠬᠡ ᠶᠢᠨ ᠬᠤᠷᠢᠶ᠎ᠠ᠂ ᠠᠨ ᠵᠧᠨ ᠡᠮᠨᠡᠯᠬᠡ  ᠶᠢᠨ ᠬᠤᠷᠢᠶ᠎ᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠦ᠂ ᠲᠡᠷᠢᠬᠦᠨ ᠤ ᠲᠤᠷᠰᠢᠯᠭ᠎ᠠ ᠮᠡᠷᠬᠡᠵᠢᠯ ᠢ ᠰᠤᠷᠤᠯᠴᠠᠨ᠂ ᠡᠮᠴᠢ ᠮᠡᠷᠬᠡᠵᠢᠯᠳᠠᠨ ᠤ ᠪᠦᠬᠦᠯᠢ ᠴᠤᠭᠴᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠵᠦ᠂ ᠪᠦᠬᠦ ᠬᠤᠰᠢᠭᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃      ᠠᠮᠢᠳᠤᠷᠠᠯ ᠤᠨ ᠤᠷᠴᠢᠨ ᠲᠤᠭᠤᠷᠢᠨ ᠢ ᠤᠯᠠᠮ ᠰᠠᠶᠢᠵᠢᠷᠠᠭᠤᠯᠤᠨ᠎ᠠ᠃ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠳᠠ ᠶᠢᠨ ᠬᠢᠷᠢ ᠲᠦᠪᠰᠢᠨ ᠢ ᠴᠢᠩᠭᠠᠳᠬᠠᠨ᠂ ᠵᠡᠬᠡᠯᠢ ᠭᠤᠳᠤᠮᠵᠢ ᠶᠢ ᠴᠡᠪᠡᠷᠯᠡᠨ ᠠᠷᠠᠴᠢᠯᠠᠬᠤ ᠬᠠᠷᠢᠭᠤᠴᠠᠯᠭ᠎ᠠ  ᠶᠢᠨ ᠲᠦᠷᠢᠮ ᠢ ᠦᠷᠬᠦᠯᠵᠢᠯᠡᠨ ᠨᠠᠶᠢᠳᠠᠪᠤᠷᠢᠵᠢᠭᠤᠯᠵᠦ᠂ ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠠᠷᠢᠭᠤᠨ ᠴᠡᠪᠡᠷ ᠢ ᠬᠠᠮᠠᠭᠠᠯᠠᠬᠤ ᠪᠠ ᠠᠷᠠᠴᠢᠯᠠᠬᠤ ᠬᠦᠴᠦᠯᠡᠴᠡ ᠪᠠᠨ ᠨᠡᠮᠡᠭᠳᠡᠬᠦᠯᠦᠨ᠂ ᠬᠤᠳᠠ ᠶᠢᠨ ᠲᠦᠷᠢ ᠲᠦᠷᠬᠦ ᠶᠢ ᠤᠯᠠᠮ ᠭᠤᠸᠠᠵᠢᠭᠤᠯᠵᠦ᠂ ᠦᠷᠬᠡᠨ ᠤᠯᠠᠨ ᠲᠦᠮᠡᠨ ᠳᠤ ᠪᠤᠯᠪᠠᠰᠤᠨ᠂ ᠠᠷᠢᠭᠤᠨ ᠴᠡᠪᠡᠷ᠂ ᠲᠡᠷᠢ ᠲᠡᠭᠰᠢ᠂ ᠡᠮᠬᠢ ᠲᠢᠭᠯᠢᠮ ᠲᠠᠢ ᠠᠵᠢᠯᠯᠠᠵᠦ ᠠᠮᠢᠳᠤᠷᠠᠬᠤ ᠤᠷᠴᠢᠨ ᠨᠦᠬᠦᠴᠡᠯ ᠪᠦᠷᠢᠯᠳᠦᠬᠦᠯᠵᠦ ᠦᠭᠬᠦᠨ᠎ᠠ᠃ ᠪᠤᠷᠤ ᠬᠡᠷ ᠤᠨ ᠲᠤᠭᠤᠷᠢᠭ ᠤᠨ ᠦᠬᠡᠷᠡᠴᠢᠯᠡᠯᠳᠡ ᠳᠤ ᠪᠡᠯᠡ ᠬᠤᠷᠠᠮᠳᠤᠭᠤᠯᠬᠤ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠳᠤ ᠢᠳᠡᠪᠬᠢᠳᠡᠢ ᠵᠣᠬᠢᠴᠠᠯᠳᠤᠵᠦ᠂ ᠪᠤᠷᠤ ᠬᠡᠷ ᠤᠨ ᠦᠬᠡᠷᠡᠴᠢᠯᠡᠯᠳᠡ ᠶᠢᠨ ᠰᠠᠭᠤᠷᠢ ᠪᠦᠳᠦᠬᠡᠨ ᠪᠠᠶᠢᠭᠤᠯᠤᠯᠳᠠ ᠶᠢᠨ ᠬᠠᠮᠢᠶᠠᠳᠠᠢ ᠤᠯᠤᠰ ᠤᠨ ᠪᠡᠯᠡ ᠮᠦᠩᠬᠦ ᠶᠢ ᠡᠷᠡᠮᠡᠯᠵᠡᠯᠡᠵᠦ᠂ ᠪᠤᠷᠤ ᠬᠡᠷ ᠤᠨ ᠲᠤᠭᠤᠷᠢᠭ ᠤᠨ ᠦᠬᠡᠷᠡᠴᠢᠯᠡᠯᠳᠡ ᠳᠤ ᠲᠦᠪᠬᠢᠨᠡᠬᠦᠯᠵᠦ ᠦᠭᠬᠦ ᠬᠡᠷ ᠪᠠ ᠲᠦᠬᠦᠷᠴᠢᠯᠡᠭᠰᠡᠨ ᠲᠦᠬᠦᠬᠡᠷᠦᠮᠵᠢ ᠶᠢ ᠬᠠᠮᠳᠤ ᠳᠤ ᠨᠢ ᠲᠦᠯᠦᠪᠯᠡᠵᠦ᠂ ᠬᠠᠭᠤᠴᠢᠨ ᠰᠠᠭᠤᠭᠠᠯᠢ ᠠᠷᠠᠳ ᠤᠨ ᠪᠠᠭ᠎ᠠ ᠲᠤᠭᠤᠷᠢᠭ ᠢ ᠦᠬᠡᠷᠡᠴᠢᠯᠡᠨ ᠵᠠᠰᠠᠬᠤ ᠪᠠ ᠪᠤᠷᠤ ᠬᠡᠷ ᠤᠨ ᠦᠬᠡᠷᠡᠴᠢᠯᠡᠯᠳᠡ ᠶᠢᠨ ᠲᠤᠭᠤᠷᠢᠭ ᠤᠨ ᠲᠦᠬᠦᠷᠴᠢᠯᠡᠭᠰᠡᠨ ᠰᠠᠭᠤᠷᠢ ᠪᠦᠳᠦᠬᠡᠨ ᠪᠠᠶᠢᠭᠤᠯᠤᠯᠳᠠ ᠶᠢ ᠬᠠᠮᠳᠤ ᠳᠤ ᠨᠢ ᠠᠬᠢᠭᠤᠯᠵᠦ᠂ ᠪᠤᠷᠤ ᠬᠡᠷ ᠤᠨ ᠲᠤᠭᠤᠷᠢᠭ ᠤᠨ150 ᠡᠷᠦᠬᠡ ᠶᠢᠨ ᠬᠡᠷ ᠪᠠᠶᠢᠰᠢᠩ ᠢ ᠵᠠᠰᠠᠨ ᠦᠬᠡᠷᠡᠴᠢᠯᠡᠭᠰᠡᠨ ᠪᠠᠶᠢᠨ᠎ᠠ᠃ ᠬᠡᠷ ᠪᠠᠶᠢᠰᠢᠩ ᠤᠨ ᠬᠦᠳᠡᠯᠦᠩᠬᠦᠢ ᠪᠤᠰᠤ ᠬᠦᠷᠦᠩᠬᠡ ᠶᠢᠨ ᠬᠡᠷᠡᠴᠢ ᠦᠨᠡᠮᠯᠠᠯ ᠤᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠵᠦ᠂ ᠲᠤᠰ ᠵᠢᠯ ᠳᠤ ᠲᠦᠷᠦᠯ ᠵᠦᠢᠯ ᠤᠨ ᠦᠯᠡᠳᠡᠭᠳᠡᠯ ᠬᠡᠷ ᠪᠠᠶᠢᠰᠢᠩ ᠳᠤ ᠬᠦᠳᠡᠯᠦᠩᠬᠦᠢ ᠪᠤᠰᠤ ᠬᠦᠷᠦᠩᠬᠡ ᠶᠢᠨ ᠲᠠᠩᠰᠠᠯᠠᠯᠳᠠ ᠬᠢᠵᠦ ᠲᠠᠭᠤᠰᠬᠠᠨ᠎ᠠ᠃ ᠠᠳᠠᠯ ᠠᠬᠤᠢ ᠶᠢᠨ ᠬᠠᠮᠢᠶᠠᠷᠤᠯᠳᠠ ᠪᠠ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠵᠦ᠂ ᠰᠠᠭᠤᠭᠠᠯᠢ ᠠᠷᠠᠳ ᠤᠨ ᠲᠤᠭᠤᠷᠢᠭ  ᠤᠨ ᠠᠳᠠᠯ ᠠᠬᠤᠢ ᠶᠢᠨ ᠦᠢᠯᠡᠴᠢᠯᠡᠬᠡᠨ ᠤ ᠲᠦᠷᠢᠮᠵᠢᠭᠰᠡᠨ ᠬᠠᠮᠢᠶᠠᠷᠤᠯᠳᠠ ᠶᠢ ᠲᠡᠭᠡᠭᠰᠢᠯᠡᠬᠦᠯᠦᠨ᠎ᠡ᠃ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ ᠠᠴᠠ ᠲᠤᠯᠠᠭᠠᠯᠭ᠎ᠠ ᠬᠠᠩᠭᠠᠬᠤ ᠢᠨᠵᠧᠨᠧᠷᠢᠩ ᠤᠨ ᠪᠠᠶᠢᠭᠤᠯᠤᠯᠳᠠ ᠶᠢ ᠲᠦᠷᠬᠡᠳᠬᠡᠨ᠂ 310 ᠲᠦᠮᠡᠨ ᠲᠡᠭᠰᠢ ᠲᠦᠷᠪᠯᠡᠵᠢᠨ ᠮᠧᠲᠷ ᠤᠨ ᠲᠠᠯᠠᠪᠠᠢ ᠳᠤ ᠲᠤᠯᠠᠭᠠᠯᠭ᠎ᠠ ᠬᠠᠩᠭᠠᠵᠦ᠂ ᠲᠤᠯᠠᠭᠠᠯᠠᠭ᠎ᠠ ᠬᠠᠩᠭᠠᠬᠤ ᠶᠠᠰᠤ ᠴᠢᠨᠡᠷ ᠢ ᠲᠡᠭᠡᠭᠰᠢᠯᠡᠬᠦᠯᠦᠨ᠂ ᠡᠨᠧᠷᠬᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ ᠵᠡᠷᠬᠡ ᠤᠯᠠᠨ ᠲᠠᠯ᠎ᠠ ᠶᠢᠨ ᠠᠰᠢᠭ ᠬᠦᠷᠳᠡᠬᠦ  ᠶᠢ ᠪᠡᠶᠡᠯᠡᠬᠦᠯᠦᠨ᠎ᠡ᠃ ᠰᠠᠩ ᠤᠨ ᠲᠠᠯᠠᠢ ᠪᠠᠯᠭᠠᠰᠤᠨ ᠤ ᠪᠠᠯᠭᠠᠰᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠦᠢᠯᠡᠴᠢᠯᠡᠬᠡᠨ ᠤ ᠴᠢᠳᠠᠪᠬᠢ ᠶᠢ ᠲᠡᠬᠦᠯᠳᠡᠷᠵᠢᠬᠦᠯᠵᠦ᠂ ᠤᠷᠤᠰᠢᠨ ᠲᠤᠭᠳᠠᠨᠢᠬᠤ ᠳᠤ ᠲᠠᠭᠠᠳᠠᠢ ᠮᠠᠯᠵᠢᠬᠤ ᠤᠷᠤᠨ ᠤ ᠵᠢᠵᠢᠭ ᠪᠠᠯᠭᠠᠰᠤ ᠶᠢ ᠪᠠᠶᠢᠭᠤᠯᠤᠨ᠎ᠠ᠃      ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠡᠬᠦᠯᠦᠨ᠎ᠡ᠃ ︽ᠨᠠᠮ ᠵᠠᠰᠠᠭ ᠠᠴᠠ ᠬᠠᠮᠳᠤ ᠪᠠᠷ ᠬᠠᠷᠢᠭᠤᠴᠠᠯᠭ᠎ᠠ ᠡᠬᠦᠷᠬᠡᠯᠡᠬᠦ᠂ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ᠂ ᠲᠤᠰᠢᠶᠠᠯ ᠳᠤ ᠪᠠᠨ ᠤᠰᠤᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠤᠶᠤ ︽ᠭᠤᠷᠪᠠᠨ ᠡᠷᠬᠡᠪᠡᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠡᠬᠦᠷᠡᠰᠦᠨ ᠤ ᠪᠤᠰᠤ ᠠᠭᠤᠷᠬᠠᠢ᠂ ᠠᠶᠤᠯᠳᠤ ᠬᠢᠮᠢ ᠶᠢᠨ ᠪᠤᠳᠠᠰ᠂ ᠲᠡᠮᠦᠷᠯᠢᠭ ᠬᠠᠶᠢᠯᠤᠭᠤᠯᠬᠤ ᠠᠵᠦ ᠦᠢᠯᠡᠰ᠂ ᠭᠠᠯ ᠤᠨᠳᠠᠷᠠᠭᠠᠬᠤ᠂ ᠵᠠᠮ ᠬᠠᠷᠢᠯᠴᠠᠭ᠎ᠠ᠂ ᠪᠠᠷᠢᠯᠭ᠎ᠠ ᠪᠦᠳᠦᠬᠡᠨ ᠪᠠᠶᠢᠭᠤᠯᠤᠯᠳᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠬᠡ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯᠬᠦᠢ ᠦᠢᠯᠡᠳᠪᠤᠷᠢᠯᠡᠯ ᠤᠨ ᠠᠵᠢᠯ ᠢ ᠭᠤᠤᠯᠯᠠᠨ ᠠᠳᠬᠤᠵᠦ᠂ ᠴᠢᠩᠭ᠎ᠠ ᠬᠠᠮᠢᠶᠠᠷᠴᠤ ᠬᠦᠨᠳᠦ ᠪᠠᠷ ᠲᠤᠷᠭᠤᠬᠤ᠂ ᠦᠨᠳᠦᠷ ᠪᠠᠷᠢᠮᠵᠢᠶ᠎ᠠ ᠪᠠᠷ ᠲᠤᠷᠭᠤᠬᠤ ᠪᠠ ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠳᠠᠯᠠᠵᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠰᠡᠷᠬᠡᠶᠢᠯᠡᠵᠦ ᠭᠠᠮᠰᠢᠭ ᠠᠴᠠ ᠠᠪᠤᠷᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ ᠠᠮᠤᠷ ᠲᠦᠪᠰᠢᠨ ᠤ ᠲᠠᠯᠳᠠ ᠬᠡᠮ ᠢ ᠪᠦᠬᠦ ᠲᠠᠯ᠎ᠠ ᠪᠠᠷ ᠠᠷᠢᠯᠭᠠᠨ᠂ ᠠᠶᠤᠯᠬᠦᠢ ᠦᠢᠯᠡᠳᠪᠤᠷᠢᠯᠡᠯ ᠤᠨ ᠲᠤᠮᠤ ᠠᠳᠡᠯ ᠬᠡᠷᠡᠭ ᠡᠬᠦᠰᠬᠦ ᠶᠢ ᠡᠷᠡᠰ ᠬᠤᠷᠢᠭᠯᠠᠨ᠎ᠠ᠃ ᠢᠳᠡᠬᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠲᠠᠯ᠎ᠠ ᠪᠠᠷ ᠬᠢ ᠬᠢᠨᠠᠯᠳᠠ ᠶᠢ ᠴᠢᠩᠭᠠᠳᠬᠠᠵᠦ᠂ ᠴᠠᠭᠳᠠᠨ ᠪᠠᠶᠢᠴᠠᠭᠠᠬᠤ ᠡᠷᠴᠢᠮ ᠢᠶᠠᠨ ᠨᠡᠮᠡᠭᠳᠡᠬᠦᠯᠦᠨ᠂ ᠤᠯᠠᠨ ᠲᠦᠮᠡᠨ ᠤ ᠪᠡᠶ᠎ᠡ ᠴᠤᠭᠴᠠ ᠶᠢᠨ ᠡᠷᠡᠬᠦᠯ ᠴᠢᠬᠢᠷᠠᠭ ᠢ ᠬᠠᠮᠠᠭᠠᠯᠠᠨ᠎ᠠ᠃ ᠪᠦᠬᠦ ᠠᠷᠠᠳ ᠲᠤ ᠬᠠᠤᠯᠢ ᠲᠦᠬᠡᠮᠡᠯᠵᠢᠬᠦᠯᠬᠦ ᠶᠢ ᠴᠢᠩᠭᠠᠳᠬᠠᠨ᠂ ᠤᠯᠠᠨ ᠨᠠᠶᠢᠳᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠲᠡᠬᠦᠯᠳᠡᠷᠵᠢᠬᠦᠯᠵᠦ᠂ ᠨᠡᠶᠢᠬᠡᠮ ᠤᠨ ᠢᠳᠡᠬᠡᠮᠵᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠠ᠃ ᠨᠡᠶᠢᠬᠡᠮ ᠤᠨ ᠴᠡᠭᠴᠡᠯᠡᠯᠳᠡ ᠶᠢ ᠰᠢᠨᠡᠴᠢᠯᠡᠬᠦ ᠪᠠᠷ ᠰᠠᠭᠤᠷᠢ ᠪᠤᠯᠭᠠᠨ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠬᠦᠯᠵᠦ᠂ ᠠᠵᠢᠯ ᠤᠨ ᠦᠷ᠎ᠠ ᠪᠦᠳᠦᠮᠵᠢ ᠪᠠᠨ ᠪᠠᠬᠢᠵᠡᠬᠦᠯᠬᠦ ᠶᠢᠨ ᠬᠠᠮᠳᠤ ᠤᠷᠳᠤ ᠬᠤᠭᠤᠴᠠᠭᠠᠨ ᠤ ᠠᠵᠢᠯ ᠤᠨ ᠲᠤᠭᠳᠠᠮᠵᠢ ᠶᠢ ᠪᠠᠳᠤᠯᠠᠨ᠎ᠠ᠃ ᠬᠡᠨᠡᠳᠳᠡ ᠶᠢᠨ ᠤᠯᠠᠨ ᠨᠠᠶᠢᠳᠠ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠢ ᠠᠷᠭᠠᠴᠠᠭᠠᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠲᠤᠤᠷ ᠰᠦᠯᠵᠢᠶᠠᠨ ᠤ ᠠᠮᠤᠷ ᠲᠦᠪᠰᠢᠨ ᠪᠠ ᠲᠤᠤᠷ ᠰᠦᠯᠵᠢᠶᠠᠨ ᠲᠡᠭᠡᠷᠡᠬᠢ ᠶᠠᠷᠢᠶ᠎ᠠ ᠬᠡᠯᠡᠯᠴᠡᠬᠡᠨ ᠳᠤ ᠬᠢᠨᠠᠯᠳᠠ ᠲᠠᠯᠪᠢᠬᠤ ᠠᠵᠢᠯ ᠢ ᠦᠷᠬᠦᠯᠵᠢᠯᠡᠨ ᠴᠢᠩᠭ᠎ᠠ ᠠᠳᠬᠤᠵᠦ᠂ ᠨᠡᠶᠢᠬᠡᠮ ᠤᠨ ᠠᠮᠤᠷ ᠲᠦᠪᠰᠢᠨ ᠢ ᠴᠡᠭᠴᠡᠯᠡᠬᠦ᠂ ᠰᠡᠷᠬᠡᠶᠢᠯᠡᠨ ᠡᠷᠬᠡᠰᠢᠶᠡᠬᠦ ᠰᠢᠰᠲ᠋ᠧᠮ ᠢ ᠪᠦᠷᠬᠦᠬᠦᠯᠦᠨ᠎ᠡ᠃      ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠲᠦᠷᠦᠯ ᠵᠦᠢᠯ ᠢ ᠬᠡᠷᠡᠭᠵᠢᠬᠦᠯᠬᠦ ᠳᠤ ᠠᠷᠠᠳ ᠤᠨ ᠲᠦᠯᠦᠬᠡᠯᠡᠭᠴᠢ  ᠠᠴᠠ ᠪᠢᠯᠧᠲ ᠦᠭᠬᠦᠨ ᠰᠢᠢᠳᠪᠤᠷᠢ ᠲᠤᠭᠳᠠᠭᠠᠬᠤ ᠲᠦᠷᠢᠮ ᠢ ᠡᠬᠢᠯᠡᠨ ᠬᠡᠷᠡᠭᠵᠢᠬᠦᠯᠵᠦ᠂ ᠲᠤᠷᠰᠢᠯᠳᠠ ᠶᠢᠨ ᠴᠡᠭ ᠤᠨ ᠠᠵᠢᠯᠯᠠᠭ᠎ᠠ ᠦᠷᠨᠢᠬᠦᠯᠦᠨ᠂ ᠠᠷᠠᠳ ᠤᠨ ᠲᠦᠯᠦᠬᠡᠯᠡᠭᠴᠢ ᠪᠠ ᠤᠯᠠᠨ ᠲᠦᠮᠡᠨ ᠤ ᠬᠢᠨᠠᠯᠳᠠ ᠶᠢ ᠬᠦᠯᠢᠶᠡᠵᠦ᠂ ᠲᠤᠷᠰᠢᠯᠭ᠎ᠠ ᠳ᠋ᠦᠩᠨᠡᠯᠳᠡ ᠪᠠᠨ ᠨᠠᠷᠢᠨ ᠨᠢᠮᠪᠠᠢ ᠬᠢᠵᠦ᠂ ᠲᠠᠷᠠᠭᠠᠴᠢ ᠪᠠᠷ ᠪᠦᠬᠦ ᠬᠤᠰᠢᠭᠤᠨ ᠤ ᠬᠡᠪᠴᠢᠶᠠᠨ ᠳᠤ ᠪᠦᠬᠦ ᠲᠠᠯ᠎ᠠ ᠪᠠᠷ ᠬᠡᠷᠡᠭᠵᠢᠬᠦᠯᠬᠦ ᠳᠤ ᠰᠠᠭᠤᠷᠢ ᠲᠠᠯᠪᠢᠨ᠂ ᠵᠠᠰᠠᠭ ᠤᠨ ᠤᠷᠳᠤᠨ ᠠᠴᠠ ᠬᠡᠷᠡᠭᠵᠢᠬᠦᠯᠵᠦ ᠪᠠᠶᠢᠭ᠎ᠠ ᠲᠦᠷᠦᠯ ᠵᠦᠢᠯ ᠳᠤ ᠠᠷᠠᠳ ᠲᠦᠮᠡᠨ ᠬᠠᠨᠤᠮᠵᠢ ᠲᠠᠢ ᠪᠠᠶᠢᠵᠦ᠂ ᠠᠷᠠᠳ ᠤᠨ ᠰᠠᠨᠠᠭ᠎ᠠ ᠶᠢ ᠳᠠᠭᠠᠬᠤ᠂ ᠠᠷᠠᠳ ᠤᠨ ᠬᠦᠴᠦᠨ ᠢ ᠳᠠᠶᠢᠴᠢᠯᠠᠬᠤ᠂ ᠠᠷᠠᠳ  ᠤᠨ ᠠᠮᠢᠳᠤᠷᠠᠯ ᠳᠤ ᠦᠢᠯᠡᠴᠢᠯᠡᠬᠦ ᠠᠩᠬᠠᠨ ᠤ ᠵᠤᠷᠢᠯᠳᠠ ᠳᠤ ᠪᠠᠨ ᠬᠦᠷᠬᠦ ᠪᠤᠯᠤᠨ᠎ᠠ᠃      ᠠᠷᠠᠳ ᠤᠨ ᠠᠭᠠᠷ ᠤᠨ ᠰᠡᠷᠬᠡᠶᠢᠯᠡᠯᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠵᠡᠷᠬᠡ ᠠᠷᠠᠳ ᠤᠨ ᠪᠦᠯᠬᠦᠮ ᠤᠨ ᠵᠤᠬᠢᠶᠠᠨ ᠪᠠᠶᠢᠭᠤᠯᠬᠤ ᠬᠦᠬᠦᠷᠬᠡ ᠬᠤᠯᠪᠤᠭᠠᠰᠤᠨ ᠤ ᠦᠢᠯᠡᠳᠦᠯ ᠢ ᠬᠦᠢᠴᠡᠳ ᠪᠠᠳᠠᠷᠠᠭᠤᠯᠵᠦ᠂ ᠪᠠᠷᠠᠭᠠᠨ ᠤ ᠦᠨ᠎ᠡ ᠬᠠᠩᠰᠢ᠂ ᠴᠢᠮᠡᠭᠡ ᠨᠡᠪᠳᠡᠷᠡᠯᠬᠡ᠂ ᠴᠠᠭ ᠠᠭᠤᠷ᠂ ᠲᠠᠩᠰᠠ ᠡᠪᠬᠡᠮᠡᠯ᠂ ᠤᠷᠤᠨ ᠨᠤᠳᠤᠭ ᠤᠨ ᠤᠶᠢᠯᠠᠯᠭ᠎ᠠ᠂ ᠷᠡᠳᠢᠤ᠋ ᠲᠧᠯᠸᠢᠰ᠂ ᠭᠠᠳᠠᠭᠠᠳᠤ ᠶᠠᠪᠤᠳᠠᠯ ᠬᠠᠷᠢᠶᠠᠳᠦ ᠶᠢᠨ ᠠᠵᠢᠯ᠂ ᠠᠯᠪᠠᠨ ᠪᠠᠶᠢᠭᠤᠯᠭ᠎ᠠ ᠶᠢᠨ ᠠᠵᠢᠯ ᠶᠠᠪᠤᠳᠠᠯ ᠢ ᠦᠷᠬᠦᠯᠵᠢᠯᠡᠨ ᠴᠢᠩᠭ᠎ᠠ ᠠᠳᠬᠤᠵᠦ᠂ ᠨᠡᠶᠢᠬᠡᠮ ᠤᠨ ᠡᠯ᠎ᠠ ᠠᠵᠢᠯ ᠲᠦᠷᠦᠯ ᠢ ᠪᠦᠬᠦ ᠲᠠᠯ᠎ᠠ ᠪᠠᠷ ᠠᠬᠢᠭᠤᠯᠤᠨ᠎ᠠ᠃ ︵ᠵᠢᠷᠭᠤᠭ᠎ᠠ︶ ᠤᠶᠤᠨ ᠤ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ᠪᠦᠯᠬᠦᠮᠳᠡᠨ ᠨᠢᠭᠳᠠᠷᠠᠭᠰᠠᠨ᠂ ᠤᠷᠤᠭᠰᠢ ᠲᠠᠪᠰᠢᠭᠰᠠᠨ ᠡᠶ᠎ᠡ ᠵᠤᠬᠢᠴᠠᠯ ᠲᠠᠢ ᠰᠤᠶᠤᠯ ᠤᠨ ᠣᠷᠴᠢᠨ ᠳᠣᠭᠤᠷᠢᠨ ᠢ ᠪᠤᠢ ᠪᠤᠯᠭᠠᠨ᠎ᠠ       ᠨᠡᠶᠢᠬᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯ ᠢ ᠪᠤᠢ ᠪᠤᠯᠭᠠᠨ ᠦᠢᠯᠡᠳᠦᠯᠬᠡᠵᠢᠬᠦᠯᠬᠦ ᠶᠢᠨ ᠬᠠᠮᠳᠤ ᠨᠡᠶᠢᠬᠡᠮ ᠤᠨ ᠬᠦᠭᠵᠢᠯᠳᠡ ᠶᠢᠨ ᠡᠯ᠎ᠠ ᠬᠦᠷᠢᠶ᠎ᠡ ᠴᠡᠷ᠎ᠡ ᠳᠤ ᠠᠭᠤᠰᠤᠯᠴᠠᠭᠤᠯᠤᠨ᠂ ᠲᠡᠬᠦᠨ ᠢ ᠤᠯᠠᠨ ᠲᠦᠮᠡᠨ ᠤ ᠰᠡᠳᠬᠢᠯᠬᠡ  ᠶᠢᠨ ᠮᠡᠳᠡᠷᠡᠮᠵᠢ ᠪᠠ ᠠᠵᠢᠯᠯᠠᠭᠠᠨ ᠤ ᠲᠦᠷᠢᠮᠵᠢᠯ ᠪᠤᠯᠭᠠᠨ᠎ᠠ᠃ ᠲᠦᠪ ᠰᠤᠷᠳᠠᠯ ᠢ ᠪᠠᠳᠠᠷᠠᠭᠤᠯᠤᠨ᠂ ᠨᠡᠶᠢᠬᠡᠮ ᠤᠨ ᠪᠤᠯᠪᠠᠰᠤᠨ  ᠤ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠤᠶᠢᠯᠠᠭᠠᠬᠤ ᠳᠤ ᠲᠦᠬᠦᠮ ᠬᠡᠯᠪᠡᠷᠢ ᠪᠠᠷ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠪᠠ ᠲᠤᠮᠳᠠᠳᠤ ᠶᠢᠨ ᠬᠦᠰᠡᠯᠡᠩ ᠤᠨ ᠲᠤᠬᠠᠢ ᠤᠬᠠᠭᠤᠯᠭ᠎ᠠ ᠬᠦᠮᠦᠵᠢᠯ ᠢ ᠲᠡᠯᠬᠡᠷᠡᠩᠬᠦᠢ ᠦᠷᠨᠢᠬᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠬᠠᠮᠳᠤ ᠶᠢᠨ ᠦᠵᠡᠯ ᠪᠠ ᠨᠡᠶᠢᠬᠡᠮ ᠵᠢᠷᠤᠮ  ᠤᠨ ᠦᠵᠡᠯ ᠤᠨ ᠤᠬᠠᠭᠤᠯᠭ᠎ᠠ ᠬᠦᠮᠦᠵᠢᠯ ᠢ ᠦᠷᠨᠢᠬᠦᠯᠵᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ  ᠤᠨ ᠱᠤᠭᠤᠮ ᠴᠢᠭᠯᠡᠯᠳᠡ ᠶᠢᠨ ᠢᠳᠡᠬᠡᠯ᠂ ᠤᠨᠤᠯ ᠤᠨ ᠢᠳᠡᠬᠡᠯ᠂ ᠲᠦᠷᠢᠮ ᠤᠨ ᠢᠳᠡᠬᠡᠯ᠂ ᠰᠤᠶᠤᠯ ᠤᠨ ᠢᠳᠡᠬᠡᠯ ᠢ ᠪᠠᠷᠢᠮᠳᠠᠯᠠᠨ᠎ᠠ᠃ ᠺᠠᠳ᠋ᠷ ᠤᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠲᠦᠪᠡᠭ  ᠲᠠᠢ ᠠᠰᠠᠭᠤᠳᠠᠯ ᠳᠤ ᠴᠢᠭᠯᠡᠬᠦᠯᠦᠨ᠂ ᠨᠠᠮ ᠤᠨ ᠡᠯ᠎ᠠ ᠵᠦᠢᠯ ᠤᠨ ᠲᠦᠷᠦ ᠶᠢᠨ ᠪᠤᠳᠤᠯᠭ᠎ᠠ ᠳᠤ ᠬᠦᠨᠵᠡᠬᠡᠢ ᠵᠠᠳᠠᠯᠤᠯᠳᠠ ᠬᠢᠵᠦ᠂ ᠤᠯᠠᠨ ᠲᠦᠮᠡᠨ ᠤ ᠢᠳᠡᠬᠡᠯ ᠵᠤᠷᠢᠭ ᠢ ᠬᠦᠪᠴᠢᠯᠡᠨ᠂ ᠰᠠᠶᠢᠨ ᠰᠠᠶᠢᠬᠠᠨ᠂ ᠵᠤᠯ ᠵᠢᠷᠭᠠᠯᠳᠠᠢ ᠨᠡᠶᠢᠬᠡᠮ ᠤᠨ ᠤᠷᠴᠢᠨ ᠲᠤᠭᠤᠷᠢᠨ ᠢ ᠴᠢᠷᠮᠠᠶᠢᠨ ᠪᠦᠷᠢᠯᠳᠦᠬᠦᠯᠦᠨ᠎ᠡ᠃ ᠦᠨᠳᠦᠰᠦᠳᠡᠨ ᠤ ᠰᠤᠶᠤᠯ ᠤᠨ ᠴᠡᠴᠡᠭᠯᠡᠨ ᠬᠦᠭᠵᠢᠯᠳᠡ ᠶᠢ ᠠᠬᠢᠭᠤᠯᠵᠦ᠂ ᠮᠤᠩᠭᠤᠯ ᠶᠤᠸᠠᠨ ᠤ ᠰᠢᠯᠢᠳᠡᠭ ᠰᠤᠶᠤᠯ ᠪᠠ ᠱᠠᠩᠳᠤ ᠶᠢᠨ ᠰᠤᠶᠤᠯ ᠢ ᠤᠯᠠᠮᠵᠢᠯᠠᠨ ᠲᠡᠯᠬᠡᠷᠡᠬᠦᠯᠦᠨ᠎ᠡ᠃ ᠤᠬᠠᠭᠤᠯᠭ᠎ᠠ ᠰᠤᠷᠳᠠᠯᠴᠢᠯᠠᠭ᠎ᠠ ᠪᠠᠨ ᠴᠢᠩᠭᠠᠳᠬᠠᠵᠦ᠂ ᠲᠠᠯ᠎ᠠ ᠨᠤᠳᠤᠭ ᠤᠨ ︽ᠬᠦᠩᠬᠡᠨ ᠮᠤᠷᠢᠳᠦ ᠴᠡᠷᠢᠭ︾ —— ᠤᠯᠠᠭᠠᠨᠮᠦ᠋ᠴᠢᠷ  ᠤᠨ ᠦᠢᠯᠡᠳᠦᠯ ᠢ ᠪᠦᠷᠢᠨ ᠪᠠᠳᠠᠷᠠᠭᠤᠯᠵᠦ᠂ ᠤᠷᠠᠨ ᠰᠠᠶᠢᠬᠠᠨ ᠤ ᠲᠤᠭᠯᠠᠯᠳᠠ ᠭᠠᠷᠭᠠᠬᠤ ᠵᠡᠷᠬᠡ ᠬᠡᠯᠪᠡᠷᠢ ᠪᠠᠷ ᠦᠨᠳᠦᠰᠦᠳᠡᠨ  ᠤ ᠰᠢᠯᠢᠳᠡᠭ ᠰᠤᠶᠤᠯ ᠢ ᠤᠯᠠᠮᠵᠢᠯᠠᠨ ᠲᠠᠷᠬᠠᠭᠠᠨ᠎ᠠ᠃ ᠰᠤᠶᠤᠯ ᠤᠨ ᠤᠷᠳᠤᠨ᠂ ᠨᠤᠮ ᠤᠨ ᠰᠠᠩ᠂ ᠬᠤᠪᠢᠯᠠᠢ ᠠᠭᠤᠳᠠᠮ ᠲᠠᠯᠠᠪᠠᠢ᠂ ᠲᠠᠮᠢᠷ ᠤᠨ ᠤᠷᠳᠤᠨ ᠵᠡᠷᠬᠡ ᠲᠠᠯᠠᠪᠤᠷ ᠤᠷᠳᠤᠨ ᠢ ᠠᠰᠢᠭᠯᠠᠨ᠂ ᠦᠷᠬᠡᠨ ᠤᠯᠠᠨ ᠲᠦᠮᠡᠨ ᠤ ᠦᠨᠳᠦᠰᠦᠳᠡᠨ ᠤ ᠰᠢᠯᠢᠳᠡᠭ ᠰᠤᠶᠤᠯ ᠲᠠᠮᠢᠷ ᠤᠨ ᠬᠦᠳᠡᠯᠪᠤᠷᠢ ᠠᠵᠢᠯᠯᠠᠭ᠎ᠠ ᠳᠤ ᠤᠷᠤᠯᠴᠠᠬᠤ ᠳᠤ ᠲᠦᠬᠦᠮ ᠨᠦᠬᠦᠴᠡᠯ ᠢ ᠪᠦᠷᠢᠯᠳᠦᠬᠦᠯᠵᠦ ᠦᠭᠬᠦᠨ᠎ᠡ᠃ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠬᠡᠮᠡᠯᠵᠢᠯᠡᠬᠦᠯᠵᠦ᠂ ᠲᠤᠮᠳᠠᠳᠤ ᠤᠯᠤᠰ ᠤᠨ ᠮᠤᠩᠭᠤᠯ ᠬᠡᠯᠡᠨ  ᠤ ᠪᠠᠷᠢᠮᠵᠢᠶ᠎ᠠ ᠠᠪᠢᠶ᠎ᠠ ᠶᠢ ᠲᠤᠭᠳᠠᠭᠠᠭᠰᠠᠨ 40 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢ ᠲᠡᠯᠬᠡᠷᠡᠩᠬᠦᠢ ᠦᠷᠨᠢᠬᠦᠯᠦᠨ᠎ᠡ᠃       ᠲᠡᠷᠢᠬᠦᠨ ᠤ ᠵᠢᠱᠢᠶᠡᠴᠢ ᠲᠠᠭᠤᠷᠢᠶᠠᠯ ᠢ ᠪᠤᠢ ᠪᠤᠯᠭᠠᠨ᠂ ᠦᠷᠬᠡᠨ ᠤᠯᠠᠨ ᠲᠦᠮᠡᠨ ᠤ ᠤᠶᠤᠨ ᠰᠠᠨᠠᠭᠠᠨ ᠤ ᠰᠦᠭ ᠰᠦᠨᠡᠰᠦ ᠶᠢ ᠲᠠᠶᠢᠴᠢᠯᠠᠨ᠎ᠠ᠃ ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠤᠭ᠎ᠠ᠂ ︽ᠰᠠᠴᠤᠯᠢ︾ ᠬᠠᠶᠢᠷ᠎ᠠ ᠬᠠᠯᠠᠮᠵᠢ  ᠶᠢᠨ ᠨᠡᠶᠢᠬᠡᠮᠯᠢᠭ᠂ ︽ᠡᠩ ᠦᠬᠡᠢ ᠪᠠᠶᠢᠭᠠᠯᠢ︾ ᠨᠤᠭᠤᠭᠠᠷᠠᠭᠤᠯᠬᠤ ᠪᠦᠯᠭᠦᠮ ᠵᠡᠷᠬᠡ ᠨᠡᠶᠢᠬᠡᠮ ᠤᠨ ᠪᠦᠯᠬᠦᠮ ᠬᠤᠯᠪᠤᠭᠠᠨ ᠤ ᠲᠡᠷᠢᠬᠦᠨ ᠤ ᠦᠢᠯᠡ ᠠᠵᠢᠯᠯᠠᠭ᠎ᠠ ᠶᠢ ᠤᠬᠠᠭᠤᠯᠤᠨ ᠰᠤᠷᠳᠠᠯᠴᠢᠯᠠᠵᠦ᠂ ᠵᠢᠱᠢᠶ᠎ᠡ ᠦᠵᠡᠬᠦᠯᠦᠨ ᠲᠠᠶᠢᠯᠠᠨ ᠲᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠵᠦ᠂ ᠬᠠᠯᠠᠮᠵᠢ ᠬᠠᠶᠢᠷ᠎ᠠ ᠬᠠᠯᠠᠭᠤᠨ ᠭᠠᠷ ᠢᠶᠠᠨ ᠪᠤᠰᠤᠳ ᠲᠤ ᠰᠤᠩᠭᠠᠨ᠂ ᠤᠷᠴᠢᠨ ᠲᠤᠭᠤᠷᠢᠨ ᠢ ᠬᠠᠶᠢᠷᠠᠯᠠᠨ ᠬᠠᠮᠠᠭᠠᠯᠠᠬᠤ ᠦᠭᠬᠢᠶᠡᠮᠦᠷᠴᠢ ᠰᠡᠳᠬᠢᠯᠬᠡ ᠶᠢ ᠲᠦᠬᠡᠮᠡᠯᠵᠢᠬᠦᠯᠦᠨ᠎ᠠ᠃ ᠪᠦᠬᠦ ᠬᠤᠰᠢᠭᠤᠨ ᠤ ᠺᠠᠳ᠋ᠷ ᠠᠵᠢᠯᠳᠠᠨ᠂ ᠠᠷᠠᠳ ᠤᠯᠠᠨ ᠢ ᠲᠠᠶᠢᠴᠢᠯᠠᠨ ᠪᠤᠶᠠᠨ ᠤ ᠦᠢᠯᠡᠰ ᠲᠤ ᠬᠦᠴᠦ ᠪᠠᠨ ᠡᠷᠬᠦᠬᠦ ᠶᠢ ᠵᠤᠷᠢᠭᠵᠢᠭᠤᠯᠤᠨ ᠵᠢᠯᠤᠭᠤᠳᠴᠤ᠂ ᠪᠠᠭ᠎ᠠ ᠵᠦᠢᠯ ᠠᠴᠠ ᠭᠠᠷᠳᠠᠵᠦ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠶᠠᠳᠠᠷ ᠪᠠᠭᠤᠷᠠᠶᠢᠴᠤᠳ ᠢ ᠬᠠᠯᠠᠮᠵᠢᠯᠠᠬᠤ᠂ ᠦᠨᠳᠦᠰᠦᠳᠡᠨ ᠤ ᠰᠤᠶᠤᠯ ᠢ ᠤᠯᠠᠮᠵᠢᠯᠠᠨ ᠲᠡᠯᠬᠡᠷᠡᠬᠦᠯᠬᠦ ᠠᠵᠢᠯ ᠳᠤ ᠢᠳᠡᠪᠬᠢᠯᠡᠨ ᠤᠷᠤᠯᠴᠠᠭᠤᠯᠤᠨ᠎ᠠ᠃ ᠬᠦᠳᠡᠯᠮᠦᠷᠢ ᠬᠦᠴᠦ ᠲᠠᠢ ᠶᠠᠳᠠᠭᠤ ᠡᠷᠦᠬᠡ᠂ ᠲᠤᠤᠷ᠎ᠠ ᠪᠠᠳᠤᠯᠭᠠᠳᠤ ᠡᠷᠦᠬᠡ ᠵᠡᠷᠬᠡ ᠲᠤᠤᠷ᠎ᠠ ᠤᠷᠤᠯᠭᠠᠳᠤ ᠡᠷᠦᠬᠡ᠂ ᠬᠡᠷ ᠪᠦᠯᠢ ᠨᠢ ᠬᠦᠴᠢᠷᠳᠡᠯ ᠲᠠᠢ ᠤᠯᠠᠨ ᠲᠦᠮᠡᠨ ᠤ ᠦᠪᠡᠷ ᠤᠨ ᠬᠦᠴᠦᠨ ᠢᠶᠠᠷ ᠢᠶᠠᠨ ᠲᠡᠭᠵᠢᠷᠡᠬᠦ ᠶᠢ ᠤᠷᠮᠠᠰᠢᠭᠤᠯᠤᠨ ᠵᠢᠯᠤᠭᠤᠳᠴᠤ᠂ ᠠᠮᠢᠳᠤᠷᠠᠯ ᠳᠤ ᠢᠳᠡᠬᠡᠯ ᠲᠠᠢ ᠬᠠᠨᠳᠤᠵᠦ᠂ ᠦᠪᠡᠷᠳᠡᠬᠡᠨ ᠤᠷᠤᠯᠭ᠎ᠠ ᠪᠠᠨ ᠨᠡᠮᠡᠭᠳᠡᠬᠦᠯᠬᠦ ᠪᠠᠷ ᠴᠢᠷᠮᠠᠶᠢᠬᠤ᠂ ᠵᠠᠰᠠᠭ ᠤᠨ ᠤᠷᠳᠤᠨ ᠠᠴᠠ ᠲᠡᠮᠵᠢᠬᠦ᠂ ᠬᠦᠷᠰᠢ ᠵᠡᠷᠬᠡᠯᠡᠳᠡᠭᠡ ᠬᠠᠷᠢᠯᠴᠠᠨ ᠬᠠᠪᠰᠤᠷᠤᠯᠴᠠᠬᠤ ᠬᠦᠭᠵᠢᠯᠳᠡ ᠶᠢᠨ ᠰᠢᠰᠲ᠋ᠧᠮ ᠢ ᠠᠯᠭᠤᠷ  ᠢᠶᠠᠷ ᠪᠦᠷᠢᠯᠳᠦᠬᠦᠯᠦᠨ᠂ ᠨᠦᠬᠦᠷᠯᠡᠯ ᠪᠦᠯᠬᠦᠮᠳᠡᠯ ᠲᠠᠢ᠂ ᠬᠠᠮᠳᠤ ᠳᠤ ᠪᠠᠨ ᠲᠠᠪᠰᠢᠭᠰᠠᠨ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠨ᠎ᠠ᠃       ︵ᠲᠤᠯᠤᠭ᠎ᠠ︶ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠲᠡᠭᠡᠭᠰᠢᠯᠡᠬᠦᠯᠵᠦ᠂ ᠠᠷᠠᠳ ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ       ︽ᠲᠦᠷᠪᠡᠨ ᠤᠬᠠᠮᠰᠠᠷ︾ ᠢ ᠪᠠᠬᠢᠵᠡᠬᠦᠯᠦᠨ᠂ ︽ᠲᠦᠷᠪᠡᠨ ᠢᠳᠡᠬᠡᠯ︾ ᠢ ᠪᠠᠷᠢᠮᠳᠠᠯᠠᠨ᠂ ︽ᠬᠤᠶᠠᠷ ᠢ ᠬᠠᠮᠠᠭᠠᠯᠠᠬᠤ︾ ᠶᠢ ᠡᠷᠬᠡᠪᠡᠰᠢ ᠪᠡᠶᠡᠯᠡᠬᠦᠯᠦᠨ᠎ᠡ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠵᠦ᠂ ᠤᠨᠤᠯ ᠢ ᠪᠤᠳᠠᠳᠠᠢ  ᠲᠠᠢ ᠤᠶᠠᠯᠳᠤᠭᠤᠯᠤᠨ᠂ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠢ ᠴᠢᠩᠭ᠎ᠠ ᠰᠠᠬᠢᠵᠦ᠂ ᠦᠵᠡᠯ ᠰᠠᠨᠠᠭ᠎ᠠ ᠪᠠᠨ ᠨᠢᠬᠡᠳᠬᠡᠵᠦ᠂ ᠤᠶᠢᠯᠠ ᠠᠵᠢᠯᠯᠠᠭ᠎ᠠ ᠪᠠᠨ ᠡᠷᠴᠢᠮᠵᠢᠬᠦᠯᠵᠦ᠂ ᠬᠦᠢᠴᠡᠳᠬᠡᠬᠦ ᠶᠢ ᠴᠢᠩᠭ᠎ᠠ ᠨᠠᠶᠢᠳᠠᠪᠤᠷᠢᠵᠢᠭᠤᠯᠵᠦ᠂ ᠲᠦᠪ ᠪᠠ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠴᠢᠬᠤᠯᠠ ᠰᠢᠢᠳᠪᠤᠷᠢ ᠪᠠᠶᠢᠷᠢᠯᠠᠭᠤᠯᠤᠯᠳᠠ  ᠶᠢᠨ ᠮᠠᠨ ᠤ ᠬᠤᠰᠢᠭᠤᠨ ᠳᠤ ᠨᠠᠶᠢᠳᠠᠪᠤᠷᠢᠵᠢᠭᠳᠠᠨ ᠦᠷ᠎ᠠ ᠪᠦᠳᠦᠮᠵᠢ ᠤᠯᠬᠤ ᠶᠢ ᠪᠠᠳᠤᠯᠠᠨ᠎ᠠ᠃       ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠦ᠂ ᠵᠠᠰᠠᠭ ᠤᠨ ᠤᠷᠳᠤᠨ ᠤ ᠡᠷᠬᠡ ᠶᠢ ᠬᠠᠤᠯᠢ ᠶᠤᠰᠤᠭᠠᠷ ᠬᠡᠷᠡᠭᠵᠢᠬᠦᠯᠦᠨ᠎ᠠ᠃ ᠪᠦᠬᠦ ᠬᠤᠰᠢᠭᠤᠨ ᠤ ᠵᠢᠩᠬᠢᠨᠢ ᠰᠠᠯᠠᠭᠠᠨ ᠲᠡᠰ ᠤᠨ ᠺᠠᠳ᠋ᠷᠴᠤᠳ ᠲᠤ ᠬᠠᠤᠯᠢ ᠪᠠᠷ ᠵᠠᠰᠠᠭ ᠶᠠᠪᠤᠭᠤᠯᠬᠤ ᠪᠤᠯᠪᠠᠰᠤᠷᠠᠯ ᠬᠦᠷᠳᠡᠭᠡᠨ᠎ᠡ᠃ ᠤᠯᠠᠨ ᠲᠦᠮᠡᠨ ᠤᠷᠤᠯᠴᠠᠬᠤ᠂ ᠮᠡᠷᠬᠡᠵᠢᠯᠳᠡᠨ ᠠᠴᠠ ᠨᠤᠳᠠᠯᠠᠬᠤ᠂ ᠲᠦᠭᠰᠢᠬᠦᠷᠢ ᠶᠢᠨ ᠦᠨᠡᠯᠡᠯᠳᠡ ᠬᠢᠬᠦ᠂ ᠬᠠᠤᠯᠢ ᠳᠤ ᠨᠡᠶᠢᠴᠡᠬᠦ ᠪᠠᠶᠢᠴᠠᠭᠠᠯᠳᠠ ᠬᠢᠬᠦ ᠪᠠ ᠬᠠᠮᠳᠤᠪᠡᠷ ᠰᠢᠢᠳᠪᠤᠷᠢ ᠲᠤᠭᠳᠠᠭᠠᠬᠤ ᠲᠦᠷᠢᠮ ᠢ ᠨᠢᠮᠪᠠᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠰᠢᠢᠳᠪᠤᠷᠢᠳᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢ ᠴᠢᠨᠡᠷ ᠪᠠ ᠠᠷᠠᠳᠴᠢᠯᠠᠯᠳᠤ ᠴᠢᠨᠡᠷ ᠢ ᠲᠡᠭᠡᠭᠰᠢᠯᠡᠬᠦᠯᠦᠨ᠎ᠡ᠃ ︽ᠭᠤᠷᠪᠠᠨ ᠴᠢᠬᠤᠯᠠ ᠨᠢᠬᠡ ᠲᠤᠮᠤ︾ ᠬᠡᠷᠡᠭ ᠶᠠᠪᠤᠳᠠᠯ ᠢ ᠬᠤᠰᠢᠭᠤ ᠨᠠᠮ  ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠬᠦᠯᠬᠦ ᠲᠦᠷᠢᠮ ᠢ ᠪᠠᠷᠢᠮᠳᠠᠯᠠᠵᠦ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠬᠡᠮ ᠤᠨ ᠪᠠ ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠲᠤᠰᠤᠨ᠂ ᠬᠢᠨᠠᠨ ᠪᠤᠳᠤᠵᠦ ᠬᠢᠨᠠᠯᠳᠠ ᠲᠠᠯᠪᠢᠬᠤ ᠶᠢ ᠴᠢᠩᠭᠠᠳᠬᠠᠨ᠂ ᠠᠷᠠᠳ ᠤᠨ ᠲᠦᠯᠦᠬᠡᠯᠡᠭᠴᠢ ᠶᠢᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠷᠠᠳᠤᠯᠭ᠎ᠠ  ᠶᠢ ᠬᠦᠢᠴᠡᠳᠬᠡᠨ ᠰᠢᠢᠳᠪᠤᠷᠢᠯᠡᠬᠦ ᠠᠵᠢᠯ ᠢ ᠰᠠᠶᠢᠨ ᠬᠢᠨ᠎ᠠ᠃ ᠴᠢᠬᠤᠯᠠ ᠰᠢᠢᠳᠪᠤᠷᠢᠳᠦ ᠪᠤᠳᠤᠯᠭ᠎ᠠ ᠶᠢᠨ ᠬᠡᠷᠡᠭᠵᠢᠬᠦᠯᠦᠯᠳᠡ  ᠳᠤ ᠮᠦᠷᠳᠡᠨ ᠪᠠᠶᠢᠴᠠᠭᠠᠯᠳᠠ ᠬᠢᠬᠦ᠂ ᠨᠠᠰᠤᠨ ᠲᠤᠷᠰᠢᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠯᠴᠠᠭ᠎ᠠ ᠶᠢ ᠰᠦᠷᠦᠨ ᠪᠠᠶᠢᠴᠠᠭᠠᠬᠤ ᠲᠤᠭᠳᠠᠯᠴᠠᠭ᠎ᠠ ᠶᠢ ᠴᠢᠩᠭ᠎ᠠ ᠬᠡᠷᠡᠭᠵᠢᠬᠦᠯᠵᠦ᠂ ᠲᠦᠷᠢᠮ ᠢᠶᠠᠷ ᠡᠷᠬᠡ ᠶᠢ ᠬᠢᠵᠠᠭᠠᠷᠯᠠᠨ᠂ ᠬᠡᠷᠡᠭ ᠤᠴᠢᠷ ᠢ ᠲᠦᠷᠢᠮᠵᠢᠬᠦᠯᠵᠦ᠂ ᠬᠦᠮᠦᠨ ᠢ ᠬᠠᠮᠢᠶᠠᠷᠤᠨ᠎ᠠ᠃       ᠬᠠᠷᠢᠭᠤᠴᠠᠯᠭ᠎ᠠ ᠡᠬᠦᠷᠬᠡᠯᠡᠬᠦ ᠦᠵᠡᠯ ᠤᠬᠠᠮᠰᠠᠷ ᠢ ᠪᠤᠢ ᠪᠤᠯᠭᠠᠨ᠂ ᠬᠦᠴᠢᠷ ᠢ ᠰᠦᠷᠦᠨ᠂ ᠭᠤᠤᠯᠳᠠᠯᠭ᠎ᠠ ᠲᠠᠢ ᠠᠵᠢᠯ ᠪᠤᠶᠤ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠬᠦᠯᠬᠦ ᠳᠤ ᠪᠠᠨ ᠪᠤᠳᠠᠳᠠᠢ ᠳᠤ ᠰᠠᠭᠤᠷᠢᠯᠠᠵᠦ᠂ ᠨᠠᠷᠢᠨ ᠬᠢᠨᠠᠮᠠᠭᠠᠢ ᠪᠠᠷ ᠡᠯ᠎ᠠ ᠲᠦᠷᠦᠯ ᠤᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠬᠦᠨᠵᠡᠬᠡᠶᠢᠷᠡᠬᠦᠯᠦᠨ᠂ ᠨᠡᠶᠢᠬᠡᠮ ᠠᠴᠠ ᠠᠩᠬᠠᠷᠤᠨ ᠬᠠᠯᠠᠮᠵᠢᠯᠠᠵᠦ ᠪᠠᠶᠢᠭ᠎ᠠ ᠵᠦᠢᠯ ᠳᠤ ᠴᠠᠭ ᠲᠤᠬᠠᠢ ᠳᠤ  ᠨᠢ ᠬᠠᠷᠢᠭᠤᠯᠳᠠ ᠦᠭᠬᠦᠨ᠂ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠴᠢᠨᠡᠷ ᠪᠠ ᠢᠳᠡᠬᠡᠯ ᠨᠠᠶᠢᠳᠠᠪᠤᠷᠢᠳᠠᠢ ᠬᠦᠴᠦᠨ ᠢ ᠨᠡᠮᠡᠭᠳᠡᠬᠦᠯᠦᠨ᠎ᠡ᠃ ᠦᠷ᠎ᠠ ᠠᠰᠢᠭᠯᠠᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠦ᠂ ︽ᠬᠤᠤᠰ ᠲᠠᠰᠢᠷᠠᠮ ᠢᠶᠠᠷ ᠪᠠᠶᠢᠴᠠᠭᠠᠬᠤ᠂ ᠨᠢᠬᠡ ᠶᠢ ᠢᠯᠡ ᠪᠤᠯᠭᠠᠬᠤ︾ ᠬᠢᠨᠠᠯᠳᠠ ᠶᠢ ᠴᠢᠩᠭ᠎ᠠ ᠨᠠᠶᠢᠳᠠᠪᠤᠷᠢᠵᠢᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠬᠡ ᠰᠦᠯᠵᠢᠶ᠎ᠠ᠂ ᠨᠢᠬᠡ ᠰᠠᠯᠠᠭ᠎ᠠ ᠮᠦᠴᠢᠷ᠂ ᠨᠢᠬᠡ ᠤᠳᠠᠭ᠎ᠠ︾ ᠶᠢᠨ ᠦᠬᠡᠷᠡᠴᠢᠯᠡᠯᠳᠡ ᠪᠠ ᠤᠷᠤᠯᠠᠨ ᠬᠦᠢᠴᠡᠳᠬᠡᠬᠦ ᠲᠦᠷᠢᠮ ᠢ ᠦᠷᠬᠦᠯᠵᠢᠯᠡᠨ ᠠᠬᠢᠭᠤᠯᠵᠦ᠂ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ ᠂ ᠤᠯᠠᠨ ᠲᠦᠮᠡᠨ ᠤ ᠠᠮᠢᠳᠤᠷᠠᠯ ᠦᠢᠯᠡᠳᠪᠤᠷᠢᠯᠡᠯ ᠲᠠᠢ ᠨᠢᠭᠳᠠ ᠬᠤᠯᠪᠤᠭᠳᠠᠬᠤ ᠵᠦᠢᠯ ᠢ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠵᠦᠢᠯ ᠳᠤ ︽ᠤᠷᠤᠭᠤᠯᠵᠦ ᠪᠤᠯᠬᠤ ᠶᠢ ᠪᠦᠬᠦᠨ ᠢ ᠤᠷᠤᠭᠤᠯᠵᠦ᠂ ᠪᠦᠬᠦ ᠶᠠᠪᠤᠴᠠ ᠶᠢ ᠰᠦᠯᠵᠢᠶᠠᠨ ᠲᠡᠭᠡᠷ᠎ᠡ ᠪᠡᠶᠡᠯᠡᠬᠦᠯᠬᠦ︾ ᠪᠠᠷ ᠴᠢᠷᠮᠠᠶᠢᠨ᠎ᠠ᠃ ᠵᠠᠷᠯᠠᠨ ᠨᠡᠶᠢᠳᠡᠯᠡᠭᠰᠡᠨ ᠡᠷᠬᠡ ᠬᠠᠷᠢᠭᠤᠴᠠᠯᠭ᠎ᠠ ᠶᠢᠨ ᠪᠢᠴᠢᠭ ᠢ ᠦᠨᠳᠦᠰᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠷᠦᠯ ᠵᠦᠢᠯ ᠢ ᠰᠦᠯᠵᠢᠶᠠᠨ ᠲᠡᠭᠡᠷ᠎ᠡ ᠬᠦᠢᠴᠡᠳᠭᠡᠭᠰᠡᠨ ᠨᠤᠷᠮ᠎ᠠ ᠶᠢ 70% ᠠᠴᠠ ᠦᠨᠳᠦᠷ ᠪᠤᠯᠭᠠᠨ᠎ᠠ᠃       ᠨᠠᠮ ᠢ ᠴᠢᠩᠭ᠎ᠠ ᠪᠠᠷ ᠵᠠᠰᠠᠬᠤ᠂ ᠵᠠᠰᠠᠭ ᠢ ᠴᠢᠩᠭ᠎ᠠ ᠪᠠᠷ ᠵᠠᠰᠠᠬᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠ ︽ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠲᠦᠷᠢᠮ ᠢ ᠨᠠᠶᠢᠳᠠᠪᠤᠷᠢᠵᠢᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ  ᠪᠠᠷ ᠬᠡᠷᠡᠭᠵᠢᠬᠦᠯᠦᠨ᠎ᠠ᠃ ᠰᠤᠷᠳᠠᠯ ᠤᠨ ᠪᠠᠶᠢᠭᠤᠯᠤᠯᠳᠠ ᠶᠢᠨ ᠦᠷ᠎ᠠ ᠪᠦᠳᠦᠮᠵᠢ ᠶᠢ ᠪᠠᠬᠢᠵᠡᠬᠦᠯᠦᠨ ᠲᠡᠯᠬᠡᠷᠡᠬᠦᠯᠵᠦ᠂ ︽ᠲᠦᠷᠪᠡᠨ ᠰᠤᠷᠳᠠᠯ︾ ᠤᠨ ᠠᠰᠠᠭᠤᠳᠠᠯ ᠢ ᠦᠷᠬᠦᠯᠵᠢᠯᠡᠨ ᠴᠡᠭᠴᠡᠯᠡᠨ᠎ᠡ᠃ ︽ᠭᠤᠷᠪᠠᠨ ᠲᠦᠷᠦᠯ︾ ᠤᠨ ᠠᠯᠪᠠᠨ ᠵᠠᠷᠤᠳᠠᠯ  ᠤᠨ ᠲᠦᠰᠦᠪ ᠢ ᠴᠢᠩᠭ᠎ᠠ ᠬᠢᠵᠠᠭᠠᠷᠯᠠᠨ᠎ᠠ᠃ ᠠᠷᠠᠳ ᠤᠨ ᠠᠮᠢᠳᠤᠷᠠᠯ ᠳᠤ ᠤᠷᠤᠭᠤᠯᠬᠤ ᠪᠡᠯᠡ ᠮᠦᠩᠬᠦ᠂ ᠵᠠᠰᠠᠭ ᠤᠨ ᠤᠷᠳᠤᠨ ᠠᠴᠠ ᠪᠡᠯᠡ ᠤᠷᠤᠭᠤᠯᠬᠤ ᠲᠦᠷᠦᠯ ᠵᠦᠢᠯ ᠢ ᠬᠢᠨᠠᠨ ᠪᠠᠶᠢᠴᠠᠭᠠᠬᠤ ᠬᠦᠴᠦᠯᠡᠴᠡ ᠪᠠᠨ ᠨᠡᠮᠡᠭᠳᠡᠬᠦᠯᠵᠦ᠂ ᠪᠡᠯᠡ ᠮᠦᠩᠬᠦ ᠪᠠ ᠲᠦᠷᠦᠯ ᠵᠦᠢᠯ ᠤᠨ ᠠᠮᠤᠷ ᠲᠦᠪᠰᠢᠨ ᠢ ᠪᠠᠳᠤᠯᠠᠨ᠎ᠠ᠃ ᠬᠢᠨᠠᠨ ᠪᠠᠶᠢᠴᠠᠭᠠᠬᠤ ᠵᠦᠪᠯᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠨ᠂ ᠬᠢᠨᠠᠯᠳᠠ ᠲᠠᠯᠪᠢᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠴᠢᠬᠡᠴᠢ ᠵᠠᠰᠠᠭ ᠤᠨ ᠲᠠᠯ᠎ᠠ ᠪᠠᠷ ᠬᠢ ᠲᠦᠭᠰᠢᠬᠦᠷᠢ ᠶᠢ ᠰᠡᠷᠬᠡᠶᠢᠯᠡᠨ ᠡᠷᠬᠡᠰᠢᠶᠡᠬᠦ ᠶᠢ ᠴᠢᠩᠭᠠᠳᠬᠠᠨ᠂ ᠢᠯᠵᠠᠷᠠᠯ ᠢ ᠴᠢᠩᠭ᠎ᠠ ᠪᠠᠷ ᠰᠢᠳᠬᠡᠬᠦ ᠠᠵᠢᠯ  ᠤᠨ ᠪᠠᠶᠢᠳᠠᠯ ᠢ ᠦᠷᠬᠦᠯᠵᠢᠯᠡᠨ ᠪᠠᠳᠤᠯᠠᠵᠦ᠂ ᠤᠯᠠᠨ ᠲᠦᠮᠡᠨ ᠤ ᠬᠠᠵᠠᠭᠤᠳᠡᠬᠢ ᠢᠯᠵᠡᠷᠡᠯ ᠤᠨ ᠠᠰᠠᠭᠤᠳᠠᠯ ᠢ ᠴᠡᠭᠴᠡᠯᠡᠵᠦ᠂ ᠲᠦᠪ ᠭᠤᠤᠯᠴᠢ ᠺᠠᠳ᠋ᠷ ᠠᠵᠢᠯᠳᠠᠨ ᠲᠠᠢ᠂ ᠠᠷᠢᠭᠤᠨ ᠴᠢᠬᠡᠴᠢ ᠵᠠᠰᠠᠭ ᠤᠨ ᠤᠷᠳᠤᠨ ᠲᠠᠢ᠂ ᠢᠯᠡ ᠲᠤᠳᠤ ᠵᠠᠰᠠᠭ ᠲᠦᠷᠦ  ᠲᠠᠢ ᠪᠠᠶᠢᠬᠤ ᠶᠢ ᠪᠡᠶᠡᠯᠡᠬᠦᠯᠦᠨ᠎ᠡ᠃       ᠲᠦᠯᠦᠬᠡᠯᠡᠭᠴᠢᠳ ᠡ᠂ ᠪᠢᠳᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ ᠢᠷᠡᠬᠡᠳᠦᠢ ᠶᠢ ᠴᠢᠭᠯᠡᠶ᠎ᠡ᠃ ᠪᠢᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠡᠵᠦ᠂ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠪᠠᠳᠤᠳᠠᠢ ᠤᠳᠤᠷᠢᠳᠤᠯᠭ᠎ᠠ ᠲᠤᠤᠷ᠎ᠠ᠂ ᠠᠩᠬᠠᠨ ᠤ ᠵᠤᠷᠢᠯᠳᠠ ᠪᠠᠨ ᠦᠯᠦ ᠤᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠤᠷᠬᠢᠯᠦᠮ᠎ᠠ ᠬᠠᠯᠠᠭᠤᠨ ᠰᠡᠳᠬᠢᠯᠬᠡ ᠪᠠᠷ᠂ ᠦᠨᠡᠨ ᠪᠤᠳᠠᠳᠠᠢ ᠠᠵᠢᠯ ᠤᠨ ᠤᠪᠤᠷ ᠢᠶᠠᠷ᠂ ᠬᠦᠴᠦᠨ ᠢᠶᠠᠨ ᠬᠠᠮᠳᠤᠳᠬᠠᠨ ᠴᠠᠭ ᠦᠶ᠎ᠠ ᠲᠠᠢ ᠬᠠᠮᠳᠤᠪᠡᠷ ᠤᠷᠤᠭᠰᠢᠯᠠᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠪᠠᠷ ᠴᠢᠷᠮᠠᠶᠢᠨ ᠲᠡᠮᠡᠴᠡᠵᠦ᠂ ᠰᠢᠯᠢᠳᠡᠭ ᠦᠷ᠎ᠠ ᠪᠦᠳᠦᠮᠵᠢ ᠪᠠᠷ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠠᠷᠢᠶ᠎ᠠ᠃      ᠨᠡᠷ᠎ᠡ ᠲᠤᠮᠢᠶᠠᠨ ᠤ ᠲᠠᠶᠢᠯᠪᠤᠷᠢ1.︽ᠭᠤᠷᠪᠠᠨ ᠲᠣᠮᠣ ᠰᠢᠪᠳᠣᠯᠣᠯᠳᠠ ᠶᠢᠨ ᠢᠨᠵᠧᠨᠧᠷᠢᠩ︾᠄ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠶᠡᠳᠡᠭᠦᠯᠬᠦ᠂ ᠨᠠᠷᠢᠯᠢᠭ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠷᠬᠢᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠢᠨᠵᠧᠨᠧᠷᠢᠩ ᠢ ᠵᠢᠭᠠᠵᠤ ᠪᠤᠢ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠳᠡ ᠳᠤ ᠠᠩᠬ᠎ᠠ ᠤᠳᠠᠭ᠎ᠠ ᠳᠣᠷᠠᠳᠪᠠ᠃2. ︽ᠬᠤᠶᠠᠷ ᠵᠦᠢᠯ ᠳᠤ ᠵᠣᠪᠠᠭ᠋ᠤ ᠦᠭᠡᠢ᠂ ᠭᠤᠷᠪᠠ ᠶᠢ ᠪᠠᠳᠣᠯᠠᠵᠤ᠂ ᠨᠢᠭᠡ ᠪᠠᠷᠢᠮᠵᠢᠶ᠎ᠠ ᠠᠴᠠ ᠦᠨᠳᠦᠷ ᠪᠠᠶᠢᠬᠤ︾᠄ ᠢᠳᠡᠵᠦ ᠡᠮᠦᠰᠬᠦ ᠳᠡᠭᠡᠨ ᠵᠣᠪᠠᠭ᠋ᠤ ᠦᠭᠡᠢ᠂ ᠠᠯᠪᠠᠨ ᠵᠢᠷᠣᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ᠂ ᠠᠶᠤᠯᠭᠦᠢ ᠣᠷᠣᠨ ᠰᠠᠭᠤᠴᠠ ᠶᠢ ᠪᠠᠲᠤᠯᠠᠵᠤ᠂ ᠵᠢᠯ ᠤᠨ ᠬᠦᠮᠦᠨ ᠳᠣᠮᠳᠠᠴᠢ ᠶᠢᠨ ᠴᠡᠪᠡᠷ ᠣᠷᠣᠯᠭ᠎ᠠ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠣᠯᠣᠰ ᠤᠨ ᠶᠠᠳᠠᠭᠤ ᠶᠢ ᠲᠡᠳᠬᠦᠬᠦ ᠪᠠᠷᠢᠮᠵᠢᠶᠠᠨ ᠠᠴᠠ ᠦᠨᠳᠦᠷ ᠪᠠᠶᠢᠯᠭᠠᠬᠤ ᠶᠢ ᠵᠢᠭᠠᠵᠤ ᠪᠣᠢ᠃3. ︽ᠤᠯᠠᠨ ᠬᠡᠷᠡᠴᠢ ᠶᠢ ᠨᠢᠬᠡᠳᠬᠡᠵᠦ᠂ ᠨᠢᠬᠡ ᠦᠨᠡᠮᠯᠡᠯ ᠨᠢᠬᠡ ᠳ᠋ᠤᠭᠠᠷ ᠪᠤᠯᠭᠠᠬᠤ︾᠄ ᠦᠢᠯᠡᠳᠪᠤᠷᠢ ᠬᠤᠳᠠᠯᠳᠤᠭ᠎ᠠ᠂ ᠶᠠᠰᠤ ᠴᠢᠨᠡᠷ ᠲᠤ ᠬᠢᠨᠠᠯᠳᠠ ᠲᠠᠯᠪᠢᠬᠤ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠨᠡᠶᠢᠬᠡᠮ ᠤᠨ ᠪᠠᠳᠤᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠲᠤᠰᠪᠤᠷᠢ ᠲᠠᠷᠬᠠᠭᠠᠳᠠᠭ ᠡᠵᠡᠩᠨᠡᠯᠳᠡ ᠶᠢᠨ ᠦᠨᠡᠮᠯᠡᠯ᠂ ᠵᠤᠬᠢᠶᠠᠨ ᠪᠠᠶᠢᠭᠤᠯᠤᠯᠳᠠ  ᠶᠢᠨ ᠪᠠᠶᠢᠭᠤᠯᠤᠮᠵᠢ ᠶᠢᠨ ᠲᠦᠯᠦᠬᠡᠨ ᠤ ᠳ᠋ᠤᠭᠠᠷ ᠤᠨ ᠦᠨᠠᠮᠯᠠᠯ᠂ ᠭᠠᠶᠢᠯᠢ ᠶᠢᠨ ᠶᠠᠪᠤᠳᠠᠯ ᠢ ᠲᠡᠮᠳᠡᠭᠯᠡᠬᠦ ᠦᠨᠡᠮᠯᠡᠯ᠂ ᠨᠡᠶᠢᠬᠡᠮ  ᠤᠨ ᠲᠠᠭᠠᠳᠬᠠᠯ ᠢ ᠲᠡᠮᠳᠡᠭᠯᠡᠬᠦ ᠦᠨᠡᠮᠯᠡᠯ᠂ ᠪᠦᠷᠢᠳᠬᠡᠨ ᠲᠡᠮᠳᠡᠭᠯᠡᠬᠦ ᠦᠨᠡᠮᠯᠡᠯ ᠵᠡᠷᠬᠡ ᠤᠯᠠᠨ ᠬᠡᠷᠡᠴᠢ ᠲᠡᠮᠳᠡᠭ ᠢ ᠨᠢᠬᠡᠳᠬᠡᠨ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠬᠡᠳᠦᠯᠳᠡᠢ ᠲᠠᠷᠬᠠᠭᠠᠬᠤ ᠨᠢᠬᠡ ᠬᠠᠭᠤᠳᠠᠰᠤ ᠡᠵᠡᠩᠨᠡᠯᠳᠡ ᠶᠢᠨ ᠦᠨᠡᠮᠯᠡᠯ ᠪᠤᠯᠭᠠᠨ᠂ ᠤᠤᠯ ᠤᠨ ᠬᠠᠮᠢᠶ᠎ᠠ ᠪᠦᠬᠦᠢ ᠬᠡᠷᠡᠴᠢ ᠲᠡᠮᠳᠡᠭ ᠤᠨ ᠬᠦᠴᠦᠨ ᠴᠢᠳᠠᠪᠬᠢ ᠲᠠᠢ ᠪᠦᠬᠡᠳ ᠨᠢᠬᠡᠳᠦᠯᠳᠡᠢ ᠨᠡᠶᠢᠬᠡᠮ ᠤᠨ ᠢᠳᠡᠬᠡᠮᠵᠢ ᠶᠢᠨ ᠲᠦᠯᠦᠬᠡᠨ ᠤ ᠳ᠋ᠤᠭᠠᠷ ᠨᠡᠮᠡᠭᠰᠡᠨ ᠪᠠᠶᠢᠨ᠎ᠠ᠃4. ︽ᠳᠥᠷᠪᠡ ᠶᠢ ᠡᠷᠴᠢᠮᠵᠢᠭᠦᠯᠬᠦ︾᠄ 2014 ᠣᠨ ᠳᠤ᠂ ᠰᠢ ᠶᠢᠨ ᠫᠢᠩ ᠶᠡᠷᠦᠩᠬᠡᠢ ᠱᠦᠵᠢ ᠥᠪᠦᠷ ᠮᠤᠩᠭᠤᠯ ᠢ ᠳᠣᠭᠤᠷᠢᠨ ᠪᠠᠶᠢᠴᠠᠭᠠᠬᠤ ᠦᠶᠡᠰ ᠲᠡᠭᠡᠨ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠬᠤᠪᠢᠷᠠᠭᠠᠯᠳᠠ ᠶᠢ ᠡᠷᠴᠢᠮᠵᠢᠭᠦᠯᠬᠦ᠂ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠠᠵᠢᠯ ᠢ ᠡᠷᠴᠢᠮᠲᠠᠢ ᠠᠳᠬᠤᠬᠤ᠂ ᠠᠷᠠᠳ ᠤᠨ ᠠᠮᠢᠳᠣᠷᠠᠯ ᠢ ᠡᠷᠴᠢᠮᠲᠠᠢ ᠪᠠᠳᠣᠯᠠᠨ ᠰᠠᠶᠢᠵᠢᠷᠠᠭᠤᠯᠬᠤ᠂ ᠨᠠᠮ ᠤᠨ ᠰᠣᠷᠳᠠᠯ ᠴᠢᠭᠡᠴᠢ ᠵᠠᠰᠠᠭ ᠤᠨ ᠠᠵᠢᠯ ᠢ ᠡᠷᠴᠢᠮᠲᠠᠢ ᠠᠬᠢᠭᠤᠯᠬᠤ ᠬᠡᠷᠡᠭᠳᠡᠢ ᠭᠡᠵᠦ ᠵᠢᠭᠠᠵᠤ ᠭᠠᠷᠭᠠᠪᠠ᠃5. ︽ᠭᠤᠷᠪᠠ ᠶᠢ ᠯᠠᠪᠳᠠᠭᠤᠨ ᠠᠬᠢᠭᠤᠯᠬᠤ︾᠄ 2018 ᠣᠨ ᠳᠤ᠂ ᠰᠢ ᠶᠢᠨ ᠫᠢᠩ ᠶᠡᠷᠦᠩᠬᠡᠢ ᠱᠦᠵᠢ ᠠᠴᠠ ᠠᠷᠪᠠᠨ ᠭᠤᠷᠪᠠᠳᠣᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠣᠭᠡᠷ ᠬᠤᠷᠠᠯᠳᠣᠭᠠᠨ ᠳᠡᠭᠡᠷ᠎ᠡ ᠥᠪᠦᠷ ᠮᠤᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠯᠭᠡ ᠳᠤ ᠣᠷᠣᠯᠴᠠᠬᠤ  ᠳᠠᠭᠠᠨ ᠠᠵᠤ ᠠᠬᠤᠢ ᠶᠢᠨ ᠴᠢᠨᠠᠷᠯᠢᠭ ᠬᠦᠭᠵᠢᠯᠳᠡ ᠢ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠢᠨᠵᠧᠨᠧᠷᠢᠩ ᠢ ᠠᠬᠢᠭᠤᠯᠬᠤ᠂ ᠦᠨᠳᠦᠰᠦᠳᠠᠨ ᠤ ᠪᠦᠯᠬᠦᠮᠳᠡᠯ ᠪᠠ ᠬᠢᠯᠢ ᠬᠢᠵᠠᠭᠠᠷ ᠤᠨ ᠳᠣᠭᠳᠠᠭᠤᠨ ᠤ ᠠᠵᠢᠯ ᠪᠠᠳᠣᠳᠠᠢ ᠠᠬᠢᠭᠤᠯᠬᠤ ᠬᠡᠷᠡᠭᠳᠡᠢ ᠭᠡᠵᠦ ᠵᠢᠭᠠᠪᠠ᠃6. ︽ᠬᠤᠶᠠᠷ ᠲᠣᠮᠣ ᠠᠰᠠᠭᠤᠳᠠᠯ︾ ᠢ ᠴᠡᠭᠴᠡᠯᠡᠬᠦ᠄ ᠲᠥᠪ ᠤᠨ ᠳᠣᠭᠤᠷᠢᠨ ᠪᠠᠶᠢᠴᠠᠭᠠᠬᠤ ᠳᠣᠭᠤᠶᠢᠯᠠᠩ ᠠᠴᠠ ᠳᠣᠰᠬᠠᠭᠰᠠᠨ ᠠᠰᠠᠭᠤᠳᠠᠯ ᠪᠠ ᠦᠷ᠎ᠡ ᠪᠦᠳᠦᠮᠵᠢ ᠳᠤ ᠬᠢᠨᠠᠨ ᠳᠣᠭᠲᠠᠭᠠᠯᠳᠠ ᠬᠢᠬᠦ ᠦᠶᠡᠰ ᠳᠤᠷᠠᠳᠣᠨ ᠭᠠᠷᠭᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠵᠢᠭᠠᠵᠤ ᠪᠤᠢ᠃7. ︽ᠠᠷᠪᠠᠨ ᠵᠤᠷᠪᠤᠰ ᠢ ᠰᠢᠢᠳᠪᠦᠷᠢᠯᠡᠨ ᠪᠠᠷᠢᠮᠵᠢᠶᠠᠨ ᠳᠤ ᠬᠦᠷᠭᠡᠬᠦ︾ ᠠᠵᠢᠯᠯᠠᠭ᠎ᠠ᠄ ᠶᠠᠳᠠᠭᠤ ᠠᠴᠠ ᠠᠩᠬᠢᠵᠢᠷᠠᠭᠤᠯᠬᠤ ᠲᠥᠷᠥ ᠶᠢᠨ ᠪᠤᠳᠣᠯᠭ᠎ᠠ ᠶᠢ ᠡᠷᠦᠭᠡ ᠳᠤ ᠨᠠᠶᠢᠳᠠᠪᠤᠷᠢᠵᠢᠭᠤᠯᠤᠭᠠᠳᠣᠢ ᠪᠤᠶᠤ ᠵᠦᠢ ᠵᠤᠬᠢᠰᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠳᠠᠯ ᠢ ᠴᠡᠭᠴᠡᠯᠡᠨ ᠰᠢᠢᠳᠪᠦᠷᠢᠯᠡᠬᠦ︔ ᠬᠦᠳᠡᠯᠮᠤᠷᠢ ᠬᠦᠴᠦ ᠲᠠᠢ ᠶᠠᠳᠠᠭᠤ ᠬᠦᠴᠢᠷᠲᠡᠢ ᠡᠷᠦᠬᠡ ᠳᠤ ᠠᠵᠣ ᠦᠢᠯᠡᠰ ᠢᠶᠠᠷ ᠲᠡᠳᠬᠦᠨ ᠳᠡᠮᠵᠢᠬᠦ ᠲᠥᠷᠥᠯ ᠵᠦᠢᠯ ᠢ ᠨᠠᠶᠢᠳᠠᠪᠤᠷᠢᠵᠢᠭᠤᠯᠤᠭᠠᠳᠣᠢ ᠪᠠ ᠬᠦᠳᠡᠯᠮᠤᠷᠢ ᠬᠦᠴᠦ ᠦᠭᠡᠢ ᠶᠠᠳᠠᠭᠤ ᠬᠦᠴᠢᠷᠲᠡᠢ ᠡᠷᠦᠬᠡ ᠳᠤ ᠨᠡᠶᠢᠭᠡᠮ ᠤᠨ ᠪᠠᠳᠣᠯᠠᠭ᠎ᠠ ᠶᠢ ᠪᠥᠷᠭᠦᠭᠦᠯᠬᠦ ᠲᠥᠷᠥ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠶᠢᠳᠠᠯ ᠢ ᠰᠢᠢᠳᠪᠦᠷᠢᠯᠡᠬᠦ︔ ᠶᠠᠳᠠᠭᠤ ᠬᠦᠴᠢᠷᠲᠡᠢ ᠭᠠᠴᠠᠭ᠎ᠠ ᠳᠣᠰᠬᠤᠨ ᠤ ᠬᠠᠮᠳᠣ ᠶᠢᠨ ᠠᠵᠤ ᠠᠬᠤᠢ ᠶᠢ ᠬᠦᠭᠵᠢᠭᠦᠯᠵᠦ᠂ ᠬᠠᠮᠳᠣ ᠶᠢᠨ ᠠᠵᠤ ᠠᠬᠤᠢ ᠶᠢᠨ ᠬᠦᠭᠵᠢᠯᠳᠡ ᠪᠠᠷ ᠠᠨᠠᠢ ᠪᠠᠶᠢᠭ᠎ᠠ ᠭᠠᠴᠠᠭ᠎ᠠ ᠳᠣᠰᠬᠤᠨ ᠢ ᠬᠦᠭᠵᠢᠭᠦᠯᠬᠦ︔ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠢ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠬᠡᠬᠦ︔ ᠶᠠᠳᠠᠭᠤ ᠬᠦᠴᠢᠷᠳᠡᠢ ᠭᠠᠴᠠᠭ᠎ᠠ ᠲᠤᠰᠬᠤᠨ ᠳᠤ ᠴᠠᠬᠢᠯᠭᠠᠨ ᠨᠡᠪᠳᠡᠷᠡᠬᠡᠳᠦᠢ ᠪᠤᠶᠤ ᠶᠠᠳᠠᠭᠤ ᠡᠷᠦᠬᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠤᠷᠢᠯᠡᠬᠦ︔ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠲᠡᠢ ᠡᠷᠦᠭᠡ ᠶᠢ ᠳᠣᠬᠢᠲᠠᠢ ᠭᠠᠵᠠᠷ ᠨᠡᠭᠦᠯᠭᠡᠨ ᠰᠢᠯᠵᠢᠭᠦᠯᠬᠦ︔ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠲᠠᠪᠴᠠᠩ ᠤᠨ ᠳᠤᠭ᠎ᠠ ᠪᠠᠷᠢᠮᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠪᠠᠷᠢᠮᠵᠢᠶᠠᠨ ᠳᠤ ᠬᠦᠷᠭᠡᠬᠦ︔ ᠶᠠᠳᠠᠭᠤ ᠬᠦᠴᠢᠷᠳᠡᠢ ᠬᠦᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠱᠠᠭᠠᠷᠳᠠᠯᠭ᠎ᠠ ᠶᠢ ᠪᠠᠳᠣᠯᠠᠵᠤ᠂ ᠰᠣᠮᠣ ᠪᠠᠯᠭᠠᠰᠣ᠂ ᠭᠠᠴᠠᠭ᠎ᠠ ᠳᠣᠰᠬᠤᠨ ᠤ ᠬᠤᠶᠠᠷ ᠱᠠᠳᠣᠨ ᠤ ᠡᠷᠡᠭᠦᠯ ᠬᠠᠮᠠᠭᠠᠯᠠᠯ ᠤᠨ ᠬᠤᠷᠢᠶᠠᠨ ︵ᠳᠠᠰᠤᠭ︶ ᠤ ᠲᠦᠭᠦᠭᠡᠷᠦᠮᠵᠢ᠂ ᠠᠵᠢᠯᠳᠠᠨ᠂ ᠡᠮ ᠤᠨ ᠵᠦᠢᠯᠡᠰ ᠢ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ ᠪᠠᠷᠢᠮᠵᠢᠶᠠᠨ ᠳᠤ ᠬᠦᠷᠭᠡᠬᠦ︔ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠲᠡᠢ ᠡᠷᠦᠭᠡ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠬᠦ︔ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠷᠳᠡᠭᠡᠬᠦ ᠨᠦᠬᠦᠴᠡᠯ ᠠᠨᠠᠢ ᠪᠠᠶᠢᠭ᠎ᠠ ᠰᠣᠷᠭᠠᠭᠤᠯᠢ ᠶᠢ ᠴᠡᠭᠴᠡᠯᠡᠨ᠂ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠲᠡᠢ ᠡᠷᠦᠭᠡ ᠶᠢᠨ ᠦᠷ᠎ᠡ ᠬᠡᠤᠭᠡᠳ ᠤᠨ ᠰᠤᠷᠤᠯᠭ᠎ᠠ ᠪᠠᠨ ᠲᠣᠷᠭᠤᠨ ᠵᠤᠭᠰᠣᠭᠠᠵᠤ ᠪᠠᠶᠢᠭ᠎ᠠ ᠪᠠᠶᠢᠳᠠᠯ ᠢ ᠡᠷᠴᠢᠮᠲᠠᠢ ᠡᠵᠡᠮᠳᠡᠨ᠂ ᠪᠦᠷᠢᠨ ᠲᠡᠭᠦᠰ ᠬᠦᠮᠦᠵᠢᠯ ᠬᠦᠷᠲᠡᠬᠦ ᠶᠢ ᠪᠠᠳᠣᠯᠠᠬᠤ ᠶᠢ ᠵᠢᠭᠠᠵᠤ ᠪᠤᠢ᠃8. ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠣᠭ᠎ᠠ᠄ 2015 ᠣᠨ ᠤ 12 ᠰᠠᠷ᠎ᠠ ᠳᠤ ᠪᠠᠶᠢᠭᠤᠯᠤᠭᠳᠠᠵᠤ᠂ ᠭᠤᠤᠯᠳᠠᠭᠤ ᠮᠠᠨ ᠤ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠠᠵᠢᠯᠳᠠᠨ ᠪᠠ ᠮᠠᠯᠴᠢᠨ ᠲᠥᠮᠡᠨ ᠢᠶᠠᠷ ᠪᠦᠷᠢᠯᠳᠦᠭᠰᠡᠨ ᠬᠠᠶᠢᠷ᠎ᠠ ᠬᠠᠯᠠᠮᠵᠢ ᠶᠢᠨ ᠬᠤᠯᠪᠣᠭ᠎ᠠ ᠪᠤᠯᠤᠨ᠎ᠠ᠃ ᠪᠠᠶᠢᠭᠤᠯᠤᠭᠳᠠᠭᠰᠠᠨ ᠠᠩᠬᠠᠨ ᠤ ᠬᠤᠭᠤᠴᠠᠭᠠᠨ ᠳᠤ᠂ 22 ᠭᠡᠰᠢᠭᠦᠨ ᠲᠠᠢ ᠪᠠᠶᠢᠭᠰᠠᠨ ᠠᠴᠠ ᠣᠳᠣ ᠨᠢᠭᠡᠨᠳᠡ 55 ᠭᠡᠰᠢᠭᠦᠨ ᠲᠠᠢ ᠪᠣᠯᠪᠠ᠃ ᠲᠤᠰ ᠬᠤᠯᠪᠣᠭ᠎ᠠ ᠨᠢ ᠠᠮᠢ ᠠᠬᠤᠢ ᠣᠷᠴᠢᠨ ᠳᠣᠭᠤᠷᠢᠨ ᠢ ᠬᠠᠮᠠᠭᠠᠯᠠᠬᠤ᠂ ᠪᠠᠭᠤᠷᠠᠶᠢᠴᠤᠳ ᠢ ᠬᠠᠯᠠᠮᠵᠢᠯᠠᠬᠤ᠂ ᠠᠬᠠᠮᠠᠳ ᠢᠶᠠᠨ ᠬᠦᠨᠳᠦᠳᠬᠡᠨ ᠨᠢᠯᠬᠠᠰ ᠢᠶᠠᠨ ᠬᠠᠶᠢᠷᠠᠯᠠᠬᠤ᠂ ᠦᠨᠳᠦᠰᠦᠳᠠᠨ ᠤ ᠰᠣᠶᠣᠯ ᠪᠤᠯᠪᠠᠰᠣᠨ ᠢ ᠬᠦᠭᠵᠢᠭᠦᠯᠦᠨ ᠮᠠᠨᠳᠣᠭᠤᠯᠬᠤ ᠪᠠᠷ ᠭᠤᠣᠯ ᠵᠣᠷᠢᠯᠭ᠎ᠠ ᠪᠣᠯᠭᠠᠭᠰᠠᠨ ᠶᠤᠮ᠃ ᠣᠳᠣᠬᠠᠨ ᠪᠣᠯᠳᠠᠯ᠎ᠠ᠂ ᠪᠡᠯᠴᠢᠭᠡᠷ ᠢ ᠨᠤᠭᠤᠭᠠᠷᠠᠭᠤᠯᠬᠤ᠂ ᠬᠠᠶᠢᠷ᠎ᠠ ᠬᠠᠯᠠᠮᠵᠢ ᠬᠦᠷᠳᠡᠭᠡᠬᠦ ᠵᠡᠷᠭᠡ 50 ᠭᠠᠷᠣᠢ ᠤᠳᠠᠭᠠᠨ ᠤ ᠪᠣᠶᠠᠨ ᠤ ᠦᠢᠯᠡᠰ ᠤᠨ ᠠᠵᠢᠯᠯᠠᠭ᠎ᠠ ᠶᠢ ᠦᠷᠨᠢᠭᠦᠯᠵᠦ᠂ 350 ᠭᠠᠷᠤᠢ ᠮᠦ ᠡᠯᠡᠰᠦᠨ ᠭᠠᠵᠠᠷ ᠢ ᠨᠤᠭᠤᠭᠠᠷᠠᠭᠤᠯᠪᠠ᠃9. ︽ᠰᠠᠴᠣᠯᠢ︾ ᠬᠠᠶᠢᠷ᠎ᠠ ᠬᠠᠯᠠᠮᠵᠢ ᠶᠢᠨ ᠨᠡᠶᠢᠭᠡᠮᠯᠢᠭ᠄ 2015 ᠣᠨ ᠤ 11 ᠰᠠᠷ᠎ᠠ ᠳᠤ ᠪᠠᠶᠢᠭᠤᠯᠤᠭᠳᠠᠵᠤ᠂ ᠮᠠᠨ ᠤ ᠬᠤᠰᠢᠭᠤᠨ ᠤ ᠵᠠᠰᠠᠭ ᠤᠨ ᠤᠷᠳᠣᠨ ᠤ ᠪᠠᠶᠢᠭᠤᠯᠤᠮᠵᠢ᠂ ᠠᠵᠤ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠠᠵᠢᠯᠳᠠᠨ ᠢᠶᠠᠷ ᠪᠦᠷᠢᠯᠳᠦᠭᠰᠡᠨ ᠨᠡᠶᠢᠭᠡᠮᠯᠢᠭ ᠪᠤᠯᠤᠨ᠎ᠠ᠃ ︽ᠮᠦᠷᠦ ᠶᠢᠨ ᠬᠦᠴᠦ ᠪᠠᠨ ᠪᠤᠶᠠᠨ ᠤ ᠦᠢᠯᠡᠰ  ᠲᠤ ᠡᠷᠬᠦᠬᠦ︾ ᠵᠤᠷᠢᠯᠳᠠ ᠪᠠᠷ ᠥᠨᠥᠴᠢᠨ ᠥᠷᠦᠭᠡᠰᠦᠨ ᠬᠡᠤᠭᠡᠳ ᠢ ᠬᠠᠯᠠᠮᠵᠢᠯᠠᠬᠤ᠂ ᠬᠦᠴᠢᠷᠳᠡᠢ ᠭᠡᠷ ᠪᠦᠯᠢ ᠶᠢᠨ ᠦᠷ᠎ᠡ ᠭᠡᠤᠭᠡᠳ ᠤᠨ ᠰᠤᠷᠭᠠᠨ ᠬᠦᠮᠦᠵᠢᠯ ᠢ ᠲᠡᠳᠬᠦᠬᠦ᠂ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ ᠬᠦᠷᠳᠡᠭᠡᠵᠦ᠂ ᠵᠦᠪ ᠡᠨᠧᠷᠭᠢ ᠳᠠᠮᠵᠢᠭᠤᠯᠬᠤ ᠪᠠᠷ ᠭᠤᠣᠯ ᠠᠵᠢᠯ ᠢᠶᠠᠨ ᠪᠤᠯᠭᠠᠭᠰᠠᠨ ᠶᠤᠮ᠃ ᠣᠳᠣ ᠨᠢᠭᠡᠨᠳᠡ 120 ᠭᠡᠰᠢᠭᠦᠨ ᠲᠠᠢ ᠪᠣᠯᠪᠠ᠃ ᠣᠳᠣᠬᠠᠨ ᠪᠣᠯᠳᠠᠯ᠎ᠠ᠂ ᠭᠡᠰᠢᠭᠦᠳ ᠠᠴᠠ ᠬᠠᠨᠳᠢᠪ ᠡᠷᠭᠦᠭᠦ᠂ ᠨᠡᠶᠢᠭᠡᠮ ᠤᠨ ᠡᠯ᠎ᠡ ᠡᠳᠡᠭᠡᠳ ᠤᠨ ᠬᠢᠨ ᠢ ᠤᠷᠢᠶᠠᠯᠠᠨ ᠳᠠᠶᠢᠴᠢᠯᠠᠬᠤ ᠪᠠᠷ ᠳᠡᠮᠵᠢᠨ 5.9 ᠲᠥᠮᠡᠨ ᠲᠦᠭᠦᠷᠢᠭ ᠤᠨ ᠬᠠᠨᠳᠢᠪ ᠤᠨ ᠮᠦᠩᠬᠦ ᠬᠤᠷᠠᠮᠳᠣᠭᠤᠯᠤᠨ᠂ ᠡᠪᠡᠳᠴᠢᠨ ᠠᠷᠬᠠᠭ ᠲᠤ ᠨᠡᠷᠪᠡᠭᠳᠡᠭᠰᠡᠨ ᠪᠣᠶᠣ ᠶᠠᠳᠠᠭᠤ ᠬᠦᠴᠢᠷᠳᠡᠢ 50 ᠭᠠᠷᠣᠢ ᠬᠡᠣᠭᠡᠳ ᠪᠠᠭᠠᠴᠣᠳ ᠢ ᠬᠠᠯᠠᠮᠵᠢᠯᠠᠨ ᠳᠣᠰᠠᠯᠠᠵᠤ᠂ ᠳᠣᠮᠳᠠᠳᠣ ᠶᠢᠨ ︽ᠨᠢᠭᠡ ᠮᠦᠩᠬᠦᠨ ᠤ ᠨᠡᠶᠢᠭᠡᠮᠯᠢᠭ︾᠂ ᠥᠪᠦᠷ ᠮᠤᠩᠭᠤᠯ ᠤᠨ ︽ᠲᠦᠬᠡᠮᠡᠯ ᠬᠠᠶᠢᠷ᠎ᠠ ᠶᠢᠨ ᠬᠠᠯᠠᠮᠵᠢ︾ ᠨᠡᠶᠢᠬᠡᠮᠯᠢᠭ᠂ ᠮᠠᠨ ᠤ ᠬᠤᠰᠢᠭᠤᠨ ᠤ ᠣᠯᠠᠨ ᠠᠷᠪᠢᠨ ᠠᠵᠤ ᠠᠬᠤᠶᠢᠯᠠᠯ ᠪᠠ ᠨᠡᠶᠢᠭᠡᠮᠯᠢᠭ ᠲᠠᠢ ᠬᠠᠮᠳᠣᠷᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠵᠦ᠂ ᠥᠪᠦᠷ ᠮᠤᠩᠭᠤᠯ ᠤᠨ ᠲᠥᠷᠪᠡᠨ ᠠᠶᠢᠮᠠᠭ ᠤᠨ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠬᠤᠰᠢᠭᠤ ᠰᠢᠶᠠᠨ ᠤ 17 ᠰᠣᠷᠭᠠᠭᠤᠯᠢ ᠳᠤ ︽ᠬᠠᠯᠠᠮᠵᠢ ᠶᠢᠨ ᠪᠤᠭᠴᠤ︾ ᠬᠦᠷᠬᠡᠬᠦ ᠠᠵᠢᠯᠯᠠᠭ᠎ᠠ ᠦᠷᠨᠢᠭᠦᠯᠵᠦ᠂ ᠨᠡᠶᠢᠳᠡ 1400 ᠬᠠᠯᠠᠮᠵᠢ ᠶᠢᠨ ᠪᠤᠭᠴᠤ ᠬᠠᠨᠳᠢᠪᠯᠡᠪᠡ᠃10. ︽ᠡᠩ ᠦᠬᠡᠢ ᠪᠠᠶᠢᠭᠠᠯᠢ︾ ᠨᠤᠭᠤᠭᠠᠷᠠᠭᠤᠯᠬᠤ ᠪᠦᠯᠭᠦᠮ᠄ ᠡᠨᠡ ᠨᠢ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠠᠵᠢᠯᠳᠠᠨ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠵᠤ ᠠᠬᠤᠶᠢᠯᠠᠯ ᠤᠨ ᠡᠵᠡᠩᠨᠡᠯᠳᠡᠨ᠂ ᠰᠣᠶᠣᠯ ᠵᠠᠭᠤᠴᠢᠯᠠᠭᠤᠷ ᠬᠢᠨ ᠤ᠂ ᠶᠡᠭᠡ ᠳᠡᠭᠡᠳᠦ ᠰᠣᠷᠭᠠᠭᠤᠯᠢ ᠶᠢᠨ ᠪᠠᠭᠰᠢ ᠰᠣᠷᠣᠭᠴᠢ᠂ ᠭᠠᠳᠠᠭᠠᠳᠣ ᠶᠢᠨ ᠢᠷᠭᠡᠨ ᠢᠶᠠᠷ ᠪᠦᠷᠢᠯᠳᠦᠭᠰᠡᠨ ᠪᠦᠯᠬᠦᠮ ᠪᠤᠯᠤᠨ᠎ᠠ᠃ 2018 ᠣᠨ ᠤ 8 ᠰᠠᠷ᠎ᠠ ᠳᠤ ᠮᠠᠨ ᠤ ᠬᠤᠰᠢᠭᠤᠨ ᠳᠤ ︽ᠡᠩ ᠦᠬᠡᠢ ᠪᠠᠶᠢᠭᠠᠯᠢ ᠨᠤᠭᠤᠭᠠᠷᠠᠭᠤᠯᠬᠤ ᠪᠦᠯᠬᠦᠮ ᠤᠨ ︿ᠰᠠᠶᠢᠨ ᠳᠣᠷᠠᠴᠢᠳ ᠤᠨ ᠥᠷᠥᠭᠡ﹀︾ ᠶᠢᠨ ᠫᠠᠶᠢᠰᠠ ᠡᠯᠬᠦᠬᠦ ᠶᠤᠰᠤᠯᠠᠯ ᠢ ᠦᠷᠨᠢᠭᠦᠯᠪᠡ᠃ ᠣᠳᠣᠬᠠᠨ ᠪᠣᠯᠬᠤ ᠳᠤ᠂ ᠪᠤᠱᠣᠣᠳᠠᠢ ᠰᠣᠮᠣᠨ ᠳᠤ 1.2 ᠲᠥᠮᠡᠨ ᠰᠠᠭᠤᠷᠢ ᠮᠤᠳᠣ ᠲᠠᠷᠢᠪᠠ᠃11.ᠲᠥᠷᠪᠡᠨ ᠤᠬᠠᠮᠰᠠᠷ᠄ ᠣᠯᠣᠰ ᠲᠥᠷᠥ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠣᠯ ᠴᠤᠭᠴᠠ ᠶᠢᠨ ᠤᠬᠠᠮᠰᠠᠷ᠂ ᠳᠠᠭᠤᠷᠢᠶᠠᠯ ᠪᠣᠯᠬᠤ ᠤᠬᠠᠮᠰᠠᠷ᠃12. ᠲᠥᠷᠪᠡᠨ ᠢᠲᠡᠭᠡᠯ᠄ ᠱᠣᠭᠤᠮ ᠴᠢᠭᠯᠡᠯᠳᠡ ᠶᠢᠨ ᠢᠲᠡᠭᠡᠯ᠂ ᠣᠨᠣᠯ ᠤᠨ ᠢᠲᠡᠭᠡᠯ᠂ ᠲᠥᠷᠢᠮ ᠤᠨ ᠢᠲᠡᠭᠡᠯ᠂ ᠰᠣᠶᠣᠯ ᠤᠨ ᠢᠲᠡᠭᠡᠯ᠃13. ᠬᠤᠶᠠᠷ ᠢ ᠬᠠᠮᠠᠭᠠᠯᠠᠬᠤ᠄ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶ᠎ᠠ ᠪᠠ ᠪᠦᠬᠦ ᠨᠠᠮ ᠳᠠᠬᠢ ᠲᠥᠪ ᠪᠣᠯᠬᠤ ᠪᠠᠶᠢᠷᠢ ᠰᠠᠭᠤᠷᠢ ᠶᠢ ᠬᠠᠮᠠᠭᠠᠯᠠᠬᠤ ᠪᠠ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠭᠰᠡᠨ ᠨᠢᠭᠡᠳᠣᠯᠳᠠᠢ ᠤᠳᠤᠷᠢᠳᠤᠯᠭ᠎ᠠ ᠶᠢ ᠬᠠᠮᠠᠭᠠᠯᠠᠬᠤ᠃ᠣᠶᠣᠨᠰᠡᠷᠭᠦᠯᠡᠩ ᠣᠷᠴᠢᠭᠤᠯᠵᠤ᠂  ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号