ᠰᠤᠷᠭᠠᠨ ᠬᠥᠮᠦᠵᠢᠯ ᠤᠨ ᠶᠠᠮᠤᠨ᠄ ᠳᠥᠷᠪᠡᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ  ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠮᠡᠳᠡᠭᠡ ᠵᠠᠩᠭᠢ ᠶᠢᠨ ᠮᠡᠷᠭᠡᠵᠢᠯ ᠤᠨ  ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2019/4/8
         ᠠᠷᠠᠳ ᠤᠨ ᠰᠦᠯᠵᠢᠶᠡᠨ ᠤ ᠪᠡᠭᠡᠵᠢᠩ ᠤᠨ 4 ᠰᠠᠷ᠎ᠠ ᠶᠢᠨ 2 ᠤᠨ ᠡᠳᠦᠷ ᠤᠨ ᠮᠡᠳᠡᠭᠡ ︵ᠯᠢ ᠢ ᠬᠤᠸᠠᠨ︶  ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ᠶᠢᠨ  ᠮᠡᠳᠡᠭᠡ ᠶᠢ  ᠦᠨᠳᠦᠰᠦᠯᠡᠪᠡᠯ᠂  ᠥᠨᠥᠳᠥᠷ  ᠰᠤᠷᠭᠠᠨ  ᠬᠥᠮᠦᠵᠢᠯ ᠤᠨ  ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ  ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ  ᠬᠡᠷᠡᠭᠯᠡᠭᠡᠨ ᠤ  ᠴᠢᠳᠠᠪᠤᠷᠢ ᠶᠢ  ᠳᠡᠭᠡᠭᠰᠢᠯᠡᠭᠦᠯᠬᠦ  ᠢᠨᠵᠧᠨᠧᠷᠢᠩ ᠢ  ᠬᠡᠷᠡᠭᠵᠢᠭᠦᠯᠬᠦ  ᠲᠤᠬᠠᠢ ᠰᠤᠷᠭᠠᠨ   ᠬᠥᠮᠦᠵᠢᠯ ᠤᠨ   ᠶᠠᠮᠤᠨ ᠤ   ᠰᠠᠨᠠᠯ︾   ︵ᠳᠣᠷᠣᠭᠰᠢ   ︽ᠰᠠᠨᠠᠯ︾   ᠭᠡᠵᠦ   ᠲᠣᠪᠴᠢᠯᠠᠨ᠎ᠠ︶ ᠤᠨ    ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠂ ︽ᠰᠠᠨᠠᠯ︾ ᠤᠨ ᠵᠣᠷᠢᠯᠭ᠎ᠠ ᠨᠢ 9  ᠵᠦᠢᠯ ᠤᠨ  ᠭᠤᠤᠯ  ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠥᠷᠪᠡᠨ  ᠶᠡᠭᠡ  ᠡᠭᠦᠷᠭᠡ ᠶᠢ  ᠨᠠᠶᠢᠳᠠᠪᠤᠷᠢᠵᠢᠭᠤᠯᠵᠤ᠂  ᠳᠤᠮᠳᠠᠳᠤ  ᠪᠠᠭ᠎ᠠ  ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠮᠡᠳᠡᠭᠡ ᠵᠠᠩᠭᠢ ᠶᠢᠨ ᠬᠡᠪ ᠴᠢᠨᠠᠷ ᠢ  ᠳᠡᠭᠡᠭᠰᠢᠯᠡᠭᠦᠯᠵᠦ᠂  ᠮᠡᠳᠡᠭᠡ  ᠵᠠᠩᠭᠢ ᠶᠢᠨ  ᠮᠡᠷᠭᠡᠵᠢᠯ  ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠠᠭᠤᠰᠤᠯᠴᠠᠨ ᠰᠢᠨ᠎ᠡ ᠶᠢ ᠡᠭᠦᠳᠤᠨ ᠬᠥᠭᠵᠢᠬᠦ ᠶᠢ ᠪᠥᠬᠦ ᠲᠠᠯ᠎ᠠ ᠪᠠᠷ  ᠠᠬᠢᠭᠤᠯᠬᠤ ᠶᠢᠨ ᠲᠥᠯᠥᠭᠡ ᠶᠤᠮ ᠭᠡᠪᠠ᠃          ᠬᠠᠮᠢᠶ᠎ᠠ  ᠪᠦᠬᠦᠢ  ᠬᠠᠷᠢᠭᠤᠴᠠᠯᠭᠠᠲᠠᠨ  ᠲᠠᠨᠢᠯᠴᠠᠭᠤᠯᠬᠤ ᠳᠠᠭᠠᠨ᠂   ︽ᠰᠠᠨᠠᠯ︾ ᠳᠤ   ᠰᠤᠷᠭᠠᠭᠤᠯᠢ ᠶᠢᠨ   ᠮᠡᠳᠡᠭᠡ ᠵᠠᠩᠭᠢᠵᠢᠯᠲᠠ ᠶᠢᠨ ᠰᠤᠷᠭᠠᠨ ᠬᠥᠮᠦᠵᠢᠯ ᠤᠨ ᠵᠢᠭᠠᠨ  ᠰᠤᠷᠭᠠᠯᠲᠠ ᠶᠢᠨ  ᠥᠭᠡᠷᠡᠴᠢᠯᠡᠯᠲᠡ  ᠬᠥᠭᠵᠢᠯᠲᠡ ᠪᠠᠷ  ᠪᠠᠭᠰᠢ  ᠨᠠᠷ ᠤᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ  ᠬᠥᠲᠥᠯᠥᠨ  ᠳᠠᠭᠠᠭᠤᠯᠬᠤ  ᠪᠣᠯᠪᠠᠰᠤᠷᠠᠯ ᠢ  ᠳᠣᠪᠤᠶᠢᠯᠭᠠᠨ᠂ ︽ᠵᠠᠩᠭᠢᠯᠠᠭ᠎ᠠ ᠶᠢᠨ  ᠬᠥᠮᠦᠰ︾ ᠢ  ᠠᠳᠬᠤᠨ᠂  ᠲᠥᠷᠥᠯ  ᠬᠤᠪᠢᠶᠠᠨ   ᠵᠢᠯᠣᠭᠤᠳᠴᠦ᠂   ᠮᠡᠷᠭᠡᠵᠢᠯ ᠤᠨ   ᠬᠥᠭᠵᠢᠯᠲᠡ ᠳᠤ ᠵᠣᠬᠢᠴᠠᠭᠤᠯᠤᠨ᠂  2022  ᠣᠨ  ᠪᠣᠯᠲᠠᠯ᠎ᠠ  ᠰᠤᠷᠭᠠᠭᠤᠯᠢ ᠪᠠᠷ  ᠦᠨᠳᠦᠰᠦ  ᠪᠣᠯᠭᠠᠬᠤ᠂   ᠬᠢᠴᠢᠶᠡᠯ ᠤᠨ   ᠲᠠᠩᠬᠢᠮ ᠳᠤ ᠰᠠᠭᠤᠷᠢᠯᠠᠬᠤ᠂ ᠬᠡᠷᠡᠭᠯᠡᠬᠦ ᠪᠠᠷ ᠬᠥᠳᠡᠯᠭᠡᠭᠦᠷ ᠪᠣᠯᠭᠠᠬᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠬᠤ᠂ ᠨᠠᠷᠢᠯᠢᠭ  ᠣᠨᠣᠪᠴᠢᠲᠠᠶ ᠪᠠᠷ ᠦᠨᠡᠯᠡᠯᠳᠡ  ᠬᠢᠬᠦ  ᠪᠠᠭᠰᠢ ᠶᠢᠨ  ᠮᠡᠳᠡᠭᠡ  ᠵᠠᠩᠭᠢ ᠶᠢᠨ  ᠬᠡᠪ  ᠪᠣᠯᠪᠠᠰᠤᠷᠠᠯ ᠤᠨ  ᠬᠥᠭᠵᠢᠯᠲᠡ ᠶᠢᠨ  ᠰᠢᠨ᠎ᠡ  ᠲᠣᠭᠲᠠᠴᠠ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠳᠠᠮᠵᠢᠭᠤᠯᠤᠨ ᠡᠯ᠎ᠡ ᠭᠠᠵᠠᠷ ᠤᠨ ᠪᠠᠭᠰᠢ ᠨᠠᠷ ᠤᠨ ᠮᠡᠳᠡᠭᠡ ᠵᠠᠩᠭᠢ ᠶᠢᠨ ᠮᠡᠷᠭᠡᠵᠢᠯ ᠤᠨ  ᠬᠡᠷᠡᠭᠯᠡᠭᠡᠨ ᠤ  ᠴᠢᠳᠠᠪᠤᠷᠢ ᠶᠢᠨ  ᠪᠣᠯᠪᠠᠰᠤᠷᠠᠯ ᠢ  ᠳᠠᠶᠢᠴᠢᠯᠠᠵᠤ᠂  ᠰᠤᠷᠭᠠᠭᠤᠯᠢ ᠶᠢᠨ  ᠵᠠᠬᠢᠷᠤᠯ ᠤᠨ   ᠮᠡᠳᠡᠭᠡ ᠵᠠᠩᠭᠢᠵᠢᠬᠰᠠᠨ  ᠤᠳᠤᠷᠢᠳᠬᠤ  ᠬᠦᠴᠦᠨ᠂  ᠪᠠᠭᠰᠢ ᠶᠢᠨ  ᠮᠡᠳᠡᠭᠡ  ᠵᠠᠩᠭᠢᠵᠢᠬᠰᠠᠨ  ᠵᠢᠭᠠᠨ  ᠰᠤᠷᠭᠠᠯᠲᠠ ᠶᠢᠨ   ᠴᠢᠳᠠᠪᠤᠷᠢ᠂ ᠪᠣᠯᠪᠠᠰᠤᠷᠠᠯ ᠤᠨ ᠪᠦᠯᠬᠦᠮ ᠤᠨ  ᠮᠡᠳᠡᠭᠡ  ᠵᠠᠩᠭᠢᠵᠢᠬᠰᠠᠨ  ᠵᠢᠯᠣᠭᠤᠳᠬᠤ  ᠴᠢᠳᠠᠪᠤᠷᠢ ᠶᠢᠨ  ︽ᠭᠤᠷᠪᠠᠨ  ᠳᠡᠭᠡᠭᠰᠢᠯᠡᠯᠲᠡ︾ ᠶᠢ ᠦᠨᠳᠦᠰᠦᠨ ᠳᠡᠭᠡᠨ ᠪᠡᠶᠡᠯᠡᠭᠦᠯᠵᠦ᠂  ᠮᠡᠳᠡᠭᠡ  ᠵᠠᠩᠭᠢ ᠶᠢᠨ  ᠮᠡᠷᠭᠡᠵᠢᠯ  ᠬᠢᠭᠡᠳ  ᠰᠤᠷᠭᠠᠨ  ᠬᠥᠮᠦᠵᠢᠯ  ᠵᠢᠭᠠᠨ  ᠰᠤᠷᠭᠠᠯᠲᠠ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠬᠠᠷᠠᠯᠳᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠳᠡᠢ ᠬᠡᠵᠦ ᠲᠤᠷᠠᠳᠴᠠᠢ᠃  
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号