ᠰᠤᠷᠭᠠᠭᠤᠯᠢ ᠬᠡᠷ ᠪᠦᠯᠢ ᠶᠢᠨ ᠬᠠᠮᠳᠤᠷᠠᠯᠴᠠᠭ᠎ᠠ ᠪᠠᠷ ᠳᠠᠮᠵᠢᠭᠤᠯᠤᠨ ᠬᠡᠦᠬᠡᠳ ᠤᠳ ᠲᠤ ᠤᠬᠢ ᠰᠠᠶᠢᠨ ᠬᠦᠮᠦᠵᠢᠯ  ᠤᠨ ᠤᠷᠴᠢᠨ ᠬᠠᠩᠭᠠᠵᠤ ᠦᠭᠭᠦ ᠪᠠᠷ ᠴᠢᠷᠮᠠᠶᠢᠵᠦ ᠪᠤᠢ
ᠨᠡᠶᠢᠲᠡᠯᠡᠭᠰᠡᠨ ᠴᠠᠭ᠄
2019/5/10
        ᠰᠢᠯᠤᠭᠤᠨ ᠬᠦᠭᠡ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠬᠡᠷ ᠤᠨ ᠠᠬᠠᠮᠠᠳ ᠲᠤ ᠵᠤᠷᠢᠭᠤᠯᠤᠭᠰᠠᠨ ᠪᠤᠯᠪᠠᠰᠤᠷᠠᠯ ᠦᠷᠨᠢᠬᠦᠯᠵᠦ᠂ ᠪᠠᠭᠰᠢ ᠪᠤᠯᠤᠨ ᠬᠡᠷ ᠤᠨ ᠠᠬᠠᠮᠠᠳ ᠤᠨ ᠬᠠᠷᠢᠯᠴᠠᠭ᠎ᠠ ᠶᠢ ᠬᠦᠨᠵᠡᠭᠡᠶᠢᠷᠡᠭᠦᠯᠦᠨ ᠂ ᠰᠤᠷᠭᠠᠭᠤᠯᠢ᠂ ᠬᠡᠷ ᠪᠦᠯᠢ ᠶᠢᠨ ᠬᠠᠮᠳᠤᠷᠠᠯᠴᠠᠭ᠎ᠠ ᠪᠠᠷ ᠬᠡᠦᠬᠡᠳ ᠤᠳ ᠲᠤ ᠤᠬᠢ ᠰᠠᠶᠢᠨ ᠰᠤᠷᠤᠯᠴᠠᠯᠭ᠎ᠠ ᠬᠦᠮᠦᠵᠢᠯ ᠤᠨ ᠤᠷᠴᠢᠨ ᠨᠦᠬᠦᠴᠡᠯ ᠡᠭᠦᠳᠴᠦ ᠦᠭᠭᠦ ᠪᠠᠷ ᠴᠢᠷᠮᠠᠶᠢᠵᠦ ᠪᠠᠶᠢᠨ᠎ᠠ᠃
        ᠲᠤᠰ ᠤᠳᠠᠭᠠᠨ ᠤ ᠪᠤᠯᠪᠠᠰᠤᠷᠠᠯ ᠢ ᠪᠠᠭᠰᠢ᠂ ᠬᠡᠷ ᠤᠨ ᠠᠬᠠᠮᠠᠳ᠂ ᠰᠤᠷᠤᠭᠴᠢᠳ ᠤᠨ ᠬᠠᠮᠳᠤᠷᠠᠭᠰᠠᠨ ᠪᠤᠯᠪᠠᠰᠤᠷᠠᠯ ᠪᠤᠯᠤᠨ ᠬᠡᠷ ᠤᠨ ᠠᠬᠠᠮᠠᠳ ᠤᠨ ᠪᠤᠯᠪᠠᠰᠤᠷᠠᠯ ᠬᠢᠴᠢᠶᠡᠯᠯᠡᠭᠡ ᠬᠡᠬᠦ ᠬᠤᠶᠠᠷ ᠠᠭᠤᠯᠭ᠎ᠠ ᠪᠠᠷ ᠶᠠᠪᠤᠭᠳᠠᠭᠤᠯᠵᠤ᠂ ᠪᠠᠭᠰᠢ᠂ ᠬᠡᠷ ᠤᠨ ᠠᠬᠠᠮᠠᠳ ᠬᠠᠷᠢᠯᠴᠠᠨ ᠰᠠᠨᠠᠯ ᠪᠤᠳᠤᠯ ᠢᠶᠠᠨ ᠰᠤᠯᠢᠯᠴᠠᠬᠤ᠂ ᠭᠡᠷ ᠤᠨ ᠠᠬᠠᠮᠠᠳ ᠲᠤ ᠬᠡᠦᠬᠡᠳ ᠤᠨ ᠰᠤᠷᠤᠯᠭ᠎ᠠ ᠬᠢᠴᠢᠶᠠᠯ᠂ ᠶᠤᠰᠤ ᠮᠤᠷᠠᠯ ᠪᠤᠯᠤᠨ ᠪᠡᠶ᠎ᠡ ᠰᠡᠳᠬᠢᠴᠡ ᠶᠢᠨ ᠪᠠᠶᠢᠳᠠᠯ ᠢ ᠲᠤᠰᠬᠠᠭᠰᠠᠨ ᠠᠴᠠ ᠭᠠᠳᠠᠨ᠎ᠠ᠂ ᠳᠤᠰᠬᠠᠢ ᠮᠡᠷᠭᠡᠵᠢᠯ ᠤᠨ ᠵᠢᠯᠤᠭᠤᠳᠤᠭᠴᠢ ᠪᠠᠭᠰᠢ ᠶᠢ ᠤᠷᠢᠨ ᠵᠠᠯᠠᠵᠤ ︽ᠰᠤᠷᠭᠠᠨ ᠬᠦᠮᠦᠵᠢᠯ ᠢ ᠬᠡᠷ ᠪᠦᠯᠢ ᠶᠢᠨ ᠬᠦᠮᠦᠵᠢᠯ ᠠᠴᠠ ᠦᠨᠳᠦᠰᠦᠵᠢᠬᠦᠯᠬᠦ︾ ᠰᠡᠳᠦᠪᠳᠤ ᠬᠡᠷ ᠤᠨ ᠠᠬᠠᠮᠠᠳ ᠲᠤ ᠵᠤᠷᠢᠭᠤᠯᠤᠭᠰᠠᠨ ᠲᠠᠶᠢᠯᠤᠮᠵᠢ ᠬᠢᠵᠦ᠂ ᠰᠤᠷᠭᠠᠭᠤᠯᠢ ᠬᠡᠷ ᠪᠦᠯᠢ ᠬᠠᠮᠳᠤᠷᠠᠯᠴᠠᠨ ᠬᠡᠦᠬᠡᠳ ᠲᠤ ᠡᠷᠡᠭᠦᠯ ᠬᠦᠮᠦᠵᠢᠯ ᠤᠨ ᠤᠷᠴᠢᠨ ᠬᠠᠩᠭᠠᠬᠤ ᠲᠠᠯ᠎ᠠ ᠪᠠᠷ ᠨᠠᠷᠢᠯᠢᠭ ᠬᠢᠴᠢᠶᠡᠯᠯᠡᠭᠰᠡᠨ ᠪᠠᠶᠢᠨ᠎ᠠ᠃
       ᠰᠤᠷᠭᠠᠯᠳᠠ ᠳᠡᠭᠡᠷ᠎ᠡ ᠤᠳᠤᠠᠭᠡᠷᠡᠯ ᠪᠠᠭᠰᠢ ᠡᠨᠡ ᠲᠠᠯ᠎ᠠ ᠪᠠᠷ ᠮᠠᠰᠢ ᠴᠢᠬᠤᠯᠠ ᠶᠠᠷᠢᠯ᠎ᠠ᠃ ᠥᠪᠡᠷ ᠤᠳ ᠢᠶᠠᠨ ᠰᠤᠷᠭᠠᠯᠳᠠ ᠲᠠᠢ ᠪᠠᠶᠢᠵᠦ ᠬᠡᠦᠬᠡᠳ ᠤᠳ ᠳᠠᠭᠠᠵᠤ᠂ ᠳᠠᠭᠤᠷᠢᠶᠠᠯ ᠪᠤᠯᠭᠠᠵᠤ᠂ ᠤᠯᠠᠮ ᠴᠢᠨᠠᠭᠰᠢᠳᠠ ᠬᠦᠮᠦᠵᠢᠯ ᠲᠠᠢ ᠬᠡᠦᠬᠡᠳ ᠪᠤᠯᠵᠤ ᠴᠢᠳᠠᠨ᠎ᠠ ᠭᠡᠵᠦ ᠶᠠᠷᠢᠯ᠎ᠠ᠃ ᠢᠩᠬᠢᠬᠦ ᠪᠠᠷ ᠢᠶᠠᠨ ᠪᠢᠳᠡ ᠬᠡᠷ ᠤᠨ ᠠᠬᠠᠮᠠᠳ ᠪᠤᠯᠤᠭᠰᠠᠨ ᠤ ᠬᠤᠪᠢ ᠳᠤ ᠬᠡᠦᠬᠡᠳ ᠤᠨ ᠢᠶᠠᠨ ᠢᠷᠡᠭᠡᠳᠦᠢ ᠶᠢᠨ ᠲᠦᠯᠦᠭᠡ ᠡᠨᠡ ᠲᠠᠯ᠎ᠠ ᠶᠢᠨ ᠠᠵᠢᠯ ᠢ ᠥᠪᠡᠷ ᠤᠨ ᠪᠡᠶ᠎ᠡ ᠠᠴᠠ ᠪᠠᠨ ᠡᠬᠢᠯᠡᠵᠦ ᠱᠠᠭᠠᠷᠳᠠᠵᠤ ᠬᠢᠬᠦ ᠬᠡᠷᠡᠭᠳᠡᠢ ᠶᠤᠮ ᠪᠠᠶᠢᠨ᠎ᠠ ᠭᠡᠰᠡᠨ ᠤᠶᠢᠯᠠᠭᠠᠯᠳᠠ ᠲᠠᠢ ᠪᠤᠯᠤᠯ᠎ᠠ᠃ ᠬᠡᠦᠬᠡᠳ ᠤᠨ ᠢᠶᠠᠨ ᠲᠦᠯᠦᠭᠡ ᠰᠤᠷᠤᠯᠴᠠᠬᠤ ᠵᠦᠢᠯ ᠮᠠᠰᠢ ᠶᠡᠭᠡ ᠪᠠᠶᠢᠨ᠎ᠠ ᠭᠡᠳᠡᠭ ᠢ ᠦᠨᠦᠳᠦᠷ ᠰᠤᠷᠤᠯᠴᠠᠯ᠎ᠠ᠃ ᠡᠭᠦᠨ ᠠᠴᠠ ᠬᠤᠶᠢᠰᠢ ᠬᠡᠦᠬᠡᠳ ᠤᠨ  ᠢᠶᠠᠨ ᠲᠦᠯᠦᠭᠡ ᠢᠯᠡᠭᠦᠦ ᠰᠢᠭ ᠴᠠᠭ ᠰᠢᠪᠬᠠᠵᠤ᠂ ᠬᠠᠮᠤᠭ ᠤᠨ ᠤᠷᠢᠳᠠᠪᠠᠷ ᠥᠪᠡᠷ ᠤᠨ ᠪᠡᠶ᠎ᠡ ᠠᠴᠠ ᠪᠠᠨ ᠡᠬᠢᠯᠡᠵᠦ ᠰᠤᠷᠤᠯᠴᠠᠭᠠᠳ ᠬᠡᠦᠬᠡᠳ ᠲᠡᠭᠡᠨ ᠳᠠᠭᠤᠷᠢᠶᠠᠯ ᠪᠤᠯᠤᠶ᠎ᠠ ᠭᠡᠵᠦ ᠪᠤᠳᠤᠵᠤ ᠪᠠᠶᠢᠨ᠎ᠠ ᠬᠡᠵᠦ ᠭᠡᠷ ᠤᠨ ᠠᠬᠠᠮᠠᠳ ᠤᠳ ᠶᠠᠷᠢᠵᠠᠭᠠᠵᠦ ᠪᠠᠶᠢᠯ᠎ᠠ᠃         ᠰᠢᠯᠤᠭᠤᠨ ᠬᠦᠭᠡ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠤᠶᠢᠷ᠎ᠠ ᠶᠢᠨ ᠵᠢᠯ ᠵᠢᠭᠠᠨ ᠰᠤᠷᠭᠠᠬᠤ ᠠᠵᠢᠯ ᠢᠶᠠᠨ ᠦᠷᠬᠦᠯᠵᠢᠯᠡᠨ ᠴᠢᠩᠭ᠎ᠠ ᠠᠳᠬᠤᠬᠤ ᠶᠢᠨ ᠵᠡᠷᠭᠡᠳᠡ ᠬᠡᠦᠬᠡᠳ ᠤᠨ ᠪᠡᠶ᠎ᠡ ᠰᠡᠳᠬᠢᠴᠡ ᠶᠢᠨ ᠡᠷᠡᠭᠦᠯ ᠬᠦᠭᠵᠢᠯᠳᠡ ᠶᠢ ᠴᠦ ᠵᠡᠷᠭᠡ ᠴᠢᠬᠤᠯᠠᠴᠢᠯᠠᠭᠰᠠᠭᠠᠷ ᠢᠷᠡᠵᠡᠢ᠃ ᠡᠭᠦᠨ ᠳᠤ ᠵᠢᠯ ᠪᠦᠷᠢ ᠨᠢᠭᠡ ᠤᠳᠠᠭ᠎ᠠ ᠪᠦᠬᠦ ᠰᠤᠷᠭᠠᠭᠤᠯᠢ ᠶᠢᠨ ᠰᠤᠷᠤᠭᠴᠢᠳ ᠤᠨ ᠬᠡᠷ ᠤᠨ ᠠᠬᠠᠮᠠᠳ ᠢ ᠤᠷᠤᠯᠴᠠᠭᠤᠯᠤᠭᠰᠠᠨ ᠲᠤᠰᠬᠠᠢ ᠬᠢᠴᠢᠶᠡᠯᠯᠡᠭᠡ ᠦᠷᠨᠢᠬᠦᠯᠵᠦ᠂ ᠳᠡᠳᠡᠨ ᠲᠠᠢ ᠬᠠᠷᠢᠯᠴᠠᠭ᠎ᠠ ᠬᠠᠮᠳᠤᠷᠠᠯᠴᠠᠭ᠎ᠠ ᠪᠠᠨ ᠨᠢᠬᠳᠠᠷᠠᠭᠤᠯᠬᠤ ᠪᠠᠷ ᠳᠠᠮᠵᠢᠭᠤᠯᠤᠨ ᠤᠶᠢᠯᠠᠭᠠᠯᠴᠠᠭ᠎ᠠ ᠪᠠᠨ ᠬᠦᠨᠵᠡᠭᠡᠶᠢᠷᠡᠭᠦᠯᠵᠦ᠂ ᠬᠡᠦᠬᠡᠳ ᠤᠨ ᠪᠡᠶ᠎ᠡ ᠰᠡᠳᠬᠢᠴᠡ᠂ ᠰᠤᠷᠤᠯᠭ᠎ᠠ ᠠᠮᠢᠳᠤᠷᠠᠯ ᠤᠨ ᠪᠠᠶᠢᠳᠠᠯ ᠳᠤ ᠴᠠᠭ ᠢᠮᠠᠬᠳᠠ ᠠᠩᠬᠠᠷᠤᠯ ᠳᠠᠯᠪᠢᠨ᠂ ᠵᠦᠪ ᠬᠦᠮᠦᠵᠢᠯ ᠬᠦᠷᠳᠡᠭᠡᠭᠦ ᠶᠢ ᠵᠤᠷᠢᠵᠦ ᠪᠠᠶᠢᠭ᠎ᠠ ᠶᠤᠮ᠃
        ᠰᠢᠯᠤᠭᠤᠨ ᠬᠦᠭᠡ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠵᠠᠬᠢᠷᠤᠯ ᠳᠡᠭᠵᠢᠯᠳᠦ᠄ ᠰᠤᠷᠭᠠᠨ ᠬᠦᠮᠦᠵᠢᠯ ᠪᠤᠯ ᠭᠡᠷ ᠪᠦᠯᠢ ᠶᠢᠨ ᠬᠦᠮᠦᠵᠢᠯ ᠢᠶᠠᠷ ᠦᠨᠳᠦᠰᠦᠯᠡᠯ ᠪᠤᠯᠭᠠᠨ᠎ᠠ᠃ ᠡᠶᠢᠮᠦ ᠠᠴᠠ ᠡᠨᠡᠬᠦ ᠱᠠᠭᠠᠷᠳᠠᠯᠭ᠎ᠠ ᠠᠴᠠ ᠪᠤᠯᠵᠤ᠂ ᠬᠡᠷ ᠤᠨ ᠠᠬᠠᠮᠠᠳ ᠤᠨ ᠪᠤᠯᠪᠠᠰᠤᠷᠠᠯ ᠢ ᠴᠢᠩᠭᠠᠳᠬᠠᠵᠤ ᠳᠡᠭᠡᠭᠰᠢᠯᠡᠬᠦᠯᠬᠦ ᠴᠢᠬᠤᠯᠠ ᠲᠠᠢ᠃ ᠬᠡᠷ ᠤᠨ ᠠᠬᠠᠮᠠᠳ᠂ ᠰᠤᠷᠭᠠᠭᠤᠯᠢ᠂ ᠨᠡᠶᠢᠭᠡᠮ ᠭᠤᠷᠪᠠᠨ ᠲᠠᠯ᠎ᠠ ᠠᠴᠠ ᠰᠤᠷᠤᠭᠴᠢᠳ ᠤᠨ ᠪᠦᠬᠦ ᠲᠠᠯ᠎ᠠ ᠶᠢᠨ ᠬᠦᠮᠦᠵᠢᠯ ᠢ ᠰᠠᠶᠢᠳᠤᠷ ᠬᠢᠵᠦ ᠬᠡᠦᠬᠡᠳ ᠢᠶᠠᠨ ᠨᠢᠭᠡᠨ ᠬᠢᠷᠢ ᠳᠡᠩᠴᠡᠭᠰᠡᠨ᠂ ᠥᠪᠡᠷ ᠤᠨ ᠪᠡᠶ᠎ᠡ ᠪᠠᠨ ᠳᠠᠭᠠᠭᠠᠭᠰᠠᠨ᠂ ᠬᠤᠵᠢᠮ ᠠᠮᠢᠳᠤᠷᠠᠵᠤ ᠴᠢᠳᠠᠬᠤ ᠡᠶᠢᠮᠦᠷᠬᠦ ᠨᠢᠭᠡᠨ ᠵᠦᠪ ᠡᠨᠧᠷᠬᠢ ᠲᠠᠢ ᠬᠡᠦᠬᠡᠳ ᠪᠤᠯᠭᠠᠨ ᠬᠦᠮᠦᠵᠢᠬᠦᠯᠬᠦ ᠵᠤᠷᠢᠯᠳᠠ ᠲᠠᠢ ᠭᠡᠯ᠎ᠡ᠃         ᠪᠦᠬᠦ ᠰᠤᠷᠭᠠᠭᠤᠯᠢ ᠶᠢᠨ 500 ᠰᠢᠬᠠᠮ ᠬᠡᠷ ᠤᠨ ᠠᠬᠠᠮᠠᠳ ᠪᠤᠯᠪᠠᠰᠤᠷᠠᠯ ᠳᠤ ᠤᠷᠤᠯᠴᠠᠵᠠᠢ᠃  ︵ ᠦᠵᠡᠰᠬᠦᠯᠡᠩ  ︶
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号