ᠰᠢᠯᠤᠭᠤᠨ ᠬᠥᠬᠡ ᠬᠤᠰᠢᠭᠤᠨ ᠤ ᠮᠤᠩᠭᠤᠯ ᠦᠨᠳᠤᠰᠤᠲᠡᠨ ᠤ ᠳᠡᠭᠡᠳᠦ ᠵᠡᠷᠭᠡ ᠶᠢᠨ ᠳᠤᠮᠳᠠᠳᠦ ᠰᠤᠷᠭᠠᠭᠤᠯᠢ ︽ᠨᠠ᠊᠂ ᠰᠠᠶᠢᠨᠴᠤᠭᠲᠣ ᠬᠤᠨᠳᠠᠭᠠᠲᠤ︾ ᠮᠡᠳᠡᠯᠬᠡ ᠶᠢᠨ ᠤᠷᠤᠯᠳᠤᠭᠠᠨ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2019/6/13
                          ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠴᠤᠭᠳᠤ            6 ᠰᠠᠷ᠎ᠠ ᠶᠢᠨ 10᠎ ᠤ ᠡᠳᠦᠷ᠂ ᠰᠢᠯᠤᠭᠤᠨ ᠬᠥᠬᠡ ᠬᠤᠰᠢᠭᠤᠨ ᠤ ᠮᠤᠩᠭᠤᠯ ᠦᠨᠳᠤᠰᠤᠲᠡᠨ ᠤ ᠳᠡᠭᠡᠳᠦ ᠵᠡᠷᠭᠡ ᠶᠢᠨ ᠳᠤᠮᠳᠠᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ︽ᠭᠤᠷᠪᠠᠨ ᠨᠡᠭᠦᠳᠠᠯ︾ ᠨᠡᠶᠢᠭᠡᠮᠯᠢᠭ ᠬᠠᠮᠳᠤᠷᠠᠨ᠂ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠵᠢᠴᠢ ᠮᠤᠩᠭᠤᠯ ᠦᠨᠳᠤᠰᠤᠲᠡᠨ ᠤ ᠶᠡᠭᠡ ᠪᠢᠴᠢᠭ ᠤᠨ ᠬᠦᠮᠤᠨ ᠨᠠ᠊᠂ ᠰᠠᠶᠢᠨᠴᠤᠭᠲᠤ ᠶᠢᠨ ᠮᠡᠨᠳᠦᠯᠡᠭᠰᠡᠨ105 ᠵᠢᠯ ᠤᠨ ᠤᠢ ᠶᠢ ᠳᠤᠷᠠᠰᠬᠠᠬᠤ ︽ᠨᠠ᠊᠂ ᠰᠠᠶᠢᠨᠴᠤᠭᠲᠤ ᠬᠤᠨᠳᠠᠭᠠᠲᠦ︾ ᠮᠡᠳᠡᠯᠭᠡ ᠶᠢᠨ ᠤᠷᠤᠯᠳᠤᠭᠠᠨ ᠢ ᠠᠮᠵᠢᠯᠳᠠᠳᠠᠢ ᠡᠷᠬᠢᠯᠡᠨ ᠶᠠᠪᠤᠭᠳᠠᠭᠤᠯᠤᠯ᠎ᠠ᠃            ᠲᠤᠰ ᠤᠷᠤᠯᠳᠤᠭᠠᠨ ᠪᠤᠯ ᠰᠢᠯᠤᠭᠤᠨ ᠬᠥᠬᠡ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠠᠴᠠ ᠡᠷᠬᠢᠯᠡᠨ᠂ ᠬᠤᠰᠢᠭᠤ ᠮᠤᠩᠭᠤᠯ ᠦᠨᠳᠤᠰᠤᠲᠡᠨ ᠤ ᠳᠡᠭᠡᠳᠦ ᠵᠡᠷᠭᠡ ᠶᠢᠨ ᠳᠤᠮᠳᠠᠳᠦ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠵᠦ ᠪᠥᠬᠦᠢ ︽ᠨᠠ᠊᠂ ᠰᠠᠶᠢᠨᠴᠤᠭᠲᠤ ᠬᠤᠨᠳᠠᠭᠠᠲᠤ︾ ᠳᠤᠮᠳᠠᠳᠦ ᠰᠤᠷᠭᠠᠭᠤᠯᠢ ᠶᠢᠨ ᠰᠤᠷᠤᠭᠴᠢ ᠶᠢᠨ ᠮᠡᠳᠡᠯᠭᠡ ᠶᠢᠨ ᠤᠷᠤᠯᠳᠤᠭᠠᠨ ᠤ ᠬᠤᠶᠠᠳᠠᠬᠢ ᠪᠡᠯᠡᠳᠬᠡᠯ ᠤᠷᠤᠯᠳᠤᠭᠠᠨ ᠪᠤᠯᠤᠨ᠎ᠠ᠃            ᠰᠤᠷᠤᠭᠴᠢᠳ ᠤᠨ ᠢᠶᠠᠨ ᠮᠤᠩᠭᠤᠯ ᠰᠤᠶᠤᠯ ᠲᠡᠤᠬᠡ ᠶᠢᠨ ᠬᠠᠮᠢᠶ᠎ᠠ ᠪᠥᠬᠦᠢ ᠮᠡᠳᠡᠯᠭᠡ ᠶᠢ ᠥᠷᠭᠡᠳᠬᠡᠨ᠂ ᠬᠤᠰᠢᠭᠤ ᠨᠤᠲᠤᠭ ᠤᠨ ᠰᠤᠶᠤᠯ ᠲᠡᠤᠬᠡ ᠪᠠᠨ ᠤᠬᠠᠭᠤᠯᠬᠤ ᠦᠨᠳᠤᠰᠤᠨ ᠵᠤᠷᠢᠯᠭ᠎ᠠ ᠲᠠᠢ ᠶᠠᠪᠤᠭᠳᠠᠭᠰᠠᠨ ᠡᠨᠡᠭᠦ ᠤᠷᠤᠯᠳᠤᠭᠠᠨ ᠳᠤ ᠲᠤᠰ ᠰᠤᠷᠭᠠᠭᠤᠯᠢ ᠶᠢᠨ ᠳᠡᠭᠡᠳᠦ ᠨᠢᠭᠡ᠂ ᠬᠤᠶᠠᠳᠤᠭᠠᠷ ᠤᠨ ᠤ 9 ᠠᠩᠬᠢ ᠨᠢᠭᠡᠴᠡ ᠶᠢᠨ 54 ᠰᠤᠷᠤᠭᠴᠢ ᠤᠷᠤᠯᠴᠡᠨ᠂ ᠠᠩᠬᠢ ᠪᠥᠷᠢ ᠬᠤᠶᠠᠷ ᠳᠤᠭᠤᠶᠢᠯᠠᠩ ᠬᠤᠪᠢᠶᠠᠨ ᠤᠷᠤᠯᠳᠤᠵᠦ᠂ ᠬᠤᠷᠴᠠ ᠰᠢᠷᠦᠭᠦᠨ ᠦᠷᠢᠰᠦᠯᠳᠤᠭᠡᠨ ᠢᠶᠠᠷ ᠳᠠᠮᠵᠢᠨ ᠨᠢᠭᠡᠴᠡ ᠶᠢᠨ ᠰᠢᠯᠭᠠᠷᠠᠭᠤᠯᠤᠯᠲᠡ ᠪᠠᠷ ᠳᠡᠭᠡᠳᠦ 108 ᠠᠩᠬᠢ ᠲᠡᠷᠢᠭᠦᠨ ᠨᠡᠷ᠎ᠡ ᠳᠤ ᠲᠤᠳᠤᠷᠠᠵᠣ᠂ ᠬᠤᠪᠢ ᠬᠦᠮᠤᠨ ᠤ ᠨᠢᠭᠡᠳᠦᠭᠡᠷ ᠳᠡᠰ ᠲᠤ ᠳᠡᠭᠡᠳᠦ ᠬᠤᠶᠠᠳᠤᠭᠠᠷ ᠤᠨ ᠤ 108 ᠠᠩᠬᠢ ᠶᠢᠨ ᠵᠣᠯ ᠲᠤᠳᠤᠷᠠᠭᠰᠠᠨ ᠪᠠᠶᠢᠨ᠎ᠠ᠃            ᠲᠤᠰ ᠤᠳᠠᠭᠠᠨ ᠤ ᠤᠷᠤᠯᠳᠤᠭᠠᠨ ᠨᠢ ᠰᠢᠯᠤᠭᠤᠨ ᠬᠥᠬᠡ ᠬᠤᠰᠢᠭᠤᠨ ᠤ ︽ᠨᠠ᠊᠂ ᠰᠠᠶᠢᠨᠴᠤᠭᠲᠣ ᠬᠤᠨᠳᠠᠭᠠᠲᠤ︾ ᠲᠧᠯᠸᠢᠰ ᠤᠷᠤᠯᠳᠤᠭᠠᠨ ᠠᠴᠠ ᠡᠮᠦᠨᠡᠬᠢ ᠨᠢᠭᠡ ᠤᠳᠠᠭᠠᠨ ᠤ ᠥᠷ᠎ᠡ ᠠᠰᠢᠭᠲᠤ ᠰᠤᠷᠢᠯᠲᠡ ᠪᠤᠯᠬᠤ ᠪᠥᠭᠡᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠳᠡᠪᠰᠢᠭᠦᠯᠵᠦ ᠪᠥᠬᠦᠢ ᠨᠠᠨᠳᠢᠨ ᠪᠡᠯᠡᠭ᠂ ᠮᠤᠩᠭᠤᠯ ᠦᠨᠳᠤᠰᠤᠲᠡᠨ ᠤ ᠶᠡᠭᠡ ᠪᠢᠴᠢᠭ ᠤᠨ ᠬᠦᠮᠤᠨ ᠨᠠ᠊᠂ ᠰᠠᠶᠢᠨᠴᠤᠭᠲᠤ ᠶᠢᠨ ᠮᠡᠨᠳᠦᠯᠡᠭᠰᠡᠨ105 ᠵᠢᠯ ᠤᠨ ᠤᠢ ᠶᠢ ᠳᠤᠷᠠᠰᠬᠠᠨ ᠲᠡᠮᠳᠡᠭᠯᠡᠬᠦ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号