ᠰᠢᠯᠤᠭᠤᠨ ᠭᠦᠭᠡ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠨᠤᠮ ᠤᠩᠰᠢᠯᠭ᠎ᠠ ᠶᠢᠨ ᠤᠨᠴᠠᠯᠢᠬᠳᠤ ᠰᠤᠷᠭᠠᠭᠤᠯᠢ ᠶᠢ ᠡᠭᠦᠳᠤᠨ ᠪᠠᠶᠢᠭᠤᠯᠵᠤ ᠦᠨᠳᠤᠰᠤᠳᠡᠨ ᠤ ᠰᠤᠶᠤᠯ ᠤᠨ ᠭᠦᠭᠵᠢᠯᠳᠡ ᠳᠤ ᠬᠤᠪᠢ ᠨᠠᠮᠡᠭᠦᠷᠢ ᠪᠠᠨ ᠦᠵᠡᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2019/6/18
                  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠶᠤᠩᠭᠤᠸ᠎ᠠ            ᠰᠢᠯᠤᠭᠤᠨ ᠭᠦᠭᠡ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠨᠢ ᠨᠤᠮ ᠤᠩᠰᠢᠯᠭ᠎ᠠ ᠎ ᠶᠢᠨ ᠠᠵᠢᠯ ᠢ ᠲᠤᠶᠢᠯ ᠤᠨ ᠴᠢᠩᠭ᠎ᠠ ᠠᠳᠬᠤᠭᠰᠠᠭᠠᠷ ᠢᠷᠡᠵᠤ᠂ ᠨᠡᠩ ᠴᠦ 2018 ᠤᠨ ᠳᠤ ᠨᠤᠮ ᠤᠩᠰᠢᠯᠭ᠎ᠠ ᠶᠢᠨ ᠤᠨᠴᠠᠯᠢᠬᠳᠤ ᠰᠤᠷᠭᠠᠭᠤᠯᠢ ᠪᠤᠯᠤᠭᠰᠠᠨ ᠠᠴᠠ ᠬᠤᠶᠢᠰᠢ᠂ ᠡᠨᠡᠭᠦ ᠢᠷᠠᠭᠤ ᠠᠯᠳᠠᠷ ᠢᠶᠠᠷ ᠠᠵᠠ ᠲᠤᠬᠢᠶᠠᠯ ᠪᠤᠯᠭᠠᠨ᠂ ᠨᠤᠮ ᠤᠩᠰᠢᠯᠭ᠎ᠠ ᠶᠢᠨ ᠠᠵᠢᠯ ᠢᠶᠠᠨ ᠲᠦᠯᠦᠪᠯᠡᠭᠡ ᠲᠠᠢ᠂ ᠰᠢᠰᠲ᠋ᠧᠮ ᠲᠠᠢ ᠶᠠᠪᠤᠭᠳᠠᠭᠤᠯᠤᠨ᠂ ᠰᠤᠷᠤᠭᠴᠢᠤᠨ ᠤᠨ ᠨᠤᠮ ᠤᠩᠰᠢᠬᠤ ᠲᠤᠷ᠎ᠠ ᠪᠠᠬ᠎ᠠ ᠶᠢ ᠭᠦᠪᠴᠢᠯᠡᠨ᠂ ᠰᠤᠷᠭᠠᠭᠤᠯᠢ ᠶᠢᠨ ᠭᠦᠷᠢᠶᠡᠨ ᠤ ᠤᠬᠢ ᠰᠠᠶᠢᠨ ᠨᠤᠮ ᠤᠩᠰᠢᠬᠤ ᠤᠷᠴᠢᠨ ᠢ ᠡᠭᠦᠳᠴᠤ ᠪᠠᠶᠢᠨ᠎ᠠ᠃            ᠰᠤᠷᠪᠤᠯᠵᠢᠯᠠᠭᠴᠢ ᠰᠢᠯᠤᠭᠤᠨ ᠭᠦᠭᠡ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠠᠩᠭᠢ ᠶᠢᠨ ᠭᠤᠳᠤᠮᠵᠢ ᠪᠠᠷ ᠶᠠᠪᠤᠬᠤ ᠳᠤ ᠰᠤᠷᠤᠭᠴᠢᠤᠨ ᠤᠨ ᠨᠤᠮ ᠤᠩᠰᠢᠬᠤ ᠲᠠᠭᠤᠨ ᠰᠤᠨᠤᠰᠳᠠᠨ᠂ ᠭᠡᠷᠡᠮ ᠬᠠᠨ᠎ᠠ ᠲᠡᠭᠡᠷ᠎ᠡ ᠪᠠᠨ ᠨᠤᠮ ᠤᠩᠰᠢᠬᠤ ᠶᠢ ᠤᠷᠢᠶᠠᠯᠠᠭᠰᠠᠨ ᠵᠤᠶᠢᠷ ᠰᠠᠴᠡᠨ ᠦᠭᠡ ᠶᠢ ᠪᠢᠴᠢᠵᠤ᠂ ᠭᠤᠳᠤᠮᠵᠢᠨ ᠤ ᠨᠤᠮ ᠤᠨ ᠬᠤᠷᠭᠤ ᠳᠤ ᠤᠯᠠᠨ ᠲᠦᠷᠤᠯ ᠤᠨ ᠨᠤᠮ ᠲᠠᠯᠪᠢᠭᠠᠰᠤᠳᠠᠢ ᠬᠠᠷᠠᠬᠳᠠᠨ᠎ᠠ᠃ ᠰᠤᠷᠤᠭᠴᠢᠤᠨ ᠤᠨ ᠨᠤᠮ ᠤᠩᠰᠢᠯᠭ᠎ᠠ ᠶᠢᠨ ᠲᠠᠭᠤᠨ ᠢᠶᠠᠷ ᠠᠩᠭᠢ ᠶᠢᠨ ᠭᠡᠷ ᠲᠤᠨᠢ ᠤᠷᠤᠪᠠᠯ ᠬᠤᠶᠠᠷ ᠤᠨ ᠵᠢᠷᠭᠤᠭ᠎ᠠ ᠠᠩᠭᠢ ᠶᠢᠨ ᠡᠷᠬᠢᠯᠡᠭᠴᠢ ᠪᠠᠭᠰᠢ ᠠᠯᠳᠠᠨᠴᠢᠮᠡᠭ ᠶᠠᠭ ᠠᠩᠭᠢ ᠶᠢᠨ ᠰᠤᠷᠤᠭᠴᠢᠤᠨ ᠢᠶᠠᠨ ᠵᠢᠯᠤᠭᠤᠳᠤᠨ ᠤᠩᠰᠢᠯᠭ᠎ᠠ ᠬᠢᠵᠤ ᠪᠠᠶᠢᠯ᠎ᠠ᠃ ᠰᠤᠷᠤᠭᠴᠢᠤᠨ ︽ᠮᠤᠩᠭᠤᠯ ᠠᠷᠠᠤᠨ ᠎ ᠤᠨ ᠰᠢᠯᠢᠳᠡᠭ ᠦᠯᠢᠭᠡᠷ ᠤᠳ︾᠂ ︽ᠲᠡᠯᠡᠭᠡᠢ ᠶᠢᠨ ᠭᠡᠤᠭᠡᠤᠨ ᠤᠨ ᠦᠯᠢᠭᠡᠷ ᠤᠨ ᠰᠠᠩ︾᠂ ︽ᠬᠠᠴᠢᠨ ᠵᠢᠭᠳᠡᠢ ᠦᠯᠢᠭᠡᠷ︾᠂ ︽ᠲᠤᠯᠤᠭᠠᠨ ᠦᠨᠳᠡᠭᠡ ᠲᠠᠢ ᠱᠠᠭᠠᠵᠠᠭᠠᠢ︾᠂ ︽ᠲᠤᠪᠤᠴᠠᠭ ᠤᠨ ᠲᠤᠯᠤᠭᠠᠨ ᠭᠡᠤᠭᠡᠤᠨ︾ ᠵᠡᠷᠭᠡ ᠦᠯᠢᠭᠡᠷ ᠤᠨ ᠨᠤᠮ ᠢ ᠶᠡᠭᠡᠩᠭᠢ ᠭᠡᠤᠭᠡᠤᠨ ᠤᠳ ᠪᠦᠷ ᠪᠦᠭᠦᠯᠢ ᠪᠠᠷ ᠤᠷᠤᠰᠤᠮ᠎ᠠ ᠰᠠᠶᠢᠬᠠᠨ ᠤᠩᠰᠢᠵᠤ ᠪᠠᠶᠢᠯ᠎ᠠ᠃ ᠠᠩᠭᠢ ᠶᠢᠨ ᠭᠡᠷ ᠲᠤᠨᠢ ᠴᠦ ᠨᠤᠮ ᠤᠨ ᠬᠤᠷᠭᠤ ᠲᠠᠢ ᠪᠠᠶᠢᠵᠤ᠂ ︽ᠪᠠᠭᠠᠴᠤᠤᠨ ᠤᠨ ᠰᠤᠨᠢᠨ︾᠂ ︽ᠴᠤᠮᠤᠷᠯᠢᠭ︾᠂ ︽ᠨᠠᠬᠢᠶ᠎ᠠ︾ ᠵᠡᠷᠭᠡ ᠰᠤᠨᠢᠨ ᠰᠡᠳᠭᠦᠯ ᠢ ᠦᠷᠤᠵᠤ᠂ ᠰᠤᠷᠤᠭᠴᠢᠤᠨ ᠠᠩᠭᠢ ᠶᠢᠨ ᠭᠡᠷ ᠲᠡᠭᠡᠨ ᠴᠦ ᠲᠡᠷᠡ᠂ ᠭᠤᠳᠤᠮᠵᠢᠨ ᠳᠤ ᠴᠦ ᠲᠡᠷᠡ᠂ ᠨᠤᠮ ᠢ ᠶᠠᠮᠠᠷ ᠴᠠᠭ ᠲᠤ ᠴᠦ ᠦᠵᠡᠵᠤ ᠪᠤᠯᠬᠤ ᠨᠦᠭᠦᠴᠡᠯ ᠢ ᠪᠦᠷᠢᠨ ᠬᠠᠩᠭᠠᠵᠤ᠂ ᠭᠡᠤᠭᠡᠤᠨ ᠢ ᠨᠤᠮ ᠳᠤ ᠪᠠᠭ᠋ᠠᠳᠠᠢ ᠪᠤᠯᠭᠠᠨ ᠭᠦᠮᠤᠵᠢᠭᠦᠯᠵᠤ ᠪᠠᠶᠢᠨ᠎ᠠ᠃ ᠲᠤᠰ ᠰᠤᠷᠭᠠᠭᠤᠯᠢ ᠶᠢᠨ ᠲᠠᠪᠤ ᠶᠢᠨ ᠲᠠᠪᠤ ᠠᠩᠭᠢ ᠶᠢᠨ ᠰᠤᠷᠤᠭᠴᠢ ᠠᠮᠢᠨᠰᠤᠨᠳᠤᠷ  ᠬᠤᠶᠠᠳᠤᠭᠠᠷ ᠤᠨ ᠠᠴᠠ ᠪᠠᠨ ᠡᠬᠢᠯᠡᠭᠡᠤᠨ ᠶᠡᠭᠡ ᠨᠤᠮ ᠤᠩᠰᠢᠬᠤ ᠪᠠᠬ᠎ᠠ ᠲᠠᠢ ᠪᠠᠶᠢᠵᠤ᠂ ᠤᠳᠤ ᠪᠤᠯᠬᠤ ᠳᠤ ︽ᠰᠤᠷᠬᠠᠬᠳᠠᠨᠢ ᠪᠠᠬᠢ ᠬᠠᠳᠤᠨ︾᠂ ︽ᠨᠠᠫᠤᠯᠢᠶᠤᠨ ᠡᠾᠧᠯ ᠤᠨ ᠠᠮᠵᠢᠯᠳᠠ ᠤᠯᠬᠤ ᠡᠷᠳᠡᠮ︾᠂ ︽ᠲᠢᠳᠢᠮ ᠦᠭᠡ︾᠂ ︽ᠰᠤᠷᠤᠭᠴᠢᠤᠨ ᠤᠨ ᠵᠤᠬᠢᠶᠠᠯ ᠤᠨ ᠰᠤᠩᠭᠤᠮᠠᠯ︾᠂ ︽ᠬᠤᠷᠸ᠎ᠠ ᠲᠠᠢ ᠲᠠᠨᠢᠯᠴᠠᠭᠰᠠᠨ ᠲᠡᠤᠭᠡ︾ ᠵᠡᠷᠭᠡ 60 ᠭᠠᠷᠤᠢ ᠲᠡᠪᠳᠡᠷ ᠨᠤᠮ ᠤᠩᠰᠢᠵᠤ ᠤᠯᠤᠯᠳᠠ ᠲᠦᠷᠦᠭᠳᠡᠯ ᠶᠡᠭᠡ ᠪᠠᠶᠢᠯ᠎ᠠ᠃            ᠰᠢᠯᠤᠭᠤᠨ ᠭᠦᠭᠡ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠨᠢ ᠤᠯᠠᠨ ᠵᠤᠶᠢᠯ ᠤᠨ ᠠᠷᠭ᠎ᠠ ᠠᠪᠴᠠᠯ ᠢᠶᠠᠷ ᠰᠤᠷᠤᠭᠴᠢᠤᠨ ᠤᠨ ᠨᠤᠮ ᠤᠩᠰᠢᠬᠤ ᠪᠠᠬ᠎ᠠ ᠶᠢ ᠭᠦᠭᠵᠢᠭᠡᠵᠤ ᠪᠠᠶᠢᠨ᠎ᠠ᠃ ᠡᠳᠤᠷ ᠲᠤ ᠬᠤᠶᠠᠷ ᠤᠳᠠᠭ᠎ᠠ ᠲᠤᠰᠬᠠᠢ ᠤᠩᠰᠢᠯᠭ᠎ᠠ ᠲᠤᠬᠢᠷᠠᠭᠤᠯᠵᠤ᠂ ᠭᠡᠯᠡ ᠪᠢᠴᠢᠭ ᠤᠨ ᠪᠠᠭᠰᠢᠨᠠᠷ ᠦᠪᠡᠷ ᠦᠪᠡᠷ ᠤᠨ ᠠᠩᠭᠢ ᠶᠢᠨ ᠰᠤᠷᠤᠭᠴᠢᠤᠨ ᠤᠨ ᠤᠨᠴᠠᠯᠢᠭ ᠲᠤ ᠲᠤᠬᠢᠷᠠᠭᠤᠯᠤᠨ᠂ ᠰᠤᠷᠬᠤ ᠨᠤᠮ᠂ ᠤᠩᠰᠢᠬᠤ ᠪᠢᠴᠢᠭ ᠠᠴᠠ ᠭᠠᠳᠠᠨ᠎ᠠ ᠤᠬᠤᠷ ᠠᠪᠰᠠᠷᠬᠠᠨ ᠦᠯᠢᠭᠡᠷ᠂ ᠰᠢᠯᠦᠭ᠂ ᠵᠤᠶᠢᠷ ᠰᠡᠴᠡᠨ ᠦᠭᠡ᠂ ᠭᠡᠯᠡ ᠵᠦᠭᠰᠢᠷᠡᠭᠦᠯᠭᠦ ᠦᠭᠡ ᠵᠡᠷᠭᠡ ᠶᠢ ᠵᠢᠯᠤᠭᠤᠳᠤᠨ ᠤᠩᠰᠢᠭᠤᠯᠵᠤ᠂ ᠵᠢᠯ ᠪᠤᠯᠭᠠᠨ ᠤ ᠵᠢᠷᠭᠤᠭᠠᠨ ᠰᠠᠷ᠎ᠠ ᠶᠢᠨ ᠨᠢᠭᠡᠨ ᠳᠤ ᠨᠤᠮ ᠲᠠᠢ ᠮᠤᠩᠭᠤᠯ ᠪᠠᠭᠠᠴᠤᠤᠨ᠂ ᠨᠤᠮ ᠰᠠᠶᠢᠨ ᠤᠩᠰᠢᠭᠰᠠᠨ ᠠᠶᠢᠯ ᠡᠷᠤᠭᠡ ᠶᠢ ᠱᠠᠩᠨᠠᠨ ᠭᠦᠭᠢᠭᠦᠯᠵᠤ᠂ ᠨᠤᠮ ᠤᠩᠰᠢᠯᠭ᠎ᠠ ᠶᠢᠨ ᠭᠦᠷᠢᠶ᠎ᠡ ᠴᠠᠷ᠎ᠠ ᠪᠠᠨ ᠦᠷᠭᠡᠳᠭᠡᠵᠤ ᠪᠠᠶᠢᠨ᠎ᠠ᠃ ᠤᠷᠠᠨ ᠤᠩᠰᠢᠯᠭ᠎ᠠ ᠶᠢᠨ ᠤᠷᠤᠯᠳᠤᠭᠠᠨ᠂ ᠰᠢᠯᠦᠭ ᠤᠨ ᠤᠷᠤᠯᠳᠤᠭᠠᠨ᠂ ᠦᠯᠢᠭᠡᠷ ᠤᠨ ᠤᠷᠤᠯᠳᠤᠭᠠᠨ ᠭᠡᠵᠤ ᠤᠯᠠᠨ ᠵᠤᠶᠢᠯ ᠤᠨ ᠤᠷᠤᠯᠳᠤᠭᠠᠨ ᠢ  ᠤᠳᠠᠭ᠎ᠠ ᠲᠠᠷᠠᠭᠠᠯᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠨᠤᠮ ᠤᠩᠰᠢᠬᠤ ᠲᠤᠷ᠎ᠠ ᠪᠠᠬ᠎ᠠ ᠶᠢ  ᠲᠠᠶᠢᠴᠢᠯᠠᠪᠠ᠃ ᠡᠭᠦᠨ ᠤ ᠬᠠᠮᠳᠤ ᠰᠤᠷᠭᠠᠭᠤᠯᠢ ᠶᠢᠨ ᠨᠤᠮ ᠤᠨ ᠦᠷᠤᠭᠡ ᠳᠤ ᠠᠩᠭᠢ ᠪᠠᠷ ᠢᠶᠠᠨ ᠨᠢᠭᠡᠴᠡ ᠪᠤᠯᠭᠠᠨ ᠤᠴᠢᠵᠤ᠂ ᠦᠪᠡᠷ ᠤᠨ ᠲᠤᠷ᠎ᠠ ᠪᠠᠬ᠎ᠠ ᠲᠠᠢ ᠨᠤᠮ ᠢᠶᠠᠨ ᠤᠩᠰᠢᠵᠠᠭᠠᠨ᠂ ᠨᠤᠮ ᠤᠨ ᠰᠠᠩ ᠳᠤ ᠤᠴᠢᠵᠤ᠂ ᠦᠪᠡᠷ ᠦᠪᠡᠷ ᠤᠨ ᠲᠤᠷᠠᠳᠠᠢ ᠨᠤᠮ ᠢᠶᠠᠨ ᠵᠢᠭᠡᠯᠡᠵᠤ ᠤᠩᠰᠢᠳᠠᠭ᠃            ᠲᠤᠰ ᠰᠤᠷᠭᠠᠭᠤᠯᠢ ᠶᠢᠨ ᠭᠡᠯᠡ ᠪᠢᠴᠢᠭ ᠤᠨ ᠪᠠᠭᠰᠢ ᠨᠠᠷ ᠰᠤᠷᠤᠭᠴᠢᠤᠨ ᠢ ᠤᠩᠰᠢᠯᠭ᠎ᠠ ᠶᠢᠨ ᠴᠠᠭ᠂ ᠬᠢᠴᠢᠶᠡᠯ ᠤᠨ ᠭᠠᠳᠠᠭᠤᠷᠬᠢ ᠰᠤᠯᠠ ᠰᠡᠯᠡᠭᠦᠤ ᠴᠠᠭ ᠢᠶᠠᠷ ᠢᠶᠠᠨ ᠨᠤᠮ ᠤᠩᠰᠢᠬᠤ ᠪᠠ ᠴᠢᠯᠤᠭᠡᠨ ᠤ ᠬᠤᠭᠤᠴᠠᠭᠠᠨ ᠳᠠᠭᠠᠨ ᠨᠤᠮ ᠤᠩᠰᠢᠬᠤ ᠶᠢ ᠵᠤᠷᠢᠭᠵᠢᠭᠤᠯᠤᠨ᠂ ᠬᠠᠷᠠᠬᠠᠨ ᠪᠠᠭ᠎ᠠ ᠠᠴᠠ ᠨᠢ ᠨᠤᠮ ᠤᠩᠰᠢᠬᠤ ᠤᠷᠮ᠎ᠠ ᠪᠠᠬ᠎ᠠ ᠶᠢ ᠭᠦᠮᠤᠵᠢᠭᠦᠯᠤᠨ᠂ ᠦᠨᠳᠤᠰᠤᠳᠡᠨ ᠤ ᠰᠤᠶᠤᠯ ᠤᠨ ᠭᠦᠭᠵᠢᠯᠳᠡ ᠳᠤ ᠭᠦᠴᠤᠨ ᠢᠶᠠᠨ ᠡᠷᠭᠦᠵᠤ ᠪᠠᠶᠢᠨ᠎ᠠ᠃            ᠭᠤᠷᠪᠠ ᠶᠢᠨ ᠭᠤᠷᠪᠠ ᠠᠩᠭᠢ ᠶᠢᠨ ᠡᠷᠬᠢᠯᠡᠭᠴᠢ ᠪᠠᠭᠰᠢ ᠬᠠᠰᠴᠠᠴᠡᠭ᠄ ᠮᠠᠨ ᠤ ᠠᠩᠭᠢ ᠨᠢ ᠨᠢᠭᠡᠳᠤᠭᠡᠷ ᠤᠨ ᠎ ᠠᠴᠠ ᠡᠬᠢᠯᠡᠭᠡᠤᠨ ᠨᠤᠮ ᠤᠩᠰᠢᠬᠤ ᠠᠵᠢᠯ ᠢ ᠲᠤᠩ ᠴᠢᠩᠭ᠎ᠠ ᠠᠳᠬᠤᠭᠰᠠᠭᠠᠷ ᠢᠷᠡᠵᠠᠢ᠃ ᠭᠠᠷᠠᠭ ᠪᠤᠯᠭᠠᠨ ᠤᠩᠰᠢᠯᠭ᠎ᠠ ᠎ ᠶᠢᠨ ᠤᠷᠤᠯᠳᠤᠭᠠᠨ ᠶᠠᠪᠤᠭᠳᠠᠭᠤᠯᠵᠤ᠂ ᠭᠡᠤᠭᠡᠤᠨ ᠤᠳ ᠢᠶᠠᠨ ᠨᠤᠮ ᠤᠩᠰᠢᠬᠤ ᠲᠠᠯ᠎ᠠ ᠪᠠᠷ ᠵᠤᠷᠢᠭᠵᠢᠭᠤᠯᠳᠠᠭ᠃ ᠤᠳᠤ ᠪᠤᠯᠬᠤ ᠳᠤ ᠭᠡᠤᠭᠡᠤᠨ ᠤᠳ ᠨᠤᠮ ᠤᠩᠰᠢᠬᠤ ᠲᠠᠯ᠎ᠠ ᠪᠠᠷ ᠲᠤᠶᠢᠯ ᠤᠨ ᠲᠡᠭᠡᠭᠰᠢᠯᠡᠯᠳᠡ ᠲᠠᠢ ᠪᠤᠯᠤᠭᠰᠠᠨ ᠮᠦᠷᠳᠡᠭᠡᠨ ᠨᠤᠮ ᠤᠩᠰᠢᠬᠤ ᠪᠠᠭ᠋ᠠᠳᠠᠢ ᠪᠤᠯᠵᠠᠢ᠃ ᠮᠠᠨ ᠤ ᠠᠩᠭᠢ ᠨᠢ ᠡᠳᠤᠷ ᠪᠤᠯᠭᠠᠨ ᠨᠤᠮ ᠤᠩᠰᠢᠬᠤ ᠠᠴᠠ ᠭᠠᠳᠠᠨ᠎ᠠ ᠨᠤᠮ ᠤᠩᠰᠢᠭᠰᠠᠨ ᠲᠦᠷᠦᠭᠳᠡᠯ ᠪᠢᠴᠢᠭᠦᠯᠵᠤ᠂ ᠨᠤᠮ ᠤᠩᠰᠢᠭᠰᠠᠨ ᠲᠡᠮᠳᠡᠭᠯᠡᠯ ᠬᠢᠳᠡᠭ᠃ ᠤᠳᠤ ᠪᠤᠯᠬᠤ ᠳᠤ ᠮᠠᠨ ᠤ ᠠᠩᠭᠢ ᠶᠢᠨ ᠭᠡᠤᠭᠡᠤᠨ ᠎ ᠤᠳ ᠤᠬᠤᠷ ᠠᠪᠰᠠᠷᠬᠠᠨ ᠰᠢᠯᠦᠭ᠂ ᠦᠯᠢᠭᠡᠷ ᠢ ᠪᠠᠷᠢᠨ ᠪᠤᠯᠪᠠᠰᠤᠷᠠᠩᠭᠤᠢ ᠰᠠᠶᠢᠬᠠᠨ ᠤᠩᠰᠢᠵᠤ ᠴᠢᠳᠠᠬᠤ ᠪᠤᠯᠤᠭᠰᠠᠨ ᠭᠡᠵᠤ ᠪᠠᠶᠢᠯ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号