ᠰᠢᠯᠤᠭᠤᠨ ᠬᠥᠬᠡ ᠬᠤᠰᠢᠭᠤᠨ ᠤ ᠠᠩᠬᠠᠳᠤᠭᠠᠷ ᠤᠳᠠᠭᠠᠨ ᠤ ︽ᠪᠢᠯᠢᠭ ᠤᠨ ᠬᠥᠳᠥᠴᠢ︾ ᠮᠤᠩᠭᠤᠯ ᠨᠣᠮ ᠤᠨ ᠲᠡᠯᠭᠡᠨ ᠦᠵᠡᠭᠦᠯᠥᠯᠭᠡ ᠶᠠᠪᠤᠭᠳᠠᠯ᠎ᠠ
ᠨᠡᠶᠢᠲᠡᠯᠡᠭᠰᠡᠨ ᠴᠠᠭ᠄
2019/6/21
               ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠠᠷᠢᠭᠤᠨᠳᠤᠩᠭᠠᠯᠠᠭ          ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠵᠦ᠂ ᠳᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠲᠤᠭᠲᠠᠭᠠᠭᠳᠠᠭᠰᠠᠨ 40 ᠵᠢᠯ ᠤᠨ ᠤᠢ ᠶᠢ ᠤᠭᠳᠤᠨ᠂ ᠳᠤᠮᠳᠠᠳᠤ ᠤᠯᠤᠰ ᠤᠨ ᠣᠷᠴᠢᠨ ᠣᠳᠤ ᠦᠶ᠎ᠡ ᠶᠢᠨ ᠮᠤᠩᠭᠤᠯ ᠤᠷᠠᠨ ᠵᠤᠬᠢᠶᠠᠯ ᠤᠨ ᠰᠠᠭᠤᠷᠢᠯᠠᠭᠴᠢ ᠶᠡᠭᠡ ᠰᠢᠯᠥᠭᠴᠢ ᠨᠡ᠊᠂ ᠰᠠᠶᠢᠨᠴᠤᠭᠳᠤ ᠶᠢᠨ ᠮᠡᠨᠳᠥᠯᠡᠭᠰᠡᠨ 105 ᠵᠢᠯ ᠤᠨ ᠤᠢ ᠶᠢ ᠲᠤᠷᠠᠳᠬᠠᠨ᠂ ᠨᠣᠮ ᠤᠨ ᠴᠠᠭᠠᠨ ᠪᠤᠶᠠᠨ ᠢ ᠲᠥᠬᠡᠬᠡᠨ ᠲᠡᠯᠭᠡᠷᠡᠭᠦᠯᠵᠥ᠂ ᠦᠨᠳᠥᠰᠥᠲᠡᠨ ᠤ ᠪᠠᠨ ᠥᠪ ᠰᠤᠶᠤᠯ ᠢᠶᠠᠨ ᠤᠯᠠᠮᠵᠢᠯᠠᠬᠤ ᠵᠣᠷᠢᠯᠭ᠎ᠠ ᠲᠠᠢ ᠪᠠᠷ ᠰᠢᠯᠤᠭᠤᠨ ᠬᠥᠬᠡ ᠬᠤᠰᠢᠭᠤᠨ ᠤ ᠠᠩᠬᠠᠳᠤᠭᠠᠷ ᠤᠳᠠᠭᠠᠨ ᠤ ︽ᠪᠢᠯᠢᠭ ᠤᠨ ᠬᠥᠳᠥᠴᠢ︾ ᠮᠤᠩᠭᠤᠯ ᠨᠣᠮ ᠤᠨ ᠲᠡᠯᠭᠡᠨ ᠦᠵᠡᠭᠦᠯᠥᠯᠭᠡ 6 ᠰᠠᠷ᠎ᠠ ᠶᠢᠨ 15 ᠎ ᠤ ᠡᠳᠤᠷ ᠠᠴᠠ 16᠎ ᠤ ᠡᠳᠤᠷ ᠪᠤᠯᠳᠠᠯ᠎ᠠ ᠰᠢᠯᠤᠭᠤᠨ ᠬᠥᠬᠡ ᠬᠤᠰᠢᠭᠤᠨ ᠤ ᠮᠤᠩᠭᠤᠯ ᠦᠨᠳᠤᠰᠤᠳᠡᠨ ᠤ ᠲᠡᠭᠡᠳᠥ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠯ᠎ᠠ᠃          ᠲᠤᠰ ᠤᠳᠠᠭᠠᠨ ᠤ ᠨᠣᠮ ᠤᠨ ᠲᠡᠯᠭᠡᠨ ᠦᠵᠡᠭᠦᠯᠥᠯᠭᠡ ᠶᠢ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠵᠢᠭᠠᠰᠤᠲᠠᠢ ᠰᠣᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠠᠴᠠ ᠭᠤᠤᠯᠯᠠᠨ ᠡᠷᠬᠢᠯᠡᠵᠤ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠯᠲᠠᠨ ᠰᠢᠷᠡᠭᠡᠳᠥ ᠭᠠᠴᠠᠭᠠᠨ ᠤ ᠨᠠᠰᠤᠲᠠᠶᠢᠴᠤᠳ ᠤᠨ ᠨᠡᠶᠢᠭᠡᠮᠯᠢᠭ᠂ ᠮᠤᠩᠭᠤᠯ ᠠᠳᠤᠭᠤᠨ ᠰᠤᠶᠤᠯ ᠤᠨ ᠨᠡᠶᠢᠭᠡᠮᠯᠢᠭ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠲᠠᠭᠠᠭᠠᠴᠢᠯᠠᠨ ᠡᠷᠬᠢᠯᠡᠵᠤ ᠶᠠᠪᠤᠠᠠᠳᠠᠭᠤᠯᠵᠠᠢ᠃          ᠤᠶᠢᠯᠠᠭᠠᠭᠰᠠᠨ ᠢᠶᠠᠷ᠂ ᠲᠤᠰ ᠤᠳᠠᠭᠠᠨ ᠤ ᠲᠡᠯᠭᠡᠨ ᠦᠵᠡᠭᠦᠯᠥᠯᠭᠡ ᠨᠢ ᠬᠥᠬᠡᠬᠤᠲᠠ᠂ ᠤᠯᠠᠭᠠᠨᠬᠠᠳᠠ᠂ ᠪᠠᠭᠠᠷᠢᠨ᠂ ᠰᠢᠯᠢᠩᠬᠤᠲᠠ᠂ ᠣᠷᠳᠤᠰ ᠵᠢᠴᠢ ᠮᠠᠨ ᠤ ᠠᠶᠢᠮᠠᠭ ᠤᠨ ᠡᠯ᠎ᠡ ᠬᠤᠰᠢᠭᠤᠤᠨ ᠠᠴᠠ ᠢᠷᠡᠭᠰᠡᠨ ᠨᠣᠮ ᠤᠨ ᠪᠠᠭ᠋ᠠᠳᠠᠥᠨ ᠤᠨ ᠲᠡᠯᠭᠡᠭᠰᠠᠠ ᠲᠡᠤᠬᠡ ᠰᠤᠶᠤᠯ᠂ ᠤᠷᠠᠨ ᠵᠤᠬᠢᠶᠠᠯ᠂ ᠵᠠᠩ ᠥᠢᠯᠡ ᠵᠡᠷᠭᠡ ᠲᠥᠷᠥᠯ ᠵᠥᠢᠯ ᠢ ᠪᠠᠭᠳᠠᠭᠠᠭᠰᠠᠨ ᠨᠣᠮ ᠰᠡᠳᠬᠦᠯ ᠪᠠᠶᠢᠵᠤ᠂ ᠭᠤᠤᠯᠳᠠᠭᠤ 2000 ᠣᠨ ᠠᠴᠠ ᠡᠮᠥᠨᠡᠬᠢ ᠬᠡᠪᠯᠡᠯ ᠤᠨ ᠬᠠᠭᠤᠴᠢᠨ ᠨᠣᠮ ᠤᠳ ᠪᠠᠶᠢᠯ᠎ᠠ᠃ ᠠᠵᠢᠯᠯᠠᠭᠠᠨ ᠤ ᠬᠤᠭᠤᠴᠠᠭᠠᠨ ᠳᠤ ᠨᠣᠮ ᠤᠨ ᠲᠤᠬᠠᠢ ᠴᠢᠯᠥᠭᠡᠲᠥ ᠶᠠᠷᠢᠯᠴᠠᠭ᠎ᠠ ᠥᠷᠨᠢᠭᠦᠯᠥᠨ᠂ ᠦᠵᠡᠯ ᠪᠣᠳᠤᠯ ᠢᠶᠠᠨ ᠰᠤᠯᠢᠯᠴᠬᠠᠰᠠᠠ ᠤ ᠬᠠᠮᠳᠤ ᠨᠤᠮ ᠤᠨ ᠪᠤᠷᠤᠯᠠᠭᠤᠯᠭ᠎ᠠ ᠬᠢᠭᠰᠡᠠ ᠪᠠᠶᠢᠨ᠎ᠠ᠃ ᠠᠵᠢᠯᠯᠠᠭ᠎ᠠ ᠪᠠᠷ ᠵᠢᠭᠠᠰᠤᠲᠠᠢ ᠰᠣᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠰᠢᠭᠤ ︽ᠨᠣᠭᠤᠭᠠᠨ ᠵᠡᠭᠦᠳᠥ︾ ᠨᠣᠮ ᠤᠨ ᠥᠷᠥᠭᠡ ᠠᠴᠠ ᠨᠣᠮ ᠤᠨ ᠪᠠᠭ᠋ᠠᠷᠬᠠᠯ ᠲᠠᠢ ᠰᠤᠷᠤᠭᠴᠢᠳ ᠲᠤ ᠨᠣᠮ ᠪᠠ ᠪᠢᠴᠢᠭ ᠤᠨ ᠪᠣᠭᠴᠤ ᠬᠠᠨᠳᠢᠪᠯᠠᠭᠰᠠᠨ ᠪᠠᠶᠢᠨ᠎ᠠ᠃          ᠵᠤᠬᠢᠶᠠᠨ ᠪᠠᠶᠢᠭᠤᠯᠬᠤ ᠺᠤᠮᠢᠰ ᠤᠨ ᠭᠡᠰᠢᠭᠦᠨ ᠰᠦᠬᠡᠪᠠᠭᠠᠳᠤᠷ ᠭᠡᠯᠡᠭᠦ ᠳᠡᠭᠡᠨ᠄ ᠡᠨᠡ ᠵᠢᠯ ᠪᠣᠯ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠲᠤᠭᠲᠠᠭᠠᠭᠳᠠᠭᠰᠠᠨ40 ᠵᠢᠯ ᠤᠨ ᠤᠢ᠂ ᠠᠯᠳᠠᠷᠳᠤ ᠰᠢᠯᠥᠭᠴᠢ ᠨᠡ᠊᠂ ᠰᠠᠶᠢᠨᠴᠤᠭᠳᠤ ᠶᠢᠨ ᠮᠡᠨᠳᠥᠯᠡᠭᠰᠡᠨ105 ᠵᠢᠯ ᠤᠨ ᠤᠢ ᠲᠤᠬᠢᠶᠠᠵᠤ᠂ ᠮᠥᠨᠴᠥ ᠬᠠᠮᠤᠭ ᠤᠨ ᠭᠤᠣᠯ ᠨᠢ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ70 ᠵᠢᠯ ᠤᠨ ᠣᠢ ᠶᠢ ᠪᠡᠯᠭᠡᠯᠡᠨ ᠡᠨᠡᠬᠦ ᠬᠥᠳᠡᠯᠭᠡᠭᠡᠨ ᠢ ᠵᠤᠬᠢᠶᠠᠨ ᠪᠠᠶᠢᠭᠤᠯᠤᠭᠰᠠᠨ ᠶᠤᠮ᠃ ᠡᠭᠦᠨ ᠤ ᠬᠠᠮᠳᠤ ᠣᠳᠤ ᠶᠢᠨ ᠬᠥᠮᠥᠰ ᠲᠧᠯᠸᠢᠰ ᠭᠠᠷ ᠤᠳᠠᠰᠤᠨ ᠳᠤ ᠶᠡᠭᠡ ᠰᠢᠨᠤᠵᠤ ᠪᠠᠶᠢᠭ᠎ᠠ ᠳᠤ ᠴᠢᠭᠯᠡᠭᠦᠯᠤᠨ᠂ ᠨᠣᠮ ᠢᠯᠡᠭᠦᠤ ᠤᠩᠰᠢᠬᠤ ᠶᠢ ᠤᠷᠢᠶᠠᠯᠠᠭᠰᠠᠨ ᠶᠤᠮ ᠭᠡᠯ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号