ᠪᠦᠬᠦ ᠠᠶᠢᠮᠠᠭ ᠤᠨ ︽ᠦᠨᠳᠦᠰᠦᠲᠡᠨ ᠤ ᠤᠬᠢ ᠰᠢᠯᠢᠳᠡᠭ ᠰᠤᠶᠤᠯ ᠢ ᠦᠪᠯᠡᠨ ᠤᠯᠠᠮᠵᠢᠯᠠᠵᠤ᠂ ᠶᠤᠸᠠᠨ  ᠤ ᠳᠡᠭᠡᠳᠦ ᠨᠡᠶᠢᠰᠯᠡᠯ ᠤᠨ ᠰᠤᠶᠤᠯ ᠤᠨ ᠨᠡᠷᠡᠳᠦ ᠳᠡᠮᠳᠡᠭ ᠢ ᠪᠤᠢ ᠪᠤᠯᠭᠠᠬᠤ︾ ᠲᠤᠮᠤ ᠰᠤᠷᠪᠤᠯᠵᠢᠯᠠᠭ᠎ᠠ ᠳᠤᠮᠤ ᠵᠤᠬᠢᠶᠠᠨ ᠪᠦᠲᠦᠭᠡᠯᠭᠡ ᠶᠢᠨ ᠠᠵᠢᠯᠯᠠᠭ᠎ᠠ ᠰᠢᠯᠤᠭᠤᠨ ᠬᠦᠭᠡ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2019/7/17
                     ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠦᠵᠡᠰᠭᠦᠯᠡᠩ          ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠶᠢᠮᠠᠭ ᠤᠨ ᠤᠳᠬ᠎ᠠ ᠤᠷᠠᠯᠢᠭ ᠤᠨ  ᠬᠢᠨ ᠤ ᠬᠤᠯᠪᠤᠭᠠᠨ ᠠᠴᠠ ᠭᠤᠤᠯᠯᠠᠨ ᠡᠷᠬᠢᠯᠡᠭᠰᠡᠨ ᠪᠦᠬᠦ ᠠᠶᠢᠮᠠᠭ ᠤᠨ ︽ᠦᠨᠳᠦᠰᠦᠲᠡᠨ ᠤ ᠤᠬᠢ ᠰᠢᠯᠢᠳᠡᠭ ᠰᠤᠶᠤᠯ ᠢ ᠦᠪᠯᠡᠨ ᠤᠯᠠᠮᠵᠢᠯᠠᠵᠤ᠂ ᠶᠤᠸᠠᠨ ᠤ ᠳᠡᠭᠡᠳᠦ ᠨᠡᠶᠢᠰᠯᠡᠯ ᠤᠨ ᠰᠤᠶᠤᠯ ᠤᠨ ᠨᠡᠷᠡᠳᠦ ᠳᠡᠮᠳᠡᠭ ᠢ ᠪᠤᠢ ᠪᠤᠯᠭᠠᠬᠤ︾ ᠲᠤᠮᠤ ᠰᠤᠷᠪᠤᠯᠵᠢᠯᠠᠭ᠎ᠠ ᠳᠤᠮᠤ ᠵᠤᠬᠢᠶᠠᠨ ᠪᠦᠲᠦᠭᠡᠯᠭᠡ ᠶᠢᠨ ᠠᠵᠢᠯᠯᠠᠭ᠎ᠠ ᠰᠢᠯᠤᠭᠤᠨ ᠬᠦᠭᠡ ᠬᠤᠰᠢᠭᠤᠨ  ᠳᠤ ᠶᠠᠪᠤᠭᠳᠠᠯ᠎ᠠ᠃          ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠦ᠂ ᠦᠨᠳᠦᠰᠦᠲᠡᠨ ᠤ ᠦᠪᠡᠷᠮᠢᠴᠡ ᠰᠤᠶᠤᠯ ᠤᠨ ᠡᠬᠢ ᠪᠠᠶᠠᠯᠢᠭ ᠢ ᠠᠭᠤᠳᠠᠯᠤᠨ᠂ ᠮᠠᠨ ᠤ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠪᠤᠯᠤᠨ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠤᠳᠬ᠎ᠠ ᠤᠷᠠᠯᠢᠭ ᠤᠨ ᠠᠵᠢᠯᠳᠠᠳ ᠤᠨ ︽ᠠᠮᠢᠳᠤᠷᠠᠯ ᠳᠤ ᠬᠦᠨᠵᠡᠭᠡᠶᠢᠷᠡᠵᠦ ᠠᠷᠠᠳ ᠤᠯᠠᠨ ᠤ ᠳᠤᠮᠳᠠ ᠰᠠᠭᠤᠷᠢᠰᠢᠬᠤ︾ ᠶᠢ ᠢᠳᠡᠪᠬᠢᠳᠡᠢ ᠲᠦᠯᠬᠢᠨ ᠠᠬᠢᠭᠤᠯᠵᠤ᠂ ᠶᠤᠸᠠᠨ ᠤ ᠳᠡᠭᠡᠳᠦ ᠨᠡᠶᠢᠰᠯᠡᠯ ᠤᠨ ᠰᠤᠶᠤᠯ  ᠤᠨ ᠰᠤᠳᠤᠯᠭᠠᠨ ᠢ ᠬᠦᠨᠵᠡᠭᠡᠶᠢᠷᠡᠭᠦᠯᠬᠦ ᠵᠤᠷᠢᠯᠳᠠ ᠪᠠᠷ ᠡᠷᠬᠢᠯᠡᠭᠰᠡᠨ ᠪᠦᠬᠦ ᠠᠶᠢᠮᠠᠭ ᠤᠨ ︽ᠦᠨᠳᠦᠰᠦᠲᠡᠨ ᠤ ᠤᠬᠢ ᠰᠢᠯᠢᠳᠡᠭ ᠰᠤᠶᠤᠯ ᠢ ᠦᠪᠯᠡᠨ ᠤᠯᠠᠮᠵᠢᠯᠠᠵᠤ᠂ ᠶᠤᠸᠠᠨ ᠤ ᠳᠡᠭᠡᠳᠦ ᠨᠡᠶᠢᠰᠯᠡᠯ ᠤᠨ ᠰᠤᠶᠤᠯ ᠤᠨ ᠨᠡᠷᠡᠳᠦ ᠳᠡᠮᠳᠡᠭ ᠢ ᠪᠤᠢ ᠪᠤᠯᠭᠠᠬᠤ︾ ᠲᠤᠮᠤ ᠰᠤᠷᠪᠤᠯᠵᠢᠯᠠᠭ᠎ᠠ ᠳᠤᠮᠤ ᠵᠤᠬᠢᠶᠠᠨ ᠪᠦᠲᠦᠭᠡᠯᠭᠡ ᠶᠢᠨ ᠠᠵᠢᠯᠯᠠᠭ᠎ᠠ 7 ᠰᠠᠷ᠎ᠠ ᠶᠢᠨ 12 ᠤᠨ ᠡᠳᠤᠷ ᠠᠴᠠ 14 ᠤ ᠡᠳᠦᠷ ᠪᠤᠯᠳᠠᠯᠠᠬᠢ ᠬᠤᠭᠤᠴᠠᠭᠠᠨ ᠳᠤ ᠰᠢᠯᠤᠭᠤᠨ ᠬᠦᠭᠡ ᠬᠤᠰᠢᠭᠤᠨ ᠤ ᠵᠢᠭᠠᠰᠤᠳᠠᠢ ᠰᠤᠮᠤᠨ  ᠤ ᠪᠠᠶᠠᠨᠪᠤᠯᠠᠭ ᠭᠠᠴᠠᠭᠠᠨ ᠳᠤ ᠶᠠᠪᠤᠭᠳᠠᠯ᠎ᠠ᠃          ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠨᠠᠮ ᠤᠨ ᠲᠤᠭᠤᠶᠢᠯᠠᠩ ᠤᠨ ᠱᠦᠵᠢ᠂ ᠳᠡᠷᠢᠭᠦᠯᠡᠭᠴᠢ ᠴᠠᠩ ᠰᠢᠶᠠ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠳᠡᠳ᠋ ᠳᠡᠷᠢᠭᠦᠯᠡᠭᠴᠢ ᠡᠷᠳᠡᠮᠳᠦ ᠵᠢᠴᠢ ᠰᠢᠯᠤᠭᠤᠨ ᠬᠦᠭᠡ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠢᠭᠠᠰᠤᠳᠠᠢ ᠰᠤᠮᠤᠨ ᠤ ᠬᠠᠮᠢᠶᠠᠳᠠᠢ ᠬᠦᠮᠦᠰ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃          ᠠᠵᠢᠯᠯᠠᠭ᠎ᠠ ᠨᠢ ᠮᠠᠯᠴᠢᠨ ᠠᠶᠢᠯ ᠢᠶᠠᠷ ᠬᠦᠨᠵᠡᠭᠡᠶᠢᠷᠡᠵᠦ ᠲᠠᠯ᠎ᠠ ᠨᠤᠲᠤᠭ ᠤᠨ ᠦᠩᠭᠡ ᠦᠵᠡᠮᠵᠢ ᠶᠢ ᠰᠤᠨᠢᠷᠬᠠᠨ᠂ ᠰᠤᠶᠤᠯ ᠢᠷᠭᠡᠨᠰᠢᠯ ᠤᠨ ᠪᠤᠷᠤ ᠮᠠᠲ᠋ᠧᠷᠢᠶᠠᠯ ᠴᠤᠭᠯᠠᠭᠤᠯᠬᠤ᠂ ᠮᠠᠯᠴᠢᠤᠨ ᠤᠨ ᠠᠮᠢᠳᠤᠷᠠᠯ ᠢ ᠤᠶᠢᠯᠠᠭᠠᠬᠤ᠂ ᠡᠮᠡᠭᠡᠯ ᠲᠦᠭᠦᠭᠡᠷᠭᠦ ᠠᠯᠬᠤᠮ ᠳᠠᠷᠠᠭ᠎ᠠ ᠵᠢᠴᠢ ᠡᠭᠦᠨ ᠳᠤ ᠬᠠᠮᠢᠶᠠᠳᠠᠭᠰᠠᠨ ᠵᠠᠩ ᠦᠢᠯᠡ ᠶᠢ ᠳᠠᠶᠢᠯᠪᠤᠷᠢᠯᠠᠬᠤ ᠵᠡᠷᠭᠡ ᠠᠭᠤᠯᠭ᠎ᠠ ᠠᠴᠠ ᠭᠠᠳᠠᠨ᠎ᠠ ᠲᠤᠰᠬᠠᠢ ᠪᠠᠭᠰᠢ ᠵᠠᠯᠠᠵᠤ ᠦᠨᠳᠦᠰᠦᠲᠡᠨ ᠤ ᠵᠠᠩ ᠦᠢᠯᠡ᠂ ᠭᠤᠸ᠎ᠠ ᠵᠦᠢ ᠵᠡᠷᠭᠡ ᠲᠠᠯ᠎ᠠ ᠪᠠᠷ ᠳᠠᠶᠢᠯᠤᠮᠵᠢ ᠬᠢᠯᠭᠡᠭᠰᠡᠨ ᠪᠠᠶᠢᠨ᠎ᠠ᠃          ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠭᠡᠰᠡᠭ ᠺᠠᠳ᠋ᠷ ᠠᠵᠢᠯᠳᠠᠳ᠂ ᠠᠶᠢᠮᠠᠭ ᠤᠨ ᠤᠷᠠᠨ ᠵᠢᠷᠤᠭᠴᠢᠳ ᠤᠨ ᠨᠡᠶᠢᠭᠡᠮᠯᠢᠭ ᠪᠤᠯᠤᠨ ᠤᠷᠠᠨ ᠪᠢᠴᠢᠯᠭᠡᠳᠡᠳ ᠤᠨ ᠨᠡᠶᠢᠭᠡᠮᠯᠢᠭ ᠤᠨ ᠬᠡᠰᠢᠬᠦᠳ᠂ ᠠᠷᠠᠳ ᠤᠨ ᠤᠷᠠᠯᠢᠭᠴᠢᠳ ᠨᠡᠶᠢᠳᠡ 30 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠵᠠᠢ᠃      
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号