| ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠡᠭᠡᠰᠢᠭ | 7 ᠰᠠᠷ᠎ᠠ ᠶᠢᠨ 15 ᠤ ᠡᠳᠦᠷ᠂ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ | ᠦᠨᠳᠦᠰᠦᠳᠡᠨ ᠤ ᠤᠳᠬ᠎ᠠ ᠵᠤᠬᠢᠶᠠᠯ︾ ᠰᠡᠳᠬᠦᠯ ᠤᠨ ᠰᠢᠯᠢ ᠶᠢᠨ ᠭᠤᠤᠯ ᠠᠶᠢᠮᠠᠭ ᠳᠠᠬᠢ ᠵᠤᠬᠢᠶᠠᠨ ᠪᠦᠳᠦᠭᠡᠯᠭᠡ | ᠤᠡᠭᠰᠢᠯᠭ᠎ᠠ ᠶᠢᠨ ᠲᠦᠪ ᠤᠨ ᠢᠯᠡᠷᠭᠡᠶᠢᠯᠡᠯ ᠰᠡᠬᠦᠬᠦ ᠶᠤᠰᠤᠯᠠᠯ ᠰᠢᠯᠤᠭᠤᠨ ᠭᠦᠭᠡ ᠬᠤᠰᠢᠭᠤᠨ ᠤ ᠵᠢᠭᠠᠰᠤᠲᠠᠢ | ᠰᠤᠮᠤᠨ ᠤ ᠰᠢᠷᠡᠭᠡᠳᠦ ᠭᠠᠴᠠᠭᠠᠨ ᠤ ᠨᠠ᠊ · ᠰᠠᠶᠢᠨᠴᠤᠭᠳᠦ ᠶᠢᠨ ᠲᠤᠷᠠᠰᠬᠠᠯ ᠤᠨ ᠤᠷᠳᠤᠨ ᠳᠤ ᠶᠠᠪᠤᠭᠳᠠᠯ᠎ᠠ᠃ | ᠲᠤᠰ ᠤᠳᠠᠭᠠᠨ ᠤ ᠠᠵᠢᠯᠯᠠᠭ᠎ᠠ ᠶᠢ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ | ᠦᠨᠳᠦᠰᠦᠳᠡᠨ ᠤ ᠤᠳᠬ᠎ᠠ ᠵᠤᠬᠢᠶᠠᠯ︾ ᠰᠡᠳᠬᠦᠯ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠳᠡᠰ᠂ ᠰᠢᠯᠢ ᠶᠢᠨ ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠰᠢᠯᠤᠭᠤᠨ | ᠬᠦᠬᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠬᠤᠰᠢᠭᠤ ᠨᠠᠮ | ᠤᠨ ᠬᠤᠷᠢᠶᠠᠨ ᠤ ᠤᠬᠠᠭᠤᠯᠬᠤ ᠬᠡᠯᠳᠡᠰ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠵᠢᠭᠠᠰᠤᠲᠠᠢ | ᠰᠤᠮᠤᠨ ᠤ ᠨᠠᠮ ᠤᠨ ᠬᠤᠷᠢᠶ᠎ᠠ ᠠᠴᠠ ᠬᠠᠮᠳᠤᠷᠠᠨ ᠡᠷᠬᠢᠯᠠᠵᠠᠢ᠃ | ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ᠦᠨᠳᠦᠰᠦᠳᠡᠨ ᠤ ᠤᠳᠬ᠎ᠠ ᠵᠤᠬᠢᠶᠠᠯ︾ | ᠰᠡᠳᠬᠦᠯ ᠤᠨ ᠨᠠᠶᠢᠷᠠᠭᠤᠯᠤᠭᠴᠢ ᠱᠢ ᠢ ᠨᠢᠩ᠂ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ | ᠦᠨᠳᠦᠰᠦᠳᠡᠨ ᠤ ᠤᠳᠬ᠎ᠠ ᠵᠤᠬᠢᠶᠠᠯ︾ ᠰᠡᠳᠬᠦᠯ ᠤᠨ ᠲᠡᠳ᠋ ᠨᠠᠶᠢᠷᠠᠭᠤᠯᠤᠭᠴᠢ ᠴᠧᠨ ᠶᠠ ᠵᠢᠶᠦ᠋ᠨ᠂ ᠦᠪᠦᠷ | ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠤᠭᠤᠷᠢᠨ ᠪᠠᠶᠢᠴᠠᠭᠠᠭᠴᠢ ᠰᠡᠴᠡᠨ᠂ | ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠨᠠᠮ ᠤᠨ ᠲᠤᠭᠤᠶᠢᠯᠠᠩ ᠤᠨ ᠭᠡᠰᠢᠬᠦᠨ᠂ | ᠲᠡᠳ᠋ ᠲᠡᠷᠢᠬᠦᠯᠡᠭᠴᠢ ᠪᠣᠣ ᠶᠢᠨ ᠱᠠᠨ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ | ᠤᠨ ᠵᠦᠪᠯᠡᠯ ᠤᠨ ᠲᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠾᠥᠸᠧ ᠶᠢᠨ ᠪᠢᠡᠭ᠂ ᠠᠶᠢᠮᠠᠭ | ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠲᠠᠷᠤᠭ᠎ᠠ ᠪᠣᠣ ᠸᠧᠨ ᠰᠢᠶᠠ᠂ ᠠᠶᠢᠮᠠᠭ ᠤᠨ ᠰᠤᠶᠤᠯ | ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠲᠡᠳ᠋ ᠲᠠᠷᠤᠭ᠎ᠠ ᠠᠯᠳᠠᠨᠨᠠᠪᠴᠢ᠂ ᠬᠤᠰᠢᠭᠤ ᠨᠠᠮ ᠤᠨ | ᠬᠤᠷᠢᠶᠠᠨ ᠤ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ᠂ ᠵᠠᠰᠠᠭ ᠤᠨ ᠤᠷᠳᠤᠨ ᠤ ᠠᠯᠪᠠᠨ | ᠭᠡᠷ ᠤᠨ ᠡᠷᠬᠢᠯᠡᠭᠴᠢ ᠲᠡᠮᠦᠷ᠂ ᠠᠶᠢᠮᠠᠭ ᠤᠨ ᠪᠦᠬᠦ ᠠᠷᠠᠳ ᠢᠶᠠᠷ ᠢᠶᠠᠨ ᠨᠤᠮ ᠤᠡᠭᠰᠢᠬᠤ ᠶᠢ ᠠᠬᠢᠭᠤᠯᠬᠤ ᠨᠡᠶᠢᠭᠡᠮᠯᠢᠭ | ᠤᠨ ᠨᠡᠷ᠎ᠡ ᠬᠦᠨᠳᠦᠳᠦ ᠲᠠᠷᠤᠭ᠎ᠠ ᠵᠠᠩ ᠢ ᠶᠤᠰᠤᠯᠠᠯ ᠳᠤ ᠤᠷᠤᠯᠴᠠᠨ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ | ᠬᠤᠯᠪᠤᠭᠠᠨ ᠤ ᠨᠠᠮ ᠤᠨ ᠲᠤᠭᠤᠶᠢᠯᠠᠩ ᠤᠨ ᠱᠦᠵᠢ᠂ ᠲᠡᠷᠢᠬᠦᠯᠡᠭᠴᠢ ᠴᠠᠩ ᠰᠢᠶᠠ ᠶᠤᠰᠤᠯᠠᠯ ᠢ ᠡᠷᠬᠢᠯᠡᠭᠰᠡᠨ | ᠪᠠᠶᠢᠨ᠎ᠠ᠃ | ᠶᠤᠰᠤᠯᠠᠯ ᠲᠡᠭᠡᠷ᠎ᠡ᠂ ᠱᠢ ᠢ ᠨᠢᠩ᠂ ᠾᠥᠸᠧ ᠶᠢᠨ ᠪᠢᠡᠭ᠂ ᠪᠣᠣ ᠸᠧᠨ ᠰᠢᠶᠠ ᠨᠠᠷ ᠲᠤᠰ ᠲᠤᠰ | ᠪᠠᠶᠠᠷ ᠤᠨ ᠦᠭᠡ ᠶᠠᠷᠢᠵᠤ᠂ ︽ᠦᠨᠳᠦᠰᠦᠳᠡᠨ ᠤ ᠤᠳᠬ᠎ᠠ ᠵᠤᠬᠢᠶᠠᠯ︾ ᠰᠡᠳᠬᠦᠯ ᠤᠨ ᠬᠤᠷᠢᠶ᠎ᠠ ᠠᠴᠠ ᠠᠶᠢᠮᠠᠭ | ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠳᠤ ︽ᠵᠤᠬᠢᠶᠠᠨ ᠪᠦᠳᠦᠭᠡᠯᠭᠡ ᠤᠡᠭᠰᠢᠯᠭ᠎ᠠ ᠶᠢᠨ ᠲᠦᠪ︾ ᠤᠨ | ᠫᠠᠶᠢᠰᠠ ᠶᠢ ᠤᠯᠭᠤᠨ᠂ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ᠦᠨᠳᠦᠰᠦᠳᠡᠨ ᠤ ᠤᠳᠬ᠎ᠠ | ᠵᠤᠬᠢᠶᠠᠯ︾ ᠰᠡᠳᠬᠦᠯ ᠤᠨ ᠬᠤᠷᠢᠶ᠎ᠠ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠶᠢᠮᠠᠭ ᠤᠨ | ᠪᠦᠬᠦ ᠠᠷᠠᠳ ᠢᠶᠠᠷ ᠢᠶᠠᠨ ᠨᠤᠮ ᠤᠡᠭᠰᠢᠬᠤ ᠶᠢ ᠠᠬᠢᠭᠤᠯᠬᠤ ᠨᠡᠶᠢᠭᠡᠮᠯᠢᠭ ᠤᠨ ᠬᠢᠨ ᠠᠴᠠ ᠨᠠ᠊ · ᠰᠠᠶᠢᠨᠴᠤᠭᠳᠦ ᠶᠢᠨ | ᠲᠤᠷᠠᠰᠬᠠᠯ ᠤᠨ ᠤᠷᠳᠤᠨ ᠳᠤ ᠨᠤᠮ ᠬᠦᠷᠭᠡᠵᠤ᠂ ᠶᠤᠰᠤᠯᠠᠯ ᠳᠤ ᠤᠷᠤᠯᠴᠠᠭᠰᠠᠨ ᠪᠦᠬᠦ ᠬᠦᠮᠦᠰ ᠬᠠᠮᠳᠤᠪᠠᠷ | ᠲᠤᠷᠠᠰᠬᠠᠯ ᠤᠨ ᠤᠷᠳᠤᠨ ᠢ ᠲᠤᠭᠤᠷᠢᠨ ᠦᠵᠡᠬᠦ ᠶᠢᠨ ᠵᠡᠷᠭᠡᠪᠡᠷ ᠨᠠ᠊ · ᠰᠠᠶᠢᠨᠴᠤᠭᠳᠦ ᠶᠢᠨ ᠬᠦᠰᠢᠶᠡᠨ ᠳᠤ ᠬᠠᠳᠠᠭ | ᠡᠷᠬᠦᠯ᠎ᠡ᠃ ᠬᠤᠰᠢᠭᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠪᠤᠯᠤᠨ ᠵᠢᠭᠠᠰᠤᠲᠠᠢ | ᠰᠤᠮᠤᠨ ᠤ ᠨᠤᠳᠤᠭ ᠪᠡᠯᠴᠢᠭᠡᠷ ᠬᠢᠨᠠᠨ ᠬᠠᠮᠢᠶᠠᠷᠬᠤ ᠰᠠᠯᠪᠤᠷᠢ ᠶᠢᠨ ᠬᠠᠮᠢᠶᠠᠲᠠᠢ ᠠᠵᠢᠯᠳᠠᠨ ᠠᠴᠠ ᠨᠠ᠊ · ᠰᠠᠶᠢᠨᠴᠤᠭᠳᠦ | ᠶᠢᠨ ᠲᠦᠯᠦᠭᠡᠯᠡᠭᠴᠢ ᠪᠦᠳᠦᠭᠡᠯ ᠪᠤᠯᠬᠤ ︽ᠡᠯᠡᠰᠦ ᠮᠠᠩᠬᠠᠨ ᠤ ᠡᠭᠡ ᠨᠤᠳᠤᠭ︾᠂ ︽ᠪᠠᠶᠠᠷ ᠤᠨ ᠲᠠᠭᠤᠯᠠᠯ︾ ᠢ | ᠤᠯᠠᠨ ᠳᠤ ᠤᠶᠠᠩᠭᠠᠯᠠᠭᠰᠠᠨ ᠪᠠᠶᠢᠨ᠎ᠠ᠃ | ᠨᠠ᠊ · ᠰᠠᠶᠢᠨᠴᠤᠭᠳᠦ ᠶᠢᠨ ᠬᠤᠶᠢᠴᠢ ᠦᠶ᠎ᠠ ᠶᠢᠨ ᠲᠦᠯᠦᠭᠡᠯᠡᠭᠴᠢ ᠠᠴᠠ ᠨᠠ᠊ · ᠰᠠᠶᠢᠨᠴᠤᠭᠳᠦ ᠶᠢᠨ | ᠡᠷᠬᠢᠮ ᠲᠡᠭᠡᠳᠦ ᠵᠠᠩ ᠰᠤᠷᠳᠠᠯ ᠢ ᠵᠠᠯᠭᠠᠮᠵᠢᠯᠠᠨ ᠴᠢᠷᠮᠠᠶᠢᠨ ᠠᠵᠢᠯᠯᠠᠵᠤ᠂ ᠡᠭᠡ ᠤᠯᠤᠰ᠂ ᠨᠤᠳᠤᠭ ᠤᠷᠤᠨ ᠤ ᠪᠠᠨ | ᠬᠦᠭᠵᠢᠯ ᠪᠠᠳᠠᠷᠠᠯ ᠤᠨ ᠲᠦᠯᠦᠭᠡ ᠬᠦᠴᠦᠨ ᠢᠶᠠᠨ ᠡᠷᠬᠦᠬᠦ ᠵᠤᠷᠢᠭ ᠢᠶᠠᠨ ᠢᠯᠡᠳᠭᠡᠭᠰᠡᠨ ᠪᠠᠶᠢᠨ᠎ᠠ᠃ | ᠨᠠ᠊ · ᠰᠠᠶᠢᠨᠴᠤᠭᠳᠦ ᠶᠢᠨ ᠬᠤᠶᠢᠴᠢ ᠦᠶ᠎ᠠ ᠶᠢᠨ ᠲᠦᠯᠦᠭᠡᠯᠡᠭᠴᠢ᠂ ︽ᠦᠨᠳᠦᠰᠦᠳᠡᠨ ᠤ ᠤᠳᠬ᠎ᠠ | ᠵᠤᠬᠢᠶᠠᠯ︾ ᠰᠡᠳᠬᠦᠯ ᠤᠨ ᠡᠯ᠎ᠡ ᠦᠨᠳᠦᠰᠦᠳᠡᠨ ᠤ ᠵᠤᠬᠢᠶᠠᠯᠴᠢ᠂ ᠰᠢᠯᠤᠭᠤᠨ ᠬᠦᠬᠡ ᠬᠤᠰᠢᠭᠤᠨ ᠤ ᠤᠳᠬ᠎ᠠ | ᠵᠤᠬᠢᠶᠠᠯ ᠤᠷᠠᠯᠢᠭ ᠤᠨ ᠬᠢᠨ ᠤ ᠲᠦᠯᠦᠭᠡᠯᠡᠭᠴᠢ᠂ ᠰᠤᠷᠤᠭᠴᠢ ᠶᠢᠨ ᠲᠦᠯᠦᠭᠡᠯᠡᠭᠴᠢ ᠪᠤᠯᠤᠨ ᠮᠡᠳᠡᠭᠡ ᠵᠠᠭᠤᠴᠢᠯᠠᠭᠤᠷ | ᠤᠨ ᠬᠢᠨ ᠨᠡᠶᠢᠳᠡ 100 ᠭᠠᠷᠤᠢ ᠬᠦᠮᠦᠨ ᠶᠤᠰᠤᠯᠠᠯ ᠳᠤ ᠤᠷᠤᠯᠴᠠᠭᠰᠠᠨ ᠪᠠᠶᠢᠨ᠎ᠠ᠃ | ︽ᠦᠨᠳᠦᠰᠦᠳᠡᠨ ᠤ ᠤᠳᠬ᠎ᠠ ᠵᠤᠬᠢᠶᠠᠯ︾ ᠰᠡᠳᠬᠦᠯ ᠪᠤᠯ ᠲᠤᠮᠳᠠᠳᠤ ᠤᠯᠤᠰ ᠤᠨ ᠵᠤᠬᠢᠶᠠᠯᠴᠢᠳ | ᠤᠨ ᠡᠪᠯᠡᠯ ᠠᠴᠠ ᠭᠤᠤᠯᠯᠠᠨ ᠬᠠᠮᠢᠶᠠᠷᠴᠦ᠂ ᠲᠤᠮᠳᠠᠳᠤ ᠤᠯᠤᠰ ᠤᠨ ᠵᠤᠬᠢᠶᠠᠯᠴᠢᠳ ᠤᠨ ᠬᠡᠪᠯᠡᠯ ᠤᠨ ᠪᠦᠯᠦᠭᠯᠡᠯ | ᠠᠴᠠ ᠭᠤᠤᠯᠯᠠᠨ ᠡᠷᠬᠢᠯᠡᠵᠤ ᠪᠠᠶᠢᠭ᠎ᠠ ᠴᠤᠷ ᠤᠨ ᠭᠠᠭᠴᠠ ᠪᠦᠬᠦ ᠤᠯᠤᠰ ᠤᠨ ᠴᠢᠨᠠᠷᠲᠠᠢ ᠴᠦᠭᠡᠨ ᠲᠤᠭᠠᠳᠦ | ᠦᠨᠳᠦᠰᠦᠳᠡᠨ ᠤ ᠤᠳᠬ᠎ᠠ ᠵᠤᠬᠢᠶᠠᠯ ᠤᠨ ᠰᠡᠳᠬᠦᠯ ᠪᠤᠯᠤᠨ᠎ᠠ᠃ ᠬᠢᠳᠡᠳ᠂ ᠮᠤᠩᠭᠤᠯ᠂ ᠲᠦᠪᠡᠳ᠂ ᠤᠶᠢᠭᠤᠷ᠂ | ᠬᠠᠰᠠᠭ᠂ ᠰᠤᠯᠤᠩᠭᠤᠰ ᠵᠢᠷᠭᠤᠭᠠᠨ ᠬᠡᠯᠡ ᠪᠠᠷ ᠭᠡᠪᠯᠡᠭᠳᠡᠵᠤ᠂ ᠲᠤᠮᠳᠠᠳᠤ ᠤᠯᠤᠰ ᠤᠨ ᠤᠳᠬ᠎ᠠ ᠵᠤᠬᠢᠶᠠᠯ ᠤᠨ | ᠰᠡᠳᠬᠦᠯ ᠲᠤᠳᠤᠷ᠎ᠠ ᠪᠠᠨ ᠤᠨᠴᠠᠭᠠᠢ ᠪᠠᠶᠢᠷᠢ ᠰᠠᠭᠤᠷᠢ ᠲᠠᠢ ᠶᠤᠮ᠃ ᠲᠡᠷᠡ ᠨᠢ ᠤᠯᠠᠨ ᠦᠨᠳᠦᠰᠦᠳᠡᠨ ᠤ | ᠵᠤᠬᠢᠶᠠᠯᠴᠢ ᠪᠠ ᠤᠷᠤᠨ ᠨᠤᠳᠤᠭ ᠤᠨ ᠵᠤᠬᠢᠶᠠᠯᠴᠢᠳ ᠤᠨ ᠬᠠᠷᠢᠯᠴᠠᠨ ᠤᠳᠬ᠎ᠠ ᠵᠤᠬᠢᠶᠠᠯ ᠤᠨ ᠰᠤᠯᠢᠯᠴᠠᠭ᠎ᠠ ᠬᠢᠬᠦ | ᠪᠠᠷ ᠲᠠᠮᠵᠢᠭᠤᠯᠤᠨ᠂ ᠤᠷᠤᠨ ᠨᠤᠳᠤᠭ ᠤᠨ ᠵᠤᠬᠢᠶᠠᠯᠴᠢᠳ ᠤᠨ ᠵᠤᠬᠢᠶᠠᠨ ᠪᠦᠳᠦᠭᠡᠬᠦ ᠤᠷᠮᠠᠰᠢᠯ ᠪᠠ ᠢᠳᠡᠭᠡᠯ ᠵᠤᠷᠢᠭ | ᠢ ᠲᠠᠶᠢᠴᠢᠯᠠᠵᠤ᠂ ᠤᠷᠤᠨ ᠨᠤᠳᠤᠭ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠪᠤᠯᠤᠨ᠎ᠠ᠃ | | |