2019 ᠤᠨ ᠤ ᠰᠢᠷ᠎ᠠ ᠲᠠᠯ᠎ᠠ ᠶᠢᠨ ᠠᠯᠳᠠᠩᠬᠸ᠎ᠠ ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠪᠠᠭᠠᠴᠤᠳ ᠤᠨ ᠨᠠᠭᠠᠳᠤᠮ ᠦᠨᠦᠳᠦᠷ ᠦᠪᠡᠳᠡᠭᠰᠢ ᠶᠡᠭᠡᠪᠡᠷ ᠡᠬᠢᠯᠡᠪᠡ
ᠨᠡᠶᠢᠲᠡᠯᠡᠭᠰᠡᠨ ᠴᠠᠭ᠄
2019/7/18
                              ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠦᠵᠡᠰᠭᠦᠯᠡᠩ              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠂ ᠦᠨᠳᠦᠰᠦᠲᠡᠨ ᠤ ᠰᠢᠯᠢᠳᠡᠭ ᠰᠤᠶᠤᠯ ᠢ ᠤᠯᠠᠮᠵᠢᠯᠠᠨ ᠪᠠᠳᠠᠷᠠᠭᠤᠯᠵᠤ᠂ ᠠᠯᠳᠠᠩᠬᠸ᠎ᠠ ᠴᠡᠴᠡᠭ ᠤᠨ ᠵᠤᠭᠠᠴᠠᠯ ᠤᠨ ᠤᠯᠠᠷᠢᠯ ᠤᠨ ᠨᠡᠷᠡᠳᠦ ᠳᠡᠮᠳᠡᠭ ᠢ ᠦᠷᠭᠡᠨ ᠢᠶᠠᠷ ᠤᠬᠠᠭᠤᠯᠤᠨ ᠰᠤᠷᠳᠠᠯᠴᠢᠯᠠᠬᠤ ᠵᠤᠷᠢᠯᠭ᠎ᠠ ᠪᠠᠷ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠦ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠰᠢᠯᠤᠭᠤᠨ ᠬᠦᠭᠡ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠠᠴᠠ ᠳᠠᠭᠠᠭᠠᠴᠢᠯᠠᠨ ᠡᠷᠬᠢᠯᠡᠵᠦ ᠪᠠᠶᠢᠭ᠎ᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠯᠢ ᠶᠢᠨ ᠭᠤᠤᠯ ᠤᠨ ᠨᠠᠶᠢᠷ ᠤᠨ ᠰᠢᠷᠢᠰ ᠠᠵᠢᠯᠯᠠᠭ᠎ᠠ — 2019 ᠤᠨ ᠤ ᠰᠢᠷ᠎ᠠ ᠲᠠᠯ᠎ᠠ ᠶᠢᠨ ᠠᠯᠳᠠᠩᠬᠸ᠎ᠠ ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠪᠠᠭᠠᠴᠤᠳ ᠤᠨ ᠨᠠᠭᠠᠳᠤᠮ 7 ᠰᠠᠷ᠎ᠠ ᠶᠢᠨ 18 ᠤ ᠡᠳᠦᠷ᠂ ᠰᠢᠯᠤᠭᠤᠨ ᠬᠦᠭᠡ ᠬᠤᠰᠢᠭᠤᠨ ᠤ ᠠᠯᠳᠠᠩᠬᠸ᠎ᠠ ᠶᠢᠨ ᠰᠢᠷ᠎ᠠ ᠲᠠᠯ᠎ᠠ ᠳᠤ ᠦᠪᠡᠳᠡᠭᠰᠢ ᠶᠡᠭᠡᠪᠡᠷ ᠡᠬᠢᠯᠡᠪᠡ᠃              ᠶᠤᠰᠤᠯᠠᠯ ᠨᠢ ᠰᠢᠯᠤᠭᠤᠨ ᠬᠦᠭᠡ ᠬᠤᠰᠢᠭᠤᠨ ᠤ ᠠᠰᠤᠷᠤ ᠢᠵᠠᠭᠤᠷ ᠤᠷᠠᠯᠢᠭ ᠤᠨ ᠪᠦᠯᠬᠦᠮ᠂ ᠤᠯᠠᠭᠠᠨᠮᠦ᠋ᠴᠢᠷ ᠤᠨ ᠲᠤᠭᠯᠠᠭᠴᠢᠳ᠂ ᠮᠠᠯᠴᠢᠨ ᠳᠠᠭᠤᠴᠢᠨ ᠪᠤᠯᠤᠨ ᠬᠡᠦᠬᠡᠳ ᠤᠳ ᠤᠨ ᠲᠤᠭᠯᠠᠯᠳᠠ ᠪᠠᠷ ᠡᠬᠢᠯᠡᠯᠳᠡ  ᠶᠢᠨ ᠬᠦᠰᠢᠭᠡ ᠪᠠᠨ ᠰᠡᠬᠦᠵᠦ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠸᠧᠢ ᠬᠦᠸᠧ᠂ ᠰᠢᠯᠢ ᠶᠢᠨ ᠭᠤᠤᠯ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠰᠢᠯᠤᠭᠤᠨ ᠬᠦᠭᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠾᠦ᠋ᠸᠧ ᠶᠢᠨ ᠪᠢᠩ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠳᠠᠷᠤᠭ᠎ᠠ ᠤᠷᠳᠤᠨᠠᠰᠤᠨ᠂ ᠰᠢᠯᠤᠭᠤᠨ ᠬᠦᠭᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠤᠶᠠᠨᠳᠤ᠂ ᠰᠢᠯᠤᠭᠤᠨ ᠬᠦᠭᠡ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠡᠴᠡᠨᠴᠢᠮᠡᠭ᠂ ᠰᠢᠯᠤᠭᠤᠨ ᠬᠦᠭᠡ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠷᠢᠭᠦᠯᠡᠭᠴᠢ ᠰᠡᠴᠡᠨ᠂ ᠰᠢᠯᠢ ᠶᠢᠨ ᠭᠤᠤᠯ ᠠᠶᠢᠮᠠᠭ ᠤᠨ ᠶᠤᠸᠠᠨ ᠤ ᠳᠡᠭᠡᠳᠦ ᠨᠡᠶᠢᠰᠯᠡᠯ ᠤᠨ ᠰᠤᠶᠤᠯ ᠤᠨ ᠦᠪ ᠤᠨ ᠬᠠᠮᠢᠶᠠᠷᠤᠯᠳᠠ ᠶᠢᠨ ᠲᠤᠪᠴᠢᠶᠠᠨ ᠤ ᠳᠠᠷᠤᠭ᠎ᠠ ᠯᠢᠦ ᠰᠢᠤᠸᠠᠢ ᠮᠢᠨ ᠨᠠᠷ ᠪᠤᠯᠤᠨ ᠬᠤᠰᠢᠭᠤ ᠲᠦᠷᠪᠡᠨ ᠶᠡᠭᠡ ᠤᠳᠤᠷᠢᠳᠬᠤ ᠪᠠᠭ ᠤᠨ ᠪᠤᠰᠤᠳ ᠤᠳᠤᠷᠢᠳᠤᠯᠭ᠎ᠠ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠨᠠᠷ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠠᠶᠢᠨ᠎ᠠ᠃              ᠶᠤᠰᠤᠯᠠᠯ ᠳᠡᠭᠡᠷ᠎ᠡ᠂ ᠠᠯᠳᠠᠩᠬᠸ᠎ᠠ  ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠪᠠᠭᠠᠴᠤᠳ  ᠤᠨ ᠨᠠᠭᠠᠳᠤᠮ ᠤᠨ ᠭᠠᠯ ᠪᠠᠮᠪᠠᠷ ᠲᠠᠮᠵᠢᠭᠤᠯᠬᠤ ᠶᠤᠰᠤᠯᠠᠯ ᠶᠠᠪᠤᠭᠳᠠᠨ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠤᠶᠠᠨᠳᠦ ᠭᠠᠯ ᠪᠠᠮᠪᠠᠷ ᠢ ᠠᠰᠠᠭᠠᠨ᠂ ᠠᠩᠬᠠᠨ ᠤ ᠪᠠᠮᠪᠠᠷᠴᠢᠨ ᠪᠤᠯᠬᠤ ᠮᠠᠯᠴᠢᠳ ᠤᠨ ᠲᠦᠯᠦᠭᠡᠯᠡᠭᠴᠢ ᠳᠤ ᠳᠠᠮᠵᠢᠭᠤᠯᠵᠤ᠂ ᠵᠠᠯᠠᠭᠠᠭᠠᠳ ᠰᠢᠯᠤᠭᠤᠨ ᠬᠦᠬᠡ ᠬᠤᠰᠢᠭᠤᠨ ᠤ ᠮᠠᠯᠴᠢᠨ᠂ ᠴᠡᠷᠢᠭ ᠴᠠᠭᠳᠠᠭ᠎ᠠ᠂ ᠡᠷᠡᠬᠦᠯ ᠬᠠᠮᠠᠭᠠᠯᠠᠯ᠂ ᠰᠤᠶᠤᠯ ᠰᠤᠷᠭᠠᠨ ᠬᠦᠮᠦᠵᠢᠯ ᠵᠡᠷᠭᠡ ᠪᠠᠶᠢᠭᠤᠯᠭ᠎ᠠ ᠨᠢᠭᠡᠴᠡ᠂ ᠡᠷ᠎ᠡ ᠶᠢᠨ ᠭᠤᠷᠪᠠᠨ ᠨᠠᠭᠠᠳᠤᠮ  ᠤᠨ ᠲᠦᠯᠦᠭᠡᠯᠡᠭᠴᠢᠳ ᠭᠠᠯ ᠪᠠᠮᠪᠠᠷ ᠢ ᠲᠠᠮᠵᠢᠭᠤᠯᠤᠨ ᠦᠷᠳᠡᠭᠡᠯᠡᠯ᠎ᠡ᠃ ᠭᠠᠯ ᠪᠠᠮᠪᠠᠷ ᠲᠠᠮᠵᠢᠭᠤᠯᠬᠤ ᠶᠤᠰᠤᠯᠠᠯ ᠨᠢ ᠶᠡᠷᠦᠩᠭᠡᠢ ᠱᠦᠵᠢ ᠰᠢ ᠶᠢᠨ ᠫᠢᠡᠭ ᠤᠨ ᠰᠢᠯᠢ ᠶᠢᠨ ᠭᠤᠤᠯ ᠤᠨ ᠲᠠᠯ᠎ᠠ ᠨᠤᠳᠤᠭ ᠲᠤ ᠢᠷᠡᠵᠤ ᠰᠢᠯᠢ ᠶᠢᠨ ᠭᠤᠤᠯ ᠤᠨ ᠮᠠᠯᠴᠢᠳ ᠤᠨ ᠤᠯᠠᠮᠵᠢᠯᠠᠯᠳᠦ ᠨᠠᠭᠠᠳᠤᠮ ᠳᠤ ᠤᠷᠤᠯᠴᠠᠭᠰᠠᠨ ᠠᠴᠠ ᠢᠷᠡᠯᠳᠡ ᠲᠠᠢ ᠪᠠᠶᠢᠵᠤ᠂ ᠡᠩᠭᠡ ᠲᠠᠶᠢᠪᠤᠡᠭ᠂ ᠨᠦᠬᠦᠷᠯᠡᠯ᠂ ᠪᠦᠯᠬᠦᠮᠳᠡᠯ ᠤᠨ ᠪᠡᠯᠭᠡᠳᠡᠯ ᠤᠨ ᠵᠤᠷᠢᠭ ᠰᠠᠨᠠᠭ᠎ᠠ ᠪᠠ ᠨᠠᠭᠠᠳᠤᠮ ᠤᠨ ᠵᠤᠷᠢᠭ ᠰᠠᠨᠠᠭ᠎ᠠ ᠶᠢ ᠤᠯᠠᠮᠵᠢᠯᠠᠨ᠂ ᠰᠢᠯᠤᠭᠤᠨ ᠬᠦᠬᠡ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ ᠡᠭᠡ ᠤᠯᠤᠰ ᠢᠶᠠᠨ ᠬᠠᠶᠢᠷᠠᠯᠠᠨ ᠪᠠᠭ᠋ᠠᠳᠤᠬᠤ ᠰᠡᠳᠬᠢᠯᠭᠡ ᠶᠢ ᠢᠯᠡᠳᠭᠡᠵᠦ ᠪᠠᠶᠢᠭ᠎ᠠ ᠶᠤᠮ᠃ ᠦᠨᠦᠳᠦᠷ ᠤᠨ ᠠᠷᠢᠭᠤᠨ ᠭᠠᠯ ᠨᠢ ᠰᠦᠨᠢᠳ ᠵᠡᠬᠦᠨ ᠬᠤᠰᠢᠭᠤᠨ ᠠᠴᠠ ᠦᠵᠡᠰᠬᠦᠯᠡᠩᠳᠦ ᠰᠠᠶᠢᠬᠠᠨ ᠠᠯᠳᠠᠩᠬᠸ᠎ᠠ  ᠶᠢᠨ ᠰᠢᠷ᠎ᠠ ᠲᠠᠯ᠎ᠠ ᠳᠤ ᠦᠷᠳᠡᠭᠡᠯᠡᠨ ᠢᠷᠡᠵᠦ᠂ ᠵᠠᠯᠭᠠᠭᠠᠳ ᠵᠡᠭᠦᠨ ᠦᠵᠦᠮᠦᠴᠢᠨ ᠬᠤᠰᠢᠭᠤᠨ ᠤ ᠠᠳᠤᠭᠤᠨ ᠰᠤᠶᠤᠯ ᠤᠨ ᠨᠠᠶᠢᠷ ᠤᠨ ᠠᠬᠤᠢ ᠳᠠᠯᠠᠪᠠᠢ ᠳᠤ ᠳᠠᠮᠵᠢᠭᠳᠠᠨ ᠬᠦᠷᠬᠦ ᠪᠤᠯᠤᠨ᠎ᠠ᠃              ᠰᠢᠯᠢ ᠶᠢᠨ ᠭᠤᠤᠯ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ  ᠤᠨ ᠵᠦᠪᠯᠡᠯ ᠤᠨ ᠳᠡᠳ᠋ ᠡᠷᠬᠢᠯᠡᠭᠴᠢ᠂ ᠰᠢᠯᠤᠭᠤᠨ ᠬᠦᠭᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠡᠾᠦ᠋ᠸᠧ  ᠶᠢᠨ ᠪᠢᠩ ᠡᠬᠢᠯᠡᠯᠳᠡ ᠶᠢᠨ ᠶᠤᠰᠤᠯᠠᠯ ᠲᠡᠭᠡᠷ᠎ᠡ ᠪᠠᠶᠠᠷ ᠤᠨ ᠦᠭᠡ ᠭᠡᠯᠡᠵᠦ᠂ ᠨᠠᠭᠠᠳᠤᠮ ᠳᠡᠭᠦᠰ ᠠᠮᠵᠢᠯᠳᠠ ᠲᠠᠢ ᠶᠠᠪᠤᠭᠳᠠᠬᠤ ᠶᠢ ᠵᠦᠩᠨᠡᠨ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠤ ᠳᠠᠷᠤᠭ᠎ᠠ ᠤᠷᠳᠤᠨᠠᠰᠤᠨ ︽ᠮᠢᠩᠭᠠᠨ ᠭᠠᠵᠠᠷ ᠤᠨ ᠦᠵᠡᠰᠭᠦᠯᠡᠩ᠂ ᠮᠠᠰᠢᠨ ᠠᠶᠠᠯᠠᠯ ᠤᠨ ᠪᠠᠶᠠᠰᠬᠤᠯᠠᠩ︾ — ᠴᠡᠴᠡᠭᠳᠦ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠳᠤ ᠲᠤᠭ ᠭᠠᠷᠳᠠᠭᠤᠯᠵᠤ᠂ ᠰᠢᠯᠢ  ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠸᠧᠢ ᠬᠦᠸᠧ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠢᠯᠢ ᠶᠢᠨ ᠭᠤᠤᠯ  ᠤᠨ ᠨᠠᠶᠢᠷ ᠤᠨ ᠰᠢᠷᠢᠰ ᠠᠵᠢᠯᠯᠠᠭ᠎ᠠ — 2019 ᠤᠨ ᠤ ᠰᠢᠷ᠎ᠠ ᠲᠠᠯ᠎ᠠ ᠶᠢᠨ ᠠᠯᠳᠠᠩᠬᠸ᠎ᠠ ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠪᠠᠭᠠᠴᠤᠳ ᠤᠨ ᠨᠠᠭᠠᠳᠤᠮ ᠡᠬᠢᠯᠡᠬᠦ ᠶᠢ ᠵᠠᠷᠯᠠᠪᠠ᠃              ᠤᠶᠢᠯᠠᠭᠠᠭᠰᠠᠨ ᠢᠶᠠᠷ᠂ ᠲᠤᠰ ᠤᠳᠠᠭᠠᠨ ᠤ ᠨᠠᠭᠠᠳᠤᠮ ᠨᠢ 7 ᠰᠠᠷ᠎ᠠ ᠶᠢᠨ 18 ᠠᠴᠠ 23 ᠤ ᠡᠳᠤᠷ ᠪᠤᠯᠳᠠᠯ᠎ᠠ ᠶᠠᠪᠤᠭᠳᠠᠬᠤ ᠪᠠᠷ ᠪᠠᠶᠢᠵᠦ᠂ ᠠᠯᠳᠠᠩᠬᠸ᠎ᠠ ᠴᠡᠴᠡᠭ ᠰᠤᠨᠢᠷᠬᠠᠬᠤ᠂ 128 ᠭᠦᠴᠤᠳᠤ ᠪᠦᠭᠡ ᠶᠢᠨ ᠪᠠᠷᠢᠯᠳᠤᠭᠠᠨ᠂ ᠱᠠᠭ᠎ᠠ ᠲᠤᠭᠯᠠᠭᠠᠮ ᠤᠨ ᠮᠢᠩᠭᠠᠨ ᠬᠦᠮᠦᠨ ᠤ ᠤᠷᠤᠯᠳᠤᠭᠠᠨ᠂ 1024 ᠭᠡᠤᠭᠡᠤᠨ ᠤᠨ ᠪᠦᠭᠡ ᠶᠢᠨ ᠪᠠᠷᠢᠯᠳᠤᠭᠠᠨ᠂ ᠪᠠᠭᠠᠴᠤᠳ ᠤᠨ ᠰᠤᠷ ᠬᠠᠷᠪᠤᠯᠳᠠ ᠶᠢᠨ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ︽ᠨᠠᠷᠠᠨ ᠬᠤᠨ︾ ᠪᠠᠭᠠᠴᠤᠳ ᠤᠨ ᠨᠠᠭᠠᠳᠤᠮ᠂ ᠪᠦᠬᠦ ᠤᠷᠤᠨ ᠤ ︽ᠱᠠᠩᠲᠤ ᠶᠢᠨ ᠡᠭᠡᠰᠢᠭᠯᠡᠩ︾ ᠨᠡᠷᠡᠮᠵᠢᠳᠦ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠠᠭᠠᠴᠤᠳ ᠬᠡᠦᠬᠡᠳ ᠤᠨ ᠤᠷᠠᠨ ᠤᠩᠰᠢᠯᠭ᠎ᠠ ᠶᠢᠨ ᠨᠠᠭᠠᠳᠤᠮ᠂ ︽ᠮᠢᠩᠭᠠᠨ ᠭᠠᠵᠠᠷ ᠤᠨ ᠦᠵᠡᠰᠭᠦᠯᠡᠩ᠂ ᠮᠠᠰᠢᠨ ᠠᠶᠠᠯᠠᠯ ᠤᠨ ᠪᠠᠶᠠᠰᠬᠤᠯᠠᠩ︾ — ᠴᠡᠴᠡᠭᠳᠦ ᠤᠯᠠᠷᠢᠯ ᠤᠨ ᠵᠢᠭᠤᠯᠴᠢᠯᠠᠯ  ᠤᠨ ᠠᠵᠢᠯᠯᠠᠭ᠎ᠠ ᠵᠡᠷᠭᠡ ᠠᠭᠤᠯᠭ᠎ᠠ ᠪᠠᠷ ᠶᠠᠪᠤᠭᠳᠠᠬᠤ ᠪᠤᠯᠤᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号