ᠬᠤᠶᠠᠳᠠᠬᠢ ᠬᠤᠭᠤᠴᠠᠭᠠᠨ ᠤ ︽ᠨᠠᠷᠠᠨ ᠬᠤᠨ︾ ᠪᠠᠭᠠᠴᠤᠤᠨ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠬᠤᠪᠢᠯᠠᠢ ᠠᠭᠤᠳᠠᠮ ᠲᠠᠯᠠᠪᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2019/7/19
               ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠶᠤᠩᠭᠤᠸ᠎ᠠ           7 ᠰᠠᠷ᠎ᠠ ᠶᠢᠨ 18 ᠤ ᠡᠳᠤᠷ᠂ ᠬᠤᠶᠠᠳᠠᠬᠢ ᠬᠤᠭᠤᠴᠠᠭᠠᠨ ᠤ ︽ᠨᠠᠷᠠᠨ ᠬᠤᠨ︾ ᠪᠠᠭᠠᠴᠤᠤᠨ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠬᠤᠪᠢᠯᠠᠢ ᠠᠭᠤᠳᠠᠮ ᠲᠠᠯᠠᠪᠠᠢ ᠳᠤ ᠶᠠᠪᠤᠭᠳᠠᠭᠰᠠᠨ ᠪᠠᠶᠢᠨ᠎ᠠ᠃           ᠲᠤᠰ ᠤᠳᠠᠭᠠᠨ ᠤ ᠰᠤᠷ ᠬᠠᠷᠪᠤᠯᠳᠠ ᠶᠢᠨ ᠤᠷᠤᠯᠳᠤᠭᠠᠨ ᠢ ᠬᠤᠪᠢ ᠭᠦᠮᠤᠨ ᠤ 10 ᠮᠧᠲᠷ ᠤᠨ ᠰᠤᠷ ᠬᠠᠷᠪᠤᠯᠳᠠ ᠶᠢᠨ ᠦᠵᠡᠭᠦᠯᠦᠯᠭᠡ ᠪᠠ ᠡᠷᠡᠭᠳᠠᠢ ᠡᠮᠡᠭᠳᠠᠢ ᠶᠢᠨ 15 ᠮᠧᠲᠷ ᠤᠨ ᠰᠤᠷ ᠬᠠᠷᠪᠤᠯᠳᠠ ᠶᠢᠨ ᠤᠷᠤᠯᠳᠤᠭᠠᠨ ᠭᠡᠵᠤ ᠬᠤᠶᠠᠷ ᠲᠦᠷᠤᠯ ᠬᠤᠪᠢᠶᠠᠨ ᠶᠠᠪᠤᠭᠳᠠᠭᠤᠯᠵᠠᠢ᠃ ᠤᠷᠤᠯᠳᠤᠭᠠᠨ ᠳᠤ ᠭᠦᠭᠡᠬᠤᠳᠠ᠂ ᠡᠷᠢᠶᠡᠨ ᠬᠤᠳᠠ ᠪᠠ ᠰᠢᠯᠤᠭᠤᠨ ᠭᠦᠭᠡ ᠬᠤᠰᠢᠭᠤ᠂ ᠵᠡᠭᠦᠨ ᠪᠠᠷᠠᠭᠤᠨ ᠦᠵᠤᠮᠤᠴᠢᠨ᠂ ᠭᠦᠪᠡᠭᠡᠳᠤ ᠰᠢᠷ᠎ᠡ ᠬᠤᠰᠢᠭᠤ᠂ ᠪᠠᠷᠠᠭᠤᠨ ᠰᠦᠨᠢᠤᠨ᠂ ᠰᠢᠯᠤᠭᠤᠨ ᠭᠦᠪᠡᠭᠡᠳᠤ ᠴᠠᠭᠠᠨ ᠬᠤᠰᠢᠭᠤ ᠵᠡᠷᠭᠡ ᠮᠠᠨ ᠤ ᠠᠶᠢᠮᠠᠭ ᠤᠨ ᠡᠯ᠎ᠡ ᠬᠤᠰᠢᠭᠤᠤᠨ  ᠤᠨ ᠪᠠᠭ᠎ᠠ ᠰᠤᠷᠭᠠᠭᠤᠯᠢ ᠶᠢᠨ ᠵᠢᠷᠠᠭᠠᠤᠨ ᠬᠠᠷᠪᠤᠭᠠᠴᠢᠨ ᠤᠷᠤᠯᠳᠤᠭᠠᠨ ᠳᠤ ᠤᠷᠤᠯᠴᠠᠭᠰᠠᠨ ᠪᠠᠶᠢᠨ᠎ᠠ᠃             ᠭᠦᠭᠡᠬᠤᠳᠠ ᠶᠢᠨ ᠮᠤᠩᠭᠤᠯ ᠦᠨᠳᠤᠰᠤᠳᠡᠨ ᠤ ᠰᠤᠷᠭᠠᠭᠤᠯᠢ ᠶᠢᠨ 5 ᠰᠤᠷᠤᠭᠴᠢ ᠪᠠᠭᠰᠢ ᠶᠢᠨ ᠲᠠᠭᠠᠭᠤᠯᠭ᠎ᠠ ᠪᠠᠷ ᠢᠷᠡᠵᠤ ᠤᠷᠤᠯᠳᠤᠭᠠᠨ ᠳᠤ ᠤᠷᠤᠯᠴᠠᠵᠤ ᠪᠠᠶᠢᠯ᠎ᠠ᠃ ᠬᠠᠷᠪᠤᠭᠠᠴᠢᠨ ᠬᠤᠷᠡᠡᠭᠡᠭᠡ ᠭᠡᠯᠡᠭᠦ ᠳᠡᠭᠡᠨ᠄ ᠡᠨᠡ ᠤᠳᠠᠭ᠎ᠠ ᠪᠠᠭᠰᠢ ᠪᠢᠳᠡ ᠲᠠᠪᠤᠭᠤᠯᠠ ᠶᠢ ᠲᠠᠭᠠᠭᠤᠯᠤᠭᠠᠤᠨ ᠢᠷᠡᠭᠰᠡᠨ ᠶᠤᠮ᠃ ᠡᠨᠡ ᠤᠳᠠᠭ᠎ᠠ ᠪᠢ ᠰᠠᠨᠠᠭᠰᠠᠨ  ᠳᠠᠭᠠᠨ ᠭᠦᠷᠳᠡᠯ᠎ᠡ ᠬᠠᠷᠪᠤᠵᠤ ᠴᠢᠳᠠᠭᠰᠠᠨ ᠦᠭᠡᠢ᠂ ᠤᠴᠢᠷ ᠨᠢ ᠪᠢ ᠠᠩᠬᠠᠳᠤᠭᠠᠷ ᠤᠳᠠᠭᠠᠨ ᠤ ︽ᠨᠠᠷᠠᠨ ᠬᠤᠨ︾ ᠪᠠᠭᠠᠴᠤᠤᠨ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠤ ᠡᠮᠡᠭᠳᠠᠢ ᠶᠢᠨ ᠲᠤᠭᠤᠶᠢᠯᠡᠩ ᠳᠤ ᠲᠡᠷᠢᠭᠦᠯᠡᠭᠰᠡᠨ ᠶᠤᠮ᠃ ᠲᠡᠭᠡᠭᠡᠤᠨ ᠡᠨᠡ ᠤᠳᠠᠭ᠎ᠠ ᠵᠢᠭᠠᠬᠠᠨ ᠰᠠᠨᠳᠤᠷᠴᠢᠬᠠᠯ᠎ᠠ ᠭᠡᠵᠤ ᠪᠠᠶᠢᠯ᠎ᠠ᠃           ᠲᠤᠰ ᠤᠳᠠᠭᠠᠨ ᠤ ︽ᠨᠠᠷᠠᠨ ᠬᠤᠨ︾ ᠪᠠᠭᠠᠴᠤᠤᠨ ᠤᠨ ᠨᠠᠭᠠᠳᠤᠮ ᠤᠨ ᠰᠤᠷ ᠬᠠᠷᠪᠤᠯᠳᠠ ᠶᠢᠨ ᠤᠷᠤᠯᠳᠤᠭᠠᠨ ᠢ ᠰᠢᠯᠤᠭᠤᠨ ᠭᠦᠭᠡ ᠬᠤᠰᠢᠭᠤᠨ ᠤ ︽ᠵᠢᠷᠭᠤᠭᠠᠳᠠᠢ︾ ᠤᠯᠠᠮᠵᠢᠯᠠᠯᠳᠤ ᠰᠤᠷ ᠬᠠᠷᠪᠤᠯᠳᠠ ᠶᠢᠨ ᠨᠡᠶᠢᠭᠡᠮᠯᠢᠭ ᠠᠴᠠ ᠲᠠᠭᠠᠭᠠᠴᠢᠯᠠᠵᠤ ᠬᠠᠮᠳᠤᠷᠠᠵᠤ ᠬᠢᠭᠰᠡᠨ ᠪᠠᠶᠢᠨ᠎ᠠ᠃           ᠬᠤᠷᠴᠠ ᠰᠢᠷᠦᠭᠦᠨ ᠦᠷᠢᠰᠤᠯᠳᠤᠭᠡᠨ ᠢᠶᠠᠷ ᠲᠠᠮᠵᠢᠵᠤ᠂ ᠵᠡᠭᠦᠨ ᠦᠵᠤᠮᠤᠴᠢᠨ ᠬᠤᠰᠢᠭᠤᠨ ᠤ ᠠᠰᠬᠠᠨ᠂ ᠴᠡᠩᠭᠡᠯ ᠲᠤᠰ ᠲᠤᠰ ᠨᠢᠭᠡᠳᠤᠭᠡᠷ᠂ ᠬᠤᠶᠠᠳᠤᠭᠠᠷ ᠪᠠᠶᠢᠷᠢᠨ ᠳᠤ ᠲᠤᠳᠤᠷᠠᠵᠤ᠂ ᠡᠷᠢᠶᠡᠨ ᠬᠤᠳᠠ ᠶᠢᠨ ᠠᠶᠢᠵᠠᠮ ᠭᠤᠷᠪᠠᠳᠤᠭᠠᠷ ᠲᠤ ᠤᠷᠤᠭᠰᠠᠨ ᠪᠠᠶᠢᠨ᠎ᠠ᠃           ᠲᠤᠰ ᠤᠳᠠᠭᠠᠨ ᠤ ᠰᠤᠷ ᠬᠠᠷᠪᠤᠯᠳᠠ ᠶᠢᠨ ᠤᠷᠤᠯᠳᠤᠭᠠᠨ ᠨᠢ ᠭᠡᠤᠭᠡᠤᠨ ᠤᠳ ᠲᠤ ᠬᠠᠷᠢᠯᠴᠠᠨ ᠰᠤᠷᠤᠯᠴᠠᠵᠤ᠂ ᠬᠠᠷᠢᠯᠴᠠᠨ ᠲᠤᠷᠰᠢᠯᠭ᠎ᠠ ᠰᠤᠯᠢᠯᠴᠠᠬᠤ ᠲᠠᠪᠴᠠᠩ ᠬᠠᠩᠭᠠᠵᠤ᠂ ᠮᠤᠩᠭᠤᠯ ᠦᠨᠳᠤᠰᠤᠳᠡᠨ ᠤ ᠤᠯᠠᠮᠵᠢᠯᠠᠯᠳᠤ ᠨᠠᠭᠠᠳᠤᠮ ᠤᠨ ᠲᠤᠬᠠᠢ ᠭᠦᠮᠤᠵᠢᠯ ᠭᠦᠷᠳᠡᠭᠡᠭᠰᠡᠨ ᠤ ᠬᠠᠮᠳᠤ ᠬᠠᠷᠬᠠᠠᠨ ᠪᠠᠭ᠎ᠠ ᠠᠴᠠ ᠪᠠᠨ ᠦᠨᠳᠤᠰᠤᠳᠡᠨ ᠤ ᠰᠤᠶᠤᠯ ᠢᠶᠠᠨ ᠬᠠᠶᠢᠷᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号