ᠰᠢᠯᠣᠭᠤᠨ ᠬᠦᠬᠡ ᠬᠤᠰᠢᠭᠤᠨ ᠤ ᠨᠢᠭᠡᠳᠦᠭᠡᠷ ᠪᠥᠯᠦᠭ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ —— ᠪᠠᠶᠢᠰᠢᠩᠲᠤ ᠶᠢᠨ ᠪᠠᠭᠤᠷᠢ
ᠨᠡᠶᠢᠲᠡᠯᠡᠭᠰᠡᠨ ᠴᠠᠭ᠄
2019/7/5
                  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠠᠶᠠᠰ             ᠪᠠᠶᠢᠰᠢᠩᠲᠤ ᠶᠢᠨ ᠡᠷᠲᠡᠨ ᠤ ᠬᠤᠲᠠ ᠨᠢ ᠰᠢᠯᠤᠭᠤᠨ ᠬᠦᠬᠡ ᠬᠤᠰᠢᠭᠤᠨ ᠤ ᠰᠠᠶᠢᠨᠬᠤᠳᠳᠤᠭ ᠰᠣᠮᠣᠨ ︵ᠣᠣᠯ ᠤᠨ ᠬᠠᠩᠬᠠᠯ ᠰᠣᠮᠣ︶ ᠤ ᠪᠠᠶᠠᠨᠴᠠᠭᠠᠨ ᠭᠠᠴᠠᠭᠠᠨ ᠤ ᠡᠪᠦᠯᠵᠢᠶ᠎ᠡ ᠵᠣᠰᠠᠯᠠᠩ ᠤᠨ ᠠᠭᠤᠯᠵᠠᠷ ᠳᠡᠭᠡᠷ᠎ᠡ ᠪᠠᠶᠢᠵᠤ᠂ ᠴᠠᠭᠠᠨ ᠨᠠᠭᠤᠷ ᠠᠴᠠ ᠬᠤᠶᠢᠰᠢ ᠪᠠᠷᠤᠭ 3 ᠭᠠᠵᠠᠷ ᠤᠨ ᠵᠠᠶᠢᠲᠠᠢ ᠪᠠᠶᠢᠷᠢᠯᠠᠵᠤ ᠪᠠᠶᠢᠳᠠᠭ᠃
            1992 ᠤᠨ ᠤ 3 ᠰᠠᠷ᠎ᠠ ᠶᠢᠨ 30 ᠤ ᠡᠳᠦᠷ᠂ ᠰᠢᠯᠣᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ︽ᠰᠢᠯᠣᠭᠤᠨ ᠬᠦᠬᠡ ᠬᠤᠰᠢᠭᠤᠨ ᠤ ᠨᠢᠭᠡᠳᠦᠭᠡᠷ ᠪᠥᠯᠦᠭ ᠭᠤᠣᠯᠳᠠᠯᠭ᠎ᠠ ᠲᠠᠢ ᠲᠡᠦᠬᠡ  ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ︾ ᠪᠠᠷ ᠲᠤᠭᠳᠠᠭᠰᠠᠨ ᠪᠠᠶᠢᠨ᠎ᠠ᠃ ᠤᠷᠢᠳᠤ ᠲᠤᠰ ᠬᠤᠲᠠᠨ  ᠠᠴᠠ ᠴᠠᠭᠠᠨ ᠰᠢᠷ ᠪᠣᠳᠤᠭ᠂ ᠰᠢᠷ᠎ᠠ ᠴᠠᠭᠠᠨ ᠰᠢᠷ ᠪᠣᠳᠤᠭ ᠤᠨ ᠪᠠᠭᠠᠵᠢ ᠬᠡᠷᠡᠭᠰᠡᠯ ᠤᠨ ᠬᠡᠮᠬᠡᠷᠬᠡᠢ᠂ ᠯᠤᠩᠬᠤᠨ ᠤ ᠬᠠᠭᠠᠷᠬᠠᠢ᠂ ᠸᠠᠭᠠᠷ ᠤᠨ ᠭᠡᠯᠳᠡᠷᠭᠡᠢ᠂ ᠵᠢᠪᠡᠷᠡᠵᠤ ᠢᠳᠡᠭᠳᠡᠭᠰᠡᠨ ᠲᠡᠮᠦᠷ ᠢᠯᠳᠠᠰᠤ ᠵᠡᠷᠭᠡ ᠶᠢ ᠤᠯᠵᠤ ᠢᠯᠡᠷᠡᠭᠦᠯᠦᠭᠰᠡᠨ ᠪᠠᠶᠢᠨ᠎ᠠ᠃             ᠲᠤᠰ ᠬᠤᠲᠠ ᠨᠢ ᠡᠯᠡᠰᠦᠨ ᠴᠦᠯ ᠤᠨ ᠤᠷᠤᠨ ᠪᠦᠰᠡᠨ ᠳᠤ ᠪᠠᠶᠢᠷᠢᠯᠠᠵᠣ᠂ ᠣᠨᠴᠠᠭᠠᠶᠢᠯᠠᠨ ᠤᠮᠠᠷᠠᠲᠤ ᠭᠡᠰᠡᠭ ᠤᠨ ᠭᠠᠵᠠᠷ ᠣᠷᠣᠨ ᠤ ᠡᠯᠡᠰᠦᠷᠬᠡᠭᠵᠢᠯ ᠲᠦᠢᠯ ᠤᠨ ᠬᠦᠨᠳᠤ ᠨᠤᠴᠢᠲᠠᠢ ᠤᠴᠢᠷ ᠠᠴᠠ ᠤᠳᠤ ᠨᠢᠭᠡᠨᠲᠡ ᠡᠯᠡᠰᠤᠷᠭᠡᠭᠵᠢᠵᠤ ᠡᠯᠡᠰᠤᠨ ᠲᠤᠪᠤ ᠪᠣᠯᠣᠭᠰᠠᠨ ᠪᠠᠶᠢᠨ᠎ᠠ᠃ ᠡᠷᠲᠡᠨ ᠤ ᠬᠤᠲᠠ ᠶᠢᠨ ᠬᠤᠶᠢᠲᠤ ᠪᠡᠶ᠎ᠡ ᠬᠢᠭᠡᠳ ᠵᠡᠭᠦᠨ ᠪᠡᠶ᠎ᠡ ᠶᠢᠨ ᠭᠠᠵᠠᠷ ᠤᠷᠤᠨ ᠨᠢ ᠪᠦᠷ ᠮᠠᠩᠬᠠᠨ ᠭᠠᠵᠠᠷ ᠪᠠᠶᠢᠵᠤ᠂ ᠡᠮᠦᠨ᠎ᠡ ᠪᠡᠶ᠎ᠡ ᠬᠢᠭᠡᠳ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠨᠢ ᠮᠠᠩᠬᠠᠨ ᠤ ᠪᠤᠷᠭᠠᠰᠤ ᠤᠷᠭᠤᠵᠤ᠂ ᠪᠠᠶᠢᠰᠢᠩᠲᠤ ᠶᠢᠨ ᠡᠷᠲᠡᠨ ᠤ ᠬᠤᠲᠠ ᠠᠴᠠ ᠡᠮᠦᠨᠡᠰᠢ ᠪᠠᠷᠤᠭ 3 ᠭᠠᠵᠠᠷ ᠤᠨ ᠵᠠᠶᠢᠲᠠᠢ ᠨᠢᠭᠡᠨ ᠨᠠᠭᠤᠷ ᠪᠠᠶᠢᠳᠠᠭ᠂ ᠡᠨᠡ ᠨᠢ ᠳᠠᠷᠤᠢ ᠴᠠᠭᠠᠨ ᠨᠠᠭᠤᠷ ᠪᠣᠯᠣᠨ᠎ᠠ᠃ ᠡᠷᠲᠡᠨ ᠤ ᠬᠤᠲᠠ ᠶᠢᠨ ᠡᠮᠦᠨ᠎ᠡ ᠲᠠᠯ᠎ᠠ ᠶᠢᠨ ᠬᠤᠲᠠ ᠶᠢᠨ ᠬᠡᠷᠡᠮ ᠤᠨ ᠪᠠᠷᠠᠭᠤᠨ ᠲᠠᠯ᠎ᠠ ᠳᠤ ᠨᠢᠭᠡᠨ 12 ᠮᠧᠲᠷ ᠥᠷᠭᠡᠴᠡ  ᠲᠠᠢ ᠶᠠᠫᠣᠨ ᠤ ᠦᠶ᠎ᠡ ᠶᠢᠨ ᠵᠠᠰᠠᠭᠰᠠᠨ ᠵᠠᠰᠠᠮᠠᠯ ᠵᠠᠮ ᠪᠠᠶᠢᠳᠠᠭ᠃ ᠲᠤᠰ ᠵᠠᠰᠠᠮᠠᠯ ᠵᠠᠮ ᠨᠢ ᠵᠡᠭᠦᠨ ᠡᠮᠦᠨ᠎ᠡ ᠠᠴᠠ ᠪᠠᠷᠠᠭᠤᠨ ᠬᠤᠶᠢᠰᠢ ᠵᠦᠭ ᠤᠷᠤᠭᠰᠢᠯᠠᠵᠤ᠂ ᠡᠷᠲᠡᠨ ᠤ ᠬᠤᠲᠠ ᠶᠢᠨ ᠡᠮᠦᠨ᠎ᠡ ᠲᠠᠯ᠎ᠠ ᠶᠢᠨ ᠬᠤᠲᠠ ᠶᠢᠨ ᠬᠡᠷᠡᠮ ᠢᠶᠠᠷ ᠥᠩᠭᠡᠷᠡᠳᠡᠭ᠃             ᠪᠠᠶᠢᠰᠢᠩᠲᠤ ᠶᠢᠨ ᠡᠷᠲᠡᠨ ᠤ ᠬᠤᠲᠠ ᠶᠢᠨ ᠬᠤᠶᠢᠲᠤ ᠭᠡᠰᠡᠭ ᠨᠢ ᠪᠠᠶᠠᠨᠴᠠᠭᠠᠨ ᠭᠠᠴᠠᠭᠠᠨ ᠤ ᠵᠣᠰᠠᠯᠠᠩ ᠤᠨ ᠭᠠᠵᠠᠷ ᠲᠤ ᠪᠠᠶᠢᠵᠤ᠂ ᠡᠮᠦᠨ᠎ᠡ ᠭᠡᠰᠡᠭ ᠨᠢ ᠪᠠᠶᠠᠨᠴᠠᠭᠠᠨ ᠭᠠᠴᠠᠭᠠᠨ ᠤ ᠡᠪᠦᠯᠵᠢᠶᠡᠨ ᠳᠤ ᠬᠠᠷᠢᠶᠠᠯᠠᠭᠳᠠᠨ᠂ ᠣᠨᠴᠠᠭᠠᠶᠢᠯᠠᠨ ᠳᠤᠷᠠᠳᠣᠭᠤᠰᠢᠲᠠᠢ ᠨᠢ ᠪᠠᠶᠢᠰᠢᠩᠲᠤ ᠶᠢᠨ ᠡᠷᠲᠡᠨ ᠤ ᠬᠤᠲᠠ ᠠᠴᠠ ᠬᠤᠶᠢᠰᠢ ᠪᠠᠷᠤᠭ8 ᠭᠠᠵᠠᠷ ᠤᠨ ᠣᠷᠴᠢᠮ ᠢᠶᠠᠷ ᠨᠢᠭᠡᠨ ᠠᠯᠲᠠᠨ ᠣᠯᠣᠰ ᠤᠨ ᠬᠡᠷᠡᠮ ᠪᠠᠷᠠᠭᠤᠨᠰᠢ ᠮᠣᠷᠣᠯᠵᠠᠨ ᠦᠷᠭᠦᠯᠵᠢᠯᠡᠵᠤ ᠪᠠᠶᠢᠳᠠᠭ᠃ 2003 ᠣᠨ ᠤ10 ᠰᠠᠷ᠎ᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠪᠠᠶᠢᠴᠠᠭᠠᠯᠲᠠ ᠲᠤᠮᠳᠠ ᠪᠠᠶᠢᠰᠢᠩᠲᠤ ᠶᠢᠨ ᠡᠷᠲᠡᠨ ᠤ ᠬᠤᠲᠠ ᠶᠢᠨ ᠪᠠᠷᠠᠭᠤᠨ ᠬᠡᠷᠡᠮ ᠳᠠᠭᠠᠤ ᠢᠭᠴᠤ ᠰᠠᠬᠤᠯᠢᠭ ᠪᠣᠷᠭᠠᠰᠤ ᠤᠷᠭᠤᠵᠤ ᠪᠠᠶᠢᠭᠰᠠᠨ ᠢ ᠮᠡᠳᠡᠵᠠᠢ᠃ ᠣᠳᠣ ᠪᠣᠯᠬᠤ ᠳᠤ ᠳᠡᠳᠡᠭᠡᠷ ᠢᠭᠴᠣ ᠰᠠᠬᠤᠯᠢᠭ ᠪᠣᠷᠭᠠᠰᠤ ᠨᠢ ᠬᠠᠷᠠᠭᠳᠠᠬᠤ ᠪᠠᠨ ᠪᠠᠶᠢᠵᠤ᠂ ᠵᠥᠪᠬᠡᠨ ᠡᠳᠦᠢ ᠲᠡᠳᠦᠢ ᠰᠡᠶᠢᠷᠡᠭ ᠪᠣᠷᠭᠠᠰᠤ ᠯᠡ ᠦᠯᠡᠳᠡᠵᠤ ᠪᠠᠶᠢᠨ᠎ᠠ᠃             ᠲᠤᠰ ᠬᠤᠲᠠ ᠶᠢᠨ ᠲᠠᠯᠠᠪᠠᠢ ᠨᠢ ᠪᠠᠷᠤᠭ ᠠᠷᠪᠠᠨ ᠨᠢᠭᠡᠨ ᠲᠦᠮᠡᠨ ᠳᠡᠭᠰᠢ ᠳᠦᠷᠪᠡᠯᠵᠢᠨ ᠮᠧᠲᠷ ᠪᠠᠶᠢᠵᠤ᠂ ᠣᠳᠤ ᠳᠤᠬᠠᠢ ᠶᠢᠨ ᠭᠠᠵᠠᠷ ᠤᠨ ᠮᠠᠯᠴᠢᠳ ᠤᠨ ᠪᠡᠯᠴᠢᠭᠡᠷ ᠪᠤᠯᠵᠠᠢ᠃ ᠤᠷᠴᠢᠮ ᠤᠨ ᠵᠢᠯ ᠠᠴᠠ ᠨᠠᠭᠠᠰᠢ ᠠᠭᠤᠷ ᠠᠮᠢᠰᠬᠤᠯ ᠭᠠᠩ ᠬᠠᠭᠤᠷᠠᠢ ᠪᠣᠶᠣ ᠪᠡᠯᠴᠢᠭᠡᠷ ᠤᠨ ᠲᠠᠭᠠᠭᠠᠴᠠ ᠠᠴᠠ ᠭᠡᠲᠦᠷᠡᠲᠡᠯ᠎ᠡ ᠮᠠᠯ ᠮᠠᠯᠵᠢᠭᠰᠠᠨ ᠠᠴᠠ ᠪᠣᠯᠵᠤ᠂ ᠡᠯᠡᠰᠦᠷᠬᠡᠭᠵᠢᠬᠦ ᠶᠢ ᠨᠡᠩ ᠭᠡᠴᠡᠭᠦᠳᠡᠵᠠᠢ᠃             ᠪᠠᠶᠢᠰᠢᠩᠲᠤ ᠶᠢᠨ ᠡᠷᠲᠡᠨ ᠤ ᠬᠤᠲᠠ ᠶᠢᠨ 8 ᠭᠠᠵᠠᠷ ᠤᠨ ᠵᠠᠶᠢᠲᠠᠢ ᠣᠷᠴᠢᠮ ᠲᠤ ᠨᠢᠭᠡᠨ ᠠᠯᠲᠠᠨ ᠣᠯᠣᠰ ᠤᠨ ᠬᠡᠷᠡᠮ ᠪᠠᠷᠠᠭᠤᠨᠰᠢ ᠦᠷᠭᠦᠯᠵᠢᠯᠡᠵᠤ ᠪᠠᠶᠢᠬᠤ ᠨᠢ ᠲᠤᠰ ᠬᠤᠲᠠ ᠶᠢᠨ ᠬᠠᠮᠠᠭᠠᠯᠠᠯᠲᠠ ᠶᠢᠨ ᠴᠢᠨᠠᠷ ᠢ ᠣᠯᠠᠮ ᠢᠯᠡᠭᠦᠦ ᠳᠤᠪᠤᠶᠢᠯᠭᠠᠵᠠᠢ᠃ ᠡᠭᠦᠨ ᠤ ᠬᠠᠮᠲᠤ᠂ ᠭᠠᠵᠠᠷ ᠶᠢᠨ ᠭᠠᠳᠠᠷᠭᠤ ᠲᠡᠭᠡᠷ᠎ᠡ ᠠᠴᠠ ᠢᠯᠡᠷᠡᠭᠦᠯᠦᠭᠰᠡᠨ ᠸᠠᠭᠠᠷ ᠱᠠᠭᠠᠵᠠᠩ ᠤᠨ ᠭᠡᠯᠳᠡᠷᠭᠡᠢ ᠠᠴᠠ ᠲᠤᠰ ᠬᠤᠲᠠ ᠪᠣᠯ ᠨᠢᠭᠡᠨ ᠠᠯᠲᠠᠨ ᠣᠯᠣᠰ ᠤᠨ ᠦᠶ᠎ᠡ ᠶᠢᠨ ᠡᠷᠲᠡᠨ ᠤ ᠬᠤᠲᠠ ᠪᠣᠯᠣᠨ᠎ᠠ ᠭᠡᠳᠡᠭ ᠢ ᠮᠡᠳᠡᠵᠤ ᠪᠣᠯᠣᠨ᠎ᠠ᠃ ᠡᠭᠦᠨ ᠠᠴᠠ ᠮᠠᠭᠠᠳᠯᠠᠪᠠᠯ ᠪᠠᠶᠢᠰᠢᠩᠲᠤ ᠶᠢᠨ ᠡᠷᠲᠡᠨ ᠤ ᠬᠤᠲᠠ  ᠨᠢ ᠪᠥᠷᠢᠮᠦᠰᠦᠨ ᠬᠠᠮᠠᠭᠠᠯᠠᠯᠲᠠ ᠪᠠᠨ ᠪᠠᠬᠢᠵᠢᠭᠦᠯᠬᠦ ᠶᠢᠨ ᠲᠥᠯᠦᠭᠡ ᠪᠠᠶᠢᠭᠤᠯᠣᠭᠰᠠᠨ ᠠᠯᠲᠠᠨ ᠣᠯᠣᠰ ᠤᠨ ᠦᠶ᠎ᠡ  ᠶᠢᠨ ᠪᠠᠬᠢᠯᠡᠯᠲᠡ ᠬᠤᠲᠠ ᠪᠣᠯᠣᠨ᠎ᠠ᠃                        
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号