ᠰᠢᠯᠤᠭᠤᠨ ᠬᠦᠬᠡ ᠬᠤᠰᠢᠭᠤ ᠵᠢᠭᠤᠯᠴᠢᠯᠠᠯ ᠤᠨ ᠤᠷᠬᠢᠯ ᠬᠤᠭᠤᠴᠠᠭ᠎ᠠ ᠶᠢ ᠤᠭᠳᠤᠨ ᠠᠪᠴᠢᠷᠠᠯ᠎ᠠ
ᠨᠡᠶᠢᠲᠡᠯᠡᠭᠰᠡᠨ ᠴᠠᠭ᠄
2019/8/12
        ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠡᠭᠡᠰᠢᠭ        ᠵᠤᠨ ᠤ ᠠᠮᠠᠷᠠᠯᠳᠠ ᠠᠴᠠ ᠨᠠᠰᠢ᠂ ᠲᠠᠯ᠎ᠠ ᠨᠤᠳᠤᠭ ᠤᠨ ᠰᠡᠷᠢᠬᠦᠨ ᠲᠠᠭᠠᠯᠠᠮᠵᠢᠲᠠᠢ ᠠᠭᠤᠷ ᠠᠮᠢᠰᠬᠤᠯ ᠨᠢ ᠵᠤᠭᠠᠴᠠᠭᠰᠠᠳ ᠤᠨ ᠭᠠᠳᠠᠭᠰᠢ ᠭᠠᠷᠴᠦ ᠵᠤᠭᠠᠴᠠᠬᠤ ᠬᠠᠮᠤᠭ ᠤᠨ ᠰᠠᠶᠢᠨ ᠰᠤᠩᠭᠤᠯᠳᠠ ᠪᠤᠯᠵᠠᠢ᠃ ᠤᠳᠤᠬᠠᠨ ᠳᠤ ᠰᠢᠯᠤᠭᠤᠨ ᠬᠦᠬᠡ ᠬᠤᠰᠢᠭᠤᠨ ᠤ ᠵᠤᠭᠠᠴᠠᠯ ᠨᠢ ᠤᠷᠬᠢᠯ ᠬᠤᠭᠤᠴᠠᠭᠠᠨ ᠳᠤ ᠪᠠᠨ ᠤᠷᠤᠵᠤ᠂ ᠦᠡᠭᠭᠡ ᠦᠵᠡᠮᠵᠢ ᠲᠡᠬᠦᠰ ᠠᠯᠳᠠᠩᠬᠸ᠎ᠠ ᠶᠢᠨ ᠲᠠᠯ᠎ᠠ ᠵᠢᠴᠢ ᠮᠤᠩᠭᠤᠯ ᠶᠤᠸᠠᠨ ᠤ ᠰᠤᠶᠤᠯ ᠢ ᠠᠭᠤᠰᠤᠯᠴᠠᠭᠤᠯᠤᠭᠰᠠᠨ ᠡᠨᠡᠬᠦ ᠨᠤᠳᠤᠭ ᠨᠢ ᠡᠯ᠎ᠡ ᠭᠠᠵᠠᠷ ᠤᠨ ᠵᠤᠭᠠᠴᠠᠭᠰᠠᠳ ᠢ ᠤᠭᠳᠤᠨ ᠠᠪᠴᠢᠷᠠᠵᠤ ᠪᠠᠶᠢᠨ᠎ᠠ᠃       ᠤᠶᠢᠷ᠎ᠠ ᠶᠢᠨ ᠡᠳᠦᠷ᠂ ᠰᠢᠯᠤᠭᠤᠨ ᠬᠦᠬᠡ ᠬᠤᠰᠢᠭᠤᠨ ᠤ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠳᠤ ᠬᠦᠭᠵᠢᠶᠡᠨ ᠨᠠᠷᠬᠢᠶᠠᠨ ᠢᠶᠠᠷ ᠪᠢᠯᠬᠠᠵᠤ ᠪᠠᠶᠢᠯ᠎ᠠ᠃ ᠪᠤᠷᠤᠭᠠᠨ ᠤ ᠲᠠᠷᠠᠭᠠᠬᠢ ᠲᠠᠯ᠎ᠠ ᠨᠤᠳᠤᠭ ᠤᠨ ᠭᠤᠶᠤ ᠦᠵᠡᠮᠵᠢ ᠪᠠ ᠰᠡᠷᠢᠬᠦᠨ ᠲᠠᠭᠠᠯᠠᠮᠵᠢᠲᠠᠢ ᠠᠭᠤᠷ ᠠᠮᠢᠰᠬᠤᠯ ᠨᠢ ᠵᠤᠭᠠᠴᠠᠭᠰᠠᠳ ᠲᠤ ᠲᠤᠩ ᠰᠠᠶᠢᠬᠠᠨ ᠰᠡᠳᠬᠢᠭᠳᠡᠯ ᠦᠭᠴᠤ᠂ ᠠᠳᠡ ᠭᠡᠷ ᠬᠤᠳᠠᠯᠠᠭᠠᠷ ᠢᠶᠠᠨ ᠢᠷᠡᠭᠰᠡᠨ ᠵᠤᠭᠠᠴᠠᠭᠰᠠᠳ ᠪᠤᠯᠤᠨ ᠰᠤᠷᠤᠭᠴᠢ ᠶᠢᠨ ᠪᠦᠯᠬᠦᠮ ᠤᠯᠠᠨ ᠬᠠᠷᠠᠭᠳᠠᠵᠤ ᠪᠠᠶᠢᠯ᠎ᠠ᠃       ᠱᠠᠨ ᠰᠢ ᠮᠤᠵᠢ ᠠᠴᠠ ᠢᠷᠡᠭᠰᠡᠨ ᠵᠤᠭᠠᠴᠠᠭᠴᠢ ᠰᠦᠡᠭ ᠠᠢ ᠭᠥᠸᠧ ᠲᠠᠶᠢᠴᠢᠨ ᠨᠠᠶᠢᠵᠠ ᠶᠢᠨ ᠢᠶᠠᠨ ᠤᠷᠢᠯᠭ᠎ᠠ ᠪᠠᠷ ᠰᠤᠷᠭᠠᠭᠤᠯᠢ ᠶᠢᠨ ᠵᠤᠨ ᠤ ᠠᠮᠠᠷᠠᠯᠳᠠ ᠶᠢ ᠠᠰᠢᠭᠯᠠᠵᠤ ᠬᠦᠦ ᠪᠠᠨ ᠲᠠᠭᠠᠭᠤᠯᠤᠨ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠳᠤ ᠢᠷᠡᠭᠰᠡᠨ ᠪᠠᠶᠢᠵᠠᠢ᠃ ᠲᠡᠷᠡ ᠪᠢᠳᠡᠨ ᠳᠤ ᠭᠡᠯᠡᠭᠦ ᠳᠡᠭᠡᠨ᠄ ︽ᠠᠩᠬ᠎ᠠ ᠤᠳᠠᠭ᠎ᠠ ᠬᠦᠰᠡᠨ ᠮᠦᠷᠦᠭᠡᠳᠦᠭᠰᠡᠭᠡᠷ ᠢᠷᠡᠭᠰᠡᠨ ᠰᠢᠯᠤᠭᠤᠨ ᠬᠦᠬᠡ ᠨᠤᠳᠤᠭ ᠲᠤ ᠢᠷᠡᠭᠡᠳ ᠰᠡᠳᠬᠢᠯ ᠮᠠᠰᠢ ᠲᠤᠭᠳᠤᠯᠵᠤ᠂ ᠶᠡᠭᠡ ᠪᠠᠶᠠᠷᠯᠠᠵᠤ ᠪᠠᠶᠢᠨ᠎ᠠ᠃ ᠤᠨᠴᠠᠭᠠᠶᠢᠯᠠᠨ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠨᠢ ᠲᠡᠤᠭᠡ ᠰᠤᠶᠤᠯ ᠵᠤᠵᠠᠭᠠᠨ ᠨᠤᠳᠤᠭ᠂ ᠮᠦᠨᠴᠦ ᠬᠤᠪᠢᠯᠠᠢ ᠬᠠᠭᠠᠨ ᠤ ᠵᠤᠰᠠᠯᠠᠩ ᠪᠠᠶᠢᠭᠰᠠᠨ᠃ ᠡᠨᠡ ᠲᠡᠤᠭᠡ ᠶᠢᠨ ᠤᠯᠠ ᠮᠦᠷ ᠢ ᠬᠠᠶᠢᠵᠤ ᠶᠠᠪᠤᠭ᠎ᠠ ᠳᠠᠭᠠᠨ ᠶᠡᠭᠡ ᠲᠤᠭᠳᠤᠯᠵᠤ ᠪᠠᠶᠢᠨ᠎ᠠ᠃ ᠠᠭᠤᠷ ᠠᠮᠢᠰᠬᠤᠯ ᠴᠦ ᠰᠠᠶᠢᠬᠠᠨ᠂ ᠬᠦᠭᠡ ᠲᠡᠭᠷᠢ ᠬᠦᠪᠤᠡᠭ ᠡᠬᠦᠯᠡ ᠎ ᠲᠠᠢ᠃ ᠪᠢ ᠶᠡᠷᠦ ᠠᠴᠠ ᠡᠶᠢᠮᠦ ᠠᠷᠪᠢᠨ ᠡᠬᠦᠯᠡ᠂ ᠡᠶᠢᠮᠦ ᠬᠦᠭᠡ ᠲᠡᠭᠷᠢ ᠶᠢ ᠦᠵᠡᠵᠤ ᠦᠡᠭᠭᠡᠷᠡᠭᠰᠡᠨ ᠦᠬᠡᠢ︾ ᠭᠡᠵᠤ ᠲᠤᠭᠳᠤᠯᠤᠨ ᠶᠠᠷᠢᠵᠤ ᠪᠠᠶᠢᠯ᠎ᠠ᠃       ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠠᠵᠢᠯᠳᠠᠨ ᠤ ᠲᠠᠨᠢᠯᠴᠠᠭᠤᠯᠤᠭᠰᠠᠨ ᠢᠶᠠᠷ᠂ ᠤᠳᠤᠬᠠᠨ ᠤ ᠦᠵᠡᠮᠵᠢ ᠶᠢᠨ ᠤᠷᠤᠨ ᠤ ᠵᠤᠭᠠᠴᠠᠭᠰᠠᠳ ᠤᠨ ᠪᠠᠶᠢᠳᠠᠯ ᠠᠴᠠ ᠦᠵᠡᠪᠡᠯ᠂ ᠡᠨᠡ ᠵᠤᠨ ᠤ ᠵᠤᠭᠠᠴᠠᠭᠴᠢ ᠨᠢᠳᠦᠨᠦᠨ ᠎ ᠤᠨ ᠬᠢ ᠠᠴᠠ ᠠᠷᠪᠢᠨ ᠪᠠᠶᠢᠵᠤ᠂ ᠤᠯᠠᠩᠭᠢ ᠨᠢ ᠪᠡᠭᠡᠵᠢᠩ ᠲᠢᠶᠠᠨᠵᠢᠨ ᠡᠾᠧᠪᠸᠢ᠂ ᠱᠠᠨᠳᠦ᠋ᠡᠭ᠂ ᠱᠧᠨᠵᠧᠨ᠂ ᠰᠢᠶᠠᠩᠭᠠᠡᠭ ᠵᠡᠷᠭᠡ ᠭᠠᠵᠠᠷ ᠠᠴᠠ ᠢᠷᠡᠭᠰᠡᠨ ᠪᠠᠶᠢᠨ᠎ᠠ᠃ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠵᠢᠯ ᠪᠤᠯᠭᠠᠨ ᠤ ᠵᠢᠭᠤᠯᠴᠢᠯᠠᠯ ᠤᠨ ᠤᠷᠬᠢᠯ ᠬᠤᠭᠤᠴᠠᠭ᠎ᠠ ᠨᠢ ᠪᠠᠷᠤᠭ 7 ᠰᠠᠷ᠎ᠠ ᠶᠢᠨ 15᠎ ᠠᠴᠠ 8 ᠰᠠᠷ᠎ᠠ ᠶᠢᠨ 20 ᠬᠦᠷᠳᠡᠯ᠎ᠡ 40 ᠡᠳᠦᠷ ᠦᠷᠬᠦᠯᠵᠢᠯᠡᠨ᠂ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠳᠤ ᠲᠤᠮᠳᠠᠴᠢ ᠪᠠᠷ ᠡᠳᠦᠷ ᠪᠦᠷᠢ 2000 ᠵᠤᠭᠠᠴᠠᠭᠴᠢ ᠲᠤᠰᠴᠦ᠂ ᠭᠠᠷᠠᠭ ᠤᠨ ᠵᠢᠷᠭᠤᠭᠠᠨ ᠡᠳᠦᠷ ᠲᠤ 2000᠎ ᠠᠴᠠ ᠲᠡᠭᠡᠭᠰᠢᠬᠢ ᠵᠤᠭᠠᠴᠠᠭᠴᠢ ᠶᠢ ᠲᠤᠰᠳᠠᠭ ᠪᠠᠶᠢᠨ᠎ᠠ᠃ ᠡᠨᠡ ᠵᠢᠯ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠨᠢ ᠵᠤᠭᠠᠴᠠᠯ ᠤᠨ ᠤᠷᠬᠢᠯ ᠬᠤᠭᠤᠴᠠᠭᠠᠨ ᠤ ᠦᠢᠯᠡᠴᠢᠯᠡᠭᠡᠨ ᠤ ᠴᠢᠨᠠᠷ ᠢ ᠪᠠᠳᠤᠯᠠᠬᠤ ᠶᠢᠨ ᠲᠦᠯᠦᠭᠡ᠂ ᠵᠦᠭᠡᠯᠡᠨ ᠲᠤᠨᠤᠭ ᠤᠨ ᠦᠢᠯᠡᠴᠢᠯᠡᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠵᠤᠴᠢᠨ ᠤᠭᠳᠤᠵᠤ ᠬᠦᠯᠢᠶᠡᠨ ᠵᠤᠴᠢᠯᠠᠬᠤ ᠪᠡᠯᠡᠳᠭᠡᠯ ᠠᠵᠢᠯ ᠢ ᠡᠷᠴᠢᠮᠲᠠᠢ ᠬᠢᠭᠰᠡᠨ ᠪᠠᠶᠢᠨ᠎ᠠ᠃       ᠰᠤᠷᠪᠤᠯᠵᠢᠯᠠᠭᠴᠢ ᠶᠤᠸᠠᠨ ᠤ ᠲᠡᠭᠡᠳᠦ ᠨᠡᠶᠢᠰᠯᠡᠯ ᠤᠨ ᠮᠦᠽᠸᠢ ᠬᠦᠷᠬᠦ ᠳᠤ᠂ ᠵᠤᠭᠠᠴᠠᠭᠰᠠᠳ ᠶᠡᠭᠡ ᠶᠤᠸᠠᠨ ᠤᠯᠤᠰ ᠤᠨ ᠬᠦᠨ ᠬᠤᠷᠠᠮᠳᠤᠭᠰᠠᠨ ᠤᠶᠤᠨ ᠤ ᠲᠠᠯᠠᠰᠳᠦ ᠪᠤᠯᠤᠨ ᠦᠨᠳᠦᠰᠦᠳᠡᠨ ᠤ ᠤᠷᠠᠯᠢᠭ ᠤᠨ ᠦᠨᠡᠳᠦ ᠵᠦᠢᠯᠡᠰ ᠢ ᠰᠤᠨᠢᠷᠬᠠᠵᠤ ᠪᠠᠶᠢᠯ᠎ᠠ᠃ ᠤᠳᠤᠬᠠᠨ ᠳᠤ᠂ ᠶᠤᠸᠠᠨ ᠤ ᠲᠡᠭᠡᠳᠦ ᠨᠡᠶᠢᠰᠯᠡᠯ ᠤᠨ ᠮᠦᠽᠸᠢ ᠨᠢ ᠨᠢᠬᠡᠨᠳᠡ ᠶᠤᠸᠠᠨ ᠤ ᠲᠡᠭᠡᠳᠦ ᠨᠡᠶᠢᠰᠯᠡᠯ ᠤᠨ ᠲᠡᠯᠡᠭᠡᠢ ᠶᠢᠨ ᠰᠤᠶᠤᠯ ᠤᠨ ᠦᠪ ᠤᠨ ᠦᠨ᠎ᠡ ᠦᠷᠳᠡᠭ ᠪᠤᠯᠤᠨ ᠮᠤᠩᠭᠤᠯ ᠶᠤᠸᠠᠨ ᠤ ᠰᠤᠶᠤᠯ ᠤᠨ ᠰᠤᠯᠢᠯᠴᠠᠭ᠎ᠠ ᠶᠢ ᠲᠡᠯᠭᠡᠨ ᠦᠵᠡᠬᠦᠯᠬᠦ ᠴᠤᠩᠬᠤ ᠪᠤᠯᠤᠭᠰᠠᠨ ᠢᠶᠠᠷ ᠮᠠᠰᠢ ᠤᠯᠠᠨ ᠵᠤᠭᠠᠴᠠᠭᠰᠠᠳ ᠢ ᠲᠠᠳᠠᠵᠤ ᠪᠠᠶᠢᠳᠠᠭ᠃ ᠤᠶᠢᠯᠠᠭᠠᠭᠰᠠᠨ ᠢᠶᠠᠷ᠂ ᠡᠨᠡ ᠵᠢᠯ ᠶᠤᠸᠠᠨ ᠤ ᠲᠡᠭᠡᠳᠦ ᠨᠡᠶᠢᠰᠯᠡᠯ ᠤᠨ ᠮᠦᠽᠸᠢ ᠶᠢᠨ ᠡᠳᠦᠷ ᠪᠦᠷᠢ ᠶᠢᠨ ᠵᠤᠭᠠᠴᠠᠭᠰᠠᠳ ᠤᠨ ᠲᠤᠭ᠎ᠠ 7000 ᠭᠠᠷᠤᠢ ᠬᠦᠮᠦᠨ ᠤᠳᠠᠭ᠎ᠠ ᠳᠤ ᠬᠦᠷᠦᠭᠰᠡᠨ ᠪᠠᠶᠢᠨ᠎ᠠ᠃       ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢᠨ ᠲᠠᠰᠤᠷᠠᠯᠳᠠ ᠦᠬᠡᠢ ᠲᠦᠯᠬᠢᠨ ᠠᠬᠢᠭᠤᠯᠤᠯᠳᠠ ᠎ ᠶᠢ ᠲᠠᠭᠠᠯᠳᠤᠨ᠂ ᠦᠢᠯᠡᠴᠢᠯᠡᠭᠡᠨ ᠤ ᠲᠦᠭᠦᠭᠡᠷᠦᠮᠵᠢ ᠶᠢᠨ ᠪᠦᠷᠢᠨᠰᠢᠯ᠂ ᠵᠢᠭᠤᠯᠴᠢᠯᠠᠯ ᠤᠨ ᠦᠢᠯᠡᠰ ᠤᠨ ᠭᠡᠯᠪᠡᠷᠢ ᠪᠠᠶᠢᠳᠠᠯ ᠲᠠᠰᠤᠷᠠᠯᠳᠡ ᠦᠬᠡᠢ ᠲᠡᠬᠦᠯᠳᠡᠷᠵᠢᠵᠤ᠂ ᠦᠵᠡᠮᠵᠢ ᠶᠢᠨ ᠤᠷᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠦᠷᠦᠯ ᠵᠦᠢᠯ ᠤᠨ ᠲᠡᠯᠭᠡᠨ ᠦᠵᠡᠬᠦᠯᠬᠦ ᠠᠭᠤᠯᠭ᠎ᠠ ᠴᠦ ᠪᠠᠶᠠᠯᠢᠭᠵᠢᠵᠤ᠂ ᠵᠤᠭᠠᠴᠠᠭᠰᠠᠳ ᠢ ᠨᠡᠩ ᠤᠯᠠᠨ ᠪᠡᠶᠡᠴᠢᠯᠡᠨ ᠤᠶᠢᠯᠠᠭᠠᠬᠤ ᠲᠦᠷᠦᠯ ᠵᠦᠢᠯ ᠲᠠᠢ ᠪᠤᠯᠭᠠᠨ᠂ ᠵᠤᠭᠠᠴᠠᠯ ᠢ ᠨᠡᠩ ᠤᠯᠠᠨ ᠲᠠᠳᠠᠬᠤ ᠬᠦᠴᠦᠨ ᠲᠠᠢ ᠪᠤᠯᠭᠠᠭᠰᠠᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号