ᠰᠢᠯᠤᠭᠤᠨ ᠬᠦᠬᠡ ᠬᠤᠰᠢᠭᠤᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2019/8/28
                              ᠰᠢᠯᠤᠭᠤᠨ ᠬᠦᠬᠡ ᠬᠤᠰᠢᠭᠤ ᠨᠢ ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠤᠮᠳᠠ ᠪᠡᠶ᠎ᠡ᠂ ᠵᠢᠷᠭᠠᠯᠠᠩᠲᠤ ᠲᠠᠯ᠎ᠠ ᠨᠤᠲᠤᠭ ᠰᠢᠯᠢ ᠶᠢᠨ ᠭᠤᠤᠯ ᠤᠨ ᠡᠮᠦᠨ᠎ᠡ ᠵᠠᠬ᠎ᠠ ᠳᠤ ᠪᠠᠶᠢᠷᠢᠯᠠᠵᠦ᠂ ᠨᠡᠶᠢᠰᠯᠡᠯ ᠪᠡᠭᠡᠵᠢᠩ ᠠᠴᠠ 260 ᠺᠢᠯᠤᠮᠧᠲᠷ ᠵᠠᠶᠢᠳᠠᠢ ᠪᠠᠶᠢᠳᠠᠭ᠃ ᠪᠦᠬᠦ ᠬᠤᠰᠢᠭᠤᠨ ᠤ ᠨᠤᠲᠤᠭ ᠲᠡᠪᠢᠰᠬᠡᠷ ᠤᠨ ᠶᠡᠷᠦᠩᠭᠡᠢ ᠲᠠᠯᠠᠪᠠᠢ 10182 ᠲᠡᠭᠰᠢ ᠲᠦᠷᠪᠡᠯᠵᠢᠨ ᠺᠢᠯᠤᠮᠧᠲᠷ᠂ ᠭᠤᠷᠪᠡᠨ ᠪᠠᠯᠭᠠᠰᠤ᠂ ᠲᠦᠷᠪᠡᠨ ᠰᠤᠮᠤ᠂ 2 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠲᠠᠢ᠂ ᠨᠡᠶᠢᠲᠡ 127 ᠵᠠᠰᠠᠭ ᠵᠠᠬᠢᠷᠭᠠᠨ ᠤ ᠭᠠᠴᠠᠭ᠎ᠠ ᠳᠣᠰᠬᠤᠨ ︵ᠨᠡᠶᠢᠭᠡᠮ ᠳᠣᠭᠤᠷᠢᠭ᠂ ᠬᠤᠪᠢᠶᠠᠷᠢ ᠲᠠᠯᠠᠪᠠᠢ︶ ᠲᠠᠢ᠃ ᠪᠦᠬᠦ ᠬᠤᠰᠢᠭᠤᠨ ᠤ ᠬᠦᠮᠦᠨ ᠠᠮᠠ 8.4 ᠲᠦᠮᠡ ᠳᠤ ᠬᠦᠷᠴᠦ᠂ ᠡᠭᠦᠨ ᠤ ᠳᠤᠮᠳᠠ ᠴᠥᠬᠡᠨ ᠳᠣᠭᠠᠳᠤ ᠦᠨᠳᠦᠰᠦᠳᠠᠨ ᠤ ᠬᠦᠮᠦᠨ 3.7 ᠲᠥᠮᠡ ᠪᠠᠶᠢᠵᠤ᠂ ᠶᠡᠷᠦᠩᠬᠡᠢ ᠬᠦᠮᠦᠨ ᠠᠮᠠ ᠶᠢᠨ 44.7% ᠶᠢ ᠡᠵᠡᠯᠡᠨ᠂ ᠮᠤᠩᠭᠤᠯ ᠦᠨᠳᠦᠰᠦᠲᠡᠨ ᠢᠶᠠᠷ ᠭᠤᠤᠯ ᠪᠣᠯᠭᠠᠭᠰᠠᠨ᠂ ᠬᠢᠲᠡᠳ ᠦᠨᠳᠦᠰᠦᠲᠡᠨ ᠵᠡᠷᠭᠡ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠪᠤᠯᠤᠨ᠎ᠠ᠃         ᠰᠢᠯᠤᠭᠤᠨ ᠬᠥᠬᠡ ᠬᠤᠰᠢᠭᠤ ᠨᠢ ᠦᠵᠡᠮᠵᠢ ᠲᠡᠭᠦᠰ ᠪᠠᠶᠢᠭᠠᠯᠢ ᠠᠬᠤᠢ ᠲᠠᠢ᠃ ᠠᠳᠡ ᠲᠠᠯ᠎ᠠ ᠨᠤᠲᠤᠭ᠂ ᠡᠯᠡᠰᠦ ᠮᠠᠩᠬ᠎ᠠ᠂ ᠰᠡᠶᠢᠷᠡᠭ ᠣᠢ᠂ ᠨᠠᠭᠤᠷ ᠴᠥᠭᠦᠷᠥᠮ᠂ ᠪᠠᠯᠠᠷ ᠣᠢ᠂ ᠭᠤᠤᠯ ᠮᠥᠷᠡᠨ ᠵᠡᠷᠭᠡ ᠲᠠᠯ᠎ᠠ ᠨᠤᠳᠤᠭ ᠤᠨ ᠦᠵᠡᠮᠵᠢ ᠪᠥᠷᠢᠳᠴᠦ᠂ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠨᠢ ᠳᠠᠯᠠᠩᠨᠠᠨ ᠦᠷᠭᠦᠯᠵᠢᠯᠡᠵᠦ᠂ ᠮᠠᠩᠬᠠᠨ ᠨᠤᠲᠤᠭ ᠤᠨ ᠥᠪᠡᠷᠮᠢᠴᠡ ᠤᠨᠴᠠᠯᠢᠭ ᠢ ᠬᠠᠷᠠᠭᠤᠯᠵᠤ ᠴᠢᠳᠠᠭᠰᠠᠨ ᠢᠶᠠᠷ ᠪᠠᠷᠠᠬᠤ ᠦᠭᠡᠢ᠂ ᠠᠯᠳᠠᠩᠬᠸ᠎ᠠ ᠶᠢᠨ ᠰᠢᠷ᠎ᠠ ᠲᠠᠯ᠎ᠠ ᠨᠢ ᠲᠠᠯ᠎ᠠ ᠨᠤᠳᠤᠭ ᠤᠨ ᠦᠵᠡᠰᠭᠦᠯᠡᠩ ᠢ ᠬᠦᠷᠦᠭᠰᠡᠨ ᠪᠦᠬᠦᠨ ᠳᠤ ᠬᠦᠷᠭᠡᠵᠦ ᠪᠠᠶᠢᠳᠠᠭ᠃ ᠠᠳᠡᠬᠢ ᠪᠣᠯ ᠪᠡᠭᠡᠵᠢᠩ ᠠᠴᠠ ᠬᠠᠮᠤᠭ ᠣᠶᠢᠷ᠎ᠠ ᠴᠣᠯ ᠪᠠᠶᠢᠭᠠᠯᠢᠯᠢᠭ ᠲᠠᠯ᠎ᠠ ᠨᠤᠳᠤᠭ ᠤᠨ ᠮᠠᠯᠵᠢᠬᠤ ᠣᠷᠣᠨ ᠪᠠ ᠪᠡᠭᠡᠵᠢᠩ ᠲᠢᠶᠠᠨᠵᠢᠨ ᠤ ᠴᠢᠬᠤᠯᠠ ᠠᠮᠢ ᠠᠬᠤᠢ ᠶᠢᠨ ᠬᠠᠯᠬᠠᠪᠴᠢ ᠪᠤᠯᠤᠨ᠎ᠠ᠃         ᠰᠢᠯᠤᠭᠤᠨ ᠬᠦᠬᠡ ᠬᠤᠰᠢᠭᠤᠨ ᠤ ᠰᠤᠶᠤᠯ ᠲᠡᠤᠭᠡ ᠶᠢᠨ ᠦᠪ ᠵᠤᠵᠠᠭᠠᠨ᠂ ᠮᠤᠩᠭᠤᠯ ᠶᠤᠸᠠᠨ ᠤ ᠰᠤᠶᠤᠯ ᠤᠨ ᠡᠭᠦᠰᠤᠨ ᠬᠦᠭᠵᠢᠭᠰᠡᠨ ᠤᠷᠤᠨ᠂ ᠳᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠴᠠᠬᠠᠷ ᠵᠠᠩ ᠤᠶᠢᠯᠡ ᠶᠢᠨ ᠨᠡᠶᠢᠲᠡᠯᠢᠭ ᠲᠥᠯᠥᠭᠡᠯᠡᠭᠴᠢ ᠣᠷᠣᠨ᠂ ︽ᠲᠤᠮᠳᠠᠳᠤ ᠤᠯᠤᠰ ᠤᠨ ᠴᠠᠭᠠᠨ ᠢᠳᠡᠭᠡᠨ ᠤ ᠰᠤᠶᠤᠯ ᠤᠨ ᠦᠯᠤᠭᠡᠢ︾ ᠪᠠ ︽ᠭᠦᠶᠦᠭᠴᠢ︾ ᠬᠤᠯᠠ ᠭᠦᠶᠦᠬᠦ ᠣᠷᠣᠯᠳᠣᠭᠠᠨ ᠡᠰᠨᠢᠨ ᠬᠦᠭᠵᠢᠭᠰᠡᠨ ᠭᠠᠵᠠᠷ ᠂ ᠮᠤᠩᠭᠤᠯ ᠦᠨᠳᠦᠰᠦᠲᠡᠨ ᠤ ᠤᠳᠤ ᠦᠶ᠎ᠡ ᠶᠢᠨ ᠤᠳᠬ᠎ᠠ ᠵᠤᠬᠢᠶᠠᠯ ᠤᠨ ᠰᠠᠭᠤᠷᠢᠯᠠᠭᠴᠢ ᠨᠠ᠊ ᠰᠠᠶᠢᠨᠴᠤᠭᠳᠤ ᠶᠢᠨ ᠮᠡᠨᠳᠤᠯᠡᠭᠰᠡᠨ ᠨᠤᠲᠤᠭ ᠪᠤᠯᠤᠨ᠎ᠠ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ - ᠠᠭᠤᠤ ᠶᠡᠭᠡ ᠴᠠᠭ ᠦᠶ᠎ᠡ ᠶᠢᠨ ᠨᠡᠶᠢᠰᠯᠡᠯ ᠬᠤᠳᠠ ᠶᠢᠨ ᠪᠠᠭᠤᠷᠢ᠂ ᠠᠰᠤᠷᠤ ᠶᠡᠭᠡ ᠰᠤᠶᠤᠯ ᠪᠤᠯᠪᠠᠰᠣᠨ ᠢ ᠥᠪᠯᠡᠭᠰᠡᠨ ᠬᠠᠭᠤᠴᠢᠨ ᠪᠠᠭᠤᠷᠢ ᠨᠢ ᠮᠠᠨ ᠤ ᠨᠤᠲᠤᠭ ᠲᠤ ᠪᠠᠶᠢᠷᠢᠯᠠᠨ᠂ ᠡᠵᠡᠨᠳᠦ ᠭᠦᠷᠦᠨ ᠤ ᠲᠡᠦᠬᠡ ᠦᠨᠡᠨ ᠢ ᠦᠷ᠎ᠡ ᠬᠤᠶᠢᠴᠢᠰ ᠲᠠᠭᠠᠨ ᠥᠪᠯᠡᠨ ᠳᠠᠨᠢᠭᠤᠯᠬᠤ ᠪᠠᠷ ᠰᠡᠬᠦᠶᠢᠭᠰᠡᠭᠡᠷ ᠪᠤᠢ᠃         1979 ᠣᠨ ᠳᠤ᠂ ᠨᠠᠢᠮᠠᠨ ᠮᠣᠵᠢ ᠣᠷᠣᠨ ᠤ ᠭᠤᠷᠪᠠᠳᠤᠭᠠᠷ ᠤᠳᠠᠭᠠᠨ ᠤ ᠮᠣᠩᠭᠤᠯ ᠬᠡᠯᠡᠨ ᠤ ᠲᠤᠰᠬᠠᠶ ᠮᠡᠷᠭᠡᠵᠢᠯ ᠤᠨ ᠬᠤᠷᠠᠯ ᠠᠴᠠ ᠰᠢᠯᠤᠭᠤᠨ ᠬᠥᠬᠡ ᠬᠤᠰᠢᠭᠤ ᠪᠠᠷ ᠲᠥᠯᠥᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠮᠠᠨ ᠤ ᠤᠯᠤᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠭᠠᠬᠤ ᠪᠠᠷ ᠰᠤᠳᠤᠯᠤᠨ ᠳᠣᠭᠲᠠᠪᠠ᠃ 2009 ᠣᠨ ᠤ 10 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠠᠵᠢᠯ ᠤᠨ ᠵᠥᠪᠯᠡᠯ ᠪᠣᠯᠤᠨ ᠨᠠᠢᠮᠠᠨ ᠮᠣᠵᠢ ᠣᠷᠣᠨ ᠤ ᠮᠣᠩᠭᠤᠯ ᠬᠡᠯᠡᠨ ᠤ ᠠᠵᠢᠯ ᠤᠨ ᠬᠤᠷᠰᠢᠨ ᠠᠵᠢᠯᠯᠠᠬᠤ ᠳᠤᠭᠤᠶᠢᠯᠠᠩ ᠤᠨ ᠠᠯᠪᠠᠨ ᠭᠡᠷ ᠠᠴᠠ ᠰᠢᠯᠤᠭᠤᠨ ᠬᠦᠬᠡ ᠬᠤᠰᠢᠭᠤ ᠶᠢ ︽ᠳᠤᠮᠳᠠᠳᠤ ᠤᠯᠤᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠭᠡᠵᠦ ᠣᠨᠴᠠᠭᠠᠶᠢᠯᠠᠨ ᠨᠡᠷᠡᠶᠢᠳᠪᠡ᠃ ᠰᠢᠯᠤᠭᠤᠨ ᠬᠥᠬᠡ ᠬᠤᠰᠢᠭᠤ ᠨᠢ ᠤᠷᠢᠳ ᠬᠤᠵᠢᠳ ᠲᠥᠷᠪᠡᠨ ᠬᠤᠭᠤᠴᠠᠭᠠᠨ ᠤ ᠨᠠᠢᠮᠠᠨ ᠮᠣᠵᠢ ᠣᠷᠣᠨ ᠤ ᠮᠣᠩᠭᠤᠯ ᠬᠡᠯᠡᠨ ᠤ ᠨᠡᠪᠲᠡᠷᠡᠭᠦᠯᠦᠭᠴᠢ ᠬᠥᠲᠥᠯᠥᠭᠴᠢ ᠶᠢᠨ ᠤᠷᠤᠯᠳᠤᠭᠠᠨ ᠪᠠ ᠨᠢᠭᠡ ᠤᠳᠠᠭᠠᠨ ᠤ ᠪᠥᠬᠦ ᠤᠯᠤᠰ ᠤᠨ ᠨᠠᠢᠮᠠᠨ ᠮᠣᠵᠢ ᠣᠷᠣᠨ ᠤ ᠥᠨᠳᠥᠷ ᠳᠤᠮᠳᠠᠳᠤ ᠶᠢᠨ ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠢ ᠳᠠᠭᠠᠭᠠᠴᠢᠯᠠᠨ ᠡᠷᠬᠢᠯᠡᠪᠡ᠃ 2016 ᠣᠨ ᠳᠤ ᠪᠦᠬᠦ ᠤᠯᠤᠰ ᠤᠨ ᠴᠤᠷ ᠤᠨ ᠭᠠᠭᠴᠠ ᠳᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠳᠡᠯᠭᠡᠷᠡᠭᠦᠯᠦᠨ ᠲᠥᠭᠡᠮᠡᠯᠵᠢᠭᠦᠯᠬᠦ ᠲᠡᠯᠭᠡᠨ ᠦᠵᠡᠭᠦᠯᠭᠡ ᠶᠢᠨ ᠲᠢᠩᠬᠢᠮ ᠢ ᠠᠳᠡ ᠪᠠᠶᠢᠭᠤᠯᠤᠨ᠂ ᠨᠠᠮ ᠤᠨ ᠦᠨᠳᠦᠰᠦᠳᠠᠨ ᠤ ᠲᠥᠷᠥ ᠶᠢᠨ ᠪᠤᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠰᠢᠨ᠎ᠡ ᠴᠠᠭ ᠦᠶ᠎ᠡ ᠶᠢᠨ ᠦᠨᠳᠦᠰᠦᠳᠠᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ ᠪᠣᠢ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ ᠪᠥᠬᠦ ᠬᠤᠰᠢᠭᠤᠨ ᠤ ᠠᠵᠤ ᠠᠬᠤᠢ ᠶᠢᠨ ᠶᠡᠷᠦᠩᠬᠡᠶ ᠬᠡᠮᠵᠢᠶ᠎ᠡ ᠵᠢᠯ ᠳᠤ ᠳᠤᠮᠳᠠᠴᠢ ᠪᠠᠷ 7 % ᠣᠷᠴᠢᠮ ᠨᠡᠮᠡᠭᠳᠡᠵᠦ᠂ ᠥᠰᠦᠯᠳᠡ ᠶᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠴᠥᠮ ᠯᠠᠪᠳᠠᠭᠤᠨ ᠪᠠᠲᠤᠲᠠᠶ ᠠᠬᠢᠭᠤᠯᠪᠠ᠃ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠠᠮᠤᠭᠤᠯᠠᠩ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠠᠵᠢᠯ ᠲᠥᠷᠥᠯ ᠤᠳ ᠵᠣᠬᠢᠴᠠᠩᠭᠤᠢ ᠪᠠᠷ ᠬᠥᠭᠵᠢᠵᠦ᠂ ᠨᠡᠶᠢᠭᠡᠮ᠂ ᠠᠷᠠᠳ ᠤᠨ ᠠᠮᠢᠳᠤᠷᠠᠯ ᠤᠨ ᠦᠢᠯᠡᠰ ᠳᠠᠭᠠᠭᠠᠮᠠᠭᠠᠢ ᠬᠥᠭᠵᠢᠵᠦ ᠪᠤᠢ᠃         ᠰᠢᠨ᠎ᠡ ᠡᠷᠡᠨ ᠰᠢᠨ᠎ᠡ ᠴᠠᠭ ᠦᠶ᠎ᠡ ᠳᠤ ᠰᠢᠯᠤᠭᠤᠨ ᠬᠥᠬᠡ ᠬᠤᠰᠢᠭᠤ ᠨᠢ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠦᠵᠡᠯᠳᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠦᠷᠭᠡᠨ ᠤ ᠲᠡᠮᠦᠷ ᠵᠠᠮ ᠂ ᠲᠦᠷᠭᠡᠨ ᠤ ᠵᠠᠰᠠᠮᠠᠯ ᠵᠠᠮ᠂ ᠱᠠᠩᠳᠤ ᠨᠢᠰᠬᠡᠯ ᠤᠨ ᠪᠠᠭᠤᠳᠠᠯ ᠤᠨ ᠪᠠᠶᠢᠭᠤᠯᠤᠯᠳᠠ ᠠᠴᠠ ᠠᠪᠴᠢᠷᠠᠭᠰᠠᠨ ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠠᠰᠢᠭᠯᠠᠵᠤ᠂ ᠪᠡᠭᠡᠵᠢᠩ᠂ ᠾᠧᠪᠧᠶ ᠲᠠᠢ ᠵᠡᠷᠭᠡᠯᠡᠳᠡᠭᠡ᠂ ᠵᠡᠭᠦᠨ ᠪᠠᠷᠠᠭᠤᠨ ᠣᠷᠣᠨ ᠢ ᠬᠤᠯᠪᠤᠵᠤ ᠪᠠᠶᠢᠭ᠎ᠠ ᠭᠠᠵᠠᠷ ᠵᠦᠢ ᠶᠢᠨ ᠳᠠᠪᠠᠭᠤᠯᠢᠭ ᠲᠠᠭᠠᠨ ᠳᠦᠰᠢᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠭᠠᠬᠤ ᠪᠠᠷ ᠪᠦᠬᠦ ᠬᠦᠴᠦᠨ ᠢᠶᠠᠷ ᠢᠶᠠᠨ ᠮᠡᠷᠡᠶᠢᠨ ᠠᠵᠢᠯᠯᠠᠵᠤ ᠪᠠᠶᠢᠨ᠎ᠠ᠃ ︽ᠴᠠᠭᠠᠨ ᠢᠳᠡᠭᠡ︾ ᠶᠢᠨ ᠠᠵᠤ ᠦᠢᠯᠡᠰ ᠢ ᠬᠥᠭᠵᠢᠭᠦᠯᠦᠨ᠂ ︽ᠳᠤᠮᠳᠠᠳᠤ ᠤᠯᠤᠰ ᠲᠤ ᠨᠡᠷᠡᠲᠠᠢ᠂ ᠳᠡᠯᠡᠬᠡᠢ ᠳᠤ ᠠᠯᠳᠠᠷᠲᠠᠶ︾ ᠴᠠᠭᠠᠨ ᠢᠳᠡᠭᠡᠨ ᠤ ᠨᠡᠷᠡᠲᠦ ᠳᠡᠮᠳᠡᠭ ᠢ ᠪᠣᠢ ᠪᠣᠯᠭᠠᠬᠤ ᠪᠠᠷ ᠡᠷᠴᠢᠮᠲᠠᠢ ᠴᠢᠷᠮᠠᠶᠢᠵᠤ ᠪᠠᠶᠢᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠪᠠᠷ ᠪᠦᠬᠦ ᠬᠦᠴᠦᠨ ᠢᠶᠠᠷ ᠲᠡᠮᠡᠴᠡᠵᠦ ᠪᠣᠢ᠃ ᠶᠤᠸᠠᠨ ᠤ ᠳᠡᠭᠡᠳᠦ ᠨᠡᠶᠢᠰᠯᠡᠯ ᠤᠨ ᠰᠣᠶᠣᠯ ᠤᠨ ᠠᠭᠤᠯᠤᠭᠳᠠᠬᠤᠨ ᠪᠠ ᠵᠢᠭᠤᠯᠴᠢᠯᠠᠯ ᠤᠨ ᠦᠨ᠎ᠡ ᠥᠷᠲᠡᠭ ᠢ ᠭᠦᠨᠵᠡᠭᠡᠢ ᠰᠥᠪᠡᠭᠴᠢᠯᠡᠵᠦ᠂ ᠨᠡᠶᠢᠰᠯᠡᠯ ᠪᠡᠭᠡᠵᠢᠩ ᠤᠨ ᠤᠮᠠᠷᠠᠳᠠᠬᠢ ᠮᠣᠩᠭᠤᠯ ᠶᠤᠸᠠᠨ ᠤ ᠰᠣᠶᠣᠯ ᠪᠠ ᠲᠠᠯ᠎ᠠ ᠨᠤᠲᠤᠭ ᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠦᠵᠡᠮᠵᠢᠲᠦ ᠣᠷᠣᠨ ᠢ ᠪᠠᠶᠢᠭᠤᠯᠬᠤ ᠪᠠᠷ ᠡᠷᠴᠢ ᠵᠣᠷᠢᠭᠲᠠᠢ ᠠᠵᠢᠯᠯᠠᠵᠤ ᠪᠤᠢ᠃      
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号