ᠨᠤᠭᠤ ᠭᠠᠵᠠᠷ ᠤᠨ ᠰᠢᠷᠭᠤᠯᠵᠢ ᠶᠢᠨ ᠨᠢᠭᠤᠴᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019/9/12
       —— ᠰᠢᠯᠤᠭᠤᠨ ᠬᠥᠬᠡ ᠬᠤᠰᠢᠭᠤᠨ ᠤ ᠬᠦᠰᠡᠯᠡᠩ ᠭᠡᠤᠭᠡᠤᠨ ᠤᠨ      ᠴᠡᠴᠡᠷᠯᠢᠭ ᠤᠨ ᠪᠠᠶᠢᠭᠠᠯᠢ ᠰᠤᠨᠢᠷᠬᠠᠵᠦ ᠶᠢᠷᠲᠢᠨᠴᠦ ᠶᠢ ᠤᠶᠢᠯᠠᠭᠠᠬᠤ ᠦᠢᠯᠡᠳᠦᠯᠭᠡ ᠶᠢᠨ ᠠᠵᠢᠯᠯᠠᠭ᠎ᠠ           ᠨᠠᠮᠤᠷ ᠭᠡᠵᠤ ᠦᠩᠭᠡ ᠪᠦᠷᠢᠳᠦᠭᠰᠡᠨ ᠴᠠᠭ᠂ ᠨᠠᠮᠤᠷ ᠭᠡᠵᠤ ᠡᠯᠪᠡᠭ ᠬᠤᠷᠢᠶᠠᠯᠳᠠ ᠶᠢᠨ ᠡᠷᠡᠨ᠂ ᠨᠠᠮᠤᠷ ᠭᠡᠵᠤ ᠪᠠᠶᠠᠷ ᠵᠢᠷᠭᠠᠯ ᠬᠤᠤᠰᠯᠠᠭᠰᠠᠨ ᠤᠯᠠᠷᠢᠯ᠂ ᠨᠠᠮᠤᠷ ᠭᠡᠵᠤ ᠰᠤᠷᠤᠯᠴᠠᠯᠭ᠎ᠠ ᠡᠬᠢᠯᠡᠭᠦ ᠬᠤᠭᠤᠴᠠᠭ᠎ᠠ ᠪᠢᠯᠡ᠃            ᠡᠨᠡᠬᠦ ᠦᠵᠡᠰᠬᠦᠯᠡᠩ ᠰᠠᠶᠢᠬᠠᠨ ᠤᠯᠠᠷᠢᠯ ᠳᠤ ᠰᠢᠯᠤᠭᠤᠨ ᠬᠥᠬᠡ ᠬᠤᠰᠢᠭᠤᠨ ᠤ ᠱᠠᠩᠳᠦ ᠶᠢᠨ ᠭᠤᠤᠯ ᠤᠯᠤᠰ ᠤᠨ ᠨᠣᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠤᠪᠴᠢᠶᠠᠨ ᠤ ᠤᠷᠢᠯᠭ᠎ᠠ ᠪᠠᠷ 9 ᠳ᠋ᠦ᠋ᠭᠡᠷ ᠰᠠᠷ᠎ᠠ ᠶᠢᠨ 6᠎ ᠤ ᠦᠳᠡ ᠶᠢᠨ ᠬᠤᠶᠢᠨ᠎ᠠ᠂ ᠭᠦᠰᠡᠯᠡᠩ ᠴᠡᠴᠡᠷᠯᠢᠭ ᠤᠨ ᠬᠤᠶᠠᠷ ᠠᠩᠭᠢ ᠬᠡᠤᠬᠡᠳ ᠪᠠᠭᠰᠢ ᠶᠢᠨ ᠲᠠᠭᠠᠭᠤᠯᠭ᠎ᠠ ᠪᠠᠷ ᠨᠤᠭᠤ ᠭᠠᠵᠠᠷ ᠤᠨ ᠴᠡᠴᠡᠷᠯᠢᠭ ᠲᠤ ᠬᠦᠷᠴᠦ᠂ ᠨᠢᠭᠡᠨ ᠤᠳᠠᠭᠠᠨ ᠤ ︽ᠨᠤᠭᠤ ᠭᠠᠵᠠᠷ ᠤᠨ ᠰᠢᠷᠭᠤᠯᠵᠢ ᠶᠢᠨ ᠨᠢᠭᠤᠴᠠ ᠶᠢ ᠰᠤᠷᠪᠤᠯᠵᠢᠯᠠᠬᠤ︾ ᠦᠢᠯᠡᠳᠦᠯᠭᠡ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃             ᠬᠦᠳᠡᠯᠭᠡᠭᠡᠨ ᠳᠤ ᠴᠡᠴᠡᠷᠯᠢᠭ ᠤᠨ ᠪᠠᠭᠰᠢ ᠠᠴᠠ ᠬᠡᠦᠬᠡᠳ ᠢᠶᠠᠨ ᠬᠦᠳᠦᠯᠦᠨ ᠰᠢᠷᠭᠤᠯᠵᠢ ᠪᠤᠯᠤᠨ ᠰᠢᠷᠭᠤᠯᠵᠢ ᠶᠢᠨ ᠡᠭᠦᠷ ᠲᠤ ᠨᠠᠷᠢᠨ ᠨᠢᠮᠪᠠᠢ ᠠᠵᠢᠭᠯᠠᠯᠲᠠ ᠬᠢᠯᠭᠡᠪᠡ᠃ ᠰᠢᠯᠤᠭᠤᠨ ᠬᠥᠬᠡ ᠬᠤᠰᠢᠭᠤᠨ ᠤ ᠱᠠᠩᠳᠦ ᠶᠢᠨ ᠭᠤᠤᠯ ᠤᠯᠤᠰ ᠤᠨ ᠨᠣᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠤᠪᠴᠢᠶᠠᠨ ᠤ ᠤᠨᠴᠠ ᠤᠷᠢᠭᠰᠠᠨ ᠠᠯᠪᠠᠨ ᠵᠢᠷᠤᠮ ᠤᠨ ᠤᠬᠠᠭᠤᠯᠤᠭᠴᠢ  ᠹᠸᠡᠭ ᠱᠤ᠋ ᠯᠢᠨ ᠪᠠᠭᠰᠢ ᠶᠢᠨ ᠨᠢᠮᠪᠠᠢ ᠬᠦᠯᠢᠴᠡᠩᠭᠦᠢ ᠬᠢᠴᠢᠶᠡᠯ ᠢᠶᠠᠷ ᠬᠡᠤᠬᠡᠳ ᠤᠳ ᠰᠢᠷᠭᠤᠯᠵᠢ ᠨᠢ ᠡᠭᠦᠷ ᠪᠠᠷᠢᠬᠤ ᠪᠠᠷ ᠳᠠᠮᠵᠢᠭᠤᠯᠤᠨ ᠬᠦᠷᠦᠰᠦ ᠰᠢᠷᠦᠢ ᠶᠢ ᠰᠡᠶᠢᠷᠡᠭᠵᠢᠭᠦᠯᠵᠤ᠂ ᠤᠰᠤ ᠬᠠᠳᠠᠭᠠᠯᠠᠬᠤ ᠴᠢᠨᠠᠷ ᠢ ᠎ ᠨᠢ ᠳᠡᠭᠡᠭᠰᠢᠯᠡᠭᠦᠯᠵᠦ ᠴᠢᠳᠠᠳᠠᠭ ᠭᠡᠰᠡᠨ ᠢ ᠤᠶᠢᠯᠠᠭᠠᠭᠰᠠᠨ ᠤ ᠬᠠᠮᠳᠤ ᠰᠢᠷᠭᠤᠯᠵᠢ ᠨᠢ ᠪᠠᠰᠠ ᠠᠮᠢ ᠠᠬᠤᠢ ᠶᠢᠨ ᠰᠡᠷᠭᠦᠭᠡᠯᠲᠡ ᠳᠤ ᠴᠢᠬᠤᠯᠠ ᠦᠢᠯᠡᠳᠦᠯ ᠦᠵᠡᠭᠦᠯᠳᠡᠭ ᠭᠡᠰᠡᠨ ᠢ ᠮᠡᠳᠡᠭᠰᠡᠨ ᠪᠠᠶᠢᠨ᠎ᠠ᠃             ᠭᠡᠤᠭᠡᠤᠨ ᠤᠳ ᠡᠬᠡ ᠪᠠᠶᠢᠭᠠᠯᠢ ᠶᠢᠨ ᠡᠯᠢᠭᠡᠨ ᠳᠤ ᠰᠠᠶᠢᠬᠠᠨ ᠪᠦᠬᠦᠨ ᠢ ᠨᠢ ᠪᠠᠭ᠋ᠠᠷᠬᠠᠵᠤ᠂ ᠵᠢᠷᠭᠠᠯ ᠤᠨ ᠳᠠᠯᠠᠢ ᠳᠤ ᠱᠤᠩᠪᠠᠯ᠎ᠠ᠃ ᠨᠠᠷᠠᠨ ᠤ ᠭᠡᠷᠡᠯ ᠤᠨ ᠢᠯᠴᠢᠨ ᠳᠤ ᠨᠠᠪᠴᠢ ᠴᠡᠴᠡᠭ ᠤᠨ ᠲᠤᠮᠳᠠ ᠰᠢᠪᠠᠭᠤᠳ ᠤᠨ ᠵᠢᠷᠬᠢᠬᠡ ᠶᠢ ᠴᠢᠩᠨᠠᠨ᠂ ᠪᠠᠶᠢᠭᠠᠯᠢ ᠶᠢᠨ ᠦᠩᠭᠡ ᠦᠵᠡᠮᠵᠢ ᠶᠢ ᠪᠠᠭ᠋ᠠᠷᠬᠠᠨ᠂ ᠪᠠᠶᠠᠷ ᠵᠢᠷᠭᠠᠯᠳᠠᠢ᠂ ᠬᠦᠷ ᠬᠦᠭᠵᠢᠯᠲᠡᠢ ᠤᠳᠬ᠎ᠠ ᠠᠭᠤᠯᠭ᠎ᠠ ᠎ ᠲᠠᠢ ᠴᠠᠭ ᠮᠦᠴᠡ ᠪᠠᠨ ᠦᠩᠭᠡᠷᠡᠭᠦᠯᠦᠯ᠎ᠡ᠃ᠰᠢᠯᠤᠭᠤᠨ ᠬᠥᠬᠡ ᠬᠤᠰᠢᠭᠤᠨ ᠤ ᠭᠡᠷᠡᠯ ᠵᠢᠷᠤᠭᠴᠢᠳ ᠤᠨ ᠨᠡᠶᠢᠭᠡᠮᠯᠢᠭ ᠤᠨ ᠵᠢᠷᠤᠭᠯᠠᠭᠠᠴᠢᠳ ᠴᠤ ᠡᠨᠡᠬᠦ ᠨᠠᠨᠳᠢᠨ ᠭᠱᠠᠨ ᠢ ᠡᠬᠢᠯᠡᠭᠰᠡᠨ ᠠᠴᠠ ᠲᠡᠭᠦᠰᠳᠡᠯ᠎ᠡ ᠵᠢᠷᠤᠭᠯᠠᠵᠤ ᠪᠢᠯᠡ᠃ ᠢᠷᠡᠯᠳᠡ᠄ ᠰᠢᠯᠤᠭᠤᠨ ᠬᠥᠬᠡ ᠬᠤᠰᠢᠭᠤᠨ ᠤ ᠬᠦᠰᠡᠯᠡᠩ ᠭᠡᠤᠭᠡᠤᠨ ‍ᠤᠨ‌‍ᠴᠡᠴᠡᠷᠯᠢᠭ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号