ᠪᠡᠯᠴᠢᠭᠡᠷ ᠤᠨ ᠲᠠᠬᠢᠶ᠎ᠠ ᠳᠡᠵᠢᠭᠡᠬᠦ ᠨᠢ ᠲᠠᠯ᠎ᠠ ᠨᠤᠲᠤᠭ ᠤᠨ ᠰᠡᠷᠭᠦᠯᠳᠡ ᠳᠤ ᠠᠰᠢᠭ ᠲᠠᠢ
ᠨᠡᠶᠢᠲᠡᠯᠡᠭᠰᠡᠨ ᠴᠠᠭ᠄
2019/9/6
                       ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠦᠵᠡᠰᠭᠦᠯᠡᠩ ᠪᠠᠭᠠᠨ᠎ᠠ         ᠡᠯᠡᠰᠦᠷᠭᠡᠭᠵᠢᠨ ᠳᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠭᠦ ᠪᠤᠯ ᠤᠳᠤᠬᠠᠨ ᠳᠤ ᠤᠯᠤᠰ ᠲᠠᠶᠠᠭᠠᠷ ᠰᠤᠳᠤᠯᠵᠤ ᠪᠠᠶᠢᠭ᠎ᠠ ᠬᠠᠯᠠᠮᠰᠢᠯ ᠠᠰᠠᠭᠤᠳᠠᠯ ᠤᠨ ᠨᠢᠭᠡ ᠪᠤᠯᠤᠨ᠎ᠠ᠃ ᠳᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠰᠠᠯᠪᠤᠷᠢ ᠶᠢᠨ ᠬᠢᠨ ᠲᠤᠷᠰᠢᠯᠳᠠ ᠪᠠᠷ ᠳᠠᠮᠵᠢᠭᠠᠳ ᠪᠡᠯᠴᠢᠭᠡᠷ ᠤᠨ ᠳᠠᠬᠢᠶ᠎ᠠ ᠳᠡᠵᠢᠭᠡᠭᠦ ᠨᠢ ᠳᠠᠴᠢᠷᠳᠠᠭᠰᠠᠨ ᠨᠤᠳᠤᠭ ᠪᠡᠯᠴᠢᠭᠡᠷ ᠢ ᠰᠡᠷᠭᠦᠭᠡᠭᠦ ᠳᠤ ᠠᠰᠢᠭ ᠲᠠᠢ ᠬᠡᠰᠡᠨ ᠳ᠋ᠦᠩᠨᠡᠯᠳᠡ ᠶᠢ ᠤᠯᠤᠭᠰᠠᠨ ᠪᠠᠶᠢᠨ᠎ᠠ᠃         ᠰᠤᠷᠪᠤᠯᠵᠢᠯᠠᠭᠴᠢ ᠶᠢ ᠰᠠᠶᠢᠨᠬᠤᠳᠳᠤᠭ ᠰᠤᠮᠤᠨ ᠤ ᠪᠠᠶᠠᠨᠬᠤᠰᠢᠭᠤ ᠭᠠᠴᠠᠭᠠᠨ ᠤ ᠪᠠᠶᠢᠭᠠᠯᠢ ᠮᠠᠯᠵᠢᠯ ᠤᠨ ᠳᠠᠯᠠᠪᠠᠢ  ᠳᠤ ᠬᠦᠷᠬᠦ ᠳᠤ᠂ ᠮᠠᠯᠴᠢᠨ ᠨᠠᠰᠤᠬᠤᠷᠲᠤ ᠶᠢᠨ ᠳᠠᠬᠢᠶ᠎ᠠ ᠳᠡᠵᠢᠭᠡᠭᠦ ᠳᠠᠯᠠᠪᠤᠷ ᠲᠤ ᠬᠡᠳᠦᠨ ᠬᠦᠮᠦᠰ ᠶᠠᠭᠠᠷᠠᠯᠳᠠᠢ ᠠᠵᠢᠯᠯᠠᠵᠤ ᠪᠠᠶᠢᠯ᠎ᠠ᠃ ᠡᠳᠡ ᠪᠤᠯ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠠᠮᠢ ᠠᠬᠤᠢ ᠶᠢ ᠰᠤᠳᠤᠯᠬᠤ ᠦᠷᠳᠡᠭᠡᠨ ᠤ ᠲᠤᠰᠬᠠᠢ ᠮᠡᠷᠭᠡᠵᠢᠯᠳᠡᠳ ᠪᠤᠯᠤᠨ᠎ᠠ᠃ ᠳᠡᠳᠡ ᠤᠷᠭᠤᠮᠠᠯ ᠤᠨ ᠤᠯᠠᠨ ᠶᠠᠩᠵᠤᠳᠤ ᠴᠢᠨᠠᠷ᠂ ᠲᠦᠷᠦᠯ ᠵᠦᠢᠯ᠂ ᠲᠤᠭ᠎ᠠ ᠬᠡᠮᠵᠢᠶ᠎ᠠ ᠵᠡᠷᠭᠡ ᠳᠤ ᠪᠠᠶᠢᠴᠠᠭᠠᠯᠳᠠ ᠬᠢᠬᠦ ᠶᠢᠨ ᠬᠠᠮᠳᠤ ᠬᠦᠷᠦᠰᠦᠨ ᠠᠴᠠ ᠦᠯᠢᠭᠡᠷ ᠠᠪᠴᠤ᠂ ᠰᠢᠮ᠎ᠡ ᠳᠡᠵᠢᠭᠡᠯ ᠤᠨ ᠠᠭᠤᠯᠤᠭᠳᠠᠴᠠ ᠶᠢ ᠨᠢ ᠰᠢᠯᠭᠠᠨ ᠪᠠᠶᠢᠴᠠᠭᠠᠬᠤ ᠪᠠᠷ ᠪᠡᠯᠡᠳᠭᠡᠵᠦ ᠪᠠᠶᠢᠯ᠎ᠠ᠃         ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠰᠠᠯᠪᠤᠷᠢ  ᠶᠢᠨ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠠᠮᠢ ᠠᠬᠤᠢ ᠶᠢ ᠰᠤᠳᠤᠯᠬᠤ ᠦᠷᠳᠡᠭᠡᠨ ᠤ ᠳᠠᠷᠤᠭ᠎ᠠ ᠯᠢ ᠶᠥᠩ ᠭᠧᠩ ᠭᠡᠯᠡᠭᠦ ᠳᠡᠭᠡᠨ᠄  ︽ᠪᠢᠳᠡ ᠨᠤᠲᠤᠭ ᠪᠡᠯᠴᠢᠭᠡᠷ ᠢ ᠰᠡᠷᠭᠦᠭᠡᠵᠦ᠂ ᠮᠠᠯᠴᠢᠳ ᠤᠨ ᠤᠷᠤᠯᠭ᠎ᠠ ᠶᠢ ᠤᠯᠠᠨ ᠶᠠᠩᠵᠤ ᠪᠤᠯᠭᠠᠬᠤ ᠵᠤᠷᠢᠯᠭ᠎ᠠ ᠪᠠᠷ 2002 ᠤᠨ ᠳᠤ ᠰᠢᠯᠤᠭᠤᠨ ᠬᠦᠭᠡ ᠬᠤᠰᠢᠭᠤᠨ ᠤ ᠵᠠᠰᠠᠭ ᠤᠨ ᠤᠷᠲᠤᠨ ᠲᠠᠢ ᠬᠠᠮᠳᠤᠷᠠᠨ᠂ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠠᠮᠢ ᠠᠬᠤᠢ ᠶᠢ ᠰᠤᠳᠤᠯᠬᠤ ᠦᠷᠳᠡᠭᠡ ᠶᠢ ᠪᠠᠶᠢᠭᠤᠯᠤᠭᠰᠠᠨ ᠶᠤᠮ᠃ ᠰᠤᠳᠤᠯᠭᠠᠨ ᠢᠶᠠᠷ ᠳᠠᠮᠵᠢᠭᠠᠳ ᠳᠠᠯ᠎ᠠ ᠨᠤᠲᠤᠭ ᠢ ᠬᠠᠮᠠᠭᠠᠯᠠᠬᠤ ᠳᠤ ᠵᠠᠪᠠᠯ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠬᠳᠠ ᠤᠶᠠᠯᠳᠤᠭᠤᠯᠬᠤ ᠬᠡᠷᠡᠭᠳᠡᠢ ᠭᠡᠳᠡᠭ ᠢ ᠮᠡᠳᠡᠭᠡᠤᠨ ᠪᠡᠯᠴᠢᠭᠡᠷ ᠤᠨ ᠳᠠᠬᠢᠶ᠎ᠠ ᠳᠡᠵᠢᠭᠡᠭᠦ ᠨᠢ ᠨᠤᠲᠤᠭ ᠢ ᠰᠡᠷᠭᠦᠭᠡᠭᠦ ᠮᠦᠷᠳᠡᠭᠡᠨ ᠮᠠᠯᠴᠢᠳ ᠤᠨ ᠤᠷᠤᠯᠭ᠎ᠠ ᠶᠢ ᠪᠠᠳᠤᠯᠠᠵᠤ᠂ ᠤᠯᠠᠮᠵᠢᠯᠠᠯᠳᠤ ᠮᠠᠯ ᠠᠵᠤ ᠠᠬᠤᠢ ᠳᠤ ᠠᠰᠢᠭ ᠲᠠᠢ ᠨᠦᠬᠦᠪᠦᠷᠢᠯᠡᠬᠦ ᠬᠦᠴᠦᠨ ᠵᠦᠢᠯ ᠪᠤᠯᠬᠤ ᠶᠢ ᠰᠤᠳᠤᠯᠵᠤ ᠭᠠᠷᠭᠠᠭᠰᠠᠨ︾ ᠭᠡᠵᠤ ᠪᠠᠶᠢᠯ᠎ᠠ᠃         ᠤᠷᠳᠤ ᠬᠤᠭᠤᠴᠠᠭ᠎ᠠ ᠪᠠᠷ ᠲᠠᠭᠠᠭᠠᠴᠠ ᠠᠴᠠ ᠭᠡᠳᠤᠷᠡᠭᠦᠯᠤᠨ ᠮᠠᠯ ᠮᠠᠯᠵᠢᠭᠰᠠᠨ᠂ ᠠᠭᠤᠷ ᠠᠮᠢᠰᠬᠤᠯ ᠤᠨ ᠬᠤᠪᠢᠷᠠᠯᠳᠠ ᠵᠡᠷᠭᠡ ᠡᠯ᠎ᠡ ᠵᠤᠶᠢᠯ ᠤᠨ ᠰᠢᠯᠳᠠᠭᠠᠨ ᠨᠢ ᠳᠠᠯ᠎ᠠ ᠨᠤᠲᠤᠭ ᠤᠨ ᠡᠯᠡᠰᠦᠷᠭᠡᠭᠵᠢᠯ ᠳᠠᠴᠢᠷᠳᠠᠯ ᠢ ᠪᠤᠢ ᠪᠤᠯᠭᠠᠵᠤ᠂ ᠮᠠᠯ ᠠᠵᠤ ᠠᠬᠤᠢ ᠪᠤᠯᠤᠨ ᠠᠮᠢ ᠠᠬᠤᠢ ᠤᠷᠴᠢᠨ ᠲᠤᠭᠤᠷᠢᠨ ᠤ ᠦᠷᠬᠦᠯᠵᠢᠯᠡᠭᠰᠡᠨ ᠬᠦᠭᠵᠢᠯᠳᠡ ᠳᠤ ᠨᠦᠯᠦᠭᠡ ᠪᠤᠯᠤᠭᠰᠠᠨ ᠪᠠᠶᠢᠨ᠎ᠠ᠃ ᠡᠭᠦᠨ ᠳᠤ ᠴᠢᠭᠯᠡᠭᠦᠯᠦᠨ ᠳᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠰᠠᠯᠪᠤᠷᠢ ᠠᠴᠠ ᠰᠢᠯᠤᠭᠤᠨ ᠬᠦᠭᠡ ᠬᠤᠰᠢᠭᠤᠨ ᠳᠤ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠠᠮᠢ ᠠᠬᠤᠢ ᠶᠢ ᠰᠤᠳᠤᠯᠬᠤ ᠦᠷᠳᠡᠭᠡ ᠶᠢ ᠪᠠᠶᠢᠭᠤᠯᠤᠭᠰᠠᠨ ᠤ ᠳᠠᠷᠠᠭ᠎ᠠ ᠬᠡᠳᠦᠨ ᠵᠢᠯ ᠤᠨ ᠰᠤᠳᠤᠯᠭᠠᠨ ᠢᠶᠠᠷ ᠳᠠᠮᠵᠢᠭᠠᠳ ᠪᠡᠯᠴᠢᠭᠡᠷ ᠤᠨ ᠳᠠᠬᠢᠶ᠎ᠠ ᠳᠡᠵᠢᠭᠡᠭᠦ ᠨᠢ ᠤᠷᠭᠤᠮᠠᠯ ᠤᠨ ᠤᠷᠭᠤᠯᠳᠠ ᠶᠢ ᠠᠬᠢᠭᠤᠯᠵᠤ᠂ ᠬᠦᠷᠦᠰᠦᠨ ᠤ ᠡᠳᠡᠭᠡᠷᠡᠯᠳᠡ ᠶᠢ ᠲᠦᠷᠭᠡᠳᠭᠡᠭᠦ ᠦᠢᠯᠡᠳᠦᠯ ᠲᠠᠢ ᠬᠡᠰᠡᠨ ᠳ᠋ᠦᠩᠨᠡᠯᠳᠡ ᠶᠢ ᠤᠯᠵᠠᠢ᠃         ᠳᠤᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠰᠠᠯᠪᠤᠷᠢ  ᠶᠢᠨ ᠰᠤᠳᠤᠯᠤᠭᠴᠢ᠂ ᠳ᠋ᠤᠺᠲ᠋ᠥᠷ ᠰᠢᠦᠢ ᠬᠤᠩ ᠶᠠᠷᠢᠬᠤ ᠳᠠᠭᠠᠨ᠄ ︽ᠪᠢᠳᠡ ᠭᠤᠤᠯ ᠨᠢ ᠮᠠᠯ ᠵᠢᠬᠦᠷᠳᠡᠨ ᠪᠡᠯᠴᠢᠭᠡᠷ ᠤᠨ ᠤᠶᠠᠯᠳᠤᠯ ᠢᠶᠠᠷ ᠭᠠᠵᠠᠷ ᠰᠢᠷᠤᠢ ᠶᠢ ᠠᠰᠢᠭᠯᠠᠬᠤ ᠠᠷᠭ᠎ᠠ ᠪᠠᠷᠢᠯ ᠢ ᠰᠤᠳᠤᠯᠵᠤ ᠪᠠᠶᠢᠨ᠎ᠠ᠃ ᠳᠠᠴᠢᠷᠳᠠᠭᠰᠠᠨ ᠪᠡᠯᠴᠢᠭᠡᠷ ᠲᠤ ᠳᠠᠬᠢᠶ᠎ᠠ ᠳᠡᠵᠢᠭᠡᠭᠡᠳ ᠡᠳᠡᠭᠡᠷᠡᠭᠰᠡᠨ ᠤ ᠳᠠᠷᠠᠭ᠎ᠠ ᠳᠠᠬᠢᠨ ᠮᠠᠯ ᠮᠠᠯᠵᠢᠵᠦ ᠪᠤᠯᠤᠨ᠎ᠠ᠃ ᠦᠨᠡᠨ ᠳᠡᠭᠡᠨ ᠳᠠᠬᠢᠶ᠎ᠠ ᠳᠡᠵᠢᠭᠡᠭᠦ ᠪᠢᠳᠡᠨ ᠤ ᠮᠡᠷᠭᠡᠵᠢᠯ ᠪᠢᠰᠢ᠂ ᠪᠢᠳᠡᠨ ᠤ ᠵᠤᠷᠢᠯᠭ᠎ᠠ ᠪᠤᠯ ᠠᠳᠡᠬᠢ ᠶᠢᠨ ᠤᠷᠭᠤᠮᠠᠯ ᠠᠮᠢ ᠠᠬᠤᠢ ᠶᠢ ᠰᠡᠷᠭᠦᠭᠡᠨ ᠵᠠᠰᠠᠨ᠎ᠠ᠃ ᠡᠶᠢᠮᠦᠷᠬᠦ ᠠᠷᠭ᠎ᠠ ᠪᠠᠷ ᠳᠠᠬᠢᠶ᠎ᠠ ᠳᠡᠵᠢᠭᠡᠭᠦ ᠪᠤᠯ ᠮᠠᠯᠴᠢᠳ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠳᠤ ᠠᠰᠢᠭ ᠲᠠᠢ ᠶᠤᠮ ︾ ᠭᠡᠯ᠎ᠡ᠃          ᠮᠠᠯᠴᠢᠨ ᠨᠠᠰᠤᠬᠤᠷᠳᠤ ᠶᠢᠨ ᠬᠢᠨ 2009 ᠤᠨ ᠠᠴᠠ ᠡᠬᠢᠯᠡᠵᠦ ᠪᠡᠯᠴᠢᠭᠡᠷ ᠤᠨ ᠳᠠᠬᠢᠶ᠎ᠠ ᠳᠡᠵᠢᠭᠡᠭᠰᠡᠨ ᠶᠤᠮ᠃ ᠳᠡᠭᠦᠨ ᠤ ᠤᠳᠤ ᠶᠢᠨ ᠳᠠᠬᠢᠶ᠎ᠠ ᠳᠡᠵᠢᠭᠡᠵᠦ ᠪᠠᠶᠢᠭ᠎ᠠ ᠳᠠᠯᠠᠪᠤᠷ ᠨᠢ ᠤᠤᠯ ᠳᠠᠭᠠᠨ ᠳᠠᠴᠢᠷᠳᠠᠵᠤ ᠬᠠᠯᠴᠠᠭᠠᠶᠢᠷᠠᠭᠰᠠᠨ ᠬᠤᠵᠢᠷᠯᠢᠭ ᠭᠠᠵᠠᠷ ᠪᠠᠶᠢᠭᠰᠠᠨ ᠭᠡᠬᠦ ᠳᠤ ᠢᠳᠡᠭᠡᠮᠡᠷ ᠦᠭᠡᠢ ᠪᠠᠶᠢᠯ᠎ᠠ᠃ ᠮᠠᠯᠴᠢᠨ ᠨᠠᠰᠤᠬᠤᠷᠳᠤ ᠭᠡᠯᠡᠭᠦ ᠳᠡᠭᠡᠨ᠄ ︽ᠤᠤᠯ ᠨᠢ ᠮᠠᠨ ᠤ ᠡᠨᠡ ᠭᠠᠵᠠᠷ ᠪᠤᠯ ᠨᠢᠭᠡ ᠪᠦᠯᠦᠭ ᠨᠢ ᠬᠤᠵᠢᠷᠯᠢᠭ ᠭᠠᠵᠠᠷ᠂ ᠡᠪᠡᠰᠦ ᠳᠡᠮᠡᠢ ᠤᠷᠭᠤᠬᠤ ᠦᠭᠡᠢ᠃ ᠵᠡᠭᠦᠨ ᠪᠡᠶ᠎ᠡ ᠪᠠᠷ  ᠢᠶᠠᠨ ᠳᠤᠪᠤᠷᠴᠠᠭ ᠳᠡᠭᠡᠷ᠎ᠡ ᠪᠠᠨ ᠡᠯᠡᠰᠦ ᠲᠠᠢ᠂ ᠡᠷᠬᠢ ᠲᠠᠢ ᠭᠠᠵᠠᠷ ᠪᠠᠶᠢᠭᠰᠠᠨ᠃ ᠤᠳᠤ ᠪᠤᠯ ᠡᠯᠡᠰᠦᠷᠭᠡᠭ ᠭᠠᠵᠠᠷ ᠨᠢ ᠪᠦᠳᠦᠭᠦᠯᠢᠭ ᠰᠢᠷᠠᠯᠵᠢ᠂ ᠯᠤᠤᠯᠢ ᠤᠷᠭᠤᠭᠠᠳ᠂ ᠬᠤᠵᠢᠷᠯᠢᠭ ᠭᠠᠵᠠᠷ ᠨᠢ ᠬᠢᠶᠠᠭ᠂ ᠤᠯᠠᠨ ᠵᠦᠢᠯ ᠤᠨ ᠡᠪᠡᠰᠦ ᠤᠷᠭᠤᠵᠠᠢ᠃ ᠳᠠᠬᠢᠶ᠎ᠠ ᠮᠠᠯᠵᠢᠭᠰᠠᠨ ᠭᠠᠵᠠᠷ ᠠᠷᠪᠢᠨ ᠡᠪᠡᠰᠦᠨ ᠤ ᠦᠷ᠎ᠡ ᠪᠤᠯᠠᠭᠳᠠᠬᠤ ᠪᠤᠯᠬᠤᠷ ᠡᠪᠡᠰᠦᠨ ᠤ ᠲᠦᠷᠦᠯ ᠵᠦᠢᠯ ᠨᠢ ᠠᠷᠪᠢᠨ ᠪᠤᠯᠵᠤ᠂ ᠨᠢᠬᠳᠠᠴᠠ ᠨᠢ ᠶᠡᠭᠡᠳᠴᠤ᠂ ᠣᠷᠭᠤᠯᠳᠠ ᠶᠢᠨ ᠦᠨᠳᠦᠷ ᠤᠨ ᠬᠡᠮᠵᠢᠶ᠎ᠡ ᠨᠡᠮᠡᠭᠳᠡᠭᠡᠳ ᠢᠷᠡᠨ᠎ᠡ᠃ ᠢᠩᠬᠢᠬᠦ ᠪᠠᠷ  ᠢᠶᠠᠨ ᠡᠪᠡᠰᠦᠨ ᠤ ᠭᠠᠷᠤᠯᠳᠠ ᠶᠢᠨ ᠬᠡᠮᠵᠢᠶ᠎ᠡ ᠶᠡᠭᠡ ᠪᠠᠷ ᠨᠡᠮᠡᠭᠳᠡᠨ᠎ᠡ︾ ᠭᠡᠵᠤ ᠪᠠᠶᠢᠯ᠎ᠠ᠃         ᠲᠠᠯ᠎ᠠ ᠨᠤᠲᠤᠭ ᠤᠨ ᠪᠡᠯᠴᠢᠭᠡᠷ ᠤᠨ ᠳᠠᠬᠢᠶ᠎ᠠ ᠨᠢ ᠡᠪᠡᠰᠦᠨ ᠤ ᠦᠷ᠎ᠡ᠂ ᠬᠤᠷᠤᠬᠠᠢ ᠰᠢᠪᠠᠵᠢ ᠪᠠᠷ ᠢᠳᠡᠰᠢᠯᠡᠵᠦ᠂ ᠳᠠᠬᠢᠶᠠᠨ   ᠤ ᠢᠯᠭᠠᠳᠠᠰᠤ ᠨᠢ ᠪᠡᠯᠴᠢᠭᠡᠷ ᠲᠤ ᠪᠤᠷᠳᠤᠭᠤᠷ ᠤᠨ ᠦᠢᠯᠡᠳᠦᠯ ᠦᠵᠡᠭᠦᠯᠵᠦ ᠪᠠᠶᠢᠳᠠᠭ ᠢᠶᠠᠷ ᠡᠨᠡᠬᠦ ᠤᠷᠴᠢᠯᠳᠤ ᠬᠦᠭᠵᠢᠯᠳᠡ ᠨᠢ ᠡᠬᠢ ᠪᠠᠶᠠᠯᠢᠭ ᠢ ᠠᠷᠪᠢᠯᠠᠬᠤ ᠪᠠᠷ ᠪᠠᠷᠠᠬᠤ ᠦᠭᠡᠢ ᠨᠤᠲᠤᠭ ᠪᠡᠯᠴᠢᠭᠡᠷ ᠤᠨ ᠰᠡᠷᠭᠦᠯᠳᠡ ᠳᠤ ᠴᠦ ᠠᠰᠢᠭ  ᠲᠠᠢ ᠪᠠᠶᠢᠳᠠᠭ᠃         ᠬᠡᠳᠦᠨ ᠵᠢᠯ ᠤᠨ ᠰᠤᠳᠤᠯᠭᠠᠨ ᠢᠶᠠᠷ ᠳᠠᠮᠵᠢᠭᠠᠳ᠂ ᠤᠤᠯ ᠳᠠᠭᠠᠨ ᠡᠪᠡᠰᠦᠨ ᠤ ᠤᠨᠠᠯᠳᠠ ᠨᠢ ᠳᠡᠭᠰᠢ ᠲᠦᠷᠪᠡᠯᠵᠢᠨ ᠮᠧᠲᠷ ᠪᠦᠷᠢ ᠳᠤ 50 ᠭᠷᠠᠮ ᠬᠦᠷᠬᠦ ᠦᠭᠡᠢ᠂ ᠪᠦᠷᠭᠦᠴᠡ ᠶᠢᠨ ᠬᠡᠮᠵᠢᠶ᠎ᠠ 30% —50% ᠯᠡ ᠪᠠᠶᠢᠭᠰᠠᠨ ᠡᠨᠡ ᠭᠡᠰᠡᠭ ᠪᠡᠯᠴᠢᠭᠡᠷ ᠨᠢ ᠬᠡᠳᠦᠨ ᠵᠢᠯ ᠳᠠᠬᠢᠶ᠎ᠠ ᠳᠡᠵᠢᠭᠡᠭᠰᠡᠨ ᠤ ᠳᠠᠷᠠᠭ᠎ᠠ ᠮᠤ᠋ ᠪᠦᠷᠢ ᠳᠤ 800 ᠭᠠᠷᠤᠢ ᠵᠢᠩ ᠡᠪᠡᠰᠦ ᠭᠠᠷᠬᠤ ᠪᠤᠯᠵᠤ᠂ ᠳᠡᠭᠰᠢᠳᠭᠡᠭᠰᠡᠨ ᠪᠦᠷᠬᠦᠴᠡ ᠶᠢᠨ ᠬᠡᠮᠵᠢᠶ᠎ᠠ 80% ᠠᠴᠠ ᠳᠡᠭᠡᠭᠰᠢ ᠳᠤ ᠬᠦᠷᠦᠨ᠂ ᠭᠡᠰᠡᠭ ᠭᠠᠵᠠᠷ ᠤᠨ ᠡᠪᠡᠰᠦᠨ ᠤ ᠦᠨᠳᠦᠷ ᠤᠨ ᠬᠡᠮᠵᠢᠶ᠎ᠠ ᠨᠢᠭᠡ ᠮᠧᠲᠷ ᠭᠠᠷᠤᠢ ᠬᠦᠷᠦᠭᠰᠡᠨ ᠢᠯᠡᠷᠭᠡᠢ ᠬᠤᠪᠢᠷᠠᠯᠳᠠ ᠲᠠᠢ ᠪᠤᠯᠤᠭᠰᠠᠨ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号