ᠰᠤᠷᠭᠠᠨ ᠬᠥᠮᠦᠵᠢᠯ ᠤᠨ ᠶᠠᠮᠤᠨ᠄ 2021 ᠣᠨ ᠤ ᠤᠷᠠᠯᠢᠭ ᠤᠨ ᠰᠢᠯᠭᠠᠯᠲᠠ  ᠵᠡᠷᠭᠡ  ᠲᠥᠷᠥᠯ  ᠬᠡᠯᠪᠡᠷᠢ ᠎ ᠶᠢᠨ ᠰᠣᠷᠣᠭᠴᠢ ᠡᠯᠰᠡᠬᠦ ᠰᠢᠯᠭᠠᠯᠳᠠ ᠳᠤ ᠮᠥᠨ ᠬᠦ  ᠰᠦᠯᠵᠢᠶᠡᠨ ᠳᠡᠭᠡᠷ᠎ᠡ ᠰᠢᠯᠭᠠᠬᠤ ᠠᠷᠭ᠎ᠠ ᠮᠠᠶ᠋ᠢᠭ ᠢ ᠠᠪᠬᠤ ᠶᠢ ᠵᠣᠷᠢᠭᠵᠢᠭᠤᠯᠤᠨ᠎ᠠ
ᠨᠡᠶᠢᠲᠡᠯᠡᠭᠰᠡᠨ ᠴᠠᠭ᠄
2020/10/21
        ᠠᠷᠠᠳ ᠤᠨ ᠰᠦᠯᠵᠢᠶ᠎ᠡ ᠶᠢᠨ  ᠪᠡᠭᠡᠵᠢᠩ ᠤᠨ  10  ᠰᠠᠷ᠎ᠠ ᠶᠢᠨ  16᠎ ᠤ  ᠡᠳᠦᠷ ᠤᠨ  ᠮᠡᠳᠡᠭᠡ  ︵ᠰᠦᠨ  ᠵᠢᠩ︶          ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ  ᠲᠠᠷᠬᠠᠭᠠᠵᠤ᠂  2021  ᠣᠨ ᠤ  ᠡᠩ ᠤᠨ  ᠶᠡᠭᠡ ᠳᠡᠭᠡᠳᠦ ᠰᠤᠷᠭᠠᠭᠤᠯᠢ ᠶᠢᠨ ᠣᠨᠴᠠᠭᠠᠶ ᠲᠥᠷᠥᠯ ᠬᠡᠯᠪᠡᠷᠢ ᠶᠢᠨ ᠰᠣᠷᠣᠭᠴᠢ  ᠡᠯᠰᠡᠬᠦ  ᠠᠵᠢᠯ ᠢ  ᠰᠠᠶᠢᠲᠤᠷ  ᠬᠢᠬᠦ  ᠲᠤᠬᠠᠶ  ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠡᠯ᠎ᠡ  ᠬᠤᠯᠪᠣᠭᠳᠠᠯ  ᠪᠥᠬᠦᠶ  ᠶᠡᠭᠡ  ᠳᠡᠭᠡᠳᠦ  ᠰᠤᠷᠭᠠᠭᠤᠯᠢ ᠶᠢᠨ ᠬᠢᠨ ᠢ ᠰᠢᠯᠭᠠᠯᠲᠠ ᠬᠢᠵᠦ ᠰᠣᠷᠣᠭᠴᠢ ᠡᠯᠰᠡᠬᠦ ᠪᠠ ᠪᠠᠶᠢᠡᠭᠭᠤᠵᠢᠬᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ  ᠬᠤᠷᠢᠬᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠵᠦ᠂  ᠲᠠᠰ  ᠳᠠᠷᠠᠭᠠᠯᠠᠯ ᠢ ᠴᠢᠩᠳᠠᠯᠠᠵᠤ᠂ ᠬᠠᠮᠢᠶᠠᠷᠤᠯᠲᠠ ᠶᠢ ᠵᠢᠷᠤᠮᠵᠢᠭᠤᠯᠵᠤ᠂ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠣᠨᠴᠠᠭᠠᠶ ᠲᠥᠷᠥᠯ ᠬᠡᠯᠪᠡᠷᠢ ᠶᠢᠨ ᠰᠣᠷᠣᠭᠴᠢ ᠡᠯᠰᠡᠬᠦ ᠠᠵᠢᠯ ᠤᠨ ᠡᠷᠬᠡ ᠲᠡᠭᠰᠢ ᠲᠥᠪ ᠭᠤᠤᠯᠴᠢ᠂ ᠠᠮᠤᠷ ᠲᠦᠪᠰᠢᠨ ᠡᠮᠬᠢ  ᠵᠢᠷᠤᠮ ᠲᠠᠢ  ᠪᠠᠶᠢᠬᠤ ᠶᠢ  ᠦᠨᠡᠨᠬᠦ ᠪᠠᠲᠤᠯᠠᠬᠤ ᠬᠡᠷᠡᠭᠳᠡᠢ ᠬᠡᠵᠦ ᠱᠠᠭᠠᠷᠳᠠᠪᠠ᠃                 ᠮᠡᠳᠡᠭᠳᠡᠯ ᠳᠤ᠂  ᠡᠯ᠎ᠡ  ᠭᠠᠵᠠᠷ ᠤᠨ ᠬᠢᠨ  ᠤᠷᠠᠯᠢᠭ ᠤᠨ   ᠲᠥᠷᠥᠯ ᠤᠨ   ᠮᠤᠵᠢ ᠶᠢᠨ   ᠲᠠᠰ ᠤᠨ   ᠨᠢᠭᠡᠳᠦᠯᠲᠡᠶ ᠰᠢᠯᠭᠠᠯᠲᠠ ᠶᠢᠨ  ᠲᠤᠰᠬᠠᠶ  ᠮᠡᠷᠭᠡᠵᠢᠯ ᠤᠨ  ᠬᠦᠷᠢᠶ᠎ᠡ  ᠬᠡᠪᠴᠢᠶ᠎ᠡ ᠪᠠᠨ  ᠥᠷᠭᠡᠳᠬᠡᠬᠦ ᠶᠢ  ᠵᠣᠷᠢᠭᠵᠢᠭᠤᠯᠵᠤ᠂  ᠶᠡᠭᠡ  ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠰᠢᠯᠭᠠᠯᠲᠠ ᠶᠢᠨ ᠲᠤᠰᠬᠠᠶ ᠮᠡᠷᠭᠡᠵᠢᠯ ᠤᠨ ᠬᠦᠷᠢᠶ᠎ᠡ ᠬᠡᠪᠴᠢᠶ᠎ᠡ ᠶᠢ ᠤᠯᠠᠮ  ᠨᠢᠭᠡ  ᠠᠯᠬᠤᠮ ᠪᠠᠭᠠᠰᠬᠠᠨ᠎ᠠ᠃ ᠬᠤᠯᠪᠣᠭᠳᠠᠯ ᠪᠥᠬᠦᠶ ᠶᠡᠭᠡ ᠳᠡᠭᠡᠳᠦ  ᠰᠤᠷᠭᠠᠭᠤᠯᠢ ᠶᠢᠨ  ᠰᠦᠯᠵᠢᠶᠡᠨ  ᠳᠡᠭᠡᠷ᠎ᠡ  ᠰᠢᠯᠭᠠᠬᠤ  ᠠᠷᠭ᠎ᠠ  ᠮᠠᠶ᠋ᠢᠭ ᠢ ᠢᠳᠡᠪᠬᠢᠲᠡᠶ ᠪᠠᠷ  ᠠᠪᠴᠤ᠂  ᠰᠦᠯᠵᠢᠶᠡᠨ  ᠲᠡᠭᠡᠷ᠎ᠡ  ᠰᠢᠯᠭᠠᠯᠲᠠ  ᠬᠢᠬᠦ   ᠠᠵᠢᠯ ᠤᠨ   ᠲᠥᠰᠦᠯ ᠢ   ᠤᠯᠠᠮ   ᠴᠢᠨᠠᠬᠰᠢᠳᠠ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ  ᠬᠡᠰᠡᠭ  ᠤᠷᠠᠯᠢᠭ ᠤᠨ  ᠲᠥᠷᠥᠯ ᠤᠨ  ᠲᠤᠰᠬᠠᠶ ᠮᠡᠷᠭᠡᠵᠢᠯ ᠳᠤ ᠲᠤᠬᠠᠶ ᠶᠢᠨ ᠲᠠᠯᠠᠪᠤᠷ ᠤᠨ ᠰᠢᠯᠭᠠᠯᠲᠠ ᠶᠢ ᠵᠣᠬᠢᠶᠠᠨ ᠪᠠᠶᠢᠭᠤᠯᠬᠤ ᠴᠢᠬᠤᠯᠠᠲᠠᠶ  ᠪᠤᠯ᠂  ᠲᠤᠬᠠᠶ ᠶᠢᠨ  ᠭᠠᠵᠠᠷ ᠤᠨ ᠬᠢᠵᠢᠭ ᠢ  ᠰᠡᠷᠭᠡᠶᠢᠯᠡᠨ  ᠬᠤᠷᠢᠬᠯᠠᠬᠤ  ᠠᠵᠢᠯ ᠤᠨ  ᠱᠠᠭᠠᠷᠳᠠᠯᠭ᠎ᠠ ᠶᠢ  ᠴᠢᠩᠭ᠎ᠠ  ᠵᠢᠷᠤᠮᠯᠠᠵᠤ᠂   ᠲᠤᠬᠠᠶ ᠶᠢᠨ   ᠲᠠᠯᠠᠪᠠᠢ ᠶᠢᠨ ᠰᠢᠯᠭᠠᠯᠲᠠ ᠶᠢᠨ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠳᠡᠢ ᠬᠡᠵᠦ ᠲᠤᠷᠠᠳᠴᠠᠢ᠃                 ᠮᠡᠳᠡᠭᠳᠡᠯ ᠳᠤ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ  ᠶᠡᠭᠡ  ᠳᠡᠭᠡᠳᠦ  ᠰᠤᠷᠭᠠᠭᠤᠯᠢ ᠨᠢ  ᠰᠢᠯᠭᠠᠯᠲᠠ  ᠵᠣᠬᠢᠶᠠᠨ ᠪᠠᠶᠢᠭᠤᠯᠬᠤ ᠪᠠ ᠬᠠᠮᠢᠶᠠᠷᠬᠤ ᠠᠵᠢᠯ ᠢ ᠴᠢᠩᠭᠠᠳᠬᠠᠵᠤ᠂ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠬᠡᠮ ᠢ ᠴᠢᠩᠭ᠎ᠠ ᠬᠢᠨᠠᠨ ᠬᠠᠷᠭᠤᠭᠤᠯᠵᠤ᠂ ᠨᠡᠷ᠎ᠡ  ᠮᠡᠳᠡᠭᠦᠯᠬᠦ ᠬᠢᠷᠢ ᠬᠡᠮ ᠢ ᠬᠤᠳᠠᠯ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠯᠭᠠᠨ ᠲᠣᠭᠲᠠᠭᠠᠬᠴᠢ ᠶᠢ  ᠰᠣᠩᠭᠤᠨ ᠤᠷᠢᠬᠤ ᠡᠵᠢᠯ ᠢ ᠴᠢᠩᠳᠠᠯᠠᠵᠤ᠂ ᠲᠤᠬᠠᠶᠢᠯᠠᠭᠰᠠᠨ ᠠᠵᠢᠯ ᠤᠨ  ᠪᠣᠯᠪᠠᠰᠤᠷᠠᠯ ᠢ  ᠴᠢᠩᠭᠠᠳᠬᠠᠬᠤ  ᠬᠡᠷᠡᠭᠲᠡᠶ᠃  ᠰᠤᠷᠭᠠᠭᠤᠯᠢ ᠶᠢᠨ ᠭᠠᠳᠠᠨᠠᠬᠢ ᠰᠢᠯᠭᠠᠷᠠᠭᠤᠯᠬᠤ  ᠺᠣᠮᠢᠰ ᠤᠨ  ᠲᠦᠷᠢᠮ ᠢ  ᠨᠠᠶᠢᠳᠠᠪᠤᠷᠢᠵᠢᠭᠤᠯᠵᠤ᠂  ᠰᠤᠷᠭᠠᠭᠤᠯᠢ ᠶᠢᠨ  ᠭᠠᠳᠠᠨᠠᠬᠢ  ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠭ᠎ᠠ ᠶᠢ ᠤᠯᠠᠮ ᠨᠢᠭᠡ  ᠠᠯᠬᠤᠮ  ᠨᠡᠮᠡᠭᠳᠡᠭᠦᠯᠦᠨ᠎ᠡ᠃  ᠰᠢᠯᠭᠠᠨ  ᠲᠣᠭᠲᠠᠭᠠᠬᠴᠢ ᠶᠢ  ᠵᠠᠶᠢᠯᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠯᠭᠠᠭᠤᠯᠤᠭᠴᠢ ᠯᠤᠭ᠎ᠠ ᠲᠥᠷᠥᠯ ᠰᠠᠳᠤᠨ ᠤ ᠬᠠᠷᠢᠴᠠᠭ᠎ᠠ᠂ ᠵᠢᠭᠠᠨ  ᠵᠢᠯᠣᠭᠤᠳᠤᠬᠴᠢ ᠶᠢᠨ ᠬᠠᠷᠢᠴᠠᠭ᠎ᠠ ᠵᠢᠴᠢ ᠪᠤᠰᠤᠳ ᠠᠰᠢᠭ ᠬᠤᠤᠷ ᠤᠨ ᠬᠠᠷᠢᠴᠠᠭ᠎ᠠ ᠲᠠᠢ ᠰᠢᠯᠭᠠᠨ ᠲᠣᠭᠲᠠᠭᠠᠭᠴᠢ ᠪᠦᠬᠦᠨ ᠡᠷᠬᠡᠪᠰᠢ  ᠰᠢᠯᠭᠠᠯᠲᠠ ᠠᠴᠠ ᠡᠮᠦᠨ᠎ᠡ  ᠰᠠᠨᠠᠭᠠᠴᠢᠯᠠᠭ᠎ᠠ ᠠᠴᠠ ᠪᠠᠨ  ᠮᠡᠳᠡᠭᠦᠯᠬᠦ ᠶᠢᠨ  ᠬᠠᠮᠲᠤ  ᠵᠠᠶᠢᠯᠠᠬᠤ ᠪᠠᠷ  ᠭᠤᠶᠤᠴᠢᠯᠠᠬᠤ  ᠬᠡᠷᠡᠭᠲᠡᠶ᠃  ᠰᠢᠯᠭᠠᠯᠲᠠ ᠶᠢᠨ ᠶᠠᠪᠤᠴᠠ ᠶᠢᠨ  ᠬᠠᠮᠢᠶᠠᠷᠤᠯᠲᠠ ᠶᠢ  ᠴᠢᠩᠳᠠᠯᠠᠵᠤ᠂  ᠠᠮᠤᠷ  ᠲᠦᠪᠰᠢᠨ ᠤ  ᠨᠢᠭᠤᠴᠠ ᠶᠢ  ᠬᠠᠮᠠᠭᠠᠯᠠᠬᠤ᠂  ᠰᠡᠳᠦᠪ   ᠭᠠᠷᠭᠠᠵᠤ ᠰᠢᠯᠭᠠᠯᠳᠠ ᠶᠢᠨ ᠬᠠᠭᠤᠳᠠᠰᠤ ᠵᠤᠬᠢᠶᠠᠬᠤ᠂ ᠰᠢᠯᠭᠠᠯᠲᠠ ᠵᠣᠬᠢᠶᠠᠨ ᠪᠠᠶᠢᠭᠤᠯᠬᠤ᠂ ᠰᠢᠯᠭᠠᠯᠲᠠ ᠦᠵᠡᠵᠦ ᠬᠤᠪᠢ ᠦᠭᠭᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠷᠭ᠎ᠠ ᠶᠢ ᠨᠠᠷᠢᠯᠢᠬᠵᠢᠭᠤᠯᠤᠨ  ᠲᠡᠭᠦᠯᠳᠡᠷᠵᠢᠭᠦᠯᠵᠦ᠂  ᠰᠢᠯᠭᠠᠯᠲᠠ ᠪᠠᠷ  ᠰᠢᠯᠢᠨ  ᠰᠣᠩᠭᠤᠬᠤ ᠶᠢᠨ ᠲᠥᠪ ᠭᠤᠤᠯᠴᠢ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃  ᠰᠢᠯᠭᠠᠯᠲᠠ ᠶᠢᠨ  ᠪᠣᠭᠤᠮᠲᠠ ᠶᠢ ᠴᠢᠩᠭ᠎ᠠ ᠠᠳᠬᠤᠵᠤ᠂ ︽ᠬᠥᠮᠦᠨ ᠤ ᠵᠢᠰᠦ ᠶᠢ ᠢᠯᠭᠠᠨ ᠲᠠᠨᠢᠬᠤ︾ ︽ᠬᠥᠮᠦᠨ  ᠪᠠ  ᠭᠡᠷᠡᠴᠢ ᠶᠢ  ᠢᠯᠭᠠᠨ  ᠲᠠᠨᠢᠬᠤ︾  ᠵᠡᠷᠭᠡ ᠮᠡᠷᠭᠡᠵᠢᠯ ᠤᠨ  ᠠᠷᠭ᠎ᠠ  ᠬᠡᠮᠵᠢᠶ᠎ᠡ ᠪᠠᠷ  ᠳᠠᠮᠵᠢᠭᠤᠯᠤᠨ᠂   ᠣᠷᠣᠯᠠᠨ   ᠰᠢᠯᠭᠠᠬᠤ ᠶᠢ   ᠴᠢᠩᠭ᠎ᠠ   ᠰᠡᠷᠭᠡᠶᠢᠯᠡᠬᠦ   ᠬᠡᠷᠡᠭᠳᠡᠢ᠃ ᠰᠢᠯᠭᠠᠭᠤᠯᠤᠭᠴᠢ᠂  ᠰᠢᠯᠭᠠᠷᠠᠭᠤᠯᠬᠤ  ᠺᠣᠮᠢᠰ ᠤᠨ  ᠭᠡᠰᠢᠭᠦᠨ᠂  ᠰᠢᠯᠭᠠᠯᠲᠠ ᠶᠢᠨ  ᠲᠠᠯᠠᠪᠠᠢ ᠶᠢ  ᠮᠠᠰᠢᠨ ᠢᠶᠠᠷ   ᠨᠠᠶᠢᠷᠠᠭᠤᠯᠤᠨ ᠵᠢᠭᠰᠠᠭᠠᠬᠤ  ︽ᠭᠤᠷᠪᠡ ᠶᠢ   ᠮᠠᠰᠢᠨ ᠢᠶᠠᠷ   ᠨᠠᠶᠢᠷᠠᠭᠤᠯᠤᠨ   ᠵᠢᠬᠰᠠᠭᠠᠬᠤ︾   ᠠᠵᠢᠯ ᠤᠨ   ᠲᠣᠭᠲᠠᠴᠠ ᠶᠢ   ᠪᠠᠶᠢᠭᠤᠯᠤᠨ ᠲᠡᠭᠦᠯᠳᠡᠷᠵᠢᠭᠦᠯᠵᠦ᠂ ᠰᠢᠯᠭᠠᠯᠲᠠ ᠶᠢᠨ ᠪᠥᠬᠦ ᠶᠠᠪᠤᠴᠠ ᠳᠤ ᠲᠠᠭᠤ ᠳᠦᠷᠰᠦ ᠰᠢᠩᠭᠡᠭᠡᠯᠲᠡ ᠬᠢᠵᠦ᠂ ᠰᠢᠯᠭᠠᠯᠲᠠ ᠳᠤ ᠬᠡᠮ  ᠬᠢᠬᠦ ᠶᠢ ᠴᠢᠩᠭ᠎ᠠ ᠰᠡᠷᠭᠡᠶᠢᠯᠡᠬᠦ ᠬᠡᠷᠡᠭᠳᠡᠢ ᠬᠡᠵᠦ ᠱᠠᠭᠠᠷᠳᠠᠬᠰᠠᠨ ᠪᠠᠶᠢᠨ᠎ᠠ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号