| ᠪᠥᠯᠳ᠋ ︵1923~ 1997 ᠣᠨ︶᠂ 1923 ᠣᠨ ᠤ 12 ᠰᠠᠷ᠎ᠠ ᠳᠤ ᠣᠣᠯ ᠤᠨ ᠳᠣᠯᠣᠨᠨᠠᠭᠤᠷ | ᠤᠨ ᠳ᠋ᠧ ᠭᠦᠩ ᠰᠦᠷᠦᠭ ᠤᠨ ᠴᠠᠭᠠᠨ ᠰᠢᠷᠠᠭᠡᠨ ᠤ ᠪᠠᠲᠣᠮᠦ᠋ᠩᠬᠡ ᠶᠢᠨ ᠭᠡᠷ ᠲᠤ ᠲᠥᠷᠦᠪᠡ᠃ 1946 ᠣᠨ ᠤ 3 | ᠰᠠᠷ᠎ᠠ ᠳᠤ ᠬᠤᠪᠢᠰᠬᠠᠯ ᠳᠤ ᠣᠷᠣᠯᠴᠠᠵᠤ᠂ 1980 ᠣᠨ ᠤ 3 ᠰᠠᠷ᠎ᠠ ᠳᠤ ᠳᠣᠮᠳᠠᠳᠤ ᠣᠯᠣᠰ ᠤᠨ ᠡᠪ ᠬᠠᠮᠲᠤ | ᠨᠠᠮ ᠳᠤ ᠡᠯᠰᠡᠭᠳᠡᠵᠡᠢ᠃ 1981 ᠣᠨ ᠳᠤ ᠣᠰᠣᠨ ᠠᠰᠢᠭᠯᠠᠯᠲᠠ ᠶᠢᠨ ᠢᠨᠵᠧᠨᠧᠷ ᠴᠣᠯᠠ ᠣᠯᠵᠤ᠂ 1986 | ᠣᠨ ᠤ 6 ᠰᠠᠷ᠎ᠠ ᠳᠤ ᠠᠵᠢᠯ ᠠᠴᠠ ᠪᠠᠨ ᠠᠮᠠᠷᠠᠪᠠ᠃ | ᠪᠥᠯᠳ᠋ 1946 ᠣᠨ ᠤ 3 ᠰᠠᠷ᠎ᠠ ᠠᠴᠠ 1947 ᠣᠨ ᠤ 3 ᠰᠠᠷ᠎ᠠ ᠬᠦᠷᠲᠡᠯ᠎ᠡ ᠥᠪᠦᠷ ᠮᠣᠩᠭᠤᠯ ᠤᠨ ᠮᠣᠷᠢᠲᠤ | ᠴᠡᠷᠢᠭ ᠤᠨ ᠳ᠋ᠢᠸᠢᠽᠢ ᠶᠢᠨ 33 ᠳ᠋ᠣᠭᠠᠷ ᠬᠤᠷᠢᠶᠠᠨ ᠤ ᠪᠠᠶᠢᠯᠳᠣᠭᠴᠢ᠂ 1947 ᠣᠨ ᠤ 3 ᠰᠠᠷ᠎ᠠ ᠠᠴᠠ 1948 | ᠣᠨ ᠤ 12 ᠰᠠᠷ᠎ᠠ ᠬᠦᠷᠲᠡᠯ᠎ᠡ ᠴᠠᠬᠠᠷ ᠠᠶᠢᠮᠠᠭ ᠤᠨ ᠲᠠᠶᠢᠹᠣᠰᠧ ᠪᠠᠷᠠᠭᠤᠨ ᠭᠠᠷ ᠬᠤᠰᠢᠭᠤ᠂ ᠴᠠᠬᠠᠷ ᠠᠶᠢᠮᠠᠭ ᠤᠨ | ᠠᠷᠠᠳ ᠤᠨ ᠵᠠᠰᠠᠭ ᠤᠨ ᠣᠷᠳᠣᠨ ᠤ ᠺᠠᠳ᠋ᠷ᠂ 1949 ᠣᠨ ᠤ 1 ᠰᠠᠷ᠎ᠠ ᠠᠴᠠ 1952 ᠣᠨ ᠤ 9 ᠰᠠᠷ᠎ᠠ | ᠬᠦᠷᠲᠡᠯ᠎ᠡ ᠴᠠᠬᠠᠷ ᠠᠶᠢᠮᠠᠭ ᠤᠨ ᠠᠷᠠᠳ ᠤᠨ ᠵᠠᠰᠠᠭ ᠤᠨ ᠣᠷᠳᠣᠨ ᠤ ᠮᠠᠯ ᠠᠵᠤ ᠠᠬᠤᠢ ᠶᠢᠨ ᠭᠠᠵᠠᠷ ᠤᠨ ᠳᠡᠳ᠋ | ᠭᠠᠵᠠᠷ ᠤᠨ ᠳᠠᠷᠤᠭ᠎ᠠ᠂ 1952 ᠣᠨ ᠤ 9 ᠰᠠᠷ᠎ᠠ ᠠᠴᠠ 1954 ᠣᠨ ᠤ 7 ᠰᠠᠷ᠎ᠠ ᠬᠦᠷᠲᠡᠯ᠎ᠡ ᠳᠣᠮᠳᠠᠳᠤ | ᠣᠯᠣᠰ ᠤᠨ ᠠᠷᠠᠳ ᠤᠨ ᠶᠡᠭᠡ ᠰᠣᠷᠭᠠᠭᠤᠯᠢ ᠶᠢᠨ ᠣᠯᠣᠰ ᠠᠷᠠᠳ ᠤᠨ ᠠᠵᠤ ᠠᠬᠤᠢ ᠶᠢᠨ ᠲᠥᠯᠦᠪᠯᠡᠭᠡᠨ ᠤ | ᠰᠠᠯᠪᠣᠷᠢ ᠳᠤ ᠰᠣᠷᠣᠯᠴᠠᠪᠠ᠃ 1954 ᠣᠨ ᠤ 7 ᠰᠠᠷ᠎ᠠ ᠠᠴᠠ 1966 ᠣᠨ ᠤ 12 ᠰᠠᠷ᠎ᠠ ᠬᠦᠷᠲᠡᠯ᠎ᠡ ᠴᠠᠬᠠᠷ᠂ | ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠭᠠᠵᠠᠷ᠂ ᠲᠠᠷᠢᠶᠠᠯᠠᠩ᠂ ᠣᠢ ᠰᠢᠭᠤᠢ᠂ ᠣᠰᠣᠨ | ᠠᠰᠢᠭᠯᠠᠯᠲᠠ ᠶᠢᠨ ᠭᠠᠵᠠᠷ᠂ ᠳᠣᠪᠴᠢᠶ᠎ᠠ᠂ ᠲᠠᠷᠢᠶᠠᠯᠠᠩ ᠤᠨ ᠵᠥᠪᠯᠡᠯ ᠤᠨ ᠳᠡᠳ᠋ ᠳᠠᠷᠤᠭ᠎ᠠ᠂ ᠳᠡᠳ᠋ ᠡᠷᠬᠢᠯᠡᠭᠴᠢ ᠶᠢᠨ | ᠳᠣᠰᠢᠶᠠᠯ ᠢ ᠬᠠᠷᠢᠭᠤᠴᠠᠭᠰᠠᠨ ᠪᠠᠶᠢᠨ᠎ᠠ᠃ 1966 ᠣᠨ ᠤ 12 ᠰᠠᠷ᠎ᠠ ᠠᠴᠠ 1979 ᠣᠨ ᠤ 1 ᠰᠠᠷ᠎ᠠ | ᠬᠦᠷᠲᠡᠯ᠎ᠡ ᠰᠢᠯᠣᠭᠤᠨ ᠬᠥᠬᠡ ᠬᠤᠰᠢᠭᠤᠨ ᠤ ᠱᠠᠩᠳᠤ ᠶᠢᠨ ᠭᠤᠣᠯ ᠨᠢᠭᠡᠳᠦᠯ ᠳᠤ ᠬᠥᠳᠡᠭᠡ ᠪᠠᠭᠤᠵᠤ | ᠬᠥᠳᠡᠯᠮᠦᠷᠢᠯᠡᠵᠡᠢ᠃ | 1979 ᠣᠨ ᠤ 1 ᠰᠠᠷ᠎ᠠ ᠠᠴᠠ 1982 ᠣᠨ ᠤ 6 ᠰᠠᠷ᠎ᠠ ᠬᠦᠷᠲᠡᠯ᠎ᠡ ᠰᠢᠯᠢ ᠶᠢᠨ ᠭᠤᠣᠯ ᠠᠶᠢᠮᠠᠭ | ᠤᠨ ᠣᠰᠣᠨ ᠠᠰᠢᠭᠯᠠᠯᠲᠠ᠂ ᠴᠠᠬᠢᠯᠭᠠᠨ ᠤ ᠳᠣᠪᠴᠢᠶ᠎ᠠ᠂ ᠣᠰᠣᠨ ᠠᠰᠢᠭᠯᠠᠯᠲᠠ ᠶᠢᠨ ᠳᠣᠪᠴᠢᠶᠠᠨ ᠤ ᠳᠡᠳ᠋ | ᠳᠠᠷᠤᠭ᠎ᠠ᠂ 1982 ᠣᠨ ᠤ 9 ᠰᠠᠷ᠎ᠠ ᠠᠴᠠ 1986 ᠣᠨ ᠤ 6 ᠰᠠᠷ᠎ᠠ ᠬᠦᠷᠲᠡᠯ᠎ᠡ ᠰᠢᠨᠵᠢᠯᠡᠬᠦ ᠣᠬᠠᠭᠠᠨ | ᠲᠧᠭᠨᠢᠭ ᠮᠡᠷᠭᠡᠵᠢᠯ ᠤᠨ ᠵᠥᠪᠯᠡᠯ ᠤᠨ ᠡᠷᠬᠢᠯᠡᠭᠴᠢ᠂ ᠨᠠᠮ ᠤᠨ ᠳᠣᠭᠤᠶᠢᠯᠠᠩ ᠤᠨ ᠱᠦᠵᠢ᠂ ᠵᠥᠪᠯᠡᠭᠴᠢ ᠵᠡᠷᠭᠡ | ᠳᠣᠰᠢᠶᠠᠯ ᠢ ᠬᠠᠷᠢᠭᠤᠴᠠᠭᠰᠠᠨ ᠪᠠᠶᠢᠨ᠎ᠠ᠃ 1984 ᠣᠨ ᠳᠤ᠂ ᠠᠪᠠᠭᠨᠠᠷ ᠬᠤᠰᠢᠭᠤᠨ ᠤ ᠠᠷᠠᠳ ᠤᠨ | ᠲᠥᠯᠦᠭᠡᠯᠡᠭᠴᠢ ᠪᠣᠯᠵᠠᠢ᠃ | ᠪᠥᠯᠳ᠋ ᠳᠠᠶᠢᠨ ᠤ ᠣᠳᠤᠭ᠎ᠠ ᠪᠣᠷᠭᠢᠯᠵᠤ᠂ ᠳᠠᠷᠢ ᠶᠢᠨ ᠦᠨᠦᠷ ᠬᠠᠩᠬᠤᠯᠣᠭᠰᠠᠨ ᠪᠠᠶᠢᠯᠳᠣᠭᠠᠨ ᠤ ᠴᠠᠭ | ᠦᠶ᠎ᠡ ᠳᠤ᠂ ᠳᠣᠮᠳᠠᠳᠤ ᠣᠯᠣᠰ ᠤᠨ ᠠᠷᠠᠳ ᠲᠥᠮᠡᠨ ᠤ ᠴᠢᠯᠦᠭᠡᠯᠡᠯᠲᠡ ᠶᠢᠨ ᠦᠢᠯᠡᠰ ᠤᠨ ᠲᠥᠯᠦᠭᠡ ᠠᠯᠲᠠᠨ ᠠᠮᠢ | ᠂ ᠠᠷᠢᠭᠤᠨ ᠴᠢᠰᠤ ᠪᠠᠨ ᠬᠠᠶᠢᠬᠤᠷᠣᠯ ᠦᠭᠡᠢ ᠲᠡᠮᠡᠴᠡᠵᠦ᠂ ᠨᠡᠶᠢᠭᠡᠮ ᠵᠢᠷᠣᠮᠲᠤ ᠪᠥᠲᠦᠭᠡᠨ ᠪᠠᠶᠢᠭᠤᠯᠣᠯᠲᠠ ᠶᠢᠨ | ᠰᠢᠨ᠎ᠡ ᠴᠠᠭ ᠦᠶ᠎ᠡ ᠳᠤ ᠰᠢᠯᠢ ᠶᠢᠨ ᠭᠤᠣᠯ ᠠᠶᠢᠮᠭ ᠤᠨ ᠣᠰᠣᠨ ᠠᠰᠢᠭᠯᠠᠯᠲᠠ᠂ ᠰᠢᠨᠵᠢᠯᠡᠬᠦ ᠣᠬᠠᠭᠠᠨ ᠲᠧᠭᠨᠢᠭ | ᠮᠡᠷᠭᠡᠵᠢᠯ ᠤᠨ ᠦᠢᠯᠡᠰ ᠲᠤ ᠶᠡᠬᠡᠭᠡᠨ ᠵᠢᠳᠬᠦᠯ ᠦᠵᠡᠭᠦᠯᠵᠦ᠂ ᠲᠠᠪᠤ ᠣᠳᠠᠭ᠎ᠠ ᠢᠷᠠᠭᠤ ᠠᠯᠳᠠᠷ ᠬᠦᠷᠲᠡᠪᠡ᠃ | ᠪᠥᠯᠳ᠋ ᠠᠵᠢᠯ ᠠᠴᠠ ᠪᠠᠨ ᠠᠮᠣᠰᠬᠢᠭᠰᠠᠨ ᠤ ᠳᠠᠷᠠᠭ᠎ᠠ ᠴᠦ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠳᠣᠪᠴᠢᠶᠠᠨ ᠤ ᠮᠡᠷᠭᠡᠵᠢᠯ ᠤᠨ ᠵᠥᠪᠯᠡᠭᠴᠢ ᠪᠠᠷ ᠵᠠᠯᠠᠭᠳᠠᠨ ᠠᠵᠢᠯᠯᠠᠭᠰᠠᠨ ᠶᠣᠮ᠃ | 1983 ᠣᠨ ᠤ 7 ᠰᠠᠷ᠎ᠠ ᠳᠤ᠂ ᠣᠯᠣᠰ ᠤᠨ ᠦᠨᠳᠦᠰᠦᠲᠡᠨ ᠤ ᠵᠥᠪᠯᠡᠯ᠂ ᠳᠣᠮᠳᠠᠳᠤ ᠣᠯᠣᠰ ᠤᠨ | ᠰᠢᠨᠵᠢᠯᠡᠬᠦ ᠣᠬᠠᠭᠠᠨ ᠤ ᠨᠡᠶᠢᠭᠡᠮᠯᠢᠭ᠂ ᠬᠥᠳᠡᠯᠮᠦᠷᠢ ᠠᠵᠢᠯᠲᠠᠨ ᠤ ᠶᠠᠮᠣᠨ ᠠᠴᠠ ᠲᠡᠭᠦᠨ ᠳᠤ ︽ᠴᠥᠭᠡᠨ ᠳᠣᠭᠠᠲᠤ | ᠦᠨᠳᠦᠰᠦᠲᠡᠨ ᠤ ᠣᠷᠣᠨ ᠳᠤ ᠣᠷᠳᠤ ᠬᠤᠭᠤᠴᠠᠭ᠎ᠠ ᠳᠤ ᠠᠵᠢᠯᠯᠠᠭᠰᠠᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ | ᠤᠨ ᠠᠵᠢᠯᠲᠠᠨ︾ ᠤ ᠢᠷᠠᠭᠤ ᠠᠯᠲᠠᠷ ᠤᠨ ᠦᠨᠡᠮᠯᠡᠯ ᠣᠯᠭᠤᠵᠠᠢ᠃ 1988 ᠣᠨ ᠤ 6 ᠰᠠᠷ᠎ᠠ ᠳᠤ ᠣᠷᠣᠨ ᠤ | ᠠᠬᠠᠮᠠᠳ ᠺᠠᠳ᠋ᠷ ᠤᠨ ᠳᠣᠪᠴᠢᠶᠠᠨ ᠠᠴᠠ ︽ᠠᠵᠢᠯ ᠠᠴᠠ ᠪᠠᠨ ᠠᠮᠠᠷᠠᠭᠰᠠᠨ ᠴᠦ ᠥᠪᠦᠷ ᠮᠣᠩᠭᠤᠯ ᠤᠨ ᠬᠥᠭᠵᠢᠯᠲᠡ | ᠳᠤ ᠦᠷᠭᠦᠯᠵᠢᠯᠡᠨ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ︾᠂ 1988 ᠣᠨ ᠤ 10 ᠰᠠᠷ᠎ᠠ ᠳᠤ᠂ ᠠᠶᠢᠮᠠᠭ | ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ︽ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠰᠢᠯᠢ ᠶᠢᠨ | ᠭᠤᠣᠯ ᠤᠨ ᠬᠥᠭᠵᠢᠯᠲᠡ ᠳᠤ ᠦᠷᠭᠦᠯᠵᠢᠯᠡᠨ ᠬᠦᠴᠦ ᠪᠠᠨ ᠡᠷᠭᠦᠭᠰᠡᠨ ᠠᠬᠠᠮᠠᠳ ᠺᠠᠳ᠋ᠷ᠂1991 ᠣᠨ ᠤ 6 ᠰᠠᠷ᠎ᠠ | ᠳᠤ᠂ ᠣᠰᠣᠨ ᠠᠰᠢᠭᠯᠠᠯᠲᠠ ᠶᠢᠨ ᠶᠠᠮᠣᠨ ᠠᠴᠠ ︽ᠣᠰᠣᠨ ᠠᠰᠢᠭᠯᠠᠯᠲᠠ ᠲᠤ ᠰᠢᠷᠭᠠᠭᠤ ᠬᠠᠲᠠᠭᠤᠵᠢᠯᠲᠠᠢ | ᠭᠤᠴᠢᠭᠠᠳ ᠵᠢᠯ ᠵᠢᠳᠬᠦᠵᠦ᠂ ᠣᠯᠣᠰ ᠲᠤ ᠬᠤᠪᠢ ᠨᠡᠮᠡᠷᠢ ᠦᠵᠡᠭᠦᠯᠦᠭᠰᠡᠨ ᠢᠷᠠᠭᠤ ᠠᠯᠳᠠᠷ ᠤᠨ ᠦᠨᠡᠮᠯᠡᠯ︾᠂ | 1991 ᠣᠨ ᠤ 9 ᠰᠠᠷ᠎ᠠ ᠳᠤ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠠᠴᠠ ︽ᠠᠵᠢᠯ ᠠᠴᠠ | ᠪᠠᠨ ᠠᠮᠠᠷᠠᠭᠰᠠᠨ ᠲᠡᠷᠢᠭᠦᠨ ᠤ ᠺᠠᠳ᠋ᠷ︾ ᠵᠡᠷᠭᠡ ᠢᠷᠠᠭᠤ ᠠᠯᠳᠠᠷ ᠪᠠ ᠴᠣᠯᠠ ᠶᠢ ᠲᠡᠭᠦᠨ ᠳᠤ ᠳᠣᠰ ᠳᠣᠰ ᠣᠯᠭᠤᠪᠠ | ᠃ | ᠰᠣᠶᠣᠯ ᠤᠨ ᠬᠤᠪᠢᠰᠬᠠᠯ ᠤᠨ ᠳᠣᠮᠳᠠ ᠬᠢᠯᠢᠰ ᠢᠶᠠᠷ ᠴᠣᠬᠢᠭᠳᠠᠵᠤ ᠵᠡᠮᠳᠡᠭ ᠪᠣᠯᠪᠠ᠃ | ᠪᠥᠯᠳ᠋ 1997 ᠣᠨ ᠤ 10 ᠰᠠᠷ᠎ᠠ ᠶᠢᠨ 24 ᠤ ᠡᠳᠦᠷ᠂ 74 ᠨᠠᠰᠣᠲᠠᠢ ᠳᠠᠭᠠᠨ ᠰᠢᠯᠢᠩᠬᠤᠲᠠ ᠳᠤ | ᠨᠠᠰᠤ ᠪᠠᠷᠠᠪᠠ᠃ | ᠪᠥᠯᠳ᠋᠂ 2004 ᠣᠨ ᠳᠤ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ ᠬᠡᠮᠡᠬᠦ | ᠲᠡᠦᠬᠡᠨ ᠨᠣᠮ ᠳᠤ ᠲᠡᠮᠳᠡᠭᠯᠡᠭᠳᠡᠵᠡᠢ᠃ | ᠁ ︽ ᠰᠢᠯᠤᠭᠤᠨ ᠬᠥᠬᠡ ᠬᠤᠰᠢᠭᠤᠨ ᠤ ᠴᠣᠣᠳᠣ ᠬᠦᠮᠦᠰ︾ ᠭᠡᠬᠦ ᠨᠤᠮ ᠠᠴᠠ ᠰᠡᠶᠢᠷᠡᠭᠦᠯᠪᠡ |