| ᠠᠰᠠᠭᠤᠯᠲᠠ᠄ ᠰᠦᠯᠵᠢᠶᠡᠨ ᠳᠡᠭᠡᠷ᠎ᠡ ᠰᠤᠷᠤᠯᠴᠠᠬᠤ ᠦᠶ᠎ᠡ ᠳᠤ ᠡᠯᠧᠺᠲᠷᠣᠨ ᠦᠢᠯᠡᠳᠬᠦᠨ ᠢ ᠬᠡᠷᠬᠢᠨ | ᠰᠣᠩᠭᠤᠪᠠᠯ ᠵᠣᠬᠢᠬᠤ ᠪᠣᠶ︖ | ᠸᠧᠨᠵᠸᠦ ᠬᠤᠳᠠ ᠶᠢᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠠᠭᠠᠨ ᠤ | ᠬᠡᠷᠡᠯ ᠤᠨ ᠠᠨᠠᠭᠠᠬᠤ ᠤᠬᠠᠭᠠᠨ ᠤ ᠬᠡᠯᠲᠡᠰ ᠤᠨ ᠡᠷᠬᠢᠯᠡᠭᠴᠢ᠂ ᠪᠦᠬᠦ ᠤᠯᠤᠰ ᠤᠨ ᠬᠡᠤᠬᠡᠳ ᠪᠠ ᠵᠠᠯᠠᠭᠤᠴᠤᠳ | ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠭᠦ ᠲᠤᠰᠬᠠᠶ ᠮᠡᠷᠭᠡᠵᠢᠯᠲᠡᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠳᠠᠷᠤᠭ᠎ᠠ ᠴᠢᠦᠢ ᠵᠢᠶᠠ᠄ ᠲᠣᠮᠣ ᠳᠡᠯᠭᠡᠴᠡ ᠶᠢ ᠰᠣᠩᠭᠤᠬᠤ ᠨᠢ ᠬᠠᠮᠤᠬ ᠠᠴᠠ | ᠴᠢᠬᠤᠯᠠ ᠶᠤᠮ᠃ ᠵᠢᠱᠢᠶᠡᠯᠡᠪᠡᠯ ᠲᠣᠮᠣ ᠲᠤᠰᠬᠠᠯᠳᠠᠳᠤ ᠲᠧᠯᠸᠢᠰ᠂ ᠲᠣᠮᠣ ᠲᠧᠯᠸᠢᠰ ᠤᠨ ᠳᠡᠯᠭᠡᠴᠡ ᠵᠡᠷᠭᠡ | ᠪᠤᠯᠤᠨ᠎ᠠ᠃ ᠤᠴᠢᠷ ᠨᠢ ᠲᠡᠭᠦᠨ ᠢ ᠬᠠᠷᠠᠬᠤ ᠳᠤ ᠵᠠᠶ ᠨᠢ ᠨᠡᠯᠢᠶᠡᠳ ᠬᠤᠯᠠ ᠪᠠᠶᠢᠳᠠᠭ᠃ ᠺᠣᠮᠫᠢᠦ᠋ᠲ᠋ᠧᠷ ᠨᠢ | IPAD ᠠᠴᠠ ᠲᠡᠭᠡᠷ᠎ᠠ᠂ IPAD ᠨᠢ ᠭᠠᠷ ᠤᠲᠠᠰᠤ ᠠᠴᠠ ᠲᠡᠭᠡᠷ᠎ᠠ ᠶᠤᠮ᠃ ᠡᠭᠦᠨ ᠠᠴᠠ ᠭᠠᠳᠠᠨ᠎ᠠ ᠪᠠᠰᠠ | ᠢᠯᠭᠠᠮᠵᠢ ᠨᠢ ᠥᠨᠳᠥᠷ ᠪᠠ ᠬᠢᠯᠪᠠᠯᠵᠠᠬᠤ ᠴᠠᠬ ᠨᠢ ᠣᠬᠤᠷ ᠡᠯᠧᠺᠲᠷᠣᠨ ᠦᠢᠯᠡᠳᠬᠦᠨ ᠢ ᠰᠣᠩᠭᠤᠬᠤ ᠶᠢ | ᠴᠢᠬᠤᠯᠠᠴᠢᠯᠠᠬᠤ ᠬᠡᠷᠡᠭᠲᠡᠢ᠃ | ᠰᠤᠷᠤᠭᠴᠢᠳ ᠺᠣᠮᠫᠢᠦ᠋ᠲ᠋ᠧᠷ ᠬᠠᠷᠠᠬᠤ ᠳᠠᠭᠠᠨ ᠨᠢᠳᠤ ᠪᠠᠨ ᠺᠣᠮᠫᠢᠦ᠋ᠲ᠋ᠧᠷ ᠤᠨ ᠳᠡᠯᠭᠡᠴᠡ ᠠᠴᠠ ᠨᠠᠭᠠᠳᠤ | ᠵᠠᠬ᠎ᠠ ᠳᠠᠭᠠᠨ 50cm ᠵᠠᠶᠢᠳᠠᠢ ᠪᠠᠶᠢᠯᠭᠠᠵᠤ᠂ ᠵᠢᠭᠠᠬᠠᠨ ᠳᠣᠷᠣᠭᠰᠢ ᠬᠠᠷᠠᠬᠤ ᠬᠡᠷᠡᠭᠲᠡᠢ᠂ ᠲᠤᠬᠠᠢᠢᠯᠠᠪᠠᠯ | ᠺᠣᠮᠫᠢᠦ᠋ᠲ᠋ᠧᠷ ᠬᠠᠷᠠᠬᠤ ᠬᠠᠷᠠᠭᠠᠨ ᠱᠤᠭᠤᠮ ᠨᠢ ᠵᠢᠭᠠᠬᠠᠨ ᠳᠣᠷᠣᠭᠰᠢ ᠬᠡᠯᠪᠠᠶᠢᠵᠦ᠂ ᠺᠣᠮᠫᠢᠦ᠋ᠲ᠋ᠧᠷ ᠤᠨ | ᠳᠡᠯᠭᠡᠴᠡ ᠶᠢᠨ ᠲᠥᠪ ᠪᠠᠶᠢᠷᠢ ᠨᠢ ᠬᠠᠷᠠᠭᠠᠨ ᠱᠤᠭᠤᠮ ᠤᠨ ᠳᠣᠤᠷ᠎ᠠ ᠲᠠᠯ᠎ᠠ ᠶᠢᠨ 10cm ᠣᠷᠴᠢᠮ ᠳᠤ ᠪᠠᠶᠢᠪᠠᠯ | ᠵᠣᠬᠢᠨ᠎ᠠ᠂ ᠡᠨᠡ ᠦᠶ᠎ᠡ ᠳᠤ ᠬᠠᠷᠠᠭᠠᠨ ᠥᠨᠴᠥᠭ ᠨᠢ ᠨᠢᠳᠦᠨ ᠤ ᠬᠡᠪᠲᠡᠭᠡ ᠱᠤᠭᠤᠮ ᠠᠴᠠ ᠪᠠᠷᠤᠭ 15 | ᠭᠷᠠᠳᠦ᠋ᠰ ᠳᠣᠣᠷ᠎ᠠ ᠪᠠᠶᠢᠳᠠᠭ᠃ | ᠪᠠᠰᠠ ᠡᠳᠦᠷ ᠪᠦᠷᠢ ᠶᠢᠨ ᠡᠯᠧᠺᠲᠷᠣᠨ ᠦᠢᠯᠡᠳᠬᠦᠨ ᠬᠡᠷᠡᠭᠯᠡᠬᠦ ᠴᠠᠭ ᠢ ᠬᠢᠵᠠᠭᠠᠷᠯᠠᠬᠤ | ᠬᠡᠷᠡᠭᠲᠡᠶ᠂ ᠪᠠᠭ᠎ᠠ ᠰᠤᠷᠭᠠᠭᠤᠯᠢ ᠶᠢᠨ ᠱᠠᠲᠤᠨ ᠳᠤ ᠡᠳᠦᠷ ᠪᠦᠷᠢ 2 ᠴᠠᠭ᠂ ᠳᠤᠮᠳᠠᠳᠤ ᠰᠤᠷᠭᠠᠭᠤᠯᠢ ᠶᠢᠨ | ᠱᠠᠲᠤᠨ ᠳᠤ 4 ᠴᠠᠭ ᠤᠨ ᠳᠣᠲᠣᠷ᠎ᠠ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠪᠠᠭ᠎ᠠ ᠰᠤᠷᠭᠠᠭᠤᠯᠢ ᠶᠢᠨ | ᠱᠠᠳᠤᠨ ᠳᠤ ᠬᠢᠴᠢᠶᠡᠯ ᠪᠦᠷᠢ ᠶᠢ 20 ᠮᠢᠨᠦ᠋ᠲ ᠢᠶᠠᠷ ᠬᠢᠵᠠᠭᠠᠷᠯᠠᠵᠤ᠂ ᠳᠤᠮᠳᠠᠳᠤ ᠰᠤᠷᠭᠠᠭᠤᠯᠢ ᠶᠢᠨ ᠱᠠᠲᠤᠨ ᠳᠤ | ᠬᠢᠴᠢᠶᠡᠯ ᠪᠦᠷᠢ ᠶᠢ 30 ᠮᠢᠨᠦ᠋ᠲ ᠢᠶᠠᠷ ᠬᠢᠵᠠᠭᠠᠷᠯᠠᠬᠤ ᠬᠡᠷᠡᠭᠲᠡᠢ᠂ ᠡᠯᠧᠺᠲᠷᠣᠨ ᠦᠢᠯᠡᠳᠬᠦᠨ ᠢ ᠨᠡᠯᠢᠶᠡᠳ ᠠᠷᠪᠢᠨ | ᠬᠡᠷᠡᠭᠯᠡᠬᠦ ᠦᠶ᠎ᠡ ᠲᠠᠭᠠᠷᠠᠯᠳᠤᠪᠠᠯ ᠲᠧᠯᠸᠢᠰ ᠦᠵᠡᠬᠦ ᠪᠤᠶᠤ ᠡᠯᠧᠺᠲᠷᠤᠨ ᠲᠣᠭᠯᠠᠭᠠᠮ ᠨᠠᠭᠠᠳᠬᠤ ᠠᠴᠠ ᠠᠯᠢ | ᠴᠢᠳᠠᠬᠤ ᠪᠠᠷ ᠵᠠᠶᠢᠯᠠᠰᠬᠢᠭᠦ ᠬᠡᠷᠡᠭᠲᠡᠢ᠃ | ᠠᠰᠠᠭᠤᠯᠲᠠ᠄ ᠨᠢᠳᠦᠨ ᠰᠢᠯ ᠢ ᠴᠢᠬᠤᠯᠠᠲᠠᠶ ᠦᠶ᠎ᠠ ᠳᠤ ᠵᠡᠭᠦᠪᠡᠯ ᠨᠡᠯᠢᠶᠠᠳ ᠰᠠᠶᠢᠨ ᠤᠤ᠂ ᠨᠡᠶᠢᠳᠡᠮ ᠵᠡᠭᠦᠪᠡᠯ | ᠨᠡᠯᠢᠶᠠᠳ ᠰᠠᠶᠢᠨ ᠤᠤ︖ | ᠴᠢᠦᠶ ᠵᠢᠶᠠ᠄ ᠬᠡᠤᠬᠡᠳ ᠤᠨ ᠣᠶᠢᠷ᠎ᠠ ᠬᠠᠷᠠᠭᠠᠨ ᠤ ᠭᠷᠠᠳᠦ᠋ᠰ ᠤᠨ ᠬᠡᠮᠵᠢᠶ᠎ᠡ ᠨᠢ ᠨᠡᠯᠢᠶᠡᠳ ᠳᠣᠤᠷ᠎ᠠ ᠪᠣᠯ | ᠨᠢᠳᠦᠨ ᠰᠢᠯ ᠵᠡᠭᠦᠬᠦ ᠬᠡᠷᠡᠭ ᠥᠬᠡᠶ ᠭᠡᠵᠦ ᠮᠠᠰᠢ ᠣᠯᠠᠨ ᠬᠡᠷ ᠤᠨ ᠠᠬᠠᠮᠠᠳ ᠦᠵᠡᠳᠡᠭ ᠪᠦᠭᠡᠳ ᠨᠢᠳᠦᠨ ᠰᠢᠯ | ᠵᠡᠭᠦᠯᠭᠡᠭᠦ ᠠᠴᠠ ᠠᠶᠤᠳᠠᠬ᠃ ᠦᠨᠡᠨ ᠳᠡᠭᠡᠨ ᠣᠶᠢᠷ᠎ᠠ ᠬᠠᠷᠠᠭ᠎ᠠ ᠲᠠᠢ ᠪᠤᠯᠤᠬᠰᠠᠨ ᠤ ᠳᠠᠷᠠᠭ᠎ᠠ᠂ ᠬᠤᠯᠠ ᠶᠢᠨ | ᠶᠠᠭᠤᠮ᠎ᠠ ᠶᠢ ᠲᠣᠳᠣᠷᠬᠠᠶ ᠣᠯᠵᠤ ᠦᠵᠡᠬᠦ ᠶᠢᠨ ᠲᠥᠯᠥᠭᠡ ᠨᠢᠳᠦᠨ ᠰᠢᠯ ᠢ ᠡᠷᠬᠡᠪᠰᠢ ᠲᠠᠭᠠᠷᠠᠭᠤᠯᠵᠤ ᠵᠡᠭᠦᠬᠦ | ᠬᠡᠷᠡᠭᠲᠡᠶ ᠶᠤᠮ᠃ ᠭᠡᠪᠡᠴᠦ ᠨᠢᠳᠦᠨ ᠰᠢᠯ ᠲᠠᠭᠠᠷᠠᠭᠤᠯᠬᠤ ᠳᠤ ᠬᠠᠰᠢᠯᠠ ᠲᠤᠰᠬᠠᠶ ᠮᠡᠷᠭᠡᠵᠢᠯ ᠤᠨ ᠡᠮᠨᠡᠯᠭᠡ ᠶᠢᠨ | ᠬᠤᠷᠢᠶᠠᠨ ᠤ ᠬᠠᠷᠠᠭᠠᠨ ᠤ ᠭᠡᠷᠡᠯ ᠤᠨ ᠡᠭᠦᠳᠡᠨ ᠡᠮᠨᠡᠯᠭᠡ ᠳᠤ ᠣᠴᠢᠵᠤ ᠲᠠᠭᠠᠷᠠᠭᠤᠯᠬᠤ ᠶᠢ ᠰᠠᠨᠠᠭᠤᠯᠤᠶ᠎ᠠ᠃ | ᠨᠢᠳᠦᠨ ᠰᠢᠯ ᠲᠠᠭᠠᠷᠠᠭᠤᠯᠬᠤ ᠳᠤ ᠭᠷᠠᠳᠦ᠋ᠰ ᠤᠨ ᠲᠤᠭ᠎ᠠ ᠶᠢ ᠥᠨᠳᠥᠷ ᠰᠢᠭ ᠲᠠᠭᠠᠷᠠᠭᠤᠯᠬᠤ ᠤᠤ | ᠡᠰᠡᠬᠦᠯ᠎ᠡ ᠳᠣᠣᠷ᠎ᠠ ᠰᠢᠬ ᠲᠠᠭᠠᠷᠠᠭᠤᠯᠬᠤ ᠤᠤ︖ ᠨᠢᠳᠤᠨ ᠰᠢᠯ ᠲᠠᠭᠠᠷᠠᠭᠤᠯᠬᠤ ᠳᠤ ᠵᠠᠷᠴᠢᠮ ᠲᠠᠢ ᠪᠠᠶᠢᠳᠠᠭ᠃ | ᠡᠩ ᠤᠨ ᠪᠠᠶᠢᠳᠠᠯ ᠠᠴᠠ ᠠᠪᠴᠤ ᠬᠡᠯᠡᠪᠡᠯ᠂ ᠬᠠᠷᠠᠭ᠎ᠠ ᠶᠢ 1.0 ᠭᠷᠠᠳᠦ᠋ᠰ ᠲᠤ ᠬᠦᠷᠦᠭᠦᠯᠬᠦ ᠨᠢᠳᠦᠨ ᠰᠢᠯ ᠢ | ᠲᠠᠭᠠᠷᠠᠭᠤᠯᠬᠤ ᠬᠡᠷᠡᠭᠲᠡᠢ᠂ ᠬᠠᠷᠢᠨ ᠬᠡᠲᠦᠷᠬᠡᠢ ᠳᠣᠣᠷ᠎ᠠ ᠪᠠᠶᠢᠯᠭᠠᠵᠤ ᠪᠣᠯᠬᠤ ᠦᠭᠡᠢ᠃ ᠳᠣᠣᠷ᠎ᠠ ᠰᠢᠭ᠋ ᠭᠷᠠᠳᠦ᠋ᠰ ᠲᠠᠢ | ᠨᠢᠳᠤᠨ ᠰᠢᠯ ᠲᠠᠭᠠᠷᠠᠭᠤᠯᠪᠠᠯ ᠤᠢᠢᠷ᠎ᠠ ᠬᠠᠷᠠᠭ᠎ᠠ ᠲᠠᠢ ᠪᠤᠯᠬᠤ ᠠᠬᠢᠴᠠ ᠶᠢ ᠤᠳᠠᠭᠠᠰᠢᠷᠠᠭᠤᠯᠵᠤ ᠴᠢᠳᠠᠨ᠎ᠠ | ᠭᠡᠰᠡᠨ ᠶᠠᠪᠤᠳᠠᠯ ᠪᠢᠰᠢ ᠶᠤᠮ᠂ ᠦᠨᠡᠨ ᠳᠡᠭᠡᠨ ᠤᠢᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠶᠢ ᠨᠡᠩ ᠠᠮᠠᠷᠬᠠᠨ | ᠶᠡᠭᠡᠰᠭᠡᠳᠡᠭ᠃ ᠡᠭᠦᠨ ᠠᠴᠠ ᠭᠠᠳᠠᠨ᠎ᠠ᠂ ᠨᠢᠳᠦᠨ ᠰᠢᠯ ᠲᠠᠭᠠᠷᠠᠭᠤᠯᠤᠬᠰᠠᠨ ᠤ ᠳᠠᠷᠠᠭ᠎ᠠ ᠲᠣᠭᠲᠠᠮᠠᠯ | ᠬᠤᠭᠤᠴᠠᠭ᠎ᠠ ᠲᠠᠢ ᠪᠠᠷ ᠣᠴᠢᠵᠤ ᠪᠠᠶᠢᠴᠠᠭᠠᠯᠭᠠᠬᠤ ᠬᠡᠷᠡᠭᠲᠡᠶ᠃ ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠨᠢ | ᠮᠦᠨ ᠯᠡ ᠶᠡᠭᠡᠰᠴᠦ ᠪᠠᠶᠢᠭ᠎ᠠ ᠪᠠᠶᠢᠳᠠᠯ ᠳᠣᠣᠷ᠎ᠠ᠂ ᠲᠣᠬᠢᠷᠠᠮᠵᠢ ᠦᠭᠡᠶ ᠨᠢᠳᠦᠨ ᠰᠢᠯ ᠵᠡᠭᠦᠭᠦ ᠨᠢ ᠬᠠᠷᠠᠭ᠎ᠠ ᠶᠢ | ᠮᠠᠭᠤᠳᠠᠭᠤᠯᠬᠤ ᠶᠤᠮ᠃ ᠡᠶᠢᠮᠦ ᠠᠴᠠ ᠲᠣᠭᠲᠠᠭᠰᠠᠨ ᠬᠤᠭᠤᠴᠠᠭ᠎ᠠ ᠲᠠᠢ ᠪᠠᠷ ᠡᠮᠨᠡᠯᠭᠡ ᠶᠢᠨ ᠬᠤᠷᠢᠶᠠᠨ ᠳᠤ | ᠣᠴᠢᠵᠤ ᠪᠠᠶᠢᠴᠠᠭᠠᠯᠲᠠ ᠬᠢᠯᠭᠡᠵᠦ᠂ ᠴᠠᠭ ᠲᠤᠬᠠᠢ ᠳᠤᠨᠢ ᠨᠢᠳᠦᠨ ᠰᠢᠯ ᠢ ᠨᠢ ᠰᠣᠯᠢᠬᠤ ᠶᠢ ᠰᠠᠨᠠᠭᠤᠯᠤᠶ᠎ᠠ᠃ | ᠠᠰᠠᠭᠤᠯᠲᠠ᠄ ᠣᠳᠣᠬᠠᠨ ᠳᠤ ᠣᠶᠢᠷ᠎ᠠ ᠬᠠᠷᠠᠭ᠎ᠠ ᠶᠢ ᠵᠠᠯᠠᠷᠠᠭᠤᠯᠬᠤ ᠪᠠ ᠰᠡᠷᠭᠡᠶᠢᠯᠡᠭᠦ ᠳᠤ ᠶᠠᠮᠠᠷ ᠶᠠᠮᠠᠷ | ᠶᠠᠮᠠᠷ ᠠᠷᠭ᠎ᠠ ᠪᠠᠶᠢᠬᠤ ᠪᠤᠢ︖ | ᠴᠢᠦᠶ ᠵᠢᠶᠠ᠄ ᠣᠳᠣᠬᠠᠨ ᠳᠤ ᠬᠡᠤᠬᠡᠳ ᠪᠠ ᠵᠠᠯᠠᠭᠤᠴᠤᠳ ᠪᠠᠭᠠᠴᠤᠳ ᠲᠤ ᠦᠷᠭᠦᠯᠵᠢ | ᠬᠡᠷᠡᠭᠯᠡᠳᠡᠭ ᠣᠶᠢᠷ᠎ᠠ ᠬᠠᠷᠠᠭ᠎ᠠ ᠶᠢ ᠵᠠᠯᠠᠷᠠᠭᠤᠯᠬᠤ ᠠᠷᠭ᠎ᠠ ᠨᠢ ᠬᠠᠰᠢ ᠯᠠ ᠬᠠᠪᠢᠰᠤᠨ ᠨᠢᠳᠦᠨ ᠰᠢᠯ ᠵᠡᠭᠦᠭᠦ ᠶᠠᠪᠤᠳᠠᠯ | ᠪᠤᠯᠬᠤ ᠪᠦᠭᠡᠳ ᠡ᠊ᠨᠡ ᠨᠢ ᠪᠠᠷᠤᠭ 99% ᠶᠢ ᠡᠵᠡᠯᠡᠵᠤ ᠪᠤᠢ᠃ ᠲᠦᠢᠯ ᠤᠨ ᠴᠦᠭᠡᠨ ᠲᠤᠭᠠᠨ ᠤ ᠬᠢ ᠨᠢ | ᠨᠢᠭᠤᠴᠠᠭᠠᠢ ᠨᠢᠳᠤᠨ ᠰᠢᠯ ᠵᠡᠭᠦᠯᠭᠡᠵᠦ ᠪᠤᠢ᠂ ᠵᠢᠱᠢᠶᠡᠯᠡᠪᠡᠯ ᠤᠯᠡᠠ ᠢᠶᠠᠷ ᠢᠶᠠᠨ ᠨᠡᠯᠢᠶᠡᠳ ᠰᠡᠶᠢᠠ ᠮᠡᠳᠡᠳᠡᠭ OK | ᠰᠢᠯ ᠨᠢ ᠤᠢᠢᠷ᠎ᠠ ᠬᠠᠷᠠᠭᠠᠨ ᠤ ᠶᠡᠭᠡᠰᠭᠦ ᠶᠢ ᠬᠢᠵᠠᠭᠠᠷᠯᠠᠵᠤ ᠴᠢᠳᠠᠨ᠎ᠠ᠂ ᠭᠡᠪᠡᠴᠦ ᠲᠡᠭᠦᠨ ᠤ ᠠᠮᠤᠷ ᠲᠦᠪᠰᠢᠨ | ᠴᠢᠨᠠᠷ ᠢ ᠪᠠᠲᠤᠯᠠᠬᠤ ᠬᠡᠷᠡᠭᠲᠡᠶ᠃ ᠵᠠᠪᠠᠯ ᠡᠮᠴᠢ ᠶᠢᠨ ᠵᠢᠯᠤᠭᠤᠳᠤᠯᠭ᠎ᠠ ᠶᠢ ᠵᠢᠷᠤᠮᠯᠠᠵᠤ᠂ ᠲᠤᠰᠬᠠᠶ ᠮᠡᠷᠭᠡᠵᠢᠯ ᠤᠨ | ᠬᠢᠷᠢ ᠲᠡᠩᠴᠡᠭᠰᠡᠨ ᠡᠮᠨᠡᠯᠭᠡ ᠶᠢᠨ ᠬᠤᠷᠢᠶ᠎ᠠ ᠪᠠ ᠬᠢᠷᠢ ᠲᠡᠩᠴᠡᠭᠰᠡᠨ ᠡᠮᠴᠢ ᠪᠠᠷ ᠬᠢᠯᠭᠡᠵᠦ ᠠᠪᠬᠤ ᠬᠡᠷᠡᠭᠲᠡᠢ᠃ | ᠡᠭᠦᠨ ᠠᠴᠠ ᠭᠠᠳᠠᠨ᠎ᠠ ᠪᠠᠰᠠ ᠳᠣᠣᠷ᠎ᠠ ᠥᠳᠬᠡᠴᠡᠲᠦ ᠠᠲᠷᠤᠫᠢᠨ ᠪᠠᠶᠢᠬᠤ ᠪᠦᠭᠡᠳ ᠣᠳᠣᠬᠠᠨ ᠳᠤ ᠪᠠᠰᠠ | ᠨᠡᠯᠢᠶᠡᠳ ᠦᠢᠯᠡᠳᠦᠯ ᠲᠠᠢ ᠭᠡᠵᠦ ᠦᠵᠡᠵᠡᠭᠡᠵᠦ ᠪᠤᠢ᠂ ᠭᠡᠪᠡᠴᠦ ᠣᠳᠣᠬᠠᠨ ᠳᠤ ᠤᠯᠤᠰ ᠤᠨ ᠳᠣᠲᠣᠭᠠᠳᠤ ᠳᠤ | ᠵᠢᠩᠬᠢᠨᠢ ᠪᠠᠷ ᠡᠮᠴᠢᠯᠡᠭᠡᠨ ᠳᠤ ᠣᠷᠤᠭ᠎ᠠ ᠦᠭᠡᠶ ᠪᠠᠶᠢᠨ᠎ᠠ᠃ | |