| 2020 ᠣᠨ ᠤ ᠥᠪᠥᠷ ᠮᠣᠩᠭᠤᠯ ᠤᠨ ᠶᠤᠸᠠᠨ ᠤ ᠳᠡᠭᠡᠳᠦ ᠨᠡᠶᠢᠰᠯᠡᠯ ︽ᠭᠦᠶᠦᠭᠴᠢ︾ ᠬᠤᠯᠠ | ᠭᠦᠶᠦᠬᠦ ᠤᠷᠤᠯᠳᠣᠭᠠᠨ ᠨᠢ 2020 ᠣᠨ ᠤ 11 ᠰᠠᠷ᠎ᠠ ᠶᠢᠨ 8 ᠤ ᠡᠳᠦᠷ᠂ ᠰᠢᠯᠤᠭᠤᠨ ᠬᠥᠬᠡ ᠬᠤᠰᠢᠭᠤᠨ ᠳᠤ | ᠶᠠᠪᠤᠭᠳᠠᠬᠤ ᠪᠠᠷ ᠪᠤᠯᠤᠯ᠎ᠠ᠃ ᠲᠠ ᠪᠦᠬᠦᠨ ᠢᠳᠡᠪᠬᠢᠯᠡᠨ ᠣᠷᠣᠯᠴᠠᠵᠤ᠂ ᠡᠷᠡᠯᠭᠡᠭᠯᠡᠨ ᠲᠡᠮᠡᠴᠡᠬᠦ ᠵᠣᠷᠢᠭ ᠰᠠᠨᠠᠭ᠎ᠠ ᠪᠠᠷ | ᠦᠨᠳᠦᠰᠦᠳᠡᠨ ᠤ ᠪᠡᠶ᠎ᠡ ᠲᠠᠮᠢᠷ ᠤᠨ ᠰᠢᠯᠢᠳᠡᠭ ᠣᠯᠠᠮᠵᠢᠯᠠᠯ ᠢ ᠪᠠᠳᠠᠷᠠᠭᠤᠯᠬᠤ ᠶᠢ ᠬᠦᠰᠡᠵᠦ ᠪᠤᠢ᠃ | ᠣᠶᠢᠷ᠎ᠠ ᠶᠢᠨ ᠵᠢᠯ ᠳᠤ᠂ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤ ᠨᠢ ︽ | ᠭᠦᠶᠦᠭᠴᠢ︾ ᠬᠤᠯᠠ ᠭᠦᠶᠦᠬᠦ ᠤᠷᠤᠯᠳᠤᠭᠠᠨ ᠢ ᠦᠨᠳᠦᠰᠦᠳᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ | ᠭᠦᠭᠵᠢᠨ ᠪᠠᠳᠠᠷᠠᠭᠤᠯᠬᠤ ᠰᠣᠶᠣᠯ ᠲᠠᠮᠢᠷ ᠤᠨ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠨᠢᠭᠡ ᠪᠣᠯᠭᠠᠨ | ᠬᠥᠭᠵᠢᠭᠦᠯᠦᠨ᠂ ᠰᠣᠶᠣᠯ ᠪᠡᠶ᠎ᠡ ᠲᠠᠮᠢᠷ + ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠪᠠ᠃ | ︽ᠭᠦᠶᠦᠭᠴᠢ︾ ᠭᠡᠳᠡᠭ ᠨᠢ ᠬᠤᠯᠠ ᠭᠦᠶᠦᠳᠡᠭ ᠬᠦᠮᠦᠨ᠂ ᠭᠦᠶᠦᠬᠦ ᠳᠤ ᠭᠠᠷᠮᠠᠭᠠᠢ ᠬᠦᠮᠦᠨ ᠭᠡᠬᠦ | ᠤᠳᠬ᠎ᠠ ᠪᠦᠬᠦᠢ ᠮᠤᠩᠭᠤᠯ ᠦᠭᠡ ᠪᠦᠭᠡᠳ ᠶᠤᠸᠠᠨ ᠤᠯᠤᠰ ᠤᠨ ᠦᠶ᠎ᠡ ᠶᠢᠨ ᠬᠠᠭᠠᠨᠲᠤ ᠲᠦᠷᠦ ᠠᠴᠠ ᠵᠤᠬᠢᠶᠠᠨ | ᠪᠠᠶᠢᠭᠤᠯᠤᠨ ᠶᠠᠪᠤᠭᠳᠠᠭᠤᠯᠳᠠᠭ ᠬᠤᠯᠠ ᠭᠦᠶᠦᠬᠦ ᠤᠷᠤᠯᠳᠤᠭᠠᠨ ᠢ ᠵᠢᠭᠠᠭᠰᠠᠨ ᠨᠡᠷ᠎ᠡ ᠶᠤᠮ᠃ | ᠶᠤᠸᠠᠨ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠳᠡᠭᠡᠳᠤ ᠨᠡᠶᠢᠰᠯᠡᠯ ᠱᠠᠩᠲᠤ᠂ ᠶᠡᠭᠡ ᠨᠡᠶᠢᠰᠯᠡᠯ ᠲᠠᠶᠢᠳᠤ ᠶᠢᠨ | ᠰᠡᠷᠭᠡᠶᠢᠯᠡᠯᠡᠲᠡ ᠶᠢ ᠴᠢᠩᠭᠠᠳᠬᠠᠵᠤ ᠬᠤᠶᠠᠷ ᠨᠡᠶᠢᠰᠯᠡᠯ ᠳᠤ ᠪᠦᠷ ᠰᠡᠷᠭᠡᠶᠢᠯᠡᠨ ᠬᠠᠮᠠᠭᠠᠯᠠᠬᠤ ᠰᠢᠲᠠᠷ ᠴᠡᠷᠢᠭ ᠤᠨ | ᠪᠠᠶᠢᠭᠤᠯᠤᠮᠵᠢ ᠶᠢ ᠪᠠᠶᠢᠭᠤᠯᠤᠭᠰᠠᠨ ᠮᠦᠷᠲᠡᠭᠡᠨ ᠬᠠᠭᠠᠨ ᠲᠦᠷᠦ ᠶᠢᠨ ᠴᠢᠬᠤᠯᠠ ᠴᠢᠮᠡᠭᠡ ᠵᠠᠩᠭᠢ ᠳᠠᠮᠵᠢᠭᠤᠯᠬᠤ | ᠤᠯᠠᠭ᠎ᠠ ᠦᠷᠲᠡᠭᠡ ᠢ ᠲᠤᠬᠢᠷᠠᠭᠤᠯᠤᠭᠰᠠᠨ ᠪᠠᠶᠢᠳᠠᠭ᠃ ︽ᠭᠦᠶᠦᠭᠴᠢ︾ ᠶᠢᠨ ᠤᠷᠤᠯᠳᠤᠭᠠᠨ ᠪᠤᠯ ᠡᠳᠡᠭᠡᠷ ᠰᠢᠲᠠᠷ | ᠴᠡᠷᠢᠭ ᠤᠨ ᠰᠤᠷᠢᠭ᠎ᠠ ᠪᠤᠯᠪᠠᠰᠤᠷᠠᠯ ᠤᠨ ᠲᠠᠮᠢᠷ ᠤᠨ ᠠᠵᠢᠯᠯᠠᠭ᠎ᠠ ᠮᠦᠨ᠃ | ᠰᠤᠷᠪᠤᠯᠵᠢ ᠪᠢᠴᠢᠭ ᠤᠨ ᠲᠡᠮᠳᠡᠭᠯᠡᠯ ᠢ ᠦᠨᠳᠦᠰᠦᠯᠪᠡᠯ ︽ᠭᠦᠶᠦᠭᠴᠢ︾ ᠶᠢᠨ ᠤᠷᠤᠯᠳᠤᠭᠠᠨ ᠨᠢ ᠵᠢᠯ | ᠪᠤᠯᠭᠠᠨ ᠳᠡᠭᠡᠳᠤ ᠨᠡᠶᠢᠰᠯᠡᠯ ᠱᠠᠩᠳᠤ ᠪᠤᠶᠤ ᠶᠡᠭᠡ ᠨᠡᠶᠢᠰᠯᠡᠯ ᠲᠠᠶᠢᠳᠤ ᠳᠤ ᠶᠠᠪᠤᠭᠳᠠᠳᠠᠭ᠃ ᠱᠠᠩᠳᠤ ᠳᠤ ᠪᠤᠯ ᠨᠢᠢ | ᠾᠧ ᠡᠯ ︵ᠡᠳᠦᠬᠡ ᠶᠢᠨ ᠾᠧ ᠪᠸᠢ ᠮᠤᠵᠢ ᠶᠢᠨ ᠭᠦᠶᠤᠸᠠᠨ ᠰᠢᠶᠠᠨ ᠤ ᠮᠠ ᠱᠧᠨ ᠮᠢᠶᠤᠤ ᠲᠤᠰᠬᠤᠨ︶ ᠠᠴᠠ | ᠡᠬᠢᠯᠡᠵᠦ ᠬᠦᠶᠦᠨ᠂ ᠱᠠᠩᠳᠤ ᠨᠡᠶᠢᠰᠯᠡᠯ ᠤᠨ ᠤᠷᠳᠤᠨ ᠬᠤᠳᠠ ᠳᠤ ᠬᠦᠷᠦᠨ᠎ᠡ᠃ ᠳᠠᠶᠢᠳᠤ ᠳᠤ ᠪᠤᠯ ᠾᠧ ᠰᠢ ᠦ᠋ | ︵ᠡᠳᠦᠭᠡ ᠶᠢᠨ ᠲᠢᠶᠠᠨᠵᠢᠨ ᠬᠤᠲᠠ ᠶᠢᠨ ᠾᠧ ᠰᠢ ᠦ᠋ ᠪᠠᠯᠭᠠᠰᠤ︶ ᠠᠴᠠ ᠡᠬᠢᠯᠡᠵᠤ ᠳᠠᠶᠢᠳᠤ ᠨᠡᠶᠢᠰᠯᠡᠯ ᠤᠨ | ᠳᠤᠲᠤᠭᠠᠲᠤ ᠬᠤᠳᠠ ᠬᠦᠷᠦᠨ᠎ᠡ᠃ ᠭᠦᠶᠦᠭᠴᠢᠳ ᠨᠢ ᠵᠠᠭᠤ ᠨᠠᠶᠠᠨ ᠭᠠᠵᠠᠷ ᠭᠦᠶᠦᠵᠤ ᠰᠢᠭᠤᠳ ᠬᠠᠭᠠᠨ ᠤ ᠡᠮᠦᠨ᠎ᠡ | ᠬᠦᠷᠴᠤ ︽ᠲᠦᠮᠡᠨ ᠨᠠᠰᠤᠲᠤ︾ ᠬᠡᠮᠡᠨ ᠮᠦᠷᠭᠦᠬᠦ ᠳᠤ ᠬᠠᠭᠠᠨ ᠡᠵᠡᠨ ᠦᠪᠡᠷ ᠤᠨ ᠭᠠᠷ ᠢᠶᠠᠷ ᠱᠠᠩᠨᠠᠯ ᠬᠠᠶᠢᠷᠠᠯᠠᠨ᠎ᠠ | ᠃ ᠡᠭᠦᠨ ᠠᠴᠠ ᠦᠵᠡᠪᠡᠯ ᠶᠤᠸᠠᠨ ᠤᠯᠤᠰ ᠤᠨ ᠦᠶ᠎ᠡ ᠶᠢᠨ ᠬᠦᠶᠦᠭᠴᠢ ᠤᠷᠤᠯᠳᠤᠭᠠᠨ ᠨᠢ 1896 ᠤᠨ ᠤ | ᠠᠩᠬᠠᠳᠤᠭᠠᠷ ᠤᠳᠠᠭᠠᠨ ᠤ ᠤᠯᠢᠮᠫᠢᠺ ᠤᠨ ᠲᠠᠮᠢᠷ ᠤᠨ ᠴᠢᠭᠤᠯᠭᠠᠨ ᠳᠡᠭᠡᠷ᠎ᠡ ᠤᠷᠤᠯᠳᠤᠭᠠᠨ ᠤ ᠲᠦᠷᠦᠯ ᠵᠦᠢᠯ ᠢᠶᠠᠷ | ᠵᠢᠭᠰᠠᠭᠠᠭᠳᠠᠭᠰᠠᠨ ᠮᠠᠷᠠᠽᠤᠨ ᠬᠤᠯᠠ ᠭᠦᠶᠦᠬᠦ ᠤᠷᠤᠯᠳᠤᠭᠠᠨ ᠠᠴᠠ 600 ᠵᠢᠯ ᠤᠨ ᠡᠮᠦᠨ᠎ᠡ ᠪᠠᠶᠢᠵᠤ᠂ | ᠤᠷᠤᠯᠳᠤᠭᠠᠨ ᠤ ᠵᠠᠢ ᠨᠢ ᠮᠠᠷᠠᠽᠤᠨ ᠤᠷᠤᠯᠳᠤᠭᠠᠨ ᠠᠴᠠ ᠬᠤᠶᠠᠷ ᠳᠠᠬᠢᠨ ᠢᠯᠡᠭᠦᠦ ᠠᠵᠠᠢ᠃ | ᠶᠤᠸᠠᠨ ᠤ ᠳᠡᠭᠡᠳᠤ ᠨᠡᠶᠢᠰᠯᠡᠯ᠂ ᠤᠯᠠᠨ ᠤᠯᠤᠰ ᠤᠨ ︽ᠭᠦᠶᠦᠭᠴᠢ︾ ᠤᠷᠤᠯᠳᠤᠭᠠᠨ ᠪᠤᠯ ᠮᠤᠩᠭᠤᠯ | ᠤᠨ ᠡᠷᠲᠡᠨ ᠤ ᠰᠤᠶᠤᠯ ᠤᠨ ᠭᠠᠶᠢᠬᠠᠮᠰᠢᠭ ᠢ ᠤᠳᠤ ᠦᠶ᠎ᠡ ᠶᠢᠨ ᠪᠤᠯᠪᠠᠰᠤᠨ ᠲᠠᠢ ᠤᠶᠠᠯᠳᠤᠭᠤᠯᠤᠭᠰᠠᠨ ᠰᠤᠶᠤᠯ | ᠲᠠᠮᠢᠷ ᠤᠨ ᠠᠵᠢᠯᠯᠠᠭ᠎ᠠ ᠮᠦᠨ᠃ ᠳᠡᠭᠡᠲᠤ ᠨᠡᠶᠢᠰᠯᠡᠯ ᠤᠨ ᠰᠤᠶᠤᠯ ᠤᠨ ᠦᠪ ᠢ ᠵᠠᠯᠠᠭᠠᠮᠵᠢᠯᠠᠵᠤ᠂ ᠴᠠᠭ ᠡᠷᠡᠨ ᠤ | ᠵᠤᠷᠢᠭ ᠰᠠᠨᠠᠭ᠎ᠠ ᠶᠢ ᠪᠠᠳᠠᠷᠠᠭᠤᠯᠤᠭᠰᠠᠨ ᠰᠢᠯᠤᠭᠤᠨ ᠬᠦᠬᠡ ᠬᠤᠰᠢᠭᠤᠨ ᠤ ᠪᠠᠰᠠ ᠨᠢᠭᠡ ᠰᠤᠶᠤᠯ ᠤᠨ ᠨᠡᠷᠡᠲᠤ | ᠲᠡᠮᠳᠡᠭ ᠮᠦᠨ᠃ | ᠮᠡᠷᠭᠡᠨ ᠴᠣᠬᠤᠷ ᠢ | ᠰᠢᠷᠪᠢᠵᠦ ᠨᠡᠷ᠎ᠡ | ᠮᠡᠳᠡᠭᠦᠯᠦᠭᠡᠷᠡᠢ︕ | | ᠠᠰᠠᠭᠤᠨ ᠯᠠᠪᠯᠠᠬᠤ ᠣᠳᠠᠰᠣ᠄ | 186 4796 8654 | ᠠᠵᠢᠯᠯᠠᠬᠤ ᠴᠠᠭ᠄ | ᠦᠳᠡ ᠶᠢᠨ ᠡᠮᠦᠨ᠎ᠡ 9:00 - 12:00 | ᠦᠳᠡ ᠶᠢᠨ ᠬᠤᠶᠢᠨ᠎ᠠ 14᠄00- 19᠄00 | ᠠᠰᠠᠭᠤᠨ ᠯᠠᠪᠯᠠᠬᠤ ᠸᠢᠴᠠᠲ ᠤᠨ ᠳ᠋ᠤᠭᠠᠷ | | |