| ᠰᠢᠯᠤᠭᠤᠨ ᠬᠥᠬᠡ ᠬᠤᠰᠢᠭᠤᠨ ᠳᠤ ᠣᠳᠣ 8.3 ᠲᠦᠮᠡᠨ ᠬᠥᠮᠦᠨ ᠠᠮᠠ ᠲᠠᠢ᠂ ᠡᠭᠦᠨ ᠳᠤ᠂ 60 ᠨᠠᠰᠤᠨ ᠠᠴᠠ | ᠳᠡᠭᠡᠭᠰᠢᠬᠢ ᠨᠠᠰᠤᠲᠠᠨ 1.42 ᠲᠥᠮᠡ ᠪᠠᠶᠢᠵᠤ᠂ ᠪᠦᠬᠦ ᠬᠥᠮᠦᠨ ᠠᠮᠠ ᠶᠢᠨ 17% ᠶᠢ ᠡᠵᠡᠯᠡᠨ᠂ ᠪᠦᠬᠦ | ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠨ᠎ᠠ᠃ ᠵᠢᠱᠢᠯᠲᠡ ᠪᠠᠷ 2050 ᠣᠨ ᠪᠣᠯᠬᠤ ᠳᠤ᠂ | ᠪᠦᠬᠦ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠᠷᠤᠭ 4.25 ᠲᠦᠮᠡ ᠳᠤ ᠬᠦᠷᠴᠦ᠂ ᠪᠦᠬᠦ | ᠬᠥᠮᠦᠨ ᠠᠮᠠ ᠶᠢᠨ 25% ᠶᠢ ᠡᠵᠡᠯᠡᠵᠦ᠂ ᠬᠥᠮᠦᠨ ᠠᠮᠠ ᠶᠢᠨ ᠨᠠᠰᠤᠵᠢᠬᠤ ᠬᠠᠨᠳᠤᠰᠢ ᠡᠳᠦᠷ ᠢᠷᠡᠬᠦᠶ᠎ᠡ ᠢᠯᠡᠷᠬᠡᠶ | ᠪᠣᠯᠬᠤ ᠪᠤᠯᠤᠨ᠎ᠠ᠃ ᠡᠶᠢᠮᠦ ᠠᠴᠠ ᠮᠠᠨ ᠤ ᠬᠤᠰᠢᠭᠤ ᠨᠠᠰᠣᠳᠠᠶᠢᠴᠤᠳ ᠤᠨ ᠦᠢᠯᠡᠴᠢᠯᠡᠭᠡᠨ ᠤ ᠰᠢᠰᠲ᠋ᠧᠮ ᠢ | ᠢᠳᠡᠪᠬᠢᠲᠡᠢ ᠲᠡᠭᠦᠯᠳᠡᠷᠵᠢᠭᠦᠯᠵᠦ᠂ ᠣᠲᠣ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ 1᠂ ︽ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠭᠰᠡᠨ︾ ᠨᠠᠰᠤᠲᠠᠶᠢᠴᠤᠳ ᠤᠨ ᠦᠢᠯᠡᠴᠢᠯᠡᠭᠡᠨ ᠤ ᠲᠥᠪ 1᠂ ︽ᠠᠷᠠᠳ ᠠᠴᠠ | ᠡᠷᠬᠢᠯᠡᠵᠦ ᠠᠯᠪᠠᠨ ᠠᠴᠠ ᠲᠤᠰᠠᠯᠠᠭᠰᠠᠨ︾ ᠨᠠᠰᠤᠲᠠᠨ ᠢ ᠠᠰᠠᠷᠠᠬᠤ ᠬᠦᠷᠢᠶᠡᠯᠡᠩ 1᠂ ᠬᠠᠷᠢᠯᠴᠠᠨ ᠬᠠᠪᠰᠤᠷᠤᠯᠴᠠᠬᠤ | ᠨᠠᠰᠣᠳᠠᠶᠢᠴᠣᠳ ᠤᠨ ᠬᠦᠷᠢᠶᠡᠯᠡᠩ 12᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠡᠳᠦᠷ ᠳᠤᠳᠤᠮ ᠤᠨ | ᠠᠰᠠᠷᠠᠨ ᠬᠠᠷᠠᠭᠠᠯᠵᠠᠬᠤ ᠲᠥᠪ 3᠂ ᠣᠷᠣᠨ ᠪᠦᠰᠡ ᠶᠢᠨ ᠴᠢᠨᠠᠷᠲᠠᠶ ᠨᠠᠰᠤᠲᠠᠶᠢᠴᠤᠳ ᠢ ᠠᠰᠠᠷᠠᠬᠤ ᠬᠦᠷᠢᠶᠡᠯᠡᠩ 1᠂ | ᠡᠮ ᠡᠮᠨᠡᠯᠭᠡ ᠡᠷᠡᠭᠦᠯᠵᠢᠯ ᠤᠨ ᠪᠠᠶᠢᠭᠤᠯᠤᠮᠵᠢ 1 ᠶᠢ ᠪᠠᠶᠢᠭᠤᠯᠪᠠ᠃ | ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢᠨ ᠲᠠᠯ᠎ᠠ ᠪᠠᠷ᠂ ᠬᠤᠳᠠ ᠪᠠᠯᠭᠠᠰᠤᠨ ᠤ ︽ | ᠲᠠᠪᠤᠨ ᠪᠠᠲᠤᠯᠠᠭ᠎ᠠ︾᠂ ᠣᠨᠴᠠ ᠬᠦᠴᠢᠷᠳᠡᠯᠲᠡᠶ ᠨᠠᠰᠤᠲᠠᠶᠢᠴᠤᠳ ᠵᠢᠴᠢ ᠬᠦᠳᠡᠭᠡ ᠳᠤᠰᠬᠤᠨ ᠤ ᠭᠤᠣᠨᠢ ᠪᠡᠶ᠎ᠡ | ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠨᠠᠰᠣᠳᠠᠶᠢᠴᠤᠳ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠨᠢᠭᠡᠳᠣᠯᠳᠠᠢ ᠲᠥᠯᠥᠪᠵᠢᠭᠦᠯᠪᠡ᠃ ᠣᠶᠢᠷ᠎ᠠ ᠶᠢᠨ ᠵᠢᠯ ᠳᠤ᠂ | ᠱᠠᠩᠳᠤ ᠪᠠᠯᠭᠠᠰᠤᠨ ᠤ ᠪᠠᠷᠠᠭᠤᠨ ᠡᠮᠦᠨ᠎ᠡ ᠪᠠᠶᠢᠷᠢᠯᠠᠵᠤ ᠪᠠᠶᠢᠭ᠎ᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠪᠣᠯᠤᠨ | ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ︾ ᠠᠮᠤᠭᠤᠯᠠᠩ ᠨᠠᠰᠣᠳᠠᠶᠢᠴᠤᠳ ᠤᠨ ᠦᠢᠯᠡᠴᠢᠯᠡᠭᠡᠨ ᠤ | ᠲᠥᠪ᠂ ︽ᠠᠷᠠᠳ ᠠᠴᠠ ᠪᠠᠶᠢᠭᠤᠯᠵᠤ ᠠᠯᠪᠠᠨ ᠠᠴᠠ ᠲᠤᠰᠠᠯᠠᠭᠰᠠᠨ︾ ᠮᠧᠩ ᠯᠦᠩ ᠨᠠᠰᠣᠳᠠᠶᠢᠴᠣᠳ ᠤᠨ | ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠤ᠂ ᠵᠡᠭᠦᠨ ᠡᠮᠦᠨᠡᠲᠦ ᠬᠡᠰᠡᠭ ᠲᠤ ᠣᠷᠣᠨ ᠪᠦᠰᠡ ᠶᠢᠨ ᠴᠢᠨᠠᠷᠲᠠᠶ | ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠤᠷᠢᠨ᠂ | ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠠᠵᠠᠲᠠᠢ ᠡᠷᠡᠭᠦᠯᠵᠢᠯ ᠰᠣᠪᠢᠯᠠᠯᠲᠠ ᠶᠢᠨ ᠲᠥᠪ ᠢ ᠪᠠᠶᠢᠭᠤᠯᠪᠠ᠃ | ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ᠃ | ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠲᠡᠦᠬᠡ ᠰᠣᠶᠣᠯ᠂ ᠵᠠᠮ ᠬᠠᠷᠢᠯᠴᠠᠭ᠎ᠠ ᠵᠡᠷᠭᠡ ᠳᠠᠪᠠᠭᠤᠯᠢᠭ ᠲᠠᠭᠠᠨ | ᠲᠦᠰᠢᠭᠯᠡᠨ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠨᠠᠰᠣᠳᠠᠶᠢᠴᠤᠳ ᠤᠨ ᠠᠰᠠᠷᠠᠮᠵᠢ ᠵᠡᠷᠭᠡ ᠰᠢᠨ᠎ᠡ ᠬᠡᠯᠪᠡᠷᠢ ᠶᠢᠨ | ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠨᠠᠰᠤᠲᠠᠶᠢᠴᠤᠳ ᠤᠨ | ᠰᠡᠯᠡᠭᠦᠴᠡᠯ ᠵᠢᠭᠤᠯᠴᠢᠯᠠᠯ᠂ ᠪᠡᠶ᠎ᠡ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ︽ᠠᠮᠤᠭᠤᠯᠠᠩ︾ | ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠲᠤ ᠨᠡᠶᠢᠳᠡ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠠᠵᠤ ᠠᠬᠤᠶᠢᠯᠠᠯ ᠠᠴᠠ 300 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠪᠠᠷᠢᠯᠭ᠎ᠠ ᠶᠢᠨ ᠲᠠᠯᠠᠪᠠᠢ ᠨᠢ | 3960 ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠢ ᠠᠰᠠᠷᠠᠨ | ᠬᠠᠷᠠᠭᠠᠯᠵᠠᠬᠤ ᠪᠠᠷ ᠭᠤᠤᠯ ᠪᠣᠯᠭᠠᠵᠤ᠂ ᠰᠤᠪᠢᠯᠠᠯᠲᠠ ᠶᠢᠨ ᠬᠡᠯᠪᠡᠷᠢ ᠪᠠᠷ ᠭᠤᠣᠯ ᠡᠵᠡᠩᠨᠡᠯᠲᠡ ᠶᠢᠨ ᠴᠢᠭᠯᠡᠯ ᠪᠣᠯᠭᠠᠵᠤ᠂ | 74 ᠲᠠᠰᠤᠯᠭ᠎ᠠ 180 ᠣᠷᠣ ᠬᠠᠩᠭᠠᠪᠠ᠃ 2016 ᠣᠨ ᠤ 9 ᠰᠠᠷ᠎ᠠ ᠳᠤ᠂ ᠬᠤᠰᠢᠭᠤ ᠠᠷᠠᠳ ᠤᠨ | ᠶᠠᠪᠤᠳᠠᠯ ᠤᠨ ᠲᠣᠪᠴᠢᠶ᠎ᠠ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠡᠭᠦᠨ ᠢ ︽ᠠᠯᠪᠠᠨ ᠠᠴᠠ ᠪᠠᠶᠢᠭᠤᠯᠵᠤ | ᠠᠷᠠᠳ ᠠᠴᠠ ᠡᠵᠡᠩᠨᠡᠬᠦ︾ ᠬᠡᠯᠪᠡᠷᠢ ᠪᠠᠷ ᠠᠮᠤᠭᠤᠯᠠᠩ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠲᠤ ᠲᠤᠰᠢᠶᠠᠨ | ᠡᠵᠡᠩᠨᠡᠭᠦᠯᠵᠦ᠂ 2019 ᠣᠨ ᠳᠤ ᠮᠠᠨ ᠤ ᠬᠤᠰᠢᠭᠤ 147 ᠲᠦᠮᠡᠨ ᠲᠥᠭᠦᠷᠢᠭ ᠤᠨ ᠭᠠᠯ ᠤᠨᠲᠠᠷᠠᠭᠠᠬᠤ | ᠲᠥᠬᠦᠭᠡᠷᠦᠮᠵᠢ ᠶᠢᠨ ᠨᠥᠬᠦᠪᠥᠷᠢ ᠮᠥᠩᠭᠦ ᠡᠷᠡᠮᠡᠯᠵᠡᠯᠡᠨ ᠣᠯᠪᠠ᠃ ᠣᠳᠣᠬᠠᠨ ᠳᠤ᠂ ᠲᠤᠰ ᠪᠠᠶᠢᠭᠤᠯᠤᠮᠵᠢ ᠨᠢ | ᠨᠢᠭᠡᠨᠲᠡ ᠠᠰᠢᠭᠯᠠᠯᠲᠠ ᠳᠤ ᠣᠷᠣᠵᠤ᠂ ᠬᠠᠪᠢᠷᠭ᠎ᠠ ᠪᠠᠯᠭᠠᠰᠤᠨ ᠤ ᠨᠠᠰᠣᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ | ᠪᠣᠯᠤᠨ ᠰᠠᠩ ᠤᠨ ᠳᠠᠯᠠᠢ ᠪᠠᠯᠭᠠᠰᠤᠨ ᠤ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ ᠣᠨᠴᠠ ᠬᠦᠴᠢᠷᠲᠠᠢ | 40 ᠨᠠᠰᠤᠲᠠᠨ ︽ᠠᠮᠤᠭᠤᠯᠠᠩ︾ ᠨᠠᠰᠣᠳᠠᠶᠢᠴᠣᠳ ᠲᠤ ᠦᠢᠯᠡᠴᠢᠯᠡᠬᠦ ᠲᠥᠪ ᠲᠤ ᠨᠡᠭᠦᠵᠦ ᠢᠷᠡᠭᠰᠡᠨ ᠪᠠᠶᠢᠨ᠎ᠠ᠃ | ᠮᠧᠩ ᠯᠦᠩ ᠨᠠᠰᠤᠲᠠᠨ ᠤ ᠠᠰᠠᠷᠠᠮᠵᠢ ᠶᠢᠨ ᠬᠦᠷᠢᠶᠡᠯᠡᠩ᠃ ᠨᠡᠶᠢᠲᠡ 10158.54 ᠲᠦᠮᠡᠨ ᠲᠥᠭᠦᠷᠢᠭ ᠤᠨ ᠪᠡᠯᠡ | ᠣᠷᠤᠭᠤᠯᠤᠯᠲᠠ ᠲᠠᠢ ᠲᠤᠰ ᠳᠦᠷᠦᠯ ᠵᠦᠢᠯ ᠨᠢ 2017 ᠣᠨ ᠳᠤ ᠪᠠᠷᠢᠯᠭ᠎ᠠ ᠶᠢᠨ ᠠᠵᠢᠯ ᠡᠬᠢᠯᠡᠭᠰᠡᠨ ᠪᠥᠭᠡᠳ | ᠲᠠᠯᠠᠪᠠᠶ ᠨᠢ 2.39 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ | ᠳᠡᠰ ᠢ ᠦᠨᠡᠯᠡᠨ ᠲᠣᠭᠲᠠᠭᠠᠬᠤ ᠠᠷᠭ᠎ᠠ︾ ᠶᠢᠨ ᠳᠠᠭᠠᠤ ᠲᠠᠪᠤᠨ ᠣᠳᠣᠨ ᠳᠡᠰ ᠠᠴᠠ ᠳᠡᠭᠡᠭᠰᠢᠬᠢ ᠪᠠᠷᠢᠮᠵᠢᠶ᠎ᠠ ᠳᠤ | ᠬᠦᠷᠬᠦ ᠪᠣᠯᠤᠨ᠎ᠠ᠃ ᠲᠤᠰ ᠪᠠᠶᠢᠭᠤᠯᠤᠮᠵᠢ ᠳᠤ390 ᠥᠷᠥᠭᠡ 780 ᠣᠷᠣ ᠲᠠᠢ᠃ ᠣᠳᠣᠬᠠᠨ ᠳᠤ 7000 | ᠭᠠᠷᠤᠶ ᠲᠦᠮᠡᠨ ᠲᠥᠭᠦᠷᠢᠭ ᠤᠨ ᠪᠡᠯᠡ ᠣᠷᠤᠭᠤᠯᠤᠭᠠᠳ ᠪᠠᠶᠢᠬᠤ ᠪᠥᠭᠡᠳ ᠨᠢᠭᠡ ᠬᠡᠰᠡᠭ ᠨᠢ ᠠᠰᠢᠭᠯᠠᠯᠲᠠ ᠳᠤ | ᠣᠷᠤᠵᠤ᠂ 48 ᠡᠷᠦᠬᠡ 96 ᠬᠥᠮᠦᠨ ᠠᠮᠢᠳᠤᠷᠠᠵᠤ ᠪᠠᠶᠢᠨ᠎ᠠ᠃ | ᠣᠷᠣᠨ ᠨᠣᠲᠤᠭ ᠤᠨ ᠨᠠᠰᠤᠲᠠᠨ ᠤ ᠠᠰᠠᠷᠠᠮᠵᠢ ᠶᠢᠨ ᠭᠠᠵᠠᠷ᠃ ᠨᠡᠶᠢᠲᠡ ᠪᠡᠯᠡ ᠣᠷᠣᠭᠤᠯᠤᠯᠲᠠ ᠨᠢ 3700 ᠲᠦᠮᠡᠨ | ᠲᠥᠭᠦᠷᠢᠭ᠂ ᠡᠵᠡᠯᠡᠬᠦ ᠲᠠᠯᠠᠪᠠᠢ ᠨᠢ 18000 ᠳᠡᠭᠰᠢ ᠳᠥᠷᠪᠡᠯᠵᠢᠨ ᠮᠧᠲᠷ᠂ ᠶᠡᠷᠦᠩᠬᠡᠶ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠨᠢ 8817 ᠲᠡᠭᠰᠢ ᠳᠥᠷᠪᠡᠯᠵᠢᠨ ᠮᠧᠲᠷ᠂ 300 ᠣᠷᠣ ᠲᠠᠢ ᠪᠠᠶᠢᠵᠤ᠂ 2019 | ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠪᠡ᠃ ᠣᠳᠣᠬᠠᠨ ᠳᠤ᠂ ᠨᠢᠭᠡᠨᠲᠡ 2200 ᠲᠦᠮᠡᠨ ᠲᠥᠭᠦᠷᠢᠭ ᠪᠡᠯᠡ | ᠣᠷᠤᠭᠤᠯᠵᠤ᠂ ᠳᠣᠲᠣᠭᠠᠳᠤ ᠵᠠᠰᠠᠯ ᠴᠢᠮᠡᠭᠯᠡᠯ ᠤᠨ ᠠᠵᠢᠯ ᠶᠠᠪᠤᠭᠳᠠᠵᠤ ᠪᠠᠶᠢᠭ᠎ᠠ ᠪᠥᠭᠡᠳ 2021 ᠣᠨ ᠳᠤ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ | ᠠᠵᠢᠳᠠᠢ ᠡᠷᠡᠭᠦᠯᠵᠡᠯ ᠰᠣᠪᠢᠯᠠᠯᠲᠠ ᠶᠢᠨ ᠲᠥᠪ ᠤᠨ ᠲᠥᠷᠥᠯ ᠵᠦᠢᠯ᠃ ᠨᠡᠶᠢᠲᠡ 2.5 ᠳ᠋ᠦᠩᠰᠢᠭᠤᠷ ᠲᠥᠭᠦᠷᠢᠭ ᠤᠨ | ᠪᠡᠯᠡ ᠣᠷᠤᠭᠤᠯᠤᠯᠲᠠ ᠲᠠᠢ ᠲᠤᠰ ᠲᠦᠷᠦᠯ ᠵᠦᠢᠯ ᠨᠢ 16.9 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ | ᠡᠵᠡᠯᠡᠨ᠂ ᠪᠠᠷᠢᠯᠭ᠎ᠠ ᠶᠢᠨ ᠨᠡᠶᠢᠲᠡ ᠲᠠᠯᠠᠪᠠᠶ ᠨᠢ 7 ᠲᠦᠮᠡᠨ ᠲᠡᠭᠰᠢ ᠳᠥᠷᠪᠡᠯᠵᠢᠨ ᠮᠧᠲᠷ᠂ 1500 ᠣᠷᠣ ᠲᠠᠢ | ᠪᠦᠭᠡᠳ ᠤᠯᠤᠰ ᠤᠨ ᠳᠥᠷᠪᠡᠨ A ᠲᠠᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠣᠰᠣᠭᠠᠷ ᠪᠥᠲᠥᠭᠡᠨ | ᠪᠠᠶᠢᠭᠤᠯᠵᠤ ᠪᠤᠢ᠃ ᠣᠳᠣᠬᠠᠨ ᠳᠤ᠂ ᠨᠢᠭᠡᠨᠲᠡ 7822 ᠲᠦᠮᠡᠨ ᠲᠥᠭᠦᠷᠢᠭ ᠤᠨ ᠪᠡᠯᠡ ᠣᠷᠤᠭᠤᠯᠵᠤ᠂ ᠪᠠᠷᠢᠯᠭ᠎ᠠ | ᠶᠢᠨ 90% ᠶᠢ ᠪᠡᠶᠡᠯᠡᠬᠦᠯᠦᠨ᠂12 ᠰᠠᠷ᠎ᠠ ᠶᠢᠨ ᠰᠡᠭᠦᠯᠴᠢ ᠪᠠᠷ ᠡᠵᠡᠩᠨᠡᠯᠲᠡ ᠡᠬᠢᠯᠡᠭᠦᠯᠬᠦ ᠪᠠᠷ ᠳᠦᠯᠦᠪᠯᠡᠵᠦ ᠪᠤᠢ᠃ | ᠪᠤᠰᠤᠳ ᠲᠠᠯ᠎ᠠ ᠶᠢᠨ ᠠᠵᠢᠯ ᠢ ᠡᠮᠬᠢ ᠴᠡᠭᠴᠡᠲᠡᠢ ᠶᠠᠪᠤᠭᠳᠠᠭᠤᠯᠪᠠ᠄ | ᠬᠦᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠬᠦ ᠵᠢᠴᠢ | ᠬᠠᠤᠯᠢ ᠪᠤᠰᠤ ᠪᠦᠲᠦᠭᠡᠨ ᠪᠠᠶᠢᠭᠤᠯᠤᠯᠲᠠ ᠪᠠ ᠬᠠᠤᠯᠢ ᠳᠥᠷᠢᠮ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠠᠵᠢᠯ ᠢ | ᠲᠤᠰᠬᠠᠢ ᠪᠠᠶᠢᠴᠠᠭᠠᠬᠤ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠶᠠᠷ ᠵᠦᠢᠯ ᠤᠨ ᠴᠡᠭᠴᠡᠯᠡᠨ | ᠵᠠᠰᠠᠬᠤ ᠠᠵᠢᠯ ᠤᠨ ᠠᠴᠢ ᠬᠤᠯᠪᠤᠭᠳᠠᠯ ᠪᠠ ᠲᠤᠯᠭᠠᠮ᠎ᠠ ᠴᠢᠨᠠᠷ ᠢ ᠲᠠᠨᠢᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ | ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠪᠠᠶᠢᠴᠠᠭᠠᠨ ᠴᠡᠭᠴᠡᠯᠡᠬᠦ ᠠᠵᠢᠯ ᠢ ᠬᠤᠭᠤᠴᠠᠭ᠎ᠠ ᠶᠤᠰᠤᠭᠠᠷ ᠴᠢᠨᠠᠷᠯᠢᠭ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ ᠭᠡᠵᠦ | ᠱᠠᠭᠠᠷᠳᠠᠪᠠ᠃ | 1 ᠠᠴᠠ 11 ᠰᠠᠷ᠎ᠠ ᠪᠣᠯᠲᠠᠯ᠎ᠠ᠂ ᠮᠠᠨ ᠤ ᠬᠤᠰᠢᠭᠤᠨ ᠤ ᠬᠡᠪᠴᠢᠶᠠᠵᠢᠯ ᠠᠴᠠ ᠳᠡᠭᠡᠭᠰᠢᠬᠢ 14 ᠠᠵᠤ ᠠᠬᠤᠶᠢᠯᠠᠯ | ᠨᠡᠶᠢᠲᠡ 45.27 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃ | ᠰᠢᠯᠤᠭᠤᠨ ᠬᠥᠬᠡ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠨᠢ ᠬᠢᠵᠢᠭ ᠢ ᠰᠡᠷᠭᠡᠶᠢᠯᠡᠨ | ᠪᠠᠶᠢᠴᠠᠭᠠᠬᠤ ᠠᠵᠢᠯ ᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠬᠤᠷᠢᠭᠯᠠᠬᠤ ᠠᠵᠢᠯ ᠢ ᠪᠠᠶᠢᠩᠭᠤᠵᠢᠭᠤᠯᠤᠨ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠨᠠᠩ ᠰᠠᠶᠢᠨ | ᠪᠠᠲᠤᠯᠠᠪᠠ᠃ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠦᠬᠦ ᠬᠤᠰᠢᠭᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠨᠢᠭᠡᠴᠡ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ᠂ 2020 ᠣᠨ ᠤ ᠤᠯᠤᠰ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠠᠵᠢᠯ᠂ | ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠬᠢᠨᠠᠨ ᠪᠠᠶᠢᠴᠠᠭᠠᠪᠠ᠃ |