ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠢᠭᠡ ᠭᠠᠷᠠᠭ ᠤᠨ ᠠᠵᠢᠯ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2020/12/17
ᠰᠢᠯᠤᠭᠤᠨ ᠬᠥᠬᠡ ᠬᠤᠰᠢᠭᠤᠨ ᠳᠤ ᠣᠳᠣ 8.3 ᠲᠦᠮᠡᠨ ᠬᠥᠮᠦᠨ ᠠᠮᠠ ᠲᠠᠢ᠂ ᠡᠭᠦᠨ ᠳᠤ᠂ 60 ᠨᠠᠰᠤᠨ ᠠᠴᠠ ᠳᠡᠭᠡᠭᠰᠢᠬᠢ ᠨᠠᠰᠤᠲᠠᠨ 1.42 ᠲᠥᠮᠡ ᠪᠠᠶᠢᠵᠤ᠂ ᠪᠦᠬᠦ ᠬᠥᠮᠦᠨ ᠠᠮᠠ ᠶᠢᠨ 17% ᠶᠢ ᠡᠵᠡᠯᠡᠨ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠨ᠎ᠠ᠃ ᠵᠢᠱᠢᠯᠲᠡ ᠪᠠᠷ 2050 ᠣᠨ ᠪᠣᠯᠬᠤ ᠳᠤ᠂ ᠪᠦᠬᠦ ᠬᠤᠰᠢᠭᠤᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠᠷᠤᠭ 4.25 ᠲᠦᠮᠡ ᠳᠤ ᠬᠦᠷᠴᠦ᠂ ᠪᠦᠬᠦ ᠬᠥᠮᠦᠨ ᠠᠮᠠ ᠶᠢᠨ 25% ᠶᠢ ᠡᠵᠡᠯᠡᠵᠦ᠂ ᠬᠥᠮᠦᠨ ᠠᠮᠠ ᠶᠢᠨ ᠨᠠᠰᠤᠵᠢᠬᠤ ᠬᠠᠨᠳᠤᠰᠢ ᠡᠳᠦᠷ ᠢᠷᠡᠬᠦᠶ᠎ᠡ ᠢᠯᠡᠷᠬᠡᠶ ᠪᠣᠯᠬᠤ ᠪᠤᠯᠤᠨ᠎ᠠ᠃ ᠡᠶᠢᠮᠦ ᠠᠴᠠ ᠮᠠᠨ ᠤ ᠬᠤᠰᠢᠭᠤ ᠨᠠᠰᠣᠳᠠᠶᠢᠴᠤᠳ ᠤᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠲᠡᠭᠦᠯᠳᠡᠷᠵᠢᠭᠦᠯᠵᠦ᠂ ᠣᠲᠣ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ 1᠂ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ︾ ᠨᠠᠰᠤᠲᠠᠶᠢᠴᠤᠳ ᠤᠨ ᠦᠢᠯᠡᠴᠢᠯᠡᠭᠡᠨ ᠤ ᠲᠥᠪ 1᠂ ︽ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠭᠰᠠᠨ︾ ᠨᠠᠰᠤᠲᠠᠨ ᠢ ᠠᠰᠠᠷᠠᠬᠤ ᠬᠦᠷᠢᠶᠡᠯᠡᠩ 1᠂ ᠬᠠᠷᠢᠯᠴᠠᠨ ᠬᠠᠪᠰᠤᠷᠤᠯᠴᠠᠬᠤ ᠨᠠᠰᠣᠳᠠᠶᠢᠴᠣᠳ ᠤᠨ ᠬᠦᠷᠢᠶᠡᠯᠡᠩ 12᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠡᠳᠦᠷ ᠳᠤᠳᠤᠮ ᠤᠨ ᠠᠰᠠᠷᠠᠨ ᠬᠠᠷᠠᠭᠠᠯᠵᠠᠬᠤ ᠲᠥᠪ 3᠂ ᠣᠷᠣᠨ ᠪᠦᠰᠡ ᠶᠢᠨ ᠴᠢᠨᠠᠷᠲᠠᠶ ᠨᠠᠰᠤᠲᠠᠶᠢᠴᠤᠳ ᠢ ᠠᠰᠠᠷᠠᠬᠤ ᠬᠦᠷᠢᠶᠡᠯᠡᠩ 1᠂ ᠡᠮ ᠡᠮᠨᠡᠯᠭᠡ ᠡᠷᠡᠭᠦᠯᠵᠢᠯ ᠤᠨ ᠪᠠᠶᠢᠭᠤᠯᠤᠮᠵᠢ 1 ᠶᠢ ᠪᠠᠶᠢᠭᠤᠯᠪᠠ᠃ ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢᠨ ᠲᠠᠯ᠎ᠠ ᠪᠠᠷ᠂ ᠬᠤᠳᠠ ᠪᠠᠯᠭᠠᠰᠤᠨ ᠤ ︽ᠲᠠᠪᠤᠨ ᠪᠠᠲᠤᠯᠠᠭ᠎ᠠ︾᠂ ᠣᠨᠴᠠ ᠬᠦᠴᠢᠷᠳᠡᠯᠲᠡᠶ ᠨᠠᠰᠤᠲᠠᠶᠢᠴᠤᠳ ᠵᠢᠴᠢ ᠬᠦᠳᠡᠭᠡ ᠳᠤᠰᠬᠤᠨ ᠤ ᠭᠤᠣᠨᠢ ᠪᠡᠶ᠎ᠡ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠠᠰᠠᠭᠤᠳᠠᠯ ᠢ  ᠰᠢᠢᠳᠪᠦᠷᠢᠯᠡᠬᠦ ᠶᠢᠨ ᠲᠥᠯᠥᠭᠡ᠂ ᠨᠠᠰᠣᠳᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠨᠢᠭᠡᠳᠣᠯᠳᠠᠢ ᠲᠥᠯᠥᠪᠵᠢᠭᠦᠯᠪᠡ᠃ ᠣᠶᠢᠷ᠎ᠠ ᠶᠢᠨ ᠵᠢᠯ ᠳᠤ᠂ ᠱᠠᠩᠳᠤ ᠪᠠᠯᠭᠠᠰᠤᠨ ᠤ ᠪᠠᠷᠠᠭᠤᠨ ᠡᠮᠦᠨ᠎ᠡ ᠪᠠᠶᠢᠷᠢᠯᠠᠵᠤ ᠪᠠᠶᠢᠭ᠎ᠠ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠪᠣᠯᠤᠨ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ︾ ᠠᠮᠤᠭᠤᠯᠠᠩ ᠨᠠᠰᠣᠳᠠᠶᠢᠴᠤᠳ ᠤᠨ ᠦᠢᠯᠡᠴᠢᠯᠡᠭᠡᠨ ᠤ ᠲᠥᠪ᠂ ︽ᠠᠷᠠᠳ ᠠᠴᠠ ᠪᠠᠶᠢᠭᠤᠯᠵᠤ ᠠᠯᠪᠠᠨ ᠠᠴᠠ ᠲᠤᠰᠠᠯᠠᠭᠰᠠᠨ︾ ᠮᠧᠩ ᠯᠦᠩ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠤ᠂ ᠵᠡᠭᠦᠨ ᠡᠮᠦᠨᠡᠲᠦ ᠬᠡᠰᠡᠭ ᠲᠤ ᠣᠷᠣᠨ ᠪᠦᠰᠡ ᠶᠢᠨ ᠴᠢᠨᠠᠷᠲᠠᠶ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠵᠤ᠂ ᠠᠵᠤ ᠠᠬᠤᠶᠢᠯᠠᠯ ᠢ ᠢᠳᠡᠪᠬᠢᠲᠡᠶ ᠪᠠᠷ ᠤᠷᠢᠨ᠂ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠠᠵᠠᠲᠠᠢ ᠡᠷᠡᠭᠦᠯᠵᠢᠯ ᠰᠣᠪᠢᠯᠠᠯᠲᠠ ᠶᠢᠨ ᠲᠥᠪ ᠢ ᠪᠠᠶᠢᠭᠤᠯᠪᠠ᠃ ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ᠃ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠲᠡᠦᠬᠡ ᠰᠣᠶᠣᠯ᠂ ᠵᠠᠮ ᠬᠠᠷᠢᠯᠴᠠᠭ᠎ᠠ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠨᠠᠰᠣᠳᠠᠶᠢᠴᠤᠳ ᠤᠨ ᠠᠰᠠᠷᠠᠮᠵᠢ ᠵᠡᠷᠭᠡ ᠰᠢᠨ᠎ᠡ ᠬᠡᠯᠪᠡᠷᠢ ᠶᠢᠨ ᠨᠠᠰᠣᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠨᠠᠰᠤᠲᠠᠶᠢᠴᠤᠳ ᠤᠨ ᠰᠡᠯᠡᠭᠦᠴᠡᠯ ᠵᠢᠭᠤᠯᠴᠢᠯᠠᠯ᠂ ᠪᠡᠶ᠎ᠡ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ︽ᠠᠮᠤᠭᠤᠯᠠᠩ︾ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠲᠤ ᠨᠡᠶᠢᠳᠡ 800 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠵᠤ ᠠᠬᠤᠶᠢᠯᠠᠯ ᠠᠴᠠ 300 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠪᠠᠷᠢᠯᠭ᠎ᠠ ᠶᠢᠨ ᠲᠠᠯᠠᠪᠠᠢ ᠨᠢ 3960 ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠪᠠᠷ ᠭᠤᠤᠯ ᠪᠣᠯᠭᠠᠵᠤ᠂ ᠰᠤᠪᠢᠯᠠᠯᠲᠠ ᠶᠢᠨ ᠬᠡᠯᠪᠡᠷᠢ ᠪᠠᠷ ᠭᠤᠣᠯ ᠡᠵᠡᠩᠨᠡᠯᠲᠡ ᠶᠢᠨ ᠴᠢᠭᠯᠡᠯ ᠪᠣᠯᠭᠠᠵᠤ᠂ 74 ᠲᠠᠰᠤᠯᠭ᠎ᠠ 180 ᠣᠷᠣ ᠬᠠᠩᠭᠠᠪᠠ᠃ 2016 ᠣᠨ ᠤ 9 ᠰᠠᠷ᠎ᠠ ᠳᠤ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠲᠡᠭᠦᠨ ᠢ ︽ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ︾ ᠬᠡᠯᠪᠡᠷᠢ ᠪᠠᠷ ᠠᠮᠤᠭᠤᠯᠠᠩ ᠨᠠᠰᠤᠲᠠᠶᠢᠴᠤᠳ ᠤᠨ ᠦᠢᠯᠡᠴᠢᠯᠡᠭᠡᠨ ᠤ ᠲᠥᠪ ᠲᠤ ᠲᠤᠰᠢᠶᠠᠨ ᠡᠵᠡᠩᠨᠡᠭᠦᠯᠵᠦ᠂ 2019 ᠣᠨ ᠳᠤ ᠮᠠᠨ ᠤ ᠬᠤᠰᠢᠭᠤ 147 ᠲᠦᠮᠡᠨ ᠲᠥᠭᠦᠷᠢᠭ ᠤᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠨᠥᠬᠦᠪᠥᠷᠢ ᠮᠥᠩᠭᠦ ᠡᠷᠡᠮᠡᠯᠵᠡᠯᠡᠨ ᠣᠯᠪᠠ᠃ ᠣᠳᠣᠬᠠᠨ ᠳᠤ᠂ ᠲᠤᠰ ᠪᠠᠶᠢᠭᠤᠯᠤᠮᠵᠢ ᠨᠢ ᠨᠢᠭᠡᠨᠲᠡ ᠠᠰᠢᠭᠯᠠᠯᠲᠠ ᠳᠤ ᠣᠷᠣᠵᠤ᠂ ᠬᠠᠪᠢᠷᠭ᠎ᠠ ᠪᠠᠯᠭᠠᠰᠤᠨ ᠤ ᠨᠠᠰᠣᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠪᠣᠯᠤᠨ ᠰᠠᠩ ᠤᠨ ᠳᠠᠯᠠᠢ ᠪᠠᠯᠭᠠᠰᠤᠨ ᠤ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ ᠣᠨᠴᠠ ᠬᠦᠴᠢᠷᠲᠠᠢ 40 ᠨᠠᠰᠤᠲᠠᠨ  ︽ᠠᠮᠤᠭᠤᠯᠠᠩ︾ ᠨᠠᠰᠣᠳᠠᠶᠢᠴᠣᠳ ᠲᠤ ᠦᠢᠯᠡᠴᠢᠯᠡᠬᠦ ᠲᠥᠪ ᠲᠤ ᠨᠡᠭᠦᠵᠦ ᠢᠷᠡᠭᠰᠡᠨ ᠪᠠᠶᠢᠨ᠎ᠠ᠃ᠮᠧᠩ ᠯᠦᠩ ᠨᠠᠰᠤᠲᠠᠨ ᠤ ᠠᠰᠠᠷᠠᠮᠵᠢ ᠶᠢᠨ ᠬᠦᠷᠢᠶᠡᠯᠡᠩ᠃ ᠨᠡᠶᠢᠲᠡ 10158.54 ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠲᠠᠢ ᠲᠤᠰ ᠳᠦᠷᠦᠯ ᠵᠦᠢᠯ ᠨᠢ 2017 ᠣᠨ ᠳᠤ ᠪᠠᠷᠢᠯᠭ᠎ᠠ ᠶᠢᠨ ᠠᠵᠢᠯ ᠡᠬᠢᠯᠡᠭᠰᠡᠨ ᠪᠥᠭᠡᠳ ᠲᠠᠯᠠᠪᠠᠶ ᠨᠢ 2.39 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠷᠭ᠎ᠠ︾ ᠶᠢᠨ ᠳᠠᠭᠠᠤ ᠲᠠᠪᠤᠨ ᠣᠳᠣᠨ ᠳᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠬᠦ ᠪᠣᠯᠤᠨ᠎ᠠ᠃ ᠲᠤᠰ ᠪᠠᠶᠢᠭᠤᠯᠤᠮᠵᠢ ᠳᠤ390 ᠥᠷᠥᠭᠡ 780 ᠣᠷᠣ ᠲᠠᠢ᠃ ᠣᠳᠣᠬᠠᠨ ᠳᠤ 7000 ᠭᠠᠷᠤᠶ ᠲᠦᠮᠡᠨ ᠲᠥᠭᠦᠷᠢᠭ ᠤᠨ ᠪᠡᠯᠡ ᠣᠷᠤᠭᠤᠯᠤᠭᠠᠳ ᠪᠠᠶᠢᠬᠤ ᠪᠥᠭᠡᠳ ᠨᠢᠭᠡ ᠬᠡᠰᠡᠭ ᠨᠢ ᠠᠰᠢᠭᠯᠠᠯᠲᠠ ᠳᠤ ᠣᠷᠤᠵᠤ᠂ 48 ᠡᠷᠦᠬᠡ 96 ᠬᠥᠮᠦᠨ ᠠᠮᠢᠳᠤᠷᠠᠵᠤ ᠪᠠᠶᠢᠨ᠎ᠠ᠃ᠣᠷᠣᠨ ᠨᠣᠲᠤᠭ ᠤᠨ ᠨᠠᠰᠤᠲᠠᠨ ᠤ ᠠᠰᠠᠷᠠᠮᠵᠢ ᠶᠢᠨ ᠭᠠᠵᠠᠷ᠃ ᠨᠡᠶᠢᠲᠡ ᠪᠡᠯᠡ ᠣᠷᠣᠭᠤᠯᠤᠯᠲᠠ ᠨᠢ 3700 ᠲᠦᠮᠡᠨ ᠲᠥᠭᠦᠷᠢᠭ᠂ ᠡᠵᠡᠯᠡᠬᠦ ᠲᠠᠯᠠᠪᠠᠢ ᠨᠢ 18000 ᠳᠡᠭᠰᠢ ᠳᠥᠷᠪᠡᠯᠵᠢᠨ ᠮᠧᠲᠷ᠂ ᠶᠡᠷᠦᠩᠬᠡᠶ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠨᠢ 8817 ᠲᠡᠭᠰᠢ ᠳᠥᠷᠪᠡᠯᠵᠢᠨ ᠮᠧᠲᠷ᠂ 300 ᠣᠷᠣ ᠲᠠᠢ ᠪᠠᠶᠢᠵᠤ᠂ 2019 ᠣᠨ ᠤ 8 ᠰᠠᠷ᠎ᠠ ᠳᠤ ᠪᠠᠷᠢᠯᠭ᠎ᠠ ᠡᠬᠢᠯᠡᠭᠦᠯᠪᠡ᠃ ᠣᠳᠣᠬᠠᠨ ᠳᠤ᠂ ᠨᠢᠭᠡᠨᠲᠡ 2200 ᠲᠦᠮᠡᠨ ᠲᠥᠭᠦᠷᠢᠭ ᠪᠡᠯᠡ ᠣᠷᠤᠭᠤᠯᠵᠤ᠂ ᠳᠣᠲᠣᠭᠠᠳᠤ ᠵᠠᠰᠠᠯ ᠴᠢᠮᠡᠭᠯᠡᠯ ᠤᠨ ᠠᠵᠢᠯ ᠶᠠᠪᠤᠭᠳᠠᠵᠤ ᠪᠠᠶᠢᠭ᠎ᠠ ᠪᠥᠭᠡᠳ 2021 ᠣᠨ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ᠠᠵᠢᠳᠠᠢ ᠡᠷᠡᠭᠦᠯᠵᠡᠯ ᠰᠣᠪᠢᠯᠠᠯᠲᠠ ᠶᠢᠨ ᠲᠥᠪ ᠤᠨ ᠲᠥᠷᠥᠯ ᠵᠦᠢᠯ᠃ ᠨᠡᠶᠢᠲᠡ 2.5 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠲᠠᠢ ᠲᠤᠰ ᠲᠦᠷᠦᠯ ᠵᠦᠢᠯ ᠨᠢ 16.9 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠶᠢ ᠡᠵᠡᠯᠡᠨ᠂ ᠪᠠᠷᠢᠯᠭ᠎ᠠ ᠶᠢᠨ ᠨᠡᠶᠢᠲᠡ ᠲᠠᠯᠠᠪᠠᠶ ᠨᠢ 7 ᠲᠦᠮᠡᠨ ᠲᠡᠭᠰᠢ ᠳᠥᠷᠪᠡᠯᠵᠢᠨ ᠮᠧᠲᠷ᠂ 1500 ᠣᠷᠣ ᠲᠠᠢ ᠪᠦᠭᠡᠳ ᠤᠯᠤᠰ ᠤᠨ ᠳᠥᠷᠪᠡᠨ A ᠲᠠᠰ ᠤᠨ ᠦᠵᠡᠮᠵᠢ ᠶᠢᠨ ᠣᠷᠣᠨ ᠤ ᠪᠠᠷᠢᠮᠵᠢᠶ᠎ᠠ ᠶᠣᠰᠣᠭᠠᠷ ᠪᠥᠲᠥᠭᠡᠨ ᠪᠠᠶᠢᠭᠤᠯᠵᠤ ᠪᠤᠢ᠃ ᠣᠳᠣᠬᠠᠨ ᠳᠤ᠂ ᠨᠢᠭᠡᠨᠲᠡ 7822 ᠲᠦᠮᠡᠨ ᠲᠥᠭᠦᠷᠢᠭ ᠤᠨ ᠪᠡᠯᠡ ᠣᠷᠤᠭᠤᠯᠵᠤ᠂ ᠪᠠᠷᠢᠯᠭ᠎ᠠ  ᠶᠢᠨ 90% ᠶᠢ ᠪᠡᠶᠡᠯᠡᠬᠦᠯᠦᠨ᠂12 ᠰᠠᠷ᠎ᠠ ᠶᠢᠨ ᠰᠡᠭᠦᠯᠴᠢ ᠪᠠᠷ ᠡᠵᠡᠩᠨᠡᠯᠲᠡ ᠡᠬᠢᠯᠡᠭᠦᠯᠬᠦ ᠪᠠᠷ ᠳᠦᠯᠦᠪᠯᠡᠵᠦ ᠪᠤᠢ᠃ᠪᠤᠰᠤᠳ ᠲᠠᠯ᠎ᠠ ᠶᠢᠨ ᠠᠵᠢᠯ ᠢ ᠡᠮᠬᠢ ᠴᠡᠭᠴᠡᠲᠡᠢ ᠶᠠᠪᠤᠭᠳᠠᠭᠤᠯᠪᠠ᠄ᠬᠦᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠬᠦ ᠵᠢᠴᠢ ᠬᠠᠤᠯᠢ ᠪᠤᠰᠤ ᠪᠦᠲᠦᠭᠡᠨ ᠪᠠᠶᠢᠭᠤᠯᠤᠯᠲᠠ ᠪᠠ ᠬᠠᠤᠯᠢ ᠳᠥᠷᠢᠮ ᠠᠴᠠ ᠵᠥᠷᠢᠴᠡᠨ ᠬᠢᠨᠠᠨ ᠵᠥᠪᠰᠢᠶᠡᠷᠡᠭᠰᠡᠨ ᠠᠵᠢᠯ ᠢ ᠲᠤᠰᠬᠠᠢ ᠪᠠᠶᠢᠴᠠᠭᠠᠬᠤ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠶᠠᠷ ᠵᠦᠢᠯ ᠤᠨ ᠴᠡᠭᠴᠡᠯᠡᠨ ᠵᠠᠰᠠᠬᠤ ᠠᠵᠢᠯ ᠤᠨ ᠠᠴᠢ ᠬᠤᠯᠪᠤᠭᠳᠠᠯ ᠪᠠ ᠲᠤᠯᠭᠠᠮ᠎ᠠ ᠴᠢᠨᠠᠷ ᠢ ᠲᠠᠨᠢᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠴᠠᠭᠠᠨ ᠴᠡᠭᠴᠡᠯᠡᠬᠦ ᠠᠵᠢᠯ ᠢ ᠬᠤᠭᠤᠴᠠᠭ᠎ᠠ ᠶᠤᠰᠤᠭᠠᠷ ᠴᠢᠨᠠᠷᠯᠢᠭ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃1 ᠠᠴᠠ 11 ᠰᠠᠷ᠎ᠠ ᠪᠣᠯᠲᠠᠯ᠎ᠠ᠂ ᠮᠠᠨ ᠤ ᠬᠤᠰᠢᠭᠤᠨ ᠤ ᠬᠡᠪᠴᠢᠶᠠᠵᠢᠯ ᠠᠴᠠ ᠳᠡᠭᠡᠭᠰᠢᠬᠢ 14 ᠠᠵᠤ ᠠᠬᠤᠶᠢᠯᠠᠯ ᠨᠡᠶᠢᠲᠡ 45.27 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃ᠰᠢᠯᠤᠭᠤᠨ ᠬᠥᠬᠡ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠨᠢ ᠬᠢᠵᠢᠭ ᠢ ᠰᠡᠷᠭᠡᠶᠢᠯᠡᠨ ᠪᠠᠶᠢᠴᠠᠭᠠᠬᠤ ᠠᠵᠢᠯ ᠢ ᠥᠷᠨᠢᠭᠦᠯᠵᠦ᠂ ᠬᠤᠯᠤᠭᠠᠨ᠎ᠠ ᠶᠢᠨ ᠬᠢᠵᠢᠭ᠂ ᠰᠢᠨ᠎ᠡ ᠳᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠢ ᠪᠠᠶᠢᠩᠭᠤᠵᠢᠭᠤᠯᠤᠨ᠂ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠨᠠᠩ ᠰᠠᠶᠢᠨ ᠪᠠᠲᠤᠯᠠᠪᠠ᠃ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ 2020 ᠣᠨ ᠤ ᠤᠯᠤᠰ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠠᠵᠢᠯ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠬᠢᠨᠠᠨ ᠪᠠᠶᠢᠴᠠᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号