| | | ᠣᠶᠢᠷ᠎ᠠ ᠳᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠶ | ᠵᠠᠷᠢᠮ ᠬᠦᠮᠦᠰ ᠪᠤᠷᠤᠭᠤ ᠣᠶᠢᠯᠠᠭᠠᠵᠤ᠂ ᠵᠠᠷᠢᠮ ᠭᠡᠷ ᠤᠨ ᠠᠬᠠᠮᠠᠳ ᠬᠡᠦᠬᠡᠳ ᠤᠨ ᠢᠷᠡᠭᠡᠳᠦᠢ ᠶᠢᠨ ᠬᠥᠭᠵᠢᠯᠲᠡ ᠳᠤ | ᠰᠠᠨᠠᠭ᠎ᠠ ᠵᠣᠪᠠᠵᠤ ᠪᠠᠶᠢᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠵᠢᠭᠦᠯᠬᠦ ᠳᠤ ᠴᠢᠭᠯᠡᠭᠦᠯᠦᠭᠰᠡᠨ ᠴᠤᠤᠷᠬᠠᠯ ᠪᠠ ᠵᠦᠢ ᠵᠤᠬᠢᠰ ᠦᠭᠡᠢ ᠶᠠᠷᠢᠶ᠎ᠠ ᠬᠡᠯᠡᠯᠴᠡᠭᠡ ᠴᠤ ᠨᠡᠶᠢᠭᠡᠮ ᠳᠤ | ᠢᠯᠡᠷᠡᠵᠤ ᠪᠠᠶᠢᠨ᠎ᠠ᠃ ᠣᠯᠠᠨ ᠲᠦᠮᠡᠨ᠂ ᠬᠡᠷ ᠤᠨ ᠠᠬᠠᠮᠠᠳ ᠪᠠ ᠪᠠᠭᠰᠢ ᠰᠤᠷᠤᠭᠴᠢᠳ ᠤᠨ ᠰᠠᠨᠠᠭᠠᠰᠢᠷᠠᠵᠤ ᠪᠠᠶᠢᠭ᠎ᠠ | ᠡᠳᠡᠭᠡᠷ ᠠᠰᠠᠭᠤᠳᠠᠯ ᠤᠨ ᠲᠤᠬᠠᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ︽ᠰᠣᠨᠢᠨ ᠮᠡᠳᠡᠭᠡᠨ ᠤ | ᠳᠠᠬᠢᠨ ᠠᠵᠢᠭᠯᠠᠯᠲᠠ︾ ᠪᠤᠯᠤᠩ ᠠᠴᠠ ᠲᠤᠰᠬᠠᠶ ᠰᠤᠷᠪᠤᠯᠵᠢᠯᠠᠭ᠎ᠠ ᠬᠢᠪᠡ᠃ | | | | | | | | | ︵ᠨᠢᠭᠡ︶ ᠳᠠᠭᠤᠤ ᠬᠥᠭᠵᠢᠮ ᠤᠨ ᠬᠢᠴᠢᠶᠡᠯ ᠴᠦ ᠬᠢᠲᠠᠳ ᠢᠶᠠᠷ ᠪᠢᠴᠢᠭᠳᠡᠭᠰᠡᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ | ᠤᠤ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠥᠯᠵᠡᠶᠢᠪᠠᠭᠠᠲᠤᠷ᠄ ᠡᠨᠡ ᠪᠣᠯ ᠲᠤᠰ ᠵᠢᠯ ᠤᠨ | ᠨᠠᠮᠤᠷ ᠤᠨ ᠤᠯᠠᠷᠢᠯ ᠠᠴᠠ ᠡᠬᠢᠯᠡᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠬᠡᠷᠡᠭᠯᠡᠬᠦ ᠭᠡᠵᠦ ᠪᠠᠶᠢᠭ᠎ᠠ ︽ | ᠳᠠᠭᠤᠤ ᠬᠥᠭᠵᠢᠮ︾ ᠤᠨ ᠬᠢᠴᠢᠶᠡᠯ ᠤᠨ ᠵᠢᠭᠠᠬᠤ ᠮᠠᠲ᠋ᠧᠷᠢᠶᠠᠯ᠂ ᠳᠣᠲᠣᠷ᠎ᠠ ᠨᠢ ᠪᠠᠰᠠ ᠨᠢᠭᠡ ᠭᠡᠷᠡᠯᠯᠢᠭ ᠳ᠋ᠢᠰᠺ ᠲᠠᠢ᠂ | ᠠᠭᠤᠯᠭ᠎ᠠ ᠨᠢ ᠪᠦᠷ ᠬᠤᠪᠢᠷᠠᠭᠰᠠᠨ ᠦᠭᠡᠢ᠃ ᠡᠨᠡ ᠪᠣᠯ ︽ᠤᠯᠤᠰ ᠤᠨ ᠳᠠᠭᠤᠤ︾ ᠶᠢᠨ ᠠᠭᠤᠯᠭ᠎ᠠ᠂ ᠪᠦᠷ | ᠮᠣᠩᠭᠤᠯ ᠬᠡᠯᠡ ᠪᠠᠷ ᠪᠢᠴᠢᠭᠳᠡᠵᠦ ᠪᠠᠶᠢᠨ᠎ᠠ᠃ ᠡᠨᠡ ᠪᠣᠯ ᠳᠠᠷᠤᠢ ᠮᠠᠨ ᠤ ᠪᠠᠭ᠎ᠠ ᠰᠤᠷᠭᠠᠭᠤᠯᠢ ᠵᠢᠨᠨᠢᠭᠡᠳᠦᠭᠡᠷ ᠣᠨ ᠤ | ᠰᠤᠷᠤᠯᠭ᠎ᠠ ᠶᠢᠨ ᠲᠡᠭᠡᠳᠦ ᠬᠤᠭᠤᠴᠠᠭᠠᠨ ᠳᠤ ᠬᠡᠷᠡᠭᠯᠡᠭᠳᠡᠬᠦ ︽ᠳᠠᠭᠤᠤ ᠬᠥᠭᠵᠢᠮ︾ ᠤᠨ ᠬᠢᠴᠢᠶᠡᠯ ᠤᠨ ᠵᠢᠭᠠᠬᠤ | ᠮᠠᠲ᠋ᠧᠷᠢᠶᠠᠯ ᠪᠣᠯᠤᠨ᠎ᠠ᠃ ᠡᠯ᠎ᠡ ᠰᠤᠷᠭᠠᠭᠤᠯᠢ ᠳᠤ ᠨᠢᠭᠡᠨᠲᠡ ᠲᠠᠷᠬᠠᠭᠠᠵᠤ᠂ ᠰᠤᠷᠤᠭᠴᠢᠳ ᠡᠬᠢᠯᠡᠨ ᠬᠡᠷᠡᠭᠯᠡᠵᠦ ᠪᠠᠶᠢᠨ᠎ᠠ | ᠃ | ︵ᠬᠤᠶᠠᠷ︶ ᠭᠤᠷᠪᠠᠨ ᠵᠢᠯ ᠤᠨ ᠳᠠᠷᠠᠭ᠎ᠠ ᠪᠤᠰᠤᠳ ᠵᠢᠭᠠᠬᠤ ᠮᠠᠲ᠋ᠧᠷᠢᠶᠠᠯ ᠢ ᠴᠤ ᠬᠤᠪᠢᠷᠠᠭᠤᠯᠤᠨ᠎ᠠ ᠤᠤ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠥᠯᠵᠡᠶᠢᠪᠠᠭᠠᠲᠤᠷ᠄ ᠤᠯᠤᠰ ᠠᠴᠠ | ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠭᠤᠷᠪᠠᠨ ᠬᠢᠴᠢᠶᠡᠯ ᠲᠥᠷᠥᠯ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ ᠭᠠᠳᠠᠨ᠎ᠠ᠂ ᠪᠤᠰᠤᠳ ᠬᠢᠴᠢᠶᠡᠯ ᠲᠦᠷᠦᠯ ᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠨ᠎ᠡ ᠭᠡᠰᠡᠨ ᠪᠠᠶᠢᠷᠢᠯᠠᠭᠤᠯᠤᠯᠲᠠ | ᠬᠢᠭᠰᠡᠨ ᠦᠭᠡᠢ᠂ ᠪᠤᠰᠤᠳ ᠬᠢᠴᠢᠶᠡᠯ ᠲᠦᠷᠦᠯ ᠪᠠ ᠪᠤᠰᠤᠳ ᠣᠨ ᠤ ᠬᠢᠴᠢᠶᠡᠯ ᠤᠨ ᠪᠠᠶᠢᠷᠢᠯᠠᠭᠤᠯᠤᠯᠲᠠ ᠶᠢ | ᠬᠤᠪᠢᠷᠠᠭᠤᠯᠬᠤ ᠦᠭᠡᠢ᠂ ᠬᠡᠷᠡᠭᠯᠡᠬᠦ ᠵᠢᠭᠠᠬᠤ ᠮᠠᠲ᠋ᠧᠷᠢᠶᠠᠯ ᠢ ᠬᠤᠪᠢᠷᠠᠭᠤᠯᠬᠤ ᠦᠭᠡᠢ᠂ ᠬᠢᠴᠢᠶᠡᠯᠯᠡᠬᠦ ᠦᠭᠡ ᠬᠡᠯᠡ | ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ ᠪᠢᠴᠢᠭ᠂ ᠰᠣᠯᠣᠩᠭᠤᠰ ᠬᠡᠯᠡ ᠪᠢᠴᠢᠭ ᠤᠨ | ᠬᠢᠴᠢᠶᠡᠯ ᠤᠨ ᠴᠠᠭ ᠢ ᠬᠤᠪᠢᠷᠠᠭᠤᠯᠬᠤ ᠦᠭᠡᠢ᠂ ᠤᠳᠤ ᠪᠠᠶᠢᠭ᠎ᠠ ᠬᠤᠣᠰ ᠬᠡᠯᠡᠨ ᠤ ᠰᠤᠷᠭᠠᠨ ᠬᠥᠮᠦᠵᠢᠯ ᠤᠨ | ᠲᠤᠭᠳᠠᠯᠴᠠᠭ᠎ᠠ ᠶᠢ ᠬᠤᠪᠢᠷᠠᠭᠤᠯᠬᠤ ᠦᠭᠡᠢ ᠭᠡᠵᠡᠢ᠃ | ︵ᠭᠤᠷᠪᠠ︶ ᠮᠣᠩᠭᠤᠯ ᠦᠨᠳᠦᠰᠦᠲᠡᠨ ᠤ ᠪᠠᠭᠰᠢ ᠬᠡᠷᠪᠡ ᠵᠢᠭᠠᠵᠤ ᠲᠡᠶᠢᠯᠬᠦ ᠦᠭᠡᠢ ᠪᠣᠯ ᠠᠵᠢᠯ ᠤᠨ ᠪᠠᠶᠢᠷᠢ ᠶᠢ ᠨᠢ | ᠰᠣᠯᠢᠨ᠎ᠠ ᠤᠤ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠼᠤᠤ ᠢ ᠮᠢᠩ᠄ ᠪᠠᠭᠰᠢ ᠶᠢᠨ ᠠᠵᠢᠯ ᠪᠣᠯ ᠨᠢᠭᠡ | ᠵᠦᠢᠯ ᠤᠨ ᠣᠷᠳᠣ ᠬᠤᠭᠤᠴᠠᠭ᠎ᠠ ᠪᠠᠷ ᠦᠷᠭᠦᠯᠵᠢᠯᠡᠨ ᠰᠤᠷᠤᠯᠴᠠᠵᠤ ᠪᠠᠶᠢᠭ᠎ᠠ ᠶᠠᠪᠤᠳᠠᠯ ᠪᠣᠯᠤᠨ᠎ᠠ᠃ ᠥᠪᠡᠷ ᠢ ᠪᠠᠨ | ᠳᠡᠭᠡᠭᠰᠢᠯᠡᠭᠦᠯᠵᠦ᠂ ᠥᠪᠡᠷ ᠢ ᠪᠠᠨ ᠲᠡᠭᠦᠯᠳᠡᠷᠵᠢᠭᠦᠯᠦᠮᠡᠨᠵᠢᠨ ᠰᠠᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ ᠢ ᠡᠭᠦᠷᠭᠡᠯᠡᠵᠦ ᠴᠢᠳᠠᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠦᠶ᠎ᠡ ᠳᠤ᠂ ᠨᠢᠭᠡ ᠪᠦᠯᠦᠭ ᠪᠠᠭᠰᠢ ᠵᠢᠭᠠᠬᠤ ᠦᠭᠡ ᠬᠡᠯᠡ ᠨᠢ ᠰᠣᠯᠢᠭᠳᠠᠭᠰᠠᠨ ᠠᠴᠠ ᠪᠤᠯᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠠᠵᠢᠯ ᠢᠶᠠᠨ ᠲᠦᠷ ᠴᠠᠭ ᠬᠢᠵᠦ ᠳᠡᠶᠢᠯᠬᠦ ᠦᠭᠡᠢ ᠪᠣᠯᠬᠤ ᠪᠤᠶᠤ ᠴᠢᠨᠠᠭᠰᠢᠯᠠᠪᠠᠯ | ᠪᠣᠯᠪᠠᠰᠤᠷᠠᠭᠤᠯᠤᠯ ᠳᠤ ᠣᠷᠤᠯᠴᠠᠭᠰᠠᠨ ᠤ ᠳᠠᠷᠠᠭ᠎ᠠ ᠴᠦ ᠵᠢᠭᠠᠨ ᠰᠤᠷᠭᠠᠯᠲᠠ ᠶᠢᠨ ᠠᠵᠢᠯ ᠢᠶᠠᠨ ᠬᠢᠵᠦ ᠳᠡᠶᠢᠯᠬᠦ ᠦᠭᠡᠢ | ᠪᠠᠶᠢᠳᠠᠯ ᠭᠠᠷᠴᠤ ᠮᠡᠳᠡᠨ᠎ᠡ᠃ ᠪᠢᠳᠡ ᠡᠨᠡ ᠪᠦᠯᠦᠭ ᠪᠠᠭᠰᠢ ᠶᠢᠨ ᠥᠪᠡᠷ ᠤᠨ ᠬᠢᠨᠢ ᠭᠦᠰᠡᠯ ᠰᠣᠩᠭᠤᠯᠳᠠ ᠶᠢ | ᠬᠦᠨᠳᠦᠳᠬᠡᠵᠦ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠵᠠᠷᠴᠢᠮ ᠢᠶᠠᠷ ᠵᠢᠭᠠᠨ | ᠰᠤᠷᠭᠠᠯᠲᠠ ᠶᠢᠨ ᠬᠠᠪᠰᠤᠷᠤᠨ ᠵᠢᠯᠣᠭᠤᠳᠤᠭᠴᠢ ᠪᠣᠯᠬᠤ ᠪᠤᠶᠤ ᠬᠤᠰᠢᠭᠤ ᠰᠢᠶᠠᠨ ᠤ ᠳᠣᠲᠤᠷ᠎ᠠ ᠪᠠᠨ ᠲᠤᠰ | ᠰᠤᠷᠭᠠᠭᠤᠯᠢ ᠪᠤᠶᠤ ᠥᠭᠡᠷ᠎ᠡ ᠰᠤᠷᠭᠠᠭᠤᠯᠢ ᠳᠤ ᠣᠴᠢᠵᠤ ᠪᠡᠶ᠎ᠡ ᠳᠤ ᠪᠠᠨ ᠲᠣᠬᠢᠷᠠᠭᠰᠠᠨ ᠠᠵᠢᠯ ᠡᠭᠦᠷᠭᠡᠯᠡᠬᠦ ᠶᠢ ᠨᠢ | ᠲᠡᠮᠵᠢᠨ᠎ᠡ᠃ | ︵ᠳᠥᠷᠪᠡ︶ ᠪᠠᠭ᠎ᠠ ᠰᠤᠷᠭᠠᠭᠤᠯᠢ ᠪᠣᠯᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠢ | ᠵᠣᠯᠭᠠᠭᠤᠯᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠼᠤᠤ ᠢ ᠮᠢᠩ᠄ ᠣᠳᠣᠬᠠᠨ ᠳᠤ ᠥᠪᠡᠷᠲᠡᠭᠡᠨ ᠵᠠᠰᠠᠬᠤ | ᠣᠷᠣᠨ ᠤ ᠵᠢᠭᠠᠬᠤ ᠶᠢ ᠰᠤᠳᠤᠯᠬᠤ ᠳᠠᠰᠤᠭ ᠠᠴᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ᠵᠢᠭᠠᠨ ᠰᠤᠷᠭᠠᠯᠲᠠ ᠶᠢᠨ ᠵᠢᠯᠣᠭᠤᠳᠬᠤ ᠰᠠᠨᠠᠯ ᠢ ᠳᠣᠭᠲᠠᠭᠠᠵᠤ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠤᠯᠤᠰ ᠤᠨᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠤᠨ ᠳᠡᠭᠡᠳᠦ ᠳᠡᠪᠲᠡᠷ ᠤᠨ ᠭᠤᠤᠯ ᠠᠭᠤᠯᠭ᠎ᠠ᠂ ᠣᠩᠰᠢᠯᠭ᠎ᠠ ᠪᠠ ᠵᠣᠬᠢᠶᠠᠨ ᠪᠢᠴᠢᠯᠭᠡ ᠶᠢᠨ ᠪᠣᠳᠠᠲᠤ | ᠪᠠᠶᠢᠳᠠᠯ ᠢ ᠦᠨᠳᠦᠰᠦᠯᠡᠨ᠂ ᠬᠦᠴᠢᠷ ᠤᠨ ᠬᠡᠮᠵᠢᠶ᠎ᠡ ᠪᠠ ᠬᠢᠴᠢᠶᠡᠯ ᠤᠨ ᠬᠡᠯᠪᠡᠷᠢ ᠶᠢ ᠵᠣᠬᠢᠰᠲᠠᠶ ᠲᠣᠬᠢᠷᠠᠭᠤᠯᠵᠤ᠂ | ᠵᠢᠭᠠᠨ ᠰᠤᠷᠭᠠᠯᠲᠠ ᠶᠢᠨ ᠬᠦᠴᠢᠷᠳᠡᠯ ᠢ ᠪᠠᠭᠤᠷᠠᠭᠤᠯᠤᠭᠰᠠᠨ ᠨᠢ ᠳᠠᠷᠤᠢ ᠨᠡᠩ ᠰᠠᠶᠢᠲᠤᠷ ᠵᠣᠯᠭᠠᠭᠤᠯᠵᠤ᠂ ︽ | ᠲᠠᠰᠤᠯᠳᠠᠯ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ ᠶᠤᠮ᠃ ᠡᠭᠦᠨ ᠤ ᠬᠠᠮᠲᠤ ᠥᠪᠡᠷᠲᠡᠭᠡᠨ | ᠵᠠᠰᠠᠬᠤ ᠣᠷᠣᠨ ᠠᠴᠠ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠰᠤᠷᠤᠭᠴᠢᠳ ᠤᠨ | ᠦᠰᠦᠭ ᠲᠠᠨᠢᠬᠤ ᠬᠡᠮᠵᠢᠶ᠎ᠡ ᠪᠣᠯᠤᠨ ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠶᠢ ᠵᠣᠯᠭᠠᠭᠤᠯᠬᠤ ᠠᠰᠠᠭᠤᠳᠠᠯ ᠢ | ᠲᠤᠰᠬᠠᠶᠢᠯᠠᠨ ᠰᠤᠳᠤᠯᠪᠠ᠃ ︽ᠮᠣᠩᠭᠤᠯ ᠬᠢᠲᠠᠳ ᠬᠠᠷᠢᠴᠠᠭᠤᠯᠤᠭᠰᠠᠨ ᠬᠦᠨᠳᠦ ᠦᠭᠡᠰ ᠤᠨ ᠭᠠᠷ ᠠᠪᠤᠯᠭ᠎ᠠ︾ ᠶᠢ | ᠶᠠᠭ ᠰᠠᠶᠢᠬᠠᠨ ᠨᠠᠶᠢᠷᠠᠭᠤᠯᠵᠤ᠂ ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠤᠨ | ᠰᠤᠷᠤᠯᠴᠠᠬᠤ ᠶᠠᠪᠤᠴᠠ ᠳᠤ ᠲᠠᠶᠢᠯᠪᠤᠷᠢᠯᠠᠬᠤ ᠪᠠᠭᠠᠵᠢ ᠶᠢ ᠬᠠᠩᠭᠠᠨ᠂ ᠬᠡᠰᠡᠭ ᠰᠤᠷᠤᠭᠴᠢᠳ ᠤᠨ ᠦᠰᠦᠭ ᠲᠠᠨᠢᠬᠤ | ᠳᠠᠷᠤᠯᠲᠠ ᠶᠢ ᠬᠥᠩᠭᠡᠷᠡᠭᠦᠯᠦᠨ᠎ᠡ᠃ | ︵ᠲᠠᠪᠤ︶ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠰᠢᠯᠭᠠᠬᠤ ᠪᠠ ᠰᠤᠷᠭᠠᠭᠤᠯᠢ ᠳᠡᠪᠰᠢᠬᠦ ᠳᠤ ︽ | ᠬᠤᠨᠵᠢᠭᠳᠠᠨᠠ︾ ᠦᠦ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠥᠯᠵᠡᠶᠢᠪᠠᠭᠠᠲᠤᠷ᠄ ᠤᠳᠤᠬᠠᠨ ᠳᠤ ᠤᠯᠤᠰ ᠠᠴᠠ | ᠶᠠᠭ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ | ᠦᠭᠡᠷᠡᠴᠢᠯᠡᠯᠲᠡ ᠬᠢᠵᠦ ᠪᠠᠶᠢᠨ᠎ᠠ᠂ ᠲᠠᠬᠢᠭᠠᠳ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ | ᠤᠬᠠᠭᠠᠨ ᠭᠡᠵᠦ ᠬᠤᠪᠢᠶᠠᠬᠤ ᠦᠭᠡᠢ᠂ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ | ᠨᠢᠭᠡᠳᠦᠯᠳᠡᠢ ᠰᠢᠯᠭᠠᠯᠲᠠ ᠳᠤ ᠶᠡᠷᠦ ᠳᠡᠭᠡᠨ ︽3+3︾ ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠬᠡᠯᠡ | ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ | ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ ᠪᠤᠰᠤᠳ 3 ᠲᠦᠷᠦᠯ ᠤᠨ ᠬᠢᠴᠢᠶᠡᠯ ᠢ | ᠰᠤᠷᠤᠭᠴᠢᠳ ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ | ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂ | ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ | ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ | ᠪᠦᠲᠦᠮᠵᠢ ᠳᠤᠨᠢ ᠪᠤᠳᠤᠵᠦ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ ᠤᠯᠤᠰ ᠲᠦᠷᠦ᠂ ᠲᠡᠤᠬᠡ ᠶᠢ ᠪᠤᠯ ︽ | ᠶᠠᠭᠤ ᠶᠢ ᠰᠤᠷᠤᠭᠰᠠᠨ ᠪᠤᠯ ᠶᠠᠭᠤ ᠶᠢ ᠰᠢᠯᠭᠠᠬᠤ︾ ᠵᠠᠷᠴᠢᠮ ᠶᠤᠰᠤᠭᠠᠷ᠂ ᠬᠢᠲᠠᠳ ᠢᠶᠠᠷ ᠬᠢᠴᠢᠶᠡᠯᠯᠡᠭᠰᠡᠨ | ᠰᠤᠷᠤᠭᠴᠢᠳ ᠤᠨ ᠨᠢᠭᠡᠲᠦᠯᠲᠠᠢ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠯᠪᠤᠭᠳᠠᠯ ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ ᠦᠨᠳᠦᠰᠦᠲᠡᠨ ᠤ ᠰᠤᠷᠭᠠᠭᠤᠯᠢ ᠶᠢᠨ | ᠰᠢᠯᠭᠠᠭᠤᠯᠤᠭᠰᠠᠳ ᠰᠣᠷᠭᠠᠭᠤᠯᠢ ᠳᠠᠪᠰᠢᠬᠤ ᠰᠢᠯᠭᠠᠯᠳᠠ ᠳᠤ ᠣᠷᠣᠯᠴᠠᠪᠠᠯ ᠮᠦᠨ ᠬᠦ ᠠᠰ ᠲᠤᠨᠢ ᠬᠤᠪᠢ ᠶᠢᠨ | ᠱᠤᠭᠤᠮ ᠲᠤᠭᠲᠠᠭᠠᠵᠦ᠂ ᠠᠰ ᠢᠶᠠᠷ ᠨᠢ ᠡᠯᠰᠡᠨ᠎ᠡ᠂ ᠴᠦᠬᠡᠨ ᠲᠤᠭᠠᠲᠦ ᠦᠨᠳᠦᠰᠦᠲᠡᠨ ᠤ ᠪᠤᠰᠤ ᠦᠭᠡ ᠬᠡᠯᠡ ᠪᠠᠷ | ᠬᠢᠴᠢᠶᠡᠯᠯᠡᠭᠰᠡᠨ ᠰᠤᠷᠤᠭᠴᠢᠳ ᠲᠠᠢ ᠦᠷᠢᠰᠦᠯᠳᠦᠭᠦᠯᠬᠦ ᠦᠭᠡᠢ᠂ ᠰᠤᠷᠤᠭᠴᠢ ᠡᠯᠰᠡᠬᠦ ᠬᠠᠷᠢᠴᠠᠯ ᠤᠨ ᠲᠤᠭᠲᠠᠭᠤᠨ ᠢ | ᠪᠠᠲᠤᠯᠠᠵᠣ᠂ ᠰᠢᠯᠭᠠᠭᠤᠯᠤᠭᠰᠠᠳ ᠤᠨ ᠶᠡᠭᠡ ᠲᠡᠭᠡᠳᠦ ᠰᠤᠷᠭᠠᠭᠤᠯᠢ ᠳᠤ ᠲᠠᠪᠰᠢᠬᠤ ᠬᠠᠷᠢᠴᠠᠯ ᠢ ᠨᠦᠯᠦᠭᠡᠯᠡᠬᠦ ᠦᠭᠡᠢ | ᠮᠦᠷᠳᠡᠭᠡᠨ ᠤᠯᠤᠰ ᠤᠨ ᠲᠦᠷᠦ ᠶᠢᠨ ᠪᠣᠳᠣᠯᠭ᠎ᠠ ᠶᠢᠨ ᠲᠡᠮᠵᠢᠯᠭᠡ ᠪᠠᠷ ᠲᠠᠮᠵᠢᠭᠤᠯᠵᠦ᠂ ᠰᠤᠷᠤᠭᠴᠢ ᠡᠯᠰᠡᠬᠦ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠤᠷᠤᠭᠴᠢᠳ ᠤᠨ | ᠰᠤᠷᠭᠠᠭᠤᠯᠢ ᠳᠤ ᠲᠠᠪᠰᠢᠨ ᠠᠵᠢᠯ ᠤᠯᠬᠤ ᠰᠤᠩᠭᠤᠯᠲᠠ ᠶᠢᠨ ᠤᠷᠤᠨ ᠵᠠᠢ ᠶᠢ ᠨᠡᠩ ᠦᠷᠭᠡᠳᠭᠡᠬᠦ ᠪᠣᠯᠣᠨ᠎ᠡ᠃ | ︵ᠵᠢᠷᠭᠤᠭ᠎ᠠ︶ ᠬᠢᠴᠢᠶᠡᠯ ᠤᠨ ᠳᠠᠷᠠᠭ᠎ᠠ ᠬᠠᠪᠰᠤᠷᠤᠨ ᠵᠢᠯᠣᠭᠤᠳᠬᠤ ᠨᠢ ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ | ᠳᠠᠷᠤᠭᠠᠰᠤ ᠶᠢ ᠬᠦᠨᠳᠦᠷᠡᠭᠦᠯᠬᠦ ᠦᠭᠡᠢ ᠦᠦ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠠᠭᠤᠷᠢ ᠰᠤᠷᠭᠠᠨ ᠬᠥᠮᠦᠵᠢᠯ ᠤᠨ ᠭᠠᠵᠠᠷ ᠤᠨ ᠳᠠᠷᠤᠭ᠎ᠠ ᠼᠤᠤ ᠢ ᠮᠢᠩ᠄ ᠡᠨᠡ ᠬᠦ ᠰᠢᠯᠵᠢᠯᠲᠡ ᠶᠢᠨ | ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ︽ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠬᠢᠴᠢᠶᠡᠯᠯᠡᠵᠦ᠂ ᠣᠷᠣᠨ ᠨᠤᠲᠤᠭ ᠤᠨ ᠬᠢᠨ ᠤ ᠠᠰᠢᠭᠲᠠᠶ ᠲᠤᠷᠰᠢᠯᠭ᠎ᠠ ᠶᠢ ᠢᠳᠡᠪᠬᠢᠲᠡᠶ ᠰᠦᠪᠡᠭᠴᠢᠯᠡᠵᠦ᠂ | ᠰᠢᠯᠵᠢᠯᠲᠡ ᠶᠢᠨ ᠬᠤᠭᠤᠴᠠᠭᠠᠨ ᠳᠤ ᠬᠢ ᠬᠠᠪᠰᠤᠷᠤᠨ ᠵᠢᠯᠣᠭᠤᠳᠣᠭᠴᠢ ᠶᠢᠨ ᠳᠦᠷᠢᠮ ᠢ ᠪᠠᠶᠢᠭᠤᠯᠵᠤ᠂ ᠤᠯᠤᠰ ᠤᠨ | ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠵᠦ ᠪᠠᠶᠢᠭ᠎ᠠ ᠰᠤᠷᠤᠭᠴᠢᠳ ᠲᠤ | ᠬᠢᠴᠢᠶᠡᠯ ᠤᠨ ᠭᠠᠳᠠᠨᠠᠬᠢ ᠬᠠᠪᠰᠤᠷᠤᠨ ᠵᠢᠯᠣᠭᠤᠳᠤᠯᠭ᠎ᠠ ᠶᠢ ᠬᠠᠩᠭᠠᠵᠤ᠂ ᠬᠢᠴᠢᠶᠡᠯ ᠤᠨ ᠭᠠᠳᠠᠨᠠᠬᠢ ᠤᠩᠰᠢᠯᠭ᠎ᠠ᠂ | ᠳᠠᠰᠬᠠᠯ ᠢ ᠬᠠᠪᠰᠤᠷᠤᠨ ᠵᠢᠯᠣᠭᠤᠳᠬᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠵᠡᠷᠭᠡ ᠬᠡᠯᠪᠡᠷᠢ ᠶᠢᠨ | ᠬᠢᠴᠢᠶᠡᠯ ᠤᠨ ᠳᠠᠷᠠᠭᠠᠬᠢ ᠦᠢᠯᠡᠴᠢᠯᠡᠭᠡ ᠨᠢ ᠤᠯᠤᠰ ᠤᠨ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠬᠦ | ᠲᠥᠷᠥ ᠶᠢᠨ ᠪᠣᠳᠣᠯᠭ᠎ᠠ ᠲᠠᠢ ᠵᠥᠷᠢᠴᠡᠯᠳᠦᠬᠦ ᠥᠬᠡᠶ ᠶᠤᠮ᠃ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠳᠤ | ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠠᠩᠭᠠᠬᠤ ᠪᠣᠯ ᠰᠤᠷᠤᠯᠴᠠᠬᠤ ᠣᠷᠣᠨ ᠵᠠᠶ ᠶᠢ ᠥᠷᠭᠡᠳᠬᠡᠬᠦ᠂ ᠬᠡᠪ | ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠳᠦᠷᠢᠮᠵᠢᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 5 | ᠰᠠᠯᠠᠭ᠎ᠠ ᠮᠥᠴᠢᠷ ᠠᠴᠠ ᠡᠨᠡ ᠵᠢᠯ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠳᠦᠷᠢᠮᠵᠢᠭᠦᠯᠬᠦ ᠲᠤᠬᠠᠶ | ᠮᠡᠳᠡᠭᠳᠡᠯ︾ ᠢ ᠨᠡᠶᠢᠲᠡᠯᠡᠵᠦ᠂ ᠦᠢᠯᠡᠴᠢᠯᠡᠭᠡᠨ ᠤ ᠠᠭᠤᠯᠭ᠎ᠠ ᠪᠠ ᠬᠡᠯᠪᠡᠷᠢ ᠶᠢ ᠴᠦ ᠳᠦᠷᠢᠮᠵᠢᠭᠦᠯᠪᠡ᠃ ᠪᠠᠭ᠎ᠠ | ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠪᠦᠯᠬᠦᠮ ᠨᠡᠶᠢᠲᠡ ᠶᠢᠨ ᠠᠵᠢᠯᠯᠠᠭ᠎ᠠ᠂ ᠬᠢᠴᠢᠶᠡᠯ ᠤᠨ | ᠭᠠᠳᠠᠨᠠᠬᠢ ᠤᠩᠰᠢᠯᠭ᠎ᠠ᠂ ᠦᠢᠯᠡᠳᠦᠯᠭᠡ ᠶᠢᠨ ᠠᠵᠢᠯᠯᠠᠭ᠎ᠠ᠂ ᠭᠠᠷ ᠤᠷᠠᠯᠠᠯ ᠢᠶᠠᠷ ᠭᠤᠤᠯ ᠪᠣᠯᠭᠠᠨ᠎ᠠ︔ ᠭᠤᠷᠪᠠᠳᠤᠭᠠᠷ | ᠣᠨ ᠠᠴᠠ ᠵᠢᠷᠭᠤᠳᠤᠭᠠᠷ ᠣᠨ ᠬᠦᠷᠲᠡᠯ᠎ᠡ ᠬᠢᠴᠢᠶᠡᠯ ᠤᠨ ᠭᠠᠳᠠᠨᠠᠬᠢ ᠤᠩᠰᠢᠯᠭ᠎ᠠ᠂ ᠳᠠᠰᠬᠠᠯ ᠢ ᠬᠠᠪᠰᠤᠷᠤᠨ | ᠵᠢᠯᠣᠭᠤᠳᠬᠤ᠂ ᠳᠤᠷ᠎ᠠ ᠰᠣᠨᠢᠷᠬᠠᠯ ᠤᠨ ᠳᠤᠭᠤᠶᠢᠯᠠᠩ᠂ ᠪᠦᠯᠬᠦᠮ ᠤᠨ ᠠᠵᠢᠯᠯᠠᠭ᠎ᠠ᠂ ᠶᠡᠷᠦᠩᠬᠡᠶᠢᠯᠡᠭᠰᠡᠨ | ᠦᠢᠯᠡᠳᠦᠯᠭᠡ ᠪᠠᠷ ᠭᠤᠣᠯ ᠪᠣᠯᠭᠠᠨ᠎ᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠨᠢ ᠳᠠᠰᠬᠠᠯ ᠢ ᠬᠠᠪᠰᠤᠷᠤᠨ | ᠵᠢᠯᠣᠭᠤᠳᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠬᠢᠴᠢᠶᠡᠯ ᠤᠨ ᠭᠠᠳᠠᠨᠠᠬᠢ ᠤᠩᠰᠢᠯᠭ᠎ᠠ᠂ ᠪᠦᠯᠬᠦᠮ ᠤᠨ | ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠣᠯ ᠪᠣᠯᠭᠠᠨ᠎ᠠ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ᠬᠠᠪᠰᠤᠷᠤᠨ ᠵᠢᠯᠣᠭᠤᠳᠤᠭᠴᠢ ᠠᠴᠠ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠦᠷᠨᠢᠭᠦᠯᠬᠦ ᠨᠢ ᠰᠤᠷᠤᠭᠴᠢᠳ ᠤᠨ ᠬᠡᠷᠡᠭᠴᠡᠭᠡ ᠪᠠ ᠭᠡᠷ ᠤᠨ ᠠᠬᠠᠮᠠᠳ ᠤᠨ ᠬᠦᠰᠡᠯ ᠢ ᠦᠨᠳᠦᠰᠦᠯᠡᠨ ᠵᠣᠬᠢᠶᠠᠨ | ᠪᠠᠶᠢᠭᠤᠯᠵᠤ᠂ ᠬᠡᠪ ᠤᠨ ᠵᠢᠭᠠᠨ ᠰᠤᠷᠭᠠᠯᠳᠠ ᠶᠢᠨ ᠨᠦᠬᠦᠪᠦᠷᠢᠯᠡᠯ ᠪᠠ ᠬᠠᠪᠰᠤᠷᠤᠨ ᠵᠢᠯᠤᠭᠤᠳᠤᠯᠭ᠎ᠠ ᠪᠤᠯᠠᠬᠤ ᠲᠤᠯᠠ | ᠰᠤᠷᠤᠭᠴᠢᠳ ᠲᠤ ᠢᠯᠡᠭᠦᠴᠡ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠨᠡᠮᠡᠭᠳᠡᠭᠦᠯᠬᠦ ᠦᠢᠯᠡ ᠠᠵᠢᠯᠯᠠᠭ᠎ᠠ ᠳᠤ | ᠬᠠᠷᠢᠶᠠᠯᠠᠭᠳᠠᠬᠤ ᠦᠭᠡᠢ ᠶᠤᠮ᠃ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ |