ᠳᠤᠳᠤᠭᠠᠳᠤ ᠶᠢ ᠬᠠᠮᠠᠭᠠᠯᠠᠬᠤ ᠶᠠᠮᠤᠨ ᠬᠠᠮᠤᠭ ᠰᠢᠨ᠎ᠡ ᠮᠡᠭᠡᠯᠡᠯ ᠢ ᠰᠡᠷᠭᠡᠶᠢᠯᠡᠬᠦ ᠵᠦᠭᠯᠡᠭᠦᠷ ᠢ ᠨᠡᠶᠢᠲᠡᠯᠡᠪᠡ | 5 ᠲᠥᠷᠥᠯ ᠤᠨ ᠣᠯᠠᠨ ᠡᠭᠦᠰᠬᠦ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ | ᠮᠡᠬᠡᠯᠡᠬᠦ ᠶᠢ ᠰᠡᠷᠭᠡᠶᠢᠯᠡᠬᠦ ᠵᠦᠭᠯᠡᠭᠦᠷ | 1. ᠵᠢᠭᠡᠯᠡᠯᠭᠡ ᠶᠢᠨ ᠲᠥᠷᠥᠯ ᠤᠨ ᠮᠡᠬᠡᠯᠡᠯ ᠮᠡᠬᠡᠯᠡᠭᠴᠢᠳ ᠶᠡᠷᠦ ᠨᠢ ᠪᠠᠷᠢᠴᠠᠭ᠎ᠠ ᠦᠭᠡᠢ᠂ ᠪᠠᠲᠤᠯᠠᠭ᠎ᠠ | ᠦᠭᠡᠢ᠂ ᠳᠣᠣᠷ᠎ᠠ ᠬᠦᠦ ᠮᠥᠩᠭᠦ ᠪᠠᠷ ᠮᠡᠭᠡ ᠪᠤᠯᠭᠠᠵᠦ᠂ ᠬᠤᠣᠷᠯᠠᠭᠳᠠᠭᠴᠢ ᠶᠢ ᠥᠳᠥᠭᠡᠨ ᠲᠠᠲᠠᠵᠤ ᠬᠤᠳᠠᠯ | ᠬᠠᠭᠤᠷᠮᠠᠭ ᠵᠢᠭᠡᠯᠡᠯᠭᠡ ᠶᠢᠨ ᠰᠦᠯᠵᠢᠶ᠎ᠡ ᠪᠤᠶᠤ APP ᠶᠢ ᠪᠠᠭᠤᠯᠭᠠᠵᠤ᠂ ᠳᠠᠷᠠᠭ᠎ᠠ ᠨᠢ ᠵᠢᠩᠬᠢᠨᠢ ᠵᠢᠭᠡᠯᠡᠯᠭᠡ ᠶᠢᠨ | ᠲᠠᠪᠴᠠᠩ ᠤᠨ ᠶᠠᠪᠤᠴᠠ ᠶᠢ ᠳᠠᠭᠤᠷᠢᠶᠠᠵᠤ ᠬᠤᠬᠢᠷᠠᠯ ᠠᠮᠰᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ | ᠲᠠᠭᠯᠠᠬᠤ ᠶᠢ ᠱᠠᠭᠠᠷᠳᠠᠵᠤ᠂ ᠬᠠᠮᠤᠭ ᠰᠡᠬᠦᠯ ᠳᠤᠨᠢ ᠭᠠᠷ ᠭᠦᠢᠴᠡᠳᠭᠡᠯ ᠤᠨ ᠰᠦᠢᠳᠭᠡᠯ᠂ ᠪᠠᠲᠤᠯᠠᠪᠤᠷᠢ ᠶᠢᠨ ᠮᠥᠩᠭᠦ | ᠲᠤᠰᠢᠶᠠᠬᠤ ᠪᠠᠷ ᠰᠢᠯᠲᠠᠭ ᠪᠣᠯᠭᠠᠵᠤ᠂ ᠬᠤᠤᠷᠯᠠᠭᠳᠠᠭᠴᠢ ᠶᠢᠨ ᠲᠡᠩᠰᠠ ᠰᠢᠯᠵᠢᠭᠦᠯᠦᠨ ᠭᠤᠪᠢᠭᠤᠯᠭ᠎ᠠ ᠶᠢᠨ ᠵᠣᠭᠤᠰ ᠢ | ᠮᠡᠭᠡᠯᠡᠨᠡ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷᠡᠬᠢ ᠵᠢᠭᠡᠯᠡᠯᠭᠡ ᠳᠤ ᠤᠷᠢᠳᠠᠪᠠᠷ ᠵᠣᠭᠤᠰ | ᠲᠤᠰᠢᠶᠠᠬᠤ ᠴᠢᠬᠤᠯᠠ ᠲᠠᠢ ᠪᠦᠬᠦᠨ ᠢ ᠢᠲᠡᠭᠡᠵᠦ ᠪᠣᠯᠬᠤ ᠦᠭᠡᠢ᠃ | 2. ᠲᠤᠰᠢᠶᠠᠯ ᠬᠠᠪᠰᠤᠷᠭᠠᠵᠤ ᠪᠠᠶᠢᠭᠠᠳ ᠳᠠᠩᠰᠠ ᠪᠦᠷᠢᠳᠭᠡᠯ ᠤᠨ ᠮᠡᠬᠡᠯᠡᠯ ᠮᠡᠬᠡᠯᠡᠭᠴᠢᠳ ᠡᠯ᠎ᠡ | ᠵᠦᠢᠯ ᠤᠨ QQ ᠴᠤᠭᠯᠠᠷᠠᠯ᠂ ᠸᠢᠴᠠᠲ ᠤᠨ ᠴᠤᠭᠯᠠᠷᠠᠯ᠂ ᠠᠵᠢᠯᠲᠠᠨ ᠡᠯᠰᠡᠬᠦ ᠰᠦᠯᠵᠢᠶ᠎ᠡ ᠪᠤᠶᠤ ᠣᠬᠤᠷ ᠮᠡᠳᠡᠭᠡ | ᠵᠠᠩᠭᠢ ᠶᠢᠨ ᠳᠤᠮᠳᠠ ᠲᠤᠰᠢᠶᠠᠯ ᠬᠠᠪᠰᠤᠷᠭᠠᠭᠰᠠᠨ ᠮᠡᠳᠡᠭᠡ ᠵᠠᠩᠭᠢ ᠨᠡᠶᠢᠲᠡᠯᠡᠵᠦ᠂ ᠰᠦᠯᠵᠢᠶᠡᠨ ᠳᠡᠭᠡᠷ᠎ᠡ ᠲᠤᠰᠢᠶᠠᠯ | ᠬᠠᠪᠰᠤᠷᠭᠠᠵᠤ ᠳᠠᠩᠰᠠ ᠪᠦᠷᠢᠳᠭᠡᠭᠦᠯᠬᠦ ᠶᠢ ᠡᠯᠰᠡᠵᠦ᠂ ᠥᠨᠳᠥᠷ ᠴᠠᠯᠢᠩ ᠢᠶᠠᠷ ᠥᠭᠶᠥᠭᠡ ᠪᠣᠯᠭᠠᠵᠤ ᠲᠤᠬᠠᠶ ᠶᠢᠨ | ᠬᠥᠮᠦᠨ ᠢ ᠲᠠᠲᠠᠵᠤ ᠤᠷᠠᠬᠠᠨ ᠳᠤ ᠤᠷᠤᠭᠤᠯᠵᠤ᠂ ᠲᠤᠰ ᠬᠦᠮᠦᠰ ᠢᠶᠠᠷ ᠳᠠᠩᠰᠠ ᠪᠦᠷᠢᠳᠭᠡᠬᠦ ᠶᠢ ᠱᠠᠭᠠᠷᠳᠠᠨ᠎ᠠ᠃ | ᠨᠢᠭᠡᠳᠦᠭᠡᠷ ᠤᠳᠠᠭᠠᠨ ᠤ ᠪᠠᠭ᠎ᠠ ᠲᠣᠭᠠᠨ ᠤ ᠬᠦᠦ ᠮᠥᠩᠭᠦ ᠪᠤᠴᠠᠭᠠᠬᠤ ᠬᠥᠯᠥᠰᠥᠨ ᠮᠥᠩᠭᠦ ᠨᠢ ᠶᠡᠷᠦ ᠨᠢ ᠪᠡᠯᠡᠨ | ᠵᠤᠭᠤᠰ ᠰᠤᠯᠢᠨ ᠦᠭᠴᠦ᠂ ᠲᠤᠬᠠᠶ ᠶᠢᠨ ᠬᠥᠮᠦᠨ ᠤ ᠳᠠᠩᠰᠠ ᠪᠦᠷᠢᠳᠭᠡᠬᠦ ᠵᠣᠭᠤᠰ ᠤᠨ ᠲᠤᠭ᠎ᠠ ᠨᠢ ᠨᠡᠯᠢᠶᠡᠳ ᠶᠡᠭᠡ | ᠪᠣᠯᠬᠤ ᠦᠶ᠎ᠡ ᠳᠤ᠂ ᠰᠢᠰᠲ᠋ᠧᠮ ᠨᠢ ᠪᠤᠷᠤᠭᠤ ᠭᠠᠷᠤᠭᠰᠠᠨ ᠵᠡᠷᠭᠡ ᠰᠢᠯᠲᠠᠭᠠᠨ ᠢᠶᠠᠷ ᠡᠬᠡ ᠮᠥᠩᠭᠦ ᠶᠢ ᠪᠤᠴᠠᠭᠠᠬᠤ | ᠦᠭᠡᠢ᠂ ᠲᠡᠭᠡᠭᠡᠳ ᠮᠡᠬᠡᠯᠡᠬᠦ ᠵᠣᠷᠢᠯᠭ᠎ᠠ ᠳᠠᠭᠠᠨ ᠭᠦᠷᠦᠨ᠎ᠡ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠲᠤᠰᠢᠶᠠᠯ ᠬᠠᠪᠰᠤᠷᠭᠠᠵᠤ ᠪᠠᠶᠢᠭᠠᠳ | ᠳᠠᠩᠰᠠ ᠪᠦᠷᠢᠳᠭᠡᠬᠦ ᠪᠦᠬᠦᠨ ᠢ ᠢᠲᠡᠭᠡᠵᠦ ᠪᠣᠯᠬᠤ ᠦᠭᠡᠢ᠃ | 3᠂ ᠦᠢᠯᠡᠴᠢᠯᠡᠭᠴᠢ ᠪᠠᠷ ᠣᠪᠯᠠᠨ ᠵᠣᠭᠤᠰ ᠪᠤᠴᠠᠭᠠᠬᠤ ᠮᠡᠭᠡᠯᠡᠯ ᠮᠡᠬᠡᠯᠡᠭᠴᠢᠳ ᠬᠤᠤᠷᠯᠠᠭᠳᠠᠭᠴᠢ ᠲᠠᠢ | ᠬᠠᠷᠢᠯᠴᠠᠵᠤ᠂ ᠶᠠᠮᠡᠷ ᠨᠢᠭᠡᠨ ᠪᠠᠷᠠᠭ᠎ᠠ ᠬᠤᠳᠠᠯᠳᠤᠨ ᠠᠪᠬᠤ ᠰᠦᠯᠵᠢᠶ᠎ᠡ᠂ ᠰᠦᠯᠵᠢᠶᠡᠨ ᠤ ᠳᠡᠯᠭᠡᠭᠦᠷ ᠪᠤᠶᠤ ᠲᠦᠷᠭᠡᠨ | ᠬᠦᠷᠭᠡᠬᠦ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡ ᠭᠡᠵᠦ ᠬᠤᠳᠠᠯ ᠬᠡᠯᠡᠵᠦ᠂ ᠬᠤᠤᠷᠯᠠᠭᠳᠠᠭᠴᠢ ᠶᠢᠨ ᠬᠤᠪᠢ | ᠬᠥᠮᠦᠨ ᠤ ᠵᠠᠬᠢᠶᠠᠯᠠᠭ᠎ᠠ ᠶᠢᠨ ᠮᠡᠳᠡᠭᠡ ᠵᠠᠩᠭᠢ ᠶᠢ ᠨᠠᠷᠢᠨ ᠮᠡᠳᠡᠭᠦᠯᠦᠭᠰᠡᠨ ᠤ ᠳᠠᠷᠠᠭ᠎ᠠ᠂ ᠬᠤᠣᠷᠯᠠᠭᠳᠠᠭᠴᠢ ᠳᠤ ᠵᠣᠭᠤᠰ | ᠪᠤᠴᠠᠭᠠᠬᠤ᠂ ᠲᠥᠯᠥᠬᠦ᠂ ᠭᠠᠶᠢᠯᠢ ᠪᠤᠴᠠᠭᠠᠬᠤ ᠵᠡᠷᠭᠡ ᠪᠠᠷ ᠰᠢᠯᠲᠠᠭᠠᠨ ᠪᠣᠯᠭᠠᠵᠤ᠂ ᠬᠤᠬᠢᠷᠠᠯ ᠠᠮᠰᠠᠭᠴᠢ ᠶᠢ | ᠠᠷᠭᠠᠨ ᠳᠤ ᠤᠷᠤᠭᠤᠯᠬᠤ ᠴᠥᠷᠬᠡᠯᠡᠭᠡ᠂ ᠸᠢᠴᠠᠲ ᠨᠡᠶᠢᠲᠡ ᠶᠢᠨ ᠲᠠᠪᠴᠠᠩ ᠪᠤᠶᠤ ᠮᠡᠷᠭᠡᠨ ᠴᠤᠬᠤᠷ ᠰᠢᠷᠪᠢᠬᠦ ᠵᠡᠷᠭᠡ | ᠠᠷᠭ᠎ᠠ ᠪᠠᠷᠢᠯ ᠢᠶᠠᠷ ᠲᠤᠪᠴᠢᠳᠠᠬᠤ ᠶᠢ ᠱᠠᠭᠠᠷᠳᠠᠵᠤ᠂ ᠬᠤᠣᠷᠯᠠᠭᠳᠠᠭᠴᠢ ᠶᠢ ᠮᠡᠬᠡᠯᠡᠵᠦ ᠪᠠᠶᠢᠭᠠᠳ ᠳᠠᠩᠰᠠ | ᠰᠢᠯᠵᠢᠭᠦᠯᠵᠦ ᠵᠣᠭᠤᠰ ᠭᠤᠪᠢᠭᠤᠯᠤᠨ᠎ᠠ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠵᠣᠭᠤᠰ ᠪᠤᠴᠠᠭᠠᠬᠤ ᠭᠠᠶᠢᠯᠢ ᠪᠤᠴᠠᠭᠠᠬᠤ ᠳᠤ ᠤᠷᠢᠳᠠᠪᠠᠷ | ᠵᠣᠭᠤᠰ ᠲᠤᠰᠢᠶᠠᠬᠤ ᠴᠢᠬᠤᠯᠠᠲᠠᠢ ᠪᠦᠬᠦᠨ ᠢ ᠢᠳᠡᠭᠡᠵᠦ ᠪᠤᠯᠠᠬᠤ ᠦᠭᠡᠢ᠃ | 4. ᠬᠤᠳᠠᠯ ᠬᠠᠭᠤᠷᠮᠠᠭ ᠪᠠᠷᠠᠭ᠎ᠠ ᠬᠤᠳᠠᠯᠳᠤᠨ ᠠᠪᠬᠤ ᠮᠡᠬᠡᠯᠡᠯ ᠮᠡᠬᠡᠯᠡᠭᠴᠢᠳ ᠣᠬᠤᠷ ᠮᠡᠳᠡᠭᠡ᠂ | ᠰᠦᠯᠵᠢᠶ᠎ᠡ ᠵᠡᠷᠭᠡ ᠠᠷᠭ᠎ᠠ ᠮᠠᠶ᠋ᠢᠭ ᠢᠶᠠᠷ ᠵᠠᠷ ᠮᠡᠳᠡᠭᠡ ᠨᠡᠶᠢᠲᠡᠯᠡᠵᠦ᠂ ᠲᠠᠸᠠᠷ᠂ ᠦᠢᠯᠡᠴᠢᠯᠡᠭᠡ ᠶᠢ ᠬᠢᠮᠳᠠ ᠪᠠᠷ | ᠪᠣᠷᠣᠯᠠᠭᠤᠯᠵᠤ᠂ ᠳᠠᠬᠢᠨ ︽ᠭᠠᠷ ᠭᠦᠢᠴᠡᠳᠭᠡᠯ ᠤᠨ ᠵᠠᠷᠤᠳᠠᠯ᠂ ᠵᠠᠬᠢᠶᠠᠯᠠᠭ᠎ᠠ ᠶᠢᠨ ᠮᠥᠩᠭᠦ᠂ ᠤᠷᠢᠳᠴᠢᠯᠠᠨ | ᠲᠤᠰᠢᠶᠠᠬᠤ ᠵᠣᠭᠤᠰ︾ ᠵᠡᠷᠭᠡ ᠰᠢᠯᠲᠠᠭᠠᠨ ᠢᠶᠠᠷ ᠬᠤᠬᠢᠷᠠᠯ ᠠᠮᠰᠠᠭᠴᠢ ᠶᠢ ᠤᠷᠢᠳᠠᠪᠠᠷ ᠵᠣᠭᠤᠰ ᠲᠤᠰᠢᠶᠠᠬᠤ ᠶᠢ | ᠱᠠᠭᠠᠷᠳᠠᠵᠤ᠂ ᠵᠣᠭᠤᠰ ᠢ ᠣᠯᠤᠭᠰᠠᠨ ᠤ ᠳᠠᠷᠠᠭ᠎ᠠ᠂ ᠬᠤᠣᠷᠯᠠᠭᠳᠠᠭᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠬᠠᠷ᠎ᠠ | ᠳᠠᠩᠰᠠ ᠳᠤ ᠤᠷᠤᠭᠤᠯᠬᠤ ᠪᠤᠶᠤ ᠬᠠᠷᠢᠯᠴᠠᠬᠤ ᠪᠠᠨ ᠲᠠᠰᠤᠷᠠᠭᠤᠯᠤᠨᠠ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠳᠤ | ︽ᠭᠠᠷ ᠭᠦᠢᠴᠡᠳᠭᠡᠯ ᠤᠨ ᠰᠦᠢᠳᠭᠡᠯ᠂ ᠵᠠᠬᠢᠶᠠᠯᠠᠭ᠎ᠠ ᠶᠢᠨ ᠮᠦᠩᠬᠦ᠂ ᠤᠷᠢᠳᠴᠢᠯᠠᠨ ᠲᠤᠰᠢᠶᠠᠬᠤ ᠵᠤᠭᠤᠰ︾ ᠵᠡᠷᠭᠡ | ᠰᠢᠯᠳᠠᠭᠠᠨ ᠢᠶᠠᠷ ᠤᠷᠢᠳᠠᠪᠠᠷ ᠵᠣᠭᠤᠰ ᠲᠤᠰᠢᠶᠠᠬᠤ ᠶᠢ ᠱᠠᠭᠠᠷᠳᠠᠵᠤ ᠪᠠᠶᠢᠪᠠᠯ ᠢᠲᠡᠭᠡᠵᠦ ᠪᠤᠯᠠᠬᠤ ᠦᠭᠡᠢ᠃ | 5. ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶᠠᠨ ᠤ ᠲᠥᠷᠥᠯ ᠢᠶᠠᠷ | ᠣᠪᠯᠠᠨ ᠮᠡᠬᠡᠯᠡᠬᠦ ᠮᠡᠬᠡᠯᠡᠭᠴᠢᠳ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠡ ᠶᠢᠨ | ᠰᠠᠯᠠᠭ᠎ᠠ ᠮᠥᠴᠢᠷ ᠤᠨ ᠠᠵᠢᠯᠲᠠᠨ ᠢᠶᠠᠷ ᠤᠪᠯᠠᠵᠦ᠂ ᠬᠤᠤᠷᠯᠠᠭᠳᠠᠭᠴᠢ ᠶᠢ ᠵᠣᠭᠤᠰ ᠤᠬᠢᠶᠠᠭᠰᠠᠨ ᠪᠤᠶᠤ ᠪᠤᠰᠤᠳ | ᠶᠠᠯ᠎ᠠ ᠬᠢᠭᠰᠡᠨ ᠰᠡᠵᠢᠭᠯᠡᠭᠲᠡᠨ ᠳᠤ ᠬᠤᠯᠪᠤᠭᠳᠠᠭᠰᠠᠨ ᠭᠡᠵᠦ᠂ ᠬᠤᠤᠷᠯᠠᠭᠳᠠᠭᠴᠢ ᠶᠢ ᠳᠠᠩᠰᠠ ᠪᠠᠨ ᠰᠢᠯᠵᠢᠭᠦᠯᠦᠨ | ᠬᠡᠷᠡᠭ ᠢᠶᠠᠨ ᠤᠰᠠᠳᠬᠠᠬᠤ ᠪᠠᠷ ᠱᠠᠭᠠᠷᠳᠠᠨ᠎ᠠ᠃ ᠰᠡᠭᠦᠯᠡᠷ ᠨᠢ ︽ᠠᠮᠤᠷ ᠲᠦᠪᠰᠢᠨ ᠤ ᠳᠠᠩᠰᠠᠨ ᠡᠷᠦᠬᠡ︾ ᠢ | ᠬᠠᠩᠭᠠᠵᠤ᠂ ᠬᠤᠣᠷᠯᠠᠭᠳᠠᠭᠴᠢ ᠶᠢ ᠵᠣᠭᠤᠰ ᠭᠤᠪᠢᠭᠤᠯᠬᠤ ᠪᠠᠷ ᠱᠠᠭᠠᠷᠳᠠᠵᠤ᠂ ᠡᠭᠦᠨ ᠤ ᠤᠯᠠᠮ ᠢᠶᠠᠷ ᠮᠡᠬᠡᠯᠡᠯ | ᠶᠠᠪᠤᠭᠳᠠᠭᠤᠯᠤᠨ᠎ᠠ᠃ | ᠮᠡᠬᠡᠯᠡᠬᠦ ᠶᠢ ᠰᠡᠷᠭᠡᠶᠢᠯᠡᠬᠦ ᠰᠠᠨᠠᠭᠤᠯᠤᠮᠵᠢ᠄ ᠥᠪᠡᠷ ᠢ ᠪᠠᠨ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ | ᠬᠤᠷᠢᠶ᠎ᠠ᠂ ᠰᠢᠭᠦᠬᠦ ᠬᠤᠷᠢᠶᠠᠨ ᠤ ᠤᠲᠠᠰᠤ ᠭᠡᠵᠦ ᠨᠡᠷᠡᠯᠡᠨ ᠳᠠᠩᠰᠠ ᠰᠢᠯᠵᠢᠭᠦᠯᠬᠦ ᠪᠠᠷ ᠱᠠᠭᠠᠷᠳᠠᠭᠰᠠᠨ ᠪᠦᠬᠦᠨ ᠢ | ᠢᠲᠡᠭᠡᠵᠦ ᠪᠣᠯᠬᠤ ᠦᠭᠡᠢ᠃ | | |