ᠳᠣᠷᠵᠢᠶᠦᠩᠷᠦ᠋ᠩ
ᠨᠡᠶᠢᠲᠡᠯᠡᠭᠰᠡᠨ ᠴᠠᠭ᠄
2020/3/10
     ᠳᠣᠷᠵᠢᠶᠦᠩᠷᠦ᠋ᠩ ︵1909~1996 ᠣᠨ︶᠂ ᠭᠦᠯᠦ ᠰᠢᠷ᠎ᠠ ᠬᠤᠨᠢᠴᠢᠨ ᠤ ᠴᠠᠭᠠᠨ ᠣᠪᠣᠭ᠎ᠠ ᠳᠤ ᠲᠥᠷᠦᠵᠡᠢ᠃ ᠡᠪ ᠬᠠᠮᠲᠤ ᠨᠠᠮ ᠤᠨ ᠭᠡᠰᠢᠭᠦᠨ᠂ ᠴᠠᠬᠠᠷ ᠮᠣᠵᠢ ᠶᠢᠨ ᠨᠢᠭᠡᠳᠦᠭᠡᠷ ᠪᠠᠭᠰᠢ ᠶᠢᠨ ᠰᠣᠷᠭᠠᠭᠤᠯᠢ ᠠᠴᠠ ᠳᠡᠭᠦᠰᠴᠦ ᠮᠢᠩᠭᠠᠨ ᠬᠤᠰᠢᠭᠤᠨ ᠤ ᠶᠡᠷᠦᠩᠬᠡᠢ ᠵᠠᠬᠢᠷᠭᠠᠨ ᠤ ᠪᠢᠴᠢᠭᠡᠴᠢ᠂ ᠵᠢᠷᠭᠤᠳᠣᠭᠠᠷ ᠰᠣᠮᠣᠨ ᠤ ᠳᠠᠷᠤᠭ᠎ᠠ᠂ ᠠᠷᠠᠳ ᠤᠨ ᠶᠠᠪᠣᠳᠠᠯ ᠤᠨ ᠰᠠᠯᠠᠭᠠᠨ ᠤ ᠳᠠᠷᠤᠭ᠎ᠠ᠂ ᠪᠠᠭ᠎ᠠ ᠰᠣᠷᠭᠠᠭᠤᠯᠢ ᠶᠢᠨ ᠵᠠᠬᠢᠷᠣᠯ ᠵᠡᠷᠭᠡ ᠳᠣᠰᠢᠶᠠᠯ ᠢ ᠬᠠᠷᠢᠭᠤᠴᠠᠪᠠ᠃ 1945 ᠣᠨ ᠳᠤ ᠬᠤᠪᠢᠰᠬᠠᠯ ᠳᠤ ᠣᠷᠣᠯᠴᠠᠵᠤ ᠴᠠᠬᠠᠷ ᠠᠶᠢᠮᠠᠭ ᠤᠨ ᠮᠢᠩᠭᠠᠨ ᠬᠤᠰᠢᠭᠤᠨ ᠤ ᠠᠷᠠᠳᠴᠢᠯᠠᠭᠰᠠᠨ ᠵᠠᠰᠠᠭ ᠤᠨ ᠪᠡᠯᠡᠳᠬᠡᠯ ᠵᠥᠪᠯᠡᠯ ᠤᠨ ᠭᠡᠰᠢᠭᠦᠨ᠂ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠮᠢᠩᠭᠠᠨ ᠬᠤᠰᠢᠭᠤᠨ ᠤ ᠰᠠᠯᠪᠣᠷᠢ ᠬᠤᠷᠠᠯ ᠤᠨ ᠡᠷᠬᠢᠯᠡᠭᠴᠢ᠂ ᠬᠤᠰᠢᠭᠤ ᠳᠠᠷᠤᠭ᠎ᠠ᠂ ᠮᠣᠷᠢᠲᠤ ᠴᠡᠷᠢᠭ ᠤᠨ 16 ᠳ᠋ᠣᠭᠠᠷ ᠳ᠋ᠢᠸᠢᠽᠢ ᠶᠢᠨ 80 ᠳ᠋ᠣᠭᠠᠷ ᠬᠤᠷᠢᠶᠠᠨ ᠤ ᠳᠠᠷᠤᠭ᠎ᠠ ᠪᠠᠶᠢᠵᠤ᠂ 1947 ᠣᠨ ᠠᠴᠠ ᠰᠢᠯᠢ ᠶᠢᠨ ᠭᠤᠣᠯ ᠠᠶᠢᠮᠠᠭ ᠤᠨ ᠮᠠᠯᠴᠢᠳ ᠤᠨ ᠰᠣᠨᠢᠨ ᠤ ᠨᠠᠶᠢᠷᠠᠭᠤᠯᠣᠭᠴᠢ᠂ ᠣᠷᠴᠢᠭᠤᠯᠣᠭᠴᠢ᠂ ᠠᠷᠠᠳ ᠤᠨ ᠶᠠᠪᠣᠳᠠᠯ ᠤᠨ ᠭᠠᠵᠠᠷ ᠤᠨ ᠳᠡᠳ᠋ ᠳᠠᠷᠤᠭ᠎ᠠ᠂ ᠵᠠᠰᠠᠭ ᠤᠨ ᠣᠷᠳᠣᠨ ᠤ ᠨᠠᠷᠢᠨ ᠪᠢᠴᠢᠭᠡᠴᠢ ᠶᠢᠨ ᠳᠠᠷᠤᠭ᠎ᠠ᠂ ᠵᠥᠪᠯᠡᠯ ᠤᠨ ᠳᠡᠳ᠋ ᠡᠷᠬᠢᠯᠡᠭᠴᠢ᠂ ᠰᠣᠷᠭᠠᠨ ᠬᠦᠮᠦᠵᠢᠯ ᠤᠨ ᠭᠠᠵᠠᠷ ᠤᠨ ᠳᠠᠷᠤᠭ᠎ᠠ ᠵᠡᠷᠭᠡ ᠳᠣᠰᠢᠶᠠᠯ ᠢ ᠬᠠᠷᠢᠭᠤᠴᠠᠭᠰᠠᠨ ᠠᠴᠠ ᠭᠠᠳᠠᠨ᠎ᠠ ᠪᠠᠰᠠ ᠣᠯᠣᠰ ᠤᠨ ᠡᠩᠬᠡ ᠲᠠᠶᠢᠪᠣᠩ ᠢ ᠬᠠᠮᠠᠭᠠᠯᠠᠬᠤ ᠵᠥᠪᠯᠡᠯ  ᠤᠨ ᠥᠪᠦᠷ ᠮᠣᠩᠭᠤᠯ ᠤᠨ ᠬᠤᠪᠢᠶᠠᠷᠢ ᠵᠥᠪᠯᠡᠯ ᠤᠨ ᠭᠡᠰᠢᠭᠦᠨ ᠪᠣᠯᠪᠠ᠃      1982 ᠣᠨ ᠳᠤ ᠰᠢᠯᠢ ᠶᠢᠨ ᠭᠤᠣᠯ ᠠᠶᠢᠮᠠᠭ ᠤᠨ ᠣᠯᠣᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ 1989 ᠣᠨ ᠳᠤ ᠠᠵᠢᠯ ᠢᠶᠠᠨ ᠳᠠᠷᠬᠠᠯᠠᠪᠠ᠃ ᠲᠡᠭᠦᠨ ᠤ ᠵᠣᠬᠢᠶᠠᠭᠰᠠᠨ ︽ᠬᠤᠨᠢ ᠬᠠᠶᠢᠴᠢᠯᠠᠬᠤ ᠳᠠᠭᠤᠤ︾ ᠨᠢ ᠣᠯᠣᠰ ᠤᠨ ᠬᠤᠶᠠᠳᠣᠭᠠᠷ ᠳᠡᠰ ᠤᠨ ᠱᠠᠩᠨᠠᠯ ᠢ ᠬᠦᠷᠲᠡᠵᠡᠢ᠃       ᠳᠣᠷᠵᠢᠶᠦᠩᠷᠦ᠋ᠩ᠂ 2004 ᠣᠨ ᠳᠤ ︽ᠮᠢᠩᠭᠠᠨ ᠬᠤᠰᠢᠭᠤᠨ ᠤ ᠲᠡᠦᠬᠡ ᠶᠢᠨ ᠲᠣᠶᠢᠮᠤ︾ ᠳᠤ ᠲᠡᠮᠳᠡᠭᠯᠡᠭᠳᠡᠵᠡᠢ᠃      —— ︽ᠰᠢᠯᠤᠭᠤᠨ ᠬᠦᠬᠡ ᠬᠤᠰᠢᠭᠤᠨ ᠤ ᠴᠤᠤᠳᠤ ᠬᠦᠮᠦᠰ︾ ᠬᠡᠬᠦ ᠨᠤᠮ ᠠᠴᠠ ᠮᠠᠶᠢᠯᠠᠰᠣ ᠰᠠᠶᠢᠷᠠᠬᠦᠯᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号