| ᠮᠠᠯ ᠤᠨ ᠡᠮ ᠤᠨ ᠵᠠᠬ᠎ᠠ ᠳᠡᠯᠭᠡᠭᠦᠷ ᠡᠮᠬᠢ ᠵᠠᠮᠪᠠᠷᠠᠭ᠎ᠠ ᠦᠭᠡᠢ ᠪᠠᠶᠢᠭ᠎ᠠ ᠦᠨᠦᠳᠦᠷ᠂ ᠮᠠᠯᠴᠢᠨ ᠲᠠᠷᠢᠶᠠᠴᠢᠨ | ᠬᠡᠷᠬᠢᠨ ᠦᠨᠡᠨ ᠬᠤᠳᠠᠯ ᠢ ᠢᠯᠭᠠᠵᠤ ᠮᠠᠯ ᠤᠨ ᠡᠪᠡᠳᠴᠢᠨ ᠳᠤ ᠲᠤᠬᠢᠷᠠᠭᠰᠠᠨ᠂ ᠰᠠᠶᠢᠨ ᠡᠮ ᠬᠡᠷᠡᠭᠯᠡᠵᠦ ᠳᠡᠶᠢᠯᠬᠦ ᠪᠤᠢ᠃ | ᠲᠤᠤᠷ᠎ᠠ ᠬᠡᠳᠦᠨ ᠠᠵᠤ ᠠᠬᠤᠶᠢᠯᠠᠯ ᠤᠨ ᠦᠨᠡᠨ ᠬᠤᠳᠠᠯ ᠢ ᠢᠯᠭᠠᠬᠤ᠂ ᠮᠡᠳᠡᠭᠡ ᠵᠠᠩᠭᠢ ᠶᠢᠨ ᠡᠬᠢ ᠰᠤᠷᠪᠤᠯᠵᠢ ᠶᠢᠨ | ᠨᠠᠶᠢᠳᠠᠪᠤᠷᠢᠲᠠᠢ ᠡᠰᠡᠬᠦ ᠶᠢ ᠢᠯᠭᠠᠬᠤ᠂ ᠡᠮ ᠤᠨ ᠮᠡᠳᠡᠭᠡ ᠵᠠᠩᠭᠢ ᠶᠢ ᠢᠯᠭᠠᠬᠤ ᠠᠷᠭ᠎ᠠ ᠶᠢ ᠵᠢᠭᠠᠵᠤ ᠦᠭᠭᠦᠶ᠎ᠡ᠄ | ᠨᠢᠭᠡ᠂ ᠨᠠᠶᠢᠳᠠᠪᠤᠷᠢᠲᠠᠶ ᠰᠦᠯᠵᠢᠶᠡᠨ ᠠᠴᠠ ᠪᠠᠶᠢᠴᠠᠭᠠᠨ ᠯᠠᠪᠯᠠᠬᠤ ᠦᠨᠦᠳᠦᠷ ᠰᠦᠯᠵᠢᠶᠡᠨ ᠤ ᠮᠡᠳᠡᠭᠡ | ᠵᠠᠩᠭᠢ ᠶᠢᠨ ᠬᠡᠮᠵᠢᠶ᠎ᠡ ᠤᠯᠠᠰᠢᠷᠠᠵᠣ᠂ ᠡᠯ᠎ᠡ ᠵᠦᠢᠯ ᠤᠨ ᠮᠡᠳᠡᠭᠡ ᠵᠠᠩᠭᠢ ᠰᠠᠮᠠᠭᠤᠷᠠᠨ ᠦᠨᠡᠨ ᠬᠤᠳᠠᠯ ᠢ ᠨᠢ ᠢᠯᠭᠠᠵᠤ | ᠲᠠᠨᠢᠬᠤ ᠳᠤ ᠬᠦᠴᠢᠷ ᠪᠤᠯᠵᠠᠢ᠂ ᠵᠠᠰᠠᠭ ᠤᠨ ᠣᠷᠳᠣᠨ ᠤ ᠰᠦᠯᠵᠢᠶᠡᠨ ᠤ ᠢᠯᠡ ᠨᠡᠶᠢᠲᠡᠯᠡᠭᠰᠡᠨ ᠮᠡᠳᠡᠭᠡ ᠵᠠᠩᠭᠢ ᠶᠢ | ᠴᠢᠳᠠᠮᠠᠭᠠᠢ ᠪᠠᠷ ᠠᠰᠢᠭᠯᠠᠨ ᠢᠯᠭᠠᠨ ᠲᠠᠨᠢᠬᠤ ᠨᠢ ᠬᠠᠮᠤᠭ ᠨᠠᠶᠢᠳᠠᠪᠤᠷᠢᠲᠠᠶ ᠠᠷᠭ᠎ᠠ ᠶᠢᠨ ᠨᠢᠭᠡ ᠪᠤᠯᠬᠤ ᠨᠢ ᠯᠠᠪᠲᠠᠢ᠃ | ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠲᠤᠰᠬᠠᠶᠢᠯᠠᠨ ᠣᠯᠠᠨ ᠲᠦᠮᠡᠨ ᠤ ᠠᠰᠠᠭᠤᠨ ᠯᠠᠪᠯᠠᠬᠤ ᠪᠠ ᠬᠢᠨᠠᠨ | ᠬᠠᠷᠭᠤᠭᠤᠯᠬᠤ ᠳᠤ ᠵᠣᠷᠢᠭᠤᠯᠤᠭᠰᠠᠨ ᠢᠯᠡ ᠮᠡᠳᠡᠭᠡ ᠵᠠᠩᠭᠢ ᠪᠠᠶᠢᠳᠠᠭ᠃ ᠳᠤᠮᠳᠠᠳᠤ ᠤᠯᠤᠰ ᠤᠨ ᠵᠠᠰᠠᠭ ᠤᠨ ᠣᠷᠳᠣᠨ ᠤ | ᠰᠦᠯᠵᠢᠶᠡᠨ ᠤ ᠳ᠋ᠤᠮᠠᠶᠢᠨ ᠤ ᠨᠡᠷ᠎ᠡ ︵域名︶ ᠶᠢᠨ ᠳᠠᠭᠠᠪᠤᠷᠢ ᠨᠢ᠄ ︵.gov.cn︶ ᠪᠠᠶᠢᠳᠠᠭ᠃ ᠡᠶᠢᠮᠦᠷᠬᠦᠦ | ᠲᠠᠭᠠᠪᠤᠷᠢ ᠲᠠᠢ ᠰᠦᠯᠵᠢᠶ᠎ᠡ ᠨᠢ ᠢᠲᠡᠭᠡᠮᠵᠢᠲᠡᠢ ᠰᠦᠯᠵᠢᠶ᠎ᠡ ᠪᠣᠯᠤᠨ᠎ᠠ᠃ ᠮᠠᠯ ᠤᠨ ᠡᠮ ᠤᠨ ᠪᠦᠲᠦᠭᠡᠭᠳᠡᠬᠦᠨ ᠤ ᠳ᠋ᠤᠭᠠᠷᠯᠠᠯ ᠤᠨ | ᠦᠨᠡᠨ ᠬᠤᠳᠠᠯ ᠢ ᠢᠯᠭᠠᠨ ᠲᠠᠨᠢᠬᠤ᠂ ︽ᠳᠤᠮᠳᠠᠳᠤ ᠤᠯᠤᠰ ᠤᠨ ᠮᠠᠯ ᠤᠨ ᠡᠮ ᠤᠨ ᠮᠡᠳᠡᠭᠡ ᠵᠠᠩᠭᠢ ᠶᠢᠨ ᠰᠦᠯᠵᠢᠶ᠎ᠡ︾ ︵ | ᠰᠦᠯᠵᠢᠶᠡᠨ ᠬᠠᠶ᠋ᠢᠭ᠄ http://www. ivdc.org.cn/︶ ᠶᠢᠨ ︽ᠮᠠᠯ ᠤᠨ ᠡᠮ ᠤᠨ ᠦᠨᠳᠦᠰᠦᠨ ᠮᠡᠳᠡᠭᠡ | ᠵᠠᠩᠭᠢ ᠶᠢ ᠯᠠᠪᠯᠠᠬᠤ ᠰᠢᠰᠲ᠋ᠧᠮ︾ ᠠᠴᠠ ᠯᠠᠪᠯᠠᠵᠤ ᠪᠤᠯᠤᠨ᠎ᠠ᠂ ᠲᠤᠰ ᠰᠢᠰᠲ᠋ᠧᠮ ᠠᠴᠠ ᠮᠠᠯ ᠤᠨ ᠡᠮ ᠤᠨ ᠪᠦᠲᠦᠭᠡᠭᠳᠡᠬᠦᠨ ᠢ | ᠵᠥᠪᠰᠢᠶᠡᠷᠡᠭᠰᠡᠨ ᠳ᠋ᠤᠭᠠᠷ ᠤᠨ ᠲᠤᠭ᠎ᠠ ᠪᠠᠷᠢᠮᠲᠠ ᠵᠢᠴᠢ ᠭᠠᠳᠠᠭᠠᠳᠤ ᠠᠴᠠ ᠤᠷᠤᠭᠤᠯᠤᠭᠰᠠᠨ ᠮᠠᠯ ᠤᠨ ᠡᠮ ᠢ | ᠳᠠᠩᠰᠠᠯᠠᠭᠤᠯᠤᠭᠰᠠᠨ ᠲᠤᠭ᠎ᠠ ᠪᠠᠷᠢᠮᠲᠠ᠂ ᠮᠠᠯ ᠳᠤ ᠬᠡᠷᠡᠭᠯᠡᠬᠦ ᠠᠮᠢᠳᠤ ᠪᠣᠳᠠᠰ ᠤᠨ ᠪᠦᠲᠦᠭᠡᠭᠳᠡᠬᠦᠨ ᠢ ᠭᠠᠷ ᠤᠨ ᠦᠰᠦᠭ | ᠵᠢᠷᠤᠵᠤ ᠣᠯᠭᠤᠭᠰᠠᠨ ᠲᠤᠭ᠎ᠠ ᠪᠠᠷᠢᠮᠲᠠ᠂ ᠮᠠᠯ ᠤᠨ ᠡᠮ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ | ᠳ᠋ᠦᠩ ᠤᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠯᠠᠪᠯᠠᠵᠤ ᠪᠤᠯᠤᠨ᠎ᠠ᠃ | ᠬᠤᠶᠠᠷ᠂ ᠦᠢᠯᠡᠳᠪᠦᠷᠢᠯᠡᠭᠰᠡᠨ ᠪᠤᠶᠤ ᠪᠤᠷᠤᠯᠠᠭᠤᠯᠬᠤ ᠶᠢ ᠵᠦᠪᠰᠢᠶᠡᠷᠡᠭᠰᠡᠨ ᠪᠠᠶᠢᠭᠤᠯᠭ᠎ᠠ ᠨᠢᠭᠡᠴᠢ ᠶᠢᠨ | ᠰᠦᠯᠵᠢᠶᠡᠨ ᠤ ᠰᠢᠨᠵᠢ ᠴᠢᠨᠠᠷ ᠢ ᠬᠠᠷᠭᠤᠭᠤᠯᠬᠤ᠃ ᠡᠩ ᠲᠡᠷᠢᠭᠦᠨ ᠳᠤ᠂ ︽ᠳ᠋ᠤᠮᠠᠶᠢᠨ ᠤ ᠨᠡᠷ᠎ᠡ ᠶᠢᠨ ᠮᠡᠳᠡᠭᠡ ᠵᠠᠩᠭᠢ ᠶᠢ | ᠳᠠᠩᠰᠠᠯᠠᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ︾ ︵ᠰᠦᠯᠵᠢᠶᠡᠨ ᠬᠠᠶ᠋ᠢᠭ᠄ http://www.miitbeian.gov. | cn︶ ᠠᠴᠠ ᠰᠦᠯᠵᠢᠶᠡᠨ ᠤ ᠮᠠᠳᠡᠭᠡ ᠵᠠᠩᠭᠢ ᠳᠠᠷᠣᠢ ᠭᠤᠤᠯᠯᠠᠨ ᠡᠷᠬᠢᠯᠡᠭᠰᠡᠨ ᠪᠠᠶᠢᠭᠤᠯᠭ᠎ᠠ ᠨᠢᠭᠡᠴᠢ ᠶᠢᠨ ᠨᠡᠷᠡᠶᠢᠳᠦᠯ᠂ | ᠰᠢᠨᠵᠢ ᠴᠢᠨᠠᠷ ᠵᠢᠴᠢ ᠰᠦᠯᠵᠢᠶᠡᠨ ᠨᠡᠷᠡᠶᠢᠳᠦᠯ᠂ ᠰᠦᠯᠵᠢᠶᠡᠨ ᠤ ᠬᠠᠷᠢᠭᠤᠴᠠᠯᠭᠠᠲᠠᠨ ᠤ ᠣᠪᠣᠭ ᠨᠡᠷ᠎ᠡ᠂ ᠰᠦᠯᠵᠢᠶᠡᠨ ᠤ | ᠳᠠᠩᠰᠠᠯᠠᠭᠤᠯᠤᠭᠰᠠᠨ / ᠵᠥᠪᠰᠢᠶᠡᠷᠡᠯ ᠤᠨ ᠦᠨᠡᠮᠯᠡᠯ ᠤᠨ ᠳ᠋ᠤᠭᠠᠷ ᠪᠠ ᠳ᠋ᠤᠮᠠᠶᠢᠨ ᠤ ᠨᠡᠷ᠎ᠡ ᠶᠢ ᠯᠠᠪᠯᠠᠵᠤ ᠪᠤᠯᠤᠨ᠎ᠠ᠃ | ᠳᠠᠷᠠᠭ᠎ᠠ ᠨᠢ᠂ ︽ᠪᠦᠬᠦ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ | ᠰᠢᠰᠲ᠋ᠧᠮ︾ ︵ᠰᠦᠯᠵᠢᠶᠡᠨ ᠬᠠᠶ᠋ᠢᠭ᠄ http://gsxt.saic.gov.cn︶ ᠠᠴᠠ ᠠᠵᠤ ᠠᠬᠤᠶᠢᠯᠠᠯ᠂ ᠮᠠᠯᠴᠢᠨ | ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠮᠡᠳᠡᠭᠡ ᠵᠠᠩᠭᠢ ᠶᠢ | ᠯᠠᠪᠯᠠᠵᠤ ᠪᠤᠯᠤᠨ᠎ᠠ᠂ ᠪᠣᠢ ᠪᠦᠬᠦᠢ ᠬᠠᠤᠯᠢ ᠶᠣᠰᠣᠨ ᠤ ᠪᠠᠶᠢᠭᠤᠯᠭ᠎ᠠ ᠨᠢᠭᠡᠴᠢ ᠶᠢ ᠴᠥᠮ ᠪᠠᠶᠢᠴᠠᠭᠠᠨ ᠣᠯᠵᠤ ᠳᠡᠶᠢᠯᠦᠨ᠎ᠡ᠂ | ᠡᠶᠢᠮᠦ ᠠᠴᠠ ᠪᠠᠶᠢᠴᠠᠭᠠᠨ ᠤᠯᠤᠭᠰᠠᠨ ᠦᠭᠡᠢ ᠪᠤᠯ ᠳᠠᠷᠤᠢ ᠬᠠᠤᠯᠢ ᠪᠤᠰᠤ ᠶᠢᠨ ᠶᠣᠮ᠃ ᠬᠠᠮᠤᠭ ᠰᠡᠭᠦᠯ ᠳᠤ᠂ ᠬᠠᠭᠤᠷᠮᠠᠭ᠂ | ᠣᠷᠣᠯᠠᠭᠰᠠᠨ ᠰᠦᠯᠵᠢᠶ᠎ᠡ ᠨᠢ ᠳᠤᠤᠷᠠᠬᠢ ᠬᠡᠳᠦᠨ ᠣᠨᠴᠠᠯᠢᠭ ᠲᠠᠢ᠄ ᠬᠢᠯᠢ ᠶᠢᠨ ᠭᠠᠳᠠᠨᠠᠬᠢ ᠦᠢᠯᠡᠴᠢᠯᠡᠭᠦᠷ ᠢ ᠬᠡᠷᠡᠭᠯᠡᠭᠰᠡᠨ᠂ | ᠳ᠋ᠤᠮᠠᠶᠢᠨ ᠤ ᠨᠡᠷ᠎ᠡ ᠥᠬᠡᠶ ᠮᠡᠳᠡᠭᠡ ᠵᠠᠩᠭᠢ ᠶᠢ ᠳᠠᠩᠰᠠᠯᠠᠭᠤᠯᠤᠭᠰᠠᠨ ᠨᠣᠮᠧᠷ ᠪᠤᠶᠤ ᠪᠤᠰᠤᠳ ᠤᠨ ᠳᠠᠩᠰᠠᠯᠠᠭᠤᠯᠤᠭᠰᠠᠨ | ᠨᠣᠮᠧᠷ ᠢ ᠬᠡᠷᠡᠭᠯᠡᠬᠦ᠂ ᠰᠦᠯᠵᠢᠶᠡᠨ ᠨᠢᠭᠤᠷ ᠳᠡᠭᠡᠷ᠎ᠡ ᠳᠡᠯᠭᠡᠨ ᠦᠵᠡᠭᠦᠯᠦᠭᠰᠡᠨ ᠦᠨᠡᠮᠯᠡᠯ ᠤᠨ ᠵᠢᠷᠤᠭ ᠨᠢ ᠪᠠᠯᠠᠷᠬᠠᠶ᠂ ᠢᠯᠭᠠᠨ | ᠲᠠᠨᠢᠭᠳᠠᠬᠤ ᠥᠬᠡᠶ᠃ ᠡᠶᠢᠮᠦ ᠪᠠᠶᠢᠳᠠᠯ ᠲᠣᠬᠢᠶᠠᠯᠳᠤᠪᠠᠯ ᠰᠡᠷᠡᠮᠵᠢ ᠪᠠᠨ ᠳᠡᠭᠡᠭᠰᠢᠯᠡᠭᠦᠯᠵᠦ᠂ ᠡᠮᠦᠨᠡᠬᠢ ᠬᠡᠳᠦᠨ ᠵᠦᠢᠯ ᠢᠶᠠᠷ | ᠳᠠᠬᠢᠨ ᠰᠢᠯᠭᠠᠨ ᠪᠠᠲᠤᠯᠠᠬᠤ ᠬᠡᠷᠡᠭᠲᠡᠶ᠃ | ᠭᠤᠷᠪᠠ᠂ ᠰᠡᠳᠬᠦᠯ ᠤᠨ ᠵᠠᠷ ᠮᠡᠳᠡᠭᠡ ᠶᠢᠨ ᠦᠨᠡᠨ ᠬᠤᠳᠠᠯ ᠢ ᠴᠢᠳᠠᠮᠠᠭᠠᠶ ᠪᠠᠷ ᠢᠯᠭᠠᠨ ᠲᠠᠨᠢᠬᠤ ᠰᠣᠨᠢᠨ | ᠰᠡᠳᠬᠦᠯ ᠳᠡᠭᠡᠷ᠎ᠡ ᠨᠡᠶᠢᠲᠡᠯᠡᠭᠰᠡᠨ ᠡᠮ ᠤᠨ ᠲᠦᠷᠦᠯ ᠳᠤ ᠬᠤᠯᠪᠣᠭᠳᠠᠬᠤ ᠵᠠᠷ ᠮᠡᠳᠡᠭᠡ ᠨᠢ ᠴᠥᠮ ᠮᠠᠯ ᠤᠨ ᠡᠮ ᠤᠨ ᠵᠠᠷ | ᠮᠡᠳᠡᠭᠡ ᠶᠢ ᠬᠢᠨᠠᠨ ᠪᠠᠶᠢᠴᠠᠭᠠᠬᠤ ᠵᠥᠪᠰᠢᠶᠡᠷᠡᠯ ᠤᠨ ᠪᠢᠴᠢᠭ ᠲᠠᠢ ᠪᠠᠶᠢᠵᠤ᠂ ᠲᠡᠷᠡ ᠨᠢ ᠲᠠᠷᠢᠶᠠᠯᠠᠩ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠶᠤᠮ᠂ ᠬᠡᠪᠯᠡᠭᠰᠡᠨ ᠮᠠᠯ ᠤᠨ ᠡᠮ ᠨᠢ ᠵᠢᠩᠬᠢᠨᠢ | ᠦᠢᠯᠡᠳᠪᠦᠷᠢ ᠶᠢᠨ ᠵᠢᠩᠬᠢᠨᠢ ᠪᠦᠲᠦᠭᠡᠭᠳᠡᠭᠦᠨ ᠮᠦᠷᠲᠡᠭᠡᠨ ᠦᠨᠡᠨ ᠪᠣᠳᠠᠲᠠᠶ ᠮᠡᠳᠡᠭᠡ ᠵᠠᠩᠭᠢ ᠪᠣᠯᠬᠤ ᠶᠢ ᠪᠠᠲᠤᠯᠠᠬᠤ ᠬᠡᠷᠡᠭᠲᠡᠢ᠃ | | ᠳᠦᠷᠪᠡ᠂ ᠮᠠᠯ ᠤᠨ ᠡᠮ ᠤᠨ ᠮᠡᠷᠭᠡᠨ ᠴᠤᠬᠤᠷ 2016 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ | ᠮᠠᠨ ᠤ ᠤᠯᠤᠰ ᠮᠠᠯ ᠤᠨ ᠡᠮ ᠤᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠭᠤᠭᠴᠤᠭ᠎ᠠ ᠶᠢ ᠮᠦᠷᠳᠡᠬᠦ | ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠂ ᠮᠡᠷᠭᠡᠨ ᠴᠤᠬᠤᠷ ᠢ ᠰᠢᠷᠪᠢᠵᠦ ᠮᠠᠯ ᠤᠨ ᠡᠮ ᠢ ᠯᠠᠪᠯᠠᠵᠤ | ᠳᠡᠶᠢᠯᠬᠦ ᠪᠣᠯᠵᠠᠢ᠃ | ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ | ᠲᠢᠩᠬᠢᠮ ᠤᠨ ᠮᠣᠩᠭᠤᠯ ᠰᠦᠯᠵᠢᠶ᠎ᠡ | |