ᠰᠧᠪᠡᠭᠵᠡᠪ
ᠨᠡᠶᠢᠲᠡᠯᠡᠭᠰᠡᠨ ᠴᠠᠭ᠄
2020/3/17
       ᠰᠧᠪᠡᠭᠵᠡᠪ ︵1908~1951 ᠣᠨ︶᠂ ᠬᠢᠲᠠᠳ ᠨᠡᠷ᠎ᠡ ᠡᠦ ᠪᠦᠸᠧ ᠷᠸᠡ ︵吴伯仁︶᠂ ᠣᠣᠯ ᠤᠨ ᠴᠠᠬᠠᠷ ᠴᠢᠭᠤᠯᠭᠠᠨ ᠤ ᠲᠠᠶᠢᠹᠦᠰᠧ ᠪᠠᠷᠠᠭᠤᠨ ᠭᠠᠷ ᠰᠦᠷᠦᠭ ᠤᠨ ᠲᠣᠭᠤᠷᠴᠤᠭ ᠬᠡᠮᠡᠬᠦ ᠭᠠᠵᠠᠷ ᠡᠯᠪᠡᠭᠳᠡᠯᠡᠢ ᠶᠢᠨ ᠬᠤᠶᠠᠳᠣᠭᠠᠷ ᠬᠦᠦ ᠪᠣᠯᠵᠤ ᠲᠥᠷᠦᠪᠡ᠃        ᠰᠧᠪᠡᠭᠵᠠᠪ ᠴᠢᠭᠤᠯᠣᠯᠲᠤ ᠬᠠᠭᠠᠯᠭ᠎ᠠ ᠬᠤᠲᠠ ᠶᠢᠨ ᠮᠠᠯ ᠠᠵᠤ ᠠᠬᠤᠢ ᠶᠢᠨ ᠳᠣᠰᠬᠠᠢ ᠮᠡᠷᠭᠡᠵᠢᠯ ᠤᠨ ᠳᠣᠮᠳᠠᠳᠤ ᠰᠣᠷᠭᠠᠭᠤᠯᠢ᠂ ᠪᠡᠭᠡᠵᠢᠩ ᠤᠨ ᠮᠣᠩᠭᠤᠯ ᠲᠥᠪᠡᠳ ᠤᠨ ᠰᠣᠷᠭᠠᠭᠤᠯᠢ ᠲᠡᠭᠦᠰᠪᠡ᠃        ᠳᠣᠮᠳᠠᠳᠤ ᠢᠷᠭᠡᠨ ᠣᠯᠣᠰ ᠤᠨ ᠦᠶ᠎ᠡ ᠳᠤ ᠴᠠᠬᠠᠷ ᠮᠣᠵᠢ ᠶᠢᠨ ᠵᠠᠰᠠᠭ ᠭᠠᠵᠠᠷ ᠤᠨ ᠣᠷᠴᠢᠭᠤᠯᠣᠭᠴᠢ᠂ ᠪᠢᠴᠢᠭᠡᠴᠢ ᠪᠠᠶᠢᠬᠤ ᠬᠤᠭᠤᠴᠠᠭᠠᠨ ᠳᠤ ᠹᠧᠩ ᠢᠦᠢ ᠰᠢᠶᠠᠩ ᠤᠨ ᠢᠷᠭᠡᠨ ᠤ ᠬᠤᠪᠢᠰᠬᠠᠯᠲᠤ ᠴᠡᠷᠢᠭ ᠤᠨ ᠣᠷᠴᠢᠭᠤᠯᠣᠭᠴᠢ ᠪᠠᠷ ᠣᠷᠢᠭᠳᠠᠨ ᠠᠵᠢᠯᠯᠠᠵᠠᠢ᠃        1944~ 1946 ᠣᠨ ᠬᠦᠷᠲᠡᠯ᠎ᠡ ᠴᠠᠬᠠᠷ ᠴᠢᠭᠤᠯᠭᠠᠨ ᠤ ᠵᠠᠩᠪᠸᠢ ᠳᠠᠬᠢ ᠵᠠᠯᠠᠭᠤᠰ ᠤᠨ ᠰᠣᠷᠭᠠᠭᠤᠯᠢ ᠶᠢᠨ ᠳᠠᠷᠤᠭ᠎ᠠ᠂ ᠲᠠᠶᠢᠹᠦᠰᠧ ᠪᠠᠷᠠᠭᠤᠨ ᠭᠠᠷ ᠬᠤᠰᠢᠭᠤᠨ ᠤ ᠳᠠᠶᠢᠰᠠᠯᠠᠬᠤ ᠠᠮᠪᠠᠨ ᠵᠡᠷᠭᠡ ᠳᠣᠰᠢᠶᠠᠯ ᠢ ᠬᠠᠷᠢᠭᠤᠴᠠᠵᠠᠢ᠃        1946 ᠣᠨ ᠤ 3 ᠰᠠᠷ᠎ᠠ ᠳᠤ ᠬᠤᠪᠢᠰᠬᠠᠯ ᠳᠤ ᠣᠷᠣᠯᠴᠠᠨ ᠲᠠᠶᠢᠹᠦᠰᠧ ᠪᠠᠷᠠᠭᠤᠨ ᠭᠠᠷ ᠬᠤᠰᠢᠭᠤᠨ ᠤ ᠳᠡᠳ᠋ ᠠᠮᠪᠠᠨ᠂ ᠴᠠᠬᠠᠷ ᠠᠶᠢᠮᠠᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠰᠣᠩᠭᠤᠭᠳᠠᠪᠠ᠃        1947 ᠣᠨ ᠤ 4 ᠰᠠᠷ᠎ᠠ ᠳᠤ ᠪᠣᠣᠶᠣᠸᠠᠨ ᠰᠢᠶᠠᠨ ᠳᠤ ᠣᠴᠢᠵᠤ ᠨᠣᠷᠪᠣᠽᠠᠨ᠎ᠠ ᠶᠢ ᠳᠠᠭᠠᠵᠤ ᠭᠤᠮᠢᠨᠳᠠᠩ ᠳᠤ ᠣᠷᠪᠠᠨ ᠴᠢᠭᠤᠯᠣᠯᠲᠤ ᠬᠠᠭᠠᠯᠭ᠎ᠠ ᠳᠤ ᠳᠣᠲᠠᠭᠠᠨ ᠣᠴᠢᠵᠤ ᠴᠠᠬᠠᠷ ᠠᠶᠢᠮᠠᠭ ᠤᠨ ᠪᠠᠭᠰᠢ ᠶᠢᠨ ᠰᠣᠷᠭᠠᠭᠤᠯᠢ ᠪᠠ ᠴᠢᠭᠤᠯᠣᠯᠲᠤ ᠬᠠᠭᠠᠯᠭ᠎ᠠ ᠬᠤᠲᠠ ᠶᠢᠨ ᠪᠠᠭᠰᠢ ᠶᠢᠨ ᠰᠣᠷᠭᠠᠭᠤᠯᠢ ᠳᠤ ᠠᠵᠢᠯᠯᠠᠵᠤ ᠪᠠᠶᠢᠭᠠᠳ ᠲᠡᠦᠬᠡ ᠶᠢᠨ ᠠᠰᠠᠭᠤᠳᠠᠯ ᠠᠴᠠ ᠪᠣᠯᠵᠤ ᠣᠣᠯ ᠨᠣᠲᠤᠭ᠂ ᠱᠠᠩᠳᠤ ᠶᠢᠨ ᠭᠤᠣᠯ ᠰᠣᠮᠣᠨ ᠳᠠᠭᠠᠨ ᠪᠣᠴᠠᠵᠤ ᠢᠷᠡᠪᠡ᠃        1950 ᠣᠨ ᠤ ᠬᠤᠪᠢᠰᠬᠠᠯ ᠢ ᠡᠰᠡᠷᠭᠦᠴᠡᠭᠴᠢᠳ ᠢ ᠳᠠᠷᠣᠩᠭᠤᠶᠢᠯᠠᠬᠤ ᠬᠥᠳᠡᠯᠭᠡᠭᠡᠨ ᠳᠤ 15 ᠵᠢᠯ ᠬᠤᠷᠢᠬᠤ ᠶᠠᠯ᠎ᠠ ᠪᠠᠷ ᠰᠢᠢᠳᠭᠡᠭᠳᠡᠨ᠂ 1952 ᠣᠨ ᠤ ᠡᠪᠦᠯ ᠯᠢᠶᠣᠣᠨᠢᠩ ᠮᠣᠵᠢ ᠶᠢᠨ ᠮᠥᠭᠳᠡᠨ ᠬᠤᠲᠠ ᠶᠢᠨ ᠵᠡᠭᠦᠨ ᠡᠲᠡᠭᠡᠳ ᠲᠠᠬᠢ ᠨᠢᠭᠡᠨ ᠬᠥᠳᠡᠯᠮᠦᠷᠢ ᠪᠠᠷ ᠥᠭᠡᠷᠡᠴᠢᠯᠡᠬᠦ ᠲᠠᠷᠢᠶᠠᠯᠠᠩ ᠤᠨ ᠲᠠᠯᠠᠪᠠᠢ ᠳᠤ 44 ᠨᠠᠰᠤ ᠲᠠᠢ ᠪᠠᠶ᠎ᠠ ᠨᠥᠭᠴᠢᠪᠡ᠃         ᠰᠧᠪᠡᠭᠵᠠᠪ᠂ 2004 ᠣᠨ ᠳᠤ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ ᠬᠡᠮᠡᠬᠦ ᠨᠣᠮ ᠳᠤ ᠲᠡᠮᠳᠡᠭᠯᠡᠭᠳᠡᠵᠡᠢ᠃︽ᠰᠢᠯᠣᠭᠤᠨ ᠬᠥᠬᠡ ᠬᠤᠰᠢᠭᠤᠨ ᠤ ᠴᠣᠣᠲᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号